ᠮᠠᠨ ᠤ ᠰᠢᠶᠠᠨ 2022 ᠣᠨ ᠤ ᠳᠡᠭᠡᠷ᠎ᠡ ᠬᠠᠭᠠᠰ ᠵᠢᠯ ᠤᠨ ᠴᠡᠷᠢᠭ ᠡᠯᠰᠡᠵᠦ ᠴᠡᠷᠢᠭ ᠲᠣᠭᠲᠠᠭᠠᠬᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/3/11
   3 ᠰᠠᠷ᠎ᠠ ᠶᠢᠨ 10  ᠤ ᠡᠳᠦᠷ ᠂ ᠮᠠᠨ ᠤ ᠰᠢᠶᠠᠨ 2022 ᠣᠨ ᠤ ᠳᠡᠭᠡᠷ᠎ᠡ ᠬᠠᠭᠠᠰ ᠵᠢᠯ ᠤᠨ ᠴᠡᠷᠢᠭ ᠡᠯᠰᠡᠵᠦ ᠴᠡᠷᠢᠭ ᠲᠣᠭᠲᠠᠭᠠᠬᠤ ᠠᠵᠢᠯ ᠤᠨ ᠬᠤᠷᠠᠯ ᠬᠤᠷᠠᠯᠳᠤᠭᠤᠯᠪᠠ ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ ᠂ ᠴᠡᠷᠢᠭ ᠡᠯᠰᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠶᠠᠨ ᠵᠢᠶᠦ᠋ᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠂ ᠴᠡᠷᠢᠭ ᠡᠯᠰᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠴᠢ ᠪᠢᠨ ᠬᠤᠷᠠᠯ ᠢ ᠡᠷᠬᠢᠯᠡᠪᠡ ᠃
1.png
   ᠬᠤᠷᠠᠯ ᠳᠡᠭᠡᠷ᠎ᠡ ᠂ ᠴᠢ ᠪᠢᠨ 2022 ᠣᠨ ᠤ ᠳᠡᠭᠡᠷ᠎ᠡ ᠬᠠᠭᠠᠰ ᠵᠢᠯ ᠤᠨ ᠴᠡᠷᠢᠭ ᠡᠯᠰᠡᠬᠦ ᠠᠵᠢᠯ ᠢ ᠥᠷᠨᠢᠭᠦᠯᠦᠭᠰᠡᠨ ᠪᠠᠶᠢᠳᠠᠯ ᠢ ᠲᠠᠨᠢᠯᠴᠠᠭᠤᠯᠪᠠ ︔ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠺᠣᠮᠢᠰᠰᠠᠷ ᠯᠢᠦ ᠬᠤᠤ ᠬᠤᠷᠠᠯ ᠳᠤ ᠣᠷᠣᠯᠴᠠᠭᠰᠠᠳ ᠢ ᠵᠣᠬᠢᠶᠠᠨ ᠪᠠᠶᠢᠭᠤᠯᠤᠨ ᠠᠷᠢᠭᠤᠨ ᠴᠢᠬᠡᠴᠢ ᠪᠠᠷ ᠴᠡᠷᠢᠭ ᠡᠯᠰᠡᠬᠦ ᠪᠠ ᠴᠡᠷᠢᠭ ᠲᠣᠭᠲᠠᠭᠠᠬᠤ ᠶᠢ ᠬᠢᠨᠠᠨ ᠵᠥᠪᠰᠢᠶᠡᠷᠡᠬᠦ ᠬᠤᠯᠪᠣᠭᠳᠠᠯ ᠪᠦᠬᠦᠢ ᠲᠣᠭᠲᠠᠭᠠᠯ ᠢ ᠰᠤᠷᠤᠯᠴᠠᠭᠤᠯᠪᠠ ︔ ᠰᠢᠶᠠᠨ ᠤ ᠡᠮᠨᠡᠯᠭᠡ ᠶᠢᠨ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠲᠣᠰ ᠲᠣᠰ ᠪᠡᠶ᠎ᠡ ᠶᠢᠨ ᠪᠠᠶᠢᠴᠠᠭᠠᠯᠲᠠ᠂ ᠤᠯᠤᠰ ᠲᠥᠷᠥ ᠶᠢᠨ ᠬᠢᠨᠠᠨ ᠰᠢᠯᠭᠠᠯᠲᠠ ᠪᠠ ᠰᠤᠷᠤᠯᠭ᠎ᠠ ᠶᠢᠨ ᠨᠠᠮᠲᠠᠷ ᠢ ᠬᠢᠨᠠᠨ ᠪᠠᠶᠢᠴᠠᠭᠠᠭᠰᠠᠨ ᠪᠠᠶᠢᠳᠠᠯ ᠢᠶᠠᠨ ᠬᠠᠷᠢᠭᠤ ᠮᠡᠳᠡᠭᠦᠯᠪᠡ︔ ᠴᠡᠷᠢᠭ ᠡᠯᠰᠡᠬᠦ ᠠᠯᠪᠠᠨ ᠭᠡᠷ ᠤᠨ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ ᠳᠠᠷᠤᠭ᠎ᠠ 2022 ᠣᠨ ᠤ ᠳᠡᠭᠡᠷ᠎ᠡ ᠬᠠᠭᠠᠰ ᠵᠢᠯ ᠤᠨ ᠴᠡᠷᠢᠭ ᠡᠯᠰᠡᠬᠦ ᠠᠵᠢᠯ ᠤᠨ ᠲᠤᠬᠠᠢ ᠰᠠᠨᠠᠯ ᠢᠶᠠᠨ ᠳᠤᠷᠠᠳᠪᠠ ︔ ᠴᠡᠷᠢᠭ ᠡᠯᠰᠡᠬᠦ ᠠᠵᠢᠯ ᠤᠨ ᠠᠯᠪᠠᠨ ᠭᠡᠷ ᠤᠨ ᠡᠷᠬᠢᠯᠡᠭᠴᠢ ᠤᠷᠢᠳᠴᠢᠯᠠᠨ ᠲᠣᠭᠲᠠᠭᠠᠭᠰᠠᠨ ᠴᠡᠷᠢᠭ ᠤᠨ ᠲᠥᠰᠥᠯ ᠢᠶᠠᠨ ᠬᠠᠷᠢᠭᠤ ᠮᠡᠳᠡᠭᠦᠯᠪᠡ᠃ ᠬᠤᠷᠠᠯ ᠳᠤ ᠣᠷᠣᠯᠴᠠᠭᠰᠠᠳ ᠲᠤᠬᠠᠢ ᠶᠢᠨ ᠲᠠᠯᠠᠪᠠᠢ ᠳᠤ ᠴᠡᠷᠢᠭ ᠲᠣᠭᠲᠠᠭᠠᠬᠤ ᠨᠡᠷᠡᠰ ᠵᠢᠴᠢ ᠳᠠᠷᠠᠭᠠᠯᠠᠨ ᠨᠥᠬᠦᠪᠦᠷᠢᠯᠡᠬᠦ ᠬᠥᠮᠥᠰ ᠤᠨ ᠨᠡᠷᠡᠰ ᠲᠤ ᠪᠠᠲᠤᠯᠠᠯᠲᠠ ᠬᠢᠪᠡ ᠃

2.png

   ᠶᠠᠨ ᠵᠢᠶᠦ᠋ᠨ ᠴᠡᠷᠢᠭ ᠲᠣᠭᠲᠠᠭᠠᠬᠤ ᠠᠵᠢᠯ ᠢ ᠤᠯᠠᠮ ᠴᠢᠨᠠᠭᠰᠢᠳᠠ ᠰᠠᠶᠢᠲᠤᠷ ᠬᠢᠬᠦ ᠲᠤᠬᠠᠢ ᠱᠠᠭᠠᠷᠳᠠᠭᠰᠠᠨ ᠨᠢ ᠂

ᠡᠯ᠎ᠡ ᠰᠢᠶᠠᠩ ᠪᠠᠯᠭᠠᠰᠤ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠂ ᠦᠢᠯᠡ ᠠᠵᠢᠯᠯᠠᠭ᠎ᠠ ᠶᠢᠨ ᠲᠠᠯ᠎ᠠ ᠪᠠᠷ

ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠲᠡᠰ ᠳᠠᠷᠠᠭᠠᠯᠠᠯ ᠤᠨ ᠪᠠᠷᠢᠮᠵᠢᠶ᠎ᠠ ᠶᠢ ᠴᠢᠩᠭ᠎ᠠ ᠵᠢᠷᠤᠮᠯᠠᠨ᠂ ᠴᠢᠩᠭ᠎ᠠ

ᠪᠣᠳᠠᠲᠠᠢ ᠭᠦᠢᠴᠡᠳᠬᠡᠵᠦ ᠂ ᠴᠡᠷᠢᠭ ᠲᠣᠭᠲᠠᠭᠠᠬᠤ ᠠᠵᠢᠯ ᠤᠨ ᠡᠭᠦᠷᠭᠡ ᠪᠠᠨ ᠴᠠᠭ ᠲᠤᠬᠠᠢ ᠳᠤᠨᠢ ᠪᠡᠶᠡᠯᠡᠭᠦᠯᠬᠦ ᠶᠢ

ᠪᠠᠲᠤᠯᠠᠬᠤ ᠬᠡᠷᠡᠭᠲᠡᠢ ︔ ᠠᠷᠠᠳ ᠤᠨ ᠵᠡᠪᠰᠡᠭᠲᠦ ᠬᠦᠴᠦᠨ ᠤ ᠬᠡᠯᠲᠡᠰ ᠂ ᠡᠯ᠎ᠡ ᠰᠢᠶᠠᠩ ᠪᠠᠯᠭᠠᠰᠤ ᠂ ᠡᠯ᠎ᠡ

ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠠᠮᠲᠤ ᠪᠠᠷ ᠴᠡᠷᠢᠭ ᠲᠣᠭᠲᠠᠭᠠᠬᠤ ᠶᠢ ᠪᠠᠷᠢᠮᠲᠠᠯᠠᠵᠤ ᠂ ᠰᠢᠯᠢᠳᠡᠭ ᠢ

 ᠨᠢ ᠰᠣᠩᠭᠤᠨ ᠴᠡᠷᠢᠭ ᠲᠣᠭᠲᠠᠭᠠᠬᠤ ᠶᠢ ᠪᠠᠷᠢᠮᠲᠠᠯᠠᠵᠤ ᠂ ᠰᠢᠯᠢᠳᠡᠭ ᠵᠠᠯᠠᠭᠤᠴᠤᠳ ᠢ ᠴᠡᠷᠢᠭ ᠲᠤ ᠡᠯᠰᠡᠬᠦ ᠶᠢ

ᠪᠠᠲᠤᠯᠠᠬᠤ ᠬᠡᠷᠡᠭᠲᠡᠢ ᠃

   ᠶᠠᠨ ᠵᠢᠶᠦ᠋ᠨ ᠴᠢᠬᠤᠯᠠᠴᠢᠯᠠᠭᠰᠠᠨ ᠨᠢ᠂ ᠰᠠᠨᠠᠭᠠᠴᠢᠯᠠᠭ᠎ᠠ ᠠᠴᠠ ᠪᠠᠨ

ᠦᠢᠯᠡᠴᠢᠯᠡᠬᠦ ᠤᠬᠠᠮᠰᠠᠷ ᠢᠶᠠᠨ ᠴᠢᠩᠭᠠᠳᠬᠠᠵᠤ ᠂ ᠴᠡᠷᠢᠭ ᠡᠯᠰᠡᠬᠦ ᠶᠢᠨ ᠳᠠᠷᠠᠭᠠᠬᠢ ᠠᠵᠢᠯ ᠢ ᠯᠠᠪᠳᠠᠭᠤᠨ ᠪᠠᠲᠤᠲᠠᠢ

ᠥᠷᠨᠢᠭᠦᠯᠵᠦ ᠂ ᠴᠡᠷᠢᠭ ᠲᠤ ᠣᠷᠣᠬᠤ ᠠᠴᠠ ᠡᠮᠦᠨᠡᠬᠢ ᠰᠢᠨ᠎ᠡ ᠴᠡᠷᠢᠭ ᠤᠨ ᠬᠥᠮᠦᠵᠢᠯ ᠢ ᠦᠨᠡᠨᠬᠦ ᠰᠠᠶᠢᠲᠤᠷ

ᠠᠳᠬᠤᠵᠤ ᠂ ᠲᠡᠳᠡᠨ ᠤ ᠬᠤᠶᠢᠰᠢᠳᠠ ᠶᠢᠨ ᠵᠣᠪᠠᠨᠢᠯ ᠢ ᠦᠨᠡᠨᠬᠦ ᠰᠢᠢᠳᠪᠦᠷᠢᠯᠡᠵᠦ ᠂ ᠴᠡᠷᠢᠭ ᠲᠤ ᠬᠢᠷᠢ

ᠲᠡᠩᠴᠡᠭᠰᠡᠨ ᠦᠭᠡᠢ ᠵᠠᠯᠠᠭᠤᠴᠤᠳ ᠵᠢᠴᠢ ᠭᠡᠷ ᠤᠨ ᠠᠬᠠᠮᠠᠳ ᠤᠨ ᠦᠵᠡᠯ ᠰᠠᠨᠠᠭᠠᠨ ᠤ ᠵᠢᠯᠣᠭᠤᠳᠤᠯᠭ᠎ᠠ ᠶᠢᠨ

ᠠᠵᠢᠯ ᠢ ᠰᠠᠶᠢᠲᠤᠷ ᠬᠢᠵᠦ ᠂ ᠲᠡᠳᠡᠨ ᠤ ᠴᠡᠷᠢᠭ ᠲᠤ ᠡᠯᠰᠡᠬᠦ ᠳᠤ ᠦᠷᠭᠦᠯᠵᠢᠯᠡᠨ ᠣᠷᠤᠯᠴᠠᠬᠤ ᠶᠢ ᠵᠣᠷᠢᠭᠵᠢᠭᠤᠯᠬᠤ

ᠬᠡᠷᠡᠭᠲᠡᠢ ᠃ ᠲᠤᠰᠢᠶᠠᠬᠤ ᠪᠠ ᠭᠥᠯᠢᠶᠡᠨ ᠠᠪᠴᠤ ᠲᠡᠭᠡᠭᠡᠪᠦᠷᠢᠯᠡᠬᠦ ᠠᠵᠢᠯ ᠢ ᠦᠨᠡᠨ ᠬᠦ ᠰᠠᠶᠢᠲᠤᠷ ᠠᠳᠬᠤᠵᠤ ᠂

ᠲᠣᠭᠲᠠᠭᠰᠠᠨ ᠴᠠᠭ ᠬᠤᠭᠤᠴᠠᠭᠠᠨ ᠤ ᠳᠣᠲᠣᠷ᠎ᠠ ᠠᠵᠢᠯᠲᠠᠨ᠂ ᠲᠠᠩᠰᠠ ᠡᠪᠬᠡᠮᠡᠯ ᠪᠠ ᠡᠳ᠋ ᠪᠣᠳᠠᠰ ᠢ ᠲᠤᠰᠢᠶᠠᠬᠤ ᠪᠠ

ᠭᠥᠯᠢᠶᠡᠨ ᠠᠪᠬᠤ ᠠᠵᠢᠯ ᠢ ᠰᠠᠶᠢᠲᠤᠷ ᠵᠣᠬᠢᠶᠠᠨ ᠪᠠᠶᠢᠭᠤᠯᠬᠤ ᠬᠡᠷᠡᠭᠲᠡᠢ ᠃ ᠢᠳᠡᠪᠬᠢᠲᠡᠢ ᠪᠠᠷ

ᠰᠠᠨᠠᠭᠠᠴᠢᠯᠠᠭ᠎ᠠ ᠠᠴᠠ ᠪᠠᠨ ᠴᠡᠷᠢᠭ ᠳᠤᠰᠤᠭᠰᠠᠨ ᠴᠡᠷᠢᠭ ᠠᠩᠭᠢ ᠲᠠᠢ ᠵᠣᠯᠭᠠᠭᠤᠯᠵᠤ ᠂ ᠰᠢᠨ᠎ᠡ ᠴᠡᠷᠢᠭ ᠤᠨ ᠡᠬᠢᠯᠡᠵᠦ

ᠵᠥᠭᠡᠭᠡᠪᠦᠷᠢᠯᠡᠬᠦ ᠴᠠᠭ ᠢ ᠦᠨᠳᠦᠰᠦᠯᠡᠵᠦ ᠂ ᠦᠷᠳᠡᠭᠡ ᠬᠦᠷᠭᠡᠬᠦ ᠵᠡᠷᠭᠡ ᠦᠢᠯᠡᠴᠢᠯᠡᠭᠡ ᠶᠢ ᠰᠠᠶᠢᠲᠤᠷ ᠲᠣᠬᠢᠷᠠᠭᠤᠯᠬᠤ

ᠬᠡᠷᠡᠭᠲᠡᠢ ᠃ ᠪᠠᠶᠢᠳᠠᠯ ᠢ ᠤᠷᠢᠳᠴᠢᠯᠠᠨ ᠵᠢᠱᠢᠬᠦ ᠶᠢ ᠰᠠᠶᠢᠲᠤᠷ ᠬᠢᠵᠦ ᠂ ᠠᠷᠭᠠᠴᠠᠬᠤ ᠠᠷᠭ᠎ᠠ ᠬᠡᠮᠵᠢᠶ᠎ᠡ ᠪᠠ ᠪᠠᠴᠢᠮ

ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠲᠣᠭᠲᠠᠭᠠᠵᠤ ᠂ ᠲᠣᠭᠠᠯᠠᠨ ᠪᠦᠷᠢᠳᠬᠡᠬᠦ ᠂ ᠬᠦᠷᠭᠡᠬᠦ ᠪᠠ

ᠲᠤᠰᠢᠶᠠᠬᠤ᠂ ᠭᠥᠯᠢᠶᠡᠨ ᠠᠪᠬᠤ ᠵᠡᠷᠭᠡ ᠡᠯ᠎ᠡ ᠵᠠᠩᠭᠢᠯᠠᠭ᠎ᠠ ᠶᠢᠨ ᠠᠮᠤᠷ ᠲᠦᠪᠰᠢᠨ ᠤ ᠠᠵᠢᠯ ᠢ ᠪᠦᠬᠦ ᠲᠠᠯ᠎ᠠ ᠪᠠᠷ

ᠰᠠᠶᠢᠲᠤᠷ ᠬᠢᠵᠦ ᠂ ᠴᠡᠷᠢᠭ ᠤᠨ ᠴᠠᠭ ᠲᠠᠭᠠᠨ ᠠᠮᠤᠷ ᠲᠦᠪᠰᠢᠨ ᠪᠠ ᠴᠡᠷᠢᠭ ᠠᠩᠭᠢ ᠶᠢᠨ ᠲᠤᠰᠢᠶᠠᠬᠤ ᠪᠠ ᠭᠥᠯᠢᠶᠡᠨ

ᠠᠪᠬᠤ ᠶᠢ ᠦᠨᠡᠨ ᠬᠦ ᠪᠠᠲᠤᠯᠠᠬᠤ ᠬᠡᠷᠡᠭᠲᠡᠢ ᠃

        ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ

        ᠣᠷᠴᠢᠭᠤᠯᠤᠭᠴᠢ᠄ ᠣᠳᠣᠨᠭᠡᠷᠡᠯ

ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ

 

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2