ᠬᠤᠸᠠᠳᠧ ᠰᠢᠶᠠᠨ ᠤ ᠬᠥᠳᠡᠭᠡ ᠲᠣᠰᠬᠤᠨ ᠤ ᠢᠲᠡᠭᠡᠮᠵᠢ ᠶᠢᠨ ᠬᠤᠯᠪᠣᠭᠠᠲᠤ ᠬᠤᠷᠰᠢᠶ᠎ᠠ ︽ᠠᠷᠠᠳ ᠢ ᠪᠠᠶᠠᠵᠢᠭᠤᠯᠬᠤ ᠵᠢᠭᠡᠯᠡᠯᠭᠡ︾ ᠶᠢ ᠬᠡᠷᠡᠭᠵᠢᠭᠦᠯᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2022/2/10
   2021 ᠣᠨ ᠠᠴᠠ ᠨᠠᠰᠢ ᠂ ᠬᠤᠸᠠᠳᠧ ᠰᠢᠶᠠᠨ ᠤ ᠬᠥᠳᠡᠭᠡ ᠲᠣᠰᠬᠤᠨ ᠤ ᠢᠲᠡᠭᠡᠮᠵᠢ ᠶᠢᠨ ᠬᠤᠯᠪᠣᠭᠠᠲᠤ ᠬᠤᠷᠰᠢᠶ᠎ᠠ ︽ᠠᠷᠠᠳ ᠢ ᠪᠠᠶᠠᠵᠢᠭᠤᠯᠬᠤ ᠵᠢᠭᠡᠯᠡᠯᠭᠡ︾  ᠶᠢᠨ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢᠨ ᠰᠢᠨ᠎ᠡ ᠦᠢᠯᠡᠳᠬᠦᠨ ᠢ ᠰᠢᠨ᠎ᠡ ᠪᠠᠷ ᠡᠭᠦᠳᠴᠦ ᠂ ᠲᠠᠷᠢᠵᠦ ᠲᠡᠵᠢᠭᠡᠬᠦ ᠵᠢᠵᠢᠭ ᠡᠷᠦᠬᠡ ᠂ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ ᠪᠣᠯᠣᠨ ᠲᠣᠭᠲᠠᠪᠤᠷᠢᠲᠠᠢ ᠠᠵᠢᠯ ᠦᠭᠡᠢ ᠂ ᠡᠵᠡᠩᠨᠡᠯᠲᠡ ᠶᠢᠨ ᠭᠠᠵᠠᠷ ᠦᠭᠡᠢ ᠂ ᠪᠡᠯᠡ ᠮᠥᠩᠭᠦ ᠶᠢᠨ ᠬᠡᠷᠡᠭᠴᠡᠭᠡ ᠲᠠᠢ ᠬᠥᠮᠥᠰ ᠲᠤ ᠲᠤᠯᠭᠠᠷᠠᠵᠤ ᠪᠠᠶᠢᠭ᠎ᠠ ᠪᠡᠯᠡ ᠮᠥᠩᠭᠦ ᠲᠤᠲᠠᠭᠳᠠᠵᠤ ᠪᠠᠶᠢᠭ᠎ᠠ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠵᠦ ᠂ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠠᠮᠢᠵᠢᠷᠠᠯ ᠤᠨ ᠬᠦᠴᠦᠨ ᠢ ᠨᠡᠮᠡᠷᠢᠯᠡᠵᠡᠢ ᠃   ᠴᠣᠣᠶᠠᠩ ᠪᠠᠯᠭᠠᠰᠤᠨ ᠤ ᠲᠦ᠋ ᠴᠧᠩ ᠽᠢ ᠲᠣᠰᠬᠤᠨ ᠤ ᠤᠢ ᠰᠢᠭᠤᠢ ᠡᠪᠡᠰᠦ ᠪᠡᠯᠴᠢᠭᠡᠷ ᠢᠭᠴᠤ ᠰᠠᠬᠤᠯᠢᠭ ᠪᠠᠶᠢᠵᠤ ᠂ ᠲᠡᠵᠢᠭᠡᠨ ᠦᠷᠡᠵᠢᠭᠦᠯᠬᠦ ᠦᠢᠯᠡᠰ ᠢ ᠬᠥᠭᠵᠢᠭᠦᠯᠬᠦ ᠳᠤ ᠤᠯᠠᠨ ᠠᠴᠠ ᠣᠨᠴᠠᠭᠠᠢ ᠭᠠᠵᠠᠷ ᠵᠦᠢ ᠶᠢᠨ ᠳᠠᠪᠠᠭᠤᠯᠢᠭ ᠲᠠᠢ ᠃ ᠲᠣᠰᠬᠤᠨ ᠤ ᠠᠷᠠᠳ ᠪᠦᠷ ᠢᠯᠡᠭᠦᠦ ᠬᠡᠳᠦᠨ ᠦᠬᠡᠷ ᠲᠡᠵᠢᠭᠡᠵᠦ ᠂ ᠢᠯᠡᠭᠦᠦ ᠵᠣᠭᠤᠰ ᠣᠯᠬᠤ ᠶᠢ ᠪᠤᠳᠤᠳᠠᠭ ᠪᠣᠯᠪᠠᠴᠤ ᠭᠠᠷ ᠲᠠᠭᠠᠨ ᠪᠡᠯᠡ ᠮᠥᠩᠭᠦ ᠳᠤᠲᠠᠮᠠᠭ ᠂ ᠵᠥᠪᠬᠡᠨ ᠲᠠᠷᠠᠬᠠᠢ ᠪᠤᠲᠠᠷᠬᠠᠢ ᠬᠡᠯᠪᠡᠷᠢ ᠪᠠᠷ ᠲᠡᠵᠢᠭᠡᠨ ᠦᠷᠡᠵᠢᠭᠦᠯᠬᠦ ᠠᠴᠠ ᠥᠭᠡᠷ᠎ᠡ ᠠᠷᠭ᠎ᠠ ᠦᠭᠡᠢ ᠪᠠᠶᠢᠪᠠ ᠃ ᠯᠢ ᠵᠧᠨ ᠪᠢᠩ ᠪᠣᠯ ᠲᠡᠳᠡᠨ ᠤ ᠳᠣᠲᠣᠷᠠᠬᠢ ᠨᠢᠭᠡ  ᠨᠢ ᠮᠥᠨ᠃ ᠡᠨᠡ ᠬᠦ ᠪᠠᠶᠢᠳᠠᠯ ᠳᠤ ᠴᠢᠭᠯᠡᠭᠦᠯᠦᠨ᠂ ᠬᠤᠸᠠᠳᠧ ᠰᠢᠶᠠᠨ ᠤ ᠬᠥᠳᠡᠭᠡ ᠲᠣᠰᠬᠤᠨ ᠤ ᠢᠲᠡᠭᠡᠮᠵᠢ ᠶᠢᠨ ᠬᠤᠯᠪᠣᠭᠠᠲᠤ ᠬᠤᠷᠰᠢᠶ᠎ᠠ ᠠᠶᠢᠯ ᠲᠣᠰᠬᠤᠨ ᠢᠶᠠᠷ ᠶᠠᠪᠤᠬᠤ ᠂ ᠠᠷᠠᠳ ᠤᠨ ᠰᠠᠨᠠᠭ᠎ᠠ ᠶᠢ ᠰᠣᠨᠣᠰᠬᠤ ᠂ ᠠᠷᠠᠳ ᠤᠨ ᠰᠠᠨᠠᠭᠠᠨ ᠳᠤ ᠨᠡᠶᠢᠴᠡᠭᠦᠯᠬᠦ ᠪᠠᠷ ᠳᠠᠮᠵᠢᠭᠤᠯᠵᠤ᠂ ᠠᠵᠢᠯᠲᠠᠳ ᠪᠠᠰᠠ ᠯᠠᠩᠭᠦᠢ ᠪᠠᠨ ᠬᠥᠳᠡᠭᠡ ᠲᠣᠰᠬᠤᠨ ᠳᠤ ᠨᠡᠭᠦᠯᠭᠡᠵᠦ ᠂ ᠯᠢ ᠵᠧᠨ ᠪᠢᠩ ᠳᠤ ︽ᠠᠷᠠᠳ ᠢ ᠪᠠᠶᠠᠵᠢᠭᠤᠯᠬᠤ ᠵᠢᠭᠡᠯᠡᠯᠭᠡ︾  ᠶᠢᠨ ᠪᠠᠭ᠎ᠠ ᠲᠣᠭᠠᠨ ᠤ ᠵᠢᠭᠡᠯᠡᠯᠭᠡ ᠂ ᠥᠨᠳᠥᠷ ᠦᠷ᠎ᠡ ᠠᠰᠢᠭ ᠲᠠᠢ ᠴᠢᠨᠠᠷ ᠰᠠᠶᠢᠲᠠᠢ ᠦᠢᠯᠡᠴᠢᠯᠡᠭᠡ ᠪᠣᠯᠣᠨ ᠭᠦᠢᠴᠡᠳ ᠪᠡᠯᠡ ᠮᠥᠩᠭᠦ ᠥᠭᠴᠦ ᠂ ᠯᠢ ᠵᠧᠨ ᠪᠢᠩ ᠤᠨ ᠠᠵᠤ ᠠᠬᠤᠢ ᠶᠢᠨ ᠳᠠᠷᠤᠭᠠᠰᠤ ᠶᠢ ᠶᠡᠭᠡ ᠪᠠᠷ ᠬᠥᠩᠭᠡᠷᠡᠭᠦᠯᠵᠡᠢ ᠃   ᠲᠠᠷᠢᠶᠠᠴᠢᠳ ᠤᠨ ᠵᠢᠭᠡᠯᠡᠯᠭᠡ ᠣᠯᠬᠤ ᠳᠤ ᠬᠦᠴᠢᠷ᠂ ᠳᠠᠭᠠᠭᠠᠯᠲᠠ ᠣᠯᠬᠤ ᠳᠤ ᠬᠦᠴᠢᠷ᠂ ᠪᠠᠷᠢᠴᠠᠭᠠᠯᠠᠬᠤ ᠳᠤ ᠬᠦᠴᠢᠷ ᠵᠡᠷᠭᠡ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠬᠤᠸᠠᠳᠧ ᠰᠢᠶᠠᠨ ᠤ ᠬᠥᠳᠡᠭᠡ ᠲᠣᠰᠬᠤᠨ ᠤ ᠢᠲᠡᠭᠡᠮᠵᠢ ᠶᠢᠨ ᠬᠤᠯᠪᠣᠭᠠᠲᠤ ᠬᠤᠷᠰᠢᠶ᠎ᠠ ︽ᠠᠷᠠᠳ ᠢ ᠪᠠᠶᠠᠵᠢᠭᠤᠯᠬᠤ ᠵᠢᠭᠡᠯᠡᠯᠭᠡ︾ ᠶᠢᠨ ᠪᠠᠭ᠎ᠠ ᠲᠣᠭᠠᠨ ᠤ ᠵᠢᠭᠡᠯᠡᠯᠭᠡ ᠶᠢᠨ ᠰᠢᠨ᠎ᠡ ᠵᠠᠭᠪᠤᠷ ᠢ ᠪᠥᠬᠦ ᠬᠦᠴᠦᠨ ᠢᠶᠠᠷ ᠢᠶᠠᠨ ᠬᠡᠷᠡᠭᠵᠢᠭᠦᠯᠵᠦ᠂ ᠢᠲᠡᠭᠡᠮᠵᠢᠲᠦ ᠵᠢᠭᠡᠯᠡᠯᠭᠡ ᠶᠢ ᠬᠡᠷᠡᠭᠵᠢᠭᠦᠯᠦᠨ᠂ ᠬᠠᠷᠢᠶᠠᠲᠤ ᠣᠷᠣᠨ ᠤ ᠬᠡᠪᠴᠢᠶᠡᠨ ᠳᠠᠬᠢ ᠲᠣᠭᠲᠠᠪᠤᠷᠢᠲᠠᠢ ᠠᠵᠢᠯ ᠦᠭᠡᠢ᠂ ᠡᠵᠡᠩᠨᠡᠯᠲᠡ ᠶᠢᠨ ᠲᠠᠯᠠᠪᠤᠷ ᠭᠠᠵᠠᠷ ᠦᠭᠡᠢ᠂ ᠪᠡᠯᠡ ᠮᠥᠩᠭᠦ ᠶᠢᠨ ᠬᠡᠷᠡᠭᠴᠡᠭᠡ ᠱᠠᠭᠠᠷᠳᠠᠯᠭ᠎ᠠ ᠲᠠᠢ ᠪᠥᠭᠡᠳ ᠬᠢᠷᠢ ᠬᠡᠮ ᠳᠤ ᠨᠡᠶᠢᠴᠡᠬᠦ ᠬᠡᠷᠡᠭᠯᠡᠭᠴᠢ ᠳᠤ 5 ᠲᠦᠮᠡᠨ ᠲᠥᠭᠦᠷᠢᠭ ᠤᠨ ᠳᠣᠲᠣᠷᠠᠬᠢ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠬᠠᠩᠭᠠᠪᠡ᠃ ᠡᠭᠦᠨ ᠤ ᠵᠡᠷᠭᠡ ᠳᠤ᠂ ᠵᠢᠭᠡᠯᠡᠯᠭᠡ ᠶᠢ ᠬᠢᠨᠠᠨ ᠵᠥᠪᠰᠢᠶᠡᠷᠡᠵᠦ ᠲᠠᠷᠬᠠᠭᠠᠬᠤ ᠡᠷᠬᠡ ᠶᠢ ᠠᠭᠤᠵᠢᠭᠤ ᠲᠠᠯᠪᠢᠵᠤ᠂ ᠡᠯ᠎ᠡ ᠡᠵᠡᠩᠨᠡᠯᠲᠡ ᠶᠢᠨ ᠲᠣᠣᠷ ᠴᠡᠭ ᠲᠤ ᠵᠢᠭᠡᠯᠡᠯᠭᠡ ᠶᠢᠨ ᠲᠤᠰᠬᠠᠢ ᠯᠠᠩᠭᠦᠢ ᠭᠠᠷᠭᠠᠵᠤ᠂ ᠪᠠᠭ᠎ᠠ ᠲᠣᠭᠠᠨ ᠤ ᠵᠢᠭᠡᠯᠡᠯᠭᠡ ᠶᠢ ᠯᠠᠩᠭᠦᠢ ᠳᠤ ᠭᠠᠷᠭᠠᠬᠤ᠂ ᠭᠡᠷ ᠲᠤᠨᠢ ᠬᠦᠷᠭᠡᠬᠦ ᠦᠢᠯᠡᠴᠢᠯᠡᠭᠡᠨ ᠤ ᠲᠤᠬᠠᠶᠢᠯᠠᠭᠰᠠᠨ ᠠᠵᠢᠯ ᠢ ᠭᠠᠷᠭᠠᠵᠤ᠂ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠦᠴᠦᠨ ᠨᠡᠮᠡᠷᠢᠯᠡᠬᠦ ᠳᠤ ᠰᠢᠨ᠎ᠡ ᠠᠵᠠ ᠲᠣᠬᠢᠶᠠᠯ ᠣᠯᠭᠤᠵᠤ᠂ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠪᠡ᠃   ᠬᠤᠸᠠᠳᠧ ᠰᠢᠶᠠᠨ ᠤ ᠬᠥᠳᠡᠭᠡ ᠲᠣᠰᠬᠤᠨ ᠤ ᠢᠲᠡᠭᠡᠮᠵᠢ ᠶᠢᠨ ᠬᠤᠯᠪᠣᠭᠠᠲᠤ ᠬᠤᠷᠰᠢᠶ᠎ᠠ ᠶᠢᠨ ᠳᠡᠳ᠋ ᠡᠷᠬᠢᠯᠡᠭᠴᠢ ᠵᠣᠣ ᠳ᠋ᠦᠩ ᠢᠯᠡᠷᠬᠡᠶᠢᠯᠡᠬᠦ ᠳᠡᠭᠡᠨ᠂ ᠬᠤᠯᠪᠣᠭᠠᠲᠤ ᠬᠤᠷᠰᠢᠶ᠎ᠠ ᠶᠢᠨ ᠬᠢᠨ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠳᠤ ᠦᠢᠯᠡᠴᠢᠯᠡᠬᠦ ᠵᠣᠷᠢᠯᠲᠠ ᠪᠠᠨ ᠢᠮᠠᠭᠲᠠ ᠬᠢᠴᠢᠶᠡᠩᠭᠦᠶᠢᠯᠡᠨ ᠰᠠᠬᠢᠵᠤ᠂ ᠠᠶᠤᠯ ᠲᠦᠭᠰᠢᠭᠦᠷᠢ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠨᠡᠶᠢᠭᠡᠮ ᠤᠨ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠵᠦ᠂ ᠮᠥᠩᠭᠦᠨ ᠭᠦᠢᠯᠭᠡᠭᠡᠨ ᠤ ᠦᠢᠯᠡᠳᠬᠦᠨ ᠪᠠ ᠦᠢᠯᠡᠴᠢᠯᠡᠭᠡᠨ ᠤ ᠠᠷᠭ᠎ᠠ ᠪᠠᠷᠢᠯ ᠤᠨ ᠲᠠᠯ᠎ᠠ ᠪᠠᠷ ᠲᠠᠰᠤᠷᠠᠯᠲᠠ ᠦᠭᠡᠢ ᠰᠢᠨ᠎ᠡ ᠶᠢ ᠡᠭᠦᠳᠴᠦ᠂ ᠲᠠᠷᠢᠶᠠᠯᠠᠩ ᠮᠠᠯ ᠠᠵᠤ ᠠᠬᠤᠢ ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ ᠮᠠᠯᠴᠢᠨ ᠲᠠᠷᠢᠶᠠᠴᠢᠨ᠂ ᠵᠢᠵᠢᠭ ᠪᠢᠴᠢᠯ ᠠᠵᠤ ᠠᠬᠤᠶᠢᠯᠠᠯ ᠪᠠ ᠠᠷᠠᠳ ᠤᠨ ᠠᠮᠢᠳᠤᠷᠠᠯ ᠤᠨ ᠦᠢᠯᠡᠴᠢᠯᠡᠭᠡ ᠵᠡᠷᠭᠡ ᠭᠤᠣᠯᠳᠠᠯᠭ᠎ᠠ ᠲᠠᠢ ᠬᠦᠷᠢᠶ᠎ᠡ ᠳᠤ ᠦᠷᠭᠦᠯᠵᠢᠯᠡᠨ ᠭᠦᠨᠵᠡᠭᠡᠶᠢᠷᠡᠵᠦ ᠨᠢᠮᠪᠠᠢ ᠬᠢᠵᠦ ᠂ ᠥᠷᠭᠡᠨ ᠣᠯᠠᠨ ᠬᠤᠲᠠ ᠬᠥᠳᠡᠭᠡ ᠶᠢᠨ ᠬᠡᠷᠡᠭᠯᠡᠭᠴᠢᠳ ᠲᠤ ᠣᠯᠠᠨ ᠡᠰᠢᠵᠢᠭᠰᠡᠨ᠂ ᠲᠥᠬᠦᠮ ᠠᠪᠰᠠᠷᠬᠠᠨ᠂ ᠥᠪᠡᠷ ᠤᠨ ᠥᠷᠲᠡᠭ ᠢᠶᠠᠷ ᠳᠣᠣᠷ᠎ᠠ ᠣᠳᠣᠬᠢᠴᠢᠯᠠᠭᠰᠠᠨ ᠮᠥᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠵᠤ᠂ ᠲᠤᠬᠠᠢ ᠶᠢᠨ ᠭᠠᠵᠠᠷ ᠤᠨ ᠵᠠᠰᠠᠭ ᠤᠨ ᠣᠷᠳᠣᠨ ᠤ ᠰᠠᠨᠠᠭ᠎ᠠ ᠠᠮᠤᠷ ᠪᠠᠩᠬᠢ᠂ ᠥᠷᠭᠡᠨ ᠣᠯᠠᠨ ᠬᠡᠷᠡᠭᠯᠡᠭᠴᠢᠳ ᠤᠨ ᠬᠠᠨᠤᠮᠵᠢᠲᠠᠶ ᠪᠠᠩᠬᠢ ᠪᠣᠯᠭᠠᠨ ᠪᠠᠶᠢᠭᠤᠯᠬᠤ ᠪᠠᠷ ᠴᠢᠷᠮᠠᠶᠢᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠮᠥᠩᠭᠦᠨ ᠭᠦᠢᠯᠭᠡᠭᠡᠨ ᠤ ᠳᠡᠮᠵᠢᠯᠭᠡ ᠬᠠᠩᠭᠠᠨ᠎ᠠ ᠭᠡᠪᠡ ᠃        ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ        ᠣᠷᠴᠢᠭᠤᠯᠤᠭᠴᠢ᠄ ᠣᠳᠣᠨᠭᠡᠷᠡᠯᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2