| 2022 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ | - 2022 ᠣᠨ ᠤ 1 ᠰᠠᠷ᠎ᠠ ᠶᠢᠨ 6 ᠤ ᠡᠳᠦᠷ ᠳ᠋ᠢᠶᠣᠣ ᠴᠦᠨ ᠬᠠᠢ ᠬᠤᠸᠠᠳᠧ ᠰᠢᠶᠠᠨ ᠤ ᠠᠷᠪᠠᠨ | ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ | ᠳᠡᠭᠡᠷ᠎ᠡ | | | | ᠲᠥᠯᠥᠭᠡᠯᠡᠭᠴᠢᠳ ᠠ᠋ ᠄ | ᠤᠳᠤ ᠪᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ | ᠮᠡᠳᠡᠭᠦᠯᠦᠶ᠎ᠡ ᠂ ᠬᠢᠨᠠᠨ ᠶᠠᠷᠢᠯᠴᠠᠬᠤ ᠪᠣᠯᠪᠠᠤ ᠂ ᠲᠡᠭᠦᠨᠴᠢᠯᠡᠨ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ | ᠭᠡᠰᠢᠭᠦᠳ ᠪᠠ ᠪᠤᠰᠤᠳ ᠰᠤᠯᠠ ᠣᠷᠣᠯᠴᠠᠭᠰᠠᠳ ᠰᠠᠨᠠᠯ ᠢᠶᠠᠨ ᠳᠤᠷᠠᠳᠬᠤ ᠪᠣᠯᠪᠠᠤ ᠃ | ᠨᠢᠭᠡ ᠂ ᠥᠩᠭᠡᠷᠡᠭᠰᠡᠨ ᠲᠦᠷᠪᠡᠨ ᠵᠢᠯ ᠤᠨ ᠠᠵᠢᠯ ᠤᠨ ᠲᠤᠬᠠᠢ ᠡᠷᠭᠢᠴᠡᠭᠦᠯᠦᠯ | ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠠᠩᠬᠠᠳᠤᠭᠠᠷ ᠬᠤᠷᠠᠯ ᠠᠴᠠ ᠨᠠᠰᠢᠬᠢ ᠲᠦᠷᠪᠡᠨ ᠵᠢᠯ ᠪᠣᠯ ᠬᠤᠸᠠᠳᠧ ᠶᠢᠨ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠳᠠᠶᠢᠯᠠᠯᠳᠤᠭᠠᠨ ᠪᠦᠬᠦ ᠲᠠᠯ᠎ᠠ ᠪᠠᠷ ᠢᠯᠠᠯᠲᠠ ᠣᠯᠵᠤ ᠂ ᠴᠢᠨᠡᠭᠡᠯᠢᠭ ᠨᠡᠶᠢᠭᠡᠮ ᠢ ᠪᠦᠬᠦ | ᠲᠠᠯ᠎ᠠ ᠪᠠᠷ ᠪᠡᠶᠡᠯᠡᠭᠦᠯᠦᠭᠰᠡᠨ ᠲᠦᠷᠪᠡᠨ ᠵᠢᠯ ᠪᠣᠯᠣᠨ᠎ᠠ ᠂ ᠮᠥᠨᠴᠦ ᠬᠤᠸᠠᠳᠧ ᠶᠢᠨ ︽ᠠᠷᠪᠠᠨ ᠭᠤᠷᠪᠠᠳᠤᠭᠠᠷ ᠲᠠᠪᠤᠨ | ᠵᠢᠯ︾ ᠤᠨ ᠲᠥᠯᠦᠪᠵᠢᠭᠦᠯᠭᠡ ᠶᠢᠨ ᠲᠡᠭᠦᠰ ᠠᠮᠵᠢᠯᠲᠠ ᠲᠠᠢ ᠲᠡᠭᠦᠰᠴᠦ ᠂ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠵᠤ ᠲᠡᠦᠬᠡᠲᠦ ᠴᠢᠨᠠᠷᠲᠠᠢ ᠠᠮᠵᠢᠯᠲᠠ ᠣᠯᠣᠭᠰᠠᠨ ᠲᠦᠷᠪᠡᠨ ᠵᠢᠯ ᠪᠣᠯᠣᠨ᠎ᠠ ᠂ ᠨᠡᠩ ᠴᠤ ᠬᠤᠸᠠᠳᠧ ᠶᠢᠨ | ᠠᠷᠠᠳ ᠤᠯᠠᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠶᠡᠬᠡᠪᠡᠷ ᠳᠡᠭᠡᠭᠰᠢᠯᠡᠭᠦᠯᠦᠭᠰᠡᠨ ᠲᠦᠷᠪᠡᠨ ᠵᠢᠯ ᠪᠣᠯᠣᠨ᠎ᠠ ᠃ | ᠳᠥᠷᠪᠡᠨ ᠵᠢᠯ ᠤᠨ ᠲᠤᠷᠰᠢ᠂ ᠵᠠᠭᠤᠨ ᠵᠢᠯ ᠳᠤ ᠭᠠᠷᠤᠭ᠎ᠠ ᠦᠭᠡᠢ ᠶᠡᠭᠡ ᠬᠤᠪᠢᠷᠠᠯᠲᠠ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠂ ᠠᠵᠤ ᠠᠬᠤᠢ ᠶᠢᠨ ᠪᠠᠭᠤᠷᠠᠯᠲᠠ ᠶᠢᠨ ᠶᠡᠭᠡ | ᠰᠢᠯᠭᠠᠯᠲᠠ᠂ ᠰᠢᠨ᠎ᠡ ᠺᠣᠷᠤᠨᠠᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠰᠢᠨ᠎ᠡ ᠰᠢᠯᠭᠠᠯᠲᠠ ᠶᠢᠨ | ᠡᠮᠦᠨ᠎ᠡ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠣᠨ | ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ᠂ | ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ ᠂ ᠰᠢ ᠶᠢᠨ ᠫᠢᠩ | ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠬᠤᠳᠠ ᠶᠢᠨ ᠨᠠᠮ ᠤᠨ ᠬᠤᠷᠢᠶ᠎ᠠ᠂ | ᠬᠤᠳᠠ ᠶᠢᠨ ᠵᠠᠰᠠᠭ ᠤᠨ ᠣᠷᠳᠣᠨ ᠪᠠ ᠰᠢᠶᠠᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠶᠢᠨ | ᠳᠣᠣᠷ᠎ᠠ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠤ | ᠬᠢᠨᠠᠯᠲᠠ ᠳᠡᠮᠵᠢᠯᠭᠡ ᠶᠢᠨ ᠳᠣᠣᠷ᠎ᠠ ᠂ ᠪᠦᠬᠦ ᠰᠢᠶᠠᠨ ᠤ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠂ | ᠬᠥᠭᠵᠢᠯᠲᠡ ᠶᠢᠨ ᠲᠣᠭᠲᠠᠯ ᠬᠦᠴᠦᠨ ᠢᠶᠠᠨ ᠢᠮᠠᠭᠲᠠ ᠪᠠᠷᠢᠮᠲᠠᠯᠠᠵᠤ ᠂ ᠬᠠᠲᠠᠭᠤᠵᠢᠯᠲᠠᠢ ᠠᠵᠢᠯᠯᠠᠵᠤ ᠪᠣᠳᠠᠲᠠᠢ | ᠠᠵᠢᠯᠯᠠᠬᠤ ᠶᠢ ᠪᠠᠷᠢᠮᠲᠠᠯᠠᠨ᠂ ᠵᠣᠷᠢᠭᠲᠠᠢ ᠪᠠᠷ ᠪᠡᠷᠬᠡ ᠶᠢ ᠲᠤᠭᠤᠯᠤᠨ ᠪᠡᠷᠬᠡ ᠶᠢ ᠳᠠᠪᠠᠵᠤ ᠂ ᠪᠦᠬᠦ ᠰᠢᠶᠠᠨ ᠤ ᠠᠵᠤ | ᠠᠬᠤᠢ ᠨᠡᠶᠢᠭᠡᠮ ᠤᠨ ᠬᠥᠭᠵᠢᠯᠲᠡ ᠢᠯᠡᠳᠲᠡ ᠦᠷ᠎ᠡ ᠪᠦᠲᠦᠮᠵᠢ ᠣᠯᠵᠤ ᠂ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠦᠪᠵᠢᠭᠦᠯᠭᠡ ᠶᠢᠨ ᠬᠤᠭᠤᠴᠠᠭᠠᠨ ᠤ ᠬᠥᠭᠵᠢᠯᠲᠡ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ ᠃ | ᠲᠦᠷᠪᠡᠨ ᠵᠢᠯ ᠤᠨ ᠲᠤᠷᠰᠢ ᠂ ᠪᠢᠳᠡ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ ᠂ | ᠡᠷᠡᠯᠬᠡᠭᠯᠡᠨ ᠤᠷᠤᠭᠰᠢᠯᠠᠵᠤ᠂ ᠡᠷᠡᠮᠡᠬᠡᠶᠢᠯᠡᠨ ᠤᠷᠤᠭᠰᠢᠯᠠᠵᠤ᠂ ᠬᠤᠯᠤᠭᠠᠨ᠎ᠠ ᠶᠢᠨ ᠬᠢᠵᠢᠭ ᠪᠣᠯᠣᠨ ᠰᠢᠨ᠎ᠡ | ᠺᠣᠷᠤᠨᠠᠠᠭᠤᠰᠬᠢᠨ ᠦᠷᠪᠢᠰᠦᠯ ᠤᠨ ᠬᠢᠵᠢᠭ ᠤᠨ ᠨᠥᠯᠥᠭᠡ ᠶᠢ ᠢᠳᠡᠪᠬᠢᠲᠡᠢ ᠠᠷᠭᠠᠴᠠᠵᠤ ᠂ ᠠᠯᠢ ᠤᠯᠠᠨ ᠶᠡᠭᠡ | ᠰᠢᠯᠭᠠᠯᠲᠠ ᠶᠢ ᠳᠠᠭᠠᠭᠠᠵᠤ ᠂ ᠠᠯᠢ ᠤᠯᠠᠨ ᠪᠡᠷᠬᠡ ᠪᠣᠭᠤᠮᠲᠠ ᠶᠢ ᠰᠢᠪᠲᠤᠯᠵᠤ ᠂ ᠠᠵᠤ ᠠᠬᠤᠢ ᠨᠡᠶᠢᠭᠡᠮ ᠤᠨ ᠡᠷᠡᠭᠦᠯ | ᠲᠣᠭᠲᠠᠭᠤᠨ ᠢᠶᠠᠷ ᠬᠥᠭᠵᠢᠬᠦ ᠶᠢ ᠪᠠᠲᠤᠯᠠᠵᠤ ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ ᠵᠢᠯ | ᠪᠦᠷᠢ ᠳᠤᠮᠳᠠᠴᠢ ᠪᠠᠷ ᠪᠠᠷᠤᠭ 5.7% ᠨᠡᠮᠡᠭᠳᠡᠪᠡ︔ ᠠᠵᠤ ᠦᠢᠯᠡᠳᠪᠦᠷᠢ ᠶᠢᠨ | ᠦᠢᠯᠡᠳᠬᠦᠨ ᠤ ᠶᠡᠷᠦᠩᠬᠡᠢ ᠦᠷᠳᠡᠭ ᠵᠢᠯ ᠪᠦᠷᠢ ᠳᠤᠮᠳᠠᠴᠢ ᠪᠠᠷ ᠪᠠᠷᠤᠭ 17.5% ᠪᠠᠷ ᠨᠡᠮᠡᠭᠳᠡᠪᠡ︔ | ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ ᠵᠢᠯ ᠪᠦᠷᠢ ᠳᠤᠮᠳᠠᠴᠢ ᠪᠠᠷ ᠪᠠᠷᠤᠭ5.8%ᠨᠡᠮᠡᠭᠳᠡᠵᠦ᠂ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠵᠢᠯ | ᠪᠦᠷᠢ ᠳᠤᠮᠳᠠᠴᠢ ᠪᠠᠷ ᠪᠠᠷᠤᠭ ᠲᠣᠰ ᠲᠣᠰ 3.2% ᠪᠠ 9 .1% ᠨᠡᠮᠡᠭᠳᠡᠪᠡ ︔ ᠨᠡᠶᠢᠭᠡᠮ ᠤᠨ ᠬᠡᠷᠡᠭᠯᠡᠭᠡᠨ ᠤ | ᠵᠦᠢᠯ ᠤᠨ ᠵᠢᠵᠢᠭᠯᠡᠨ ᠬᠤᠳᠠᠯᠳᠤᠬᠤ ᠪᠦᠬᠦ ᠲᠤᠭ᠎ᠠ ᠶᠢ ᠵᠢᠯ ᠪᠦᠷᠢ ᠳᠤᠮᠳᠠᠴᠢ ᠪᠠᠷ 2.4% ᠪᠠᠷ ᠨᠡᠮᠡᠭᠳᠡᠪᠡ ᠃ | ᠲᠦᠷᠪᠡᠨ ᠵᠢᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠳᠤ ᠂ ᠪᠢᠳᠡ ᠬᠦᠴᠦᠨ ᠢᠶᠠᠨ ᠲᠥᠪᠯᠡᠷᠡᠭᠦᠯᠦᠨ | ᠤᠨᠢᠨ ᠳᠡᠭᠡᠷ᠎ᠡ ᠨᠢ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ ᠂ ᠦᠨᠳᠦᠰᠦ ᠪᠠᠨ ᠪᠠᠲᠤᠳᠬᠠᠨ ᠦᠨᠳᠦᠰᠦ ᠪᠠᠨ | ᠪᠠᠲᠤᠳᠬᠠᠵᠤ ᠂ ᠪᠦᠬᠦ ᠲᠠᠯ᠎ᠠ ᠪᠠᠷ ᠴᠢᠨᠡᠭᠡᠯᠢᠭᠵᠢᠬᠦ ᠶᠢ ᠲᠡᠭᠦᠰ ᠠᠮᠵᠢᠯᠲᠠ ᠲᠠᠢ ᠲᠡᠭᠦᠰᠬᠡᠪᠡ ᠃ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠵᠢᠨᠠᠵᠢᠯ ᠰᠢᠢᠳᠪᠦᠷᠢᠯᠡᠭᠴᠢ ᠴᠢᠨᠠᠷᠲᠠᠢ ᠢᠯᠠᠯᠲᠠ ᠣᠯᠪᠠ ᠃ ᠪᠢᠳᠡ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠰᠢᠢᠳᠪᠦᠷᠢᠲᠦ ᠢᠯᠠᠯᠲᠠ ᠶᠢ ᠣᠯᠬᠤ | ᠲᠡᠦᠬᠡ ᠶᠢᠨ ᠬᠦᠨᠳᠦ ᠡᠭᠦᠷᠭᠡ ᠶᠢ ᠡᠷᠡᠰ ᠡᠭᠦᠷᠭᠡᠯᠡᠵᠦ᠂ ᠪᠦᠬᠦ ᠰᠢᠶᠠᠨ ᠤ ᠡᠯ᠎ᠡ ᠱᠠᠲᠤᠨ ᠤ ᠺᠠᠳ᠋ᠷᠴᠤᠳ ᠢ | ᠪᠦᠯᠬᠦᠮᠳᠡᠭᠦᠯᠦᠨ ᠳᠠᠶᠢᠴᠢᠯᠠᠵᠤ᠂ ᠬᠦᠴᠦᠯᠡᠨ ᠴᠢᠷᠮᠠᠶᠢᠵᠤ ᠂ ᠤᠨᠢᠨ ᠳᠡᠭᠡᠷ᠎ᠡ ᠨᠢ ᠲᠦᠷᠦ ᠶᠢᠨ ᠪᠣᠳᠣᠯᠭ᠎ᠠ ᠶᠢ | ᠬᠡᠷᠡᠭᠵᠢᠭᠦᠯᠵᠦ ᠂ ᠪᠣᠭᠤᠮᠲᠠ ᠰᠢᠪᠲᠤᠯᠬᠤ ᠪᠠᠷ ᠬᠦᠴᠦᠯᠡᠨ ᠴᠢᠷᠮᠠᠶᠢᠵᠤ ᠂ ︽ᠬᠤᠶᠠᠷ ᠲᠤ ᠵᠣᠪᠠᠭ᠋ᠤ ᠦᠭᠡᠢ ᠪᠠᠶᠢᠬᠤ ᠂ | ᠭᠤᠷᠪᠠ ᠶᠢ ᠪᠠᠲᠤᠯᠠᠬᠤ ︾ ᠵᠢᠴᠢ ᠤᠰᠤ ᠤᠮᠳᠠ ᠶᠢᠨ ᠠᠮᠤᠷ ᠲᠦᠪᠰᠢᠨ ᠳᠤ ᠠᠩᠬᠠᠷᠤᠯ ᠢᠶᠠᠨ ᠲᠥᠪᠯᠡᠷᠡᠭᠦᠯᠵᠦ ᠂ | ᠲᠥᠪ ᠤᠨ ᠣᠷᠣᠨ ᠲᠤᠭ᠎ᠠ ᠶᠢᠨ ᠠᠯᠪᠠᠨ ᠭᠡᠷ ᠤᠨ ᠴᠢᠭ᠋ ᠲᠣᠭᠲᠠᠭᠠᠨ ᠬᠠᠪᠰᠤᠷᠤᠨ ᠲᠡᠳᠬᠦᠬᠦ ᠪᠠ ᠪᠡᠭᠡᠵᠢᠩ ᠤᠨ | ᠵᠡᠭᠦᠨ ᠬᠤᠳᠠ ᠲᠣᠭᠤᠷᠢᠭ ᠤᠨ ᠶᠠᠳᠠᠭᠤ ᠶᠢ ᠲᠡᠳᠬᠦᠬᠦ ᠬᠠᠮᠵᠢᠯᠴᠠᠭ᠎ᠠ ᠵᠢᠴᠢ ᠪᠦᠬᠦ ᠨᠡᠶᠢᠭᠡᠮ ᠢᠶᠠᠷ ᠢᠶᠠᠨ ᠶᠠᠳᠠᠭᠤ ᠶᠢ | ᠲᠡᠳᠬᠦᠬᠦ ᠶᠢ ᠭᠦᠨᠵᠡᠭᠡᠶᠢᠷᠡᠭᠦᠯᠵᠦ ᠂ ᠨᠡᠶᠢᠳᠡ 9.3 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠣᠷᠣᠭᠤᠯᠵᠤ ᠂ 1. | 49 ᠲᠦᠮᠡᠨ ᠶᠠᠳᠠᠭᠤ ᠬᠦᠴᠢᠷᠳᠡᠯᠲᠡᠢ ᠬᠥᠮᠥᠨ ᠠᠮᠠ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ 64 | ᠭᠤᠣᠯᠳᠠᠯᠭ᠎ᠠ ᠲᠠᠢ ᠶᠠᠳᠠᠭᠤ ᠬᠦᠴᠢᠷᠳᠡᠯᠲᠡᠢ ᠲᠣᠰᠬᠤᠨ ᠢ ᠵᠢᠭᠰᠠᠭᠠᠵᠤ᠂ 9.5 ᠲᠦᠮᠡᠨ ᠬᠤᠸᠠᠳᠧ ᠵᠢᠨᠤᠯᠠᠨ | ᠲᠦᠮᠡᠨ ᠭᠠᠷ ᠬᠤᠯᠪᠣᠨ ᠪᠦᠬᠦ ᠲᠠᠯ᠎ᠠ ᠶᠢᠨ ᠴᠢᠨᠡᠭᠡᠯᠢᠭ ᠨᠡᠶᠢᠭᠡᠮ ᠳᠤ ᠲᠠᠪᠰᠢᠨ ᠣᠷᠣᠪᠠ ᠃ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠯᠤᠭ᠎ᠠ ᠪᠦᠲᠦᠮᠵᠢᠲᠡᠢ ᠵᠣᠯᠭᠠᠭᠤᠯᠬᠤ ᠶᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ ᠂ ︽ᠬᠤᠶᠠᠷ ᠲᠤ ᠵᠣᠪᠠᠭ᠋ᠤ | ᠦᠭᠡᠢ᠂ ᠭᠤᠷᠪᠠ ᠶᠢ ᠪᠠᠲᠤᠯᠠᠬᠤ︾ ᠵᠢᠴᠢ ᠤᠤᠭᠤᠬᠤ ᠤᠰᠤᠨ ᠤ ᠠᠮᠤᠷ ᠲᠦᠪᠰᠢᠨ ᠢ ᠴᠢᠨᠠᠭᠰᠢᠳᠠ ᠳᠡᠭᠡᠭᠰᠢᠯᠡᠭᠦᠯᠵᠦ ᠂ | ᠶᠠᠳᠠᠭᠤ ᠠᠴᠠ ᠠᠩᠭᠢᠵᠢᠷᠠᠭᠤᠯᠬᠤ ᠳᠤ ᠲᠣᠭᠲᠠᠭᠤᠨ ᠪᠤᠰᠤ ᠂ ᠠᠮᠠᠷᠬᠠᠨ ᠶᠠᠳᠠᠭᠤᠷᠠᠮᠠᠷ᠂ ᠭᠡᠨᠡᠳᠲᠡ ᠬᠦᠴᠢᠷᠳᠡᠯ ᠳᠤ | ᠲᠤᠯᠭᠠᠷᠠᠭᠰᠠᠨ 1243 ᠡᠷᠦᠬᠡ ᠶᠢᠨ 2438 ᠬᠥᠮᠥᠨ ᠳᠤ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠠᠪᠴᠤ ᠂ | ᠲᠤᠰᠢᠶᠠᠪᠠᠰᠤ ᠵᠣᠬᠢᠬᠤ ᠶᠢ ᠨᠢ ᠪᠦᠬᠦᠨ ᠢ ᠲᠤᠰᠢᠶᠠᠵᠤ ᠂ ᠬᠠᠪᠰᠤᠷᠪᠠᠰᠤ ᠵᠣᠬᠢᠬᠤ ᠶᠢ ᠨᠢ ᠪᠦᠬᠦᠨ ᠢ ᠬᠠᠪᠰᠤᠷᠬᠤ ᠶᠢ | ᠪᠠᠲᠤᠯᠠᠵᠤ ᠂ 656 ᠡᠷᠦᠬᠡ ᠶᠢᠨ 1276 ᠬᠥᠮᠥᠨ ᠤ ᠲᠠᠬᠢᠨ ᠶᠠᠳᠠᠭᠤᠷᠠᠬᠤ ᠲᠦᠭᠰᠢᠭᠦᠷᠢ ᠶᠢ ᠠᠷᠢᠯᠭᠠᠪᠠ ᠃ | ᠬᠦᠨᠳᠦ ᠶᠡᠭᠡ ᠠᠶᠤᠯ ᠲᠦᠭᠰᠢᠭᠦᠷᠢ ᠶᠢ ᠪᠦᠲᠦᠮᠵᠢᠲᠡᠶ ᠪᠠᠷ ᠰᠡᠷᠭᠡᠶᠢᠯᠡᠪᠡ᠃ ᠬᠤᠷᠢᠭ᠎ᠠ ᠱᠤᠭᠤᠮ ᠤᠨ ᠰᠡᠳᠬᠢᠬᠦᠢ ᠶᠢ | ᠪᠠᠷᠢᠮᠲᠠᠯᠠᠵᠤ ᠂ ᠢᠮᠠᠭᠲᠠ ᠤᠯᠤᠰ ᠲᠦᠷᠦ ᠪᠠ ᠪᠦᠬᠦ ᠲᠠᠯ᠎ᠠ ᠶᠢᠨ ᠥᠨᠳᠥᠷᠴᠡ ᠠᠴᠠ ᠬᠦᠨᠳᠦ ᠶᠡᠭᠡ ᠠᠶᠤᠯ | ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠢ ᠰᠦᠪᠡᠭᠴᠢᠯᠡᠨ ᠠᠬᠢᠭᠤᠯᠵᠤ ᠂ ︽ ᠬᠤᠸᠠᠳᠧ ᠰᠢᠶᠠᠨ ᠤ | ᠵᠠᠰᠠᠭ ᠤᠨ ᠣᠷᠳᠣᠨ ᠤ ᠴᠢᠨᠠᠷᠲᠠᠢ ᠥᠷᠢ ᠥᠭᠴᠡᠭᠡ ᠶᠢ ᠠᠷᠢᠯᠭᠠᠬᠤ ᠲᠥᠰᠥᠯ︾ ᠢ ᠲᠣᠭᠲᠠᠭᠠᠨ ᠲᠡᠭᠦᠯᠳᠡᠷᠵᠢᠭᠦᠯᠵᠦ ᠂ | ᠠᠪᠴᠠᠭ᠎ᠠ ᠥᠭᠴᠡᠭᠡ ᠶᠢ ᠲᠣᠳᠣᠷᠬᠠᠶᠢᠯᠠᠵᠤ ᠂ ᠥᠷᠢ ᠥᠭᠴᠡᠭᠡ ᠶᠢ ᠠᠷᠢᠯᠭᠠᠬᠤ ᠠᠷᠭ᠎ᠠ ᠬᠡᠮᠵᠢᠶ᠎ᠡ ᠶᠢᠨ ᠰᠢᠨ᠎ᠡ ᠶᠢ | ᠡᠭᠦᠳᠴᠦ ᠂ ᠣᠨ ᠤ ᠡᠭᠦᠷᠭᠡ ᠶᠣᠰᠣᠭᠠᠷ ᠵᠠᠰᠠᠭ ᠤᠨ ᠣᠷᠳᠣᠨ ᠤ ᠴᠢᠨᠠᠷᠲᠠᠢ ᠥᠷᠢ ᠥᠭᠴᠡᠭᠡ ᠶᠢ ᠡᠮᠬᠢ ᠵᠢᠷᠤᠮ ᠲᠠᠢ | ᠪᠦᠲᠦᠮᠵᠢᠲᠡᠢ ᠰᠢᠢᠳᠪᠦᠷᠢᠯᠡᠵᠦ ᠂ ᠰᠢᠰᠲ᠋ᠧᠮ ᠤᠨ ᠴᠢᠨᠠᠷᠲᠠᠢ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠦᠯᠦ | ᠭᠠᠷᠭᠠᠬᠤ ᠬᠤᠷᠢᠭ᠎ᠠ ᠱᠤᠭᠤᠮ ᠢ ᠪᠠᠲᠤ ᠰᠠᠬᠢᠪᠠ ᠃ ᠪᠣᠬᠢᠷᠳᠤᠯ ᠢ ᠵᠠᠰᠠᠬᠤ ᠠᠵᠢᠯ ᠢᠯᠡᠳᠲᠡ ᠦᠷ᠎ᠡ ᠪᠦᠲᠦᠮᠵᠢ | ᠣᠯᠪᠠ ᠃ ︽ ᠬᠥᠬᠡ ᠲᠡᠭᠷᠢ ᠂ ᠬᠥᠬᠡᠮᠳᠦᠭ ᠤᠰᠤ ᠂ ᠴᠡᠪᠡᠷ ᠬᠥᠷᠥᠰᠥ︾ ᠶᠢ ᠬᠠᠮᠠᠭᠠᠯᠠᠬᠤ ᠲᠠᠶᠢᠨ ᠢ ᠡᠷᠡᠰ ᠰᠠᠶᠢᠲᠤᠷ | ᠬᠢᠵᠦ ᠂ 25000 ᠺᠢᠯᠣᠸᠣᠯᠲ ᠠᠮᠫᠧᠷ ᠠᠴᠠ ᠳᠣᠷᠣᠭᠰᠢᠬᠢ ᠡᠩ ᠤᠨ ᠠᠭᠤᠷᠬᠠᠢ ᠶᠢᠨ ᠢᠯᠴᠢ ᠶᠢᠨ ᠵᠤᠤᠬ᠎ᠠ ᠶᠢ | ᠴᠥᠮ ᠪᠢᠲᠡᠭᠦᠮᠵᠢᠯᠡᠬᠦ ᠥᠭᠡᠷᠡᠴᠢᠯᠡᠯᠲᠡ ᠶᠢ ᠪᠡᠶᠡᠯᠡᠭᠦᠯᠵᠦ ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ | ᠠᠵᠤ ᠠᠬᠤᠶᠢᠯᠠᠯ ᠳᠤ ᠴᠥᠮ ᠰᠦᠯᠵᠢᠶᠡᠨ ᠳᠡᠭᠡᠷᠡᠬᠢ ᠬᠢᠨᠠᠨ ᠬᠡᠮᠵᠢᠬᠦ ᠲᠥᠬᠦᠭᠡᠷᠦᠮᠵᠢ ᠶᠢ ᠤᠭᠰᠠᠷᠠᠵᠤ ᠂ ᠠᠭᠠᠷ ᠤᠨ | ᠶᠠᠰᠤ ᠴᠢᠨᠠᠷ ᠰᠢᠯᠢᠳᠡᠭ ᠰᠠᠶᠢᠨ ᠡᠳᠦᠷ ᠤᠨ ᠲᠤᠭ᠎ᠠ ᠶᠢᠨ ᠬᠠᠷᠢᠴᠠᠯ ᠢ 94.8% ᠳᠤ ᠬᠦᠷᠭᠡᠪᠡ᠃ ᠴᠠᠭᠠᠨ | ᠨᠠᠭᠤᠷ ᠤᠨ ᠰᠠᠪᠠ ᠭᠠᠵᠠᠷ ᠤᠨ ᠶᠡᠷᠦᠩᠬᠡᠶᠢᠯᠡᠭᠰᠡᠨ ᠵᠠᠰᠠᠯᠲᠠ ᠶᠢ ᠭᠦᠨᠵᠡᠭᠡᠢ ᠠᠬᠢᠭᠤᠯᠵᠤ᠂ ᠤᠰᠤᠨ ᠤ ᠠᠮᠢ | ᠠᠬᠤᠢ ᠶᠢ ᠪᠦᠲᠦᠮᠵᠢᠲᠡᠶ ᠰᠠᠶᠢᠵᠢᠷᠠᠭᠤᠯᠪᠠ᠃ ᠲᠠᠷᠢᠶᠠᠯᠠᠩ ᠤᠨ ︽ᠣᠯᠠᠨ ᠡᠬᠢᠲᠦ ᠪᠣᠬᠢᠷᠳᠤᠯ︾ ᠢ ᠴᠢᠩᠭ᠎ᠠ | ᠬᠢᠵᠠᠭᠠᠷᠯᠠᠵᠤ᠂ ᠠᠭᠤᠷᠬᠠᠢ ᠶᠢᠨ ᠭᠠᠵᠠᠷ ᠤᠨ ᠣᠷᠴᠢᠨ ᠲᠣᠭᠤᠷᠢᠨ ᠢ ᠵᠠᠰᠠᠬᠤ ᠡᠭᠦᠷᠭᠡ ᠶᠢ ᠪᠥᠬᠦ ᠲᠠᠯ᠎ᠠ ᠪᠠᠷ | ᠪᠡᠶᠡᠯᠡᠭᠦᠯᠦᠨ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠰᠢᠭᠠᠷᠤ ᠶᠢᠨ ᠲᠠᠯᠠᠪᠠᠶ ᠶᠢ ᠠᠰᠢᠭᠯᠠᠯᠲᠠ ᠳᠤ | ᠣᠷᠣᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ 3 ᠪᠣᠬᠢᠷᠳᠤᠯ ᠦᠭᠡᠢ ᠠᠭᠤᠷᠬᠠᠢ᠂ 3 ᠪᠣᠬᠢᠷᠳᠤᠯ | ᠦᠭᠡᠢ ᠦᠢᠯᠡᠳᠪᠦᠷᠢ ᠶᠢ ᠡᠭᠦᠳᠦᠨ ᠪᠠᠶᠢᠭᠤᠯᠵᠤ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ | ᠰᠢᠮᠳᠠᠭᠤᠯᠤᠨ ᠪᠠᠶᠢᠴᠠᠭᠠᠬᠤ ᠵᠢᠴᠢ ︽ᠡᠷᠬᠢᠨ ᠪᠠᠶᠢᠴᠠᠭᠠᠬᠤ︾ ᠳᠤ ᠬᠠᠷᠢᠭᠤ ᠲᠤᠰᠬᠠᠭᠰᠠᠨ ᠠᠰᠠᠭᠤᠳᠠᠯ ᠢ ᠪᠦᠬᠦᠨ ᠢ | ᠴᠡᠭᠴᠡᠯᠡᠨ ᠵᠠᠰᠠᠪᠠ᠃ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠭᠤᠣᠯ | ᠴᠣᠭᠴᠠ ᠶᠢᠨ ᠴᠢᠳᠠᠮᠵᠢᠲᠤ ᠣᠷᠣᠨ ᠤ ᠬᠤᠪᠢᠶᠠᠷᠢᠯᠠᠯ ᠢ ᠨᠠᠶᠢᠳᠠᠪᠤᠷᠢᠵᠢᠭᠤᠯᠤᠨ᠂ 567.67 ᠲᠡᠭᠰᠢ ᠳᠥᠷᠪᠡᠯᠵᠢᠨ | ᠺᠢᠯᠣᠮᠧᠲᠷ ᠠᠮᠢ ᠠᠬᠤᠢ ᠶᠢᠨ ᠤᠯᠠᠭᠠᠨ ᠱᠤᠭᠤᠮ ᠢ ᠵᠠᠭᠠᠭᠯᠠᠨ ᠲᠣᠭᠲᠠᠭᠠᠬᠤ ᠶᠢ ᠪᠡᠶᠡᠯᠡᠭᠦᠯᠵᠦ᠂ ᠪᠡᠭᠡᠵᠢᠩ | ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ ᠢᠨᠵᠧᠨᠧᠷᠢᠩ᠂ ᠰᠢᠨ᠎ᠡ ᠨᠢᠭᠡ ᠡᠭᠡᠯᠵᠢ ᠶᠢᠨ ᠲᠠᠷᠢᠶᠠᠯᠠᠬᠤ ᠶᠢ | ᠵᠣᠭᠰᠣᠭᠠᠵᠤ ᠣᠶ ᠰᠢᠭᠤᠢ ᠡᠪᠡᠰᠦ ᠪᠡᠯᠴᠢᠭᠡᠷ ᠢ ᠰᠡᠷᠭᠦᠭᠡᠬᠦ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ | ᠢᠨᠵᠧᠨᠧᠷᠢᠩ ᠢ ᠨᠡᠶᠢᠲᠡ 24.7 ᠲᠦᠮᠡᠨ ᠮᠦ ᠬᠡᠷᠡᠭᠵᠢᠭᠦᠯᠵᠦ᠂ ᠣᠶ ᠰᠢᠭᠤᠢ ᠶᠢᠨ ᠪᠦᠷᠬᠦᠴᠡ ᠶᠢᠨ ᠨᠣᠷᠮ᠎ᠠ᠂ | ᠨᠤᠲᠤᠭ ᠪᠡᠯᠴᠢᠭᠡᠷ ᠤᠨ ᠪᠦᠷᠬᠦᠴᠡ ᠶᠢᠨ ᠬᠡᠮᠵᠢᠶ᠎ᠡ ᠶᠢ ᠵᠡᠷᠭᠡᠪᠡᠷ ᠰᠠᠶᠢᠵᠢᠷᠠᠭᠤᠯᠵᠤ ᠂ ᠵᠡᠷᠭᠡᠪᠡᠷ ᠳᠡᠭᠡᠭᠰᠢᠯᠡᠭᠦᠯᠬᠦ ᠶᠢ | ᠪᠡᠶᠡᠯᠡᠭᠦᠯᠪᠡ᠃ | ᠲᠦᠷᠪᠡᠨ ᠵᠢᠯ ᠤᠨ ᠴᠢᠷᠮᠠᠶᠢᠯᠭ᠎ᠠ ᠪᠠᠷ ᠪᠢᠳᠡ ᠬᠦᠴᠦᠨ ᠢᠶᠠᠨ ᠲᠥᠪᠯᠡᠷᠡᠭᠦᠯᠦᠨ ᠬᠡᠯᠪᠡᠷᠢ ᠪᠠᠨ ᠬᠤᠪᠢᠷᠠᠭᠤᠯᠤᠨ | ᠲᠡᠰ ᠳᠡᠪᠰᠢᠭᠦᠯᠵᠦ ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠵᠤ ᠂ ᠠᠵᠤ ᠦᠢᠯᠡᠰ ᠤᠨ ᠠᠵᠤ ᠠᠬᠤᠢ ᠶᠢ | ᠦᠷᠭᠦᠯᠵᠢᠯᠡᠨ ᠬᠥᠭᠵᠢᠭᠦᠯᠪᠡ ᠃ ᠠᠮᠤ ᠪᠤᠳᠠᠭᠠᠨ ᠤ ᠶᠡᠷᠦᠩᠬᠡᠢ ᠭᠠᠷᠤᠯᠲᠠ ᠶᠢ ᠵᠢᠯ ᠪᠦᠷᠢ ᠳᠤᠮᠳᠠᠴᠢ ᠪᠠᠷ 1.4 | ᠳ᠋ᠦᠩᠰᠢᠭᠤᠷ ᠵᠢᠩ ᠣᠷᠴᠢᠮ ᠳᠤ ᠲᠣᠭᠲᠠᠪᠤᠷᠢᠵᠢᠭᠤᠯᠵᠤ ᠂ ᠮᠢᠬᠠᠨ ᠤ ᠵᠦᠢᠯ ᠤᠨ ᠶᠡᠷᠦᠩᠬᠡᠢ ᠭᠠᠷᠤᠯᠲᠠ ᠶᠢ ᠵᠢᠯ | ᠪᠦᠷᠢ ᠳᠤᠮᠳᠠᠴᠢ ᠪᠠᠷ 3 ᠲᠦᠮᠡᠨ ᠲᠣᠨ ᠣᠷᠴᠢᠮ ᠳᠤ ᠬᠦᠷᠭᠡᠪᠡ᠃ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶ᠎ᠠ | 253 ᠪᠠᠶᠢᠵᠤ ᠂ ︽ᠭᠤᠷᠪᠠᠨ ᠦᠢᠯᠡᠳᠬᠦᠨ ᠨᠢᠭᠡ ᠪᠠᠷᠢᠮᠵᠢᠶ᠎ᠠ︾ ᠶᠢᠨ ᠦᠢᠯᠡᠳᠬᠦᠨ 21 ᠪᠠᠶᠢᠨ᠎ᠠ ᠃ ᠲᠠᠷᠢᠶᠠᠯᠠᠩ ᠮᠠᠯ | ᠠᠵᠤ ᠠᠬᠤᠢ ᠶᠢᠨ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ 24 ᠪᠣᠶ᠃ ᠡᠨᠧᠷᠭᠢ ᠶᠢᠨ ᠬᠤᠷᠣᠭᠳᠠᠯ ᠤᠨ | ︽ᠬᠤᠣᠰ ᠡᠵᠡᠮᠳᠡᠯ︾ ᠪᠠ ︽ᠬᠤᠣᠰ ᠨᠡᠭᠦᠷᠡᠰᠦᠲᠥ᠋ᠷᠥᠭᠴᠢ︾ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ︽ | ᠬᠤᠶᠠᠷ ᠥᠨᠳᠥᠷ︾ ᠤᠨ ᠲᠥᠷᠥᠯ ᠵᠦᠢᠯ ᠤᠨ ᠬᠥᠭᠵᠢᠯᠲᠡ ᠶᠢ ᠴᠢᠩᠭ᠎ᠠ ᠬᠢᠵᠠᠭᠠᠷᠯᠠᠵᠤ᠂ ᠪᠣᠬᠢᠷᠳᠤᠯ ᠦᠭᠡᠢ ᠳᠣᠣᠷ᠎ᠠ | ᠨᠡᠭᠦᠷᠡᠰᠦᠲᠥ᠋ᠷᠥᠭᠴᠢᠲᠦ ᠣᠷᠴᠢᠯ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠰᠢᠶᠦ᠋ᠩ ᠸᠧᠢ ᠭᠤᠸᠠᠩ ᠳ᠋ᠠ ᠶᠢᠨ | 50 ᠰᠠᠶ᠎ᠠ ᠸᠠᠲ ᠤᠨ ᠰᠡᠭᠦᠯ ᠤᠨ ᠬᠡᠢ ᠪᠠᠷ ᠴᠠᠬᠢᠯᠭᠠᠨ ᠭᠠᠷᠭᠠᠬᠤ ᠲᠥᠷᠥᠯ ᠵᠦᠢᠯ ᠢ ᠪᠠᠶᠢᠭᠤᠯᠤᠨ ᠳᠠᠭᠤᠰᠬᠠᠵᠤ᠂ | ᠲᠢᠶᠠᠨ ᠴᠧᠩ ᠤᠨ 50 ᠰᠠᠶ᠎ᠠ ᠸᠠᠲ ᠤᠨ ᠰᠡᠭᠦᠯ ᠤᠨ ᠬᠡᠢ ᠪᠠᠷ ᠴᠠᠬᠢᠯᠭᠠᠨ ᠭᠠᠷᠭᠠᠬᠤ ᠲᠥᠷᠥᠯ ᠵᠦᠢᠯ ᠢ | ᠪᠠᠶᠢᠭᠤᠯᠤᠨ ᠳᠠᠭᠤᠰᠬᠠᠵᠤ ᠲᠤᠷᠰᠢᠨ ᠠᠵᠢᠯᠯᠠᠭᠤᠯᠵᠤ᠂ ᠬᠤᠸᠠ ᠴᠧᠨ ᠤᠨ ᠵᠢᠯ ᠳᠤ 100 ᠲᠦᠮᠡᠨ ᠲᠣᠨ ᠪᠣᠷᠵᠢᠨ | ᠴᠢᠯᠠᠭᠤ ᠰᠢᠢᠳᠪᠦᠷᠢᠯᠡᠬᠦ ᠵᠢᠴᠢ ᠳᠠᠬᠢᠯᠲᠠ ᠡᠬᠢ ᠪᠠᠶᠠᠯᠢᠭ ᠢ ᠶᠡᠷᠦᠩᠬᠡᠶᠢᠯᠡᠨ ᠨᠡᠭᠡᠭᠡᠨ ᠠᠰᠢᠭᠯᠠᠵᠤ᠂ 150 ᠲᠦᠮᠡᠨ | ᠠᠦ᠋ᠲ᠋ᠣᠴᠢᠯᠠᠭᠰᠠᠨ ᠸᠠᠭᠠᠷ ᠱᠠᠭᠠᠵᠠᠩ ᠤᠨ ᠳᠤᠮᠳᠠ ᠲᠤᠷᠰᠢᠨ ᠦᠢᠯᠡᠳᠪᠦᠷᠢᠯᠡᠬᠦ ᠲᠤᠷᠰᠢᠯᠲᠠ ᠶᠢᠨ ᠱᠤᠭᠤᠮ ᠢ | ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠪᠠ︔ ᠪᠦᠬᠦ ᠰᠢᠶᠠᠨ ᠤ ᠰᠠᠯᠬᠢᠨ ᠬᠦᠴᠦᠨ ᠤ ᠴᠠᠬᠢᠯᠭᠠᠨ᠂ | ᠭᠡᠷᠡᠯ ᠴᠡᠨᠡᠭ ᠂ ᠦᠯᠡᠳᠡᠭᠳᠡᠯ ᠬᠡᠢ ᠦᠯᠡᠳᠡᠭᠳᠡᠯ ᠢᠯᠴᠢ ᠪᠠᠷ ᠴᠠᠬᠢᠯᠭᠠᠨ ᠭᠠᠷᠭᠠᠬᠤ ᠶᠢ ᠵᠡᠷᠭᠡᠪᠡᠷ ᠠᠬᠢᠭᠤᠯᠵᠤ ᠂ ᠴᠡᠪᠡᠷ | ᠡᠨᠧᠷᠭᠢ ᠪᠠᠷ ᠴᠠᠬᠢᠯᠭᠠᠨ ᠭᠠᠷᠭᠠᠬᠤ ᠶᠡᠷᠦᠩᠬᠡᠢ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ 100 ᠲᠦᠮᠡᠨ | ᠺᠢᠯᠣᠸᠠᠲ ᠢ ᠳᠠᠪᠠᠵᠤ ᠂ ︽ᠨᠡᠭᠦᠷᠡᠰᠦᠲᠥ᠋ᠷᠥᠭᠴᠢ ᠦᠭᠡᠢ︾ ᠬᠦᠷᠢᠶᠡᠯᠡᠩ ᠲᠣᠭᠤᠷᠢᠭ ᠢ ᠪᠠᠶᠢᠭᠤᠯᠬᠤ ᠳᠤ ᠰᠠᠭᠤᠷᠢ | ᠲᠠᠯᠪᠢᠵᠤ ᠥᠭᠴᠡᠢ ᠃ ᠬᠤᠪᠴᠠᠰᠤᠨ ᠤ ᠠᠵᠤ ᠦᠢᠯᠡᠰ ᠢ ᠲᠣᠭᠲᠠᠭᠤᠨ ᠢᠶᠠᠷ ᠬᠥᠭᠵᠢᠭᠦᠯᠵᠦ᠂ 10 ᠵᠦᠢᠯ ᠤᠨ | ᠰᠢᠨ᠎ᠡ ᠬᠡᠯᠪᠡᠷᠢ ᠶᠢᠨ ᠤᠩᠭᠠᠷᠢᠯ ᠢᠯᠲᠠᠰᠤ ᠶᠢ ᠰᠤᠳᠤᠯᠤᠨ ᠨᠡᠭᠡᠭᠡᠵᠦ᠂ 2 ᠵᠦᠢᠯ ᠤᠨ ᠡᠭᠦᠳᠦᠯᠲᠡ ᠶᠢᠨ ᠲᠤᠰᠬᠠᠢ | ᠠᠰᠢᠭ ᠪᠠ 4 ᠵᠦᠢᠯ ᠤᠨ ᠬᠡᠷᠡᠭᠯᠡᠭᠡᠨ ᠤ ᠰᠢᠨ᠎ᠡ ᠬᠡᠯᠪᠡᠷᠢ ᠶᠢᠨ ᠲᠤᠰᠬᠠᠢ ᠠᠰᠢᠭ ᠢ ᠬᠢᠨᠠᠨ ᠵᠥᠪᠰᠢᠶᠡᠷᠡᠪᠡ᠃ ᠵᠢᠯ | ᠪᠦᠷᠢ ᠳᠤᠮᠳᠠᠴᠢ ᠪᠠᠷ ᠡᠯ᠎ᠡ ᠲᠦᠷᠦᠯ ᠤᠨ ᠬᠤᠪᠴᠠᠰᠤ ᠶᠢ 1500 ᠭᠠᠷᠤᠢ ᠲᠦᠮᠡᠨ ᠵᠠᠬ᠎ᠠ ᠦᠢᠯᠡᠳᠪᠦᠷᠢᠯᠡᠵᠦ ᠂ | 12 ᠳ᠋ᠦᠩᠰᠢᠭᠤᠷ ᠲᠥᠭᠦᠷᠢᠭ ᠣᠷᠴᠢᠮ ᠤᠨ ᠦᠢᠯᠡᠳᠬᠦᠨ ᠤ ᠦᠷᠳᠡᠭ ᠢ ᠪᠡᠶᠡᠯᠡᠭᠦᠯᠪᠡ ᠃ ᠠᠷᠠᠯᠵᠢᠶ᠎ᠠ | ᠬᠤᠳᠠᠯᠳᠤᠭᠠᠨ ᠤ ᠭᠦᠢᠯᠭᠡᠭᠡᠨ ᠤ ᠦᠢᠯᠡᠰ ᠳᠡᠭᠡᠳᠦ ᠬᠤᠷᠳᠤᠴᠠ ᠪᠠᠷ ᠬᠥᠭᠵᠢᠵᠦ᠂ ᠲᠡᠮᠦᠷ ᠵᠠᠮ ᠤᠨ ᠲᠤᠰᠬᠠᠢ | ᠱᠤᠭᠤᠮ ᠲᠡᠷᠭᠡ ᠨᠡᠪᠲᠡᠷᠡᠬᠦ ᠨᠥᠬᠦᠴᠡᠯ ᠲᠠᠢ ᠪᠣᠯᠵᠤ᠂ ᠵᠠᠪᠰᠠᠷ ᠤᠨ ᠬᠠᠭᠤᠷᠠᠢ ᠭᠠᠷᠠᠮ ᠤᠨ ᠪᠠᠷᠠᠭᠠᠨ ᠤ ᠭᠦᠢᠯᠭᠡᠭᠡᠨ ᠤ | ᠬᠦᠷᠢᠶᠡᠯᠡᠩ ᠲᠣᠭᠤᠷᠢᠭ ᠢ ᠡᠬᠢᠯᠡᠨ ᠪᠠᠶᠢᠭᠤᠯᠵᠤ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠦᠢᠯᠡᠰ ᠤᠨ | ᠬᠦᠷᠢᠶᠡᠯᠡᠩ᠂ ᠰᠢᠶᠠᠩ ᠪᠠᠯᠭᠠᠰᠤ ᠶᠢᠨ ᠡᠯᠧᠺᠲᠷᠣᠨ ᠬᠤᠳᠠᠯᠳᠤᠭᠠᠨ ᠤ ᠦᠢᠯᠡᠴᠢᠯᠡᠭᠡᠨ ᠤ ᠥᠷᠲᠡᠭᠡ 6᠂ | ᠲᠣᠰᠬᠤᠨ ᠤ ᠲᠠᠰ ᠤᠨ ᠡᠯᠧᠺᠲᠷᠣᠨ ᠬᠤᠳᠠᠯᠳᠤᠭᠠᠨ ᠤ ᠦᠢᠯᠡᠴᠢᠯᠡᠭᠡᠨ ᠤ ᠴᠢᠭ᠋ 35 ᠪᠠ 3 ᠡᠯᠧᠺᠲᠷᠣᠨ | ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠰᠠᠭᠤᠷᠢᠨ ᠭᠠᠵᠠᠷ᠂ ᠲᠦᠷᠭᠡᠨ ᠬᠦᠷᠭᠡᠬᠦ ᠪᠠᠷᠠᠭᠠᠨ ᠤ ᠭᠦᠢᠯᠭᠡᠭᠡᠨ ᠤ | ᠺᠣᠮᠫᠠᠨᠢ 17 ᠪᠠᠶᠢᠭᠤᠯᠵᠤ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠷᠠᠯᠵᠢᠶᠠᠯᠠᠭᠰᠠᠨ ᠲᠤᠭ᠎ᠠ 5.98 | ᠳ᠋ᠦᠩᠰᠢᠭᠤᠷ ᠲᠥᠭᠦᠷᠢᠭ ᠲᠤ ᠬᠥᠷᠪᠡ᠃ ᠠᠷᠠᠳ ᠤᠨ ᠣᠷᠣᠨ ᠰᠠᠭᠤᠴᠠ ᠶᠢᠨ ᠵᠢᠭᠤᠯᠴᠢᠯᠠᠯ ᠂ ᠮᠥᠩᠭᠦᠨ ᠭᠦᠢᠯᠭᠡᠭᠡ | ᠳᠠᠭᠠᠳᠬᠠᠯ ᠂ ᠵᠠᠭᠤᠴᠢᠯᠠᠬᠤ ᠯᠠᠪᠯᠠᠯᠭ᠎ᠠ ᠂ ᠰᠣᠶᠣᠯ ᠤᠨ ᠵᠠᠭᠤᠴᠢ ᠵᠡᠷᠭᠡ ᠰᠢᠨ᠎ᠡ ᠪᠠᠷ ᠬᠥᠭᠵᠢᠭᠰᠡᠨ ᠦᠢᠯᠡᠴᠢᠯᠡᠭᠡᠨ ᠤ | ᠦᠢᠯᠡᠰ ᠤᠨ ᠬᠡᠯᠪᠡᠷᠢ ᠪᠠᠶᠢᠳᠠᠯ ᠲᠦᠷᠭᠡᠨ ᠬᠥᠭᠵᠢᠪᠡ ᠃ | ᠲᠦᠷᠪᠡᠨ ᠵᠢᠯ ᠵᠠᠮ ᠨᠡᠭᠡᠭᠡᠨ ᠤᠷᠤᠭᠰᠢᠯᠠᠵᠤ ᠂ ᠪᠢᠳᠡ ᠬᠦᠴᠦᠨ ᠢᠶᠠᠨ ᠲᠥᠪᠯᠡᠷᠡᠭᠦᠯᠦᠨ ᠤᠷᠢᠳᠠᠪᠠᠷ | ᠬᠡᠷᠡᠭᠵᠢᠭᠦᠯᠵᠦ ᠤᠷᠢᠳᠠᠪᠠᠷ ᠲᠤᠷᠰᠢᠵᠤ ᠂ ᠥᠭᠡᠷᠡᠴᠢᠯᠡᠯᠲᠡ ᠨᠡᠭᠡᠭᠡᠯᠲᠡ᠂ ᠬᠥᠭᠵᠢᠯᠲᠡ ᠶᠢᠨ ᠠᠮᠢᠵᠢᠷᠠᠯ ᠤᠨ ᠬᠦᠴᠦᠨ ᠢ | ᠨᠡᠩ ᠡᠷᠴᠢᠮᠲᠡᠢ ᠪᠣᠯᠭᠠᠪᠠ ᠃ 749 ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠡᠬᠢᠯᠡᠭᠦᠯᠦᠨ ᠬᠡᠷᠡᠭᠵᠢᠭᠦᠯᠵᠦ ᠂ | ᠨᠢᠭᠡ ᠪᠦᠯᠦᠭ ᠴᠢᠬᠤᠯᠠ ᠬᠦᠷᠢᠶ᠎ᠡ ᠪᠠ ᠵᠠᠩᠭᠢᠯᠠᠭ᠎ᠠ ᠶᠢᠨ ᠭᠤᠭᠴᠤᠭ᠎ᠠ ᠶᠢᠨ ᠥᠭᠡᠷᠡᠴᠢᠯᠡᠯᠲᠡ ᠮᠥᠨ ᠴᠢᠨᠠᠷ ᠤᠨ | ᠠᠬᠢᠯᠲᠠ ᠲᠠᠢ ᠪᠣᠯᠪᠠ ᠃ ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠳᠦᠷᠢᠮ ᠤᠨ | ᠥᠭᠡᠷᠡᠴᠢᠯᠡᠯᠲᠡ ᠴᠢᠬᠤᠯᠠ ᠶᠡᠭᠡ ᠠᠬᠢᠴᠠ ᠲᠠᠢ ᠪᠣᠯᠵᠤ ᠂ ᠬᠥᠳᠡᠭᠡ ᠲᠣᠰᠬᠤᠨ ᠤ ᠭᠠᠵᠠᠷ ᠰᠢᠷᠣᠢ ᠶᠢᠨ ᠡᠷᠬᠡ ᠶᠢ | ᠨᠤᠲᠠᠯᠠᠨ ᠲᠣᠭᠲᠠᠭᠠᠬᠤ ᠂ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠤᠨ ᠭᠡᠷ ᠪᠠᠶᠢᠰᠢᠩ ᠭᠠᠵᠠᠷ | ᠰᠢᠷᠣᠢ ᠶᠢ ᠨᠢᠭᠡ ᠴᠣᠭᠴᠠᠵᠢᠭᠤᠯᠤᠨ ᠡᠷᠬᠡ ᠶᠢ ᠨᠤᠲᠠᠯᠠᠨ ᠦᠨᠡᠮᠯᠡᠯ ᠣᠯᠭᠤᠭᠰᠠᠨ ᠨᠤᠷᠮ᠎ᠠ ᠲᠤᠰ ᠲᠤᠰ 90% ᠪᠠ | 98% ᠳᠤ ᠬᠦᠷᠪᠡ ᠃ ᠬᠠᠤᠯᠢ ᠪᠠᠷ ᠵᠠᠰᠠᠬᠤ ᠬᠦᠷᠢᠶᠡᠨ ᠳᠠᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ | ︽ᠭᠤᠷᠪᠠᠨ ᠴᠢᠬᠤᠯᠠ ᠨᠢᠭᠡ ᠶᠡᠭᠡ︾ ᠶᠢᠨ ᠬᠠᠮᠲᠤ ᠶᠢᠨ ᠰᠢᠢᠳᠪᠦᠷᠢᠲᠦ ᠪᠣᠳᠣᠯᠭ᠎ᠠ ᠂ ᠴᠢᠬᠤᠯᠠ ᠶᠡᠭᠡ ᠵᠠᠰᠠᠭ | ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠵᠡᠷᠭᠡ ᠠᠯᠢ ᠤᠯᠠᠨ | ᠲᠦᠷᠦ ᠶᠢᠨ ᠪᠣᠳᠣᠯᠭ᠎ᠠ ᠶᠢ ᠲᠣᠭᠲᠠᠭᠠᠵᠤ ᠂ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ 80 ᠬᠤᠪᠢ | ᠢᠯᠭᠠᠷᠠᠭᠤᠯᠤᠨ ᠲᠢᠭᠯᠡᠪᠡ ︔ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ᠂ | ᠰᠢᠶᠠᠩ ᠪᠠᠯᠭᠠᠰᠤ ᠶᠢᠨ ᠶᠡᠷᠦᠩᠬᠡᠶᠢᠯᠡᠭᠰᠡᠨ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠬᠠᠤᠯᠢ ᠬᠡᠷᠡᠭᠵᠢᠭᠦᠯᠬᠦ | ᠬᠦᠴᠦᠨ ᠤ ᠥᠭᠡᠷᠡᠴᠢᠯᠡᠯᠲᠡ ᠶᠢ ᠤᠷᠤᠭᠰᠢᠲᠠᠢ ᠪᠡᠶᠡᠯᠡᠭᠦᠯᠵᠦ᠂ ︽ᠭᠤᠷᠪᠠᠨ ᠵᠦᠢᠯ ᠤᠨ ᠳᠦᠷᠢᠮ︾ ᠢ ᠪᠥᠬᠦ | ᠲᠠᠯ᠎ᠠ ᠪᠠᠷ ᠨᠠᠶᠢᠳᠠᠪᠤᠷᠢᠵᠢᠭᠤᠯᠤᠨ᠂ ᠬᠠᠤᠯᠢ ᠶᠣᠰᠣᠭᠠᠷ ᠵᠠᠰᠠᠬᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠥᠬᠦ | ᠬᠦᠴᠦᠨ ᠢᠶᠠᠷ ᠢᠶᠠᠨ ᠠᠬᠢᠭᠤᠯᠵᠤ᠂ ᠡᠷᠬᠡ ᠲᠡᠭᠰᠢ ᠲᠥᠪ ᠭᠤᠥᠯᠴᠢ ᠬᠠᠤᠯᠢ ᠪᠠᠷ ᠵᠠᠰᠠᠬᠤ ᠣᠷᠴᠢᠨ ᠲᠣᠭᠤᠷᠢᠨ ᠢ | ᠬᠦᠴᠦᠯᠡᠨ ᠪᠦᠷᠢᠨᠰᠢᠭᠦᠯᠪᠡ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠠᠷ ᠭᠤᠣᠯ ᠰᠢᠵᠢᠮ | ᠪᠣᠯᠭᠠᠵᠤ ᠂ ︽ ᠪᠠᠭᠤᠯᠭᠠᠬᠤ ᠬᠠᠮᠢᠶᠠᠷᠬᠤ ᠦᠢᠯᠡᠴᠢᠯᠡᠬᠦ ︾ ᠥᠭᠡᠷᠡᠴᠢᠯᠡᠯᠲᠡ ᠶᠢ ᠭᠦᠨᠵᠡᠭᠡᠢ ᠬᠡᠷᠡᠭᠵᠢᠭᠦᠯᠵᠦ ᠂ | ᠬᠠᠷᠢᠴᠠᠩᠭᠤᠢ ᠪᠠᠷ ᠲᠥᠪᠯᠡᠷᠡᠭᠰᠡᠨ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢᠨ ᠥᠭᠡᠷᠡᠴᠢᠯᠡᠯᠲᠡ ᠶᠢᠨ | ᠲᠤᠷᠰᠢᠯᠲᠠ ᠶᠢᠨ ᠠᠵᠢᠯ ᠢ ᠪᠦᠬᠦ ᠬᠤᠳᠠ ᠳᠤ ᠡᠩ ᠲᠡᠷᠢᠭᠦᠨ ᠳᠤ ᠲᠦᠯᠬᠢᠨ ᠠᠬᠢᠭᠤᠯᠵᠤ ᠂ ᠵᠠᠰᠠᠭ ᠵᠠᠬᠢᠷᠭᠠᠨ ᠤ | ᠡᠷᠬᠡ ᠶᠢᠨ ᠵᠦᠢᠯᠡᠰ ᠢ 149 ᠴᠥᠭᠡᠳᠬᠡᠵᠦ ᠂ ᠰᠢᠢᠳᠪᠦᠷᠢᠯᠡᠬᠦ ᠶᠠᠪᠤᠴᠠ ᠶᠢ 46 ᠰᠢᠯᠢᠳᠡᠭᠵᠢᠭᠦᠯᠵᠦ ᠂ ᠶᠠᠪᠤᠴᠠ ᠶᠢ | ᠰᠢᠯᠢᠳᠡᠭᠵᠢᠭᠦᠯᠦᠭᠰᠡᠨ ᠨᠤᠷᠮ᠎ᠠ 51.75% ᠳᠤ ᠬᠦᠷᠪᠡ ᠃ ᠬᠤᠳᠠᠯᠳᠤᠭᠠᠨ ᠤ ᠶᠠᠪᠤᠳᠠᠯ ᠤᠨ ᠳᠦᠷᠢᠮ ᠤᠨ | ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠤᠨ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢᠨ ᠲᠠᠪᠴᠠᠩ ᠢ ᠪᠠᠶᠢᠭᠤᠯᠵᠤ᠂ ᠨᠡᠶᠢᠯᠡᠭᠦᠯᠦᠨ | ᠬᠢᠨᠠᠨ ᠵᠥᠪᠰᠢᠶᠡᠷᠡᠬᠦ ᠶᠢ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠵᠡᠷᠭᠡ ᠲᠦᠷᠦ ᠶᠢᠨ ᠪᠣᠳᠣᠯᠭ᠎ᠠ ᠶᠢ | ᠴᠢᠩᠭ᠎ᠠ ᠬᠡᠷᠡᠭᠵᠢᠭᠦᠯᠵᠦ ᠂ ᠭᠠᠶᠢᠯᠢ ᠶᠢᠨ ᠣᠷᠣᠯᠭ᠎ᠠ ᠶᠢ ᠨᠡᠶᠢᠳᠡ 8.46 ᠳ᠋ᠦᠩᠰᠢᠭᠤᠷ ᠲᠥᠭᠦᠷᠢᠭ ᠬᠠᠰᠤᠵᠤ | ᠬᠡᠯᠲᠦᠷᠢᠭᠦᠯᠪᠡ ᠃ ︽ᠳᠥᠷᠪᠡᠨ ᠶᠡᠭᠡ ᠤᠳᠤᠷᠢᠳᠬᠤ ᠪᠠᠭ︾ ᠤᠨ ᠤᠳᠤᠷᠢᠳᠤᠯᠭ᠎ᠠ ᠶᠢᠨ ᠳᠠᠭᠠᠭᠠᠴᠢᠯᠠᠨ | ᠬᠤᠯᠪᠣᠭᠠᠯᠠᠬᠤ ᠠᠵᠤ ᠠᠬᠤᠶᠢᠯᠠᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠮᠠᠯᠠᠯᠲᠠ ᠶᠢᠨ ᠵᠦᠢᠯᠡᠰ ᠢ ᠢᠳᠡᠪᠬᠢᠲᠡᠢ ᠪᠠᠷ ᠪᠡᠶᠡᠯᠡᠭᠦᠯᠵᠦ᠂ ᠰᠠᠶᠢᠨ | ᠰᠠᠶᠢᠬᠠᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠬᠦᠴᠦᠯᠡᠨ ᠪᠣᠶ ᠪᠣᠯᠭᠠᠪᠡ᠃ ᠭᠠᠳᠠᠭᠠᠳᠤ ᠲᠠᠢ ᠴᠢᠯᠦᠭᠡᠲᠡᠢ | ᠶᠠᠪᠤᠯᠴᠠᠭᠠᠳ ᠪᠣᠳᠠᠲᠤ ᠦᠷ᠎ᠡ ᠪᠦᠲᠦᠮᠵᠢ ᠣᠯᠵᠤ ᠪᠦᠬᠦ ᠰᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ | ᠭᠠᠷᠭᠠᠬᠤ ᠡᠷᠬᠡ ᠪᠦᠬᠦᠢ ᠠᠵᠤ ᠠᠬᠤᠶᠢᠯᠠᠯ 21 ᠪᠣᠯᠵᠤ ᠂ ᠬᠤᠪᠴᠠᠰᠤ ᠬᠤᠨᠠᠷ ᠂ ᠬᠠᠶᠢᠯᠤᠰᠢ ᠶᠢᠨ ᠰᠢᠨ᠎ᠡ | ᠮᠠᠲ᠋ᠧᠷᠢᠶᠠᠯ ᠢ ᠭᠠᠳᠠᠭᠠᠳᠤ ᠳᠤ ᠭᠠᠷᠭᠠᠵᠤ ᠭᠤᠪᠢᠭᠤᠯᠭ᠎ᠠ ᠣᠯᠣᠭᠰᠠᠨ ᠨᠢ ᠨᠡᠶᠢᠳᠡ 1265 ᠲᠦᠮᠡᠨ ᠳ᠋ᠣᠯᠯᠠᠷ ᠲᠤ | ᠬᠦᠷᠴᠡᠢ ᠃ | ᠲᠦᠷᠪᠡᠨ ᠵᠢᠯ ᠳᠤ ᠯᠠᠪᠳᠠᠭᠤᠨ ᠪᠠᠲᠤᠲᠠᠢ ᠠᠵᠢᠯᠯᠠᠵᠤ ᠂ ᠪᠢᠳᠡ ᠨᠢᠭᠡᠳᠦᠯᠲᠡᠢ ᠲᠥᠯᠥᠪᠵᠢᠭᠦᠯᠦᠨ ᠡᠬᠢ | ᠰᠤᠷᠪᠤᠯᠵᠢ ᠶᠢᠨ ᠦᠢᠯᠡᠳᠪᠦᠷᠢ ᠶᠢᠨ ᠰᠢᠭᠤᠳ ᠬᠠᠩᠭᠠᠬᠤ ᠬᠤᠭᠤᠯᠠᠢ ᠶᠢᠨ ᠲᠣᠣᠷ ᠬᠠᠭᠠᠷᠠᠵᠤ ᠪᠠᠴᠢᠮ ᠪᠠᠶᠢᠳᠠᠯ ᠢ | ᠠᠷᠭᠠᠴᠠᠵᠤ ᠠᠶᠤᠯ ᠠᠴᠠ ᠠᠪᠤᠷᠠᠬᠤ ᠠᠳᠡᠯ ᠢ ᠠᠮᠵᠢᠯᠲᠠᠲᠠᠢ ᠰᠢᠢᠳᠪᠦᠷᠢᠯᠡᠭᠰᠡᠨ ᠤ ᠳᠠᠷᠠᠭ᠎ᠠ᠂ ᠵᠢᠭᠡᠯᠡᠯᠭᠡ ᠶᠢᠨ | ᠲᠡᠮᠳᠡᠭᠲᠦ ᠶᠢᠨ ᠪᠡᠯᠡ ᠮᠥᠩᠭᠦ ᠶᠢ ᠢᠳᠡᠪᠬᠢᠲᠡᠢ ᠪᠠᠷ ᠣᠯᠵᠤ᠂ 27 ᠬᠠᠭᠤᠴᠢᠨ ᠰᠠᠭᠤᠭᠠᠯᠢ ᠲᠣᠭᠤᠷᠢᠭ ᠤᠨ | ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠬᠠᠭᠤᠴᠢᠨ ᠤᠰᠤ ᠬᠠᠩᠭᠠᠬᠤ᠂ ᠢᠯᠴᠢ ᠬᠠᠩᠭᠠᠬᠤ᠂ ᠪᠣᠬᠢᠷ | ᠤᠰᠤᠨ ᠤ ᠬᠤᠭᠤᠯᠠᠢ ᠶᠢᠨ ᠲᠣᠣᠷ ᠤᠨ ᠥᠭᠡᠷᠡᠴᠢᠯᠡᠯᠲᠡ ᠶᠢ 92.65 ᠺᠢᠯᠣᠮᠧᠲᠷ᠂ ᠬᠠᠭᠤᠴᠢᠨ ᠬᠤᠲᠠ ᠶᠢᠨ | ᠶᠠᠪᠤᠳᠠᠯ ᠤᠨ ᠵᠠᠮ ᠤᠨ ᠭᠠᠳᠠᠷᠭᠤ ᠶᠢ 33 ᠲᠦᠮᠡᠨ ᠲᠡᠭᠰᠢ ᠳᠥᠷᠪᠡᠯᠵᠢᠨ ᠮᠧᠲᠷ ᠥᠭᠡᠷᠡᠴᠢᠯᠡᠵᠦ᠂ ᠬᠤᠸᠠᠳᠧ ︱ | ᠾᠧᠪᠧᠢ ᠶᠢᠨ ᠵᠠᠭᠠᠭ ︵X555︶ ᠤᠨ 30 ᠺᠢᠯᠣᠮᠧᠲᠷ ᠤᠨ ᠬᠤᠶᠠᠳᠤᠭᠠᠷ ᠳᠡᠰ ᠤᠨ ᠵᠠᠰᠠᠮᠠᠯ ᠵᠠᠮ ᠤᠨ | ᠥᠭᠡᠷᠡᠴᠢᠯᠡᠯᠲᠡ ᠶᠢᠨ ᠢᠨᠵᠧᠨᠧᠷᠢᠩ ᠢ ᠪᠡᠶᠡᠯᠡᠭᠦᠯᠵᠦ᠂ 7 ᠲᠡᠷᠭᠡᠨ ᠵᠣᠭᠰᠣᠭᠠᠯ ᠢ ᠪᠠᠶᠢᠭᠤᠯᠤᠨ ᠳᠠᠭᠤᠰᠬᠠᠵᠤ᠂ | ᠣᠯᠠᠨ ᠲᠦᠮᠡᠨ ᠤ ᠪᠠᠴᠢᠮ ᠪᠡᠷᠬᠡ ᠵᠣᠪᠠᠵᠤ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠤᠷᠢᠯᠡᠪᠡ᠃ ᠣᠷᠴᠢᠨ | ᠲᠣᠭᠤᠷᠢᠨ ᠤ ᠡᠷᠡᠭᠦᠯ ᠬᠠᠮᠠᠭᠠᠯᠠᠯ ᠤᠨ ᠮᠡᠳᠡᠭᠡ ᠵᠠᠩᠭᠢ ᠶᠢᠨ ᠰᠦᠯᠵᠢᠶᠡᠨ ᠤ ᠬᠠᠮᠢᠶᠠᠷᠤᠯᠲᠠ ᠶᠢᠨ ᠣᠶᠤᠨᠲᠤ | ᠲᠠᠪᠴᠠᠩ ᠢ ᠪᠠᠶᠢᠭᠤᠯᠵᠤ᠂ 5G ᠶᠢᠨ ᠰᠦᠯᠵᠢᠶᠡᠨ ᠤ ᠰᠠᠭᠤᠷᠢ ᠥᠷᠲᠡᠭᠡ ᠶᠢ 37 ᠪᠠᠶᠢᠭᠤᠯᠵᠤ᠂ ᠣᠶᠤᠨᠲᠤ | ᠬᠤᠲᠠ ᠶᠢᠨ ᠠᠩᠬᠠᠨ ᠤ ᠲᠥᠯᠥᠪ ᠲᠠᠢ ᠪᠣᠯᠪᠠ᠃ ᠪᠦᠬᠦ ᠰᠢᠶᠠᠨ ᠤ ᠬᠤᠲᠠ ᠶᠢᠨ ᠣᠷᠴᠢᠨ ᠲᠣᠭᠤᠷᠢᠨ ᠤ ᠡᠷᠡᠭᠦᠯ | ᠬᠠᠮᠠᠭᠠᠯᠠᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠵᠦ᠂ ᠬᠤᠲᠠ ᠶᠢᠨ ᠲᠣᠭᠤᠷᠢᠭ ᠤᠨ | ᠳᠣᠲᠣᠷᠠᠬᠢ ᠬᠤᠶᠠᠷ ᠭᠤᠣᠯᠳᠠᠯᠭ᠎ᠠ ᠲᠠᠢ ᠣᠷᠣᠨ ᠪᠦᠰᠡ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ | ᠲᠥᠪᠯᠡᠷᠡᠭᠦᠯᠦᠨ ᠴᠡᠭᠴᠡᠯᠡᠨ ᠵᠠᠰᠠᠵᠤ᠂ ᠬᠤᠲᠠ ᠲᠣᠭᠤᠷᠢᠭ ᠤᠨ ᠣᠷᠴᠢᠨ ᠲᠣᠭᠤᠷᠢᠨ ᠢ ᠤᠯᠠᠮ ᠨᠢᠭᠡ ᠠᠯᠬᠤᠮ | ᠰᠠᠶᠢᠵᠢᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠴᠡᠴᠡᠷᠯᠢᠭᠵᠢᠭᠦᠯᠦᠭᠰᠡᠨ ᠰᠢᠶᠠᠨ ᠤ ᠬᠤᠲᠠ᠂ ᠡᠷᠡᠭᠦᠯ | ᠬᠠᠮᠠᠭᠠᠯᠠᠯ ᠤᠨ ᠰᠢᠶᠠᠨ ᠤ ᠬᠤᠲᠠ ᠶᠢ ᠤᠯᠠᠮ ᠨᠢᠭᠡ ᠠᠯᠬᠤᠮ ᠪᠠᠬᠢᠵᠢᠭᠦᠯᠵᠦ᠂ ᠤᠯᠤᠰ ᠤᠨ ᠢᠳᠡᠭᠡᠨ ᠤ ᠠᠮᠤᠷ | ᠲᠦᠪᠰᠢᠨ ᠤ ᠵᠢᠱᠢᠶ᠎ᠡ ᠦᠵᠡᠭᠦᠯᠬᠦ ᠬᠤᠲᠠ ᠪᠠ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠯᠪᠠᠰᠤᠨ ᠰᠢᠶᠠᠨ ᠤ | ᠬᠤᠲᠠ ᠶᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠢᠶᠠᠷ ᠠᠬᠢᠭᠤᠯᠵᠤ᠂ ᠬᠤᠲᠠ ᠪᠠᠯᠭᠠᠰᠤ ᠶᠢᠨ ᠴᠢᠳᠠᠮᠵᠢ᠂ | ᠴᠢᠨᠠᠷ ᠲᠠᠰ᠂ ᠳᠠᠭᠠᠭᠠᠴᠠ ᠪᠠ ᠰᠠᠭᠤᠷᠢᠰᠢᠬᠤ ᠳᠤ ᠲᠣᠬᠢᠷᠠᠮᠵᠢᠲᠠᠢ ᠬᠡᠮᠵᠢᠶ᠎ᠡ ᠶᠢ ᠤᠯᠠᠮ ᠨᠢᠭᠡ ᠠᠯᠬᠤᠮ | ᠳᠡᠭᠡᠭᠰᠢᠯᠡᠭᠦᠯᠦᠨ᠂ ᠪᠠᠶᠢᠩᠭᠤ ᠰᠠᠭᠤᠭ᠎ᠠ ᠬᠥᠮᠥᠨ ᠠᠮᠠ ᠶᠢᠨ ᠬᠤᠲᠠ ᠪᠠᠯᠭᠠᠰᠤᠵᠢᠯᠲᠠ ᠶᠢᠨ ᠨᠣᠷᠮ᠎ᠠ ᠶᠢ 67% ᠳᠤ | ᠬᠦᠷᠦᠭᠦᠯᠪᠡ᠃ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠪᠠ ᠤᠯᠠᠨ ᠨᠡᠶᠢᠲᠡ ᠶᠢᠨ ᠦᠢᠯᠡᠴᠢᠯᠡᠭᠡᠨ ᠤ | ᠰᠢᠰᠲ᠋ᠧᠮ ᠤᠨ ᠪᠠᠶᠢᠭᠤᠯᠤᠯᠲᠠ ᠡᠳᠦᠷ ᠢᠷᠡᠬᠦᠶ᠎ᠡ ᠲᠡᠭᠦᠯᠳᠡᠷᠵᠢᠵᠦ ᠂ ᠬᠥᠳᠡᠭᠡ ᠲᠣᠰᠬᠤᠨ ᠤ ᠵᠠᠮ ᠤᠨ ᠰᠠᠭᠠᠳ | ᠦᠭᠡᠢ ᠨᠡᠪᠲᠡᠷᠡᠬᠦ ᠨᠤᠷᠮ᠎ᠠ ᠂ ᠴᠠᠬᠢᠯᠭᠠᠨ ᠨᠡᠪᠲᠡᠷᠡᠬᠦ ᠨᠤᠷᠮ᠎ᠠ ᠂ ᠷᠠᠳᠢᠣ᠋ ᠨᠡᠪᠲᠡᠷᠡᠭᠦᠯᠭᠡ ᠲᠧᠯᠸᠢᠰ ᠪᠠ ᠰᠢᠯᠵᠢᠮᠡᠯ | ᠰᠦᠯᠵᠢᠶ᠎ᠡ ᠶᠢᠨ ᠪᠦᠷᠬᠦᠴᠡ ᠶᠢᠨ ᠨᠤᠷᠮ᠎ᠠ ᠴᠥᠮ 100% ᠳᠤ ᠬᠦᠷᠪᠡ ᠃ ᠰᠢ ᠶᠢᠨ ᠫᠢᠩ ᠶᠡᠷᠦᠩᠬᠡᠢ ᠱᠦᠵᠢ ᠶᠢᠨ | ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠢ ᠲᠤᠭᠤᠰᠢᠯᠠᠭᠤᠯᠵᠤ᠂ ᠡᠷᠦᠬᠡ ᠶᠢᠨ ᠵᠣᠷᠯᠣᠩ ᠢ | ᠴᠡᠭᠴᠡᠯᠡᠨ ᠰᠠᠶᠢᠵᠢᠷᠠᠭᠤᠯᠬᠤ ᠶᠢ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠠ ᠠᠷᠠᠳ ᠤᠨ ᠠᠮᠢᠳᠤᠷᠠᠯ ᠤᠨ | ᠢᠨᠵᠧᠨᠧᠷᠢᠩ ᠪᠣᠯᠭᠠᠵᠤ᠂ ᠡᠷᠦᠬᠡ ᠶᠢᠨ ᠵᠣᠷᠯᠣᠩ ᠢ ᠪᠠᠶᠢᠴᠠᠭᠠᠨ ᠢᠯᠡᠴᠢᠯᠡᠵᠦ ᠴᠡᠭᠴᠡᠯᠡᠨ ᠰᠠᠶᠢᠵᠢᠷᠠᠭᠤᠯᠬᠤ ᠠᠵᠢᠯ ᠢ | ᠤᠷᠤᠭᠰᠢᠲᠠᠢ ᠪᠡᠶᠡᠯᠡᠭᠦᠯᠪᠡ᠃ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ | ᠴᠡᠭᠴᠡᠯᠡᠨ ᠵᠠᠰᠠᠬᠤ ᠪᠣᠭᠤᠮᠲᠠ ᠰᠢᠪᠲᠤᠯᠤᠯᠲᠠ ᠶᠢ ᠲᠥᠪᠯᠡᠷᠡᠭᠦᠯᠦᠨ ᠰᠢᠢᠳᠪᠦᠷᠢᠯᠡᠬᠦ ᠠᠵᠢᠯᠯᠠᠭ᠎ᠠ ᠶᠢ ᠯᠠᠪᠳᠠᠭᠤᠨ | ᠪᠠᠲᠤᠲᠠᠢ ᠥᠷᠨᠢᠭᠦᠯᠵᠦ ᠂ ᠬᠥᠳᠡᠭᠡ ᠲᠣᠰᠬᠤᠨ ᠤ ᠳᠦᠷᠰᠦ ᠪᠠᠶᠢᠳᠠᠯ ᠢ ᠲᠤᠶᠢᠯ ᠤᠨ ᠶᠡᠭᠡ ᠪᠠᠷ ᠰᠠᠶᠢᠵᠢᠷᠠᠭᠤᠯᠪᠠ ᠃ | ᠰᠢᠶᠠᠨ ᠤ ᠱᠠᠲᠤᠨ ᠤ ᠠᠯᠪᠠᠨ ᠵᠢᠷᠤᠮ ᠤᠨ ᠮᠣᠳᠣ ᠲᠠᠷᠢᠬᠤ ᠰᠠᠭᠤᠷᠢᠨ ᠭᠠᠵᠠᠷ ᠤᠨ ᠲᠠᠯᠠᠪᠠᠶ ᠶᠢ ᠤᠯᠠᠮ ᠨᠢᠭᠡ | ᠠᠯᠬᠤᠮ ᠥᠷᠭᠡᠳᠬᠡᠵᠦ᠂ ᠨᠣᠭᠤᠭᠠᠷᠠᠭᠤᠯᠤᠯᠲᠠ ᠶᠢᠨ ᠦᠷ᠎ᠡ ᠪᠦᠲᠦᠭᠡᠯ ᠢ ᠪᠥᠬᠦ ᠰᠢᠶᠠᠨ ᠳᠤ ᠬᠦᠷᠲᠡᠭᠡᠵᠦ᠂ | ᠨᠣᠭᠤᠭᠠᠷᠠᠭᠤᠯᠤᠯᠲᠠ ᠶᠢᠨ ᠪᠠᠷᠢᠮᠵᠢᠶ᠎ᠠ ᠳᠤ ᠭᠦᠷᠦᠭᠰᠡᠨ 34 ᠲᠣᠰᠬᠤᠨ᠂ ᠤᠯᠤᠰ ᠤᠨ ᠲᠠᠰ ᠤᠨ ᠪᠣᠯᠪᠠᠰᠤᠨ | ᠲᠣᠰᠬᠤᠨ 1᠂ ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠱᠢᠶ᠎ᠡ ᠦᠵᠡᠭᠦᠯᠬᠦ ᠲᠣᠰᠬᠤᠨ 5᠂ ᠬᠤᠲᠠ ᠶᠢᠨ | ᠲᠠᠰ ᠤᠨ ᠪᠠᠷᠢᠮᠵᠢᠶ᠎ᠠ ᠳᠤ ᠭᠦᠷᠦᠭᠰᠡᠨ ᠲᠣᠰᠬᠤᠨ 27 ᠶᠢ ᠠᠮᠵᠢᠯᠲᠠ ᠲᠠᠢ ᠪᠠᠷ ᠡᠭᠦᠳᠦᠨ ᠪᠠᠶᠢᠭᠤᠯᠵᠤ᠂ ᠲᠠᠷᠢᠶᠠᠯᠠᠩ | ᠬᠥᠳᠡᠭᠡ ᠲᠣᠰᠬᠤᠨ ᠤ ᠶᠠᠮᠤᠨ ᠠᠴᠠ ︽ᠪᠥᠬᠦ ᠤᠯᠤᠰ ᠤᠨ ᠨᠢᠭᠡ ᠲᠣᠰᠬᠤᠨ ᠨᠢᠭᠡ ᠦᠢᠯᠡᠳᠬᠦᠨ ᠤ ᠵᠢᠱᠢᠶ᠎ᠡ | ᠦᠵᠡᠭᠦᠯᠬᠦ ᠲᠣᠰᠬᠤᠨ ᠪᠠᠯᠭᠠᠰᠤ︾ ᠪᠠᠷ ᠮᠢᠨ ᠯᠧ ᠲᠣᠰᠬᠤᠨ ᠢ ᠮᠠᠭᠠᠳᠯᠠᠨ ᠲᠣᠭᠲᠠᠭᠠᠪᠠ᠃ | ᠲᠦᠷᠪᠡᠨ ᠵᠢᠯ ᠤᠨ ᠴᠢᠷᠮᠠᠶᠢᠯᠭ᠎ᠠ ᠪᠠᠷ ᠂ ᠪᠢᠳᠡ ᠠᠷᠠᠳ ᠲᠦᠮᠡᠨ ᠢ ᠳᠡᠭᠡᠳᠦᠯᠡᠬᠦ ᠂ ᠠᠷᠠᠳ ᠲᠤ ᠠᠰᠢᠭ | ᠬᠦᠷᠲᠡᠭᠡᠬᠦ ᠶᠢ ᠪᠠᠷᠢᠮᠲᠠᠯᠠᠵᠤ ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠲᠠᠰᠤᠷᠠᠯᠲᠠ ᠦᠭᠡᠢ ᠳᠡᠭᠡᠭᠰᠢᠯᠡᠭᠦᠯᠪᠡ ᠃ | ᠬᠤᠯᠤᠭᠠᠨ᠎ᠠ ᠶᠢᠨ ᠬᠢᠵᠢᠭ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠭᠠᠳᠠᠨ᠎ᠠ ᠠᠴᠠ ᠬᠠᠯᠳᠠᠪᠤᠷᠢᠯᠠᠭᠰᠠᠨ1 | ᠬᠤᠯᠤᠭᠠᠨ᠎ᠠ ᠶᠢᠨ ᠬᠢᠵᠢᠭ ᠤᠨ ᠡᠪᠡᠳᠴᠢᠲᠡᠨ ᠢ ᠠᠮᠵᠢᠯᠲᠠ ᠲᠠᠢ ᠪᠠᠷ ᠠᠪᠤᠷᠠᠨ ᠵᠠᠰᠠᠵᠤ᠂ ᠭᠠᠳᠠᠨ᠎ᠠ ᠠᠴᠠ | ᠬᠠᠯᠳᠠᠪᠤᠷᠢᠯᠠᠭᠰᠠᠨ2 ᠰᠢᠨ᠎ᠡ ᠺᠣᠷᠤᠨᠠ ᠠᠭᠤᠰᠬᠢᠨ ᠦᠷᠪᠢᠰᠦᠯ ᠤᠨ ᠡᠪᠡᠳᠴᠢᠨ ᠤ ᠵᠢᠱᠢᠶ᠎ᠡ ᠶᠢ ᠵᠠᠰᠠᠨ | ᠡᠳᠡᠭᠡᠷᠡᠭᠦᠯᠵᠦ᠂ ᠭᠠᠳᠠᠨ᠎ᠠ ᠠᠴᠠ ᠬᠠᠯᠳᠠᠪᠤᠷᠢᠯᠠᠬᠤ ᠶᠢ ᠰᠡᠷᠭᠡᠶᠢᠯᠡᠬᠦ ᠂ ᠳᠣᠲᠣᠭᠠᠳᠤ ᠳᠠᠭᠠᠨ ᠲᠠᠬᠢᠨ ᠡᠭᠦᠰᠬᠦ ᠶᠢ | ᠰᠡᠷᠭᠡᠶᠢᠯᠡᠬᠦ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠪᠠᠶᠢᠩᠭᠤᠵᠢᠭᠤᠯᠤᠨ ᠰᠠᠶᠢᠲᠤᠷ ᠬᠢᠵᠦ ᠂ | ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠮᠡᠨᠳᠤ ᠶᠢ ᠬᠦᠴᠦᠲᠡᠢ | ᠬᠠᠮᠠᠭᠠᠯᠠᠪᠡ᠃ᠠᠷᠠᠳ ᠤᠨ ᠠᠮᠢᠳᠤᠷᠠᠯ ᠤᠨ ᠵᠢᠯ ᠳᠤᠮᠳᠠᠴᠢ ᠶᠢᠨ ᠵᠠᠷᠤᠯᠭ᠎ᠠ ᠶᠢᠨ ᠡᠩ ᠤᠨ ᠣᠯᠠᠨ ᠨᠡᠶᠢᠲᠡ ᠶᠢᠨ | ᠲᠥᠰᠥᠪ ᠤᠨ ᠵᠠᠷᠤᠯᠭ᠎ᠠ ᠳᠠᠬᠢ ᠡᠵᠡᠯᠡᠬᠦ ᠬᠤᠪᠢ ᠵᠢᠨᠠᠵᠢᠯ ᠣᠯᠭᠤᠯᠲᠠ ᠶᠢᠨ ᠪᠠᠶᠢᠳᠠᠯ ᠰᠠᠶᠢᠨ ᠪᠠᠶᠢᠵᠤ᠂ ᠤᠷ᠎ᠠ | ᠴᠢᠳᠠᠪᠤᠷᠢ ᠶᠢᠨ ᠪᠣᠯᠪᠠᠰᠤᠷᠠᠭᠤᠯᠤᠯ ᠢ ᠨᠡᠶᠢᠳᠡᠮ ᠬᠡᠷᠡᠭᠵᠢᠭᠦᠯᠵᠦ᠂ ᠠᠵᠢᠯ ᠠᠯᠳᠠᠯᠲᠠ ᠶᠢᠨ ᠨᠣᠷᠮ᠎ᠠ ᠶᠢ 4.3% ᠳᠤ | ᠬᠢᠵᠠᠭᠠᠷᠯᠠᠪᠠ᠃ ᠨᠡᠶᠢᠭᠡᠮ ᠤᠨ ᠪᠠᠲᠤᠯᠠᠭ᠎ᠠ ᠶᠢᠨ ᠳᠠᠭᠠᠳᠬᠠᠯ ᠳᠤ ᠣᠷᠣᠯᠴᠠᠭᠰᠠᠨ ᠨᠤᠷᠮ᠎ᠠ ᠶᠢ 100% ᠳᠤ | ᠬᠦᠷᠭᠡᠵᠦ ᠂ ᠡᠮ ᠡᠮᠨᠡᠯᠭᠡ ᠂ ᠠᠵᠢᠯ ᠠᠯᠳᠠᠯᠲᠠ ᠵᠡᠷᠭᠡ ᠨᠡᠶᠢᠭᠡᠮ ᠤᠨ ᠳᠠᠭᠠᠳᠬᠠᠯ ᠤᠨ ᠪᠠᠲᠤᠯᠠᠬᠤ ᠶᠣᠰᠣᠲᠠᠢ ᠶᠢ ᠨᠢ | ᠴᠥᠮ ᠪᠠᠲᠤᠯᠠᠬᠤ ᠶᠢ ᠦᠨᠳᠦᠰᠦᠨ ᠳᠡᠭᠡᠨ ᠪᠡᠶᠡᠯᠡᠭᠦᠯᠵᠦ ᠂ ᠮᠤᠵᠢ ᠠᠯᠤᠰᠯᠠᠨ ᠣᠨᠳᠣᠣ ᠭᠠᠵᠠᠷ ᠲᠤ ᠡᠮᠨᠡᠭᠦᠯᠦᠭᠰᠡᠨ | ᠵᠠᠷᠤᠳᠠᠯ ᠢ ᠰᠢᠭᠤᠳ ᠲᠠᠰᠤᠯᠤᠨ ᠪᠤᠳᠤᠬᠤ ᠠᠵᠢᠯ ᠢ ᠪᠦᠬᠦ ᠲᠠᠯ᠎ᠠ ᠪᠠᠷ ᠬᠡᠷᠡᠭᠵᠢᠭᠦᠯᠪᠡ ᠃ ᠰᠤᠷᠭᠠᠨ ᠬᠥᠮᠦᠵᠢᠯ ᠤᠨ | ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠢ ᠲᠦᠯᠬᠢᠨ ᠠᠬᠢᠭᠤᠯᠵᠤ ᠂ ᠰᠤᠷᠭᠠᠨ ᠬᠥᠮᠦᠵᠢᠯ ᠤᠨ | ︽ᠬᠤᠶᠠᠷ ᠢ ᠪᠠᠭᠠᠰᠬᠠᠬᠤ︾ ᠲᠦᠷᠦ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ ᠂ ᠰᠤᠷᠭᠠᠨ ᠬᠥᠮᠦᠵᠢᠯ ᠵᠢᠭᠠᠨ | ᠰᠤᠷᠭᠠᠯᠲᠠ ᠶᠢᠨ ᠶᠠᠰᠤ ᠴᠢᠨᠠᠷ ᠢ ᠯᠠᠪᠳᠠᠭᠤᠨ ᠢᠶᠠᠷ ᠳᠡᠭᠡᠭᠰᠢᠯᠡᠭᠦᠯᠵᠦ ᠂ ᠡᠯ᠎ᠡ ᠲᠦᠷᠦᠯ ᠤᠨ ᠰᠤᠷᠭᠠᠨ ᠬᠥᠮᠦᠵᠢᠯ ᠢ | ᠵᠣᠬᠢᠴᠠᠩᠭᠤᠢ ᠪᠠᠷ ᠬᠥᠭᠵᠢᠭᠦᠯᠪᠡ ᠃ ᠤᠯᠠᠭᠠᠨᠴᠠᠪ ᠬᠤᠲᠠ ᠶᠢᠨ ᠵᠢᠷᠭᠤᠳᠤᠭᠠᠷ ᠬᠤᠭᠤᠴᠠᠭᠠᠨ ᠤ ᠳᠤᠮᠳᠠᠳᠤ | ᠰᠤᠷᠭᠠᠭᠤᠯᠢ ᠶᠢᠨ ᠰᠤᠷᠤᠭᠴᠢᠳ ᠤᠨ ᠪᠡᠶ᠎ᠡ ᠲᠠᠮᠢᠷ ᠤᠨ ᠤᠷᠤᠯᠳᠤᠭᠠᠨ ᠢ ᠠᠮᠵᠢᠯᠲᠠ ᠲᠠᠢ ᠶᠠᠪᠤᠭᠳᠠᠭᠤᠯᠪᠠ᠃ | ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠢ ᠲᠦᠯᠬᠢᠨ | ᠠᠬᠢᠭᠤᠯᠵᠤ᠂ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠶᠢ ᠪᠦᠬᠦᠯᠢ ᠴᠣᠭᠴᠠ ᠪᠠᠷ ᠨᠢ ᠨᠡᠭᠦᠯᠭᠡᠬᠦ ᠶᠢ ᠪᠡᠶᠡᠯᠡᠭᠦᠯᠦᠨ | ᠂ ᠰᠢᠶᠠᠨ ᠤ ᠡᠮᠨᠡᠯᠭᠡ ᠶᠢᠨ ᠬᠤᠷᠢᠶ᠎ᠠ ᠶᠢᠨ ᠬᠠᠯᠳᠠᠪᠤᠷᠢᠲᠤ ᠡᠪᠡᠳᠴᠢᠨ ᠤ ᠥᠷᠥᠭᠡ ᠶᠢ ᠠᠰᠢᠭᠯᠠᠯᠲᠠ ᠳᠤ ᠣᠷᠣᠭᠤᠯᠵᠤ | ᠂ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ ᠲᠣᠰᠬᠤᠨ ᠤ ᠱᠠᠲᠤᠨ ᠤ ᠡᠷᠡᠭᠦᠯ ᠬᠠᠮᠠᠭᠠᠯᠠᠯ ᠤᠨ | ᠲᠠᠰᠤᠭ ᠢ ᠪᠦᠬᠦᠨ ᠢ ᠪᠠᠷᠢᠮᠵᠢᠶ᠎ᠠ ᠳᠤ ᠬᠦᠷᠦᠭᠦᠯᠵᠦ᠂ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ | ᠰᠢᠰᠲ᠋ᠧᠮᠵᠢ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠨ᠂ ︽ᠡᠷᠡᠭᠦᠯ ᠡᠩᠬᠡ ᠬᠤᠸᠠᠳᠧ︾ ᠶᠢᠨ | ᠪᠠᠶᠢᠭᠤᠯᠤᠯᠲᠠ ᠲᠤᠭᠲᠠᠭᠤᠨ ᠠᠬᠢᠭᠤᠯᠤᠭᠳᠠᠪᠠ᠃ ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ ᠤᠯᠠᠮ ᠨᠢᠭᠡ ᠠᠯᠬᠤᠮ | ᠴᠢᠩᠭᠠᠳᠬᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠲᠡᠭᠦᠰ ᠠᠮᠵᠢᠯᠲᠠ ᠲᠠᠢ | ᠲᠡᠭᠦᠰᠬᠡᠵᠦ᠂ ᠵᠠᠬᠢᠳᠠᠯ ᠰᠣᠷᠪᠤᠯᠵᠢᠯᠠᠭ᠎ᠠ ᠶᠢᠨ ᠵᠥᠷᠢᠴᠡᠯ ᠵᠢᠭᠤᠷᠠᠯᠳᠤᠭᠠᠨ ᠢ ᠲᠣᠬᠢᠲᠠᠢ ᠰᠢᠢᠳᠪᠦᠷᠢᠯᠡᠵᠦ᠂ | ᠦᠨᠳᠦᠰᠦᠨ ᠱᠠᠲᠤᠨ ᠤ ᠨᠡᠶᠢᠭᠡᠮ ᠤᠨ ᠲᠤᠤᠷᠴᠢᠯᠠᠭᠰᠠᠨ ᠵᠠᠰᠠᠯᠲᠠ ᠶᠢ ᠪᠣᠳᠠᠲᠤ ᠦᠷ᠎ᠡ ᠪᠦᠲᠦᠮᠵᠢ ᠲᠠᠢ ᠪᠣᠯᠭᠠᠵᠤ᠂ | ︽ᠠᠮᠤᠷ ᠠᠮᠤᠭᠤᠯᠠᠩ ᠬᠤᠸᠠᠳᠧ ︾ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠠᠬᠢᠭᠤᠯᠪᠠ᠃ ᠤᠶᠤᠨ ᠤ | ᠪᠣᠯᠪᠠᠰᠤᠨ ᠤ ᠪᠠᠶᠢᠭᠤᠯᠤᠯᠲᠠ ᠶᠢᠨ ᠦᠷ᠎ᠡ ᠪᠦᠲᠦᠭᠡᠯ ᠡᠯᠪᠡᠭ ᠳᠡᠯᠪᠡᠭ᠂ ᠰᠣᠶᠣᠯ ᠤᠨ ᠠᠵᠢᠯᠯᠠᠭ᠎ᠠ ᠡᠯᠪᠡᠭ ᠪᠠᠶᠠᠯᠢᠭ | ᠪᠠᠶᠢᠵᠤ᠂ ᠭᠡᠷ ᠪᠦᠯᠢ ᠶᠢᠨ ᠰᠠᠶᠢᠬᠠᠨ ᠰᠤᠷᠲᠠᠯ᠂ ᠨᠡᠶᠢᠭᠡᠮ ᠨᠡᠶᠢᠲᠡ ᠶᠢᠨ ᠶᠣᠰᠣ ᠮᠣᠷᠠᠯ ᠢ ᠤᠯᠠᠮ ᠨᠢᠭᠡ ᠠᠯᠬᠤᠮ | ᠪᠠᠳᠠᠷᠠᠭᠤᠯᠤᠨ᠂ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠶᠢ ᠬᠥᠮᠥᠰ ᠤᠨ ᠰᠡᠳᠬᠢᠯ ᠳᠤ | ᠬᠠᠳᠠᠩᠰᠢᠭᠤᠯᠵᠤ᠂ ᠤᠯᠠᠭᠠᠨᠮᠥ᠋ᠴᠢᠷ ᠤᠨ ᠦᠢᠯᠡᠰ ᠰᠢᠨ᠎ᠡ ᠳᠡᠭᠲᠡᠷ ᠲᠤ ᠭᠠᠷᠪᠠ᠃ ᠠᠩᠬᠠᠳᠤᠭᠠᠷ ᠬᠤᠭᠤᠴᠠᠭᠠᠨ ᠤ | ᠰᠣᠶᠣᠯ ᠤᠨ ᠠᠮᠲᠠᠲᠤ ᠢᠳᠡᠭᠡᠨ ᠤ ᠨᠠᠶᠢᠷ ᠪᠠ ᠬᠤᠶᠠᠷ ᠬᠤᠭᠤᠴᠠᠭᠠᠨ ᠤ ᠵᠠᠩᠴᠢᠭᠦᠦ ᠠᠴᠠ ᠬᠦᠷᠢᠶ᠎ᠡ ᠬᠦᠷᠢᠶ᠎ᠡ ᠬᠦᠷᠬᠦ | ᠵᠠᠮ ᠢᠶᠠᠷ ᠲᠠᠬᠢᠨ ᠶᠠᠪᠤᠬᠤ ᠶᠠᠪᠠᠭᠠᠨ ᠠᠵᠢᠯᠯᠠᠭ᠎ᠠ ᠶᠢ ᠠᠮᠵᠢᠯᠲᠠ ᠲᠠᠢ ᠪᠠᠷ ᠡᠷᠬᠢᠯᠡᠪᠡ ᠃ ᠪᠦᠭᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠤᠢ ᠂ ᠳᠤᠮᠳᠠᠳᠤ ᠤᠯᠤᠰ ᠤᠨ ᠡᠪ ᠬᠠᠮᠲᠤ ᠨᠠᠮ | ᠪᠠᠶᠢᠭᠤᠯᠤᠭᠳᠠᠭᠰᠠᠨ 100 ᠵᠢᠯ ᠤᠨ ᠤᠢ ᠶᠢ ᠬᠠᠯᠠᠭᠤᠨ ᠢᠶᠠᠷ ᠪᠡᠯᠭᠡᠯᠡᠵᠦ ᠂ ᠪᠦᠬᠦ ᠰᠢᠶᠠᠨ ᠤ | ᠦᠨᠳᠦᠰᠦᠲᠡᠨ ᠨᠦᠭᠦᠳ ᠤᠨ ᠤᠯᠠᠨ ᠲᠦᠮᠡᠨ ᠤ ᠨᠠᠮ ᠤᠨ ᠦᠭᠡ ᠶᠢ ᠰᠣᠨᠣᠰᠬᠤ ᠂ ᠨᠠᠮ ᠤᠨ ᠠᠴᠢ ᠶᠢ ᠮᠡᠳᠡᠷᠡᠬᠦ ᠂ | ᠨᠠᠮ ᠢᠶᠠᠨ ᠳᠠᠭᠠᠬᠤ ᠢᠲᠡᠭᠡᠯ ᠵᠣᠷᠢᠭ ᠢ ᠲᠤᠶᠢᠯ ᠤᠨ ᠶᠡᠭᠡ ᠪᠠᠷ ᠨᠡᠮᠡᠭᠳᠡᠭᠦᠯᠪᠡ ᠃ ᠥᠷᠢ ᠰᠢᠷᠢ ᠶᠢ ᠵᠠᠰᠠᠵᠤ | ᠵᠠᠷᠤᠯᠭ᠎ᠠ ᠶᠢ ᠪᠠᠲᠤᠯᠠᠬᠤ ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠬᠤᠶᠠᠷ ᠢ ᠬᠦᠷᠢᠶᠡᠯᠡᠨ | ᠬᠠᠮᠲᠤ ᠪᠠᠷ ᠪᠠᠶᠢᠭᠤᠯᠬᠤ ᠂ ᠦᠨᠳᠦᠰᠦᠲᠡᠨ ᠱᠠᠰᠢᠨ ᠰᠤᠷᠲᠠᠬᠤᠨ᠂ ᠠᠮᠤ ᠪᠤᠳᠠᠭ᠎ᠠ ᠬᠠᠩᠭᠠᠨ ᠪᠣᠷᠣᠯᠠᠭᠤᠯᠬᠤ ᠂ | ᠭᠠᠳᠠᠭᠠᠳᠤ ᠶᠠᠪᠤᠳᠠᠯ ᠬᠠᠷᠢᠶᠠᠲᠤ ᠨᠠᠷ ᠤᠨ ᠶᠠᠪᠤᠳᠠᠯ ᠂ ᠠᠷᠠᠳ ᠤᠨ ᠠᠭᠠᠷ ᠤᠨ ᠰᠡᠷᠭᠡᠶᠢᠯᠡᠯᠲᠡ᠂ ᠰᠢᠶᠠᠨ ᠤ | ᠣᠶᠢᠯᠠᠯᠭ᠎ᠠ ᠶᠢᠨ ᠲᠠᠩᠰᠠ ᠡᠪᠬᠡᠮᠡᠯ ᠂ ᠨᠠᠰᠤᠲᠠᠨ ᠢᠶᠠᠨ ᠬᠠᠶᠢᠷᠠᠯᠠᠵᠤ ᠨᠠᠰᠤᠲᠠᠨ ᠢᠶᠠᠨ ᠬᠦᠨᠳᠦᠯᠡᠬᠦ ᠂ ᠡᠮᠡᠭᠲᠡᠶᠢᠴᠦᠳ | ᠬᠡᠦᠬᠡᠳ᠂ ᠵᠡᠮᠳᠡᠭᠴᠦᠳ ᠢ ᠬᠠᠪᠰᠤᠷᠴᠤ ᠵᠡᠮᠳᠡᠭᠴᠦᠳ ᠢ ᠬᠠᠪᠰᠤᠷᠬᠤ ᠂ ᠤᠯᠠᠨ ᠲᠦᠮᠡᠨ ᠤ ᠪᠦᠯᠬᠦᠮ ᠤᠨ ᠦᠢᠯᠡᠰ | ᠵᠡᠷᠭᠡ ᠠᠵᠢᠯ ᠴᠥᠮ ᠰᠢᠨ᠎ᠡ ᠠᠮᠵᠢᠯᠲᠠ ᠣᠯᠪᠠ᠃ | ᠲᠦᠷᠪᠡᠨ ᠵᠢᠯ ᠬᠢᠴᠢᠶᠡᠨᠠᠵᠢᠯᠯᠠᠵᠤ ᠂ ᠪᠢᠳᠡ ᠦᠵᠡᠯ ᠰᠠᠨᠠᠭ᠎ᠠ ᠪᠠᠷ ᠬᠥᠲᠥᠯᠥᠨ ᠳᠠᠭᠠᠭᠤᠯᠬᠤ ᠂ ᠦᠷ᠎ᠡ | ᠪᠦᠲᠦᠮᠵᠢ ᠪᠠᠷ ᠬᠠᠮᠢᠶᠠᠷᠬᠤ ᠂ ᠲᠤᠰ ᠪᠡᠶ᠎ᠡ ᠶᠢᠨ ᠪᠠᠶᠢᠭᠤᠯᠤᠯᠲᠠ ᠪᠠᠨ ᠦᠷᠭᠦᠯᠵᠢᠯᠡᠨ ᠳᠡᠭᠡᠭᠰᠢᠯᠡᠭᠦᠯᠬᠦ ᠶᠢ ᠪᠠᠷᠢᠮᠲᠠᠯᠠᠪᠠ ᠃ | ᠬᠠᠤᠯᠢ ᠪᠠᠷ ᠵᠠᠰᠠᠬᠤ ᠵᠠᠰᠠᠭ ᠤᠨ ᠣᠷᠳᠣᠨ᠂ ᠠᠷᠢᠭᠤᠨ ᠴᠢᠬᠡᠴᠢ ᠵᠠᠰᠠᠭ ᠤᠨ ᠣᠷᠳᠣᠨ ᠪᠠ ᠦᠢᠯᠡᠴᠢᠯᠡᠭᠡᠨ ᠤ | ᠬᠡᠯᠪᠡᠷᠢ ᠶᠢᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠵᠤ᠂ ᠤᠯᠤᠰ ᠤᠨ ᠦᠨᠳᠦᠰᠦᠨ ᠪᠣᠳᠣᠯᠭ᠎ᠠ | ᠴᠢᠭᠯᠡᠯᠲᠡ ᠪᠠ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠪᠠ | ᠰᠢᠶᠠᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ | ᠦᠷ᠎ᠡ ᠪᠦᠲᠦᠮᠵᠢ ᠣᠯᠬᠤ ᠶᠢ ᠪᠦᠲᠦᠮᠵᠢᠲᠡᠶ ᠪᠠᠲᠤᠯᠠᠪᠡ᠃ ᠤᠯᠤᠰ ᠲᠦᠷᠦ ᠶᠢᠨ ᠤᠨᠤᠯ ᠢᠶᠠᠷ ᠵᠡᠪᠰᠡᠭᠯᠡᠬᠦ ᠶᠢ | ᠴᠢᠩᠭᠠᠳᠬᠠᠵᠤ ᠂ ︽ᠬᠤᠶᠠᠷ ᠢ ᠰᠤᠷᠤᠯᠴᠠᠵᠦ ᠨᠢᠭᠡ ᠳᠤ ᠲᠡᠩᠴᠡᠭᠦᠯᠬᠦ ︾ ᠰᠤᠷᠤᠯᠴᠠᠯᠭ᠎ᠠ ᠬᠥᠮᠦᠵᠢᠯ ᠢ | ᠪᠠᠶᠢᠩᠭᠤᠵᠢᠭᠤᠯᠬᠤ ᠶᠢ ᠦᠷᠭᠦᠯᠵᠢᠯᠡᠨ ᠠᠬᠢᠭᠤᠯᠵᠤ ᠂ ︽ᠤᠭ ᠰᠠᠨᠠᠭ᠎ᠠ ᠪᠠᠨ ᠦᠯᠦ ᠮᠠᠷᠲᠠᠵᠤ ᠂ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ ︾ ᠭᠤᠣᠯ ᠰᠡᠳᠦᠪᠲᠦ ᠬᠥᠮᠦᠵᠢᠯ ᠪᠣᠯᠣᠨ ᠨᠠᠮ ᠤᠨ ᠲᠡᠦᠬᠡ ᠶᠢᠨ | ᠰᠤᠷᠤᠯᠴᠠᠯᠭ᠎ᠠ ᠬᠥᠮᠦᠵᠢᠯ ᠢ ᠭᠦᠨᠵᠡᠭᠡᠢ ᠥᠷᠨᠢᠭᠦᠯᠵᠦ ᠂ ᠨᠠᠮ ᠤᠨ ᠲᠡᠦᠬᠡ ᠶᠢ ᠰᠤᠷᠤᠯᠴᠠᠬᠤ ᠂ ᠦᠵᠡᠯ ᠰᠠᠨᠠᠭ᠎ᠠ ᠶᠢ | ᠣᠶᠢᠯᠠᠭᠠᠬᠤ ᠂ ᠪᠣᠳᠠᠲᠤ ᠶᠠᠪᠤᠳᠠᠯ ᠬᠢᠬᠦ ᠂ ᠰᠢᠨ᠎ᠡ ᠪᠠᠶᠢᠳᠠᠯ ᠢ ᠨᠡᠭᠡᠭᠡᠬᠦ ᠬᠠᠷᠠᠯᠲᠠ ᠶᠢ ᠪᠡᠶᠡᠯᠡᠭᠦᠯᠵᠦ᠂ | ᠭᠦᠨᠵᠡᠭᠡᠶᠢᠷᠡᠭᠦᠯᠦᠨ ᠠᠬᠢᠭᠤᠯᠪᠡ᠃ | ᠲᠥᠯᠥᠭᠡᠯᠡᠭᠴᠢᠳ ᠠ᠋ ︕ ᠥᠩᠭᠡᠷᠡᠭᠰᠡᠨ ᠲᠦᠷᠪᠡᠨ ᠵᠢᠯ ᠤᠨ ᠠᠮᠵᠢᠯᠲᠠ ᠶᠢ ᠣᠯᠣᠭᠰᠠᠨ ᠶᠠᠪᠤᠳᠠᠯ ᠪᠣᠯ ᠰᠢ ᠶᠢᠨ | ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠵᠠᠮᠴᠢᠯᠠᠨ ᠵᠠᠯᠠᠭᠤᠷ ᠢ ᠵᠢᠯᠤᠭᠤᠳᠴᠤ ᠂ ᠵᠥᠪ | ᠣᠨᠣᠪᠴᠢᠲᠠᠶ ᠵᠢᠭᠠᠨ ᠵᠢᠯᠣᠭᠤᠳᠤᠭᠰᠠᠨ ᠤ ᠦᠷ᠎ᠡ ᠳ᠋ᠦᠩ ᠮᠥᠨ᠂ ᠥᠪᠡᠷᠲᠡᠭᠡᠨ ᠵᠠᠰᠠᠬᠤ ᠣᠷᠣᠨ᠂ ᠬᠤᠳᠠ ᠶᠢᠨ | ᠨᠠᠮ ᠤᠨ ᠬᠤᠷᠢᠶ᠎ᠠ ᠵᠠᠰᠠᠭ ᠤᠨ ᠣᠷᠳᠣᠨ ᠪᠠ ᠰᠢᠶᠠᠨ ᠤ ᠨᠠᠮ ᠤᠨ ᠬᠤᠷᠢᠶ᠎ᠠ ᠡᠷᠡᠰ ᠴᠢᠩᠭ᠎ᠠ ᠤᠳᠤᠷᠢᠳᠴᠤ ᠂ | ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠭᠰᠠᠨ ᠤ ᠦᠷ᠎ᠡ ᠳ᠋ᠦᠩ ᠮᠥᠨ᠂ ᠰᠢᠶᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠂ ᠤᠯᠤᠰ ᠲᠦᠷᠦ ᠶᠢᠨ ᠵᠥᠪᠯᠡᠯᠭᠡᠨ ᠤ ᠪᠦᠲᠦᠮᠵᠢᠲᠡᠶ ᠬᠢᠨᠠᠯᠲᠠ | ᠲᠠᠯᠪᠢᠵᠤ ᠂ ᠬᠦᠴᠦᠲᠡᠢ ᠳᠡᠮᠵᠢᠭᠰᠡᠨ ᠤ ᠦᠷ᠎ᠡ ᠳ᠋ᠦᠩ ᠮᠥᠨ᠂ ᠪᠦᠬᠦ ᠰᠢᠶᠠᠨ ᠤ ᠥᠷᠭᠡᠨ ᠤᠯᠠᠨ ᠺᠠᠳ᠋ᠷ ᠤᠯᠠᠨ | ᠲᠦᠮᠡᠨ ᠪᠦᠯᠬᠦᠮᠳᠡᠨ ᠨᠢᠭᠡᠳᠴᠦ ᠂ ᠬᠦᠴᠦᠯᠡᠨ ᠲᠡᠮᠡᠴᠡᠭᠰᠡᠨ ᠤ ᠦᠷ᠎ᠡ ᠳ᠋ᠦᠩ ᠮᠥᠨ᠃ ᠡ᠊ᠨᠳᠡ ᠪᠢ ᠰᠢᠶᠠᠨ ᠤ | ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠪᠦᠬᠦ ᠰᠢᠶᠠᠨ ᠤ ᠦᠨᠳᠦᠰᠦᠲᠡᠨ ᠨᠦᠭᠦᠳ ᠤᠨ ᠠᠷᠠᠳ ᠲᠦᠮᠡᠨ᠂ | ᠲᠥᠯᠥᠭᠡᠯᠡᠭᠴᠢᠳ᠂ ᠭᠡᠰᠢᠭᠦᠳ ᠲᠤ ᠂ ᠬᠤᠸᠠᠳᠧ ᠵᠢᠨᠬᠥ᠋ᠭᠵᠢᠯᠲᠡ ᠶᠢ ᠬᠠᠯᠠᠮᠵᠢᠯᠠᠨ ᠳᠡᠮᠵᠢᠭᠰᠡᠨ ᠡᠯ᠎ᠡ ᠡᠲᠡᠭᠡᠳ ᠤᠨ | ᠬᠥᠮᠥᠰ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ ︕ | ᠠᠮᠵᠢᠯᠲᠠ ᠪᠠᠨ ᠨᠤᠲᠠᠯᠠᠬᠤ ᠶᠢᠨ ᠵᠡᠷᠭᠡᠴᠡᠭᠡᠪᠡᠷ ᠪᠢᠳᠡ ᠪᠠᠰᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠳᠤᠮᠳᠠ ᠪᠠᠰᠠ ᠴᠥᠭᠡᠨ ᠪᠤᠰᠤ ᠠᠰᠠᠭᠤᠳᠠᠯ ᠣᠷᠣᠰᠢᠵᠤ ᠪᠠᠶᠢᠬᠤ ᠶᠢ ᠰᠡᠷᠭᠡᠭ ᠢᠶᠠᠷ ᠲᠠᠨᠢᠵᠤ ᠣᠯᠬᠤ ᠬᠡᠷᠡᠭᠲᠡᠢ ᠄ | ᠨᠢᠭᠡ ᠳᠤ ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠲᠣᠪᠣᠶᠢᠮ᠎ᠠ ᠪᠠᠶᠢᠵᠤ ᠂ ᠵᠠᠶᠢᠯᠠᠰᠢ ᠦᠭᠡᠢ | ᠵᠠᠷᠤᠯᠭ᠎ᠠ ᠲᠠᠰᠤᠷᠠᠯᠳᠠ ᠦᠭᠡᠢ ᠨᠡᠮᠡᠭᠳᠡᠵᠦ ᠪᠠᠶᠢᠨ᠎ᠠ ᠃ ᠬᠤᠶᠠᠷ ᠲᠤ ᠂ ᠠᠵᠤ ᠦᠢᠯᠡᠰ ᠤᠨ ᠬᠥᠭᠵᠢᠯᠲᠡ ᠶᠢᠨ ᠶᠠᠰᠤ | ᠴᠢᠨᠠᠷ ᠥᠨᠳᠥᠷ ᠪᠢᠰᠢ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠡᠯᠬᠢᠶ᠎ᠡ ᠣᠬᠤᠷ᠂ | ᠭᠠᠷᠭᠠᠯᠲᠠ ᠶᠢᠨ ᠦᠷ᠎ᠡ ᠠᠰᠢᠭ ᠪᠠ ᠶᠠᠰᠤ ᠴᠢᠨᠠᠷ ᠳᠣᠣᠷ᠎ᠠ ᠰᠢᠭ᠋︔ ᠠᠵᠤ ᠦᠢᠯᠡᠳᠪᠦᠷᠢ ᠶᠢᠨ ᠲᠠᠯ᠎ᠠ ᠪᠠᠷ ︽ | ᠭᠠᠭᠴᠠ ᠲᠡᠮᠦᠷ ᠤᠨ ᠬᠠᠶᠢᠯᠤᠰᠢ ᠢᠶᠠᠷ ᠭᠤᠣᠯᠳᠠᠭᠤᠯᠵᠤ︾᠂ ᠣᠲᠣ ᠡᠨᠧᠷᠭᠢ ᠶᠢᠨ ᠬᠤᠷᠣᠭᠳᠠᠯ ᠤᠨ ︽ᠬᠤᠶᠠᠷ ᠢ | ᠬᠢᠵᠠᠭᠠᠷᠯᠠᠬᠤ︾ ︽ᠬᠤᠶᠠᠷ ᠶᠡᠭᠡ︾ ᠠᠵᠢᠯ ᠲᠥᠷᠥᠯ ᠤᠨ ᠬᠢᠵᠠᠭᠠᠷᠯᠠᠯ ᠳᠤ ᠲᠤᠯᠭᠠᠷᠠᠵᠤ᠂ ᠬᠥᠭᠵᠢᠯᠲᠡ ᠶᠢᠨ | ᠬᠡᠲᠦ ᠶᠢᠨ ᠲᠥᠯᠥᠪ ᠬᠢᠵᠠᠭᠠᠷ ᠲᠠᠢ ᠪᠠᠶᠢᠨ᠎ᠠ︔ ᠤᠯᠠᠮᠵᠢᠯᠠᠯᠲᠤ ᠬᠤᠪᠴᠠᠰᠤ ᠬᠤᠨᠠᠷ ᠤᠨ ᠠᠵᠤ ᠦᠢᠯᠡᠰ ᠤᠨ ᠨᠠᠷᠠᠲᠤ | ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ᠂ ᠭᠤᠣᠯᠯᠠᠬᠤ ᠥᠷᠢᠰᠦᠯᠳᠦᠬᠦ ᠬᠦᠴᠦᠨ ᠴᠢᠩᠭ᠎ᠠ ᠪᠢᠰᠢ᠂ | ᠦᠢᠯᠡᠳᠬᠦᠨ ᠤ ᠶᠠᠰᠤ ᠴᠢᠨᠠᠷᠵᠢᠯᠲᠠ ᠬᠦᠨᠳᠦ ᠨᠣᠴᠢᠲᠠᠢ᠂ ᠶᠠᠰᠤ ᠴᠢᠨᠠᠷ ᠤᠨ ᠵᠥᠷᠢᠶ᠎ᠡ ᠠᠳᠠᠯᠢ ᠦᠭᠡᠢ ᠪᠠᠶᠢᠵᠤ᠂ | ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠳᠤ ᠬᠦᠴᠢᠷᠳᠡᠯ ᠲᠤᠯᠭᠠᠷᠠᠵᠤ ᠪᠠᠶᠢᠨ᠎ᠠ᠃ ᠭᠤᠷᠪᠠ ᠳᠤ ᠂ | ᠬᠤᠳᠠᠯᠳᠤᠭᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠭᠰᠠᠨ ᠢᠶᠠᠷ ᠬᠦᠷᠦᠯᠴᠡᠬᠦ ᠦᠭᠡᠢ ᠂ | ᠬᠥᠭᠵᠢᠯᠲᠡ ᠶᠢᠨ ᠰᠡᠯᠭᠦᠬᠦ ᠬᠦᠴᠦᠨ ᠢᠶᠠᠷ ᠴᠢᠩᠭ᠎ᠠ ᠪᠢᠰᠢ ᠪᠠᠶᠢᠨ᠎ᠠ ᠃ ᠳᠥᠷᠪᠡ ᠳᠤ ᠂ ᠠᠮᠢ ᠠᠬᠤᠢ ᠶᠢᠨ ᠣᠷᠴᠢᠨ | ᠨᠥᠬᠦᠴᠡᠯ ᠮᠥᠨ ᠯᠡ ᠮᠠᠰᠢ ᠬᠡᠪᠡᠷᠡᠭ ᠪᠠᠶᠢᠵᠤ ᠂ ᠤᠰᠤᠨ ᠤ ᠡᠬᠢ ᠪᠠᠶᠠᠯᠢᠭ ᠬᠦᠨᠳᠦ ᠨᠣᠴᠢᠲᠠᠢ ᠲᠤᠲᠠᠭᠳᠠᠵᠤ ᠂ | ᠠᠵᠤ ᠠᠬᠤᠢ ᠶᠢᠨ ᠬᠥᠭᠵᠢᠯᠲᠡ ᠶᠢ ᠬᠢᠵᠠᠭᠠᠷᠯᠠᠬᠤ ᠬᠠᠲᠠᠭᠤ ᠬᠢᠵᠠᠭᠠᠷᠯᠠᠯ ᠪᠣᠯᠵᠤ ᠪᠠᠶᠢᠨ᠎ᠠ ᠃ ᠲᠠᠪᠤ ᠳᠤ ᠂ ᠠᠷᠠᠳ ᠤᠨ | ᠠᠮᠢᠳᠤᠷᠠᠯ ᠤᠨ ᠪᠠᠲᠤᠯᠠᠭ᠎ᠠ ᠨᠢ ᠤᠯᠠᠨ ᠲᠦᠮᠡᠨ ᠤ ᠬᠦᠰᠡᠯ ᠡᠷᠡᠮᠡᠯᠵᠡᠯ ᠲᠠᠢ ᠪᠠᠰᠠ ᠵᠥᠷᠢᠶ᠎ᠡ ᠲᠠᠢ ᠪᠠᠶᠢᠬᠤ ᠂ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠲᠦᠷᠭᠡᠨ ᠰᠠᠶᠢᠵᠢᠷᠠᠭᠤᠯᠬᠤ ᠴᠢᠬᠤᠯᠠᠲᠠᠢ ᠪᠠᠶᠢᠬᠤ ᠂ ᠨᠡᠶᠢᠭᠡᠮ ᠤᠨ | ᠵᠠᠰᠠᠯᠲᠠ ᠳᠤ ᠪᠠᠰᠠ ᠴᠥᠭᠡᠨ ᠪᠤᠰᠤ ᠪᠠᠭᠤᠷᠠᠢ ᠲᠠᠯ᠎ᠠ ᠪᠠᠶᠢᠬᠤ ᠵᠡᠷᠭᠡ ᠪᠣᠯᠣᠨ᠎ᠠ ᠃ ᠡᠭᠦᠨ ᠢ ᠪᠢᠳᠡ ᠵᠠᠪᠠᠯ ᠳᠡᠭᠡᠳᠦ | ᠬᠡᠮᠵᠢᠶ᠎ᠡ ᠪᠠᠷ ᠴᠢᠬᠤᠯᠠᠴᠢᠯᠠᠨ ᠦᠵᠡᠵᠦ ᠂ ᠬᠦᠴᠦᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠰᠢᠢᠳᠪᠦᠷᠢᠯᠡᠬᠦ ᠬᠡᠷᠡᠭᠲᠡᠢ ᠃ | | ᠬᠤᠶᠠᠷ ᠂ ᠬᠤᠶᠢᠰᠢᠳᠠ ᠶᠢᠨ ᠲᠠᠪᠤᠨ ᠵᠢᠯ ᠤᠨ ᠲᠡᠮᠡᠴᠡᠯ ᠤᠨ ᠬᠠᠷᠠᠯᠲᠠ ᠪᠠ ᠠᠵᠢᠯ ᠤᠨ ᠭᠤᠣᠯᠳᠠᠯᠭ᠎ᠠ | ᠢᠷᠡᠬᠦ ᠲᠠᠪᠤᠨ ᠵᠢᠯ ᠳᠤ᠂ ᠵᠠᠰᠠᠭ ᠤᠨ ᠣᠷᠳᠣᠨ ᠤ ᠠᠵᠢᠯ ᠤᠨ ᠵᠢᠯᠤᠭᠤᠳᠬᠤ ᠦᠵᠡᠯ ᠰᠠᠨᠠᠭ᠎ᠠ ᠪᠣᠯ ᠄ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠰᠢ ᠶᠢᠨ ᠫᠢᠩ | ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠣᠨ ᠠᠷᠪᠠ ᠶᠢᠰᠦᠳᠦᠭᠡᠷ | ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ᠂ | ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨᠨᠠᠶᠢᠳᠠᠪᠤᠷᠢᠵᠢᠭᠤᠯᠵᠤ᠂ ᠲᠣᠭᠲᠠᠭᠤᠨ ᠤ | ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ ᠂ ᠰᠢᠨ᠎ᠡ ᠬᠥᠭᠵᠢᠯᠲᠡ ᠶᠢᠨ | ᠱᠠᠲᠤᠨ ᠳᠤ ᠰᠠᠭᠤᠷᠢᠯᠠᠵᠤ ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠢ ᠂ | ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠴᠢᠷᠮᠠᠶᠢᠨ ᠦᠢᠯᠡᠴᠢᠯᠡᠬᠦ ᠪᠠ | ᠠᠭᠤᠰᠤᠯᠴᠠᠵᠤ ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ | ᠬᠡᠷᠡᠭᠴᠡᠭᠡ ᠶᠢ ᠬᠠᠩᠭᠠᠬᠤ ᠪᠠᠷ ᠲᠡᠮᠡᠴᠡᠬᠦ ᠬᠠᠷᠠᠯᠲᠠ ᠪᠠᠨ ᠪᠣᠯᠭᠠᠵᠤ ᠂ ᠬᠥᠭᠵᠢᠯᠲᠡ ᠪᠠ ᠠᠮᠤᠷ ᠲᠦᠪᠰᠢᠨ ᠢ | ᠨᠢᠭᠡᠳᠦᠯᠲᠡᠢ ᠲᠥᠯᠥᠪᠵᠢᠭᠦᠯᠵᠦ᠂ ᠠᠮᠢ ᠠᠬᠤᠢ ᠶᠢ ᠲᠡᠷᠢᠭᠦᠨ ᠳᠤ ᠲᠠᠯᠪᠢᠬᠤ ᠂ ᠪᠣᠬᠢᠷᠳᠤᠯ ᠦᠭᠡᠢ ᠬᠥᠭᠵᠢᠯᠲᠡ ᠪᠠᠷ | ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠰᠠᠶᠢᠲᠤᠷ | ᠵᠠᠮᠨᠠᠬᠤ ᠬᠡᠷᠡᠭᠲᠡᠢ ᠃ ᠬᠤᠳᠠ ᠶᠢᠨ ᠨᠠᠮ ᠤᠨ ᠬᠤᠷᠢᠶᠠᠨ ᠤ ᠲᠠᠪᠤᠳᠤᠭᠠᠷ ᠤᠳᠠᠭ᠎ᠠ ᠶᠢᠨ ᠨᠠᠮ ᠤᠨ | ᠲᠥᠯᠥᠭᠡᠯᠡᠭᠴᠢᠳ ᠤᠨ ᠶᠡᠭᠡ ᠬᠤᠷᠠᠯ ᠠᠴᠠ ᠳᠤᠷᠠᠳᠤᠭᠰᠠᠨ︽ᠲᠠᠪᠤᠨ ᠶᠡᠭᠡ ᠠᠵᠤ ᠠᠬᠤᠢ ︾ ᠶᠢᠨ ᠲᠣᠭᠤᠷᠢᠨ ᠳᠤ | ︽ᠠᠷᠪᠠᠨ ᠠᠵᠤ ᠦᠢᠯᠡᠰ ᠤᠨ ᠬᠡᠯᠬᠢᠶ᠎ᠡ︾ ᠶᠢ ᠪᠠᠶᠢᠭᠤᠯᠵᠤ ᠂ ︽ᠲᠠᠪᠤᠨ ᠶᠡᠭᠡ ᠠᠵᠤ ᠦᠢᠯᠡᠰ ᠤᠨ ᠪᠦᠯᠦᠭᠵᠢᠯ ︾ ᠢ | ᠪᠠᠶᠢᠭᠤᠯᠤᠨ᠎ᠠ ︔ ᠰᠢᠶᠠᠨ ᠤ ᠨᠠᠮ ᠤᠨ ᠬᠤᠷᠢᠶᠠᠨ ᠤ ᠳᠤᠷᠠᠳᠤᠭᠰᠠᠨ ︽ᠳᠥᠷᠪᠡᠨ ᠵᠣᠬᠢᠶᠠᠯ︾ ᠢ ᠪᠦᠬᠦ | ᠬᠦᠴᠦᠨ ᠢᠶᠠᠷ ᠢᠶᠠᠨ ᠰᠠᠶᠢᠲᠤᠷ ᠬᠢᠵᠦ᠂ ︽ᠨᠠᠮ ᠤᠨ ᠪᠠᠶᠢᠭᠤᠯᠤᠯᠲᠠ ᠪᠠᠷ ᠵᠢᠯᠣᠭᠤᠳᠤᠮᠵᠢ ᠪᠣᠯᠭᠠᠵᠤ᠂ ᠴᠢᠨᠠᠷ | ᠰᠠᠶᠢᠲᠠᠢ ᠬᠥᠭᠵᠢᠯᠲᠡ ᠶᠢᠨ︿ᠡᠴᠦᠰ ᠤᠨ ᠨᠢᠭᠡ ᠺᠢᠯᠤᠮᠥᠲᠷ ﹀ ᠤᠨ ᠶᠡᠭᠡ ᠰᠤᠷᠤᠯᠴᠠᠯᠭ᠎ᠠ ᠶᠢ ᠨᠠᠪᠲᠠᠷᠡᠭᠦᠯᠵᠦ ᠂ | ᠶᠡᠭᠡ ᠪᠠᠷ ᠰᠠᠭᠤᠷᠢ ᠪᠣᠯᠭᠠᠵᠤ ᠂ ᠶᠡᠭᠡ ᠪᠠᠷ ᠴᠡᠭᠴᠡᠯᠡᠨ ᠰᠠᠶᠢᠵᠢᠷᠠᠭᠤᠯᠬᠤ ︾ ᠭᠤᠷᠪᠠᠨ ᠶᠡᠭᠡ ᠠᠵᠢᠯᠯᠠᠭ᠎ᠠ ᠶᠢ | ᠯᠠᠪᠳᠠᠭᠤᠨ ᠪᠠᠲᠤᠲᠠᠢ ᠥᠷᠨᠢᠭᠦᠯᠵᠦ᠂ ︽ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠬᠦ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠠ | ᠵᠣᠷᠯᠣᠩ ᠤᠨ ᠬᠤᠪᠢᠰᠬᠠᠯ ᠬᠢᠬᠦ︾ ᠭᠤᠷᠪᠠᠨ ᠶᠡᠭᠡ ᠰᠢᠪᠲᠤᠯᠤᠯᠲᠠ ᠶᠢᠨ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ | ︽ᠠᠯᠠᠰᠢᠨ ᠬᠤᠨᠢᠨ ᠤ ᠠᠵᠤ ᠦᠢᠯᠡᠰ ᠢ ᠬᠥᠭᠵᠢᠭᠦᠯᠬᠦ᠂ ᠬᠤᠪᠴᠠᠰᠤ ᠬᠤᠨᠠᠷ ᠤᠨ ᠠᠵᠤ ᠦᠢᠯᠡᠰ ᠢ ᠬᠥᠭᠵᠢᠭᠦᠯᠦᠨ | ᠮᠠᠨᠳᠤᠭᠤᠯᠬᠤ᠂ ᠨᠡᠭᠦᠷᠡᠰᠦᠲᠥ᠋ᠷᠥᠭᠴᠢ ᠦᠭᠡᠢ ᠬᠦᠷᠢᠶᠡᠯᠡᠩ ᠲᠣᠭᠤᠷᠢᠭ ᠢ ᠪᠦᠲᠦᠭᠡᠨ ᠪᠠᠶᠢᠭᠤᠯᠬᠤ︾ ᠭᠤᠷᠪᠠᠨ ᠶᠡᠭᠡ | ᠠᠵᠢᠯᠯᠠᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠶᠣᠰᠣ ᠰᠤᠷᠲᠠᠬᠤᠨ ᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ | ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃ | ᠬᠤᠶᠢᠰᠢᠳᠠ ᠶᠢᠨ ᠲᠠᠪᠤᠨ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ | ᠪᠣᠯ ᠄ ᠦᠢᠯᠡᠳᠪᠦᠷᠢᠯᠡᠯ ᠤᠨ ᠪᠦᠬᠦ ᠦᠷᠲᠡᠭ ᠤᠨ ᠵᠢᠯ ᠳᠤᠮᠳᠠᠴᠢ ᠶᠢᠨ ᠨᠡᠮᠡᠭᠳᠡᠯ ᠤᠨ ᠬᠤᠷᠳᠤᠴᠠ 6.8% ᠳᠤ | ᠬᠦᠷᠭᠡᠨ᠎ᠡ︔ ᠡᠳ᠋ ᠤᠨ ᠵᠠᠰᠠᠭ ᠤᠨ ᠣᠷᠣᠯᠭ᠎ᠠ ᠶᠢᠨ ᠵᠢᠯ ᠳᠤᠮᠳᠠᠴᠢ ᠶᠢᠨ ᠨᠡᠮᠡᠭᠳᠡᠯ ᠢ 6.% ︔ ᠪᠥᠬᠦ ᠨᠡᠶᠢᠭᠡᠮ ᠤᠨ | ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠵᠢᠯ ᠳᠤᠮᠳᠠᠴᠢ ᠶᠢᠨ ᠨᠡᠮᠡᠭᠳᠡᠯ ᠢ 13.9% ︔ | ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ ᠶᠢᠨ ᠵᠢᠯ ᠳᠤᠮᠳᠠᠴᠢ ᠶᠢᠨ | ᠨᠡᠮᠡᠭᠳᠡᠯ 3.7% ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ | ᠣᠷᠣᠯᠭ᠎ᠠ ᠶᠢᠨ ᠵᠢᠯ ᠳᠤᠮᠳᠠᠴᠢ ᠶᠢᠨ ᠨᠡᠮᠡᠭᠳᠡᠯ ᠤᠨ ᠬᠤᠷᠳᠤᠴᠠ ᠲᠣᠰ ᠲᠣᠰ 6.1%᠂ 12.8% ᠳᠤ ᠬᠦᠷᠭᠡᠵᠦ ᠂ | ᠶᠡᠷᠦᠩᠬᠡᠶᠢᠯᠡᠭᠰᠡᠨ ᠠᠵᠤ ᠠᠬᠤᠢ ᠶᠢᠨ ᠪᠣᠳᠠᠲᠤ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ | ᠳᠡᠭᠡᠷ᠎ᠡ ᠳᠤᠷᠠᠳᠤᠭᠰᠠᠨ ᠬᠠᠷᠠᠯᠲᠠ ᠪᠠ ᠡᠭᠦᠷᠭᠡ ᠶᠢ ᠪᠡᠶᠡᠯᠡᠭᠦᠯᠬᠦ ᠶᠢᠨ ᠲᠥᠯᠥᠭᠡ ᠂ ᠬᠤᠶᠢᠰᠢᠳᠠ ᠶᠢᠨ ᠲᠠᠪᠤᠨ | ᠵᠢᠯ ᠳᠤ ᠳᠣᠣᠷᠠᠬᠢ ᠬᠡᠳᠦᠨ ᠵᠦᠢᠯ ᠤᠨ ᠭᠤᠣᠯᠳᠠᠯᠭ᠎ᠠ ᠲᠠᠢ ᠠᠵᠢᠯ ᠢ ᠲᠣᠪᠣᠶᠢᠮ᠎ᠠ ᠰᠠᠶᠢᠲᠤᠷ ᠠᠳᠬᠤᠬᠤ ᠬᠡᠷᠡᠭᠲᠡᠢ ︔ | ︵ᠨᠢᠭᠡ︶ ᠠᠮᠢ ᠠᠬᠤᠢ ᠶᠢ ᠲᠡᠷᠢᠭᠦᠨ ᠳᠤ ᠲᠠᠯᠪᠢᠬᠤ ᠂ ᠪᠣᠬᠢᠷᠳᠤᠯ ᠦᠭᠡᠢ ᠬᠥᠭᠵᠢᠯᠲᠡ ᠶᠢᠨ ᠪᠠᠶᠢᠷᠢ | ᠲᠣᠭᠲᠠᠭᠠᠯᠲᠠ ᠶᠢ ᠪᠠᠷᠢᠮᠲᠠᠯᠠᠵᠤ ᠂ ᠠᠮᠢ ᠠᠬᠤᠢ ᠶᠢᠨ ᠪᠣᠬᠢᠷᠳᠤᠯ ᠦᠭᠡᠢ ᠶᠣᠰᠣ ᠰᠤᠷᠲᠠᠬᠤᠨ ᠢ ᠪᠦᠬᠦ ᠲᠠᠯ᠎ᠠ ᠪᠠᠷ | ᠪᠠᠶᠢᠭᠤᠯᠬᠤ ᠬᠡᠷᠡᠭᠲᠡᠢ | ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠠᠮᠢ | ᠠᠬᠤᠢ ᠶᠢ ᠲᠡᠷᠢᠭᠦᠨ ᠳᠤ ᠲᠠᠯᠪᠢᠬᠤ ᠤᠯᠤᠰ ᠲᠦᠷᠦ ᠶᠢᠨ ᠤᠳᠤᠷᠢᠳᠤᠮᠵᠢ ᠪᠣᠯᠣᠨ ᠦᠷᠳᠡᠭ ᠤᠨ | ᠬᠥᠭᠡᠭᠡᠴᠡᠯᠳᠦᠯ ᠢᠶᠠᠨ ᠪᠠᠲᠤᠳᠬᠠᠵᠤ ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ | ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢ ᠪᠠᠲᠤᠯᠠᠵᠤ ᠂ ᠠᠭᠤᠯᠠ ᠤᠰᠤ ᠤᠢ ᠰᠢᠭᠤᠢ ᠲᠠᠷᠢᠶᠠᠨ ᠭᠠᠵᠠᠷ | ᠨᠠᠭᠤᠷ ᠪᠦᠷᠢᠳᠦ ᠡᠪᠡᠰᠦ ᠪᠡᠯᠴᠢᠭᠡᠷ ᠢ ᠨᠢᠭᠡ ᠴᠣᠭᠴᠠᠵᠢᠭᠤᠯᠤᠭᠰᠠᠨ ᠠᠮᠢ ᠠᠬᠤᠢ ᠶᠢ ᠬᠠᠮᠠᠭᠠᠯᠠᠵᠤ ᠰᠡᠷᠭᠦᠭᠡᠬᠦ ᠰᠢᠨ᠎ᠡ | ᠪᠠᠶᠢᠷᠢᠰᠢᠯ ᠢ ᠲᠦᠷᠭᠡᠨ ᠪᠠᠶᠢᠭᠤᠯᠵᠤ ᠂ ᠤᠮᠠᠷᠠᠲᠤ ᠬᠢᠯᠢ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ | ᠪᠠᠬᠢᠵᠢᠭᠦᠯᠦᠨ᠎ᠡ ᠃ ᠠᠭᠠᠷ ᠮᠠᠨᠳᠠᠯ ᠤᠨ ᠠᠮᠢ ᠠᠬᠤᠢ ᠶᠢᠨ ᠦᠷᠭᠦᠯᠵᠢᠯᠡᠨ ᠰᠠᠶᠢᠵᠢᠷᠠᠬᠤ ᠶᠢ ᠲᠦᠯᠬᠢᠨ ᠠᠬᠢᠭᠤᠯᠤᠨ᠎ᠠ ᠃ | ᠡᠨᠧᠷᠭᠢ ᠶᠢᠨ ᠬᠤᠷᠣᠭᠳᠠᠭᠤᠯᠭ᠎ᠠ ᠶᠢᠨ ᠲᠥᠰᠦᠪᠴᠢᠯᠡᠭᠰᠡᠨ ᠬᠠᠮᠢᠶᠠᠷᠤᠯᠲᠠ ᠶᠢ ᠬᠡᠷᠡᠭᠵᠢᠭᠦᠯᠵᠦ᠂ ᠨᠡᠮᠡᠭᠳᠡᠯ ᠤᠨ | ᠬᠡᠮᠵᠢᠶ᠎ᠡ ᠶᠢ ᠴᠢᠩᠭ᠎ᠠ ᠬᠢᠵᠠᠭᠠᠷᠯᠠᠨ᠂ ᠬᠠᠳᠠᠭᠠᠯᠠᠯᠲᠠ ᠶᠢᠨ ᠬᠡᠮᠵᠢᠶ᠎ᠡ ᠶᠢ ᠬᠦᠴᠦᠯᠡᠨ ᠪᠠᠭᠠᠰᠬᠠᠵᠤ᠂ ︽ᠬᠤᠶᠠᠷ ᠶᠡᠭᠡ︾ | ᠲᠥᠷᠥᠯ ᠵᠦᠢᠯ ᠢ ᠰᠣᠬᠤᠷ ᠪᠠᠯᠠᠢ ᠪᠠᠷ ᠡᠬᠢᠯᠡᠭᠦᠯᠬᠦ ᠶᠢ ᠡᠷᠡᠰ ᠬᠤᠷᠢᠭᠯᠠᠵᠤ᠂ ᠪᠣᠬᠢᠷᠳᠤᠯ ᠦᠭᠡᠢ ᠴᠠᠬᠢᠯᠭᠠᠨ ᠤ | ᠣᠷᠣᠯᠠᠬᠤ ᠢᠨᠵᠧᠨᠧᠷᠢᠩ ᠢ ᠢᠳᠡᠪᠬᠢᠲᠡᠢ ᠪᠠᠷ ᠠᠬᠢᠭᠤᠯᠤᠨ᠂ ᠡᠨᠧᠷᠭᠢ ᠬᠡᠷᠡᠭᠯᠡᠬᠦ ᠪᠦᠲᠦᠴᠡ ᠶᠢ ᠰᠠᠶᠢᠵᠢᠷᠠᠭᠤᠯᠵᠤ᠂ | ᠡᠨᠧᠷᠭᠢ ᠶᠢᠨ ᠬᠤᠷᠣᠭᠳᠠᠭᠤᠯᠭ᠎ᠠ ᠶᠢᠨ ︽ᠬᠤᠶᠠᠷ ᠢ ᠡᠵᠡᠮᠳᠡᠬᠦ︾ ᠬᠠᠷᠠᠯᠲᠠ ᠶᠢ ᠪᠡᠶᠡᠯᠡᠭᠦᠯᠦᠨ᠂ | ᠨᠡᠭᠦᠷᠡᠰᠦᠲᠥ᠋ᠷᠥᠭᠴᠢ ᠶᠢ ᠪᠠᠭᠠᠰᠬᠠᠵᠤ ᠬᠤᠷᠣᠭᠳᠠᠭᠤᠯᠭ᠎ᠠ ᠶᠢ ᠪᠠᠭᠠᠰᠬᠠᠬᠤ ᠶᠢ ᠯᠠᠪᠳᠠᠭᠤᠨ ᠢᠶᠠᠷ ᠠᠬᠢᠭᠤᠯᠤᠨ᠎ᠠ᠃ | ᠪᠣᠬᠢᠷᠳᠤᠯ ᠦᠭᠡᠢ ᠬᠦᠷᠢᠶᠡᠯᠡᠩ ᠲᠣᠭᠤᠷᠢᠭ᠂ ᠪᠣᠬᠢᠷᠳᠤᠯ ᠦᠭᠡᠢ ᠦᠢᠯᠡᠳᠪᠦᠷᠢ᠂ ᠪᠣᠬᠢᠷᠳᠤᠯ ᠦᠭᠡᠢ ᠠᠭᠤᠷᠬᠠᠢ | ᠵᠡᠷᠭᠡ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠥᠷᠨᠢᠭᠦᠯᠵᠦ᠂ ᠪᠣᠬᠢᠷᠳᠤᠯ ᠦᠭᠡᠢ ᠬᠡᠷᠡᠭᠯᠡᠭᠡ᠂ ᠪᠣᠬᠢᠷᠳᠤᠯ ᠦᠭᠡᠢ | ᠶᠠᠪᠤᠵᠤ ᠰᠠᠭᠤᠬᠤ ᠶᠢ ᠰᠠᠨᠠᠭᠠᠴᠢᠯᠠᠨ᠂ ᠪᠣᠬᠢᠷᠳᠤᠯ ᠦᠭᠡᠢ ᠬᠥᠭᠵᠢᠯᠲᠡ ᠶᠢᠨ ᠠᠷᠭ᠎ᠠ ᠮᠠᠶ᠋ᠢᠭ ᠢ ᠪᠣᠶ ᠪᠣᠯᠭᠠᠬᠤ ᠶᠢ | ᠴᠢᠷᠮᠠᠶᠢᠨ ᠠᠬᠢᠭᠤᠯᠤᠨ᠎ᠠ᠃ ᠠᠭᠠᠷ ᠮᠠᠨᠳᠠᠯ ᠤᠨ ᠪᠣᠬᠢᠷᠳᠤᠯ ᠢ ᠬᠦᠴᠦᠯᠡᠨ ᠴᠡᠭᠴᠡᠯᠡᠨ ᠵᠠᠰᠠᠵᠤ ᠂ ︽ᠲᠠᠷᠠᠬᠠᠢ | ᠪᠤᠲᠠᠷᠬᠠᠢ ᠡᠮᠬᠢ ᠵᠠᠮᠪᠠᠷᠠᠭ᠎ᠠ ᠦᠭᠡᠢ ᠪᠣᠬᠢᠷᠳᠤᠯ ᠲᠠᠢ︾ ᠠᠵᠤ ᠠᠬᠤᠶᠢᠯᠠᠯ ᠂ ᠨᠡᠭᠦᠷᠡᠰᠦ ᠰᠢᠲᠠᠭᠠᠬᠤ ᠲᠠᠷᠠᠬᠠᠢ | ᠰᠢᠲᠠᠭᠠᠬᠤ ᠵᠡᠷᠭᠡ ᠶᠢ ᠶᠡᠷᠦᠩᠬᠡᠶᠢᠯᠡᠨ ᠵᠠᠰᠠᠬᠤ ᠠᠵᠢᠯ ᠢ ᠭᠦᠨᠵᠡᠭᠡᠢ ᠲᠦᠯᠬᠢᠨ ᠠᠬᠢᠭᠤᠯᠵᠤ ᠂ ᠠᠭᠠᠷ ᠤᠨ ᠶᠠᠰᠤ | ᠴᠢᠨᠠᠷ ᠢ ᠦᠷᠭᠦᠯᠵᠢᠯᠡᠨ ᠰᠠᠶᠢᠵᠢᠷᠠᠭᠤᠯᠤᠨ᠎ᠠ ᠃ ᠤᠰᠤᠨ ᠤ ᠠᠮᠢ ᠠᠬᠤᠢ ᠶᠢᠨ ᠦᠷᠭᠦᠯᠵᠢᠯᠡᠨ ᠰᠠᠶᠢᠵᠢᠷᠠᠬᠤ ᠶᠢ | ᠲᠦᠯᠬᠢᠨ ᠠᠬᠢᠭᠤᠯᠤᠨ᠎ᠠ ᠃ ︽ ᠳᠦᠷᠪᠡᠨ ᠤᠰᠤ ᠳᠥᠷᠪᠡ ᠶᠢ ᠲᠣᠭᠲᠠᠭᠠᠬᠤ︾ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ ᠂ ᠤᠰᠤᠨ ᠤ ᠡᠬᠢ ᠪᠠᠶᠠᠯᠢᠭ ᠢ ᠵᠦᠢ ᠵᠣᠬᠢᠰᠲᠠᠢ ᠲᠣᠬᠢᠷᠠᠭᠤᠯᠵᠤ ᠂ ᠥᠨᠳᠥᠷ ᠪᠦᠲᠦᠮᠵᠢᠲᠡᠶ ᠪᠠᠷ | ᠠᠰᠢᠭᠯᠠᠨ᠎ᠠ ᠃ ᠤᠰᠤᠨ ᠤ ᠡᠬᠢ ᠪᠠᠶᠠᠯᠢᠭ ᠤᠨ ᠬᠤᠷᠣᠭᠳᠠᠯ ᠤᠨ ᠶᠡᠷᠦᠩᠬᠡᠢ ᠬᠡᠮᠵᠢᠶ᠎ᠡ ᠪᠠ ᠬᠦᠴᠦᠯᠡᠴᠡ ᠬᠤᠶᠠᠷ ᠢ | ᠬᠢᠵᠠᠭᠠᠷᠯᠠᠬᠤ ᠶᠢ ᠬᠡᠷᠡᠭᠵᠢᠭᠦᠯᠵᠦ᠂ ᠤᠰᠤ ᠲᠠᠲᠠᠬᠤ ᠵᠥᠪᠰᠢᠶᠡᠷᠡᠯ ᠢ ᠪᠥᠬᠦ ᠲᠠᠯ᠎ᠠ ᠪᠠᠷ ᠬᠡᠷᠡᠭᠵᠢᠭᠦᠯᠦᠨ᠂ ᠢᠳᠡᠭᠡᠨ ᠤ | ᠵᠦᠢᠯ᠂ ᠡᠮ ᠤᠨ ᠵᠦᠢᠯ ᠤᠨ ᠠᠵᠤ ᠠᠬᠤᠶᠢᠯᠠᠯ ᠢ ᠭᠠᠷᠭᠠᠪᠠᠯ᠂ ᠪᠤᠰᠤᠳ ᠠᠵᠤ ᠦᠢᠯᠡᠳᠪᠦᠷᠢ ᠶᠢᠨ ᠠᠵᠤ | ᠠᠬᠤᠶᠢᠯᠠᠯ ᠤᠳ ᠭᠠᠵᠠᠷ ᠳᠣᠣᠷᠠᠬᠢ ᠤᠰᠤ ᠶᠢ ᠲᠠᠲᠠᠵᠤ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠃ ᠪᠣᠷᠣᠭᠠᠨ ᠪᠠ | ᠪᠣᠬᠢᠷᠳᠤᠯ ᠢ ᠰᠠᠯᠭᠠᠬᠤ ᠂ ᠪᠣᠷᠣᠭᠠᠨ ᠤ ᠤᠰᠤ ᠶᠢ ᠴᠤᠭᠯᠠᠭᠤᠯᠬᠤ ᠢᠨᠵᠧᠨᠧᠷᠢᠩ ᠢ ᠲᠦᠷᠭᠡᠪᠴᠢᠯᠡᠨ ᠬᠡᠷᠡᠭᠵᠢᠭᠦᠯᠵᠦ ᠂ | ᠤᠰᠤᠨ ᠤ ᠡᠬᠢ ᠪᠠᠶᠠᠯᠢᠭ ᠢ ᠬᠠᠮᠤᠭ ᠤᠨ ᠶᠡᠭᠡ ᠬᠡᠮᠵᠢᠶ᠎ᠡ ᠪᠠᠷ ᠨᠦᠬᠦᠪᠦᠷᠢᠯᠡᠨ᠎ᠡ᠃ ᠠᠷᠠᠳ ᠨᠡᠶᠢᠲᠡ ᠶᠢᠨ ᠤᠰᠤ | ᠠᠷᠪᠢᠯᠠᠬᠤ ᠠᠵᠢᠯᠯᠠᠭ᠎ᠠ ᠶᠢ ᠬᠡᠷᠡᠭᠵᠢᠭᠦᠯᠵᠦ ᠂ ᠤᠰᠤ ᠠᠷᠪᠢᠯᠠᠬᠤ ᠬᠤᠲᠠ ᠪᠠᠯᠭᠠᠰᠤ ᠂ ᠤᠰᠤ ᠠᠷᠪᠢᠯᠠᠬᠤ ᠠᠵᠤ | ᠠᠬᠤᠶᠢᠯᠠᠯ ᠂ ᠤᠰᠤ ᠠᠷᠪᠢᠯᠠᠬᠤ ᠭᠡᠷ ᠪᠦᠯᠢ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ ᠃ | ᠴᠠᠭᠠᠨᠨᠠᠭᠤᠷ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠵᠠᠰᠠᠯᠲᠠ ᠶᠢ ᠨᠢᠭᠡᠳᠦᠯᠲᠡᠢ ᠲᠥᠯᠥᠪᠯᠡᠨ | ᠠᠬᠢᠭᠤᠯᠵᠤ᠂ ᠬᠠᠭᠤᠷᠠᠢ ᠲᠠᠷᠢᠶᠠᠯᠠᠭ᠎ᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠂ ᠠᠮᠤ ᠪᠤᠳᠠᠭ᠎ᠠ ᠶᠢ | ᠪᠣᠷᠳᠤᠭ᠎ᠠ ᠪᠣᠯᠭᠠᠨ ᠥᠭᠡᠷᠡᠴᠢᠯᠡᠬᠦ᠂ ᠤᠰᠤᠯᠢᠭ ᠭᠠᠵᠠᠷ ᠢ ᠬᠠᠭᠤᠷᠠᠢ ᠪᠣᠯᠭᠠᠨ ᠥᠭᠡᠷᠡᠴᠢᠯᠡᠬᠦ ᠵᠡᠷᠭᠡ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠲᠠᠷᠢᠶᠠᠯᠠᠩ ᠤᠨ ᠤᠰᠤᠯᠠᠯᠲᠠ ᠶᠢᠨ ᠬᠤᠳᠳᠤᠭ ᠢ | ᠡᠮᠬᠢ ᠵᠢᠷᠤᠮ ᠲᠠᠢ ᠪᠠᠷ ᠬᠠᠭᠠᠵᠤ ᠵᠣᠭᠰᠣᠭᠠᠵᠤ᠂ ᠠᠭᠠᠷ ᠲᠠᠬᠢ ᠡᠭᠦᠯᠡᠨ ᠤᠰᠤᠨ ᠤ ᠡᠬᠢ ᠪᠠᠶᠠᠯᠢᠭ ᠢ ᠰᠢᠨᠵᠢᠯᠡᠬᠦ | ᠤᠬᠠᠭᠠᠨᠴᠢ ᠪᠠᠷ ᠵᠦᠢ ᠵᠣᠬᠢᠰᠲᠠᠢ ᠪᠠᠷ ᠨᠡᠭᠡᠭᠡᠨ ᠠᠰᠢᠭᠯᠠᠵᠤ᠂ ᠪᠣᠷᠣᠭᠠᠨ ᠢᠶᠠᠷ ᠲᠡᠵᠢᠭᠡᠬᠦ ᠲᠠᠷᠢᠶᠠᠯᠠᠩ ᠢ | ᠬᠥᠭᠵᠢᠭᠦᠯᠦᠨ᠎ᠡ᠃ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠤᠰᠤᠨ ᠤ ᠪᠣᠬᠢᠷᠳᠤᠯ ᠂ ᠦᠮᠡᠬᠡᠢ ᠤᠰᠤᠨ ᠴᠣᠭᠴᠠ ᠶᠢ ᠴᠡᠭᠴᠡᠯᠡᠨ ᠵᠠᠰᠠᠬᠤ ᠡᠷᠴᠢᠮ ᠢᠶᠠᠨ | ᠴᠢᠩᠭᠠᠷᠠᠭᠤᠯᠵᠤ ᠂ ᠤᠰᠤᠨ ᠤ ᠣᠷᠴᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠤᠨ᠎ᠠ ᠃ ᠬᠥᠷᠥᠰᠥ ᠰᠢᠷᠣᠢ ᠂ | ᠤᠢ ᠰᠢᠭᠤᠢ ᠡᠪᠡᠰᠦᠨ ᠤ ᠠᠮᠢ ᠠᠬᠤᠢ ᠶᠢ ᠦᠷᠭᠦᠯᠵᠢᠯᠡᠨ ᠰᠠᠶᠢᠵᠢᠷᠠᠭᠤᠯᠬᠤ ᠶᠢ ᠲᠦᠯᠬᠢᠨ ᠠᠬᠢᠭᠤᠯᠤᠨ᠎ᠠ ᠃ | ᠬᠥᠷᠥᠰᠥ ᠰᠢᠷᠣᠢ ᠶᠢᠨ ᠪᠣᠬᠢᠷᠳᠤᠯ ᠢ ᠴᠢᠩᠭ᠎ᠠ ᠰᠡᠷᠭᠡᠶᠢᠯᠡᠨ ᠵᠠᠰᠠᠵᠤ ᠂ ᠲᠠᠷᠢᠶᠠᠯᠠᠩ ᠤᠨ ︽ ᠤᠯᠠᠨ ᠡᠬᠢᠲᠦ ᠪᠣᠬᠢᠷᠳᠤᠯ ︾ | ᠢ ᠰᠡᠷᠭᠡᠶᠢᠯᠡᠨ ᠵᠠᠰᠠᠬᠤ ᠶᠢ ᠦᠷᠭᠦᠯᠵᠢᠯᠡᠨ ᠲᠦᠯᠬᠢᠨ ᠠᠬᠢᠭᠤᠯᠵᠤ ᠂ ︽ᠲᠠᠷᠢᠶᠠᠯᠠᠩ ᠤᠨ ᠳᠥᠷᠪᠡ ᠶᠢ ᠬᠢᠵᠠᠭᠠᠷᠯᠠᠬᠤ︾ | ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠬᠥᠷᠥᠰᠥ ᠰᠢᠷᠣᠢ ᠶᠢᠨ ᠪᠣᠬᠢᠷᠳᠤᠯ ᠢ ᠬᠠᠮᠢᠶᠠᠷᠤᠨ ᠡᠵᠡᠮᠳᠡᠬᠦ ᠪᠠ ᠵᠠᠰᠠᠨ | ᠰᠡᠷᠭᠦᠭᠡᠬᠦ ᠶᠢ ᠴᠢᠩᠭᠠᠳᠬᠠᠵᠤ ᠂ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠨ᠎ᠠ ᠃ ᠣᠶ ᠰᠢᠭᠤᠢ ᠡᠪᠡᠰᠦ | ᠪᠡᠯᠴᠢᠭᠡᠷ ᠤᠨ ᠤᠷᠭᠤᠯᠲᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠣᠶ ᠰᠢᠭᠤᠢ ᠨᠤᠲᠤᠭ ᠪᠡᠯᠴᠢᠭᠡᠷ ᠤᠨ | ᠠᠮᠢ ᠠᠬᠤᠢ ᠶᠢᠨ ᠬᠠᠮᠠᠭᠠᠯᠠᠯᠲᠠ ᠶᠢ ᠴᠢᠩᠭᠠᠳᠬᠠᠨ᠂ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ | ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷᠯᠡᠭᠦᠯᠬᠦ ᠶᠢ ᠵᠣᠭᠰᠤᠭᠠᠬᠤ ᠳᠦᠷᠢᠮ ᠢ | ᠴᠢᠩᠭ᠎ᠠ ᠬᠡᠷᠡᠭᠵᠢᠭᠦᠯᠵᠦ᠂ ᠮᠠᠯ ᠤᠨ ᠡᠭᠦᠯᠳᠡᠷ ᠤᠨ ᠪᠦᠲᠦᠴᠡ ᠶᠢ ᠲᠣᠬᠢᠷᠠᠭᠤᠯᠤᠨ ᠰᠠᠶᠢᠵᠢᠷᠠᠭᠤᠯᠵᠤ᠂ ᠬᠠᠰᠢᠶᠠᠯᠠᠨ | ᠲᠡᠵᠢᠭᠡᠬᠦ ᠶᠢ ᠳᠡᠯᠭᠡᠷᠡᠭᠦᠯᠦᠨ᠂ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠪᠠ ᠦᠢᠯᠡᠳᠪᠦᠷᠢᠯᠡᠯ ᠤᠨ | ᠬᠥᠭᠵᠢᠯᠲᠡ ᠶᠢᠨ ᠬᠠᠷᠢᠯᠴᠠᠨ ᠵᠣᠬᠢᠴᠠᠯᠳᠤᠬᠤ ᠶᠢ ᠪᠡᠶᠡᠯᠡᠭᠦᠯᠦᠨ᠎ᠡ᠃ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ | ᠡᠬᠢ ᠶᠢ ᠵᠠᠰᠠᠬᠤ᠂ ᠨᠡᠶᠢᠲᠡ ᠶᠢᠨ ᠠᠰᠠᠷᠠᠮᠵᠢ ᠶᠢᠨ ᠣᠶ ᠶᠢᠨ ᠠᠮᠢ ᠠᠬᠤᠢ ᠶᠢᠨ ᠦᠷ᠎ᠡ ᠠᠰᠢᠭ ᠤᠨ ᠨᠥᠬᠦᠪᠦᠷᠢ᠂ | ᠨᠡᠶᠢᠲᠡ ᠶᠢᠨ ᠠᠰᠠᠷᠠᠮᠵᠢ ᠶᠢᠨ ᠣᠶᠢᠵᠢᠭᠤᠯᠤᠯᠲᠠ᠂ ᠨᠤᠲᠤᠭ ᠪᠡᠯᠴᠢᠭᠡᠷ ᠢ ᠵᠠᠰᠠᠨ ᠰᠡᠷᠭᠦᠭᠡᠬᠦ ᠵᠡᠷᠭᠡ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠰᠠᠶᠢᠲᠤᠷ ᠬᠢᠵᠦ᠂ ᠭᠤᠣᠯ ᠪᠣᠯᠬᠤ ᠵᠠᠮ | ᠬᠠᠷᠢᠯᠴᠠᠭ᠎ᠠ᠂ ᠲᠣᠰᠬᠤᠨ ᠪᠠᠯᠭᠠᠰᠤ ᠶᠢᠨ ᠡᠷᠬᠢᠨ ᠲᠣᠭᠤᠷᠢᠨ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ | ᠨᠣᠭᠤᠭᠠᠷᠠᠭᠤᠯᠤᠯᠲᠠ ᠶᠢ ᠲᠦᠯᠬᠢᠨ ᠠᠬᠢᠭᠤᠯᠵᠤ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ | ᠪᠦᠲᠦᠭᠡᠯ ᠢ ᠪᠠᠬᠢᠵᠢᠭᠦᠯᠦᠨ᠎ᠡ᠃ | ︵ᠬᠤᠶᠠᠷ ︶ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠡᠷᠭᠢᠯᠲᠡᠲᠦ ᠬᠥᠭᠵᠢᠯᠲᠡ ᠶᠢ ᠪᠠᠷᠢᠮᠲᠠᠯᠠᠵᠤ ᠂ | ᠬᠠᠲᠠᠭᠤ ᠴᠥᠮ᠎ᠡ ᠶᠢᠨ ᠪᠣᠳᠠᠲᠤ ᠬᠦᠴᠦᠨ ᠤ ᠶᠣᠰᠣ ᠰᠤᠷᠲᠠᠬᠤᠨ ᠢ ᠪᠦᠬᠦ ᠬᠦᠴᠦᠨ ᠢᠶᠠᠷ ᠢᠶᠠᠨ ᠴᠣᠭᠴᠠᠯᠠᠨ | ᠪᠠᠶᠢᠭᠤᠯᠤᠨ᠎ᠠ | ᠪᠣᠬᠢᠷᠳᠤᠯ ᠦᠭᠡᠢ ᠬᠥᠭᠵᠢᠯᠲᠡ᠂ ᠴᠢᠨᠠᠷ ᠰᠠᠶᠢᠲᠠᠢ ᠬᠥᠭᠵᠢᠯᠲᠡ ᠶᠢ ᠭᠤᠶᠢᠪᠢᠰᠢ ᠦᠭᠡᠢ ᠪᠠᠷᠢᠮᠲᠠᠯᠠᠵᠤ᠂ ︽ | ᠰᠢᠨᠵᠢᠯᠡᠬᠦ ᠤᠬᠠᠭᠠᠨ ᠮᠡᠷᠭᠡᠵᠢᠯ ᠢᠶᠠᠷ ᠮᠠᠨᠳᠤᠭᠤᠯᠬᠤ︾ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠪᠣᠬᠢᠷᠳᠤᠯ ᠦᠭᠡᠢ | ᠣᠨᠴᠠᠯᠢᠭᠲᠤ ᠳᠠᠪᠠᠭᠤᠯᠢᠭ ᠣᠲᠣ ᠦᠶ᠎ᠡ ᠶᠢᠨ ᠠᠵᠤ ᠦᠢᠯᠡᠰ ᠤᠨ ᠰᠢᠰᠲ᠋ᠧᠮᠵᠢ ᠶᠢ ᠲᠦᠷᠭᠡᠳᠬᠡᠨ ᠪᠠᠶᠢᠭᠤᠯᠵᠤ᠂ | ᠤᠯᠠᠮᠵᠢᠯᠠᠯᠲᠤ ᠠᠵᠤ ᠦᠢᠯᠡᠰ ᠤᠨ ᠳᠡᠭᠡᠳᠦ ᠲᠠᠰ ᠤᠨ᠂ ᠣᠶᠤᠨᠴᠢᠯᠠᠭᠰᠠᠨ᠂ ᠪᠣᠬᠢᠷᠳᠤᠯ ᠦᠭᠡᠢ ᠬᠥᠭᠵᠢᠯᠲᠡ ᠶᠢ | ᠠᠬᠢᠭᠤᠯᠤᠨ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠪᠦᠲᠦᠴᠡ ᠶᠢᠨ ᠨᠠᠩ ᠰᠢᠯᠢᠳᠡᠭᠵᠢᠬᠦ ᠶᠢ | ᠠᠬᠢᠭᠤᠯᠵᠤ᠂ ᠪᠥᠬᠦ ᠰᠢᠶᠠᠨ ᠤ ᠠᠵᠤ ᠠᠬᠤᠢ ᠶᠢᠨ ᠬᠥᠭᠵᠢᠯᠲᠡ ᠶᠢᠨ ᠶᠠᠰᠤ ᠴᠢᠨᠠᠷ ᠦᠷ᠎ᠡ ᠠᠰᠢᠭ ᠢ | ᠳᠡᠭᠡᠭᠰᠢᠯᠡᠭᠦᠯᠦᠨ᠎ᠡ᠃ ᠲᠠᠷᠢᠶᠠᠯᠠᠩ ᠮᠠᠯ ᠠᠵᠤ ᠠᠬᠤᠢ ᠶᠢᠨ ᠪᠣᠬᠢᠷᠳᠤᠯ ᠦᠭᠡᠢ ᠬᠥᠭᠵᠢᠯᠲᠡ ᠶᠢ ᠲᠦᠷᠭᠡᠳᠬᠡᠨ᠎ᠡ᠃ | ᠬᠥᠳᠡᠭᠡ ᠲᠣᠰᠬᠤᠨ ᠤ ᠠᠵᠤ ᠦᠢᠯᠡᠰ ᠤᠨ ᠣᠨᠴᠠᠯᠢᠭᠲᠤ ᠳᠠᠪᠠᠭᠤᠯᠢᠭ ᠡᠬᠢ ᠪᠠᠶᠠᠯᠢᠭ ᠢ ᠭᠦᠢᠴᠡᠳ ᠪᠠᠳᠠᠷᠠᠭᠤᠯᠵᠤ᠂ | ᠣᠷᠭᠠᠨᠢᠭ ᠪᠣᠬᠢᠷᠳᠤᠯ ᠦᠭᠡᠢ ᠲᠠᠷᠢᠮᠠᠯ ᠢ ᠬᠡᠷᠡᠭᠵᠢᠭᠦᠯᠦᠨ᠂ ︽ᠳᠤᠮᠳᠠᠳᠤ ᠤᠯᠤᠰ ᠤᠨ ᠲᠥᠮᠥᠰᠥ ᠶᠢᠨ ᠬᠤᠲᠠ︾ | ᠶᠢᠨ ᠨᠥᠯᠥᠭᠡᠯᠡᠬᠦ ᠬᠦᠴᠦᠨ ᠳᠤ ᠲᠦᠰᠢᠭᠯᠡᠨ᠂ ᠣᠷᠭᠠᠨᠢᠭ ᠲᠥᠮᠥᠰᠥ ᠳᠠᠷᠢᠬᠤ ᠶᠢ ᠶᠡᠬᠡᠪᠡᠷ ᠬᠥᠭᠵᠢᠭᠦᠯᠦᠨ᠎ᠡ︔ | ᠢᠳᠡᠰᠢᠨ ᠬᠤᠨᠢᠨ ᠤ ᠠᠵᠤ ᠦᠢᠯᠡᠰ ᠢ ᠪᠦᠬᠦ ᠲᠠᠯ᠎ᠠ ᠪᠠᠷ ᠬᠥᠭᠵᠢᠭᠦᠯᠵᠦ᠂ ᠡᠬᠢ ᠪᠠᠶᠠᠯᠢᠭ ᠤᠨ ᠲᠥᠷᠥᠯᠬᠢ ᠠᠪᠢᠶᠠᠰ | ᠪᠠ ᠠᠵᠤ ᠦᠢᠯᠡᠰ ᠤᠨ ᠰᠠᠭᠤᠷᠢ ᠳᠤ ᠰᠠᠭᠤᠷᠢᠯᠠᠨ᠂ ᠠᠯᠠᠰᠢᠨ ᠬᠤᠨᠢᠨ ᠤ ᠦᠢᠯᠡᠳᠪᠦᠷᠢᠯᠡᠯ ᠢ ᠳᠡᠮᠵᠢᠬᠦ ᠪᠠ | ᠬᠥᠲᠥᠯᠥᠨ ᠵᠢᠯᠤᠭᠤᠳᠬᠤ ᠶᠢ ᠴᠢᠩᠭᠠᠳᠬᠠᠵᠤ᠂ ᠰᠠᠶᠢᠨ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠰᠢᠰᠲ᠋ᠧᠮ ᠢ | ᠳᠡᠯᠭᠡᠷᠡᠭᠦᠯᠵᠦ᠂ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠶᠢ ᠵᠣᠷᠢᠭᠵᠢᠭᠤᠯᠵᠤ᠂ ᠠᠯᠠᠰᠢᠨ ᠬᠤᠨᠢᠨ ᠤ ᠰᠠᠶᠢᠨ | ᠡᠭᠦᠯᠳᠡᠷ ᠢ ᠣᠷᠣᠭᠤᠯᠤᠨ ᠠᠪᠴᠢᠷᠠᠬᠤ᠂ ᠰᠢᠨᠵᠢᠯᠡᠬᠦ ᠤᠬᠠᠭᠠᠨᠴᠢ ᠪᠠᠷ ᠠᠷᠠᠴᠢᠯᠠᠨ ᠲᠡᠵᠢᠭᠡᠬᠦ᠂ ᠦᠢᠯᠡᠳᠪᠦᠷᠢᠯᠡᠵᠦ | ᠦᠷᠡᠵᠢᠭᠦᠯᠦᠨ ᠪᠣᠶᠢᠵᠢᠭᠤᠯᠬᠤ᠂ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ᠂ ᠡᠳ᠋ᠰᠢᠭᠦᠯᠦᠨ ᠪᠣᠷᠣᠯᠠᠭᠤᠯᠬᠤ ᠵᠡᠷᠭᠡ | ᠶᠡᠷᠦᠩᠬᠡᠶᠢᠯᠡᠭᠰᠡᠨ ᠦᠢᠯᠡᠳᠪᠦᠷᠢᠯᠡᠯ ᠪᠠ ᠦᠢᠯᠡᠴᠢᠯᠡᠭᠡᠨ ᠤ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ | ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ᠂ ᠵᠠᠬᠢᠶᠠᠯᠠᠭ᠎ᠠ ᠶᠢᠨ ᠮᠠᠶ᠋ᠢᠭ ᠢᠶᠠᠷ ᠪᠣᠷᠳᠣᠵᠤ ᠲᠠᠷᠭᠤᠯᠠᠭᠤᠯᠬᠤ᠂ ᠦᠨ᠎ᠡ | ᠪᠠᠲᠤᠯᠠᠬᠤ ᠮᠠᠶ᠋ᠢᠭ ᠢᠶᠠᠷ ᠬᠤᠳᠠᠯᠳᠤᠨ ᠠᠪᠬᠤ᠂ ᠲᠥᠪᠯᠡᠷᠡᠭᠦᠯᠦᠨ ᠨᠢᠲᠤᠯᠬᠤ᠂ ᠨᠠᠷᠠᠲᠤ ᠲᠡᠮᠳᠡᠭᠵᠢᠭᠦᠯᠦᠨ ᠡᠵᠡᠩᠨᠡᠨ | ᠪᠣᠷᠣᠯᠠᠭᠤᠯᠬᠤ ᠠᠵᠤ ᠦᠢᠯᠡᠰ ᠤᠨ ᠪᠠᠶᠢᠷᠢᠰᠢᠯ ᠢ ᠪᠣᠶ ᠪᠣᠯᠭᠠᠵᠤ᠂ ᠮᠠᠨ ᠤ ᠰᠢᠶᠠᠨ ᠤ ᠠᠯᠠᠰᠢᠨ ᠬᠤᠨᠢᠨ ᠤ | ᠪᠦᠲᠦᠭᠡᠭᠳᠡᠬᠦᠨ ᠤ ᠨᠡᠮᠡᠯᠲᠡ ᠥᠷᠲᠡᠭ ᠪᠠ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠤᠯᠠᠮ ᠨᠢᠭᠡ ᠠᠯᠬᠤᠮ | ᠴᠢᠩᠭᠠᠷᠠᠭᠤᠯᠤᠨ᠂ ᠲᠠᠷᠢᠶᠠᠴᠢᠳ ᠤᠨ ᠣᠷᠣᠯᠭ᠎ᠠ ᠶᠢ ᠶᠡᠬᠡᠪᠡᠷ ᠨᠡᠮᠡᠭᠳᠡᠭᠦᠯᠵᠦ᠂ ᠪᠥᠬᠦ ᠰᠢᠶᠠᠨ ᠤ ᠠᠯᠠᠰᠢᠨ ᠬᠤᠨᠢᠨ ᠤ | ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠂ ᠤᠯᠠᠭᠠᠨᠴᠠᠪ ᠬᠤᠲᠠ ᠶᠢᠨ ᠴᠢᠬᠤᠯᠠ ᠪᠣᠬᠢᠷᠳᠤᠯ | ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠭᠦᠯᠦᠨ ᠭᠠᠳᠠᠭᠰᠢ | ᠭᠠᠷᠭᠠᠬᠤ ᠰᠠᠭᠤᠷᠢᠨ ᠭᠠᠵᠠᠷ ᠢ ᠪᠣᠶ ᠪᠣᠯᠭᠠᠨ᠎ᠠ᠃ 2025 ᠣᠨ ᠤ ᠡᠴᠦᠰ ᠪᠣᠯᠬᠤ ᠳᠤ᠂ ᠪᠥᠬᠦ ᠰᠢᠶᠠᠨ ᠤ ᠴᠢᠨᠠᠷ | ᠰᠠᠶᠢᠲᠠᠢ ᠠᠯᠠᠰᠢᠨ ᠬᠤᠨᠢᠨ ᠤ ᠲᠡᠵᠢᠭᠡᠪᠦᠷᠢ ᠶᠢᠨ ᠬᠡᠮᠵᠢᠶ᠎ᠡ ᠶᠢ 180 ᠲᠦᠮᠡ ᠳᠤ ᠬᠦᠷᠭᠡᠨ᠎ᠡ᠃ ᠮᠠᠨ ᠤ ᠰᠢᠶᠠᠨ ᠤ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠬᠤ ᠭᠠᠷᠤᠯᠲᠠ ᠶᠢᠨ | ᠣᠷᠣᠨ ᠳᠤ ᠰᠠᠭᠤᠷᠢᠯᠠᠨ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ᠂ ᠪᠣᠯᠪᠠᠰᠤᠷᠠᠭᠤᠯᠤᠯᠲᠠ᠂ | ᠭᠦᠢᠯᠭᠡᠭᠡ᠂ ᠦᠢᠯᠡᠴᠢᠯᠡᠭᠡ ᠵᠡᠷᠭᠡ ᠥᠷᠲᠡᠭ ᠨᠡᠮᠡᠭᠳᠡᠯ ᠤᠨ ᠦᠷ᠎ᠡ ᠠᠰᠢᠭ ᠢ ᠨᠡᠮᠡᠭᠳᠡᠭᠦᠯᠬᠦ ᠬᠡᠯᠬᠢᠶ᠎ᠡ ᠶᠢ | ᠤᠷᠲᠤᠳᠬᠠᠵᠤ᠂ ᠥᠨᠳᠥᠷ ᠨᠡᠮᠡᠯᠲᠡ ᠥᠷᠲᠡᠭᠲᠦ ᠪᠦᠲᠦᠭᠡᠭᠳᠡᠬᠦᠨ ᠢ ᠶᠡᠬᠡᠪᠡᠷ ᠬᠥᠭᠵᠢᠭᠦᠯᠦᠨ᠂ ︽ᠭᠤᠷᠪᠠᠨ | ᠪᠦᠲᠦᠭᠡᠭᠳᠡᠬᠦᠨ ᠨᠢᠭᠡ ᠪᠠᠷᠢᠮᠵᠢᠶ᠎ᠠ︾ ᠶᠢ ᠭᠤᠶᠤᠴᠢᠯᠠᠨ ᠮᠡᠳᠡᠭᠦᠯᠵᠦ ᠭᠡᠷᠡᠴᠢᠯᠡᠭᠦᠯᠬᠦ ᠠᠵᠢᠯ ᠢ ᠢᠳᠡᠪᠬᠢᠲᠡᠢ | ᠥᠷᠨᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠥᠭᠵᠢᠯᠲᠡ ᠶᠢᠨ ᠶᠡᠷᠦᠩᠬᠡᠶᠢᠯᠡᠭᠰᠡᠨ ᠦᠷ᠎ᠡ | ᠠᠰᠢᠭ ᠪᠠ ᠥᠷᠢᠰᠦᠯᠳᠦᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠠᠵᠤ ᠦᠢᠯᠡᠳᠪᠦᠷᠢ ᠶᠢᠨ ᠠᠵᠤ | ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠲᠦᠷᠭᠡᠪᠴᠢᠯᠡᠨᠠᠵᠤ ᠦᠢᠯᠡᠳᠪᠦᠷᠢ ᠪᠠᠷ ᠰᠢᠶᠠᠨ ᠢ | ᠬᠦᠴᠦᠷᠬᠡᠭᠵᠢᠭᠦᠯᠬᠦ ᠶᠢ ᠪᠠᠷᠢᠮᠲᠠᠯᠠᠵᠤ ᠂ ᠡᠨᠧᠷᠭᠢ ᠶᠢᠨ ᠬᠤᠷᠣᠭᠳᠠᠭᠤᠯᠤᠯ ᠤᠨ ︽ᠬᠤᠶᠠᠷ ᠢ ᠬᠢᠵᠠᠭᠠᠷᠯᠠᠬᠤ︾ ᠪᠠ | ︽ᠬᠤᠣᠰ ᠨᠡᠭᠦᠷᠡᠰᠦᠲᠥ᠋ᠷᠥᠭᠴᠢ︾ ᠶᠢ ᠨᠠᠶᠢᠳᠠᠪᠤᠷᠢᠵᠢᠭᠤᠯᠬᠤ ᠶᠢ ᠠᠷᠭ᠎ᠠ ᠮᠠᠶ᠋ᠢᠭ ᠢᠶᠠᠨ ᠬᠤᠪᠢᠷᠠᠭᠤᠯᠬᠤ᠂ ᠪᠦᠲᠦᠴᠡ ᠶᠢ | ᠲᠣᠬᠢᠷᠠᠭᠤᠯᠬᠤ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠪᠣᠯᠭᠠᠵᠤ ᠂ ︽ᠬᠤᠶᠠᠷ ᠶᠡᠭᠡ︾ ᠶᠢᠨ ᠵᠦᠢᠯᠡᠰ ᠤᠨ ᠬᠡᠯᠪᠡᠷᠢ ᠪᠠᠨ | ᠬᠤᠪᠢᠷᠠᠭᠤᠯᠤᠨ ᠲᠡᠰ ᠳᠡᠪᠰᠢᠬᠦ ᠶᠢ ᠲᠦᠯᠬᠢᠨ ᠠᠬᠢᠭᠤᠯᠤᠨ᠎ᠠ ᠃ ᠬᠠᠶᠢᠯᠤᠰᠢ ᠶᠢᠨ ᠰᠢᠨ᠎ᠡ ᠮᠠᠲ᠋ᠧᠷᠢᠶᠠᠯ ᠤᠨ | ᠤᠯᠠᠮᠵᠢᠯᠠᠯᠲᠤ ᠠᠵᠤ ᠦᠢᠯᠡᠰ ᠤᠨ ᠬᠡᠯᠬᠢᠶᠡᠵᠢᠯ ᠢ ᠴᠢᠩᠭᠠᠳᠬᠠᠬᠤ᠂ ᠬᠡᠯᠬᠢᠶᠡᠵᠢᠯ ᠢ ᠤᠷᠲᠤᠳᠬᠠᠬᠤ᠂ ᠬᠡᠯᠬᠢᠶᠡᠵᠢᠯ ᠢ | ᠨᠥᠬᠦᠪᠦᠷᠢᠯᠡᠬᠦ ᠠᠵᠢᠯᠯᠠᠭ᠎ᠠ ᠶᠢ ᠬᠡᠷᠡᠭᠵᠢᠭᠦᠯᠵᠦ᠂ ᠡᠨᠧᠷᠭᠢ ᠠᠷᠪᠢᠯᠠᠨ ᠦᠢᠯᠡᠳᠪᠦᠷᠢᠯᠡᠬᠦ᠂ ᠡᠷᠭᠢᠯᠳᠦᠭᠦᠯᠦᠨ | ᠠᠰᠢᠭᠯᠠᠬᠤ᠂ ᠬᠠᠶᠠᠭᠳᠠᠯ ᠦᠭᠡᠢ ᠭᠠᠳᠠᠭᠰᠢᠯᠠᠭᠤᠯᠬᠤ᠂ ᠳᠡᠭᠡᠳᠦ ᠦᠵᠦᠭᠦᠷ ᠤᠨ ᠰᠤᠳᠤᠯᠤᠨ ᠨᠡᠭᠡᠭᠡᠬᠦ ᠵᠡᠷᠭᠡ ᠲᠠᠯ᠎ᠠ | ᠠᠴᠠ ᠭᠠᠷᠳᠠᠵᠤ᠂ ᠳᠡᠭᠡᠳᠦ ᠤᠷᠤᠰᠬᠠᠯ ᠠᠴᠠ ᠳᠣᠣᠷᠠᠳᠤ ᠤᠷᠤᠰᠬᠠᠯ ᠬᠦᠷᠲᠡᠯᠡᠬᠢ ᠨᠢᠭᠲᠠ ᠪᠢᠲᠡᠭᠦᠮᠵᠢᠯᠡᠭᠰᠡᠨ ᠠᠵᠤ | ᠦᠢᠯᠡᠰ ᠤᠨ ᠬᠡᠯᠬᠢᠶᠡᠵᠢᠯ ᠢ ᠪᠠᠶᠢᠭᠤᠯᠵᠤ᠂ ᠪᠣᠬᠢᠷᠳᠤᠯ ᠦᠭᠡᠢ ᠬᠠᠶᠢᠯᠤᠰᠢ ᠶᠢᠨ ᠰᠢᠨ᠎ᠡ ᠮᠠᠲ᠋ᠧᠷᠢᠶᠠᠯ ᠤᠨ ᠠᠵᠤ | ᠦᠢᠯᠡᠰ ᠤᠨ ᠰᠠᠭᠤᠷᠢᠨ ᠭᠠᠵᠠᠷ ᠢ ᠬᠦᠴᠦᠯᠡᠨ ᠪᠦᠲᠦᠭᠡᠨ ᠪᠠᠶᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ | ᠬᠢᠵᠠᠭᠠᠷᠯᠠᠬᠤ ᠲᠥᠷᠥᠯ ᠵᠢᠴᠢ ᠲᠡᠭᠦᠨ ᠠᠴᠠ ᠳᠣᠷᠣᠭᠰᠢᠬᠢ ᠦᠢᠯᠡᠳᠪᠦᠷᠢᠯᠡᠬᠦ ᠴᠢᠳᠠᠪᠤᠷᠢ ᠶᠢ ᠪᠤᠴᠠᠭᠠᠨ ᠭᠠᠷᠭᠠᠵᠤ | ᠰᠢᠭᠰᠢᠭᠳᠡᠭᠦᠯᠬᠦ ᠪᠠ ᠠᠵᠤ ᠦᠢᠯᠡᠳᠪᠦᠷᠢ ᠶᠢᠨ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ | ᠱᠠᠭᠠᠷᠳᠠᠯᠭ᠎ᠠ ᠶᠣᠰᠣᠭᠠᠷ᠂ ᠦᠢᠯᠡᠳᠪᠦᠷᠢᠯᠡᠬᠦ ᠴᠢᠳᠠᠪᠤᠷᠢ ᠶᠢ ᠪᠠᠭᠠᠰᠬᠠᠬᠤ ᠪᠠ ᠡᠨᠧᠷᠭᠢ ᠠᠷᠪᠢᠯᠠᠬᠤ ᠮᠡᠷᠭᠡᠵᠢᠯ ᠤᠨ | ᠥᠭᠡᠷᠡᠴᠢᠯᠡᠯᠲᠡ ᠶᠢ ᠨᠡᠮᠡᠭᠳᠡᠭᠦᠯᠵᠦ᠂ ᠬᠢᠵᠠᠭᠠᠷᠯᠠᠬᠤ ᠲᠥᠷᠥᠯ ᠤᠨ ᠦᠢᠯᠡᠳᠪᠦᠷᠢᠯᠡᠬᠦ ᠴᠢᠳᠠᠪᠤᠷᠢ ᠶᠢ | ᠭᠤᠣᠯᠳᠠᠯᠭ᠎ᠠ ᠲᠠᠢ ᠪᠠᠭᠠᠰᠬᠠᠨ᠂ ᠡᠨᠧᠷᠭᠢ ᠶᠢᠨ ᠬᠤᠷᠣᠭᠳᠠᠯ ᠤᠨ ᠦᠯᠡᠳᠡᠭᠡᠯ ᠬᠡᠮᠵᠢᠶ᠎ᠡ ᠶᠢ ᠶᠡᠬᠡᠪᠡᠷ ᠪᠠᠭᠠᠰᠬᠠᠨ᠎ᠠ︔ | ᠬᠠᠶᠠᠭᠳᠠᠮᠠᠯ ᠪᠣᠳᠠᠰ ᠢ ᠡᠷᠳᠡᠨᠢ ᠪᠣᠯᠭᠠᠬᠤ ᠶᠢ ᠪᠠᠷᠢᠮᠲᠠᠯᠠᠵᠤ ᠂ ᠦᠯᠡᠳᠡᠭᠳᠡᠯ ᠢᠯᠴᠢ ᠦᠯᠡᠳᠡᠭᠳᠡᠯ ᠬᠡᠢ ᠪᠠᠷ ᠴᠠᠬᠢᠯᠭᠠᠨ | ᠭᠠᠷᠭᠠᠬᠤ ᠂ ᠠᠵᠤ ᠦᠢᠯᠡᠳᠪᠦᠷᠢ ᠶᠢᠨ ᠬᠠᠲᠠᠭᠤ ᠬᠠᠶᠠᠭᠳᠠᠮᠠᠯ ᠪᠣᠳᠠᠰ ᠤᠨ ᠦᠢᠯᠡᠳᠪᠦᠷᠢᠯᠡᠯ ᠤᠨ ᠪᠠᠷᠢᠯᠭ᠎ᠠ ᠶᠢᠨ | ᠮᠠᠲ᠋ᠧᠷᠢᠶᠠᠯ ᠂ ᠬᠠᠶᠠᠭᠳᠠᠮᠠᠯ ᠤᠰᠤᠨ ᠤ ᠡᠬᠢ ᠪᠠᠶᠠᠯᠢᠭ ᠢ ᠣᠷᠴᠢᠯᠳᠤᠭᠤᠯᠤᠨ ᠠᠰᠢᠭᠯᠠᠬᠤ ᠶᠢ ᠦᠷᠭᠦᠯᠵᠢᠯᠡᠨ | ᠠᠬᠢᠭᠤᠯᠵᠤ ᠂ ᠠᠵᠤ ᠦᠢᠯᠡᠰ ᠤᠨ ᠬᠡᠯᠬᠢᠶ᠎ᠡ ᠶᠢ ᠲᠠᠰᠤᠷᠠᠯᠲᠠ ᠦᠭᠡᠢ ᠤᠷᠲᠤᠳᠬᠠᠵᠤ ᠂ ᠡᠬᠢ ᠪᠠᠶᠠᠯᠢᠭᠵᠢᠭᠤᠯᠤᠨ | ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ ︔ ︽ᠤᠯᠠᠭᠠᠨᠴᠠᠪ ᠬᠤᠲᠠ ᠶᠢᠨ ︿ᠰᠢᠨᠵᠢᠯᠡᠬᠦ ᠤᠬᠠᠭᠠᠨ | ᠮᠡᠷᠭᠡᠵᠢᠯ ᠢᠶᠠᠷ ᠮᠠᠨᠳᠤᠭᠤᠯᠬᠤ﹀ ᠠᠵᠢᠯᠯᠠᠭ᠎ᠠ ᠶᠢ ᠲᠦᠷᠭᠡᠳᠬᠡᠨ ᠠᠬᠢᠭᠤᠯᠵᠤ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠬᠥᠭᠵᠢᠯᠲᠡ ᠶᠢ ᠳᠡᠮᠵᠢᠬᠦ ᠠᠷᠭ᠎ᠠ ᠬᠡᠮᠵᠢᠶ᠎ᠡ ᠨᠦᠭᠦᠳ︾ ᠢ ᠬᠢᠨᠠᠮᠠᠭᠠᠢ ᠨᠠᠶᠢᠳᠠᠪᠤᠷᠢᠵᠢᠭᠤᠯᠵᠤ᠂ | ᠠᠵᠤ ᠠᠬᠤᠶᠢᠯᠠᠯ ᠬᠢᠭᠡᠳ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ᠂ ᠳᠡᠭᠡᠳᠦ ᠵᠡᠷᠭᠡ ᠶᠢᠨ | ᠰᠤᠷᠭᠠᠭᠤᠯᠢ ᠶᠢᠨ ︽ᠦᠢᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ︾ ᠬᠠᠮᠲᠤᠷᠠᠯᠴᠠᠭ᠎ᠠ ᠥᠷᠨᠢᠭᠦᠯᠬᠦ ᠶᠢ | ᠵᠣᠷᠢᠭᠵᠢᠭᠤᠯᠤᠨ ᠳᠡᠮᠵᠢᠵᠦ᠂ ᠳᠡᠭᠡᠳᠦ ᠲᠠᠰ ᠤᠨ ᠰᠤᠳᠤᠯᠤᠨ ᠨᠡᠭᠡᠭᠡᠬᠦ ᠣᠷᠣᠭᠤᠯᠤᠯᠲᠠ ᠶᠢ ᠨᠡᠮᠡᠭᠳᠡᠭᠦᠯᠦᠨ᠂ ᠡᠬᠢ | ᠪᠠᠶᠠᠯᠢᠭ ᠢ ᠣᠷᠴᠢᠯᠳᠤᠭᠤᠯᠤᠨ ᠠᠰᠢᠭᠯᠠᠬᠤ᠂ ᠤᠰᠤᠨ ᠤ ᠡᠬᠢ ᠪᠠᠶᠠᠯᠢᠭ ᠢ ᠥᠨᠳᠥᠷ ᠪᠦᠲᠦᠮᠵᠢᠲᠡᠶ ᠠᠰᠢᠭᠯᠠᠬᠤ᠂ | ᠠᠷᠢᠭᠤᠨ ᠴᠡᠪᠡᠷ ᠦᠢᠯᠡᠳᠪᠦᠷᠢᠯᠡᠬᠦ ᠵᠡᠷᠭᠡ ᠬᠦᠷᠢᠶ᠎ᠡ ᠴᠠᠷᠠᠭ᠎ᠠ ᠶᠢᠨ ᠵᠠᠩᠭᠢᠯᠠᠭ᠎ᠠ ᠶᠢᠨ ᠮᠡᠷᠭᠡᠵᠢᠯ ᠢ ᠰᠤᠳᠤᠯᠤᠨ | ᠨᠡᠭᠡᠭᠡᠵᠦ᠂ ᠡᠬᠢ ᠪᠠᠶᠠᠯᠢᠭ ᠢ ᠣᠷᠴᠢᠯᠳᠤᠭᠤᠯᠤᠨ ᠠᠰᠢᠭᠯᠠᠬᠤ ᠠᠵᠤ ᠦᠢᠯᠡᠰ ᠤᠨ ᠮᠡᠷᠭᠡᠵᠢᠯ ᠤᠨ ᠲᠣᠨᠣᠭᠯᠠᠯ ᠤᠨ | ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ︔ ᠪᠣᠬᠢᠷᠳᠤᠯ ᠦᠭᠡᠢ ᠡᠨᠧᠷᠭᠢ ᠶᠢᠨ ᠤᠯᠠᠭᠠᠨᠴᠠᠪ ᠤᠨ ᠪᠦᠲᠦᠭᠡᠨ | ᠪᠠᠶᠢᠭᠤᠯᠤᠯᠲᠠ ᠶᠢᠨ ᠲᠣᠭᠤᠷᠢᠨ ᠳᠤ ᠠᠷᠢᠭᠤᠨ ᠴᠡᠪᠡᠷ ᠡᠨᠧᠷᠭᠢ ᠶᠢ ᠲᠦᠷᠭᠡᠳᠬᠡᠨ ᠬᠥᠭᠵᠢᠭᠦᠯᠵᠦ᠂ 200 ᠲᠦᠮᠡᠨ | ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠵᠢᠴᠢ ᠬᠡᠷᠡᠯ ᠴᠡᠨᠡᠭ ᠤᠨ ᠰᠢᠨ᠎ᠡ ᠡᠨᠧᠷᠭᠢ ᠶᠢ ᠨᠡᠭᠡᠭᠡᠨ ᠬᠥᠭᠵᠢᠭᠦᠯᠬᠦ | ᠲᠥᠷᠥᠯ ᠵᠦᠢᠯ ᠤᠨ ᠲᠥᠯᠦᠪᠵᠢᠭᠦᠯᠭᠡ ᠳᠤ ᠰᠠᠭᠤᠷᠢᠯᠠᠨ᠂ ᠪᠣᠬᠢᠷᠳᠤᠯ ᠦᠭᠡᠢ ᠴᠠᠬᠢᠯᠭᠠᠨ ᠢ ᠰᠢᠭᠤᠳ ᠬᠠᠩᠭᠠᠬᠤ | ᠵᠠᠭᠪᠤᠷ ᠢ ᠬᠠᠶᠢᠨ ᠰᠦᠪᠡᠭᠴᠢᠯᠡᠵᠦ᠂ ︽ᠡᠬᠢ ᠰᠤᠷᠪᠤᠯᠵᠢ ᠶᠢᠨ ᠲᠣᠣᠷ ᠢᠶᠠᠷ ᠨᠥᠭᠡᠴᠡᠯᠡᠬᠦ︾ ︽ᠰᠢᠨ᠎ᠡ ᠡᠨᠧᠷᠭᠢ ᠪᠠᠷ | ᠤᠰᠤᠲᠥ᠋ᠷᠥᠭᠴᠢ ᠦᠶᠯᠡᠳᠬᠦ︾ ᠬᠠᠷᠢᠯᠴᠠᠨ ᠬᠥᠳᠡᠯᠦᠯᠴᠡᠨ ᠵᠣᠬᠢᠴᠠᠯᠳᠤᠭᠰᠠᠨ ᠨᠢᠭᠡ ᠴᠣᠭᠴᠠᠵᠢᠭᠤᠯᠤᠭᠰᠠᠨ | ᠡᠨᠧᠷᠭᠢ ᠶᠢᠨ ᠬᠥᠭᠵᠢᠯᠲᠡ ᠶᠢᠨ ᠵᠠᠭᠪᠤᠷ ᠢ ᠪᠣᠶ ᠪᠣᠯᠭᠠᠬᠤ ᠶᠢ ᠠᠬᠢᠭᠤᠯᠤᠨ᠂ ᠥᠩᠭᠡ ᠦᠵᠡᠮᠵᠢ ᠶᠢᠨ ᠡᠨᠧᠷᠭᠢ ᠶᠢᠨ | ᠠᠵᠤ ᠦᠢᠯᠡᠰ ᠬᠢᠭᠡᠳ ᠬᠠᠶᠢᠯᠤᠰᠢ ᠶᠢᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠢ ᠪᠦᠲᠦᠮᠵᠢᠲᠡᠶ ᠵᠣᠯᠭᠠᠭᠤᠯᠵᠤ᠂ | ᠪᠣᠬᠢᠷᠳᠤᠯ ᠦᠭᠡᠢ ᠠᠵᠤ ᠦᠢᠯᠡᠰ ᠤᠨ ᠬᠡᠯᠬᠢᠶ᠎ᠡ ᠶᠢ ᠪᠣᠶ ᠪᠣᠯᠭᠠᠵᠤ᠂ ︽ᠨᠡᠭᠦᠷᠡᠰᠦᠲᠥ᠋ᠷᠥᠭᠴᠢ ᠦᠭᠡᠢ ᠬᠦᠷᠢᠶᠡᠯᠡᠩ | ᠲᠣᠭᠤᠷᠢᠭ︾ ᠢ ᠪᠥᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠤᠨ᠎ᠠ᠃ ᠬᠤᠪᠴᠠᠰᠤ ᠬᠤᠨᠠᠷ ᠤᠨ ᠠᠵᠤ | ᠦᠢᠯᠡᠰ ᠢ ᠬᠥᠭᠵᠢᠭᠦᠯᠦᠨ ᠮᠠᠨᠳᠤᠭᠤᠯᠬᠤ ᠲᠥᠯᠥᠪᠯᠡᠭᠡ ᠶᠢ ᠬᠡᠷᠡᠭᠵᠢᠭᠦᠯᠵᠦ᠂ ᠶᠠᠰᠤ ᠴᠢᠨᠠᠷ ᠪᠠ ᠦᠷ᠎ᠡ ᠠᠰᠢᠭ ᠢᠶᠠᠷ | ᠭᠤᠣᠯ ᠪᠣᠯᠭᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠥᠳᠡᠯᠭᠡᠭᠦ ᠬᠦᠴᠦᠨ ᠪᠣᠯᠭᠠᠵᠤ᠂ | ᠤᠷᠠᠯᠠᠯ ᠤᠨ ᠵᠢᠷᠤᠭ ᠲᠥᠯᠥᠪᠯᠡᠭᠡ᠂ ᠮᠠᠲ᠋ᠧᠷᠢᠶᠠᠯ ᠤᠨ ᠰᠢᠨᠡᠴᠢᠯᠡᠯᠲᠡ᠂ ︽ᠢᠨᠲ᠋ᠧᠷ ᠰᠦᠯᠵᠢᠶ᠎ᠡ +︾᠂ | ᠥᠪᠡᠷᠮᠢᠴᠡᠵᠢᠭᠦᠯᠦᠨ ᠵᠠᠬᠢᠶᠠᠯᠠᠨ ᠦᠶᠯᠡᠳᠬᠦ ᠵᠡᠷᠭᠡ ᠶᠢ ᠬᠤᠪᠴᠠᠰᠤ ᠬᠤᠨᠠᠷ ᠤᠨ ᠠᠵᠤ ᠦᠢᠯᠡᠰ ᠲᠤ | ᠣᠷᠣᠭᠤᠯᠬᠤ ᠪᠠᠷ ᠳᠠᠮᠵᠢᠭᠤᠯᠤᠨ᠂ ᠭᠤᠣᠯᠯᠠᠬᠤ ᠦᠢᠯᠡᠳᠬᠦᠨ ᠢ ᠰᠢᠯᠢᠳᠡᠭᠵᠢᠭᠦᠯᠵᠦ᠂ ᠬᠥᠲᠥᠴᠢ ᠠᠵᠤ ᠠᠬᠤᠶᠢᠯᠠᠯ ᠢ | ᠬᠦᠴᠦᠷᠬᠡᠭᠵᠢᠭᠦᠯᠦᠨ᠂ ᠠᠵᠤ ᠠᠬᠤᠶᠢᠯᠠᠯ ᠤᠨ ᠪᠡᠯᠡ ᠲᠣᠬᠢᠷᠠᠭᠤᠯᠤᠨ ᠵᠠᠬ᠎ᠠ ᠳᠡᠯᠭᠡᠭᠦᠷ ᠲᠤ ᠭᠠᠷᠭᠠᠬᠤ ᠳᠤ ᠬᠦᠴᠦᠨ | ᠨᠡᠮᠡᠷᠢᠯᠡᠵᠦ᠂ ᠬᠤᠪᠴᠠᠰᠤ ᠬᠤᠨᠠᠷ ᠤᠨ ᠨᠠᠶᠢᠷ ᠡᠷᠭᠢᠯᠡᠵᠦ᠂ ᠣᠯᠠᠨ ᠨᠡᠶᠢᠲᠡ ᠶᠢᠨ ᠨᠠᠷᠠᠲᠤ ᠲᠥᠷᠥᠯ ᠲᠡᠮᠳᠡᠭᠲᠦ ᠶᠢ | ᠪᠣᠶ ᠪᠣᠯᠭᠠᠵᠤ᠂ ᠠᠵᠤ ᠦᠢᠯᠡᠰ ᠤᠨ ᠬᠡᠪᠴᠢᠶ᠎ᠡ ᠪᠠ ᠪᠦᠬᠦᠯᠢ ᠴᠣᠭᠴᠠ ᠶᠢᠨ ᠪᠣᠳᠠᠲᠤ ᠬᠦᠴᠦᠨ ᠢ ᠤᠯᠠᠮ ᠨᠢᠭᠡ | ᠠᠯᠬᠤᠮ ᠪᠤᠵᠠᠭᠠᠶᠢᠷᠠᠭᠤᠯᠤᠨ᠎ᠠ᠃ 2026 ᠣᠨ ᠪᠣᠯᠬᠤ ᠳᠤ᠂ ᠬᠤᠪᠴᠠᠰᠤ ᠬᠤᠨᠠᠷ ᠤᠨ ᠠᠵᠢᠯᠲᠠᠨ ᠢ 3 | ᠲᠦᠮᠡ ᠠᠴᠠ ᠳᠡᠭᠡᠭᠰᠢ ᠳᠤ ᠬᠦᠷᠦᠭᠦᠯᠵᠦ᠂ ᠭᠠᠷᠤᠯᠲᠠ ᠶᠢᠨ ᠬᠡᠮᠵᠢᠶ᠎ᠡ ᠶᠢ 2000 ᠲᠦᠮᠡ ᠠᠴᠠ ᠳᠡᠭᠡᠭᠰᠢ ᠳᠤ | ᠲᠣᠭᠲᠠᠪᠤᠷᠢᠵᠢᠭᠤᠯᠵᠤ᠂ ᠦᠢᠯᠡᠳᠬᠦᠨ ᠤ ᠥᠷᠲᠡᠭ ᠢ 16 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠶᠡᠯᠡᠭᠦᠯᠦᠨ᠎ᠡ | ᠃ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠠᠭᠤᠰᠤᠯᠴᠠᠭᠤᠯᠤᠨ ᠬᠦᠭᠵᠢᠭᠦᠯᠦᠨ᠎ᠡ᠃ ᠣᠷᠣᠨ ᠪᠠᠶᠢᠷᠢ ᠶᠢᠨ | ᠳᠠᠪᠠᠭᠤᠯᠢᠭ ᠢᠶᠠᠨ ᠪᠥᠬᠦ ᠲᠠᠯ᠎ᠠ ᠪᠠᠷ ᠶᠡᠬᠡᠰᠬᠡᠵᠦ᠂ ᠤᠯᠠᠭᠠᠨᠴᠠᠪ ᠤᠨ ᠪᠦᠲᠦᠭᠡᠨ ᠪᠠᠶᠢᠭᠤᠯᠤᠯᠲᠠ ᠶᠢᠨ | ᠵᠠᠮ ᠳᠤ ᠢᠳᠡᠪᠬᠢᠲᠡᠢ ᠪᠠᠷ ᠠᠭᠤᠰᠤᠯᠴᠠᠨ᠂ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠰᠢᠰᠲ᠋ᠧᠮᠵᠢ ᠶᠢᠨ | ᠪᠦᠲᠦᠭᠡᠨ ᠪᠠᠶᠢᠭᠤᠯᠤᠯᠲᠠ ᠶᠢᠨ ᠠᠯᠬᠤᠴᠠ ᠶᠢ ᠲᠦᠷᠭᠡᠳᠬᠡᠵᠦ᠂ ᠵᠠᠪᠰᠠᠷ ᠤᠨ ᠬᠠᠭᠤᠷᠠᠢ | ᠭᠠᠷᠠᠮ ᠤᠨ ᠶᠡᠷᠦᠩᠬᠡᠶᠢᠯᠡᠭᠰᠡᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠤᠨ᠂ ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠰᠢᠨᠵᠢᠯᠡᠬᠦ ᠤᠬᠠᠭᠠᠨᠴᠢ ᠪᠠᠷ ᠵᠦᠢ | ᠵᠣᠬᠢᠰᠲᠠᠢ ᠲᠥᠯᠥᠪᠵᠢᠭᠦᠯᠵᠦ᠂ ᠤᠯᠤᠰ ᠤᠨ ᠳᠣᠲᠣᠭᠠᠳᠤ ᠶᠢᠨ ᠪᠠ ᠣᠯᠠᠨ ᠤᠯᠤᠰ ᠤᠨ ᠲᠥᠪᠯᠡᠷᠡᠭᠦᠯᠦᠨ | ᠲᠠᠷᠬᠠᠭᠠᠵᠤ ᠲᠡᠭᠡᠭᠡᠪᠦᠷᠢᠯᠡᠬᠦ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠲᠢᠶᠠᠨᠵᠢᠨ ᠭᠠᠷᠠᠮ᠂ ᠼᠤᠤ ᠹᠧᠢ | ᠳ᠋ᠢᠶᠠᠨ ᠭᠠᠷᠠᠮ ᠯᠤᠭ᠎ᠠ ᠣᠯᠠᠨ ᠬᠡᠯᠪᠡᠷᠢ ᠶᠢᠨ ᠬᠤᠯᠪᠤᠭᠠᠯᠠᠨ ᠲᠡᠭᠡᠭᠡᠪᠦᠷᠢᠯᠡᠬᠦ ᠶᠢ ᠠᠬᠢᠭᠤᠯᠤᠨ᠂ ᠤᠯᠠᠭᠠᠨᠴᠠᠪ | ᠬᠤᠲᠠ ᠶᠢᠨ ᠴᠢᠬᠤᠯᠠ ᠪᠠᠷᠠᠭᠠᠨ ᠤ ᠭᠦᠢᠯᠭᠡᠭᠡᠨ ᠤ ᠣᠷᠣᠨ ᠪᠦᠰᠡ ᠶᠢ ᠪᠥᠬᠦ ᠬᠦᠴᠦᠨ ᠢᠶᠠᠷ ᠢᠶᠠᠨ ᠪᠠᠶᠢᠭᠤᠯᠤᠨ᠎ᠠ᠃ | ᠰᠢᠶᠠᠨ ᠰᠢᠶᠠᠩ ᠲᠣᠰᠬᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠰᠢᠰᠲ᠋ᠧᠮᠵᠢ ᠪᠠ ᠲᠦᠷᠭᠡᠨ ᠬᠦᠷᠭᠡᠬᠦ | ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠰᠢᠰᠲ᠋ᠧᠮᠵᠢ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ︽ | ᠲᠠᠷᠢᠶᠠᠯᠠᠩ ᠤᠨ ᠪᠦᠲᠦᠭᠡᠭᠳᠡᠬᠦᠨ ᠢ ᠬᠤᠲᠠ ᠳᠤ ᠣᠷᠣᠭᠤᠯᠬᠤ᠂ ᠠᠵᠤ ᠦᠢᠯᠡᠳᠪᠦᠷᠢ ᠶᠢᠨ ᠪᠦᠲᠦᠭᠡᠭᠳᠡᠬᠦᠨ ᠢ | ᠬᠥᠳᠡᠭᠡ ᠪᠠᠭᠤᠯᠭᠠᠬᠤ︾ ᠬᠤᠣᠰ ᠴᠢᠭᠯᠡᠯ ᠤᠨ ᠭᠦᠢᠯᠭᠡᠭᠡᠨ ᠤ ᠠᠷᠭ᠎ᠠ ᠵᠠᠮ ᠢ ᠨᠡᠪᠲᠡᠷᠡᠭᠦᠯᠦᠨ᠎ᠡ᠃ ᠠᠵᠤ | ᠠᠬᠤᠶᠢᠯᠠᠯ ᠤᠨ ᠰᠢᠨ᠎ᠡ ᠶᠢ ᠡᠭᠦᠳᠦᠨ ᠬᠥᠭᠵᠢᠬᠦ ᠶᠢ ᠳᠡᠮᠵᠢᠵᠦ᠂ ᠨᠠᠷᠠᠲᠤ ᠲᠥᠷᠥᠯ ᠲᠡᠮᠳᠡᠭᠲᠦ ᠶᠢ ᠡᠭᠦᠳᠦᠨ | ᠪᠠᠶᠢᠭᠤᠯᠬᠤ ᠪᠠ ᠶᠠᠰᠤ ᠴᠢᠨᠠᠷ ᠢ ᠳᠡᠭᠡᠭᠰᠢᠯᠡᠭᠦᠯᠬᠦ ᠶᠢ ᠵᠣᠷᠢᠭᠵᠢᠭᠤᠯᠤᠨ᠂ ᠬᠠᠶᠢᠯᠤᠰᠢ ᠶᠢᠨ ᠰᠢᠨ᠎ᠡ ᠮᠠᠲ᠋ᠧᠷᠢᠶᠠᠯ᠂ | ᠬᠤᠪᠴᠠᠰᠤ ᠬᠤᠨᠠᠷ ᠤᠨ ᠠᠵᠤ ᠠᠬᠤᠶᠢᠯᠠᠯ ᠢ ᠬᠠᠮᠵᠢᠨ ᠥᠪᠡᠷ ᠢᠶᠠᠨ ᠡᠵᠡᠩᠨᠡᠵᠦ ᠭᠠᠳᠠᠭᠠᠳᠤ ᠠᠴᠠ ᠣᠷᠣᠭᠤᠯᠵᠤ | ᠭᠠᠳᠠᠭᠠᠳᠤ ᠳᠤ ᠭᠠᠷᠭᠠᠬᠤ ᠡᠷᠬᠡ ᠶᠢ ᠭᠦᠢᠴᠡᠳᠬᠡᠵᠦ᠂ ᠠᠵᠤ ᠠᠬᠤᠶᠢᠯᠠᠯ ᠤᠨ ᠭᠠᠳᠠᠭᠠᠳᠤ ᠠᠷᠠᠯᠵᠢᠶ᠎ᠠ ᠶᠢᠨ | ᠱᠠᠩᠨᠠᠯ ᠤᠨ ᠪᠡᠯᠡ ᠮᠥᠩᠭᠦ ᠶᠢᠨ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠂ ᠡᠸᠦ᠋ᠷᠦᠫᠡ᠂ | ᠮᠣᠩᠭᠤᠯ᠂ ᠣᠷᠣᠰ ᠤᠨ ᠭᠠᠳᠠᠭᠠᠳᠤ ᠳᠤ ᠭᠠᠷᠭᠠᠬᠤ ᠪᠠᠷᠢᠮᠵᠢᠶ᠎ᠠ ᠲᠠᠢ ᠢᠳᠡᠪᠬᠢᠲᠡᠢ ᠵᠣᠯᠭᠠᠭᠤᠯᠵᠤ᠂ ᠣᠯᠠᠨ | ᠤᠯᠤᠰ ᠤᠨ ᠵᠠᠬ᠎ᠠ ᠳᠡᠯᠭᠡᠭᠦᠷ ᠢ ᠲᠠᠰᠤᠷᠠᠯᠲᠠ ᠦᠭᠡᠢ ᠥᠷᠭᠡᠳᠬᠡᠨ᠂ ᠭᠠᠳᠠᠭᠠᠳᠤ ᠠᠷᠠᠯᠵᠢᠶ᠎ᠠ ᠶᠢᠨ ᠪᠥᠬᠦ ᠴᠠᠷᠠᠭ᠎ᠠ | ᠪᠥᠬᠦ ᠤᠯᠠᠷᠢᠯ ᠤᠨ᠂ ᠵᠦᠷᠢᠶᠡᠴᠢᠯᠡᠭᠰᠡᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ᠂ ᠰᠢᠨ᠎ᠡ | ᠡᠵᠡᠩᠨᠡᠯᠲᠡ ᠶᠢᠨ ᠬᠡᠯᠪᠡᠷᠢ ᠪᠠᠶᠢᠳᠠᠯ᠂ ᠰᠢᠨ᠎ᠡ ᠵᠠᠭᠪᠤᠷ᠂ ᠰᠢᠨ᠎ᠡ ᠮᠡᠷᠭᠡᠵᠢᠯ᠂ ᠰᠢᠨ᠎ᠡ ᠦᠢᠯᠡᠳᠬᠦᠨ ᠢ ᠣᠷᠣᠭᠤᠯᠤᠨ | ᠬᠥᠭᠵᠢᠭᠦᠯᠵᠦ᠂ ᠠᠷᠠᠳ ᠤᠨ ᠣᠷᠣᠨ ᠰᠠᠭᠤᠴᠠ ᠶᠢᠨ ᠵᠢᠭᠤᠯᠴᠢᠯᠠᠯ᠂ ᠰᠣᠶᠣᠯ ᠤᠨ ᠵᠢᠭᠤᠯᠴᠢᠯᠠᠯ᠂ ᠵᠤᠰᠠᠯᠠᠩ ᠤᠨ | ᠠᠮᠠᠷᠠᠯᠲᠠ ᠵᠡᠷᠭᠡ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠢ ᠲᠦᠷᠭᠡᠳᠬᠡᠨ ᠠᠬᠢᠭᠤᠯᠵᠤ᠂ ᠡᠷᠡᠭᠦᠯᠵᠢᠯ | ᠰᠤᠪᠢᠯᠠᠯᠲᠠ᠂ ᠪᠡᠶ᠎ᠡ ᠶᠢᠨ ᠲᠠᠮᠢᠷ᠂ ᠰᠡᠯᠡᠭᠦᠴᠡᠯ᠂ ᠡᠯᠧᠺᠲᠷᠣᠨ ᠬᠤᠳᠠᠯᠳᠤᠭ᠎ᠠ ᠵᠡᠷᠭᠡ ᠰᠢᠨ᠎ᠡ ᠪᠠᠷ ᠪᠣᠶ ᠪᠣᠯᠤᠭᠰᠠᠨ | ᠦᠢᠯᠡᠴᠢᠯᠡᠭᠡᠨ ᠤ ᠦᠢᠯᠡᠰ ᠢ ᠠᠭᠤᠰᠤᠯᠴᠠᠭᠤᠯᠤᠨ ᠬᠥᠭᠵᠢᠭᠦᠯᠵᠦ᠂ ᠠᠵᠤ ᠠᠬᠤᠢ ᠶᠢᠨ ᠬᠥᠭᠵᠢᠯᠲᠡ ᠶᠢᠨ ᠰᠢᠨ᠎ᠡ | ᠬᠥᠳᠡᠯᠭᠡᠭᠦᠷ ᠢ ᠪᠣᠶᠢᠵᠢᠭᠤᠯᠤᠨ ᠪᠤᠵᠠᠭᠠᠶᠢᠷᠠᠭᠤᠯᠤᠨ᠎ᠠ᠃ | ︵ᠭᠤᠷᠪᠠ ︶ ᠬᠤᠲᠠ ᠬᠥᠳᠡᠭᠡ ᠣᠷᠣᠨ ᠪᠦᠰᠡ ᠶᠢ ᠨᠢᠭᠡᠳᠦᠯᠲᠡᠢ ᠲᠥᠯᠥᠪᠵᠢᠭᠦᠯᠦᠨ ᠬᠥᠭᠵᠢᠭᠦᠯᠬᠦ ᠶᠢ | ᠪᠠᠷᠢᠮᠲᠠᠯᠠᠵᠤ᠂ ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠳᠤ ᠲᠣᠬᠢᠷᠠᠮᠵᠢᠲᠠᠢ ᠬᠤᠸᠠᠳᠧ ᠶᠢ ᠨᠠᠷᠢᠨ | ᠨᠢᠮᠪᠠᠢ ᠪᠠᠶᠢᠷᠢᠯᠠᠭᠤᠯᠤᠨ᠎ᠠ | ᠬᠤᠲᠠ ᠪᠠᠯᠭᠠᠰᠤ ᠶᠢ ᠰᠢᠨᠡᠳᠬᠡᠬᠦ ᠠᠵᠢᠯᠯᠠᠭ᠎ᠠ ᠶᠢ ᠪᠦᠬᠦ ᠬᠦᠴᠦᠨ ᠢᠶᠠᠷ ᠢᠶᠠᠨ ᠬᠡᠷᠡᠭᠵᠢᠭᠦᠯᠵᠦ᠂ ᠬᠤᠲᠠ | ᠪᠠᠯᠭᠠᠰᠤᠨ ᠤ ᠲᠥᠯᠦᠪᠵᠢᠭᠦᠯᠭᠡ᠂ ᠪᠦᠲᠦᠭᠡᠨ ᠪᠠᠶᠢᠭᠤᠯᠤᠯᠲᠠ᠂ ᠬᠠᠮᠢᠶᠠᠷᠤᠯᠲᠠ ᠶᠢ ᠨᠢᠭᠡᠳᠦᠯᠲᠡᠢ ᠲᠥᠯᠥᠪᠯᠡᠵᠦ᠂ | ᠬᠤᠲᠠ ᠪᠠᠯᠭᠠᠰᠤᠨ ᠤ ᠵᠠᠮ᠂ ᠤᠰᠤ ᠬᠠᠩᠭᠠᠬᠤ ᠤᠰᠤ ᠵᠠᠯᠠᠬᠤ᠂ ᠢᠯᠴᠢ ᠬᠠᠩᠭᠠᠬᠤ᠂ ᠬᠡᠢ ᠬᠠᠩᠭᠠᠬᠤ᠂ ᠪᠣᠬᠢᠷ | ᠤᠰᠤ ᠶᠢ ᠰᠢᠢᠳᠪᠦᠷᠢᠯᠡᠬᠦ᠂ ᠪᠣᠷᠣᠭᠠᠨ ᠤ ᠪᠣᠬᠢᠷᠳᠤᠯ ᠢ ᠰᠠᠯᠭᠠᠬᠤ᠂ ᠬᠤᠭ ᠨᠣᠪᠰᠢ ᠶᠢ ᠰᠢᠢᠳᠪᠦᠷᠢᠯᠡᠬᠦ᠂ ᠣᠯᠠᠨ | ᠨᠡᠶᠢᠲᠡ ᠶᠢᠨ ᠦᠢᠯᠡᠴᠢᠯᠡᠭᠡ ᠵᠡᠷᠭᠡ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢ | ᠦᠷᠭᠦᠯᠵᠢᠯᠡᠨ ᠴᠢᠩᠭᠠᠷᠠᠭᠤᠯᠵᠤ᠂ ᠬᠠᠭᠤᠴᠢᠨ ᠪᠠ ᠬᠠᠭᠤᠴᠢᠷᠠᠭᠰᠠᠨ ᠰᠠᠭᠤᠭᠠᠯᠢ ᠲᠣᠭᠤᠷᠢᠭ ᠤᠨ | ᠥᠭᠡᠷᠡᠴᠢᠯᠡᠯᠲᠡ ᠶᠢ ᠯᠠᠪᠳᠠᠭᠤᠨ ᠢᠶᠠᠷ ᠬᠡᠷᠡᠭᠵᠢᠭᠦᠯᠵᠦ᠂ ᠣᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠶᠢᠨ | ᠪᠠᠷᠢᠮᠵᠢᠶ᠎ᠠ ᠶᠢ ᠳᠡᠭᠡᠭᠰᠢᠯᠡᠭᠦᠯᠦᠨ ᠬᠡᠪᠴᠢᠶ᠎ᠡ ᠶᠢ ᠥᠷᠭᠡᠳᠬᠡᠬᠦ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ | ᠪᠡᠯᠡᠳᠬᠡᠮᠵᠢ ᠶᠢᠨ ᠲᠠᠰ ᠢ ᠳᠡᠭᠡᠭᠰᠢᠯᠡᠭᠦᠯᠦᠨ ᠴᠢᠳᠠᠪᠤᠷᠢ ᠶᠢ ᠥᠷᠭᠡᠳᠬᠡᠬᠦ᠂ ᠬᠤᠲᠠ ᠶᠢᠨ ᠶᠠᠪᠤᠳᠠᠯ ᠤᠨ ᠨᠡᠶᠢᠲᠡ ᠶᠢᠨ | ᠬᠡᠷᠡᠭᠯᠡᠭᠡᠨ ᠤ ᠪᠡᠯᠡᠳᠬᠡᠮᠵᠢ ᠶᠢᠨ ᠲᠠᠩᠰᠠ ᠡᠪᠬᠡᠮᠡᠯ ᠢ ᠳᠡᠭᠡᠭᠰᠢᠯᠡᠭᠦᠯᠦᠨ ᠲᠠᠰ ᠳᠡᠪᠰᠢᠭᠦᠯᠬᠦ᠂ ᠠᠵᠤ ᠦᠢᠯᠡᠰ ᠢ | ᠪᠣᠶᠢᠵᠢᠭᠤᠯᠬᠤ ᠪᠡᠯᠡᠳᠬᠡᠮᠵᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ | ᠰᠣᠶᠣᠯ ᠪᠡᠶ᠎ᠡ ᠲᠠᠮᠢᠷ᠂ ᠬᠤᠳᠠᠯᠳᠤᠭᠠᠨ ᠤ ᠪᠡᠯᠡᠳᠬᠡᠮᠵᠢ ᠶᠢᠨ ᠴᠢᠳᠠᠮᠵᠢ ᠶᠢ ᠲᠡᠭᠦᠯᠳᠡᠷᠵᠢᠭᠦᠯᠦᠨ᠂ ᠬᠤᠲᠠ | ᠪᠠᠯᠭᠠᠰᠤ ᠶᠢᠨ ᠴᠢᠳᠠᠮᠵᠢ ᠶᠢ ᠬᠦᠴᠦᠯᠡᠨ ᠳᠡᠭᠡᠭᠰᠢᠯᠡᠭᠦᠯᠵᠦ᠂ ᠲᠣᠭᠠᠵᠢᠭᠤᠯᠬᠤ ᠪᠦᠲᠦᠭᠡᠨ ᠪᠠᠶᠢᠭᠤᠯᠤᠯᠲᠠ ᠪᠠᠷ | ᠬᠥᠲᠥᠯᠥᠮᠵᠢ ᠪᠣᠯᠭᠠᠨ᠂ ᠨᠡᠶᠢᠭᠡᠮ ᠤᠨ ᠵᠠᠰᠠᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠪᠠ ᠲᠠᠪᠴᠠᠩ ᠢ ᠪᠠᠶᠢᠭᠤᠯᠵᠤ᠂ | ᠡᠯ᠎ᠡ ᠵᠦᠢᠯ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠲᠣᠣᠷ | ᠰᠦᠯᠵᠢᠶ᠎ᠡ ᠳᠤ ᠣᠷᠣᠭᠤᠯᠤᠨ ᠮᠡᠳᠡᠭᠡ ᠵᠠᠩᠭᠢᠵᠢᠭᠤᠯᠤᠨ ᠬᠠᠮᠢᠶᠠᠷᠴᠤ᠂ ᠨᠡᠶᠢᠭᠡᠮ ᠤᠨ ᠵᠠᠰᠠᠯᠲᠠ ᠶᠢ ᠨᠠᠷᠢᠯᠢᠭᠵᠢᠭᠤᠯᠬᠤ | ᠂ ᠬᠤᠲᠠ ᠶᠢᠨ ᠬᠠᠮᠢᠶᠠᠷᠤᠯᠲᠠ ᠶᠢ ᠤᠶᠤᠨᠵᠢᠭᠤᠯᠬᠤ᠂ ᠨᠡᠶᠢᠭᠡᠮ ᠲᠣᠭᠤᠷᠢᠭ ᠤᠨ ᠦᠢᠯᠡᠴᠢᠯᠡᠭᠡ ᠶᠢ ᠨᠢᠭᠡ | ᠴᠣᠭᠴᠠᠵᠢᠭᠤᠯᠬᠤ᠂ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠠᠭᠤᠰᠤᠯᠴᠠᠭᠤᠯᠬᠤ ᠶᠢ ᠴᠢᠷᠮᠠᠶᠢᠨ ᠪᠡᠶᠡᠯᠡᠭᠦᠯᠵᠦ᠂ | ᠣᠶᠤᠨᠲᠤ ᠬᠤᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ ᠃ ᠤᠯᠤᠰ ᠤᠨ ᠢᠳᠡᠭᠡᠨ ᠤ ᠠᠮᠤᠷ | ᠲᠦᠪᠰᠢᠨ ᠤ ᠵᠢᠱᠢᠶ᠎ᠡ ᠦᠵᠡᠭᠦᠯᠬᠦ ᠬᠤᠲᠠ ᠪᠠ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠰᠢᠶᠠᠨ ᠤ ᠬᠤᠲᠠ ᠶᠢ | ᠡᠭᠦᠳᠦᠨ ᠪᠠᠶᠢᠭᠤᠯᠬᠤ ᠠᠵᠢᠯ ᠢ ᠪᠡᠶᠡᠯᠡᠭᠦᠯᠦᠨ᠎ᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ | ᠲᠠᠯ᠎ᠠ ᠪᠠᠷ ᠠᠬᠢᠭᠤᠯᠵᠤ ᠂ ᠲᠥᠯᠦᠪᠵᠢᠭᠦᠯᠭᠡ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ ᠂ ᠬᠥᠳᠡᠭᠡ | ᠲᠣᠰᠬᠤᠨ ᠤ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠵᠦ ᠂ ᠬᠥᠳᠡᠭᠡ ᠲᠣᠰᠬᠤᠨ ᠤ ᠬᠥᠮᠥᠰ ᠤᠨ ᠣᠷᠣᠰᠢᠨ | ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠵᠤ ᠂ ᠬᠥᠳᠡᠭᠡ ᠲᠣᠰᠬᠤᠨ ᠤ ᠠᠵᠤ ᠦᠢᠯᠡᠰ ᠂ ᠴᠢᠳᠠᠪᠤᠷᠢᠲᠠᠨ ᠂ | ᠰᠣᠶᠣᠯ᠂ ᠠᠮᠢ ᠠᠬᠤᠢ ᠂ ᠵᠣᠬᠢᠶᠠᠨ ᠪᠠᠶᠢᠭᠤᠯᠤᠯᠲᠠ ᠶᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ | ᠠᠬᠢᠭᠤᠯᠤᠨ᠎ᠠ ᠃ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠪᠠᠶᠢᠳᠠᠯ ᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ | ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ | ᠪᠦᠲᠦᠭᠡᠯ ᠢ ᠪᠠᠬᠢᠵᠢᠭᠦᠯᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ | ᠵᠣᠯᠭᠠᠭᠤᠯᠬᠤ ᠶᠢ ᠠᠬᠢᠭᠤᠯᠵᠤ ᠂ ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ ᠲᠦᠭᠰᠢᠭᠦᠷᠢ ᠡᠭᠦᠰᠬᠦ ᠶᠢ ᠡᠷᠡᠰ | ᠰᠡᠷᠭᠡᠶᠢᠯᠡᠨ᠎ᠡ ᠃ ᠮᠠᠨ ᠤ ᠰᠢᠶᠠᠨ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠳᠤ ᠵᠢᠭᠰᠠᠭᠠᠭᠳᠠᠭᠰᠠᠨ ᠢᠶᠠᠷ ᠠᠵᠠ ᠲᠣᠬᠢᠶᠠᠯ ᠪᠣᠯᠭᠠᠵᠤ ᠂ | ᠲᠥᠪ ᠤᠨ ᠣᠷᠣᠨ ᠲᠤᠭ᠎ᠠ ᠶᠢᠨ ᠠᠯᠪᠠᠨ ᠭᠡᠷ ᠤᠨ ᠴᠡᠭ ᠲᠣᠭᠲᠠᠭᠠᠨ ᠬᠠᠪᠰᠤᠷᠤᠨ ᠲᠡᠳᠬᠦᠬᠦ᠂ ᠵᠡᠭᠦᠨ ᠬᠤᠳᠠ | ᠲᠣᠭᠤᠷᠢᠭ ᠤᠨ ᠬᠤᠣᠰᠯᠠᠨ ᠬᠠᠪᠰᠤᠷᠤᠨ ᠲᠡᠳᠬᠦᠬᠦ ᠳᠠᠪᠠᠭᠤᠯᠢᠭ ᠢ ᠠᠰᠢᠭᠯᠠᠨ᠂ ᠪᠡᠯᠡ ᠮᠥᠩᠭᠦ ᠶᠢᠨ ᠣᠷᠣᠭᠤᠯᠤᠯᠲᠠ᠂ | ᠮᠥᠩᠭᠦᠨ ᠭᠦᠢᠯᠭᠡᠭᠡᠨ ᠤ ᠬᠠᠪᠰᠤᠷᠤᠨ ᠲᠡᠳᠬᠦᠬᠦ᠂ ᠂ ᠭᠠᠵᠠᠷ ᠰᠢᠷᠣᠢ ᠶᠢᠨ ᠲᠦᠷᠦ ᠶᠢᠨ ᠪᠣᠳᠣᠯᠭ᠎ᠠ ᠂ | ᠴᠢᠳᠠᠪᠤᠷᠢᠲᠠᠨ ᠤ ᠤᠶᠤᠨ ᠴᠢᠳᠠᠪᠤᠷᠢ ᠂ ᠤᠯᠠᠨ ᠨᠡᠶᠢᠲᠡ ᠶᠢᠨ ᠦᠢᠯᠡᠴᠢᠯᠡᠭᠡ ᠵᠡᠷᠭᠡ ᠲᠠᠯ᠎ᠠ ᠪᠠᠷ ᠬᠠᠪᠰᠤᠷᠤᠨ | ᠲᠡᠳᠬᠦᠬᠦ ᠶᠢ ᠢᠳᠡᠪᠬᠢᠲᠡᠢ ᠲᠡᠮᠡᠴᠡᠨ ᠣᠯᠵᠤ ᠂ ᠬᠥᠳᠡᠭᠡ ᠲᠣᠰᠬᠤᠨ ᠤ ᠠᠵᠤ ᠦᠢᠯᠡᠰ ᠬᠥᠭᠵᠢᠨ ᠴᠡᠴᠡᠭᠯᠡᠬᠦ ᠂ ᠠᠮᠢ | ᠠᠬᠤᠢ ᠣᠷᠣᠰᠢᠨ ᠰᠠᠭᠤᠬᠤ ᠳᠤ ᠲᠣᠬᠢᠷᠠᠮᠵᠢᠲᠠᠢ ᠂ ᠬᠥᠳᠡᠭᠡ ᠲᠣᠰᠬᠤᠨ ᠤ ᠰᠤᠷᠲᠠᠯ ᠪᠣᠯᠪᠠᠰᠤᠨ᠂ ᠵᠠᠰᠠᠯᠲᠠ | ᠪᠦᠲᠦᠮᠵᠢᠲᠡᠢ ᠂ ᠠᠮᠢᠳᠤᠷᠠᠯ ᠪᠠᠶᠠᠨ ᠴᠢᠨᠡᠭᠡᠯᠢᠭ ᠪᠠᠶᠢᠬᠤ ᠶᠢ ᠪᠡᠶᠡᠯᠡᠭᠦᠯᠦᠨ᠎ᠡ ᠃ | ︵ᠳᠥᠷᠪᠡ︶ ᠨᠡᠶᠢᠭᠡᠮ ᠠᠷᠠᠳ ᠤᠨ ᠠᠮᠢᠳᠤᠷᠠᠯ ᠤᠨ ᠦᠢᠯᠡᠰ ᠢ ᠤᠷᠢᠳᠠᠪᠠᠷ ᠪᠠᠲᠤᠯᠠᠬᠤ ᠶᠢ ᠪᠠᠷᠢᠮᠲᠠᠯᠠᠵᠤ᠂ ᠡᠶ᠎ᠡ | ᠵᠣᠬᠢᠴᠠᠯ ᠲᠠᠢ ᠵᠣᠯ ᠵᠢᠷᠭᠠᠯᠲᠤ ᠬᠤᠸᠠᠳᠧ ᠶᠢ ᠪᠥᠬᠦ ᠲᠠᠯ᠎ᠠ ᠪᠠᠷ ᠪᠣᠶ ᠪᠣᠯᠭᠠᠨ᠎ᠠ | ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ ᠂ ᠠᠷᠠᠳ ᠤᠨ | ᠠᠮᠢᠳᠤᠷᠠᠯ ᠤᠨ ᠪᠠᠲᠤᠯᠠᠭ᠎ᠠ ᠶᠢ ᠤᠨᠢᠨ ᠳᠡᠭᠡᠷ᠎ᠡ ᠨᠢ ᠪᠠᠶᠢᠯᠭᠠᠬᠤ ᠂ ᠤᠯᠠᠨ ᠨᠡᠶᠢᠲᠡ ᠶᠢᠨ ᠦᠢᠯᠡᠴᠢᠯᠡᠭᠡ ᠶᠢ ᠠᠳᠠᠯᠢ | ᠲᠡᠭᠰᠢ ᠪᠣᠯᠭᠠᠬᠤ ᠲᠦᠪᠰᠢᠨ ᠢ ᠬᠦᠴᠦᠯᠡᠨ ᠳᠡᠭᠡᠭᠰᠢᠯᠡᠭᠦᠯᠵᠦ ᠂ ᠨᠢᠯᠬ᠎ᠠ ᠬᠡᠦᠬᠡᠳ ᠠᠴᠠ ᠰᠤᠷᠭᠠᠨ ᠬᠥᠮᠦᠵᠢᠯ ᠲᠠᠢ ᠂ | ᠰᠤᠷᠤᠯᠴᠠᠬᠤ ᠠᠴᠠ ᠰᠤᠷᠭᠠᠨ ᠬᠥᠮᠦᠵᠢᠯ ᠲᠠᠢ ᠂ ᠬᠥᠳᠡᠯᠮᠦᠷᠢᠯᠡᠪᠡᠯ ᠣᠯᠬᠤ ᠣᠷᠣᠯᠭ᠎ᠠ ᠲᠠᠢ ᠂ ᠡᠪᠡᠳᠴᠢᠯᠡᠪᠡᠯ | ᠦᠵᠡᠭᠦᠯᠬᠦ ᠡᠮᠨᠡᠯᠭᠡ ᠲᠠᠢ ᠂ ᠥᠲᠡᠯᠪᠡᠯ ᠬᠦᠷᠳᠡᠬᠦ ᠠᠰᠠᠷᠠᠮᠵᠢ ᠲᠠᠢ ᠂ ᠪᠠᠭᠤᠷᠠᠶᠢᠴᠤᠳ ᠢ ᠲᠡᠳᠬᠦᠮᠵᠢ ᠲᠠᠢ ᠪᠣᠯᠭᠠᠬᠤ | ᠲᠠᠯ᠎ᠠ ᠪᠠᠷ ᠰᠢᠨ᠎ᠡ ᠦᠷ᠎ᠡ ᠪᠦᠲᠦᠮᠵᠢ ᠣᠯᠬᠤ ᠪᠠᠷ ᠴᠢᠷᠮᠠᠶᠢᠨ᠎ᠠ ᠃ ᠰᠤᠷᠭᠠᠨ ᠬᠥᠮᠦᠵᠢᠯ ᠤᠨ ᠬᠦᠷᠢᠶᠡᠨ ᠤ | ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ᠰᠤᠷᠭᠠᠨ ᠬᠥᠮᠦᠵᠢᠯ ᠤᠨ ᠰᠢᠯᠢᠳᠡᠭ ᠡᠬᠢ ᠪᠠᠶᠠᠯᠢᠭ ᠢ | ᠣᠷᠣᠭᠤᠯᠤᠨ ᠠᠪᠴᠢᠷᠠᠵᠤ ᠂ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠠᠮᠢᠵᠢᠷᠠᠯ ᠤᠨ ᠬᠦᠴᠦᠨ ᠢ ᠬᠥᠭᠵᠢᠭᠡᠨ᠎ᠡ ᠃ | ︽ᠬᠤᠶᠠᠷ ᠢ ᠪᠠᠭᠠᠰᠬᠠᠬᠤ︾ ᠠᠵᠢᠯ ᠤᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ᠬᠢᠴᠢᠶᠡᠯ ᠤᠨ ᠳᠠᠷᠠᠭᠠᠬᠢ | ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠂ ᠰᠤᠷᠤᠭᠴᠢᠳ ᠤᠨ ᠶᠣᠰᠣ ᠮᠣᠷᠠᠯ ᠣᠶᠤᠨ ᠤᠬᠠᠭᠠᠨ ᠪᠡᠶ᠎ᠡ | ᠮᠠᠬᠠᠪᠤᠳ ᠭᠤᠸ᠎ᠠ ᠰᠠᠶᠢᠬᠠᠨ ᠠᠵᠢᠯ ᠬᠥᠳᠡᠯᠮᠦᠷᠢ ᠪᠥᠬᠦ ᠲᠠᠯ᠎ᠠ ᠪᠠᠷ ᠬᠥᠭᠵᠢᠬᠦ ᠶᠢ ᠠᠬᠢᠭᠤᠯᠤᠨ᠎ᠠ᠃ ᠨᠡᠶᠢᠳᠡᠮ | ᠬᠠᠷᠠᠭᠠᠯᠵᠠᠬᠤ ᠴᠢᠨᠠᠷᠲᠠᠢ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠶᠡᠬᠡᠪᠡᠷ ᠬᠥᠭᠵᠢᠭᠦᠯᠵᠦ᠂ ᠰᠤᠷᠬᠤ | ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠡᠷᠳᠡᠮ ᠤᠨ ᠴᠣᠯᠠ ᠶᠢᠨ ᠬᠠᠩᠭᠠᠯᠭ᠎ᠠ ᠶᠢ ᠬᠠᠩᠭᠠᠵᠤ᠂ | ᠬᠡᠦᠬᠡᠳ ᠤᠨ ᠴᠡᠴᠡᠷᠯᠢᠭ ᠡᠷᠭᠢᠯᠡᠬᠦ ᠬᠢᠷᠢ ᠬᠡᠮᠵᠢᠶ᠎ᠡ ᠶᠢ ᠣᠷᠣᠨ ᠤ ᠲᠠᠰ ᠤᠨ ᠵᠢᠱᠢᠶ᠎ᠡ ᠦᠵᠡᠭᠦᠯᠬᠦ ᠬᠡᠦᠬᠡᠳ ᠤᠨ | ᠴᠡᠴᠡᠷᠯᠢᠭ ᠤᠨ ᠪᠠᠷᠢᠮᠵᠢᠶ᠎ᠠ ᠳᠤ ᠬᠦᠷᠦᠭᠦᠯᠵᠦ᠂ ᠵᠢᠷᠭᠤᠳᠤᠭᠠᠷ ᠬᠡᠦᠬᠡᠳ ᠤᠨ ᠴᠡᠴᠡᠷᠯᠢᠭ ᠢ ᠲᠦᠪᠵᠢᠭᠦᠯᠦᠨ | ᠪᠠᠶᠢᠭᠤᠯᠤᠨ᠎ᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠪᠠᠶᠢᠷᠢᠰᠢᠯ ᠢ ᠰᠢᠯᠢᠳᠡᠭᠵᠢᠭᠦᠯᠵᠦ ᠂ | ᠳᠥᠷᠪᠡᠳᠦᠭᠡᠷ ᠪᠠᠭ᠎ᠠ ᠰᠤᠷᠭᠠᠭᠤᠯᠢ ᠶᠢ ᠲᠥᠯᠥᠪᠵᠢᠭᠦᠯᠦᠨ ᠪᠠᠶᠢᠭᠤᠯᠵᠤ ᠂ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠬᠥᠭᠵᠢᠯᠲᠡ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ | ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠢ ᠤᠯᠠᠨ ᠶᠠᠩᠵᠤᠴᠢᠯᠠᠵᠤ ᠂ | ᠣᠨᠴᠠᠯᠢᠬᠵᠢᠭᠤᠯᠤᠨ ᠴᠢᠨᠠᠷ ᠰᠠᠶᠢᠲᠠᠢ ᠬᠥᠭᠵᠢᠭᠦᠯᠵᠦ ᠂ ᠡᠩ ᠤᠨ ᠪᠠ ᠠᠵᠢᠯ ᠮᠡᠷᠭᠡᠵᠢᠯ ᠤᠨ ᠠᠭᠤᠰᠤᠯᠴᠠᠨ | ᠨᠡᠪᠲᠡᠷᠡᠯᠴᠡᠬᠦ ᠶᠢ ᠠᠯᠬᠤᠮ ᠠᠯᠬᠤᠮ ᠢᠶᠠᠷ ᠪᠡᠶᠡᠯᠡᠭᠦᠯᠵᠦ ᠂ ᠠᠷᠠᠳ ᠲᠦᠮᠡᠨ ᠤ ᠰᠡᠳᠬᠢᠯ ᠬᠠᠨᠤᠮᠵᠢᠲᠠᠢ ᠰᠤᠷᠭᠠᠨ | ᠬᠥᠮᠦᠵᠢᠯ ᠢ ᠰᠠᠶᠢᠲᠤᠷ ᠡᠷᠬᠢᠯᠡᠨ᠎ᠡ ᠃ ᠱᠠᠲᠤ ᠬᠤᠪᠢᠶᠠᠨ ᠣᠨᠣᠰᠢᠯᠠᠨ ᠡᠮᠨᠡᠬᠦ ᠵᠠᠭᠪᠤᠷ ᠢ ᠪᠠᠶᠢᠭᠤᠯᠤᠨ | ᠲᠡᠭᠦᠯᠳᠡᠷᠵᠢᠭᠦᠯᠵᠦ᠂ ︽ᠡᠮᠴᠢᠯᠡᠭᠡ᠂ ᠡᠮᠴᠢᠯᠡᠭᠡᠨ ᠤ ᠳᠠᠭᠠᠳᠬᠠᠯ᠂ ᠡᠮ ᠡᠮᠨᠡᠯᠭᠡ︾ ᠭᠤᠷᠪᠠᠨ ᠡᠮᠴᠢᠯᠡᠭᠡᠨ ᠤ | ᠬᠤᠯᠪᠤᠭᠠᠯᠠᠨ ᠬᠥᠳᠡᠯᠦᠯᠴᠡᠬᠦ ᠥᠭᠡᠷᠡᠴᠢᠯᠡᠯᠲᠡ ᠶᠢ ᠠᠬᠢᠭᠤᠯᠤᠨ᠎ᠠ᠃ ᠥᠨᠳᠥᠷ ᠬᠢᠷᠢ ᠲᠦᠪᠰᠢᠨ ᠪᠦᠬᠦᠢ | ᠡᠮᠴᠢᠯᠡᠭᠡᠨ ᠤ ᠪᠠᠶᠢᠭᠤᠯᠤᠮᠵᠢ᠂ ᠣᠨᠴᠠᠯᠢᠭᠲᠤ ᠰᠠᠯᠠᠭ᠎ᠠ ᠲᠠᠰᠤᠭ ᠪᠠ ᠡᠮᠴᠢᠯᠡᠭᠡ ᠡᠷᠡᠭᠦᠯ ᠬᠠᠮᠠᠭᠠᠯᠠᠯ ᠤᠨ ᠡᠩᠨᠡᠭᠡ ᠶᠢᠨ | ᠪᠠᠶᠢᠭᠤᠯᠤᠯᠲᠠ ᠶᠢ ᠴᠢᠩᠭᠠᠳᠬᠠᠵᠤ᠂ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠶᠢᠨ ᠬᠤᠶᠠᠳᠤᠭᠠᠷ ᠳᠡᠰ ᠤᠨ | ᠬᠥᠬᠡᠭᠴᠢᠨ ᠲᠠᠰ ᠤᠨ ᠡᠮᠨᠡᠯᠭᠡ ᠶᠢᠨ ᠬᠤᠷᠢᠶ᠎ᠠ ᠶᠢ ᠠᠮᠵᠢᠯᠲᠠ ᠲᠠᠢ ᠡᠭᠦᠳᠦᠨ ᠪᠠᠶᠢᠭᠤᠯᠬᠤ ᠪᠠᠷ ᠴᠢᠷᠮᠠᠶᠢᠨ᠎ᠠ᠃ ᠤᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠰᠢᠰᠲ᠋ᠧᠮ ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠪᠠᠶᠢᠭᠤᠯᠤᠯ | ᠪᠠ ᠳᠣᠲᠣᠭᠠᠳᠤ ᠶᠢᠨ ᠠᠵᠢᠯᠯᠠᠭᠠᠨ ᠤ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ᠬᠠᠯᠳᠠᠪᠤᠷᠢᠲᠤ | ᠡᠪᠡᠳᠴᠢᠨ ᠤ ᠬᠢᠵᠢᠭ ᠤᠨ ᠪᠠᠶᠢᠳᠠᠯ ᠬᠢᠭᠡᠳ ᠭᠡᠨᠡᠳᠲᠡ ᠡᠭᠦᠰᠦᠭᠰᠡᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠬᠡᠷᠡᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠲᠡᠭᠦᠯᠳᠡᠷᠵᠢᠭᠦᠯᠵᠦ ᠂ ᠬᠦᠨᠳᠦ ᠶᠡᠭᠡ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ ᠃ ᠤᠯᠤᠰ ᠢᠶᠠᠨ | ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠦᠷᠭᠦᠯᠵᠢᠯᠡᠨ ᠥᠷᠨᠢᠭᠦᠯᠵᠦ ᠂ ᠪᠦᠬᠦ ᠠᠷᠠᠳ ᠤᠨ ᠪᠡᠶ᠎ᠡ | ᠮᠠᠬᠠᠪᠤᠳ ᠢᠶᠠᠨ ᠴᠢᠭᠢᠷᠠᠭᠵᠢᠭᠤᠯᠬᠤ ᠦᠢᠯᠡᠰ ᠢ ᠴᠢᠩᠭᠠᠳᠬᠠᠵᠤ ᠂ ᠡᠷᠡᠭᠦᠯ ᠡᠩᠬᠡ ᠬᠤᠸᠠᠳᠧ ᠶᠢᠨ ᠪᠠᠶᠢᠭᠤᠯᠤᠯᠲᠠ ᠶᠢ | ᠯᠠᠪᠳᠠᠭᠤᠨ ᠪᠠᠲᠤᠲᠠᠢ ᠠᠬᠢᠭᠤᠯᠤᠨ᠎ᠠ ᠃ ᠠᠵᠤ ᠠᠬᠤᠢ ᠶᠢᠨ ᠬᠥᠭᠵᠢᠯᠲᠡ ᠶᠢᠨ ᠠᠵᠢᠯ ᠣᠯᠭᠤᠯᠲᠠ ᠶᠢᠨ | ᠤᠳᠤᠷᠢᠳᠤᠮᠵᠢ ᠶᠢ ᠪᠠᠷᠢᠮᠲᠠᠯᠠᠨ᠂ ᠬᠥᠳᠡᠯᠮᠦᠷᠢᠴᠢᠳ ᠤᠨ ᠪᠡᠶ᠎ᠡ ᠪᠠᠨ ᠳᠠᠭᠠᠭᠠᠵᠤ ᠠᠵᠢᠯ ᠣᠯᠬᠤ ᠂ ᠵᠠᠬ᠎ᠠ | ᠳᠡᠯᠭᠡᠭᠦᠷ ᠢᠶᠠᠷ ᠲᠣᠬᠢᠷᠠᠭᠤᠯᠵᠤ ᠠᠵᠢᠯ ᠣᠯᠭᠤᠬᠤ ᠂ ᠵᠠᠰᠠᠭ ᠤᠨ ᠣᠷᠳᠣᠨ ᠠᠴᠠ ᠠᠵᠢᠯ ᠣᠯᠭᠤᠯᠲᠠ ᠶᠢ ᠠᠬᠢᠭᠤᠯᠬᠤ | ᠪᠠ ᠠᠳᠠᠯ ᠦᠢᠯᠡᠰ ᠴᠣᠭᠴᠠᠯᠠᠬᠤ ᠶᠢ ᠵᠣᠷᠢᠭᠵᠢᠭᠤᠯᠬᠤ ᠶᠢ ᠬᠠᠷᠢᠯᠴᠠᠨ ᠨᠢᠭᠡᠳᠬᠡᠬᠦ ᠶᠢ ᠲᠦᠯᠬᠢᠨ ᠠᠬᠢᠭᠤᠯᠵᠤ ᠂ | ᠪᠣᠯᠪᠠᠰᠤᠷᠠᠭᠤᠯᠤᠯ ᠤᠨ ᠦᠢᠯᠡᠴᠢᠯᠡᠭᠡ ᠶᠢ ᠴᠢᠩᠭᠠᠷᠠᠭᠤᠯᠤᠨ᠂ ᠡᠷᠬᠡ ᠠᠰᠢᠭ ᠤᠨ ᠪᠠᠲᠤᠯᠠᠭ᠎ᠠ ᠶᠢ ᠴᠢᠬᠤᠯᠠᠴᠢᠯᠠᠵᠤ ᠂ | ᠨᠡᠩ ᠭᠦᠢᠴᠡᠳ ᠨᠡᠩ ᠴᠢᠨᠠᠷ ᠰᠠᠶᠢᠲᠠᠢ ᠠᠵᠢᠯ ᠣᠯᠭᠤᠯᠲᠠ ᠶᠢ ᠪᠡᠶᠡᠯᠡᠭᠦᠯᠬᠦ ᠶᠢ ᠲᠦᠯᠬᠢᠨ ᠠᠬᠢᠭᠤᠯᠵᠤ ᠂ ᠬᠤᠳᠠ | ᠪᠠᠯᠭᠠᠰᠤᠨ ᠤ ᠠᠵᠢᠯ ᠠᠯᠳᠠᠯᠲᠠ ᠶᠢᠨ ᠨᠤᠷᠮ᠎ᠠ ᠶᠢ 4.5% ᠶᠢᠨ ᠳᠣᠲᠣᠷ᠎ᠠ ᠬᠢᠵᠠᠭᠠᠷᠯᠠᠬᠤ ᠶᠢ ᠦᠨᠡᠨ ᠬᠦ ᠪᠠᠲᠤᠯᠠᠨ᠎ᠠ ᠃ | ᠨᠡᠶᠢᠭᠡᠮ ᠤᠨ ᠳᠠᠭᠠᠳᠬᠠᠯ ᠤᠨ ᠰᠢᠰᠲ᠋ᠧᠮ ᠢ ᠲᠡᠭᠦᠯᠳᠡᠷᠵᠢᠭᠦᠯᠵᠦ ᠂ ᠪᠦᠬᠦ ᠠᠷᠠᠳ ᠢᠶᠠᠷ ᠢᠶᠠᠨ ᠳᠠᠭᠠᠳᠬᠠᠯ ᠳᠤ | ᠣᠷᠤᠯᠴᠠᠬᠤ ᠶᠢ ᠲᠦᠯᠬᠢᠨ ᠠᠬᠢᠭᠤᠯᠵᠤ ᠂ ᠨᠡᠶᠢᠭᠡᠮ ᠤᠨ ᠦᠨᠳᠦᠰᠦᠨ ᠳᠠᠭᠠᠳᠬᠠᠯ ᠢ ᠨᠡᠶᠢᠳᠡᠮ ᠬᠡᠷᠡᠭᠵᠢᠭᠦᠯᠬᠦ ᠶᠢ | ᠪᠡᠶᠡᠯᠡᠭᠦᠯᠦᠨ᠎ᠡ ᠃ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ | ᠵᠡᠮᠳᠡᠭᠴᠦᠳ᠂ ᠲᠠᠪᠤᠨ ᠪᠠᠲᠤᠯᠠᠭᠠᠲᠤ ᠡᠷᠦᠬᠡ᠂ ᠡᠮᠡᠭᠲᠡᠶᠢᠴᠦᠳ ᠬᠡᠦᠬᠡᠳ᠂ ᠴᠡᠷᠢᠭ ᠠᠴᠠ ᠬᠠᠯᠠᠭᠳᠠᠭᠰᠠᠳ ᠵᠡᠷᠭᠡ | ᠬᠥᠮᠥᠰ ᠤᠨ ᠬᠤᠲᠠ ᠬᠥᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠢ | ᠬᠥᠮᠥᠰ ᠢ ᠠᠰᠠᠷᠠᠨ ᠲᠡᠵᠢᠭᠡᠬᠦ᠂ ᠲᠦᠷ ᠴᠠᠭ ᠠᠪᠤᠷᠠᠨ ᠲᠤᠰᠠᠯᠠᠬᠤ᠂ ᠠᠰᠠᠷᠠᠨ ᠬᠠᠷᠠᠭᠠᠯᠵᠠᠬᠤ ᠵᠡᠷᠭᠡ ᠠᠵᠢᠯ ᠢ | ᠨᠠᠷᠢᠯᠢᠭ ᠣᠨᠤᠴᠢᠲᠠᠢ ᠪᠠᠷ ᠰᠠᠶᠢᠲᠤᠷ ᠬᠢᠨ᠎ᠡ᠃ ᠬᠥᠮᠥᠨ ᠠᠮᠠ ᠶᠢᠨ ᠨᠠᠰᠤᠵᠢᠯᠲᠠ ᠶᠢ ᠢᠳᠡᠪᠬᠢᠲᠡᠢ ᠪᠠᠷ ᠠᠷᠭᠠᠴᠠᠵᠤ ᠂ | ᠭᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠢ ᠠᠰᠠᠷᠠᠬᠤ ᠪᠠᠷ ᠭᠤᠣᠯ ᠪᠣᠯᠭᠠᠭᠰᠠᠨ᠂ ᠬᠥᠳᠡᠭᠡ ᠲᠣᠰᠬᠤᠨ ᠤ | ᠨᠠᠰᠤᠵᠢᠯ ᠤᠨ ᠠᠰᠠᠷᠠᠮᠵᠢ ᠶᠢᠨ ᠬᠠᠷᠢᠯᠴᠠᠨ ᠬᠠᠪᠰᠤᠷᠤᠯᠴᠠᠬᠤ ᠵᠣᠯ ᠵᠢᠷᠭᠠᠯ ᠤᠨ ᠬᠦᠷᠢᠶᠡᠯᠡᠩ ᠂ ᠨᠠᠰᠤᠲᠠᠨ ᠢ | ᠠᠰᠠᠷᠠᠬᠤ ᠲᠥᠪ ᠬᠦᠷᠢᠶᠡᠯᠡᠩ ᠪᠠ ᠯᠢᠶᠠᠨ ᠳ᠋ᠧ ᠡᠮᠴᠢᠯᠡᠭᠡ ᠨᠠᠰᠤᠵᠢᠯ ᠢ ᠨᠢᠭᠡ ᠴᠣᠭᠴᠠᠵᠢᠭᠤᠯᠤᠭᠰᠠᠨ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠲᠥᠪ ᠢᠶᠠᠷ ᠬᠠᠪᠰᠤᠷᠤᠮᠵᠢ ᠪᠣᠯᠭᠠᠭᠰᠠᠨ ᠬᠤᠳᠠ ᠬᠥᠳᠡᠭᠡ ᠶᠢᠨ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠬᠠᠩᠭᠠᠯᠠᠭ᠎ᠠ ᠶᠢᠨ ᠴᠢᠳᠠᠮᠵᠢ ᠶᠢ ᠳᠡᠭᠡᠭᠰᠢᠯᠡᠭᠦᠯᠦᠨ᠎ᠡ᠃ | ︵ᠲᠠᠪᠤ︶ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠪᠠᠷᠢᠮᠲᠠᠯᠠᠵᠤ ᠂ ᠠᠮᠢᠵᠢᠷᠠᠯ ᠤᠨ ᠬᠦᠴᠦᠨ | ᠲᠠᠢ ᠬᠦᠭᠵᠢᠨ ᠴᠡᠴᠡᠭᠯᠡᠭᠰᠡᠨ ᠬᠤᠸᠠᠳᠧ ᠶᠢ ᠪᠦᠲᠦᠮᠵᠢᠲᠡᠢ ᠬᠦᠭᠵᠢᠭᠡᠨ᠎ᠡ᠃ | ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠵᠤ᠂ | ᠵᠠᠰᠠᠭ ᠤᠨ ᠣᠷᠳᠣᠨ ᠤ ᠵᠠᠬ᠎ᠠ ᠳᠡᠯᠭᠡᠭᠦᠷ ᠤᠨ ᠡᠬᠢ ᠪᠠᠶᠠᠯᠢᠭ ᠤᠨ ᠰᠢᠭᠤᠳ ᠲᠣᠬᠢᠷᠠᠭᠤᠯᠤᠯᠲᠠ ᠪᠠ ᠵᠠᠬ᠎ᠠ | ᠳᠡᠯᠭᠡᠭᠦᠷ ᠤᠨ ᠠᠵᠢᠯᠯᠠᠭ᠎ᠠ ᠳᠤ ᠰᠢᠭᠤᠳ ᠭᠠᠷ ᠲᠦᠷᠦᠭᠦ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠤᠴᠢᠷ | ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ | ᠵᠢᠷᠤᠮᠵᠢᠭᠤᠯᠵᠤ᠂ ᠣᠶᠤᠨᠴᠢ ᠬᠢᠨᠠᠯᠲᠠ ᠬᠠᠮᠢᠶᠠᠷᠤᠯᠲᠠ ᠶᠢᠨ ᠲᠠᠪᠴᠠᠩ ᠢ ᠨᠡᠭᠡᠭᠡᠨ ᠬᠥᠭᠵᠢᠭᠦᠯᠵᠦ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠴᠢᠳᠠᠪᠤᠷᠢ ᠪᠠ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠵᠠᠬ᠎ᠠ | ᠳᠡᠯᠭᠡᠭᠦᠷ ᠤᠨ ᠠᠮᠢᠵᠢᠷᠠᠯ ᠤᠨ ᠬᠦᠴᠦᠨ ᠪᠠ ᠨᠡᠶᠢᠭᠡᠮ ᠤᠨ ᠪᠦᠲᠦᠭᠡᠯᠴᠢ ᠬᠦᠴᠦᠨ ᠢ ᠨᠠᠩ ᠶᠡᠭᠡ ᠬᠡᠮᠵᠢᠶ᠎ᠡ ᠪᠠᠷ | ᠬᠥᠭᠵᠢᠭᠡᠨ᠂ ᠪᠥᠬᠦ ᠰᠢᠶᠠᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠤᠨ᠎ᠠ᠃ | ᠲᠥᠰᠥᠪ ᠤᠨ ᠬᠠᠮᠢᠶᠠᠷᠤᠯᠲᠠ ᠪᠠ ᠭᠦᠢᠴᠡᠳᠬᠡᠬᠦ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ᠡᠳ᠋ ᠤᠨ | ᠵᠠᠰᠠᠭ ᠤᠨ ᠵᠠᠷᠤᠯᠭ᠎ᠠ ᠶᠢᠨ ᠳᠦᠷᠢᠮᠵᠢᠯᠲᠡ ᠶᠢ ᠲᠦᠯᠬᠢᠨ ᠠᠬᠢᠭᠤᠯᠵᠤ ᠂ ᠪᠦᠬᠦ ᠶᠠᠪᠤᠴᠠ ᠶᠢᠨ ᠲᠥᠰᠥᠪ ᠤᠨ | ᠠᠮᠵᠢᠯᠲᠠ ᠪᠦᠲᠦᠮᠵᠢ ᠶᠢᠨ ᠬᠠᠷᠠᠯᠲᠠᠲᠤ ᠬᠠᠮᠢᠶᠠᠷᠤᠯᠲᠠ ᠬᠢᠨᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ ᠃ | ᠮᠥᠩᠭᠦᠨ ᠭᠦᠢᠯᠭᠡᠭᠡᠨ ᠤ ᠦᠢᠯᠡᠳᠬᠦᠨ ᠪᠠ ᠦᠢᠯᠡᠴᠢᠯᠡᠭᠡᠨ ᠤ ᠲᠠᠯ᠎ᠠ ᠪᠠᠷ ᠰᠢᠨ᠎ᠡ ᠶᠢ ᠡᠭᠦᠳᠴᠦ ᠂ ᠲᠦᠭᠡᠮᠡᠯ | ᠬᠠᠷᠠᠭᠠᠯᠵᠠᠯᠲᠤ ᠮᠥᠩᠭᠦᠨ ᠭᠦᠢᠯᠭᠡᠭᠡ ᠪᠠ ᠵᠦᠢ ᠶᠣᠰᠣᠨ ᠤ ᠮᠥᠩᠭᠦᠨ ᠭᠦᠢᠯᠭᠡᠭᠡ ᠶᠢ ᠢᠳᠡᠪᠬᠢᠲᠡᠢ ᠬᠥᠭᠵᠢᠭᠦᠯᠦᠨ᠎ᠡ ᠃ | ᠡᠳ᠋ ᠤᠨ ᠵᠠᠰᠠᠭ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠠᠵᠢᠯ ᠢ ᠬᠦᠴᠦᠯᠡᠨ ᠰᠠᠶᠢᠲᠤᠷ | ᠠᠳᠬᠤᠵᠤ ᠂ ᠥᠷᠢ ᠥᠭᠴᠡᠭᠡ ᠶᠢ ᠠᠷᠢᠯᠭᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠠᠳᠬᠤᠨ᠎ᠠ ᠃ ᠬᠥᠳᠡᠭᠡ | ᠲᠣᠰᠬᠤᠨ ᠤ ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ᠬᠥᠳᠡᠭᠡ ᠲᠣᠰᠬᠤᠨ ᠤ | ᠬᠠᠮᠲᠤ ᠶᠢᠨ ᠥᠮᠴᠢᠯᠡᠯ ᠤᠨ ᠡᠷᠬᠡ ᠶᠢᠨ ᠳᠦᠷᠢᠮ ᠪᠠ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠤᠨ | ᠥᠭᠡᠷᠡᠴᠢᠯᠡᠯᠲᠡ ᠶᠢ ᠲᠦᠯᠬᠢᠨ ᠠᠬᠢᠭᠤᠯᠵᠤ ᠂ ᠬᠥᠳᠡᠭᠡ ᠲᠣᠰᠬᠤᠨ ᠤ ᠡᠬᠢ ᠪᠠᠶᠠᠯᠢᠭ ᠤᠨ ᠴᠢᠨᠠᠷᠲᠠᠢ ᠡᠳ᠋ | ᠬᠥᠷᠥᠩᠭᠡ ᠶᠢ ᠪᠠᠷᠢᠴᠠᠭᠠᠯᠠᠬᠤ ᠂ ᠰᠢᠯᠵᠢᠭᠦᠯᠬᠦ ᠂ ᠰᠣᠯᠢᠬᠤ ᠶᠢ ᠠᠬᠢᠭᠤᠯᠵᠤ ᠂ ᠬᠥᠳᠡᠭᠡ ᠲᠣᠰᠬᠤᠨ ᠤ | ᠥᠭᠡᠷᠡᠴᠢᠯᠡᠯᠲᠡ ᠵᠢᠨᠡᠷᠴᠢ ᠬᠦᠴᠦᠨ ᠢ ᠢᠯᠡᠷᠡᠭᠦᠯᠦᠨ᠎ᠡ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠥᠬᠦ | ᠲᠠᠯ᠎ᠠ ᠪᠠᠷ ᠰᠢᠯᠢᠳᠡᠭᠵᠢᠭᠦᠯᠦᠨ᠎ᠡ᠃ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠦᠷᠭᠦᠯᠵᠢᠯᠡᠨ ᠬᠤᠪᠢᠷᠠᠭᠤᠯᠵᠤ ᠂ | ᠡᠷᠬᠡ ᠲᠡᠭᠰᠢ ᠥᠷᠢᠰᠦᠯᠳᠦᠭᠡᠨ ᠤ ᠬᠢᠨᠠᠨ ᠪᠠᠶᠢᠴᠠᠭᠠᠬᠤ ᠠᠵᠢᠯ ᠢ ᠭᠦᠨᠵᠡᠭᠡᠢ ᠲᠦᠯᠬᠢᠨ ᠠᠬᠢᠭᠤᠯᠵᠤ ᠂ ᠡᠷᠬᠡ ᠲᠡᠭᠰᠢ | ᠲᠥᠪ ᠭᠤᠣᠯᠴᠢ ᠬᠠᠤᠯᠢ ᠪᠠᠷᠢᠬᠤ ᠣᠷᠴᠢᠨ ᠨᠥᠬᠦᠴᠡᠯ ᠂ ᠥᠷᠢᠰᠦᠯᠳᠦᠭᠡᠨ ᠨᠢ ᠡᠮᠬᠢ ᠵᠢᠷᠤᠮ ᠲᠠᠢ ᠵᠠᠬ᠎ᠠ | ᠳᠡᠯᠭᠡᠭᠦᠷ ᠤᠨ ᠣᠷᠴᠢᠨ ᠨᠥᠬᠦᠴᠡᠯ ᠪᠠ ᠴᠢᠨᠠᠷ ᠰᠠᠶᠢᠲᠠᠢ ᠥᠨᠳᠥᠷ ᠪᠦᠲᠦᠮᠵᠢᠲᠡᠶ ᠵᠠᠰᠠᠭ ᠤᠨ ᠶᠠᠪᠤᠳᠠᠯ ᠤᠨ ᠣᠷᠴᠢᠨ | ᠨᠥᠬᠦᠴᠡᠯ ᠢ ᠪᠤᠢ ᠪᠣᠯᠭᠠᠵᠤ ᠂ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠪᠡᠶᠡᠴᠢ ᠴᠣᠭᠴᠠ ᠳᠤ ᠲᠣᠭᠲᠠᠭᠤᠨ | ᠪᠥᠭᠡᠳ ᠡᠷᠬᠡ ᠲᠡᠭᠰᠢ ᠢᠯᠡ ᠲᠣᠳᠣ ᠵᠢᠱᠢᠵᠦ ᠪᠣᠯᠬᠤᠶᠢᠴᠠ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠤᠢ | ᠪᠣᠯᠭᠠᠵᠤ ᠥᠭᠭᠦᠨ᠎ᠡ ᠃ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢ ᠳᠡᠮᠵᠢᠬᠦ ᠡᠯ᠎ᠡ ᠵᠦᠢᠯ ᠤᠨ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠥᠷᠥ ᠶᠢᠨ | ᠪᠣᠳᠣᠯᠭ᠎ᠠ ᠶᠢᠨ ᠨᠠᠷᠢᠯᠢᠭ ᠣᠨᠣᠪᠴᠢᠲᠤ ᠴᠢᠨᠠᠷ ᠢ ᠴᠢᠩᠭᠠᠷᠠᠭᠤᠯᠤᠨ᠂ ᠠᠷᠠᠳ ᠠᠴᠠ ᠡᠵᠡᠩᠨᠡᠭᠰᠡᠨ ᠠᠵᠤ | ᠠᠬᠤᠶᠢᠯᠠᠯ ᠤᠨ ᠬᠥᠭᠵᠢᠯᠲᠡ ᠶᠢ ᠳᠡᠮᠵᠢᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠭᠦᠢᠴᠡᠳ ᠬᠡᠷᠡᠭᠯᠡᠵᠦ᠂ | ᠠᠮᠢᠳᠤᠯᠢᠭ ᠬᠡᠷᠡᠭᠯᠡᠵᠦ᠂ ᠰᠠᠶᠢᠲᠤᠷ ᠬᠡᠷᠡᠭᠯᠡᠨ᠎ᠡ᠃ ᠬᠤᠲᠠ ᠬᠥᠳᠡᠭᠡ ᠶᠢᠨ ᠨᠢᠭᠡᠳᠦᠯᠲᠡᠢ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢᠨ ᠵᠠᠬ᠎ᠠ ᠳᠡᠯᠭᠡᠭᠦᠷ ᠢ ᠰᠦᠪᠡᠭᠴᠢᠯᠡᠨ ᠪᠠᠶᠢᠭᠤᠯᠵᠤ᠂ | ᠭᠤᠣᠯᠳᠠᠯᠭ᠎ᠠ ᠲᠠᠢ ᠲᠥᠷᠥᠯ ᠵᠦᠢᠯ᠂ ᠴᠢᠬᠤᠯᠠ ᠶᠡᠭᠡ ᠠᠷᠠᠳ ᠤᠨ ᠠᠮᠢᠳᠤᠷᠠᠯ ᠤᠨ ᠲᠥᠷᠥᠯ ᠵᠦᠢᠯ ᠪᠠ ᠠᠵᠤ | ᠦᠢᠯᠡᠰ ᠤᠨ ᠲᠥᠷᠥᠯ ᠵᠦᠢᠯ ᠤᠨ ᠤᠷᠤᠭᠰᠢᠲᠠᠢ ᠬᠡᠷᠡᠭᠵᠢᠭᠦᠯᠦᠭᠳᠡᠬᠦ ᠶᠢ ᠬᠦᠴᠦᠲᠡᠢ ᠪᠠᠲᠤᠯᠠᠨ᠎ᠠ᠃ ᠠᠷᠠᠳ ᠤᠨ | ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠵᠦ ᠂ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠡᠯ᠎ᠡ ᠵᠦᠢᠯ ᠤᠨ ᠪᠠᠬᠢᠯᠡᠯᠲᠡ ᠶᠢ | ᠡᠪᠳᠡᠵᠦ ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ | ᠡᠷᠦᠭᠡ ᠶᠢᠨ ᠡᠷᠡᠭᠦᠯ ᠢᠶᠠᠷ ᠬᠥᠭᠵᠢᠬᠦ ᠶᠢ ᠲᠡᠮᠵᠢᠵᠤ ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ | ᠪᠤᠵᠠᠭᠠᠶᠢᠷᠠᠨ ᠰᠢᠯᠢᠳᠡᠭᠵᠢᠨ ᠬᠦᠴᠦᠷᠬᠡᠭᠵᠢᠬᠦ ᠶᠢ ᠲᠦᠯᠬᠢᠨ ᠠᠬᠢᠭᠤᠯᠵᠤ ᠂ ᠨᠢᠭᠡ ᠪᠦᠯᠦᠭ ᠥᠨᠳᠥᠷ ᠥᠰᠦᠯᠲᠡ ᠶᠢᠨ | ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ ᠪᠣᠶᠢᠵᠢᠭᠤᠯᠤᠨ ᠪᠤᠵᠠᠭᠠᠶᠢᠷᠠᠭᠤᠯᠤᠨ᠎ᠠ ᠃ ︽ᠳᠥᠷᠪᠡᠨ ᠶᠡᠭᠡ | ᠤᠳᠤᠷᠢᠳᠬᠤ ᠪᠠᠭ︾ ᠤᠨ ᠤᠳᠤᠷᠢᠳᠤᠯᠭ᠎ᠠ ᠶᠢᠨ ᠳᠠᠭᠠᠭᠠᠴᠢᠯᠠᠨ ᠬᠤᠯᠪᠣᠭᠠᠯᠠᠬᠤ ᠠᠵᠤ ᠠᠬᠤᠶᠢᠯᠠᠯ ᠤᠨ | ᠬᠠᠷᠢᠭᠤᠴᠠᠯᠭ᠎ᠠ ᠶᠢᠨ ᠳᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠵᠤ ᠠᠬᠤᠶᠢᠯᠠᠯ ᠳᠤ ᠰᠠᠭᠤᠭ᠎ᠠ ︽ᠣᠨᠴᠠ | ᠲᠣᠮᠢᠯᠠᠭᠳᠠᠭᠰᠠᠳ︾ ᠤᠨ ᠪᠦᠬᠦᠯᠢ ᠡᠳᠦᠷ ᠤᠨ᠂ ᠠᠰᠠᠷᠠᠭᠴᠢ ᠮᠠᠶ᠋ᠢᠭ ᠤᠨ ᠦᠢᠯᠡᠴᠢᠯᠡᠭᠡᠨ ᠤ ᠲᠣᠭᠲᠠᠴᠠ ᠶᠢ | ᠳᠡᠯᠭᠡᠷᠡᠭᠦᠯᠦᠨ᠂ ᠦᠢᠯᠡᠴᠢᠯᠡᠭᠡᠨ ᠤ ᠠᠵᠤ ᠠᠬᠤᠶᠢᠯᠠᠯ ᠤᠨ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ | ᠲᠥᠷᠥᠯ ᠵᠦᠢᠯ ᠤᠨ ᠬᠠᠳᠠᠭᠠᠯᠠᠮᠵᠢ ᠶᠢᠨ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ | ᠬᠤᠳᠠᠯᠳᠤᠭᠠᠴᠢᠨ ᠤᠷᠢᠬᠤ ᠣᠨᠣᠯᠵᠢᠬᠤᠨ ᠢ ᠴᠢᠩᠭᠠᠷᠠᠭᠤᠯᠤᠨ᠂ ᠪᠡᠭᠡᠵᠢᠩ ᠲᠢᠶᠠᠨᠵᠢᠨ ᠾᠧᠪᠧᠢ᠂ ︽ᠬᠥᠬᠡᠮᠥ᠋ᠷᠡᠨ ᠤ | ᠭᠤᠷᠪᠠᠯᠵᠢᠨ ᠬᠤᠶᠢᠭ︾᠂ ︽ᠵᠦᠵᠢᠶᠠᠩ ᠮᠥᠷᠡᠨ ᠤ ᠭᠤᠷᠪᠠᠯᠵᠢᠨ ᠬᠤᠶᠢᠭ︾ ᠵᠡᠷᠭᠡ ᠲᠥᠷᠥᠯ ᠵᠦᠢᠯ ᠤᠨ ᠡᠯᠪᠡᠭ | ᠲᠥᠪᠯᠡᠷᠡᠭᠰᠡᠨ ᠣᠷᠣᠨ ᠢ ᠴᠢᠩᠭ᠎ᠠ ᠠᠩᠬᠠᠷᠴᠤ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠲᠣᠭᠤᠷᠢᠨ ᠳᠤ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠥᠷᠨᠢᠭᠦᠯᠵᠦ᠂ ︽ᠪᠡᠯᠡ ᠣᠷᠣᠭᠤᠯᠬᠤ᠂ ᠮᠡᠷᠭᠡᠵᠢᠯ ᠣᠷᠣᠭᠤᠯᠬᠤ | ᠂ ᠣᠶᠤᠨ ᠤᠬᠠᠭᠠᠨ ᠣᠷᠣᠭᠤᠯᠬᠤ︾ ᠭᠤᠷᠪᠠ ᠶᠢ ᠨᠢᠭᠡ ᠴᠣᠭᠴᠠᠵᠢᠭᠤᠯᠬᠤ ᠶᠢ ᠪᠠᠷᠢᠮᠲᠠᠯᠠᠨ᠂ | ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ᠂ ᠨᠠᠶᠢᠳᠠᠯᠭ᠎ᠠ ᠪᠠᠷ ᠬᠤᠳᠠᠯᠳᠤᠭᠠᠴᠢᠨ ᠤᠷᠢᠬᠤ᠂ ᠠᠵᠤ | ᠦᠢᠯᠡᠰ ᠤᠨ ᠬᠡᠯᠬᠢᠶ᠎ᠡ ᠪᠠᠷ ᠬᠤᠳᠠᠯᠳᠤᠭᠠᠴᠢᠨ ᠤᠷᠢᠬᠤ᠂ ᠪᠥᠬᠦ ᠠᠷᠠᠳ ᠢᠶᠠᠷ ᠢᠶᠠᠨ ᠬᠤᠳᠠᠯᠳᠤᠭᠠᠴᠢᠨ ᠤᠷᠢᠬᠤ ᠵᠡᠷᠭᠡ | ᠠᠷᠭ᠎ᠠ ᠮᠠᠶ᠋ᠢᠭ ᠢ ᠴᠢᠬᠤᠯᠠᠴᠢᠯᠠᠵᠤ᠂ ᠨᠢᠭᠡ ᠪᠦᠯᠦᠭ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠴᠠ ᠪᠠᠷ | ᠥᠨᠳᠥᠷ᠂ ᠭᠠᠶᠢᠯᠢ ᠲᠠᠲᠠᠪᠤᠷᠢ ᠶᠢᠨ ᠬᠤᠪᠢ ᠨᠡᠮᠡᠷᠢ ᠪᠠᠷ ᠶᠡᠭᠡ᠂ ᠳᠠᠶᠢᠴᠢᠯᠠᠬᠤ ᠴᠢᠳᠠᠪᠤᠷᠢ ᠪᠠᠷ ᠴᠢᠩᠭ᠎ᠠ ᠰᠢᠯᠢᠳᠡᠭ | ᠲᠥᠷᠥᠯ ᠵᠦᠢᠯ ᠢ ᠨᠠᠷᠢᠯᠢᠭ ᠣᠨᠤᠪᠴᠢᠲᠠᠢ ᠪᠠᠷ ᠣᠷᠣᠭᠤᠯᠤᠨ ᠠᠪᠴᠢᠷᠠᠨ᠎ᠠ᠃ | ︵ᠵᠢᠷᠭᠤᠭ᠎ᠠ︶ ᠰᠣᠶᠣᠯ ᠢᠶᠠᠷ ᠬᠥᠲᠥᠯᠥᠨ ᠳᠠᠭᠠᠭᠤᠯᠬᠤ ᠪᠠ ᠨᠡᠶᠢᠭᠡᠮ ᠤᠨ ᠵᠠᠰᠠᠯᠲᠠ ᠶᠢ ᠪᠠᠷᠢᠮᠲᠠᠯᠠᠵᠤ᠂ | ᠪᠣᠯᠪᠠᠰᠤᠨ ᠠᠮᠤᠷ ᠠᠮᠤᠭᠤᠯᠠᠩ ᠬᠤᠸᠠᠳᠧ ᠶᠢ ᠲᠦᠷᠭᠡᠳᠬᠡᠨ ᠡᠭᠦᠳᠦᠨ ᠪᠠᠶᠢᠭᠤᠯᠤᠨ᠎ᠠ | ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠪᠠᠷ ᠰᠣᠶᠣᠯ ᠤᠨ ᠪᠠᠶᠢᠭᠤᠯᠤᠯᠲᠠ ᠶᠢ ᠬᠥᠲᠥᠯᠥᠨ | ᠳᠠᠭᠠᠭᠤᠯᠬᠤ ᠶᠢ ᠪᠠᠷᠢᠮᠲᠠᠯᠠᠵᠤ ᠂ ᠲᠤᠭ ᠢ ᠡᠷᠭᠦᠬᠦ ᠂ ᠠᠷᠠᠳ ᠤᠨ ᠰᠡᠳᠬᠢᠯ ᠢ ᠨᠢᠭᠲᠠᠷᠠᠭᠤᠯᠬᠤ ᠂ ᠰᠣᠶᠣᠯ ᠢ | ᠮᠠᠨᠳᠤᠭᠤᠯᠬᠤ ᠂ ᠳᠦᠷᠢ ᠲᠥᠷᠬᠦ ᠶᠢ ᠢᠯᠡᠷᠡᠭᠦᠯᠬᠦ ᠡᠭᠦᠷᠭᠡ ᠬᠠᠷᠢᠭᠤᠴᠠᠯᠭ᠎ᠠ ᠲᠠᠢ ᠨᠢᠭᠲᠠ ᠤᠶᠠᠯᠳᠤᠭᠤᠯᠤᠨ᠂ ᠠᠷᠠᠳ | ᠲᠦᠮᠡᠨ ᠤ ᠰᠣᠶᠣᠯ ᠤᠨ ᠬᠡᠷᠡᠭᠴᠡᠭᠡ ᠶᠢ ᠬᠠᠩᠭᠠᠬᠤ ᠪᠠ ᠠᠷᠠᠳ ᠲᠦᠮᠡᠨ ᠤ ᠤᠶᠤᠨ ᠰᠠᠨᠠᠭᠠᠨ ᠤ ᠬᠦᠴᠦᠨ ᠢ | ᠨᠡᠮᠡᠭᠳᠡᠭᠦᠯᠬᠦ ᠶᠢ ᠬᠠᠷᠢᠯᠴᠠᠨ ᠨᠢᠭᠡᠳᠦᠭᠦᠯᠬᠦ ᠶᠢ ᠠᠬᠢᠭᠤᠯᠤᠨ᠎ᠠ ᠃ ᠰᠣᠶᠣᠯ ᠤᠨ ᠵᠥᠭᠡᠯᠡᠨ ᠪᠣᠳᠠᠲᠤ ᠬᠦᠴᠦᠨ ᠢ | ᠳᠡᠭᠡᠭᠰᠢᠯᠡᠭᠦᠯᠦᠨ᠎ᠡ ᠃ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠪᠠ ᠳᠤᠮᠳᠠᠳᠤ ᠤᠯᠤᠰ ᠤᠨ | ᠵᠡᠭᠦᠳᠦ ᠶᠢᠨ ᠤᠬᠠᠭᠤᠯᠭ᠎ᠠ ᠬᠥᠮᠦᠵᠢᠯ ᠢ ᠥᠷᠭᠡᠨ ᠳᠡᠯᠭᠡᠷᠡᠩᠭᠦᠢ ᠪᠠᠷ ᠥᠷᠨᠢᠭᠦᠯᠵᠦ ᠂ ᠠᠭᠤᠤ ᠶᠡᠭᠡ ᠨᠠᠮ ᠪᠠᠶᠢᠭᠤᠯᠬᠤ | ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ ᠂ ᠬᠥᠮᠥᠰ ᠢ ᠬᠥᠲᠥᠯᠥᠨ ᠵᠢᠯᠤᠭᠤᠳᠴᠤ ᠪᠠᠶᠢᠭᠠᠳ ᠵᠠᠮ ᠤᠨ ᠢᠲᠡᠭᠡᠯ ᠂ | ᠤᠨᠤᠯ ᠤᠨ ᠢᠲᠡᠭᠡᠯ ᠂ ᠪᠠᠶᠢᠭᠤᠯᠤᠯ ᠤᠨ ᠢᠲᠡᠭᠡᠯ ᠂ ᠰᠣᠶᠣᠯ ᠤᠨ ᠢᠲᠡᠭᠡᠯ ᠢ ᠨᠢ ᠲᠠᠰᠤᠷᠠᠯᠳᠠ ᠦᠭᠡᠢ ᠨᠡᠮᠡᠭᠳᠡᠭᠦᠯᠵᠦ ᠂ | ᠬᠤᠪᠢ ᠬᠥᠮᠥᠨ ᠤ ᠬᠦᠰᠡᠯᠡᠩ ᠢᠶᠠᠨ ᠪᠡᠶᠡᠯᠡᠭᠦᠯᠬᠦ ᠶᠢ ᠤᠯᠤᠰ ᠣᠷᠣᠨ ᠤ ᠪᠠᠶᠠᠨ ᠬᠦᠴᠦᠷᠬᠡᠭ ᠂ ᠦᠨᠳᠦᠰᠦᠲᠡᠨ ᠤ | ᠰᠡᠷᠭᠦᠨ ᠮᠠᠨᠳᠤᠯᠲᠠ᠂ ᠠᠷᠠᠳ ᠲᠦᠮᠡᠨ ᠤ ᠵᠣᠯ ᠵᠢᠷᠭᠠᠯ ᠢ ᠪᠡᠶᠡᠯᠡᠭᠦᠯᠬᠦ ᠠᠭᠤᠤ ᠶᠡᠭᠡ ᠬᠦᠰᠡᠯ ᠵᠡᠭᠦᠳᠦ ᠳᠤ ᠠᠭᠤᠰᠬᠠᠨ | ᠣᠷᠣᠭᠤᠯᠤᠨ᠎ᠠ ᠃ ᠶᠣᠰᠣ ᠰᠤᠷᠲᠠᠬᠤᠨ ᠢ ᠪᠤᠢ ᠪᠣᠯᠭᠠᠵᠤ ᠬᠥᠮᠥᠨ ᠢ ᠬᠥᠮᠥᠵᠢᠭᠦᠯᠬᠦ ᠶᠢ ᠰᠤᠷᠭᠠᠭᠤᠯᠢ ᠶᠢᠨ ᠰᠤᠷᠭᠠᠨ | ᠬᠥᠮᠦᠵᠢᠯ ᠤᠨ ᠪᠦᠬᠦ ᠶᠠᠪᠤᠴᠠ ᠳᠤ ᠲᠤᠭᠤᠰᠢᠯᠠᠭᠤᠯᠵᠤ᠂ ᠴᠠᠭ ᠦᠶ᠎ᠡ ᠶᠢᠨ ᠰᠢᠨ᠎ᠡ ᠬᠥᠮᠥᠨ ᠢ ᠬᠥᠮᠥᠵᠢᠭᠦᠯᠬᠦ | ᠢᠨᠵᠧᠨᠧᠷᠢᠩ ᠢ ᠬᠡᠷᠡᠭᠵᠢᠭᠦᠯᠵᠦ ᠂ ᠵᠠᠯᠠᠭᠤᠴᠤᠳ ᠪᠠᠭᠠᠴᠤᠳ ᠤᠨ ᠬᠦᠰᠡᠯᠡᠩ ᠢᠲᠡᠭᠡᠯ ᠪᠢᠰᠢᠷᠡᠯ ᠤᠨ ᠬᠥᠮᠦᠵᠢᠯ ᠢ | ᠵᠡᠷᠭᠡᠪᠡᠷ ᠠᠳᠬᠤᠵᠤ ᠬᠠᠮᠲᠤᠪᠠᠷ ᠬᠠᠮᠢᠶᠠᠷᠬᠤ ᠲᠣᠭᠲᠠᠴᠠ ᠶᠢ ᠲᠡᠭᠦᠯᠳᠡᠷᠵᠢᠭᠦᠯᠵᠦ ᠂ ᠶᠣᠰᠣ ᠰᠤᠷᠲᠠᠬᠤᠨ ᠤᠶᠤᠨ | ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠬᠥᠳᠡᠯᠮᠦᠷᠢ ᠪᠦᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ | ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠥᠵᠢᠭᠦᠯᠦᠨ᠎ᠡ ᠃ ᠤᠯᠠᠮᠵᠢᠯᠠᠯᠲᠤ ᠰᠠᠶᠢᠬᠠᠨ ᠰᠤᠷᠲᠠᠯ᠂ | ᠬᠥᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ᠂ ᠤᠷᠠᠨ ᠳᠠᠷᠬᠠᠨ ᠤ ᠵᠣᠷᠢᠭ ᠰᠠᠨᠠᠭ᠎ᠠ᠂ ᠰᠢᠯᠢᠳᠡᠭ ᠠᠵᠤ | ᠠᠬᠤᠶᠢᠯᠠᠯᠲᠠᠨ ᠤ ᠵᠣᠷᠢᠭ ᠰᠠᠨᠠᠭ᠎ᠠ ᠵᠡᠷᠭᠡ ᠶᠢ ᠪᠦᠬᠦ ᠲᠠᠯ᠎ᠠ ᠪᠠᠷ ᠪᠠᠳᠠᠷᠠᠭᠤᠯᠵᠤ᠂ ᠡᠯ᠎ᠡ ᠠᠵᠢᠯ ᠲᠦᠷᠦᠯ ᠤᠨ | ᠲᠡᠷᠢᠭᠦᠨ ᠤ ᠬᠥᠮᠥᠰ ᠢ ᠰᠣᠩᠭᠤᠨ ᠭᠠᠷᠭᠠᠵᠤ ᠂ ᠬᠠᠮᠤᠭ ᠤᠨ ᠭᠤᠶᠤ ᠰᠢᠷᠢᠰ ᠬᠥᠮᠥᠰ ᠂ ᠳᠡᠷᠭᠡᠳᠡᠬᠢ ᠰᠠᠶᠢᠨ | ᠬᠥᠮᠥᠨ ᠢ ᠰᠢᠯᠭᠠᠷᠠᠭᠤᠯᠵᠤ ᠂ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ᠂ ᠦᠢᠯᠡ ᠠᠵᠢᠯᠯᠠᠭ᠎ᠠ ᠶᠢᠨ ᠮᠡᠳᠡᠭᠡᠯᠡᠯ ᠂ | ᠤᠳᠬ᠎ᠠ ᠤᠷᠠᠯᠢᠭ ᠤᠨ ᠪᠦᠲᠦᠭᠡᠯ ᠵᠡᠷᠭᠡ ᠬᠡᠯᠪᠡᠷᠢ ᠶᠢ ᠶᠡᠷᠦᠩᠬᠡᠶᠢᠯᠡᠨ ᠬᠡᠷᠡᠭᠯᠡᠵᠦ ᠂ ᠲᠡᠷᠢᠭᠦᠨ ᠤ ᠦᠢᠯᠡ ᠠᠵᠢᠯᠯᠠᠭ᠎ᠠ | ᠪᠠ ᠲᠣᠪᠣᠶᠢᠮ᠎ᠠ ᠬᠤᠪᠢ ᠨᠡᠮᠡᠷᠢ ᠶᠢ ᠥᠷᠭᠡᠨ ᠢᠶᠠᠷ ᠤᠬᠠᠭᠤᠯᠵᠤ ᠂ ᠡᠯ᠎ᠡ ᠠᠵᠢᠯ ᠲᠦᠷᠦᠯ ᠤᠨ ᠬᠢᠨ ᠢ ᠴᠥᠮ | ᠰᠤᠷᠤᠯᠴᠠᠬᠤ ᠳᠤ ᠦᠯᠢᠭᠡᠷ ᠳᠠᠭᠤᠷᠢᠶᠠᠯ ᠲᠠᠢ ᠂ ᠠᠵᠢᠯᠯᠠᠬᠤ ᠳᠤ ᠦᠯᠢᠭᠡᠷ ᠳᠠᠭᠤᠷᠢᠶᠠᠯ ᠲᠠᠢ ᠪᠣᠯᠭᠠᠵᠤ ᠂ ᠢᠯᠡ | ᠲᠣᠳᠣ ᠴᠠᠭ ᠦᠶ᠎ᠡ ᠶᠢᠨ ᠦᠷᠳᠡᠭ ᠤᠨ ᠬᠠᠨᠳᠤᠯᠭ᠎ᠠ ᠶᠢ ᠪᠤᠢ ᠪᠣᠯᠭᠠᠨ᠎ᠠ ᠃ ᠵᠠᠩ ᠳᠠᠳᠬᠠᠯ ᠢ ᠥᠭᠡᠷᠡᠴᠢᠯᠡᠬᠦ | ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠲᠣᠰᠬᠤᠨ ᠤ ᠳᠦᠷᠢᠮ ᠠᠷᠠᠳ ᠤᠨ ᠭᠡᠷ᠎ᠡ᠂ ᠶᠣᠰᠣ ᠰᠤᠷᠲᠠᠬᠤᠨ ᠤ | ᠦᠨᠡᠯᠡᠯᠲᠡ ᠶᠢᠨ ᠬᠤᠷᠠᠯ ᠵᠡᠷᠭᠡ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠪᠣᠯᠪᠠᠰᠤᠨ ᠨᠤᠲᠤᠭ ᠤᠨ ᠰᠤᠷᠲᠠᠯ᠂ | ᠪᠣᠷᠣᠭᠵᠢᠭᠤᠨ ᠠᠷᠠᠳ ᠤᠨ ᠰᠤᠷᠲᠠᠯ ᠢ ᠪᠣᠶᠢᠵᠢᠭᠤᠯᠵᠤ᠂ ᠰᠢᠨᠵᠢᠯᠡᠬᠦ ᠤᠬᠠᠭᠠᠨᠴᠢ ᠪᠣᠯᠪᠠᠰᠤᠨ ᠠᠮᠢᠳᠤᠷᠠᠯ ᠤᠨ ᠠᠷᠭ᠎ᠠ | ᠮᠠᠶ᠋ᠢᠭ ᠢ ᠰᠠᠨᠠᠭᠠᠴᠢᠯᠠᠨ᠂ ᠲᠣᠰ ᠭᠠᠵᠠᠷ ᠣᠷᠣᠨ ᠤ ᠰᠣᠶᠣᠯ ᠢ ᠠᠭᠤᠳᠠᠯᠤᠨ ᠰᠢᠨ᠎ᠡ ᠶᠢ ᠡᠭᠦᠳᠴᠦ᠂ ᠬᠥᠳᠡᠭᠡ | ᠲᠣᠰᠬᠤᠨ ᠤ ᠪᠣᠯᠪᠠᠰᠤᠨ ᠤ ᠰᠢᠨ᠎ᠡ ᠠᠭᠤᠷ ᠠᠮᠢᠰᠬᠤᠯ ᠢ ᠲᠠᠰᠤᠷᠠᠯᠲᠠ ᠦᠭᠡᠢ ᠪᠠᠳᠠᠷᠠᠭᠤᠯᠤᠨ᠎ᠠ᠃ ᠦᠨᠡᠨᠴᠢ | ᠢᠲᠡᠭᠡᠮᠵᠢ ᠶᠢᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠢᠲᠡᠭᠡᠯ | ᠪᠢᠰᠢᠷᠡᠯ ᠢ ᠬᠦᠨᠳᠦᠳᠬᠡᠨ ᠠᠮᠠᠯᠠᠯᠲᠠ ᠪᠠᠨ ᠪᠠᠷᠢᠮᠲᠠᠯᠠᠬᠤ ᠤᠯᠠᠮᠵᠢᠯᠠᠯᠲᠤ ᠰᠠᠶᠢᠬᠠᠨ ᠰᠤᠷᠲᠠᠯ ᠢ ᠵᠠᠯᠭᠠᠮᠵᠢᠯᠠᠨ | ᠪᠠᠳᠠᠷᠠᠭᠤᠯᠵᠤ ᠂ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠯᠤᠭ᠎ᠠ ᠵᠣᠬᠢᠴᠠᠯᠳᠤᠭᠰᠠᠨ ᠦᠨᠡᠨᠴᠢ | ᠢᠲᠡᠭᠡᠮᠵᠢ ᠶᠢᠨ ᠣᠶᠢᠯᠠᠭᠠᠭᠳᠠᠬᠤᠨ ᠂ ᠦᠨᠡᠨᠴᠢ ᠢᠲᠡᠭᠡᠮᠵᠢ ᠶᠢᠨ ᠰᠣᠶᠣᠯ ᠂ ᠭᠡᠷ᠎ᠡ ᠶᠢᠨ ᠵᠣᠷᠢᠭ ᠰᠠᠨᠠᠭ᠎ᠠ ᠶᠢ | ᠪᠠᠳᠠᠷᠠᠭᠤᠯᠤᠨ ᠂ ᠡᠯ᠎ᠡ ᠠᠵᠢᠯ ᠲᠦᠷᠦᠯ ᠡᠯ᠎ᠡ ᠬᠦᠷᠢᠶᠡᠨ ᠳᠤ ᠦᠨᠡᠨᠴᠢ ᠢᠲᠡᠭᠡᠮᠵᠢ ᠶᠢᠨ ᠨᠡᠶᠢᠲᠡ ᠶᠢᠨ ᠭᠡᠷ᠎ᠡ | ᠲᠣᠭᠲᠠᠭᠠᠬᠤ ᠶᠢ ᠲᠦᠯᠬᠢᠨ ᠠᠬᠢᠭᠤᠯᠵᠤ ᠂ ᠬᠤᠪᠢ ᠬᠥᠮᠥᠨ ᠤ ᠦᠨᠡᠨᠴᠢ ᠢᠲᠡᠭᠡᠮᠵᠢ ᠂ ᠵᠠᠰᠠᠭ ᠤᠨ ᠶᠠᠪᠤᠳᠠᠯ ᠤᠨ | ᠦᠨᠡᠨᠴᠢ ᠢᠲᠡᠭᠡᠮᠵᠢ ᠂ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ ᠂ ᠨᠡᠶᠢᠭᠡᠮ ᠤᠨ ᠦᠨᠡᠨᠴᠢ ᠢᠲᠡᠭᠡᠮᠵᠢ | ᠪᠠ ᠬᠠᠤᠯᠢ ᠴᠠᠭᠠᠵᠠ ᠶᠢᠨ ᠤᠯᠠᠨ ᠨᠡᠶᠢᠲᠡ ᠶᠢᠨ ᠢᠲᠡᠭᠡᠮᠵᠢ ᠶᠢᠨ ᠪᠠᠶᠢᠭᠤᠯᠤᠯᠲᠠ ᠶᠢ ᠲᠦᠷᠭᠡᠳᠬᠡᠵᠦ ᠂ ᠪᠦᠬᠦ | ᠨᠡᠶᠢᠭᠡᠮ ᠢ ᠬᠠᠮᠤᠷᠤᠭᠰᠠᠨ ᠢᠲᠡᠭᠡᠮᠵᠢ ᠶᠢᠨ ᠮᠡᠳᠡᠭᠡ ᠵᠠᠩᠭᠢ ᠶᠢᠨ ᠰᠢᠰᠲ᠋ᠧᠮ ᠢ ᠪᠠᠶᠢᠭᠤᠯᠤᠨ᠎ᠠ ︔ ᠢᠲᠡᠭᠡᠮᠵᠢ ᠲᠠᠢ | ᠪᠠᠶᠢᠬᠤ ᠶᠢ ᠬᠠᠮᠲᠤᠷᠠᠨ ᠤᠷᠮᠠᠰᠢᠭᠤᠯᠬᠤ ᠪᠠ ᠢᠲᠡᠭᠡᠮᠵᠢ ᠪᠠᠨ ᠠᠯᠳᠠᠬᠤ ᠶᠢ ᠬᠠᠮᠲᠤᠷᠠᠨ ᠵᠠᠯᠬᠠᠭᠠᠨ ᠴᠡᠭᠡᠷᠯᠡᠭᠦᠯᠬᠦ | ᠲᠣᠭᠲᠠᠴᠠ ᠶᠢ ᠪᠦᠷᠢᠨᠰᠢᠭᠦᠯᠵᠦ ᠂ ᠦᠨᠡᠨᠴᠢ ᠢᠲᠡᠭᠡᠮᠵᠢ ᠳᠤᠲᠠᠭᠳᠠᠭᠰᠠᠨ ᠲᠣᠪᠣᠶᠢᠮ᠎ᠠ ᠠᠰᠠᠭᠤᠳᠠᠯ ᠢ ᠲᠤᠰᠬᠠᠶᠢᠯᠠᠨ | ᠵᠠᠰᠠᠬᠤ ᠶᠢ ᠥᠷᠨᠢᠭᠦᠯᠵᠦ ᠂ ᠪᠦᠬᠦ ᠨᠡᠶᠢᠭᠡᠮ ᠤᠨ ᠦᠨᠡᠨᠴᠢ ᠢᠲᠡᠭᠡᠮᠵᠢ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ ᠃ | ᠬᠠᠤᠯᠢ ᠪᠠᠷ ᠵᠠᠰᠠᠬᠤ ᠪᠠ ᠶᠣᠰᠣ ᠮᠣᠷᠠᠯ ᠢᠶᠠᠷ ᠵᠠᠰᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ ᠂ ᠶᠣᠰᠣ ᠮᠣᠷᠠᠯ ᠤᠨ | ᠱᠠᠭᠠᠷᠳᠠᠯᠭ᠎ᠠ ᠶᠢ ᠬᠠᠤᠯᠢ ᠬᠡᠷᠡᠭᠵᠢᠭᠦᠯᠬᠦ᠂ ᠬᠠᠤᠯᠢ ᠪᠠᠷᠢᠬᠤ ᠂ ᠬᠠᠤᠯᠢ ᠶᠢ ᠰᠠᠬᠢᠬᠤ ᠵᠡᠷᠭᠡ ᠡᠯ᠎ᠡ ᠵᠠᠩᠭᠢᠯᠠᠭ᠎ᠠ ᠳᠤ | ᠲᠤᠭᠤᠰᠢᠯᠠᠭᠤᠯᠵᠤ ᠂ ᠠᠷᠠᠳ ᠤᠯᠠᠨ ᠢ ᠬᠥᠲᠥᠯᠥᠨ ᠵᠢᠯᠤᠭᠤᠳᠴᠤ ᠪᠠᠶᠢᠭᠠᠳ ᠶᠣᠰᠣ ᠮᠣᠷᠠᠯ ᠢ ᠡᠷᠬᠢᠮᠯᠡᠨ ᠰᠠᠶᠢᠨ ᠢ | ᠡᠷᠬᠢᠮᠯᠡᠬᠦ᠂ ᠬᠠᠤᠯᠢ ᠶᠢ ᠵᠢᠷᠤᠮᠯᠠᠨ ᠬᠠᠤᠯᠢ ᠶᠢ ᠰᠠᠬᠢᠵᠤ ᠂ ᠬᠠᠤᠯᠢ ᠴᠠᠭᠠᠵᠠ ᠬᠢᠭᠡᠳ ᠶᠣᠰᠣ ᠮᠣᠷᠠᠯ ᠢ ᠵᠡᠷᠭᠡ ᠪᠠᠷ | ᠤᠶᠠᠯᠳᠤᠭᠤᠯᠤᠭᠰᠠᠨ ᠨᠡᠶᠢᠭᠡᠮ ᠤᠨ ᠴᠢᠳᠠᠮᠠᠭᠠᠢ ᠪᠠᠷ ᠵᠠᠰᠠᠬᠤ ᠶᠢ ᠪᠡᠶᠡᠯᠡᠭᠦᠯᠦᠨ᠎ᠡ ᠃ ︽ᠭᠠᠨ ᡁᠢ ᠮᠧᠶ ᠶᠢᠨ ᠵᠣᠷᠢᠭ | ᠰᠠᠨᠠᠭ᠎ᠠ︾ ᠶᠢ ᠭᠦᠨᠵᠡᠭᠡᠢ ᠠᠭᠤᠳᠠᠯᠬᠤ ᠶᠢᠨ ᠬᠠᠮᠲᠤ ᠤᠯᠠᠮᠵᠢᠯᠠᠨ ᠪᠠᠳᠠᠷᠠᠭᠤᠯᠵᠤ᠂ ᠮᠢᠨ ᠯᠧ ᠨᠠᠭᠤᠷ ᠤᠨ ᠲᠠᠷᠢᠶᠠᠨ | ᠭᠠᠵᠠᠷ ᠤᠨ ᠶᠡᠷᠦᠩᠬᠡᠶᠢᠯᠡᠭᠰᠡᠨ ᠵᠢᠭᠤᠯᠴᠢᠯᠠᠯ ᠤᠨ ᠣᠷᠣᠨ᠂ ᠴᠢᠦ ᠯᠢᠩ ᠭᠧᠦ ᠶᠢᠨ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠰᠤᠷᠭᠠᠨ ᠬᠥᠮᠦᠵᠢᠯ ᠬᠢᠭᠡᠳ ᠴᠡᠷᠢᠭ ᠠᠩᠭᠢ ᠶᠢᠨ ᠵᠢᠭᠤᠯᠴᠢᠯᠠᠯ ᠤᠨ ᠰᠣᠶᠣᠯ ᠤᠨ ᠰᠠᠭᠤᠷᠢᠨ | ᠭᠠᠵᠠᠷ᠂ ᠢᠦᠢ ᠮᠢᠨ ᠤ ᠪᠠᠭᠤᠷᠢ ᠶᠢᠨ ᠴᠡᠴᠡᠷᠯᠢᠭ ᠢ ᠰᠦᠪᠡᠭᠴᠢᠯᠡᠨ ᠨᠡᠭᠡᠭᠡᠨ ᠬᠥᠭᠵᠢᠭᠦᠯᠵᠦ᠂ ᠣᠷᠣᠨ ᠪᠦᠰᠡ ᠶᠢᠨ | ᠣᠨᠴᠠᠯᠢᠭᠲᠤ ᠠᠷᠠᠳ ᠤᠨ ᠣᠷᠣᠨ ᠰᠠᠭᠤᠴᠠ ᠶᠢᠨ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠂ ︽ᠮᠣᠷᠠᠯ︾ | ᠤᠨ ᠰᠣᠶᠣᠯ ᠤᠨ ᠶᠡᠭᠡ ᠴᠤᠭᠯᠠᠷᠠᠯ ᠢ ᠰᠠᠶᠢᠲᠤᠷ ᠡᠷᠭᠢᠯᠡᠨ᠎ᠡ᠃ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ | ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠬᠤ ᠳᠦᠷᠢᠮ︾ ᠢ ᠭᠦᠨᠵᠡᠭᠡᠢ ᠲᠤᠭᠤᠰᠢᠯᠠᠭᠤᠯᠵᠤ᠂ | ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠰᠠᠶᠢᠲᠤᠷ ᠠᠳᠬᠤᠵᠤ ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠵᠤ ᠂ ᠪᠦᠬᠦ ᠰᠢᠶᠠᠨ ᠤ | ᠦᠨᠳᠦᠰᠦᠲᠡᠨ ᠨᠦᠭᠦᠳ ᠤᠨ ᠠᠷᠠᠳ ᠲᠦᠮᠡᠨ ᠤ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠬᠦ ᠶᠢ ᠠᠬᠢᠭᠤᠯᠤᠨ᠎ᠠ᠃ | ᠨᠡᠶᠢᠭᠡᠮ ᠤᠨ ᠶᠡᠷᠦᠩᠬᠡᠶᠢᠯᠡᠭᠰᠡᠨ ᠵᠠᠰᠠᠯᠲᠠ ᠶᠢ ᠴᠢᠩᠭᠠᠳᠬᠠᠨ᠎ᠠ ᠃ ︽ᠠᠮᠤᠷ ᠠᠮᠤᠭᠤᠯᠠᠩ ᠬᠤᠸᠠᠳᠧ︾ ᠶᠢᠨ | ᠪᠠᠶᠢᠭᠤᠯᠤᠯᠲᠠ ᠶᠢ ᠭᠦᠨᠵᠡᠭᠡᠶᠢᠷᠡᠭᠦᠯᠵᠦ ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢ | ᠪᠠᠶᠢᠩᠭᠤᠵᠢᠭᠤᠯᠬᠤ ᠶᠢ ᠠᠬᠢᠭᠤᠯᠵᠤ ᠂ ᠠᠮᠤᠷ ᠲᠦᠪᠰᠢᠨ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠤᠢ | ᠪᠣᠯᠭᠠᠨ᠎ᠠ ᠃ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ ᠂ | ᠬᠠᠤᠯᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠨ᠎ᠠ ᠃ ᠠᠶᠤᠯᠭᠦᠢ | ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ ᠂ ᠠᠶᠤᠯᠭᠦᠢ ᠦᠢᠯᠡᠳᠪᠦᠷᠢᠯᠡᠯ ᠂ | ᠰᠤᠷᠭᠠᠭᠤᠯᠢ ᠶᠢᠨ ᠬᠦᠷᠢᠶᠡᠨ ᠤ ᠠᠶᠤᠯᠭᠦᠢ ᠂ ᠢᠳᠡᠭᠡᠨ ᠤ ᠵᠦᠢᠯ ᠡᠮ ᠤᠨ ᠵᠦᠢᠯ ᠤᠨ ᠠᠶᠤᠯᠭᠦᠢ ᠪᠠᠶᠢᠬᠤ ᠪᠠ ᠭᠠᠯ | ᠰᠡᠷᠭᠡᠶᠢᠯᠡᠨ ᠤᠨᠲᠠᠷᠠᠭᠠᠬᠤ ᠠᠶᠤᠯᠭᠦᠢ ᠶᠢᠨ ᠠᠵᠢᠯ ᠢ ᠪᠦᠬᠦ ᠬᠦᠴᠦᠨ ᠢᠶᠠᠷ ᠰᠠᠶᠢᠲᠤᠷ ᠠᠳᠬᠤᠨ᠎ᠠ᠃ ᠦᠶᠡᠷ ᠢ | ᠰᠡᠷᠭᠡᠶᠢᠯᠡᠨ ᠭᠠᠩ ᠲᠠᠢ ᠲᠡᠮᠡᠴᠡᠬᠦ ᠂ ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠂ ᠭᠠᠵᠠᠷ | ᠬᠥᠳᠡᠯᠦᠯᠲᠡ ᠵᠢᠴᠢ ᠭᠠᠵᠠᠷ ᠤᠨ ᠭᠠᠢ ᠭᠠᠮᠰᠢᠭ ᠢ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠬᠢᠨ᠎ᠡ ᠃ ᠵᠠᠬᠢᠳᠠᠯ | ᠰᠣᠷᠪᠤᠯᠵᠢᠯᠠᠭ᠎ᠠ ᠶᠢᠨ ᠲᠣᠭᠲᠠᠭᠤᠨ ᠪᠠᠶᠢᠳᠠᠯ ᠢ ᠬᠠᠮᠠᠭᠠᠯᠠᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ ᠂ ᠨᠡᠶᠢᠭᠡᠮ ᠤᠨ | ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠠᠷᠢᠯᠭᠠᠬᠤ ᠠᠵᠢᠯ ᠢ ᠲᠣᠪᠣᠶᠢᠮ᠎ᠠ ᠰᠠᠶᠢᠲᠤᠷ ᠠᠳᠬᠤᠨ᠎ᠠ᠃ | ᠴᠡᠷᠢᠭ ᠢ ᠰᠢᠯᠢᠳᠡᠭᠵᠢᠭᠦᠯᠬᠦ ᠦᠢᠯᠡᠴᠢᠯᠡᠭᠡᠨ ᠤ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠠᠮᠤ | ᠪᠤᠳᠠᠭᠠᠨ ᠤ ᠦᠢᠯᠡᠳᠪᠦᠷᠢᠯᠡᠯ ᠤᠨ ᠠᠮᠤᠷ ᠲᠦᠪᠰᠢᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ ᠂ ᠡᠯ᠎ᠡ | ᠵᠦᠢᠯ ᠤᠨ ᠨᠡᠶᠢᠭᠡᠮ ᠤᠨ ᠦᠢᠯᠡᠰ ᠤᠨ ᠰᠢᠨ᠎ᠡ ᠠᠮᠵᠢᠯᠲᠠ ᠣᠯᠬᠤ ᠶᠢ ᠲᠦᠯᠬᠢᠨ ᠠᠬᠢᠭᠤᠯᠤᠨ᠎ᠠ ᠃ | ᠭᠤᠷᠪᠠ ᠂ 2022 ᠣᠨ ᠤ ᠬᠠᠷᠠᠯᠲᠠ ᠡᠭᠦᠷᠭᠡ ᠪᠠ ᠠᠵᠢᠯ ᠤᠨ ᠭᠤᠣᠯᠳᠠᠯᠭ᠎ᠠ | 2022 ᠣᠨ ᠪᠣᠯ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠲᠤᠰᠢᠶᠠᠯ ᠬᠠᠷᠢᠭᠤᠴᠠᠯᠭ᠎ᠠ ᠪᠠᠨ | ᠪᠦᠬᠦ ᠲᠠᠯ᠎ᠠ ᠪᠠᠷ ᠭᠦᠢᠴᠡᠳᠬᠡᠬᠦ ᠡᠬᠢᠯᠡᠯᠲᠡ ᠶᠢᠨ ᠵᠢᠯ ᠮᠥᠨ ᠂ ᠪᠠᠰᠠ ᠴᠤ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠦᠪᠵᠢᠭᠦᠯᠭᠡ ᠶᠢ ᠬᠡᠷᠡᠭᠵᠢᠭᠦᠯᠬᠦ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠵᠠᠩᠭᠢᠯᠠᠭ᠎ᠠ ᠶᠢᠨ | ᠵᠢᠯ ᠮᠥᠨ ᠂ ᠪᠢᠳᠡ ᠳᠣᠣᠷᠠᠬᠢ ᠬᠡᠳᠦᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠢ ᠃ | ︵ᠨᠢᠭᠡ︶ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠳᠤ | ᠠᠩᠬᠠᠷᠤᠯ ᠢᠶᠠᠨ ᠲᠥᠪᠯᠡᠷᠡᠭᠦᠯᠵᠦ ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠬᠥᠭᠵᠢᠯᠲᠡ ᠶᠢᠨ ᠲᠦᠪᠰᠢᠨ ᠢ | ᠬᠦᠴᠦᠯᠡᠨ ᠳᠡᠭᠡᠭᠰᠢᠯᠡᠭᠦᠯᠦᠨ᠎ᠡ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠᠷ | ᠭᠤᠣᠯ ᠰᠢᠵᠢᠮ ᠪᠣᠯᠭᠠᠬᠤ ᠶᠢ ᠡᠷᠡᠰ ᠭᠤᠶᠢᠪᠢᠰᠢ ᠦᠭᠡᠢ ᠪᠠᠷᠢᠮᠲᠠᠯᠠᠵᠤ ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠡᠨᠡᠬᠦ ᠲᠣᠮᠣ ᠶᠠᠪᠤᠳᠠᠯ ᠢ ᠰᠠᠶᠢᠲᠤᠷ ᠬᠢᠬᠦ ᠬᠡᠷᠡᠭᠲᠡᠢ ᠃ ︽ᠬᠤᠶᠠᠷ ᠲᠤ ᠵᠣᠪᠠᠭ᠋ᠤ ᠦᠭᠡᠢ ᠭᠤᠷᠪᠠ ᠶᠢ | ᠪᠠᠲᠤᠯᠠᠬᠤ︾᠂ ᠤᠰᠤ ᠤᠮᠳᠠ ᠶᠢᠨ ᠠᠮᠤᠷ ᠲᠦᠪᠰᠢᠨ ᠪᠠ ᠣᠷᠣᠯᠭ᠎ᠠ ᠵᠠᠷᠤᠯᠭ᠎ᠠ ᠶᠢᠨ ᠬᠤᠪᠢᠷᠠᠯᠲᠠ ᠶᠢ ᠴᠢᠩᠭ᠎ᠠ | ᠠᠩᠬᠠᠷᠴᠤ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠬᠢᠨᠠᠨ ᠬᠡᠮᠵᠢᠯᠲᠡ ᠶᠢ ᠴᠢᠩᠭᠠᠳᠬᠠᠵᠤ᠂ ᠠᠵᠤ | ᠦᠢᠯᠡᠰ ᠢᠶᠠᠷ ᠲᠡᠳᠬᠦᠬᠦ᠂ ᠲᠦᠷ ᠴᠠᠭ ᠠᠪᠤᠷᠠᠨ ᠲᠤᠰᠠᠯᠠᠬᠤ᠂ ᠶᠠᠳᠠᠭᠤ ᠶᠢ ᠰᠡᠷᠭᠡᠶᠢᠯᠡᠨ ᠪᠠᠲᠤᠯᠠᠬᠤ ᠵᠡᠷᠭᠡ ᠠᠷᠭ᠎ᠠ | ᠬᠡᠮᠵᠢᠶ᠎ᠡ ᠶᠢ ᠶᠡᠷᠦᠩᠬᠡᠶᠢᠯᠡᠨ ᠬᠡᠷᠡᠭᠯᠡᠵᠦ᠂ ᠶᠠᠳᠠᠭᠤᠷᠠᠬᠤ ᠲᠦᠭᠰᠢᠭᠦᠷᠢ ᠶᠢ ᠡᠷᠲᠡ ᠣᠯᠵᠤ ᠮᠡᠳᠡᠬᠦ᠂ ᠡᠷᠲᠡ | ᠣᠷᠤᠯᠴᠠᠬᠤ᠂ ᠡᠷᠲᠡ ᠬᠠᠪᠰᠤᠷᠤᠨ ᠲᠡᠳᠬᠦᠬᠦ ᠶᠢ ᠦᠨᠡᠨᠬᠦ ᠪᠡᠶᠡᠯᠡᠭᠦᠯᠵᠦ᠂ ᠲᠤᠰᠢᠶᠠᠬᠤ ᠶᠣᠰᠣᠲᠠᠢ ᠶᠢ ᠨᠢ ᠪᠦᠬᠦᠨ ᠢ | ᠲᠤᠰᠢᠶᠠᠬᠤ᠂ ᠬᠠᠪᠰᠤᠷᠬᠤ ᠶᠣᠰᠣᠲᠠᠢ ᠶᠢ ᠨᠢ ᠪᠦᠬᠦᠨ ᠢ ᠬᠠᠪᠰᠤᠷᠬᠤ ᠶᠢ ᠪᠠᠲᠤᠯᠠᠵᠤ᠂ ᠬᠡᠪᠴᠢᠶᠡᠵᠢᠭᠰᠡᠨ ᠴᠢᠨᠠᠷᠲᠠᠢ | ᠳᠠᠬᠢᠨ ᠶᠠᠳᠠᠭᠤᠷᠠᠬᠤ ᠬᠢᠵᠠᠭᠠᠷ ᠱᠤᠭᠤᠮ ᠢ ᠪᠠᠲᠤ ᠰᠠᠬᠢᠨ᠎ᠠ᠃ ᠣᠨᠳᠣᠣ ᠭᠠᠵᠠᠷ ᠨᠡᠭᠦᠯᠭᠡᠨ ᠶᠠᠳᠠᠭᠤ ᠶᠢ | ᠲᠡᠳᠬᠦᠬᠦ ᠶᠢᠨ ᠳᠠᠷᠠᠭᠠᠬᠢ ᠲᠡᠳᠬᠦᠮᠵᠢ ᠶᠢ ᠴᠢᠩᠭᠠᠳᠬᠠᠵᠤ᠂ ᠠᠵᠤ ᠦᠢᠯᠡᠰ ᠢᠶᠠᠷ ᠲᠡᠳᠬᠦᠬᠦ᠂ ᠠᠵᠢᠯ | ᠣᠯᠭᠤᠯᠲᠠ ᠪᠠᠷ ᠬᠠᠪᠰᠤᠷᠤᠨ ᠲᠡᠳᠬᠦᠬᠦ᠂ ᠨᠡᠶᠢᠭᠡᠮ ᠲᠣᠭᠤᠷᠢᠭ ᠤᠨ ᠵᠠᠰᠠᠯᠲᠠ᠂ ᠨᠡᠶᠢᠭᠡᠮ ᠳᠤ ᠠᠭᠤᠰᠤᠯᠴᠠᠬᠤ | ᠵᠡᠷᠭᠡ ᠡᠯ᠎ᠡ ᠵᠦᠢᠯ ᠤᠨ ᠠᠵᠢᠯ ᠢ ᠰᠠᠶᠢᠲᠤᠷ ᠬᠢᠨ᠎ᠡ᠃ ᠤᠰᠤ ᠴᠠᠬᠢᠯᠭᠠᠨ ᠬᠡᠯᠬᠢᠶ᠎ᠡ ᠶᠢᠨ ᠮᠡᠳᠡᠭᠡᠯᠡᠯ᠂ ᠪᠣᠬᠢᠷ ᠤᠰᠤ | ᠬᠤᠭ ᠨᠣᠪᠰᠢ ᠶᠢ ᠰᠢᠢᠳᠪᠦᠷᠢᠯᠡᠬᠦ ᠵᠡᠷᠭᠡ ᠰᠠᠭᠤᠷᠢ ᠪᠡᠯᠡᠳᠬᠡᠮᠵᠢ ᠵᠢᠴᠢ ᠰᠤᠷᠭᠠᠨ ᠬᠥᠮᠦᠵᠢᠯ᠂ ᠡᠮᠴᠢᠯᠡᠭᠡ᠂ | ᠨᠠᠰᠤᠵᠢᠯ ᠤᠨ ᠠᠰᠠᠷᠠᠮᠵᠢ ᠵᠡᠷᠭᠡ ᠣᠯᠠᠨ ᠨᠡᠶᠢᠲᠡ ᠶᠢᠨ ᠦᠢᠯᠡᠴᠢᠯᠡᠭᠡᠨ ᠤ ᠳᠤᠲᠠᠭᠤᠳᠠᠯ ᠢ ᠨᠥᠬᠦᠪᠦᠷᠢᠯᠡᠵᠦ᠂ ᠨᠡᠶᠢᠭᠡᠮ | ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠵᠡᠷᠭᠡ ᠳᠤᠨᠢ ᠥᠷᠨᠢᠭᠦᠯᠦᠨ᠎ᠡ᠃ ᠡᠷᠬᠡ ᠶᠢ ᠨᠤᠲᠠᠯᠠᠨ ᠳᠠᠩᠰᠠᠯᠠᠬᠤ᠂ | ᠡᠳ᠋ ᠬᠥᠷᠥᠩᠭᠡ ᠶᠢ ᠰᠢᠯᠵᠢᠭᠦᠯᠦᠨ ᠲᠤᠰᠢᠶᠠᠬᠤ ᠵᠡᠷᠭᠡ ᠡᠳ᠋ ᠬᠥᠷᠥᠩᠭᠡ ᠶᠢ ᠪᠦᠷᠢᠳᠬᠡᠨ ᠬᠠᠷᠭᠤᠭᠤᠯᠬᠤ ᠠᠵᠢᠯ ᠢ | ᠦᠷᠭᠦᠯᠵᠢᠯᠡᠨ ᠠᠬᠢᠭᠤᠯᠵᠤ᠂ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠦᠷ᠎ᠡ ᠠᠰᠢᠭ ᠢ ᠦᠷᠭᠦᠯᠵᠢᠯᠡᠨ | ᠪᠠᠳᠠᠷᠠᠭᠤᠯᠬᠤ ᠶᠢ ᠦᠨᠡᠨᠬᠦ ᠪᠠᠲᠤᠯᠠᠨ᠎ᠠ᠃ | ᠠᠮᠤ ᠪᠤᠳᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠠᠷᠢᠶᠠᠨ | ᠭᠠᠵᠠᠷ ᠤᠨ ᠤᠯᠠᠭᠠᠨ ᠱᠤᠭᠤᠮ ᠢ ᠪᠠᠲᠤ ᠰᠠᠬᠢᠵᠤ᠂ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾ ᠶᠢ | ᠡᠷᠡᠰ ᠬᠤᠷᠢᠭᠯᠠᠨ ︽ᠠᠮᠤ ᠪᠤᠳᠠᠭᠠᠨ ᠤ ᠪᠤᠰᠤ ᠪᠣᠯᠭᠠᠬᠤ︾ ᠶᠢ ᠰᠡᠷᠭᠡᠶᠢᠯᠡᠵᠦ᠂ ᠳᠠᠷᠢᠬᠤ ᠲᠠᠯᠠᠪᠠᠶ ᠶᠢ 85 ᠲᠦᠮᠡᠨ | ᠮᠦ ᠳᠤ ᠲᠣᠭᠲᠠᠪᠤᠷᠢᠵᠢᠭᠤᠯᠬᠤ ᠶᠢ ᠪᠠᠲᠤᠯᠠᠨ᠎ᠠ᠃ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠢ | ᠳᠡᠭᠡᠭᠰᠢᠯᠡᠭᠦᠯᠬᠦ ᠲᠠᠯ᠎ᠠ ᠪᠠᠷ ᠬᠦᠴᠦ ᠲᠠᠯᠪᠢᠵᠤ᠂ ᠣᠷᠭᠠᠨᠢᠭ ᠬᠠᠭᠤᠷᠠᠢ ᠪᠠᠷ ᠳᠠᠷᠢᠬᠤ ᠲᠠᠷᠢᠮᠠᠯ ᠢ ᠬᠥᠭᠵᠢᠭᠦᠯᠵᠦ᠂ | ᠬᠠᠭᠤᠷᠠᠢ ᠪᠠᠷ ᠳᠠᠷᠢᠬᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠢᠳᠡᠪᠬᠢᠲᠡᠢ ᠪᠦᠲᠦᠭᠡᠨ ᠪᠠᠶᠢᠭᠤᠯᠵᠤ᠂ ᠲᠠᠷᠢᠶᠠᠨ | ᠭᠠᠵᠠᠷ ᠤᠨ ᠡᠭᠡᠯᠵᠢᠯᠡᠨ ᠳᠠᠷᠢᠬᠤ ᠪᠠ ᠥᠨᠵᠢᠭᠦᠯᠦᠨ ᠳᠠᠷᠢᠬᠤ ᠶᠢ ᠲᠦᠯᠬᠢᠨ ᠠᠬᠢᠭᠤᠯᠵᠤ᠂ ᠨᠣᠭᠤᠭᠠᠨ | ᠨᠥᠭᠡᠴᠡ ᠶᠢᠨ ᠡᠷᠳᠡᠨᠢ ᠰᠢᠰᠢ᠂ ᠴᠢᠨᠠᠷ ᠰᠠᠶᠢᠲᠠᠢ ᠴᠠᠷᠭᠠᠰᠤ ᠶᠢᠨ ᠲᠠᠷᠢᠮᠠᠯ ᠢ ᠵᠣᠷᠢᠭᠵᠢᠭᠤᠯᠤᠨ ᠬᠥᠭᠵᠢᠭᠦᠯᠵᠦ᠂ | ᠡᠪᠡᠰᠦ ᠪᠣᠷᠳᠤᠭ᠎ᠠ ᠳᠠᠷᠢᠬᠤ ᠰᠠᠭᠤᠷᠢᠨ ᠭᠠᠵᠠᠷ ᠢ 2 ᠲᠦᠮᠡᠨ ᠮᠦ ᠪᠦᠲᠦᠭᠡᠨ ᠪᠠᠶᠢᠭᠤᠯᠤᠨ᠎ᠠ︔ ᠪᠡᠯᠡᠳᠭᠡᠮᠵᠢᠳᠤ | ᠲᠠᠷᠢᠶᠠᠯᠠᠩ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ ᠂ ᠵᠢᠯ ᠤᠨ ᠳᠣᠲᠣᠷ᠎ᠠ 2000 ᠮᠦ | ᠰᠢᠨ᠎ᠡ ᠪᠠᠷ ᠨᠡᠮᠡᠭᠳᠡᠭᠦᠯᠦᠨ᠎ᠡ ᠃ ᠬᠠᠷᠠᠮᠥ᠋ᠷᠡᠨ ᠮᠤᠵᠢ ᠶᠢᠨ ᠲᠤᠩ ᠵᠢᠶᠠᠩ ᠬᠤᠳᠠ ᠶᠢᠨ ᠲᠠᠷᠢᠶᠠᠯᠠᠩ ᠤᠨ | ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠬᠠᠪᠰᠤᠷᠤᠨ ᠲᠡᠳᠬᠦᠬᠦ ᠠᠵᠢᠯ ᠢ ᠬᠤᠣᠰᠯᠠᠭᠤᠯᠤᠨ | ᠥᠷᠨᠢᠭᠦᠯᠬᠦ ᠪᠠᠷ ᠠᠵᠠ ᠲᠣᠬᠢᠶᠠᠯ ᠪᠣᠯᠭᠠᠵᠤ ᠂ ᠲᠠᠷᠢᠶᠠᠯᠠᠩ ᠮᠠᠯ ᠠᠵᠤ ᠠᠬᠤᠢ ᠶᠢᠨ ᠪᠠᠷᠢᠮᠵᠢᠶᠠᠵᠢᠭᠰᠠᠨ | ᠦᠢᠯᠡᠳᠪᠦᠷᠢᠯᠡᠯ ᠢ ᠠᠬᠢᠭᠤᠯᠵᠤ ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ | ᠠᠮᠤᠷ ᠲᠦᠪᠰᠢᠨ ᠤ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠵᠦ ᠂ ᠰᠢᠯᠭᠠᠨ ᠪᠠᠶᠢᠴᠠᠭᠠᠵᠤ ᠪᠠᠶᠢᠴᠠᠭᠠᠨ | ᠬᠡᠮᠵᠢᠬᠦ ᠴᠢᠳᠠᠪᠤᠷᠢ ᠶᠢ ᠴᠢᠩᠭᠠᠳᠬᠠᠵᠤ ᠂ ᠡᠬᠢ ᠡᠭᠦᠰᠦᠯ ᠢ ᠨᠢ ᠡᠷᠢᠬᠦ ᠰᠢᠰᠲ᠋ᠧᠮ ᠢ ᠪᠦᠷᠢᠨᠰᠢᠭᠦᠯᠦᠨ | ᠲᠡᠭᠦᠯᠳᠡᠷᠵᠢᠭᠦᠯᠵᠦ ᠂ ᠠᠮᠤᠷ ᠲᠦᠪᠰᠢᠨ ᠴᠢᠨᠠᠷ ᠰᠠᠶᠢᠲᠠᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠲᠦᠷᠦᠯ ᠲᠡᠮᠳᠡᠭ ᠢ ᠡᠭᠦᠳᠴᠦ ᠂ ᠭᠠᠵᠠᠷ ᠵᠦᠢ ᠶᠢᠨ ᠪᠡᠯᠭᠡ ᠲᠡᠮᠳᠡᠭᠲᠦ ᠲᠠᠷᠢᠶᠠᠯᠠᠩ ᠤᠨ | ᠪᠦᠲᠦᠭᠡᠭᠳᠡᠬᠦᠨ ᠢ 1 ᠰᠢᠨ᠎ᠡ ᠪᠠᠷ ᠨᠡᠮᠡᠭᠳᠡᠭᠦᠯᠪᠡ ᠃ ᠲᠥᠮᠥᠰᠥ ᠶᠢᠨ ᠰᠠᠶᠢᠨ ᠡᠭᠦᠯᠳᠡᠷ ᠢ ᠦᠷᠡᠵᠢᠭᠦᠯᠦᠨ | ᠪᠣᠶᠢᠵᠢᠭᠤᠯᠬᠤ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠵᠦ ᠂ ᠳ᠋ᠧ ᠮᠢᠨ ᠦᠷ᠎ᠡ ᠶᠢᠨ ᠦᠢᠯᠡᠰ ᠤᠨ | ᠺᠣᠮᠫᠠᠨᠢ ᠶᠢᠨ ᠰᠠᠪᠠᠨ ᠳᠤ ᠲᠠᠷᠢᠭᠰᠠᠨ ᠲᠥᠮᠥᠰᠥ ᠵᠡᠷᠭᠡ ᠦᠷ᠎ᠡ ᠶᠢᠨ ᠲᠥᠮᠥᠰᠥ ᠶᠢ ᠦᠷᠡᠵᠢᠭᠦᠯᠦᠨ ᠪᠣᠶᠢᠵᠢᠭᠤᠯᠬᠤ ᠶᠢ | ᠳᠡᠯᠭᠡᠷᠡᠭᠦᠯᠵᠦ ᠂ ᠦᠷ᠎ᠡ ᠶᠢᠨ ᠲᠥᠮᠥᠰᠥ ᠶᠢᠨ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ ᠃ ᠢᠳᠡᠰᠢᠨ | ᠬᠤᠨᠢᠨ ᠤ ᠠᠵᠤ ᠦᠢᠯᠡᠰ ᠢ ᠪᠦᠬᠦ ᠲᠠᠯ᠎ᠠ ᠪᠠᠷ ᠬᠥᠭᠵᠢᠭᠦᠯᠵᠦ᠂ ᠠᠯᠠᠰᠢᠨ ᠬᠤᠨᠢᠨ ᠤ ᠠᠵᠤ ᠦᠢᠯᠡᠰ ᠤᠨ | ᠵᠢᠯᠤᠭᠤᠳᠬᠤ ᠭᠠᠵᠠᠷ ᠤᠨ ᠵᠢᠯᠤᠭᠤᠳᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠠᠯᠠᠰᠢᠨ ᠬᠤᠨᠢ ᠲᠡᠵᠢᠭᠡᠨ | ᠦᠷᠡᠵᠢᠭᠦᠯᠬᠦ ᠦᠢᠯᠡᠰ ᠢ ᠪᠦᠬᠦ ᠰᠢᠶᠠᠨ ᠤ ᠮᠠᠯ ᠠᠵᠤ ᠠᠬᠤᠢ ᠶᠢᠨ ᠬᠥᠭᠵᠢᠯᠲᠡ ᠶᠢᠨ ᠭᠤᠣᠯ ᠭᠠᠷᠳᠠᠴᠠ ᠪᠣᠯᠭᠠᠵᠤ᠂ | ᠣᠳᠣ ᠪᠠᠶᠢᠭ᠎ᠠ ᠲᠡᠵᠢᠭᠡᠨ ᠦᠷᠡᠵᠢᠭᠦᠯᠬᠦ ᠲᠣᠮᠣ ᠡᠷᠦᠬᠡ᠂ ᠰᠠᠶᠢᠨ ᠡᠭᠦᠯᠳᠡᠷ ᠤᠨ ᠬᠤᠨᠢ ᠶᠢ ᠦᠷᠡᠵᠢᠭᠦᠯᠦᠨ | ᠪᠣᠶᠢᠵᠢᠭᠤᠯᠬᠤ ᠲᠠᠷᠢᠶᠠᠴᠢᠨ ᠡᠷᠦᠬᠡ᠂ ᠬᠤᠷᠰᠢᠶᠠᠵᠢᠯ ᠤᠨ ᠰᠠᠭᠤᠷᠢᠨ ᠳᠡᠭᠡᠷ᠎ᠡ᠂ ᠡᠮ᠎ᠡ ᠬᠤᠨᠢ ᠦᠷᠡᠵᠢᠭᠦᠯᠬᠦ᠂ | ᠪᠣᠷᠳᠣᠵᠤ ᠲᠠᠷᠭᠤᠯᠠᠭᠤᠯᠬᠤ ᠬᠤᠨᠢ ᠲᠡᠵᠢᠭᠡᠨ ᠦᠷᠡᠵᠢᠭᠦᠯᠬᠦ ᠬᠦᠷᠢᠶᠡᠯᠡᠩ ᠲᠣᠭᠤᠷᠢᠭ ᠢ ᠰᠢᠨ᠎ᠡ ᠪᠠᠷ ᠪᠠᠶᠢᠭᠤᠯᠬᠤ ᠶᠢ | ᠵᠣᠷᠢᠭᠵᠢᠭᠤᠯᠤᠨ ᠳᠡᠮᠵᠢᠵᠦ᠂ ᠲᠤᠰᠬᠠᠶᠢᠵᠢᠭᠰᠠᠨ ᠪᠣᠷᠳᠣᠵᠤ ᠪᠣᠶᠢᠵᠢᠭᠤᠯᠬᠤ ᠺᠣᠮᠫᠠᠨᠢ ᠶᠢᠨ ᠡᠵᠡᠩᠨᠡᠯᠲᠡ ᠶᠢ | ᠣᠷᠣᠭᠤᠯᠤᠨ ᠠᠪᠴᠢᠷᠠᠵᠤ᠂ ᠡᠭᠦᠯᠳᠡᠷ ᠰᠠᠶᠢᠵᠢᠷᠠᠭᠤᠯᠬᠤ᠂ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ᠂ ᠡᠪᠡᠰᠦ | ᠪᠣᠷᠳᠤᠭ᠎ᠠ ᠶᠢ ᠪᠣᠯᠪᠠᠰᠤᠷᠠᠭᠤᠯᠬᠤ᠂ ᠮᠡᠷᠭᠡᠵᠢᠯ ᠤᠨ ᠦᠢᠯᠡᠴᠢᠯᠡᠭᠡ ᠬᠠᠩᠭᠠᠬᠤ ᠪᠠ ᠪᠣᠷᠣᠯᠠᠭᠤᠯᠬᠤ ᠵᠡᠷᠭᠡ | ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠳᠠᠪᠬᠢ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠲᠠᠷᠢᠶᠠᠴᠢᠨ ᠡᠷᠦᠬᠡ ᠶᠢ | ᠡᠷᠦᠬᠡ ᠬᠤᠪᠢᠶᠠᠨ ᠡᠵᠡᠩᠨᠡᠬᠦ᠂ ᠨᠢᠭᠡᠳᠦᠯᠲᠡᠢ ᠬᠠᠮᠢᠶᠠᠷᠬᠤ ᠶᠢ ᠬᠡᠷᠡᠭᠵᠢᠭᠦᠯᠵᠦ᠂ ᠬᠥᠮᠥᠨ ᠮᠠᠯ ᠢ ᠰᠠᠯᠭᠠᠵᠤ ᠲᠡᠵᠢᠭᠡᠨ | ᠦᠷᠡᠵᠢᠭᠦᠯᠬᠦ ᠰᠢᠨ᠎ᠡ ᠵᠠᠭᠪᠤᠷ ᠢ ᠬᠡᠷᠡᠭᠵᠢᠭᠦᠯᠦᠨ᠂ ᠬᠥᠳᠡᠯᠮᠦᠷᠢᠯᠡᠬᠦ ᠴᠢᠳᠠᠪᠤᠷᠢ ᠲᠠᠢ ᠲᠠᠷᠢᠶᠠᠴᠢᠨ ᠡᠷᠦᠬᠡ ᠶᠢ | ᠳᠠᠶᠢᠴᠢᠯᠠᠨ ᠠᠵᠤ ᠦᠢᠯᠡᠰ ᠤᠨ ᠣᠷᠣᠯᠭ᠎ᠠ ᠶᠢ ᠨᠡᠮᠡᠭᠳᠡᠭᠦᠯᠬᠦ ᠶᠢ ᠪᠡᠶᠡᠯᠡᠭᠦᠯᠵᠦ᠂ ᠵᠢᠯ ᠤᠨ ᠳᠣᠲᠣᠷ᠎ᠠ ᠪᠥᠬᠦ ᠰᠢᠶᠠᠨ ᠤ | ᠰᠠᠭᠤᠷᠢ ᠡᠮ᠎ᠡ ᠬᠤᠨᠢᠨ ᠤ ᠲᠤᠭ᠎ᠠ ᠬᠡᠮᠵᠢᠶ᠎ᠡ ᠶᠢ 40 ᠲᠦᠮᠡ ᠳᠤ ᠬᠦᠷᠦᠭᠦᠯᠵᠦ᠂ ᠠᠯᠠᠰᠢᠨ ᠬᠤᠨᠢᠨ ᠤ ᠲᠤᠭ᠎ᠠ | ᠬᠡᠮᠵᠢᠶ᠎ᠡ ᠶᠢ 120 ᠲᠦᠮᠡ ᠳᠤ ᠬᠦᠷᠦᠭᠦᠯᠵᠦ᠂ ᠵᠢᠯ ᠤᠨ ᠭᠠᠷᠭᠠᠯᠲᠠ ᠶᠢ 80 ᠲᠦᠮᠡ ᠳᠤ ᠬᠦᠷᠦᠭᠦᠯᠦᠨ᠎ᠡ᠃ | ᠭᠤᠷᠪᠠᠳᠠᠭᠢ ᠡᠲᠡᠭᠡᠳ ᠤᠨ ᠺᠣᠮᠫᠠᠨᠢ ᠶᠢ ᠣᠷᠣᠭᠤᠯᠤᠨ ᠠᠪᠴᠢᠷᠠᠵᠤ ︽ᠡᠭᠦᠯᠳᠡᠷ ᠪᠣᠶᠢᠵᠢᠭᠤᠯᠬᠤ + ᠪᠦᠲᠦᠭᠡᠭᠳᠡᠬᠦᠨ | ︾ ᠤ ᠮᠥᠷᠳᠡᠯᠲᠡ ᠶᠢᠨ ᠲᠠᠪᠴᠠᠩ ᠢ ᠪᠠᠶᠢᠭᠤᠯᠵᠤ᠂ ᠰᠠᠶᠢᠨ ᠡᠭᠦᠯᠳᠡᠷ ᠢ ᠰᠠᠶᠢᠵᠢᠷᠠᠭᠤᠯᠬᠤ᠂ ᠰᠢᠨ᠎ᠡ ᠡᠭᠦᠯᠳᠡᠷ | ᠪᠣᠶᠢᠵᠢᠭᠤᠯᠬᠤ ᠵᠢᠴᠢ ᠠᠯᠠᠰᠢᠨ ᠬᠤᠨᠢ ᠲᠡᠵᠢᠭᠡᠨ ᠦᠷᠡᠵᠢᠭᠦᠯᠬᠦ ᠪᠥᠬᠦ ᠶᠠᠪᠤᠴᠠ ᠶᠢ ᠮᠥᠷᠳᠡᠵᠦ᠂ ᠲᠡᠵᠢᠭᠡᠯ ᠡᠪᠡᠰᠦ | ᠳᠠᠷᠢᠵᠤ ᠡᠳ᠋ᠰᠢᠭᠦᠯᠬᠦ᠂ ᠠᠯᠠᠰᠢᠨ ᠬᠤᠨᠢ ᠲᠡᠵᠢᠭᠡᠨ ᠬᠠᠮᠢᠶᠠᠷᠬᠤ᠂ ᠬᠢᠵᠢᠭ ᠡᠪᠡᠳᠴᠢᠨ ᠢ ᠤᠷᠢᠳᠴᠢᠯᠠᠨ | ᠰᠡᠷᠭᠡᠶᠢᠯᠡᠬᠦ ᠠᠴᠠ ᠡᠳ᠋ᠰᠢᠭᠦᠯᠦᠨ ᠪᠣᠷᠣᠯᠠᠭᠤᠯᠬᠤ ᠭᠤᠭᠴᠤᠭ᠎ᠠ ᠬᠦᠷᠲᠡᠯᠡᠬᠢ ᠪᠥᠬᠦ ᠶᠠᠪᠤᠴᠠ ᠶᠢ ᠲᠡᠮᠳᠡᠭᠯᠡᠵᠦ᠂ | ᠠᠯᠠᠰᠢᠨ ᠬᠤᠨᠢᠨ ᠤ ᠪᠦᠲᠦᠭᠡᠭᠳᠡᠬᠦᠨ ᠤ ᠪᠣᠬᠢᠷᠳᠤᠯ ᠦᠭᠡᠢ᠂ ᠡᠷᠡᠭᠦᠯ ᠴᠢᠭᠢᠷᠠᠭ᠂ ᠠᠮᠲᠠᠲᠠᠢ ᠪᠠᠶᠢᠬᠤ ᠶᠢ ᠦᠨᠡᠨᠬᠦ | ᠪᠠᠲᠤᠯᠠᠵᠤ᠂ ᠬᠤᠸᠠᠳᠧ ᠶᠢᠨ ᠠᠯᠠᠰᠢᠨ ᠬᠤᠨᠢᠨ ᠤ ᠨᠠᠷᠠᠲᠤ ᠲᠡᠮᠳᠡᠭᠲᠦ ᠶᠢ ᠪᠣᠶ ᠪᠣᠯᠭᠠᠨ᠎ᠠ᠃ ᠠᠯᠠᠰᠢᠨ ᠬᠤᠨᠢ ᠶᠢ | ᠡᠳ᠋ᠰᠢᠭᠦᠯᠬᠦ ᠠᠵᠤ ᠠᠬᠤᠶᠢᠯᠠᠯ ᠢ ᠢᠳᠡᠪᠬᠢᠲᠡᠢ ᠪᠠᠷ ᠣᠷᠣᠭᠤᠯᠤᠨ ᠠᠪᠴᠢᠷᠠᠵᠤ᠂ ︽ᠦᠢᠯᠡᠳᠪᠦᠷᠢᠯᠡᠬᠦ ︱ ᠨᠡᠮᠡᠬᠦ | ︱ᠪᠣᠷᠣᠯᠠᠭᠤᠯᠬᠤ︾ ᠶᠢ ᠨᠢᠭᠡ ᠴᠣᠭᠴᠠᠵᠢᠭᠤᠯᠤᠭᠰᠠᠨ ᠠᠵᠤ ᠦᠢᠯᠡᠰ ᠤᠨ ᠰᠢᠰᠲ᠋ᠧᠮᠵᠢ ᠶᠢ ᠠᠯᠬᠤᠮ ᠠᠯᠬᠤᠮ ᠢᠶᠠᠷ | ᠲᠡᠭᠦᠯᠳᠡᠷᠵᠢᠭᠦᠯᠦᠨ᠎ᠡ᠃ ᠡᠵᠡᠩᠨᠡᠯᠲᠡ ᠶᠢᠨ ᠲᠣᠭᠲᠠᠴᠠ ᠶᠢᠨ ᠰᠢᠨ᠎ᠡ ᠶᠢ ᠡᠭᠦᠳᠬᠦ ᠪᠠᠷ ᠳᠠᠮᠵᠢᠭᠤᠯᠤᠨ᠂ ᠣᠯᠠᠨ | ᠨᠡᠶᠢᠲᠡ ᠶᠢᠨ ᠡᠬᠢ ᠪᠠᠶᠠᠯᠢᠭ ᠢ ᠲᠣᠬᠢᠷᠠᠭᠤᠯᠵᠤ᠂ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠦᠨ | ᠂ ᠠᠮᠢᠳᠤ ᠮᠠᠯ᠂ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠠᠷᠠᠯᠵᠢᠶᠠᠯᠠᠬᠤ᠂ ᠨᠢᠲᠤᠯᠵᠤ ᠡᠳ᠋ᠰᠢᠭᠦᠯᠬᠦ᠂ | ᠬᠥᠯᠳᠡᠭᠡᠵᠦ ᠬᠡᠯᠬᠢᠶᠡᠵᠢᠭᠦᠯᠬᠦ ᠪᠠᠷᠠᠭᠠᠨ ᠤ ᠭᠦᠢᠯᠭᠡᠭᠡᠨ᠂ ᠬᠤᠳᠠᠯᠳᠤᠭᠠᠨ ᠤ ᠢᠵᠢ ᠪᠦᠷᠢᠳᠦᠭᠦᠯᠬᠦ ᠶᠢ ᠨᠢᠭᠡ | ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠠᠷᠠᠯᠵᠢᠶᠠᠨ ᠤ ᠵᠠᠬ᠎ᠠ ᠳᠡᠯᠭᠡᠭᠦᠷ ᠢ ᠪᠣᠶ ᠪᠣᠯᠭᠠᠨ᠎ᠠ᠃ ᠰᠢᠯᠢᠳᠡᠭ ᠰᠠᠶᠢᠨ | ᠠᠯᠠᠰᠢᠨ ᠦᠬᠡᠷ ᠤᠨ ᠡᠭᠦᠯᠳᠡᠷ ᠢ ᠣᠷᠣᠭᠤᠯᠵᠤ ᠢᠷᠡᠬᠦ ᠪᠠ ᠦᠷᠡᠵᠢᠭᠦᠯᠦᠨ ᠪᠣᠶᠢᠵᠢᠭᠤᠯᠬᠤ ᠠᠵᠢᠯ ᠢ ᠰᠠᠶᠢᠲᠤᠷ | ᠬᠢᠵᠦ᠂ ᠰᠢᠷ᠎ᠠ ᠲᠠᠷᠯᠠᠨ ᠦᠨᠢᠶ᠎ᠡ᠂ ᠠᠩᠭᠧᠰ ᠤᠨ ᠰᠢᠯᠢᠳᠡᠭ ᠠᠯᠠᠰᠢᠨ ᠦᠬᠡᠷ ᠢ ᠰᠢᠯᠢᠳᠡᠭ ᠢ ᠨᠢ ᠰᠣᠩᠭᠤᠨ | ᠳᠡᠯᠭᠡᠷᠡᠭᠦᠯᠵᠦ᠂ ᠠᠯᠠᠰᠢᠨ ᠦᠬᠡᠷ ᠵᠢᠴᠢ ᠰᠤᠯᠠ ᠲᠡᠵᠢᠭᠡᠬᠦ ᠵᠢᠵᠢᠭ ᠠᠵᠤ ᠦᠢᠯᠡᠰ ᠢ ᠵᠣᠬᠢᠬᠤ ᠬᠡᠮᠵᠢᠶ᠎ᠡ ᠪᠠᠷ | ᠬᠥᠭᠵᠢᠭᠦᠯᠦᠨ᠎ᠡ᠃ ᠲᠥᠪ ᠬᠤᠷᠢᠶ᠎ᠠ ᠶᠢᠨ ᠣᠷᠣᠨ ᠲᠤᠭ᠎ᠠ ᠶᠢᠨ ᠠᠯᠪᠠᠨ ᠭᠡᠷ᠂ ᠪᠡᠭᠡᠵᠢᠩ ᠤᠨ ᠵᠡᠭᠦᠨ ᠬᠤᠲᠠ | ᠲᠣᠭᠤᠷᠢᠭ ᠪᠠ ᠥᠪᠡᠷᠲᠡᠭᠡᠨ ᠵᠠᠰᠠᠬᠤ ᠣᠷᠣᠨ ᠤ ᠲᠢᠩᠬᠢᠮ ᠤᠨ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ | ᠲᠥᠷᠥᠯ ᠢᠶᠠᠷ ᠢᠶᠠᠨ ᠬᠠᠪᠰᠤᠷᠤᠨ ᠲᠡᠳᠬᠦᠬᠦ ᠳᠠᠪᠠᠭᠤᠯᠢᠭ ᠢ ᠭᠦᠢᠴᠡᠳ ᠠᠰᠢᠭᠯᠠᠨ᠂ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠬᠦᠨ ᠢ ᠰᠢᠭᠤᠳ ᠬᠠᠩᠭᠠᠨ ᠪᠣᠷᠣᠯᠠᠭᠤᠯᠬᠤ ᠲᠣᠣᠷ ᠰᠦᠯᠵᠢᠶ᠎ᠡ ᠶᠢ ᠪᠠᠶᠢᠭᠤᠯᠵᠤ᠂ ᠲᠤᠰᠬᠠᠢ | ᠮᠡᠷᠭᠡᠵᠢᠯ ᠤᠨ ᠪᠦᠯᠬᠦᠮ ᠨᠡᠶᠢᠲᠡ ᠵᠢᠴᠢ ᠨᠡᠶᠢᠭᠡᠮᠴᠢᠯᠡᠭᠰᠡᠨ ᠦᠢᠯᠡᠴᠢᠯᠡᠭᠡᠨ ᠤ ᠡᠩᠨᠡᠭᠡ ᠶᠢᠨ ᠪᠠᠶᠢᠭᠤᠯᠤᠯᠲᠠ ᠶᠢ | ᠴᠢᠩᠭᠠᠳᠬᠠᠨ᠂ ᠳᠠᠷᠢᠵᠤ ᠲᠡᠵᠢᠭᠡᠬᠦ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ | ᠤᠯᠠᠭᠠᠨᠴᠠᠪ ᠬᠤᠲᠠ ᠶᠢᠨ ᠴᠢᠬᠤᠯᠠ ᠪᠣᠬᠢᠷᠳᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ | ᠦᠢᠯᠡᠳᠪᠦᠷᠢᠯᠡᠵᠦ ᠡᠳ᠋ᠰᠢᠭᠦᠯᠦᠨ ᠭᠠᠳᠠᠭᠰᠢ ᠭᠠᠷᠭᠠᠬᠤ ᠰᠠᠭᠤᠷᠢᠨ ᠭᠠᠵᠠᠷ ᠢ ᠪᠠᠶᠢᠭᠤᠯᠤᠨ᠎ᠠ᠃ ᠵᠣᠷᠯᠣᠩ ᠤᠨ | ᠬᠤᠪᠢᠰᠬᠠᠯ ᠂ ᠠᠮᠢᠳᠤᠷᠠᠯ ᠤᠨ ᠬᠤᠭ ᠨᠣᠪᠰᠢ ᠪᠠ ᠪᠣᠬᠢᠷ ᠤᠰᠤ ᠶᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ | ᠠᠬᠢᠭᠤᠯᠵᠤ ᠂ ᠤᠷᠳᠤ ᠬᠤᠭᠤᠴᠠᠭᠠᠨ ᠤ ᠪᠦᠲᠦᠮᠵᠢᠲᠡᠢ ᠬᠠᠮᠢᠶᠠᠷᠴᠤ ᠬᠠᠮᠠᠭᠠᠯᠠᠬᠤ ᠲᠣᠭᠲᠠᠴᠠ ᠶᠢ ᠪᠦᠷᠢᠨᠰᠢᠭᠦᠯᠦᠨ | ᠲᠡᠭᠦᠯᠳᠡᠷᠵᠢᠭᠦᠯᠵᠦ ᠂ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ | ᠦᠷᠭᠦᠯᠵᠢᠯᠡᠨ ᠰᠠᠶᠢᠵᠢᠷᠠᠭᠤᠯᠤᠨ᠎ᠠ ᠃ ᠦᠨᠳᠦᠰᠦᠨ ᠱᠠᠲᠤᠨ ᠤ ᠲᠠᠶᠢᠴᠢᠨ ᠪᠠᠬᠢᠯᠡᠯᠲᠡ ᠶᠢᠨ ᠦᠢᠯᠡᠳᠦᠯ ᠢ ᠭᠦᠢᠴᠡᠳ | ᠪᠠᠳᠠᠷᠠᠭᠤᠯᠵᠤ ᠂ ᠬᠥᠳᠡᠭᠡ ᠲᠣᠰᠬᠤᠨ ᠤ ᠵᠣᠬᠢᠶᠠᠨ ᠪᠠᠶᠢᠭᠤᠯᠤᠯᠲᠠ ᠶᠢ ᠬᠥᠭᠵᠢᠭᠦᠯᠦᠨ ᠮᠠᠨᠳᠤᠭᠤᠯᠬᠤ ᠶᠢ | ᠴᠢᠩᠭᠠᠳᠬᠠᠨ᠎ᠠ ᠃ ᠥᠪᠡᠷᠲᠡᠭᠡᠨ ᠵᠠᠰᠠᠬᠤ ᠂ ᠬᠠᠤᠯᠢ ᠪᠠᠷ ᠵᠠᠰᠠᠬᠤ ᠂ ᠮᠣᠷᠠᠯ ᠢᠶᠠᠷ ᠵᠠᠰᠠᠬᠤ ᠶᠢ ᠠᠭᠤᠰᠤᠯᠴᠠᠭᠤᠯᠤᠨ | ᠵᠠᠰᠠᠬᠤ ᠰᠢᠰᠲ᠋ᠧᠮ ᠢ ᠲᠦᠷᠭᠡᠪᠴᠢᠯᠡᠨ ᠪᠠᠶᠢᠭᠤᠯᠵᠤ ᠂ ᠪᠣᠯᠪᠠᠰᠤᠨ ᠲᠣᠰᠬᠤᠨ ᠪᠠᠯᠭᠠᠰᠤ ᠂ ᠪᠣᠯᠪᠠᠰᠤᠨ ᠭᠡᠷ ᠪᠦᠯᠢ ᠂ | ᠪᠣᠯᠪᠠᠰᠤᠨ ᠲᠠᠷᠢᠶᠠᠴᠢᠨ ᠢ ᠰᠢᠯᠭᠠᠷᠠᠭᠤᠯᠬᠤ ᠡᠭᠦᠳᠦᠨ ᠪᠠᠶᠢᠭᠤᠯᠬᠤ ᠠᠵᠢᠯᠯᠠᠭ᠎ᠠ ᠶᠢ ᠦᠷᠭᠦᠯᠵᠢᠯᠡᠨ ᠰᠠᠶᠢᠲᠤᠷ ᠬᠢᠵᠦ ᠂ | ᠵᠠᠩ ᠳᠠᠳᠬᠠᠯ ᠢ ᠥᠭᠡᠷᠡᠴᠢᠯᠡᠬᠦ ᠶᠢ ᠲᠦᠯᠬᠢᠨ ᠠᠬᠢᠭᠤᠯᠵᠤ ᠂ ᠬᠥᠳᠡᠭᠡ ᠲᠣᠰᠬᠤᠨ ᠤ ᠵᠠᠩ ᠰᠤᠷᠲᠠᠯ ᠤᠨ | ᠪᠣᠯᠪᠠᠰᠤᠨ ᠤ ᠪᠠᠶᠢᠭᠤᠯᠤᠯᠲᠠ ᠶᠢ ᠲᠣᠭᠲᠠᠴᠠ ᠶᠢ ᠪᠦᠷᠢᠯᠳᠦᠭᠦᠯᠵᠦ ᠂ ᠬᠡᠪ ᠤᠨ ᠪᠠᠶᠢᠳᠠᠯ ᠪᠣᠯᠭᠠᠨ᠎ᠠ ᠃ ︽ | ᠴᠢᠳᠠᠪᠤᠷᠢᠲᠠᠨ ᠢᠶᠠᠷ ᠬᠥᠳᠡᠭᠡ ᠠᠵᠤ ᠠᠬᠤᠢ ᠶᠢ ᠬᠥᠭᠵᠢᠭᠦᠯᠬᠦ︾ ᠳᠤ ᠠᠩᠬᠠᠷᠤᠯ ᠢᠶᠠᠨ ᠲᠥᠪᠯᠡᠷᠡᠭᠦᠯᠵᠦ᠂ | ᠦᠨᠳᠦᠰᠦᠨ ᠱᠠᠲᠤᠨ ᠤ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠪᠣᠯᠪᠠᠰᠤᠷᠠᠭᠤᠯᠬᠤ᠂ ᠲᠤᠰᠬᠠᠢ | ᠮᠡᠷᠭᠡᠵᠢᠯᠲᠡᠨ ᠠᠴᠠ ᠦᠨᠳᠦᠰᠦᠨ ᠱᠠᠲᠤᠨ ᠳᠤ ᠦᠢᠯᠡᠴᠢᠯᠡᠬᠦ ᠠᠵᠢᠯᠯᠠᠭᠠᠨ ᠤ ᠲᠥᠯᠥᠪᠯᠡᠭᠡ ᠶᠢ ᠬᠡᠷᠡᠭᠵᠢᠭᠦᠯᠦᠨ᠂ | ᠲᠣᠰ ᠭᠠᠵᠠᠷ ᠣᠷᠣᠨ ᠤ ᠪᠠᠨ ᠬᠥᠳᠡᠭᠡ ᠲᠣᠰᠬᠤᠨ ᠢ ᠪᠠᠶᠠᠵᠢᠭᠤᠯᠬᠤ ᠳᠠᠭᠠᠭᠤᠯᠤᠭᠴᠢ᠂ ᠨᠤᠲᠤᠭ ᠲᠠᠭᠠᠨ ᠪᠤᠴᠠᠭᠰᠠᠨ | ᠶᠡᠭᠡ ᠰᠤᠷᠭᠠᠭᠤᠯᠢ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠶᠢᠨ ᠰᠣᠷᠣᠭᠴᠢ᠂ ᠴᠡᠷᠢᠭ ᠠᠴᠠ | ᠬᠠᠯᠠᠭᠳᠠᠭᠰᠠᠳ᠂ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠴᠢᠳᠠᠪᠤᠷᠢᠲᠠᠨ ᠤ ᠡᠩᠨᠡᠭᠡ ᠶᠢᠨ | ᠪᠠᠶᠢᠭᠤᠯᠤᠯᠲᠠ ᠶᠢ ᠴᠢᠩᠭᠠᠳᠬᠠᠵᠤ᠂ ᠡᠷᠳᠡᠮ ᠴᠢᠳᠠᠪᠤᠷᠢ ᠰᠠᠶᠢᠲᠠᠢ᠂ ᠣᠪᠣᠷ ᠰᠤᠷᠲᠠᠯ ᠰᠠᠶᠢᠲᠠᠢ ᠲᠠᠷᠢᠶᠠᠯᠠᠩ ᠬᠥᠳᠡᠭᠡ | ᠲᠣᠰᠬᠤᠨ ᠲᠠᠷᠢᠶᠠᠴᠢᠨ ᠤ ᠡᠩᠨᠡᠭᠡ ᠶᠢ ᠬᠥᠮᠥᠵᠢᠭᠦᠯᠦᠨ ᠪᠣᠶ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠤ ᠬᠦᠴᠦᠨ ᠨᠡᠮᠡᠷᠢᠯᠡᠨ᠎ᠡ᠃ | ︵ᠬᠤᠶᠠᠷ ︶ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠳᠤ ᠠᠩᠬᠠᠷᠤᠯ ᠢᠶᠠᠨ | ᠲᠥᠪᠯᠡᠷᠡᠭᠦᠯᠵᠦ ᠂ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠬᠦᠴᠦᠯᠡᠨ ᠪᠠᠶᠢᠭᠤᠯᠤᠨ᠎ᠠ | ︽ᠨᠡᠭᠦᠷᠡᠰᠦᠲᠥ᠋ᠷᠥᠭᠴᠢ ᠦᠭᠡᠢ ᠬᠦᠷᠢᠶᠡᠯᠡᠩ ᠲᠣᠭᠤᠷᠢᠭ︾ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ᠂ | ︽ᠨᠡᠭᠦᠷᠡᠰᠦᠲᠥ᠋ᠷᠥᠭᠴᠢ ᠦᠭᠡᠢ ᠬᠦᠷᠢᠶᠡᠯᠡᠩ ᠲᠣᠭᠤᠷᠢᠭ︾ ᠤᠨ ᠵᠢᠯᠤᠭᠤᠳᠬᠤ ᠭᠠᠵᠠᠷ ᠤᠨ ᠠᠯᠪᠠᠨ ᠭᠡᠷ ᠤᠨ | ᠦᠢᠯᠡᠳᠦᠯ ᠢ ᠭᠦᠢᠴᠡᠳ ᠪᠠᠳᠠᠷᠠᠭᠤᠯᠤᠨ᠂ ᠡᠯ᠎ᠡ ᠱᠠᠲᠤᠨ ᠤ ᠠᠰᠢᠭᠲᠠᠢ ᠲᠥᠷᠥ ᠶᠢᠨ ᠪᠣᠳᠣᠯᠭ᠎ᠠ ᠶᠢ ᠰᠤᠳᠤᠯᠵᠤ᠂ | ᠬᠠᠮᠤᠭ ᠤᠨ ᠰᠢᠨ᠎ᠡ ᠬᠥᠭᠵᠢᠯᠲᠡ ᠶᠢᠨ ᠴᠢᠭᠯᠡᠯ ᠢ ᠴᠢᠩᠭ᠎ᠠ ᠠᠩᠬᠠᠷᠴᠤ᠂ ᠡᠬᠢ ᠪᠠᠶᠠᠯᠢᠭ ᠢ ᠨᠡᠭᠡᠭᠡᠨ ᠬᠥᠭᠵᠢᠭᠦᠯᠬᠦ᠂ | ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠬᠤ᠂ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ︽ | ᠭᠤᠷᠪᠠ ᠶᠢ ᠨᠢᠭᠡ ᠴᠣᠭᠴᠠᠵᠢᠭᠤᠯᠬᠤ︾ ᠬᠠᠮᠵᠢᠯᠴᠠᠨ ᠬᠥᠭᠵᠢᠬᠦ ᠶᠢ ᠨᠢᠭᠡᠳᠦᠯᠲᠡᠢ ᠲᠥᠯᠥᠪᠯᠡᠨ᠎ᠡ᠃ ᠡᠨᠧᠷᠭᠢ ᠶᠢᠨ | ᠬᠤᠷᠣᠭᠳᠠᠭᠤᠯᠤᠯ ᠤᠨ ᠲᠥᠰᠦᠪᠴᠢᠯᠡᠭᠰᠡᠨ ᠬᠠᠮᠢᠶᠠᠷᠤᠯᠲᠠ ᠶᠢ ᠬᠡᠷᠡᠭᠵᠢᠭᠦᠯᠵᠦ ᠂ ︽ᠬᠤᠶᠠᠷ ᠦᠨᠳᠦᠷ︾ ᠲᠦᠷᠦᠯ | ᠵᠦᠢᠯ ᠤᠨ ᠰᠣᠬᠤᠷ ᠪᠠᠯᠠᠢ ᠪᠠᠷ ᠬᠦᠭᠵᠢᠭᠦᠯᠬᠦ ᠶᠢ ᠡᠷᠡᠰ ᠬᠣᠷᠢᠭᠯᠠᠵᠤ᠂ | ᠰᠢᠨ᠎ᠡ ᠪᠡᠷ ᠪᠠᠢᠭᠤᠯᠤᠭᠰᠠᠨ ᠲᠦᠷᠦᠯ | ᠵᠦᠢᠯ ᠦᠨ ᠪᠠᠢᠭᠤᠯᠭ᠎ᠠ ᠶᠢᠨ | ᠪᠦᠲᠦᠭᠡᠭᠳᠡᠭᠦᠨ ᠦ ᠡᠨᠧᠷᠭᠢ ᠶᠢᠨ ᠬᠤᠷᠣᠭᠳᠠᠭᠤᠯᠤᠯ ᠨᠢ ᠵᠠᠪᠠᠯ | ᠤᠯᠤᠰ ᠤᠨ ᠳᠠᠪᠰᠢᠭᠰᠠᠨ ᠪᠠᠷᠢᠮᠵᠢᠶᠠᠨ ᠳᠤ | ᠬᠦᠷᠦᠭᠰᠡᠨ ᠪᠠᠢᠬᠤ ᠬᠡᠷᠡᠭᠲᠡᠢ᠃ ᠪᠣᠬᠢᠷᠳᠤᠯ ᠦᠭᠡᠢ ᠡᠷᠭᠢᠯᠲᠡᠲᠦ | ᠠᠵᠤ ᠦᠢᠯᠡᠰ ᠢ ᠬᠥᠭᠵᠢᠭᠦᠯᠵᠦ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠯᠡᠳᠡᠪᠦᠷᠢ ᠢᠯᠴᠢ | ᠦᠯᠡᠳᠡᠪᠦᠷᠢ ᠬᠡᠢ ᠶᠢ ᠶᠡᠷᠦᠩᠬᠡᠶᠢᠯᠡᠨ ᠠᠰᠢᠭᠯᠠᠬᠤ ᠪᠡᠯᠡᠳᠬᠡᠮᠵᠢ ᠶᠢ ᠢᠵᠢ ᠪᠦᠷᠢᠳᠦᠭᠦᠯᠦᠨ ᠪᠦᠲᠦᠭᠡᠨ ᠪᠠᠶᠢᠭᠤᠯᠬᠤ ᠶᠢ | ᠵᠣᠷᠢᠭᠵᠢᠭᠤᠯᠵᠤ᠂ ᠰᠢᠨ ᠯᠢᠶᠠᠨ ᠤ ᠣᠷᠴᠢᠨ ᠲᠣᠭᠤᠷᠢᠨ ᠤ ᠬᠠᠮᠠᠭᠠᠯᠠᠯᠲᠠ ᠬᠠᠲᠠᠭᠤ ᠪᠡᠶᠡᠲᠦ ᠬᠠᠶᠠᠭᠳᠠᠮᠠᠯ ᠪᠣᠳᠠᠰ ᠢ | ᠡᠬᠢ ᠪᠠᠶᠠᠯᠢᠭᠵᠢᠭᠤᠯᠤᠨ ᠠᠰᠢᠭᠯᠠᠬᠤ ᠲᠥᠷᠥᠯ ᠵᠦᠢᠯ ᠤᠨ ᠠᠰᠢᠭᠯᠠᠯᠲᠠ ᠳᠤ ᠣᠷᠣᠵᠤ ᠦᠷ᠎ᠡ ᠪᠦᠲᠦᠮᠵᠢ ᠣᠯᠬᠤ ᠶᠢ | ᠠᠬᠢᠭᠤᠯᠤᠨ᠎ᠠ᠃ ᠬᠤᠸᠠ ᠴᠧᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠮᠡᠷᠭᠡᠵᠢᠯ ᠤᠨ | ᠰᠢᠨ᠎ᠡ ᠶᠢ ᠡᠭᠦᠳᠬᠦ ᠲᠥᠪ ᠢ ᠡᠬᠢᠯᠡᠨ ᠬᠡᠷᠡᠭᠯᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠣᠷᠣᠭᠤᠯᠤᠯᠲᠠ ᠪᠠ | ᠰᠤᠳᠤᠯᠤᠨ ᠨᠡᠭᠡᠭᠡᠬᠦ ᠬᠢᠷᠢ ᠲᠦᠪᠰᠢᠨ ᠢ ᠳᠡᠭᠡᠭᠰᠢᠯᠡᠭᠦᠯᠵᠦ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ | ᠬᠦᠷᠢᠶᠡᠯᠡᠩ ᠲᠠᠢ ᠬᠠᠮᠲᠤᠷᠠᠨ ᠫᠠᠶᠢᠰᠠ ᠡᠯᠭᠦᠨ ᠠᠺᠠᠳᠧᠮᠢᠴᠢ ᠶᠢᠨ ᠠᠵᠢᠯ ᠤᠨ ᠥᠷᠲᠡᠭᠡ ᠪᠠᠶᠢᠭᠤᠯᠬᠤ ᠶᠢᠨ ᠬᠠᠮᠲᠤ 1 | ᠠᠺᠠᠳᠧᠮᠢᠴᠢ ᠶᠢ ᠤᠷᠢᠨ ᠬᠡᠷᠡᠭᠯᠡᠵᠦ᠂ ᠱᠠᠨᠰᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ᠂ ᠥᠪᠥᠷ | ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠲᠠᠢ ᠬᠠᠮᠲᠤᠷᠠᠨ ᠫᠠᠶᠢᠰᠠ ᠡᠯᠭᠦᠨ ᠠᠵᠤ | ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠰᠠᠭᠤᠷᠢᠨ ᠭᠠᠵᠠᠷ ᠪᠠᠶᠢᠭᠤᠯᠵᠤ᠂ ᠵᠦᠩ | ᠨᠥᠩ ᠰᠧᠯᠧᠨ ᠤ ᠰᠧᠯᠧᠨ ᠡᠯᠪᠡᠭ ᠲᠠᠷᠢᠶᠠᠯᠠᠩ ᠤᠨ ᠮᠡᠷᠭᠡᠵᠢᠯ ᠤᠨ ᠰᠤᠳᠤᠯᠭᠠᠨ ᠤ ᠬᠦᠷᠢᠶᠡᠯᠡᠩ ᠲᠠᠢ ᠬᠠᠮᠲᠤᠷᠠᠨ | ᠬᠥᠷᠥᠰᠥ ᠰᠢᠷᠣᠢ ᠶᠢ ᠰᠠᠶᠢᠵᠢᠷᠠᠭᠤᠯᠬᠤ ᠲᠥᠷᠥᠯ ᠵᠦᠢᠯ ᠢ ᠰᠤᠳᠤᠯᠤᠨ ᠨᠡᠭᠡᠭᠡᠵᠦ᠂ ᠴᠢᠳᠠᠮᠵᠢ ᠶᠢᠨ ᠴᠢᠨᠠᠷᠲᠠᠢ ᠸᠠᠭᠠᠷ | ᠱᠠᠭᠠᠵᠠᠩ ᠤᠨ ᠰᠢᠨ᠎ᠡ ᠦᠢᠯᠡᠳᠬᠦᠨ ᠢ ᠭᠦᠨᠵᠡᠭᠡᠢ ᠰᠤᠳᠤᠯᠤᠨ ᠨᠡᠭᠡᠭᠡᠵᠦ᠂ ︽ᠤᠯᠠᠭᠠᠨ ᠴᠠᠢ ᠶᠢᠨ ᠲᠠᠯᠠᠰᠲᠤ | ᠱᠠᠭᠠᠵᠠᠩ︾ ᠤᠨ ᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠎ᠡ᠃ | ᠪᠠᠷᠢᠮᠵᠢᠶᠠᠵᠢᠭᠤᠯᠤᠭᠰᠠᠨ ᠦᠢᠯᠡᠳᠪᠦᠷᠢ ᠶᠢᠨ ᠭᠡᠷ ᠪᠠᠶᠢᠰᠢᠩ ᠳᠤ ᠲᠦᠰᠢᠭᠯᠡᠨ᠂ ᠵᠢᠯ ᠤᠨ ᠳᠣᠲᠣᠷ᠎ᠠ ᠲᠣᠨᠤᠭ | ᠲᠥᠬᠦᠭᠡᠷᠦᠮᠵᠢ ᠦᠶᠯᠡᠳᠬᠦ ᠠᠵᠤ ᠠᠬᠤᠶᠢᠯᠠᠯ ᠢ ᠣᠷᠣᠭᠤᠯᠤᠨ ᠠᠪᠴᠢᠷᠠᠵᠤ ᠰᠠᠭᠤᠯᠭᠠᠬᠤ ᠪᠠᠷ ᠴᠢᠷᠮᠠᠶᠢᠨ᠎ᠠ᠃ | ᠰᠢᠨ᠎ᠡ ᠶᠢ ᠡᠭᠦᠳᠦᠨ ᠬᠡᠯᠪᠡᠷᠢ ᠪᠠᠨ ᠬᠤᠪᠢᠷᠠᠭᠤᠯᠬᠤ ᠶᠢᠨ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ | ᠦᠢᠯᠡᠳᠦᠯ ᠢ ᠪᠠᠳᠠᠷᠠᠭᠤᠯᠵᠤ᠂ ᠠᠵᠤ ᠠᠬᠤᠶᠢᠯᠠᠯ ᠤᠨ ᠰᠢᠨ᠎ᠡ ᠶᠢ ᠡᠭᠦᠳᠦᠨ ᠬᠥᠭᠵᠢᠬᠦ ᠶᠢ ᠳᠡᠮᠵᠢᠵᠦ᠂ ᠬᠤᠸᠠ ᠴᠧᠨ | ᠠᠭᠤᠷᠬᠠᠢ ᠶᠢᠨ ᠦᠢᠯᠡᠰ ᠲᠤ ᠬᠦᠴᠦᠨ ᠨᠡᠮᠡᠷᠢᠯᠡᠵᠦ᠂ ᠵᠢᠦᠢ ᠳ᠋ᠢᠶᠠᠨ ᠬᠤᠭᠤᠯᠠᠨ ᠤ ᠰᠠᠪᠠ ᠬᠡᠷᠡᠭᠰᠡᠯ ᠢ ᠥᠪᠡᠷᠲᠡᠭᠡᠨ | ᠵᠠᠰᠠᠬᠤ ᠣᠷᠣᠨ ᠤ ᠲᠠᠰ ᠤᠨ ᠲᠤᠰᠬᠠᠢ ᠨᠠᠷᠢᠯᠢᠭ ᠣᠨᠴᠠ ᠰᠢᠨ᠎ᠡ ︽ᠵᠢᠵᠢᠭ ᠠᠪᠤᠷᠭᠤ ᠬᠥᠮᠥᠨ︾ ᠲᠦᠷᠦᠯ | ᠲᠡᠮᠳᠡᠭᠲᠦ ᠪᠠᠷ ᠮᠡᠳᠡᠭᠦᠯᠦᠨ᠎ᠡ᠃ ᠬᠤᠪᠴᠠᠰᠤ ᠬᠤᠨᠠᠷ ᠤᠨ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ | ᠠᠬᠢᠭᠤᠯᠵᠤ᠂ ᠬᠤᠪᠴᠠᠰᠤ ᠬᠤᠨᠠᠷ ᠤᠨ ᠠᠵᠤ ᠦᠢᠯᠡᠰ ᠤᠨ ᠵᠢᠯᠤᠭᠤᠳᠬᠤ ᠭᠠᠵᠠᠷ ᠤᠨ ᠠᠯᠪᠠᠨ ᠭᠡᠷ ᠤᠨ | ᠲᠦᠷᠦᠭᠦᠯᠡᠨ ᠶᠡᠷᠦᠩᠬᠡᠢ ᠠᠵᠢᠯ ᠢ ᠠᠳᠬᠤᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠬᠤᠪᠴᠠᠰᠤ ᠬᠤᠨᠠᠷ ᠤᠨ | ᠠᠵᠤ ᠦᠢᠯᠡᠰ ᠤᠨ ᠬᠥᠭᠵᠢᠯᠲᠡ ᠶᠢᠨ ᠺᠣᠮᠫᠠᠨᠢ᠂ ᠬᠤᠪᠴᠠᠰᠤ ᠬᠤᠨᠠᠷ ᠤᠨ ᠨᠡᠶᠢᠭᠡᠮᠯᠢᠭ ᠢ ᠵᠣᠬᠢᠴᠠᠭᠤᠯᠵᠤ᠂ ᠡᠯ᠎ᠡ | ᠶᠡᠭᠡ ᠳᠡᠭᠡᠳᠦ ᠰᠤᠷᠭᠠᠭᠤᠯᠢ ᠯᠤᠭ᠎ᠠ ᠢᠳᠡᠪᠬᠢᠲᠡᠢ ᠪᠠᠷ ᠬᠠᠮᠲᠤᠷᠠᠯᠴᠠᠨ ᠰᠣᠯᠢᠯᠴᠠᠵᠤ᠂ ᠨᠡᠶᠢᠯᠡᠮᠡᠯ ᠬᠦᠴᠦᠨ ᠢ ᠪᠣᠶ | ᠪᠣᠯᠭᠠᠵᠤ᠂ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠺᠣᠮᠫᠠᠨᠢ ᠶᠢ ᠣᠷᠣᠭᠤᠯᠤᠨ ᠠᠪᠴᠢᠷᠠᠬᠤ︔ ᠬᠤᠪᠴᠠᠰᠤ | ᠬᠤᠨᠠᠷ ᠤᠨ ᠨᠠᠶᠢᠷ ᠢ ᠨᠠᠷᠢᠨ ᠨᠢᠮᠪᠠᠢ ᠲᠥᠯᠥᠪᠯᠡᠨ ᠪᠡᠯᠡᠳᠬᠡᠵᠦ᠂ ︽ ᠪᠠᠭ᠋ᠠᠷᠤᠯᠲᠤ ᠵᠣᠣ ᠵᠢᠶᠦ᠋ᠨ︾ ᠤ ᠣᠯᠠᠨ | ᠨᠡᠶᠢᠲᠡ ᠶᠢᠨ ᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠵᠦ᠂ ᠬᠦᠪᠦᠩ ᠬᠤᠪᠴᠠᠰᠤ | ᠬᠤᠨᠠᠷ ᠢ ᠤᠯᠤᠰ ᠤᠨ ᠭᠠᠵᠠᠷ ᠵᠦᠢ ᠶᠢᠨ ᠪᠡᠯᠭᠡ ᠲᠡᠮᠳᠡᠭ ᠢᠶᠠᠷ ᠮᠡᠳᠡᠭᠦᠯᠬᠦ ᠪᠡᠯᠡᠳᠬᠡᠯ ᠠᠵᠢᠯ ᠢ ᠰᠠᠶᠢᠲᠤᠷ ᠬᠢᠨ᠎ᠡ᠃ | ᠬᠤᠪᠴᠠᠰᠤ ᠬᠤᠨᠠᠷ ᠤᠨ ᠠᠵᠤ ᠦᠢᠯᠡᠰ ᠤᠨ ᠬᠦᠷᠢᠶᠡᠯᠡᠩ᠂ ᠤᠯᠤᠰ ᠤᠨ ᠲᠠᠰ ᠤᠨ ᠨᠣᠣᠰᠣ ᠨᠣᠯᠤᠥᠷ ᠢ ᠪᠠᠶᠢᠴᠠᠭᠠᠨ | ᠰᠢᠯᠭᠠᠵᠤ ᠰᠢᠯᠭᠠᠨ ᠪᠠᠶᠢᠴᠠᠭᠠᠬᠤ ᠲᠥᠪ ᠤᠨ ᠬᠤᠸᠠᠳᠧ ᠶᠢᠨ ᠠᠵᠢᠯ ᠤᠨ ᠥᠷᠲᠡᠭᠡ ᠳᠤ ᠲᠦᠰᠢᠭᠯᠡᠨ᠂ ᠬᠤᠪᠴᠠᠰᠤ | ᠬᠤᠨᠠᠷ ᠤᠨ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠪᠦᠯᠬᠦᠮ ᠨᠡᠶᠢᠲᠡ ᠪᠠ ᠵᠢᠷᠤᠭ ᠲᠥᠯᠥᠪᠯᠡᠭᠡ ᠶᠢᠨ | ᠪᠦᠯᠬᠦᠮ ᠢ ᠵᠣᠬᠢᠶᠠᠨ ᠪᠠᠶᠢᠭᠤᠯᠵᠤ᠂ ᠦᠢᠯᠡᠳᠬᠦᠨ ᠢ ᠰᠤᠳᠤᠯᠤᠨ ᠨᠡᠭᠡᠭᠡᠬᠦ᠂ ᠪᠥᠰ ᠪᠠᠷᠠᠭ᠎ᠠ ᠶᠢᠨ ᠰᠢᠨ᠎ᠡ ᠶᠢ ᠡᠭᠦᠳᠬᠦ | ᠪᠠ ᠵᠢᠷᠤᠭ ᠲᠥᠯᠥᠪᠯᠡᠭᠡ ᠶᠢᠨ ᠰᠢᠨ᠎ᠡ ᠶᠢ ᠡᠭᠦᠳᠬᠦ ᠶᠢ ᠦᠷᠭᠦᠯᠵᠢᠯᠡᠨ ᠴᠢᠩᠭᠠᠳᠬᠠᠵᠤ᠂ ᠬᠦᠪᠦᠩ ᠬᠤᠪᠴᠠᠰᠤ | ᠬᠤᠨᠠᠷ ᠢ ᠬᠤᠪᠢ ᠬᠥᠮᠥᠨ ᠤ ᠵᠠᠬᠢᠶᠠᠯᠠᠨ ᠦᠶᠯᠡᠳᠬᠦ ᠪᠠ ᠣᠷᠣ ᠶᠢᠨ ᠳᠡᠭᠡᠳᠦ ᠲᠠᠰ ᠤᠨ ᠬᠡᠷᠡᠭᠯᠡᠭᠡᠨ ᠤ ᠡᠳ᠋ ᠢ | ᠨᠡᠭᠡᠭᠡᠨ ᠬᠥᠭᠵᠢᠭᠦᠯᠦᠨ᠎ᠡ︔ ᠬᠤᠪᠴᠠᠰᠤ ᠬᠤᠨᠠᠷ ᠤᠨ ᠦᠢᠯᠡᠳᠬᠦᠨ ᠤ ᠶᠠᠰᠤ ᠴᠢᠨᠠᠷ ᠤᠨ ᠪᠠᠷᠢᠮᠵᠢᠶ᠎ᠠ ᠶᠢᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠬᠤᠳᠠᠯ ᠬᠠᠭᠤᠷᠮᠠᠭ ᠴᠢᠨᠠᠷ ᠮᠠᠭᠤ ᠦᠢᠯᠡᠳᠬᠦᠨ ᠳᠤ ᠡᠷᠡᠰ ᠴᠣᠬᠢᠯᠲᠠ ᠥᠭᠴᠦ᠂ | ᠲᠤᠭ᠎ᠠ ᠬᠡᠮᠵᠢᠶ᠎ᠡ ᠶᠠᠰᠤ ᠴᠢᠨᠠᠷ ᠤᠨ ᠬᠤᠣᠰ ᠳᠡᠭᠡᠭᠰᠢᠯᠡᠯᠲᠡ ᠶᠢ ᠪᠡᠶᠡᠯᠡᠭᠦᠯᠦᠨ᠎ᠡ᠃ ᠰᠦᠯᠵᠢᠶᠡᠨ ᠤ ᠪᠣᠷᠤᠯᠠᠭᠤᠯᠭ᠎ᠠ | ᠪᠠ ᠭᠠᠳᠠᠭᠠᠳᠤ ᠠᠷᠠᠯᠵᠢᠶ᠎ᠠ ᠶᠢ ᠥᠷᠭᠡᠳᠬᠡᠵᠦ᠂ ᠰᠦᠯᠵᠢᠶᠡᠨ ᠤ ᠰᠢᠭᠤᠳ ᠨᠡᠪᠲᠡᠷᠡᠭᠦᠯᠭᠡ ᠶᠢᠨ ᠲᠠᠰᠤᠭ ᠪᠠ ᠣᠯᠠᠨ | ᠨᠡᠶᠢᠲᠡ ᠶᠢᠨ ᠨᠠᠷᠠᠲᠤ ᠲᠡᠮᠳᠡᠭᠲᠦ ᠶᠢᠨ ᠲᠢᠶᠠᠨ ᠮᠣᠣ ᠳᠡᠯᠭᠡᠭᠦᠷ᠂ ᠵᠢᠩ ᠳ᠋ᠦᠩ ᠳᠡᠯᠭᠡᠭᠦᠷ ᠢ ᠭᠦᠢᠴᠡᠳ ᠠᠰᠢᠭᠯᠠᠨ | ᠤᠯᠤᠰ ᠤᠨ ᠳᠣᠲᠣᠭᠠᠳᠤ ᠶᠢᠨ ᠵᠠᠬ᠎ᠠ ᠳᠡᠯᠭᠡᠭᠦᠷ ᠢ ᠥᠷᠭᠡᠳᠬᠡᠵᠦ᠂ ᠬᠢᠷᠢ ᠴᠢᠳᠠᠮᠵᠢ ᠲᠠᠢ ᠬᠤᠪᠴᠠᠰᠤᠨ ᠤ ᠠᠵᠤ | ᠠᠬᠤᠶᠢᠯᠠᠯ ᠤᠨ ᠤᠯᠤᠰ ᠤᠨ ᠭᠠᠳᠠᠭᠠᠳᠤ ᠶᠢᠨ ᠵᠠᠬ᠎ᠠ ᠳᠡᠯᠭᠡᠭᠦᠷ ᠢᠶᠠᠨ ᠥᠷᠭᠡᠳᠬᠡᠬᠦ ᠶᠢ ᠦᠷᠭᠦᠯᠵᠢᠯᠡᠨ | ᠵᠣᠷᠢᠭᠵᠢᠭᠤᠯᠵᠤ᠂ ᠵᠢᠯ ᠤᠨ ᠳᠣᠲᠣᠷ᠎ᠠ ᠬᠤᠪᠴᠠᠰᠤᠨ ᠤ ᠪᠣᠷᠤᠯᠠᠭᠤᠯᠭ᠎ᠠ ᠶᠢᠨ ᠬᠡᠮᠵᠢᠶ᠎ᠡ ᠶᠢ 2000 ᠲᠦᠮᠡᠨ ᠵᠠᠬ᠎ᠠ᠂ | ᠤᠩᠭᠠᠷᠢᠯ ᠢᠯᠲᠠᠰᠤ ᠶᠢᠨ ᠪᠣᠷᠤᠯᠠᠭᠤᠯᠭ᠎ᠠ ᠶᠢᠨ ᠬᠡᠮᠵᠢᠶ᠎ᠡ ᠶᠢ 1.5 ᠲᠦᠮᠡᠨ ᠲᠣᠨ ᠳᠤ ᠬᠦᠷᠦᠭᠦᠯᠦᠨ᠎ᠡ᠃ ᠠᠷᠢᠭᠤᠨ | ᠴᠡᠪᠡᠷ ᠡᠨᠧᠷᠭᠢ ᠶᠢᠨ ᠰᠤᠷᠪᠤᠯᠵᠢ ᠶᠢᠨ ᠠᠵᠤ ᠦᠢᠯᠡᠰ ᠢ ᠬᠥᠭᠵᠢᠭᠦᠯᠵᠦ᠂ 200 ᠲᠦᠮᠡᠨ ᠺᠢᠯᠣᠸᠠᠲ ᠤᠨ ᠰᠠᠯᠬᠢᠨ | ᠬᠦᠴᠦᠨ ᠤ ᠴᠠᠬᠢᠯᠭᠠᠨ ᠤ ᠨᠡᠭᠡᠭᠡᠨ ᠬᠥᠭᠵᠢᠭᠦᠯᠬᠦ ᠲᠥᠷᠥᠯ ᠵᠦᠢᠯ ᠤᠨ ᠲᠥᠯᠦᠪᠵᠢᠭᠦᠯᠭᠡ ᠶᠢ ᠰᠠᠶᠢᠲᠤᠷ ᠬᠢᠵᠦ᠂ | ᠪᠣᠷᠣ ᠲᠥᠯᠥᠪ ᠤᠨ ᠵᠥᠪᠯᠡᠯᠴᠡᠭᠡᠷ ᠲᠤ ᠭᠠᠷ ᠤᠨ ᠥᠰᠥᠭ ᠵᠢᠷᠤᠭᠰᠠᠨ ᠠᠵᠤ ᠠᠬᠤᠶᠢᠯᠠᠯ᠂ ᠳᠡᠭᠡᠳᠦ ᠱᠠᠲᠤᠨ ᠤ | ᠡᠨᠧᠷᠭᠢ ᠶᠢᠨ ᠰᠤᠷᠪᠤᠯᠵᠢ ᠶᠢᠨ ᠲᠣᠪᠴᠢᠶ᠎ᠠ ᠲᠠᠢ ᠢᠳᠡᠪᠬᠢᠲᠡᠢ ᠨᠡᠪᠲᠡᠷᠡᠯᠴᠡᠨ ᠵᠣᠯᠭᠠᠭᠤᠯᠵᠤ᠂ ᠪᠣᠬᠢᠷᠳᠤᠯ ᠦᠭᠡᠢ | ᠡᠨᠧᠷᠭᠢ ᠶᠢᠨ ᠰᠤᠷᠪᠤᠯᠵᠢ ᠶᠢᠨ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠣᠳᠣ ᠦᠶ᠎ᠡ ᠶᠢᠨ | ᠪᠠᠷᠠᠭᠠᠨ ᠤ ᠭᠦᠢᠯᠭᠡᠭᠡᠨ ᠤ ᠲᠡᠮᠦᠷ ᠵᠠᠮ ᠤᠨ ᠲᠤᠰᠬᠠᠢ ᠬᠡᠷᠡᠭᠯᠡᠭᠡᠨ ᠤ ᠱᠤᠭᠤᠮ ᠤᠨ ᠦᠢᠯᠡᠳᠦᠯ ᠢ ᠭᠦᠢᠴᠡᠳ | ᠪᠠᠳᠠᠷᠠᠭᠤᠯᠵᠤ᠂ ᠵᠢᠯ ᠤᠨ ᠳᠣᠲᠣᠷ᠎ᠠ ᠪᠠᠷᠠᠭᠠᠨ ᠤ ᠭᠦᠢᠯᠭᠡᠭᠡᠨ ᠤ ᠣᠷᠣᠭᠤᠯᠵᠤ ᠭᠠᠷᠭᠠᠬᠤ ᠬᠡᠮᠵᠢᠶ᠎ᠡ ᠶᠢ 200 | ᠲᠦᠮᠡᠨ ᠲᠣᠨ ᠪᠡᠶᠡᠯᠡᠭᠦᠯᠬᠦ ᠪᠠᠷ ᠴᠢᠷᠮᠠᠶᠢᠵᠤ᠂ ᠵᠠᠪᠰᠠᠷ ᠬᠠᠭᠤᠷᠠᠢ ᠵᠠᠮ ᠤᠨ ᠭᠠᠷᠠᠮ ᠤᠨ ᠶᠡᠷᠦᠩᠬᠡᠶᠢᠯᠡᠭᠰᠡᠨ | ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠪᠠ ᠮᠠᠰᠢᠨ ᠲᠡᠷᠭᠡᠨ ᠤ ᠶᠡᠷᠦᠩᠬᠡᠶᠢᠯᠡᠭᠰᠡᠨ ᠪᠠᠷᠠᠭᠠᠨ ᠤ | ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠠᠷᠠᠭᠠᠨ ᠤ | ᠭᠦᠢᠯᠭᠡᠭᠡᠨ ᠤ ᠳᠠᠮᠵᠢᠭᠤᠯᠬᠤ ᠥᠷᠲᠡᠭᠡ ᠶᠢ ᠵᠢᠯ ᠤᠨ ᠳᠣᠲᠣᠷ᠎ᠠ ᠪᠠᠶᠢᠭᠤᠯᠤᠨ ᠠᠰᠢᠭᠯᠠᠯᠲᠠ ᠳᠤ ᠣᠷᠣᠭᠤᠯᠬᠤ ᠪᠠᠷ | ᠴᠢᠷᠮᠠᠶᠢᠵᠤ᠂ ᠬᠤᠸᠠᠳᠧ ᠶᠢ ᠤᠯᠠᠭᠠᠨᠴᠠᠪ ︱ ᠡᠷᠢᠶᠡᠨ ᠬᠤᠲᠠ ᠶᠢᠨ ᠤᠯᠤᠰ ᠤᠨ ᠪᠠᠷᠠᠭᠠᠨ ᠤ ᠭᠦᠢᠯᠭᠡᠭᠡᠨ ᠤ | ᠬᠦᠢᠰᠦ ᠪᠠ ᠪᠣᠭᠤᠮᠲᠠ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠲᠥᠯᠦᠪᠵᠢᠭᠦᠯᠭᠡ ᠳᠤ ᠣᠷᠣᠭᠤᠯᠵᠤ᠂ | ᠤᠯᠠᠭᠠᠨᠴᠠᠪ ᠬᠤᠲᠠ ᠶᠢᠨ ᠴᠢᠬᠤᠯᠠ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠢ ᠪᠠᠶᠢᠭᠤᠯᠤᠨ᠎ᠠ᠃ | ᠬᠤᠷᠰᠢᠭᠰᠠᠨ ᠠᠵᠤ ᠠᠬᠤᠶᠢᠯᠠᠯ ᠢ ᠡᠷᠢᠵᠦ᠂ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠲᠥᠷᠥᠯ ᠵᠦᠢᠯ ᠢ | ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠪᠠᠷ ᠴᠢᠷᠮᠠᠶᠢᠨ᠎ᠠ︔ ᠪᠥᠬᠦ ᠬᠤᠲᠠ ᠶᠢᠨ ᠤᠮᠠᠷᠠᠰᠢ ︽ᠨᠢᠭᠡ ᠪᠠᠬᠢᠯᠡᠯᠲᠡ | ︾ ᠶᠢ ᠪᠠᠶᠢᠭᠤᠯᠬᠤ ᠶᠡᠭᠡ ᠪᠠᠶᠢᠷᠢᠰᠢᠯ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠥᠪᠡᠰᠦᠪᠡᠨ ᠡᠵᠡᠩᠨᠡᠬᠦ | ᠭᠠᠳᠠᠭᠠᠳᠤ ᠳᠤ ᠭᠠᠷᠭᠠᠬᠤ ᠡᠷᠬᠡᠲᠦ 21 ᠠᠵᠤ ᠠᠬᠤᠶᠢᠯᠠᠯ ᠤᠨ ᠭᠠᠳᠠᠭᠠᠳᠤ ᠠᠷᠠᠯᠵᠢᠶᠠᠨ ᠤ ᠵᠠᠬ᠎ᠠ ᠳᠡᠯᠭᠡᠭᠦᠷ ᠢᠶᠠᠨ | ᠨᠡᠭᠡᠭᠡᠬᠦ ᠶᠢ ᠳᠡᠮᠵᠢᠵᠦ᠂ ᠭᠠᠳᠠᠭᠠᠳᠤ ᠠᠷᠠᠯᠵᠢᠶᠠᠨ ᠤ ᠬᠡᠪᠴᠢᠶ᠎ᠡ ᠪᠠᠨ ᠨᠡᠮᠡᠭᠳᠡᠭᠦᠯᠦᠨ᠂ ᠭᠠᠳᠠᠭᠠᠳᠤ ᠠᠷᠠᠯᠵᠢᠶᠠᠨ ᠤ | ᠲᠤᠭ᠎ᠠ ᠬᠡᠮᠵᠢᠶ᠎ᠡ ᠪᠠᠨ 3000 ᠲᠦᠮᠡᠨ ᠳ᠋ᠣᠯᠯᠠᠷ ᠲᠤ ᠬᠦᠷᠭᠡᠬᠦ ᠪᠠᠷ ᠴᠢᠷᠮᠠᠶᠢᠨ᠎ᠠ᠃ | ︵ᠭᠤᠷᠪᠠ︶ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠬᠦ ᠳᠤ ᠠᠩᠬᠠᠷᠤᠯ ᠢᠶᠠᠨ | ᠲᠥᠪᠯᠡᠷᠡᠭᠦᠯᠵᠦ᠂ ᠬᠤᠳᠠ ᠪᠠᠯᠭᠠᠰᠤᠨ ᠤ ᠦᠷᠳᠡᠭ ᠤᠨ ᠴᠢᠨᠠᠷ ᠴᠢᠨᠰᠠᠭ᠎ᠠ ᠶᠢ ᠬᠦᠴᠦᠯᠡᠨ ᠳᠡᠭᠡᠭᠰᠢᠯᠡᠭᠦᠯᠦᠨ᠎ᠡ | ᠬᠤᠳᠠ ᠪᠠᠯᠭᠠᠰᠤᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠳᠠᠮᠵᠢ ᠶᠢ ᠲᠡᠭᠦᠯᠳᠡᠷᠵᠢᠭᠦᠯᠦᠨ᠎ᠡ ᠃ ᠬᠤᠲᠠ | ᠬᠥᠳᠡᠭᠡ ᠶᠢ ᠨᠢᠭᠡ ᠴᠣᠭᠴᠠᠵᠢᠭᠤᠯᠤᠭᠰᠠᠨ ᠤᠰᠤᠨ ᠤ ᠴᠢᠨᠠᠷ ᠢ ᠳᠡᠭᠡᠭᠰᠢᠯᠡᠭᠦᠯᠬᠦ ᠲᠥᠷᠥᠯ ᠵᠦᠢᠯ ᠢ ᠠᠵᠢᠯ | ᠡᠬᠢᠯᠡᠭᠦᠯᠦᠨᠪᠣᠷᠣᠭᠠᠨ ᠤ ᠪᠣᠬᠢᠷᠳᠤᠯ ᠢ ᠰᠠᠯᠭᠠᠬᠤ ᠵᠢᠴᠢ ᠤᠰᠤ ᠬᠠᠩᠭᠠᠬᠤ ᠬᠤᠭᠤᠯᠠᠢ ᠶᠢᠨ ᠲᠣᠣᠷ ᠢ ᠲᠠᠰ | ᠳᠡᠪᠰᠢᠭᠦᠯᠦᠨ ᠥᠭᠡᠷᠡᠴᠢᠯᠡᠬᠦ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ | ᠪᠡᠶᠡᠯᠡᠭᠦᠯᠦᠨ᠎ᠡ︔ ᠬᠤᠸᠠᠳᠧ ᠶᠢᠨ ᠲᠡᠷᠭᠡᠨ ᠦᠷᠳᠡᠭᠡ ᠶᠢᠨ ᠦᠷᠳᠡᠭᠡ ᠪᠣᠯᠣᠨ ᠦᠷᠳᠡᠭᠡ ᠶᠢᠨ ᠡᠮᠦᠨᠡᠬᠢ ᠠᠭᠤᠳᠠᠮ | ᠲᠠᠯᠠᠪᠠᠢ ᠶᠢᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ ᠂ ᠥᠷᠭᠡᠨ ᠤᠯᠠᠨ ᠠᠶᠠᠨᠴᠢᠳ ᠲᠤ | ᠶᠠᠪᠤᠵᠤ ᠰᠠᠭᠤᠬᠤ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠵᠤ ᠂ ᠠᠶᠠᠨᠴᠢᠳ ᠤᠨ ᠲᠡᠭᠡᠭᠡᠪᠦᠷᠢ ᠶᠢᠨ | ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ ︔ ᠲᠣᠬᠢᠷᠠᠭᠤᠯᠤᠯᠲᠠ ᠪᠠ ᠦᠢᠯᠡᠴᠢᠯᠡᠭᠡᠨ ᠤ ᠪᠠᠲᠤᠯᠠᠭ᠎ᠠ ᠶᠢᠨ | ᠡᠷᠴᠢᠮ ᠢ ᠴᠢᠩᠭᠠᠷᠠᠭᠤᠯᠵᠤ᠂ ᠳ᠋ᠦ᠋ ᠱᠢ ᠬᠤᠸᠠ ᠲᠢᠩ᠂ ᠮᠢᠨ ᠠᠨ ᠭᠡᠷ ᠣᠷᠣᠨ ᠵᠡᠷᠭᠡ ᠲᠥᠷᠥᠯ ᠵᠦᠢᠯ ᠤᠨ | ᠤᠷᠤᠭᠰᠢᠲᠠᠢ ᠠᠵᠢᠯ ᠳᠠᠭᠤᠰᠬᠤ ᠶᠢ ᠠᠬᠢᠭᠤᠯᠤᠨ᠎ᠠ︔ 5 ᠬᠠᠭᠤᠷᠠᠢ ᠵᠣᠷᠯᠣᠩ ᠢ ᠪᠠᠷ ᠤᠰᠤ ᠶᠢ ᠥᠭᠡᠷᠡᠴᠢᠯᠡᠬᠦ | ᠨᠡᠶᠢᠲᠡ ᠶᠢᠨ ᠵᠣᠷᠯᠣᠩ ᠢ ᠬᠡᠷᠡᠭᠵᠢᠭᠦᠯᠦᠨ᠎ᠡ︔ ᠰᠢᠶᠠᠨ ᠤ ᠬᠤᠲᠠ ᠶᠢᠨ ᠲᠣᠭᠤᠷᠢᠭ ᠵᠢᠴᠢ ᠡᠯ᠎ᠡ ᠰᠢᠶᠠᠩ ︵ᠪᠠᠯᠭᠠᠰᠤ | ︶ ᠤᠨ ᠵᠠᠰᠠᠭ ᠤᠨ ᠣᠷᠳᠣᠨ ᠤ ᠰᠠᠭᠤᠭ᠎ᠠ ᠭᠠᠵᠠᠷ ᠲᠤ 5G ᠳᠣᠬᠢᠶ᠎ᠠ ᠶᠢ ᠦᠷᠭᠦᠯᠵᠢᠯᠡᠨ ᠪᠦᠷᠬᠦᠭᠦᠯᠬᠦ ᠶᠢ | ᠠᠬᠢᠭᠤᠯᠵᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠵᠡᠷᠭᠡ ᠭᠤᠣᠯᠳᠠᠯᠭ᠎ᠠ ᠲᠠᠢ ᠣᠷᠣᠨ ᠪᠦᠰᠡ ᠳᠤ | 5G ᠳᠣᠬᠢᠶ᠎ᠠ ᠶᠢ ᠬᠡᠷᠡᠭᠴᠡᠭᠡ ᠶᠣᠰᠣᠭᠠᠷ ᠪᠦᠷᠬᠦᠭᠦᠯᠬᠦ ᠶᠢ ᠪᠡᠶᠡᠯᠡᠭᠦᠯᠵᠦ᠂ ᠣᠯᠠᠨ ᠲᠦᠮᠡᠨ ᠤ ᠠᠮᠢᠳᠤᠷᠠᠯ ᠤᠨ ᠴᠢᠨᠠᠷ | ᠴᠢᠨᠰᠠᠭ᠎ᠠ ᠶᠢ ᠨᠥᠯᠥᠭᠡᠯᠡᠬᠦ ᠳᠤᠲᠠᠭᠤᠳᠠᠯ ᠢ ᠲᠠᠰᠤᠷᠠᠯᠲᠠ ᠦᠭᠡᠢ ᠨᠥᠬᠦᠪᠦᠷᠢᠯᠡᠨ᠎ᠡ᠃ ᠤᠯᠤᠰ ᠤᠨ ᠢᠳᠡᠭᠡᠨ ᠤ ᠠᠮᠤᠷ | ᠲᠦᠪᠰᠢᠨ ᠤ ᠵᠢᠱᠢᠶ᠎ᠡ ᠦᠵᠡᠭᠦᠯᠬᠦ ᠬᠤᠲᠠ ᠪᠠ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠰᠢᠶᠠᠨ ᠤ ᠬᠤᠲᠠ ᠶᠢ | ᠡᠭᠦᠳᠦᠨ ᠪᠠᠶᠢᠭᠤᠯᠬᠤ ᠠᠵᠢᠯ ᠢ ᠤᠷᠤᠭᠰᠢᠲᠠᠢ ᠪᠡᠶᠡᠯᠡᠭᠦᠯᠦᠨ᠎ᠡ᠃ ᠬᠤᠲᠠ ᠪᠠᠯᠭᠠᠰᠤ ᠶᠢᠨ ᠬᠠᠮᠢᠶᠠᠷᠤᠯᠲᠠ ᠶᠢᠨ | ᠲᠦᠪᠰᠢᠨ ᠢ ᠳᠡᠭᠡᠭᠰᠢᠯᠡᠭᠦᠯᠦᠨ᠎ᠡ᠃ ᠬᠢᠨᠠᠭᠤᠷ ᠤᠨ ᠰᠢᠰᠲ᠋ᠧᠮ ᠤᠨ ᠢᠨᠵᠧᠨᠧᠷᠢᠩ ᠂ ᠭᠡᠭᠡᠨ ᠰᠠᠷᠠᠭᠤᠯ ᠢᠨᠵᠧᠨᠧᠷᠢᠩ ᠂ | ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠣᠶᠤᠨᠴᠢ ᠲᠣᠣᠷᠵᠢᠯ ᠤᠨ ᠬᠠᠮᠢᠶᠠᠷᠤᠯᠲᠠ ᠶᠢᠨ ᠲᠠᠪᠴᠠᠩ ᠢ | ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ ᠂ ᠣᠶᠤᠨᠲᠤ ᠬᠤᠳᠠ ᠂ ᠲᠣᠭᠠᠴᠢᠯᠠᠭᠰᠠᠨ ᠬᠤᠸᠠᠳᠧ ᠶᠢᠨ | ᠪᠠᠶᠢᠭᠤᠯᠤᠯᠲᠠ ᠶᠢᠨ ᠠᠯᠬᠤᠴᠠ ᠶᠢ ᠲᠦᠷᠭᠡᠳᠬᠡᠨ᠎ᠡ ᠃ ᠰᠢᠨ᠎ᠡ ᠬᠤᠲᠠ ᠲᠣᠭᠤᠷᠢᠭ ᠤᠨ ᠭᠤᠷᠪᠠᠳᠤᠭᠠᠷ ᠣᠷᠣᠨ | ᠪᠦᠰᠡ ᠪᠠ ᠬᠠᠭᠤᠴᠢᠨ ᠬᠤᠲᠠ ᠲᠣᠭᠤᠷᠢᠭ ᠤᠨ ᠳᠣᠯᠣᠳᠤᠭᠠᠷ ᠣᠷᠣᠨ ᠪᠦᠰᠡ ᠶᠢᠨ ᠣᠷᠴᠢᠨ ᠲᠣᠭᠤᠷᠢᠨ ᠤ ᠡᠷᠡᠭᠦᠯ | ᠬᠠᠮᠠᠭᠠᠯᠠᠯ ᠢ ᠶᠡᠷᠦᠩᠬᠡᠶᠢᠯᠡᠨ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠥᠷᠭᠡᠳᠬᠡᠵᠦ᠂ ᠦᠯᠡᠳᠡᠭᠰᠡᠨ 13 ᠣᠷᠣᠨ | ᠪᠦᠰᠡ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠭᠦᠨᠵᠡᠭᠡᠢ | ᠥᠷᠨᠢᠭᠦᠯᠵᠦ᠂ ᠵᠡᠭᠡᠯᠢ ᠳᠠᠭᠠᠤ ᠶᠢᠨ ᠳᠡᠯᠭᠡᠭᠦᠷ ᠫᠦᠰᠡ ᠶᠢᠨ ᠡᠭᠦᠳᠡᠨ ᠡᠮᠦᠨᠡᠬᠢ ︽ᠲᠠᠪᠤ ᠶᠢ ᠳᠠᠭᠠᠭᠠᠴᠢᠯᠠᠬᠤ︾ ᠶᠢᠨ | ᠬᠠᠷᠢᠭᠤᠴᠠᠯᠭ᠎ᠠ ᠶᠢᠨ ᠳᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠳᠡᠯᠭᠡᠭᠦᠷ ᠤᠨ ᠭᠠᠳᠠᠨ᠎ᠠ ᠡᠵᠡᠩᠨᠡᠬᠦ᠂ | ᠡᠭᠦᠳᠡᠨ ᠭᠠᠳᠠᠨ᠎ᠠ ᠪᠠᠨ ᠳᠡᠯᠭᠡᠬᠦ ᠂ ᠳᠤᠷ᠎ᠠ ᠪᠠᠷ ᠢᠶᠠᠨ ᠡᠯᠭᠦᠬᠦ ᠦᠶᠯᠡ ᠠᠵᠢᠯᠯᠠᠭ᠎ᠠ ᠶᠢ ᠪᠦᠲᠦᠮᠵᠢᠲᠡᠶ ᠡᠵᠡᠮᠳᠡᠬᠦ ᠶᠢ | ᠦᠨᠡᠨᠬᠦ ᠪᠠᠲᠤᠯᠠᠨ᠎ᠠ︔ ᠰᠠᠭᠤᠭᠠᠯᠢ ᠠᠷᠠᠳ ᠤᠨ ᠲᠣᠭᠤᠷᠢᠭ ᠤᠨ ᠠᠰᠠᠷ ᠤᠨ ᠭᠤᠳᠤᠮ᠂ ᠬᠤᠩᠭᠢᠯ ᠤᠨ ᠳᠣᠲᠣᠷᠠᠬᠢ | ᠵᠢᠵᠢᠭ ᠵᠠᠷ᠂ ᠡᠯᠳᠡᠪ ᠡᠳ᠋ ᠢ ᠪᠦᠲᠦᠮᠵᠢᠲᠡᠶ ᠵᠠᠰᠠᠵᠤ᠂ ᠳᠤᠷ᠎ᠠ ᠪᠠᠷ ᠢᠶᠠᠨ ᠪᠠᠷᠢᠵᠤ ᠪᠠᠶᠢᠭᠤᠯᠬᠤ ᠦᠶᠯᠡ | ᠠᠵᠢᠯᠯᠠᠭ᠎ᠠ ᠶᠢ ᠴᠢᠩᠭ᠎ᠠ ᠬᠢᠵᠠᠭᠠᠷᠯᠠᠨ᠎ᠠ︔ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠪᠥᠭᠡᠮ ᠢᠶᠠᠷ | ᠬᠤᠳᠠᠯᠳᠤᠬᠤ ᠵᠠᠬ᠎ᠠ ᠳᠡᠯᠭᠡᠭᠦᠷ ᠢ ᠡᠬᠢᠯᠡᠨ ᠬᠡᠷᠡᠭᠯᠡᠵᠦ᠂ ᠾᠦᠢ ᠮᠢᠨ ᠲᠠᠷᠢᠶᠠᠯᠠᠩ ᠤᠨ ᠠᠷᠠᠯᠵᠢᠶᠠᠨ ᠤ ᠵᠠᠬ᠎ᠠ | ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠢ ᠮᠢᠨ ᠵᠡᠭᠡᠯᠢ ᠶᠢᠨ ᠬᠤᠳᠠᠯᠳᠤᠭᠠᠴᠢᠨ ᠢ ᠬᠥᠲᠥᠯᠥᠨ | ᠵᠢᠯᠤᠭᠤᠳᠴᠤ ᠪᠠᠶᠢᠭᠠᠳ ᠵᠠᠬ᠎ᠠ ᠳᠡᠯᠭᠡᠭᠦᠷ ᠲᠤ ᠣᠷᠣᠭᠤᠯᠵᠤ᠂ ᠳᠤᠷ᠎ᠠ ᠪᠠᠷ ᠢᠶᠠᠨ ᠳᠡᠯᠭᠡᠵᠦ ᠳᠤᠷ᠎ᠠ ᠪᠠᠷ ᠢᠶᠠᠨ | ᠬᠤᠳᠠᠯᠳᠤᠬᠤ᠂ ᠵᠠᠮ ᠡᠵᠡᠯᠡᠨ ᠵᠠᠬ᠎ᠠ ᠳᠡᠯᠭᠡᠭᠦᠷ ᠪᠣᠯᠭᠠᠬᠤ ᠦᠵᠡᠭᠳᠡᠯ ᠢ ᠠᠯᠬᠤᠮ ᠠᠯᠬᠤᠮ ᠢᠶᠠᠷ ᠪᠠᠭᠠᠰᠬᠠᠨ᠎ᠠ︔ | ᠠᠭᠠᠷ ᠲᠠᠬᠢ ᠴᠠᠬᠢᠯᠭᠠᠨ ᠤ ᠤᠲᠠᠰᠤ ᠶᠢ ᠰᠢᠨ᠎ᠡ ᠪᠠᠷ ᠲᠡᠭᠰᠢᠯᠡᠵᠦ ᠂ ᠦᠵᠡᠭᠳᠡᠬᠦ ᠬᠡᠪᠴᠢᠶᠡᠨ ᠳᠤ ︽ᠠᠭᠠᠯᠵᠢ ᠶᠢᠨ | ᠲᠣᠣᠷ ︾ ᠢ ᠠᠷᠢᠯᠭᠠᠬᠤ ᠪᠠᠷ ᠴᠢᠷᠮᠠᠶᠢᠨ᠎ᠠ ︔ ᠭᠡᠷ ᠤᠨ ᠭᠠᠳᠠᠨᠠᠬᠢ ᠵᠠᠷ ᠮᠡᠳᠡᠭᠡ ᠶᠢᠨ | ᠪᠠᠶᠢᠷᠢᠯᠠᠭᠤᠯᠤᠯᠲᠠ ᠶᠢ ᠵᠢᠷᠤᠮᠵᠢᠭᠤᠯᠵᠤ᠂ ᠡᠭᠦᠳᠡᠨ ᠲᠣᠲᠣᠭᠤ ᠶᠢᠨ ᠫᠠᠶᠢᠰᠠ ᠢᠯᠡᠷᠬᠡᠶᠢᠯᠡᠯ ᠤᠨ ᠣᠨᠴᠠᠯᠢᠭᠲᠤ | ᠵᠡᠭᠡᠯᠢ ᠶᠢ ᠬᠤᠶᠠᠷ ᠢ ᠪᠠᠶᠢᠭᠤᠯᠤᠨ᠎ᠠ︔ ᠬᠤᠲᠠ ᠶᠢᠨ ︽ᠦᠬᠡᠷ ᠢᠯᠢᠳᠦ︾ ᠶᠢ ᠪᠥᠬᠦ ᠬᠦᠴᠦᠨ ᠢᠶᠠᠷ ᠢᠶᠠᠨ | ᠴᠡᠪᠡᠷᠯᠡᠵᠦ᠂ ᠵᠡᠭᠡᠯᠢ ᠭᠤᠳᠤᠮᠵᠢ ᠵᠢᠵᠢᠭ ᠭᠤᠳᠤᠮᠵᠢ ᠶᠢ ᠴᠡᠪᠡᠷ ᠲᠡᠭᠰᠢ ᠪᠠᠶᠢᠯᠭᠠᠨ᠎ᠠ᠃ ᠳᠠᠭᠠᠭᠠᠴᠢᠯᠠᠨ | ᠬᠤᠯᠪᠣᠭᠠᠯᠠᠭᠰᠠᠨ ᠨᠢᠭᠡᠴᠡ᠂ ᠵᠡᠭᠡᠯᠢ ᠳᠠᠭᠠᠤ ᠶᠢᠨ ᠬᠤᠳᠠᠯᠳᠤᠭᠠᠨ ᠤ ᠫᠦᠰᠡ᠂ ᠰᠠᠭᠤᠭᠠᠯᠢ ᠲᠣᠭᠤᠷᠢᠭ ᠤᠨ | ᠰᠠᠭᠤᠭᠠᠯᠢ ᠠᠷᠠᠳ ᠤᠨ ᠬᠠᠮᠲᠤᠪᠠᠷ ᠣᠷᠤᠯᠴᠠᠬᠤ ᠶᠢ ᠰᠠᠨᠠᠭᠠᠴᠢᠯᠠᠵᠤ᠂ ᠪᠥᠬᠦ ᠨᠡᠶᠢᠭᠡᠮ ᠢᠶᠠᠷ ᠢᠶᠠᠨ ᠬᠤᠲᠠ ᠶᠢᠨ | ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠬᠠᠯᠠᠮᠵᠢᠯᠠᠬᠤ᠂ ᠳᠡᠮᠵᠢᠬᠦ ᠪᠠ ᠣᠷᠤᠯᠴᠠᠬᠤ ᠰᠠᠶᠢᠨ | ᠰᠠᠶᠢᠬᠠᠨ ᠠᠭᠤᠷ ᠠᠮᠢᠰᠬᠤᠯ ᠢ ᠴᠢᠷᠮᠠᠶᠢᠨ ᠪᠣᠶ ᠪᠣᠯᠭᠠᠨ᠎ᠠ᠃ ᠰᠠᠭᠤᠭᠠᠯᠢ ᠲᠣᠭᠤᠷᠢᠭ ᠤᠨ ᠥᠮᠴᠢᠲᠡᠨ ᠤ ᠵᠥᠪᠯᠡᠯ ᠤᠨ | ᠬᠠᠮᠤᠷᠬᠤ ᠨᠣᠷᠮ᠎ᠠ ᠶᠢ ᠳᠡᠭᠡᠭᠰᠢᠯᠡᠭᠦᠯᠵᠦ᠂ ᠰᠠᠭᠤᠭᠠᠯᠢ ᠲᠣᠭᠤᠷᠢᠭ ᠤᠨ ᠠᠳᠠᠯ ᠠᠬᠤᠢ ᠶᠢᠨ ᠵᠠᠬ᠎ᠠ ᠳᠡᠯᠭᠡᠭᠦᠷᠴᠢᠯᠡᠭᠰᠡᠨ | ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠦᠨ᠂ ᠴᠢᠨᠠᠷ ᠰᠠᠶᠢᠲᠠᠢ ᠠᠳᠠᠯ ᠠᠬᠤᠢ ᠶᠢᠨ ᠬᠠᠮᠢᠶᠠᠷᠤᠯᠲᠠ ᠶᠢᠨ | ᠺᠣᠮᠫᠠᠨᠢ ᠶᠢ ᠣᠷᠣᠭᠤᠯᠤᠨ ᠠᠪᠴᠢᠷᠠᠵᠤ᠂ ᠠᠳᠠᠯ ᠠᠬᠤᠢ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠲᠦᠪᠰᠢᠨ ᠢ | ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ | ᠬᠤᠲᠠ ᠶᠢᠨ ᠬᠠᠮᠢᠶᠠᠷᠤᠯᠲᠠ᠂ ᠵᠠᠮ ᠬᠠᠷᠢᠯᠴᠠᠭᠠᠨ ᠤ ᠴᠠᠭᠳᠠᠭ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ | ᠪᠠᠶᠢᠭᠠᠯᠢ ᠶᠢᠨ ᠡᠬᠢ ᠪᠠᠶᠠᠯᠢᠭ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠡᠷᠭᠡ ᠰᠠᠯᠠᠭ᠎ᠠ | ᠮᠥᠴᠢᠷ ᠤᠳ ᠤᠨ ᠵᠣᠬᠢᠴᠠᠯᠳᠤᠨ ᠬᠤᠯᠪᠤᠭᠠᠯᠠᠨ ᠬᠥᠳᠡᠯᠦᠯᠴᠡᠬᠦ ᠶᠢ ᠲᠠᠰᠤᠷᠠᠯᠲᠠ ᠦᠭᠡᠢ ᠴᠢᠩᠭᠠᠳᠬᠠᠵᠤ᠂ ᠴᠢᠩᠭ᠎ᠠ | ᠵᠢᠷᠤᠮᠵᠢᠭᠤᠨ ᠲᠥᠪ ᠭᠤᠥᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠵᠦ᠂ ᠬᠤᠲᠠ ᠪᠠᠯᠭᠠᠰᠤ ᠶᠢᠨ ᠦᠢᠯᠡᠴᠢᠯᠡᠭᠡᠨ ᠤ | ᠶᠠᠰᠤ ᠴᠢᠨᠠᠷ ᠪᠠ ᠵᠠᠰᠠᠯᠲᠠ ᠶᠢᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ | ︵ᠳᠥᠷᠪᠡ︶ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠠᠰᠠᠯᠲᠠ ᠳᠤ ᠠᠩᠬᠠᠷᠤᠯ ᠢᠶᠠᠨ | ᠲᠥᠪᠯᠡᠷᠡᠭᠦᠯᠵᠦ᠂ ᠤᠮᠠᠷᠠᠲᠤ ᠬᠢᠯᠢ ᠶᠢᠨ ᠠᠮᠤᠷ ᠲᠦᠪᠰᠢᠨ ᠤ ᠬᠠᠯᠬᠠᠪᠴᠢ ᠶᠢ ᠬᠦᠴᠦᠯᠡᠨ ᠪᠠᠬᠢᠵᠢᠭᠦᠯᠦᠨ᠎ᠡ | ᠠᠮᠢ ᠠᠬᠤᠢ ᠶᠢᠨ ᠬᠠᠮᠠᠭᠠᠯᠠᠯᠲᠠ ᠶᠢᠨ ︽ᠤᠯᠠᠭᠠᠨ ᠱᠤᠭᠤᠮ︾ ᠢ ᠴᠢᠩᠭ᠎ᠠ ᠰᠠᠬᠢᠨ᠎ᠠ᠃ ᠠᠭᠤᠯᠠ ᠤᠰᠤ ᠤᠢ | ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠡᠯᠡᠰᠦ ᠶᠢ ᠰᠢᠰᠲ᠋ᠧᠮ ᠲᠠᠢ ᠪᠠᠷ ᠵᠠᠰᠠᠬᠤ ᠶᠢ ᠨᠢᠭᠡᠳᠦᠯᠲᠡᠢ | ᠲᠥᠯᠥᠪᠯᠡᠨ ᠠᠬᠢᠭᠤᠯᠵᠤ ᠂ ᠠᠮᠢ ᠠᠬᠤᠢ ᠶᠢᠨ ᠴᠢᠳᠠᠮᠵᠢ ᠶᠢ ᠰᠡᠷᠭᠦᠭᠡᠬᠦ ᠶᠢ ᠦᠷᠭᠦᠯᠵᠢᠯᠡᠨ ᠲᠦᠯᠬᠢᠨ ᠠᠬᠢᠭᠤᠯᠤᠨ᠎ᠠ ᠃ | ᠵᠢᠯ ᠤᠨ ᠳᠣᠲᠣᠷ᠎ᠠ ᠲᠠᠷᠢᠶᠠᠯᠠᠬᠤ ᠶᠢ ᠵᠣᠭᠰᠣᠭᠠᠵᠤ ᠣᠶ ᠰᠢᠭᠤᠢ ᠶᠢ ᠰᠡᠷᠭᠦᠭᠡᠬᠦ᠂ ᠮᠠᠭᠤᠳᠠᠭᠰᠠᠨ ᠣᠶ ᠶᠢ ᠬᠡᠰᠡᠭᠯᠡᠨ | ᠰᠡᠷᠭᠦᠭᠡᠬᠦ᠂ ᠨᠤᠲᠤᠭ ᠪᠡᠯᠴᠢᠭᠡᠷ ᠤᠨ ᠠᠮᠢ ᠠᠬᠤᠢ ᠶᠢ ᠰᠡᠷᠭᠦᠭᠡᠬᠦ ᠵᠡᠷᠭᠡ ᠠᠮᠢ ᠠᠬᠤᠢ ᠶᠢᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠢ 5 ᠲᠦᠮᠡᠨ ᠮᠦ ᠬᠡᠷᠡᠭᠵᠢᠭᠦᠯᠦᠨ᠎ᠡ ᠃ ᠭᠤᠣᠯ ᠮᠥᠷᠡᠨ ᠨᠠᠭᠤᠷ | ᠴᠥᠭᠦᠷᠥᠮ ᠤᠨ ᠳᠠᠷᠤᠭ᠎ᠠ ᠶᠢᠨ ᠳᠦᠷᠢᠮ ᠪᠠ ᠤᠢ ᠰᠢᠭᠤᠢ ᠡᠪᠡᠰᠦ ᠪᠡᠯᠴᠢᠭᠡᠷ ᠤᠨ ᠳᠠᠷᠤᠭ᠎ᠠ ᠶᠢᠨ ᠳᠦᠷᠢᠮ ᠢ | ᠴᠢᠩᠭ᠎ᠠ ᠨᠠᠶᠢᠳᠠᠪᠤᠷᠢᠵᠢᠭᠤᠯᠵᠤ ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠂ ᠪᠡᠯᠴᠢᠭᠡᠷᠯᠡᠭᠦᠯᠬᠦ ᠶᠢ | ᠴᠠᠭᠠᠵᠠᠯᠠᠵᠤ ᠬᠠᠰᠢᠶᠠᠯᠠᠨ ᠲᠡᠵᠢᠭᠡᠬᠦ ᠵᠡᠷᠭᠡ ᠳᠦᠷᠢᠮ ᠢ ᠬᠡᠷᠡᠭᠵᠢᠭᠦᠯᠵᠦ ᠂ ᠤᠢ ᠰᠢᠭᠤᠢ ᠂ ᠨᠤᠲᠤᠭ ᠪᠡᠯᠴᠢᠭᠡᠷ ᠂ | ᠴᠢᠭᠢᠭᠯᠢᠭ ᠭᠠᠵᠠᠷ ᠂ ᠤᠰᠤᠨ ᠴᠣᠭᠴᠠ ᠶᠢᠨ ᠡᠬᠢ ᠪᠠᠶᠠᠯᠢᠭ ᠢ ᠬᠠᠮᠢᠶᠠᠷᠤᠨ ᠬᠠᠮᠠᠭᠠᠯᠠᠬᠤ ᠪᠠ ᠶᠡᠷᠦᠩᠬᠡᠶᠢᠯᠡᠨ ᠬᠠᠤᠯᠢ | ᠬᠡᠷᠡᠭᠵᠢᠭᠦᠯᠬᠦ ᠡᠷᠴᠢᠮ ᠢ ᠴᠢᠩᠭᠠᠷᠠᠭᠤᠯᠵᠤ ᠂ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ ᠬᠠᠤᠯᠢ ᠠᠴᠠ | ᠵᠥᠷᠢᠴᠡᠭᠰᠡᠨ ᠦᠢᠯᠡ ᠠᠵᠢᠯᠯᠠᠭ᠎ᠠ ᠶᠢ ᠲᠤᠰᠬᠠᠶᠢᠯᠠᠨ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠪᠠᠬᠢᠵᠢᠭᠦᠯᠵᠦ ᠂ | ᠤᠢ ᠰᠢᠭᠤᠢ ᠨᠤᠲᠤᠭ ᠪᠡᠯᠴᠢᠭᠡᠷ ᠢ ᠬᠠᠤᠯᠢ ᠠᠴᠠ ᠵᠥᠷᠢᠴᠡᠨ ᠡᠪᠳᠡᠵᠦ ᠡᠵᠡᠯᠡᠨ ᠬᠡᠷᠡᠭᠯᠡᠬᠦ ᠦᠢᠯᠡ ᠠᠵᠢᠯᠯᠠᠭ᠎ᠠ ᠶᠢ | ᠡᠷᠡᠰ ᠬᠤᠷᠢᠭᠯᠠᠵᠤ ᠂ ᠠᠮᠢ ᠠᠬᠤᠢ ᠶᠢᠨ ᠣᠷᠴᠢᠨ ᠲᠣᠭᠤᠷᠢᠨ ᠢ ᠰᠡᠷᠭᠦᠭᠡᠬᠦ ᠶᠢ ᠲᠦᠷᠭᠡᠳᠬᠡᠨ᠎ᠡ ᠃ ᠥᠪᠡᠷᠲᠡᠭᠡᠨ | ᠵᠠᠰᠠᠬᠤ ᠣᠷᠣᠨ ᠤ ︽ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠳᠤᠮᠳᠠ ᠨᠤᠲᠤᠭ | ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢ ᠴᠢᠩᠭᠠᠳᠬᠠᠬᠤ ᠲᠤᠬᠠᠢ ᠰᠠᠨᠠᠯ︾ ᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠨᠤᠲᠤᠭ ᠪᠡᠯᠴᠢᠭᠡᠷ ᠤᠨ ᠠᠮᠢ ᠠᠬᠤᠢ ᠶᠢᠨ ᠤᠯᠠᠭᠠᠨ ᠱᠤᠭᠤᠮ ᠤᠨ ᠳᠣᠲᠣᠷ᠎ᠠ | ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠲᠥᠷᠥᠯ ᠵᠦᠢᠯ ᠢ ᠰᠢᠨ᠎ᠡ ᠪᠠᠷ ᠨᠡᠭᠡᠭᠡᠬᠦ ᠶᠢ | ᠡᠷᠡᠰ ᠬᠤᠷᠢᠭᠯᠠᠨ᠎ᠠ᠃ ᠡᠬᠢ ᠪᠠᠶᠠᠯᠢᠭ ᠤᠨ ᠠᠰᠢᠭᠯᠠᠯᠲᠠ ᠶᠢᠨ ︽ᠳᠡᠭᠡᠳᠦ ᠬᠢᠵᠠᠭᠠᠷ︾ ᠢ ᠴᠢᠩᠭ᠎ᠠ ᠬᠢᠵᠠᠭᠠᠷᠯᠠᠨ᠎ᠠ ᠃ | ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠳᠦᠷᠢᠮ ᠢ ᠨᠠᠶᠢᠳᠠᠪᠤᠷᠢᠵᠢᠭᠤᠯᠵᠤ᠂ ᠭᠠᠵᠠᠷ | ᠳᠣᠣᠷᠠᠬᠢ ᠤᠰᠤᠨ ᠤ ᠲᠦᠪᠰᠢᠨ ᠤ ᠬᠥᠳᠡᠯᠦᠩᠭᠦᠢ ᠬᠢᠨᠠᠨ ᠬᠡᠮᠵᠢᠯᠲᠡ ᠪᠠ ᠬᠠᠤᠯᠢ ᠬᠡᠷᠡᠭᠵᠢᠭᠦᠯᠵᠦ ᠬᠢᠨᠠᠨ | ᠬᠠᠮᠢᠶᠠᠷᠬᠤ ᠶᠢ ᠴᠢᠩᠭᠠᠳᠬᠠᠨ᠎ᠠ᠃ ᠴᠠᠭᠠᠨᠨᠠᠭᠤᠷ ᠤᠨ ᠰᠠᠪᠠ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠵᠠᠰᠠᠯᠲᠠ ᠶᠢ ᠴᠢᠩᠭᠠᠷᠠᠭᠤᠯᠵᠤ᠂ ᠤᠰᠤ ᠶᠢ ᠭᠠᠩ ᠬᠠᠭᠤᠷᠠᠢ ᠪᠣᠯᠭᠠᠨ ᠥᠭᠡᠷᠡᠴᠢᠯᠡᠬᠦ᠂ ᠠᠮᠤ | ᠪᠤᠳᠠᠭ᠎ᠠ ᠶᠢ ᠲᠡᠵᠢᠭᠡᠯ ᠪᠣᠷᠳᠤᠭ᠎ᠠ ᠪᠣᠯᠭᠠᠨ ᠥᠭᠡᠷᠡᠴᠢᠯᠡᠬᠦ ᠲᠥᠷᠥᠯ ᠵᠦᠢᠯ ᠢ ᠦᠷᠭᠦᠯᠵᠢᠯᠡᠨ ᠬᠡᠷᠡᠭᠵᠢᠭᠦᠯᠵᠦ᠂ | ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ | ᠤᠰᠤᠯᠠᠯᠲᠠ ᠳᠤ ᠬᠡᠷᠡᠭᠯᠡᠬᠦ ᠤᠰᠤᠨ ᠤ ᠬᠡᠮᠵᠢᠶ᠎ᠡ ᠶᠢ ᠴᠢᠩᠭ᠎ᠠ ᠬᠢᠵᠠᠭᠠᠷᠯᠠᠨ᠂ ᠤᠰᠤ ᠶᠡᠭᠡ ᠬᠤᠷᠣᠭᠳᠠᠭᠤᠯᠬᠤ | ᠲᠠᠷᠢᠮᠠᠯ ᠤᠨ ᠲᠠᠷᠢᠮᠠᠯ ᠤᠨ ᠲᠠᠯᠠᠪᠠᠶ ᠶᠢ ᠪᠠᠭᠠᠰᠬᠠᠵᠤ᠂ ᠭᠠᠵᠠᠷ ᠳᠣᠣᠷᠠᠬᠢ ᠤᠰᠤᠨ ᠤ ᠲᠦᠪᠰᠢᠨ ᠢ ᠠᠯᠬᠤᠮ | ᠠᠯᠬᠤᠮ ᠢᠶᠠᠷ ᠳᠡᠭᠡᠭᠰᠢᠯᠡᠭᠦᠯᠬᠦ ᠶᠢ ᠦᠨᠡᠨᠬᠦ ᠪᠠᠲᠤᠯᠠᠨ᠎ᠠ᠃ ᠤᠰᠤᠨ ᠤ ᠡᠬᠢ ᠪᠠᠶᠠᠯᠢᠭ ᠤᠨ ᠬᠤᠷᠣᠭᠳᠠᠯ ᠤᠨ ᠶᠡᠷᠦᠩᠬᠡᠢ | ᠬᠡᠮᠵᠢᠶ᠎ᠡ ᠪᠠ ᠬᠦᠴᠦᠯᠡᠴᠡ ᠬᠤᠶᠠᠷ ᠢ ᠬᠢᠵᠠᠭᠠᠷᠯᠠᠬᠤ ᠶᠢ ᠬᠡᠷᠡᠭᠵᠢᠭᠦᠯᠵᠦ᠂ ᠤᠰᠤ ᠬᠡᠷᠡᠭᠯᠡᠬᠦ ᠵᠥᠪᠰᠢᠶᠡᠷᠡᠯ ᠢ ᠪᠥᠬᠦ | ᠲᠠᠯ᠎ᠠ ᠪᠠᠷ ᠬᠡᠷᠡᠭᠵᠢᠭᠦᠯᠦᠨ᠂ ᠢᠳᠡᠭᠡᠨ ᠪᠠ ᠡᠮ ᠤᠨ ᠵᠦᠢᠯ ᠤᠨ ᠠᠵᠤ ᠠᠬᠤᠶᠢᠯᠠᠯ ᠢ ᠭᠠᠷᠭᠠᠪᠠᠯ᠂ ᠪᠤᠰᠤᠳ ᠠᠵᠤ | ᠦᠢᠯᠡᠳᠪᠦᠷᠢ ᠶᠢᠨ ᠠᠵᠤ ᠠᠬᠤᠶᠢᠯᠠᠯ ᠤᠨ ᠭᠠᠵᠠᠷ ᠳᠣᠣᠷᠠᠬᠢ ᠤᠰᠤ ᠶᠢ ᠲᠠᠲᠠᠵᠤ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ | ᠃ ᠭᠤᠣᠯ ᠤᠨ ᠵᠠᠮ ᠢ ᠵᠠᠰᠠᠬᠤ᠂ ᠲᠣᠭᠲᠠᠭᠠᠯ ᠠᠴᠠ ᠵᠥᠷᠢᠴᠡᠨ ᠤᠰᠤ ᠲᠠᠲᠠᠵᠤ ᠭᠠᠳᠠᠭᠰᠢᠯᠠᠭᠤᠯᠬᠤ ᠶᠢ ᠵᠠᠰᠠᠬᠤ᠂ | ᠭᠤᠣᠯ ᠤᠨ ᠵᠠᠮ ᠤᠨ ᠡᠷᠬᠢᠨ ᠲᠣᠭᠤᠷᠢᠨ ᠤ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ | ᠵᠡᠷᠭᠡ ᠠᠵᠢᠯ ᠢ ᠪᠥᠬᠦ ᠲᠠᠯ᠎ᠠ ᠪᠠᠷ ᠴᠢᠩᠭᠠᠳᠬᠠᠵᠤ᠂ ᠡᠮᠦᠨ᠎ᠡ ᠦᠶᠡᠷ ᠢ ᠰᠡᠷᠭᠡᠶᠢᠯᠡᠬᠦ ᠭᠤᠸ ᠭᠤᠣᠯ ᠢ ᠶᠡᠷᠦᠩᠬᠡᠶᠢᠯᠡᠨ | ᠵᠠᠰᠠᠬᠤ᠂ ᠨᠢᠦ ᠵᠢᠶᠠ ᠹᠠᠩ ᠽᠢ ᠶᠢᠨ ᠭᠤᠣᠯ᠂ ᠲᠠᠪᠤᠨᠠᠭᠤᠯᠠ ᠭᠤᠣᠯ ᠤᠨ ᠵᠠᠮ ᠢ ᠵᠠᠰᠠᠬᠤ ᠢᠨᠵᠧᠨᠧᠷᠢᠩ ᠢ | ᠬᠡᠷᠡᠭᠵᠢᠭᠦᠯᠵᠦ᠂ ᠤᠰᠤᠨ ᠤ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠤᠨ᠎ᠠ᠃ ᠰᠢᠶᠠᠨ ᠤ ᠬᠡᠪᠴᠢᠶᠡᠨ ᠤ | ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠶᠢ ᠥᠷᠨᠢᠭᠦᠯᠵᠦ ᠂ ᠬᠤᠳᠠ ᠬᠥᠳᠡᠭᠡ ᠶᠢᠨ | ᠠᠮᠢᠳᠤᠷᠠᠯ ᠳᠤ ᠬᠡᠷᠡᠭᠯᠡᠬᠦ ᠤᠰᠤᠨ ᠬᠤᠭᠤᠯᠠᠢ ᠶᠢᠨ ᠡᠵᠡᠮᠳᠡᠯ ᠢ ᠴᠢᠩᠭᠠᠳᠬᠠᠵᠤ ᠂ ᠪᠦᠬᠦ ᠠᠷᠠᠳ ᠢᠶᠠᠷ ᠢᠶᠠᠨ ᠤᠰᠤ ᠶᠢ | ᠠᠷᠪᠢᠯᠠᠵᠤ ᠬᠡᠷᠡᠭᠯᠡᠬᠦ ᠣᠶᠢᠯᠠᠭᠠᠭᠳᠠᠬᠤᠨ ᠢ ᠪᠤᠢ ᠪᠣᠯᠭᠠᠨ᠎ᠠ ᠃ ᠡᠨᠧᠷᠭᠢ ᠶᠢᠨ ᠰᠤᠷᠪᠤᠯᠵᠢ ᠶᠢᠨ ᠬᠤᠷᠣᠭᠳᠠᠯ ᠤᠨ | ︽ᠳᠡᠭᠡᠳᠦ ᠬᠡᠮᠵᠢᠶ᠎ᠡ︾ ᠶᠢ ᠴᠢᠩᠭ᠎ᠠ ᠬᠢᠵᠠᠭᠠᠷᠯᠠᠨ᠎ᠠ ᠃ ᠤᠷᠢᠳ ᠢᠶᠠᠷ ᠪᠠᠶᠢᠭᠤᠯᠵᠤ ᠳᠠᠷᠠᠭ᠎ᠠ ᠨᠢ ᠡᠪᠳᠡᠬᠦ ᠶᠢ ᠪᠠᠷᠢᠮᠲᠠᠯᠠᠨ᠂ | ︽ᠬᠥᠳᠡᠯᠭᠡᠭᠡᠨᠲᠦ ᠮᠠᠶ᠋ᠢᠭ ︾ ᠂ ︽ᠦᠰᠦᠷᠦᠩᠭᠦᠢ ᠲᠠᠪᠰᠢᠯᠳᠠ ᠶᠢᠨ ᠮᠠᠶ᠋ᠢᠭ︾ ᠤᠨ ᠨᠡᠭᠦᠷᠡᠰᠦᠲᠥ᠋ᠷᠥᠭᠴᠢ | ᠪᠠᠭᠠᠰᠬᠠᠬᠤ ᠠᠴᠠ ᠵᠠᠶᠢᠯᠠᠰᠬᠢᠵᠦ ᠂ ᠬᠥᠭᠵᠢᠯᠲᠡ ᠶᠢᠨ ᠠᠷᠭ᠎ᠠ ᠮᠠᠶ᠋ᠢᠭ ᠤᠨ ᠬᠤᠪᠢᠷᠠᠭᠤᠯᠤᠯᠲᠠ ᠶᠢ ᠨᠢᠭᠡᠳᠦᠯᠲᠡᠢ | ᠲᠥᠯᠥᠪᠯᠡᠨ ᠠᠬᠢᠭᠤᠯᠵᠤ ᠂ ᠠᠵᠤ ᠦᠢᠯᠡᠰ ᠤᠨ ᠪᠠᠶᠢᠷᠢᠰᠢᠯ ᠂ ᠪᠦᠲᠦᠴᠡ ᠶᠢᠨ ᠲᠣᠬᠢᠷᠠᠭᠤᠯᠤᠯᠲᠠ ᠂ ︽ᠭᠤᠷᠪᠠᠨ | ᠱᠤᠭᠤᠮ ᠨᠢᠭᠡ ᠲᠠᠩᠰᠠ︾ ᠶᠢᠨ ᠠᠮᠢ ᠠᠬᠤᠢ ᠶᠢᠨ ᠣᠷᠴᠢᠨ ᠨᠥᠬᠦᠴᠡᠯ ᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠂ | ᠣᠷᠴᠢᠨ ᠠᠬᠤᠢ ᠶᠢ ᠵᠥᠪᠰᠢᠶᠡᠷᠡᠨ ᠣᠷᠣᠭᠤᠯᠬᠤ ᠂ ᠡᠨᠧᠷᠭᠢ ᠠᠷᠪᠢᠯᠠᠬᠤ ᠶᠢ ᠬᠢᠨᠠᠨ ᠪᠠᠶᠢᠴᠠᠭᠠᠬᠤ ᠪᠠ ᠡᠨᠧᠷᠭᠢ ᠶᠢᠨ | ᠬᠤᠷᠣᠭᠳᠠᠭᠤᠯᠤᠯ ᠢ ᠬᠤᠶᠠᠷ ᠢ ᠬᠢᠵᠠᠭᠠᠷᠯᠠᠬᠤ ᠲᠦᠷᠦ ᠶᠢᠨ ᠪᠣᠳᠣᠯᠭ᠎ᠠ ᠶᠢ ᠪᠦᠲᠦᠮᠵᠢᠲᠡᠶ ᠵᠣᠯᠭᠠᠭᠤᠯᠬᠤ ᠶᠢ ᠰᠠᠶᠢᠲᠤᠷ | ᠬᠢᠵᠦ ᠂ ᠠᠵᠤ ᠦᠢᠯᠡᠰ ᠤᠨ ᠲᠥᠪᠯᠡᠷᠡᠩᠭᠦᠢ ᠡᠷᠴᠢᠮᠯᠢᠭ ᠬᠥᠭᠵᠢᠯᠲᠡ ᠶᠢ ᠲᠦᠯᠬᠢᠨ ᠠᠬᠢᠭᠤᠯᠵᠤ ᠂ ᠡᠨᠧᠷᠭᠢ ᠶᠢᠨ | ᠬᠤᠷᠣᠭᠳᠠᠭᠤᠯᠤᠯ ᠤᠨ ᠬᠦᠴᠦᠯᠡᠴᠡ ᠶᠢ ᠪᠠᠭᠠᠰᠬᠠᠨ᠎ᠠ ᠃ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠳᠤᠯ | ᠦᠭᠡᠢ ᠦᠢᠯᠡᠳᠪᠦᠷᠢ 2᠂ ᠤᠯᠤᠰ ᠤᠨ ᠲᠠᠰ ᠤᠨ ᠪᠣᠬᠢᠷᠳᠤᠯ ᠦᠭᠡᠢ ᠠᠭᠤᠷᠬᠠᠢ 1 ᠶᠢ ᠡᠭᠦᠳᠦᠨ ᠪᠠᠶᠢᠭᠤᠯᠤᠨ᠎ᠠ᠃ | ᠣᠷᠴᠢᠨ ᠠᠬᠤᠢ ᠶᠢᠨ ᠶᠠᠰᠤ ᠴᠢᠨᠠᠷ ᠤᠨ ︽ᠨᠠᠭᠠᠲᠤ ᠵᠠᠬ᠎ᠠ ᠶᠢᠨ ᠪᠠᠷᠢᠮᠵᠢᠶ᠎ᠠ︾ ᠶᠢ ᠴᠢᠩᠭ᠎ᠠ ᠰᠠᠬᠢᠨ᠎ᠠ᠃ ᠡᠬᠢ | ᠡᠭᠦᠰᠦᠯ ᠠᠴᠠ ᠨᠢ ᠵᠠᠰᠠᠬᠤ ᠂ ᠰᠢᠰᠲ᠋ᠧᠮ ᠲᠠᠢ ᠵᠠᠰᠠᠬᠤ ᠂ ᠶᠡᠷᠦᠩᠬᠡᠶᠢᠯᠡᠨ ᠵᠠᠰᠠᠬᠤ ᠶᠢ ᠪᠠᠷᠢᠮᠲᠠᠯᠠᠵᠤ ᠂ ᠪᠣᠬᠢᠷᠳᠤᠯ ᠢ | ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠬᠦ ᠬᠡᠷᠡᠭᠲᠡᠢ ᠃ ᠠᠭᠠᠷ | ᠮᠠᠨᠳᠠᠯ ᠤᠨ ᠪᠣᠬᠢᠷᠳᠤᠯ ᠢ ᠬᠦᠴᠦᠯᠡᠨ ᠴᠡᠭᠴᠡᠯᠡᠨ ᠵᠠᠰᠠᠵᠤ ᠂ ᠨᠡᠭᠦᠷᠡᠰᠦ ᠲᠦᠯᠡᠬᠦ ᠶᠢ ᠶᠡᠷᠦᠩᠬᠡᠶᠢᠯᠡᠨ ᠴᠡᠭᠴᠡᠯᠡᠨ | ᠵᠠᠰᠠᠬᠤ ᠶᠢ ᠭᠦᠨᠵᠡᠭᠡᠢ ᠬᠡᠷᠡᠭᠵᠢᠭᠦᠯᠵᠦ ᠂ ᠲᠦᠬᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠬᠦ ᠂ | ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ ᠂ ᠴᠡᠪᠡᠷ ᠲᠦᠯᠡᠰᠢ ᠶᠢᠨ ᠨᠡᠭᠦᠷᠡᠰᠦ ᠶᠢ ᠣᠷᠣᠯᠠᠭᠤᠯᠬᠤ ᠵᠡᠷᠭᠡ | ᠤᠯᠠᠨ ᠵᠦᠢᠯ ᠤᠨ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠡᠪᠦᠯ ᠤᠨ ᠤᠯᠠᠷᠢᠯ ᠤᠨ ᠠᠭᠠᠷ ᠤᠨ ᠶᠠᠰᠤ ᠴᠢᠨᠠᠷ ᠢ | ᠦᠷᠭᠦᠯᠵᠢᠯᠡᠨ ᠰᠠᠶᠢᠵᠢᠷᠠᠭᠤᠯᠤᠨ᠎ᠠ ᠃ ᠲᠣᠭᠤᠰᠣ ᠳᠡᠭᠳᠡᠬᠦ ᠤᠯᠠᠨ ᠡᠬᠢᠲᠦ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ ᠂ | ᠠᠭᠠᠷ ᠤᠨ ᠶᠠᠰᠤ ᠴᠢᠨᠠᠷ ᠢ ᠰᠦᠯᠵᠢᠶᠡᠨ ᠳᠡᠭᠡᠷ᠎ᠡ ᠬᠢᠨᠠᠨ ᠬᠡᠮᠵᠢᠬᠦ ᠶᠢ ᠴᠢᠩᠭᠠᠳᠬᠠᠵᠤ ᠂ ᠨᠢᠭᠡᠳᠦᠭᠡᠷ ᠰᠠᠷ᠎ᠠ ᠶᠢᠨ | ᠡᠬᠢᠨ ᠠᠴᠠ ᠭᠤᠷᠪᠠᠳᠤᠭᠠᠷ ᠰᠠᠷ᠎ᠠ ᠶᠢᠨ ᠰᠡᠭᠦᠯᠴᠢ ᠪᠣᠯᠲᠠᠯ᠎ᠠ ᠪᠦᠬᠦ ᠣᠷᠣᠨ ᠪᠦᠰᠡ ᠳᠤ ᠬᠤᠸᠠᠷ ᠫᠤᠤᠵᠢᠩ | ᠲᠠᠯᠪᠢᠬᠤ ᠶᠢ ᠴᠠᠭᠠᠵᠠᠯᠠᠵᠤ ᠂ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠶᠢᠨ ᠴᠤᠭᠯᠠᠭᠠᠨ ᠪᠠ ᠡᠪᠦᠯ | ᠤᠯᠠᠷᠢᠯ ᠤᠨ ᠵᠡᠮᠳᠡᠭᠴᠦᠳ ᠤᠨ ᠣᠯᠢᠮᠫᠢᠺ ᠶᠢᠨ ᠴᠤᠭᠯᠠᠭᠠᠨ ᠤ ᠬᠤᠳᠠ ᠶᠢᠨ ᠠᠭᠠᠷ ᠤᠨ ᠶᠠᠰᠤ ᠴᠢᠨᠠᠷ ᠢ ᠪᠦᠬᠦ | ᠬᠦᠴᠦᠨ ᠢᠶᠠᠷ ᠢᠶᠠᠨ ᠪᠠᠲᠤᠯᠠᠨ᠎ᠠ ᠃ ᠤᠰᠤᠨ ᠤ ᠪᠣᠬᠢᠷᠳᠤᠯ ᠢ ᠬᠦᠴᠦᠯᠡᠨ ᠴᠡᠭᠴᠡᠯᠡᠨ ᠵᠠᠰᠠᠵᠤ᠂ ᠳᠤᠮᠳᠠᠬᠢ ᠤᠰᠤ ᠶᠢ | ᠡᠭᠡᠭᠦᠯᠦᠨ ᠬᠡᠷᠡᠭᠯᠡᠬᠦ᠂ ᠤᠰᠤᠨ ᠤ ᠡᠬᠢ ᠪᠠᠶᠠᠯᠢᠭ ᠢ ᠲᠣᠬᠢᠷᠠᠭᠤᠯᠤᠨ ᠬᠠᠳᠠᠭᠠᠯᠠᠬᠤ ᠪᠠ ᠲᠣᠬᠢᠷᠠᠭᠤᠯᠬᠤ ᠰᠠᠭᠤᠷᠢ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠤᠨ᠂ ᠵᠢᠯ ᠤᠨ ᠳᠣᠲᠣᠷ᠎ᠠ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠠᠬᠢ ᠤᠰᠤᠨ ᠤ ᠬᠤᠭᠤᠯᠠᠢ ᠶᠢᠨ ᠲᠣᠣᠷ᠂ ᠪᠣᠷᠣᠭᠠᠨ ᠤ ᠤᠰᠤᠨ ᠤ | ᠪᠣᠬᠢᠷᠳᠤᠯ ᠢ ᠰᠠᠯᠭᠠᠬᠤ ᠬᠤᠭᠤᠯᠠᠢ ᠶᠢᠨ ᠲᠣᠣᠷ ᠢ ᠥᠭᠡᠷᠡᠴᠢᠯᠡᠬᠦ ᠢᠨᠵᠧᠨᠧᠷᠢᠩ ᠢ ᠪᠡᠶᠡᠯᠡᠭᠦᠯᠵᠦ ᠂ ᠤᠰᠤᠨ ᠤ ᠡᠬᠢ | ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠤᠰᠤᠨ ᠤ ᠰᠤᠷᠪᠤᠯᠵᠢ ᠶᠢᠨ ᠭᠠᠵᠠᠷ ᠤᠨ | ᠳ᠋ᠠᠶᠢᠲ᠋ᠠ ᠬᠥᠮᠥᠷᠭᠡ ᠶᠢ ᠪᠦᠷᠢᠨᠰᠢᠭᠦᠯᠦᠨ ᠲᠡᠭᠦᠯᠳᠡᠷᠵᠢᠭᠦᠯᠵᠦ ᠂ ᠰᠢᠶᠠᠩ ᠪᠠᠯᠭᠠᠰᠤ ᠬᠥᠳᠡᠭᠡ ᠲᠣᠰᠬᠤᠨ ᠤ ᠤᠰᠤ | ᠤᠮᠳᠠ ᠶᠢᠨ ᠰᠤᠷᠪᠤᠯᠵᠢ ᠶᠢᠨ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠬᠥᠳᠡᠭᠡ ᠲᠣᠰᠬᠤᠨ ᠤ | ᠬᠤᠭ ᠨᠣᠪᠰᠢ ᠂ ᠪᠣᠬᠢᠷ ᠤᠰᠤ ᠶᠢ ᠶᠡᠷᠦᠩᠬᠡᠶᠢᠯᠡᠨ ᠵᠠᠰᠠᠬᠤ ᠠᠵᠢᠯ ᠢ ᠴᠢᠩᠭᠠᠳᠬᠠᠵᠤ ᠂ ᠤᠰᠤᠨ ᠤ ᠪᠣᠬᠢᠷᠳᠤᠯ ᠤᠨ | ᠠᠰᠠᠭᠤᠳᠠᠯ ᠢ ᠦᠨᠳᠦᠰᠦᠨ ᠠᠴᠠ ᠨᠢ ᠰᠡᠷᠭᠡᠶᠢᠯᠡᠨ ᠬᠤᠷᠢᠭᠯᠠᠨ᠎ᠠ ᠃ ᠬᠥᠷᠥᠰᠥ ᠰᠢᠷᠣᠢ ᠶᠢᠨ ᠪᠣᠬᠢᠷᠳᠤᠯ ᠢ ᠬᠦᠴᠦᠯᠡᠨ | ᠴᠡᠭᠴᠡᠯᠡᠨ ᠵᠠᠰᠠᠵᠤ ᠂ ᠠᠵᠤ ᠠᠬᠤᠶᠢᠯᠠᠯ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠡᠬᠢ ᠪᠠᠶᠠᠯᠢᠭ ᠢ | ᠶᠡᠷᠦᠩᠬᠡᠶᠢᠯᠡᠨ ᠠᠰᠢᠭᠯᠠᠬᠤ ᠵᠦᠢᠯᠡᠰ ᠢ ᠬᠡᠷᠡᠭᠵᠢᠭᠦᠯᠬᠦ ᠶᠢ ᠵᠣᠷᠢᠭᠵᠢᠭᠤᠯᠵᠤ ᠂ ᠬᠠᠲᠠᠭᠤ ᠪᠡᠶᠡᠲᠦ ᠬᠠᠶᠠᠭᠳᠠᠮᠠᠯ ᠪᠣᠳᠠᠰ | ᠵᠢᠴᠢ ᠠᠶᠤᠯᠲᠠᠢ ᠬᠠᠶᠠᠭᠳᠠᠮᠠᠯ ᠪᠣᠳᠠᠰ ᠢ ᠬᠠᠤᠯᠢ ᠪᠤᠰᠤ ᠪᠠᠷ ᠰᠢᠯᠵᠢᠭᠦᠯᠬᠦ ᠪᠠ ᠴᠢᠳᠬᠤᠬᠤ ᠠᠵᠢᠯᠯᠠᠭ᠎ᠠ ᠳᠤ ᠴᠢᠩᠭ᠎ᠠ | ᠴᠣᠬᠢᠯᠲᠠ ᠥᠭᠭᠦᠨ᠎ᠡ ᠃ ︽ᠲᠠᠷᠢᠶᠠᠯᠠᠩ ᠤᠨ ᠳᠥᠷᠪᠡ ᠶᠢ ᠡᠵᠡᠮᠳᠡᠬᠦ︾ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠲᠠᠷᠢᠶᠠᠯᠠᠩ ᠤᠨ ︽ᠣᠯᠠᠨ ᠡᠬᠢᠲᠦ ᠪᠣᠬᠢᠷᠳᠤᠯ︾ ᠢ ᠰᠡᠷᠭᠡᠶᠢᠯᠡᠨ ᠵᠠᠰᠠᠬᠤ ᠶᠢ ᠦᠷᠭᠦᠯᠵᠢᠯᠡᠨ | ᠠᠬᠢᠭᠤᠯᠵᠤ᠂ ᠦᠯᠡᠳᠡᠭᠳᠡᠯ ᠪᠦᠷᠬᠦᠪᠴᠢ ᠶᠢ ᠬᠤᠷᠢᠶᠠᠨ ᠠᠪᠴᠤ ᠠᠰᠢᠭᠯᠠᠬᠤ ᠠᠵᠢᠯ ᠢ ᠭᠤᠣᠯᠳᠠᠯᠭ᠎ᠠ ᠲᠠᠢ ᠰᠠᠶᠢᠲᠤᠷ | ᠬᠢᠨ᠎ᠡ᠃ ᠡᠯ᠎ᠡ ᠱᠠᠲᠤᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ᠡᠯ᠎ᠡ | ᠲᠥᠷᠥᠯ ᠤᠨ ᠬᠠᠷᠢᠭᠤ ᠲᠤᠰᠬᠠᠭᠰᠠᠨ ᠰᠠᠨᠠᠯ ᠵᠢᠴᠢ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ | ᠳᠠᠬᠢᠨ ᠡᠷᠭᠢᠴᠡᠭᠦᠯᠵᠦ᠂ ᠳᠠᠬᠢᠨ ᠡᠮᠬᠢᠯᠡᠵᠦ᠂ ᠳᠠᠬᠢᠨ ᠪᠠᠬᠢᠵᠢᠭᠦᠯᠵᠦ᠂ ᠦᠷᠭᠦᠯᠵᠢᠯᠡᠨ ᠠᠯᠳᠠᠭᠳᠠᠯ ᠢ ᠪᠠᠶᠢᠴᠠᠭᠠᠨ | ᠳᠤᠲᠠᠭᠤ ᠶᠢ ᠨᠥᠬᠦᠪᠦᠷᠢᠯᠡᠵᠦ᠂ ᠦᠷ᠎ᠡ ᠪᠦᠲᠦᠮᠵᠢ ᠶᠢ ᠪᠠᠬᠢᠵᠢᠭᠦᠯᠦᠨ᠎ᠡ᠃ ᠬᠠᠤᠯᠢ ᠬᠡᠷᠡᠭᠵᠢᠭᠦᠯᠬᠦ ᠴᠢᠳᠠᠪᠤᠷᠢ ᠶᠢᠨ | ᠪᠠᠶᠢᠭᠤᠯᠤᠯᠲᠠ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ ᠂ ᠬᠠᠤᠯᠢ ᠬᠡᠷᠡᠭᠵᠢᠭᠦᠯᠬᠦ ᠡᠩᠨᠡᠭᠡᠨ ᠤ ᠦᠢᠯᠡᠳᠦᠯ | ᠴᠢᠳᠠᠪᠤᠷᠢ ᠶᠢ ᠪᠠᠳᠠᠷᠠᠭᠤᠯᠤᠨ᠂ ᠬᠥᠬᠡ ᠲᠡᠭᠷᠢ ᠬᠥᠬᠡᠮᠳᠦᠭ ᠤᠰᠤ ᠴᠡᠪᠡᠷ ᠬᠥᠷᠥᠰᠥ ᠶᠢ ᠬᠠᠮᠠᠭᠠᠯᠠᠬᠤ ᠲᠠᠶᠢᠨ ᠤ | ᠢᠯᠠᠯᠲᠠ ᠶᠢ ᠵᠠᠪᠠᠯ ᠣᠯᠣᠨ᠎ᠠ ᠃ | ︵ᠲᠠᠪᠤ︶ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠬᠥᠳᠡᠯᠭᠡᠭᠴᠢ ᠡᠨᠧᠷᠭᠢ ᠶᠢ ᠪᠠᠳᠠᠷᠠᠭᠤᠯᠬᠤ ᠳᠤ | ᠠᠩᠬᠠᠷᠤᠯ ᠢᠶᠠᠨ ᠲᠥᠪᠯᠡᠷᠡᠭᠦᠯᠵᠦ᠂ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠰᠢᠨ᠎ᠡ ᠠᠮᠢᠵᠢᠷᠠᠯ ᠤᠨ ᠬᠦᠴᠦᠨ ᠢ | ᠬᠦᠴᠦᠯᠡᠨ ᠬᠦᠭᠵᠢᠭᠡᠨ᠎ᠡ | ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠬᠠᠷᠢᠴᠠᠩᠭᠤᠢ ᠪᠠᠷ | ᠲᠥᠪᠯᠡᠷᠡᠭᠰᠡᠨ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶ᠎ᠠ ᠶᠢ ᠬᠠᠷᠭᠤᠭᠤᠯᠬᠤ ᠠᠵᠢᠯᠯᠠᠭ᠎ᠠ ᠶᠢ ᠥᠷᠨᠢᠭᠦᠯᠦᠨ᠂ ︽ᠨᠢᠭᠡ | ᠴᠣᠩᠬᠤ ᠪᠠᠷ ᠭᠥᠯᠢᠶᠡᠨ ᠠᠪᠴᠤ ᠰᠢᠢᠳᠪᠦᠷᠢᠯᠡᠬᠦ᠂ ᠲᠥᠷᠥᠯ ᠬᠤᠪᠢᠶᠠᠨ ᠬᠢᠨᠠᠨ ᠵᠥᠪᠰᠢᠶᠡᠷᠡᠬᠦ᠂ ᠨᠢᠭᠡᠳᠦᠯᠲᠡᠢ | ᠮᠠᠲ᠋ᠧᠷᠢᠶᠠᠯ ᠭᠠᠷᠭᠠᠬᠤ︾ ᠠᠵᠢᠯ ᠤᠨ ᠵᠠᠭᠪᠤᠷ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ ︽ᠨᠢᠭᠡ ᠰᠦᠯᠵᠢᠶ᠎ᠡ | ᠨᠢᠭᠡ ᠦᠵᠦᠭᠦᠷ ᠨᠢᠭᠡ ᠲᠢᠩᠬᠢᠮ︾ ᠢ ᠰᠠᠶᠢᠲᠤᠷ ᠬᠢᠵᠦ ᠂ ᠥᠪᠡᠰᠦᠪᠡᠨ ᠦᠢᠯᠡᠴᠢᠯᠡᠬᠦ 24 ᠴᠠᠭ ᠤᠨ ᠲᠢᠩᠬᠢᠮ ᠢ | ᠪᠠᠶᠢᠭᠤᠯᠵᠤ ᠂ ᠤᠯᠠᠨ ᠠᠷᠭ᠎ᠠ ᠵᠠᠮ ᠢᠶᠠᠷ ᠤᠯᠠᠨ ᠲᠦᠮᠡᠨ ᠳᠤ ᠦᠢᠯᠡᠴᠢᠯᠡᠵᠦ ᠂ ︽ᠢᠨᠲ᠋ᠧᠷ ᠰᠦᠯᠵᠢᠶ᠎ᠡ + | ᠵᠠᠰᠠᠭ ᠤᠨ ᠶᠠᠪᠤᠳᠠᠯ ᠤᠨ ᠦᠢᠯᠡᠴᠢᠯᠡᠭᠡ ︾ ᠪᠠ ᠪᠣᠳᠠᠲᠤ ᠴᠣᠭᠴᠠ ᠶᠢᠨ ᠶᠡᠭᠡ ᠲᠢᠩᠬᠢᠮ ᠢ ᠭᠦᠨᠵᠡᠭᠡᠢ | ᠠᠭᠤᠰᠤᠯᠴᠠᠭᠤᠯᠤᠨ᠎ᠠ ᠃ ︽ ᠮᠦᠩᠬᠡ ᠰᠤᠪᠠᠭ · ᠳᠦᠷᠪᠡᠨ ᠭᠦᠢᠴᠡᠳᠬᠡᠬᠦ︾ ᠤᠨ ᠠᠵᠢᠯ ᠢ ᠰᠠᠶᠢᠲᠤᠷ ᠬᠢᠨ᠎ᠡ᠃ | ᠲᠣᠰᠬᠤᠨ ᠤ ᠱᠠᠲᠤᠨ ᠤ ᠢᠷᠭᠡᠨ ᠤ ᠬᠡᠷᠡᠭ ᠤᠨ ᠣᠷᠣᠯᠠᠨ ᠭᠦᠢᠴᠡᠳᠬᠡᠬᠦ ᠳᠦᠷᠢᠮ ᠢ ᠪᠠᠶᠢᠭᠤᠯᠵᠤ ᠂ ᠦᠨᠳᠦᠰᠦᠨ | ᠱᠠᠲᠤᠨ ᠤ ᠦᠢᠯᠡᠴᠢᠯᠡᠭᠡᠨ ᠤ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠬᠤᠳᠠᠯᠳᠤᠭᠠᠴᠢᠨ | ᠤᠷᠢᠵᠤ ᠪᠡᠯᠡ ᠣᠷᠣᠭᠤᠯᠬᠤ ᠪᠠ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ ᠃ | ᠬᠤᠳᠠᠯᠳᠤᠭᠠᠴᠢᠨ ᠤᠷᠢᠬᠤ ᠣᠨᠣᠯᠵᠢᠬᠤᠨ ᠢ ᠴᠢᠩᠭᠠᠷᠠᠭᠤᠯᠵᠤ᠂ ︽ᠪᠡᠯᠡ ᠮᠥᠩᠭᠦ ᠣᠷᠣᠭᠤᠯᠬᠤ᠂ ᠮᠡᠷᠭᠡᠵᠢᠯ | ᠣᠷᠣᠭᠤᠯᠬᠤ᠂ ᠣᠶᠤᠨ ᠤᠬᠠᠭᠠᠨ ᠣᠷᠣᠭᠤᠯᠬᠤ︾ ᠭᠤᠷᠪᠠ ᠶᠢ ᠨᠢᠭᠡ ᠴᠣᠭᠴᠠᠵᠢᠭᠤᠯᠬᠤ ᠶᠢ ᠪᠠᠷᠢᠮᠲᠠᠯᠠᠨ᠂ ᠰᠢᠨ᠎ᠡ | ᠡᠨᠧᠷᠭᠢ ᠰᠢᠨ᠎ᠡ ᠮᠠᠲ᠋ᠧᠷᠢᠶᠠᠯ᠂ ᠪᠠᠷᠠᠭᠠᠨ ᠤ ᠭᠦᠢᠯᠭᠡᠭᠡᠨ ᠤ ᠬᠥᠮᠥᠷᠭᠡᠯᠡᠯᠲᠡ᠂ ᠰᠣᠶᠣᠯ ᠵᠢᠭᠤᠯᠴᠢᠯᠠᠯ᠂ ᠬᠤᠪᠴᠠᠰᠤ | ᠬᠤᠨᠠᠷ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠶᠢᠨ ᠲᠣᠭᠤᠷᠢᠨ ᠳᠤ᠂ ᠲᠥᠷᠥᠯ | ᠵᠦᠢᠯ ᠤᠨ ᠨᠥᠭᠡᠴᠡᠯᠡᠬᠦ ᠠᠵᠢᠯ ᠢ ᠰᠠᠶᠢᠲᠤᠷ ᠬᠢᠨ᠎ᠡ︔ ᠥᠪᠡᠷᠲᠡᠭᠡᠨ ᠵᠠᠰᠠᠬᠤ ᠣᠷᠣᠨ᠂ ᠬᠤᠲᠠ ᠶᠢᠨ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ | ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ᠂ ᠮᠥᠩᠭᠦᠨ ᠭᠦᠢᠯᠭᠡᠭᠡᠨ ᠤ ᠳᠡᠮᠵᠢᠯᠭᠡ᠂ ᠲᠥᠷᠥᠯ ᠵᠦᠢᠯ ᠤᠨ | ᠭᠠᠵᠠᠷ ᠬᠡᠷᠡᠭᠯᠡᠬᠦ᠂ ᠴᠠᠬᠢᠯᠭᠠᠨ ᠬᠠᠩᠭᠠᠬᠤ ᠵᠡᠷᠭᠡ ᠲᠠᠯ᠎ᠠ ᠪᠠᠷ ᠪᠡᠯᠡ ᠣᠷᠣᠭᠤᠯᠤᠯᠲᠠ ᠶᠢ ᠲᠡᠳᠡᠨ ᠣᠷᠣᠭᠤᠯᠵᠤ᠂ | ᠠᠵᠤ ᠦᠢᠯᠡᠰ ᠤᠨ ᠲᠥᠯᠦᠪᠵᠢᠭᠦᠯᠭᠡ ᠳᠤ ᠨᠡᠶᠢᠴᠡᠬᠦ᠂ ᠡᠨᠧᠷᠭᠢ ᠶᠢᠨ ᠬᠤᠷᠣᠭᠳᠠᠯ ᠢᠶᠠᠷ ᠪᠠᠭ᠎ᠠ᠂ ᠨᠡᠮᠡᠯᠲᠡ | ᠥᠷᠲᠡᠭ ᠢᠶᠠᠷ ᠥᠨᠳᠥᠷ ᠨᠢᠭᠡ ᠪᠦᠯᠦᠭ ᠲᠥᠷᠥᠯ ᠵᠦᠢᠯ ᠢ ᠣᠷᠣᠭᠤᠯᠤᠨ ᠠᠪᠴᠢᠷᠠᠨ᠎ᠠ᠃ ︽ᠳᠥᠷᠪᠡᠨ ᠶᠡᠭᠡ | ᠤᠳᠤᠷᠢᠳᠬᠤ ᠪᠠᠭ︾ ᠤᠨ ᠳᠠᠭᠠᠭᠠᠴᠢᠯᠠᠨ ᠬᠤᠯᠪᠣᠭᠠᠯᠠᠬᠤ ᠲᠥᠷᠥᠯ ᠵᠦᠢᠯ ᠤᠨ ᠳᠦᠷᠢᠮ ᠢ ᠨᠠᠶᠢᠳᠠᠪᠤᠷᠢᠵᠢᠭᠤᠯᠵᠤ᠂ | ᠰᠠᠯᠠᠭ᠎ᠠ ᠮᠥᠴᠢᠷ ᠤᠨ ᠦᠢᠯᠡᠴᠢᠯᠡᠭᠡᠨ ᠤ ᠤᠬᠠᠮᠰᠠᠷ ᠢ ᠴᠢᠩᠭᠠᠳᠬᠠᠵᠤ᠂ ᠡᠵᠡᠩᠨᠡᠯᠲᠡ ᠶᠢᠨ ᠣᠷᠴᠢᠨ ᠲᠣᠭᠤᠷᠢᠨ ᠢ | ᠤᠯᠠᠮ ᠴᠢᠨᠠᠭᠰᠢᠳᠠ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠲᠥᠯᠥᠭᠡ ᠦᠨᠡᠨ ᠰᠡᠳᠬᠢᠯ ᠠᠴᠠ ᠪᠠᠨ | ᠬᠠᠷᠢᠭᠤᠴᠠᠯᠭ᠎ᠠ ᠡᠭᠦᠷᠭᠡᠯᠡᠵᠦ ᠂ ᠲᠦᠷᠦᠯ ᠵᠦᠢᠯ ᠤᠨ ᠲᠥᠯᠥᠭᠡ ᠦᠨᠡᠨ ᠬᠦ ᠬᠠᠷᠢᠭᠤᠴᠠᠵᠤ ᠂ ︽ᠳᠣᠲᠣᠨᠣ︾ ᠂ ︽ | ᠢᠯᠡ︾ ᠰᠢᠨ᠎ᠡ ᠬᠡᠯᠪᠡᠷᠢ ᠶᠢᠨ ᠵᠠᠰᠠᠭ ᠤᠨ ᠣᠷᠳᠣᠨ ᠬᠤᠳᠠᠯᠳᠤᠭᠠᠨ ᠤ ᠬᠠᠷᠢᠯᠴᠠᠭ᠎ᠠ ᠶᠢ ᠴᠢᠷᠮᠠᠶᠢᠨ ᠪᠠᠶᠢᠭᠤᠯᠵᠤ ᠂ | ᠠᠵᠤ ᠠᠬᠤᠶᠢᠯᠠᠯᠲᠠᠨ ᠢ ᠰᠡᠳᠬᠢᠯ ᠲᠠᠯᠪᠢᠨ ᠦᠢᠯᠡᠰ ᠪᠣᠰᠬᠠᠬᠤ ᠂ ᠰᠠᠨᠠᠭ᠎ᠠ ᠠᠮᠤᠷ ᠪᠡᠯᠡ ᠣᠷᠣᠭᠤᠯᠬᠤ ᠂ ᠰᠠᠨᠠᠭ᠎ᠠ | ᠠᠮᠤᠷ ᠡᠵᠡᠩᠨᠡᠬᠦ ᠂ ᠵᠣᠯᠭᠠᠭᠤᠯᠬᠤ ᠡᠷᠴᠢᠮ ᠢ ᠴᠢᠩᠭᠠᠷᠠᠭᠤᠯᠵᠤ ᠂ ᠬᠠᠮᠲᠤᠷᠠᠯᠴᠠᠭᠠᠨ ᠤ ᠪᠣᠯᠤᠮᠵᠢ ᠲᠠᠢ ᠵᠢᠶᠠ | ᠬᠤᠩ ᠤᠨ ᠤᠰᠤ ᠦᠭᠡᠶᠢᠳᠠᠭᠦᠯᠦᠭᠰᠡᠨᠢᠳᠡᠰᠢᠨ ᠨᠣᠭᠤᠭ᠎ᠠ ᠡᠳ᠋ᠰᠢᠭᠦᠯᠬᠦ ᠲᠦᠷᠦᠯ ᠵᠦᠢᠯ ᠪᠣᠯᠣᠨ ᠵᠦᠩ ᠬᠤᠸᠠ | ᠮᠢᠩ ᠳ᠋ᠠ ᠲᠡᠮᠦᠷᠯᠢᠭ ᠬᠠᠶᠢᠯᠤᠭᠤᠯᠤᠭᠰᠠᠨ ᠰᠢᠭᠠᠷᠤ ᠬᠠᠲᠠᠭᠤ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ | ᠶᠡᠷᠦᠩᠬᠡᠶᠢᠯᠡᠨ ᠠᠰᠢᠭᠯᠠᠬᠤ ᠲᠦᠷᠦᠯ ᠵᠦᠢᠯ ᠢ ᠡᠷᠲᠡ ᠨᠠᠶᠢᠳᠠᠪᠤᠷᠢᠵᠢᠭᠤᠯᠵᠤ ᠂ ᠡᠷᠲᠡ ᠠᠵᠢᠯ ᠡᠬᠢᠯᠡᠭᠦᠯᠵᠦ ᠂ ᠡᠷᠲᠡ | ᠦᠷ᠎ᠡ ᠪᠦᠲᠦᠮᠵᠢ ᠣᠯᠬᠤ ᠪᠠᠷ ᠴᠢᠷᠮᠠᠶᠢᠨ᠎ᠠ᠃ ᠬᠤᠳᠠᠯᠳᠤᠭᠠᠴᠢᠨ ᠤᠷᠢᠬᠤ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ | ᠂ ᠪᠥᠬᠦ ᠠᠵᠢᠯᠲᠠᠨ ᠢᠶᠠᠷ ᠢᠶᠠᠨ ᠣᠷᠤᠯᠴᠠᠬᠤ᠂ ᠪᠥᠬᠦ ᠠᠷᠠᠳ ᠢᠶᠠᠷ ᠢᠶᠠᠨ ᠬᠤᠳᠠᠯᠳᠤᠭᠠᠴᠢᠨ ᠤᠷᠢᠬᠤ ᠶᠢ ᠬᠡᠷᠡᠭᠯᠡᠨ᠂ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠᠭ᠎ᠠ ᠬᠤᠪᠢᠶᠠᠷᠢ ᠠᠩᠭᠢ ᠶᠢᠨ ᠦᠢᠯᠡᠳᠦᠯ ᠢ ᠭᠦᠢᠴᠡᠳ | ᠪᠠᠳᠠᠷᠠᠭᠤᠯᠵᠤ᠂ ᠠᠯᠤᠰ ᠤᠨ ᠴᠢᠳᠠᠪᠤᠷᠢᠲᠠᠨ᠂ ᠬᠤᠳᠠᠯᠳᠤᠭᠠᠴᠢᠨ᠂ ᠰᠤᠷᠭᠠᠭᠤᠯᠢ ᠶᠢᠨ ᠨᠠᠶᠢᠵᠠ᠂ ᠬᠤᠳᠠᠯᠳᠤᠭᠠᠨ ᠤ | ᠡᠪᠯᠡᠯ ᠵᠡᠷᠭᠡ ᠡᠬᠢ ᠪᠠᠶᠠᠯᠢᠭ ᠢ ᠰᠠᠶᠢᠲᠤᠷ ᠬᠡᠷᠡᠭᠯᠡᠨ᠂ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ᠂ | ᠨᠠᠶᠢᠳᠠᠯᠭ᠎ᠠ ᠪᠠᠷ ᠬᠤᠳᠠᠯᠳᠤᠭᠠᠴᠢᠨ ᠤᠷᠢᠬᠤ᠂ ᠬᠥᠷᠥᠩᠭᠡ ᠪᠠᠷ ᠬᠤᠳᠠᠯᠳᠤᠭᠠᠴᠢᠨ ᠤᠷᠢᠬᠤ᠂ ᠠᠵᠤ ᠦᠢᠯᠡᠰ ᠤᠨ | ᠬᠡᠯᠬᠢᠶ᠎ᠡ ᠪᠠᠷ ᠬᠤᠳᠠᠯᠳᠤᠭᠠᠴᠢᠨ ᠤᠷᠢᠬᠤ᠂ ︽ᠡᠭᠦᠯᠡᠨ ᠪᠣᠳᠣᠯᠲᠠ ᠪᠠᠷ ᠬᠤᠳᠠᠯᠳᠤᠭᠠᠴᠢᠨ ᠤᠷᠢᠬᠤ︾ ᠶᠢ | ᠬᠡᠷᠡᠭᠵᠢᠭᠦᠯᠵᠦ᠂ ᠨᠠᠩ ᠣᠯᠠᠨ ᠲᠣᠮᠣ ᠲᠥᠷᠥᠯ ᠵᠦᠢᠯ᠂ ᠰᠠᠶᠢᠨ ᠲᠥᠷᠥᠯ ᠵᠦᠢᠯ ᠢ ᠨᠠᠶᠢᠳᠠᠪᠤᠷᠢᠵᠢᠭᠤᠯᠤᠨ ᠦᠷ᠎ᠡ | ᠪᠦᠲᠦᠮᠵᠢ ᠣᠯᠬᠤ ᠪᠠᠷ ᠴᠢᠷᠮᠠᠶᠢᠨ᠎ᠠ᠃ | ︵ᠵᠢᠷᠭᠤᠭ᠎ᠠ︶ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ ᠂ | ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠰᠢᠨ᠎ᠡ ᠬᠦᠰᠡᠯ ᠡᠷᠡᠮᠡᠯᠵᠡᠯ ᠢ ᠬᠦᠴᠦᠯᠡᠨ ᠬᠠᠩᠭᠠᠨ᠎ᠠ | ᠣᠯᠠᠨ ᠨᠡᠶᠢᠲᠡ ᠶᠢᠨ ᠡᠷᠡᠭᠦᠯ ᠮᠡᠨᠳᠦ ᠶᠢᠨ ᠦᠢᠯᠡᠴᠢᠯᠡᠭᠡᠨ ᠤ ᠬᠢᠷᠢ ᠲᠦᠪᠰᠢᠨ ᠢ ᠨᠡᠮᠡᠭᠳᠡᠭᠦᠯᠦᠨ᠎ᠡ᠃ ᠠᠷᠠᠳ | ᠲᠦᠮᠡᠨ ᠢ ᠳᠡᠭᠡᠳᠦᠯᠡᠬᠦ ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠨ᠂ ᠠᠶᠤᠯ ᠲᠦᠭᠰᠢᠭᠦᠷᠢ ᠶᠢᠨ ᠤᠬᠠᠮᠰᠠᠷ ᠢᠶᠠᠨ | ᠦᠨᠡᠨ ᠬᠦ ᠴᠢᠩᠭᠠᠳᠬᠠᠵᠤ ᠂ ︽ᠲᠦᠷᠪᠡᠨ ᠲᠠᠯ᠎ᠠ ᠶᠢᠨ ᠬᠠᠷᠢᠭᠤᠴᠠᠯᠭ᠎ᠠ︾ ᠶᠢ ᠪᠣᠳᠠᠲᠠᠶᠢᠵᠢᠭᠤᠯᠵᠤ ᠂ ᠬᠢᠵᠢᠭ ᠤᠨ | ᠬᠥᠭᠵᠢᠯᠲᠡ ᠶᠢᠨ ᠪᠠᠶᠢᠳᠠᠯ ᠢ ᠴᠢᠩᠭ᠎ᠠ ᠠᠩᠬᠠᠷᠴᠤ ᠂ ᠭᠤᠣᠯᠳᠠᠯᠭ᠎ᠠ ᠲᠠᠢ ᠠᠵᠢᠯ ᠲᠦᠷᠦᠯ ᠂ ᠭᠤᠣᠯᠳᠠᠯᠭ᠎ᠠ ᠲᠠᠢ | ᠬᠥᠮᠥᠰ ᠂ ᠭᠤᠣᠯᠳᠠᠯᠭ᠎ᠠ ᠲᠠᠢ ᠲᠠᠯᠠᠪᠤᠷ ᠭᠠᠵᠠᠷ ᠤᠨ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠠᠵᠢᠯ ᠢ | ᠰᠠᠶᠢᠲᠤᠷ ᠬᠢᠵᠦ ᠂ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠲᠣᠭᠲᠠᠴᠠ ᠶᠢ ᠤᠯᠠᠮ ᠨᠢᠭᠡ | ᠠᠯᠬᠤᠮ ᠪᠦᠷᠢᠨᠰᠢᠭᠦᠯᠵᠦ ᠂ ᠰᠢᠨ᠎ᠡ ᠺᠣᠷᠤᠨᠠ ᠸᠢᠷᠦ᠋ᠰ ᠤᠨ ᠠᠭᠤᠰᠬᠢᠨ ᠦᠷᠪᠢᠰᠦᠯ ᠂ ᠬᠤᠯᠤᠭᠠᠨ᠎ᠠ ᠶᠢᠨ ᠬᠢᠵᠢᠭ | ᠵᠡᠷᠭᠡ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠠᠵᠢᠯ ᠢ ᠪᠦᠬᠦ ᠲᠠᠯ᠎ᠠ ᠪᠠᠷ ᠰᠠᠶᠢᠲᠤᠷ | ᠬᠢᠵᠦ ᠂ ᠠᠷᠠᠳ ᠤᠯᠠᠨ ᠤ ᠠᠮᠢ ᠨᠠᠰᠤᠨ ᠤ ᠡᠷᠡᠭᠦᠯ ᠮᠡᠨᠳᠤ ᠶᠢᠨ ᠠᠮᠤᠷ ᠲᠦᠪᠰᠢᠨ ᠢ ᠦᠨᠡᠨ ᠬᠦ ᠪᠠᠲᠤᠯᠠᠨ᠎ᠠ ᠃ | ᠰᠢᠶᠠᠨ ᠤ ᠱᠠᠲᠤᠨ ᠤ ᠡᠮᠴᠢᠯᠡᠭᠡᠨ ᠤ ᠪᠠᠶᠢᠭᠤᠯᠤᠮᠵᠢ ᠪᠠ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ | ᠬᠤᠷᠢᠶ᠎ᠠ ᠶᠢᠨ ᠡᠮᠨᠡᠯᠭᠡ ᠶᠢᠨ ᠬᠠᠮᠲᠤ ᠶᠢᠨ ᠴᠣᠭᠴᠠ ᠶᠢ ᠪᠠᠶᠢᠭᠤᠯᠤᠨ ᠲᠡᠭᠦᠯᠳᠡᠷᠵᠢᠭᠦᠯᠵᠦ ᠂ ᠰᠢᠶᠠᠩ ᠪᠠᠯᠭᠠᠰᠤᠨ ᠤ | ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠡᠷᠡᠭᠦᠯᠵᠢᠭᠦᠯᠬᠦ ᠹᠢᠽᠢᠺ ᠵᠠᠰᠠᠯ ᠂ ᠳᠣᠲᠣᠷ ᠡᠮᠨᠡᠯᠭᠡ ᠶᠢᠨ ᠪᠠᠶᠢᠭᠤᠯᠤᠯᠲᠠ ᠶᠢ | ᠢᠳᠡᠪᠬᠢᠲᠡᠢ ᠪᠠᠷ ᠲᠦᠯᠬᠢᠨ ᠠᠬᠢᠭᠤᠯᠵᠤ ᠂ ᠬᠢᠲᠠᠳ ᠡᠮᠨᠡᠯᠭᠡ ᠶᠢᠨ ᠣᠨᠴᠠᠯᠢᠭᠲᠤ ᠡᠪᠡᠳᠴᠢᠨ ᠵᠠᠰᠠᠬᠤ ᠬᠦᠷᠢᠶ᠎ᠡ | ᠬᠡᠪᠴᠢᠶ᠎ᠡ ᠶᠢ ᠥᠷᠭᠡᠳᠬᠡᠵᠦ ᠂ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠵᠢᠴᠢ ᠨᠡᠶᠢᠭᠡᠮ | ᠲᠣᠭᠤᠷᠢᠭ ᠤᠨ ᠦᠢᠯᠡᠴᠢᠯᠡᠭᠡᠨ ᠤ ᠲᠥᠪ ᠲᠤ ᠬᠢᠲᠠᠳ ᠡᠮᠨᠡᠯᠭᠡ ᠶᠢᠨ ᠣᠷᠳᠣᠨ ᠪᠠᠶᠢᠭᠤᠯᠤᠨ᠎ᠠ ᠃ ᠰᠢᠶᠠᠨ ᠤ | ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠭᠤᠣᠯᠳᠠᠯᠭ᠎ᠠ ᠲᠠᠢ ᠣᠨᠴᠠᠯᠢᠭᠲᠤ ᠰᠠᠯᠠᠭ᠎ᠠ ᠲᠠᠰᠤᠭ ᠢ ᠪᠣᠶ ᠪᠣᠯᠭᠠᠵᠤ᠂ | ᠠᠷᠠᠳ ᠣᠯᠠᠨ ᠤ ᠡᠷᠡᠭᠦᠯ ᠮᠡᠨᠳᠦ ᠶᠢᠨ ᠦᠢᠯᠡᠴᠢᠯᠡᠭᠡᠨ ᠤ ᠬᠡᠷᠡᠭᠴᠡᠭᠡ ᠶᠢ ᠬᠠᠩᠭᠠᠨ᠎ᠠ᠃ ᠵᠢᠯ ᠤᠨ ᠳᠣᠲᠣᠷ᠎ᠠ | ᠬᠡᠦᠬᠡᠳ ᠤᠨ ᠰᠠᠯᠠᠭᠠᠨ ᠤ ᠶᠡᠷᠦᠩᠬᠡᠶᠢᠯᠡᠭᠰᠡᠨ ᠠᠰᠠᠷ᠂ ᠬᠢᠲᠠᠳ ᠮᠣᠩᠭᠤᠯ ᠤᠨ ᠡᠮᠨᠡᠯᠭᠡ ᠶᠢᠨ ᠬᠤᠷᠢᠶᠠᠨ ᠤ | ᠬᠠᠯᠳᠠᠪᠤᠷᠢᠲᠤ ᠡᠪᠡᠳᠴᠢᠨ ᠤ ᠭᠡᠷ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠬᠦ ᠶᠢᠨ ᠬᠠᠮᠲᠤ ᠠᠰᠢᠭᠯᠠᠯᠲᠠ ᠳᠤ | ᠣᠷᠣᠭᠤᠯᠵᠤ᠂ ᠰᠢᠶᠠᠨ ᠤ ᠡᠮᠨᠡᠯᠭᠡ ᠶᠢᠨ ᠬᠤᠷᠢᠶᠠᠨ ᠤ 120 ᠲᠦᠷᠭᠡᠨ ᠠᠪᠤᠷᠠᠯᠳᠠ ᠶᠢᠨ ᠲᠥᠪ ᠤᠨ ᠠᠵᠢᠯ | ᠡᠬᠢᠯᠡᠵᠦ ᠪᠠᠶᠢᠭᠤᠯᠬᠤ ᠶᠢ ᠲᠦᠯᠬᠢᠨ ᠠᠬᠢᠭᠤᠯᠤᠨ᠎ᠠ᠃ ᠰᠤᠷᠭᠠᠨ ᠬᠥᠮᠦᠵᠢᠯ ᠤᠨ ᠦᠢᠯᠡᠰ ᠢ ᠶᠡᠬᠡᠪᠡᠷ ᠬᠥᠭᠵᠢᠭᠦᠯᠦᠨ᠎ᠡ ᠃ | ᠰᠤᠷᠭᠠᠨ ᠬᠥᠮᠦᠵᠢᠯ ᠤᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠦᠷᠭᠦᠯᠵᠢᠯᠡᠨ ᠲᠦᠯᠬᠢᠨ ᠠᠬᠢᠭᠤᠯᠵᠤ ᠂ | ︽ᠰᠢᠶᠠᠨ ᠠᠴᠠ ᠬᠠᠮᠢᠶᠠᠷᠴᠤ ᠰᠤᠷᠭᠠᠭᠤᠯᠢ ᠠᠴᠠ ᠤᠷᠢᠬᠤ︾ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ ︔ᠰᠤᠷᠭᠠᠭᠤᠯᠢ | ᠡᠷᠭᠢᠯᠡᠬᠦ ᠦᠶᠯᠡ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠭᠤᠷᠪᠠᠳᠤᠭᠠᠷ ᠬᠡᠦᠬᠡᠳ ᠤᠨ ᠴᠡᠴᠡᠷᠯᠢᠭ | ᠂ ᠳᠥᠷᠪᠡᠳᠦᠭᠡᠷ ᠬᠡᠦᠬᠡᠳ ᠤᠨ ᠴᠡᠴᠡᠷᠯᠢᠭ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ | ᠲᠦᠯᠬᠢᠨ ᠠᠬᠢᠭᠤᠯᠵᠤ᠂ ᠲᠠᠪᠤᠳᠤᠭᠠᠷ ᠬᠡᠦᠬᠡᠳ ᠤᠨ ᠴᠡᠴᠡᠷᠯᠢᠭ ᠢ ᠠᠰᠢᠭᠯᠠᠯᠲᠠ ᠳᠤ ᠣᠷᠤᠭᠤᠯᠤᠨ᠎ᠠ᠃ ᠵᠢᠨᠢᠩ | ᠨᠢᠭᠡᠳᠦᠭᠡᠷ ᠳᠤᠮᠳᠠᠳᠤ ᠰᠤᠷᠭᠠᠭᠤᠯᠢ ᠲᠠᠢ ᠬᠤᠣᠰᠯᠠᠨ ᠰᠤᠷᠭᠠᠭᠤᠯᠢ ᠡᠷᠬᠢᠯᠡᠬᠦ ᠶᠢ ᠴᠢᠩᠭᠠᠳᠬᠠᠵᠤ ᠂ ᠵᠢᠭᠠᠨ | ᠰᠤᠷᠭᠠᠯᠲᠠ ᠶᠢᠨ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ ︔ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠲᠡᠩᠴᠡᠭᠦᠷᠢᠲᠡᠢ ᠬᠥᠭᠵᠢᠯᠲᠡ ᠶᠢᠨ ᠦᠷ᠎ᠡ ᠪᠦᠲᠦᠭᠡᠯ ᠢ ᠪᠠᠬᠢᠵᠢᠭᠦᠯᠵᠦ ᠂ ᠡᠩ ᠤᠨ ᠥᠨᠳᠥᠷ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠣᠯᠠᠨ ᠶᠠᠩᠵᠤᠲᠤ ᠬᠦᠭᠵᠢᠯᠲᠡ ᠶᠢ | ᠠᠬᠢᠭᠤᠯᠤᠨ᠎ᠠ᠃ ᠮᠠᠨ ᠤ ᠰᠢᠶᠠᠨ ᠤ ᠬᠤᠪᠴᠠᠰᠤ ᠬᠤᠨᠠᠷ᠂ ᠬᠠᠶᠢᠯᠤᠰᠢ᠂ ᠠᠯᠠᠰᠢᠨ ᠬᠤᠨᠢ ᠵᠡᠷᠭᠡ ᠠᠵᠤ ᠦᠢᠯᠡᠰ ᠲᠠᠢ | ᠤᠶᠠᠯᠳᠤᠭᠤᠯᠤᠨ᠂ ᠠᠵᠤ ᠦᠢᠯᠡᠰ ᠪᠠ ᠵᠢᠭᠠᠨ ᠰᠤᠷᠭᠠᠯᠲᠠ ᠶᠢ ᠠᠭᠤᠰᠤᠯᠴᠠᠭᠤᠯᠬᠤ᠂ ᠰᠤᠷᠭᠠᠭᠤᠯᠢ ᠪᠠ ᠠᠵᠤ | ᠠᠬᠤᠶᠢᠯᠠᠯ ᠢ ᠤᠶᠠᠯᠳᠤᠭᠤᠯᠬᠤ ᠶᠢ ᠠᠬᠢᠭᠤᠯᠵᠤ᠂ ᠣᠲᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ | ᠰᠢᠰᠲ᠋ᠧᠮᠵᠢ ᠶᠢ ᠪᠠᠶᠢᠭᠤᠯᠤᠨ᠎ᠠ︔ ᠣᠨᠴᠠᠭᠠᠶ ᠰᠤᠷᠭᠠᠨ ᠬᠥᠮᠦᠵᠢᠯ ᠪᠠ ᠭᠡᠷ ᠪᠦᠯᠢ ᠶᠢᠨ ᠰᠤᠷᠭᠠᠨ ᠬᠥᠮᠦᠵᠢᠯ ᠢ | ᠴᠢᠬᠤᠯᠠᠴᠢᠯᠠᠵᠤ᠂ ᠵᠡᠮᠳᠡᠭ ᠬᠡᠦᠬᠡᠳ ᠤᠨ ᠪᠠᠲᠤᠯᠠᠭ᠎ᠠ ᠶᠢᠨ ᠰᠢᠰᠲ᠋ᠧᠮᠵᠢ ᠶᠢ ᠲᠠᠰᠤᠷᠠᠯᠲᠠ ᠦᠭᠡᠢ ᠪᠦᠷᠢᠨᠰᠢᠭᠦᠯᠬᠦ | ᠬᠡᠷᠡᠭᠲᠡᠢ︔ ︽ᠬᠤᠶᠠᠷ ᠢ ᠪᠠᠭᠠᠰᠬᠠᠬᠤ︾ ᠠᠵᠢᠯ ᠢ ᠴᠢᠩᠭ᠎ᠠ ᠨᠠᠶᠢᠳᠠᠪᠤᠷᠢᠵᠢᠭᠤᠯᠵᠤ᠂ ᠰᠤᠷᠭᠠᠨ ᠬᠥᠮᠦᠵᠢᠯ ᠤᠨ | ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠬᠠᠮᠢᠶᠠᠷᠤᠯᠲᠠ ᠶᠢ ᠴᠢᠩᠭᠠᠳᠬᠠᠨ᠂ ᠲᠣᠭᠲᠠᠭᠠᠯ ᠠᠴᠠ ᠵᠥᠷᠢᠴᠡᠨ | ᠬᠢᠴᠢᠶᠡᠯ ᠨᠥᠬᠦᠬᠦ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠢᠴᠢᠶᠡᠯ ᠤᠨ ᠲᠠᠩᠬᠢᠮ ᠤᠨ ᠦᠷ᠎ᠡ | ᠪᠦᠲᠦᠮᠵᠢ ᠶᠢ ᠳᠡᠭᠡᠭᠰᠢᠯᠡᠭᠦᠯᠦᠨ᠂ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠤᠨ | ᠳᠡᠭᠡᠭᠰᠢᠯᠡᠯᠲᠡ ᠶᠢ ᠠᠬᠢᠭᠤᠯᠤᠨ᠎ᠠ᠃ ᠵᠢᠯ ᠤᠨ ᠳᠣᠲᠣᠷ᠎ᠠ 40 ᠨᠡᠷᠡᠰ ᠲᠤᠰᠬᠠᠢ ᠪᠠᠭᠰᠢ ᠡᠯᠰᠡᠨ᠎ᠡ᠃ ᠰᠣᠶᠣᠯ | ᠵᠢᠭᠤᠯᠴᠢᠯᠠᠯ ᠤᠨ ᠠᠵᠤ ᠦᠢᠯᠡᠰ ᠢ ᠲᠦᠷᠭᠡᠪᠴᠢᠯᠡᠨ ᠬᠥᠭᠵᠢᠭᠦᠯᠦᠨ᠎ᠡ ᠃ ᠠᠷᠠᠳ ᠢᠷᠭᠡᠳ ᠤᠨ ᠶᠣᠰᠣ ᠮᠣᠷᠠᠯ ᠤᠨ | ᠪᠠᠶᠢᠭᠤᠯᠤᠯᠲᠠ ᠶᠢᠨ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ ᠂ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ | ᠦᠵᠡᠯᠲᠡ ᠶᠢ ᠶᠡᠬᠡᠪᠡᠷ ᠪᠠᠳᠠᠷᠠᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠪᠠᠬᠢ ᠪᠤᠢ ᠪᠣᠯᠭᠠᠬᠤ ᠪᠠᠷ ᠭᠤᠣᠯ ᠰᠢᠵᠢᠮ ᠪᠣᠯᠭᠠᠵᠤ ᠂ ᠦᠨᠳᠦᠰᠦᠲᠡᠨ ᠨᠦᠭᠦᠳ ᠤᠨ ᠪᠦᠯᠬᠦᠮᠳᠡᠯ | ᠲᠠᠪᠰᠢᠯᠳᠠ ᠶᠢᠨ ᠦᠢᠯᠡᠰ ᠤᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠤᠨ᠎ᠠ ᠃ ᠠᠷᠠᠳ ᠤᠨ ᠣᠷᠣᠨ | ᠰᠠᠭᠤᠴᠠ ᠶᠢᠨ ᠴᠤᠭᠯᠠᠷᠠᠯ ᠤᠨ ᠦᠢᠯᠡᠳᠦᠯ ᠢ ᠴᠢᠩᠭᠠᠷᠠᠭᠤᠯᠵᠤ᠂ ᠴᠠᠭ ᠮᠥᠴᠡ ᠶᠢ ᠪᠣᠳᠣᠯᠬᠢᠯᠠᠬᠤ ᠠᠷᠠᠳ ᠤᠨ | ᠣᠷᠣᠨ ᠰᠠᠭᠤᠴᠠ ᠪᠠᠷ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠵᠤ᠂ ᠴᠢᠦ ᠯᠢᠩ ᠭᠧᠦ ᠶᠢᠨ ᠤᠤᠯ ᠤᠨ | ᠪᠡᠭᠡᠵᠢᠩ ᠤᠨ ᠴᠡᠷᠢᠭ ᠤᠨ ᠲᠣᠭᠤᠷᠢᠭ ᠤᠨ ᠰᠠᠬᠢᠨ ᠬᠠᠮᠠᠭᠠᠯᠠᠬᠤ ᠨᠢᠭᠡᠳᠦᠭᠡᠷ ᠳ᠋ᠢᠸᠢᠽᠢ ᠶᠢᠨ ᠲᠡᠦᠬᠡ ᠶᠢᠨ ᠨᠥᠯᠥᠭᠡᠯᠡᠬᠦ | ᠬᠦᠴᠦᠨ ᠵᠢᠴᠢ ᠴᠢᠦ ᠯᠢᠩ ᠭᠧᠦ ᠶᠢᠨ ᠪᠣᠭᠤᠮᠲᠠ ᠶᠢᠨ ᠭᠠᠳᠠᠨᠠᠬᠢ ᠥᠪᠡᠷᠮᠢᠴᠡ ᠣᠨᠴᠠᠯᠢᠭ ᠪᠦᠬᠦᠢ ᠪᠠᠶᠢᠭᠠᠯᠢ ᠶᠢᠨ | ᠥᠩᠭᠡ ᠦᠵᠡᠮᠵᠢ ᠳᠤ ᠲᠦᠰᠢᠭᠯᠡᠨ᠂ ᠪᠣᠭᠤᠮᠲᠠ ᠶᠢᠨ ᠭᠠᠳᠠᠨᠠᠬᠢ ᠴᠡᠷᠢᠭ ᠪᠠᠷᠢᠭᠠᠳᠠ ᠠᠷᠠᠳ ᠤᠨ ᠣᠷᠣᠨ | ᠰᠠᠭᠤᠴᠠ ᠶᠢ ᠪᠣᠶ ᠪᠣᠯᠭᠠᠵᠤ᠂ ᠠᠷᠠᠳ ᠤᠨ ᠣᠷᠣᠨ ᠰᠠᠭᠤᠴᠠ ᠶᠢᠨ ᠣᠨᠴᠠᠯᠢᠬᠵᠢᠬᠤ᠂ ᠵᠦᠷᠢᠶᠡᠴᠢᠯᠡᠬᠦ᠂ | ᠵᠢᠷᠤᠮᠵᠢᠭᠤᠯᠬᠤ᠂ ᠨᠠᠷᠠᠲᠤ ᠲᠡᠮᠳᠡᠭᠵᠢᠭᠦᠯᠬᠦ ᠬᠥᠭᠵᠢᠯᠲᠡ ᠶᠢ ᠠᠬᠢᠭᠤᠯᠤᠨ᠎ᠠ᠃ ᠲᠡᠦᠬᠡ ᠶᠢᠨ ᠳᠤᠷᠠᠰᠬᠠᠯᠲᠤ | ᠵᠦᠢᠯᠡᠰ ᠤᠨ ᠬᠠᠮᠠᠭᠠᠯᠠᠯᠲᠠ ᠶᠢ ᠦᠷᠭᠦᠯᠵᠢᠯᠡᠨ ᠴᠢᠩᠭᠠᠳᠬᠠᠵᠤ ᠂ ᠪᠤᠳᠠᠰ ᠤᠨ ᠪᠤᠰᠤ ᠤᠯᠠᠮᠵᠢᠯᠠᠬᠤ ᠠᠵᠢᠯ ᠢ | ᠰᠠᠶᠢᠲᠤᠷ ᠬᠢᠨ᠎ᠡ ᠃ ᠤᠯᠠᠭᠠᠨᠮᠥ᠋ᠴᠢᠷ ᠤᠨ ᠰᠢᠯᠢᠳᠡᠭ ᠤᠯᠠᠮᠵᠢᠯᠠᠯ ᠢ ᠶᠡᠬᠡᠪᠡᠷ ᠪᠠᠳᠠᠷᠠᠭᠤᠯᠵᠤ᠂ ᠦᠵᠡᠯ ᠰᠠᠨᠠᠭ᠎ᠠ ᠭᠦᠨ | ᠭᠦᠨᠵᠡᠭᠡᠢ᠂ ᠤᠷᠠᠯᠢᠭ ᠨᠠᠷᠢᠯᠢᠭ᠂ ᠵᠣᠬᠢᠶᠠᠨ ᠪᠦᠲᠦᠭᠡᠯᠲᠡ ᠨᠠᠷᠢᠯᠢᠭ ᠰᠢᠯᠢᠳᠡᠭ ᠨᠢᠭᠡ ᠪᠦᠯᠦᠭ ᠰᠢᠯᠢᠳᠡᠭ ᠪᠦᠲᠦᠭᠡᠯ ᠢ | ᠭᠠᠷᠭᠠᠵᠤ᠂ ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠥᠨᠢᠳᠡ ᠪᠠᠯᠠᠷᠠᠰᠢ ᠦᠭᠡᠢ ᠪᠠᠶᠢᠯᠭᠠᠬᠤ ᠶᠢ ᠦᠨᠡᠨᠬᠦ ᠪᠠᠲᠤᠯᠠᠬᠤ | ᠬᠡᠷᠡᠭᠲᠡᠢ᠃ ᠠᠷᠠᠳ ᠤᠨ ᠠᠮᠢᠳᠤᠷᠠᠯ ᠢ ᠪᠠᠲᠤᠯᠠᠬᠤ ᠰᠢᠰᠲ᠋ᠧᠮ ᠢ ᠲᠡᠭᠦᠯᠳᠡᠷᠵᠢᠭᠦᠯᠦᠨ᠎ᠡ ᠃ ᠠᠵᠢᠯ ᠣᠯᠭᠤᠯᠲᠠ ᠶᠢ | ᠨᠡᠩ ᠲᠣᠪᠣᠶᠢᠮ᠎ᠠ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ ᠂ ᠠᠵᠢᠯ ᠣᠯᠭᠤᠯᠲᠠ ᠶᠢᠨ ᠲᠤᠰᠠᠯᠠᠮᠵᠢ ᠶᠢᠨ ᠨᠥᠬᠦᠪᠦᠷᠢ ᠂ | ᠨᠢᠭᠡ ᠯᠡ ᠤᠳᠠᠭ᠎ᠠ ᠶᠢᠨ ᠴᠢᠨᠠᠷᠲᠠᠢ ᠠᠵᠢᠯ ᠡᠷᠢᠬᠦ ᠨᠥᠬᠦᠪᠦᠷᠢ ᠶᠢᠨ ᠡᠷᠴᠢᠮ ᠢ ᠤᠯᠠᠮ ᠨᠢᠭᠡ ᠠᠯᠬᠤᠮ | ᠴᠢᠩᠭᠠᠷᠠᠭᠤᠯᠵᠤ ᠂ ᠠᠵᠢᠯ ᠣᠯᠭᠤᠯᠲᠠ ᠶᠢᠨ ᠲᠤᠰᠬᠠᠢ ᠪᠡᠯᠡ ᠮᠥᠩᠭᠦ ᠶᠢ ᠲᠡᠩᠴᠡᠭᠦᠷᠢᠲᠡᠢ ᠬᠡᠷᠡᠭᠯᠡᠵᠦ ᠂ ᠠᠵᠢᠯ | ᠣᠯᠭᠤᠯᠲᠠ ᠶᠢᠨ ᠲᠦᠷᠦ ᠶᠢᠨ ᠪᠣᠳᠣᠯᠭ᠎ᠠ ᠪᠠᠷ ᠨᠡᠩ ᠤᠯᠠᠨ ᠠᠵᠤ ᠠᠬᠤᠶᠢᠯᠠᠯ ᠪᠠ ᠤᠯᠠᠨ ᠲᠦᠮᠡᠨ ᠳᠤ ᠠᠰᠢᠭ | ᠬᠦᠷᠲᠡᠭᠡᠨ᠎ᠡ ᠃ ᠵᠢᠯ ᠤᠨ ᠳᠣᠲᠣᠷ᠎ᠠ 600 ᠭᠠᠷᠤᠢ ᠬᠥᠮᠥᠨ ᠳᠤ ᠰᠢᠨ᠎ᠡ ᠪᠠᠷ ᠠᠵᠢᠯ ᠣᠯᠭᠤᠵᠤ ᠂ ᠬᠤᠳᠠ | ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 4.2% ᠤᠨ ᠳᠣᠲᠣᠷ᠎ᠠ ᠬᠢᠵᠠᠭᠠᠷᠯᠠᠨ᠎ᠠ ᠃ | ︽ᠬᠤᠶᠠᠷ ᠮᠥᠩᠭᠦ ᠭᠤᠷᠪᠠᠨ ᠳᠦᠷᠢᠮ︾ ᠢ ᠴᠢᠩᠭ᠎ᠠ ᠬᠡᠷᠡᠭᠵᠢᠭᠦᠯᠵᠦ ᠂ ᠬᠥᠳᠡᠯᠮᠦᠷᠢ ᠶᠢᠨ ᠬᠢᠨᠠᠨ ᠪᠠᠶᠢᠴᠠᠭᠠᠯᠲᠠ ᠶᠢᠨ | ᠬᠠᠤᠯᠢ ᠬᠡᠷᠡᠭᠵᠢᠭᠦᠯᠬᠦ ᠡᠷᠴᠢᠮ ᠢ ᠴᠢᠩᠭᠠᠳᠬᠠᠵᠤ ᠂ ᠬᠥᠯᠥᠰᠦᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ | ᠦᠨᠡᠨ ᠬᠦ ᠬᠠᠮᠠᠭᠠᠯᠠᠨ᠎ᠠ ᠃ ᠡᠮ ᠡᠮᠨᠡᠯᠭᠡ ᠶᠢᠨ ᠳᠠᠭᠠᠳᠬᠠᠯ ᠤᠨ ᠬᠦᠷᠢᠶᠡᠨ ᠳᠠᠬᠢ ︽ᠪᠠᠭᠤᠯᠭᠠᠬᠤ ᠬᠠᠮᠢᠶᠠᠷᠬᠤ | ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠡᠮ ᠡᠮᠨᠡᠯᠭᠡ ᠶᠢᠨ ᠪᠠᠲᠤᠯᠠᠭ᠎ᠠ ᠶᠢᠨ ᠦᠢᠯᠡᠴᠢᠯᠡᠭᠡ ᠶᠢ | ᠰᠢᠯᠢᠳᠡᠭᠵᠢᠭᠦᠯᠦᠨ᠎ᠡ᠃ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠵᠦ᠂ ︽ᠪᠥᠬᠦ | ᠠᠷᠠᠳ ᠢᠶᠠᠷ ᠢᠶᠠᠨ ᠳᠠᠭᠠᠳᠬᠠᠯ ᠳᠤ ᠣᠷᠤᠯᠴᠠᠬᠤ︾ ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠭᠰᠠᠨ ᠬᠥᠮᠥᠨ ᠤ ᠲᠤᠭ᠎ᠠ ᠶᠢ 6.3 ᠲᠦᠮᠡ ᠠᠴᠠ | ᠳᠡᠭᠡᠭᠰᠢ ᠳᠤ ᠬᠦᠷᠦᠭᠦᠯᠬᠦ ᠶᠢ ᠦᠨᠡᠨᠬᠦ ᠪᠠᠲᠤᠯᠠᠨ᠎ᠠ᠃ ᠨᠡᠶᠢᠭᠡᠮ ᠤᠨ ᠠᠪᠤᠷᠠᠨ ᠲᠤᠰᠠᠯᠠᠯᠲᠠ᠂ ᠬᠤᠳᠠ ᠬᠥᠳᠡᠭᠡ ᠶᠢᠨ | ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠂ ᠲᠦᠷ ᠴᠠᠭ ᠤᠨ ᠠᠪᠤᠷᠠᠨ ᠲᠤᠰᠠᠯᠠᠯᠲᠠ ᠂ ᠠᠰᠠᠷᠠᠮᠵᠢ ᠬᠠᠷᠠᠭᠠᠯᠵᠠᠯ | ᠵᠡᠷᠭᠡ ᠳᠦᠷᠢᠮ ᠢ ᠲᠡᠭᠦᠯᠳᠡᠷᠵᠢᠭᠦᠯᠵᠦ ᠂ ᠨᠡᠶᠢᠲᠡ ᠶᠢᠨ ᠠᠰᠠᠷᠠᠮᠵᠢ ᠪᠠ ᠨᠢᠭᠦᠯᠡᠰᠦᠩᠭᠦᠢ ᠶᠢᠨ ᠦᠢᠯᠡᠰ ᠢ | ᠬᠥᠭᠵᠢᠭᠦᠯᠦᠨ᠂ ᠤᠯᠠᠨ ᠲᠦᠮᠡᠨ ᠤ ᠦᠨᠳᠦᠰᠦᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠷᠢᠮᠵᠢᠶ᠎ᠠ ᠶᠢ ᠦᠨᠡᠨ ᠬᠦ | ᠪᠠᠲᠤᠯᠠᠵᠤ ᠂ ᠨᠡᠶᠢᠭᠡᠮ ᠤᠨ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ ᠃ ᠨᠠᠰᠤᠵᠢᠯ ᠤᠨ | ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠡᠮᠴᠢᠯᠡᠭᠡ ᠰᠤᠪᠢᠯᠠᠯᠲᠠ ᠡᠷᠡᠭᠦᠯᠵᠢᠯ | ᠰᠤᠪᠢᠯᠠᠯᠲᠠ ᠶᠢᠨ ᠠᠵᠤ ᠦᠢᠯᠡᠰ ᠢ ᠬᠥᠭᠵᠢᠭᠦᠯᠦᠨ ᠪᠤᠵᠠᠭᠠᠶᠢᠷᠠᠭᠤᠯᠵᠤ᠂ ᠥᠪᠡᠷᠲᠡᠭᠡᠨ ᠵᠠᠰᠠᠬᠤ ᠣᠷᠣᠨ ᠤ | ᠨᠠᠰᠤᠵᠢᠯ ᠤᠨ ᠦᠢᠯᠡᠴᠢᠯᠡᠭᠡᠨ ᠤ ᠵᠢᠱᠢᠶ᠎ᠡ ᠦᠵᠡᠭᠦᠯᠬᠦ ᠴᠢᠭ ᠢ ᠴᠢᠷᠮᠠᠶᠢᠨ ᠡᠭᠦᠳᠦᠨ᠎ᠡ᠃ ᠣᠷᠣᠰᠢᠭᠤᠯᠭ᠎ᠠ ᠶᠢᠨ | ᠥᠭᠡᠷᠡᠴᠢᠯᠡᠯᠲᠡ ᠶᠢ ᠭᠦᠨᠵᠡᠭᠡᠢ ᠲᠦᠯᠬᠢᠨ ᠠᠬᠢᠭᠤᠯᠵᠤ ᠂ ᠣᠷᠣᠰᠢᠭᠤᠯᠭ᠎ᠠ ᠶᠢᠨ ᠭᠠᠵᠠᠷ ᠂ ᠰᠢᠶᠠᠨ ᠤ ᠱᠠᠲᠤᠨ ᠤ | ᠨᠡᠶᠢᠲᠡ ᠶᠢᠨ ᠤᠡᠭᠭᠤᠨ ᠤ ᠪᠦᠲᠦᠭᠡᠨ ᠪᠠᠶᠢᠭᠤᠯᠤᠯᠲᠠ ᠪᠠ ᠰᠢᠶᠠᠩ ᠤᠨ ᠱᠠᠲᠤᠨ ᠤ ᠨᠡᠶᠢᠲᠡ ᠶᠢᠨ ᠤᠡᠭᠭᠤᠨ ᠤ | ᠲᠥᠯᠦᠪᠵᠢᠭᠦᠯᠭᠡ ᠶᠢ ᠪᠡᠶᠡᠯᠡᠭᠦᠯᠦᠨ᠎ᠡ ᠃ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃ | ᠦᠯᠡᠳᠡᠭᠡᠯ ᠲᠦᠭᠰᠢᠭᠦᠷᠢ ᠶᠢ ᠠᠷᠢᠯᠭᠠᠬᠤ ᠪᠠ ᠨᠡᠮᠡᠭᠳᠡᠯ ᠤᠨ ᠲᠦᠭᠰᠢᠭᠦᠷᠢ ᠶᠢ ᠰᠡᠷᠭᠡᠶᠢᠯᠡᠬᠦ ᠶᠢ ᠪᠥᠬᠦ | ᠬᠦᠴᠦᠨ ᠢᠶᠠᠷ ᠢᠶᠠᠨ ᠰᠠᠶᠢᠲᠤᠷ ᠠᠳᠬᠤᠵᠤ᠂ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢ | ᠭᠦᠨᠵᠡᠭᠡᠢ ᠠᠬᠢᠭᠤᠯᠵᠤ᠂ ᠡᠮᠤᠨᠡᠲᠤ ᠬᠤᠰᠢᠭᠤᠨ ᠤ ᠲᠠᠷᠢᠶᠠᠯᠠᠩ ᠬᠤᠳᠠᠯᠳᠤᠭᠠᠨ ᠤ ᠪᠠᠩᠬᠢ᠂ ᠮᠧᠩ ᠶᠢᠨ ᠲᠣᠰᠬᠤᠨ | ᠪᠠᠯᠭᠠᠰᠤ ᠶᠢᠨ ᠪᠠᠩᠬᠢ ᠪᠠ ᠰᠢᠩ ᠾᠧ ᠰᠢᠶᠠᠨ ᠤ ᠢᠲᠡᠭᠡᠮᠵᠢ ᠶᠢᠨ ᠬᠤᠯᠪᠣᠭᠠᠲᠤ ᠬᠤᠷᠰᠢᠶ᠎ᠠ ᠵᠡᠷᠭᠡ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢᠨ ᠡᠳ᠋ ᠬᠥᠷᠥᠩᠭᠡ ᠶᠢ ᠠᠰᠢᠭᠯᠠᠨ᠂ ᠡᠳ᠋ ᠬᠥᠷᠥᠩᠭᠡ ᠪᠠᠷ ᠥᠷᠢ ᠥᠭᠴᠡᠭᠡ ᠶᠢ | ᠳᠥᠯᠥᠬᠦ ᠪᠠᠷ ᠳᠠᠮᠵᠢᠭᠤᠯᠤᠨ ᠦᠯᠡᠳᠡᠭᠡᠯ ᠥᠷᠢ ᠥᠭᠴᠡᠭᠡ ᠶᠢ ᠯᠠᠪᠳᠠᠭᠤᠨ ᠪᠥᠭᠡᠳ ᠡᠮᠬᠢ ᠵᠢᠷᠤᠮ ᠲᠠᠢ ᠪᠠᠷ | ᠰᠢᠢᠳᠪᠦᠷᠢᠯᠡᠵᠦ᠂ ᠵᠢᠯ ᠤᠨ ᠳᠣᠲᠣᠷ᠎ᠠ ᠵᠠᠰᠠᠭ ᠤᠨ ᠣᠷᠳᠣᠨ ᠤ ᠴᠢᠨᠠᠷᠲᠠᠢ ᠥᠷᠢ ᠥᠭᠴᠡᠭᠡ ᠶᠢ 4.47 | ᠳ᠋ᠦᠩᠰᠢᠭᠤᠷ ᠲᠥᠭᠦᠷᠢᠭ ᠰᠢᠢᠳᠪᠦᠷᠢᠯᠡᠨ᠎ᠡ᠃ ᠵᠠᠰᠠᠭ ᠤᠨ ᠣᠷᠳᠣᠨ ᠬᠢᠭᠡᠳ ᠨᠡᠶᠢᠭᠡᠮ ᠤᠨ ᠬᠥᠷᠥᠩᠭᠡ ᠶᠢᠨ | ᠬᠠᠮᠲᠤᠷᠠᠯᠴᠠᠭ᠎ᠠ ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠂ ᠵᠠᠰᠠᠭ ᠤᠨ ᠣᠷᠳᠣᠨ | ᠣᠯᠠᠨ ᠨᠡᠶᠢᠲᠡ ᠶᠢᠨ ᠦᠢᠯᠡᠴᠢᠯᠡᠭᠡ ᠬᠤᠳᠠᠯᠳᠤᠨ ᠠᠪᠬᠤ ᠵᠡᠷᠭᠡ ᠥᠢᠯᠡ ᠠᠵᠢᠯᠯᠠᠭ᠎ᠠ ᠶᠢ ᠬᠠᠤᠯᠢ ᠶᠣᠰᠣᠭᠠᠷ | ᠵᠢᠷᠤᠮᠵᠢᠭᠤᠯᠵᠤ ᠂ ᠬᠠᠤᠯᠢ ᠲᠣᠭᠲᠠᠭᠠᠯ ᠠᠴᠠ ᠵᠥᠷᠢᠴᠡᠨ ᠥᠷᠢ ᠲᠠᠯᠪᠢᠬᠤ ᠶᠢ ᠡᠷᠡᠰ ᠵᠣᠭᠰᠣᠭᠠᠵᠤ ᠂ ᠲᠠᠯᠳᠠ | ᠥᠭᠴᠡᠭᠡ ᠶᠢ ᠰᠢᠨ᠎ᠡ ᠪᠠᠷ ᠨᠡᠮᠡᠭᠳᠡᠭᠦᠯᠬᠦ ᠶᠢ ᠴᠢᠩᠭ᠎ᠠ ᠬᠢᠵᠠᠭᠠᠷᠯᠠᠨ᠎ᠠ ᠃ ᠡᠷᠡᠭᠦᠯ ᠪᠤᠰᠤ ᠵᠢᠭᠡᠯᠡᠯᠭᠡ ᠶᠢ ᠰᠢᠢᠳᠪᠦᠷᠢᠯᠡᠬᠦ | ᠡᠷᠴᠢᠮ ᠢᠶᠠᠨ ᠴᠢᠩᠭᠠᠷᠠᠭᠤᠯᠵᠤ ᠂ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠳᠤ ᠴᠢᠩᠭ᠎ᠠ ᠴᠣᠬᠢᠯᠲᠠ | ᠥᠭᠴᠦ ᠂ ᠮᠥᠩᠭᠦᠨ ᠭᠦᠢᠯᠭᠡᠭᠡᠨ ᠤ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ ᠃ ᠠᠶᠤᠯᠭᠦᠢ | ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ ᠂ | ᠠᠶᠤᠯᠭᠦᠢ ᠦᠢᠯᠡᠳᠪᠦᠷᠢᠯᠡᠯ ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ᠂ ᠢᠳᠡᠭᠡᠨ ᠪᠠ ᠡᠮ ᠤᠨ ᠵᠦᠢᠯ | ︵ᠸᠠᠺᠼᠢᠨ︶ ᠤᠨ ᠠᠮᠤᠷ ᠲᠦᠪᠰᠢᠨ ᠪᠠ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠢ ᠪᠦᠬᠦ | ᠬᠦᠴᠦᠨ ᠢᠶᠠᠷ ᠢᠶᠠᠨ ᠰᠠᠶᠢᠲᠤᠷ ᠠᠳᠬᠤᠨ᠎ᠠ ᠃ ᠠᠩᠬᠠᠳᠤᠭᠠᠷ ᠤᠳᠠᠭᠠᠨ ᠤ ᠪᠦᠬᠦ ᠤᠯᠤᠰ ᠤᠨ ᠪᠠᠶᠢᠭᠠᠯᠢ ᠶᠢᠨ ᠭᠠᠢ | ᠭᠠᠮᠰᠢᠭ ᠤᠨ ᠶᠡᠷᠦᠩᠬᠡᠶᠢᠯᠡᠭᠰᠡᠨ ᠠᠶᠤᠯ ᠲᠦᠭᠰᠢᠭᠦᠷᠢ ᠶᠢ ᠨᠡᠶᠢᠳᠡᠮ ᠪᠠᠶᠢᠴᠠᠭᠠᠬᠤ ᠠᠵᠢᠯ ᠢ ᠭᠦᠨᠵᠡᠭᠡᠢ ᠥᠷᠨᠢᠭᠦᠯᠵᠦ ᠂ | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠴᠢᠳᠠᠪᠤᠷᠢ ᠪᠠ ᠬᠢᠷᠢ ᠬᠡᠮᠵᠢᠶ᠎ᠡ ᠪᠠᠨ ᠤᠯᠠᠮ ᠨᠢᠭᠡ ᠠᠯᠬᠤᠮ | ᠳᠡᠭᠡᠭᠰᠢᠯᠡᠭᠦᠯᠵᠦ ᠂ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠂ ᠤᠢ ᠰᠢᠭᠤᠢ ᠨᠤᠲᠤᠭ ᠪᠡᠯᠴᠢᠭᠡᠷ ᠤᠨ ᠭᠠᠯ ᠢ | ᠰᠡᠷᠭᠡᠶᠢᠯᠡᠬᠦ ᠂ ᠭᠠᠵᠠᠷ ᠬᠥᠳᠡᠯᠦᠯᠲᠡ ᠵᠢᠴᠢ ᠭᠠᠵᠠᠷ ᠤᠨ ᠭᠠᠢ ᠭᠠᠮᠰᠢᠭ ᠢ ᠰᠡᠷᠭᠡᠶᠢᠯᠡᠨ ᠵᠠᠰᠠᠬᠤ ᠵᠡᠷᠭᠡ ᠠᠵᠢᠯ ᠢ | ᠲᠠᠰᠤᠷᠠᠯᠳᠠ ᠦᠭᠡᠢ ᠴᠢᠩᠭᠠᠳᠬᠠᠵᠤ ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠴᠢᠳᠠᠪᠤᠷᠢ ᠪᠠᠨ | ᠳᠡᠭᠡᠭᠰᠢᠯᠡᠭᠦᠯᠦᠨ᠎ᠡ ᠃ ᠨᠡᠶᠢᠭᠡᠮ ᠤᠨ ᠶᠡᠷᠦᠩᠬᠡᠶᠢᠯᠡᠭᠰᠡᠨ ᠵᠠᠰᠠᠯᠲᠠ ᠶᠢ ᠴᠢᠩᠭᠠᠳᠬᠠᠨ᠎ᠠ ᠃ ︽ᠠᠮᠤᠷ ᠠᠮᠤᠭᠤᠯᠠᠩ | ᠬᠤᠸᠠᠳᠧ︾ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢ | ᠪᠠᠶᠢᠩᠭᠤᠵᠢᠭᠤᠯᠬᠤ ᠶᠢ ᠠᠬᠢᠭᠤᠯᠵᠤ ᠂ ᠠᠮᠤᠷ ᠲᠦᠪᠰᠢᠨ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠤᠢ | ᠪᠣᠯᠭᠠᠨ᠎ᠠ ᠃ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ ᠂ | ᠬᠠᠤᠯᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠨ᠎ᠠ ᠃ ᠵᠠᠬᠢᠳᠠᠯ ᠰᠣᠷᠪᠤᠯᠵᠢᠯᠠᠭ᠎ᠠ ᠶᠢᠨ | ᠲᠣᠭᠲᠠᠭᠤᠨ ᠪᠠᠶᠢᠳᠠᠯ ᠢ ᠬᠠᠮᠠᠭᠠᠯᠠᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ ᠂ ᠵᠠᠬᠢᠳᠠᠯ ᠰᠣᠷᠪᠤᠯᠵᠢᠯᠠᠭ᠎ᠠ ᠶᠢᠨ | ᠠᠵᠢᠯ ᠤᠨ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠴᠦ ᠂ ᠠᠩᠬᠠᠨ ᠤ ᠵᠠᠬᠢᠳᠠᠯ ᠠᠩᠬᠠᠨ ᠤ | ᠰᠣᠷᠪᠤᠯᠵᠢᠯᠠᠭ᠎ᠠ ᠶᠢ ᠰᠢᠢᠳᠪᠦᠷᠢᠯᠡᠬᠦ ᠶᠢ ᠴᠢᠩᠭᠠᠳᠬᠠᠵᠤ ᠂ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠵᠢᠭᠰᠠᠭᠠᠨ | ᠪᠠᠶᠢᠴᠠᠭᠠᠵᠤ ᠠᠷᠢᠯᠭᠠᠬᠤ ᠪᠠ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠬᠦ ᠠᠵᠢᠯ ᠢ ᠲᠣᠪᠣᠶᠢᠮ᠎ᠠ | ᠰᠠᠶᠢᠲᠤᠷ ᠠᠳᠬᠤᠨ᠎ᠠ ᠃ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ ᠯᠠᠪᠳᠠᠭᠤᠨ | ᠪᠠᠲᠤᠲᠠᠢ ᠠᠬᠢᠭᠤᠯᠵᠤ ᠂ ᠴᠡᠷᠢᠭ ᠢ ᠰᠢᠯᠢᠳᠡᠭᠵᠢᠭᠦᠯᠬᠦ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠦᠨ᠎ᠡ ᠃ | ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠢ ᠴᠢᠬᠤᠯᠠᠴᠢᠯᠠᠨ ᠰᠠᠶᠢᠲᠤᠷ ᠬᠢᠵᠦ ᠂ ᠨᠡᠶᠢᠭᠡᠮ ᠤᠨ ᠠᠵᠢᠯᠴᠢᠨ | ᠪᠠ ᠰᠠᠶᠢᠨ ᠳᠤᠷ᠎ᠠ ᠶᠢᠨ ᠠᠵᠢᠯᠯᠠᠭᠴᠢ ᠵᠡᠷᠭᠡ ᠨᠡᠶᠢᠭᠡᠮ ᠤᠨ ᠬᠦᠴᠦᠨ ᠤ ᠦᠢᠯᠡᠳᠦᠯ ᠢ ᠪᠠᠳᠠᠷᠠᠭᠤᠯᠵᠤ ᠂ | ᠡᠮᠡᠭᠲᠡᠶᠢᠴᠦᠳ᠂ ᠬᠡᠦᠬᠡᠳ᠂ ᠨᠠᠰᠤᠲᠠᠶᠢᠴᠤᠳ᠂ ᠵᠡᠮᠳᠡᠭᠴᠦᠳ ᠤᠨ ᠬᠠᠤᠯᠢ ᠶᠣᠰᠣᠨ ᠤ ᠡᠷᠬᠡ ᠠᠰᠢᠭ ᠢ ᠰᠠᠶᠢᠲᠤᠷ | ᠬᠠᠮᠠᠭᠠᠯᠠᠨ᠎ᠠ ᠃ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠂ ᠠᠵᠢᠯᠴᠢᠨ ᠤ ᠡᠪᠯᠡᠯ ᠂ ᠡᠪ ᠬᠠᠮᠲᠤ | ᠵᠠᠯᠠᠭᠤᠴᠤᠳ ᠤᠨ ᠡᠪᠯᠡᠯ ᠂ ᠡᠮᠡᠭᠲᠡᠶᠢᠴᠦᠳ ᠤᠨ ᠬᠤᠯᠪᠣᠭ᠎ᠠ ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠂ ᠰᠢᠨᠵᠢᠯᠡᠬᠦ | ᠤᠬᠠᠭᠠᠨ ᠮᠡᠷᠭᠡᠵᠢᠯ ᠤᠨ ᠨᠡᠶᠢᠭᠡᠮᠯᠢᠭ ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ ᠵᠡᠷᠭᠡ ᠵᠣᠬᠢᠶᠠᠨ | ᠪᠠᠶᠢᠭᠤᠯᠤᠯᠲᠠ ᠶᠢᠨ ᠬᠥᠭᠦᠷᠭᠡ ᠬᠤᠯᠪᠣᠭᠠᠰᠤ ᠶᠢᠨ ᠦᠢᠯᠡᠳᠦᠯ ᠢ ᠪᠠᠳᠠᠷᠠᠭᠤᠯᠬᠤ ᠶᠢ ᠴᠢᠬᠤᠯᠠᠴᠢᠯᠠᠵᠤ ᠂ ᠲᠤᠭ᠎ᠠ | ᠪᠦᠷᠢᠳᠬᠡᠯ ᠂ ᠠᠷᠠᠳ ᠤᠨ ᠠᠭᠠᠷ ᠤᠨ ᠰᠡᠷᠭᠡᠶᠢᠯᠡᠯᠲᠡ᠂ ᠴᠠᠭ ᠠᠭᠤᠷ ᠂ ᠲᠠᠩᠰᠠ ᠡᠪᠬᠡᠮᠡᠯ ᠵᠡᠷᠭᠡ ᠠᠵᠢᠯ ᠢ ᠬᠢᠨᠠᠮᠠᠭᠠᠢ | ᠰᠠᠶᠢᠲᠤᠷ ᠬᠢᠵᠦ ᠂ ᠨᠡᠶᠢᠭᠡᠮ ᠤᠨ ᠡᠯ᠎ᠡ ᠵᠦᠢᠯ ᠤᠨ ᠦᠢᠯᠡᠰ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠲᠦᠯᠬᠢᠨ | ᠠᠬᠢᠭᠤᠯᠤᠨ᠎ᠠ ᠃ | ︵ᠲᠤᠯᠤᠭ᠎ᠠ︶ 2022 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠠᠵᠢᠯ ᠢ ᠯᠠᠪᠳᠠᠭᠤᠨ | ᠪᠠᠲᠤᠲᠠᠢ ᠥᠷᠨᠢᠭᠦᠯᠦᠨ᠎ᠡ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠨᠢ ᠠᠷᠠᠳ ᠤᠯᠠᠨ ᠤ ᠬᠠᠯᠠᠭᠤᠨ ᠬᠦᠢᠲᠡᠨ ᠲᠠᠢ ᠬᠤᠯᠪᠣᠭᠳᠠᠵᠤ | ᠪᠠᠶᠢᠳᠠᠭ ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠬᠦ ᠪᠣᠯ ᠵᠠᠰᠠᠭ ᠤᠨ ᠣᠷᠳᠣᠨ ᠤ | ᠵᠠᠶᠢᠯᠠᠭᠤᠯᠵᠤ ᠪᠣᠯᠣᠰᠢ ᠦᠭᠡᠢ ᠡᠭᠦᠷᠭᠡ ᠬᠠᠷᠢᠭᠤᠴᠠᠯᠭ᠎ᠠ ᠮᠥᠨ᠃ ᠡᠨᠡ ᠵᠢᠯ ᠪᠣᠯ ᠮᠠᠨ ᠤ ᠰᠢᠶᠠᠨ ᠤ ᠰᠢᠶᠠᠨ ᠰᠢᠶᠠᠩ | ᠬᠤᠶᠠᠷ ᠱᠠᠲᠤᠨ ᠤ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠪᠢᠯᠧᠲ ᠥᠭᠬᠦ ᠳᠦᠷᠢᠮ ᠢ ᠪᠦᠬᠦ ᠲᠠᠯ᠎ᠠ | ᠪᠠᠷ ᠬᠡᠷᠡᠭᠵᠢᠭᠦᠯᠬᠦ ᠠᠩᠬᠠᠨ ᠤ ᠵᠢᠯ᠂ ᠠᠷᠠᠳ ᠢᠷᠭᠡᠳ ᠤᠨ ᠳᠡᠷᠭᠡᠳᠡᠬᠢ ᠰᠠᠨᠠᠭ᠎ᠠ ᠪᠣᠯᠵᠤ ᠪᠠᠶᠢᠭ᠎ᠠ ᠤᠴᠢᠷ᠂ | ᠰᠠᠨᠠᠭᠠᠰᠢᠷᠠᠵᠤ ᠪᠠᠶᠢᠭ᠎ᠠ ᠤᠴᠢᠷ᠂ ᠰᠠᠨᠠᠭ᠎ᠠ ᠵᠣᠪᠠᠭ᠋ᠤ ᠤᠴᠢᠷ ᠶᠠᠪᠤᠳᠠᠯ ᠢ ᠨᠡᠩ ᠰᠠᠶᠢᠨ ᠰᠢᠢᠳᠪᠤᠷᠢᠯᠡᠵᠦ᠂ ᠠᠷᠠᠳ | ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠲᠠᠰᠤᠷᠠᠯᠳᠠ | ᠦᠭᠡᠢ ᠬᠠᠩᠭᠠᠬᠤ ᠶᠢᠨ ᠲᠦᠯᠦᠭᠡ᠂ ᠰᠢᠶᠠᠨ ᠤ ᠵᠠᠰᠠᠭ ᠤᠨ ᠣᠷᠳᠣᠨ ᠣᠨᠴᠠᠭᠠᠶᠢᠯᠠᠨ ᠨᠡᠶᠢᠭᠡᠮ ᠨᠡᠶᠢᠲᠡ ᠠᠴᠠ | 2022 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠤᠬᠠᠢ ᠰᠠᠨᠠᠭᠤᠯᠭ᠎ᠠ ᠶᠢ ᠢᠯᠡ ᠪᠠᠷ | ᠴᠤᠭᠯᠠᠭᠤᠯᠪᠠ ᠂ ᠪᠢᠳᠡ ︽ᠴᠢᠳᠠᠯ ᠤᠨ ᠬᠢᠷᠢ ᠪᠠᠷ ᠢᠶᠠᠨ ᠴᠢᠷᠮᠠᠶᠢᠬᠤ ᠂ ᠴᠢᠳᠠᠯ ᠤᠨ ᠢᠶᠠᠨ ᠬᠢᠷᠢ ᠪᠠᠷ ᠬᠢᠬᠦ ︾ ᠵᠠᠷᠴᠢᠮ ᠢ | ᠪᠠᠷᠢᠮᠲᠠᠯᠠᠵᠤ ᠂ ᠤᠯᠠᠨ ᠲᠦᠮᠡᠨ ᠤ ᠲᠤᠰᠬᠠᠯ ᠴᠢᠩᠭ᠎ᠠ ᠂ ᠪᠠᠴᠢᠮ ᠰᠢᠢᠳᠪᠦᠷᠢᠯᠡᠬᠦ ᠴᠢᠬᠤᠯᠠᠲᠠᠢ ᠬᠤᠳᠠ ᠪᠠᠯᠭᠠᠰᠤᠨ ᠤ | ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠰᠤᠷᠭᠠᠨ ᠬᠥᠮᠦᠵᠢᠯ ᠡᠮ ᠡᠮᠨᠡᠯᠭᠡ ᠵᠡᠷᠭᠡ ᠬᠦᠷᠢᠶᠡᠨ ᠳᠤ | ᠬᠤᠯᠪᠣᠭᠳᠠᠭᠰᠠᠨ 8 ᠵᠦᠢᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠭᠤᠣᠯᠳᠠᠯᠭ᠎ᠠ ᠲᠠᠢ ᠰᠣᠩᠭᠤᠪᠠ ᠃ | ᠳᠥᠷᠪᠡ᠂ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠨ᠎ᠠ | ᠲᠥᠯᠥᠭᠡᠯᠡᠭᠴᠢᠳ ᠠ᠋ ︕ ᠰᠢᠨ᠎ᠡ ᠭᠠᠷᠤᠭ᠎ᠠ ᠳᠡᠭᠡᠷ᠎ᠡ ᠵᠣᠭᠰᠣᠵᠤ ᠂ ᠰᠢᠨ᠎ᠡ ᠪᠠᠶᠢᠳᠠᠯ ᠰᠢᠨ᠎ᠡ ᠡᠭᠦᠷᠭᠡ ᠰᠢᠨ᠎ᠡ | ᠥᠷᠢᠰᠦᠯᠳᠦᠭᠡᠨ ᠤ ᠡᠮᠦᠨ᠎ᠡ ᠂ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠨᠢ ᠬᠡᠬᠦᠳᠡᠭ | ᠴᠡᠭᠡᠵᠢᠨ ᠳᠤ ᠪᠠᠨ ︽ᠬᠤᠶᠠᠷ ᠶᠡᠭᠡ ᠲᠠᠯ᠎ᠠ︾ ᠶᠢ ᠪᠠᠭᠲᠠᠭᠠᠵᠤ ᠂ ︽ ᠲᠦᠷᠦ ᠭᠦᠷᠦᠨ ᠤ ᠶᠡᠭᠡ ᠶᠠᠪᠤᠳᠠᠯ︾ ᠢ ᠪᠤᠳᠤᠵᠤ ᠂ | ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ ᠂ ᠬᠦᠰᠡᠯ ᠨᠠᠶᠢᠳᠠᠯᠭ᠎ᠠ ᠶᠢ ᠪᠠᠲᠤ | ᠴᠡᠭᠡᠵᠢᠯᠡᠵᠦ ᠂ ᠡᠭᠦᠷᠭᠡ ᠬᠠᠷᠢᠭᠤᠴᠠᠯᠭ᠎ᠠ ᠶᠢ ᠵᠣᠷᠢᠭᠲᠠᠢ ᠪᠠᠷ ᠡᠭᠦᠷᠭᠡᠯᠡᠵᠦ ᠂ ᠰᠠᠬᠢᠨ ᠪᠠᠷᠠᠯᠠᠵᠥ ᠬᠠᠷᠢᠯᠴᠠᠨ | ᠬᠠᠪᠰᠤᠷᠤᠯᠴᠠᠵᠤ ᠂ ᠵᠠᠮ ᠨᠡᠭᠡᠭᠡᠨ ᠤᠷᠤᠭᠰᠢᠯᠠᠵᠤ ᠂ ᠯᠠᠪᠲᠠᠢ ᠡᠭᠦᠷᠭᠡ ᠬᠠᠷᠢᠭᠤᠴᠠᠯᠭ᠎ᠠ ᠪᠠᠨ ᠭᠤᠲᠤᠭᠠᠬᠤ ᠦᠭᠡᠢ ᠂ | ᠬᠦᠨᠳᠦ ᠨᠠᠶᠢᠳᠠᠯᠭ᠎ᠠ ᠶᠢ ᠬᠥᠰᠡᠷᠳᠡᠭᠦᠯᠬᠦ ᠦᠭᠡᠢ ᠪᠠᠶᠢᠵᠤ ᠂ ᠵᠠᠰᠠᠭ ᠤᠨ ᠣᠷᠳᠣᠨ ᠤ ᠵᠠᠰᠠᠯᠲᠠ ᠶᠢᠨ ᠰᠢᠰᠲ᠋ᠧᠮ ᠪᠣᠯᠣᠨ | ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ ᠃ | ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠮᠵᠢ ᠪᠣᠯᠭᠠᠵᠤ᠂ ᠤᠯᠤᠰ | ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ | ᠬᠡᠷᠡᠭᠵᠢᠭᠦᠯᠬᠦ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠢ ᠶᠢᠨ ᠫᠢᠩ ᠶᠡᠷᠦᠩᠬᠡᠢ ᠱᠦᠵᠢ ᠶᠢᠨ | ᠥᠪᠥᠷ ᠮᠣᠩᠭᠤᠯ ᠤᠨ ᠴᠢᠬᠤᠯᠠ ᠶᠠᠷᠢᠶᠠᠨ ᠤ ᠴᠢᠬᠤᠯᠠ ᠵᠢᠭᠠᠪᠤᠷᠢ ᠴᠣᠬᠤᠯᠠᠪᠤᠷᠢ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢ ᠡᠷᠡᠰ ᠰᠠᠶᠢᠲᠤᠷ ᠠᠳᠬᠤᠵᠤ᠂ ︽ᠳᠥᠷᠪᠡᠨ ᠤᠬᠠᠮᠰᠠᠷ︾ ᠢ ᠴᠢᠩᠭᠠᠳᠬᠠᠨ᠂ ︽ᠳᠥᠷᠪᠡᠨ | ᠢᠲᠡᠭᠡᠯ︾ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠦᠨ᠂ ︽ᠬᠤᠶᠠᠷ ᠢ ᠲᠣᠭᠲᠠᠭᠠᠬᠤ︾ ᠶᠢ | ᠡᠷᠡᠰ ᠭᠤᠶᠢᠪᠢᠰᠢ ᠦᠭᠡᠢ ᠪᠠᠷ ᠪᠠᠷᠢᠮᠲᠠᠯᠠᠨ ᠬᠠᠮᠠᠭᠠᠯᠠᠬᠤ ᠬᠡᠷᠡᠭᠲᠡᠢ᠃ ᠤᠯᠤᠰ ᠲᠦᠷᠦ ᠶᠢᠨ ᠶᠣᠰᠣ ᠳᠦᠷᠢᠮ ᠢ | ᠴᠢᠩᠭ᠎ᠠ ᠰᠠᠬᠢᠵᠤ ᠂ ᠠᠷᠠᠳᠴᠢᠯᠠᠯ ᠲᠥᠪᠯᠡᠷᠡᠯ ᠤᠨ ᠶᠣᠰᠣ ᠂ ᠴᠢᠬᠤᠯᠠ ᠶᠡᠭᠡ ᠬᠡᠷᠡᠭ ᠶᠠᠪᠤᠳᠠᠯ ᠳᠤ ᠵᠢᠭᠠᠪᠤᠷᠢ ᠠᠪᠴᠤ | ᠮᠡᠳᠡᠭᠦᠯᠦᠯᠲᠡ ᠬᠢᠬᠦ ᠵᠡᠷᠭᠡ ᠵᠠᠷᠴᠢᠮ ᠢ ᠪᠠᠷᠢᠮᠲᠠᠯᠠᠵᠤ ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠣᠭᠲᠠᠴᠠ ᠶᠢ | ᠪᠦᠷᠢᠨᠰᠢᠭᠦᠯᠦᠨ᠂ ᠠᠵᠢᠯ ᠤᠨ ᠠᠷᠭ᠎ᠠ ᠬᠡᠯᠪᠡᠷᠢ ᠪᠠᠨ ᠰᠠᠶᠢᠵᠢᠷᠠᠭᠤᠯᠵᠤ ᠂ ᠰᠢᠢᠳᠪᠦᠷᠢᠲᠦ ᠪᠣᠳᠣᠯᠭ᠎ᠠ ᠰᠢᠨᠵᠢᠯᠡᠬᠦ | ᠤᠬᠠᠭᠠᠨᠴᠢ ᠂ ᠠᠵᠢᠯᠯᠠᠭ᠎ᠠ ᠥᠨᠳᠥᠷ ᠪᠦᠲᠦᠮᠵᠢᠲᠡᠢ ᠂ ᠤᠳᠤᠷᠢᠳᠤᠯᠭ᠎ᠠ ᠬᠦᠴᠦᠲᠡᠢ ᠪᠠᠶᠢᠬᠤ ᠶᠢ ᠠᠬᠢᠭᠤᠯᠤᠨ᠎ᠠ ᠃ | ᠦᠵᠡᠯ ᠰᠠᠨᠠᠭ᠎ᠠ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠵᠤ ᠂ ᠪᠦᠬᠦ ᠰᠢᠶᠠᠨ ᠤ ᠥᠷᠭᠡᠨ ᠤᠯᠠᠨ | ᠺᠠᠳ᠋ᠷᠴᠤᠳ ᠢ ᠰᠤᠷᠭᠠᠨ ᠬᠥᠮᠥᠵᠢᠭᠦᠯᠵᠦ ᠬᠥᠲᠥᠯᠥᠨ ᠵᠢᠯᠤᠭᠤᠳᠴᠤ ᠂ ᠢᠮᠠᠭᠲᠠ ᠦᠵᠡᠯ ᠰᠠᠨᠠᠭ᠎ᠠ ᠂ ᠤᠯᠤᠰ ᠲᠦᠷᠦ ᠂ | ᠦᠢᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠵᠤ ᠂ ᠨᠠᠮ ᠤᠨ ᠲᠥᠪ ᠬᠤᠷᠢᠶᠠᠨ ᠤ ᠦᠨᠳᠦᠰᠦᠨ ᠪᠣᠳᠣᠯᠭ᠎ᠠ | ᠴᠢᠭᠯᠡᠯᠲᠡ ᠶᠢ ᠲᠡᠷᠡ ᠶᠣᠰᠣᠭᠠᠷ ᠨᠢ ᠠᠬᠢᠭᠤᠯᠵᠤ ᠂ ᠥᠪᠡᠷᠲᠡᠭᠡᠨ ᠵᠠᠰᠠᠬᠤ ᠣᠷᠣᠨ᠂ ᠬᠤᠳᠠ ᠶᠢᠨ ᠨᠠᠮ ᠤᠨ ᠬᠤᠷᠢᠶ᠎ᠠ | ᠵᠠᠰᠠᠭ ᠤᠨ ᠣᠷᠳᠣᠨ ᠪᠣᠯᠣᠨ ᠰᠢᠶᠠᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠬᠦᠴᠦᠲᠡᠢ | ᠪᠦᠲᠦᠮᠵᠢᠲᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ | ᠬᠠᠤᠯᠢ ᠪᠠᠷ ᠵᠠᠰᠠᠬᠤ ᠪᠠᠶᠢᠭᠤᠯᠤᠯᠲᠠ ᠶᠢ ᠴᠢᠩᠭᠠᠳᠬᠠᠨ᠎ᠠ ᠃ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ | ᠰᠠᠨᠠᠭ᠎ᠠ ᠶᠢ ᠡᠷᠡᠰ ᠭᠤᠶᠢᠪᠢᠰᠢ ᠦᠭᠡᠢ ᠪᠠᠷ ᠲᠤᠭᠤᠰᠢᠯᠠᠭᠤᠯᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ | ᠪᠠᠶᠢᠭᠤᠯᠤᠯᠲᠠ ᠶᠢᠨ ᠡᠭᠦᠷᠭᠡ ᠶᠢ ᠡᠷᠡᠰ ᠨᠠᠶᠢᠳᠠᠪᠤᠷᠢᠵᠢᠭᠤᠯᠤᠨ᠂ ᠬᠠᠤᠯᠢ ᠪᠠᠷ ᠵᠠᠰᠠᠬᠤ ᠦᠵᠡᠯᠲᠡ ᠪᠠᠨ ᠦᠨᠡᠨᠬᠦ | ᠴᠢᠩᠭᠠᠷᠠᠭᠤᠯᠵᠤ ᠂ ᠴᠢᠬᠤᠯᠠ ᠶᠡᠭᠡ ᠥᠷᠢᠰᠦᠯᠳᠦᠭᠡᠨ ᠢ ᠬᠠᠤᠯᠢ ᠶᠣᠰᠣᠭᠠᠷ ᠠᠷᠭᠠᠴᠠᠬᠤ ᠂ ᠴᠢᠬᠤᠯᠠ ᠶᠡᠭᠡ | ᠲᠦᠭᠰᠢᠭᠦᠷᠢ ᠶᠢ ᠬᠤᠷᠢᠭᠯᠠᠬᠤ ᠂ ᠴᠢᠬᠤᠯᠠ ᠶᠡᠭᠡ ᠬᠠᠷᠰᠢ ᠰᠠᠭᠠᠳ ᠢ ᠢᠯᠠᠨ ᠳᠠᠪᠠᠭ᠋ᠤ ᠂ ᠴᠢᠬᠤᠯᠠ ᠶᠡᠭᠡ ᠵᠥᠷᠢᠴᠡᠯ ᠢ | ᠰᠢᠢᠳᠪᠦᠷᠢᠯᠡᠬᠦ ᠶᠢ ᠪᠠᠷᠢᠮᠲᠠᠯᠠᠨ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠵᠠᠰᠠᠭ ᠤᠨ ᠣᠷᠳᠣᠨ ᠤ ᠠᠵᠢᠯ ᠤᠨ ᠡᠯ᠎ᠡ | ᠬᠦᠷᠢᠶ᠎ᠡ ᠂ ᠡᠯ᠎ᠡ ᠲᠠᠯ᠎ᠠ ᠂ ᠡᠯ᠎ᠡ ᠭᠤᠭᠴᠤᠭ᠎ᠠ ᠳᠤ ᠲᠤᠭᠤᠰᠢᠯᠠᠭᠤᠯᠬᠤ ᠶᠢ ᠦᠨᠡᠨᠬᠦ ᠪᠠᠲᠤᠯᠠᠨ᠎ᠠ ᠃ ︽ᠭᠤᠷᠪᠠᠨ | ᠴᠢᠬᠤᠯᠠ ᠨᠢᠭᠡ ᠶᠡᠭᠡ︾ ᠶᠢᠨ ᠬᠠᠮᠲᠤ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠡᠷᠭᠡ ᠳᠦᠷᠢᠮ ᠢ ᠴᠢᠩᠭ᠎ᠠ | ᠬᠡᠷᠡᠭᠵᠢᠭᠦᠯᠵᠦ ᠂ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢᠨ ᠳᠦᠷᠢᠮ ᠢ ᠦᠷᠭᠦᠯᠵᠢᠯᠡᠨ | ᠬᠡᠷᠡᠭᠵᠢᠭᠦᠯᠵᠦ ᠂ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠤᠨ ᠬᠢᠨᠠᠨ | ᠪᠠᠶᠢᠴᠠᠭᠠᠯᠲᠠ ᠶᠢ ᠴᠢᠩᠭᠠᠳᠬᠠᠵᠤ ᠂ ᠬᠠᠤᠯᠢ ᠴᠠᠭᠠᠵᠠ ᠶᠢᠨ ᠡᠷᠬᠡ ᠶᠢᠨ ᠬᠢᠵᠠᠭᠠᠷ ᠪᠠ ᠵᠢᠷᠤᠮ ᠢ ᠴᠢᠩᠭ᠎ᠠ ᠵᠢᠷᠤᠮᠯᠠᠨ | ᠡᠭᠦᠷᠭᠡ ᠴᠢᠳᠠᠪᠤᠷᠢ ᠪᠠᠨ ᠭᠦᠢᠴᠡᠳᠬᠡᠵᠦ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢᠳ ᠤᠨ ᠰᠠᠨᠠᠭᠤᠯᠭ᠎ᠠ ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠵᠥᠪᠯᠡᠯᠭᠡ ᠪᠠ | ᠠᠷᠠᠳ ᠤᠯᠠᠨ ᠤ ᠵᠠᠬᠢᠳᠠᠯ ᠰᠣᠷᠪᠤᠯᠵᠢᠯᠠᠭ᠎ᠠ ᠶᠢ ᠴᠢᠨᠠᠷ ᠰᠠᠶᠢᠲᠠᠢ ᠰᠠᠶᠢᠲᠤᠷ ᠰᠢᠢᠳᠪᠦᠷᠢᠯᠡᠨ᠎ᠡ ᠃ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠤᠯᠤᠰ ᠲᠦᠷᠦ ᠶᠢᠨ ᠵᠥᠪᠯᠡᠯᠭᠡᠨ ᠤ | ᠠᠷᠠᠳᠴᠢᠯᠠᠭᠰᠠᠨ ᠬᠢᠨᠠᠯᠲᠠ᠂ ᠶᠠᠷᠢᠶ᠎ᠠ ᠬᠡᠯᠡᠯᠴᠡᠭᠡᠨ ᠤ ᠬᠢᠨᠠᠯᠲᠠ ᠪᠠ ᠨᠡᠶᠢᠭᠡᠮ ᠤᠨ ᠡᠯ᠎ᠡ ᠲᠠᠯ᠎ᠠ ᠶᠢᠨ ᠬᠢᠨᠠᠯᠲᠠ ᠶᠢ | ᠤᠬᠠᠮᠰᠠᠷ ᠠᠴᠠ ᠪᠠᠨ ᠬᠦᠯᠢᠶᠡᠵᠦ ᠂ ᠡᠷᠬᠡ ᠶᠢ ᠢᠯᠡ ᠪᠠᠷ ᠬᠡᠷᠡᠭᠵᠢᠭᠦᠯᠦᠨ᠎ᠡ ᠃ | ᠪᠦᠬᠦ ᠲᠠᠯ᠎ᠠ ᠪᠠᠷ ᠵᠠᠰᠠᠭ ᠢ ᠴᠢᠩᠭ᠎ᠠ ᠵᠠᠰᠠᠨ᠎ᠠ᠃ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠤᠨ ᠪᠠ | ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠠᠵᠢᠯ ᠢ ᠭᠤᠶᠢᠪᠢᠰᠢ | ᠦᠭᠡᠢ ᠠᠬᠢᠭᠤᠯᠵᠤ᠂ ᠵᠠᠰᠠᠭ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠬᠢᠨᠠᠨ ᠵᠥᠪᠰᠢᠶᠡᠷᠡᠬᠦ ᠦᠢᠯᠡᠴᠢᠯᠡᠭᠡ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ᠂ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ᠂ ᠪᠡᠯᠡ | ᠮᠥᠩᠭᠦ ᠶᠢᠨ ᠬᠠᠮᠢᠶᠠᠷᠤᠯᠲᠠ ᠬᠡᠷᠡᠭᠯᠡᠯᠲᠡ ᠵᠡᠷᠭᠡ ᠢᠯᠵᠠᠷᠠᠮᠠᠯ ᠤᠨ ᠦᠵᠡᠭᠳᠡᠯ ᠠᠮᠠᠷᠬᠠᠨ ᠡᠭᠦᠰᠴᠦ ᠣᠯᠠᠨ ᠡᠭᠦᠰᠳᠡᠭ | ᠭᠤᠣᠯᠳᠠᠯᠭ᠎ᠠ ᠲᠠᠢ ᠬᠦᠷᠢᠶ᠎ᠡ ᠪᠠ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠨᠡᠭᠡᠭᠡᠨ ᠬᠥᠭᠵᠢᠭᠦᠯᠬᠦ | ᠣᠷᠣᠨ ᠤ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠪᠠ ᠠᠮᠤ ᠪᠤᠳᠠᠭ᠎ᠠ ᠬᠤᠳᠠᠯᠳᠤᠨ ᠠᠪᠬᠤ ᠪᠠ | ᠪᠣᠷᠣᠯᠠᠭᠤᠯᠬᠤ ᠬᠦᠷᠢᠶᠡᠨ ᠳᠠᠬᠢ ᠢᠯᠵᠠᠷᠠᠯ ᠤᠨ ᠠᠰᠠᠭᠤᠳᠠᠯ ᠢ ᠲᠤᠰᠬᠠᠢ ᠵᠦᠢᠯ ᠢᠶᠠᠷ ᠴᠡᠭᠴᠡᠯᠡᠨ ᠵᠠᠰᠠᠬᠤ ᠠᠵᠢᠯ ᠢ | ᠯᠠᠪᠳᠠᠭᠤᠨ ᠢᠶᠠᠷ ᠲᠦᠯᠬᠢᠨ ᠠᠬᠢᠭᠤᠯᠵᠤ ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠠᠶᠤᠯ ᠲᠦᠭᠰᠢᠭᠦᠷᠢ ᠶᠢᠨ ᠴᠡᠭ ᠢ | ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ ᠂ ᠬᠢᠨᠠᠨ ᠪᠤᠳᠤᠵᠤ ᠬᠢᠨᠠᠯᠲᠠ ᠲᠠᠯᠪᠢᠬᠤ ᠶᠢ ᠴᠢᠩᠭᠠᠳᠬᠠᠨ᠂ ᠠᠯᠳᠠᠰᠢ | ᠭᠠᠷᠬᠤ ᠶᠢ ᠤᠯᠠᠮ ᠨᠢᠭᠡ ᠠᠯᠬᠤᠮ ᠬᠤᠷᠢᠭᠯᠠᠵᠤ ᠂ ᠳᠦᠷᠢᠮ ᠤᠨ ᠰᠢᠩᠭᠡᠯᠢᠭ ᠢ ᠤᠯᠠᠮ ᠨᠢᠭᠡ ᠠᠯᠬᠤᠮ | ᠪᠠᠬᠢᠵᠢᠭᠦᠯᠦᠨ᠎ᠡ ᠃ ᠲᠥᠪ ᠬᠤᠷᠢᠶᠠᠨ ᠤ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ | ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ ᠂ ᠬᠡᠯᠪᠡᠷᠢᠴᠢ ᠦᠵᠡᠯ ᠂ ᠨᠣᠶᠠᠨᠴᠢ ᠰᠤᠷᠲᠠᠯ ᠢ ᠡᠷᠡᠰ ᠵᠠᠯᠠᠷᠠᠭᠤᠯᠵᠤ ᠂ | ᠤᠯᠠᠨ ᠲᠦᠮᠡᠨ ᠤ ᠳᠡᠷᠭᠡᠳᠡ ᠡᠭᠦᠰᠦᠭᠰᠡᠨ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠬᠦᠴᠦᠯᠡᠨ | ᠰᠢᠢᠳᠪᠦᠷᠢᠯᠡᠨ᠎ᠡ ᠃ ᠵᠠᠰᠠᠭ ᠤᠨ ᠣᠷᠳᠣᠨ ᠤ ᠠᠷᠪᠢᠯᠠᠨ ᠭᠠᠮᠨᠠᠬᠤ ᠶᠢ ᠪᠠᠷᠢᠮᠲᠠᠯᠠᠵᠤ ᠂ ︽ᠭᠤᠷᠪᠠᠨ ᠵᠦᠢᠯ ᠤᠨ | ᠠᠯᠪᠠᠨ ᠤ ᠵᠠᠷᠤᠳᠠᠯ ︾ ᠪᠠ ᠡᠩ ᠤᠨ ᠴᠢᠨᠠᠷᠲᠠᠢ ᠵᠠᠷᠤᠯᠭ᠎ᠠ ᠶᠢ ᠴᠢᠩᠭ᠎ᠠ ᠬᠢᠵᠠᠭᠠᠷᠯᠠᠵᠤ ᠂ ᠬᠢᠵᠠᠭᠠᠷ ᠲᠠᠢ ᠪᠡᠯᠡ | ᠮᠥᠩᠭᠦ ᠶᠢ ᠵᠠᠩᠭᠢᠯᠠᠭ᠎ᠠ ᠶᠢᠨ ᠭᠠᠵᠠᠷ ᠲᠤᠨᠢ ᠬᠡᠷᠡᠭᠯᠡᠨ᠎ᠡ ᠃ | ᠵᠠᠰᠠᠭ ᠤᠨ ᠶᠠᠪᠤᠳᠠᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ ᠃ ᠠᠷᠠᠳ ᠲᠦᠮᠡᠨ ᠢ ᠳᠡᠭᠡᠳᠦᠯᠡᠬᠦ | ᠣᠶᠢᠯᠠᠭᠠᠭᠳᠠᠬᠤᠨ ᠢ ᠡᠷᠡᠰ ᠭᠤᠶᠢᠪᠢᠰᠢ ᠦᠭᠡᠢ ᠦᠢᠯᠡᠳᠦᠯᠭᠡᠵᠢᠭᠦᠯᠵᠦ᠂ ᠠᠷᠠᠳ ᠲᠦᠮᠡᠨ ᠤ ᠲᠥᠯᠥᠭᠡ ᠦᠨᠡᠨᠴᠢ | ᠪᠣᠷᠣᠭᠵᠢᠭᠤᠨ ᠪᠠᠶᠢᠬᠤ ᠬᠠᠶᠢᠷ᠎ᠠ ᠰᠡᠳᠬᠢᠯᠭᠡ ᠶᠢ ᠢᠮᠠᠭᠲᠠ ᠪᠠᠷᠢᠮᠲᠠᠯᠠᠵᠤ ᠂ ᠨᠠᠮ ᠤᠨ ᠤᠭ ᠰᠠᠨᠠᠭ᠎ᠠ ᠡᠭᠦᠷᠭᠡ | ᠬᠠᠷᠢᠭᠤᠴᠠᠯᠭ᠎ᠠ ᠪᠠ ᠦᠨᠳᠦᠰᠦᠨ ᠵᠣᠷᠢᠯᠲᠠ ᠶᠢ ᠭᠤᠶᠢᠪᠢᠰᠢ ᠦᠭᠡᠢ ᠦᠢᠯᠡᠳᠦᠯᠭᠡᠵᠢᠭᠦᠯᠵᠦ ᠂ ᠠᠷᠠᠳ ᠲᠦᠮᠡᠨ ᠳᠤ | ᠪᠤᠶᠠᠨ ᠦᠢᠯᠡᠳᠬᠦ ᠶᠢ ᠬᠠᠮᠤᠭ ᠤᠨ ᠴᠢᠬᠤᠯᠠ ᠵᠠᠰᠠᠭ ᠤᠨ ᠠᠵᠢᠯ ᠤᠨ ᠪᠦᠲᠦᠮᠵᠢ ᠂ ᠬᠠᠮᠤᠭ ᠤᠨ ᠦᠨᠳᠦᠰᠦᠨ | ᠡᠭᠦᠷᠭᠡ ᠬᠠᠷᠢᠭᠤᠴᠠᠯᠭ᠎ᠠ ᠪᠠᠨ ᠪᠣᠯᠭᠠᠵᠤ ᠂ ᠤᠯᠠᠨ ᠲᠦᠮᠡᠨ ᠤ ᠪᠠᠴᠢᠮ ᠬᠦᠴᠢᠷ ᠵᠣᠪᠠᠭᠤᠷᠢ ᠶᠢ ᠰᠡᠳᠬᠢᠯ ᠲᠠᠯᠪᠢᠨ | ᠬᠠᠶᠢᠷ᠎ᠠ ᠰᠡᠳᠬᠢᠯᠭᠡ ᠲᠠᠢ ᠪᠠᠷ ᠬᠦᠴᠦᠯᠡᠨ ᠰᠢᠢᠳᠪᠦᠷᠢᠯᠡᠬᠦ ᠬᠡᠷᠡᠭᠲᠡᠢ ᠃ ᠵᠠᠰᠠᠭ ᠤᠨ ᠣᠷᠳᠣᠨ ᠤ ᠰᠢᠰᠲ᠋ᠧᠮ ᠤᠨ | ᠪᠠᠶᠢᠭᠤᠯᠭ᠎ᠠ ᠶᠢᠨ ᠦᠢᠯᠡᠳᠦᠯ ᠴᠢᠳᠠᠪᠤᠷᠢ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ ᠂ ᠠᠵᠢᠯ ᠤᠨ ᠠᠮᠵᠢᠯᠲᠠ | ᠪᠦᠲᠦᠮᠵᠢ ᠶᠢ ᠬᠢᠨᠠᠨ ᠰᠢᠯᠭᠠᠬᠤ ᠠᠵᠢᠯ ᠤᠨ ᠲᠣᠭᠲᠠᠴᠠ ᠶᠢ ᠪᠦᠷᠢᠨᠰᠢᠭᠦᠯᠦᠨ᠂ ᠦᠬᠡᠨᠴᠡ ᠵᠠᠰᠠᠭ ᠵᠠᠯᠬᠠᠭᠤ ᠵᠠᠰᠠᠭ | ᠬᠤᠶᠢᠷᠭᠤ ᠵᠠᠰᠠᠭ ᠢ ᠴᠡᠭᠴᠡᠯᠡᠵᠦ ᠂ ᠪᠣᠳᠠᠲᠠᠢ ᠠᠵᠢᠯᠯᠠᠬᠤ ᠤᠳᠤᠷᠢᠳᠤᠮᠵᠢ ᠶᠢ ᠪᠤᠢ ᠪᠣᠯᠭᠠᠵᠤ ᠂ ᠵᠥᠪ ᠴᠢᠭᠯᠡᠯ ᠢᠶᠠᠷ | ᠤᠷᠮᠠᠰᠢᠭᠤᠯᠬᠤ ᠶᠢ ᠴᠢᠩᠭᠠᠳᠬᠠᠵᠤ ᠂ ᠦᠨᠡᠨ ᠬᠦ ᠠᠳᠬᠤᠵᠤ ᠪᠣᠳᠠᠲᠠᠢ ᠠᠵᠢᠯᠯᠠᠬᠤ ᠰᠤᠷᠲᠠᠯ ᠢ ᠶᠡᠬᠡᠪᠡᠷ | ᠪᠠᠳᠠᠷᠠᠭᠤᠯᠵᠤ ᠂ ᠰᠤᠷᠲᠠᠯ ᠤᠨ ᠪᠠᠶᠢᠭᠤᠯᠤᠯᠲᠠ ᠶᠢ ᠴᠥᠬᠦᠷᠡᠰᠢ ᠦᠭᠡᠢ ᠠᠳᠬᠤᠵᠤ ᠂ ᠵᠣᠷᠢᠭᠲᠠᠢ ᠪᠠᠷ ᠬᠠᠷᠢᠭᠤᠴᠠᠯᠭ᠎ᠠ | ᠡᠭᠦᠷᠭᠡᠯᠡᠬᠦ ᠰᠠᠶᠢᠨ ᠬᠡᠪ ᠨᠠᠮᠪᠠ ᠂ ᠴᠢᠳᠠᠮᠠᠭᠠᠢ ᠪᠠᠷ ᠠᠵᠢᠯ ᠬᠢᠬᠦ ᠵᠢᠩᠬᠢᠨᠢ ᠴᠢᠳᠠᠪᠤᠷᠢ ᠪᠠᠷ ᠢᠶᠠᠨ ᠡᠯ᠎ᠡ ᠵᠦᠢᠯ ᠤᠨ | ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ ᠃ | ᠲᠥᠯᠥᠭᠡᠯᠡᠭᠴᠢᠳ ᠠ᠋ ᠂ ᠰᠢᠨ᠎ᠡ ᠤᠳᠤᠷᠢᠳᠬᠤ ᠪᠠᠭ ᠤᠨ ᠬᠢᠨ ᠰᠢᠨ᠎ᠡ ᠳᠦᠷᠰᠦ ᠪᠠᠶᠢᠳᠠᠯ ᠢ ᠢᠯᠡᠷᠡᠭᠦᠯᠵᠦ ᠂ | ᠰᠢᠨ᠎ᠡ ᠠᠶᠠᠨ ᠵᠠᠮ ᠳᠤ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠶᠢ ᠬᠦᠰᠡᠨ ᠱᠠᠭᠠᠷᠳᠠᠵᠤ ᠪᠠᠶᠢᠨ᠎ᠠ ᠃ ᠪᠢᠳᠡ | ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ | ᠪᠦᠯᠬᠦᠮᠳᠡᠵᠦ᠂ ᠰᠢᠶᠠᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠂ ᠤᠯᠤᠰ ᠲᠦᠷᠦ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠣᠷ᠎ᠠ ᠂ ᠪᠦᠬᠦ | ᠰᠢᠶᠠᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠢ ᠴᠢᠩᠭ᠎ᠠ ᠲᠦᠰᠢᠭᠯᠡᠨ ᠪᠦᠯᠬᠦᠮᠳᠡᠵᠦ ᠂ ᠰᠡᠳᠬᠢᠯ ᠢᠶᠠᠨ | ᠨᠢᠭᠡᠳᠬᠡᠨ ᠬᠦᠴᠦᠨ ᠢᠶᠠᠨ ᠬᠠᠮᠲᠤᠳᠬᠠᠵᠤ ᠂ ᠵᠠᠮ ᠨᠡᠭᠡᠭᠡᠨ ᠰᠢᠨ᠎ᠡ ᠶᠢ ᠡᠭᠦᠳᠴᠦ ᠂ ᠰᠢᠷᠭᠠᠭᠤ ᠬᠠᠲᠠᠭᠤᠵᠢᠯᠲᠠᠢ | ᠠᠵᠢᠯᠯᠠᠵᠤ ᠂ ᠠᠴᠢ ᠬᠠᠷᠢᠭᠤᠯᠠᠨ ᠡᠷᠡᠯᠬᠡᠭᠯᠡᠨ ᠤᠷᠤᠭᠰᠢᠯᠠᠵᠤ ᠂ ᠬᠤᠸᠠᠳᠧ ᠶᠢᠨ ᠴᠢᠨᠠᠷ ᠰᠠᠶᠢᠲᠠᠢ ᠬᠥᠭᠵᠢᠯᠲᠡ ᠶᠢᠨ | ᠰᠢᠨ᠎ᠡ ᠠᠶᠠᠨ ᠢ ᠡᠬᠢᠯᠡᠭᠦᠯᠵᠦ ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ | ᠠᠮᠵᠢᠯᠲᠠ ᠲᠠᠢ ᠬᠤᠷᠠᠯᠳᠤᠬᠤ ᠶᠢ ᠣᠭᠳᠤᠨ᠎ᠠ᠃ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠣᠳᠣᠨᠭᠡᠷᠡᠯ | ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ | | | | | |