| 12 ᠰᠠᠷ᠎ᠠ ᠶᠢᠨ 8 ᠤ ᠡᠳᠦᠷ ᠤᠨ ᠦᠳᠡ ᠶᠢᠨ ᠬᠤᠶᠢᠨ᠎ᠠ᠂ ᠬᠤᠸᠠᠳᠧ ᠰᠢᠶᠠᠨ ᠤ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ ᠶᠢᠨ ᠠᠮᠢ ᠠᠬᠤᠢ ᠶᠢᠨ ᠣᠷᠴᠢᠨ ᠨᠥᠬᠦᠴᠡᠯ ᠤᠨ ᠢᠳᠡᠭᠡᠨ ᠪᠠ ᠡᠮ ᠤᠨ ᠵᠦᠢᠯ ᠤᠨ ᠶᠠᠯᠠᠲᠤ | ᠠᠵᠢᠯᠯᠠᠭ᠎ᠠ ᠶᠢ ᠲᠤᠷᠰᠢᠨ ᠪᠠᠶᠢᠴᠠᠭᠠᠬᠤ ᠶᠡᠭᠡ ᠠᠩᠭᠢ ᠤᠨ ᠬᠢᠨ ᠬᠠᠯᠠᠭᠤᠨ ᠰᠡᠳᠬᠢᠯᠲᠦ ᠲᠣᠰᠬᠤᠨ ᠤ ᠠᠷᠠᠳ ᠤᠨ | ᠴᠠᠭᠳᠠᠭ᠎ᠠ ᠳᠤ ᠮᠡᠳᠡᠭᠦᠯᠦᠭᠰᠡᠨ ᠢᠶᠠᠷ᠄ ᠬᠤᠸᠠᠳᠧ ᠰᠢᠶᠠᠨ ᠤ ᠳᠡᠪᠡᠭᠡᠲᠦ ᠰᠢᠶᠠᠩ ᠤᠨ ᠮᠢᠨ ᠵᠦ ᠲᠣᠰᠬᠤᠨ ᠤ ᠣᠶᠢᠷ᠎ᠠ | ᠬᠠᠪᠢ ᠳᠤ ᠨᠢᠭᠡᠨ ᠬᠠᠷᠴᠠᠭᠠᠢ ᠰᠢᠭ᠋ ᠦᠨᠡᠰᠦᠨ ᠥᠩᠭᠡ ᠲᠠᠢ ︽ᠲᠣᠮᠣ ᠰᠢᠪᠠᠭᠤ︾ ᠪᠠᠶᠢᠬᠤ ᠶᠢ ᠣᠯᠵᠤ ᠮᠠᠲᠠᠵᠠᠢ᠂ | ᠳᠠᠯᠠᠪᠴᠢ ᠨᠢ ᠰᠢᠷᠬᠠᠲᠤᠭᠰᠠᠨ ᠪᠣᠯᠬᠤᠷ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠠᠪᠤᠷᠠᠨ ᠲᠤᠰᠠᠯᠠᠬᠤ ᠶᠢ | ᠭᠤᠶᠤᠴᠢᠯᠠᠪᠠ ᠭᠡᠵᠡᠢ᠃ | ᠴᠠᠭᠳᠠᠭ᠎ᠠ ᠶᠢᠨ ᠮᠡᠳᠡᠭᠡ ᠶᠢ ᠣᠯᠣᠭᠰᠠᠨ ᠤ ᠳᠠᠷᠠᠭ᠎ᠠ ᠂ ᠠᠷᠠᠳ ᠤᠨ ᠴᠠᠭᠳᠠᠭ᠎ᠠ ᠲᠡᠷᠡ ᠳᠠᠷᠤᠢ ᠳᠤᠨᠢ ᠲᠤᠬᠠᠢ ᠶᠢᠨ | ᠭᠠᠵᠠᠷ ᠲᠤ ᠬᠦᠷᠴᠦ᠂ ᠡᠨᠡ ᠬᠦ ︽ᠲᠣᠮᠣ ᠰᠢᠪᠠᠭᠤ︾ ᠪᠣᠯ ᠤᠯᠤᠰ ᠤᠨ ᠬᠤᠶᠠᠳᠤᠭᠠᠷ ᠳᠡᠰ ᠤᠨ ᠬᠠᠮᠠᠭᠠᠯᠠᠯᠲᠠ ᠶᠢᠨ | ᠠᠮᠢᠲᠠᠨ ︱ ᠬᠤᠵᠢᠭᠡᠷ ᠲᠠᠰ ᠮᠥᠨ ᠭᠡᠳᠡᠭ ᠢ ᠢᠯᠭᠠᠨ ᠲᠠᠨᠢᠵᠠᠢ᠃ ᠪᠠᠶᠢᠴᠠᠭᠠᠯᠲᠠ ᠪᠠᠷ ᠳᠡᠮᠵᠢᠨ᠂ ᠲᠠᠰ ᠤᠨ | ᠳᠠᠯᠠᠪᠴᠢ ᠨᠢ ᠰᠢᠷᠬᠠᠲᠤᠭᠰᠠᠨ ᠠᠴᠠ ᠪᠣᠯᠵᠤ ᠨᠢᠰᠴᠦ ᠳᠡᠶᠢᠯᠬᠦ ᠦᠭᠡᠢ ᠪᠣᠯᠵᠤ᠂ ᠣᠯᠠᠨ ᠡᠳᠦᠷ ᠬᠤᠭᠤᠯᠠ | ᠢᠳᠡᠭᠰᠡᠨ ᠦᠭᠡᠢ ᠠᠴᠠ ᠪᠣᠯᠵᠤ ᠲᠠᠮᠢᠷ ᠲᠡᠩᠬᠡᠭᠡ ᠮᠠᠭᠤᠳᠠᠵᠠᠢ᠃ ᠠᠷᠠᠳ ᠤᠨ ᠴᠠᠭᠳᠠᠭ᠎ᠠ ᠭᠡᠷ ᠤᠨ ᠢᠶᠠᠨ ᠮᠢᠬ᠎ᠠ ᠶᠢ | ᠬᠡᠰᠡᠭᠯᠡᠨ ᠬᠡᠷᠴᠢᠵᠦ ᠬᠤᠵᠢᠭᠡᠷ ᠲᠠᠰ ᠲᠤ ᠢᠳᠡᠭᠦᠯᠦᠭᠰᠡᠨ ᠤ ᠳᠠᠷᠠᠭ᠎ᠠ ᠬᠤᠵᠢᠭᠡᠷ ᠲᠠᠰ ᠢ ᠬᠤᠸᠠᠳᠧ ᠰᠢᠶᠠᠨ ᠤ ᠣᠶ | ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠬᠡᠭᠡᠷ᠎ᠡ ᠶᠢᠨ ᠠᠮᠢᠲᠠᠨ ᠤ ᠬᠠᠮᠠᠭᠠᠯᠠᠯᠲᠠ ᠶᠢᠨ ᠲᠥᠪ ᠲᠤ | ᠰᠢᠯᠵᠢᠭᠦᠯᠦᠨ ᠲᠤᠰᠢᠶᠠᠵᠤ᠂ ᠰᠢᠷᠬ᠎ᠠ ᠶᠢ ᠨᠢ ᠡᠳᠡᠭᠡᠷᠡᠭᠦᠯᠦᠭᠰᠡᠨ ᠤ ᠳᠠᠷᠠᠭ᠎ᠠ ᠪᠠᠶᠢᠭᠠᠯᠢ ᠳᠤᠨᠢ ᠪᠤᠴᠠᠭᠠᠪᠡ ᠃ | | | | ᠠᠷᠠᠳ ᠤᠨ ᠴᠠᠭᠳᠠᠭ᠎ᠠ ᠬᠠᠯᠠᠭᠤᠨ ᠳᠣᠲᠣᠨᠣ ᠪᠠᠷ ᠰᠠᠨᠠᠭᠤᠯᠤᠭᠰᠠᠨ ᠨᠢ᠄ ᠬᠡᠭᠡᠷ᠎ᠡ ᠶᠢᠨ ᠠᠮᠢᠲᠠᠨ ᠢ ᠬᠠᠮᠠᠭᠠᠯᠠᠬᠤ | ᠪᠣᠯ ᠣᠯᠠᠨ ᠤ ᠬᠠᠮᠲᠤ ᠶᠢᠨ ᠬᠠᠷᠢᠭᠤᠴᠠᠯᠭ᠎ᠠ ᠮᠥᠨ᠂ ᠡᠪᠦᠯ ᠤᠨ ᠤᠯᠠᠷᠢᠯ ᠳᠤ ᠠᠭᠤᠷ ᠠᠮᠢᠰᠬᠤᠯ ᠬᠠᠬᠢᠷ ᠬᠦᠢᠲᠡᠨ᠂ | ᠢᠳᠡᠰᠢ ᠳᠤᠲᠠᠭᠳᠠᠬᠤ᠂ ᠬᠡᠭᠡᠷ᠎ᠡ ᠶᠢᠨ ᠠᠮᠢᠲᠠᠨ ᠰᠢᠷᠬᠠᠲᠤᠬᠤ ᠤᠴᠢᠷ ᠠᠴᠠ ᠠᠪᠤᠷᠠᠨ ᠲᠤᠰᠠᠯᠠᠬᠤ ᠴᠢᠬᠤᠯᠠᠲᠠᠢ | ᠪᠠᠶᠢᠳᠠᠯ ᠪᠠᠶᠢᠨ ᠪᠠᠶᠢᠨ ᠭᠠᠷᠴᠤ ᠪᠠᠶᠢᠳᠠᠭ᠂ ᠥᠷᠭᠡᠨ ᠣᠯᠠᠨ ᠲᠦᠮᠡᠨ ᠬᠡᠷᠪᠡ ᠬᠡᠭᠡᠷ᠎ᠡ ᠶᠢᠨ ᠠᠮᠢᠲᠠᠨ ᠰᠢᠷᠬᠠᠲᠤᠬᠤ | ᠪᠤᠶᠤ ᠠᠶᠤᠯ ᠳᠤ ᠤᠴᠠᠷᠠᠭᠰᠠᠨ ᠢ ᠮᠡᠳᠡᠪᠡᠯ᠂ ᠬᠡᠭᠡᠷ᠎ᠡ ᠶᠢᠨ ᠠᠮᠢᠲᠠᠨ ᠢ ᠬᠠᠮᠠᠭᠠᠯᠠᠨ ᠬᠠᠮᠢᠶᠠᠷᠬᠤ ᠰᠠᠯᠠᠭ᠎ᠠ | ᠮᠥᠴᠢᠷ ᠲᠠᠢ ᠴᠠᠭ ᠲᠤᠬᠠᠢ ᠳᠤᠨᠢ ᠬᠠᠷᠢᠯᠴᠠᠵᠤ᠂ ᠬᠡᠷᠡᠭ ᠦᠭᠡᠢ ᠬᠤᠬᠢᠷᠠᠯ ᠭᠠᠷᠬᠤ ᠶᠢ ᠰᠡᠷᠭᠡᠶᠢᠯᠡᠬᠦ ᠬᠡᠷᠡᠭᠲᠡᠢ᠃ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠣᠳᠣᠨᠭᠡᠷᠡᠯ | ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ | | |