| 2022 ᠣᠨ ᠤ 3 ᠰᠠᠷ᠎ᠠ ᠶᠢᠨ 8 ᠤ ᠡᠳᠦᠷ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠣᠨ ᠤ | ᠠᠯᠪᠠᠨ ᠭᠡᠷ ᠠᠴᠠ ︽ᠬᠤᠸᠠᠳᠧ ᠰᠢᠶᠠᠨ ᠤ ᠨᠠᠷᠠᠰᠤᠨ ᠮᠣᠳᠣᠨ ᠤ ᠤᠲᠠᠰᠤᠯᠢᠭ ᠬᠤᠷᠣᠬᠠᠢ ᠶᠢᠨ ᠡᠪᠡᠳᠴᠢᠨ ᠤ | ᠬᠢᠵᠢᠭ ᠢ ᠰᠡᠷᠭᠡᠶᠢᠯᠡᠨ ᠡᠵᠡᠮᠳᠡᠬᠦ ᠲᠠᠪᠤᠨ ᠵᠢᠯ ᠤᠨ ᠪᠣᠭᠤᠮᠲᠠ ᠰᠢᠪᠲᠤᠯᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ | ︵2021 ᠣᠨ ︱ 2025 ᠣᠨ︶︾ ᠢ ᠳᠠᠷᠤᠮᠠᠯᠯᠠᠨ ᠲᠠᠷᠬᠠᠭᠠᠵᠤ᠂ ᠳᠣᠷᠣᠭᠰᠢ ︽ᠲᠥᠰᠥᠯ︾ ᠭᠡᠵᠦ | ᠲᠣᠪᠴᠢᠯᠠᠨ᠎ᠠ᠂ ᠡᠳᠦᠭᠡ ︽ᠲᠥᠰᠥᠯ︾ ᠤᠨ ᠬᠠᠮᠢᠶ᠎ᠠ ᠪᠦᠬᠦᠢ ᠠᠭᠤᠯᠭ᠎ᠠ ᠳᠤ ᠲᠥᠷᠥ ᠶᠢᠨ ᠪᠣᠳᠣᠯᠭ᠎ᠠ ᠶᠢᠨ | ᠲᠠᠶᠢᠯᠤᠮᠵᠢ ᠬᠢᠶ᠎ᠠ᠃ | ᠨᠢᠭᠡ᠂ ᠨᠣᠣᠷᠠᠭᠯᠠᠭᠰᠠᠨ ᠠᠬᠤᠢ ᠪᠠᠶᠢᠳᠠᠯ | ︽ᠣᠶ ᠰᠢᠭᠤᠢ ᠶᠢᠨ ᠬᠥᠨᠥᠭᠡᠯᠲᠡᠢ ᠠᠮᠢᠳᠤ ᠪᠣᠳᠠᠰ ᠢ ᠰᠡᠷᠭᠡᠶᠢᠯᠡᠨ ᠵᠠᠰᠠᠬᠤ ᠠᠵᠢᠯ ᠢ ᠤᠯᠠᠮ ᠨᠢᠭᠡ ᠠᠯᠬᠤᠮ | ᠴᠢᠩᠭᠠᠳᠬᠠᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ︵ᠲᠥᠷᠥ ᠠᠯᠪᠠᠨ | ᠲᠠᠷᠬᠠᠭᠠᠭᠰᠠᠨ ﹇2014﹈ 26 ᠳ᠋ᠤᠭᠠᠷ ᠲᠣᠭᠠᠲᠤ︶ ᠪᠠ ︽ᠨᠠᠷᠠᠰᠤᠨ ᠮᠣᠳᠣᠨ ᠤ ᠤᠲᠠᠰᠤᠯᠢᠭ ᠬᠤᠷᠣᠬᠠᠢ ᠶᠢᠨ | ᠡᠪᠡᠳᠴᠢᠨ ᠤ ᠬᠢᠵᠢᠭ ᠤᠨ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠡᠵᠡᠮᠳᠡᠬᠦ ᠲᠤᠬᠠᠢ ᠤᠯᠤᠰ ᠤᠨ ᠣᠶ | ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠵᠢᠯᠤᠭᠤᠳᠬᠤ ᠰᠠᠨᠠᠯ︾ ︵ ᠣᠢ ᠠᠮᠢᠳᠤ ᠲᠠᠷᠬᠠᠭᠠᠭᠰᠠᠨ ﹇ | 2021﹈ 30 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢᠨ ᠲᠥᠯᠥᠭᠡ᠂ ︽ᠪᠥᠬᠦ ᠤᠯᠤᠰ ᠤᠨ ᠨᠠᠷᠠᠰᠤᠨ ᠮᠣᠳᠣᠨ ᠤ ᠤᠲᠠᠰᠤᠯᠢᠭ ᠬᠤᠷᠣᠬᠠᠢ ᠶᠢᠨ | ᠡᠪᠡᠳᠴᠢᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠠᠪᠤᠨ ᠵᠢᠯ ᠤᠨ ᠪᠣᠭᠤᠮᠲᠠ ᠰᠢᠪᠲᠤᠯᠬᠤ ᠲᠥᠯᠥᠪᠯᠡᠭᠡ | ︵2021 ︱ 2025 ᠣᠨ︶︾ ︵ ᠣᠢ ᠠᠮᠢᠳᠤ ᠲᠠᠷᠬᠠᠭᠠᠭᠰᠠᠨ ﹇2021﹈ 56 ᠳ᠋ᠤᠭᠠᠷ ᠲᠣᠭᠠᠲᠤ︶ ᠪᠠ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠷᠠᠰᠤᠨ ᠮᠣᠳᠣᠨ ᠤ ᠤᠲᠠᠰᠤᠯᠢᠭ ᠬᠤᠷᠣᠬᠠᠢ ᠶᠢᠨ | ᠡᠪᠡᠳᠴᠢᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠠᠪᠤᠨ ᠵᠢᠯ ᠤᠨ ᠪᠣᠭᠤᠮᠲᠠ ᠰᠢᠪᠲᠤᠯᠬᠤ | ᠠᠵᠢᠯᠯᠠᠭ᠎ᠠ ᠶᠢᠨ ᠶᠡᠷᠦᠩᠬᠡᠢ ᠲᠥᠰᠥᠯ︾ ︵ᠥᠪᠥᠷ ᠣᠶ ᠪᠡᠯᠴᠢᠭᠡᠷ ᠠᠯᠪᠠᠨ ᠲᠠᠷᠬᠠᠭᠠᠭᠰᠠᠨ ﹇2022﹈ 3 ᠳ᠋ᠤᠭᠠᠷ | ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠪᠡᠯ᠂ ᠮᠠᠨ ᠤ ᠰᠢᠶᠠᠨ ᠤ ᠠᠷᠪᠠᠨ | ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠨᠠᠷᠠᠰᠤᠨ ᠮᠣᠳᠣᠨ ᠤ ᠤᠲᠠᠰᠤᠯᠢᠭ | ᠬᠤᠷᠣᠬᠠᠢ ᠶᠢᠨ ᠡᠪᠡᠳᠴᠢᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠨᠡᠨ ᠬᠦ ᠰᠠᠶᠢᠲᠤᠷ | ᠬᠢᠬᠦ ᠶᠢᠨ ᠲᠥᠯᠥᠭᠡ ᠂ ᠮᠠᠨ ᠤ ᠰᠢᠶᠠᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ ᠲᠤᠰ ᠲᠥᠰᠥᠯ ᠢ ᠣᠨᠴᠠᠭᠠᠶᠢᠯᠠᠨ | ᠲᠣᠭᠲᠠᠭᠠᠪᠠ ᠃ | ᠬᠤᠶᠠᠷ ᠂ ᠰᠡᠷᠭᠡᠶᠢᠯᠡᠨ ᠡᠵᠡᠮᠳᠡᠬᠦ ᠣᠷᠣᠨ ᠪᠦᠰᠡ | ᠪᠥᠬᠦ ᠰᠢᠶᠠᠨ ᠤ ᠨᠠᠷᠠᠰᠤᠨ ᠣᠶ ᠶᠢᠨ ᠲᠠᠷᠬᠠᠯᠲᠠ ᠶᠢᠨ ᠪᠠᠶᠢᠳᠠᠯ ᠢ ᠦᠨᠳᠦᠰᠦᠯᠡᠨ᠂ ᠶᠡᠭᠡ ᠲᠥᠯᠥᠪ ᠵᠢᠷᠭᠤᠭᠠᠨ | ᠶᠡᠭᠡ ᠰᠡᠷᠭᠡᠶᠢᠯᠡᠨ ᠡᠵᠡᠮᠳᠡᠬᠦ ᠣᠷᠣᠨ ᠪᠦᠰᠡ ᠬᠤᠪᠢᠶᠠᠨ᠎ᠠ᠄ 1. ᠰᠢᠶᠠᠨ ᠤ ᠬᠤᠲᠠ ᠶᠢᠨ ᠡᠷᠬᠢᠨ ᠲᠣᠭᠤᠷᠢᠨ ᠤ | ᠠᠯᠪᠠᠨ ᠵᠢᠷᠤᠮ ᠤᠨ ᠮᠣᠳᠣ ᠳᠠᠷᠢᠬᠤ ᠰᠠᠭᠤᠷᠢᠨ ᠭᠠᠵᠠᠷ︔ 2. ᠵᠢᠷᠭᠤᠭᠠᠨ ᠵᠠᠰᠠᠮᠠᠯ ᠵᠠᠮ ︵ᠬᠤᠸᠠᠳᠧ ᠠᠴᠠ | ᠰᠢᠯᠤᠭᠤᠨ ᠴᠠᠭᠠᠨ ᠬᠦᠷᠬᠦ ᠵᠠᠮ ᠂ ᠬᠤᠸ᠋ᠳᠧ ᠠᠴᠠ ᠱᠠᠩᠳᠤ ᠬᠦᠷᠬᠦ ᠵᠠᠮ ᠂ ᠬᠤᠸᠠᠳᠧ ᠠᠴᠠ ᠬᠦᠪᠡᠭᠡᠲᠤ ᠰᠢᠷ᠎ᠠ | ᠬᠦᠷᠬᠦ ᠵᠠᠮ ᠂ ᠬᠤᠸᠠᠳᠧ ᠠᠴᠠ ᠵᠠᠩᠪᠧᠢ ᠬᠦᠷᠬᠦ ᠵᠠᠮ ᠂ ᠬᠤᠸᠠᠳᠧ ᠠᠴᠠ ᠺᠠᠩ ᠪᠣᠣ ᠬᠦᠷᠬᠦ ᠵᠠᠮ᠂ ᠮᠤᠵᠢ ᠶᠢᠨ | ᠬᠤᠭᠤᠷᠣᠨᠳᠣᠬᠢ ᠶᠡᠭᠡ ᠵᠠᠮ ︶ ︔ 3. ᠲᠦᠷᠪᠡᠨ ᠵᠤᠯᠵᠠᠭ᠎ᠠ ᠮᠣᠳᠣᠨ ᠤ ᠬᠦᠷᠢᠶᠡᠯᠡᠩ ︵ᠴᠣᠣᠶᠠᠩ ᠤᠨ ᠵᠤᠯᠵᠠᠭ᠎ᠠ | ᠮᠣᠳᠣᠨ ᠤ ᠬᠦᠷᠢᠶᠡᠯᠡᠩ ᠂ ᠴᠠᠩᠱᠦ᠋ᠨ ᠪᠠᠯᠭᠠᠰᠤᠨ ᠤ ᠳᠣᠯᠤᠭᠠᠨᠬᠤᠳᠳᠤᠭ ᠤᠨ ᠵᠤᠯᠵᠠᠭ᠎ᠠ ᠮᠣᠳᠣᠨ ᠤ ᠬᠦᠷᠢᠶᠡᠯᠡᠩ ᠂ | ᠳᠡᠪᠡᠭᠡᠲᠤ ᠰᠢᠶᠠᠩ ᠤᠨ ᠹᠧᠩ ᠮᠠᠨ ᠲᠣᠰᠬᠤᠨ ᠤ ᠵᠤᠯᠵᠠᠭ᠎ᠠ ᠮᠣᠳᠣᠨ ᠤ ᠬᠦᠷᠢᠶᠡᠯᠡᠩ ᠂ ᠪᠠᠶᠠᠨᠲᠠᠯ᠎ᠠ ᠰᠢᠶᠠᠩ ᠤᠨ | ᠤᠯᠤᠰ ᠤᠨ ᠥᠮᠴᠢᠯᠡᠯ ᠤᠨ ᠤᠢ ᠰᠢᠭᠤᠢ ᠶᠢᠨ ᠲᠠᠯᠠᠪᠠᠢ ︶ ︔ 4. ᠬᠤᠶᠠᠷ ᠰᠢᠶᠠᠩ ᠪᠠᠯᠭᠠᠰᠤᠨ ᠤ ᠠᠯᠪᠠᠨ | ᠵᠢᠷᠤᠮ ᠤᠨ ᠮᠣᠳᠣ ᠳᠠᠷᠢᠬᠤ ᠰᠠᠭᠤᠷᠢᠨ ᠭᠠᠵᠠᠷ ︵ᠪᠠᠶᠠᠨᠲᠠᠯ᠎ᠠ ᠰᠢᠶᠠᠩ᠂ ᠳᠡᠪᠡᠭᠡᠲᠤ ᠰᠢᠶᠠᠩ︶︔ 5. ᠰᠢᠶᠠᠨ ᠤ | ᠬᠤᠲᠠ ᠶᠢᠨ ᠡᠯ᠎ᠡ ᠨᠢᠭᠡᠴᠡ ᠶᠢᠨ ᠨᠣᠭᠤᠭᠠᠷᠠᠭᠤᠯᠤᠯᠲᠠ ᠶᠢᠨ ᠣᠷᠣᠨ︔ 6. ᠰᠢᠶᠠᠨ ᠤ ᠬᠤᠲᠠ ᠶᠢᠨ ᠳᠣᠲᠣᠷᠠᠬᠢ | ᠨᠠᠷᠠᠰᠤᠨ ᠮᠣᠳᠣᠨ ᠤ ᠡᠵᠡᠩᠨᠡᠨ ᠪᠣᠷᠣᠯᠠᠭᠤᠯᠬᠤ ᠭᠠᠵᠠᠷ᠂ ᠴᠢᠮᠡᠭᠯᠡᠯ ᠤᠨ ᠮᠠᠲ᠋ᠧᠷᠢᠶᠠᠯ ᠤᠨ ᠭᠠᠵᠠᠷ᠂ ᠡᠯ᠎ᠡ ᠲᠣᠮᠣ | ᠪᠠᠷᠠᠭᠠᠨ ᠤ ᠭᠦᠢᠯᠭᠡᠭᠡᠨ ᠤ ᠺᠣᠮᠫᠠᠨᠢ᠃ ᠵᠢᠷᠭᠤᠭᠠᠨ ᠶᠡᠭᠡ ᠣᠷᠣᠨ ᠪᠦᠰᠡ ᠶᠢᠨ ᠰᠠᠭᠤᠷᠢ ᠲᠤᠭ᠎ᠠ ᠶᠢ ᠨᠠᠷᠢᠨ | ᠲᠣᠳᠣᠷᠬᠠᠢ ᠣᠶᠢᠯᠠᠭᠠᠵᠤ ᠂ ᠬᠢᠨᠠᠨ ᠬᠡᠮᠵᠢᠬᠦ ᠡᠷᠴᠢᠮ ᠢᠶᠠᠨ ᠴᠢᠩᠭᠠᠷᠠᠭᠤᠯᠤᠨ᠂ ᠬᠢᠵᠢᠭ ᠪᠠᠶᠢᠴᠠᠭᠠᠬᠤ ᠡᠷᠴᠢᠮ ᠢᠶᠠᠨ | ᠴᠢᠩᠭᠠᠷᠠᠭᠤᠯᠵᠤ ᠂ ᠮᠠᠨ ᠤ ᠰᠢᠶᠠᠨ ᠳᠤ ᠬᠢᠵᠢᠭ ᠤᠨ ᠪᠠᠶᠢᠳᠠᠯ ᠭᠠᠷᠬᠤ ᠶᠢ ᠰᠡᠷᠭᠡᠶᠢᠯᠡᠬᠦ ᠬᠡᠷᠡᠭᠲᠡᠢ ᠃ | ᠭᠤᠷᠪᠠ᠂ ᠠᠵᠢᠯ ᠤᠨ ᠵᠠᠷᠴᠢᠮ | ︵ᠨᠢᠭᠡ︶ ᠬᠢᠵᠢᠭ ᠤᠨ ᠪᠠᠶᠢᠳᠠᠯ ᠢ ᠬᠢᠨᠠᠨ ᠬᠡᠮᠵᠢᠬᠦ ᠶᠢ ᠴᠢᠩᠭᠠᠳᠬᠠᠨ᠎ᠠ᠃ ᠬᠢᠵᠢᠭ ᠤᠨ ᠪᠠᠶᠢᠳᠠᠯ ᠢ ᠨᠡᠶᠢᠳᠡᠮ | ᠪᠠᠶᠢᠴᠠᠭᠠᠬᠤ ᠪᠠ ᠡᠳᠦᠷ ᠲᠤᠲᠤᠮ ᠤᠨ ᠬᠠᠮᠢᠶᠠᠷᠤᠯᠲᠠ ᠶᠢᠨ ᠬᠢᠨᠠᠨ ᠬᠡᠮᠵᠢᠬᠦ ᠳᠦᠷᠢᠮ ᠢ ᠴᠢᠩᠭ᠎ᠠ ᠬᠡᠷᠡᠭᠵᠢᠭᠦᠯᠵᠦ᠂ | ᠬᠢᠵᠢᠭ ᠤᠨ ᠪᠠᠶᠢᠳᠠᠯ ᠢ ᠬᠢᠨᠠᠨ ᠬᠡᠮᠵᠢᠬᠦ ᠲᠣᠣᠷᠴᠢᠯᠠᠭᠰᠠᠨ ᠬᠠᠮᠢᠶᠠᠷᠤᠯᠲᠠ ᠶᠢ ᠬᠡᠷᠡᠭᠵᠢᠭᠦᠯᠵᠦ᠂ ᠣᠶ ᠰᠢᠭᠤᠢ | ᠬᠠᠮᠠᠭᠠᠯᠠᠭᠴᠢ᠂ ᠰᠢᠶᠠᠩ ᠪᠠᠯᠭᠠᠰᠤ ᠵᠢᠴᠢ ᠣᠶ ᠰᠢᠭᠤᠢ ᠶᠢᠨ ᠲᠠᠯᠠᠪᠠᠶ ᠶᠢᠨ ᠬᠠᠮᠢᠶᠠᠷᠤᠭᠴᠢ᠂ ᠨᠡᠶᠢᠭᠡᠮᠴᠢᠯᠡᠭᠰᠡᠨ | ᠵᠣᠬᠢᠶᠠᠨ ᠪᠠᠶᠢᠭᠤᠯᠤᠯᠲᠠ᠂ ᠣᠶ ᠰᠢᠭᠤᠢ ᠡᠪᠡᠰᠦᠨ ᠤ ᠡᠬᠢ ᠪᠠᠶᠠᠯᠢᠭ ᠢ ᠬᠢᠨᠠᠨ ᠬᠡᠮᠵᠢᠬᠦ ᠪᠠᠶᠢᠭᠤᠯᠤᠮᠵᠢ ᠵᠡᠷᠭᠡ | ᠬᠦᠴᠦᠨ ᠢ ᠨᠢᠭᠡᠳᠦᠯᠲᠡᠢ ᠲᠥᠯᠥᠪᠯᠡᠵᠦ᠂ ᠪᠠᠭ᠎ᠠ ᠠᠩᠭᠢ ᠪᠠᠷ ᠨᠢᠭᠡᠴᠢ ᠪᠣᠯᠭᠠᠭᠰᠠᠨ ᠨᠠᠷᠢᠯᠢᠭᠵᠢᠭᠤᠯᠤᠭᠰᠠᠨ | ᠬᠢᠵᠢᠭ ᠤᠨ ᠪᠠᠶᠢᠳᠠᠯ ᠢ ᠬᠢᠨᠠᠨ ᠬᠡᠮᠵᠢᠬᠦ ᠶᠢ ᠥᠷᠨᠢᠭᠦᠯᠵᠦ᠂ ᠬᠥᠪᠰᠥᠭᠡᠷ ᠪᠡᠭᠡ ᠶᠢᠨ ᠢᠮᠠᠯᠵᠢ᠂ ᠭᠠᠴᠤᠷ᠎ᠠ ᠶᠢᠨ ᠠᠯᠠᠭ | ᠪᠡᠭᠡ ᠶᠢᠨ ᠢᠮᠠᠯᠵᠢ᠂ ᠤᠯᠠᠭᠠᠨ ᠥᠭᠡᠬᠦᠨ ᠶᠡᠭᠡ ᠪᠠᠭ᠎ᠠ ᠵᠠᠷᠮ᠎ᠠ ᠵᠡᠷᠭᠡ ᠵᠠᠭᠤᠴᠢ ᠰᠢᠪᠠᠵᠢ ᠶᠢᠨ ᠪᠠᠶᠢᠴᠠᠭᠠᠯᠲᠠ ᠶᠢ | ᠭᠤᠣᠯᠳᠠᠯᠭ᠎ᠠ ᠲᠠᠢ ᠥᠷᠨᠢᠭᠦᠯᠵᠦ᠂ ᠬᠢᠨᠠᠨ ᠬᠡᠮᠵᠢᠬᠦ ᠬᠦᠷᠢᠶ᠎ᠡ ᠬᠡᠪᠴᠢᠶ᠎ᠡ ᠶᠢ ᠪᠦᠬᠦᠨ ᠢ ᠬᠠᠮᠤᠷᠬᠤ ᠶᠢ ᠪᠡᠶᠡᠯᠡᠭᠦᠯᠦᠨ᠂ | ᠣᠶ ᠰᠢᠭᠤᠢ ᠡᠪᠡᠰᠦᠨ ᠤ ᠠᠮᠢ ᠠᠬᠤᠢ ᠶᠢᠨ ᠲᠣᠣᠷ ᠰᠦᠯᠵᠢᠶ᠎ᠡ ᠪᠠᠷ ᠰᠡᠷᠡᠵᠦ ᠮᠡᠳᠡᠬᠦ ᠰᠢᠰᠲ᠋ᠧᠮ ᠤᠨ ᠨᠠᠷᠠᠰᠤᠨ | ᠮᠣᠳᠣᠨ ᠤ ᠤᠲᠠᠰᠤᠯᠢᠭ ᠬᠤᠷᠣᠬᠠᠢ ᠶᠢᠨ ᠡᠪᠡᠳᠴᠢᠨ ᠤ ᠬᠢᠵᠢᠭ ᠤᠨ ᠪᠠᠶᠢᠳᠠᠯ ᠢ ᠨᠠᠷᠢᠯᠢᠭᠵᠢᠭᠤᠯᠤᠭᠰᠠᠨ ᠬᠢᠨᠠᠨ | ᠬᠠᠮᠢᠶᠠᠷᠬᠤ ᠲᠠᠪᠴᠠᠩ ᠢ ᠳᠡᠯᠭᠡᠷᠡᠭᠦᠯᠦᠨ ᠬᠡᠷᠡᠭᠯᠡᠵᠦ᠂ ᠬᠢᠵᠢᠭ ᠤᠨ ᠪᠠᠶᠢᠳᠠᠯ ᠡᠭᠦᠰᠬᠦ ᠰᠠᠭᠤᠷᠢ ᠲᠤᠭ᠎ᠠ ᠪᠠ ᠬᠥᠳᠡᠯᠦᠯ | ᠪᠠᠶᠢᠳᠠᠯ ᠢ ᠴᠠᠭ ᠲᠤᠬᠠᠢ ᠳᠤᠨᠢ ᠡᠵᠡᠮᠰᠢᠬᠦ ᠶᠢᠨ ᠬᠠᠮᠲᠤ ᠦᠨᠡᠨ ᠮᠥᠨ ᠢᠶᠠᠷ ᠨᠢ ᠳᠡᠭᠡᠭᠰᠢ ᠮᠡᠳᠡᠭᠦᠯᠦᠨ᠎ᠡ᠃ | ︵ᠬᠤᠶᠠᠷ︶ ᠬᠢᠵᠢᠭ ᠪᠠᠶᠢᠴᠠᠭᠠᠵᠤ ᠬᠠᠤᠯᠢ ᠬᠡᠷᠡᠭᠵᠢᠭᠦᠯᠬᠦ ᠶᠢ ᠴᠢᠩᠳᠠᠯᠠᠨ᠎ᠠ ᠃ ᠬᠠᠷᠢᠶᠠᠲᠤ ᠣᠷᠣᠨ ᠤ ᠳᠣᠲᠣᠷᠠᠬᠢ | ᠪᠠᠶᠢᠴᠠᠭᠠᠬᠤ ᠠᠵᠢᠯ ᠳᠤ ᠬᠤᠯᠪᠣᠭᠳᠠᠬᠤ ᠠᠵᠢᠯ ᠦᠢᠯᠡᠰ ᠤᠨ ᠨᠢᠭᠡᠴᠡ ᠪᠣᠯᠣᠨ ᠬᠤᠪᠢ ᠬᠥᠮᠥᠨ ᠤ ᠪᠦᠷᠢᠳᠬᠡᠨ | ᠳᠠᠩᠰᠠᠯᠠᠬᠤ ᠳᠦᠷᠢᠮ ᠢ ᠬᠡᠷᠡᠭᠵᠢᠭᠦᠯᠬᠦ ᠶᠢ ᠰᠢᠮᠳᠠᠭᠤᠯᠵᠤ᠂ ᠨᠠᠷᠠᠰᠤᠨ ᠤ ᠢᠵᠠᠭᠤᠷ ᠤᠨ ᠤᠷᠭᠤᠮᠠᠯ ᠵᠢᠴᠢ ᠲᠡᠭᠦᠨ ᠤ | ᠪᠦᠲᠦᠭᠡᠭᠳᠡᠬᠦᠨ ᠢ ᠳᠠᠬᠢᠨ ᠪᠠᠶᠢᠴᠠᠭᠠᠬᠤ ᠡᠷᠴᠢᠮ ᠢ ᠴᠢᠩᠭᠠᠷᠠᠭᠤᠯᠤᠨ᠂ ᠬᠢᠵᠢᠭ ᠤᠨ ᠪᠠᠶᠢᠳᠠᠯ ᠤᠨ ᠵᠣᠷᠢᠭᠤᠳᠠ | ᠣᠷᠣᠵᠤ ᠢᠷᠡᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ | ︵ᠭᠤᠷᠪᠠ︶ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠶᠢ ᠴᠢᠩᠭᠠᠷᠠᠭᠤᠯᠤᠨ᠎ᠠ᠃ ᠬᠡᠷᠪᠡ ᠨᠠᠷᠠᠰᠤᠨ | ᠮᠣᠳᠣᠨ ᠤ ᠤᠲᠠᠰᠤᠯᠢᠭ ᠬᠤᠷᠤᠬᠠᠶᠢᠲᠤ ᠡᠪᠡᠳᠴᠢᠨ ᠤ ᠬᠢᠵᠢᠭ ᠤᠨ ᠪᠠᠶᠢᠳᠠᠯ ᠢ ᠣᠯᠵᠤ ᠮᠡᠳᠡᠪᠡᠯ᠂ ᠲᠡᠷᠡ ᠳᠠᠷᠤᠢ | ᠳᠤᠨᠢ ᠪᠠᠶᠢᠭᠠᠯᠢ ᠶᠢᠨ ᠡᠬᠢ ᠪᠠᠶᠠᠯᠢᠭ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠲᠣᠪᠴᠢᠶ᠎ᠠ ᠲᠠᠢ ᠬᠠᠷᠢᠯᠴᠠᠵᠤ ᠲᠤᠬᠠᠢ ᠶᠢᠨ ᠲᠠᠯᠠᠪᠤᠷ ᠢ ᠴᠢᠩᠭ᠎ᠠ ᠪᠢᠲᠡᠭᠦᠮᠵᠢᠯᠡᠵᠦ᠂ ᠪᠠᠴᠢᠮ ᠪᠠᠶᠢᠳᠠᠯ ᠢ ᠠᠷᠭᠠᠴᠠᠨ | ᠰᠢᠢᠳᠪᠦᠷᠢᠯᠡᠬᠦ ᠪᠡᠯᠡᠳᠬᠡᠯ ᠲᠥᠰᠥᠯ ᠢ ᠲᠡᠷᠡ ᠳᠠᠷᠤᠢ ᠳᠤᠨᠢ ᠡᠬᠢᠯᠡᠨ ᠬᠡᠷᠡᠭᠵᠢᠭᠦᠯᠵᠦ᠂ ᠡᠷᠡᠰ ᠰᠢᠭᠤᠷᠬᠠᠢ ᠠᠷᠭ᠎ᠠ | ᠬᠡᠮᠵᠢᠶ᠎ᠡ ᠠᠪᠴᠤ ᠪᠠᠶᠢᠭᠠᠳ ᠲᠤᠬᠠᠢ ᠶᠢᠨ ᠭᠠᠵᠠᠷ ᠲᠤᠨᠢ ᠬᠢᠵᠢᠭ ᠤᠨ ᠮᠠᠲ᠋ᠧᠷᠢᠶᠠᠯ ᠬᠢᠵᠢᠭᠲᠦ ᠮᠣᠳᠣ ᠶᠢ ᠤᠰᠠᠳᠬᠠᠵᠤ | ᠂ ᠬᠢᠵᠢᠭ ᠤᠨ ᠪᠠᠶᠢᠳᠠᠯ ᠢ ᠴᠠᠭ ᠲᠤᠬᠠᠢ ᠳᠤᠨᠢ ᠬᠤᠷᠢᠭᠯᠠᠨ ᠵᠣᠭᠰᠣᠭᠠᠵᠤ᠂ ᠲᠠᠷᠬᠠᠵᠤ ᠳᠡᠯᠭᠡᠷᠡᠬᠦ ᠶᠢ ᠴᠢᠩᠭ᠎ᠠ | ᠰᠡᠷᠭᠡᠶᠢᠯᠡᠬᠦ ᠬᠡᠷᠡᠭᠲᠡᠢ᠃ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠣᠳᠣᠨᠭᠡᠷᠡᠯ | ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ | |