| ᠬᠤᠸᠠᠳᠧ ᠵᠠᠰᠠᠭ ᠠᠯᠪᠠᠨ ᠲᠠᠷᠬᠠᠭᠠᠭᠰᠠᠨ ﹇2022 ﹈ 7 ᠳ᠋ᠤᠭᠠᠷ ᠲᠣᠭᠠᠲᠤ | ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ | ᠨᠢᠭᠡᠴᠡ ᠨᠦᠭᠦᠳ ᠲᠤ ᠄ | ᠰᠢᠶᠠᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ︽ᠬᠤᠸᠠᠳᠧ ᠰᠢᠶᠠᠨ ᠤ | ᠨᠠᠷᠠᠰᠤᠨ ᠮᠣᠳᠣᠨ ᠤ ᠤᠲᠠᠰᠤᠯᠢᠭ ᠬᠤᠷᠣᠬᠠᠢ ᠶᠢᠨ ᠡᠪᠡᠳᠴᠢᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠲᠠᠪᠤᠨ ᠵᠢᠯ ᠤᠨ ᠪᠣᠭᠤᠮᠲᠠ ᠰᠢᠪᠲᠤᠯᠤᠯᠲᠠ ᠶᠢᠨ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ ︵2021 ᠣᠨ ︱ | 2025 ᠣᠨ︶︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠢ ᠲᠤᠭᠤᠰᠢᠯᠠᠭᠤᠯᠤᠨ | ᠨᠠᠶᠢᠳᠠᠪᠤᠷᠢᠵᠢᠭᠤᠯᠲᠤᠭᠠᠢ᠃ | ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | 2022 ᠣᠨ ᠤ 3 ᠰᠠᠷ᠎ᠠ ᠶᠢᠨ 8 ᠤ ᠡᠳᠦᠷ | ᠬᠤᠸᠠᠳᠧ ᠰᠢᠶᠠᠨ ᠤ ᠨᠠᠷᠠᠰᠤᠨ ᠮᠣᠳᠣᠨ ᠤ ᠤᠲᠠᠰᠤᠯᠢᠭ ᠬᠤᠷᠣᠬᠠᠢ ᠶᠢᠨ ᠡᠪᠡᠳᠴᠢᠨ ᠤ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠲᠠᠪᠤᠨ ᠵᠢᠯ ᠤᠨ ᠪᠣᠭᠤᠮᠲᠠ ᠰᠢᠪᠲᠤᠯᠤᠯᠲᠠ ᠶᠢᠨ ᠠᠵᠢᠯᠯᠠᠭ᠎ᠠ ᠶᠢ ᠬᠡᠷᠡᠭᠵᠢᠭᠦᠯᠬᠦ ᠲᠥᠰᠥᠯ | ︵2021 ᠣᠨ -2025 ᠣᠨ︶ | ︽ᠣᠶ ᠰᠢᠭᠤᠢ ᠶᠢᠨ ᠬᠥᠨᠥᠭᠡᠯᠲᠡᠢ ᠠᠮᠢᠳᠤ ᠪᠣᠳᠠᠰ ᠢ ᠰᠡᠷᠭᠡᠶᠢᠯᠡᠨ ᠵᠠᠰᠠᠬᠤ ᠠᠵᠢᠯ ᠢ ᠤᠯᠠᠮ ᠨᠢᠭᠡ ᠠᠯᠬᠤᠮ | ᠴᠢᠩᠭᠠᠳᠬᠠᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ︵ᠲᠥᠷᠥ ᠠᠯᠪᠠᠨ | ᠲᠠᠷᠬᠠᠭᠠᠭᠰᠠᠨ ﹇2014﹈ 26 ᠳ᠋ᠤᠭᠠᠷ ᠲᠣᠭᠠᠲᠤ︶ ᠪᠠ ︽ᠨᠠᠷᠠᠰᠤᠨ ᠮᠣᠳᠣᠨ ᠤ ᠤᠲᠠᠰᠤᠯᠢᠭ ᠬᠤᠷᠣᠬᠠᠢ ᠶᠢᠨ | ᠡᠪᠡᠳᠴᠢᠨ ᠤ ᠬᠢᠵᠢᠭ ᠤᠨ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠡᠵᠡᠮᠳᠡᠬᠦ ᠲᠤᠬᠠᠢ ᠤᠯᠤᠰ ᠤᠨ ᠣᠶ | ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠵᠢᠯᠤᠭᠤᠳᠬᠤ ᠰᠠᠨᠠᠯ︾ ︵ ᠣᠢ ᠠᠮᠢᠳᠤ ᠲᠠᠷᠬᠠᠭᠠᠭᠰᠠᠨ ﹇ | 2021﹈ 30 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢᠨ ᠲᠥᠯᠥᠭᠡ᠂ ︽ᠪᠥᠬᠦ ᠤᠯᠤᠰ ᠤᠨ ᠨᠠᠷᠠᠰᠤᠨ ᠮᠣᠳᠣᠨ ᠤ ᠤᠲᠠᠰᠤᠯᠢᠭ ᠬᠤᠷᠣᠬᠠᠢ ᠶᠢᠨ | ᠡᠪᠡᠳᠴᠢᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠠᠪᠤᠨ ᠵᠢᠯ ᠤᠨ ᠪᠣᠭᠤᠮᠲᠠ | ᠰᠢᠪᠲᠤᠯᠬᠤ ᠲᠥᠯᠥᠪᠯᠡᠭᠡ ︵2021 ᠣᠨ ︱ 2025 ᠣᠨ︶︾ ︵ᠣᠢ ᠠᠮᠢᠳᠤ ᠲᠠᠷᠬᠠᠭᠠᠭᠰᠠᠨ ﹇2021﹈ | 56 ᠳ᠋ᠤᠭᠠᠷ ᠲᠣᠭᠠᠲᠤ︶ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠷᠠᠰᠤᠨ ᠮᠣᠳᠣᠨ ᠤ | ᠤᠲᠠᠰᠤᠯᠢᠭ ᠬᠤᠷᠣᠬᠠᠢ ᠶᠢᠨ ᠡᠪᠡᠳᠴᠢᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠠᠪᠤᠨ ᠵᠢᠯ ᠤᠨ | ᠪᠣᠭᠤᠮᠲᠠ ᠰᠢᠪᠲᠤᠯᠬᠤ ᠠᠵᠢᠯᠯᠠᠭ᠎ᠠ ᠶᠢᠨ ᠶᠡᠷᠦᠩᠬᠡᠢ ᠲᠥᠰᠥᠯ︾ ︵ᠥᠪᠥᠷ ᠣᠶ ᠪᠡᠯᠴᠢᠭᠡᠷ ᠠᠯᠪᠠᠨ ᠲᠠᠷᠬᠠᠭᠠᠭᠰᠠᠨ | ﹇2022﹈ 3 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠪᠡᠯ᠂ ᠮᠠᠨ ᠤ | ᠰᠢᠶᠠᠨ ᠤ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠨᠠᠷᠠᠰᠤᠨ | ᠮᠣᠳᠣᠨ ᠤ ᠤᠲᠠᠰᠤᠯᠢᠭ ᠬᠤᠷᠣᠬᠠᠢ ᠶᠢᠨ ᠡᠪᠡᠳᠴᠢᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ | ᠦᠨᠡᠨ ᠬᠦ ᠰᠠᠶᠢᠲᠤᠷ ᠬᠢᠬᠦ ᠶᠢᠨ ᠲᠥᠯᠥᠭᠡ ᠂ ᠮᠠᠨ ᠤ ᠰᠢᠶᠠᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ ᠲᠤᠰ | ᠲᠥᠰᠥᠯ ᠢ ᠣᠨᠴᠠᠭᠠᠶᠢᠯᠠᠨ ᠲᠣᠭᠲᠠᠭᠠᠪᠠ ᠃ | ᠨᠢᠭᠡ᠂ ᠦᠨᠳᠦᠰᠦᠨ ᠪᠠᠶᠢᠳᠠᠯ | ᠬᠤᠸᠠᠳᠧ ᠰᠢᠶᠠᠨ ᠤ ᠶᠡᠷᠦᠩᠬᠡᠢ ᠲᠠᠯᠠᠪᠠᠶ ᠨᠢ 2527 ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ | ᠤᠯᠤᠰ ᠤᠨ ᠥᠮᠴᠢᠯᠡᠯᠲᠦ ᠣᠶ ᠰᠢᠭᠤᠢ ᠶᠢᠨ ᠲᠠᠯᠠᠪᠠᠶ 1 ᠪᠠᠶᠢᠵᠤ᠂ ᠤᠯᠤᠰ ᠤᠨ ᠵᠤᠯᠵᠠᠭ᠎ᠠ ᠮᠣᠳᠣᠨ ᠤ ᠬᠦᠷᠢᠶᠡᠯᠡᠩ | 1᠂ ᠬᠤᠪᠢ ᠬᠥᠮᠥᠨ ᠤ ᠵᠤᠯᠵᠠᠭ᠎ᠠ ᠮᠣᠳᠣᠨ ᠤ ᠬᠦᠷᠢᠶᠡᠯᠡᠩ 4 ᠪᠣᠶ᠃ ᠪᠥᠬᠦ ᠰᠢᠶᠠᠨ ᠤ ᠤᠯᠤᠰ ᠤᠨ | ᠭᠤᠣᠯᠳᠠᠯᠭ᠎ᠠ ᠲᠠᠢ ᠨᠡᠶᠢᠲᠡ ᠶᠢᠨ ᠠᠰᠠᠷᠠᠮᠵᠢ ᠶᠢᠨ ᠣᠶ ᠳᠤ 116.04 ᠲᠦᠮᠡᠨ ᠮᠦ ᠪᠠᠶᠢᠵᠤ᠂ ᠣᠶ ᠰᠢᠭᠤᠢ ᠶᠢᠨ | ᠪᠦᠷᠬᠦᠴᠡ ᠶᠢᠨ ᠨᠣᠷᠮ᠎ᠠ ᠨᠢ 24.52% ᠪᠠᠶᠢᠵᠤ᠂ ᠣᠶ ᠰᠢᠭᠤᠢ ᠶᠢᠨ ᠲᠥᠷᠥᠯ ᠳᠤ ᠲᠠᠷᠢᠶᠠᠨ ᠭᠠᠵᠠᠷ ᠬᠠᠳᠤᠯᠠᠩ | ᠪᠡᠯᠴᠢᠭᠡᠷ ᠤᠨ ᠬᠠᠮᠠᠭᠠᠯᠠᠯᠲᠠ ᠶᠢᠨ ᠣᠶ᠂ ᠰᠠᠯᠬᠢᠨ ᠢ ᠬᠠᠯᠬᠠᠯᠠᠵᠤ ᠡᠯᠡᠰᠦ ᠶᠢ ᠲᠣᠭᠲᠠᠪᠤᠷᠢᠵᠢᠭᠤᠯᠬᠤ ᠣᠶ᠂ ᠬᠥᠷᠥᠰᠥ | ᠰᠢᠷᠣᠢ ᠶᠢ ᠬᠠᠮᠠᠭᠠᠯᠠᠬᠤ ᠣᠶ᠂ ᠵᠠᠮ ᠬᠠᠮᠠᠭᠠᠯᠠᠬᠤ ᠣᠶ᠂ ᠬᠡᠷᠡᠭᠰᠡᠯ ᠤᠨ ᠮᠣᠳᠣᠨ ᠤ ᠣᠶ᠂ ᠠᠵᠤ ᠠᠬᠤᠢ ᠶᠢᠨ ᠣᠶ | ᠪᠣᠶ︔ ᠮᠣᠳᠣᠨ ᠤ ᠲᠥᠷᠥᠯ ᠳᠤ ᠭᠤᠣᠯᠳᠠᠭᠤ ᠨᠠᠷᠠᠰᠤ᠂ ᠤᠯᠢᠶᠠᠰᠤ᠂ ᠬᠠᠶᠢᠯᠠᠰᠤ᠂ ᠨᠢᠮᠪᠡᠭᠡ᠂ ᠬᠡᠭᠡᠷ᠎ᠡ ᠶᠢᠨ | ᠬᠦᠢᠯᠡᠰᠦ᠂ ᠵᠢᠮᠢᠰ ᠤᠨ ᠮᠣᠳᠣ᠂ ᠴᠢᠨ᠋ᠸ᠎ᠠ ᠶᠢᠨ ᠬᠠᠷᠮᠠᠭ ᠵᠡᠷᠭᠡ ᠪᠤᠶ ︔ ᠪᠠᠶᠢᠭᠠᠯᠢ ᠶᠢᠨ ᠬᠠᠷᠭᠠᠨ᠎ᠠ ᠠᠴᠠ ᠪᠤᠰᠤᠳ | ᠣᠶ ᠮᠣᠳᠣᠨ ᠤ ᠬᠡᠰᠡᠭᠯᠡᠯ ᠤᠨ ᠡᠭᠦᠰᠦᠯ ᠤᠨ ᠶᠡᠬᠡᠩᠬᠢ ᠬᠡᠰᠡᠭ ᠨᠢ ᠵᠣᠬᠢᠶᠠᠮᠠᠯ ᠣᠶ ᠪᠣᠯᠣᠨ᠎ᠠ᠃ ᠣᠶᠢᠷ᠎ᠠ ᠶᠢᠨ | ᠵᠢᠯ ᠤᠳ ᠲᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠠᠯᠬᠤᠴᠠ ᠶᠢᠨ ᠮᠠᠨ ᠤ ᠰᠢᠶᠠᠨ ᠤ ᠣᠶ | ᠰᠢᠭᠤᠢ ᠶᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠳᠤ ᠦᠷᠭᠦᠯᠵᠢᠯᠡᠨ ᠡᠷᠡᠭᠦᠯ ᠢᠶᠠᠷ ᠬᠥᠭᠵᠢᠬᠦ ᠪᠠᠶᠢᠳᠠᠯ | ᠢᠯᠡᠷᠡᠵᠦ᠂ ᠣᠶ ᠰᠢᠭᠤᠢ ᠶᠢᠨ ᠲᠠᠯᠠᠪᠠᠶ ᠲᠠᠰᠤᠷᠠᠯᠲᠠ ᠦᠭᠡᠢ ᠨᠡᠮᠡᠭᠳᠡᠵᠦ᠂ ᠣᠶ ᠰᠢᠭᠤᠢ ᠶᠢᠨ ᠪᠦᠷᠬᠦᠴᠡ ᠵᠢᠯ | ᠳᠠᠷᠠᠭᠠᠯᠠᠨ ᠳᠡᠭᠡᠭᠰᠢᠯᠡᠵᠦ᠂ ᠣᠶ ᠰᠢᠭᠤᠢ ᠶᠢᠨ ᠬᠥᠨᠥᠭᠡᠯᠲᠡᠢ ᠠᠮᠢᠳᠤ ᠪᠣᠳᠠᠰ ᠤᠨ ᠡᠭᠦᠰᠬᠦ ᠲᠠᠯᠠᠪᠠᠶ ᠨᠢ ᠴᠦ ᠡᠳᠦᠢ | ᠲᠡᠳᠦᠢ ᠥᠷᠭᠡᠳᠴᠡᠢ᠃ ᠬᠤᠣᠷ ᠬᠥᠨᠥᠭᠡᠯ ᠤᠨ ᠬᠠᠨᠳᠤᠰᠢ ᠴᠤ ᠤᠯᠠᠮ ᠢᠶᠠᠷ ᠬᠦᠨᠳᠦᠷᠡᠵᠦ᠂ ᠵᠠᠷᠢᠮ ᠬᠤᠷᠣᠬᠠᠢ ᠶᠢᠨ | ᠬᠥᠨᠥᠭᠡᠯ ᠤᠨ ᠬᠤᠷᠣᠬᠠᠢ ᠶᠢᠨ ᠨᠢᠭᠲᠠᠴᠠ ᠪᠠᠭᠤᠷᠠᠬᠤ ᠦᠭᠡᠢ ᠪᠠᠶᠢᠵᠤ᠂ ᠮᠠᠨ ᠤ ᠰᠢᠶᠠᠨ ᠤ ᠣᠶ ᠰᠢᠭᠤᠢ ᠶᠢᠨ | ᠦᠢᠯᠡᠳᠪᠦᠷᠢᠯᠡᠯ ᠪᠠ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠠᠮᠤᠷ ᠲᠦᠪᠰᠢᠨ ᠢ ᠬᠦᠨᠳᠦ ᠨᠣᠴᠢᠲᠠᠢ | ᠰᠦᠷᠳᠡᠭᠦᠯᠵᠦ ᠪᠠᠶᠢᠨ᠎ᠠ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠳᠤ | ᠮᠠᠨ ᠤ ᠰᠢᠶᠠᠨ ᠤ ᠨᠠᠷᠠᠰᠤᠨ ᠣᠶ ᠶᠢᠨ ᠲᠠᠯᠠᠪᠠᠶ ᠨᠡᠶᠢᠲᠡ 5.5 ᠲᠦᠮᠡᠨ ᠮᠦ ᠳᠤ ᠬᠦᠷᠴᠦ᠂ ᠣᠶ ᠰᠢᠭᠤᠢ ᠶᠢᠨ | ᠬᠥᠨᠥᠭᠡᠯᠲᠡᠢ ᠠᠮᠢᠳᠤ ᠪᠣᠳᠠᠰ ᠢ ᠰᠡᠷᠭᠡᠶᠢᠯᠡᠨ ᠵᠠᠰᠠᠬᠤ ᠠᠵᠢᠯ ᠢᠯᠠᠩᠭᠤᠶ᠎ᠠ ᠨᠠᠷᠠᠰᠤᠨ ᠮᠣᠳᠣᠨ ᠤ ᠤᠲᠠᠰᠤᠯᠢᠭ | ᠬᠤᠷᠣᠬᠠᠢ ᠶᠢᠨ ᠡᠪᠡᠳᠴᠢᠨ ᠤ ᠬᠢᠵᠢᠭ ᠢ ᠰᠡᠷᠭᠡᠶᠢᠯᠡᠨ ᠡᠵᠡᠮᠳᠡᠬᠦ ᠪᠠᠶᠢᠳᠠᠯ ᠤᠯᠠᠮ ᠬᠦᠨᠳᠦ ᠨᠣᠴᠢᠲᠠᠢ ᠪᠣᠯᠵᠤ᠂ | ᠶᠡᠷᠦᠩᠬᠡᠶᠢᠯᠡᠨ ᠰᠡᠷᠭᠡᠶᠢᠯᠡᠨ ᠵᠠᠰᠠᠬᠤ ᠡᠭᠦᠷᠭᠡ ᠨᠠᠩ ᠬᠠᠲᠠᠭᠤ ᠪᠡᠷᠬᠡ ᠪᠣᠯᠪᠠ᠃ | ᠬᠤᠶᠠᠷ ᠂ ᠶᠡᠷᠦᠩᠬᠡᠢ ᠱᠠᠭᠠᠷᠳᠠᠯᠭ᠎ᠠ | ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠳᠤ᠂ ᠮᠠᠨ ᠤ ᠰᠢᠶᠠᠨ | ᠥᠪᠥᠷ ᠮᠣᠩᠭᠤᠯ ᠤᠨ ᠶᠡᠷᠦᠩᠬᠡᠢ ᠱᠦᠵᠢ ᠶᠢᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠣᠯᠣᠨ ᠰᠢ ᠶᠢᠨ | ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠠᠯᠪᠢᠭᠰᠠᠨ ᠴᠢᠬᠤᠯᠠ | ᠶᠠᠷᠢᠶᠠᠨ ᠤ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠠᠮᠢ | ᠠᠬᠤᠢ ᠶᠢᠨ ᠡᠬᠢ ᠪᠠᠶᠠᠯᠢᠭ ᠢ ᠬᠠᠮᠠᠭᠠᠯᠠᠵᠤ᠂ ᠡᠷᠡᠭᠦᠯ ᠡᠩᠬᠡ ᠣᠶ ᠰᠢᠭᠤᠢ ᠶᠢ ᠪᠣᠶᠢᠵᠢᠭᠤᠯᠬᠤ ᠪᠠᠷ ᠶᠡᠷᠦᠩᠬᠡᠢ | ᠵᠠᠷᠴᠢᠮ ᠪᠣᠯᠭᠠᠵᠤ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠨ᠂ ᠵᠠᠰᠠᠬᠤ ᠪᠠᠷ ᠭᠤᠣᠯᠳᠠᠯᠭ᠎ᠠ ᠪᠣᠯᠭᠠᠨ᠂ ᠬᠢᠨᠠᠨ | ᠬᠠᠮᠢᠶᠠᠷᠬᠤ ᠪᠠᠷ ᠭᠤᠣᠯᠳᠠᠯᠭ᠎ᠠ ᠪᠣᠯᠭᠠᠭᠰᠠᠨ ᠰᠡᠷᠭᠡᠶᠢᠯᠡᠨ ᠡᠵᠡᠮᠳᠡᠬᠦ ᠣᠶᠢᠯᠠᠭᠠᠭᠳᠠᠬᠤᠨ ᠢ ᠪᠠᠷᠢᠮᠲᠠᠯᠠᠵᠤ ᠂ ᠭᠠᠮᠰᠢᠭ ᠢ | ᠬᠢᠵᠠᠭᠠᠷᠯᠠᠨ ᠭᠠᠮᠰᠢᠭ ᠢ ᠪᠠᠭᠠᠰᠬᠠᠬᠤ ᠪᠠᠷ ᠭᠤᠣᠯ ᠪᠣᠯᠭᠠᠨ᠂ ᠨᠠᠷᠠᠰᠤᠨ ᠮᠣᠳᠣᠨ ᠤ ᠤᠲᠠᠰᠤᠯᠢᠭ ᠬᠤᠷᠣᠬᠠᠢ ᠶᠢᠨ | ᠡᠪᠡᠳᠴᠢᠨ ᠢ ᠰᠡᠷᠭᠡᠶᠢᠯᠡᠬᠦ ᠪᠠ ᠤᠢ ᠰᠢᠭᠤᠢ ᠪᠠ ᠲᠠᠯ᠎ᠠ ᠨᠤᠲᠤᠭ ᠤᠨ ᠬᠤᠯᠤᠭᠠᠨ᠎ᠠ ︵ᠲᠠᠤᠯᠠᠢ︶ ᠶᠢᠨ ᠬᠥᠨᠥᠭᠡᠯ ᠢ | ᠰᠡᠷᠭᠡᠶᠢᠯᠡᠨ ᠬᠢᠵᠠᠭᠠᠷᠯᠠᠬᠤ ᠪᠠᠷ ᠭᠤᠣᠯᠳᠠᠯᠭ᠎ᠠ ᠪᠣᠯᠭᠠᠵᠤ ᠂ ᠬᠢᠨᠠᠨ ᠬᠡᠮᠵᠢᠬᠦ ᠪᠠ ᠤᠢ ᠰᠢᠭᠤᠢ ᠶᠢᠨ ᠤᠷᠭᠤᠮᠠᠯ ᠤᠨ | ᠬᠢᠵᠢᠭ ᠢ ᠪᠠᠶᠢᠴᠠᠭᠠᠬᠤ ᠶᠢ ᠦᠷᠭᠦᠯᠵᠢᠯᠡᠨ ᠴᠢᠩᠭᠠᠳᠬᠠᠵᠤ ᠂ ᠬᠠᠮᠲᠤᠷᠠᠨ ᠰᠡᠷᠭᠡᠶᠢᠯᠡᠵᠦ ᠬᠠᠮᠲᠤᠷᠠᠨ ᠵᠠᠰᠠᠬᠤ ᠂ | ᠨᠢᠭᠡᠳᠦᠯᠲᠡᠢ ᠰᠡᠷᠭᠡᠶᠢᠯᠡᠨ ᠵᠠᠰᠠᠬᠤ᠂ ᠨᠡᠶᠢᠭᠡᠮᠴᠢᠯᠡᠨ ᠰᠡᠷᠭᠡᠶᠢᠯᠡᠨ ᠵᠠᠰᠠᠬᠤ ᠪᠠ ᠪᠣᠬᠢᠷᠳᠤᠯ ᠦᠭᠡᠢ ᠰᠡᠷᠭᠡᠶᠢᠯᠡᠨ | ᠵᠠᠰᠠᠬᠤ ᠶᠢ ᠶᠡᠭᠡ ᠪᠠᠷ ᠶᠠᠪᠤᠭᠤᠯᠵᠤ ᠂ ᠮᠠᠨ ᠤ ᠰᠢᠶᠠᠨ ᠤ ᠤᠢ ᠰᠢᠭᠤᠢ ᠶᠢᠨ ᠠᠮᠢ ᠠᠬᠤᠢ ᠶᠢᠨ ᠠᠮᠤᠷ ᠲᠦᠪᠰᠢᠨ ᠢ | ᠦᠨᠡᠨ ᠬᠦ ᠪᠠᠲᠤᠯᠠᠬᠤ ᠬᠡᠷᠡᠭᠲᠡᠢ᠃ | ᠭᠤᠷᠪᠠ᠂ ᠠᠵᠢᠯ ᠤᠨ ᠵᠠᠷᠴᠢᠮ | ︵ᠨᠢᠭᠡ︶ ᠬᠢᠵᠢᠭ ᠤᠨ ᠪᠠᠶᠢᠳᠠᠯ ᠢ ᠬᠢᠨᠠᠨ ᠬᠡᠮᠵᠢᠬᠦ ᠶᠢ ᠴᠢᠩᠭᠠᠳᠬᠠᠨ᠎ᠠ᠃ ᠬᠢᠵᠢᠭ ᠤᠨ ᠪᠠᠶᠢᠳᠠᠯ ᠢ ᠨᠡᠶᠢᠳᠡᠮ | ᠪᠠᠶᠢᠴᠠᠭᠠᠬᠤ ᠪᠠ ᠡᠳᠦᠷ ᠲᠤᠲᠤᠮ ᠤᠨ ᠬᠠᠮᠢᠶᠠᠷᠤᠯᠲᠠ ᠶᠢᠨ ᠬᠢᠨᠠᠨ ᠬᠡᠮᠵᠢᠬᠦ ᠳᠦᠷᠢᠮ ᠢ ᠴᠢᠩᠭ᠎ᠠ ᠬᠡᠷᠡᠭᠵᠢᠭᠦᠯᠵᠦ᠂ | ᠬᠢᠵᠢᠭ ᠤᠨ ᠪᠠᠶᠢᠳᠠᠯ ᠢ ᠬᠢᠨᠠᠨ ᠬᠡᠮᠵᠢᠬᠦ ᠲᠣᠣᠷᠴᠢᠯᠠᠭᠰᠠᠨ ᠬᠠᠮᠢᠶᠠᠷᠤᠯᠲᠠ ᠶᠢ ᠬᠡᠷᠡᠭᠵᠢᠭᠦᠯᠵᠦ᠂ ᠣᠶ ᠰᠢᠭᠤᠢ | ᠬᠠᠮᠠᠭᠠᠯᠠᠭᠴᠢ᠂ ᠰᠢᠶᠠᠩ ᠪᠠᠯᠭᠠᠰᠤ ᠵᠢᠴᠢ ᠣᠶ ᠰᠢᠭᠤᠢ ᠶᠢᠨ ᠲᠠᠯᠠᠪᠠᠶ ᠶᠢᠨ ᠬᠠᠮᠢᠶᠠᠷᠤᠭᠴᠢ᠂ ᠨᠡᠶᠢᠭᠡᠮᠴᠢᠯᠡᠭᠰᠡᠨ | ᠵᠣᠬᠢᠶᠠᠨ ᠪᠠᠶᠢᠭᠤᠯᠤᠯᠲᠠ᠂ ᠣᠶ ᠰᠢᠭᠤᠢ ᠡᠪᠡᠰᠦᠨ ᠤ ᠡᠬᠢ ᠪᠠᠶᠠᠯᠢᠭ ᠢ ᠬᠢᠨᠠᠨ ᠬᠡᠮᠵᠢᠬᠦ ᠪᠠᠶᠢᠭᠤᠯᠤᠮᠵᠢ ᠵᠡᠷᠭᠡ | ᠬᠦᠴᠦᠨ ᠢ ᠨᠢᠭᠡᠳᠦᠯᠲᠡᠢ ᠲᠥᠯᠥᠪᠯᠡᠵᠦ᠂ ᠪᠠᠭ᠎ᠠ ᠠᠩᠭᠢ ᠪᠠᠷ ᠨᠢᠭᠡᠴᠢ ᠪᠣᠯᠭᠠᠭᠰᠠᠨ ᠨᠠᠷᠢᠯᠢᠭᠵᠢᠭᠤᠯᠤᠭᠰᠠᠨ | ᠬᠢᠵᠢᠭ ᠤᠨ ᠪᠠᠶᠢᠳᠠᠯ ᠢ ᠬᠢᠨᠠᠨ ᠬᠡᠮᠵᠢᠬᠦ ᠶᠢ ᠥᠷᠨᠢᠭᠦᠯᠵᠦ᠂ ᠬᠥᠪᠰᠥᠭᠡᠷ ᠪᠡᠭᠡ ᠶᠢᠨ ᠢᠮᠠᠯᠵᠢ᠂ ᠭᠠᠴᠤᠷ᠎ᠠ ᠶᠢᠨ ᠠᠯᠠᠭ | ᠪᠡᠭᠡ ᠶᠢᠨ ᠢᠮᠠᠯᠵᠢ᠂ ᠤᠯᠠᠭᠠᠨ ᠥᠭᠡᠬᠦᠨ ᠶᠡᠭᠡ ᠪᠠᠭ᠎ᠠ ᠵᠠᠷᠮ᠎ᠠ ᠵᠡᠷᠭᠡ ᠵᠠᠭᠤᠴᠢ ᠰᠢᠪᠠᠵᠢ ᠶᠢᠨ ᠪᠠᠶᠢᠴᠠᠭᠠᠯᠲᠠ ᠶᠢ | ᠭᠤᠣᠯᠳᠠᠯᠭ᠎ᠠ ᠲᠠᠢ ᠥᠷᠨᠢᠭᠦᠯᠵᠦ᠂ ᠬᠢᠨᠠᠨ ᠬᠡᠮᠵᠢᠬᠦ ᠬᠦᠷᠢᠶ᠎ᠡ ᠬᠡᠪᠴᠢᠶ᠎ᠡ ᠶᠢ ᠪᠦᠬᠦᠨ ᠢ ᠬᠠᠮᠤᠷᠬᠤ ᠶᠢ ᠪᠡᠶᠡᠯᠡᠭᠦᠯᠦᠨ᠂ | ᠣᠶ ᠰᠢᠭᠤᠢ ᠡᠪᠡᠰᠦᠨ ᠤ ᠠᠮᠢ ᠠᠬᠤᠢ ᠶᠢᠨ ᠲᠣᠣᠷ ᠰᠦᠯᠵᠢᠶ᠎ᠡ ᠪᠠᠷ ᠰᠡᠷᠡᠵᠦ ᠮᠡᠳᠡᠬᠦ ᠰᠢᠰᠲ᠋ᠧᠮ ᠤᠨ ᠨᠠᠷᠠᠰᠤᠨ | ᠮᠣᠳᠣᠨ ᠤ ᠤᠲᠠᠰᠤᠯᠢᠭ ᠬᠤᠷᠣᠬᠠᠢ ᠶᠢᠨ ᠡᠪᠡᠳᠴᠢᠨ ᠤ ᠬᠢᠵᠢᠭ ᠤᠨ ᠪᠠᠶᠢᠳᠠᠯ ᠢ ᠨᠠᠷᠢᠯᠢᠭᠵᠢᠭᠤᠯᠤᠭᠰᠠᠨ ᠬᠢᠨᠠᠨ | ᠬᠠᠮᠢᠶᠠᠷᠬᠤ ᠲᠠᠪᠴᠠᠩ ᠢ ᠳᠡᠯᠭᠡᠷᠡᠭᠦᠯᠦᠨ ᠬᠡᠷᠡᠭᠯᠡᠵᠦ᠂ ᠬᠢᠵᠢᠭ ᠤᠨ ᠪᠠᠶᠢᠳᠠᠯ ᠡᠭᠦᠰᠬᠦ ᠰᠠᠭᠤᠷᠢ ᠲᠤᠭ᠎ᠠ ᠪᠠ ᠬᠥᠳᠡᠯᠦᠯ | ᠪᠠᠶᠢᠳᠠᠯ ᠢ ᠴᠠᠭ ᠲᠤᠬᠠᠢ ᠳᠤᠨᠢ ᠡᠵᠡᠮᠰᠢᠬᠦ ᠶᠢᠨ ᠬᠠᠮᠲᠤ ᠦᠨᠡᠨ ᠮᠥᠨ ᠢᠶᠠᠷ ᠨᠢ ᠳᠡᠭᠡᠭᠰᠢ ᠮᠡᠳᠡᠭᠦᠯᠦᠨ᠎ᠡ᠃ | ︵ᠬᠤᠶᠠᠷ︶ ᠬᠢᠵᠢᠭ ᠪᠠᠶᠢᠴᠠᠭᠠᠵᠤ ᠬᠠᠤᠯᠢ ᠬᠡᠷᠡᠭᠵᠢᠭᠦᠯᠬᠦ ᠶᠢ ᠴᠢᠩᠳᠠᠯᠠᠨ᠎ᠠ ᠃ ᠬᠠᠷᠢᠶᠠᠲᠤ ᠣᠷᠣᠨ ᠤ ᠳᠣᠲᠣᠷᠠᠬᠢ | ᠪᠠᠶᠢᠴᠠᠭᠠᠬᠤ ᠠᠵᠢᠯ ᠳᠤ ᠬᠤᠯᠪᠣᠭᠳᠠᠬᠤ ᠠᠵᠢᠯ ᠦᠢᠯᠡᠰ ᠤᠨ ᠨᠢᠭᠡᠴᠡ ᠪᠣᠯᠣᠨ ᠬᠤᠪᠢ ᠬᠥᠮᠥᠨ ᠤ ᠪᠦᠷᠢᠳᠬᠡᠨ | ᠳᠠᠩᠰᠠᠯᠠᠬᠤ ᠳᠦᠷᠢᠮ ᠢ ᠬᠡᠷᠡᠭᠵᠢᠭᠦᠯᠬᠦ ᠶᠢ ᠰᠢᠮᠳᠠᠭᠤᠯᠵᠤ᠂ ᠨᠠᠷᠠᠰᠤᠨ ᠤ ᠢᠵᠠᠭᠤᠷ ᠤᠨ ᠤᠷᠭᠤᠮᠠᠯ ᠵᠢᠴᠢ ᠲᠡᠭᠦᠨ ᠤ | ᠪᠦᠲᠦᠭᠡᠭᠳᠡᠬᠦᠨ ᠢ ᠳᠠᠬᠢᠨ ᠪᠠᠶᠢᠴᠠᠭᠠᠬᠤ ᠡᠷᠴᠢᠮ ᠢ ᠴᠢᠩᠭᠠᠷᠠᠭᠤᠯᠤᠨ᠂ ᠬᠢᠵᠢᠭ ᠤᠨ ᠪᠠᠶᠢᠳᠠᠯ ᠤᠨ ᠵᠣᠷᠢᠭᠤᠳᠠ | ᠣᠷᠣᠵᠤ ᠢᠷᠡᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ | ︵ᠭᠤᠷᠪᠠ︶ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠶᠢ ᠴᠢᠩᠭᠠᠷᠠᠭᠤᠯᠤᠨ᠎ᠠ᠃ ᠬᠡᠷᠪᠡ ᠨᠠᠷᠠᠰᠤᠨ | ᠮᠣᠳᠣᠨ ᠤ ᠤᠲᠠᠰᠤᠯᠢᠭ ᠬᠤᠷᠤᠬᠠᠶᠢᠲᠤ ᠡᠪᠡᠳᠴᠢᠨ ᠤ ᠬᠢᠵᠢᠭ ᠤᠨ ᠪᠠᠶᠢᠳᠠᠯ ᠢ ᠣᠯᠵᠤ ᠮᠡᠳᠡᠪᠡᠯ᠂ ᠲᠡᠷᠡ ᠳᠠᠷᠤᠢ | ᠳᠤᠨᠢ ᠪᠠᠶᠢᠭᠠᠯᠢ ᠶᠢᠨ ᠡᠬᠢ ᠪᠠᠶᠠᠯᠢᠭ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠲᠣᠪᠴᠢᠶ᠎ᠠ ᠲᠠᠢ ᠬᠠᠷᠢᠯᠴᠠᠵᠤ ᠲᠤᠬᠠᠢ ᠶᠢᠨ ᠲᠠᠯᠠᠪᠤᠷ ᠢ ᠴᠢᠩᠭ᠎ᠠ ᠪᠢᠲᠡᠭᠦᠮᠵᠢᠯᠡᠵᠦ᠂ ᠪᠠᠴᠢᠮ ᠪᠠᠶᠢᠳᠠᠯ ᠢ ᠠᠷᠭᠠᠴᠠᠨ | ᠰᠢᠢᠳᠪᠦᠷᠢᠯᠡᠬᠦ ᠪᠡᠯᠡᠳᠬᠡᠯ ᠲᠥᠰᠥᠯ ᠢ ᠲᠡᠷᠡ ᠳᠠᠷᠤᠢ ᠳᠤᠨᠢ ᠡᠬᠢᠯᠡᠨ ᠬᠡᠷᠡᠭᠵᠢᠭᠦᠯᠵᠦ᠂ ᠡᠷᠡᠰ ᠰᠢᠭᠤᠷᠬᠠᠢ ᠠᠷᠭ᠎ᠠ | ᠬᠡᠮᠵᠢᠶ᠎ᠡ ᠠᠪᠴᠤ ᠪᠠᠶᠢᠭᠠᠳ ᠲᠤᠬᠠᠢ ᠶᠢᠨ ᠭᠠᠵᠠᠷ ᠲᠤᠨᠢ ᠬᠢᠵᠢᠭ ᠤᠨ ᠮᠠᠲ᠋ᠧᠷᠢᠶᠠᠯ ᠬᠢᠵᠢᠭᠲᠦ ᠮᠣᠳᠣ ᠶᠢ ᠤᠰᠠᠳᠬᠠᠵᠤ | ᠂ ᠬᠢᠵᠢᠭ ᠤᠨ ᠪᠠᠶᠢᠳᠠᠯ ᠢ ᠴᠠᠭ ᠲᠤᠬᠠᠢ ᠳᠤᠨᠢ ᠬᠤᠷᠢᠭᠯᠠᠨ ᠵᠣᠭᠰᠣᠭᠠᠵᠤ᠂ ᠲᠠᠷᠬᠠᠵᠤ ᠳᠡᠯᠭᠡᠷᠡᠬᠦ ᠶᠢ ᠴᠢᠩᠭ᠎ᠠ | ᠰᠡᠷᠭᠡᠶᠢᠯᠡᠬᠦ ᠬᠡᠷᠡᠭᠲᠡᠢ᠃ | ᠳᠥᠷᠪᠡ᠂ ᠠᠵᠢᠯ ᠤᠨ ᠬᠠᠷᠠᠯᠲᠠ ᠪᠠ ᠰᠡᠷᠭᠡᠶᠢᠯᠡᠨ ᠡᠵᠡᠮᠳᠡᠬᠦ ᠣᠷᠣᠨ ᠪᠦᠰᠡ | ︵ᠨᠢᠭᠡ︶ ᠰᠡᠷᠭᠡᠶᠢᠯᠡᠨ ᠡᠵᠡᠮᠳᠡᠬᠦ ᠣᠷᠣᠨ ᠪᠦᠰᠡ᠃ ᠪᠥᠬᠦ ᠰᠢᠶᠠᠨ ᠤ ᠨᠠᠷᠠᠰᠤᠨ ᠣᠶ ᠶᠢᠨ ᠲᠠᠷᠬᠠᠯᠲᠠ ᠶᠢᠨ | ᠪᠠᠶᠢᠳᠠᠯ ᠢ ᠦᠨᠳᠦᠰᠦᠯᠡᠨ᠂ ᠶᠡᠭᠡ ᠲᠥᠯᠥᠪ ᠵᠢᠷᠭᠤᠭᠠᠨ ᠶᠡᠭᠡ ᠰᠡᠷᠭᠡᠶᠢᠯᠡᠨ ᠡᠵᠡᠮᠳᠡᠬᠦ ᠣᠷᠣᠨ ᠪᠦᠰᠡ ᠬᠤᠪᠢᠶᠠᠨ᠎ᠠ᠄ | 1. ᠰᠢᠶᠠᠨ ᠤ ᠬᠤᠲᠠ ᠶᠢᠨ ᠡᠷᠬᠢᠨ ᠲᠣᠭᠤᠷᠢᠨ ᠤ ᠠᠯᠪᠠᠨ ᠵᠢᠷᠤᠮ ᠤᠨ ᠮᠣᠳᠣ ᠳᠠᠷᠢᠬᠤ ᠰᠠᠭᠤᠷᠢᠨ ᠭᠠᠵᠠᠷ︔ 2. | ᠵᠢᠷᠭᠤᠭᠠᠨ ᠵᠠᠰᠠᠮᠠᠯ ᠵᠠᠮ︵ ᠬᠤᠸᠠᠳᠧ ᠠᠴᠠ ᠰᠢᠯᠤᠭᠤᠨ ᠴᠠᠭᠠᠨ ᠬᠦᠷᠬᠦ ᠵᠠᠮ ᠂ ᠬᠤᠸ᠋ᠳᠧ ᠠᠴᠠ ᠱᠠᠩᠳᠤ ᠬᠦᠷᠬᠦ ᠵᠠᠮ ᠂ | ᠬᠤᠸᠠᠳᠧ ᠠᠴᠠ ᠬᠦᠪᠡᠭᠡᠲᠤ ᠰᠢᠷ᠎ᠠ ᠬᠦᠷᠬᠦ ᠵᠠᠮ ᠂ ᠬᠤᠸᠠᠳᠧ ᠠᠴᠠ ᠵᠠᠩᠪᠧᠢ ᠬᠦᠷᠬᠦ ᠵᠠᠮ ᠂ ᠬᠤᠸᠠᠳᠧ ᠠᠴᠠ ᠺᠠᠩ | ᠪᠣᠣ ᠬᠦᠷᠬᠦ ᠵᠠᠮ᠂ ᠮᠤᠵᠢ ᠶᠢᠨ ᠬᠤᠭᠤᠷᠣᠨᠳᠣᠬᠢ ᠶᠡᠭᠡ ᠵᠠᠮ ︶ ︔ 3.ᠲᠦᠷᠪᠡᠨ ᠵᠤᠯᠵᠠᠭ᠎ᠠ ᠮᠣᠳᠣᠨ ᠤ ᠬᠦᠷᠢᠶᠡᠯᠡᠩ | ︵ᠴᠣᠣᠶᠠᠩ ᠤᠨ ᠵᠤᠯᠵᠠᠭ᠎ᠠ ᠮᠣᠳᠣᠨ ᠤ ᠬᠦᠷᠢᠶᠡᠯᠡᠩ ᠂ ᠴᠠᠩᠱᠦ᠋ᠨ ᠪᠠᠯᠭᠠᠰᠤᠨ ᠤ ᠳᠣᠯᠤᠭᠠᠨᠬᠤᠳᠳᠤᠭ ᠤᠨ ᠵᠤᠯᠵᠠᠭ᠎ᠠ | ᠮᠣᠳᠣᠨ ᠤ ᠬᠦᠷᠢᠶᠡᠯᠡᠩ ᠂ ᠳᠡᠪᠡᠭᠡᠲᠤ ᠰᠢᠶᠠᠩ ᠤᠨ ᠹᠧᠩ ᠮᠠᠨ ᠲᠣᠰᠬᠤᠨ ᠤ ᠵᠤᠯᠵᠠᠭ᠎ᠠ ᠮᠣᠳᠣᠨ ᠤ ᠬᠦᠷᠢᠶᠡᠯᠡᠩ ᠂ | ᠪᠠᠶᠠᠨᠲᠠᠯ᠎ᠠ ᠰᠢᠶᠠᠩ ᠤᠨ ᠤᠯᠤᠰ ᠤᠨ ᠥᠮᠴᠢᠯᠡᠯ ᠤᠨ ᠤᠢ ᠰᠢᠭᠤᠢ ᠶᠢᠨ ᠲᠠᠯᠠᠪᠠᠢ ︶ ︔4. ᠬᠤᠶᠠᠷ ᠰᠢᠶᠠᠩ | ᠪᠠᠯᠭᠠᠰᠤᠨ ᠤ ᠠᠯᠪᠠᠨ ᠵᠢᠷᠤᠮ ᠤᠨ ᠮᠣᠳᠣ ᠳᠠᠷᠢᠬᠤ ᠰᠠᠭᠤᠷᠢᠨ ᠭᠠᠵᠠᠷ ︵ᠪᠠᠶᠠᠨᠲᠠᠯ᠎ᠠ ᠰᠢᠶᠠᠩ᠂ ᠳᠡᠪᠡᠭᠡᠲᠤ ᠰᠢᠶᠠᠩ︶ | ︔ 5. ᠰᠢᠶᠠᠨ ᠤ ᠬᠤᠲᠠ ᠶᠢᠨ ᠡᠯ᠎ᠡ ᠨᠢᠭᠡᠴᠡ ᠶᠢᠨ ᠨᠣᠭᠤᠭᠠᠷᠠᠭᠤᠯᠤᠯᠲᠠ ᠶᠢᠨ ᠣᠷᠣᠨ︔ 6. ᠰᠢᠶᠠᠨ ᠤ | ᠬᠤᠲᠠ ᠶᠢᠨ ᠳᠣᠲᠣᠷᠠᠬᠢ ᠨᠠᠷᠠᠰᠤᠨ ᠮᠣᠳᠣᠨ ᠤ ᠡᠵᠡᠩᠨᠡᠨ ᠪᠣᠷᠣᠯᠠᠭᠤᠯᠬᠤ ᠭᠠᠵᠠᠷ᠂ ᠴᠢᠮᠡᠭᠯᠡᠯ ᠤᠨ ᠮᠠᠲ᠋ᠧᠷᠢᠶᠠᠯ ᠤᠨ | ᠭᠠᠵᠠᠷ᠂ ᠡᠯ᠎ᠡ ᠲᠣᠮᠣ ᠪᠠᠷᠠᠭᠠᠨ ᠤ ᠭᠦᠢᠯᠭᠡᠭᠡᠨ ᠤ ᠺᠣᠮᠫᠠᠨᠢ᠃ ᠵᠢᠷᠭᠤᠭᠠᠨ ᠶᠡᠭᠡ ᠣᠷᠣᠨ ᠪᠦᠰᠡ ᠶᠢᠨ ᠰᠠᠭᠤᠷᠢ | ᠲᠤᠭ᠎ᠠ ᠶᠢ ᠨᠠᠷᠢᠨ ᠲᠣᠳᠣᠷᠬᠠᠢ ᠣᠶᠢᠯᠠᠭᠠᠵᠤ ᠂ ᠬᠢᠨᠠᠨ ᠬᠡᠮᠵᠢᠬᠦ ᠡᠷᠴᠢᠮ ᠢᠶᠠᠨ ᠴᠢᠩᠭᠠᠷᠠᠭᠤᠯᠤᠨ᠂ ᠬᠢᠵᠢᠭ ᠪᠠᠶᠢᠴᠠᠭᠠᠬᠤ | ᠡᠷᠴᠢᠮ ᠢᠶᠠᠨ ᠴᠢᠩᠭᠠᠷᠠᠭᠤᠯᠵᠤ ᠂ ᠮᠠᠨ ᠤ ᠰᠢᠶᠠᠨ ᠳᠤ ᠬᠢᠵᠢᠭ ᠤᠨ ᠪᠠᠶᠢᠳᠠᠯ ᠭᠠᠷᠬᠤ ᠶᠢ ᠰᠡᠷᠭᠡᠶᠢᠯᠡᠬᠦ ᠬᠡᠷᠡᠭᠲᠡᠢ ᠃ | ︵ᠬᠤᠶᠠᠷ︶ ᠬᠢᠵᠢᠭ ᠤᠨ ᠪᠠᠶᠢᠳᠠᠯ ᠢ ᠬᠢᠨᠠᠨ ᠬᠡᠮᠵᠢᠬᠦ ᠶᠢ ᠴᠢᠩᠳᠠᠯᠠᠨ᠎ᠠ᠃ ᠨᠠᠷᠠᠰᠤᠨ ᠮᠣᠳᠣᠨ ᠤ ᠤᠲᠠᠰᠤᠯᠢᠭ | ᠬᠤᠷᠣᠬᠠᠢ ᠶᠢᠨ ᠡᠪᠡᠳᠴᠢᠨ ᠤ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠶᠢ ᠯᠠᠪᠳᠠᠭᠤᠨ | ᠪᠠᠲᠤᠲᠠᠢ ᠥᠷᠨᠢᠭᠦᠯᠵᠦ᠂ ᠵᠢᠭᠰᠠᠭᠠᠨ ᠪᠠᠶᠢᠴᠠᠭᠠᠬᠤ ᠠᠵᠢᠯ ᠳᠤ ᠥᠯᠥ ᠣᠨᠣᠭᠳᠠᠬᠤ ᠭᠠᠵᠠᠷ ᠭᠠᠷᠭᠠᠬᠤ ᠦᠭᠡᠢ | ᠪᠠᠶᠢᠬᠤ ᠶᠢ ᠲᠣᠳᠣᠷᠬᠠᠶᠢᠯᠠᠵᠤ᠂ ᠴᠠᠭ ᠲᠤᠬᠠᠢ ᠳᠤᠨᠢ ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠨ ᠪᠡᠶᠡᠯᠡᠭᠦᠯᠬᠦ | ᠬᠡᠷᠡᠭᠲᠡᠢ᠃ ᠡᠭᠦᠨ ᠤ ᠬᠠᠮᠲᠤ ᠦᠷ᠎ᠡ ᠪᠦᠲᠦᠮᠵᠢ ᠪᠠᠨ ᠪᠠᠲᠤᠳᠬᠠᠬᠤ ᠶᠢᠨ ᠬᠠᠮᠲᠤ ᠤᠷᠳᠤ ᠬᠤᠭᠤᠴᠠᠭᠠᠨ ᠤ | ᠪᠦᠲᠦᠮᠵᠢᠲᠡᠢ ᠲᠤᠭᠲᠠᠯᠴᠠᠭ᠎ᠠ ᠶᠢ ᠪᠠᠶᠢᠭᠤᠯᠬᠤ ᠬᠡᠷᠡᠭᠲᠡᠢ᠃ | ᠲᠠᠪᠤ ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠲᠠᠪᠤᠨ ᠵᠢᠯ ᠤᠨ ᠪᠣᠭᠤᠮᠲᠠ | ᠰᠢᠪᠲᠤᠯᠬᠤ ᠠᠵᠢᠯᠯᠠᠭ᠎ᠠ ᠶᠢ ᠪᠡᠶᠡᠯᠡᠭᠦᠯᠦᠭᠰᠡᠨ ᠪᠠᠶᠢᠳᠠᠯ ᠢ ᠤᠢ ᠰᠢᠭᠤᠢ ᠶᠢᠨ ᠳᠠᠷᠤᠭ᠎ᠠ ᠶᠢᠨ ᠳᠦᠷᠢᠮ ᠤᠨ ᠬᠢᠨᠠᠨ | ᠰᠢᠯᠭᠠᠬᠤ ᠠᠭᠤᠯᠭ᠎ᠠ ᠳᠤ ᠣᠷᠣᠭᠤᠯᠵᠤ ᠂ ︽ᠨᠠᠮ ᠤᠨ ᠬᠤᠷᠢᠶᠠᠨ ᠤ ᠤᠳᠤᠷᠢᠳᠤᠯᠭ᠎ᠠ᠂ ᠨᠠᠮ ᠵᠠᠰᠠᠭ ᠬᠠᠷᠢᠭᠤᠴᠠᠯᠭ᠎ᠠ | ᠨᠡᠬᠡᠮᠵᠢᠯᠡᠬᠦ ᠂ ᠰᠠᠯᠠᠭ᠎ᠠ ᠮᠥᠴᠢᠷ ᠬᠠᠮᠵᠢᠯᠴᠠᠬᠤ ᠂ ᠬᠠᠷᠢᠶ᠎ᠠ ᠭᠠᠵᠠᠷ ᠤᠨ ᠬᠢᠨ ᠬᠠᠷᠢᠭᠤᠴᠠᠬᠤ ︾ ᠱᠠᠭᠠᠷᠳᠠᠯᠭ᠎ᠠ | ᠶᠣᠰᠣᠭᠠᠷ ᠂ ᠪᠣᠭᠤᠮᠲᠠ ᠰᠢᠪᠲᠤᠯᠬᠤ ᠠᠵᠢᠯᠯᠠᠭ᠎ᠠ ᠶᠢ ᠰᠢᠰᠲ᠋ᠧᠮ ᠲᠠᠢ ᠲᠣᠬᠢᠷᠠᠭᠤᠯᠤᠨ ᠪᠠᠶᠢᠷᠢᠯᠠᠭᠤᠯᠵᠤ ᠂ | ᠬᠠᠷᠢᠭᠤᠴᠠᠯᠭ᠎ᠠ ᠵᠢᠴᠢ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ ᠂ ᠪᠦᠬᠦ ᠲᠠᠯ᠎ᠠ ᠪᠠᠷ ᠠᠬᠢᠭᠤᠯᠤᠨ | ᠬᠡᠷᠡᠭᠵᠢᠭᠦᠯᠵᠦ ᠂ ᠡᠯ᠎ᠡ ᠵᠦᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠴᠢᠬᠤᠯᠠ ᠶᠡᠭᠡ | ᠣᠶ ᠰᠢᠭᠤᠢ ᠶᠢᠨ ᠬᠥᠨᠥᠭᠡᠯᠲᠡᠢ ᠠᠮᠢᠳᠤ ᠪᠣᠳᠠᠰ ᠢ ᠰᠡᠷᠭᠡᠶᠢᠯᠡᠨ ᠡᠵᠡᠮᠳᠡᠬᠦ ᠪᠠᠶᠢᠭᠤᠯᠤᠮᠵᠢ ᠶᠢᠨ ᠦᠢᠯᠡᠳᠦᠯ ᠢ | ᠭᠦᠢᠴᠡᠳ ᠪᠠᠳᠠᠷᠠᠭᠤᠯᠵᠤ᠂ ᠡᠯ᠎ᠡ ᠰᠠᠯᠠᠭ᠎ᠠ ᠮᠥᠴᠢᠷ ᠤᠨ ᠵᠣᠬᠢᠴᠠᠭᠤᠯᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ | ᠲᠡᠭᠦᠯᠳᠡᠷᠵᠢᠭᠦᠯᠦᠨ᠂ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠬᠡᠬᠦ᠂ ᠵᠡᠷᠭᠡᠪᠡᠷ ᠠᠳᠬᠤᠨ ᠬᠠᠮᠲᠤᠪᠠᠷ | ᠬᠠᠮᠢᠶᠠᠷᠬᠤ ᠰᠡᠷᠭᠡᠶᠢᠯᠡᠨ ᠡᠵᠡᠮᠳᠡᠬᠦ ᠪᠠᠶᠢᠷᠢᠰᠢᠭᠤᠯᠤᠯᠲᠠ ᠶᠢ ᠪᠣᠶ ᠪᠣᠯᠭᠠᠵᠤ᠂ ᠪᠥᠬᠦ ᠰᠢᠶᠠᠨ ᠤ ᠣᠯᠠᠨ ᠲᠠᠰ | ᠳᠠᠪᠬᠤᠷᠭ᠎ᠠ ᠶᠢᠨ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠵᠢᠴᠢ ᠬᠥᠷᠰᠢ ᠵᠡᠷᠭᠡᠯᠡᠳᠡᠭᠡ | ᠭᠠᠵᠠᠷ ᠣᠷᠣᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠬᠠᠮᠲᠤᠷᠠᠯᠴᠠᠭ᠎ᠠ ᠶᠢ ᠪᠦᠷᠢᠨᠰᠢᠭᠦᠯᠵᠦ᠂ | ᠰᠡᠷᠭᠡᠶᠢᠯᠡᠨ ᠡᠵᠡᠮᠳᠡᠬᠦ ᠴᠢᠳᠠᠪᠤᠷᠢ ᠪᠠ ᠦᠷ᠎ᠡ ᠪᠦᠲᠦᠮᠵᠢ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ ᠃ | ︵ ᠬᠤᠶᠠᠷ︶ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠷᠠᠭᠤᠯᠤᠨ᠎ᠠ᠃ | ᠪᠣᠯᠪᠠᠰᠤᠷᠠᠭᠤᠯᠤᠯ ᠤᠨ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠨᠠᠷᠠᠰᠤᠨ ᠮᠣᠳᠣᠨ ᠤ ᠤᠲᠠᠰᠤᠯᠢᠭ | ᠬᠤᠷᠣᠬᠠᠢ ᠶᠢᠨ ᠡᠪᠡᠳᠴᠢᠨ ᠢ ᠪᠠᠶᠢᠴᠠᠭᠠᠬᠤ᠂ ᠬᠢᠨᠠᠨ ᠬᠡᠮᠵᠢᠬᠦ᠂ ᠬᠢᠵᠢᠭ ᠪᠠᠶᠢᠴᠠᠭᠠᠬᠤ᠂ ᠰᠡᠷᠭᠡᠶᠢᠯᠡᠨ ᠵᠠᠰᠠᠬᠤ | ᠮᠡᠷᠭᠡᠵᠢᠯ ᠢ ᠲᠦᠭᠡᠮᠡᠯᠵᠢᠭᠦᠯᠬᠦ ᠬᠡᠷᠡᠭᠲᠡᠢ᠃ ᠵᠢᠯᠣᠭᠤᠴᠢ ᠦᠭᠡᠢ ᠨᠢᠰᠬᠡᠯ ᠤᠨ ᠠᠯᠤᠰ ᠰᠡᠷᠡᠯ ᠤᠨ | ᠨᠠᠷᠢᠯᠢᠭᠵᠢᠭᠤᠯᠤᠭᠰᠠᠨ ᠬᠢᠨᠠᠯᠲᠠ ᠬᠠᠮᠢᠶᠠᠷᠤᠯᠲᠠ ᠶᠢᠨ ᠲᠠᠪᠴᠠᠩ ᠵᠡᠷᠭᠡ ᠲᠡᠷᠢᠭᠦᠨ ᠤ ᠬᠢᠨᠠᠨ ᠬᠡᠮᠵᠢᠬᠦ ᠠᠷᠭ᠎ᠠ ᠪᠠᠷᠢᠯ ᠢ | ᠭᠦᠢᠴᠡᠳ ᠬᠡᠷᠡᠭᠯᠡᠨ᠂ ᠲᠣᠥᠷᠵᠢᠭᠤᠯᠤᠭᠰᠠᠨ ᠪᠠᠶᠢᠴᠠᠭᠠᠯᠲᠠ ᠶᠢᠨ ᠲᠠᠪᠴᠠᠩ ᠢ ᠪᠠᠶᠢᠭᠤᠯᠤᠨ᠎ᠠ᠃ ᠨᠠᠷᠠᠰᠤᠨ ᠮᠣᠳᠣᠨ ᠤ | ᠤᠲᠠᠰᠤᠯᠢᠭ ᠬᠤᠷᠣᠬᠠᠢ ᠶᠢᠨ ᠡᠪᠡᠳᠴᠢᠨ ᠢ ᠬᠢᠨᠠᠨ ᠬᠡᠮᠵᠢᠵᠦ ᠰᠡᠷᠭᠡᠶᠢᠯᠡᠨ ᠡᠵᠡᠮᠳᠡᠬᠦ ᠪᠠ ᠰᠡᠷᠭᠡᠶᠢᠯᠡᠨ ᠵᠠᠰᠠᠬᠤ | ᠮᠡᠷᠭᠡᠵᠢᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ ᠃ | ︵ ᠭᠤᠷᠪᠠ ︶ ᠪᠡᠯᠡ ᠮᠥᠩᠭᠦ ᠶᠢᠨ ᠣᠷᠣᠭᠤᠯᠤᠯᠲᠠ ᠶᠢ ᠨᠡᠮᠡᠭᠳᠡᠭᠦᠯᠦᠨ᠎ᠡ᠃ ᠰᠢᠶᠠᠨ ᠤ ᠣᠶ ᠰᠢᠭᠤᠢ ᠡᠪᠡᠰᠦ | ᠪᠡᠯᠴᠢᠭᠡᠷ ᠤᠨ ᠲᠣᠪᠴᠢᠶ᠎ᠠ ᠲᠦᠷᠦᠭᠦᠯᠡᠨ ᠣᠨ ᠤ ᠬᠠᠪᠤᠷ ᠨᠠᠮᠤᠷ ᠤᠨ ᠤᠯᠠᠷᠢᠯ ᠤᠨ ᠨᠡᠶᠢᠳᠡᠮ ᠪᠠᠶᠢᠴᠠᠭᠠᠯᠲᠠ ᠶᠢᠨ | ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠪᠥᠬᠦ ᠰᠢᠶᠠᠨ ᠤ ᠨᠠᠷᠠᠰᠤᠨ ᠣᠶ ᠶᠢᠨ ᠲᠠᠯᠠᠪᠠᠶ ᠶᠢ ᠨᠠᠷᠢᠨ ᠬᠢᠨᠠᠮᠠᠭᠠᠢ | ᠬᠢᠨᠠᠨ ᠪᠠᠶᠢᠴᠠᠭᠠᠬᠤ ᠶᠢᠨ ᠬᠠᠮᠲᠤ ᠰᠡᠷᠭᠡᠶᠢᠯᠡᠨ ᠵᠠᠰᠠᠬᠤ ᠬᠠᠷᠠᠯᠲᠠ ᠶᠢᠨ ᠡᠭᠦᠷᠭᠡ ᠶᠢ ᠲᠣᠭᠲᠠᠭᠠᠵᠤ᠂ ᠣᠨ ᠤ | ᠰᠡᠷᠭᠡᠶᠢᠯᠡᠨ ᠵᠠᠰᠠᠬᠤ ᠵᠠᠷᠤᠳᠠᠯ ᠤᠨ ᠲᠥᠰᠥᠪ ᠢ ᠲᠣᠭᠲᠠᠭᠠᠨ᠂ ᠰᠡᠷᠭᠡᠶᠢᠯᠡᠨ ᠵᠠᠰᠠᠬᠤ ᠡᠭᠦᠷᠭᠡ ᠶᠢᠨ ᠶᠣᠰᠣᠭᠠᠷ | ᠨᠡᠶᠢᠳᠡᠮ ᠪᠠᠶᠢᠴᠠᠭᠠᠯᠲᠠ ᠶᠢᠨ ᠪᠡᠯᠡ ᠮᠥᠩᠭᠦ ᠶᠢ ᠰᠠᠯᠭᠠᠨ ᠥᠭᠴᠦ᠂ ᠵᠠᠷᠤᠳᠠᠯ ᠢ ᠭᠦᠢᠴᠡᠳ ᠲᠤᠭ᠎ᠠ ᠪᠠᠷ ᠴᠠᠭ | ᠲᠤᠬᠠᠢ ᠳᠤᠨᠢ ᠰᠠᠯᠭᠠᠨ ᠥᠭᠬᠦ ᠶᠢ ᠦᠨᠡᠨᠬᠦ ᠪᠠᠲᠤᠯᠠᠬᠤ ᠬᠡᠷᠡᠭᠲᠡᠢ᠃ ᠡᠭᠦᠨ ᠤ ᠬᠠᠮᠲᠤ ᠳᠡᠭᠡᠳᠦ ᠱᠠᠲᠤᠨ ᠤ | ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠠᠴᠠ ᠲᠦᠷᠦᠯ ᠵᠦᠢᠯ ᠤᠨ ᠪᠡᠯᠡ ᠮᠥᠩᠭᠦ ᠪᠣᠯᠣᠨ ᠲᠦᠷᠦ ᠶᠢᠨ | ᠪᠣᠳᠣᠯᠭ᠎ᠠ ᠶᠢᠨ ᠳᠡᠮᠵᠢᠯᠭᠡ ᠶᠢ ᠣᠯᠬᠤ ᠪᠠᠷ ᠢᠳᠡᠪᠬᠢᠲᠡᠢ ᠴᠢᠷᠮᠠᠶᠢᠵᠤ ᠂ ᠮᠠᠨ ᠤ ᠰᠢᠶᠠᠨ ᠤ ᠨᠠᠷᠠᠰᠤᠨ ᠮᠣᠳᠣᠨ ᠤ | ᠤᠲᠠᠰᠤᠯᠢᠭ ᠬᠤᠷᠣᠬᠠᠢ ᠶᠢᠨ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠪᠦᠬᠦ ᠲᠠᠯ᠎ᠠ ᠪᠠᠷ ᠴᠢᠩᠭᠠᠳᠬᠠᠬᠤ | ᠬᠡᠷᠡᠭᠲᠡᠢ ᠃ | ︵ ᠳᠦᠷᠪᠡ ︶ ᠲᠣᠬᠢᠷᠠᠭᠤᠯᠤᠯᠲᠠ ᠶᠢ ᠴᠢᠩᠭᠠᠳᠬᠠᠨ ᠠᠬᠢᠭᠤᠯᠤᠨ᠎ᠠ᠃ ᠨᠠᠷᠠᠰᠤᠨ ᠮᠣᠳᠣᠨ ᠤ ᠤᠲᠠᠰᠤᠯᠢᠭ | ᠬᠤᠷᠣᠬᠠᠢ ᠶᠢᠨ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠳᠤ ᠵᠢᠷᠤᠮᠵᠢᠭᠤᠯᠤᠭᠰᠠᠨ ᠬᠠᠮᠢᠶᠠᠷᠤᠯᠲᠠ ᠶᠢ | ᠬᠡᠷᠡᠭᠵᠢᠭᠦᠯᠵᠦ᠂ ᠨᠡᠶᠢᠳᠡᠮ ᠪᠠᠶᠢᠴᠠᠭᠠᠯᠲᠠ᠂ ᠰᠡᠷᠭᠡᠶᠢᠯᠡᠨ ᠵᠠᠰᠠᠬᠤ ᠠᠬᠢᠴᠠ ᠶᠢ ᠴᠠᠭ ᠲᠤᠬᠠᠢ ᠳᠤᠨᠢ ᠡᠵᠡᠮᠰᠢᠬᠦ ᠶᠢᠨ | ᠲᠥᠯᠥᠭᠡ᠂ ᠤᠳᠤᠷᠢᠳᠬᠤ ᠳᠤᠭᠤᠶᠢᠯᠠᠩ ᠠᠴᠠ ᠪᠦᠬᠦ ᠰᠢᠶᠠᠨ ᠤ ᠨᠡᠶᠢᠳᠡᠮ ᠪᠠᠶᠢᠴᠠᠭᠠᠯᠲᠠ ᠶᠢᠨ ᠠᠵᠢᠯ ᠳᠤ | ᠨᠢᠭᠡᠳᠦᠭᠡᠷ ᠤᠯᠠᠷᠢᠯ ᠳᠤ ᠨᠢᠭᠡ ᠤᠳᠠᠭ᠎ᠠ ᠲᠣᠬᠢᠷᠠᠭᠤᠯᠤᠯᠲᠠ ᠬᠢᠵᠦ ᠂ ᠡᠯ᠎ᠡ ᠰᠢᠶᠠᠩ ᠪᠠᠯᠭᠠᠰᠤᠨ ᠤ ᠰᠢᠨᠵᠢᠯᠡᠬᠦ | ᠤᠬᠠᠭᠠᠨ ᠮᠡᠷᠭᠡᠵᠢᠯ ᠤᠨ ᠠᠵᠢᠯᠲᠠᠳ ᠡᠯ᠎ᠡ ᠰᠢᠶᠠᠩ ᠪᠠᠯᠭᠠᠰᠤᠨ ᠤ ᠨᠡᠶᠢᠳᠡᠮ ᠪᠠᠶᠢᠴᠠᠭᠠᠯᠲᠠ ᠶᠢᠨ ᠤᠷᠢᠳᠴᠢᠯᠠᠨ | ᠰᠡᠷᠭᠡᠶᠢᠯᠡᠬᠦ ᠠᠵᠢᠯ ᠳᠤ ᠰᠠᠷ᠎ᠠ ᠳᠤ ᠨᠢᠭᠡ ᠤᠳᠠᠭ᠎ᠠ ᠲᠣᠬᠢᠷᠠᠭᠤᠯᠤᠯᠲᠠ ᠬᠢᠵᠦ ᠂ ᠲᠣᠭᠲᠠᠭᠰᠠᠨ ᠬᠤᠭᠤᠴᠠᠭ᠎ᠠ ᠲᠠᠢ ᠪᠠᠷ | ᠬᠠᠷᠢᠭᠤ ᠮᠡᠳᠡᠭᠦᠯᠦᠯᠲᠡ ᠶᠢᠨ ᠬᠤᠷᠠᠯ ᠬᠤᠷᠠᠯᠳᠤᠭᠤᠯᠵᠤ ᠂ ᠲᠤᠷᠰᠢᠯᠭ᠎ᠠ ᠪᠠᠨ ᠰᠣᠯᠢᠯᠴᠠᠵᠤ ᠂ ᠪᠠᠶᠢᠳᠠᠯ ᠢᠶᠠᠨ | ᠨᠡᠪᠲᠡᠷᠡᠯᠴᠡᠵᠦ ᠂ ᠣᠨᠴᠠᠭᠠᠶᠢᠯᠠᠨ ᠬᠥᠷᠰᠢ ᠵᠡᠷᠭᠡᠯᠡᠳᠡᠭᠡ ᠭᠠᠵᠠᠷ ᠣᠷᠣᠨ ᠤ ᠨᠡᠶᠢᠳᠡᠮ ᠪᠠᠶᠢᠴᠠᠭᠠᠯᠲᠠ ᠶᠢᠨ | ᠤᠷᠢᠳᠴᠢᠯᠠᠨ ᠰᠡᠷᠭᠡᠶᠢᠯᠡᠬᠦ ᠠᠵᠢᠯ ᠳᠤ ᠣᠷᠣᠰᠢᠵᠤ ᠪᠠᠶᠢᠭ᠎ᠠ ᠠᠰᠠᠭᠤᠳᠠᠯ ᠢ ᠰᠣᠯᠢᠯᠴᠠᠵᠤ ᠂ ᠰᠢᠢᠳᠪᠦᠷᠢᠯᠡᠬᠦ | ᠠᠷᠭ᠎ᠠ ᠶᠢ ᠵᠥᠪᠳᠡᠯᠴᠡᠨ᠎ᠡ ᠃ | ︵ ᠲᠠᠪᠤ ︶ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠶᠢ ᠴᠢᠩᠭᠠᠳᠬᠠᠨ᠎ᠠ᠃ ᠡᠯ᠎ᠡ ᠰᠢᠶᠠᠩ ᠪᠠᠯᠭᠠᠰᠤ ᠨᠢ ᠲᠣᠰᠬᠤᠨ | ᠪᠣᠯᠭᠠᠨ ᠳᠤ ᠨᠡᠪᠲᠡᠷᠡᠬᠦ᠂ ᠲᠣᠮᠣ ᠪᠦᠷᠢᠶ᠎ᠡ ᠵᠡᠷᠭᠡ ᠵᠠᠭᠤᠴᠢᠯᠠᠭᠤᠷ ᠪᠠ ᠤᠬᠠᠭᠤᠯᠭ᠎ᠠ ᠶᠢᠨ ᠫᠠᠶᠢᠰᠠ᠂ ᠰᠡᠷᠡᠮᠵᠢᠯᠡᠭᠦᠯᠬᠦ | ᠫᠠᠶᠢᠰᠠ᠂ ᠬᠠᠷᠢᠭᠤᠴᠠᠯᠭ᠎ᠠ ᠶᠢᠨ ᠫᠠᠶᠢᠰᠠ᠂ ᠤᠬᠠᠭᠤᠯᠭ᠎ᠠ ᠶᠢᠨ ᠤᠷᠢᠶ᠎ᠠ ᠵᠡᠷᠭᠡ ᠬᠡᠯᠪᠡᠷᠢ ᠶᠢ ᠭᠦᠢᠴᠡᠳ ᠠᠰᠢᠭᠯᠠᠵᠤ᠂ | ᠪᠥᠬᠦ ᠰᠢᠶᠠᠨ ᠤ ᠬᠡᠪᠴᠢᠶᠡᠨ ᠳᠤ ᠨᠠᠷᠠᠰᠤᠨ ᠮᠣᠳᠣᠨ ᠤ ᠤᠲᠠᠰᠤᠯᠢᠭ ᠬᠤᠷᠣᠬᠠᠢ ᠶᠢᠨ ᠡᠪᠡᠳᠴᠢᠨ ᠢ ᠰᠡᠷᠭᠡᠶᠢᠯᠡᠨ | ᠡᠵᠡᠮᠳᠡᠬᠦ ᠠᠴᠢ ᠬᠤᠯᠪᠣᠭᠳᠠᠯ ᠪᠠ ᠠᠷᠭ᠎ᠠ ᠬᠡᠮᠵᠢᠶ᠎ᠡ ᠶᠢ ᠥᠷᠭᠡᠨ ᠢᠶᠠᠷ ᠤᠬᠠᠭᠤᠯᠵᠤ᠂ ᠠᠷᠠᠳ ᠣᠯᠠᠨ ᠤ | ᠤᠷᠢᠳᠴᠢᠯᠠᠨ ᠰᠡᠷᠭᠡᠶᠢᠯᠡᠬᠦ ᠠᠵᠢᠯ ᠤᠨ ᠲᠤᠬᠠᠢ ᠣᠶᠢᠯᠠᠭᠠᠯᠲᠠ ᠪᠠ ᠳᠡᠮᠵᠢᠯᠭᠡ ᠶᠢ ᠣᠯᠬᠤ ᠪᠠᠷ ᠴᠢᠷᠮᠠᠶᠢᠵᠤ᠂ | ᠨᠡᠶᠢᠭᠡᠮ ᠤᠨ ᠬᠦᠴᠦᠨ ᠢ ᠭᠦᠢᠴᠡᠳ ᠳᠠᠶᠢᠴᠢᠯᠠᠨ ᠨᠠᠷᠠᠰᠤᠨ ᠮᠣᠳᠣᠨ ᠤ ᠤᠲᠠᠰᠤᠯᠢᠭ ᠬᠤᠷᠣᠬᠠᠢ ᠶᠢᠨ ᠡᠪᠡᠳᠴᠢᠨ ᠢ | ᠰᠡᠷᠭᠡᠶᠢᠯᠡᠨ ᠡᠵᠡᠮᠳᠡᠬᠦ ᠠᠵᠢᠯ ᠳᠤ ᠢᠳᠡᠪᠬᠢᠲᠡᠢ ᠣᠷᠣᠯᠴᠠᠭᠤᠯᠵᠤ᠂ ᠪᠣᠭᠤᠮᠲᠠ ᠰᠢᠪᠲᠤᠯᠬᠤ ᠠᠵᠢᠯᠯᠠᠭ᠎ᠠ ᠳᠤ ᠶᠠᠷᠢᠶ᠎ᠠ | ᠬᠡᠯᠡᠯᠴᠡᠭᠡᠨ ᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ᠃ | ︵ ᠵᠢᠷᠭᠤᠭ᠎ᠠ ︶ ᠵᠢᠭᠠᠨ ᠵᠢᠯᠤᠭᠤᠳᠴᠤ ᠰᠢᠯᠭᠠᠨ ᠬᠢᠨᠠᠬᠤ ᠶᠢ ᠴᠢᠩᠭᠠᠳᠬᠠᠨ᠎ᠠ᠃ ᠪᠣᠭᠤᠮᠲᠠ ᠰᠢᠪᠲᠤᠯᠬᠤ | ᠠᠵᠢᠯᠯᠠᠭ᠎ᠠ ᠶᠢ ᠬᠡᠷᠡᠭᠵᠢᠭᠦᠯᠬᠦ ᠬᠤᠭᠤᠴᠠᠭᠠᠨ ᠳᠤ᠂ ᠤᠳᠤᠷᠢᠳᠬᠤ ᠳᠤᠭᠤᠶᠢᠯᠠᠩ ᠤᠨ ᠠᠯᠪᠠᠨ ᠭᠡᠷ ᠨᠢ ᠡᠯ᠎ᠡ | ᠨᠢᠭᠡᠴᠡ ᠶᠢᠨ ᠰᠡᠷᠭᠡᠶᠢᠯᠡᠨ ᠡᠵᠡᠮᠳᠡᠬᠦ ᠠᠵᠢᠯ ᠢ ᠵᠢᠯᠣᠭᠤᠳᠤᠨ ᠪᠠᠶᠢᠴᠠᠭᠠᠬᠤ ᠪᠠ ᠨᠡᠪᠲᠡᠷᠡᠭᠦᠯᠬᠦ ᠶᠢᠨ ᠬᠠᠮᠲᠤ᠂ ᠣᠨ ᠤ | ᠶᠣᠰᠣᠭᠠᠷ ᠰᠡᠷᠭᠡᠶᠢᠯᠡᠨ ᠵᠠᠰᠠᠬᠤ ᠡᠭᠦᠷᠭᠡ᠂ ᠡᠯ᠎ᠡ ᠨᠢᠭᠡᠴᠡ ᠶᠢᠨ ᠣᠨ ᠤ ᠰᠡᠷᠭᠡᠶᠢᠯᠡᠨ ᠡᠵᠡᠮᠳᠡᠬᠦ ᠠᠵᠢᠯ ᠢ ᠪᠥᠬᠦ | ᠲᠠᠯ᠎ᠠ ᠪᠠᠷ ᠰᠢᠯᠭᠠᠨ ᠬᠢᠨᠠᠵᠤ ᠦᠨᠡᠯᠡᠬᠦ ᠬᠡᠷᠡᠭᠲᠡᠢ᠃ | ︵ ᠳᠣᠯᠤᠭ᠎ᠠ ︶ ᠬᠠᠷᠢᠭᠤᠴᠠᠯᠭ᠎ᠠ ᠨᠡᠬᠡᠮᠵᠢᠯᠡᠬᠦ ᠬᠠᠷᠢᠭᠤᠴᠠᠯᠭ᠎ᠠ ᠶᠢᠨ ᠳᠦᠷᠢᠮ ᠢ ᠴᠢᠩᠳᠠᠯᠠᠨ᠎ᠠ᠃ ᠪᠣᠭᠤᠮᠲᠠ | ᠰᠢᠪᠲᠤᠯᠬᠤ ᠠᠵᠢᠯᠯᠠᠭ᠎ᠠ ᠶᠢᠨ ᠳᠤᠮᠳᠠ ᠺᠠᠳ᠋ᠷᠴᠤᠳ ᠤᠨ ᠠᠵᠢᠯ ᠥᠯᠥ ᠬᠢᠬᠦ᠂ ᠠᠵᠢᠯ ᠤᠳᠠᠭᠠᠨ ᠬᠢᠬᠦ᠂ ᠳᠤᠷ᠎ᠠ | ᠲᠠᠪᠠ ᠪᠠᠷ ᠢᠶᠠᠨ ᠬᠢᠬᠦ᠂ ᠲᠤᠰᠢᠶᠠᠯ ᠳᠠᠭᠠᠨ ᠣᠰᠣᠯᠳᠠᠬᠤ᠂ ᠬᠠᠷᠢᠭᠤᠴᠠᠯᠭ᠎ᠠ ᠠᠯᠳᠠᠭᠰᠠᠳ ᠢ ᠰᠢᠶᠠᠨ ᠤ ᠰᠠᠬᠢᠯᠭ᠎ᠠ | ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠣᠷᠣᠯᠴᠠᠵᠤ᠂ ᠬᠠᠤᠯᠢ ᠲᠣᠭᠲᠠᠭᠠᠯ ᠶᠣᠰᠣᠭᠠᠷ ᠴᠢᠩᠭ᠎ᠠ | ᠰᠢᠢᠳᠪᠦᠷᠢᠯᠡᠨ᠎ᠡ᠃ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠣᠳᠣᠨᠭᠡᠷᠡᠯ | ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ | | | | | |