ᠬᠤᠸᠠᠳᠧ ᠰᠢᠶᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠭᠤᠮᠲᠠ ᠨᠡᠮᠡᠵᠦ ᠬᠢᠵᠢᠭ ᠤᠨ ᠪᠠᠶᠢᠳᠠᠯ ᠢ ᠬᠠᠮᠢᠶᠠᠷᠤᠨ ᠡᠵᠡᠮᠳᠡᠬᠦ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠪᠡ
ᠨᠡᠶᠢᠲᠡᠯᠡᠭᠰᠡᠨ ᠴᠠᠭ᠄
2022/3/1
  ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠶᠢᠨ ᠲᠥᠯᠥᠭᠡ᠂ ᠣᠶᠢᠷ᠎ᠠ ᠳᠤ᠂ ᠬᠤᠸᠠᠳᠧ ᠰᠢᠶᠠᠨ ᠴᠣᠣᠶᠠᠩ ᠪᠠᠶᠢᠴᠠᠭᠠᠬᠤ ᠥᠷᠲᠡᠭᠡ ᠪᠣᠯᠣᠨ ᠡᠯ ᠴᠢᠨ ᠲᠦᠷᠭᠡᠨ ᠤ ᠵᠠᠰᠠᠮᠠᠯ ᠵᠠᠮ ᠤᠨ ᠣᠷᠣᠵᠤ ᠭᠠᠷᠬᠤ ᠡᠭᠦᠳᠡᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠭᠤᠮᠲᠠ ᠨᠡᠮᠡᠵᠦ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠡ᠂ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ ᠪᠠᠷ ᠲᠦᠷᠦᠭᠦᠯᠡᠭᠦᠯᠦᠨ᠂ ᠡᠯ᠎ᠡ ᠬᠤᠯᠪᠣᠭᠳᠠᠯ ᠪᠦᠬᠦᠢ ᠨᠢᠭᠡᠴᠡ ᠬᠠᠮᠵᠢᠯᠴᠠᠨ᠂ 24 ᠴᠠᠭ ᠢᠶᠠᠷ ᠵᠢᠵᠢᠭᠦᠷᠯᠡᠨ ᠰᠠᠬᠢᠬᠤ ᠳᠦᠷᠢᠮ ᠢ ᠴᠢᠩᠭ᠎ᠠ ᠬᠡᠷᠡᠭᠵᠢᠭᠦᠯᠪᠡ᠃

   ᠬᠤᠸᠠᠳᠧ ᠶᠢᠨ ᠴᠣᠣᠶᠠᠩ ᠤᠨ ᠳᠣᠲᠣᠭᠠᠳᠤ ᠶᠢ ᠬᠠᠮᠠᠭᠠᠯᠠᠬᠤ ᠪᠠᠶᠢᠴᠠᠭᠠᠬᠤ ᠦᠷᠳᠡᠭᠡ ᠳᠤ᠂ ᠵᠢᠵᠢᠭᠦᠷᠯᠡᠨ

ᠰᠠᠬᠢᠵᠤ ᠪᠠᠶᠢᠭ᠎ᠠ ᠠᠷᠠᠳ ᠤᠨ ᠴᠠᠭᠳᠠᠭ᠎ᠠ ᠬᠠᠮᠠᠭᠠᠯᠠᠯᠲᠠ ᠶᠢᠨ ᠬᠤᠪᠴᠠᠰᠤ ᠡᠮᠦᠰᠴᠦ᠂ ᠵᠠᠰᠠᠮᠠᠯ ᠵᠠᠮ ᠤᠨ

ᠪᠣᠭᠤᠮᠲᠠ ᠶᠢᠨ ᠬᠢᠵᠢᠭ ᠤᠨ ᠪᠠᠶᠢᠳᠠᠯ ᠢ ᠪᠠᠶᠢᠴᠠᠭᠠᠬᠤ ᠠᠵᠢᠯ ᠢ ᠬᠢᠵᠦ ᠪᠠᠶᠢᠬᠤ ᠶᠢ ᠰᠤᠷᠪᠤᠯᠵᠢᠯᠠᠭᠴᠢ ᠣᠯᠵᠤ

ᠬᠠᠷᠠᠵᠠᠢ᠃ ᠰᠢᠶᠠᠨ ᠳᠤ ᠣᠷᠣᠭᠰᠠᠨ ᠬᠥᠮᠥᠰ ᠤᠨ ᠪᠠᠶᠢᠴᠠᠭᠠᠨ ᠰᠢᠯᠭᠠᠬᠤ ᠶᠠᠪᠤᠴᠠ ᠶᠢᠨ ᠺᠣᠳ᠋᠂ 48 ᠴᠠᠭ ᠤᠨ

ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠪᠢᠯᠢᠭ ᠴᠢᠨᠠᠷ ᠤᠨ ᠭᠡᠷᠡᠴᠢ︔ ᠰᠢᠶᠠᠨ ᠠᠴᠠ ᠰᠠᠯᠤᠭᠰᠠᠨ

ᠬᠥᠮᠥᠰ ᠲᠤ 48 ᠴᠠᠭ ᠤᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠪᠢᠯᠢᠭ ᠴᠢᠨᠠᠷ ᠤᠨ ᠭᠡᠷᠡᠴᠢ ᠵᠢᠴᠢ

ᠰᠢᠶᠠᠨ ᠠᠴᠠ ᠰᠠᠯᠬᠤ ᠵᠠᠮ ᠤᠨ ᠦᠨᠡᠮᠯᠡᠯ ᠢ ᠪᠠᠶᠢᠴᠠᠭᠠᠨ ᠰᠢᠯᠭᠠᠨ᠎ᠠ᠃

    ︽ᠵᠢᠵᠢᠭᠦᠷᠯᠡᠵᠦ ᠪᠠᠶᠢᠭ᠎ᠠ ᠪᠥᠬᠦ ᠠᠷᠠᠳ ᠤᠨ ᠴᠠᠭᠳᠠᠭ᠎ᠠ 24 ᠴᠠᠭ ᠢᠶᠠᠷ ᠠᠵᠢᠯ ᠤᠨ ᠪᠠᠶᠢᠷᠢ ᠳᠠᠭᠠᠨ ᠪᠠᠶᠢᠵᠤ᠂

ᠪᠡᠭᠡᠵᠢᠩ᠂ ᠾᠧᠪᠧᠢ ᠶᠢᠨ ᠴᠢᠭᠯᠡᠯ ᠤᠨ ᠲᠡᠷᠭᠡ ᠬᠥᠰᠬᠡ ᠶᠢᠨ ᠬᠥᠮᠥᠰ ᠲᠤ ᠬᠢᠵᠢᠭ ᠤᠨ ᠪᠠᠶᠢᠳᠠᠯ ᠢ ᠪᠠᠶᠢᠴᠠᠭᠠᠨ

ᠡᠵᠡᠮᠳᠡᠵᠦ᠂ ᠬᠢᠵᠢᠭ ᠤᠨ ᠪᠠᠶᠢᠳᠠᠯ ᠤᠨ ᠭᠤᠣᠯᠳᠠᠯᠭ᠎ᠠ ᠲᠠᠢ ᠭᠠᠵᠠᠷ ᠣᠷᠣᠨ ᠳᠤ 48 ᠴᠠᠭ ᠤᠨ ᠳᠣᠲᠣᠷᠠᠬᠢ ᠪᠥᠭᠡᠮ

ᠬᠦᠴᠢᠯ ᠤᠨ ᠪᠠᠶᠢᠴᠠᠭᠠᠨ ᠬᠡᠮᠵᠢᠯᠲᠡ ᠶᠢᠨ ᠪᠢᠯᠢᠭ ᠴᠢᠨᠠᠷ ᠤᠨ ᠭᠡᠷᠡᠴᠢ ᠬᠠᠩᠭᠠᠵᠤ ᠳᠡᠶᠢᠯᠬᠦ ᠦᠭᠡᠢ ᠶᠢ ᠢᠳᠬᠠᠨ

ᠪᠤᠴᠠᠭᠠᠬᠤ ᠪᠤᠶᠤ ᠪᠣᠭᠤᠮᠲᠠ ᠳᠤ ᠲᠦᠷ ᠴᠠᠭ ᠤᠨ ᠥᠯᠢᠭᠡᠷ ᠠᠪᠬᠤ ᠭᠠᠵᠠᠷ ᠲᠤ ᠪᠥᠭᠡᠮ ᠬᠦᠴᠢᠯ ᠤᠨ ᠥᠯᠢᠭᠡᠷ

ᠠᠪᠬᠤ ᠶᠢ ᠱᠠᠭᠠᠷᠳᠠᠵᠤ᠂ ᠪᠠᠶᠢᠴᠠᠭᠠᠨ ᠰᠢᠯᠭᠠᠭᠰᠠᠨ ᠦᠷ᠎ᠡ ᠳ᠋ᠦᠩ ᠢ ᠭᠠᠷᠭᠠᠭᠰᠠᠨ ᠤ ᠳᠠᠷᠠᠭ᠎ᠠ ᠰᠠᠶ᠋ᠢ ᠲᠠᠯᠪᠢᠵᠤ

ᠶᠠᠪᠤᠭᠤᠯᠤᠨ᠎ᠠ︔ ᠵᠠᠮ ᠤᠨ ᠺᠣᠳ᠋ ᠨᠢ ᠤᠯᠠᠭᠠᠨ ᠺᠣᠳ᠋᠂ ᠰᠢᠷ᠎ᠠ ᠺᠣᠳ᠋  ᠲᠠᠢ ᠬᠥᠮᠥᠰ ᠢ ᠲᠥᠪᠯᠡᠷᠡᠭᠦᠯᠦᠨ

ᠲᠤᠰᠠᠭᠠᠷᠯᠠᠨ᠎ᠠ︾ ᠭᠡᠵᠦ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠡᠷᠡᠭᠦᠦ ᠶᠢᠨ ᠴᠠᠭᠳᠠᠭ᠎ᠠ ᠶᠢᠨ

ᠶᠡᠭᠡ ᠠᠩᠭᠢ   ᠶᠢᠨ ᠵᠢᠭᠠᠨ ᠵᠢᠯᠣᠭᠤᠳᠤᠭᠴᠢ ᠶᠤᠸᠠᠨ ᠴᠠᠩ ᠴᠦᠨ ᠬᠡᠯᠡᠵᠡᠢ᠃

   ᠣᠳᠣᠬᠠᠨ ᠳᠤ᠂ ᠮᠠᠨ ᠤ ᠰᠢᠶᠠᠨ ᠳᠤ ᠬᠢᠵᠢᠭ ᠤᠨ ᠪᠠᠶᠢᠳᠠᠯ ᠢ ᠬᠠᠮᠢᠶᠠᠷᠤᠨ ᠡᠵᠡᠮᠳᠡᠬᠦ ᠪᠣᠭᠤᠮᠲᠠ ᠨᠡᠶᠢᠲᠡ 8

ᠭᠠᠷᠭᠠᠵᠤ᠂ ᠪᠠᠶᠢᠴᠠᠭᠠᠯᠲᠠ ᠶᠢᠨ ᠪᠣᠭᠤᠮᠲᠠ ᠨᠢᠭᠡᠪᠦᠷᠢ ᠡᠭᠡᠯᠵᠢ ᠪᠦᠷᠢ ᠳᠤ ᠨᠠᠭᠠᠲᠤ ᠵᠠᠬ᠎ᠠ ᠳᠠᠭᠠᠨ 2 ᠴᠠᠭᠳᠠᠭ᠎ᠠ᠂ 3

ᠨᠢᠭᠡᠴᠡ ᠶᠢᠨ ᠠᠵᠢᠯᠲᠠᠨ ᠪᠠ 1 ᠡᠷᠡᠭᠦᠯ ᠬᠠᠮᠠᠭᠠᠯᠠᠯ ᠬᠢᠵᠢᠭ ᠰᠡᠷᠭᠡᠶᠢᠯᠡᠬᠦ ᠠᠵᠢᠯᠲᠠᠨ‌‍ᠪᠠᠶᠢᠬᠤ ᠶᠢ ᠪᠠᠲᠤᠯᠠᠵᠤ ᠪᠠᠶᠢᠬᠤ

ᠪᠥᠭᠡᠳ ᠬᠢᠵᠢᠭ ᠢ ᠰᠡᠷᠭᠡᠶᠢᠯᠡᠬᠦ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠲᠣᠰ ᠪᠡᠶ᠎ᠡ ᠶᠢᠨ ᠬᠠᠮᠠᠭᠠᠯᠠᠯᠲᠠ ᠪᠠᠨ ᠰᠠᠶᠢᠲᠤᠷ

ᠬᠢᠵᠦ᠂ ᠣᠷᠴᠢᠨ ᠠᠬᠤᠢ ᠶᠢᠨ ᠡᠳ᠋ ᠪᠣᠳᠠᠰ ᠢ ᠠᠷᠢᠭᠤᠳᠬᠠᠬᠤ ᠠᠵᠢᠯ ᠢ ᠰᠠᠶᠢᠲᠤᠷ ᠬᠢᠵᠦ᠂ ᠨᠡᠶᠢᠭᠡᠮ ᠤᠨ

ᠬᠠᠮᠢᠶᠠᠷᠤᠨ ᠡᠵᠡᠮᠳᠡᠬᠦ ᠳᠤᠭᠤᠶᠢᠯᠠᠩ᠂ ᠡᠮ ᠡᠮᠨᠡᠯᠭᠡ ᠶᠢᠨ ᠰᠡᠷᠭᠡᠶᠢᠯᠡᠨ ᠡᠵᠡᠮᠳᠡᠬᠦ ᠳᠤᠭᠤᠶᠢᠯᠠᠩ ᠲᠠᠢ ᠬᠠᠮᠵᠢᠯᠴᠠᠨ

ᠠᠵᠢᠯᠲᠠᠨ ᠢ ᠰᠢᠯᠵᠢᠭᠦᠯᠦᠨ ᠲᠡᠭᠡᠭᠡᠪᠦᠷᠢᠯᠡᠬᠦ ᠠᠵᠢᠯ ᠢ ᠰᠠᠶᠢᠲᠤᠷ ᠬᠢᠵᠦ ᠪᠤᠢ᠃

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ

ᠣᠷᠴᠢᠭᠤᠯᠤᠭᠴᠢ᠄ ᠣᠳᠣᠨᠭᠡᠷᠡᠯ

   ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2