ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠢᠵᠢᠭ ᠤᠨ ᠪᠠᠶᠢᠳᠠᠯ ᠢ ᠡᠰᠡᠷᠭᠦᠴᠡᠨ᠎ᠡ ᠡᠮᠦᠨ᠎ᠡ ᠹᠷᠣᠨᠲ ᠤᠨ ᠲᠣᠬᠤᠨᠢᠭᠤᠯᠭ᠎ᠠ ᠰᠡᠳᠬᠢᠯ ᠢ ᠳᠤᠯᠠᠭᠠᠴᠠᠭᠤᠯᠤᠨ᠎ᠡ
ᠨᠡᠶᠢᠲᠡᠯᠡᠭᠰᠡᠨ ᠴᠠᠭ᠄
2022/11/9
   ᠵᠠᠰᠠᠭ ᠠᠵᠤ ᠠᠬᠤᠶᠢᠯᠠᠯ ᠵᠡᠷᠭᠡᠪᠡᠷ ᠤᠷᠤᠭᠰᠢᠯᠠᠵᠤ ᠂ ᠬᠢᠵᠢᠭ ᠢ ᠡᠰᠡᠷᠭᠦᠴᠡᠬᠦ ᠰᠡᠳᠬᠢᠯ ᠢᠶᠠᠨ ᠨᠢᠭᠡᠳᠬᠡᠨ᠎ᠡ ᠃ ᠥᠪᠥᠷ ᠮᠣᠩᠭᠤᠯ ᠤᠨ ᠱᠧᠩ ᠳ᠋ᠦᠩ ᠠᠮᠢᠳᠤ ᠪᠣᠳᠠᠰ ᠤᠨ ᠡᠨᠧᠷᠭᠢ ᠶᠢᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠨᠡᠶᠢᠭᠡᠮ ᠤᠨ ᠬᠠᠷᠢᠭᠤᠴᠠᠯᠭ᠎ᠠ ᠶᠢ ᠢᠳᠡᠪᠬᠢᠲᠡᠢ ᠡᠭᠦᠷᠭᠡᠯᠡᠵᠦ᠂ 11 ᠰᠠᠷ᠎ᠠ ᠶᠢᠨ 7 ᠤ ᠡᠳᠦᠷ ᠤᠨ ᠦᠳᠡ ᠶᠢᠨ ᠡᠮᠦᠨ᠎ᠡ᠂ ᠺᠣᠮᠫᠠᠨᠢ ᠶᠢᠨ ᠳᠠᠭᠠᠭᠠᠮᠠᠯ ᠬᠥᠩ ᠷᠦᠢ ᠮᠢᠨ 25000 ᠭᠠᠷᠤᠢ ᠲᠥᠭᠦᠷᠢᠭ ᠤᠨ ᠠᠮᠢᠳᠤᠷᠠᠯ ᠤᠨ ᠡᠳ᠋ ᠪᠣᠳᠠᠰ ᠢᠶᠠᠨ ᠠᠪᠴᠤ ᠬᠢᠵᠢᠭ ᠤᠨ ᠲᠤᠰᠠᠭᠠᠷᠯᠠᠬᠤ ᠭᠠᠵᠠᠷ ᠪᠠ ᠬᠤᠲᠠ ᠶᠢᠨ ᠲᠣᠭᠤᠷᠢᠭ ᠤᠨ ᠪᠣᠭᠤᠮᠲᠠ ᠳᠤ ᠭᠦᠨᠵᠡᠭᠡᠶᠢᠷᠡᠨ ᠨᠢᠭᠡᠳᠦᠭᠡᠷ ᠹᠷᠣᠨᠲ ᠤᠨ ᠬᠥᠮᠥᠰ ᠢ ᠲᠣᠬᠤᠨᠢᠭᠤᠯᠪᠠ᠃

01.png

   ᠡᠨᠡ ᠤᠳᠠᠭ᠎ᠠ ᠶᠢᠨ ᠲᠠᠩ᠂ ᠰᠢᠨ ᠶᠠ ᠵᠡᠷᠭᠡ ᠲᠤᠰᠠᠭᠠᠷᠯᠠᠬᠤ ᠭᠠᠵᠠᠷ 17᠂ ᠬᠤᠲᠠ ᠶᠢᠨ ᠲᠣᠭᠤᠷᠢᠭ ᠤᠨ

ᠵᠡᠭᠦᠨ᠂ ᠪᠠᠷᠠᠭᠤᠨ᠂ ᠡᠮᠦᠨ᠎ᠡ ᠪᠣᠭᠤᠮᠲᠠ ᠂ ᠴᠣᠣᠶᠠᠩ᠂ ᠲᠧᠦ ᠳ᠋ᠣᠣ ᠭᠧᠦ ᠪᠣᠭᠤᠮᠲᠠ ᠵᠡᠷᠭᠡ 5᠂ 108

ᠳᠣᠲᠣᠭᠠᠳᠤ ᠶᠢ ᠬᠠᠮᠠᠭᠠᠯᠠᠬᠤ ᠪᠠ 69 ᠡᠮᠴᠢ ᠰᠤᠪᠢᠯᠠᠭᠴᠢ ᠶᠢ ᠲᠣᠬᠤᠨᠢᠭᠤᠯᠵᠠᠢ᠃

02.png

   ᠥᠨᠥᠳᠥᠷ ᠪᠣᠯ 24 ᠴᠠᠭ ᠤᠯᠠᠷᠢᠯ ᠤᠨ ᠡᠪᠦᠯ ᠤᠨ ᠠᠭᠤᠷ ᠣᠷᠤᠵᠤ ᠪᠠᠶᠢᠨ᠎ᠠ ᠂ ᠤᠮᠠᠷᠠᠲᠤ ᠣᠷᠣᠨ ᠳᠤ

ᠡᠪᠦᠯ ᠤᠨ ᠠᠭᠤᠷ ᠣᠷᠤᠬᠤ ᠡᠳᠦᠷ ᠪᠠᠩᠰᠢ ᠢᠳᠡᠬᠦ ᠵᠠᠩᠰᠢᠯ ᠲᠠᠢ᠂ ᠨᠢᠭᠡᠳᠦᠭᠡᠷ ᠹᠷᠣᠨᠲ ᠤᠨ ᠬᠢᠵᠢᠭ ᠢ ᠡᠰᠡᠷᠭᠦᠴᠡᠬᠦ

ᠠᠵᠢᠯᠲᠠᠨ ᠪᠠᠩᠰᠢ ᠣᠯᠵᠤ ᠢᠳᠡᠬᠦ ᠦᠭᠡᠢ ᠪᠠᠶᠢᠬᠤ ᠶᠢ ᠪᠣᠳᠣᠯᠬᠢᠯᠠᠭᠠᠳ ᠺᠣᠮᠫᠠᠨᠢ ᠠᠴᠠ ᠲᠤᠰᠬᠠᠶᠢᠯᠠᠨ 120

ᠬᠤᠪᠢ ᠪᠠᠩᠰᠢ ᠪᠡᠯᠡᠳᠬᠡᠵᠦ ᠨᠢᠭᠡᠳᠦᠭᠡᠷ ᠹᠷᠣᠨᠲ ᠤᠨ ᠬᠢᠵᠢᠭ ᠢ ᠡᠰᠡᠷᠭᠦᠴᠡᠬᠦ ᠠᠵᠢᠯᠲᠠᠨ ᠳᠤ ᠬᠦᠷᠭᠡᠭᠰᠡᠨ ᠪᠠᠶᠢᠨ᠎ᠠ᠃

03.png

  

   ᠬᠥᠩ ᠷᠦᠢ ᠮᠢᠨ ᠢᠯᠡᠷᠬᠡᠶᠢᠯᠡᠬᠦ ᠳᠡᠭᠡᠨ᠂ ᠡᠪᠦᠯ ᠤᠨ ᠠᠭᠤᠷ ᠣᠷᠣᠬᠤ ᠪᠣᠯ ᠡᠪᠦᠯ ᠤᠨ ᠤᠯᠠᠷᠢᠯ ᠤᠨ ᠠᠩᠬᠠᠨ ᠤ

ᠴᠠᠭ ᠤᠯᠠᠷᠢᠯ ᠮᠥᠨ᠂ ᠪᠠᠰᠠ ᠴᠤ ᠮᠠᠨ ᠤ ᠤᠮᠠᠷᠠᠲᠤ ᠶᠢᠨ ᠬᠥᠮᠥᠰ ᠤᠨ ᠭᠡᠷ ᠪᠦᠯᠢ ᠪᠠᠷ ᠢᠶᠠᠨ ᠴᠤᠭᠯᠠᠷᠠᠨ ᠪᠠᠩᠰᠢ

ᠢᠳᠡᠬᠦ ᠡᠳᠦᠷ ᠮᠥᠨ᠂ ᠣᠯᠠᠨ ᠢᠶᠠᠷ ᠢᠶᠠᠨ ᠬᠠᠷᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠶᠢᠨ

ᠲᠥᠯᠥᠭᠡ ᠨᠢᠭᠡᠳᠦᠭᠡᠷ ᠹᠷᠣᠨᠲ ᠲᠤ ᠡᠷᠡᠯᠬᠡᠭᠯᠡᠨ ᠪᠠᠶᠢᠯᠳᠤᠵᠤ ᠪᠠᠶᠢᠨ᠎ᠠ᠃ ᠠᠵᠤ ᠠᠬᠤᠶᠢᠯᠠᠯᠲᠠᠨ ᠪᠣᠯᠤᠭᠰᠠᠨ ᠤ

ᠬᠤᠪᠢ ᠳᠤ ᠂ ᠪᠢᠳᠡ ᠨᠡᠶᠢᠭᠡᠮ ᠤᠨ ᠬᠠᠷᠢᠭᠤᠴᠠᠯᠭ᠎ᠠ ᠶᠢ ᠡᠭᠦᠷᠭᠡᠯᠡᠪᠡᠯ ᠵᠣᠬᠢᠨ᠎ᠠ ᠂ ᠤᠯᠠᠨ ᠲᠠᠢ ᠮᠥᠷᠥ ᠵᠡᠷᠭᠡᠴᠡᠨ

ᠪᠠᠶᠢᠯᠳᠤᠵᠤ ᠳᠡᠶᠢᠯᠬᠦ ᠦᠭᠡᠢ ᠪᠣᠯᠪᠠᠴᠤ᠂ ᠪᠢᠳᠡ ᠪᠠᠰᠠ ᠥᠪᠡᠷ ᠤᠨ ᠠᠷᠭ᠎ᠠ ᠬᠡᠯᠪᠡᠷᠢ ᠪᠠᠷ ᠢᠶᠠᠨ ᠤᠯᠠᠨ ᠤ ᠵᠣᠪᠠᠭᠤᠷᠢ

ᠵᠦᠳᠡᠭᠦᠷᠢ ᠶᠢᠨ ᠲᠥᠯᠥᠭᠡ ᠥᠴᠥᠬᠡᠨ ᠲᠡᠳᠦᠢ ᠬᠦᠴᠦᠨ ᠴᠢᠳᠠᠯ ᠢᠶᠠᠨ ᠭᠠᠷᠭᠠᠬᠤ ᠬᠡᠷᠡᠭᠲᠡᠢ ᠃

04.png

   ᠥᠴᠥᠬᠡᠨ ᠠᠵᠢᠯᠯᠠᠭ᠎ᠠ ᠨᠢ ᠶᠡᠭᠡ ᠬᠠᠯᠠᠭᠤᠨ ᠳᠤᠯᠠᠭᠠᠨ ᠢ ᠢᠯᠡᠷᠡᠭᠦᠯᠵᠦ᠂ ᠬᠠᠶᠢᠷ᠎ᠠ ᠬᠠᠯᠠᠮᠵᠢ ᠶᠢᠨ ᠠᠵᠤ

ᠠᠬᠤᠶᠢᠯᠠᠯ ᠤᠨ ᠬᠢᠨ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠲᠤ ᠠᠵᠢᠯᠯᠠᠵᠤ ᠪᠠᠶᠢᠭ᠎ᠠ ᠠᠵᠢᠯᠲᠠᠳ ᠲᠤ

ᠠᠮᠢᠳᠤᠷᠠᠯ ᠤᠨ ᠡᠳ᠋ ᠪᠣᠳᠠᠰ ᠬᠠᠨᠳᠢᠪᠯᠡᠵᠤ᠂ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠬᠠᠩᠭᠠᠵᠤ᠂

ᠥᠴᠥᠬᠡᠨ ᠲᠡᠳᠦᠢ ᠬᠦᠴᠦᠨ ᠴᠢᠳᠠᠯ ᠢ ᠠᠤᠭ᠎ᠠ ᠶᠡᠭᠡ ᠬᠦᠴᠦᠨ ᠪᠣᠯᠭᠠᠨ ᠬᠤᠷᠠᠮᠳᠤᠭᠤᠯᠵᠠᠢ᠂ ᠡᠨᠡ ᠨᠢ ᠨᠢᠭᠡᠳᠦᠭᠡᠷ

ᠹᠷᠣᠨᠲ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯᠲᠠᠳ ᠲᠤ ᠨᠡᠶᠢᠭᠡᠮ ᠤᠨ ᠳᠡᠮᠵᠢᠯᠭᠡ ᠪᠠ ᠬᠠᠶᠢᠷ᠎ᠠ

ᠬᠠᠯᠠᠮᠵᠢ ᠶᠢ ᠬᠦᠷᠲᠡᠭᠡᠭᠰᠡᠨ ᠢᠶᠠᠷ ᠪᠠᠷᠠᠬᠤ ᠦᠭᠡᠢ᠂ ᠨᠠᠩ ᠴᠤ ᠡᠨᠡᠬᠦ ᠬᠠᠯᠠᠭᠤᠨ ᠳᠤᠯᠠᠭᠠᠨ ᠪᠠ ᠬᠠᠶᠢᠷ᠎ᠠ ᠬᠠᠯᠠᠮᠵᠢ ᠶᠢ

ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠷᠭᠦᠯᠵᠢᠯᠡᠨ ᠰᠠᠶᠢᠲᠤᠷ ᠬᠢᠬᠦ ᠶᠢᠨ ᠬᠥᠳᠡᠯᠭᠡᠭᠦ ᠬᠦᠴᠦᠨ

ᠪᠣᠯᠭᠠᠭᠰᠠᠨ ᠪᠠᠶᠢᠨ᠎ᠠ᠃

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ

ᠣᠷᠴᠢᠭᠤᠯᠤᠭᠴᠢ᠄ ᠣᠳᠣᠨᠭᠡᠷᠡᠯ

ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2