| ᠬᠤᠸᠠᠳᠧ ᠵᠠᠰᠠᠭ ᠠᠯᠪᠠᠨ ᠲᠠᠷᠬᠠᠭᠠᠭᠰᠠᠨ〔2022〕 33 ᠳ᠋ᠤᠭᠠᠷ ᠲᠣᠭᠠᠲᠤ | ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ | ᠨᠢᠭᠡᠴᠡ ᠨᠦᠭᠦᠳ ᠲᠤ ᠄ | ᠮᠠᠨ ᠤ ᠰᠢᠶᠠᠨ ᠤ 2022 ᠣᠨ ᠤ ᠨᠠᠮᠤᠷ ᠤᠨ ᠤᠯᠠᠷᠢᠯ ᠤᠨ ᠬᠦᠨᠳᠦ ᠶᠡᠭᠡ ᠠᠮᠢᠲᠠᠨ ᠤ ᠬᠢᠵᠢᠭ ᠡᠪᠡᠳᠴᠢᠨ ᠢ | ᠰᠡᠷᠭᠡᠶᠢᠯᠡᠨ ᠬᠢᠵᠠᠭᠠᠷᠯᠠᠬᠤ ᠠᠵᠢᠯ ᠢ ᠰᠠᠶᠢᠲᠤᠷ ᠬᠢᠵᠦ ᠂ ᠨᠠᠮᠤᠷ ᠤᠨ ᠤᠯᠠᠷᠢᠯ ᠤᠨ ᠬᠦᠨᠳᠦ ᠶᠡᠭᠡ ᠠᠮᠢᠲᠠᠨ ᠤ ᠬᠢᠵᠢᠭ | ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠪᠠ ᠠᠮᠢᠲᠠᠨ ᠤ ᠦᠯᠦ ᠬᠠᠯᠳᠠᠭᠠᠬᠤ ᠵᠡᠷᠭᠡ ᠡᠯ᠎ᠡ ᠵᠦᠢᠯ ᠤᠨ ᠠᠵᠢᠯ ᠢ | ᠯᠠᠪᠳᠠᠭᠤᠨ ᠪᠠᠲᠤᠲᠠᠢ ᠂ ᠪᠦᠲᠦᠮᠵᠢᠲᠡᠢ ᠥᠷᠨᠢᠭᠦᠯᠬᠦ ᠶᠢ ᠪᠠᠲᠤᠯᠠᠬᠤ ᠶᠢᠨ ᠲᠥᠯᠥᠭᠡ ᠂ ᠰᠡᠷᠭᠡᠶᠢᠯᠡᠨ ᠬᠢᠵᠠᠭᠠᠷᠯᠠᠬᠤ | ᠠᠷᠭ᠎ᠠ ᠬᠡᠮᠵᠢᠶ᠎ᠡ ᠶᠢ ᠦᠨᠡᠨᠬᠦ ᠪᠣᠳᠠᠲᠠᠢ ᠨᠠᠶᠢᠳᠠᠪᠤᠷᠢᠵᠢᠭᠤᠯᠵᠤ ᠂ ᠬᠦᠨᠳᠦ ᠶᠡᠭᠡ ᠠᠮᠢᠲᠠᠨ ᠤ ᠬᠢᠵᠢᠭ ᠤᠨ ᠪᠠᠶᠢᠳᠠᠯ ᠪᠠ | ᠠᠮᠢᠲᠠᠨ ᠤ ᠠᠰᠢᠭ ᠰᠢᠮ᠎ᠡ ᠶᠢᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠤ ᠬᠡᠷᠡᠭ ᠡᠭᠦᠰᠬᠦ | ᠦᠭᠡᠢ ᠪᠠᠶᠢᠬᠤ ᠶᠢ ᠪᠠᠲᠤᠯᠠᠵᠤ᠂ ᠰᠢᠶᠠᠨ ᠤ ᠠᠷᠠᠳ ᠤᠨ ᠵᠠᠰᠠᠭ ᠤᠨ ᠣᠷᠳᠣᠨ ᠤ ᠱᠠᠭᠠᠷᠳᠠᠯᠭ᠎ᠠ ᠶᠢ ᠦᠨᠳᠦᠰᠦᠯᠡᠨ ᠂ | 2022 ᠣᠨ ᠤ ᠨᠠᠮᠤᠷ ᠤᠨ ᠤᠯᠠᠷᠢᠯ ᠤᠨ ᠬᠦᠨᠳᠦ ᠶᠡᠭᠡ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠬᠦ | ᠬᠠᠮᠲᠤᠷᠠᠭᠰᠠᠨ ᠶᠡᠭᠡ ᠳᠠᠶᠢᠯᠠᠯᠳᠤᠭᠠᠨ ᠢ ᠵᠣᠬᠢᠶᠠᠨ ᠪᠠᠶᠢᠭᠤᠯᠵᠤ ᠥᠷᠨᠢᠭᠦᠯᠦᠨ᠎ᠡ ᠃ ᠡᠳᠦᠭᠡ ᠬᠤᠯᠪᠣᠭᠳᠠᠯ ᠪᠦᠬᠦᠢ | ᠤᠴᠢᠷ ᠢ ᠳᠣᠣᠷᠠᠬᠢ ᠮᠡᠲᠦ ᠮᠡᠳᠡᠭᠳᠡᠶ᠎ᠡ ᠄ | ᠨᠢᠭᠡ᠂ ᠠᠵᠢᠯ ᠤᠨ ᠡᠭᠦᠷᠭᠡ | ︵ᠨᠢᠭᠡ︶ ᠨᠠᠮᠤᠷ ᠤᠨ ᠤᠯᠠᠷᠢᠯ ᠤᠨ ᠬᠦᠨᠳᠦ ᠶᠡᠭᠡ ᠠᠮᠢᠲᠠᠨ ᠤ ᠬᠢᠵᠢᠭ ᠡᠪᠡᠳᠴᠢᠨ ᠳᠤ ᠲᠥᠪᠯᠡᠷᠡᠭᠦᠯᠦᠨ | ᠡᠬᠡᠯᠢᠯᠡᠭᠡ ᠶᠢᠨ ᠠᠵᠢᠯ ᠢ ᠯᠠᠪᠳᠠᠭᠤᠨ ᠪᠠᠲᠤᠲᠠᠢ ᠦᠷᠨᠢᠭᠦᠯᠦᠨ᠎ᠡ | 9 ᠰᠠᠷ᠎ᠠ ᠶᠢᠨ 30 ᠤ ᠡᠳᠦᠷ ᠠᠴᠠ ᠡᠬᠢᠯᠡᠨ 11 ᠰᠠᠷ᠎ᠠ ᠶᠢᠨ 30 ᠤ ᠡᠳᠦᠷ ᠪᠣᠯᠲᠠᠯ᠎ᠠ ᠂ ᠨᠠᠮᠤᠷ ᠤᠨ | ᠰᠡᠷᠭᠡᠶᠢᠯᠡᠯᠲᠡ ᠶᠢᠨ ᠲᠥᠪᠯᠡᠷᠡᠩᠭᠦᠢ ᠡᠭᠡᠯᠢᠯᠡᠭᠡ ᠶᠢᠨ ᠴᠠᠭ ᠪᠣᠯᠣᠨ᠎ᠠ᠂ ᠲᠣᠰ ᠤᠳᠠᠭᠠᠨ ᠤ ᠨᠠᠮᠤᠷ ᠤᠨ | ᠰᠡᠷᠭᠡᠶᠢᠯᠡᠯᠲᠡ ᠶᠢᠨ ᠠᠯᠪᠠᠳᠠᠯᠭ᠎ᠠ ᠶᠢᠨ ᠡᠭᠡᠯᠢᠯᠡᠭᠡ ᠶᠢᠨ ᠠᠮᠢᠲᠠᠨ ᠤ ᠬᠢᠵᠢᠭ ᠡᠪᠡᠳᠴᠢᠨ ᠪᠣᠯ ᠵᠢᠭᠦᠷᠲᠡᠨ ᠤ | ᠬᠠᠯᠳᠠᠪᠤᠷᠢᠲᠤ ᠲᠠᠭᠰᠢᠭᠤᠷ᠂ ᠰᠢᠯᠦᠬᠡᠢ ᠡᠪᠡᠳᠴᠢᠨ᠂ ᠪᠷᠦ᠋ᠼᠧᠯ ᠡᠪᠡᠳᠴᠢᠨ᠂ ᠬᠡᠪᠢᠬᠦ ᠠᠷᠢᠶᠠᠲᠠᠨ ᠤ ᠵᠢᠵᠢᠭ ᠬᠢᠵᠢᠭ | ᠂ ᠪᠠᠭᠯᠠᠭᠴᠢ ᠬᠤᠷᠤᠬᠠᠶᠢᠲᠤ ᠡᠪᠡᠳᠴᠢᠨ ᠵᠡᠷᠭᠡ 5 ᠵᠦᠢᠯ ᠤᠨ ᠠᠮᠢᠲᠠᠨ ᠤ ᠬᠢᠵᠢᠭ ᠡᠪᠡᠳᠴᠢᠨ ᠪᠣᠯᠣᠨ᠎ᠠ︔ | ᠲᠥᠯᠥᠪᠯᠡᠭᠡᠲᠦ ᠡᠭᠡᠯᠢᠯᠡᠭᠡ ᠪᠣᠯ ᠭᠠᠭ᠋ᠠᠢ ᠶᠢᠨ ᠬᠢᠵᠢᠭ᠂ ᠡᠪᠡᠳᠴᠢᠯᠡᠭᠦᠯᠬᠦ ᠴᠢᠨᠠᠷ ᠢᠶᠠᠷ ᠴᠢᠩᠭ᠎ᠠ ᠭᠠᠭ᠋ᠠᠢ ᠶᠢᠨ ᠴᠢᠬᠢ | ᠬᠥᠬᠡᠷᠡᠬᠦ ᠡᠪᠡᠳᠴᠢᠨ᠂ ᠲᠠᠬᠢᠶᠠᠨ ᠤ ᠰᠢᠨ ᠴᠧᠩ ᠬᠢᠵᠢᠭ᠂ ᠭᠠᠯᠵᠠᠭᠤ ᠡᠪᠡᠳᠴᠢᠨ ᠵᠡᠷᠭᠡ ᠪᠣᠯᠣᠨ᠎ᠠ᠃ ᠪᠣᠶ ᠪᠦᠬᠦᠢ | ᠦᠬᠡᠷ᠂ ᠲᠡᠮᠡᠭᠡ᠂ ᠬᠤᠨᠢᠨ ᠳᠤ ᠴᠥᠮ O ᠬᠡᠯᠪᠡᠷᠢ ︱ A ᠬᠡᠯᠪᠡᠷᠢ ᠶᠢᠨ ᠰᠢᠯᠦᠬᠡᠢ ᠡᠪᠡᠳᠴᠢᠨ ᠤ ᠬᠤᠶᠠᠷ | ᠸᠠᠯᠧᠨ᠋ᠲᠲᠤ ᠸᠠᠺᠼᠢᠨ ᠤ ᠡᠭᠡᠯᠢᠯᠡᠭᠡ ᠶᠢ ᠬᠡᠷᠡᠭᠯᠡᠵᠦ᠂ ᠪᠣᠶ ᠪᠦᠬᠦᠢ ᠭᠠᠭ᠋ᠠᠢ ᠳᠤ ᠰᠢᠯᠦᠬᠡᠢ ᠡᠪᠡᠳᠴᠢᠨ ᠤ O | ᠬᠡᠯᠪᠡᠷᠢ ᠶᠢᠨ ᠸᠠᠺᠼᠢᠨ ᠤ ᠡᠭᠡᠯᠢᠯᠡᠭᠡ ᠶᠢ ᠠᠯᠪᠠᠳᠠᠯᠭ᠎ᠠ ᠪᠠᠷ ᠬᠡᠷᠡᠭᠵᠢᠭᠦᠯᠵᠦ᠂ ᠰᠠᠭᠠᠯᠢ ᠶᠢᠨ ᠦᠨᠢᠶ᠎ᠡ ᠶᠢ ︽ᠨᠢᠭᠡ | ᠵᠢᠯ ᠳᠤ ᠭᠤᠷᠪᠠᠨ ᠡᠬᠡᠯᠢᠯᠡᠭᠡ︾ ᠶᠢ ᠦᠨᠡᠨ ᠬᠦ ᠪᠠᠲᠤᠯᠠᠨ᠎ᠠ᠃ | ᠡᠯ᠎ᠡ ᠰᠢᠶᠠᠩ ᠪᠠᠯᠭᠠᠰᠤᠨ ᠤ ᠬᠢᠨ ᠲᠥᠪᠯᠡᠷᠡᠭᠦᠯᠦᠨ ᠰᠡᠷᠭᠡᠶᠢᠯᠡᠬᠦ ᠠᠵᠢᠯ ᠢ ᠦᠨᠡᠨᠬᠦ ᠰᠠᠶᠢᠲᠤᠷ ᠬᠢᠵᠦ᠂ ᠨᠥᠬᠦᠵᠦ | ᠰᠡᠷᠭᠡᠶᠢᠯᠡᠬᠦ ᠨᠥᠬᠦᠵᠦ ᠡᠬᠡᠯᠢᠯᠡᠭᠡ ᠬᠢᠬᠦ ᠶᠢ ᠨᠠᠶᠢᠳᠠᠪᠤᠷᠢᠵᠢᠭᠤᠯᠵᠤ᠂ ︽ ᠡᠬᠡᠯᠢᠯᠡᠭᠡ ᠬᠢᠬᠦ ᠶᠣᠰᠣᠲᠠᠢ ᠶᠢ ᠨᠢ ᠴᠥᠮ | ᠡᠬᠡᠯᠢᠯᠡᠭᠡ ᠬᠢᠬᠦ ᠬᠡᠷᠡᠭᠲᠡᠢ᠂ ᠬᠤᠭᠤᠰᠤᠨ ᠪᠠᠶᠢᠯᠭᠠᠬᠤ ᠦᠭᠡᠢ︾ ᠪᠠᠶᠢᠬᠤ ᠶᠢ ᠪᠡᠶᠡᠯᠡᠭᠦᠯᠵᠦ᠂ ᠡᠪᠡᠳᠴᠢᠯᠡᠭᠦᠯᠬᠦ | ᠴᠢᠨᠠᠷ ᠢᠶᠠᠷ ᠴᠢᠩᠭ᠎ᠠ ᠵᠢᠭᠦᠷᠲᠡᠨ ᠤ ᠬᠠᠯᠳᠠᠪᠤᠷᠢᠲᠤ ᠲᠠᠭᠰᠢᠭᠤᠷ᠂ ᠰᠢᠯᠦᠬᠡᠢ ᠡᠪᠡᠳᠴᠢᠨ᠂ ᠪᠠᠭ᠎ᠠ ᠬᠡᠪᠢᠬᠦ ᠮᠠᠯ ᠤᠨ | ᠬᠢᠵᠢᠭ᠂ ᠪᠷᠦ᠋ᠼᠧᠯ ᠡᠪᠡᠳᠴᠢᠨ᠂ ᠪᠠᠭᠯᠠᠭᠴᠢ ᠬᠤᠷᠤᠬᠠᠶᠢᠲᠤ ᠡᠪᠡᠳᠴᠢᠨ ᠤ ᠬᠠᠮᠲᠤᠯᠢᠭ ᠤᠨ ᠡᠭᠡᠯᠢᠯᠡᠭᠡ ᠶᠢᠨ | ᠨᠢᠭᠲᠠᠴᠠ ᠶᠢ ᠵᠢᠯ ᠲᠤᠷᠰᠢ 90% ᠠᠴᠠ ᠳᠡᠭᠡᠭᠰᠢ ᠪᠠᠶᠢᠯᠭᠠᠵᠤ᠂ ᠬᠡᠯᠲᠦᠷᠢᠭᠦᠯᠬᠦ ᠶᠣᠰᠣᠲᠠᠢ ᠮᠠᠯ ᠵᠢᠭᠦᠷᠲᠡᠨ ᠤ | ᠡᠭᠡᠯᠢᠯᠡᠭᠡ ᠶᠢᠨ ᠨᠢᠭᠲᠠᠴᠠ ᠶᠢ 100% ᠳᠤ ᠬᠦᠷᠦᠭᠦᠯᠵᠦ᠂ ᠡᠪᠡᠳᠴᠢᠯᠡᠭᠦᠯᠬᠦ ᠴᠢᠨᠠᠷ ᠢᠶᠠᠷ ᠴᠢᠩᠭ᠎ᠠ ᠵᠢᠭᠦᠷᠲᠡᠨ ᠤ | ᠬᠠᠯᠳᠠᠪᠤᠷᠢᠲᠤ ᠲᠠᠭᠰᠢᠭᠤᠷ᠂ ᠰᠢᠯᠦᠬᠡᠢ ᠡᠪᠡᠳᠴᠢᠨ᠂ ᠪᠠᠭ᠎ᠠ ᠬᠡᠪᠢᠬᠦ ᠮᠠᠯ ᠤᠨ ᠬᠢᠵᠢᠭ᠂ ᠪᠠᠭᠯᠠᠭᠴᠢ ᠬᠤᠷᠤᠬᠠᠶᠢᠲᠤ | ᠡᠪᠡᠳᠴᠢᠨ ᠤ ᠡᠭᠡᠯᠢᠯᠡᠭᠡ ᠶᠢᠨ ᠡᠰᠡᠷᠭᠦᠴᠡᠭᠴᠢ ᠶᠢᠨ ᠬᠢᠷᠢ ᠲᠡᠩᠴᠡᠭᠦ ᠨᠣᠷᠮ᠎ᠠ ᠶᠢ ᠪᠥᠬᠦ ᠵᠢᠯ ᠳᠤ 70% ᠠᠴᠠ | ᠳᠡᠭᠡᠭᠰᠢ ᠪᠠᠶᠢᠯᠭᠠᠨ᠎ᠠ︔ ᠲᠥᠯᠥᠪᠯᠡᠭᠡᠲᠦ ᠡᠭᠡᠯᠢᠯᠡᠭᠡ ᠶᠢᠨ ᠭᠠᠭ᠋ᠠᠢ ᠶᠢᠨ ᠬᠢᠵᠢᠭ᠂ ᠡᠪᠡᠳᠴᠢᠯᠡᠭᠦᠯᠬᠦ ᠴᠢᠨᠠᠷ ᠢᠶᠠᠷ | ᠴᠢᠩᠭ᠎ᠠ ᠭᠠᠭ᠋ᠠᠢ ᠶᠢᠨ ᠴᠢᠬᠢ ᠬᠥᠬᠡᠷᠡᠬᠦ ᠡᠪᠡᠳᠴᠢᠨ᠂ ᠲᠠᠬᠢᠶ᠎ᠠ ᠶᠢᠨ ᠰᠢᠨ ᠴᠧᠩ ᠬᠢᠵᠢᠭ ᠤᠨ ᠬᠠᠮᠲᠤᠯᠢᠭ ᠤᠨ | ᠡᠭᠡᠯᠢᠯᠡᠭᠡ ᠶᠢᠨ ᠨᠢᠭᠲᠠᠴᠠ ᠶᠢ ᠵᠢᠯ ᠲᠤᠷᠰᠢ 90% ᠠᠴᠠ ᠳᠡᠭᠡᠭᠰᠢ ᠪᠠᠶᠢᠯᠭᠠᠵᠤ᠂ᠡᠬᠡᠯᠢᠯᠡᠭᠡ ᠬᠢᠬᠦ ᠶᠣᠰᠣᠲᠠᠢ ᠮᠠᠯ | ᠵᠢᠭᠦᠷᠲᠡᠨ ᠤ ᠡᠭᠡᠯᠢᠯᠡᠭᠡ ᠶᠢᠨ ᠨᠢᠭᠲᠠᠴᠠ ᠶᠢ 100% ᠳᠤ ᠬᠦᠷᠦᠭᠦᠯᠵᠦ᠂ ᠡᠭᠡᠯᠢᠯᠡᠭᠡ ᠶᠢᠨ ᠡᠰᠡᠷᠭᠦᠴᠡᠭᠴᠢ ᠶᠢᠨ | ᠬᠢᠷᠢ ᠲᠡᠩᠴᠡᠭᠦ ᠨᠣᠷᠮ᠎ᠠ ᠶᠢ ᠪᠥᠬᠦ ᠵᠢᠯ ᠳᠤ 70% ᠠᠴᠠ ᠳᠡᠭᠡᠭᠰᠢ ᠪᠠᠶᠢᠯᠭᠠᠵᠤ᠂ ᠪᠦᠷᠢᠨ ᠪᠦᠲᠦᠨ ᠨᠠᠷᠢᠨ | ᠪᠣᠳᠠᠲᠠᠢ ᠡᠭᠡᠯᠢᠯᠡᠭᠡ ᠶᠢᠨ ᠲᠠᠩᠰᠠ ᠡᠪᠬᠡᠮᠡᠯ ᠢ ᠪᠠᠶᠢᠭᠤᠯᠤᠨ᠎ᠠ ︔ ᠬᠥᠷᠰᠢ ᠵᠡᠷᠭᠡᠯᠡᠳᠡᠭᠡ ᠭᠠᠳᠠᠷ ᠮᠤᠵᠢ᠂ ᠰᠢᠶᠠᠨ | ᠭᠠᠵᠠᠷ ᠣᠷᠣᠨ᠂ ᠨᠡᠭᠦᠳᠡᠯ ᠤᠨ ᠰᠢᠪᠠᠭᠤᠳ ᠤᠨ ᠣᠷᠣᠰᠢᠨ ᠠᠮᠢᠳᠤᠷᠠᠬᠤ ᠭᠠᠵᠠᠷ ᠤᠨ ᠮᠠᠯ ᠵᠢᠭᠦᠷᠲᠡᠨ ᠤ | ᠡᠭᠡᠯᠢᠯᠡᠭᠡ ᠶᠢᠨ ᠠᠵᠢᠯ ᠢ ᠰᠠᠶᠢᠲᠤᠷ ᠠᠳᠬᠤᠵᠤ᠂ ᠲᠣᠭᠲᠠᠪᠤᠷᠢᠲᠠᠢ ᠡᠭᠡᠯᠢᠯᠡᠭᠡ ᠶᠢᠨ ᠪᠦᠰᠡ ᠶᠢ ᠪᠠᠶᠢᠭᠤᠯᠤᠨ᠎ᠠ᠃ | ︵ᠬᠤᠶᠠᠷ︶ ᠬᠢᠵᠢᠭ ᠤᠨ ᠪᠠᠶᠢᠳᠠᠯ ᠢ ᠵᠢᠭᠰᠠᠭᠠᠨ ᠪᠠᠶᠢᠴᠠᠭᠠᠬᠤ ᠠᠵᠢᠯ ᠢ ᠬᠢᠨᠠᠮᠠᠭᠠᠢ ᠵᠣᠬᠢᠶᠠᠨ ᠪᠠᠶᠢᠭᠤᠯᠤᠨ | ᠥᠷᠨᠢᠭᠦᠯᠵᠦ ᠂ ᠬᠢᠵᠢᠭ ᠤᠨ ᠪᠠᠶᠢᠳᠠᠯ ᠢ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠲᠡᠭᠦᠯᠳᠡᠷᠵᠢᠭᠦᠯᠦᠨ ᠂ ᠪᠠᠴᠢᠮ | ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠴᠢᠩᠭᠠᠷᠠᠭᠤᠯᠤᠨ᠎ᠠ | ᠬᠠᠷᠢᠶ᠎ᠠ ᠣᠷᠣᠨ ᠤ ᠳᠣᠲᠣᠷᠠᠬᠢ ᠠᠮᠢᠳᠠᠨ ᠤ ᠬᠢᠵᠢᠭ ᠤᠨ ᠪᠠᠶᠢᠳᠠᠯ ᠤᠨ ᠲᠦᠭᠰᠢᠭᠦᠷᠢ ᠶᠢᠨ ᠬᠦᠴᠦᠨ ᠵᠦᠢᠯ ᠲᠠᠢ | ᠤᠶᠠᠯᠳᠤᠭᠤᠯᠤᠨ ᠂ ᠳᠤᠮᠳᠠ ᠵᠢᠵᠢᠭ ᠲᠡᠵᠢᠭᠡᠨ ᠦᠷᠡᠵᠢᠭᠦᠯᠬᠦ ᠡᠷᠥᠭᠡ ᠂ ᠮᠠᠯ ᠵᠢᠭᠦᠷᠲᠡᠨ ᠢ ᠠᠷᠠᠯᠵᠢᠶᠠᠯᠠᠬᠤ ᠵᠠᠬ᠎ᠠ | ᠳᠡᠯᠭᠡᠭᠦᠷ ᠂ ᠨᠢᠲᠤᠯᠬᠤ ᠭᠠᠵᠠᠷ ᠂ ᠬᠤᠣᠷ ᠥᠭᠡᠶᠢᠵᠢᠬᠦᠯᠦᠨ ᠰᠢᠢᠳᠪᠦᠷᠢᠯᠡᠬᠦ ᠲᠠᠯᠠᠪᠠᠢ ᠂ ᠨᠡᠭᠦᠳᠡᠯ ᠤᠨ ᠰᠢᠪᠠᠭᠤ ᠶᠢᠨ | ᠣᠷᠣᠰᠢᠨ ᠠᠮᠢᠳᠤᠷᠠᠬᠤ ᠭᠠᠵᠠᠷ ᠵᠡᠷᠭᠡ ᠵᠠᠩᠭᠢᠯᠠᠭ᠎ᠠ ᠶᠢᠨ ᠭᠠᠵᠠᠷ ᠲᠠᠯᠠᠪᠤᠷ ᠪᠣᠯᠣᠨ ᠬᠠᠷᠢᠶ᠎ᠠ ᠣᠷᠣᠨ ᠤ ᠳᠣᠲᠣᠷᠠᠬᠢ | ᠠᠹᠷᠢᠺᠠ ᠲᠢᠪ ᠤᠨ ᠭᠠᠭ᠋ᠠᠢ ᠶᠢᠨ ᠬᠢᠵᠢᠭ ᠂ ᠰᠢᠯᠦᠬᠡᠢ ᠡᠪᠡᠳᠴᠢᠨ ᠂ ᠡᠪᠡᠳᠴᠢᠯᠡᠭᠦᠯᠬᠦ ᠴᠢᠨᠠᠷ ᠢᠶᠠᠷ ᠴᠢᠩᠭ᠎ᠠ | ᠵᠢᠭᠦᠷᠲᠡᠨ ᠤ ᠬᠠᠯᠳᠠᠪᠤᠷᠢᠲᠤ ᠲᠠᠭᠰᠢᠭᠤᠷ ᠵᠡᠷᠭᠡ ᠬᠦᠨᠳᠦ ᠶᠡᠭᠡ ᠠᠮᠢᠳᠠᠨ ᠤ ᠬᠢᠵᠢᠭ ᠡᠪᠡᠳᠴᠢᠨ ᠳᠤ ᠲᠠᠬᠤᠯ | ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠬᠢᠬᠦ ᠪᠠ ᠬᠢᠵᠢᠭ ᠤᠨ ᠪᠠᠶᠢᠳᠠᠯ ᠢ ᠵᠢᠭᠰᠠᠭᠠᠨ ᠪᠠᠶᠢᠴᠠᠭᠠᠬᠤ ᠠᠵᠢ᠊ ᠢ | ᠲᠥᠪᠯᠡᠷᠡᠭᠦᠯᠦᠨ ᠵᠣᠬᠢᠶᠠᠨ ᠪᠠᠶᠢᠭᠤᠯᠤᠨ ᠦᠷᠨᠢᠭᠦᠯᠦᠨ᠎ᠡ᠃ ᠰᠢᠯᠲᠠᠭᠠᠨ ᠨᠢ ᠲᠣᠳᠣᠷᠬᠠᠢ ᠦᠭᠡᠢ ᠪᠠᠷ ᠦᠬᠦᠭᠰᠡᠨ | ᠠᠮᠢᠲᠠᠨ ᠢ ᠵᠢᠭᠰᠠᠭᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠴᠠᠭ ᠲᠤᠬᠠᠢ ᠳᠤᠨᠢ ᠢᠯᠡᠷᠡᠭᠦᠯᠵᠦ᠂ | ᠵᠢᠷᠤᠮᠵᠢᠯ ᠲᠠᠢ ᠰᠢᠢᠳᠪᠦᠷᠢᠯᠡᠬᠦ ᠶᠢ ᠪᠡᠶᠡᠯᠡᠭᠦᠯᠬᠦ ᠬᠡᠷᠡᠭᠲᠡᠢ᠃ ᠡᠭᠦᠨ ᠤ ᠬᠠᠮᠲᠤ᠂ ᠵᠠᠬ᠎ᠠ ᠳᠡᠯᠭᠡᠭᠦᠷ ᠤᠨ ᠠᠮᠢᠳᠤ | ᠵᠢᠭᠦᠷᠲᠡᠨ ᠤ ᠳᠡᠯᠭᠡᠭᠡ ᠮᠠᠶᠢᠮᠠᠢ ᠪᠠ ᠬᠡᠭᠡᠷ᠎ᠡ ᠶᠢᠨ ᠠᠮᠢᠲᠠᠨ ᠢ ᠲᠡᠵᠢᠭᠡᠨ ᠦᠷᠡᠵᠢᠭᠦᠯᠬᠦ ᠲᠠᠯᠠᠪᠠᠶ ᠡᠷᠦᠬᠡ ᠶᠢᠨ | ᠬᠢᠵᠢᠭ ᠤᠨ ᠪᠠᠶᠢᠳᠠᠯ ᠢ ᠬᠢᠨᠠᠨ ᠪᠠᠶᠢᠴᠠᠭᠠᠵᠤ ᠵᠢᠭᠰᠠᠭᠠᠨ ᠪᠠᠶᠢᠴᠠᠭᠠᠬᠤ ᠶᠢ ᠴᠢᠩᠭᠠᠳᠬᠠᠵᠤ᠂ ᠬᠡᠭᠡᠷ᠎ᠡ ᠶᠢᠨ ᠠᠮᠢᠲᠠᠨ ᠢ | ᠠᠷᠠᠯᠵᠢᠶᠠᠯᠠᠬᠤ ᠠᠵᠢᠯᠯᠠᠭ᠎ᠠ ᠶᠢ ᠴᠢᠩᠭ᠎ᠠ ᠴᠠᠭᠠᠵᠠᠯᠠᠵᠤ᠂ ᠬᠡᠭᠡᠷ᠎ᠡ ᠶᠢᠨ ᠠᠮᠢᠲᠠᠨ ᠢ ᠬᠠᠤᠯᠢ ᠪᠤᠰᠤ ᠪᠠᠷ ᠡᠵᠡᠩᠨᠡᠬᠦ | ᠵᠡᠷᠭᠡ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠢ᠃ | ᠠᠮᠢᠲᠠᠨ ᠤ ᠬᠢᠵᠢᠭ ᠤᠨ ᠪᠠᠶᠢᠳᠠᠯ ᠢ ᠳᠡᠭᠡᠭᠰᠢ ᠮᠡᠳᠡᠭᠦᠯᠬᠦ ᠲᠠᠰ ᠳᠠᠷᠠᠭᠠᠯᠠᠯ ᠢ ᠵᠢᠷᠤᠮᠵᠢᠭᠤᠯᠵᠤ᠂ ᠴᠠᠭ ᠲᠤᠬᠠᠢ | ᠳᠤᠨᠢ ᠱᠠᠲᠤ ᠳᠠᠷᠠᠭᠠᠯᠠᠨ ᠦᠨᠡᠨ ᠮᠥᠨ ᠢᠶᠠᠷ ᠨᠢ ᠳᠡᠭᠡᠭᠰᠢ ᠮᠡᠳᠡᠭᠦᠯᠬᠦ ᠬᠡᠷᠡᠭᠲᠡᠢ᠂ ᠮᠡᠳᠡᠭᠦᠯᠬᠦ ᠦᠭᠡᠢ ᠨᠢᠭᠤᠬᠤ᠂ | ᠤᠳᠠᠭᠠᠰᠢᠷᠠᠭᠤᠯᠤᠨ ᠮᠡᠳᠡᠭᠦᠯᠬᠦ᠂ ᠬᠤᠳᠠᠯ ᠢᠶᠠᠷ ᠮᠡᠳᠡᠭᠦᠯᠬᠦ ᠪᠤᠶᠤ ᠱᠠᠲᠤ ᠠᠯᠤᠰᠯᠠᠨ ᠳᠡᠭᠡᠭᠰᠢ ᠮᠡᠳᠡᠭᠦᠯᠵᠦ ᠪᠣᠯᠬᠤ | ᠦᠭᠡᠢ︔ ᠬᠢᠵᠢᠭ ᠤᠨ ᠪᠠᠶᠢᠳᠠᠯ ᠡᠭᠦᠰᠬᠦ ᠳᠤ ᠬᠦᠷᠪᠡᠯ ᠂ ︽ᠡᠷᠲᠡ ᠂ ᠲᠦᠷᠭᠡᠨ ᠂ ᠴᠢᠩᠭ᠎ᠠ ᠂ ᠪᠠᠭ᠎ᠠ ︾ ᠪᠠᠶᠢᠬᠤ | ᠵᠠᠷᠴᠢᠮ ᠤᠨ ᠶᠣᠰᠣᠭᠠᠷ ᠡᠷᠡᠰ ᠰᠢᠭᠤᠷᠬᠠᠢ ᠪᠠᠷ ᠵᠢᠷᠤᠮᠵᠢᠭᠤᠯᠤᠨ ᠰᠢᠢᠳᠪᠦᠷᠢᠯᠡᠵᠦ ᠂ ᠲᠠᠷᠬᠠᠵᠤ ᠳᠡᠯᠭᠡᠷᠡᠬᠦ ᠶᠢ | ᠰᠡᠷᠭᠡᠶᠢᠯᠡᠨ ᠬᠤᠷᠢᠭᠯᠠᠬᠤ ᠬᠡᠷᠡᠭᠲᠡᠢ ᠃ ᠠᠮᠢᠲᠠᠨ ᠤ ᠬᠢᠵᠢᠭ ᠤᠨ ᠪᠠᠶᠢᠳᠠᠯ ᠤᠨ ᠪᠠᠴᠢᠮ ᠪᠠᠶᠢᠳᠠᠯ ᠢ ᠠᠷᠭᠠᠴᠠᠬᠤ | ᠪᠠᠶᠢᠭᠤᠯᠤᠮᠵᠢ᠂ ᠡᠩᠨᠡᠭᠡ ᠶᠢᠨ ᠪᠠᠶᠢᠭᠤᠯᠤᠯᠲᠠ ᠪᠣᠯᠣᠨ ᠪᠠᠴᠢᠮ ᠪᠠᠶᠢᠳᠠᠯ ᠢ ᠠᠷᠭᠠᠴᠠᠬᠤ ᠭᠡᠨᠡᠳᠲᠡ ᠶᠢᠨ ᠰᠣᠷᠢᠯᠲᠠ ᠶᠢ | ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮ ᠤᠨ ᠠᠵᠢᠯᠯᠠᠭᠠᠨ ᠤ ᠲᠣᠭᠲᠠᠴᠠ ᠶᠢ ᠲᠡᠭᠦᠯᠳᠡᠷᠵᠢᠭᠦᠯᠦᠨ | ᠂ ᠬᠢᠵᠢᠭ ᠤᠨ ᠪᠠᠶᠢᠳᠠᠯ ᠢ ᠰᠢᠢᠳᠪᠦᠷᠢᠯᠡᠬᠦ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ ᠨᠥᠭᠡᠴᠡ ᠶᠢ ᠴᠠᠭ | ᠲᠤᠬᠠᠢ ᠳᠤᠨᠢ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ | ︵ᠭᠤᠷᠪᠠ︶ ᠠᠮᠢᠳᠠᠨ ᠤ ᠬᠦᠨᠳᠦ ᠶᠡᠭᠡ ᠬᠢᠵᠢᠭ ᠡᠪᠡᠳᠴᠢᠨ ᠢ ᠬᠢᠨᠠᠨ ᠬᠡᠮᠵᠢᠬᠦ ᠠᠵᠢᠯ ᠢ ᠴᠢᠩᠭᠠᠳᠬᠠᠨ᠎ᠠ | ᠤᠯᠠᠭᠠᠨᠴᠠᠪ ᠬᠤᠲᠠ ᠶᠢᠨ ᠠᠮᠢᠲᠠᠨ ᠤ ᠬᠢᠵᠢᠭ ᠡᠪᠡᠳᠴᠢᠨ ᠢ ᠬᠢᠨᠠᠨ ᠬᠡᠮᠵᠢᠬᠦ ᠱᠠᠭᠠᠷᠳᠠᠯᠭ᠎ᠠ ᠶᠣᠰᠣᠭᠠᠷ᠂ | ᠲᠥᠪᠯᠡᠷᠡᠭᠦᠯᠦᠨ ᠬᠢᠨᠠᠨ ᠬᠡᠮᠵᠢᠬᠦ᠂ ᠡᠩ ᠤᠨ ᠬᠢᠨᠠᠨ ᠬᠡᠮᠵᠢᠬᠦ ᠶᠢ ᠬᠠᠷᠢᠯᠴᠠᠨ ᠤᠶᠠᠯᠳᠤᠭᠤᠯᠬᠤ ᠠᠷᠭ᠎ᠠ ᠶᠢ | ᠬᠡᠷᠡᠭᠵᠢᠭᠦᠯᠵᠦ᠂ ᠰᠢᠯᠦᠬᠡᠢ ᠡᠪᠡᠳᠴᠢᠨ ᠵᠡᠷᠭᠡ ᠬᠦᠨᠳᠦ ᠶᠡᠭᠡ ᠠᠮᠢᠲᠠᠨ ᠤ ᠬᠢᠵᠢᠭ ᠡᠪᠡᠳᠴᠢᠨ ᠤ ᠡᠬᠡᠯᠢᠯᠡᠭᠡ ᠶᠢᠨ | ᠡᠰᠡᠷᠭᠦᠴᠡᠭᠴᠢ ᠪᠠ ᠡᠪᠡᠳᠴᠢᠨ ᠡᠭᠦᠰᠬᠡᠭᠴᠢ ᠶᠢᠨ ᠰᠤᠳᠤᠯᠤᠯ ᠤᠨ ᠬᠢᠨᠠᠨ ᠬᠡᠮᠵᠢᠯᠲᠡ ᠶᠢ ᠪᠥᠬᠦ ᠲᠠᠯ᠎ᠠ ᠪᠠᠷ | ᠥᠷᠨᠢᠭᠦᠯᠵᠦ᠂ ᠬᠢᠨᠠᠨ ᠬᠡᠮᠵᠢᠬᠦ᠂ ᠴᠤᠪᠤᠷᠠᠭᠤᠯᠤᠨ ᠲᠣᠬᠢᠷᠠᠭᠤᠯᠬᠤ ᠮᠡᠳᠡᠭᠡ ᠵᠠᠩᠭᠢ ᠶᠢ ᠵᠠᠳᠠᠯᠤᠨ ᠦᠨᠡᠯᠡᠬᠦ ᠶᠢ | ᠰᠠᠶᠢᠲᠤᠷ ᠬᠢᠨ᠎ᠡ᠃ ᠰᠤᠭᠤᠴᠢᠨ ᠪᠠᠶᠢᠴᠠᠭᠠᠬᠤ ᠬᠠᠮᠲᠤᠯᠢᠭ ᠤᠨ ᠡᠭᠡᠯᠢᠯᠡᠭᠡ ᠶᠢᠨ ᠡᠰᠡᠷᠭᠦᠴᠡᠭᠴᠢ ᠶᠢᠨ ᠬᠢᠷᠢ | ᠲᠡᠩᠴᠡᠭᠰᠡᠨ ᠨᠣᠷᠮ᠎ᠠ ᠨᠢ ᠲᠣᠭᠲᠠᠭᠠᠭᠰᠠᠨ ᠱᠠᠭᠠᠷᠳᠠᠯᠭ᠎ᠠ ᠳᠤ ᠬᠦᠷᠦᠭᠰᠡᠨ ᠦᠭᠡᠢ ᠪᠠᠶᠢᠪᠠᠯ ᠴᠠᠭ ᠲᠤᠬᠠᠢ ᠳᠤᠨᠢ | ᠨᠥᠬᠦᠵᠦ ᠡᠬᠡᠯᠢᠯᠡᠭᠡ ᠬᠢᠬᠦ ᠬᠡᠷᠡᠭᠲᠡᠢ᠃ ᠲᠡᠵᠢᠭᠡᠨ ᠦᠷᠡᠵᠢᠭᠦᠯᠬᠦ ᠲᠠᠯᠠᠪᠠᠶ᠂ ᠨᠢᠲᠤᠯᠬᠤ ᠲᠠᠯᠠᠪᠠᠶ᠂ ᠮᠠᠯ ᠵᠢᠭᠦᠷᠲᠡᠨ ᠤ | ᠠᠷᠠᠯᠵᠢᠶ᠎ᠠ ᠶᠢᠨ ᠵᠠᠬ᠎ᠠ ᠳᠡᠯᠭᠡᠭᠦᠷ ᠵᠡᠷᠭᠡ ᠭᠤᠣᠯᠳᠠᠯᠭ᠎ᠠ ᠲᠠᠢ ᠲᠠᠯᠠᠪᠤᠷ ᠭᠠᠵᠠᠷ ᠤᠨ ᠡᠪᠡᠳᠴᠢᠨ ᠡᠭᠦᠰᠬᠡᠭᠴᠢ ᠶᠢᠨ | ᠰᠤᠳᠤᠯᠤᠯ ᠤᠨ ᠬᠢᠨᠠᠨ ᠬᠡᠮᠵᠢᠯᠲᠡ ᠶᠢ ᠴᠢᠩᠭᠠᠳᠬᠠᠵᠤ᠂ ᠡᠪᠡᠳᠴᠢᠨ ᠡᠭᠦᠰᠬᠡᠭᠴᠢ ᠶᠢᠨ ᠲᠠᠷᠬᠠᠯᠲᠠ ᠶᠢᠨ | ᠬᠥᠳᠡᠯᠦᠩᠭᠦᠢ ᠪᠠᠶᠢᠳᠠᠯ ᠢ ᠣᠨᠣᠪᠴᠢᠲᠠᠶ ᠡᠵᠡᠮᠰᠢᠨ᠂ ᠬᠢᠵᠢᠭ ᠤᠨ ᠳᠠᠯᠳᠠ ᠬᠡᠮ ᠢ ᠴᠠᠭ ᠲᠤᠬᠠᠢ ᠳᠤᠨᠢ ᠠᠷᠢᠯᠭᠠᠬᠤ | ᠬᠡᠷᠡᠭᠲᠡᠢ᠃ | ︵ᠳᠥᠷᠪᠡ︶ ᠪᠷᠦ᠋ᠼᠧᠯ ᠡᠪᠡᠳᠴᠢᠨ᠂ ᠪᠠᠭᠯᠠᠭᠴᠢ ᠬᠤᠷᠣᠬᠠᠢ ᠶᠢᠨ ᠡᠪᠡᠳᠴᠢᠨ ᠢ ᠰᠡᠷᠭᠡᠶᠢᠯᠡᠨ ᠡᠵᠡᠮᠳᠡᠬᠦ | ᠠᠵᠢᠯ ᠢ ᠯᠠᠪᠳᠠᠭᠤᠨ ᠢᠶᠠᠷ ᠠᠬᠢᠭᠤᠯᠤᠨ᠎ᠠ | ᠪᠠᠭᠯᠠᠭᠴᠢ ᠬᠤᠷᠣᠬᠠᠢ ᠶᠢᠨ ᠡᠪᠡᠳᠴᠢᠨ᠂ ᠮᠠᠯ ᠤᠨ ᠬᠤᠭᠤᠷᠣᠨᠳᠣᠬᠢ ᠪᠷᠦ᠋ᠼᠧᠯ ᠡᠪᠡᠳᠴᠢᠨ ᠢ ᠰᠡᠷᠭᠡᠶᠢᠯᠡᠨ | ᠬᠢᠵᠠᠭᠠᠷᠯᠠᠬᠤ ᠶᠢᠨ ᠣᠷᠳᠣ ᠬᠤᠭᠤᠴᠠᠭᠠᠲᠤ ᠴᠢᠨᠠᠷ᠂ ᠪᠤᠳᠤᠯᠢᠶᠠᠨᠲᠤ ᠴᠢᠨᠠᠷ ᠪᠠ ᠪᠡᠷᠬᠡ ᠬᠠᠲᠠᠭᠤᠵᠢᠯᠲᠤ ᠴᠢᠨᠠᠷ ᠢ | ᠭᠦᠢᠴᠡᠳ ᠲᠠᠨᠢᠵᠤ᠂ ᠪᠠᠭᠯᠠᠭᠴᠢ ᠬᠤᠷᠣᠬᠠᠢ ᠶᠢᠨ ᠡᠪᠡᠳᠴᠢᠨ᠂ ᠪᠷᠦ᠋ᠼᠧᠯ ᠡᠪᠡᠳᠴᠢᠨ ᠤ ᠳᠡᠯᠭᠡᠷᠡᠬᠦ ᠶᠢ | ᠬᠢᠵᠠᠭᠠᠷᠯᠠᠬᠤ ᠬᠠᠷᠠᠯᠲᠠ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠃ ᠪᠷᠦ᠋ᠼᠧᠯ ᠡᠪᠡᠳᠴᠢᠨ ᠢ ᠰᠡᠷᠭᠡᠶᠢᠯᠡᠨ ᠡᠵᠡᠮᠳᠡᠬᠦ ᠳᠤ | ᠦᠷᠭᠦᠯᠵᠢᠯᠡᠨ ᠦᠯᠦ ᠬᠠᠯᠳᠠᠭᠠᠬᠤ᠂ ᠬᠢᠨᠠᠨ ᠬᠡᠮᠵᠢᠬᠦ᠂ ᠠᠷᠢᠭᠤᠳᠬᠠᠵᠤ ᠤᠰᠠᠳᠬᠠᠬᠤ ᠴᠡᠭ ᠪᠠ ᠠᠯᠠᠵᠤ | ᠴᠡᠪᠡᠷᠰᠢᠭᠦᠯᠬᠦ ᠶᠢ ᠤᠶᠠᠯᠳᠤᠭᠤᠯᠤᠭᠰᠠᠨ ᠶᠡᠷᠦᠩᠬᠡᠶᠢᠯᠡᠭᠰᠡᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠠᠷᠢᠮᠲᠠᠯᠠᠵᠤ᠂ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ︽︿ᠰᠠᠭᠠᠯᠢ ᠶᠢᠨ ᠦᠨᠢᠶᠡᠨ ᠤ | ᠪᠷᠦ᠋ᠼᠧᠯ ᠡᠪᠡᠳᠴᠢᠨ ᠤ ᠰᠦᠷᠢᠶ᠎ᠡ ᠡᠪᠡᠳᠴᠢᠨ ᠢ ᠰᠡᠷᠭᠡᠶᠢᠯᠡᠨ ᠵᠠᠰᠠᠬᠤ ᠪᠠ ᠴᠡᠪᠡᠷᠰᠢᠭᠦᠯᠬᠦ ᠲᠥᠰᠥᠯ﹀ ᠢ | ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ᠪᠠ ︽ᠤᠯᠠᠭᠠᠨᠴᠠᠪ ᠬᠤᠲᠠ ᠶᠢᠨ ᠪᠷᠦ᠋ᠼᠧᠯ ᠡᠪᠡᠳᠴᠢᠨ ᠢ | ᠰᠡᠷᠭᠡᠶᠢᠯᠡᠨ ᠡᠵᠡᠮᠳᠡᠬᠦ ᠠᠵᠢᠯ ᠤᠨ ᠬᠡᠷᠡᠭᠵᠢᠭᠦᠯᠬᠦ ᠲᠥᠰᠥᠯ ︵2021 ︱ 2023 ᠣᠨ︶︾ ᠤᠨ ᠱᠠᠭᠠᠷᠳᠠᠯᠭ᠎ᠠ | ᠶᠣᠰᠣᠭᠠᠷ᠂ ᠮᠠᠯ ᠤᠨ ᠬᠤᠭᠤᠷᠣᠨᠳᠣᠬᠢ ᠪᠷᠦ᠋ᠼᠧᠯ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠯᠠᠪᠳᠠᠭᠤᠨ | ᠪᠠᠲᠤᠲᠠᠢ ᠥᠷᠨᠢᠭᠦᠯᠵᠦ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠠᠭ ᠲᠤᠬᠠᠢ ᠳᠤᠨᠢ᠂ ᠪᠥᠬᠦ | ᠲᠠᠯ᠎ᠠ ᠪᠠᠷ ᠠᠬᠢᠭᠤᠯᠬᠤ ᠶᠢ ᠦᠨᠡᠨᠬᠦ ᠪᠠᠲᠤᠯᠠᠨ᠎ᠠ᠃ ᠡᠭᠦᠨ ᠤ ᠬᠠᠮᠲᠤ᠂ ᠪᠠᠭᠯᠠᠭᠴᠢ ᠬᠤᠷᠣᠬᠠᠢ ᠶᠢᠨ ᠡᠪᠡᠳᠴᠢᠨ ᠢ | ᠰᠡᠷᠭᠡᠶᠢᠯᠡᠨ ᠵᠠᠰᠠᠬᠤ ᠮᠡᠷᠭᠡᠵᠢᠯ ᠤᠨ ᠵᠢᠷᠤᠮᠵᠢᠯ ᠤᠨ ᠱᠠᠭᠠᠷᠳᠠᠯᠭ᠎ᠠ ᠶᠣᠰᠣᠭᠠᠷ᠂ ᠨᠠᠮᠤᠷ ᠤᠨ ᠰᠡᠷᠭᠡᠶᠢᠯᠡᠯᠲᠡ ᠶᠢᠨ | ᠬᠤᠭᠤᠴᠠᠭᠠᠨ ᠳᠤ᠂ ᠬᠠᠷᠢᠶᠠᠲᠤ ᠣᠷᠣᠨ ᠤ ᠳᠣᠲᠣᠷᠠᠬᠢ ᠨᠣᠬᠠᠢ ᠶᠢᠨ ᠬᠤᠷᠣᠬᠠᠢ ᠬᠥᠭᠡᠭᠡᠬᠦ ᠠᠵᠢᠯ ᠢ ᠰᠠᠶᠢᠲᠤᠷ ᠬᠢᠬᠦ | ᠬᠡᠷᠡᠭᠲᠡᠢ︔ ᠡᠭᠦᠨ ᠤ ᠬᠠᠮᠲᠤ ᠴᠣᠣᠶᠠᠩ ᠪᠠᠯᠭᠠᠰᠤ᠂ ᠪᠠᠶᠠᠨᠲᠠᠯ᠎ᠠ ᠰᠢᠶᠠᠩ᠂ ᠴᠠᠩᠱᠦ᠋ᠨ ᠪᠠᠯᠭᠠᠰᠤᠨ ᠳᠤ ᠬᠤᠨᠢᠨ ᠤ | ᠪᠠᠭᠯᠠᠭᠴᠢ ᠬᠤᠷᠤᠬᠠᠶᠢᠲᠤ ᠡᠪᠡᠳᠴᠢᠨ ᠤ ᠡᠭᠡᠯᠢᠯᠡᠭᠡ ᠬᠢᠬᠦ ᠬᠡᠷᠡᠭᠲᠡᠢ᠃ | ︵ᠲᠠᠪᠤ︶ ᠠᠹᠷᠢᠺᠠ ᠲᠢᠪ ᠤᠨ ᠭᠠᠭ᠋ᠠᠢ ᠶᠢᠨ ᠬᠢᠵᠢᠭ ᠵᠡᠷᠭᠡ ᠭᠠᠳᠠᠨ᠎ᠠ ᠠᠴᠠ ᠢᠷᠡᠭᠰᠡᠨ ᠬᠢᠵᠢᠭ ᠤᠨ ᠪᠠᠶᠢᠳᠠᠯ ᠢ | ᠰᠡᠷᠭᠡᠶᠢᠯᠡᠨ ᠬᠢᠵᠠᠭᠠᠷᠯᠠᠬᠤ ᠠᠵᠢᠯ ᠢ ᠦᠨᠡᠨᠬᠦ ᠴᠢᠩᠭᠠᠳᠬᠠᠨ᠎ᠠ | ᠠᠹᠷᠢᠺᠠ ᠲᠢᠪ ᠤᠨ ᠭᠠᠭ᠋ᠠᠢ ᠶᠢᠨ ᠬᠢᠵᠢᠭ ᠂ ᠪᠣᠭᠤᠮ᠎ᠠ ᠡᠪᠡᠳᠴᠢᠨ ᠤ ᠬᠢᠵᠢᠭ ᠤᠨ ᠪᠠᠶᠢᠳᠠᠯ ᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ ᠂ ︽ᠤᠳᠤᠷᠢᠳᠤᠯᠭ᠎ᠠ ᠪᠠᠨ ᠴᠢᠩᠭᠠᠳᠬᠠᠵᠤ ᠂ ᠨᠢᠭᠲᠠ ᠬᠠᠮᠵᠢᠯᠴᠠᠵᠤ ᠂ ᠰᠢᠨᠵᠢᠯᠡᠬᠦ | ᠤᠬᠠᠭᠠᠨ ᠳᠤ ᠲᠦᠰᠢᠭᠯᠡᠵᠦ ᠂ ᠬᠠᠤᠯᠢ ᠶᠣᠰᠣᠭᠠᠷ ᠰᠡᠷᠭᠡᠶᠢᠯᠡᠨ ᠵᠠᠰᠠᠵᠤ ᠂ ᠤᠯᠠᠨ ᠢᠶᠠᠷ ᠢᠶᠠᠨ ᠰᠡᠷᠭᠡᠶᠢᠯᠡᠵᠦ | ᠤᠯᠠᠨ ᠢᠶᠠᠷ ᠢᠶᠠᠨ ᠡᠵᠡᠮᠳᠡᠵᠦ ᠂ ᠡᠷᠡᠰ ᠰᠢᠭᠤᠷᠬᠠᠢ ᠪᠠᠷ ᠰᠢᠢᠳᠪᠦᠷᠢᠯᠡᠬᠦ︾ ᠭᠡᠬᠦ 24 ᠦᠰᠦᠭ ᠤᠨ ᠰᠡᠷᠭᠡᠶᠢᠯᠡᠨ | ᠡᠵᠡᠮᠳᠡᠬᠦ ᠴᠢᠭᠯᠡᠯᠲᠡ ᠶᠢ ᠴᠢᠩᠭ᠎ᠠ ᠲᠤᠭᠤᠰᠢᠯᠠᠭᠤᠯᠵᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢ | ᠴᠢᠩᠭᠠᠳᠬᠠᠵᠤ ᠂ ᠬᠥᠳᠡᠭᠡ ᠲᠣᠰᠬᠤᠨ ᠳᠤ ᠰᠡᠷᠭᠡᠶᠢᠯᠡᠨ ᠡᠵᠡᠮᠳᠡᠬᠦ ᠤᠬᠠᠭᠤᠯᠭ᠎ᠠ ᠶᠢ ᠥᠷᠭᠡᠨ ᠢᠶᠠᠷ ᠥᠷᠨᠢᠭᠦᠯᠵᠦ ᠂ | ᠬᠥᠮᠥᠨ ᠮᠠᠯ ᠳᠤ ᠪᠦᠷ ᠲᠤᠰᠳᠠᠭ ᠡᠪᠡᠳᠴᠢᠨ ᠢ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠡᠵᠡᠮᠳᠡᠬᠦ | ᠤᠬᠠᠮᠰᠠᠷ ᠢ ᠴᠢᠩᠭᠠᠳᠬᠠᠬᠤ ᠬᠡᠷᠡᠭᠲᠡᠢ ︔ ᠬᠢᠵᠢᠭ ᠤᠨ ᠪᠠᠶᠢᠳᠠᠯ ᠢ ᠪᠠᠶᠢᠴᠠᠭᠠᠬᠤ ᠠᠵᠢᠯ ᠢ ᠪᠦᠬᠦ ᠲᠠᠯ᠎ᠠ ᠪᠠᠷ | ᠥᠷᠨᠢᠭᠦᠯᠵᠦ ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠶᠢ ᠴᠢᠩᠭᠠᠳᠬᠠᠨ᠎ᠠ︔ ᠡᠭᠡᠯᠢᠯᠡᠭᠡ ᠶᠢᠨ ᠠᠵᠢᠯ ᠢ | ᠦᠨᠡᠨ ᠬᠦ ᠰᠠᠶᠢᠲᠤᠷ ᠬᠢᠬᠦ ᠬᠡᠷᠡᠭᠲᠡᠢ ︔ ᠮᠠᠯ ᠵᠢᠭᠦᠷᠲᠡᠨ ᠢ ᠰᠢᠯᠵᠢᠭᠦᠯᠦᠨ ᠲᠡᠭᠡᠭᠡᠪᠦᠷᠢᠯᠡᠬᠦ ᠳᠤ ᠬᠢᠨᠠᠯᠲᠠ ᠲᠠᠯᠪᠢᠵᠤ | ᠬᠢᠨᠠᠨ ᠬᠠᠮᠢᠶᠠᠷᠬᠤ ᠬᠠᠤᠯᠢ ᠬᠡᠷᠡᠭᠵᠢᠭᠦᠯᠦᠯᠲᠡ ᠶᠢ ᠴᠢᠩᠳᠠᠯᠠᠵᠤ ᠂ ᠮᠡᠳᠡᠭᠦᠯᠦᠨ ᠵᠥᠪᠰᠢᠶᠡᠷᠡᠭᠦᠯᠵᠦ ᠮᠡᠳᠡᠭᠦᠯᠦᠨ | ᠪᠠᠶᠢᠴᠠᠭᠠᠯᠭᠠᠬᠤ ᠳᠦᠷᠢᠮ ᠢ ᠴᠢᠩᠭ᠎ᠠ ᠬᠡᠷᠡᠭᠵᠢᠭᠦᠯᠵᠦ ᠂ ᠬᠢᠵᠢᠭᠲᠦ ᠣᠷᠣᠨ ᠠᠴᠠ ᠮᠠᠯ ᠵᠢᠭᠦᠷᠲᠡᠨ ᠵᠢᠴᠢ ᠲᠡᠭᠦᠨ ᠤ | ᠪᠦᠲᠦᠭᠡᠭᠳᠡᠬᠦᠨ ᠢ ᠰᠢᠯᠵᠢᠭᠦᠯᠦᠨ ᠲᠡᠭᠡᠭᠡᠪᠦᠷᠢᠯᠡᠬᠦ ᠶᠢ ᠴᠠᠭᠠᠵᠠᠯᠠᠨ᠎ᠠ ︔ ᠰᠡᠵᠢᠭᠯᠡᠯᠲᠡᠢ ᠡᠪᠡᠳᠴᠢᠨ ᠤ ᠵᠢᠱᠢᠶ᠎ᠡ ᠶᠢ | ᠣᠯᠵᠤ ᠮᠡᠳᠡᠮᠡᠭᠴᠡ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠦᠳᠲᠡᠷ ᠲᠦᠷᠭᠡᠨ ᠥᠷᠨᠢᠭᠦᠯᠵᠦ ᠂ | ᠬᠢᠵᠢᠭ ᠤᠨ ᠳᠡᠯᠭᠡᠷᠡᠬᠦ ᠶᠢ ᠰᠡᠷᠭᠡᠶᠢᠯᠡᠬᠦ ᠬᠡᠷᠡᠭᠲᠡᠢ ᠃ | ᠡᠷᠬᠢᠨ ᠲᠣᠭᠤᠷᠢᠨ ᠤ ᠭᠠᠵᠠᠷ ᠣᠷᠣᠨ ᠤ H7N9 ᠬᠠᠯᠳᠠᠪᠤᠷᠢᠲᠤ ᠲᠠᠭᠰᠢᠭᠤᠷ ᠤᠨ ᠬᠢᠵᠢᠭ ᠤᠨ ᠪᠠᠶᠢᠳᠠᠯ ᠢ | ᠨᠢᠭᠲᠠ ᠠᠩᠬᠠᠷᠴᠤ᠂ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠳ ᠭᠡᠷ ᠤᠨ ᠵᠢᠭᠦᠷᠲᠡᠨ ᠵᠢᠭᠦᠷᠲᠡᠨ ᠤ | ᠬᠠᠯᠳᠠᠪᠤᠷᠢᠲᠤ ᠲᠠᠭᠰᠢᠭᠤᠷ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ | ᠲᠦᠭᠰᠢᠭᠦᠷᠢ ᠶᠢ ᠰᠡᠷᠭᠡᠶᠢᠯᠡᠬᠦ ᠪᠦᠲᠦᠮᠵᠢᠲᠡᠶ ᠠᠷᠭ᠎ᠠ ᠬᠡᠮᠵᠢᠶ᠎ᠡ ᠲᠣᠭᠲᠠᠭᠠᠨ᠂ ᠵᠢᠭᠦᠷᠲᠡᠨ ᠤ ᠲᠥᠷᠥᠯ ᠤᠨ ᠲᠡᠵᠢᠭᠡᠨ | ᠦᠷᠡᠵᠢᠭᠦᠯᠬᠦ ᠲᠠᠯᠠᠪᠠᠶ ᠶᠢᠨ ᠬᠢᠨᠠᠨ ᠬᠠᠮᠢᠶᠠᠷᠴᠤ ᠬᠢᠨᠠᠨ ᠡᠵᠡᠮᠳᠡᠬᠦ ᠶᠢ ᠴᠢᠩᠭᠠᠳᠬᠠᠵᠤ᠂ ᠬᠢᠨᠠᠨ ᠬᠡᠮᠵᠢᠵᠦ ᠵᠢᠭᠰᠠᠭᠠᠨ | ᠪᠠᠶᠢᠴᠠᠭᠠᠬᠤ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠶᠢ ᠪᠦᠲᠦᠮᠵᠢᠲᠡᠶ ᠥᠷᠨᠢᠭᠦᠯᠬᠦ ᠬᠡᠷᠡᠭᠲᠡᠢ᠃ | ︵ᠵᠢᠷᠭᠤᠭ᠎ᠠ︶ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠂ ᠨᠢᠲᠤᠯᠬᠤ ᠂ ᠭᠦᠢᠯᠭᠡᠭᠡᠬᠦ ᠵᠡᠷᠭᠡ ᠭᠤᠭᠴᠤᠭ᠎ᠠ ᠶᠢᠨ | ᠬᠢᠵᠢᠭ ᠪᠠᠶᠢᠴᠠᠭᠠᠬᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ | ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠂ ᠠᠯᠠᠵᠤ ᠨᠢᠲᠤᠯᠬᠤ ᠭᠤᠭᠴᠤᠭ᠎ᠠ ᠶᠢᠨ ᠬᠢᠨᠠᠯᠲᠠ ᠬᠠᠮᠢᠶᠠᠷᠤᠯᠲᠠ ᠶᠢᠨ | ᠲᠡᠮᠳᠡᠭᠯᠡᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ ᠂ ᠭᠠᠷᠤᠯᠲᠠ ᠶᠢᠨ ᠣᠷᠣᠨ ᠤ ᠬᠢᠵᠢᠭ ᠪᠠᠶᠢᠴᠠᠭᠠᠬᠤ ᠪᠠ | ᠠᠯᠠᠵᠤ ᠨᠢᠲᠤᠯᠬᠤ ᠶᠢᠨ ᠬᠢᠵᠢᠭ ᠪᠠᠶᠢᠴᠠᠭᠠᠬᠤ ᠶᠢ ᠴᠢᠩᠳᠠᠯᠠᠵᠤ ᠂ ᠬᠢᠵᠢᠭ ᠪᠠᠶᠢᠴᠠᠭᠠᠬᠤ ᠶᠢ ᠮᠡᠳᠡᠭᠦᠯᠬᠦ ᠂ | ᠲᠡᠭᠡᠭᠡᠪᠦᠷᠢ ᠶᠢᠨ ᠲᠡᠷᠭᠡ ᠬᠥᠰᠬᠡ ᠶᠢ ᠳᠠᠩᠰᠠᠯᠠᠬᠤ ᠂ ᠠᠷᠢᠭᠤᠳᠬᠠᠬᠤ ᠂ ᠭᠠᠵᠠᠷ ᠲᠤᠨᠢ ᠬᠦᠷᠴᠦ ᠮᠡᠳᠡᠭᠦᠯᠬᠦ ᠵᠡᠷᠭᠡ | ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠦᠨᠡᠨᠬᠦ ᠨᠠᠶᠢᠳᠠᠪᠤᠷᠢᠵᠢᠭᠤᠯᠤᠨ᠎ᠠ ᠃ ᠵᠠᠰᠠᠮᠠᠯ ᠵᠠᠮ ᠤᠨ ᠠᠮᠢᠲᠠᠨ ᠤ ᠡᠷᠡᠭᠦᠯ | ᠬᠠᠮᠠᠭᠠᠯᠠᠯ ᠤᠨ ᠬᠢᠨᠠᠯᠲᠠ ᠪᠠᠶᠢᠴᠠᠭᠠᠯᠲᠠ ᠶᠢᠨ ᠥᠷᠲᠡᠭᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠬᠢᠵᠢᠭ ᠤᠨ | ᠣᠷᠣᠨ ᠪᠦᠰᠡ ᠠᠯᠤᠰᠯᠠᠨ ᠳᠡᠯᠭᠡᠷᠡᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠲᠡᠵᠢᠭᠡᠨ ᠦᠷᠡᠵᠢᠭᠦᠯᠬᠦ ᠲᠠᠯᠠᠪᠠᠶ | ᠡᠷᠦᠬᠡ ᠶᠢᠨ ᠬᠢᠵᠢᠭ ᠢ ᠰᠡᠷᠭᠡᠶᠢᠯᠡᠬᠦ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠮᠢᠲᠠᠨ ᠤ ᠬᠢᠵᠢᠭ ᠢ ᠰᠡᠷᠭᠡᠶᠢᠯᠡᠬᠦ | ᠨᠥᠬᠦᠴᠡᠯ ᠢ ᠴᠢᠩᠭ᠎ᠠ ᠬᠢᠨᠠᠨ ᠪᠠᠶᠢᠴᠠᠭᠠᠵᠤ᠂ ᠲᠡᠵᠢᠭᠡᠨ ᠦᠷᠡᠵᠢᠭᠦᠯᠬᠦ ᠲᠠᠯᠠᠪᠠᠶ ᠡᠷᠦᠬᠡ ᠶᠢ ᠵᠢᠯᠣᠭᠤᠳᠤᠨ ᠠᠮᠢᠳᠤ | ᠪᠣᠳᠠᠰ ᠤᠨ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠵᠢᠭ ᠤᠨ ᠳᠠᠯᠳᠠ ᠬᠡᠮ ᠢ | ᠠᠷᠢᠯᠭᠠᠬᠤ ᠬᠡᠷᠡᠭᠲᠡᠢ᠃ ᠠᠮᠢᠲᠠᠨ ᠤ ᠬᠢᠵᠢᠭ ᠢ ᠰᠡᠷᠭᠡᠶᠢᠯᠡᠬᠦ ᠨᠥᠬᠦᠴᠡᠯ ᠳᠤ ᠨᠡᠶᠢᠴᠡᠬᠦ ᠦᠭᠡᠢ᠂ ᠤᠯᠤᠰ ᠤᠨ | ᠠᠯᠪᠠᠳᠠᠯᠭ᠎ᠠ ᠪᠠᠷ ᠡᠭᠡᠯᠢᠯᠡᠭᠡ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠦᠭᠡᠢ᠂ ᠬᠢᠵᠢᠭ ᠤᠨ | ᠪᠠᠶᠢᠴᠠᠭᠠᠯᠲᠠ ᠠᠴᠠ ᠵᠠᠶᠢᠯᠠᠬᠤ ᠪᠤᠶᠤ ᠡᠰᠡᠷᠭᠦᠴᠡᠬᠦ ᠵᠢᠴᠢ ᠡᠪᠡᠳᠴᠢᠨ ᠢᠶᠠᠷ ᠦᠬᠦᠭᠰᠡᠨ ᠮᠠᠯ ᠵᠢᠭᠦᠷᠲᠡᠨ ᠢ ᠫᠠᠨᠽᠠᠯᠠᠬᠤ | ᠵᠡᠷᠭᠡ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠰᠢᠢᠳᠪᠦᠷᠢᠯᠡᠬᠦ ᠬᠡᠷᠡᠭᠲᠡᠢ᠃ | ︵ᠳᠣᠯᠤᠭ᠎ᠠ︶ ᠬᠥᠮᠥᠰ ᠢ ᠰᠡᠷᠭᠡᠶᠢᠯᠡᠨ ᠬᠠᠮᠠᠭᠠᠯᠠᠬᠤ᠂ ᠰᠡᠷᠭᠡᠶᠢᠯᠡᠨ ᠡᠵᠡᠮᠳᠡᠬᠦ ᠮᠡᠳᠡᠯᠭᠡ ᠶᠢᠨ ᠤᠬᠠᠭᠤᠯᠭ᠎ᠠ ᠵᠢᠴᠢ | ᠠᠷᠢᠭᠤᠳᠬᠠᠵᠤ ᠡᠬᠢ ᠰᠤᠷᠪᠤᠯᠵᠢ ᠶᠢ ᠤᠰᠠᠳᠬᠠᠬᠤ ᠠᠵᠢᠯ ᠢ ᠰᠠᠶᠢᠲᠤᠷ ᠬᠢᠨ᠎ᠡ | ᠬᠥᠮᠥᠰ ᠤᠨ ᠬᠠᠮᠠᠭᠠᠯᠠᠯᠲᠠ ᠶᠢᠨ ᠬᠡᠷᠡᠭᠰᠡᠯ᠂ ᠠᠷᠢᠭᠤᠳᠬᠠᠬᠤ ᠡᠮ ᠤᠨ ᠵᠦᠢᠯ ᠵᠡᠷᠭᠡ ᠡᠳ᠋ ᠪᠠᠷᠠᠭ᠎ᠠ ᠶᠢ ᠴᠠᠭ | ᠲᠤᠬᠠᠢ ᠳᠤᠨᠢ ᠭᠦᠢᠴᠡᠳ ᠲᠤᠭ᠎ᠠ ᠪᠠᠷ ᠬᠤᠳᠠᠯᠳᠤᠨ ᠠᠪᠬᠤ ᠶᠢ ᠵᠣᠬᠢᠶᠠᠨ ᠪᠠᠶᠢᠭᠤᠯᠵᠤ᠂ ᠬᠢᠵᠢᠭ ᠢ ᠰᠡᠷᠭᠡᠶᠢᠯᠡᠬᠦ | ᠬᠥᠮᠥᠰ ᠤᠨ ᠰᠡᠷᠭᠡᠶᠢᠯᠡᠨ ᠬᠠᠮᠠᠭᠠᠯᠠᠬᠤ ᠲᠣᠨᠤᠭ ᠲᠥᠬᠦᠭᠡᠷᠦᠮᠵᠢ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ | ᠰᠡᠷᠭᠡᠶᠢᠯᠡᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠠᠮᠢᠲᠠᠨ ᠤ ᠬᠢᠵᠢᠭ ᠢ ᠰᠡᠷᠭᠡᠶᠢᠯᠡᠬᠦ ᠬᠥᠮᠥᠰ ᠤᠨ | ᠰᠡᠷᠭᠡᠶᠢᠯᠡᠨ ᠬᠠᠮᠠᠭᠠᠯᠠᠬᠤ ᠬᠡᠷᠡᠭᠰᠡᠯ ᠢ ᠵᠢᠷᠤᠮᠵᠢᠭᠤᠯᠤᠨ ᠬᠡᠷᠡᠭᠯᠡᠬᠦ ᠶᠢ ᠪᠣᠯᠪᠠᠰᠤᠷᠠᠭᠤᠯᠤᠨ ᠵᠢᠯᠤᠭᠤᠳᠴᠤ᠂ ᠲᠣᠰ | ᠪᠡᠶ᠎ᠡ ᠶᠢᠨ ᠬᠠᠮᠠᠭᠠᠯᠠᠯᠲᠠ ᠶᠢ ᠰᠠᠶᠢᠲᠤᠷ ᠬᠢᠵᠦ᠂ ᠠᠮᠢᠲᠠᠨ ᠤ ᠬᠢᠵᠢᠭ ᠢ ᠰᠡᠷᠭᠡᠶᠢᠯᠡᠬᠦ ᠬᠥᠮᠥᠰ ᠤᠨ ᠡᠷᠡᠭᠦᠯ ᠮᠡᠨᠳᠦ | ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ᠃ ᠨᠠᠮᠤᠷ ᠤᠨ ᠤᠯᠠᠷᠢᠯ ᠤᠨ ᠲᠥᠪᠯᠡᠷᠡᠭᠦᠯᠦᠨ ᠡᠭᠡᠯᠢᠯᠡᠬᠦ | ᠠᠵᠢᠯ ᠲᠠᠢ ᠤᠶᠠᠯᠳᠤᠭᠤᠯᠤᠨ᠂ ᠠᠷᠢᠭᠤᠳᠬᠠᠨ ᠢᠷᠡᠯᠲᠡ ᠶᠢ ᠤᠰᠠᠳᠬᠠᠬᠤ ᠠᠵᠢᠯᠯᠠᠭ᠎ᠠ ᠶᠢ ᠲᠥᠪᠯᠡᠷᠡᠭᠦᠯᠦᠨ | ᠥᠷᠨᠢᠭᠦᠯᠵᠦ᠂ ᠠᠷᠢᠭᠤᠳᠬᠠᠬᠤ ᠲᠠᠰ ᠳᠠᠷᠠᠭᠠᠯᠠᠯ ᠢ ᠵᠢᠷᠤᠮᠵᠢᠭᠤᠯᠤᠨ᠂ ᠨᠠᠮᠤᠷ ᠤᠨ ᠤᠯᠠᠷᠢᠯ ᠤᠨ ᠠᠹᠷᠢᠺᠠ ᠲᠢᠪ ᠤᠨ | ᠭᠠᠭ᠋ᠠᠢ ᠶᠢᠨ ᠬᠢᠵᠢᠭ᠂ ᠪᠷᠦ᠋ᠼᠧᠯ ᠡᠪᠡᠳᠴᠢᠨ ᠵᠡᠷᠭᠡ ᠬᠦᠨᠳᠦ ᠶᠡᠭᠡ ᠠᠮᠢᠲᠠᠨ ᠤ ᠬᠢᠵᠢᠭ ᠡᠪᠡᠳᠴᠢᠨ ᠢ | ᠲᠥᠪᠯᠡᠷᠡᠭᠦᠯᠦᠨ ᠠᠷᠢᠭᠤᠳᠬᠠᠨ ᠢᠷᠡᠯᠲᠡ ᠶᠢ ᠤᠰᠠᠳᠬᠠᠬᠤ ᠠᠵᠢᠯ ᠢ ᠰᠠᠶᠢᠲᠤᠷ ᠬᠢᠵᠦ᠂ ᠡᠯ᠎ᠡ ᠵᠦᠢᠯ ᠤᠨ ᠠᠮᠢᠳᠤ | ᠪᠣᠳᠠᠰ ᠤᠨ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠰᠠᠶᠢᠲᠤᠷ ᠨᠠᠶᠢᠳᠠᠪᠤᠷᠢᠵᠢᠭᠤᠯᠤᠨ᠎ᠠ᠃ | ᠡᠭᠦᠨ ᠤ ᠬᠠᠮᠲᠤ᠂ ᠢᠯᠡ ᠴᠠᠭᠠᠰᠤ᠂ ᠡᠯᠭᠦᠭᠡ ᠵᠢᠷᠤᠭ᠂ ᠰᠦᠯᠵᠢᠶ᠎ᠡ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢ | ᠳᠠᠷᠤᠮᠠᠯᠯᠠᠨ ᠲᠠᠷᠬᠠᠭᠠᠬᠤ ᠪᠠᠷ ᠳᠠᠮᠵᠢᠭᠤᠯᠤᠨ᠂ ᠠᠹᠷᠢᠺᠠ ᠲᠢᠪ ᠤᠨ ᠭᠠᠭ᠋ᠠᠢ ᠶᠢᠨ ᠬᠢᠵᠢᠭ ᠵᠡᠷᠭᠡ ᠬᠦᠨᠳᠦ ᠶᠡᠭᠡ | ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠬᠦ ᠡᠷᠴᠢᠮ ᠢ | ᠴᠢᠩᠭᠠᠷᠠᠭᠤᠯᠵᠤ᠂ ᠭᠠᠭ᠋ᠠᠢ ᠲᠡᠵᠢᠭᠡᠬᠦ ᠲᠠᠯᠠᠪᠠᠶ ︵ᠡᠷᠦᠬᠡ︶ ᠶᠢ ᠵᠢᠯᠣᠭᠤᠳᠤᠨ ᠠᠮᠢᠳᠤ ᠪᠣᠳᠠᠰ ᠤᠨ ᠠᠮᠤᠷ | ᠲᠦᠪᠰᠢᠨ ᠤ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠵᠦ᠂ ᠬᠢᠵᠢᠭ ᠢ ᠰᠡᠷᠭᠡᠶᠢᠯᠡᠬᠦ ᠭᠤᠣᠯ ᠴᠣᠭᠴᠠ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ᠂ ᠡᠵᠡᠩᠨᠡᠬᠦ᠂ ᠨᠢᠲᠤᠯᠬᠤ᠂ | ᠲᠡᠭᠡᠭᠡᠪᠦᠷᠢᠯᠡᠬᠦ ᠵᠡᠷᠭᠡ ᠭᠤᠣᠯᠳᠠᠯᠭ᠎ᠠ ᠲᠠᠢ ᠬᠥᠮᠥᠰ ᠤᠨ ᠬᠠᠮᠢᠶ᠎ᠠ ᠪᠦᠬᠦᠢ ᠰᠡᠷᠭᠡᠶᠢᠯᠡᠨ ᠡᠵᠡᠮᠳᠡᠬᠦ ᠮᠡᠳᠡᠯᠭᠡ ᠶᠢᠨ | ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠰᠡᠷᠭᠡᠶᠢᠯᠡᠬᠦ ᠦᠵᠡᠯ ᠤᠬᠠᠮᠰᠠᠷ ᠢᠶᠠᠨ ᠨᠡᠮᠡᠭᠳᠡᠭᠦᠯᠦᠨ᠂ ᠰᠡᠷᠭᠡᠶᠢᠯᠡᠨ | ᠡᠵᠡᠮᠳᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠡᠵᠡᠮᠳᠡᠬᠦ ᠰᠠᠶᠢᠨ | ᠰᠠᠶᠢᠬᠠᠨ ᠪᠠᠶᠢᠳᠠᠯ ᠢ ᠢᠳᠡᠪᠬᠢᠲᠡᠢ ᠪᠠᠷ ᠪᠣᠶ ᠪᠣᠯᠭᠠᠬᠤ ᠬᠡᠷᠡᠭᠲᠡᠢ᠃ | ᠬᠤᠶᠠᠷ᠂ ᠰᠡᠷᠭᠡᠶᠢᠯᠡᠨ ᠡᠵᠡᠮᠳᠡᠬᠦ ᠵᠠᠷᠤᠳᠠᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ | ᠲᠣᠰᠬᠤᠨ ᠤ ᠳᠡᠰ ᠤᠨ ᠬᠢᠵᠢᠭ ᠢ ᠰᠡᠷᠭᠡᠶᠢᠯᠡᠭᠴᠢ ᠶᠢᠨ ᠨᠥᠬᠦᠪᠦᠷᠢ ᠮᠥᠩᠭᠦ ᠶᠢ ᠭᠦᠢᠴᠡᠳ ᠲᠤᠭ᠎ᠠ ᠪᠠᠷ | ᠪᠣᠳᠠᠲᠠᠶᠢᠵᠢᠭᠤᠯᠬᠤ ᠶᠢ ᠪᠠᠲᠤᠯᠠᠵᠤ᠂ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠳ ᠡᠭᠡᠯᠢᠯᠡᠭᠡ ᠂ | ᠡᠭᠡᠯᠢᠯᠡᠭᠡ ᠶᠢᠨ ᠦᠷ᠎ᠡ ᠪᠦᠲᠦᠮᠵᠢ ᠶᠢ ᠦᠨᠡᠯᠡᠬᠦ ᠂ ᠡᠭᠡᠯᠢᠯᠡᠭᠡ ᠶᠢᠨ ᠭᠠᠵᠢᠭᠤ ᠤᠷᠪᠠᠯ ᠢ ᠰᠢᠢᠳᠪᠦᠷᠢᠯᠡᠬᠦ ᠂ ᠲᠠᠬᠤᠯ | ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠂ ᠬᠢᠵᠢᠭ ᠢ ᠪᠠᠶᠢᠴᠠᠭᠠᠬᠤ ᠂ ᠬᠢᠨᠠᠨ ᠬᠡᠮᠵᠢᠬᠦ ᠂ ᠠᠷᠢᠭᠤᠳᠬᠠᠬᠤ ᠂ | ᠤᠬᠠᠭᠤᠯᠤᠨ ᠪᠣᠯᠪᠠᠰᠤᠷᠠᠭᠤᠯᠬᠤ ᠵᠡᠷᠭᠡ ᠠᠵᠢᠯ ᠢ ᠰᠠᠶᠢᠲᠤᠷ ᠬᠢᠵᠦ ᠂ ᠬᠢᠨᠠᠨ ᠬᠡᠮᠵᠢᠭᠰᠡᠨ ᠪᠠᠶᠢᠳᠠᠯ ᠢ ᠦᠨᠳᠦᠰᠦᠯᠡᠨ | ᠠᠷᠭ᠎ᠠ ᠴᠢᠨᠠᠷᠲᠠᠢ ᠮᠠᠯ ᠵᠢᠭᠦᠷᠲᠡᠨ ᠢ ᠠᠯᠠᠬᠤ ᠨᠥᠬᠦᠪᠦᠷᠢ ᠶᠢᠨ ᠵᠠᠷᠤᠳᠠᠯ ᠂ ᠬᠤᠣᠷ ᠥᠭᠡᠶᠢᠵᠢᠬᠦᠯᠦᠨ ᠰᠢᠢᠳᠪᠦᠷᠢᠯᠡᠬᠦ | ᠵᠠᠷᠤᠳᠠᠯ ᠂ ᠪᠠᠴᠢᠮ ᠪᠠᠶᠢᠳᠠᠯ ᠢ ᠠᠷᠭᠠᠴᠠᠬᠤ ᠡᠳ᠋ ᠪᠠᠷᠠᠭ᠎ᠠ ᠶᠢ ᠰᠢᠨᠡᠳᠬᠡᠨ ᠨᠥᠬᠦᠪᠦᠷᠢᠯᠡᠬᠦ ᠬᠤᠳᠠᠯᠳᠤᠨ ᠠᠪᠬᠤ | ᠵᠠᠷᠤᠳᠠᠯ ᠢ ᠴᠠᠭ ᠲᠤᠬᠠᠢ ᠳᠤᠨᠢ ᠭᠦᠢᠴᠡᠳ ᠲᠤᠭ᠎ᠠ ᠪᠠᠷ ᠰᠠᠯᠭᠠᠨ ᠥᠭᠴᠦ ᠂ ᠬᠢᠵᠢᠭ ᠡᠪᠡᠳᠴᠢᠨ ᠢ ᠬᠢᠵᠠᠭᠠᠷᠯᠠᠬᠤ ᠂ | ᠤᠰᠠᠳᠬᠠᠬᠤ ᠂ ᠴᠡᠪᠡᠷᠰᠢᠭᠦᠯᠬᠦ ᠠᠵᠢᠯ ᠤᠨ ᠤᠷᠤᠭᠰᠢᠲᠠᠢ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠢ ᠃ | ᠭᠤᠷᠪᠠ ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠷᠠᠭᠤᠯᠵᠤ ᠂ ᠠᠵᠢᠯ ᠤᠨ | ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠬᠤ ᠬᠡᠷᠡᠭᠲᠡᠢ | ︽ᠵᠠᠰᠠᠭ ᠤᠨ ᠣᠷᠳᠣᠨ ᠡᠭᠡᠯᠢᠯᠡᠭᠡ ᠶᠢᠨ ᠨᠢᠭᠲᠠᠴᠠ ᠶᠢ ᠪᠠᠲᠤᠯᠠᠬᠤ ᠂ ᠲᠤᠬᠠᠶᠢᠯᠠᠭᠰᠠᠨ ᠠᠵᠢᠯ ᠤᠨ ᠰᠠᠯᠠᠭ᠎ᠠ | ᠮᠥᠴᠢᠷ ᠤᠨ ᠡᠭᠡᠯᠢᠯᠡᠭᠡ ᠶᠢᠨ ᠶᠠᠰᠤ ᠴᠢᠨᠠᠷ ᠢ ᠪᠠᠲᠤᠯᠠᠬᠤ︾ ᠱᠠᠭᠠᠷᠳᠠᠯᠭ᠎ᠠ ᠶᠣᠰᠣᠭᠠᠷ ᠂ ᠱᠠᠲᠤ ᠬᠤᠪᠢᠶᠠᠨ ᠬᠠᠮᠢᠶᠠᠷᠬᠤ ᠂ | ᠱᠠᠲᠤ ᠳᠠᠷᠠᠭᠠᠯᠠᠨ ᠬᠠᠷᠢᠭᠤᠴᠠᠬᠤ ᠲᠣᠭᠲᠠᠴᠠ ᠶᠢ ᠴᠢᠩᠭᠠᠷᠠᠭᠤᠯᠬᠤ ᠬᠡᠷᠡᠭᠲᠡᠢ ᠃ ᠡᠯ᠎ᠡ ᠰᠢᠶᠠᠩ ᠪᠠᠯᠭᠠᠰᠤ ᠶᠢᠨ | ᠠᠷᠠᠳ ᠤᠨ ᠵᠠᠰᠠᠭ ᠤᠨ ᠣᠷᠳᠣᠨ ᠨᠤᠭᠤᠳ ᠠᠮᠢᠳᠠᠨ ᠤ ᠬᠢᠵᠢᠭ ᠢ ᠰᠡᠷᠭᠡᠶᠢᠯᠡᠬᠦ ᠠᠵᠢᠯ ᠳᠤ ᠶᠡᠷᠦᠩᠬᠡᠢ | ᠬᠠᠷᠢᠭᠤᠴᠠᠯᠭ᠎ᠠ ᠶᠢ ᠡᠭᠦᠷᠭᠡᠯᠡᠵᠦ ᠂ ᠭᠤᠣᠯ ᠤᠳᠤᠷᠢᠳᠤᠯᠭ᠎ᠠ ᠪᠣᠯ ᠨᠢᠭᠡᠳᠦᠭᠡᠷ ᠬᠠᠷᠢᠭᠤᠴᠠᠯᠭᠠᠲᠠᠨ ᠪᠣᠯᠣᠨ᠎ᠠ ᠂ | ᠬᠤᠪᠢᠳᠠᠨ ᠬᠠᠮᠢᠶᠠᠷᠴᠤ ᠪᠦᠬᠦᠢ ᠰᠢᠶᠠᠩ ᠪᠠᠯᠭᠠᠰᠤ ᠶᠢᠨ ᠳᠠᠷᠤᠭ᠎ᠠ ᠪᠣᠯ ᠭᠤᠣᠯ ᠬᠠᠷᠢᠭᠤᠴᠠᠯᠭᠠᠲᠠᠨ ᠪᠣᠯᠣᠨ᠎ᠠ ᠂ | ᠬᠠᠷᠢᠭᠤᠴᠠᠯᠭ᠎ᠠ ᠨᠡᠬᠡᠮᠵᠢᠯᠡᠬᠦ ᠳᠦᠷᠢᠮ ᠂ ᠨᠡᠬᠡᠮᠵᠢᠯᠡᠬᠦ ᠳᠦᠷᠢᠮ ᠂ ᠪᠣᠯᠵᠣᠨ ᠶᠠᠷᠢᠯᠴᠠᠬᠤ ᠳᠦᠷᠢᠮ ᠢ ᠪᠥᠬᠦ ᠲᠠᠯ᠎ᠠ ᠪᠠᠷ | ᠬᠡᠷᠡᠭᠵᠢᠭᠦᠯᠬᠦ ᠬᠡᠷᠡᠭᠲᠡᠢ ᠃ ᠭᠤᠣᠯ ᠤᠳᠤᠷᠢᠳᠤᠯᠭ᠎ᠠ ᠪᠣᠯᠣᠨ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ | ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠴᠠᠭ ᠲᠤᠬᠠᠢ ᠳᠤᠨᠢ | ᠵᠣᠬᠢᠶᠠᠨ ᠪᠠᠶᠢᠭᠤᠯᠤᠨ ᠰᠤᠳᠤᠯᠤᠨ ᠪᠠᠶᠢᠷᠢᠯᠠᠭᠤᠯᠵᠤ ᠂ ᠦᠨᠳᠦᠰᠦᠨ ᠱᠠᠲᠤᠨ ᠤ ᠡᠩᠨᠡᠭᠡᠨ ᠤ ᠪᠠᠶᠢᠭᠤᠯᠤᠯᠲᠠ ᠶᠢ | ᠪᠠᠬᠢᠵᠢᠭᠦᠯᠦᠨ ᠴᠢᠩᠭᠠᠳᠬᠠᠵᠤ ᠂ ᠠᠮᠢᠳᠠᠨ ᠤ ᠡᠭᠡᠯᠢᠯᠡᠭᠡ ᠂ ᠬᠢᠨᠠᠨ ᠬᠡᠮᠵᠢᠬᠦ ᠂ ᠬᠢᠵᠢᠭ ᠪᠠᠶᠢᠴᠠᠭᠠᠬᠤ ᠳᠤ ᠬᠢᠨᠠᠯᠲᠠ | ᠲᠠᠯᠪᠢᠬᠤ ᠵᠡᠷᠭᠡ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠢ ᠰᠢᠮᠳᠠᠭᠤᠯᠤᠨ ᠪᠠᠶᠢᠴᠠᠭᠠᠬᠤ | ᠬᠡᠷᠡᠭᠲᠡᠢ ᠃ ᠵᠠᠰᠠᠭ ᠤᠨ ᠣᠷᠳᠣᠨ ᠠᠴᠠ ᠪᠷᠦ᠋ᠼᠧᠯ ᠡᠪᠡᠳᠴᠢᠨ ᠵᠡᠷᠭᠡ ᠬᠦᠨᠳᠦ ᠶᠡᠭᠡ ᠠᠮᠢᠲᠠᠨ ᠤ ᠬᠢᠵᠢᠭ | ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠢ ᠵᠠᠰᠠᠭ ᠤᠨ ᠠᠵᠢᠯ ᠤᠨ ᠠᠮᠵᠢᠯᠲᠠ ᠶᠢ ᠬᠢᠨᠠᠨ ᠰᠢᠯᠭᠠᠬᠤ ᠬᠡᠪᠴᠢᠶᠡᠨ ᠳᠤ | ᠣᠷᠣᠭᠤᠯᠵᠤ ᠂ ᠲᠣᠭᠲᠠᠭᠰᠠᠨ ᠬᠤᠭᠤᠴᠠᠭᠠᠨ ᠳᠤ ᠠᠵᠢᠯ ᠢᠶᠠᠨ ᠪᠡᠶᠡᠯᠡᠭᠦᠯᠦᠭᠰᠡᠨ ᠦᠭᠡᠢ ᠰᠢᠶᠠᠩ ᠪᠠᠯᠭᠠᠰᠤ ᠶᠢ ᠪᠦᠬᠦ | ᠰᠢᠶᠠᠨ ᠢᠶᠠᠷ ᠢᠶᠠᠨ ᠵᠠᠷᠯᠠᠨ ᠰᠢᠭᠦᠮᠵᠢᠯᠡᠨ᠎ᠡ ᠃ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠦᠭᠡᠢ ᠰᠢᠶᠠᠩ | ᠪᠠᠯᠭᠠᠰᠤ ᠪᠠ ᠠᠵᠢᠯᠲᠠᠨ ᠡᠭᠦᠷᠭᠡ ᠪᠠᠨ ᠪᠡᠶᠡᠯᠡᠭᠦᠯᠵᠦ ᠳᠡᠶᠢᠯᠬᠦ ᠦᠭᠡᠢ ᠠᠴᠠ ᠪᠣᠯᠵᠤ ᠬᠢᠵᠢᠭ ᠤᠨ ᠪᠠᠶᠢᠳᠠᠯ ᠢ | ᠡᠭᠦᠰᠬᠡᠭᠰᠡᠨ ᠪᠠ ᠲᠠᠷᠬᠠᠭᠠᠨ ᠳᠡᠯᠭᠡᠷᠡᠭᠦᠯᠦᠭᠰᠡᠨ ᠪᠠᠶᠢᠪᠠᠯ ᠂ ᠬᠤᠯᠪᠣᠭᠳᠠᠯ ᠪᠦᠬᠦᠢ ᠨᠢᠭᠡᠴᠡ ᠪᠠ ᠠᠵᠢᠯᠲᠠᠨ ᠤ | ᠬᠠᠷᠢᠭᠤᠴᠠᠯᠭ᠎ᠠ ᠶᠢ ᠬᠠᠤᠯᠢ ᠶᠣᠰᠣᠭᠠᠷ ᠨᠡᠬᠡᠮᠵᠢᠯᠡᠨ᠎ᠡ ᠃ | ᠳᠥᠷᠪᠡ ᠂ ᠰᠢᠯᠭᠠᠨ ᠠᠪᠬᠤ ᠪᠠ ᠳ᠋ᠦ᠋ᠩᠨᠡᠬᠦ ᠠᠵᠢᠯ ᠢ ᠰᠠᠶᠢᠲᠤᠷ ᠬᠢᠨ᠎ᠡ | ᠡᠯ᠎ᠡ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ | ᠰᠠᠯᠠᠭ᠎ᠠ ᠮᠥᠴᠢᠷ ᠤᠳ ᠨᠠᠮᠤᠷ ᠤᠨ ᠰᠡᠷᠭᠡᠶᠢᠯᠡᠯᠲᠡ ᠶᠢᠨ ᠬᠠᠮ ᠳᠠᠶᠢᠯᠠᠯᠳᠤᠭᠠᠨ ᠳᠠᠭᠤᠰᠤᠭᠰᠠᠨ ᠤ ᠳᠠᠷᠠᠭ᠎ᠠ᠂ | ᠥᠪᠡᠷ ᠢᠶᠠᠨ ᠪᠠᠶᠢᠴᠠᠭᠠᠵᠤ ᠰᠢᠯᠭᠠᠨ ᠠᠪᠬᠤ ᠠᠵᠢᠯ ᠢ ᠵᠣᠬᠢᠶᠠᠨ ᠪᠠᠶᠢᠭᠤᠯᠤᠨ ᠰᠠᠶᠢᠲᠤᠷ ᠬᠢᠵᠦ᠂ ᠳᠤᠲᠠᠭᠳᠠᠯ ᠢᠶᠠᠨ | ᠴᠠᠭ ᠲᠤᠬᠠᠢ ᠳᠤᠨᠢ ᠨᠥᠬᠦᠪᠦᠷᠢᠯᠡᠵᠦ᠂ ᠡᠭᠡᠯᠢᠯᠡᠭᠡ ᠶᠢᠨ ᠶᠠᠰᠤ ᠴᠢᠨᠠᠷ ᠢ ᠦᠨᠡᠨᠬᠦ ᠪᠠᠲᠤᠯᠠᠬᠤ ᠬᠡᠷᠡᠭᠲᠡᠢ᠃ 12 | ᠰᠠᠷ᠎ᠠ ᠶᠢᠨ ᠡᠬᠢ ᠪᠠᠷ ᠰᠢᠶᠠᠨ ᠤ ᠵᠠᠰᠠᠭ ᠤᠨ ᠣᠷᠳᠣᠨ ᠠᠴᠠ ᠬᠤᠯᠪᠣᠭᠳᠠᠯ ᠪᠦᠬᠦᠢ ᠨᠢᠭᠡᠴᠡ ᠶᠢ ᠵᠣᠬᠢᠶᠠᠨ | ᠪᠠᠶᠢᠭᠤᠯᠤᠨ ᠰᠢᠪᠠᠳᠠᠨ ᠪᠠᠶᠢᠴᠠᠭᠠᠵᠤ ᠂ ᠠᠵᠢᠯ ᠳᠠᠭᠠᠨ ᠬᠦᠴᠦᠨ ᠦᠭᠡᠢ ᠂ ᠡᠭᠦᠷᠭᠡ ᠪᠠᠨ ᠨᠡᠯᠢᠶᠡᠳ ᠠᠨᠠᠢ | ᠪᠡᠶᠡᠯᠡᠭᠦᠯᠦᠭᠰᠡᠨ ᠰᠢᠶᠠᠩ ᠪᠠᠯᠭᠠᠰᠤ ᠶᠢ ᠵᠠᠷᠯᠠᠨ ᠰᠢᠭᠦᠮᠵᠢᠯᠡᠵᠦ ᠂ ᠪᠣᠯᠵᠣᠨ ᠶᠠᠷᠢᠯᠴᠠᠵᠤ ᠂ ᠬᠦᠨᠳᠦ ᠨᠣᠴᠢᠲᠠᠢ ᠤᠷᠰᠢᠭ | ᠲᠠᠲᠠᠭᠰᠠᠨ ᠪᠠᠶᠢᠪᠠᠯ ᠬᠤᠯᠪᠣᠭᠳᠠᠯ ᠪᠦᠬᠦᠢ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠬᠠᠤᠯᠢ ᠶᠣᠰᠣᠭᠠᠷ | ᠨᠡᠬᠡᠮᠵᠢᠯᠡᠨ᠎ᠡ ᠃ | 2022 ᠣᠨ ᠤ 9 ᠰᠠᠷ᠎ᠠ ᠶᠢᠨ 30 | ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ | ᠣᠷᠴᠢᠭᠤᠯᠤᠭᠴᠢ᠄ ᠣᠳᠣᠨᠭᠡᠷᠡᠯ | ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ | | |