ᠮᠠᠨ ᠤ ᠰᠢᠶᠠᠨ ᠨᠢᠭᠡᠨᠲᠡ 7500 ᠭᠠᠷᠤᠢ ᠲᠣᠨ ᠬᠢᠮᠳᠠ ᠦᠨ᠎ᠡ ᠶᠢᠨ ᠨᠡᠭᠦᠷᠡᠰᠦ ᠲᠠᠷᠬᠠᠭᠠᠪᠠ
ᠨᠡᠶᠢᠲᠡᠯᠡᠭᠰᠡᠨ ᠴᠠᠭ᠄
2022/10/14
    ᠨᠠᠮᠤᠷ ᠪᠣᠯᠤᠭᠰᠠᠨ ᠠᠴᠠ ᠨᠠᠰᠢ᠂ ᠨᠡᠭᠦᠷᠡᠰᠦᠨ ᠤ ᠵᠠᠬ᠎ᠠ ᠳᠡᠯᠭᠡᠭᠦᠷ ᠤᠨ ᠦᠨ᠎ᠡ ᠬᠠᠩᠰᠢ ᠲᠠᠰᠤᠷᠠᠯᠲᠠ ᠦᠭᠡᠢ ᠳᠡᠭᠡᠭᠰᠢᠯᠡᠵᠦ᠂ ᠰᠢᠲᠠᠭᠠᠯᠭ᠎ᠠ ᠶᠢᠨ ᠨᠡᠭᠦᠷᠡᠰᠦᠨ ᠤ ᠬᠡᠷᠡᠭᠴᠡᠭᠡ ᠱᠠᠭᠠᠷᠳᠠᠯᠭ᠎ᠠ ᠨᠢ ᠠᠷᠠᠳ ᠣᠯᠠᠨ ᠤ ᠰᠡᠳᠬᠢᠯ ᠢ ᠵᠣᠪᠠᠭᠠᠬᠤ ᠶᠠᠪᠤᠳᠠᠯ ᠪᠣᠯᠵᠠᠢ᠃ ᠮᠠᠨ ᠤ ᠰᠢᠶᠠᠨ ᠤ ᠬᠢᠨ ᠳᠡᠭᠡᠳᠦ ᠱᠠᠲᠤᠨ ᠤ ᠬᠤᠯᠪᠣᠭᠳᠠᠯ ᠪᠦᠬᠦᠢ ᠵᠣᠷᠢᠭ ᠰᠠᠨᠠᠭ᠎ᠠ ᠪᠠᠷ ᠤᠷᠢᠳᠴᠢᠯᠠᠨ ᠲᠥᠯᠥᠪᠵᠢᠭᠦᠯᠵᠦ ᠂ ᠨᠠᠷᠢᠨ ᠨᠢᠭᠲᠠ ᠪᠠᠶᠢᠷᠢᠯᠠᠭᠤᠯᠵᠤ ᠂ ᠮᠠᠯᠴᠢᠨ ᠲᠠᠷᠢᠶᠠᠴᠢᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦᠨ ᠤ ᠪᠠᠲᠤᠯᠠᠪᠤᠷᠢ ᠶᠢᠨ ᠠᠵᠢᠯ ᠢ ᠪᠦᠬᠦ ᠰᠢᠶᠠᠨ ᠤ ᠲᠡᠷᠢᠭᠦᠨ ᠴᠢᠬᠤᠯᠠ ᠶᠠᠪᠤᠳᠠᠯ ᠪᠣᠯᠭᠠᠨ ᠠᠳᠬᠤᠵᠤ ᠂ ᠪᠦᠬᠦ ᠰᠢᠶᠠᠨ ᠤ ᠮᠠᠯᠴᠢᠨ ᠲᠠᠷᠢᠶᠠᠴᠢᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦᠨ ᠤ ᠬᠡᠷᠡᠭᠴᠡᠭᠡ ᠶᠢ ᠪᠦᠬᠦ ᠬᠦᠴᠦᠨ ᠢᠶᠠᠷ ᠢᠶᠠᠨ ᠪᠠᠲᠤᠯᠠᠪᠠ ᠃    ᠪᠥᠬᠦ ᠰᠢᠶᠠᠨ ᠤ ᠮᠠᠯᠴᠢᠨ ᠲᠠᠷᠢᠶᠠᠴᠢᠨ ᠤ ᠨᠡᠭᠦᠷᠡᠰᠦ ᠬᠡᠷᠡᠭᠯᠡᠬᠦ ᠬᠡᠷᠡᠭᠴᠡᠭᠡ ᠶᠢ ᠦᠨᠳᠦᠰᠦᠯᠡᠨ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠮᠠᠯᠴᠢᠨ ᠲᠠᠷᠢᠶᠠᠴᠢᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ ᠨᠡᠭᠦᠷᠡᠰᠦᠨ ᠤ ᠪᠠᠲᠤᠯᠠᠭ᠎ᠠ ᠶᠢᠨ ᠠᠵᠢᠯ ᠤᠨ ᠲᠤᠰᠬᠠᠢ ᠰᠡᠳᠦᠪᠲᠦ ᠬᠤᠷᠠᠯ ᠢ ᠴᠠᠭ ᠲᠤᠬᠠᠢ ᠳᠤᠨᠢ ᠬᠤᠷᠠᠯᠳᠤᠭᠤᠯᠵᠤ᠂ ᠬᠡᠷᠡᠭᠵᠢᠭᠦᠯᠬᠦ ᠲᠥᠰᠥᠯ ᠢ ᠰᠤᠳᠤᠯᠤᠨ ᠲᠣᠭᠲᠠᠭᠠᠵᠤ᠂ ᠤᠳᠤᠷᠢᠳᠬᠤ ᠳᠤᠭᠤᠶᠢᠯᠠᠩ ᠪᠠᠶᠢᠭᠤᠯᠤᠨ᠂ ᠡᠯ᠎ᠡ ᠰᠠᠯᠠᠭ᠎ᠠ ᠮᠥᠴᠢᠷ ᠤᠨ ᠬᠤᠷᠴᠠ ᠴᠢᠳᠠᠮᠠᠭᠠᠢ ᠬᠦᠴᠦᠨ ᠢ ᠵᠣᠬᠢᠶᠠᠨ ᠪᠠᠶᠢᠭᠤᠯᠵᠤ 5 ᠠᠵᠢᠯᠯᠠᠬᠤ ᠳᠤᠭᠤᠶᠢᠯᠠᠩ ᠪᠠᠶᠢᠭᠤᠯᠵᠤ᠂ ᠨᠡᠭᠦᠷᠡᠰᠦ ᠬᠤᠳᠠᠯᠳᠤᠨ ᠠᠪᠬᠤ᠂ ᠲᠡᠭᠡᠭᠡᠪᠦᠷᠢᠯᠡᠬᠦ᠂ ᠶᠠᠰᠤ ᠴᠢᠨᠠᠷ ᠤᠨ ᠪᠠᠶᠢᠴᠠᠭᠠᠯᠲᠠ ᠬᠢᠬᠦ᠂ ᠲᠣᠬᠢᠷᠠᠭᠤᠯᠤᠨ ᠬᠦᠷᠭᠡᠬᠦ ᠵᠡᠷᠭᠡ ᠭᠤᠭᠴᠤᠭ᠎ᠠ ᠳᠤ ᠪᠥᠬᠦ ᠲᠠᠯ᠎ᠠ ᠶᠢᠨ ᠬᠢᠨᠠᠯᠲᠠ ᠬᠠᠮᠢᠶᠠᠷᠤᠯᠲᠠ ᠶᠠᠪᠤᠭᠤᠯᠵᠠᠢ᠃ ᠣᠳᠣᠬᠠᠨ ᠳᠤ᠂ ᠪᠣᠳᠠᠲᠠᠶᠢᠵᠢᠭᠤᠯᠤᠭᠰᠠᠨ ᠨᠡᠭᠦᠷᠡᠰᠦ ᠠᠴᠠ ᠥᠯᠢᠭᠡᠷ ᠠᠪᠴᠤ ᠰᠢᠯᠭᠠᠨ ᠪᠠᠶᠢᠴᠠᠭᠠᠬᠤ ᠠᠵᠢᠯ ᠢ ᠨᠢᠭᠡᠨᠲᠡ ᠪᠡᠶᠡᠯᠡᠭᠦᠯᠵᠦ᠂ ︽ᠳᠤᠯᠠᠭᠠᠨ ᠨᠡᠭᠦᠷᠡᠰᠦ︾ ᠶᠢ ᠲᠣᠬᠢᠷᠠᠭᠤᠯᠤᠨ ᠬᠦᠷᠭᠡᠬᠦ ᠠᠵᠢᠯ ᠢ ᠶᠠᠭ ᠡᠮᠬᠢ ᠵᠠᠮᠪᠠᠷᠠᠭ᠎ᠠ ᠲᠠᠢ ᠥᠷᠨᠢᠭᠦᠯᠵᠦ ᠪᠠᠶᠢᠨ᠎ᠠ᠃    ︽ᠡᠨᠡ ᠵᠢᠯ ᠬᠢᠮᠳᠠ ᠦᠨ᠎ᠡ ᠶᠢᠨ ᠨᠡᠭᠦᠷᠡᠰᠦ ᠡᠷᠲᠡ ᠢᠷᠡᠭᠰᠡᠨ ᠪᠥᠭᠡᠳ ᠨᠡᠭᠦᠷᠡᠰᠦᠨ ᠤ ᠶᠠᠰᠤ ᠴᠢᠨᠠᠷ ᠴᠤ ᠨᠡᠯᠢᠶᠡᠳ ᠰᠠᠶᠢᠨ᠂ ᠪᠢᠳᠡᠨ ᠳᠤ ᠪᠠᠰᠠ ᠭᠡᠷ ᠤᠨ ᠡᠭᠦᠳᠡᠨ ᠳᠤ ᠬᠦᠷᠭᠡᠵᠦ ᠥᠭᠭᠦᠭᠰᠡᠨ ᠨᠢ ᠪᠢᠳᠡᠨ ᠤ ᠵᠠᠷᠤᠳᠠᠯ ᠢ ᠪᠠᠭ᠎ᠠ ᠪᠤᠰᠤ ᠠᠷᠪᠢᠯᠠᠵᠤ ᠥᠭᠭᠦᠭᠰᠡᠨ ᠶᠤᠮ᠂ ᠨᠡᠭᠦᠷᠡᠰᠦ ᠰᠢᠲᠠᠭᠠᠳᠤᠢ ᠪᠠᠶᠢᠭᠰᠠᠭᠠᠷ᠂ ᠭᠡᠪᠡᠴᠦ ᠪᠢᠳᠡᠨ ᠤ ᠰᠡᠳᠬᠢᠯ ᠳᠤ ᠮᠠᠰᠢ ᠬᠠᠯᠠᠭᠤᠨ ᠳᠤᠯᠠᠭᠠᠨ  ᠰᠠᠨᠠᠭᠳᠠᠵᠤ ᠪᠠᠶᠢᠨ᠎ᠠ ︕ ᠨᠠᠮ ᠪᠣᠯᠣᠨ ᠵᠠᠰᠠᠭ ᠤᠨ ᠣᠷᠳᠣᠨ ᠤ ᠰᠠᠶᠢᠨ ᠲᠥᠷᠥ ᠶᠢᠨ ᠪᠣᠳᠣᠯᠭ᠎ᠠ ᠳᠤ ᠲᠠᠯᠠᠷᠬᠠᠵᠤ ᠪᠠᠶᠢᠨ᠎ᠠ︾ ᠭᠡᠵᠦ ᠭᠦᠨᠤᠯᠠᠭᠠᠨᠬᠤᠳᠳᠤᠭ ᠰᠢᠶᠠᠩ ᠤᠨ ᠡᠯ ᠳ᠋ᠣᠣ ᠾᠧ ᠲᠣᠰᠬᠤᠨ ᠤ ᠠᠷᠠᠳ ᠸᠠᠩ ᠶᠢᠦ ᠰᠡᠳᠬᠢᠯ ᠳᠣᠭᠳᠣᠯᠤᠨ ᠬᠡᠯᠡᠨ᠎ᠡ᠃    ᠡᠨᠡ ᠵᠢᠯ ᠮᠠᠨ ᠤ ᠰᠢᠶᠠᠨ ᠨᠡᠭᠦᠷᠡᠰᠦ ᠬᠤᠳᠠᠯᠳᠤᠨ ᠠᠪᠬᠤ ᠳᠤ ᠲᠤᠰᠬᠠᠶᠢᠯᠠᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠵᠠᠪᠰᠠᠷ ᠡᠨᠧᠷᠭᠢ ᠶᠢᠨ ᠺᠣᠮᠫᠠᠨᠢ ᠶᠢ ᠲᠣᠮᠢᠯᠠᠵᠤ ᠪᠦᠬᠦ ᠶᠠᠪᠤᠴᠠ ᠳᠤ ᠮᠥᠷᠳᠡᠨ ᠠᠵᠢᠯᠯᠠᠭᠤᠯᠵᠤ ᠂ ᠨᠠᠷᠢᠨ ᠨᠢᠭᠲᠠ ᠠᠵᠢᠯ ᠤᠨ ᠬᠡᠷᠡᠭᠵᠢᠭᠦᠯᠬᠦ ᠲᠥᠰᠥᠯ ᠵᠢᠴᠢ ᠠᠵᠢᠯ ᠤᠨ ᠶᠠᠪᠤᠴᠠ ᠶᠢ ᠲᠣᠭᠲᠠᠭᠠᠵᠤ ᠂ ᠨᠡᠭᠦᠷᠡᠰᠦ ᠠᠴᠢᠶᠠᠯᠠᠬᠤ ᠂ ᠲᠡᠭᠡᠭᠡᠪᠦᠷᠢᠯᠡᠬᠦ ᠂ ᠵᠢᠩᠯᠡᠬᠦ ᠂ ᠨᠡᠭᠦᠷᠡᠰᠦ ᠪᠠᠭᠤᠯᠭᠠᠬᠤ ᠂ ᠬᠤᠪᠢᠶᠠᠷᠢᠯᠠᠬᠤ ᠵᠡᠷᠭᠡ ᠭᠤᠭᠴᠤᠭ᠎ᠠ ᠳᠤ ᠪᠦᠬᠦ ᠲᠠᠯ᠎ᠠ ᠶᠢᠨ ᠬᠢᠨᠠᠯᠲᠠ ᠬᠠᠮᠢᠶᠠᠷᠤᠯᠲᠠ ᠬᠢᠭᠰᠡᠨ ᠪᠥᠭᠡᠳ ᠨᠢᠭᠡ ᠲᠡᠷᠭᠡ ᠨᠢᠭᠡ ᠳᠡᠰ ᠭᠠᠷᠭᠠᠵᠤ ᠂ ᠨᠡᠭᠦᠷᠡᠰᠦ ᠶᠢ ᠡᠷᠦᠭᠡ ᠳᠤ ᠣᠷᠣᠭᠤᠯᠬᠤ ᠳᠤ ᠬᠡᠮᠵᠢᠶ᠎ᠡ ᠶᠢ ᠪᠠᠲᠤᠯᠠᠭᠰᠠᠨ ᠪᠠᠶᠢᠨ᠎ᠠ ᠃    ᠣᠲᠣ ᠪᠣᠯᠲᠠᠯ᠎ᠠ᠂ ᠮᠠᠯᠴᠢᠨ ᠲᠠᠷᠢᠶᠠᠴᠢᠳ ᠲᠤ ᠨᠢᠭᠡᠨᠲᠡ 7500 ᠭᠠᠷᠤᠢ ᠲᠣᠨ ᠬᠢᠮᠳᠠ ᠦᠨ᠎ᠡ ᠶᠢᠨ ᠨᠡᠭᠦᠷᠡᠰᠦ ᠲᠦᠭᠡᠭᠡᠵᠦ᠂ ᠡᠭᠦᠨ ᠳᠤ ᠴᠠᠩᠱᠦ᠋ᠨ ᠪᠠᠯᠭᠠᠰᠤ᠂ ᠭᠦᠨᠤᠯᠠᠭᠠᠨᠬᠤᠳᠳᠤᠭ ᠰᠢᠶᠠᠩ᠂ ᠪᠠᠶᠠᠨᠲᠠᠯ᠎ᠠ ᠰᠢᠶᠠᠩ ᠳᠤ ᠨᠢᠭᠡᠨᠲᠡ ᠲᠣᠬᠢᠷᠠᠭᠤᠯᠤᠨ ᠬᠦᠷᠭᠡᠵᠦ᠂ ᠪᠤᠰᠤᠳ ᠰᠢᠶᠠᠩ ᠪᠠᠯᠭᠠᠰᠤ ᠳᠤ ᠶᠠᠭ ᠲᠣᠬᠢᠷᠠᠭᠤᠯᠤᠨ ᠬᠦᠷᠭᠡᠵᠦ ᠪᠣᠶ᠃        ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ        ᠣᠷᠴᠢᠭᠤᠯᠤᠭᠴᠢ᠄ ᠣᠳᠣᠨᠭᠡᠷᠡᠯᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ   
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2