ᠬᠤᠸᠠᠳᠧ ᠰᠢᠶᠠᠨ᠄ ᠠᠮᠢᠳᠤ ᠪᠣᠳᠠᠰ ᠤᠨ ᠲᠦᠯᠡᠰᠢ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠬᠦᠰᠡᠯ ᠡᠷᠡᠮᠡᠯᠵᠡᠯ ᠢ ᠬᠥᠪᠴᠢᠯᠡᠪᠡ
ᠨᠡᠶᠢᠲᠡᠯᠡᠭᠰᠡᠨ ᠴᠠᠭ᠄
2022/10/28

 

    ᠤᠯᠤᠰ ᠠᠴᠠ ᠡᠨᠧᠷᠭᠢ ᠠᠷᠪᠢᠯᠠᠵᠤ ᠪᠣᠬᠢᠷᠳᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢ

ᠶᠡᠭᠡ ᠪᠠᠷ ᠰᠠᠨᠠᠭᠠᠴᠢᠯᠠᠵᠤ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ

ᠬᠡᠷᠡᠭᠵᠢᠭᠦᠯᠦᠭᠰᠡᠨ ᠠᠬᠤᠢ ᠪᠠᠶᠢᠳᠠᠯ ᠳᠣᠣᠷ᠎ᠠ ᠂ ᠠᠮᠢᠳᠤ ᠪᠣᠳᠠᠰ ᠤᠨ ᠲᠦᠯᠡᠰᠢ ᠭᠡᠬᠦ ᠡᠨᠡᠬᠦ ᠰᠢᠨ᠎ᠡ ᠬᠡᠯᠪᠡᠷᠢ ᠶᠢᠨ

ᠠᠵᠤ ᠦᠢᠯᠡᠰ ᠪᠤᠢ ᠪᠣᠯᠵᠤ ᠂ ︽ᠬᠠᠶᠠᠭᠳᠠᠮᠠᠯ ᠪᠣᠳᠠᠰ ᠢ ᠡᠷᠳᠡᠨᠢ ᠪᠣᠯᠭᠠᠬᠤ︾ᠠᠰᠢᠭᠯᠠᠯᠲᠠ ᠶᠢᠨ ᠦᠷᠳᠡᠭ ᠢ ᠦᠨᠡᠨᠬᠦ

ᠪᠡᠶᠡᠯᠡᠭᠦᠯᠦᠭᠰᠡᠨ ᠪᠠᠶᠢᠨ᠎ᠠ ᠃ ᠣᠶᠢᠷ᠎ᠠ ᠳᠤ᠂ ᠰᠤᠷᠪᠤᠯᠵᠢᠯᠠᠭᠴᠢ ᠳᠡᠪᠡᠭᠡᠲᠦ ᠰᠢᠶᠠᠩ ᠤᠨ ᠢ ᠠᠨ ᠲᠣᠰᠬᠤᠨ ᠤ

ᠲᠤᠰᠬᠠᠶᠢᠯᠠᠨ ᠠᠮᠢᠳᠦ ᠪᠣᠳᠠᠰ ᠤᠨ ᠲᠦᠯᠡᠰᠢ ᠭᠠᠷᠭᠠᠳᠠᠭ ᠠᠵᠤ ᠠᠬᠤᠶᠢᠯᠠᠯ ᠳᠤ ᠬᠥᠷᠪᠡ᠃

    ︽ᠪᠢ ᠪᠣᠯ ᠢ ᠠᠨ ᠲᠣᠰᠬᠤᠨ ᠤ ᠬᠥᠮᠥᠨ ᠶᠤᠮ᠂ ᠤᠤᠯ ᠨᠢ ᠭᠠᠳᠠᠷ ᠣᠷᠣᠨ ᠳᠤ ᠮᠠᠶᠢᠮᠠᠢ ᠬᠢᠵᠦ ᠪᠠᠶᠢᠵᠠᠢ᠂

ᠨᠢᠭᠡ ᠤᠳᠠᠭᠠᠨ ᠤ ᠰᠤᠷᠤᠯᠴᠠᠯᠭ᠎ᠠ ᠪᠠᠶᠢᠴᠠᠭᠠᠯᠲᠠ ᠶᠢᠨ ᠳᠤᠮᠳᠠ ᠡᠶᠢᠮᠦᠷᠬᠦᠦ ᠠᠮᠢᠳᠤ ᠪᠣᠳᠠᠰ ᠤᠨ ᠰᠢᠲᠠᠭᠠᠯᠭ᠎ᠠ ᠶᠢᠨ

ᠵᠦᠢᠯᠡᠰ ᠢ ᠰᠠᠨᠠᠮᠰᠠᠷ ᠦᠭᠡᠢ ᠪᠠᠷ ᠣᠯᠵᠤ ᠮᠡᠳᠡᠭᠰᠡᠨ ᠶᠤᠮ᠂ ᠲᠡᠭᠦᠨ ᠤ ᠭᠤᠣᠯ ᠣᠨᠴᠠᠯᠢᠭ ᠪᠣᠯ᠄ ᠣᠷᠴᠢᠨ ᠠᠬᠤᠢ

 ᠶᠢᠨ ᠬᠠᠮᠠᠭᠠᠯᠠᠯᠲᠠ ᠳᠤ ᠲᠣᠭᠤᠰᠣ ᠦᠭᠡᠢ᠂ ᠰᠢᠲᠠᠯᠲᠠ ᠶᠢ ᠳᠠᠭᠠᠭᠠᠬᠤ ᠴᠢᠨᠠᠷ ᠢᠶᠠᠷ ᠴᠢᠩᠭ᠎ᠠ᠂ ᠢᠯᠴᠢ ᠶᠢᠨ

ᠬᠡᠮᠵᠢᠭᠳᠡᠯ ᠨᠢ 3200 ~ 5800 ᠺᠢᠯᠤᠺᠠᠯᠤᠷᠢ ᠶᠢᠨ ᠬᠤᠭᠤᠷᠣᠨᠳᠤ ᠬᠦᠷᠴᠦ᠂ ᠴᠢᠨᠠᠷ ᠪᠠ ᠦᠨ᠎ᠡ   ᠶᠢᠨ

ᠬᠠᠷᠢᠴᠠᠯ ᠨᠢ ᠲᠤᠶᠢᠯ ᠤᠨ ᠥᠨᠳᠥᠷ ᠪᠥᠭᠡᠳ ᠬᠢᠮᠳᠠ᠂ ᠨᠡᠭᠦᠷᠡᠰᠦ ᠶᠢ ᠣᠷᠣᠯᠠᠬᠤ ᠬᠦᠴᠦᠨ ᠪᠦᠬᠦᠢ ᠰᠢᠨ᠎ᠡ

ᠮᠠᠶ᠋ᠢᠭ ᠤᠨ ᠰᠢᠲᠠᠭᠠᠯᠭ᠎ᠠ ᠶᠢᠨ ᠵᠦᠢᠯ ᠪᠣᠯᠣᠨ᠎ᠠ︾ ᠭᠡᠵᠦ ᠠᠵᠤ ᠠᠬᠤᠶᠢᠯᠠᠯ ᠤᠨ ᠬᠠᠷᠢᠭᠤᠴᠠᠯᠭᠠᠲᠠᠨ ᠯᠢᠦ ᠢᠦᠢ

ᠲᠠᠨᠢᠯᠴᠠᠭᠤᠯᠪᠠ ᠃

    ᠣᠶᠢᠯᠠᠭᠠᠭᠰᠠᠨ ᠢᠶᠠᠷ᠂ ᠠᠮᠢᠳᠤ ᠪᠣᠳᠠᠰ ᠤᠨ ᠲᠦᠯᠡᠰᠢ ᠪᠣᠯ ᠨᠢᠭᠡ ᠵᠦᠢᠯ ᠤᠨ ᠦᠬᠡᠷ ᠬᠤᠨᠢᠨ ᠤ ᠪᠠᠭᠠᠰᠤ ᠪᠠ

ᠨᠡᠭᠦᠷᠡᠰᠦ ᠶᠢ ᠬᠤᠯᠢᠵᠤ ᠡᠳ᠋ᠰᠢᠭᠦᠯᠦᠨ ᠬᠠᠲᠠᠭᠤᠷᠠᠭᠤᠯᠤᠭᠰᠠᠨ ᠤ ᠳᠠᠷᠠᠭᠠᠬᠢ ᠣᠷᠴᠢᠨ ᠠᠬᠤᠢ ᠶᠢᠨ ᠬᠠᠮᠠᠭᠠᠯᠠᠯᠲᠠ ᠶᠢᠨ

ᠲᠦᠯᠡᠰᠢ ᠪᠣᠯᠣᠨ᠎ᠠ᠃ ᠭᠦᠸᠧᠯᠦ ᠶᠢᠨ ᠲᠦᠯᠡᠰᠢ ᠪᠣᠯᠤᠭᠰᠠᠨ ᠤ ᠬᠤᠪᠢ ᠳᠤ᠂ ᠲᠡᠭᠦᠨ ᠤ ᠰᠢᠲᠠᠯᠲᠠ ᠶᠢᠨ ᠴᠠᠭ ᠨᠢ

ᠣᠷᠳᠣ᠂ ᠴᠢᠩᠭᠠᠷᠠᠭᠤᠯᠤᠭᠰᠠᠨ ᠰᠢᠲᠠᠯᠲᠠ ᠶᠢᠨ ᠵᠤᠤᠬ᠎ᠠ ᠶᠢᠨ ᠬᠥᠨᠳᠡᠢ ᠶᠢᠨ ᠳᠤᠯᠠᠭᠠᠨ ᠤ ᠬᠡᠮᠵᠢᠶ᠎ᠡ ᠨᠢ ᠥᠨᠳᠥᠷ᠂

ᠰᠢᠲᠠᠯᠲᠠ ᠶᠢᠨ ᠨᠣᠷᠮ᠎ᠠ ᠨᠢ 95% ᠠᠴᠠ ᠳᠡᠭᠡᠭᠰᠢ ᠳᠤ ᠭᠦᠷᠦᠭᠰᠡᠨ ᠮᠥᠷᠲᠡᠭᠡᠨ ᠬᠢᠮᠳᠠ ᠪᠥᠭᠡᠳ ᠠᠰᠢᠭ

ᠲᠤᠰᠠ ᠲᠠᠢ ᠪᠠᠶᠢᠵᠤ᠂ ᠲᠠᠷᠠᠬᠠᠢ ᠪᠠᠷ ᠢᠯᠴᠢ ᠬᠠᠩᠭᠠᠬᠤ᠂ ᠠᠵᠤ ᠠᠬᠤᠶᠢᠯᠠᠯ ᠤᠨ ᠭᠦᠸᠧᠯᠦ᠂ ᠠᠵᠤ

ᠦᠢᠯᠡᠳᠪᠦᠷᠢ ᠶᠢᠨ ᠬᠠᠯᠠᠭᠤᠨ ᠠᠭᠠᠷ ᠤᠨ ᠵᠤᠤᠬ᠎ᠠ᠂ ᠬᠥᠳᠡᠭᠡ ᠲᠣᠰᠬᠤᠨ ᠤ ᠭᠡᠷ ᠪᠦᠯᠢ ᠶᠢᠨ ᠬᠡᠷᠡᠭᠯᠡᠭᠡ ᠵᠡᠷᠭᠡ ᠳᠤ

ᠥᠷᠭᠡᠨ ᠢᠶᠠᠷ ᠬᠡᠷᠡᠭᠯᠡᠵᠦ ᠪᠣᠯᠣᠨ᠎ᠠ᠂ ᠡᠨᠡ ᠨᠢ ᠰᠢᠲᠠᠭᠠᠯᠭ᠎ᠠ ᠶᠢᠨ ᠨᠡᠭᠦᠷᠡᠰᠦ ᠳᠤᠲᠠᠭᠳᠠᠬᠤ ᠳᠤ ᠡᠨᠧᠷᠭᠢ ᠶᠢᠨ

ᠠᠰᠢᠭᠯᠠᠯᠲᠠ ᠶᠢᠨ ᠰᠢᠨ᠎ᠡ ᠠᠷᠭ᠎ᠠ ᠵᠠᠮ ᠢ ᠨᠡᠭᠡᠭᠡᠨ ᠥᠭᠴᠦ᠂ ᠬᠥᠳᠡᠭᠡ ᠲᠣᠰᠬᠤᠨ ᠤ ᠬᠥᠮᠥᠰ ᠤᠨ ᠣᠷᠣᠰᠢᠨ

ᠰᠠᠭᠤᠬᠤ ᠣᠷᠴᠢᠨ ᠲᠣᠭᠤᠷᠢᠨ ᠢ ᠵᠠᠰᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ᠂

ᠣᠷᠭᠠᠨᠢᠭ ᠬᠠᠶᠠᠭᠳᠠᠮᠠᠯ ᠪᠣᠳᠠᠰ ᠤᠨ ᠪᠣᠬᠢᠷᠳᠤᠯ ᠢ ᠵᠠᠰᠠᠬᠤ ᠳᠤ ᠴᠢᠬᠤᠯᠠ ᠦᠢᠯᠡᠳᠦᠯ ᠲᠠᠢ ᠶᠤᠮ᠃

    ︽ᠨᠤᠲᠤᠭ ᠤᠨ ᠢᠶᠠᠨ ᠦᠬᠡᠷ ᠬᠤᠨᠢᠨ ᠤ ᠪᠠᠭᠠᠰᠤ ᠨᠡᠯᠢᠶᠡᠳ ᠠᠷᠪᠢᠨ ᠪᠠᠶᠢᠬᠤ ᠶᠢ ᠪᠣᠳᠣᠯᠬᠢᠯᠠᠭᠠᠳ᠂ ᠶᠠᠭ

ᠰᠠᠶᠢᠬᠠᠨ ᠨᠤᠲᠤᠭ ᠤᠨ ᠢᠶᠠᠨ ᠠᠰᠢᠭᠲᠠᠢ ᠨᠥᠬᠦᠴᠡᠯ ᠲᠠᠢ ᠤᠶᠠᠯᠳᠤᠭᠤᠯᠤᠨ ᠢ ᠠᠨ ᠤ ᠠᠮᠢᠳᠤ ᠪᠣᠳᠠᠰ ᠤᠨ

ᠰᠢᠲᠠᠭᠠᠯᠭ᠎ᠠ ᠶᠢᠨ ᠦᠢᠯᠡᠳᠪᠦᠷᠢ ᠶᠢ ᠪᠠᠶᠢᠭᠤᠯᠵᠤ᠂ ᠡᠷᠬᠢᠨ ᠲᠣᠭᠤᠷᠢᠨ ᠤ ᠠᠶᠢᠯ ᠲᠣᠰᠬᠤᠨ ᠤ ᠪᠠᠨ ᠦᠬᠡᠷ

ᠬᠤᠨᠢᠨ ᠤ ᠪᠠᠭᠠᠰᠤ ᠶᠢ ᠬᠤᠷᠢᠶᠠᠨ ᠠᠪᠴᠤ ᠠᠰᠢᠭᠯᠠᠵᠤ᠂ ᠦᠬᠡᠷ ᠬᠤᠨᠢᠨ ᠤ ᠪᠠᠭᠠᠰᠤ ᠶᠢ ᠡᠷᠳᠡᠨᠢ ᠪᠣᠯᠭᠠᠵᠤ

ᠪᠣᠯᠣᠨ᠎ᠠ᠃ ᠡᠭᠦᠨ ᠤ ᠬᠠᠮᠲᠤ᠂ ᠬᠥᠳᠡᠭᠡ ᠲᠣᠰᠬᠤᠨ ᠤ ᠣᠷᠴᠢᠨ ᠲᠣᠭᠤᠷᠢᠨ ᠤ ᠬᠠᠮᠠᠭᠠᠯᠠᠯ᠂ ᠲᠣᠰᠬᠤᠨ ᠤ

ᠳᠦᠷᠰᠦ ᠪᠠᠶᠢᠳᠠᠯ ᠢ ᠰᠠᠶᠢᠵᠢᠷᠠᠭᠤᠯᠬᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ

ᠪᠠᠶᠢᠭᠤᠯᠤᠯᠲᠠ ᠳᠤ ᠵᠣᠬᠢᠬᠤ ᠦᠢᠯᠡᠳᠦᠯ ᠦᠵᠡᠭᠦᠯᠬᠦ ᠪᠣᠯᠣᠨ᠎ᠠ᠃ ᠪᠠᠰᠠ ᠬᠡᠰᠡᠭ ᠲᠣᠰᠬᠤᠨ ᠤ ᠠᠷᠠᠳ ᠢ

ᠬᠠᠪᠰᠤᠷᠤᠨ ᠠᠵᠢᠯ ᠣᠯᠭᠤᠯᠲᠠ ᠶᠢᠨ ᠠᠰᠠᠭᠤᠳᠠᠯ ᠢ ᠨᠢ ᠰᠢᠢᠳᠪᠦᠷᠢᠯᠡᠵᠦ ᠪᠣᠯᠣᠨ᠎ᠠ︾ ᠭᠡᠵᠦ ᠠᠵᠤ ᠠᠬᠤᠶᠢᠯᠠᠯ ᠤᠨ

ᠬᠠᠷᠢᠭᠤᠴᠠᠯᠭᠠᠲᠠᠨ ᠯᠢᠦ ᠢᠦᠢ ᠬᠡᠯᠡᠪᠡ ᠃

    ᠣᠶᠢᠯᠠᠭᠠᠭᠰᠠᠨ ᠢᠶᠠᠷ᠂ ᠣᠳᠣᠬᠠᠨ ᠳᠤ᠂ ᠡᠳᠦᠷ ᠪᠦᠷᠢ 40 ᠲᠣᠨ ᠠᠮᠢᠳᠤ ᠪᠣᠳᠠᠰ ᠤᠨ ᠲᠦᠯᠡᠰᠢ

ᠦᠢᠯᠡᠳᠪᠦᠷᠢᠯᠡᠵᠦ᠂ ᠨᠢᠭᠡ ᠵᠢᠯ ᠳᠤ 1 ᠲᠦᠮᠡ ᠭᠠᠷᠤᠢ ᠲᠣᠨ ᠦᠢᠯᠡᠳᠪᠦᠷᠢᠯᠡᠵᠦ᠂ ᠲᠣᠨ ᠪᠦᠷᠢ ᠶᠢᠨ

ᠪᠣᠷᠤᠯᠠᠭᠤᠯᠭ᠎ᠠ ᠶᠢᠨ ᠬᠡᠮᠵᠢᠶ᠎ᠡ ᠨᠢ 600 ~ 800 ᠲᠥᠭᠦᠷᠢᠭ ᠣᠷᠴᠢᠮ ᠪᠠᠶᠢᠵᠤ᠂ ᠵᠠᠬ᠎ᠠ ᠳᠡᠯᠭᠡᠭᠦᠷ ᠤᠨ

ᠬᠡᠲᠦ ᠶᠢᠨ ᠲᠥᠯᠥᠪ ᠴᠦ ᠮᠠᠰᠢ ᠰᠠᠶᠢᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠵᠠᠬ᠎ᠠ ᠳᠡᠯᠭᠡᠭᠦᠷ ᠤᠨ

ᠬᠥᠭᠵᠢᠯᠲᠡ ᠶᠢ ᠦᠨᠳᠦᠰᠦᠯᠡᠨ᠂ ᠢᠵᠢ ᠪᠦᠷᠢᠳᠦᠭᠦᠯᠬᠦ ᠪᠡᠯᠡᠳᠬᠡᠮᠵᠢ ᠶᠢ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ

ᠦᠢᠯᠡᠳᠪᠦᠷᠢᠯᠡᠯ ᠤᠨ ᠬᠡᠪᠴᠢᠶ᠎ᠡ ᠶᠢ ᠥᠷᠭᠡᠳᠬᠡᠨ᠂ ᠮᠠᠯᠵᠢᠬᠤ ᠲᠠᠷᠢᠶᠠᠯᠠᠬᠤ ᠣᠷᠣᠨ ᠤ ᠬᠠᠶᠠᠭᠳᠠᠮᠠᠯ ᠪᠣᠳᠠᠰ ᠢ

ᠪᠦᠲᠦᠮᠵᠢᠲᠡᠶ ᠨᠡᠭᠡᠭᠡᠨ ᠠᠰᠢᠭᠯᠠᠵᠤ᠂ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ᠂ ᠬᠥᠳᠡᠭᠡ

ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠳᠡᠭᠡᠭᠰᠢᠯᠡᠭᠦᠯᠬᠦ ᠳᠤ ᠬᠦᠴᠦᠨ ᠴᠢᠳᠠᠯ ᠢᠶᠠᠨ ᠡᠷᠭᠦᠨ᠎ᠡ᠃

        ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ

        ᠣᠷᠴᠢᠭᠤᠯᠤᠭᠴᠢ᠄ ᠣᠳᠣᠨᠭᠡᠷᠡᠯ

ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ

 

 

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2