︽2022 ᠣᠨ ᠤ ᠬᠤᠸᠠᠳᠧ ᠰᠢᠶᠠᠨ ᠤ ᠲᠤᠯᠤᠭᠠᠨ ᠶᠡᠭᠡ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠳᠡᠭᠡᠭᠰᠢᠯᠡᠭᠦᠯᠬᠦ ᠡᠭᠦᠷᠭᠡ ᠶᠢ ᠵᠠᠳᠠᠯᠬᠤ ᠠᠵᠢᠯ ᠤᠨ ᠲᠥᠰᠥᠯ︾ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2022/2/28
     ᠬᠤᠸᠠᠳᠧ ᠵᠠᠰᠠᠭ ᠠᠯᠪᠠᠨ ᠲᠠᠷᠬᠠᠭᠠᠭᠰᠠᠨ 〔2022〕5 ᠳ᠋ᠤᠭᠠᠷ ᠲᠣᠭᠠᠲᠤᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠂ ᠰᠢᠶᠠᠨ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠄   ︽ 2022 ᠣᠨ ᠤ ᠬᠤᠸᠠᠳᠧ ᠰᠢᠶᠠᠨ ᠤ ᠲᠤᠯᠤᠭᠠᠨ ᠶᠡᠭᠡ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠳᠡᠭᠡᠭᠰᠢᠯᠡᠭᠦᠯᠬᠦ ᠡᠭᠦᠷᠭᠡ ᠶᠢ ᠬᠤᠪᠢᠶᠠᠷᠢᠯᠠᠬᠤ ᠠᠵᠢᠯ ᠤᠨ ᠲᠥᠰᠥᠯ︾ ᠢ ᠰᠢᠶᠠᠨ ᠤ ᠨᠠᠮ ᠤᠨ ᠬᠤᠷᠢᠶᠠᠨ ᠤ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ 2022 ᠣᠨ ᠤ ᠨᠢᠭᠡᠳᠦᠭᠡᠷ ᠤᠳᠠᠭ᠎ᠠ ᠶᠢᠨ ᠬᠤᠷᠠᠯ ᠠᠴᠠ ᠰᠤᠳᠤᠯᠤᠨ ᠪᠠᠲᠤᠯᠠᠪᠠ ᠂ ᠡᠳᠦᠭᠡ ᠲᠠᠨᠠᠷ ᠲᠤ ᠳᠠᠷᠤᠮᠠᠯᠯᠠᠨ ᠲᠠᠷᠬᠠᠭᠠᠪᠠ ᠂ ᠪᠣᠳᠠᠲᠠᠢ ᠲᠠᠢ ᠪᠠᠨ ᠤᠶᠠᠯᠳᠤᠭᠤᠯᠵᠤ ᠪᠠᠶᠢᠭᠠᠳ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠨᠠᠷᠢᠨ ᠬᠢᠨᠠᠮᠠᠭᠠᠢ ᠰᠠᠶᠢᠲᠤᠷ ᠠᠳᠬᠤᠬᠤ ᠶᠢ ᠬᠦᠰᠡᠵᠦ ᠪᠠᠶᠢᠨ᠎ᠠ ᠃                ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ                          2022 ᠣᠨ ᠤ 2 ᠰᠠᠷ᠎ᠠ ᠶᠢᠨ 26   2022 ᠣᠨ ᠤ ᠬᠤᠸᠠᠳᠧ ᠰᠢᠶᠠᠨ ᠤ ᠲᠤᠯᠤᠭᠠᠨ ᠶᠡᠭᠡ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠳᠡᠭᠡᠭᠰᠢᠯᠡᠭᠦᠯᠬᠦ ᠡᠭᠦᠷᠭᠡ ᠶᠢ ᠵᠠᠳᠠᠯᠬᠤ ᠠᠵᠢᠯ ᠤᠨ ᠲᠥᠰᠥᠯ2022 ᠣᠨ ᠪᠣᠯ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢ ᠦᠷᠭᠦᠯᠵᠢᠯᠡᠨ ᠬᠡᠷᠡᠭᠵᠢᠭᠦᠯᠬᠦ ᠶᠢ ᠵᠠᠯᠭᠠᠵᠤ ᠬᠢᠬᠦ ᠵᠢᠯ ᠮᠥᠨ᠂ ᠠᠵᠤ ᠠᠬᠤᠢ ᠶᠢᠨ ᠲᠣᠭᠲᠠᠭᠤᠨ ᠢᠶᠠᠷ ᠨᠡᠮᠡᠭᠳᠡᠬᠦ ᠪᠠᠶᠢᠳᠠᠯ ᠢ ᠦᠷᠭᠦᠯᠵᠢᠯᠡᠨ ᠬᠤᠪᠢᠷᠠᠭᠤᠯᠬᠤ ᠦᠭᠡᠢ ᠪᠠᠶᠢᠬᠤ ᠶᠢ ᠦᠷᠭᠦᠯᠵᠢᠯᠡᠨ ᠪᠠᠲᠤᠯᠠᠬᠤ ᠪᠣᠯ ᠪᠦᠬᠦ ᠵᠢᠯ ᠤᠨ ᠠᠵᠤ ᠠᠬᠤᠢ ᠶᠢᠨ ᠠᠵᠢᠯ ᠤᠨ ᠶᠡᠷᠦᠩᠬᠡᠢ ᠬᠠᠷᠠᠯᠲᠠ ᠮᠥᠨ ᠃ 2022 ᠣᠨ ᠤ ᠠᠵᠤ ᠠᠬᠤᠢ ᠶᠢᠨ ᠰᠠᠶᠢᠨ ᠡᠬᠢᠯᠡᠯᠲᠡ ᠲᠠᠢ ᠪᠣᠯᠬᠤ ᠶᠢ ᠪᠠᠲᠤᠯᠠᠬᠤ ᠶᠢᠨ ᠲᠥᠯᠥᠭᠡ᠂ ᠪᠥᠬᠦ ᠵᠢᠯ ᠤᠨ ᠡᠯ᠎ᠡ ᠵᠦᠢᠯ ᠤᠨ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠵᠢᠱᠢᠭᠰᠡᠨ ᠬᠠᠷᠠᠯᠲᠠ ᠶᠢ ᠤᠷᠤᠭᠰᠢᠲᠠᠢ ᠪᠡᠶᠡᠯᠡᠭᠦᠯᠵᠦ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠠᠵᠤ ᠠᠬᠤᠢ ᠶᠢᠨ ᠠᠵᠢᠯ ᠤᠨ ᠲᠤᠬᠠᠢ ᠳᠤᠷᠠᠳᠤᠭᠰᠠᠨ ᠤᠷᠢᠳᠴᠢᠯᠠᠨ ᠲᠥᠯᠥᠪᠯᠡᠬᠦ᠂ ᠰᠠᠨᠠᠭᠠᠴᠢᠯᠠᠭ᠎ᠠ ᠲᠠᠢ ᠪᠠᠷ ᠳᠠᠭᠠᠷᠢᠬᠤ ᠶᠣᠰᠣᠭᠠᠷ᠂ ᠡᠯ᠎ᠡ ᠵᠦᠢᠯ ᠤᠨ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠳᠡᠭᠡᠭᠰᠢᠯᠡᠭᠦᠯᠬᠦ ᠡᠭᠦᠷᠭᠡ ᠶᠢ ᠬᠥᠮᠥᠨ ᠳᠤ ᠬᠦᠷᠲᠡᠯ᠎ᠡ ᠬᠤᠪᠢᠶᠠᠵᠤ᠂ ᠬᠠᠷᠢᠭᠤᠴᠠᠯᠭ᠎ᠠ ᠶᠢ ᠤᠴᠢᠷ ᠶᠠᠪᠤᠳᠠᠯ ᠳᠤ ᠬᠦᠷᠲᠡᠯ᠎ᠡ ᠨᠠᠶᠢᠳᠠᠪᠤᠷᠢᠵᠢᠭᠤᠯᠬᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠮᠠᠨ ᠤ ᠰᠢᠶᠠᠨ ᠤ 2021 ᠣᠨ ᠤ ᠡᠯ᠎ᠡ ᠵᠦᠢᠯ ᠤᠨ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ ᠲᠠᠢ ᠤᠶᠠᠯᠳᠤᠭᠤᠯᠤᠨ᠂ ᠣᠨᠴᠠᠭᠠᠶᠢᠯᠠᠨ ᠳᠣᠣᠷᠠᠬᠢ ᠮᠡᠲᠦ ᠠᠵᠢᠯ ᠤᠨ ᠲᠥᠰᠥᠯ ᠢ ᠲᠣᠭᠲᠠᠭᠠᠪᠠ᠃   ᠨᠢᠭᠡ᠂ ᠠᠵᠢᠯ ᠤᠨ ᠵᠠᠷᠴᠢᠮ   ︽ᠲᠤᠰᠬᠠᠢ ᠬᠥᠮᠥᠨ ᠲᠤᠰᠬᠠᠢ ᠠᠩᠭᠢ᠂ ᠰᠠᠷ᠎ᠠ ᠶᠢᠨ ᠲᠣᠬᠢᠷᠠᠭᠤᠯᠤᠯᠲᠠ ᠶᠢ ᠰᠠᠷ᠎ᠠ ᠳᠤ ᠰᠤᠳᠤᠯᠤᠨ ᠮᠠᠭᠠᠳᠯᠠᠬᠤ ᠂ ᠬᠠᠮᠲᠤᠷᠠᠨ ᠬᠢᠨᠠᠨ ᠪᠠᠶᠢᠴᠠᠭᠠᠬᠤ ᠳᠦᠷᠢᠮ᠂ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ   ᠠᠴᠠ ᠰᠢᠮᠳᠠᠭᠤᠯᠤᠨ ᠰᠢᠢᠳᠪᠦᠷᠢᠯᠡᠭᠦᠯᠬᠦ᠂ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠪᠠᠶᠢᠴᠠᠭᠠᠨ ᠰᠢᠢᠳᠪᠦᠷᠢᠯᠡᠬᠦ︾ ᠵᠠᠷᠴᠢᠮ ᠢ ᠬᠡᠷᠡᠭᠵᠢᠭᠦᠯᠵᠦ᠂ ᠡᠯ᠎ᠡ ᠰᠠᠯᠠᠭ᠎ᠠ ᠮᠥᠴᠢᠷ ᠤᠳ ᠬᠠᠮᠵᠢᠯᠴᠠᠨ ᠬᠠᠮᠲᠤᠷᠠᠯᠴᠠᠵᠤ᠂ ᠰᠢᠶᠠᠨ ᠤ ᠬᠡᠪᠴᠢᠶᠡᠨ ᠤ ᠠᠵᠤ ᠠᠬᠤᠢ ᠶᠢᠨ ᠴᠢᠨᠠᠷ ᠰᠠᠶᠢᠲᠠᠢ ᠦᠷᠭᠦᠯᠵᠢᠯᠡᠨ ᠬᠥᠭᠵᠢᠬᠦ ᠶᠢ ᠪᠥᠬᠦ ᠲᠠᠯ᠎ᠠ ᠪᠠᠷ ᠠᠬᠢᠭᠤᠯᠤᠨ᠎ᠠ᠃   ᠬᠤᠶᠠᠷ ᠂ ᠬᠠᠷᠢᠭᠤᠴᠠᠯᠭ᠎ᠠ ᠶᠢ ᠵᠠᠳᠠᠯᠬᠤ   ︵ᠨᠢᠭᠡ︶ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠳᠡᠭ ︵GDP︶ᠨᠢᠭᠡ ᠂ ᠭᠠᠵᠠᠷ ᠣᠷᠣᠨ ᠤ ᠪᠤᠢ ᠪᠦᠬᠦᠢ ᠪᠠᠶᠢᠩᠭᠤ ᠰᠠᠭᠤᠭ᠎ᠠ ᠨᠢᠭᠡᠴᠡ ᠶᠢᠨ ᠵᠣᠬᠢᠬᠤ ᠬᠤᠭᠤᠴᠠᠭᠠᠨ ᠤ ᠳᠣᠲᠣᠷ᠎ᠠ ︵ᠨᠢᠭᠡ ᠵᠢᠯ︶ ᠦᠢᠯᠡᠳᠪᠦᠷᠢᠯᠡᠯ ᠤᠨ ᠠᠵᠢᠯᠯᠠᠭ᠎ᠠ ᠶᠢᠨ ᠬᠠᠮᠤᠭ ᠡᠴᠦᠰ ᠤᠨ ᠦᠷ᠎ᠡ ᠪᠦᠲᠦᠭᠡᠯ ︵ᠲᠤᠬᠠᠶᠢᠯᠠᠪᠠᠯ᠄ ᠪᠤᠢ ᠪᠦᠬᠦᠢ ᠪᠠᠶᠢᠩᠭᠤ ᠰᠠᠭᠤᠭ᠎ᠠ ᠨᠢᠭᠡᠴᠡ ᠶᠢᠨ ᠵᠣᠬᠢᠬᠤ ᠬᠤᠭᠤᠴᠠᠭᠠᠨ ᠤ ᠳᠣᠲᠣᠷ᠎ᠠ ᠦᠢᠯᠡᠳᠪᠦᠷᠢᠯᠡᠭᠰᠡᠨ ᠬᠥᠮᠥᠰ ᠤᠨ ᠰᠢᠭᠤᠳ ᠬᠡᠷᠡᠭᠯᠡᠬᠦ ᠪᠤᠶᠤ ᠬᠡᠷᠡᠭᠯᠡᠬᠦ ᠳᠤ ᠬᠠᠩᠭᠠᠬᠤ ᠡᠳ᠋ ᠪᠣᠳᠠᠰ ᠪᠠ ᠦᠢᠯᠡᠴᠢᠯᠡᠭᠡ ︶ ᠢ ᠵᠢᠭᠠᠵᠤ ᠪᠠᠶᠢᠨ᠎ᠠ ᠃ ᠨᠢᠭᠡᠳᠦᠭᠡᠷ ᠠᠵᠤ ᠦᠢᠯᠡᠰ᠂ ᠬᠤᠶᠠᠳᠤᠭᠠᠷ ᠠᠵᠤ ᠦᠢᠯᠡᠰ᠂ ᠭᠤᠷᠪᠠᠳᠤᠭᠠᠷ ᠠᠵᠤ ᠦᠢᠯᠡᠰ ᠢᠶᠠᠷ ᠪᠦᠷᠢᠯᠳᠦᠪᠡ᠃ GDP ᠳᠤ ᠭᠤᠷᠪᠠᠨ ᠵᠦᠢᠯ ᠤᠨ ᠲᠣᠭᠠᠴᠠᠭ᠎ᠠ ᠬᠢᠬᠦ ᠠᠷᠭ᠎ᠠ ᠪᠠᠶᠢᠳᠠᠭ ᠂ ᠲᠤᠬᠠᠶᠢᠯᠠᠪᠠᠯ ᠦᠢᠯᠡᠳᠪᠦᠷᠢᠯᠡᠯ ᠤᠨ ᠬᠠᠤᠯᠢ ᠂ ᠣᠷᠣᠯᠭ᠎ᠠ ᠶᠢᠨ ᠬᠠᠤᠯᠢ ᠪᠠ ᠵᠠᠷᠤᠯᠭ᠎ᠠ ᠶᠢᠨ ᠬᠠᠤᠯᠢ ᠪᠣᠯᠣᠨ᠎ᠠ ᠃ ᠣᠳᠣᠬᠠᠨ ᠳᠤ ᠳᠤᠮᠳᠠᠳᠤ ᠤᠯᠤᠰ ᠤᠨ ᠨᠡᠶᠢᠲᠡᠯᠡᠭᠰᠡᠨ GDP ᠶᠢᠨ ᠲᠤᠭ᠎ᠠ ᠪᠠᠷᠢᠮᠲᠠ ᠳᠤ ᠦᠢᠯᠡᠳᠪᠦᠷᠢᠯᠡᠯ ᠤᠨ ᠠᠷᠭ᠎ᠠ ᠪᠠ ᠣᠷᠣᠯᠭ᠎ᠠ ᠶᠢᠨ ᠬᠠᠤᠯᠢ ᠶᠢ ᠬᠤᠯᠢᠯᠳᠤᠭᠤᠯᠤᠨ ᠪᠣᠳᠣᠬᠤ ᠠᠷᠭ᠎ᠠ ᠶᠢ ᠬᠡᠷᠡᠭᠯᠡᠵᠦ ᠪᠠᠶᠢᠭ᠎ᠠ ᠪᠥᠭᠡᠳ ᠵᠥᠪᠬᠡᠨ ᠤᠯᠠᠷᠢᠯ ᠪᠠ ᠣᠨ ᠤ ᠲᠣᠭᠠᠴᠠᠭ᠎ᠠ ᠬᠢᠵᠦ᠂ ᠤᠯᠤᠰ ᠪᠠ ᠮᠤᠵᠢ ᠶᠢᠨ ᠱᠠᠲᠤᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠠᠴᠠ ᠲᠣᠭᠠᠴᠠᠭ᠎ᠠ ᠬᠢᠵᠦ᠂ ᠶᠡᠷᠦᠩᠬᠡᠢ ᠬᠡᠮᠵᠢᠶ᠎ᠡ ᠶᠢ ᠣᠳᠣ ᠶᠢᠨ ᠬᠡᠷᠡᠭᠵᠢᠭᠦᠯᠵᠦ ᠪᠠᠶᠢᠭ᠎ᠠ ᠦᠨ᠎ᠡ ᠪᠠᠷ ᠲᠣᠭᠠᠴᠠᠭ᠎ᠠ ᠬᠢᠵᠦ᠂ ᠭᠠᠵᠠᠷ ᠣᠷᠣᠨ ᠤ ᠠᠵᠤ ᠠᠬᠤᠢ ᠶᠢᠨ ᠬᠡᠪᠴᠢᠶ᠎ᠡ ᠶᠢ ᠲᠤᠰᠬᠠᠵᠤ ᠪᠠᠶᠢᠨ᠎ᠠ ︔ ᠨᠡᠮᠡᠭᠳᠡᠯ ᠤᠨ ᠬᠤᠷᠳᠤᠴᠠ ᠶᠢ ᠦᠯᠦ ᠬᠤᠪᠢᠰᠬᠤ ᠦᠨ᠎ᠡ ᠪᠠᠷ ᠪᠤᠳᠤᠬᠤ ᠨᠢ ᠭᠠᠵᠠᠷ ᠣᠷᠣᠨ ᠤ ᠠᠵᠤ ᠠᠬᠤᠢ ᠶᠢᠨ ᠬᠥᠭᠵᠢᠯᠲᠡ ᠶᠢᠨ ᠲᠦᠷᠭᠡᠨ ᠤᠳᠠᠭᠠᠨ ᠢ ᠲᠤᠰᠬᠠᠵᠤ ᠪᠠᠶᠢᠨ᠎ᠠ ᠃   GDP ᠶᠢᠨ ᠲᠣᠭᠠᠴᠠᠭ᠎ᠠ ᠬᠢᠬᠦ ᠳᠤ ᠭᠤᠣᠯᠳᠠᠭᠤ ᠬᠠᠤᠯᠢ ᠶᠢᠨ ᠡᠷᠬᠡᠲᠡᠨ ᠤ ᠨᠢᠭᠡᠴᠡ ᠪᠠᠷ ᠲᠣᠭᠠᠴᠠᠭ᠎ᠠ ᠬᠢᠬᠦ ᠨᠢᠭᠡᠴᠡ ᠪᠣᠯᠭᠠᠵᠤ᠂ ᠲᠣᠭᠠᠴᠠᠭ᠎ᠠ ᠬᠢᠬᠦ ᠶᠠᠪᠤᠴᠠ ᠳᠤ ᠬᠠᠤᠯᠢ ᠶᠢᠨ ᠡᠷᠬᠡᠲᠡᠨ ᠤ ᠨᠢᠭᠡᠴᠡ ᠶᠢᠨ ᠡᠷᠭᠢᠯᠡᠵᠦ ᠪᠠᠶᠢᠭ᠎ᠠ ᠭᠤᠣᠯ ᠠᠵᠢᠯᠯᠠᠭ᠎ᠠ ᠶᠢ ᠦᠨᠳᠦᠰᠦᠯᠡᠨ ᠲᠡᠭᠦᠨ ᠢ ᠠᠳᠠᠯᠢ ᠪᠤᠰᠤ ᠠᠵᠢᠯ ᠲᠥᠷᠥᠯ ᠳᠤ ᠬᠤᠪᠢᠶᠠᠵᠤ᠂ ᠡᠯ᠎ᠡ ᠠᠵᠢᠯ ᠲᠥᠷᠥᠯ ᠤᠨ ᠨᠡᠮᠡᠭᠳᠡᠯ ᠥᠷᠲᠡᠭ ᠢ ᠲᠣᠰ ᠲᠣᠰ ᠪᠤᠳᠤᠵᠤ᠂ ᠳᠠᠬᠢᠨ ᠡᠯ᠎ᠡ ᠠᠵᠢᠯ ᠲᠥᠷᠥᠯ ᠤᠨ ᠨᠡᠮᠡᠭᠳᠡᠯ ᠥᠷᠲᠡᠭ ᠢ ᠬᠤᠷᠢᠶᠠᠩᠭᠤᠶᠢᠯᠠᠭᠠᠳ GDP ᠶᠢ ᠣᠯᠣᠨ᠎ᠠ᠃ GDP ᠨᠢ ᠱᠠᠲᠤ ᠦᠶ᠎ᠡ ᠶᠢᠨ ᠴᠢᠨᠠᠷᠲᠠᠢ ᠪᠠ ᠲᠣᠬᠢᠷᠠᠭᠤᠯᠬᠤ ᠴᠢᠨᠠᠷᠲᠠᠢ ᠪᠠᠶᠢᠳᠠᠭ᠂ ᠳᠠᠷᠤᠢ ᠰᠢᠨ᠎ᠡ ᠮᠠᠲ᠋ᠧᠷᠢᠶᠠᠯ ᠤᠨ ᠢᠷᠡᠯᠲᠡ᠂ ᠰᠢᠨ᠎ᠡ ᠲᠥᠷᠥᠯ ᠬᠤᠪᠢᠶᠠᠬᠤ ᠠᠷᠭ᠎ᠠ᠂ ᠨᠠᠩ ᠣᠨᠣᠪᠴᠢᠲᠠᠶ ᠪᠤᠶᠤ ᠨᠠᠩ ᠵᠦᠢ ᠵᠣᠬᠢᠰᠲᠠᠢ ᠲᠣᠭᠠᠴᠠᠭ᠎ᠠ ᠬᠢᠬᠦ ᠵᠠᠷᠴᠢᠮ ᠢ ᠢᠯᠡᠷᠡᠭᠦᠯᠬᠦ ᠪᠤᠶᠤ ᠪᠣᠶ ᠪᠣᠯᠭᠠᠬᠤ ᠦᠶ᠎ᠡ ᠳᠤ᠂ ᠲᠡᠦᠬᠡ ᠶᠢᠨ ᠲᠤᠭ᠎ᠠ ᠪᠠᠷᠢᠮᠲᠠ ᠳᠤ ᠲᠣᠬᠢᠷᠠᠭᠤᠯᠤᠯᠲᠠ ᠬᠢᠵᠦ᠂ ᠵᠢᠯ ᠪᠦᠷᠢ ᠶᠢᠨ GDP ᠶᠢ ᠬᠠᠷᠢᠴᠠᠭᠤᠯᠵᠤ ᠪᠣᠯᠬᠤ ᠴᠢᠨᠠᠷᠲᠠᠢ ᠪᠣᠯᠭᠠᠬᠤ ᠬᠡᠷᠡᠭᠲᠡᠢ᠂ ᠡᠨᠡ ᠪᠣᠯ ᠣᠯᠠᠨ ᠤᠯᠤᠰ ᠤᠨ ᠵᠤᠷᠰᠢᠯ ᠮᠥᠨ᠃ ᠵᠢᠱᠢᠶᠡᠯᠡᠪᠡᠯ ᠄ 2020 ᠣᠨ ᠤ ᠡᠴᠦᠰ ᠲᠤ ᠨᠡᠶᠢᠲᠡᠯᠡᠭᠰᠡᠨ ᠮᠠᠨ ᠤ ᠰᠢᠶᠠᠨ ᠤ GDP 47.62 ᠳ᠋ᠦᠩᠰᠢᠭᠤᠷ ᠲᠥᠭᠦᠷᠢᠭ ᠲᠤ ᠬᠦᠷᠴᠦ ᠂ 2021 ᠣᠨ ᠤ ᠡᠴᠦᠰ ᠲᠤ ᠲᠤᠰ ᠵᠢᠯ ᠤᠨ GDP ᠶᠢ ᠨᠡᠶᠢᠲᠡᠯᠡᠬᠦ ᠦᠶ᠎ᠡ ᠳᠤ ᠂ ᠠᠳᠠᠯᠢ ᠬᠤᠭᠤᠴᠠᠭᠠᠨ ᠤ ᠲᠤᠭ᠎ᠠ ︵ᠲᠤᠬᠠᠶᠢᠯᠠᠪᠠᠯ 2020 ᠣᠨ ᠤ GDP︶ ᠶᠢ 46.79 ᠳ᠋ᠦᠩᠰᠢᠭᠤᠷ ᠲᠥᠭᠦᠷᠢᠭ ᠪᠣᠯᠭᠠᠨ ᠲᠣᠬᠢᠷᠠᠭᠤᠯᠵᠠᠢ ᠃   ᠬᠢᠨᠠᠨ ᠬᠡᠮᠵᠢᠬᠦ ᠠᠭᠤᠯᠭ᠎ᠠ ᠄ ᠨᠢᠭᠡᠳᠦᠭᠡᠷ ᠠᠵᠤ ᠦᠢᠯᠡᠰ ᠂ ᠬᠤᠶᠠᠳᠤᠭᠠᠷ ᠠᠵᠤ ᠦᠢᠯᠡᠰ ᠂ ᠭᠤᠷᠪᠠᠳᠤᠭᠠᠷ ᠠᠵᠤ ᠦᠢᠯᠡᠰ ᠃   ᠨᠢᠭᠡᠳᠦᠭᠡᠷ ᠠᠵᠤ ᠦᠢᠯᠡᠰ᠄ ᠲᠠᠷᠢᠶᠠᠯᠠᠩ᠂ ᠣᠶ ᠰᠢᠭᠤᠢ᠂ ᠮᠠᠯ ᠠᠵᠤ ᠠᠬᠤᠢ᠂ ᠵᠢᠭᠠᠰᠤᠨ ᠠᠵᠤ ᠠᠬᠤᠢ ︵ᠲᠠᠷᠢᠶᠠᠯᠠᠩ᠂ ᠣᠶ ᠰᠢᠭᠤᠢ᠂ ᠮᠠᠯ ᠠᠵᠤ ᠠᠬᠤᠢ᠂ ᠵᠢᠭᠠᠰᠤᠨ ᠠᠵᠤ ᠠᠬᠤᠢ ᠶᠢᠨ ᠦᠢᠯᠡᠴᠢᠯᠡᠭᠡᠨ ᠤ ᠦᠢᠯᠡᠰ ᠪᠠᠭᠲᠠᠬᠤ ᠦᠭᠡᠢ︶᠃ᠬᠢᠨᠠᠨ ᠬᠡᠮᠵᠢᠬᠦ ᠴᠠᠭ᠄ ᠵᠢᠯ ᠪᠦᠷᠢ ᠶᠢᠨ 6 ᠳ᠋ᠤᠭᠠᠷ ᠰᠠᠷ᠎ᠠ ᠶᠢᠨ 30 ᠤ ᠡᠳᠦᠷ᠂ 12 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡᠬᠠᠷᠢᠭᠤᠴᠠᠯᠭᠠᠲᠤ ᠨᠢᠭᠡᠴᠡ᠄ ᠡᠯ᠎ᠡ ᠰᠢᠶᠠᠩ ᠪᠠᠯᠭᠠᠰᠤ᠂ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ   ᠬᠤᠶᠠᠳᠤᠭᠠᠷ ᠠᠵᠤ ᠦᠢᠯᠡᠰ᠄ ᠠᠭᠤᠷᠬᠠᠢ ᠮᠠᠯᠲᠠᠬᠤ ᠦᠢᠯᠡᠰ ︵ᠨᠡᠭᠡᠭᠡᠨ ᠮᠠᠯᠲᠠᠬᠤ ᠳᠤ ᠲᠤᠰᠠᠯᠠᠬᠤ ᠠᠵᠢᠯᠯᠠᠭ᠎ᠠ ᠪᠠᠭᠲᠠᠬᠤ ᠦᠭᠡᠢ︶᠂ ᠦᠶᠯᠡᠳᠬᠦ ᠦᠢᠯᠡᠰ ︵ᠲᠡᠮᠦᠷᠯᠢᠭ ᠦᠢᠯᠡᠳᠬᠦᠨ᠂ ᠮᠠᠰᠢᠨ ᠪᠠ ᠲᠥᠬᠦᠭᠡᠷᠦᠮᠵᠢ ᠰᠡᠯᠪᠢᠨ ᠵᠠᠰᠠᠬᠤ ᠦᠢᠯᠡᠰ ᠪᠠᠭᠲᠠᠬᠤ ᠦᠭᠡᠢ︶᠂ ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ᠂ ᠪᠠᠷᠢᠯᠭ᠎ᠠ ᠶᠢᠨ ᠦᠢᠯᠡᠰ᠃ᠬᠢᠨᠠᠨ ᠬᠡᠮᠵᠢᠬᠦ ᠴᠠᠭ᠄ ᠰᠠᠷ᠎ᠠ ᠪᠦᠷᠢ ᠶᠢᠨ 25 ᠤ ᠡᠳᠦᠷ ᠠᠴᠠ ᠡᠮᠦᠨ᠎ᠡᠬᠠᠷᠢᠭᠤᠴᠠᠯᠭᠠᠲᠤ ᠨᠢᠭᠡᠴᠡ᠄ ᠡᠯ᠎ᠡ ᠰᠢᠶᠠᠩ ᠪᠠᠯᠭᠠᠰᠤ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ   ᠭᠤᠷᠪᠠᠳᠤᠭᠠᠷ ᠠᠵᠤ ᠦᠢᠯᠡᠰ ᠄ ᠦᠢᠯᠡᠴᠢᠯᠡᠭᠡᠨ ᠤ ᠦᠢᠯᠡᠰ ᠭᠡᠳᠡᠭ ᠨᠢ ᠨᠢᠭᠡᠳᠦᠭᠡᠷ ᠠᠵᠤ ᠦᠢᠯᠡᠰ ᠂ ᠬᠤᠶᠠᠳᠤᠭᠠᠷ ᠠᠵᠤ ᠦᠢᠯᠡᠰ ᠠᠴᠠ ᠭᠠᠳᠠᠨᠠᠬᠢ ᠪᠤᠰᠤᠳ ᠠᠵᠢᠯ ᠲᠦᠷᠦᠯ ᠢ ᠵᠢᠭᠠᠵᠤ ᠪᠠᠶᠢᠨ᠎ᠠ ᠃   ᠬᠢᠨᠠᠨ ᠬᠡᠮᠵᠢᠬᠦ ᠴᠠᠭ᠄ ᠰᠠᠷ᠎ᠠ ᠪᠦᠷᠢ ᠶᠢᠨ 25 ᠤ ᠡᠳᠦᠷ ᠠᠴᠠ ᠡᠮᠦᠨ᠎ᠡ   ᠬᠠᠷᠢᠭᠤᠴᠠᠯᠭᠠᠲᠤ ᠨᠢᠭᠡᠴᠡ᠄ ᠡᠯ᠎ᠡ ᠰᠢᠶᠠᠩ ᠪᠠᠯᠭᠠᠰᠤ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ   ︵ᠬᠤᠶᠠᠷ︶ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠳᠡᠭ   ᠵᠢᠯ ᠤᠨ ᠡᠵᠡᠩᠨᠡᠯᠲᠡ ᠶᠢᠨ ᠣᠷᠣᠯᠭ᠎ᠠ ᠨᠢ 2000 ᠲᠦᠮᠡᠨ ᠲᠥᠭᠦᠷᠢᠭ ᠵᠢᠴᠢ ᠲᠡᠭᠦᠨ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠮᠡᠳᠡᠭᠦᠯᠦᠯᠲᠡ ᠶᠢᠨ ᠬᠤᠭᠤᠴᠠᠭᠠᠨ ᠳᠤ ︵ᠨᠢᠭᠡᠳᠦᠭᠡᠷ ᠰᠠᠷ᠎ᠠ︶ ᠵᠣᠭᠤᠰᠤᠨ ᠤ ᠬᠡᠯᠪᠡᠷᠢ ᠪᠠᠷ ᠢᠯᠡᠷᠡᠭᠰᠡᠨ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠠᠵᠢᠯᠯᠠᠭ᠎ᠠ ᠶᠢᠨ ᠡᠴᠦᠰ ᠤᠨ ᠦᠷ᠎ᠡ ᠪᠦᠲᠦᠭᠡᠯ ︵ᠲᠤᠬᠠᠶᠢᠯᠠᠪᠠᠯ ᠄ ᠠᠵᠤ ᠠᠬᠤᠶᠢᠯᠠᠯ ᠤᠨ ᠪᠦᠬᠦ ᠦᠢᠯᠡᠳᠪᠦᠷᠢᠯᠡᠯ ᠤᠨ ᠠᠵᠢᠯᠯᠠᠭ᠎ᠠ ᠶᠢᠨ ᠪᠦᠬᠦ ᠦᠷ᠎ᠡ ᠪᠦᠲᠦᠭᠡᠯ ᠠᠴᠠ ᠦᠢᠯᠡᠳᠪᠦᠷᠢᠯᠡᠯ ᠤᠨ ᠶᠠᠪᠤᠴᠠ ᠳᠤ ᠬᠤᠷᠣᠭᠳᠠᠭᠰᠠᠨ ᠪᠤᠶᠤ ᠰᠢᠯᠵᠢᠭᠰᠡᠨ ᠪᠣᠳᠠᠰ ᠤᠨ ᠦᠢᠯᠡᠳᠬᠦᠨ ᠪᠠ ᠬᠥᠳᠡᠯᠮᠦᠷᠢ ᠦᠢᠯᠡᠴᠢᠯᠡᠭᠡᠨ ᠤ ᠦᠷᠳᠡᠭ ᠢ ᠬᠠᠰᠤᠭᠰᠠᠨ ᠤ ᠳᠠᠷᠠᠭᠠᠬᠢ ᠦᠯᠡᠳᠡᠪᠦᠷᠢ ᠪᠣᠯ ᠰᠢᠨ᠎ᠡ ᠪᠠᠷ ᠨᠡᠮᠡᠭᠳᠡᠭᠰᠡᠨ ᠦᠷᠳᠡᠭ ᠪᠣᠯᠣᠨ᠎ᠠ︶ ᠢ ᠵᠢᠭᠠᠵᠤ ᠪᠠᠶᠢᠨ᠎ᠠ ᠃ ᠣᠳᠣᠬᠠᠨ ᠳᠤ᠂ ᠲᠣᠰ ᠭᠦᠢᠴᠡᠳᠬᠡᠯ ᠲᠤᠭ᠎ᠠ  ᠨᠢ ᠶᠡᠷᠦᠩᠬᠡᠢ ᠬᠡᠮᠵᠢᠶ᠎ᠡ ᠳᠤ ᠲᠣᠭᠠᠴᠠᠭ᠎ᠠ ᠬᠢᠬᠦ ᠦᠭᠡᠢ᠂ ᠵᠥᠪᠬᠡᠨ ᠥᠯᠥ ᠬᠤᠪᠢᠰᠬᠤ ᠦᠨ᠎ᠡ ᠶᠢᠨ ᠨᠡᠮᠡᠭᠳᠡᠯ ᠤᠨ ᠬᠤᠷᠳᠤᠴᠠ ᠳᠤ ᠲᠣᠭᠠᠴᠠᠭ᠎ᠠ ᠬᠢᠵᠦ᠂ ᠰᠠᠷ᠎ᠠ ᠶᠢᠨ ᠲᠣᠭᠠᠴᠠᠭ᠎ᠠ ᠬᠢᠬᠦ ᠭᠦᠢᠴᠡᠳᠬᠡᠯ ᠲᠤᠭ᠎ᠠ ᠪᠣᠯᠣᠨ᠎ᠠ᠃ᠬᠢᠨᠠᠨ ᠬᠡᠮᠵᠢᠬᠦ ᠠᠭᠤᠯᠭ᠎ᠠ᠄ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠶᠢ ᠪᠤᠳᠤᠬᠤ ᠶᠢ ᠨᠥᠯᠥᠭᠡᠯᠡᠬᠦ ᠭᠤᠷᠪᠠᠨ ᠬᠦᠴᠦᠨ ᠵᠦᠢᠯ᠄ ᠨᠡᠮᠡᠭᠳᠡᠯ ᠥᠷᠲᠡᠭ ᠤᠨ ᠨᠣᠷᠮ᠎ᠠ᠂ ᠦᠢᠯᠡᠳᠬᠦᠨ ᠤ ᠥᠷᠲᠡᠭ᠂ ᠦᠨ᠎ᠡ ᠬᠠᠩᠰᠢ ᠶᠢᠨ ᠵᠢᠭᠠᠯᠲᠠ ᠲᠤᠭ᠎ᠠ᠃ ᠪᠣᠳᠠᠲᠠᠢ ᠬᠤᠯᠪᠣᠭᠳᠠᠬᠤ ᠭᠦᠢᠴᠡᠳᠬᠡᠬᠦ ᠲᠤᠭ᠎ᠠ ᠳᠤ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠦᠷᠳᠡᠭ ᠂ ᠠᠵᠤ ᠦᠢᠯᠡᠳᠪᠦᠷᠢ ᠶᠢᠨ ᠳᠤᠮᠳᠠᠬᠢ ᠣᠷᠣᠭᠤᠯᠤᠯᠲᠠ᠂ ᠲᠤᠰ ᠬᠤᠭᠤᠴᠠᠭᠠᠨ ᠤ ᠲᠤᠰᠢᠶᠠᠬᠤ ᠶᠣᠰᠣᠲᠠᠢ ᠦᠷᠳᠡᠭ ᠨᠡᠮᠡᠭᠳᠡᠯ ᠤᠨ ᠭᠠᠶᠢᠯᠢ ᠂ ᠲᠣᠭᠲᠠᠮᠠᠯ ᠬᠥᠷᠥᠩᠭᠡ ᠶᠢᠨ ᠡᠯᠡᠭᠳᠡᠯ ᠂ ᠬᠥᠳᠡᠯᠮᠦᠷᠢᠴᠢᠳ ᠤᠨ ᠬᠥᠯᠥᠰᠦ ᠣᠯᠭᠤᠮᠵᠢ ᠂ ᠦᠢᠯᠡᠳᠪᠦᠷᠢᠯᠡᠯ ᠤᠨ ᠭᠠᠶᠢᠯᠢ ᠶᠢᠨ ᠴᠡᠪᠡᠷ ᠦᠷᠳᠡᠭ ᠪᠠ ᠡᠵᠡᠩᠨᠡᠯᠲᠡ ᠶᠢᠨ ᠦᠯᠡᠳᠡᠪᠦᠷᠢ ᠵᠡᠷᠭᠡ ᠪᠤᠢ ᠃   ᠬᠢᠨᠠᠨ ᠬᠡᠮᠵᠢᠬᠦ ᠴᠠᠭ᠄ ᠰᠠᠷ᠎ᠠ ᠪᠦᠷᠢ ᠶᠢᠨ 25 ᠤ ᠡᠳᠦᠷ ᠠᠴᠠ ᠡᠮᠦᠨ᠎ᠡᠬᠠᠷᠢᠭᠤᠴᠠᠯᠭᠠᠲᠤ ᠨᠢᠭᠡᠴᠡ᠄ ᠡᠯ᠎ᠡ ᠰᠢᠶᠠᠩ ᠪᠠᠯᠭᠠᠰᠤ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ   ︵ᠭᠤᠷᠪᠠ︶ 500 ᠲᠦᠮᠡᠨ ᠲᠥᠭᠦᠷᠢᠭ ᠵᠢᠴᠢ ᠲᠡᠭᠦᠨ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ   ᠬᠤᠲᠠ ᠪᠠᠯᠭᠠᠰᠤ ᠪᠣᠯᠣᠨ ᠬᠥᠳᠡᠭᠡ ᠲᠣᠰᠬᠤᠨ ᠤ ᠡᠯ᠎ᠡ ᠵᠦᠢᠯ ᠤᠨ ᠪᠦᠷᠢᠳᠬᠡᠨ ᠳᠠᠩᠰᠠᠯᠠᠭᠤᠯᠤᠭᠰᠠᠨ ᠲᠥᠷᠥᠯ ᠬᠡᠯᠪᠡᠷᠢ ᠶᠢᠨ ᠠᠵᠤ ᠠᠬᠤᠶᠢᠯᠠᠯ᠂ ᠠᠵᠢᠯ ᠦᠢᠯᠡᠰ᠂ ᠵᠠᠰᠠᠭ ᠵᠠᠬᠢᠷᠭᠠᠨ ᠤ ᠨᠢᠭᠡᠴᠡ ᠵᠢᠴᠢ ᠬᠤᠲᠠ ᠪᠠᠯᠭᠠᠰᠤ ᠶᠢᠨ ᠬᠤᠪᠢ ᠶᠢᠨ ᠡᠷᠦᠬᠡ ᠶᠢᠨ ᠲᠥᠯᠥᠪᠯᠡᠭᠡ ᠶᠢᠨ ᠶᠡᠷᠦᠩᠬᠡᠢ ᠪᠡᠯᠡ ᠣᠷᠣᠭᠤᠯᠤᠯᠲᠠ ᠨᠢ 500 ᠲᠦᠮᠡᠨ ᠲᠥᠭᠦᠷᠢᠭ ᠵᠢᠴᠢ ᠲᠡᠭᠦᠨ ᠠᠴᠠ ᠳᠡᠭᠡᠭᠰᠢᠬᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠡᠯᠡ ᠣᠷᠣᠭᠤᠯᠤᠯᠲᠠ ᠪᠣᠯᠣᠨ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠪᠡᠯᠡ ᠣᠷᠣᠭᠤᠯᠤᠯᠲᠠ ᠶᠢ ᠵᠢᠭᠠᠵᠤ ᠪᠣᠶ᠃ ᠣᠳᠣᠬᠠᠨ ᠳᠤ᠂ ᠲᠣᠰ ᠭᠦᠢᠴᠡᠳᠬᠡᠯ ᠲᠤᠭ᠎ᠠ ᠨᠢ ᠶᠡᠷᠦᠩᠬᠡᠢ ᠲᠤᠭ᠎ᠠ᠂ ᠨᠡᠮᠡᠭᠳᠡᠯ ᠤᠨ ᠬᠤᠷᠳᠤᠴᠠ ᠳᠤ ᠴᠥᠮ ᠲᠣᠭᠠᠴᠠᠭ᠎ᠠ ᠬᠢᠵᠦ ᠪᠠᠶᠢᠭ᠎ᠠ ᠪᠣᠯᠪᠠᠴᠤ ᠭᠠᠳᠠᠭᠰᠢ ᠪᠠᠨ ᠵᠥᠪᠬᠡᠨ ᠨᠡᠮᠡᠭᠳᠡᠯ ᠤᠨ ᠬᠤᠷᠳᠤᠴᠠ ᠪᠠᠨ ᠨᠡᠶᠢᠲᠡᠯᠡᠨ᠎ᠡ᠃ ᠰᠠᠷ᠎ᠠ ᠶᠢᠨ ᠲᠣᠭᠠᠴᠠᠭ᠎ᠠ ᠬᠢᠬᠦ ᠭᠦᠢᠴᠡᠳᠬᠡᠯ ᠲᠤᠭ᠎ᠠ ᠪᠣᠯᠣᠨ᠎ᠠ᠃   ᠪᠤᠳᠤᠬᠤ ᠠᠷᠭ᠎ᠠ ᠄ ᠬᠥᠮᠥᠷᠭᠡ ᠳᠤ ᠪᠠᠶᠢᠭ᠎ᠠ ᠪᠦᠬᠦ ᠵᠦᠢᠯᠡᠰ ᠤᠨ ᠪᠡᠯᠡ ᠣᠷᠣᠭᠤᠯᠤᠯᠲᠠ ᠶᠢᠨ ᠲᠤᠭ᠎ᠠ ᠶᠢ ᠰᠠᠷ᠎ᠠ ᠪᠦᠷᠢ ᠨᠢᠭᠡᠳ ᠨᠢᠭᠡ ᠪᠠᠷ ᠬᠤᠷᠢᠶᠠᠩᠭᠤᠶᠢᠯᠠᠨ᠎ᠠ ᠃ᠬᠢᠨᠠᠨ ᠬᠡᠮᠵᠢᠬᠦ ᠠᠭᠤᠯᠭ᠎ᠠ᠄ ᠬᠥᠮᠥᠷᠭᠡ ᠳᠤ ᠣᠷᠣᠭᠤᠯᠬᠤ ᠲᠥᠷᠥᠯ ᠵᠦᠢᠯ ᠤᠨ ᠲᠤᠭ᠎ᠠ ᠬᠡᠮᠵᠢᠶ᠎ᠡ᠂ ᠠᠵᠢᠯ ᠡᠬᠢᠯᠡᠭᠦᠯᠦᠭᠰᠡᠨ ᠪᠠ ᠰᠡᠷᠭᠦᠭᠡᠭᠰᠡᠨ ᠨᠣᠷᠮ᠎ᠠ᠂ ᠪᠡᠯᠡ ᠣᠷᠣᠭᠤᠯᠤᠯᠲᠠ ᠶᠢᠨ ᠠᠬᠢᠴᠠ᠂ ᠪᠡᠯᠡ ᠣᠷᠣᠭᠤᠯᠤᠯᠲᠠ ᠶᠢᠨ ᠲᠤᠭ᠎ᠠ ᠬᠡᠮᠵᠢᠶ᠎ᠡ᠃   ᠬᠢᠨᠠᠨ ᠬᠡᠮᠵᠢᠬᠦ ᠴᠠᠭ᠄ ᠰᠠᠷ᠎ᠠ ᠪᠦᠷᠢ ᠶᠢᠨ 25 ᠤ ᠡᠳᠦᠷ ᠠᠴᠠ ᠡᠮᠦᠨ᠎ᠡᠬᠠᠷᠢᠭᠤᠴᠠᠯᠭᠠᠲᠤ ᠨᠢᠭᠡᠴᠡ᠄ ᠡᠯ᠎ᠡ ᠰᠢᠶᠠᠩ ᠪᠠᠯᠭᠠᠰᠤ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠡᠯᠡ ᠣᠷᠣᠭᠤᠯᠤᠯᠲᠠ ᠶᠢ ᠠᠬᠢᠭᠤᠯᠬᠤ ᠲᠥᠪ ᠵᠡᠷᠭᠡ 500 ᠲᠦᠮᠡᠨ ᠲᠥᠭᠦᠷᠢᠭ ᠵᠢᠴᠢ ᠲᠡᠭᠦᠨ ᠠᠴᠠ ᠳᠡᠭᠡᠭᠰᠢ ᠪᠡᠯᠡ ᠣᠷᠣᠭᠤᠯᠤᠭᠰᠠᠨ ᠰᠠᠯᠠᠭ᠎ᠠ ᠮᠥᠴᠢᠷ   ︵ᠳᠥᠷᠪᠡ︶ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ   ᠠᠵᠤ ᠠᠬᠤᠶᠢᠯᠠᠯ᠂ ᠬᠤᠪᠢ ᠬᠥᠮᠥᠨ ᠤ ᠠᠷᠠᠯᠵᠢᠶᠠᠯᠠᠬᠤ ᠪᠠᠷ ᠳᠡᠮᠵᠢᠨ ᠬᠤᠪᠢ ᠬᠥᠮᠥᠨ᠂ ᠨᠡᠶᠢᠭᠡᠮ ᠤᠨ ᠪᠦᠯᠦᠭᠯᠡᠯ ᠤᠨ ᠦᠢᠯᠡᠳᠪᠦᠷᠢᠯᠡᠯ ᠤᠨ ᠪᠤᠰᠤ᠂ ᠡᠵᠡᠩᠨᠡᠯᠲᠡ ᠶᠢᠨ ᠪᠤᠰᠤ ᠪᠣᠳᠠᠲᠤ ᠪᠣᠳᠠᠰ ᠤᠨ ᠲᠠᠸᠠᠷ ᠲᠤ ᠰᠢᠭᠤᠳ ᠪᠣᠷᠣᠯᠠᠭᠤᠯᠤᠭᠰᠠᠨ ᠵᠣᠭᠤᠰ ᠤᠨ ᠲᠤᠭ᠎ᠠ ᠵᠢᠴᠢ ᠢᠳᠡᠭᠡᠨ ᠤᠮᠳᠠᠭᠠᠨ ᠤ ᠦᠢᠯᠡᠴᠢᠯᠡᠭᠡ ᠬᠠᠩᠭᠠᠭᠠᠳ ᠣᠯᠣᠭᠰᠠᠨ ᠣᠷᠣᠯᠭ᠎ᠠ ᠶᠢᠨ ᠵᠣᠭᠤᠰ ᠤᠨ ᠲᠤᠭ᠎ᠠ ᠶᠢ ᠵᠢᠭᠠᠵᠤ ᠪᠣᠶ᠃ ᠰᠠᠷ᠎ᠠ ᠶᠢᠨ ᠲᠣᠭᠠᠴᠠᠭ᠎ᠠ ᠬᠢᠬᠦ ᠭᠦᠢᠴᠡᠳᠬᠡᠯ ᠲᠤᠭ᠎ᠠ ᠪᠣᠯᠣᠨ᠎ᠠ᠃   ᠬᠢᠨᠠᠨ ᠬᠡᠮᠵᠢᠬᠦ ᠠᠭᠤᠯᠭ᠎ᠠ᠄ 1. ᠠᠵᠤ ᠠᠬᠤᠶᠢᠯᠠᠯ᠂ ᠲᠣᠮᠣ ᠬᠤᠪᠢ ᠶᠢᠨ ᠡᠷᠦᠬᠡ ᠶᠢ ᠬᠡᠪᠴᠢᠶᠡᠨ ᠳᠤ ᠣᠷᠣᠭᠤᠯᠤᠭᠰᠠᠨ ᠤ ᠳᠠᠷᠠᠭ᠎ᠠ ᠴᠠᠭ ᠲᠤᠬᠠᠢ ᠳᠤᠨᠢ ᠮᠡᠳᠡᠭᠦᠯᠵᠦ ᠬᠥᠮᠥᠷᠭᠡ ᠳᠤ ᠣᠷᠣᠭᠤᠯᠤᠨ᠎ᠠ︔ 2. ᠪᠥᠭᠡᠮ᠂ ᠵᠢᠵᠢᠭᠯᠡᠨ ᠬᠤᠳᠠᠯᠳᠤᠬᠤ ᠂ ᠣᠷᠣᠨ ᠰᠠᠭᠤᠴᠠ᠂ ᠬᠤᠭᠤᠯᠠ ᠤᠮᠳᠠ᠂ ᠦᠢᠯᠡᠴᠢᠯᠡᠭᠡᠨ ᠤ ᠠᠵᠤ ᠠᠬᠤᠶᠢᠯᠠᠯ᠂ ᠲᠣᠮᠣ ᠬᠤᠪᠢ ᠶᠢᠨ ᠡᠵᠡᠩᠨᠡᠯᠲᠡ ᠶᠢᠨ ᠲᠤᠭ᠎ᠠ᠂ ᠪᠣᠷᠣᠯᠠᠭᠤᠯᠤᠯᠲᠠ ᠶᠢᠨ ᠲᠤᠭ᠎ᠠ᠃   ᠬᠢᠨᠠᠨ ᠬᠡᠮᠵᠢᠬᠦ ᠴᠠᠭ᠄ ᠰᠠᠷ᠎ᠠ ᠪᠦᠷᠢ ᠶᠢᠨ 25 ᠤ ᠡᠳᠦᠷ ᠠᠴᠠ ᠡᠮᠦᠨ᠎ᠡ   ᠬᠠᠷᠢᠭᠤᠴᠠᠯᠭᠠᠲᠤ ᠨᠢᠭᠡᠴᠡ᠄ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ   ︵ᠲᠠᠪᠤ︶ ᠬᠤᠲᠠ ᠪᠠᠯᠭᠠᠰᠤ᠂ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ    ᠭᠡᠷ ᠪᠦᠯᠢ ᠶᠢᠨ ᠶᠡᠷᠦᠩᠬᠡᠢ ᠣᠷᠣᠯᠭ᠎ᠠ ᠠᠴᠠ ᠬᠤᠪᠢ ᠬᠥᠮᠥᠨ ᠤ ᠲᠤᠰᠢᠶᠠᠭᠰᠠᠨ ᠣᠯᠵᠠᠪᠤᠷᠢ ᠶᠢᠨ ᠭᠠᠶᠢᠯᠢ ᠪᠣᠯᠣᠨ ᠡᠯ᠎ᠡ ᠵᠦᠢᠯ ᠤᠨ ᠨᠡᠶᠢᠭᠡᠮ ᠤᠨ ᠪᠠᠲᠤᠯᠠᠭ᠎ᠠ ᠶᠢᠨ ᠵᠠᠷᠤᠯᠭ᠎ᠠ ᠶᠢ ᠬᠠᠰᠤᠭᠰᠠᠨ ᠤ ᠳᠠᠷᠠᠭ᠎ᠠ ᠂ ᠭᠡᠷ ᠪᠦᠯᠢ ᠶᠢᠨ ᠬᠥᠮᠥᠨ ᠠᠮᠠ ᠶᠢᠨ ᠳᠤᠮᠳᠠᠴᠢ ᠣᠷᠣᠯᠭ᠎ᠠ ᠶᠢᠨ ᠬᠢᠷᠢ ᠲᠦᠪᠰᠢᠨ ᠢ ᠬᠡᠯᠡᠨ᠎ᠡ᠃ ᠤᠯᠠᠷᠢᠯ ᠤᠨ ᠲᠣᠭᠠᠴᠠᠭᠠᠨ ᠤ ᠭᠦᠢᠴᠡᠳᠬᠡᠯ ᠲᠤᠭ᠎ᠠ ᠪᠣᠯᠣᠨ᠎ᠠ᠃   ᠥᠯᠢᠭᠡᠷ ᠠᠪᠴᠤ ᠪᠠᠶᠢᠴᠠᠭᠠᠬᠤ ᠠᠷᠭ᠎ᠠ ᠶᠢ ᠠᠪᠴᠤ᠂ ᠰᠣᠩᠭᠤᠨ ᠠᠪᠤᠭᠰᠠᠨ 110 ᠡᠷᠦᠬᠡ ᠰᠠᠭᠤᠭᠠᠯᠢ ᠠᠷᠠᠳ ᠡᠳᠦᠷ ᠪᠦᠷᠢ ᠣᠷᠣᠯᠭ᠎ᠠ᠂ ᠵᠠᠷᠤᠯᠭ᠎ᠠ ᠪᠠᠨ ᠲᠠᠩᠰᠠᠨ ᠳᠤ ᠲᠡᠮᠳᠡᠭᠯᠡᠵᠦ᠂ ᠰᠠᠷ᠎ᠠ ᠶᠢᠨ ᠰᠡᠭᠦᠯᠴᠢ ᠠᠴᠠ ᠡᠮᠦᠨ᠎ᠡ ᠨᠢᠭᠡ ᠤᠳᠠᠭ᠎ᠠ ᠲᠠᠩᠰᠠᠨ ᠳᠤ ᠲᠡᠮᠳᠡᠭᠯᠡᠭᠰᠡᠨ ᠳᠡᠪᠲᠡᠷ ᠢᠶᠠᠨ ᠳᠡᠭᠡᠭᠰᠢ ᠮᠡᠳᠡᠭᠦᠯᠬᠦ ᠬᠡᠷᠡᠭᠲᠡᠢ᠃   ᠬᠢᠨᠠᠨ ᠬᠡᠮᠵᠢᠬᠦ ᠠᠭᠤᠯᠭ᠎ᠠ᠄ ᠲᠠᠩᠰᠠᠨ ᠡᠷᠦᠬᠡ ᠶᠢᠨ ᠡᠯ᠎ᠡ ᠵᠦᠢᠯ ᠤᠨ ᠣᠷᠣᠯᠭ᠎ᠠ᠂ ᠵᠠᠷᠤᠯᠭ᠎ᠠ ᠶᠢᠨ ᠵᠣᠭᠤᠰ ᠤᠨ ᠲᠤᠭ᠎ᠠ ᠶᠢ ᠪᠦᠬᠦᠨ ᠢ ᠲᠠᠩᠰᠠᠨ ᠳᠤ ᠣᠷᠣᠭᠤᠯᠵᠤ᠂ ᠣᠷᠬᠢᠭᠳᠠᠭᠤᠯᠬᠤ ᠦᠭᠡᠢ᠂ ᠳᠠᠪᠬᠤᠷᠳᠠᠬᠤ ᠦᠭᠡᠢ ᠪᠠᠶᠢᠯᠭᠠᠬᠤ ᠬᠡᠷᠡᠭᠲᠡᠢ᠃ᠬᠢᠨᠠᠨ ᠬᠡᠮᠵᠢᠬᠦ ᠴᠠᠭ᠄ ᠰᠠᠷ᠎ᠠ ᠪᠦᠷᠢ ᠶᠢᠨ 30 ᠤ ᠡᠳᠦᠷ ᠠᠴᠠ ᠡᠮᠦᠨ᠎ᠡ   ᠬᠠᠷᠢᠭᠤᠴᠠᠯᠭᠠᠲᠤ ᠨᠢᠭᠡᠴᠡ ᠄ ᠡᠯ᠎ᠡ ᠰᠢᠶᠠᠩ ᠪᠠᠯᠭᠠᠰᠤ   ︵ᠵᠢᠷᠭᠤᠭ᠎ᠠ︶ ᠡᠩ ᠤᠨ ᠤᠯᠠᠨ ᠨᠡᠶᠢᠲᠡ ᠶᠢᠨ ᠲᠥᠰᠥᠪ ᠤᠨ ᠣᠷᠣᠯᠭ᠎ᠠᠡᠳ᠋ ᠤᠨ ᠵᠠᠰᠠᠭ ᠤᠨ ᠣᠷᠣᠯᠭ᠎ᠠ ᠶᠢᠨ ᠢᠷᠡᠯᠲᠡ ᠶᠢᠨ ᠨᠢᠭᠡ ᠮᠥᠨ ᠂ ᠲᠥᠯᠥᠪᠯᠡᠭᠡ ᠲᠠᠢ ᠵᠣᠬᠢᠶᠠᠨ ᠪᠠᠶᠢᠭᠤᠯᠤᠯᠲᠠ ᠲᠠᠢ ᠪᠥᠭᠡᠳ ᠤᠯᠤᠰ ᠠᠴᠠ ᠵᠠᠬᠢᠷᠴᠤ ᠪᠠᠶᠢᠭ᠎ᠠ ᠲᠥᠰᠥᠪ ᠤᠨ ᠬᠠᠮᠢᠶᠠᠷᠤᠯᠲᠠ ᠳᠤ ᠣᠷᠣᠭᠤᠯᠬᠤ ᠪᠡᠯᠡ ᠮᠥᠩᠭᠦ ᠶᠢ ᠬᠡᠯᠡᠵᠦ ᠪᠠᠶᠢᠨ᠎ᠠ ᠃ ᠡᠭᠦᠨ ᠳᠤ ᠡᠯ᠎ᠡ ᠵᠦᠢᠯ ᠤᠨ ᠭᠠᠶᠢᠯᠢ ᠲᠠᠲᠠᠪᠤᠷᠢ ᠶᠢᠨ ᠣᠷᠣᠯᠭ᠎ᠠ ᠂ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠰᠦᠢᠳᠬᠡᠯ ᠬᠤᠷᠢᠶᠠᠭᠰᠠᠨ ᠣᠷᠣᠯᠭ᠎ᠠ ᠂ ᠤᠯᠤᠰ ᠤᠨ ᠥᠮᠴᠢᠯᠡᠯ ᠤᠨ ᠡᠬᠢ ᠪᠠᠶᠠᠯᠢᠭ ︵ᠡᠳ᠋ ᠬᠥᠷᠥᠩᠭᠡ︶ ᠢ ᠲᠥᠯᠥᠪᠦᠷᠢ ᠲᠠᠢ ᠪᠠᠷ ᠬᠡᠷᠡᠭᠯᠡᠭᠦᠯᠦᠭᠰᠡᠨ ᠣᠷᠣᠯᠭ᠎ᠠ ᠂ ᠰᠢᠯᠵᠢᠭᠦᠯᠬᠦ ᠴᠢᠨᠠᠷᠲᠠᠢ ᠣᠷᠣᠯᠭ᠎ᠠ ᠪᠠ ᠪᠤᠰᠤᠳ ᠣᠷᠣᠯᠭ᠎ᠠ ᠪᠠᠭᠲᠠᠨ᠎ᠠ ᠃ ᠰᠠᠷ᠎ᠠ ᠶᠢᠨ ᠲᠣᠭᠠᠴᠠᠭ᠎ᠠ ᠬᠢᠬᠦ ᠭᠦᠢᠴᠡᠳᠬᠡᠯ ᠲᠤᠭ᠎ᠠ ᠪᠣᠯᠣᠨ᠎ᠠ᠃   ᠬᠢᠨᠠᠨ ᠬᠡᠮᠵᠢᠬᠦ ᠠᠭᠤᠯᠭ᠎ᠠ᠄ ᠭᠠᠶᠢᠯᠢ ᠲᠠᠲᠠᠪᠤᠷᠢ ᠶᠢᠨ ᠣᠷᠣᠯᠭ᠎ᠠ ᠂ ᠭᠠᠶᠢᠯᠢ ᠲᠠᠲᠠᠪᠤᠷᠢ ᠶᠢᠨ ᠪᠤᠰᠤ ᠣᠷᠣᠯᠭ᠎ᠠ ᠃   ᠬᠢᠨᠠᠨ ᠬᠡᠮᠵᠢᠬᠦ ᠴᠠᠭ᠄ ᠰᠠᠷ᠎ᠠ ᠪᠦᠷᠢ ᠶᠢᠨ 30 ᠡᠳᠦᠷ ᠠᠴᠠ ᠡᠮᠦᠨ᠎ᠡ   ᠬᠠᠷᠢᠭᠤᠴᠠᠯᠭᠠᠲᠤ ᠨᠢᠭᠡᠴᠡ᠄ ᠡᠳ᠋ ᠤᠨ ᠵᠠᠰᠠᠭ ᠤᠨ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ   ᠭᠤᠷᠪᠠ᠂ ᠠᠵᠢᠯ ᠤᠨ ᠱᠠᠭᠠᠷᠳᠠᠯᠭ᠎ᠠ   ᠡᠯ᠎ᠡ ᠰᠢᠶᠠᠩ ᠪᠠᠯᠭᠠᠰᠤ ᠂ ᠰᠢᠶᠠᠨ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠬᠤᠪᠢᠶᠠᠵᠤ ᠣᠯᠣᠭᠰᠠᠨ ᠡᠭᠦᠷᠭᠡ ᠪᠠᠨ ᠦᠨᠡᠨ ᠬᠦ ᠭᠠᠷᠳᠠᠵᠦ ᠂ ᠪᠣᠳᠠᠲᠠᠢ ᠭᠠᠵᠠᠷ ᠲᠤᠨᠢ ᠨᠠᠶᠢᠳᠠᠪᠤᠷᠢᠵᠢᠭᠤᠯᠵᠤ ᠂ ᠭᠤᠣᠯ ᠬᠠᠷᠢᠭᠤᠴᠠᠯᠭᠠᠲᠠᠨ ᠨᠢ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ ᠂ ᠲᠤᠰᠬᠠᠢ ᠬᠥᠮᠥᠨ ᠲᠣᠬᠢᠷᠠᠭᠤᠯᠤᠨ ᠬᠠᠷᠢᠭᠤᠴᠠᠭᠤᠯᠵᠤ ᠂ ᠰᠠᠷ᠎ᠠ ᠶᠢᠨ ᠬᠢᠨᠠᠨ ᠬᠡᠮᠵᠢᠯᠲᠡ᠂ ᠰᠠᠷ᠎ᠠ ᠶᠢᠨ ᠵᠠᠳᠠᠯᠤᠯᠲᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ ᠃ᠣᠷᠴᠢᠭᠤᠯᠤᠭᠴᠢ᠄ ᠣᠳᠣᠨᠭᠡᠷᠡᠯᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ  
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2