ᠬᠤᠸᠠᠳᠧ ᠰᠢᠶᠠᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠴᠢᠮ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/2/17
   ᠳᠡᠭᠡᠳᠦ ᠱᠠᠲᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠯᠪᠣᠭᠳᠠᠯ ᠪᠦᠬᠦᠢ ᠪᠠᠶᠢᠷᠢᠯᠠᠭᠤᠯᠤᠯᠲᠠ   ᠶᠢᠨ ᠲᠣᠬᠢᠷᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠭᠠᠳᠠᠨ᠎ᠠ   ᠠᠴᠠ ᠬᠠᠯᠳᠠᠪᠤᠷᠢᠯᠠᠬᠤ   ᠶᠢ ᠰᠡᠷᠭᠡᠶᠢᠯᠡᠵᠦ ᠂ ᠳᠣᠲᠣᠭᠠᠳᠤ ᠳᠠᠭᠠᠨ ᠳᠠᠭᠢᠵᠤ ᠰᠡᠷᠭᠦᠬᠦ ᠶᠢ ᠰᠡᠷᠭᠡᠶᠢᠯᠡᠬᠦ︾ ᠶᠡᠷᠦᠩᠬᠡᠢ ᠱᠠᠭᠠᠷᠳᠠᠯᠭ᠎ᠠ   ᠶᠢ ᠪᠠᠲᠤ ᠡᠵᠡᠮᠳᠡᠨ᠂ ᠮᠠᠨ ᠤ ᠰᠢᠶᠠᠨ ᠤ ᠬᠢᠵᠢᠭ ᠤᠨ ᠪᠠᠶᠢᠳᠠᠯ   ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ   ᠢ ᠥᠴᠥᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠬᠤ   ᠶᠢᠨ ᠲᠥᠯᠥᠭᠡ᠂ 2 ᠰᠠᠷ᠎ᠠ   ᠶᠢᠨ 15 ᠤ ᠡᠳᠦᠷ ᠮᠠᠨ ᠤ ᠰᠢᠶᠠᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ   ᠢ ᠰᠡᠷᠭᠡᠶᠢᠯᠡᠨ ᠡᠵᠡᠮᠳᠡᠬᠦ ᠠᠵᠢᠯ ᠤᠨ ᠪᠠᠴᠢᠮ ᠪᠠᠶᠢᠷᠢᠯᠠᠭᠤᠯᠤᠯᠲᠠ   ᠶᠢᠨ ᠬᠤᠷᠠᠯ ᠬᠤᠷᠠᠯᠳᠤᠭᠤᠯᠪᠠ᠃ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠭᠦᠸᠧ ᠬᠤᠩ ᡁᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃
   ᠬᠤᠷᠠᠯ ᠳᠡᠭᠡᠷ᠎ᠡ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠭᠦᠸᠧ ᠬᠤᠩ ᡁᠢ ᠮᠠᠨ ᠤ ᠰᠢᠶᠠᠨ ᠤ ᠣᠶᠢᠷ᠎ᠠ   ᠶᠢᠨ ᠬᠤᠭᠤᠴᠠᠭᠠᠨ ᠤ ᠬᠢᠵᠢᠭ ᠤᠨ ᠪᠠᠶᠢᠳᠠᠯ   ᠢ ᠰᠡᠷᠭᠡᠶᠢᠯᠡᠨ ᠡᠵᠡᠮᠳᠡᠬᠦ ᠠᠵᠢᠯ ᠢ ᠨᠠᠷᠢᠨ ᠪᠠᠶᠢᠷᠢᠯᠠᠭᠤᠯᠵᠠᠢ᠃ ᠲᠡᠷᠡ ᠵᠢᠭᠠᠵᠤ ᠭᠠᠷᠭᠠᠭᠰᠠᠨ ᠨᠢ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠡᠮᠦᠨᠡᠬᠢ ᠬᠤᠭᠤᠴᠠᠭᠠᠨ ᠤ ᠠᠵᠢᠯ ᠤᠨ ᠰᠠᠭᠤᠷᠢᠨ ᠳᠡᠭᠡᠷ᠎ᠡ᠂ ᠵᠢᠯᠤᠭᠤᠳᠬᠤ  ᠰᠢᠰᠲ᠋ᠧᠮ ᠢ ᠪᠠᠶᠢᠩᠭᠤᠵᠢᠭᠤᠯᠤᠨ ᠠᠵᠢᠯᠯᠠᠭᠤᠯᠬᠤ ᠶᠢ ᠪᠠᠷᠢᠮᠲᠠᠯᠠᠵᠤ᠂ 24 ᠴᠠᠭ ᠢᠶᠠᠷ ᠵᠢᠵᠢᠭᠦᠷᠯᠡᠨ ᠰᠠᠬᠢᠬᠤ ᠶᠢ ᠴᠢᠩᠳᠠᠯᠠᠵᠤ᠂ ᠤᠯᠤᠰ ᠤᠨ ᠭᠠᠳᠠᠭᠠᠳᠤ ᠪᠠ ᠤᠯᠤᠰ ᠤᠨ ᠳᠣᠲᠣᠭᠠᠳᠤ ᠶᠢᠨ ᠠᠶᠤᠯ ᠲᠦᠭᠰᠢᠭᠦᠷᠢ ᠶᠡᠬᠡᠲᠡᠢ ᠭᠠᠵᠠᠷ ᠣᠷᠣᠨ ᠠᠴᠠ ᠪᠤᠴᠠᠵᠤ ᠢᠷᠡᠭᠰᠡᠨ ᠬᠥᠮᠥᠰ᠂ ᠢᠯᠠᠩᠭᠤᠶ᠎ᠠ ᠮᠠᠨᠵᠤᠤᠷ ᠬᠤᠳᠠ ᠠᠴᠠ ᠪᠤᠴᠠᠵᠤ ᠢᠷᠡᠭᠰᠡᠨ ᠬᠥᠮᠥᠰ ᠲᠤ ᠴᠢᠭᠯᠡᠭᠦᠯᠦᠨ᠂ ᠡᠯ᠎ᠡ ᠰᠢᠶᠠᠨ ᠤ ᠪᠠᠶᠢᠴᠠᠭᠠᠬᠤ ᠦᠷᠳᠡᠭᠡ᠂ ᠲᠣᠰᠬᠤᠨ ᠳᠤ  ᠤᠷᠤᠬᠤ ᠡᠭᠦᠳᠡ᠂ ᠰᠠᠭᠤᠭᠠᠯᠢ ᠠᠷᠠᠳ ᠤᠨ ᠲᠣᠭᠤᠷᠢᠭ ᠤᠨ ᠪᠠᠶᠢᠴᠠᠭᠠᠬᠤ ᠭᠠᠵᠠᠷ ᠠᠴᠠ ᠭᠠᠳᠠᠨ᠎ᠠ ᠠᠴᠠ ᠢᠷᠡᠭᠰᠡᠨ ᠬᠥᠮᠥᠰ ᠢ ᠳᠠᠷᠠᠭᠠᠯᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠶᠢ ᠴᠢᠩᠭᠠᠳᠬᠠᠬᠤ ᠬᠡᠷᠡᠭᠲᠡᠢ᠃ ᠲᠣᠰᠬᠤᠨ ᠳᠤ ᠣᠷᠣᠬᠤ ᠡᠭᠦᠳᠡ ᠪᠠ ᠰᠠᠭᠤᠭᠠᠯᠢ ᠲᠣᠭᠤᠷᠢᠭ ᠤᠨ ᠡᠭᠦᠳᠡ ᠶᠢ ᠵᠢᠵᠢᠭᠦᠷᠯᠡᠨ ᠰᠠᠬᠢᠬᠤ  ᠶᠢ ᠴᠢᠩᠭᠠᠳᠬᠠᠵᠤ᠂ ᠨᠠᠭᠠᠰᠢ ᠴᠠᠭᠠᠰᠢ ᠶᠠᠪᠤᠬᠤ ᠬᠥᠮᠥᠰ ᠤᠨ ᠺᠣᠳ᠋ ᠰᠢᠷᠪᠢᠬᠦ᠂ ᠳᠤᠯᠠᠭᠠᠨ ᠤ ᠬᠡᠮᠵᠢᠶ᠎ᠡ ᠶᠢ ᠬᠡᠮᠵᠢᠬᠦ ᠵᠢᠴᠢ ᠤᠯᠠᠭᠠᠨᠴᠠᠪ ᠬᠤᠲᠠ ᠶᠢᠨ ᠭᠠᠳᠠᠨ᠎ᠠ ᠠᠴᠠ ᠢᠷᠡᠭᠰᠡᠨ ᠬᠥᠮᠥᠰ ᠢ ᠪᠠᠶᠢᠴᠠᠭᠠᠨ ᠰᠢᠯᠭᠠᠬᠤ ᠪᠠ 48 ᠴᠠᠭ ᠤᠨ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠢ ᠭᠡᠷᠡᠴᠢᠯᠡᠬᠦ ᠠᠵᠢᠯ ᠢ ᠵᠢᠷᠤᠮᠵᠢᠭᠤᠯᠤᠨ ᠰᠠᠶᠢᠲᠤᠷ ᠬᠢᠵᠦ᠂ ᠡᠭᠦᠨ ᠤ ᠬᠠᠮᠲᠤ ᠨᠡᠶᠢᠭᠡᠮ ᠲᠣᠭᠤᠷᠢᠭ ᠤᠨ ᠲᠤᠤᠷᠴᠢᠯᠠᠯ ᠪᠠ ᠲᠣᠮᠣ ᠳ᠋ᠠᠶᠢᠲ᠋ᠠ ᠪᠠᠷ ᠠᠬᠢᠭᠤᠯᠬᠤ ᠶᠢ ᠬᠠᠷᠢᠯᠴᠠᠨ ᠤᠶᠠᠯᠳᠤᠭᠤᠯᠬᠤ ᠠᠷᠭ᠎ᠠ ᠬᠡᠯᠪᠡᠷᠢ ᠶᠢ ᠠᠰᠢᠭᠯᠠᠵᠤ᠂ ︽ᠡᠷᠲᠡ᠂ ᠪᠠᠭ᠎ᠠ᠂ ᠴᠢᠩᠭ᠎ᠠ᠂ ᠪᠣᠳᠠᠲᠠᠢ︾ ᠰᠢᠢᠳᠪᠦᠷᠢᠯᠡᠬᠦ ᠵᠠᠷᠴᠢᠮ ᠶᠣᠰᠣᠭᠠᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠡᠴᠡ ᠶᠢ ᠵᠢᠵᠢᠭ ᠠᠴᠠ ᠨᠠᠷᠢᠯᠢᠭ ᠬᠤᠪᠢᠶᠠᠵᠤ᠂ ᠬᠠᠷᠢᠶ᠎ᠠ ᠣᠷᠣᠨ᠂ ᠬᠤᠯᠪᠤᠭᠠᠯᠠᠨ ᠳᠠᠭᠠᠭᠠᠴᠢᠯᠠᠭᠰᠠᠨ ᠰᠠᠭᠤᠭᠠᠯᠢ ᠲᠣᠭᠤᠷᠢᠭ ᠤᠨ ᠭᠤᠣᠯᠳᠠᠯᠭ᠎ᠠ ᠲᠠᠢ ᠬᠥᠮᠥᠰ᠂ ᠣᠨᠴᠠᠭᠠᠶᠢᠯᠠᠨ ᠮᠠᠨᠵᠤᠤᠷ ᠬᠤᠳᠠ ᠠᠴᠠ ᠮᠠᠨ ᠤ ᠰᠢᠶᠠᠨ ᠳᠤ ᠪᠤᠴᠠᠵᠤ ᠢᠷᠡᠭᠰᠡᠨ ᠬᠥᠮᠥᠰ ᠢ ᠪᠠᠶᠢᠴᠠᠭᠠᠨ ᠰᠢᠢᠳᠪᠦᠷᠢᠯᠡᠬᠦ ᠡᠷᠴᠢᠮ ᠢ ᠴᠢᠩᠭᠠᠷᠠᠭᠤᠯᠬᠤ ᠬᠡᠷᠡᠭᠲᠡᠢ᠃ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠨ ᠬᠢᠨ ᠨᠡᠶᠢᠭᠡᠮ ᠤᠨ ᠲᠠᠯ᠎ᠠ ᠶᠢᠨ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠰᠢᠶᠠᠨ ᠳᠠᠭᠠᠨ ᠪᠤᠴᠠᠵᠤ ᠢᠷᠡᠭᠰᠡᠨ ᠭᠤᠣᠯᠳᠠᠯᠭ᠎ᠠ ᠲᠠᠢ ᠬᠥᠮᠥᠰ ᠤᠨ ᠢᠷᠡᠯᠲᠡ ᠶᠢ ᠲᠦᠷᠭᠡᠨ ᠡᠷᠢᠵᠦ᠂ ︽ᠬᠥᠮᠥᠨ ᠢ ᠨᠢ ᠲᠣᠭᠲᠠᠭᠠᠬᠤ᠂ ᠣᠷᠣᠨ ᠪᠠᠶᠢᠷᠢ ᠶᠢ ᠨᠢ ᠲᠣᠭᠲᠠᠭᠠᠬᠤ᠂ ᠭᠠᠵᠠᠷ ᠣᠷᠣᠨ ᠢ ᠨᠢ ᠲᠣᠭᠲᠠᠭᠠᠬᠤ᠂ ᠵᠠᠮ ᠢ ᠨᠢ ᠲᠣᠭᠲᠠᠭᠠᠬᠤ︾ ᠶᠢ ᠪᠡᠶᠡᠯᠡᠭᠦᠯᠵᠦ᠂ ᠪᠦᠬᠦ ᠶᠠᠪᠤᠴᠠ ᠶᠢᠨ ᠪᠢᠲᠡᠭᠦᠮᠵᠢᠯᠡᠨ ᠬᠠᠮᠢᠶᠠᠷᠤᠯᠲᠠ ᠶᠢ ᠪᠠᠲᠤᠯᠠᠵᠤ᠂ ᠲᠠᠷᠬᠠᠬᠤ ᠬᠡᠪᠴᠢᠶ᠎ᠡ ᠶᠢ ᠨᠢ ᠪᠠᠭᠠᠰᠬᠠᠬᠤ ᠬᠡᠷᠡᠭᠲᠡᠢ᠃ ᠰᠢᠯᠵᠢᠭᠦᠯᠦᠨ ᠲᠣᠬᠢᠷᠠᠭᠤᠯᠬᠤ ᠡᠩᠨᠡᠭᠡ ᠶᠢᠨ ᠪᠣᠯᠪᠠᠰᠤᠷᠠᠭᠤᠯᠤᠯ ᠢ ᠤᠯᠠᠮ ᠨᠢᠭᠡ ᠠᠯᠬᠤᠮ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠠᠵᠢᠯᠲᠠᠨ ᠤ ᠮᠡᠳᠡᠭᠡ ᠵᠠᠩᠭᠢ ᠶᠢ ᠴᠠᠭ ᠲᠤᠬᠠᠢ ᠳᠤᠨᠢ ᠬᠠᠩᠭᠠᠵᠤ᠂ ᠬᠠᠮᠢᠶᠠᠷᠤᠨ ᠡᠵᠡᠮᠳᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃    ᠭᠦᠸᠧ ᠬᠤᠩ ᡁᠢ ᠱᠠᠭᠠᠷᠳᠠᠭᠰᠠᠨ ᠨᠢ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠮᠠᠨᠵᠤᠤᠷ ᠬᠤᠲᠠ ᠠᠴᠠ ᠮᠠᠨ ᠤ ᠰᠢᠶᠠᠨ ᠳᠤ ᠣᠷᠣᠵᠤ ᠢᠷᠡᠭᠰᠡᠨ ᠬᠦᠢᠲᠡᠨ ᠬᠡᠯᠬᠢᠶᠡᠲᠦ ᠢᠳᠡᠭᠡᠨ᠂ ᠵᠢᠮᠢᠰ ᠵᠡᠷᠭᠡ ᠶᠢ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠠᠵᠢᠯᠲᠠᠨ᠂ ᠡᠳ᠋ ᠪᠣᠳᠠᠰ᠂ ᠣᠷᠴᠢᠨ ᠲᠣᠭᠤᠷᠢᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠳᠤ ᠪᠠᠶᠢᠴᠠᠭᠠᠬᠤ ᠶᠣᠰᠣᠲᠠᠢ ᠪᠦᠬᠦᠨ ᠢ ᠪᠠᠶᠢᠴᠠᠭᠠᠬᠤ ᠠᠵᠢᠯ ᠢ ᠰᠠᠶᠢᠲᠤᠷ ᠬᠢᠬᠦ ᠬᠡᠷᠡᠭᠲᠡᠢ︔ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠨᠢ ᠡᠪᠡᠳᠴᠢᠨ ᠡᠮᠭᠡᠭ ᠰᠡᠷᠭᠡᠶᠢᠯᠡᠨ‌ᠡᠵᠡᠮᠳᠡᠬᠦ ᠲᠥᠪ ᠲᠠᠢ ᠬᠠᠮᠵᠢᠯᠴᠠᠨ ᠮᠠᠨᠵᠤᠤᠷ ᠬᠤᠲᠠ ᠠᠴᠠ ᠮᠠᠨ ᠤ ᠰᠢᠶᠠᠨ ᠳᠤ ᠢᠷᠡᠭᠰᠡᠨ ᠲᠦᠷᠭᠡᠨ ᠬᠦᠷᠭᠡᠯᠲᠡ ᠶᠢᠨ ᠪᠠᠷᠠᠭᠠᠨ ᠤ ᠭᠦᠢᠯᠭᠡᠭᠡ ᠶᠢᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠰᠠᠶᠢᠲᠤᠷ ᠬᠢᠬᠦ ᠬᠡᠷᠡᠭᠲᠡᠢ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠢᠭᠡᠳ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠨᠢ ᠬᠠᠮᠵᠢᠯᠴᠠᠨ᠂ ᠢᠳᠡᠭᠡᠨ ᠤᠮᠳᠠᠭᠠᠨ ᠤ ᠨᠢᠭᠡᠴᠡ ᠶᠢ ᠰᠢᠮᠳᠠᠭᠤᠯᠤᠨ ᠵᠢᠯᠤᠭᠤᠳᠴᠤ ᠪᠠᠶᠢᠭᠠᠳ ᠺᠣᠳ᠋ ᠰᠢᠷᠪᠢᠬᠦ᠂ ᠳᠤᠯᠠᠭᠠᠨ ᠢ ᠬᠡᠮᠵᠢᠬᠦ ᠵᠡᠷᠭᠡ ᠠᠷᠭ᠎ᠠ ᠬᠡᠮᠵᠢᠶ᠎ᠡ ᠶᠢ ᠬᠢᠨᠠᠮᠠᠭᠠᠢ ᠨᠠᠶᠢᠳᠠᠪᠤᠷᠢᠵᠢᠭᠤᠯᠬᠤ ᠬᠡᠷᠡᠭᠲᠡᠢ︔ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠰᠤᠷᠦᠬᠴᠢ᠂ ᠪᠠᠭᠰᠢ ᠠᠵᠢᠯᠲᠠᠨ ᠠᠵᠢᠯᠴᠢᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠢ︔ ᠡᠯ᠎ᠡ ᠡᠮᠴᠢᠯᠡᠭᠡᠨ ᠤ ᠪᠠᠶᠢᠭᠤᠯᠤᠮᠵᠢ ᠨᠤᠭᠤᠳ ︽ᠬᠠᠷᠠᠭᠤᠯ ᠤᠨ ᠭᠠᠵᠠᠷ︾ ᠤᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠤᠷᠢᠳᠴᠢᠯᠠᠨ ᠪᠠᠶᠢᠴᠠᠭᠠᠵᠤ ᠬᠤᠪᠢᠶᠠᠨ ᠣᠨᠣᠰᠢᠯᠠᠬᠤ ᠪᠠ ᠠᠩᠬ᠎ᠠ ᠣᠨᠣᠰᠢᠯᠠᠬᠤ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠡᠪᠡᠳᠴᠢᠨ ᠦᠵᠡᠭᠦᠯᠵᠦ ᠪᠠᠶᠢᠭ᠎ᠠ ᠬᠠᠯᠠᠭᠤᠷᠠᠵᠤ ᠪᠠᠶᠢᠭ᠎ᠠ ᠡᠪᠡᠳᠴᠢᠲᠡᠨ ᠳᠤ ᠮᠦᠷᠳᠡᠨ ᠪᠠᠶᠢᠴᠠᠭᠠᠯᠲᠠ ᠬᠢᠬᠦ ᠶᠢᠨ ᠬᠠᠮᠲᠤ ᠱᠠᠭᠠᠷᠳᠠᠯᠭ᠎ᠠ ᠶᠣᠰᠣᠭᠠᠷ ᠡᠮᠨᠡᠯᠭᠡ ᠳᠤ ᠰᠠᠭᠤᠵᠤ ᠪᠠᠶᠢᠭ᠎ᠠ ᠡᠪᠡᠳᠴᠢᠲᠡᠨ ᠪᠣᠯᠣᠨ ᠠᠰᠠᠷᠠᠵᠤ ᠪᠠᠶᠢᠭ᠎ᠠ ᠬᠥᠮᠥᠰ ᠲᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠵᠦ᠂ ᠡᠪᠡᠳᠴᠢᠲᠡᠨ᠂ ᠠᠰᠠᠷᠠᠵᠤ ᠪᠠᠶᠢᠭ᠎ᠠ ᠬᠥᠮᠥᠰ ᠪᠣᠯᠣᠨ ᠡᠮᠨᠡᠯᠭᠡ ᠶᠢᠨ ᠠᠵᠢᠯᠲᠠᠳ ᠲᠤ ᠡᠷᠡᠭᠦᠯ ᠮᠡᠨᠳᠦ ᠶᠢᠨ ᠬᠢᠨᠠᠨ ᠬᠡᠮᠵᠢᠯᠲᠡ ᠬᠢᠬᠦ ᠶᠢ ᠴᠢᠩᠭ᠎ᠠ ᠰᠠᠶᠢᠲᠤᠷ ᠬᠢᠵᠦ᠂ ᠡᠮᠴᠢ ᠰᠤᠪᠢᠯᠠᠭᠴᠢ ᠶᠢᠨ ᠪᠣᠯᠪᠠᠰᠤᠷᠠᠭᠤᠯᠤᠯ ᠤᠨ ᠡᠷᠴᠢᠮ ᠪᠣᠯᠣᠨ ᠡᠮᠴᠢᠯᠡᠭᠡᠨ ᠤ ᠪᠠᠶᠢᠭᠤᠯᠤᠮᠵᠢ ᠶᠢᠨ ᠣᠷᠴᠢᠨ ᠲᠣᠭᠤᠷᠢᠨ ᠢ ᠠᠷᠢᠭᠤᠳᠬᠠᠬᠤ ᠶᠢ ᠴᠢᠩᠭᠠᠳᠬᠠᠵᠤ᠂ ᠡᠮᠨᠡᠯᠭᠡ ᠶᠢᠨ ᠬᠤᠷᠢᠶᠠᠨ ᠳᠤ ᠰᠣᠯᠪᠢᠴᠠᠨ ᠬᠠᠯᠳᠠᠪᠤᠷᠢᠯᠠᠬᠤ ᠶᠢ ᠪᠦᠲᠦᠮᠵᠢᠲᠡᠶ ᠰᠡᠷᠭᠡᠶᠢᠯᠡᠬᠦ ᠬᠡᠷᠡᠭᠲᠡᠢ᠃    ᠭᠦᠸᠧ ᠬᠤᠩ ᡁᠢ ᠴᠢᠬᠤᠯᠠᠴᠢᠯᠠᠭᠰᠠᠨ ᠨᠢ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠸᠠᠺᠼᠢᠨ ᠤ ᠲᠠᠷᠢᠯᠭ᠎ᠠ ᠶᠢ ᠴᠢᠩᠭᠠᠳᠬᠠᠬᠤ ᠠᠵᠢᠯ ᠢ ᠲᠦᠷᠭᠡᠳᠬᠡᠨ ᠠᠬᠢᠭᠤᠯᠵᠤ᠂ ︽ᠳᠠᠭᠠᠭᠠᠴᠢᠯᠠᠨ ᠬᠤᠯᠪᠣᠬᠤ ᠬᠠᠷᠢᠭᠤᠴᠠᠯᠭ᠎ᠠ ᠶᠢᠨ ᠬᠦᠰᠦᠨᠦᠭᠲᠦ︾ ᠲᠠᠢ ᠬᠠᠷᠢᠴᠠᠭᠤᠯᠤᠨ᠂ ᠲᠠᠷᠢᠯᠭ᠎ᠠ ᠶᠢᠨ ᠨᠥᠬᠦᠴᠡᠯ ᠳᠤ ᠨᠡᠶᠢᠴᠡᠬᠦ ᠰᠠᠭᠤᠭᠠᠯᠢ ᠠᠷᠠᠳ ᠢ ᠴᠠᠭ ᠲᠤᠬᠠᠢ  ᠳᠤᠨᠢ ᠵᠣᠬᠢᠶᠠᠨ ᠪᠠᠶᠢᠭᠤᠯᠵᠤ ᠪᠠᠶᠢᠭᠠᠳ  ᠲᠠᠷᠢᠯᠭ᠎ᠠ ᠶᠢ ᠴᠢᠩᠭᠠᠳᠬᠠᠵᠤ᠂ ᠭᠥᠯᠢᠶᠡᠨ ᠠᠪᠬᠤ ᠶᠣᠰᠣᠲᠠᠢ ᠶᠢ ᠨᠢ ᠴᠥᠮ ᠭᠥᠯᠢᠶᠡᠨ ᠠᠪᠬᠤ ᠶᠢ ᠪᠠᠲᠤᠯᠠᠬᠤ ᠬᠡᠷᠡᠭᠲᠡᠢ᠃ ᠡᠯ᠎ᠡ ᠠᠵᠢᠯ ᠲᠦᠷᠦᠯ ᠤᠨ ᠰᠠᠯᠠᠭ᠎ᠠ ᠮᠥᠴᠢᠷ ᠤᠨ ᠬᠢᠨ ᠠᠵᠢᠯ ᠲᠦᠷᠦᠯ ᠤᠨ ᠬᠦᠷᠢᠶᠡᠨ ᠳᠠᠬᠢ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠠᠷᠭᠠᠴᠠᠬᠤ᠂ ᠬᠤᠳᠠᠯ ᠬᠡᠯᠡᠵᠦ ᠬᠠᠭᠤᠷᠮᠠᠭ ᠢᠶᠠᠷ ᠦᠢᠯᠡᠳᠬᠦ ᠵᠡᠷᠭᠡ ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠨ ᠰᠢᠢᠳᠪᠦᠷᠢᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠵᠢᠷᠤᠮᠯᠠᠬᠤ ᠦᠭᠡᠢ ᠬᠤᠳᠠᠯᠳᠤᠭᠠᠨ ᠤ ᠭᠤᠣᠯ ᠴᠣᠭᠴᠠ᠂ ᠬᠤᠪᠢ ᠬᠥᠮᠥᠨ ᠢ ᠵᠠᠯᠬᠠᠭᠠᠨ ᠰᠢᠳᠬᠡᠬᠦ ᠡᠷᠴᠢᠮ ᠢᠶᠠᠨ ᠴᠢᠩᠭᠠᠷᠠᠭᠤᠯᠵᠤ᠂ ᠮᠠᠨ ᠤ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃    ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃        ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ        ᠣᠷᠴᠢᠭᠤᠯᠤᠭᠴᠢ᠄ ᠣᠳᠣᠨᠭᠡᠷᠡᠯ        ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2