︽ᠬᠤᠸᠠᠳᠧ ᠰᠢᠶᠠᠨ ᠤ ᠬᠥᠳᠡᠭᠡ ᠲᠣᠰᠬᠤᠨ ᠤ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ ᠲᠥᠬᠦᠭᠡᠷᠦᠮᠵᠢ ᠶᠢᠨ ᠠᠵᠢᠯᠯᠠᠭᠠᠨ ᠢ ᠬᠠᠮᠠᠭᠠᠯᠠᠨ ᠬᠠᠮᠢᠶᠠᠷᠬᠤ ᠳᠦᠷᠢᠮ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2022/12/8
   ᠨᠢᠭᠡ᠂ ᠳᠦᠷᠢᠮ ᠢ ᠲᠣᠭᠲᠠᠭᠠᠭᠰᠠᠨ ᠠᠬᠤᠢ ᠪᠠᠶᠢᠳᠠᠯ   ᠮᠠᠨ ᠤ ᠰᠢᠶᠠᠨ ᠤ ᠤᠯᠠᠮᠵᠢᠯᠠᠯᠲᠤ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠲᠦᠷᠭᠡᠳᠬᠡᠵᠦ᠂ ᠭᠤᠣᠯᠯᠠᠬᠤ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠢ ᠥᠷᠨᠢᠩᠭᠦᠢ ᠬᠥᠭᠵᠢᠭᠦᠯᠬᠦ ᠶᠢᠨ ᠲᠥᠯᠥᠭᠡ᠂ ᠠᠷᠭ᠎ᠠ ᠮᠠᠶ᠋ᠢᠭ ᠢ ᠬᠤᠪᠢᠷᠠᠭᠤᠯᠤᠨ ᠪᠦᠲᠦᠴᠡ ᠶᠢ ᠲᠣᠬᠢᠷᠠᠭᠤᠯᠬᠤ ᠪᠠᠷ ᠬᠦᠴᠦᠯᠡᠨ ᠴᠢᠷᠮᠠᠶᠢᠵᠤ᠂ ᠠᠵᠤ ᠦᠢᠯᠡᠰ ᠢ ᠠᠳᠬᠤᠨ ᠲᠥᠷᠥᠯ ᠵᠦᠢᠯ ᠢ ᠰᠦᠪᠡᠭᠴᠢᠯᠡᠵᠦ᠂ ᠠᠵᠤ ᠦᠢᠯᠡᠰ ᠢ ᠰᠢᠯᠢᠳᠡᠭᠵᠢᠭᠦᠯᠦᠨ ᠲᠠᠰ ᠳᠡᠪᠰᠢᠭᠦᠯᠬᠦ ᠶᠢ ᠦᠷᠭᠦᠯᠵᠢᠯᠡᠨ ᠠᠬᠢᠭᠤᠯᠵᠤ ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠲᠠᠰᠤᠷᠠᠯᠲᠠ ᠦᠭᠡᠢ ᠠᠬᠢᠭᠤᠯᠬᠤ ᠶᠢᠨ ᠲᠥᠯᠥᠭᠡ᠂ ᠲᠣᠰ ᠬᠡᠷᠡᠭᠵᠢᠭᠦᠯᠬᠦ ᠲᠥᠰᠥᠯ ᠢ ᠲᠣᠭᠲᠠᠭᠠᠪᠠ᠃   ᠬᠤᠶᠠᠷ ᠂ ᠳᠦᠷᠢᠮ ᠢ ᠲᠣᠭᠲᠠᠭᠠᠭᠰᠠᠨ ᠦᠨᠳᠦᠰᠦᠯᠡᠯ   1. ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ ᠪᠡᠯᠡᠳᠬᠡᠮᠵᠢ ᠶᠢᠨ ᠠᠵᠢᠯᠯᠠᠭᠠᠨ ᠢ ᠬᠠᠮᠠᠭᠠᠯᠠᠨ ᠬᠠᠮᠢᠶᠠᠷᠬᠤ ᠵᠦᠭᠯᠡᠭᠦᠷ︾︔   2. ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ ᠪᠡᠯᠡᠳᠬᠡᠮᠵᠢ ᠶᠢᠨ ᠭᠠᠳᠠᠭᠰᠢᠯᠠᠭᠤᠯᠬᠤ ᠪᠠᠷᠢᠮᠵᠢᠶ᠎ᠠ D B H J/001 ︱ 2020︾    ᠭᠤᠷᠪᠠ᠂ ᠭᠤᠣᠯ ᠠᠭᠤᠯᠭ᠎ᠠ  ᠶᠢᠨ ᠲᠣᠳᠣᠷᠬᠠᠶᠢᠯᠠᠯᠲᠠ   ︽ᠬᠤᠸᠠᠳᠧ ᠰᠢᠶᠠᠨ ᠤ ᠬᠥᠳᠡᠭᠡ ᠲᠣᠰᠬᠤᠨ ᠤ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ ᠲᠥᠬᠦᠭᠡᠷᠦᠮᠵᠢ ᠶᠢᠨ ᠠᠵᠢᠯᠯᠠᠭᠠᠨ ᠢ ᠬᠠᠮᠠᠭᠠᠯᠠᠨ ᠬᠠᠮᠢᠶᠠᠷᠬᠤ ᠳᠦᠷᠢᠮ︾︵ᠳᠣᠷᠣᠭᠰᠢ ᠳᠦᠷᠢᠮ ᠭᠡᠵᠦ ᠳᠥᠭᠦᠮᠴᠢᠯᠡᠨ᠎ᠡ︶ ᠨᠢ ᠨᠡᠶᠢᠲᠡ ᠠᠷᠪᠠᠨ ᠭᠤᠷᠪᠠᠨ ᠵᠦᠢᠯ ᠲᠠᠢ ᠃ ᠭᠤᠣᠯᠳᠠᠭᠤ ᠳᠣᠣᠷᠠᠬᠢ ᠠᠭᠤᠯᠭ᠎ᠠ ᠳᠤ ᠬᠤᠯᠪᠣᠭᠳᠠᠨ᠎ᠠ ᠄   ︽ᠳᠦᠷᠢᠮ︾ ᠤᠨ ᠨᠢᠭᠡᠳᠦᠭᠡᠷ ᠵᠦᠢᠯ ᠠᠴᠠ ᠭᠤᠷᠪᠠᠳᠤᠭᠠᠷ ᠵᠦᠢᠯ ᠳᠤ᠂ ︽ᠠᠷᠭ᠎ᠠ︾ ᠶᠢ ᠲᠣᠭᠲᠠᠭᠠᠬᠤ ᠦᠨᠳᠦᠰᠦᠯᠡᠯ ᠪᠠ ᠵᠣᠷᠢᠯᠭ᠎ᠠ᠂ ᠬᠡᠷᠡᠭᠯᠡᠬᠦ ᠬᠡᠪᠴᠢᠶ᠎ᠡ ᠶᠢ ᠲᠣᠳᠣᠷᠬᠠᠶᠢᠯᠠᠨ᠎ᠠ᠃   ︽ᠳᠦᠷᠢᠮ︾ ᠤᠨ ᠳᠥᠷᠪᠡᠳᠦᠭᠡᠷ ᠵᠦᠢᠯ ᠠᠴᠠ ᠨᠠᠢᠮᠠᠳᠤᠭᠠᠷ ᠵᠦᠢᠯ ᠳᠤ ᠬᠥᠳᠡᠭᠡ ᠲᠣᠰᠬᠤᠨ ᠤ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ ᠠᠵᠢᠯᠯᠠᠭᠠᠨ ᠢ ᠬᠠᠮᠠᠭᠠᠯᠠᠨ ᠬᠠᠮᠢᠶᠠᠷᠬᠤ ᠬᠠᠷᠢᠭᠤᠴᠠᠯᠭ᠎ᠠ ᠶᠢᠨ ᠪᠡᠶᠡᠴᠢ ᠴᠣᠭᠴᠠ᠂ ᠬᠠᠮᠢᠶᠠᠷᠤᠯᠲᠠ ᠶᠢᠨ ᠪᠡᠶᠡᠴᠢ ᠴᠣᠭᠴᠠ ᠵᠢᠴᠢ ᠡᠯ᠎ᠡ ᠪᠡᠶᠡᠴᠢ ᠴᠣᠭᠴᠠ ᠶᠢᠨ ᠲᠤᠰᠢᠶᠠᠯ ᠬᠠᠷᠢᠭᠤᠴᠠᠯᠭ᠎ᠠ ᠶᠢ ᠲᠣᠭᠲᠠᠭᠠᠵᠠᠢ ᠃   ︽ᠳᠦᠷᠢᠮ︾ ᠤᠨ ᠶᠢᠰᠦᠳᠦᠭᠡᠷ ᠵᠦᠢᠯ ᠳᠤ ᠬᠥᠳᠡᠭᠡ ᠲᠣᠰᠬᠤᠨ ᠤ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ ᠠᠵᠢᠯᠯᠠᠭᠠᠨ ᠢ ᠬᠠᠮᠠᠭᠠᠯᠠᠨ ᠬᠠᠮᠢᠶᠠᠷᠬᠤ ᠵᠠᠭᠪᠤᠷ ᠪᠠ ᠠᠭᠤᠯᠭ᠎ᠠ ᠶᠢ ᠲᠣᠳᠣᠷᠬᠠᠢ ᠲᠣᠭᠲᠠᠭᠠᠪᠠ ᠃   ︽ᠳᠦᠷᠢᠮ︾ ᠤᠨ ᠠᠷᠪᠠᠳᠤᠭᠠᠷ ᠵᠦᠢᠯ ᠠᠴᠠ ᠠᠷᠪᠠᠨ ᠬᠤᠶᠠᠳᠤᠭᠠᠷ ᠵᠦᠢᠯ ᠬᠦᠷᠲᠡᠯ᠎ᠡ ᠂ ᠬᠥᠳᠡᠭᠡ ᠲᠣᠰᠬᠤᠨ ᠤ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ ᠠᠵᠢᠯᠯᠠᠭᠠᠨ ᠤ ᠬᠠᠮᠠᠭᠠᠯᠠᠯᠲᠠ ᠶᠢᠨ ᠬᠢᠨᠠᠨ ᠰᠢᠯᠭᠠᠬᠤ ᠠᠷᠭ᠎ᠠ ᠮᠠᠶ᠋ᠢᠭ ᠂ ᠬᠤᠪᠢ ᠲᠣᠭᠲᠠᠭᠠᠬᠤ ᠪᠠᠷᠢᠮᠵᠢᠶ᠎ᠠ ᠂ ᠱᠠᠩᠨᠠᠵᠤ ᠲᠣᠷᠭᠠᠬᠤ ᠲᠣᠭᠲᠠᠴᠠ ᠪᠠ ᠬᠢᠨᠠᠯᠲᠠ ᠲᠠᠯᠪᠢᠬᠤ ᠴᠢᠨᠠᠷᠲᠠᠢ ᠬᠢᠨᠠᠨ ᠰᠢᠯᠭᠠᠬᠤ ᠠᠷᠭ᠎ᠠ ᠮᠠᠶ᠋ᠢᠭ ᠢ ᠲᠣᠳᠣᠷᠬᠠᠢ ᠪᠣᠯᠭᠠᠨ᠎ᠠ ᠃   ︽ᠳᠦᠷᠢᠮ︾ ᠤᠨ ᠠᠷᠪᠠᠨ ᠭᠤᠷᠪᠠᠳᠤᠭᠠᠷ ᠵᠦᠢᠯ ᠳᠤ ᠂ ᠬᠥᠳᠡᠭᠡ ᠲᠣᠰᠬᠤᠨ ᠤ ᠠᠮᠢᠳᠤᠷᠠᠯ ᠤᠨ ᠪᠣᠬᠢᠷ ᠤᠰᠤ ᠶᠢ ᠵᠠᠰᠠᠬᠤ ᠲᠥᠬᠦᠭᠡᠷᠦᠮᠵᠢ ᠶᠢᠨ ᠠᠵᠢᠯᠯᠠᠭᠠᠨ ᠢ ᠬᠠᠮᠠᠭᠠᠯᠠᠨ ᠬᠠᠮᠢᠶᠠᠷᠬᠤ ᠵᠠᠷᠤᠳᠠᠯ ᠤᠨ ᠬᠠᠮᠢᠶᠠᠷᠤᠯᠲᠠ ᠶᠢᠨ ᠠᠷᠭ᠎ᠠ ᠮᠠᠶ᠋ᠢᠭ ᠢ ᠲᠣᠳᠣᠷᠬᠠᠶᠢᠯᠠᠪᠠ ᠃        ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ        ᠣᠷᠴᠢᠭᠤᠯᠤᠭᠴᠢ᠄ ᠣᠳᠣᠨᠭᠡᠷᠡᠯᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2