ᠮᠠᠨ ᠤ ᠰᠢᠶᠠᠨ ᠵᠡᠮᠳᠡᠭᠴᠦᠳ ᠤᠨ ᠬᠤᠯᠪᠣᠭᠠᠲᠤ ᠬᠤᠷᠠᠯ ᠤᠨ ᠨᠠᠢᠮᠠᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠢ ᠬᠤᠷᠠᠯᠳᠤᠭᠤᠯᠪᠡ
ᠨᠡᠶᠢᠲᠡᠯᠡᠭᠰᠡᠨ ᠴᠠᠭ᠄
2022/12/22
   12 ᠰᠠᠷ᠎ᠠ ᠶᠢᠨ 21 ᠤ ᠡᠳᠦᠷ ᠂ ᠮᠠᠨ ᠤ ᠰᠢᠶᠠᠨ ᠵᠡᠮᠳᠡᠭᠴᠦᠳ ᠤᠨ ᠬᠤᠯᠪᠣᠭᠠᠲᠤ ᠬᠤᠷᠠᠯ ᠤᠨ ᠨᠠᠢᠮᠠᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ  ᠢ ᠬᠤᠷᠠᠯᠳᠤᠭᠤᠯᠪᠡ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠶᠠᠨ ᠵᠢᠶᠦ᠋ᠨ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠼᠤᠤ ᠪᠥᠸᠧ ᠰᠢᠶᠦᠶᠢᠩ ᠬᠤᠷᠠᠯ ᠳᠤ ᠣᠷᠣᠯᠴᠠᠪᠠ ᠃

01.jpg

   ᠬᠤᠷᠠᠯ ᠠᠴᠠ ᠬᠤᠳᠠ ᠶᠢᠨ ᠵᠡᠮᠳᠡᠭᠴᠦᠳ ᠤᠨ ᠬᠤᠯᠪᠣᠭ᠎ᠠ ᠶᠢᠨ ᠪᠠᠶᠠᠷ ᠤᠨ ᠵᠠᠬᠢᠳᠠᠯ ᠢ ᠤᠩᠰᠢᠨ ᠨᠡᠶᠢᠲᠡᠯᠡᠪᠡ︔ 

ᠬᠤᠸᠠᠳᠧ ᠰᠢᠶᠠᠨ ᠤ ᠵᠡᠮᠳᠡᠭᠴᠦᠳ ᠤᠨ ᠬᠤᠯᠪᠣᠭᠠᠲᠤ ᠬᠤᠷᠠᠯ ᠤᠨ ᠳᠣᠯᠣᠳᠤᠭᠠᠷ ᠬᠤᠭᠤᠴᠠᠭᠠᠨ ᠤ

ᠲᠡᠷᠢᠭᠦᠯᠡᠭᠴᠢᠳ ᠤᠨ ᠪᠦᠯᠬᠦᠮ ᠤᠨ ᠠᠵᠢᠯ ᠤᠨ ᠮᠡᠳᠡᠭᠦᠯᠦᠯᠲᠡ ᠶᠢ ᠰᠣᠨᠣᠰᠤᠨ ᠬᠢᠨᠠᠨ ᠵᠥᠪᠯᠡᠵᠦ ᠂ ᠥᠩᠭᠡᠷᠡᠭᠰᠡᠨ

ᠲᠠᠪᠤᠨ ᠵᠢᠯ ᠤᠨ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠠᠮᠵᠢᠯᠲᠠ ᠪᠦᠲᠦᠮᠵᠢ ᠶᠢ ᠳ᠋ᠦᠩᠨᠡᠵᠦ ᠂

ᠬᠤᠶᠢᠰᠢᠳᠠ ᠶᠢᠨ ᠲᠠᠪᠤᠨ ᠵᠢᠯ ᠤᠨ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠬᠠᠷᠠᠯᠲᠠ ᠪᠠ ᠡᠭᠦᠷᠭᠡ ᠶᠢ

ᠲᠣᠭᠲᠠᠭᠠᠪᠠ ᠃ ᠬᠤᠸᠠᠳᠧ ᠰᠢᠶᠠᠨ ᠤ ᠵᠡᠮᠳᠡᠭᠴᠦᠳ ᠤᠨ ᠬᠤᠯᠪᠣᠭᠠᠲᠤ ᠬᠤᠷᠠᠯ ᠤᠨ ᠨᠠᠢᠮᠠᠳᠤᠭᠠᠷ ᠬᠤᠭᠤᠴᠠᠭᠠᠨ ᠤ

ᠲᠡᠷᠢᠭᠦᠯᠡᠭᠴᠢᠳ ᠤᠨ ᠪᠦᠯᠬᠦᠮ ᠤᠨ ᠲᠡᠷᠢᠭᠦᠯᠡᠭᠴᠢ᠂ ᠳᠡᠳ᠋ ᠲᠡᠷᠢᠭᠦᠯᠡᠭᠴᠢ ᠶᠢ ᠰᠣᠩᠭᠤᠨ ᠭᠠᠷᠭᠠᠪᠠ ︔ 

ᠲᠡᠷᠢᠭᠦᠯᠡᠭᠴᠢᠳ ᠤᠨ ᠪᠦᠯᠬᠦᠮ ᠤᠨ ᠨᠡᠷ᠎ᠡ ᠬᠦᠨᠳᠦᠲᠦ ᠲᠡᠷᠢᠭᠦᠯᠡᠭᠴᠢ᠂ ᠳᠡᠳ᠋ ᠲᠡᠷᠢᠭᠦᠯᠡᠭᠴᠢ ᠶᠢ ᠤᠷᠢᠪᠡ︔ 

ᠭᠦᠢᠴᠡᠳᠬᠡᠬᠦ ᠬᠡᠷᠡᠭ ᠡᠷᠬᠢᠯᠡᠭᠴᠢᠳ ᠤᠨ ᠬᠤᠷᠠᠯ ᠤᠨ ᠬᠡᠷᠡᠭ ᠡᠷᠬᠢᠯᠡᠭᠴᠢᠳ ᠤᠨ ᠳᠠᠷᠤᠭ᠎ᠠ᠂ ᠬᠡᠷᠡᠭ ᠡᠷᠬᠢᠯᠡᠭᠴᠢᠳ ᠤᠨ

ᠳᠡᠳ᠋ ᠳᠠᠷᠤᠭ᠎ᠠ᠂ ᠬᠡᠷᠡᠭ ᠡᠷᠬᠢᠯᠡᠭᠴᠢ ᠶᠢ ᠰᠣᠩᠭᠤᠨ  ᠭᠠᠷᠭᠠᠪᠡ︔ ᠡᠯ᠎ᠡ ᠲᠤᠰᠬᠠᠢ ᠨᠡᠶᠢᠭᠡᠮᠯᠢᠭ ᠤᠨ ᠲᠡᠷᠢᠭᠦᠯᠡᠭᠴᠢ᠂

ᠳᠡᠳ᠋ ᠲᠡᠷᠢᠭᠦᠯᠡᠭᠴᠢ ᠶᠢᠨ ᠰᠠᠨᠠᠭᠤᠯᠭ᠎ᠠ ᠶᠢᠨ ᠵᠢᠱᠢᠭᠳᠡᠭᠴᠢ ᠶᠢᠨ ᠨᠡᠷᠡᠰ ᠪᠣᠯᠣᠨ ᠤᠯᠠᠭᠠᠨᠴᠠᠪ ᠬᠤᠲᠠ ᠶᠢᠨ

ᠵᠡᠮᠳᠡᠭᠴᠦᠳ ᠤᠨ ᠬᠤᠯᠪᠣᠭᠠᠲᠤ ᠬᠤᠷᠠᠯ ᠤᠨ ᠨᠠᠢᠮᠠᠳᠤᠭᠠᠷ ᠬᠤᠭᠤᠴᠠᠭᠠᠨ ᠤ ᠲᠡᠷᠢᠭᠦᠯᠡᠭᠴᠢᠳ ᠤᠨ ᠪᠦᠯᠬᠦᠮ ᠤᠨ

ᠭᠡᠰᠢᠭᠦᠨ ᠤ ᠨᠡᠷᠡᠰ ᠢ ᠪᠠᠲᠤᠯᠠᠪᠠ᠃

02.jpg

   ᠬᠤᠷᠠᠯ ᠠᠴᠠ ᠵᠢᠭᠠᠵᠤ ᠭᠠᠷᠭᠠᠭᠰᠠᠨ ᠨᠢ᠂ ᠲᠠᠪᠤᠨ ᠵᠢᠯ ᠤᠨ ᠲᠤᠷᠰᠢ᠂ ᠰᠢᠶᠠᠨ ᠤ ᠨᠠᠮ ᠤᠨ ᠬᠤᠷᠢᠶ᠎ᠠ᠂

ᠰᠢᠶᠠᠨ ᠤ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ

ᠪᠣᠯᠣᠨ ᠨᠡᠶᠢᠭᠡᠮ ᠤᠨ ᠡᠯ᠎ᠡ ᠡᠲᠡᠭᠡᠳ ᠤᠨ ᠬᠦᠴᠦᠲᠡᠢ ᠳᠡᠮᠵᠢᠯᠭᠡ ᠳᠣᠣᠷ᠎ᠠ ᠂ ᠤᠨᠢᠨ ᠳᠡᠭᠡᠷ᠎ᠡ ᠨᠢ ᠦᠢᠯᠡᠴᠢᠯᠡᠬᠦ ᠳᠤ

ᠠᠩᠬᠠᠷᠤᠯ ᠢᠶᠠᠨ ᠲᠥᠪᠯᠡᠷᠡᠭᠦᠯᠵᠦ ᠂ ᠰᠢᠨ᠎ᠡ ᠶᠢ ᠡᠭᠦᠳᠬᠦ ᠬᠥᠭᠵᠢᠯᠲᠡ ᠶᠢ ᠪᠠᠷᠢᠮᠲᠠᠯᠠᠵᠤ ᠂ ᠰᠡᠳᠬᠢᠯ ᠢᠶᠠᠨ ᠨᠢᠭᠡᠳᠬᠡᠨ

ᠬᠦᠴᠦ ᠪᠠᠨ ᠬᠠᠮᠲᠤᠳᠬᠠᠵᠤ ᠂ ᠦᠨᠡᠨᠬᠦ ᠠᠳᠬᠤᠨ ᠪᠣᠳᠠᠲᠠᠢ ᠠᠵᠢᠯᠯᠠᠵᠤ ᠂ ᠵᠡᠮᠳᠡᠭᠴᠦᠳ ᠢ ᠶᠠᠳᠠᠭᠤ ᠠᠴᠠ

ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠯᠠᠪᠳᠠᠭᠤᠨ ᠪᠦᠲᠦᠮᠵᠢᠲᠡᠢ ᠥᠷᠨᠢᠭᠦᠯᠵᠦ ᠂ ︽ᠠᠷᠪᠠᠨ

ᠭᠤᠷᠪᠠᠳᠤᠭᠠᠷ ᠲᠠᠪᠤᠨ ᠵᠢᠯ︾  ᠤᠨ ᠲᠥᠯᠥᠪᠯᠡᠭᠡ ᠶᠢᠨ ᠬᠥᠲᠥᠯᠪᠦᠷᠢ ᠳᠤ ᠲᠣᠭᠲᠠᠭᠠᠭᠰᠠᠨ ᠡᠯ᠎ᠡ ᠵᠦᠢᠯ ᠤᠨ

ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ ᠂ ᠵᠡᠮᠳᠡᠭᠴᠦᠳ ᠤᠨ ᠦᠢᠯᠡᠰ ᠤᠨ ᠬᠥᠭᠵᠢᠯᠲᠡ ᠪᠣᠯᠣᠨ

ᠵᠡᠮᠳᠡᠭᠴᠦᠳ ᠤᠨ ᠠᠷᠠᠳ ᠤᠨ ᠠᠮᠢᠳᠤᠷᠠᠯ ᠢ ᠦᠷᠭᠦᠯᠵᠢᠯᠡᠨ ᠰᠠᠶᠢᠵᠢᠷᠠᠭᠤᠯᠬᠤ ᠶᠢ ᠬᠦᠴᠦᠲᠡᠢ ᠠᠬᠢᠭᠤᠯᠪᠠ ᠃

   ᠬᠤᠷᠠᠯ ᠠᠴᠠ ᠱᠠᠭᠠᠷᠳᠠᠭᠰᠠᠨ ᠨᠢ᠂ ᠭᠤᠣᠯᠳᠠᠯᠭ᠎ᠠ ᠶᠢ ᠳᠤᠪᠤᠶᠢᠯᠭᠠᠵᠤ ᠂ ᠲᠦᠷᠦ ᠶᠢᠨ ᠪᠣᠳᠣᠯᠭ᠎ᠠ ᠶᠢ

ᠶᠡᠷᠦᠩᠬᠡᠶᠢᠯᠡᠨ ᠬᠡᠷᠡᠭᠵᠢᠭᠦᠯᠵᠦ ᠂ ᠵᠡᠮᠳᠡᠭᠴᠦᠳ ᠤᠨ ᠠᠵᠢᠯ ᠢ ᠰᠠᠶᠢᠲᠤᠷ ᠬᠢᠬᠦ ᠶᠢᠨ ᠪᠣᠳᠠᠲᠤ ᠦᠷ᠎ᠡ ᠪᠦᠲᠦᠮᠵᠢᠲᠦ

ᠴᠢᠨᠠᠷ ᠢ ᠴᠢᠩᠭᠠᠳᠬᠠᠬᠤ ᠬᠡᠷᠡᠭᠲᠡᠢ ᠃ ᠵᠡᠮᠳᠡᠭᠴᠦᠳ ᠤᠨ ᠦᠨᠳᠦᠰᠦᠨ ᠠᠮᠢᠳᠤᠷᠠᠯ ᠢ ᠪᠠᠲᠤᠯᠠᠬᠤ ᠶᠠᠪᠤᠳᠠᠯ ᠢ ᠲᠡᠷᠢᠭᠦᠨ

ᠴᠢᠬᠤᠯᠠ ᠡᠭᠦᠷᠭᠡ ᠪᠣᠯᠭᠠᠵᠤ᠂ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠨᠠᠰᠤᠵᠢᠯ ᠤᠨ ᠠᠰᠠᠷᠠᠮᠵᠢ ᠶᠢᠨ

ᠳᠠᠭᠠᠳᠬᠠᠯ᠂ ᠲᠦᠷ ᠴᠠᠭ ᠤᠨ ᠠᠪᠤᠷᠠᠨ ᠲᠤᠰᠠᠯᠠᠯᠲᠠ ᠪᠠ ᠡᠮ ᠡᠮᠨᠡᠯᠭᠡ ᠶᠢᠨ ᠠᠪᠤᠷᠠᠨ ᠲᠤᠰᠠᠯᠠᠯᠲᠠ ᠵᠡᠷᠭᠡ

ᠪᠠᠲᠤᠯᠠᠭ᠎ᠠ ᠶᠢᠨ ᠴᠢᠨᠠᠷᠲᠠᠢ ᠲᠦᠷᠦ ᠶᠢᠨ ᠪᠣᠳᠣᠯᠭ᠎ᠠ ᠶᠢ ᠬᠢᠨᠠᠮᠠᠭᠠᠢ ᠰᠠᠶᠢᠲᠤᠷ ᠨᠠᠶᠢᠳᠠᠪᠤᠷᠢᠵᠢᠭᠤᠯᠵᠤ ᠂ ᠲᠡᠳᠡᠨ ᠢ

ᠬᠠᠪᠰᠤᠷᠤᠨ ᠬᠠᠮᠤᠭ ᠤᠨ ᠪᠠᠴᠢᠮ ᠬᠡᠷᠡᠭᠴᠡᠭᠡ ᠲᠠᠢ᠂ ᠬᠠᠮᠤᠭ ᠤᠨ ᠪᠠᠴᠢᠮ ᠲᠤᠯᠭᠠᠮ᠎ᠡ ᠪᠣᠳᠠᠲᠠᠢ ᠬᠦᠴᠢᠷᠳᠡᠯ ᠢ ᠨᠢ

ᠰᠢᠢᠳᠪᠦᠷᠢᠯᠡᠨ ᠥᠭᠴᠦ᠂ ᠲᠡᠳᠡᠨ ᠤ ᠦᠨᠳᠦᠰᠦᠨ ᠠᠮᠢᠳᠤᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠲᠤᠯᠠᠵᠤ᠂

ᠲᠡᠳᠡᠨ ᠳᠤ ᠨᠠᠮ ᠤᠨ ᠬᠠᠶᠢᠷ᠎ᠠ ᠬᠠᠯᠠᠮᠵᠢ᠂ ᠨᠡᠶᠢᠭᠡᠮ ᠤᠨ ᠬᠠᠶᠢᠷ᠎ᠠ ᠬᠠᠯᠠᠮᠵᠢ᠂ ᠬᠥᠭᠵᠢᠯᠲᠡ ᠶᠢᠨ ᠠᠵᠠ ᠵᠢᠷᠭᠠᠯ ᠢ

ᠬᠠᠮᠲᠤ ᠪᠠᠷ ᠡᠳ᠋ᠯᠡᠭᠦᠯᠬᠦ ᠬᠡᠷᠡᠭᠲᠡᠢ᠃ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠵᠣᠷᠢᠭᠲᠠᠢ ᠪᠠᠷ ᠬᠠᠷᠢᠭᠤᠴᠠᠯᠭ᠎ᠠ

ᠡᠭᠦᠷᠭᠡᠯᠡᠵᠦ᠂ ᠵᠡᠮᠳᠡᠭᠴᠦᠳ ᠤᠨ ᠠᠵᠢᠯ ᠢ ᠰᠠᠶᠢᠲᠤᠷ ᠬᠢᠬᠦ ᠰᠠᠨᠠᠭᠠᠴᠢᠯᠠᠭᠠᠲᠤ ᠴᠢᠨᠠᠷ ᠢᠶᠠᠨ ᠴᠢᠩᠭᠠᠳᠬᠠᠵᠤ᠂ ᠨᠡᠩ

ᠲᠡᠭᠦᠰ ᠲᠡᠭᠦᠯᠳᠡᠷ ᠤᠶᠤᠨ ᠰᠠᠨᠠᠭᠠᠨ ᠤ ᠳᠦᠷᠰᠦ ᠪᠠᠶᠢᠳᠠᠯ᠂ ᠨᠡᠩ ᠯᠠᠪᠳᠠᠭᠤᠨ ᠪᠠᠲᠤᠲᠠᠢ ᠠᠵᠢᠯ ᠤᠨ ᠰᠤᠷᠲᠠᠯ᠂ ᠨᠡᠩ

ᠤᠬᠠᠮᠰᠠᠷ ᠠᠴᠠ ᠪᠠᠨ ᠬᠠᠷᠢᠭᠤᠴᠠᠯᠭ᠎ᠠ ᠡᠭᠦᠷᠭᠡᠯᠡᠨ ᠠᠵᠢᠯᠯᠠᠵᠤ᠂ ᠬᠦᠴᠦᠨ ᠴᠢᠳᠠᠯ ᠢᠶᠠᠨ ᠨᠢᠭᠲᠠᠷᠠᠭᠤᠯᠵᠤ᠂ ᠵᠠᠮ

ᠨᠡᠭᠡᠭᠡᠨ ᠤᠷᠤᠭᠰᠢᠯᠠᠵᠤ᠂ ᠵᠡᠮᠳᠡᠭᠴᠦᠳ ᠤᠨ ᠦᠢᠯᠡᠰ ᠤᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠶᠢᠨ

ᠲᠥᠯᠥᠭᠡ ᠴᠢᠷᠮᠠᠶᠢᠨ ᠲᠡᠮᠡᠴᠡᠬᠦ ᠬᠡᠷᠡᠭᠲᠡᠢ ᠭᠡᠪᠡ᠃

            ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ

            ᠣᠷᠴᠢᠭᠤᠯᠤᠭᠴᠢ᠄ ᠣᠳᠣᠨᠭᠡᠷᠡᠯ

    ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ

 

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2