ᠮᠠᠨ ᠤ ᠰᠢᠶᠠᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠫᠠᠶᠢᠰᠠ ᠡᠯᠭᠦᠬᠦ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2022/12/27
   12 ᠰᠠᠷ᠎ᠠ ᠶᠢᠨ 27 ᠤ ᠡᠳᠦᠷ ᠤᠨ ᠦᠳᠡ ᠶᠢᠨ ᠡᠮᠦᠨ᠎ᠡ᠂ ᠬᠤᠸᠠᠳᠧ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ︽ ᠬᠤᠸᠠᠳᠧ ᠰᠢᠶᠠᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠠᠯᠪᠠᠨ ᠭᠡᠷ︾ ᠪᠠ ︽ ᠬᠤᠸᠠᠳᠧ ᠰᠢᠶᠠᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ︾ ᠫᠠᠶᠢᠰᠠ ᠡᠯᠭᠦᠬᠦ ᠶᠣᠰᠣᠯᠠᠯ ᠶᠠᠪᠤᠭᠤᠯᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠴᠢ ᠪᠢᠨ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠰᠢᠶᠠᠨ ᠤ ᠳᠡᠳ᠋ ᠳᠠᠷᠤᠭ᠎ᠠ ᠡᠦ · ᠴᠢᠯᠠᠭᠤ ᠬᠤᠷᠠᠯ ᠳᠤ ᠣᠷᠣᠯᠴᠠᠵᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠵᠢᠴᠢ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠪᠥᠬᠦ ᠺᠠᠳ᠋ᠷ ᠠᠵᠢᠯᠲᠠᠨ ᠠᠵᠢᠯᠴᠢᠨ ᠣᠷᠣᠯᠴᠠᠵᠤ᠂ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠭᠦᠸᠧ ᠭᠤᠸᠠᠩ ᠪᠢᠩ ᠫᠠᠶᠢᠰᠠ ᠡᠯᠭᠦᠬᠦ ᠶᠣᠰᠣᠯᠠᠯ ᠢ ᠡᠷᠭᠢᠯᠡᠪᠡ᠃

001.jpg

   10 ᠴᠠᠭ ᠲᠤ ᠶᠣᠰᠣᠯᠠᠯ ᠵᠢᠩᠬᠢᠨᠢ ᠪᠠᠷ ᠡᠬᠢᠯᠡᠪᠡ ᠃ ᠡᠩ ᠲᠡᠷᠢᠭᠦᠨ ᠳᠤ᠂ ᠰᠢᠶᠠᠨ ᠤ ᠨᠠᠮ ᠤᠨ ᠬᠤᠷᠢᠶᠠᠨ ᠤ

ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ‌ᠡᠦ · ᠴᠢᠯᠠᠭᠤ ᠰᠢᠶᠠᠨ ᠤ ᠨᠠᠮ ᠤᠨ

ᠬᠤᠷᠢᠶ᠎ᠠ᠂ ᠵᠠᠰᠠᠭ ᠤᠨ ᠣᠷᠳᠣᠨ ᠢ ᠲᠥᠯᠥᠭᠡᠯᠡᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ

ᠠᠯᠪᠠᠨ ᠭᠡᠷ ᠪᠣᠯᠣᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ ᠤᠨ ᠫᠠᠶᠢᠰᠠ ᠡᠯᠭᠦᠨ

ᠪᠠᠶᠢᠭᠤᠯᠤᠭᠳᠠᠭᠰᠠᠨ ᠳᠤ ᠬᠠᠯᠠᠭᠤᠨ ᠪᠠᠶᠠᠷ ᠬᠦᠷᠭᠡᠪᠡ᠃ ᠡᠭᠦᠨ ᠤ ᠬᠠᠮᠲᠤ ᠤᠯᠤᠰ ᠤᠨ ᠪᠠᠲᠤᠯᠠᠨ ᠬᠠᠮᠠᠭᠠᠯᠠᠯᠲᠠ ᠶᠢᠨ

ᠳᠠᠶᠢᠴᠢᠯᠠᠯᠲᠠ ᠪᠠ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠵᠢᠯ ᠳᠤ ᠰᠢᠨ᠎ᠡ ᠬᠦᠰᠡᠯ ᠡᠷᠡᠮᠡᠯᠵᠡᠯ ᠳᠤᠷᠠᠳᠴᠤ ᠂

ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠠᠯᠪᠠᠨ ᠭᠡᠷ ᠂ ᠠᠷᠠᠳ ᠤᠨ ᠠᠭᠠᠷ ᠤᠨ

ᠰᠡᠷᠭᠡᠶᠢᠯᠡᠯᠲᠡ ᠶᠢᠨ ᠠᠯᠪᠠᠨ ᠭᠡᠷ ᠢ ᠠᠮᠤᠷ ᠲᠦᠪᠰᠢᠨ ᠪᠠᠶᠢᠬᠤ ᠦᠶ᠎ᠡ ᠳᠡᠭᠡᠨ ᠠᠶᠤᠯ ᠲᠦᠭᠰᠢᠭᠦᠷᠢ ᠶᠢ ᠪᠣᠳᠣᠯᠬᠢᠯᠠᠬᠤ

ᠤᠬᠠᠮᠰᠠᠷ ᠪᠠ ᠰᠠᠨᠠᠭᠠᠰᠢᠷᠠᠨ ᠵᠣᠪᠠᠨᠢᠬᠤ ᠤᠬᠠᠮᠰᠠᠷ ᠢ ᠪᠠᠲᠤ ᠪᠤᠢ ᠪᠣᠯᠭᠠᠵᠤ ᠂ ᠠᠷᠠᠳ ᠤᠨ ᠠᠭᠠᠷ ᠤᠨ ᠰᠡᠷᠭᠡᠶᠢᠯᠡᠯᠲᠡ

 ᠨᠢ ᠠᠷᠠᠳ ᠲᠦᠮᠡᠨ ᠤ ᠲᠥᠯᠥᠭᠡ ᠪᠠᠶᠢᠬᠤ ᠶᠢ ᠪᠠᠷᠢᠮᠲᠠᠯᠠᠵᠤ ᠂ ︽ᠤᠯᠤᠰ ᠤᠨ ᠶᠡᠭᠡ ᠶᠠᠪᠤᠳᠠᠯ︾ ᠢ ᠰᠡᠳᠬᠢᠯ ᠳᠡᠭᠡᠨ

ᠪᠤᠳᠤᠵᠤ ᠂ ︽ᠤᠯᠤᠰ ᠤᠨ ᠶᠡᠭᠡ ᠶᠠᠪᠤᠳᠠᠯ︾ ᠢ ᠪᠠᠲᠤ ᠴᠡᠭᠡᠵᠢᠯᠡᠵᠦ ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ

ᠪᠠᠶᠢᠭᠤᠯᠤᠯᠲᠠ ᠶᠢᠨ ᠪᠠᠴᠢᠮ ᠲᠤᠯᠭᠠᠮ᠎ᠠ ᠰᠡᠳᠬᠢᠯᠭᠡ ᠂ ᠬᠠᠷᠢᠭᠤᠴᠠᠯᠭᠠᠲᠤ ᠰᠡᠳᠬᠢᠯᠭᠡ ᠂ ᠢᠷᠠᠭᠤ ᠠᠯᠳᠠᠷᠲᠤ

ᠰᠡᠳᠬᠢᠯᠭᠡ ᠪᠠᠨ ᠦᠷᠭᠦᠯᠵᠢᠯᠡᠨ ᠴᠢᠩᠭᠠᠳᠬᠠᠵᠤ ᠂ ᠢᠮᠠᠭᠲᠠ ᠠᠷᠠᠳ ᠤᠨ ᠲᠥᠯᠥᠭᠡ ᠪᠠᠮᠪᠠᠢ ᠪᠠᠶᠢᠭᠤᠯᠤᠨ

ᠰᠡᠷᠭᠡᠶᠢᠯᠡᠯᠲᠡ ᠶᠢ ᠴᠢᠩᠭᠠᠳᠬᠠᠬᠤ ᠬᠡᠷᠡᠭᠲᠡᠢ ᠭᠡᠵᠦ ᠱᠠᠭᠠᠷᠳᠠᠪᠠ ᠃

002.jpg

   ᠴᠢ ᠪᠢᠨ ᠪᠣᠯᠣᠨ‌ᠡᠦ · ᠴᠢᠯᠠᠭᠤ ᠬᠠᠮᠲᠤ ᠪᠠᠷ ᠫᠠᠶᠢᠰᠠ ᠰᠡᠬᠦᠪᠡ ᠃

        ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ

        ᠣᠷᠴᠢᠭᠤᠯᠤᠭᠴᠢ᠄ ᠣᠳᠣᠨᠭᠡᠷᠡᠯ

ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2