ᠶᠠᠨ ᠵᠢᠶᠦ᠋ᠨ ᠵᠠᠬᠢᠳᠠᠯ ᠰᠣᠷᠪᠤᠯᠵᠢᠯᠠᠭ᠎ᠠ ᠶᠢᠨ ᠲᠢᠩᠬᠢᠮ ᠳᠤ ᠰᠣᠷᠪᠤᠯᠵᠢᠯᠠᠷ᠎ᠠ ᠢᠷᠡᠭᠰᠡᠨ ᠤᠯᠠᠨ ᠲᠦᠮᠡᠨ ᠢ ᠭᠥᠯᠢᠶᠡᠨ ᠠᠪᠤᠪᠠ
ᠨᠡᠶᠢᠲᠡᠯᠡᠭᠰᠡᠨ ᠴᠠᠭ᠄
2022/2/18
   2 ᠰᠠᠷ᠎ᠠ ᠶᠢᠨ 17  ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ ᠶᠠᠨ ᠵᠢᠶᠦ᠋ᠨ ᠵᠠᠬᠢᠳᠠᠯ ᠰᠣᠷᠪᠤᠯᠵᠢᠯᠠᠭ᠎ᠠ ᠶᠢᠨ ᠲᠢᠩᠬᠢᠮ ᠳᠤ ᠰᠤᠷᠪᠤᠯᠵᠢᠯᠠᠬᠤ ᠪᠠᠷ ᠢᠷᠡᠭᠰᠡᠨ ᠤᠯᠠᠨ ᠲᠦᠮᠡᠨ ᠢ ᠭᠥᠯᠢᠶᠡᠨ ᠠᠪᠴᠤ᠂ ᠤᠯᠠᠨ ᠲᠦᠮᠡᠨ ᠤ ᠰᠡᠳᠬᠢᠯ ᠤᠨ ᠦᠭᠡ ᠶᠢ ᠰᠣᠨᠣᠰᠴᠤ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠢᠢᠳᠪᠤᠷᠢᠯᠡᠪᠡ᠃
   ᠲᠣᠰ ᠤᠳᠠᠭ᠎ᠠ ᠶᠢᠨ ᠰᠣᠷᠪᠤᠯᠵᠢᠯᠠᠭ᠎ᠠ ᠶᠢ ᠭᠥᠯᠢᠶᠡᠨ ᠠᠪᠬᠤ ᠳᠤ ᠵᠢᠩ ᠰᠢᠶᠠᠩ ᠵᠢᠶᠠ ᠶᠤᠸᠠᠨ᠂ ᠴᠠᠩ ᠴᠢᠩ ᠶᠤᠸᠠᠨ ᠪᠠᠭ᠎ᠠ ᠲᠣᠭᠤᠷᠢᠭ ᠤᠨ ᠢᠯᠴᠢ ᠬᠠᠩᠭᠠᠬᠤ ᠪᠠ ᠠᠳᠠᠯ ᠠᠬᠤᠢ ᠶᠢᠨ ᠬᠠᠮᠢᠶᠠᠷᠤᠯᠲᠠ᠂ ᠶᠠᠪᠠᠭᠠᠨ ᠵᠡᠭᠡᠯᠢ ᠶᠢᠨ ᠲᠠᠸᠠᠷ ᠤᠨ ᠭᠡᠷ ᠪᠠᠶᠢᠰᠢᠩ ᠳᠤ ᠥᠯᠥ ᠬᠥᠳᠡᠯᠬᠦ ᠬᠥᠷᠥᠩᠭᠡ ᠶᠢᠨ ᠦᠨᠡᠮᠯᠡᠯ ᠠᠪᠴᠤ ᠪᠣᠯᠬᠤ ᠦᠭᠡᠢ᠂ ᠪᠠᠷᠢᠯᠭ᠎ᠠ ᠶᠢᠨ ᠵᠣᠭᠤᠰ ᠢ ᠥᠷᠢᠲᠦᠬᠦ᠂ ᠲᠥᠷᠥᠯ ᠵᠦᠢᠯ ᠤᠨ ᠪᠡᠯᠡ ᠮᠥᠩᠭᠦ ᠶᠢ ᠰᠢᠯᠵᠢᠭᠦᠯᠦᠨ ᠥᠭᠭᠦᠭᠰᠡᠨ ᠦᠭᠡᠢ ᠵᠡᠷᠭᠡ ᠠᠰᠠᠭᠤᠳᠠᠯ ᠬᠤᠯᠪᠣᠭᠳᠠᠨ᠎ᠠ᠃    ᠰᠣᠷᠪᠤᠯᠵᠢᠯᠠᠭ᠎ᠠ ᠶᠢ ᠭᠥᠯᠢᠶᠡᠨ ᠠᠪᠬᠤ ᠶᠠᠪᠤᠴᠠ ᠳᠤ᠂ ᠶᠠᠨ ᠵᠢᠶᠦ᠋ᠨ ᠰᠤᠷᠪᠤᠯᠵᠢᠯᠠᠬᠤ ᠪᠠᠷ ᠢᠷᠡᠭᠰᠡᠨ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠬᠦᠯᠢᠴᠡᠩᠭᠦᠢ ᠪᠠᠷ ᠰᠣᠨᠣᠰᠴᠤ᠂ ᠵᠠᠬᠢᠳᠠᠯ ᠰᠣᠷᠪᠤᠯᠵᠢᠯᠠᠭ᠎ᠠ ᠶᠢᠨ ᠮᠠᠲ᠋ᠧᠷᠢᠶᠠᠯ ᠢ ᠨᠠᠷᠢᠨ ᠪᠠᠶᠢᠴᠠᠭᠠᠨ ᠦᠵᠡᠵᠦ᠂ ᠤᠯᠠᠨ ᠲᠦᠮᠡᠨ ᠨᠢᠭᠡᠪᠦᠷᠢ ᠶᠢᠨ ᠲᠤᠰᠬᠠᠭᠰᠠᠨ ᠠᠰᠠᠭᠤᠳᠠᠯ ᠢ ᠨᠠᠷᠢᠨ ᠨᠢᠭᠲᠠ ᠲᠡᠮᠳᠡᠭᠯᠡᠵᠦ᠂ ᠵᠠᠬᠢᠳᠠᠯ ᠰᠣᠷᠪᠤᠯᠵᠢᠯᠠᠭ᠎ᠠ ᠶᠢᠨ ᠠᠰᠠᠭᠤᠳᠠᠯ ᠳᠤ ᠬᠤᠯᠪᠣᠭᠳᠠᠭᠰᠠᠨ ᠢᠯᠴᠢ ᠬᠠᠩᠭᠠᠬᠤ ᠠᠵᠤ ᠠᠬᠤᠶᠢᠯᠠᠯ ᠪᠣᠯᠣᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠴᠠ ᠬᠤᠯᠪᠣᠭᠳᠠᠯ ᠪᠦᠬᠦᠢ ᠪᠠᠶᠢᠳᠠᠯ ᠢ ᠣᠶᠢᠯᠠᠭᠠᠵᠤ᠂ ᠤᠴᠢᠷ ᠶᠠᠪᠤᠳᠠᠯ ᠤᠨ ᠤᠭ ᠰᠢᠯᠲᠠᠭᠠᠨ ᠢ ᠬᠢᠨᠠᠨ ᠬᠠᠷᠭᠤᠭᠤᠯᠪᠠ᠃ ᠪᠣᠳᠠᠲᠤ ᠶᠠᠪᠤᠳᠠᠯ ᠨᠢ ᠲᠣᠳᠣᠷᠬᠠᠢ᠂ ᠬᠠᠷᠢᠭᠤᠴᠠᠯᠭ᠎ᠠ ᠨᠢ ᠲᠣᠳᠣᠷᠬᠠᠢ ᠭᠤᠮᠣᠳᠠᠯ ᠱᠠᠭᠠᠷᠳᠠᠯᠭ᠎ᠠ ᠶᠢ ᠲᠤᠬᠠᠢ ᠶᠢᠨ ᠲᠠᠯᠠᠪᠤᠷ ᠲᠤᠨᠢ ᠵᠣᠬᠢᠴᠠᠭᠤᠯᠤᠨ ᠰᠢᠢᠳᠪᠦᠷᠢᠯᠡᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠲᠡᠷᠡ ᠳᠠᠷᠤᠢ ᠳᠤᠨᠢ ᠨᠠᠶᠢᠳᠠᠪᠤᠷᠢᠵᠢᠭᠤᠯᠤᠨ ᠰᠢᠢᠳᠪᠦᠷᠢᠯᠡᠭᠦᠯᠬᠦ ᠪᠠᠷ ᠱᠠᠭᠠᠷᠳᠠᠵᠠᠢ᠃
   ᠶᠠᠨ ᠵᠢᠶᠦ᠋ᠨ ᠲᠤᠬᠠᠢ ᠶᠢᠨ ᠲᠠᠯᠠᠪᠤᠷ ᠲᠤ ᠰᠢᠢᠳᠪᠦᠷᠢᠯᠡᠵᠦ ᠳᠡᠶᠢᠯᠬᠦ ᠦᠭᠡᠢ ᠠᠰᠠᠭᠤᠳᠠᠯ ᠳᠤ᠂ ᠤᠯᠠᠨ ᠲᠦᠮᠡᠨ ᠳᠤ ᠲᠦᠷᠦ ᠶᠢᠨ ᠪᠣᠳᠣᠯᠭ᠎ᠠ ᠪᠠ ᠶᠣᠰᠣ ᠤᠴᠢᠷ ᠢ ᠲᠣᠳᠣᠷᠬᠠᠢ ᠶᠠᠷᠢᠵᠤ ᠥᠭᠬᠦ ᠶᠢᠨ ᠬᠠᠮᠲᠤ ᠵᠥᠪ ᠣᠨᠣᠪᠴᠢᠲᠠᠢ ᠬᠠᠷᠢᠭᠤᠯᠲᠠ ᠥᠭᠴᠦ᠂ ᠤᠯᠠᠨ ᠲᠦᠮᠡᠨ ᠤ ᠣᠶᠢᠯᠠᠭᠠᠯᠲᠠ ᠪᠠ ᠳᠡᠮᠵᠢᠯᠭᠡ ᠶᠢ ᠣᠯᠬᠤ ᠪᠠᠷ ᠴᠢᠷᠮᠠᠶᠢᠬᠤ ᠶᠢᠨ ᠬᠠᠮᠲᠤ ᠬᠤᠯᠪᠣᠭᠳᠠᠯ ᠪᠦᠬᠦᠢ ᠬᠠᠷᠢᠭᠤᠴᠠᠯᠭᠠᠲᠤ ᠨᠢᠭᠡᠴᠡ ᠶᠢ ᠨᠠᠷᠢᠨ ᠬᠢᠨᠠᠮᠠᠭᠠᠢ ᠪᠠᠶᠢᠴᠠᠭᠠᠨ ᠰᠤᠳᠤᠯᠵᠤ᠂ ᠴᠠᠭ ᠲᠤᠬᠠᠢ ᠳᠤᠨᠢ ᠪᠠᠶᠢᠳᠠᠯ ᠢ ᠣᠶᠢᠯᠠᠭᠠᠵᠤ᠂ ᠰᠢᠢᠳᠪᠦᠷᠢᠯᠡᠬᠦ ᠰᠠᠨᠠᠯ ᠢᠶᠠᠨ ᠳᠤᠷᠠᠳᠴᠤ᠂ ᠤᠯᠠᠨ ᠲᠦᠮᠡᠨ ᠳᠤ ᠬᠠᠨᠤᠮᠵᠢᠲᠠᠢ ᠬᠠᠷᠢᠭᠤᠯᠲᠠ ᠥᠭᠬᠦ ᠶᠢ ᠲᠣᠳᠣᠷᠬᠠᠶᠢᠯᠠᠪᠠ᠃    ᠰᠠᠭᠤᠭᠠᠯᠢ ᠲᠣᠭᠤᠷᠢᠭ ᠤᠨ ᠠᠷᠠᠳ ᠤᠨ ᠲᠤᠰᠬᠠᠭᠰᠠᠨ ᠳᠤᠯᠠᠭᠠᠯᠭ᠎ᠠ ᠶᠢᠨ ᠠᠰᠠᠭᠤᠳᠠᠯ ᠳᠤ ᠴᠢᠭᠯᠡᠭᠦᠯᠦᠨ᠂ ᠶᠠᠨ ᠵᠢᠶᠦ᠋ᠨ᠂ ᠢᠯᠴᠢ ᠬᠠᠩᠭᠠᠬᠤ ᠠᠵᠤ ᠠᠬᠤᠶᠢᠯᠠᠯ ᠴᠠᠭ ᠲᠤᠬᠠᠢ ᠳᠤᠨᠢ ᠡᠷᠦᠬᠡ ᠳᠤ ᠬᠦᠷᠴᠦ ᠳᠤᠯᠠᠭᠠᠯᠭ᠎ᠠ ᠶᠢᠨ ᠪᠠᠶᠢᠳᠠᠯ ᠢ ᠪᠠᠶᠢᠴᠠᠭᠠᠨ ᠦᠵᠡᠵᠦ᠂ ᠪᠣᠳᠠᠲᠠᠢ ᠳᠤᠯᠠᠭᠠᠨ ᠤ ᠬᠡᠮᠵᠢᠶ᠎ᠡ ᠶᠢ ᠰᠢᠯᠭᠠᠨ ᠪᠠᠶᠢᠴᠠᠭᠠᠵᠤ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠰᠠᠭᠤᠭᠠᠯᠢ ᠠᠷᠠᠳ ᠤᠨ ᠳᠤᠯᠠᠭᠠᠯᠭ᠎ᠠ ᠶᠢᠨ ᠠᠰᠠᠭᠤᠳᠠᠯ ᠢ ᠲᠦᠷᠭᠡᠨ ᠰᠢᠢᠳᠪᠦᠷᠢᠯᠡᠵᠦ᠂ ᠳᠤᠯᠠᠭᠠᠯᠭ᠎ᠠ ᠶᠢ ᠭᠦᠢᠴᠡᠳ ᠬᠠᠩᠭᠠᠬᠤ᠂ ᠭᠡᠷ ᠤᠨ ᠳᠤᠯᠠᠭᠠᠨ ᠢ ᠪᠠᠷᠢᠮᠵᠢᠶ᠎ᠠ ᠳᠤ ᠬᠦᠷᠭᠡᠬᠦ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃      ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ     ᠣᠷᠴᠢᠭᠤᠯᠤᠭᠴᠢ᠄ ᠣᠳᠣᠨᠭᠡᠷᠡᠯ     ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2