ᠰᠢᠶᠠᠨ ᠤ ᠨᠠᠮ ᠤᠨ ᠬᠤᠷᠢᠶᠠᠨ ᠤ ᠱᠦᠵᠢ ᠴᠠᠩ ᠳ᠋ᠠ ᠸᠧᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠤᠭᠤᠳᠬᠤ ᠳᠠᠭᠠᠨ ᠴᠢᠬᠤᠯᠠᠴᠢᠯᠠᠭᠰᠠᠨ ᠨᠢ ᠪᠣᠭᠤᠮᠲᠠ ᠨᠢᠭᠡᠪᠦᠷᠢ ᠶᠢ ᠰᠠᠶᠢᠲᠤᠷ ᠡᠵᠡᠮᠳᠡᠵᠦ ᠰᠡᠷᠭᠡᠶᠢᠯᠡᠯᠲᠡ ᠶᠢᠨ ᠱᠤᠭᠤᠮ ᠨᠢᠭᠡᠪᠦᠷᠢ ᠶᠢ ᠪᠠᠲᠤ ᠰᠠᠬᠢᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠣᠷ ᠢ ᠪᠦᠬᠦ ᠲᠠᠯ᠎ᠠ ᠪᠠᠷ ᠨᠢᠭᠲᠠ ᠰᠦᠯᠵᠢᠬᠦ ᠬᠡᠷᠡᠭᠲᠡᠢ
ᠨᠡᠶᠢᠲᠡᠯᠡᠭᠰᠡᠨ ᠴᠠᠭ᠄
2022/3/11
   3 ᠰᠠᠷ᠎ᠠ ᠶᠢᠨ 10 ᠤ ᠡᠳᠦᠷ ᠤᠨ ᠦᠳᠡ ᠶᠢᠨ ᠬᠤᠶᠢᠨ᠎ᠠ᠂ ᠰᠢᠶᠠᠨ ᠤ ᠨᠠᠮ ᠤᠨ ᠬᠤᠷᠢᠶᠠᠨ ᠤ ᠱᠦᠵᠢ ᠴᠠᠩ ᠳ᠋ᠠ ᠸᠧᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ︽ᠳᠥᠷᠪᠡᠨ ᠦᠯᠦ ᠪᠣᠯᠬᠤ ᠬᠤᠶᠠᠷ ᠰᠢᠯᠤᠭᠤᠨ︾ ᠤ ᠬᠡᠯᠪᠡᠷᠢ ᠪᠠᠷ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠦ᠋ ᡁᠢ ᠢᠦᠢ ᠪᠠᠶᠢᠴᠠᠭᠠᠨ ᠰᠤᠳᠤᠯᠵᠤ ᠬᠢᠨᠠᠨ ᠵᠢᠯᠤᠭᠤᠳᠬᠤ ᠳᠤ ᠣᠷᠣᠯᠴᠠᠪᠠ ᠃   ᠴᠠᠩ ᠳ᠋ᠠ ᠸᠧᠢ ᠵᠢᠭᠠᠵᠤ ᠭᠠᠷᠭᠠᠭᠰᠠᠨ ᠨᠢ᠂ ᠣᠳᠣᠬᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠨᠠᠷᠢᠨ ᠪᠤᠳᠤᠯᠢᠶᠠᠨᠲᠠᠢ ᠬᠦᠨᠳᠦ ᠨᠣᠴᠢᠲᠠᠢ ᠪᠠᠶᠢᠨ᠎ᠠ ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ ᠂ ᠠᠷᠠᠳ ᠲᠦᠮᠡᠨ ᠢ ᠳᠡᠭᠡᠳᠦᠯᠡᠬᠦ ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡᠬᠦ ᠬᠥᠪᠴᠢ ᠶᠢ ᠢᠮᠠᠭᠲᠠ ᠴᠢᠩᠭᠠᠷᠠᠭᠤᠯᠵᠤ ᠂ ᠮᠢᠨᠴᠦᠭᠦᠷᠡᠬᠦ ᠦᠵᠡᠯ ᠰᠠᠨᠠᠭ᠎ᠠ ᠂ ᠲᠠᠶᠢᠨ ᠠᠴᠠ ᠵᠢᠭᠰᠢᠬᠦ ᠰᠡᠳᠬᠢᠯᠭᠡ ᠶᠢ ᠲᠡᠪᠴᠢᠵᠦ ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ ᠂ ᠬᠢᠯᠪᠡᠷ ᠪᠤᠰᠤ ᠪᠠᠷ ᠣᠯᠣᠭᠰᠠᠨ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠡᠷᠡᠰ ᠪᠠᠲᠤ ᠰᠠᠬᠢᠬᠤ ᠬᠡᠷᠡᠭᠲᠡᠢ᠃
001.jpg
   ᠬᠥᠳᠡᠭᠡ ᠲᠣᠰᠬᠤᠨ ᠪᠣᠯ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢᠨ ᠭᠤᠣᠯᠳᠠᠯᠭ᠎ᠠ ᠪᠠ ᠪᠠᠭᠤᠷᠠᠢ ᠲᠠᠯ᠎ᠠ ᠮᠥᠨ᠃ ᠴᠠᠩ ᠳ᠋ᠠ ᠸᠧᠢ ᠤᠷᠢᠳ ᠬᠤᠵᠢᠳ ᠭᠦᠨᠤᠯᠠᠭᠠᠨᠬᠤᠳᠳᠤᠭ ᠰᠢᠶᠠᠩ ᠤᠨ ᠨᠥᠩ ᠵᠢᠶᠠᠨ ᠲᠣᠰᠬᠤᠨ᠂ ᠴᠠᠩᠱᠦ᠋ᠨ ᠪᠠᠯᠭᠠᠰᠤᠨ ᠤ ᠰᠢᠶᠠᠩ ᠶᠠᠩ ᠲᠣᠰᠬᠤᠨ ᠳᠤ ᠬᠦᠷᠴᠦ ᠂ ᠲᠣᠰᠬᠤᠨ ᠤ ᠺᠠᠳ᠋ᠷ ᠪᠣᠯᠣᠨ ᠲᠣᠰᠬᠤᠨ ᠤ ᠠᠷᠠᠳ ᠠᠴᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠵᠡᠷᠭᠡ ᠪᠠᠶᠢᠳᠠᠯ ᠢ ᠨᠠᠷᠢᠨ ᠣᠶᠢᠯᠠᠭᠠᠪᠠ ᠃ ᠲᠡᠷᠡ ᠴᠢᠬᠤᠯᠠᠴᠢᠯᠠᠭᠰᠠᠨ ᠨᠢ᠂ ᠭᠤᠣᠯᠳᠠᠯᠭ᠎ᠠ ᠪᠠᠨ ᠳᠣᠷᠣᠭᠰᠢ ᠲᠠᠯᠪᠢᠬᠤ ᠶᠢ ᠪᠠᠷᠢᠮᠲᠠᠯᠠᠵᠤ ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠥᠮᠥᠨ᠂ ᠵᠣᠭᠤᠰ ᠮᠥᠩᠭᠦ ᠂ ᠪᠣᠳᠠᠰ ᠢ ᠦᠨᠳᠦᠰᠦᠨ ᠱᠠᠲᠤ ᠲᠡᠰᠢ ᠬᠡᠯᠪᠡᠶᠢᠯᠭᠡᠵᠦ ᠂ ᠦᠨᠳᠦᠰᠦᠨ ᠱᠠᠲᠤᠨ ᠤ ᠡᠮᠦᠨ᠎ᠡ ᠵᠠᠬ᠎ᠠ ᠶᠢᠨ ᠰᠠᠭᠤᠷᠢᠨ ᠭᠠᠵᠠᠷ ᠤᠨ ᠦᠢᠯᠡᠳᠦᠯ ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠨ ᠬᠤᠰᠢᠭᠤᠴᠢ ᠵᠢᠱᠢᠶᠡᠴᠢ ᠶᠢᠨ ᠦᠢᠯᠡᠳᠦᠯ ᠵᠢᠴᠢ ᠲᠣᠣᠷᠵᠢᠯ ᠤᠨ ᠳᠠᠷᠤᠭ᠎ᠠ ᠪᠠ ᠲᠣᠣᠷᠵᠢᠯ ᠤᠨ ᠠᠵᠢᠯᠲᠠᠨ ᠤᠨ ᠮᠦᠷᠳᠡᠨ ᠪᠠᠶᠢᠴᠠᠭᠠᠬᠤ ᠦᠢᠯᠡᠳᠦᠯ ᠢ ᠪᠠᠳᠠᠷᠠᠭᠤᠯᠵᠤ ᠂ ᠤᠯᠠᠨ ᠲᠦᠮᠡᠨ ᠤ ᠢᠳᠡᠪᠬᠢᠵᠢᠯ ᠂ ᠰᠠᠨᠠᠭᠠᠴᠢᠯᠠᠭᠠᠲᠤ ᠴᠢᠨᠠᠷ ᠂ ᠪᠦᠲᠦᠭᠡᠯᠴᠢ ᠴᠢᠨᠠᠷ ᠢ ᠭᠦᠢᠴᠡᠳ ᠲᠠᠶᠢᠴᠢᠯᠠᠵᠦ ᠂ ᠠᠷᠠᠳ ᠤᠯᠠᠨ ᠳᠤ ᠴᠢᠩᠭ᠎ᠠ ᠲᠦᠰᠢᠭᠯᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠬᠤᠷᠢᠭᠯᠠᠨ ᠴᠣᠬᠢᠬᠤ ᠲᠠᠶᠢᠨ ᠤ ᠢᠯᠠᠯᠲᠠ ᠶᠢ ᠣᠯᠬᠤ ᠬᠡᠷᠡᠭᠲᠡᠢ ᠃ ᠬᠥᠳᠡᠭᠡ ᠲᠣᠰᠬᠤᠨ ᠤ ᠡᠯ᠎ᠡ ᠵᠠᠮ ᠤᠨ ᠪᠣᠭᠤᠮᠲᠠ ᠶᠢ ᠴᠢᠩᠭ᠎ᠠ ᠰᠠᠬᠢᠵᠤ᠂ ᠡᠷᠡᠭᠦᠯ ᠮᠡᠨᠳᠦ ᠶᠢᠨ ᠺᠣᠳ᠋᠂ ᠠᠶᠠᠯᠠᠯ ᠤᠨ ᠺᠣᠳ᠋᠂ ᠳᠤᠯᠠᠭᠠᠨ ᠢ ᠬᠡᠮᠵᠢᠬᠦ ᠪᠠ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠶᠢ ᠪᠠᠶᠢᠴᠠᠭᠠᠨ ᠰᠢᠯᠭᠠᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠤᠨ ᠬᠠᠯᠳᠠᠪᠤᠷᠢᠯᠠᠬᠤ ᠭᠢᠨᠵᠢ ᠶᠢ ᠡᠷᠡᠰ ᠲᠠᠰᠤᠯᠬᠤ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ ᠂ ᠤᠯᠠᠨ ᠲᠦᠮᠡᠨ ᠤ ᠥᠪᠡᠷ ᠢ ᠪᠠᠨ ᠬᠠᠮᠠᠭᠠᠯᠠᠬᠤ ᠤᠬᠠᠮᠰᠠᠷ ᠢ ᠴᠢᠩᠭᠠᠷᠠᠭᠤᠯᠵᠤ ᠂ ᠤᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠬᠤᠪᠢ ᠬᠥᠮᠥᠨ ᠤ ᠬᠠᠮᠠᠭᠠᠯᠠᠯᠲᠠ ᠶᠢ ᠰᠠᠶᠢᠲᠤᠷ ᠬᠢᠯᠭᠡᠵᠦ ᠂ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠬᠢᠵᠠᠭᠠᠷᠯᠠᠬᠤ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠬᠤ ᠬᠡᠷᠡᠭᠲᠡᠢ ᠃
002.jpg
   ᠬᠤᠸᠠᠳᠧ ᠰᠢᠶᠠᠨ ᠤ ᠪᠠᠷᠠᠭᠤᠨ ᠲᠠᠯ᠎ᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠭᠤᠮᠲᠠ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠤᠭᠤᠳᠬᠤ ᠳᠠᠭᠠᠨ ᠴᠢᠬᠤᠯᠠᠴᠢᠯᠠᠭᠰᠠᠨ ᠨᠢ᠂ ︽ᠭᠤᠷᠪᠠᠨ ᠺᠣᠳ᠋ ᠨᠢᠭᠡ ᠪᠥᠭᠡᠮ ᠬᠦᠴᠢᠯ︾  ᠤᠨ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ ᠂ ᠲᠠᠯᠠᠪᠤᠷ ᠤᠨ ᠺᠣᠳ᠋ ᠢ ᠳᠡᠯᠭᠡᠷᠡᠭᠦᠯᠦᠨ ᠬᠡᠷᠡᠭᠯᠡᠬᠦ ᠶᠢ ᠴᠢᠩᠭᠠᠳᠬᠠᠵᠤ ᠂ ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠵᠤ ᠂ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ ᠂ ᠪᠣᠭᠤᠮᠲᠠ ᠨᠢᠭᠡᠪᠦᠷᠢ ᠶᠢ ᠰᠠᠶᠢᠲᠤᠷ ᠡᠵᠡᠮᠳᠡᠵᠦ ᠂ ᠰᠡᠷᠭᠡᠶᠢᠯᠡᠯᠲᠡ ᠶᠢᠨ ᠱᠤᠭᠤᠮ ᠨᠢᠭᠡᠪᠦᠷᠢ ᠶᠢ ᠪᠠᠲᠤ ᠰᠠᠬᠢᠵᠤ ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠣᠷ ᠢ ᠪᠦᠬᠦ ᠲᠠᠯ᠎ᠠ ᠪᠠᠷ ᠨᠢᠭᠲᠠ ᠪᠥᠭᠡᠳ ᠪᠠᠲᠤ ᠰᠦᠯᠵᠢᠵᠦ ᠂ ᠤᠯᠠᠨ ᠲᠦᠮᠡᠨ ᠤ ᠠᠮᠢ ᠨᠠᠰᠤ ᠡᠷᠡᠭᠦᠯ ᠮᠡᠨᠳᠦ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ ᠃   ᠴᠠᠩ ᠳ᠋ᠠ ᠸᠧᠢ ᠴᠢᠬᠤᠯᠠᠴᠢᠯᠠᠭᠰᠠᠨ ᠨᠢ᠂ ᠨᠢᠭᠡ ᠬᠤᠪᠢ ᠶᠢᠨ ᠪᠠᠶᠢᠷᠢᠯᠠᠭᠤᠯᠤᠯᠲᠠ᠂ ᠶᠢᠰᠦᠨ ᠬᠤᠪᠢ ᠶᠢᠨ ᠨᠠᠶᠢᠳᠠᠪᠤᠷᠢᠵᠢᠭᠤᠯᠤᠯᠲᠠ᠃ ᠡᠯ᠎ᠡ ᠬᠠᠷᠢᠭᠤᠴᠠᠯᠭᠠᠲᠤ ᠨᠢᠭᠡᠴᠡ ᠶᠢᠨ ᠬᠢᠨ ᠰᠢ ᠶᠢᠨ ᠫᠢᠩ ᠶᠡᠷᠦᠩᠬᠡᠢ ᠱᠦᠵᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠢ ᠴᠢᠬᠤᠯᠠ ᠶᠠᠷᠢᠶ᠎ᠠ ᠪᠣᠯᠣᠨ ᠵᠢᠭᠠᠪᠤᠷᠢ ᠶᠢᠨ ᠵᠣᠷᠢᠭ ᠰᠠᠨᠠᠭ᠎ᠠ  ᠶᠢ ᠬᠢᠨᠠᠮᠠᠭᠠᠢ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠯᠤᠰ ᠲᠥᠷᠥ ᠶᠢᠨ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ︽ᠳᠥᠷᠪᠡᠨ ᠲᠠᠯ᠎ᠠ ᠶᠢᠨ ᠬᠠᠷᠢᠭᠤᠴᠠᠯᠭ᠎ᠠ︾ ᠶᠢ ᠴᠢᠩᠭ᠎ᠠ ᠨᠠᠶᠢᠳᠠᠪᠤᠷᠢᠵᠢᠭᠤᠯᠵᠤ᠂ ︽ᠭᠠᠳᠠᠭᠠᠳᠤ ᠠᠴᠠ ᠬᠠᠯᠳᠠᠪᠤᠷᠢᠯᠠᠬᠤ ᠶᠢ ᠰᠡᠷᠭᠡᠶᠢᠯᠡᠬᠦ︾ ᠶᠢ ᠨᠠᠷᠢᠨ ᠪᠣᠳᠠᠲᠠᠢ ᠠᠳᠬᠤᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠠᠳᠬᠤᠵᠤ᠂ ᠨᠠᠷᠢᠨ ᠪᠤᠳᠠᠲᠠᠢ ᠨᠠᠶᠢᠳᠠᠪᠤᠷᠢᠵᠢᠭᠤᠯᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ ᠂ ᠬᠠᠷᠢᠭᠤᠴᠠᠯᠭ᠎ᠠ ᠡᠭᠦᠷᠭᠡᠯᠡᠬᠦ ᠪᠠᠨ ᠴᠢᠩᠭᠠᠳᠬᠠᠵᠤ ᠂ ᠳᠡᠭᠡᠳᠦ ᠳᠣᠣᠷᠠᠳᠤ ᠱᠠᠲᠤ ᠪᠠᠷ ᠢᠶᠠᠨ ᠬᠤᠯᠪᠤᠭᠠᠯᠠᠨ ᠬᠥᠳᠡᠯᠦᠯᠴᠡᠬᠦ ᠂ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠬᠤ ︽ ᠨᠢᠭᠡ ᠬᠥᠯᠭᠡ ᠰᠢᠲᠠᠷ᠎ᠠ ︾  ᠶᠢᠨ ᠦᠵᠡᠯ ᠰᠠᠨᠠᠭ᠎ᠠ ᠶᠢ ᠪᠦᠷᠢᠯᠳᠦᠭᠦᠯᠵᠦ ᠂ ᠨᠡᠩ ᠨᠠᠷᠢᠨ ᠣᠨᠣᠪᠴᠢᠲᠠᠢ ᠠᠷᠭ᠎ᠠ ᠬᠡᠮᠵᠢᠶ᠎ᠡ ᠂ ᠨᠡᠩ ᠨᠠᠷᠢᠨ ᠬᠢᠨᠠᠮᠠᠭᠠᠢ ᠰᠤᠷᠲᠠᠯ ᠂ ᠨᠡᠩ ᠪᠣᠳᠠᠲᠠᠢ ᠶᠢ ᠡᠷᠬᠢᠮᠯᠡᠨ ᠠᠵᠢᠯ ᠦᠢᠯᠡᠰ ᠪᠦᠲᠦᠭᠡᠬᠦ ᠬᠠᠷᠢᠭᠤᠴᠠᠯᠭ᠎ᠠ ᠪᠠᠷ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠨ ᠨᠢᠮᠪᠠᠢ ᠨᠠᠶᠢᠳᠠᠪᠤᠷᠢᠵᠢᠭᠤᠯᠵᠤ ᠂ ᠮᠠᠨ ᠤ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠮᠤᠷ ᠲᠦᠪᠰᠢᠨ ᠤ ᠬᠠᠯᠬᠠᠪᠴᠢ ᠶᠢ ᠪᠦᠬᠦ ᠬᠦᠴᠦᠨ ᠢᠶᠠᠷ ᠢᠶᠠᠨ ᠪᠠᠬᠢᠵᠢᠭᠦᠯᠵᠦ ᠂ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠴᠢᠭᠢᠷᠠᠭ ᠢ ᠡᠷᠡᠰ ᠰᠠᠬᠢᠨ ᠬᠠᠮᠠᠭᠠᠯᠠᠬᠤ ᠬᠡᠷᠡᠭᠲᠡᠢ ᠃        ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ        ᠣᠷᠴᠢᠭᠤᠯᠤᠭᠴᠢ᠄ ᠣᠳᠣᠨᠭᠡᠷᠡᠯᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ 
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2