2 ᠰᠠᠷ᠎ᠠ ᠶᠢᠨ 16 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠴᠠᠩ ᠳ᠋ᠠ ᠸᠧᠢ ᠠᠷᠪᠠᠨ | ᠳᠥᠷᠪᠡᠳᠦᠭᠡᠷ ᠬᠤᠭᠤᠴᠠᠭᠠᠨ ᠤ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 2022 ᠣᠨ ᠤ | ᠳᠣᠯᠤᠳᠤᠭᠠᠷ ᠤᠳᠠᠭ᠎ᠠ ᠶᠢᠨ ᠬᠤᠷᠠᠯ ᠵᠢᠴᠢ ᠠᠮᠢ ᠠᠬᠤᠢ ᠶᠢᠨ ᠣᠷᠴᠢᠨ ᠲᠣᠭᠤᠷᠢᠨ ᠤ ᠵᠥᠪᠯᠡᠯ ᠤᠨ 2022 | ᠣᠨ ᠤ ᠠᠩᠬᠠᠳᠤᠭᠠᠷ ᠤᠳᠠᠭ᠎ᠠ ᠶᠢᠨ ᠬᠤᠷᠠᠯ ᠵᠢᠴᠢ ᠠᠮᠢ ᠠᠬᠤᠢ ᠶᠢᠨ ᠣᠷᠴᠢᠨ ᠲᠣᠭᠤᠷᠢᠨ ᠤ ᠶᠡᠭᠡ ᠪᠠᠶᠢᠴᠠᠭᠠᠬᠤ | ᠶᠡᠭᠡ ᠴᠡᠭᠴᠡᠯᠡᠨ ᠰᠠᠶᠢᠵᠢᠷᠠᠭᠤᠯᠬᠤ ᠶᠡᠭᠡ ᠳᠡᠭᠡᠭᠰᠢᠯᠡᠭᠦᠯᠬᠦ ᠠᠵᠢᠯ ᠢ ᠠᠬᠢᠭᠤᠯᠬᠤ ᠬᠤᠷᠠᠯ ᠢ ᠡᠷᠬᠢᠯᠡᠨ | ᠬᠤᠷᠠᠯᠳᠤᠭᠤᠯᠪᠠ᠃ | | ᠬᠤᠷᠠᠯ ᠳᠡᠭᠡᠷ᠎ᠡ᠂ ᠰᠢᠶᠠᠨ ᠤ ᠨᠠᠮ ᠤᠨ ᠬᠤᠷᠢᠶᠠᠨ ᠤ ᠱᠦᠵᠢ ᠴᠠᠩ ᠳ᠋ᠠ ᠸᠧᠢ ᠶᠡᠷᠦᠩᠬᠡᠢ ᠱᠦᠵᠢ ᠰᠢ ᠶᠢᠨ | ᠫᠢᠩ ᠶᠢᠨ ᠣᠷᠴᠢᠨ ᠠᠬᠤᠢ ᠶᠢᠨ ᠬᠠᠮᠠᠭᠠᠯᠠᠯᠲᠠ ᠶᠢᠨ ᠲᠤᠬᠠᠢ ᠴᠢᠬᠤᠯᠠ ᠥᠭᠦᠯᠡᠯᠲᠡ ᠪᠠ ᠵᠢᠭᠠᠪᠤᠷᠢ ᠴᠣᠬᠤᠯᠠᠪᠤᠷᠢ᠂ | ᠱᠠᠨ ᠰᠢ ᠮᠤᠵᠢ ᠳᠤ ᠰᠢᠨᠵᠢᠯᠡᠨ ᠪᠠᠶᠢᠴᠠᠭᠠᠵᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠶᠠᠷᠢᠶ᠎ᠠ᠂ 2022 | ᠣᠨ ᠤ ᠴᠠᠭᠠᠨ ᠰᠠᠷ᠎ᠠ ᠶᠢᠨ ᠬᠠᠮᠲᠤ ᠶᠢᠨ ᠵᠣᠯᠭᠠᠯᠲᠠ ᠳᠡᠭᠡᠷᠡᠬᠢ ᠶᠠᠷᠢᠶ᠎ᠠ᠂ ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠭᠤᠴᠢᠨ ᠵᠢᠷᠭᠤᠳᠤᠭᠠᠷ ᠤᠳᠠᠭᠠᠨ ᠤ | ᠬᠠᠮᠲᠤ ᠶᠢᠨ ᠰᠤᠷᠤᠯᠴᠠᠯᠭ᠎ᠠ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ︔ ᠶᠡᠷᠦᠩᠬᠡᠢ ᠱᠦᠵᠢ ᠰᠢ ᠶᠢᠨ ᠫᠢᠩ ︽ | ᠦᠨᠡᠨ ᠢ ᠪᠠᠷᠢᠮᠲᠠᠯᠠᠬᠤ︾ ᠳᠡᠭᠡᠷ᠎ᠡ ᠨᠡᠶᠢᠲᠡᠯᠡᠭᠰᠡᠨ ︽ᠶᠡᠭᠡ ᠦᠢᠯᠡᠳᠦᠯ ᠭᠠᠷᠭᠠᠵᠤ ᠬᠦᠨᠳᠦ ᠡᠭᠦᠷᠭᠡ ᠶᠢ ᠡᠭᠦᠷᠭᠡᠯᠡᠵᠦ | ᠴᠢᠳᠠᠬᠤ ᠲᠤᠯᠭᠠᠭᠤᠷᠢ ᠬᠦᠴᠦᠨ ᠪᠣᠯᠬᠤ ᠪᠠᠷ ᠴᠢᠷᠮᠠᠶᠢᠬᠤ ᠬᠡᠷᠡᠭᠲᠡᠢ︾ ᠪᠠ ︽ᠳᠤᠮᠳᠠᠳᠤ ᠤᠯᠤᠰ ᠤᠨ ᠣᠨᠴᠠᠯᠢᠭ | ᠪᠦᠬᠦᠢ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠵᠠᠮ ᠢᠶᠠᠷ ᠵᠠᠮᠨᠠᠬᠤ ᠶᠢ ᠪᠠᠷᠢᠮᠲᠠᠯᠠᠬᠤ ᠬᠡᠷᠡᠭᠲᠡᠢ᠂ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢᠵᠢᠯ ᠤᠨ ᠰᠢᠰᠲ᠋ᠧᠮ ᠤᠨ ᠪᠠᠶᠢᠭᠤᠯᠤᠯᠲᠠ ᠶᠢ ᠨᠡᠩ | ᠰᠠᠶᠢᠲᠤᠷ ᠠᠬᠢᠭᠤᠯᠤᠶ᠎ᠠ︾ ᠵᠢᠴᠢ ᠱᠢ ᠲᠠᠢ ᠹᠧᠩ ᠱᠦᠵᠢ ᠶᠢᠨ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2022 ᠣᠨ ᠤ ᠬᠤᠶᠠᠳᠤᠭᠠᠷ ᠤᠳᠠᠭ᠎ᠠ ᠶᠢᠨ | ᠬᠠᠮᠲᠤ ᠶᠢᠨ ᠰᠤᠷᠤᠯᠴᠠᠯᠭ᠎ᠠ ᠳᠡᠭᠡᠷ᠎ᠡ ᠲᠠᠯᠪᠢᠭᠰᠠᠨ ᠶᠠᠷᠢᠶᠠᠨ ᠤ ᠵᠣᠷᠢᠭ ᠰᠠᠨᠠᠭ᠎ᠠ ᠶᠢ ᠳᠠᠭᠠᠭᠤᠯᠤᠨ ᠰᠤᠷᠤᠯᠴᠠᠪᠠ᠃ | ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠧᠦ ᠵᠢᠢ ᠱᠧᠩ ᠤᠯᠠᠭᠠᠨᠴᠠᠪ ᠬᠤᠲᠠ ᠶᠢᠨ ᠲᠠᠪᠤᠳᠤᠭᠠᠷ | ᠬᠤᠭᠤᠴᠠᠭᠠᠨ ᠤ ᠤᠯᠤᠰ ᠲᠥᠷᠥ ᠶᠢᠨ ᠵᠥᠪᠯᠡᠯᠭᠡᠨ ᠤ ᠠᠩᠬᠠᠳᠤᠭᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠶᠢᠩ ᠲᠢᠩ ᠶᠦᠩ | ᠤᠯᠠᠭᠠᠨᠴᠠᠪ ᠬᠤᠲᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠠᠩᠬᠠᠳᠤᠭᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠰᠦᠩ ᡁᠢ ᠹᠠᠩ 2022 ᠣᠨ ᠤ ᠪᠦᠬᠦ ᠬᠤᠳᠠ ᠶᠢᠨ | ᠤᠳᠤᠷᠢᠳᠬᠤ ᠺᠠᠳ᠋ᠷ ᠤᠨ ᠬᠤᠪᠢ ᠬᠥᠮᠥᠨ ᠤ ᠬᠤᠯᠪᠣᠭᠳᠠᠯ ᠪᠦᠬᠦᠢ ᠤᠴᠢᠷ ᠶᠠᠪᠤᠳᠠᠯ ᠢᠶᠠᠨ ᠮᠡᠳᠡᠭᠦᠯᠵᠦ | ᠪᠣᠯᠪᠠᠰᠤᠷᠠᠯ ᠤᠨ ᠬᠤᠷᠠᠯ ᠢ ᠪᠠᠶᠢᠷᠢᠯᠠᠭᠤᠯᠬᠤ ᠵᠣᠷᠢᠭ ᠰᠠᠨᠠᠭ᠎ᠠ ᠶᠢ ᠤᠯᠠᠮᠵᠢᠯᠠᠪᠠ᠃ ᠰᠢᠶᠠᠨ ᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠡᠦ · ᠴᠢᠯᠠᠭᠤ ︽ᠬᠤᠸᠠᠳᠧ | ᠰᠢᠶᠠᠨ ᠤ ᠠᠮᠢ ᠠᠬᠤᠢ ᠶᠢᠨ ᠣᠷᠴᠢᠨ ᠲᠣᠭᠤᠷᠢᠨ ᠢ ᠶᠡᠬᠡᠪᠡᠷ ᠪᠠᠶᠢᠴᠠᠭᠠᠵᠤ ᠶᠡᠬᠡᠪᠡᠷ ᠴᠡᠭᠴᠡᠯᠡᠨ ᠰᠠᠶᠢᠵᠢᠷᠠᠭᠤᠯᠵᠤ | ᠶᠡᠬᠡᠪᠡᠷ ᠳᠡᠭᠡᠭᠰᠢᠯᠡᠭᠦᠯᠬᠦ ᠠᠵᠢᠯ ᠤᠨ ᠲᠥᠰᠥᠯ︾ ᠤᠨ ᠲᠤᠬᠠᠢ ᠲᠣᠳᠣᠷᠬᠠᠶᠢᠯᠠᠯᠲᠠ ᠬᠢᠵᠡᠢ᠃ | ᠴᠠᠩ ᠳ᠋ᠠ ᠸᠧᠢ ᠴᠢᠬᠤᠯᠠᠴᠢᠯᠠᠬᠤ ᠳᠠᠭᠠᠨ᠂ ᠰᠢ ᠶᠢᠨ ᠫᠢᠩ ᠶᠡᠷᠦᠩᠬᠡᠢ ᠱᠦᠵᠢ ᠶᠢᠨ ᠰᠢᠷᠢᠰ ᠴᠢᠬᠤᠯᠠ | ᠶᠠᠷᠢᠶᠠᠨ ᠤ ᠵᠣᠷᠢᠭ ᠰᠠᠨᠠᠭ᠎ᠠ ᠪᠣᠯᠣᠨ ᠴᠢᠬᠤᠯᠠ ᠵᠣᠬᠢᠶᠠᠯ ᠤᠨ ᠵᠣᠷᠢᠭ ᠰᠠᠨᠠᠭᠠᠨ ᠤ ᠴᠢᠬᠤᠯᠠ ᠠᠭᠤᠯᠭ᠎ᠠ ᠶᠢ ᠭᠦᠨᠵᠡᠭᠡᠢ | ᠰᠤᠷᠤᠯᠴᠠᠨ ᠲᠤᠭᠤᠰᠢᠯᠠᠭᠤᠯᠵᠤ᠂ ᠢᠯᠠᠩᠭᠤᠶ᠎ᠠ ᠰᠢ ᠶᠢᠨ ᠫᠢᠩ ᠶᠡᠷᠦᠩᠬᠡᠢ ᠱᠦᠵᠢ ᠶᠢᠨ ︽ᠦᠨᠡᠨ ᠢ ᠪᠠᠷᠢᠮᠲᠠᠯᠠᠬᠤ︾ | ᠳᠡᠭᠡᠷ᠎ᠡ ᠨᠡᠶᠢᠲᠡᠯᠡᠭᠰᠡᠨ ᠴᠢᠬᠤᠯᠠ ᠵᠣᠬᠢᠶᠠᠯ ᠤᠨ ᠠᠯᠤᠰ ᠬᠡᠳᠦ ᠶᠢᠨ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ | ᠤᠯᠤᠰ ᠲᠥᠷᠥ ᠶᠢᠨ ᠰᠠᠬᠢᠯᠭ᠎ᠠ ᠪᠠᠲᠤ ᠪᠠ ᠤᠯᠤᠰ ᠲᠥᠷᠥ ᠶᠢᠨ ᠶᠣᠰᠣ ᠳᠦᠷᠢᠮ ᠢ ᠴᠢᠩᠭ᠎ᠠ ᠰᠠᠬᠢᠵᠤ᠂ ︽ᠲᠠᠪᠤᠨ | ᠡᠷᠬᠡᠪᠰᠢ︾ ᠶᠢ ᠪᠠᠲᠤ ᠴᠡᠭᠡᠵᠢᠯᠡᠵᠦ᠂ ︽ᠳᠣᠯᠣᠭᠠᠨ ᠵᠦᠢᠯ ᠤᠨ ᠪᠠᠶᠢᠬᠤ︾ ᠶᠢ ᠲᠠᠰᠤ ᠵᠣᠭᠰᠣᠭᠠᠵᠤ᠂ | ᠤᠬᠠᠮᠰᠠᠷ ᠠᠴᠠ ᠪᠠᠨ ᠤᠯᠤᠰ ᠲᠦᠷᠦ ᠶᠢᠨ ᠲᠠᠯ᠎ᠠ ᠶᠢᠨ ᠤᠬᠠᠭᠠᠨ ᠲᠠᠢ ᠬᠥᠮᠥᠨ᠂ ᠦᠨᠡᠨᠴᠢ ᠰᠢᠳᠤᠷᠭᠤ ᠬᠥᠮᠥᠨ | ᠪᠣᠯᠵᠤ᠂ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠪᠦᠬᠦ ᠰᠢᠶᠠᠨ ᠤ ᠨᠠᠮ ᠤᠨ | ᠭᠡᠰᠢᠭᠦᠨ ᠺᠠᠳ᠋ᠷ ᠤᠯᠠᠨ ᠲᠦᠮᠡᠨ ᠤ ᠨᠠᠮ ᠤᠨ ᠵᠠᠭᠤᠨ ᠵᠢᠯ ᠤᠨ ᠲᠡᠮᠡᠴᠡᠯ ᠤᠨ ᠲᠡᠦᠬᠡᠨ ᠶᠠᠪᠤᠴᠠ ᠠᠴᠠ ᠤᠶᠤᠨ | ᠤᠬᠠᠭᠠᠨ ᠪᠠ ᠬᠦᠴᠦᠨ ᠴᠢᠳᠠᠯ ᠣᠯᠬᠤ ᠶᠢ ᠬᠥᠲᠥᠯᠥᠨ ᠵᠢᠯᠤᠭᠤᠳᠴᠤ ᠤᠷᠮᠠᠰᠢᠭᠤᠯᠤᠨ ᠵᠣᠷᠢᠭᠵᠢᠭᠤᠯᠵᠤ᠂ ︽ | ᠬᠤᠶᠠᠷ ᠢ ᠲᠣᠭᠲᠠᠭᠠᠬᠤ︾ ᠶᠢ ᠴᠢᠩ ᠰᠡᠳᠬᠢᠯ ᠠᠴᠠ ᠪᠠᠨ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠦᠨᠡᠨᠴᠢ | ᠰᠢᠳᠤᠷᠭᠤ ᠪᠠᠷ ᠦᠢᠯᠡᠳᠦᠯᠭᠡᠵᠢᠭᠦᠯᠵᠦ᠂ ᠶᠡᠷᠦᠩᠬᠡᠢ ᠱᠦᠵᠢ ᠶᠢ ᠰᠠᠯᠤᠯ ᠦᠭᠡᠢ ᠳᠠᠭᠠᠵᠤ᠂ ᠰᠢᠨ᠎ᠡ ᠠᠶᠠᠨ ᠳᠤ | ᠡᠷᠡᠯᠬᠡᠭᠯᠡᠨ ᠤᠷᠤᠭᠰᠢᠯᠠᠵᠤ᠂ ᠪᠣᠳᠠᠲᠤ ᠠᠵᠢᠯᠯᠠᠭ᠎ᠠ ᠪᠠ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ | ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ᠃ | ᠴᠠᠩ ᠳ᠋ᠠ ᠸᠧᠢ ᠱᠠᠭᠠᠷᠳᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠨᠠᠷᠢᠨ ᠬᠢᠨᠠᠮᠠᠭᠠᠢ | ᠰᠤᠷᠤᠯᠴᠠᠵᠤ᠂ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠨᠠᠷᠢᠨ ᠨᠢᠮᠪᠠᠢ ᠵᠣᠬᠢᠶᠠᠨ ᠪᠠᠶᠢᠭᠤᠯᠵᠤ᠂ | ᠲᠥᠪᠯᠡᠷᠡᠭᠦᠯᠦᠨ ᠰᠤᠷᠤᠯᠴᠠᠬᠤ ᠪᠠ ᠬᠤᠪᠢ ᠬᠥᠮᠥᠨ ᠤ ᠥᠪᠡᠷ ᠢᠶᠠᠨ ᠰᠤᠷᠤᠯᠴᠠᠬᠤ ᠶᠢ ᠤᠶᠠᠯᠳᠤᠭᠤᠯᠬᠤ ᠠᠷᠭ᠎ᠠ | ᠬᠡᠯᠪᠡᠷᠢ ᠪᠠᠷ ᠳᠠᠮᠵᠢᠭᠤᠯᠤᠨ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠢ ᠬᠥᠮᠥᠵᠢᠭᠦᠯᠦᠨ ᠬᠥᠲᠥᠯᠥᠨ | ᠵᠢᠯᠤᠭᠤᠳᠴᠤ ᠪᠠᠶᠢᠭᠠᠳ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠭᠤᠯᠵᠤ᠂ ᠪᠦᠬᠦ ᠲᠠᠯ᠎ᠠ ᠪᠠᠷ | ᠡᠵᠡᠮᠰᠢᠭᠦᠯᠵᠦ᠂ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠦᠨᠡᠨᠬᠦ ︽ᠬᠤᠶᠠᠷ ᠬᠤᠷᠠᠯ︾ ᠤᠨ ᠵᠣᠷᠢᠭ | ᠰᠠᠨᠠᠭ᠎ᠠ ᠳᠡᠭᠡᠷ᠎ᠡ ᠨᠢᠭᠡᠳᠬᠡᠵᠦ᠂ ᠤᠯᠠᠭᠠᠨᠴᠠᠪ ᠬᠤᠲᠠ ᠶᠢᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ | ᠳᠤᠷᠠᠳᠤᠭᠰᠠᠨ ︽ᠭᠤᠷᠪᠠᠨ ᠦᠨᠳᠦᠷ ᠪᠠᠶᠢᠬᠤ᠂ ᠲᠠᠪᠤᠨ ᠡᠮᠦᠨ᠎ᠡ ᠡᠩᠨᠡᠭᠡᠨ ᠳᠤ ᠶᠠᠪᠤᠬᠤ︾ ᠬᠥᠭᠵᠢᠯᠲᠡ ᠶᠢᠨ | ᠬᠠᠷᠠᠯᠲᠠ ᠶᠢᠨ ᠲᠣᠭᠤᠷᠢᠨ ᠳᠤ᠂ ᠬᠤᠸᠠᠳᠧ ᠳᠤ ᠤᠶᠠᠯᠳᠤᠭᠤᠯᠬᠤ ᠪᠣᠯ ᠤᠯᠤᠰ ᠤᠨ ᠭᠤᠣᠯᠳᠠᠯᠭ᠎ᠠ ᠲᠠᠢ ᠠᠮᠢ | ᠠᠬᠤᠢ ᠶᠢᠨ ᠴᠢᠳᠠᠪᠬᠢ ᠶᠢᠨ ᠣᠷᠣᠨ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ | ᠬᠠᠪᠰᠤᠷᠤᠨ ᠲᠡᠳᠬᠦᠬᠦ ᠰᠢᠶᠠᠨ ᠤ ᠪᠣᠳᠠᠲᠤ ᠪᠠᠶᠢᠳᠠᠯ ᠪᠣᠯᠣᠨ᠎ᠠ᠂ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ | ︾᠂ ︽ᠨᠢᠭᠡ ᠪᠠᠬᠢᠯᠡᠯᠲᠡ︾᠂ ︽ᠲᠠᠪᠤᠨ ᠶᠡᠭᠡ ᠠᠵᠤ ᠠᠬᠤᠢ︾᠂ ︽ᠠᠷᠪᠠᠨ ᠠᠵᠤ ᠦᠢᠯᠡᠰ ᠤᠨ ᠬᠡᠯᠬᠢᠶ᠎ᠡ︾᠂ | ︽ᠲᠠᠪᠤᠨ ᠶᠡᠭᠡ ᠠᠵᠤ ᠦᠢᠯᠡᠰ ᠤᠨ ᠪᠦᠯᠦᠭᠯᠡᠯ︾ ᠪᠣᠯᠣᠨ ︽ᠲᠠᠪᠤᠨ ᠤᠯᠠᠭᠠᠨᠴᠠᠪ︾ ᠤᠨ ᠪᠠᠶᠢᠯᠳᠤᠬᠤ | ᠪᠣᠳᠣᠯᠭ᠎ᠠ ᠶᠢᠨ ᠳᠤᠮᠳᠠ ᠪᠠᠶᠢᠷᠢ ᠲᠣᠭᠲᠠᠭᠠᠯᠲᠠ ᠪᠠᠨ ᠡᠷᠢᠵᠦ᠂ ᠬᠥᠭᠵᠢᠯᠲᠡ ᠶᠢ ᠡᠷᠢᠯᠬᠢᠯᠡᠵᠦ᠂ ︽ᠬᠤᠶᠠᠷ ᠬᠤᠷᠠᠯ︾ | ᠤᠨ ᠵᠣᠷᠢᠭ ᠰᠠᠨᠠᠭ᠎ᠠ ᠪᠠᠷ ᠠᠵᠢᠯᠯᠠᠭᠠᠨ ᠤ ᠬᠥᠲᠥᠯᠪᠦᠷᠢ ᠪᠠ ᠠᠵᠢᠯ ᠤᠨ ᠵᠦᠭᠯᠡᠭᠦᠷ ᠪᠣᠯᠭᠠᠵᠤ᠂ ᠰᠠᠶᠢᠨ ᠲᠠᠢ | ᠲᠠᠯ᠎ᠠ ᠪᠠᠨ ᠪᠠᠳᠠᠷᠠᠭᠤᠯᠤᠨ ᠰᠠᠭᠠᠷᠠᠤ ᠲᠠᠯ᠎ᠠ ᠪᠠᠨ ᠲᠡᠪᠴᠢᠵᠦ᠂ ᠰᠢᠯᠢᠳᠡᠭ ᠢ ᠪᠣᠶᠢᠵᠢᠭᠤᠯᠤᠨ ᠦᠷ᠎ᠡ ᠠᠰᠢᠭ ᠢ | ᠨᠡᠮᠡᠭᠳᠡᠭᠦᠯᠵᠦ᠂ ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ ᠦᠯᠦ ᠭᠠᠷᠭᠠᠬᠤ᠂ ᠠᠮᠢ ᠠᠬᠤᠢ ᠶᠢᠨ ᠣᠷᠴᠢᠨ | ᠲᠣᠭᠤᠷᠢᠨ ᠤ ᠬᠠᠮᠠᠭᠠᠯᠠᠯᠲᠠ᠂ ᠨᠡᠶᠢᠭᠡᠮ ᠤᠨ ᠲᠣᠭᠲᠠᠭᠤᠨ ᠤ ︽ᠭᠤᠷᠪᠠᠨ ᠬᠤᠷᠢᠭ᠎ᠠ ᠱᠤᠭᠤᠮ︾ ᠢ ᠡᠷᠡᠰ ᠰᠠᠬᠢᠵᠤ᠂ ︽ | ᠭᠤᠷᠪᠠᠨ ᠭᠤᠷᠪᠠ︾ ᠶᠢᠨ ᠴᠢᠨᠠᠷ ᠰᠠᠶᠢᠲᠠᠢ ᠬᠥᠭᠵᠢᠯᠲᠡ ᠶᠢᠨ ᠠᠷᠭ᠎ᠠ ᠵᠠᠮ ᠢᠶᠠᠷ ᠬᠤᠸᠠᠳᠧ ᠶᠢᠨ ᠶᠠᠪᠤᠳᠠᠯ ᠢ | ᠴᠢᠷᠮᠠᠶᠢᠨ ᠰᠠᠶᠢᠲᠤᠷ ᠬᠢᠵᠦ᠂ ᠬᠤᠳᠠ ᠶᠢᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠬᠤᠸᠠᠳᠧ ᠳᠤ | ᠦᠨᠳᠦᠰᠦᠯᠡᠭᠦᠯᠵᠦ᠂ ᠴᠡᠴᠡᠭᠯᠡᠨ ᠵᠢᠮᠢᠰᠯᠡᠬᠦ ᠶᠢ ᠬᠦᠴᠦᠯᠡᠨ ᠠᠬᠢᠭᠤᠯᠵᠤ᠂ ᠰᠢᠯᠢᠳᠡᠭ ᠠᠮᠵᠢᠯᠲᠠ ᠪᠠᠷ ᠢᠶᠠᠨ ᠨᠠᠮ ᠤᠨ | ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ᠃ | ᠴᠠᠩ ᠳ᠋ᠠ ᠸᠧᠢ ᠴᠢᠬᠤᠯᠠᠴᠢᠯᠠᠭᠰᠠᠨ ᠨᠢ᠂ ᠤᠳᠤᠷᠢᠳᠬᠤ ᠺᠠᠳ᠋ᠷ ᠤᠨ ᠬᠤᠪᠢ ᠬᠥᠮᠥᠨ ᠤ ᠬᠤᠯᠪᠣᠭᠳᠠᠯ ᠪᠦᠬᠦᠢ | ᠤᠴᠢᠷ ᠶᠠᠪᠤᠳᠠᠯ ᠢᠶᠠᠨ ᠮᠡᠳᠡᠭᠦᠯᠬᠦ ᠳᠦᠷᠢᠮ ᠪᠣᠯ ᠢᠯᠵᠢᠷᠡᠯ ᠤᠨ ᠠᠵᠢᠯᠯᠠᠭ᠎ᠠ ᠶᠢ ᠰᠦᠷᠳᠡᠭᠦᠯᠬᠦ ᠴᠢᠬᠤᠯᠠ ᠠᠷᠭ᠎ᠠ | ᠪᠠᠷᠢᠯ ᠮᠥᠨ᠂ ᠺᠠᠳ᠋ᠷ ᠢ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ ᠳᠤ ᠪᠦᠲᠦᠮᠵᠢᠲᠡᠢ ᠬᠢᠨᠠᠯᠲᠠ ᠲᠠᠯᠪᠢᠬᠤ ᠶᠠᠪᠤᠳᠠᠯ | ᠮᠥᠨ᠃ ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠬᠤᠷᠠᠯᠳᠤᠬᠤ ᠵᠢᠯ᠂ ᠥᠪᠡᠷᠲᠡᠭᠡᠨ ᠵᠠᠰᠠᠬᠤ ᠣᠷᠣᠨ ᠤ | ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠪᠠ ᠬᠤᠲᠠ ᠶᠢᠨ ᠲᠠᠪᠤᠳᠤᠭᠠᠷ | ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠪᠣᠯᠣᠨ᠎ᠠ᠂ ︽ᠬᠤᠶᠠᠷ ᠵᠦᠢᠯ ᠤᠨ ᠬᠠᠤᠯᠢ ᠲᠣᠭᠲᠠᠭᠠᠯ︾ ᠢ ᠰᠠᠶᠢᠲᠤᠷ | ᠲᠤᠭᠤᠰᠢᠯᠠᠭᠤᠯᠤᠨ ᠬᠡᠷᠡᠭᠵᠢᠭᠦᠯᠵᠦ᠂ ᠤᠳᠤᠷᠢᠳᠬᠤ ᠺᠠᠳ᠋ᠷᠴᠤᠳ ᠤᠨ ᠬᠤᠪᠢ ᠬᠥᠮᠥᠨ ᠤ ᠬᠠᠮᠢᠶ᠎ᠠ ᠪᠦᠬᠦᠢ ᠤᠴᠢᠷ | ᠶᠠᠪᠤᠳᠠᠯ ᠢᠶᠠᠨ ᠮᠡᠳᠡᠭᠦᠯᠬᠦ ᠠᠵᠢᠯ ᠢ ᠰᠠᠶᠢᠲᠤᠷ ᠬᠢᠬᠦ ᠳᠤ ᠬᠠᠷᠢᠭᠤᠴᠠᠯᠭ᠎ᠠ ᠬᠦᠨᠳᠦ ᠶᠡᠭᠡ ᠪᠥᠭᠡᠳ ᠠᠯᠤᠰ ᠬᠡᠲᠦ ᠶᠢᠨ | ᠠᠴᠢ ᠬᠤᠯᠪᠣᠭᠳᠠᠯ ᠲᠠᠢ ᠶᠤᠮ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠬᠠᠮᠢᠶ᠎ᠠ ᠪᠦᠬᠦᠢ ᠪᠢᠴᠢᠭ | ᠮᠠᠲ᠋ᠧᠷᠢᠶᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠤ᠂ ᠬᠤᠪᠢ ᠬᠥᠮᠥᠨ ᠤ ᠬᠤᠯᠪᠣᠭᠳᠠᠯ ᠪᠦᠬᠦᠢ | ᠵᠦᠢᠯᠡᠰ ᠢ ᠲᠠᠭᠯᠠᠨ ᠮᠡᠳᠡᠭᠦᠯᠬᠦ ᠡᠯ᠎ᠡ ᠵᠦᠢᠯ ᠤᠨ ᠱᠠᠭᠠᠷᠳᠠᠯᠭ᠎ᠠ᠂ ᠠᠩᠬᠠᠷᠬᠤ ᠵᠦᠢᠯᠡᠰ ᠵᠡᠷᠭᠡ ᠠᠭᠤᠯᠭ᠎ᠠ ᠶᠢ ᠪᠥᠬᠦ | ᠲᠠᠯ᠎ᠠ ᠪᠠᠷ ᠨᠡᠪᠲᠡᠷᠬᠡᠢ ᠡᠵᠡᠮᠰᠢᠵᠦ᠂ ᠴᠠᠭ ᠬᠤᠭᠤᠴᠠᠭ᠎ᠠ ᠪᠠ ᠬᠠᠮᠢᠶ᠎ᠠ ᠪᠦᠬᠦᠢ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ | ᠰᠠᠶᠢᠲᠤᠷ ᠡᠵᠡᠮᠳᠡᠨ᠂ ᠵᠣᠬᠢᠶᠠᠨ ᠪᠠᠶᠢᠭᠤᠯᠤᠯᠲᠠ ᠳᠤ ᠬᠠᠷᠢᠭᠤᠴᠠᠬᠤ᠂ ᠥᠪᠡᠷ ᠤᠨ ᠪᠡᠶ᠎ᠡ ᠳᠡᠭᠡᠨ ᠬᠠᠷᠢᠭᠤᠴᠠᠬᠤ | ᠣᠪᠣᠷ ᠢᠶᠠᠷ ᠬᠤᠪᠢ ᠬᠥᠮᠥᠨ ᠤ ᠬᠤᠯᠪᠣᠭᠳᠠᠯ ᠪᠦᠬᠦᠢ ᠵᠦᠢᠯᠡᠰ ᠢᠶᠠᠨ ᠮᠡᠳᠡᠭᠦᠯᠬᠦ ᠠᠵᠢᠯ ᠢ ᠦᠨᠡᠨ ᠪᠣᠳᠠᠲᠠᠢ᠂ | ᠣᠨᠣᠪᠴᠢᠲᠠᠶ᠂ ᠪᠥᠬᠦ ᠲᠠᠯ᠎ᠠ ᠪᠠᠷ ᠰᠠᠶᠢᠲᠤᠷ ᠬᠢᠵᠦ᠂ ᠲᠣᠰ ᠤᠳᠠᠭᠠᠨ ᠤ ᠲᠥᠪᠯᠡᠷᠡᠭᠦᠯᠦᠨ ᠲᠠᠭᠯᠠᠨ ᠮᠡᠳᠡᠭᠦᠯᠬᠦ ᠪᠠ | ᠬᠤᠯᠪᠣᠭᠳᠠᠯ ᠪᠦᠬᠦᠢ ᠠᠵᠢᠯ ᠢ ᠥᠨᠳᠥᠷ ᠪᠠᠷᠢᠮᠵᠢᠶ᠎ᠠ ᠪᠠᠷ᠂ ᠴᠢᠨᠠᠷ ᠰᠠᠶᠢᠲᠠᠢ ᠰᠠᠶᠢᠲᠤᠷ ᠬᠢᠬᠦ ᠶᠢ ᠦᠨᠡᠨᠬᠦ ᠪᠠᠲᠤᠯᠠᠬᠤ | ᠬᠡᠷᠡᠭᠲᠡᠢ᠃ | | ᠪᠦᠬᠦ ᠰᠢᠶᠠᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠰᠠᠶᠢᠲᠤᠷ ᠬᠢᠬᠦ | ᠲᠤᠬᠠᠢ ᠴᠠᠩ ᠳ᠋ᠠ ᠸᠧᠢ ᠵᠢᠭᠠᠵᠤ ᠭᠠᠷᠭᠠᠭᠰᠠᠨ ᠨᠢ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠣᠯ | ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠲᠠᠢ ᠬᠤᠯᠪᠣᠭᠳᠠᠬᠤ ᠴᠢᠬᠤᠯᠠ ᠶᠡᠭᠡ ᠨᠡᠶᠢᠭᠡᠮ ᠤᠨ ᠠᠰᠠᠭᠤᠳᠠᠯ ᠪᠣᠯᠣᠨ᠎ᠠ | ᠂ ᠮᠥᠨᠴᠦ ᠨᠠᠮ ᠤᠨ ᠡᠭᠦᠷᠭᠡ ᠬᠠᠷᠢᠭᠤᠴᠠᠯᠭ᠎ᠠ ᠶᠢᠨ ᠵᠣᠷᠢᠯᠲᠠ ᠲᠠᠢ ᠬᠤᠯᠪᠣᠭᠳᠠᠬᠤ ᠴᠢᠬᠤᠯᠠ ᠶᠡᠭᠡ ᠤᠯᠤᠰ | ᠲᠦᠷᠦ ᠶᠢᠨ ᠠᠰᠠᠭᠤᠳᠠᠯ ᠪᠣᠯᠣᠨ᠎ᠠ᠃ ᠪᠦᠬᠦ ᠰᠢᠶᠠᠨ ᠢᠶᠠᠷ ᠢᠶᠠᠨ ᠤᠯᠤᠰ ᠲᠥᠷᠥ ᠶᠢᠨ ᠵᠣᠭᠰᠣᠴᠠ ᠪᠠᠨ | ᠳᠡᠭᠡᠭᠰᠢᠯᠡᠭᠦᠯᠵᠦ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ | ᠣᠶᠢᠯᠠᠭᠠᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠠ ᠠᠮᠢ ᠠᠬᠤᠢ ᠶᠢᠨ ᠣᠷᠴᠢᠨ ᠨᠥᠬᠦᠴᠡᠯ ᠤᠨ | ᠬᠠᠮᠠᠭᠠᠯᠠᠯᠲᠠ ᠶᠢᠨ ᠠᠷᠢᠭᠤᠨ ᠳᠠᠷᠬᠠᠨ ᠲᠤᠰᠢᠶᠠᠯ ᠬᠠᠷᠢᠭᠤᠴᠠᠯᠭ᠎ᠠ ᠪᠠᠨ ᠦᠨᠡᠨ ᠬᠦ ᠰᠠᠶᠢᠲᠤᠷ ᠭᠦᠢᠴᠡᠳᠬᠡᠵᠦ᠂ | ᠶᠡᠷᠦᠩᠬᠡᠢ ᠱᠦᠵᠢ ᠰᠢ ᠶᠢᠨ ᠫᠢᠩ ᠶᠢᠨ ᠳᠤᠷᠠᠳᠤᠭᠰᠠᠨ ᠳᠦᠷᠢᠮ ᠢᠶᠠᠷ ᠡᠷᠬᠡ ᠶᠢ ᠬᠠᠮᠢᠶᠠᠷᠴᠤ ᠲᠦᠰᠢᠮᠡᠳ ᠢ ᠵᠠᠰᠠᠬᠤ᠂ | ᠬᠥᠬᠡ ᠥᠩᠭᠡ ᠶᠢ ᠬᠠᠮᠠᠭᠠᠯᠠᠨ ᠨᠣᠭᠤᠭᠠᠨ ᠥᠩᠭᠡ ᠶᠢ ᠨᠡᠮᠡᠭᠳᠡᠭᠦᠯᠬᠦ᠂ ᠡᠷᠬᠡ ᠲᠠᠢ ᠪᠣᠯ ᠵᠠᠪᠠᠯ ᠬᠠᠷᠢᠭᠤᠴᠠᠯᠭ᠎ᠠ ᠲᠠᠢ | ᠪᠠᠶᠢᠬᠤ᠂ ᠬᠠᠷᠢᠭᠤᠴᠠᠯᠭ᠎ᠠ ᠲᠠᠢ ᠪᠣᠯ ᠵᠠᠪᠠᠯ ᠡᠭᠦᠷᠭᠡᠯᠡᠵᠦ᠂ ᠬᠠᠷᠢᠭᠤᠴᠠᠯᠭ᠎ᠠ ᠠᠯᠳᠠᠪᠠᠯ ᠵᠠᠪᠠᠯ ᠨᠡᠬᠡᠮᠵᠢᠯᠡᠬᠦ ᠴᠢᠬᠤᠯᠠ | ᠵᠢᠭᠠᠪᠤᠷᠢ ᠶᠢ ᠴᠢᠩᠭ᠎ᠠ ᠵᠢᠷᠤᠮᠯᠠᠨ᠂ ᠠᠮᠢ ᠠᠬᠤᠢ ᠶᠢᠨ ᠣᠷᠴᠢᠨ ᠨᠥᠬᠦᠴᠡᠯ ᠤᠨ ᠶᠡᠭᠡ ᠪᠠᠶᠢᠴᠠᠭᠠᠯᠲᠠ᠂ ᠶᠡᠭᠡ | ᠴᠡᠭᠴᠡᠯᠡᠨ ᠵᠠᠰᠠᠯᠲᠠ᠂ ᠶᠡᠭᠡ ᠳᠡᠭᠡᠭᠰᠢᠯᠡᠭᠦᠯᠬᠦ ᠠᠵᠢᠯᠯᠠᠭ᠎ᠠ ᠶᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ᠂ | ᠲᠤᠯᠭᠠᠮ᠎ᠠ ᠰᠡᠳᠬᠢᠯᠭᠡ ᠪᠠᠨ ᠬᠦᠴᠦᠯᠡᠨ ᠴᠢᠩᠭᠠᠳᠬᠠᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ | ᠪᠠᠷᠢᠮᠲᠠᠯᠠᠵᠤ᠂ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠨᠡᠩ ᠶᠡᠭᠡ | ᠡᠷᠴᠢᠮ ᠢᠶᠠᠷ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ | ᠴᠢᠩᠭᠠᠳᠬᠠᠵᠤ᠂ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠮᠠᠨ ᠤ ᠤᠯᠤᠰ ᠤᠨ ᠤᠮᠠᠷᠠᠲᠤ ᠶᠢᠨ | ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠵᠦ᠂ ᠨᠡᠶᠢᠰᠯᠡᠯ ᠤᠨ ᠠᠮᠢ ᠠᠬᠤᠢ ᠶᠢᠨ | ᠠᠮᠤᠷ ᠲᠦᠪᠰᠢᠨ ᠤ ︽ᠬᠤᠳᠠ ᠶᠢᠨ ᠤᠨᠠᠭᠤᠯᠢ︾ ᠶᠢ ᠬᠠᠮᠠᠭᠠᠯᠠᠵᠤ᠂ ᠬᠤᠸᠠᠳᠧ ᠶᠢᠨ ᠬᠠᠷᠢᠭᠤᠴᠠᠯᠭ᠎ᠠ ᠶᠢ | ᠢᠯᠡᠷᠡᠭᠦᠯᠵᠦ᠂ ᠬᠤᠸᠠᠳᠧ ᠶᠢᠨ ᠬᠦᠴᠦᠨ ᠴᠢᠳᠠᠯ ᠢ ᠡᠷᠭᠦᠵᠦ᠂ ᠰᠢᠯᠢᠳᠡᠭ ᠠᠮᠵᠢᠯᠲᠠ ᠪᠠᠷ ᠢᠶᠠᠨ ᠨᠠᠮ ᠤᠨ | ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠪᠡ᠃ | ᠴᠠᠩ ᠳ᠋ᠠ ᠸᠧᠢ ᠴᠢᠬᠤᠯᠠᠴᠢᠯᠠᠭᠰᠠᠨ ᠨᠢ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ | ︽ᠬᠤᠶᠠᠷ ᠠᠯᠪᠠᠨ ᠭᠡᠷ︾ ᠬᠤᠷᠠᠯ ᠳᠤ ᠣᠷᠣᠯᠴᠠᠭᠰᠠᠳ ᠤᠨ ᠳᠤᠷᠠᠳᠤᠭᠰᠠᠨ ᠰᠠᠨᠠᠯ ᠪᠣᠯᠣᠨ ᠰᠠᠨᠠᠭᠤᠯᠭ᠎ᠠ ᠲᠠᠢ | ᠤᠶᠠᠯᠳᠤᠭᠤᠯᠵᠤ᠂ ᠰᠢᠨ᠎ᠡ ᠨᠢᠭᠡ ᠡᠭᠡᠯᠵᠢ ᠶᠢᠨ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠱᠠᠯᠠᠪᠳᠠᠭᠤᠯᠤᠨ ᠪᠠᠶᠢᠴᠠᠭᠠᠬᠤ ᠭᠤᠣᠯᠳᠠᠯᠭ᠎ᠠ ᠲᠠᠢ ᠠᠭᠤᠯᠭ᠎ᠠ᠂ ᠭᠤᠣᠯᠳᠠᠯᠭ᠎ᠠ ᠲᠠᠢ ᠬᠦᠷᠢᠶ᠎ᠡ ᠶᠢᠨ ᠲᠣᠭᠤᠷᠢᠨ ᠳᠤ᠂ | ᠪᠤᠰᠤᠳ ᠭᠠᠵᠠᠷ ᠣᠷᠣᠨ ᠤ ᠨᠢᠭᠡᠨᠲᠡ ᠵᠢᠭᠠᠵᠤ ᠭᠠᠷᠭᠠᠭᠰᠠᠨ ᠨᠡᠶᠢᠲᠡᠯᠢᠭ ᠠᠮᠢ ᠠᠬᠤᠢ ᠶᠢᠨ ᠠᠰᠠᠭᠤᠳᠠᠯ ᠲᠠᠢ | ᠬᠠᠷᠢᠴᠠᠭᠤᠯᠵᠤ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠠᠵᠢᠯ ᠤᠨ ᠲᠥᠰᠥᠯ ᠢᠶᠠᠨ ᠨᠠᠷᠢᠯᠢᠭᠵᠢᠭᠤᠯᠬᠤ | ᠬᠡᠷᠡᠭᠲᠡᠢ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠠᠵᠢᠯ ᠤᠨ ᠲᠥᠰᠥᠯ ᠲᠠᠢ ᠪᠠᠨ ᠬᠠᠷᠢᠴᠠᠭᠤᠯᠤᠨ᠂ | ᠡᠭᠦᠷᠭᠡ ᠪᠠᠨ ᠰᠠᠨᠠᠭᠠᠴᠢᠯᠠᠭ᠎ᠠ ᠠᠴᠠ ᠪᠠᠨ ᠲᠠᠨᠢᠵᠤ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢᠶᠠᠷ | ᠡᠭᠦᠷᠭᠡ ᠪᠠᠨ ᠨᠠᠷᠢᠯᠢᠭᠵᠢᠭᠤᠯᠤᠨ ᠬᠡᠮᠵᠢᠶᠡᠵᠢᠭᠦᠯᠵᠦ᠂ ᠬᠠᠷᠢᠭᠤᠴᠠᠯᠭᠠᠲᠠᠨ ᠢ ᠲᠣᠳᠣᠷᠬᠠᠶᠢᠯᠠᠵᠤ᠂ ᠲᠥᠪ ᠤᠨ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠶᠢ ᠤᠭᠲᠤᠬᠤ ᠡᠯ᠎ᠡ ᠵᠦᠢᠯ ᠤᠨ ᠠᠵᠢᠯ ᠢ ᠯᠠᠪᠳᠠᠭᠤᠨ | ᠪᠠᠲᠤᠲᠠᠢ ᠰᠠᠶᠢᠲᠤᠷ ᠬᠢᠵᠦ᠂ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠬᠤᠲᠠ ᠶᠢᠨ ᠨᠠᠮ ᠤᠨ ᠬᠤᠷᠢᠶ᠎ᠠ ᠵᠢᠴᠢ ᠪᠥᠬᠦ ᠰᠢᠶᠠᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠨᠢᠭᠡ | ᠬᠤᠪᠢ ᠬᠢᠷᠢ ᠲᠡᠩᠴᠡᠭᠰᠡᠨ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠢ᠃ | ᠬᠤᠷᠠᠯ ᠠᠴᠠ ᠪᠠᠰᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠸᠠᠳᠧ ᠰᠢᠶᠠᠨ ᠤ ᠠᠷᠪᠠᠨ | ᠳᠥᠷᠪᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠤᠶᠠᠳᠤᠭᠠᠷ ᠪᠥᠬᠦᠳᠡ ᠬᠤᠷᠠᠯ | ᠳᠡᠭᠡᠷᠡᠬᠢ ᠠᠵᠢᠯ ᠤᠨ ᠢᠯᠡᠳᠬᠡᠯ ︵ᠶᠠᠷᠢᠯᠴᠠᠬᠤ ᠨᠣᠣᠷᠠᠭ︶︾᠂ ᠳᠤᠮᠳᠠᠳᠤ ᠤᠯᠤᠰ ᠤᠨ ᠡᠪ ᠬᠠᠮᠲᠤ ᠨᠠᠮ ᠤᠨ | ᠬᠤᠸᠠᠳᠧ ᠰᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ | ᠬᠤᠶᠠᠳᠤᠭᠠᠷ ᠪᠥᠬᠦᠳᠡ ᠬᠤᠷᠠᠯ ᠢ ᠬᠤᠷᠠᠯᠳᠤᠭᠤᠯᠬᠤ ᠴᠠᠭ᠂ ︽ᠬᠤᠸᠠᠳᠧ ᠰᠢᠶᠠᠨ ᠤ ᠠᠷᠪᠠᠳᠤᠭᠠᠷ ᠬᠤᠭᠤᠴᠠᠭᠠᠨ ᠤ | ᠦᠢᠯᠡᠳᠪᠦᠷᠢ ᠬᠤᠳᠠᠯᠳᠤᠭᠠᠨ ᠤ ᠬᠤᠯᠪᠣᠭ᠎ᠠ ︵ᠬᠤᠳᠠᠯᠳᠤᠭᠠᠴᠢᠳ ᠤᠨ ᠶᠡᠷᠦᠩᠬᠡᠢ ᠡᠪᠯᠡᠯ︶ ᠶᠢᠨ ᠭᠦᠢᠴᠡᠳᠬᠡᠬᠦ | ᠺᠣᠮᠢᠰ ᠤᠨ ᠭᠡᠰᠢᠭᠦᠨ ︵ᠳᠡᠭᠡᠭᠰᠢᠬᠢ︶ ᠤ ᠵᠢᠱᠢᠭᠳᠡᠭᠰᠡᠳ ᠤᠨ ᠰᠠᠨᠠᠭᠤᠯᠭ᠎ᠠ ᠶᠢᠨ ᠨᠡᠷᠡᠰ︾ ᠢ ᠰᠤᠳᠤᠯᠤᠨ ᠬᠢᠨᠠᠨ | ᠶᠠᠷᠢᠯᠴᠠᠪᠠ᠃ | ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠦᠷᠦ ᠶᠢᠨ | ᠵᠥᠪᠯᠡᠯᠭᠡᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠤᠯᠤᠰ ᠲᠦᠷᠦ ᠶᠢᠨ ᠭᠡᠰᠢᠭᠦᠨ᠂ ᠳᠣᠲᠣᠭᠠᠳᠤ ᠶᠢ | ᠬᠠᠮᠠᠭᠠᠯᠠᠬᠤ ᠲᠣᠪᠴᠢᠶᠠᠨ ᠤ ᠤᠯᠤᠰ ᠲᠦᠷᠦ ᠶᠢᠨ ᠭᠡᠰᠢᠭᠦᠨ᠂ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ︽ | ᠬᠤᠶᠠᠷ ᠳᠠᠷᠤᠭ᠎ᠠ︾︔ ᠰᠢᠶᠠᠨ ᠤ ᠨᠠᠮ ᠤᠨ ᠬᠤᠷᠢᠶᠠᠨ ᠤ ᠡᠯ᠎ᠡ ᠰᠠᠯᠠᠭ᠎ᠠ ᠮᠥᠴᠢᠷ᠂ ᠰᠢᠶᠠᠨ ᠤ ᠰᠢᠭᠤᠳ ᠬᠠᠷᠢᠶ᠎ᠠ | ᠡᠯ᠎ᠡ ᠨᠢᠭᠡᠴᠡ᠂ ᠡᠯ᠎ᠡ ᠠᠷᠠᠳ ᠤᠨ ᠪᠦᠯᠬᠦᠮ᠂ ᠰᠢᠶᠠᠨ ᠤ ᠬᠠᠷᠢᠶ᠎ᠠ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ᠂ | ᠡᠯ᠎ᠡ ᠰᠢᠶᠠᠩ ᠪᠠᠯᠭᠠᠰᠤᠨ ᠤ ᠬᠠᠷᠢᠭᠤᠴᠠᠯᠭᠠᠲᠠᠨ ᠬᠤᠷᠠᠯ ᠳᠤ ᠰᠤᠯᠠ ᠣᠷᠤᠯᠴᠠᠪᠡ᠃ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠣᠳᠣᠨᠭᠡᠷᠡᠯ | ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ | | | | | | |