ᠬᠤᠸᠠᠳᠧ ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ ᠤᠨ ᠨᠠᠮ ᠤᠨ ᠤᠳᠤᠷᠢᠳᠬᠤ ᠳᠤᠭᠤᠶᠢᠯᠠᠩ 2021 ᠣᠨ ᠤ ᠠᠷᠠᠳᠴᠢᠯᠠᠯ ᠠᠮᠢᠳᠤᠷᠠᠯ ᠤᠨ ᠬᠤᠷᠠᠯ ᠵᠢᠴᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ ᠠᠷᠠᠳᠴᠢᠯᠠᠯ ᠠᠮᠢᠳᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/3/1
   2 ᠰᠠᠷ᠎ᠠ ᠶᠢᠨ 28  ᠤ ᠡᠳᠦᠷ᠂ ᠬᠤᠸᠠᠳᠧ ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ ᠤᠨ ᠨᠠᠮ ᠤᠨ ᠤᠳᠤᠷᠢᠳᠬᠤ ᠳᠤᠭᠤᠶᠢᠯᠠᠩ 2021 ᠣᠨ ᠤ ᠠᠷᠠᠳᠴᠢᠯᠠᠯ ᠠᠮᠢᠳᠤᠷᠠᠯ ᠤᠨ ᠬᠤᠷᠠᠯ ᠵᠢᠴᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠷᠠᠳᠴᠢᠯᠠᠯ ᠠᠮᠢᠳᠤᠷᠠᠯ ᠤᠨ ᠬᠤᠷᠠᠯ ᠢ ᠬᠤᠷᠠᠯᠳᠤᠭᠤᠯᠪᠠ᠃ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ᠂ ᠵᠠᠰᠠᠭ ᠤᠨ ᠣᠷᠳᠣᠨ ᠤ ᠠᠯᠪᠠᠨ ᠭᠡᠷ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠰᠢᠶᠣᠣ ᠵᠧᠨ ᠢᠦᠢ ᠬᠤᠷᠠᠯ ᠡᠷᠭᠢᠯᠡᠪᠡ᠃ ᠰᠢᠶᠠᠨ ᠤ ᠨᠠᠮ ᠤᠨ ᠬᠤᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠨᠢᠭᠡᠳᠦᠭᠡᠷ ᠵᠢᠯᠤᠭᠤᠳᠬᠤ ᠳᠤᠭᠤᠶᠢᠯᠠᠩ ᠤᠨ ᠳᠠᠷᠤᠭ᠎ᠠ ᠸᠠᠩ ᠭᠦᠸᠧ ᠮᠢᠩ ᠵᠢᠴᠢ ᠲᠡᠭᠦᠨ ᠤ ᠪᠦᠷᠢᠯᠳᠦᠭᠦᠨ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃
   ᠬᠤᠷᠠᠯ ᠳᠡᠭᠡᠷ᠎ᠡ᠂ ᠰᠢᠶᠣᠣ ᠵᠧᠨ ᠢᠦᠢ 2020 ᠣᠨ ᠤ ᠠᠷᠠᠳᠴᠢᠯᠠᠯ ᠠᠮᠢᠳᠤᠷᠠᠯ ᠤᠨ ᠬᠤᠷᠠᠯ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠪᠣᠯᠣᠨ ᠲᠤᠰ ᠤᠳᠠᠭ᠎ᠠ ᠶᠢᠨ 2021 ᠣᠨ ᠤ ᠠᠷᠠᠳᠴᠢᠯᠠᠯ ᠠᠮᠢᠳᠤᠷᠠᠯ ᠤᠨ ᠬᠤᠷᠠᠯ ᠵᠢᠴᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠠᠷᠠᠳᠴᠢᠯᠠᠯ ᠠᠮᠢᠳᠤᠷᠠᠯ ᠤᠨ ᠬᠤᠷᠠᠯ ᠤᠨ ᠪᠡᠯᠡᠳᠬᠡᠯ ᠪᠠᠶᠢᠳᠠᠯ ᠢ ᠨᠡᠶᠢᠲᠡᠯᠡᠵᠡᠢ᠃   ᠰᠢᠶᠣᠣ ᠵᠧᠨ ᠢᠦᠢ ᠨᠠᠮ ᠤᠨ ᠤᠳᠤᠷᠢᠳᠬᠤ ᠳᠤᠭᠤᠶᠢᠯᠠᠩ ᠤᠨ ᠪᠠᠭ ᠢ ᠲᠥᠯᠥᠭᠡᠯᠡᠨ ᠬᠠᠷᠢᠴᠠᠭᠤᠯᠤᠨ ᠪᠠᠶᠢᠴᠠᠭᠠᠭᠰᠠᠨ ᠪᠥᠭᠡᠳ ᠲᠦᠷᠦᠭᠦᠯᠡᠨ ᠬᠤᠪᠢ ᠬᠥᠮᠥᠨ ᠤ ᠬᠠᠷᠢᠴᠠᠭᠤᠯᠤᠨ ᠪᠠᠶᠢᠴᠠᠭᠠᠬᠤ ᠶᠠᠷᠢᠶ᠎ᠠ ᠲᠠᠯᠪᠢᠵᠠᠢ᠃ ᠨᠠᠮ ᠤᠨ ᠤᠳᠤᠷᠢᠳᠬᠤ ᠳᠤᠭᠤᠶᠢᠯᠠᠩ ᠤᠨ ᠪᠠᠭ ᠤᠨ ᠪᠦᠷᠢᠯᠳᠦᠭᠦᠨ ᠨᠢᠭᠡ ᠨᠢᠭᠡ ᠪᠠᠷ ᠬᠤᠪᠢ ᠬᠥᠮᠥᠨ ᠢ ᠬᠠᠷᠢᠴᠠᠭᠤᠯᠤᠨ ᠪᠠᠶᠢᠴᠠᠭᠠᠬᠤ ᠶᠠᠷᠢᠶ᠎ᠠ ᠲᠠᠯᠪᠢᠪᠠ᠃ ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠬᠤ ᠪᠠᠭ ᠤᠨ ᠪᠦᠷᠢᠯᠳᠦᠭᠦᠨ ᠨᠢᠭᠡᠪᠦᠷᠢ ᠶᠠᠷᠢᠶ᠎ᠠ ᠲᠠᠯᠪᠢᠭᠰᠠᠨ ᠤ ᠲᠠᠷᠠᠭ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠬᠤ ᠪᠠᠭ ᠤᠨ ᠪᠤᠰᠤᠳ ᠪᠦᠷᠢᠯᠳᠦᠭᠦᠨ ᠲᠡᠭᠦᠨ ᠳᠤ ᠨᠢᠭᠡᠳ ᠨᠢᠭᠡ ᠪᠠᠷ ᠰᠢᠭᠦᠮᠵᠢᠯᠡᠯ ᠰᠠᠨᠠᠯ ᠳᠤᠷᠠᠳᠪᠠ᠃ ᠰᠢᠭᠦᠮᠵᠢᠯᠡᠯ ᠰᠠᠨᠠᠭᠤᠯᠭ᠎ᠠ ᠨᠢ ᠠᠰᠠᠭᠤᠳᠠᠯ ᠳᠤ ᠰᠢᠭᠤᠳ ᠬᠠᠨᠳᠤᠵᠤ᠂ ᠲᠣᠭᠤᠷᠢᠭᠤᠯᠵᠤ ᠲᠣᠭᠰᠢᠭᠤᠯᠬᠤ ᠦᠭᠡᠢ᠂ ᠦᠨᠡᠨᠴᠢ ᠴᠠᠭᠠᠪᠤᠷ ᠪᠠᠶᠢᠵᠤ᠂ ︽ᠨᠢᠭᠤᠷ ᠤᠯᠠᠶᠢᠵᠤ ᠬᠥᠯᠥᠰᠦ ᠭᠠᠷᠬᠤ︾ ᠤᠷᠢᠳᠴᠢᠯᠠᠭᠰᠠᠨ ᠦᠷ᠎ᠡ ᠳ᠋ᠦᠩ ᠳᠤ ᠬᠦᠷᠦᠭᠰᠡᠨ ᠪᠠᠶᠢᠨ᠎ᠠ᠃

   ᠰᠢᠶᠣᠣ ᠵᠧᠨ ᠢᠦᠢ ᠳ᠋ᠦᠩᠨᠡᠯᠲᠡ ᠶᠢᠨ ᠶᠠᠷᠢᠶᠠᠨ ᠳ᠋ᠠᠭᠠᠨ‌‍ᠴᠢᠬᠤᠯᠠᠴᠢᠯᠠᠭᠰᠠᠨ ᠨᠢ᠂ ᠨᠠᠮ ᠤᠨ ᠤᠳᠤᠷᠢᠳᠬᠤ

ᠳᠤᠭᠤᠶᠢᠯᠠᠩ ᠤᠨ ᠤᠳᠤᠷᠢᠳᠬᠤ ᠪᠠᠭ ᠤᠨ ᠬᠢᠨ ᠲᠤᠰ ᠤᠳᠠᠭ᠎ᠠ ᠶᠢᠨ ᠠᠷᠠᠳᠴᠢᠯᠠᠯ ᠠᠮᠢᠳᠤᠷᠠᠯ ᠤᠨ ᠬᠤᠷᠠᠯ ᠢ

ᠰᠠᠶᠢᠲᠤᠷ ᠬᠢᠬᠦ ᠨᠢ ᠪᠢᠳᠡᠨ ᠤ ᠬᠤᠶᠢᠰᠢᠳᠠ ᠶᠢᠨ ᠠᠵᠢᠯ ᠢᠶᠠᠨ ᠰᠠᠶᠢᠲᠤᠷ ᠬᠢᠬᠦ ᠳᠤ ᠵᠢᠯᠤᠭᠤᠳᠬᠤ ᠦᠢᠯᠡᠳᠦᠯ

ᠦᠵᠡᠭᠦᠯᠵᠦ᠂ ᠤᠳᠤᠷᠢᠳᠬᠤ ᠪᠠᠭ ᠵᠢᠴᠢ ᠬᠤᠪᠢ ᠬᠥᠮᠥᠨ ᠤ ᠦᠰᠦᠨ ᠪᠤᠶᠢᠵᠢᠯᠲᠠ ᠳᠤ ᠰᠠᠨᠠᠭᠤᠯᠬᠤ ᠪᠠ

ᠰᠡᠷᠡᠮᠵᠢᠯᠡᠭᠦᠯᠬᠦ ᠦᠢᠯᠡᠳᠦᠯ ᠦᠵᠡᠭᠦᠯᠵᠦ᠂ ᠤᠳᠤᠷᠢᠳᠬᠤ ᠪᠠᠭ ᠤᠨ ᠲᠠᠶᠢᠴᠢᠨ ᠬᠦᠴᠦᠨ ᠢ ᠴᠢᠩᠭᠠᠳᠬᠠᠬᠤ᠂ ᠡᠯ᠎ᠡ

ᠵᠦᠢᠯ ᠤᠨ ᠠᠵᠢᠯ ᠤᠨ ᠥᠷᠨᠢᠯᠲᠡ ᠶᠢ ᠠᠬᠢᠭᠤᠯᠬᠤ ᠳᠤ ᠠᠬᠢᠭᠤᠯᠬᠤ ᠦᠢᠯᠡᠳᠦᠯ ᠦᠵᠡᠭᠦᠯᠬᠦ ᠬᠡᠷᠡᠭᠲᠡᠢ᠃ ᠨᠠᠮ ᠤᠨ

ᠤᠳᠤᠷᠢᠳᠬᠤ ᠳᠤᠭᠤᠶᠢᠯᠠᠩ ᠤᠨ ᠪᠠᠭ ᠤᠨ ᠪᠦᠬᠦ ᠪᠦᠷᠢᠯᠳᠦᠭᠦᠨ ᠨᠠᠷ ᠤᠯᠤᠰ ᠲᠥᠷᠥ ᠶᠢᠨ ᠣᠨᠣᠯ ᠤᠨ

ᠰᠤᠷᠤᠯᠴᠠᠯᠭ᠎ᠠ ᠶᠢ ᠨᠠᠷᠢᠨ ᠬᠢᠨᠠᠮᠠᠭᠠᠢ ᠭᠦᠨᠵᠡᠭᠡᠢ ᠰᠠᠶᠢᠲᠤᠷ ᠠᠳᠬᠤᠵᠤ᠂ ᠬᠠᠷᠢᠭᠤᠴᠠᠯᠭ᠎ᠠ ᠶᠢᠨ ᠤᠬᠠᠮᠰᠠᠷ ᠢᠶᠠᠨ

ᠴᠢᠩᠭᠠᠳᠬᠠᠵᠤ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ᠰᠠᠨᠠᠭᠠᠴᠢᠯᠠᠭ᠎ᠠ ᠠᠴᠠ ᠪᠠᠨ

ᠵᠥᠪᠯᠡᠭᠴᠢ ᠬᠠᠪᠰᠤᠷᠤᠭᠴᠢ ᠶᠢᠨ ᠦᠢᠯᠡᠳᠦᠯ ᠢᠶᠠᠨ ᠪᠠᠳᠠᠷᠠᠭᠤᠯᠵᠤ᠂ ᠰᠠᠨᠠᠭᠠᠴᠢᠯᠠᠭ᠎ᠠ ᠠᠴᠠ ᠪᠠᠨ ᠡᠮᠦᠨ᠎ᠡ ᠨᠢ

ᠦᠢᠯᠡᠴᠢᠯᠡᠵᠦ᠂ ᠤᠷᠢᠳᠴᠢᠯᠠᠨ ᠦᠢᠯᠡᠴᠢᠯᠡᠵᠦ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ ᠰᠢᠯᠢᠳᠡᠭ

ᠰᠤᠷᠲᠠᠯ ᠢ ᠦᠷᠭᠦᠯᠵᠢᠯᠡᠨ ᠪᠠᠳᠠᠷᠠᠭᠤᠯᠵᠤ᠂ ᠪᠦᠬᠦ ᠬᠦᠴᠦᠨ ᠢᠶᠠᠷ ᠢᠶᠠᠨ ᠴᠢᠷᠮᠠᠶᠢᠵᠤ᠂ ᠪᠦᠬᠦ ᠰᠡᠳᠬᠢᠯ ᠪᠦᠬᠦ

ᠬᠦᠴᠦᠨ ᠢᠶᠠᠷ ᠢᠶᠠᠨ ᠰᠢᠶᠠᠨ ᠤ ᠵᠠᠰᠠᠭ ᠤᠨ ᠣᠷᠳᠣᠨ ᠤ ᠤᠳᠤᠷᠢᠳᠬᠤ ᠨᠥᠬᠦᠳ ᠢ ᠰᠠᠶᠢᠲᠤᠷ ᠬᠠᠪᠰᠤᠷᠴᠤ ᠡᠯ᠎ᠡ

ᠵᠦᠢᠯ ᠤᠨ ᠠᠵᠢᠯ ᠢ ᠰᠠᠶᠢᠲᠤᠷ ᠬᠢᠵᠦ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ

ᠬᠥᠭᠵᠢᠯᠲᠡ ᠳᠤ ᠦᠨᠡᠨᠬᠦ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃

ᠵᠠᠰᠠᠭ ᠤᠨ ᠣᠷᠳᠣᠨ ᠤ ᠠᠯᠪᠠᠨ ᠭᠡᠷ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠥᠬᠦ ᠪᠦᠷᠢᠯᠳᠦᠭᠦᠨ

ᠬᠤᠷᠠᠯ ᠳᠤ ᠣᠷᠣᠯᠴᠠᠪᠠ᠃

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ

ᠣᠷᠴᠢᠭᠤᠯᠤᠭᠴᠢ᠄ ᠣᠳᠣᠨᠭᠡᠷᠡᠯ

   ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2