ᠬᠤᠸᠠᠳᠧ ᠰᠢᠶᠠᠨ ᠤ ᠬᠤᠶᠠᠷ ᠠᠷᠠᠳ ᠤᠨ ᠴᠠᠭᠳᠠᠭ᠎ᠠ ᠮᠠᠨᠵᠤᠤᠷ ᠬᠤᠲᠠ ᠶᠢ ᠲᠤᠰᠠᠯᠠᠵᠤ ᠬᠢᠵᠢᠭ ᠲᠠᠢ ᠲᠡᠮᠡᠴᠡᠬᠦ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠦᠭᠡᠳ ᠢᠯᠠᠯᠲᠠ ᠲᠠᠢ ᠪᠠᠷ ᠪᠤᠴᠠᠵᠤ ᠢᠷᠡᠪᠡ
ᠨᠡᠶᠢᠲᠡᠯᠡᠭᠰᠡᠨ ᠴᠠᠭ᠄
2022/1/7
   ᠰᠦᠷᠦᠨ ᠤᠷᠤᠭᠰᠢᠯᠠᠵᠤ ᠲᠤᠰᠠᠯᠠᠭᠠᠳ ᠠᠮᠤᠷ ᠲᠦᠪᠰᠢᠨ ᠪᠤᠴᠠᠵᠤ ᠢᠷᠡᠨ᠎ᠡ  ᠃ 1 ᠰᠠᠷ᠎ᠠ ᠶᠢᠨ 7 ᠤ ᠡᠳᠦᠷ᠂ ᠮᠠᠨ ᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠮᠠᠨᠵᠤᠤᠷ ᠬᠤᠲᠠ ᠶᠢ ᠲᠤᠰᠠᠯᠠᠬᠤ ᠬᠢᠵᠢᠭ ᠲᠠᠢ ᠲᠡᠮᠡᠴᠡᠬᠦ ᠭᠠᠪᠰᠢᠭᠠᠢ ᠠᠩᠭᠢ ᠶᠢᠨ ᠬᠤᠶᠠᠷ ᠠᠷᠠᠳ ᠤᠨ ᠴᠠᠭᠳᠠᠭ᠎ᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠦᠭᠡᠳ ᠮᠠᠨ ᠤ ᠰᠢᠶᠠᠨ ᠳᠤ ᠪᠠᠨ ᠪᠤᠴᠠᠵᠤ ᠢᠷᠡᠪᠡ᠂ ᠲᠡᠳᠡᠨ ᠤ ᠪᠤᠴᠠᠵᠤ ᠢᠷᠡᠭᠰᠡᠨ ᠢ ᠪᠠᠶᠠᠷᠯᠠᠨ ᠤᠭᠲᠤᠬᠤ ᠶᠢᠨ ᠲᠥᠯᠥᠭᠡ᠂ ᠮᠠᠨ ᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠦᠪᠡᠳᠡᠭᠰᠢ ᠶᠡᠭᠡ ᠤᠭᠲᠤᠬᠤ ᠶᠣᠰᠣᠯᠠᠯ ᠶᠠᠪᠤᠭᠤᠯᠵᠤ᠂ ᠰᠢᠶᠠᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠯᠢᠦ ᠰᠢᠶᠠᠩ ᠶᠠᠩ᠂ ᠰᠢᠶᠠᠨ ᠤ  ᠳᠡᠳ᠋ ᠳᠠᠷᠤᠭ᠎ᠠ ᠭᠦᠸᠧ ᠬᠤᠩ ᡁᠢ ᠤᠭᠲᠤᠬᠤ ᠶᠣᠰᠣᠯᠠᠯ ᠳᠤ ᠣᠷᠣᠯᠴᠠᠪᠠ  ᠃
   ᠤᠭᠲᠤᠬᠤ ᠶᠣᠰᠣᠯᠠᠯ ᠳᠡᠭᠡᠷ᠎ᠡ᠂ ᠯᠢᠦ ᠰᠢᠶᠠᠩ ᠶᠠᠩ ᠪᠣᠯᠤᠨ ᠭᠦᠸᠧ ᠬᠤᠩ ᡁᠢ ᠬᠢᠵᠢᠭ ᠲᠠᠢ ᠲᠡᠮᠡᠴᠡᠬᠦ ᠠᠷᠠᠳ ᠤᠨ ᠴᠠᠭᠳᠠᠭ᠎ᠠ ᠲᠠᠢ ᠳᠣᠲᠣᠨᠣ ᠪᠠᠷ ᠭᠠᠷ ᠠᠳᠬᠤᠵᠤ᠂ ᠲᠡᠳᠡᠨ ᠤ ᠰᠢᠷᠭᠠᠭᠤ ᠴᠢᠷᠮᠠᠶᠢᠯᠭ᠎ᠠ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠪᠡ  ᠃    ᠭᠦᠸᠧ ᠬᠤᠩ ᡁᠢ ᠵᠢᠭᠠᠵᠣ ᠭᠠᠷᠭᠠᠭᠰᠠᠨ ᠨᠢ᠂ ᠮᠠᠨᠵᠤᠤᠷ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠤᠰᠠᠯᠠᠬᠤ ᠬᠤᠭᠤᠴᠠᠭᠠᠨ ᠳᠤ᠂ ᠬᠤᠶᠠᠷ ᠴᠠᠭᠳᠠᠭ᠎ᠠ ᠪᠠᠭ᠎ᠠ ᠭᠡᠷ ᠢᠶᠠᠨ ᠦᠷᠡᠭᠳᠡᠭᠦᠯᠵᠦ᠂ ᠤᠯᠠᠨ  ᠤ ᠲᠥᠯᠥᠭᠡ᠂ ᠡᠯ᠎ᠡ ᠵᠦᠢᠯ ᠤᠨ ᠬᠢᠵᠢᠭ ᠢ ᠰᠡᠷᠭᠡᠶᠢᠯᠡᠬᠦ ᠡᠭᠦᠷᠭᠡ ᠪᠠᠨ ᠨᠠᠷᠢᠨ ᠬᠢᠨᠠᠮᠠᠭᠠᠢ ᠪᠡᠶᠡᠯᠡᠭᠦᠯᠵᠦ᠂ ᠲᠡᠳᠡ ᠬᠤᠸᠠᠳᠧ ᠰᠢᠶᠠᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠦᠨᠡᠨᠴᠢ ᠰᠢᠳᠤᠷᠭᠤ ᠡᠷᠡᠯᠬᠡᠭ ᠪᠠᠭᠠᠲᠤᠷᠯᠢᠭ᠂ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ ᠶᠢ ᠮᠠᠨᠵᠤᠤᠷ ᠲᠤ ᠰᠠᠴᠤᠵᠤ᠂ ᠠᠷᠠᠳ ᠤᠨ ᠴᠠᠭᠳᠠᠭ᠎ᠠ ᠶᠢᠨ ᠡᠭᠦᠷᠭᠡ ᠬᠠᠷᠢᠭᠤᠴᠠᠯᠭ᠎ᠠ ᠪᠠ ᠵᠣᠷᠢᠭᠲᠠᠢ ᠪᠠᠶᠢᠯᠳᠤᠵᠤ ᠵᠠᠪᠠᠯ ᠢᠯᠠᠬᠤ ᠰᠢᠯᠢᠳᠡᠭ ᠰᠤᠷᠲᠠᠯ ᠢ ᠢᠯᠡᠷᠡᠭᠦᠯᠪᠡ  ᠃ ᠤᠯᠠᠨ ᠢᠶᠠᠷ  ᠢᠶᠠᠨ ᠰᠠᠶᠢᠲᠤᠷ ᠠᠮᠠᠷᠠᠵᠤ᠂ ᠪᠡᠶ᠎ᠡ ᠰᠡᠳᠬᠢᠯ ᠢᠶᠠᠨ ᠲᠤᠬᠢᠷᠠᠭᠤᠯᠤᠨ᠂ ᠬᠢᠵᠢᠭ ᠲᠠᠢ ᠲᠡᠮᠡᠴᠡᠬᠦ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠰᠠᠶᠢᠨ ᠰᠠᠶᠢᠬᠠᠨ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠬᠤᠶᠢᠰᠢᠳᠠ ᠶᠢᠨ ᠠᠵᠢᠯ ᠳᠠᠭᠠᠨ ᠣᠷᠣᠯᠴᠠᠬᠤ ᠶᠢ ᠬᠦᠰᠡᠵᠦ ᠪᠠᠶᠢᠨ᠎ᠠ ᠭᠡᠵᠦ ᠭᠡᠪᠡ  ᠃    ᠯᠢᠦ ᠰᠢᠶᠠᠩ ᠶᠠᠩ ᠵᠢᠭᠠᠵᠣ ᠭᠠᠷᠭᠠᠭᠰᠠᠨ ᠨᠢ᠂ ᠭᠦᠸᠧ ᠶᠤᠸᠠᠢ᠂ ᠸᠠᠩ ᠶᠤᠸᠠᠢ ᠰᠠᠨᠠᠭᠠᠴᠢᠯᠠᠭ᠎ᠠ ᠠᠴᠠ ᠪᠠᠨ ᠡᠷᠡᠯᠬᠡᠭᠯᠡᠨ ᠲᠡᠮᠡᠴᠡᠭᠰᠡᠨ ᠰᠢᠯᠢᠳᠡᠭ ᠭᠠᠪᠰᠢᠭᠠᠢ ᠠᠩᠬᠢ ᠶᠢᠨ ᠲᠥᠯᠥᠭᠡᠯᠡᠭᠴᠢ ᠶᠢᠨ ᠬᠤᠪᠢ ᠪᠠᠷ ᠮᠠᠨᠵᠤᠤᠷ ᠲᠤ ᠬᠦᠷᠴᠦ ᠬᠢᠵᠢᠭ ᠲᠠᠢ ᠲᠡᠮᠡᠴᠡᠬᠦ ᠡᠮᠦᠨ᠎ᠡ ᠹᠷᠣᠨᠲ ᠲᠤ ᠬᠦᠷᠴᠦ᠂ ᠪᠣᠳᠠᠲᠤ ᠠᠵᠢᠯᠯᠠᠭ᠎ᠠ ᠪᠠᠷ ᠢᠶᠠᠨ ︽ᠠᠷᠠᠳ ᠤᠨ ᠳᠣᠲᠣᠭᠠᠳᠤ ᠶᠢ ᠬᠠᠮᠠᠭᠠᠯᠠᠬᠤ ᠨᠢ ᠠᠷᠠᠳ ᠲᠦᠮᠡᠨ ᠤ ᠲᠥᠯᠥᠭᠡ︾ ᠭᠡᠬᠦ ᠪᠠᠲᠤ ᠲᠠᠩᠭᠠᠷᠢᠭ ᠢ ᠦᠢᠯᠡᠳᠦᠯᠭᠡᠵᠢᠭᠦᠯᠵᠦ ᠂ ᠪᠤᠰᠤᠳ ᠠᠷᠠᠳ ᠤᠨ ᠲᠤᠰᠠᠯᠠᠭᠴᠢ ᠴᠠᠭᠳᠠᠭ᠎ᠠ ᠳᠤ ᠦᠯᠢᠭᠡᠷ ᠳᠠᠭᠤᠷᠢᠶᠠᠯ ᠪᠤᠯᠵᠤ᠂ ᠬᠤᠸᠠᠳᠧ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ ᠢᠷᠠᠭᠤ ᠠᠯᠳᠠᠷ ᠣᠯᠭᠤᠪᠠ᠃ ᠤᠯᠠᠨ ᠢᠶᠠᠷ ᠢᠶᠠᠨ ᠬᠤᠶᠢᠰᠢᠳᠠ ᠶᠢᠨ ᠠᠵᠢᠯ ᠳᠤᠮᠳᠠ ᠪᠠᠨ ᠬᠦᠴᠢᠷ ᠵᠣᠪᠠᠭᠤᠷᠢ ᠶᠢ ᠣᠨᠴᠠᠭᠠᠢ ᠲᠡᠰᠪᠦᠷᠢᠯᠡᠵᠦ ᠳᠡᠶᠢᠯᠬᠦ᠂ ᠣᠨᠴᠠᠭᠠᠢ ᠪᠠᠶᠢᠯᠳᠤᠵᠤ ᠳᠡᠶᠢᠯᠬᠦ᠂ ᠣᠨᠴᠠᠭᠠᠢ ᠬᠤᠪᠢ ᠨᠡᠮᠡᠷᠢ ᠦᠵᠡᠭᠦᠯᠵᠦ ᠳᠡᠶᠢᠯᠬᠦ ᠰᠢᠯᠢᠳᠡᠭ ᠤᠯᠠᠮᠵᠢᠯᠠᠯ ᠢᠶᠠᠨ ᠦᠷᠭᠦᠯᠵᠢᠯᠡᠨ ᠪᠠᠳᠠᠷᠠᠭᠤᠯᠵᠤ᠂ ᠰᠢᠨ᠎ᠡ ᠴᠠᠭ ᠦᠶ᠎ᠡ ᠶᠢᠨ ᠳᠣᠲᠣᠭᠠᠳᠤ ᠶᠢ ᠬᠠᠮᠠᠭᠠᠯᠠᠬᠤ ᠠᠵᠢᠯ ᠤᠨ ᠰᠢᠨ᠎ᠡ ᠠᠶᠠᠨ ᠳᠠᠭᠠᠨ ᠲᠠᠬᠢᠨ ᠰᠢᠯᠢᠳᠡᠭ ᠠᠮᠵᠢᠯᠲᠠ ᠪᠦᠲᠦᠮᠵᠢ ᠭᠠᠷᠭᠠᠵᠤ᠂ ᠲᠠᠬᠢᠨ ᠰᠢᠨ᠎ᠡ ᠭᠠᠪᠢᠶ᠎ᠠ ᠪᠠᠶᠢᠭᠤᠯᠬᠤ ᠶᠢ ᠬᠦᠰᠡᠵᠦ ᠪᠠᠶᠢᠨ᠎ᠠ ᠭᠡᠪᠡ᠃         ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ        ᠣᠷᠴᠢᠭᠤᠯᠤᠭᠴᠢ᠄ ᠣᠳᠣᠨᠭᠡᠷᠡᠯ        ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2