| 12 ᠰᠠᠷ᠎ᠠ ᠶᠢᠨ 21 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ | ᠬᠥᠮᠦᠵᠢᠯ ᠤᠨ ᠲᠣᠨᠤᠭ ᠲᠥᠬᠦᠭᠡᠷᠦᠮᠵᠢ ᠶᠢᠨ ᠮᠡᠷᠭᠡᠵᠢᠯ ᠤᠨ ᠲᠥᠪ ︵ᠥᠪᠡᠷᠲᠡᠭᠡᠨ ᠵᠠᠰᠠᠬᠤ ᠣᠷᠣᠨ ᠤ | ᠴᠠᠬᠢᠯᠭᠠᠨᠵᠢᠭᠰᠠᠨ ᠰᠤᠷᠭᠠᠨ ᠬᠥᠮᠦᠵᠢᠯ ᠤᠨ ᠣᠷᠳᠣᠨ︶ ᠠᠴᠠ ᠵᠢᠷᠭᠤᠳᠤᠭᠠᠷ ᠬᠤᠭᠤᠴᠠᠭᠠᠨ ᠤ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠲᠤᠷᠰᠢᠯᠲᠠ ᠶᠢᠨ ᠵᠢᠭᠠᠨ | ᠰᠤᠷᠭᠠᠯᠲᠠ ᠶᠢᠨ ᠬᠢᠴᠢᠶᠡᠯ ᠵᠢᠭᠠᠬᠤ ᠠᠵᠢᠯᠯᠠᠭ᠎ᠠ ᠶᠢᠨ ᠰᠢᠯᠭᠠᠷᠠᠭᠤᠯᠤᠯᠲᠠ ᠶᠢᠨ ᠦᠷ᠎ᠡ ᠳ᠋ᠦᠩ ᠢ ᠵᠠᠷᠯᠠᠨ ᠨᠡᠶᠢᠲᠡᠯᠡᠪᠡ᠂ | ᠡᠯ᠎ᠡ ᠠᠶᠢᠮᠠᠭ ᠬᠤᠲᠠ ᠶᠢᠨ ᠰᠣᠩᠭᠤᠨ ᠲᠠᠨᠢᠯᠴᠠᠭᠤᠯᠤᠭᠰᠠᠨ 184 ᠬᠢᠴᠢᠶᠡᠯ ᠵᠢᠭᠠᠬᠤ ᠪᠦᠲᠦᠭᠡᠯ ᠢ ᠰᠢᠨᠵᠢᠯᠡᠭᠡᠨ ᠤ | ᠰᠠᠯᠠᠭᠠᠨ ᠤ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠰᠢᠯᠭᠠᠷᠠᠭᠤᠯᠤᠯᠲᠠ ᠪᠠᠷ ᠳᠡᠮᠵᠢᠨ᠂ ᠨᠡᠶᠢᠲᠡ 16 | ᠨᠢᠭᠡᠳᠦᠭᠡᠷ ᠳᠡᠰ ᠤᠨ ᠱᠠᠩᠨᠠᠯ᠂ 36 ᠬᠤᠶᠠᠳᠤᠭᠠᠷ ᠳᠡᠰ ᠤᠨ ᠱᠠᠩᠨᠠᠯ᠂ 56 ᠭᠤᠷᠪᠠᠳᠤᠭᠠᠷ ᠳᠡᠰ ᠤᠨ ᠱᠠᠩᠨᠠᠯ | ᠰᠢᠯᠭᠠᠷᠠᠭᠤᠯᠪᠠ᠃ | ᠤᠯᠠᠭᠠᠨᠴᠠᠪ ᠬᠤᠲᠠ ᠳᠤ ᠨᠡᠶᠢᠲᠡ 10 ᠪᠦᠲᠦᠭᠡᠯ ︵ᠬᠤᠸᠠᠳᠧ ᠰᠢᠶᠠᠨ 5 ᠪᠦᠲᠦᠭᠡᠯ᠂ ᠪᠡᠭᠡᠵᠢᠩ ᠤᠨ | ᠨᠠᠢᠮᠠᠳᠤᠭᠠᠷ ᠳᠤᠮᠳᠠᠳᠤ ᠰᠤᠷᠭᠠᠭᠤᠯᠢ ᠶᠢᠨ ᠤᠯᠠᠭᠠᠨᠴᠠᠪ ᠤᠨ ᠬᠤᠪᠢᠶᠠᠷᠢ ᠰᠤᠷᠭᠠᠭᠤᠯᠢ 3 ᠪᠦᠲᠦᠭᠡᠯ᠂ ᠵᠢᠨᠢᠩ | ᠲᠣᠭᠤᠷᠢᠭ ᠤᠨ ᠪᠧᠢ ᠴᠧᠨ ᠤᠨ 1 ᠪᠦᠲᠦᠭᠡᠯ᠂ ᠳᠥᠷᠪᠡᠳ ᠬᠤᠰᠢᠭᠤᠨ ᠤ 1 ᠪᠦᠲᠦᠭᠡᠯ︶ ᠭᠥᠷᠳᠡᠪᠡ᠃ | ᠲᠤᠰ ᠤᠳᠠᠭ᠎ᠠ ᠶᠢᠨ ᠠᠵᠢᠯᠯᠠᠭ᠎ᠠ ᠳᠤ ᠂ ᠬᠤᠸᠠᠳᠧ ᠰᠢᠶᠠᠨ ᠤ ᠲᠠᠨᠢᠯᠴᠠᠭᠤᠯᠤᠭᠰᠠᠨ 5 ᠪᠦᠲᠦᠭᠡᠯ | ᠪᠦᠬᠦᠨ ᠢᠶᠠᠷ ᠢᠶᠠᠨ ᠱᠠᠩᠨᠠᠯ ᠬᠦᠷᠲᠡᠵᠦ ᠂ ᠱᠠᠩᠨᠠᠯ ᠭᠥᠷᠳᠡᠭᠰᠡᠨ ᠨᠤᠷᠮ᠎ᠠ ᠨᠢ 100% ᠳᠤ ᠬᠦᠷᠴᠡᠢ ᠃ ᠡᠭᠦᠨ ᠳᠤ | ᠬᠤᠶᠠᠳᠤᠭᠠᠷ ᠳᠡᠰ ᠤᠨ ᠱᠠᠩᠨᠠᠯ 1 ︵ᠴᠣᠣᠶᠠᠩ ᠪᠠᠯᠭᠠᠰᠤᠨ ᠤ ᠭᠤᠣᠯ ᠰᠤᠷᠭᠠᠭᠤᠯᠢ᠄ ᠰᠢᠨᠵᠢᠯᠡᠬᠦ ᠤᠬᠠᠭᠠᠨ ᠤ | ᠪᠠᠭᠰᠢ ᠵᠣᠣ ᠶᠠᠨ ᠶᠠᠨ︶᠂ ᠭᠤᠷᠪᠠᠳᠤᠭᠠᠷ ᠳᠡᠰ ᠤᠨ ᠱᠠᠩᠨᠠᠯ 4 ︵ᠨᠢᠭᠡᠳᠦᠭᠡᠷ ᠳᠤᠮᠳᠠᠳᠤ ᠰᠤᠷᠭᠠᠭᠤᠯᠢ᠄ | ᠹᠢᠽᠢᠺ ᠤᠨ ᠪᠠᠭᠰᠢ ᠠᠨ ᠰᠢᠶᠣᠣ ᠴᠢᠨ᠂ ᠬᠤᠶᠠᠳᠤᠭᠠᠷ ᠳᠤᠮᠳᠠᠳᠤ ᠰᠤᠷᠭᠠᠭᠤᠯᠢ᠄ ᠠᠮᠢᠳᠤ ᠪᠣᠳᠠᠰ ᠤᠨ ᠪᠠᠭᠰᠢ | ᠭᠦᠸᠧ ᠶᠦᠨ ᠰᠢᠶᠠ᠂ ᠬᠢᠮᠢ ᠶᠢᠨ ᠪᠠᠭᠰᠢ ᠯᠢᠦ ᠵᠧᠨ ᠢᠦᠢ᠂ ᠮᠡᠳᠡᠭᠡ ᠵᠠᠩᠭᠢ ᠶᠢᠨ ᠮᠡᠷᠭᠡᠵᠢᠯ ᠤᠨ ᠪᠠᠭᠰᠢ ᠬᠠᠨ ᠱᠢ | ᠯᠢ︶ ᠭᠥᠷᠳᠡᠪᠡ᠃ | | | | | ᠲᠣᠰ ᠤᠳᠠᠭᠠᠨ ᠤ ᠠᠵᠢᠯᠯᠠᠭ᠎ᠠ ᠨᠢ ᠲᠤᠷᠰᠢᠯᠲᠠ ᠶᠢᠨ ᠵᠢᠭᠠᠨ ᠰᠤᠷᠭᠠᠯᠲᠠ ᠶᠢᠨ ᠬᠥᠮᠥᠨ ᠬᠥᠮᠥᠵᠢᠭᠦᠯᠬᠦ | ᠴᠢᠳᠠᠮᠵᠢ ᠶᠢ ᠪᠠᠳᠠᠷᠠᠭᠤᠯᠤᠨ᠂ ᠪᠠᠭᠰᠢ ᠶᠢᠨ ᠲᠤᠷᠰᠢᠯᠲᠠ ᠶᠢᠨ ᠵᠢᠭᠠᠨ ᠰᠤᠷᠭᠠᠯᠲᠠ ᠶᠢᠨ ᠬᠢᠷᠢ ᠲᠦᠪᠰᠢᠨ ᠢ | ᠳᠡᠭᠡᠭᠰᠢᠯᠡᠭᠦᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠲᠤᠷᠰᠢᠯᠲᠠ ᠶᠢᠨ ᠵᠢᠭᠠᠨ ᠰᠤᠷᠭᠠᠯᠲᠠ ᠶᠢ ᠥᠷᠭᠡᠨ ᠢᠶᠠᠷ | ᠥᠷᠨᠢᠭᠦᠯᠬᠦ ᠶᠢ ᠲᠦᠯᠬᠢᠨ ᠠᠬᠢᠭᠤᠯᠵᠤ᠂ ᠡᠯ᠎ᠡ ᠭᠠᠵᠠᠷ ᠣᠷᠣᠨ ᠤ ᠲᠤᠷᠰᠢᠯᠲᠠ ᠶᠢᠨ ᠵᠢᠭᠠᠨ ᠰᠤᠷᠭᠠᠯᠲᠠ ᠶᠢ | ᠥᠷᠨᠢᠭᠦᠯᠵᠦ ᠪᠠᠶᠢᠭ᠎ᠠ ᠪᠠᠶᠢᠳᠠᠯ ᠢ ᠰᠢᠯᠭᠠᠨ ᠪᠠᠶᠢᠴᠠᠭᠠᠪᠡ᠃ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠣᠳᠣᠨᠭᠡᠷᠡᠯ | ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ | |