| ᠣᠨᠣᠰᠢᠯᠠᠨ ᠡᠮᠨᠡᠬᠦ ᠦᠢᠯᠡᠴᠢᠯᠡᠭᠡ ᠶᠢ ᠲᠤᠰᠬᠠᠢ ᠮᠡᠷᠭᠡᠵᠢᠯᠵᠢᠭᠦᠯᠬᠦ ᠶᠢ ᠲᠦᠯᠬᠢᠨ ᠠᠬᠢᠭᠤᠯᠵᠤ᠂ ᠬᠠᠯᠳᠠᠪᠤᠷᠢᠲᠤ | ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠵᠦ᠂ ᠠᠷᠠᠳ ᠣᠯᠠᠨ ᠳᠤ ᠨᠠᠩ ᠰᠠᠶᠢᠨ ᠲᠤᠰᠬᠠᠢ | ᠡᠮᠴᠢᠯᠡᠭᠡᠨ ᠤ ᠦᠢᠯᠡᠴᠢᠯᠡᠭᠡ ᠬᠠᠩᠭᠠᠵᠤ᠂ ᠠᠷᠠᠳ ᠣᠯᠠᠨ ᠤ ᠡᠷᠡᠭᠦᠯ ᠮᠡᠨᠳᠦ ᠶᠢᠨ ᠰᠠᠶᠢᠨ ᠬᠠᠮᠠᠭᠠᠯᠠᠭᠴᠢ ᠪᠣᠯᠤᠶ᠎ᠠ | — ᠬᠤᠸᠠᠳᠧ ᠰᠢᠶᠠᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠳᠠᠷᠤᠭ᠎ᠠ ᠯᠢ ᠶᠢᠦ | | | | | ᠰᠤᠷᠪᠤᠯᠵᠢᠯᠠᠭᠴᠢ ᠄ ᠰᠢᠶᠠᠨ ᠤ ᠠᠷᠠᠳ ᠤᠨ ᠡᠮᠨᠡᠯᠭᠡ ᠶᠢᠨ ᠬᠤᠷᠢᠶ᠎ᠠ ᠪᠣᠯ ᠮᠠᠨ ᠤ ᠰᠢᠶᠠᠨ ᠤ ᠴᠤᠷ ᠤᠨ ᠭᠠᠭᠴᠠ | ᠬᠤᠶᠠᠳᠤᠭᠠᠷ ᠳᠡᠰ ᠤᠨ ᠬᠥᠬᠡ ᠵᠡᠷᠭᠡ ᠤᠨ ᠶᠡᠷᠦᠩᠬᠡᠶᠢᠯᠡᠭᠰᠡᠨ ᠴᠢᠨᠠᠷᠲᠠᠢ ᠡᠮᠨᠡᠯᠭᠡ ᠶᠢᠨ ᠬᠤᠷᠢᠶ᠎ᠠ ᠪᠣᠯᠬᠤ ᠶᠢ | ᠤᠯᠠᠨ ᠢᠶᠠᠷ ᠢᠶᠠᠨ ᠪᠦᠷ ᠮᠡᠳᠡᠨ᠎ᠡ ᠂ ᠭᠡᠪᠡᠴᠦ ᠤᠯᠠᠨ ᠢᠶᠠᠷ ᠢᠶᠠᠨ ᠡᠮᠨᠡᠯᠭᠡ ᠶᠢᠨ ᠬᠤᠷᠢᠶ᠎ᠠ ᠶᠢᠨ ᠲᠤᠬᠠᠢ ᠪᠠᠰᠠ ᠮᠠᠰᠢ | ᠤᠯᠠᠨ ᠣᠶᠢᠯᠠᠭᠠᠬᠤ ᠦᠭᠡᠢ ᠭᠠᠵᠠᠷ ᠪᠠᠶᠢᠨ᠎ᠠ ᠂ ᠲᠠ ᠬᠤᠸᠠᠳᠧ ᠰᠢᠶᠠᠨ ᠤ ᠠᠷᠠᠳ ᠤᠨ ᠡᠮᠨᠡᠯᠭᠡ ᠶᠢᠨ ᠬᠤᠷᠢᠶ᠎ᠠ ᠶᠢᠨ | ᠪᠠᠶᠢᠳᠠᠯ ᠢ ᠲᠠᠨᠢᠯᠴᠠᠭᠤᠯᠵᠤ ᠂ ᠤᠯᠠᠨ ᠳᠤ ᠡᠮᠨᠡᠯᠭᠡ ᠶᠢᠨ ᠬᠤᠷᠢᠶ᠎ᠠ ᠶᠢ ᠢᠯᠡᠭᠦᠬᠡᠨ ᠣᠶᠢᠯᠠᠭᠠᠭᠤᠯᠤᠭᠠᠷᠠᠢ ᠃ | ᠯᠢ ᠶᠢᠦ ᠄ ᠬᠤᠸᠠᠳᠧ ᠰᠢᠶᠠᠨ ᠤ ᠠᠷᠠᠳ ᠤᠨ ᠡᠮᠨᠡᠯᠭᠡ ᠶᠢᠨ ᠬᠤᠷᠢᠶ᠎ᠠ ᠤᠤᠯ ᠨᠢ 1953 ᠣᠨ ᠳᠤ | ᠪᠠᠶᠢᠭᠤᠯᠤᠭᠰᠠᠨ ᠡᠮᠴᠢᠯᠡᠭᠡᠨ ᠤ ᠭᠠᠵᠠᠷ ᠪᠠᠶᠢᠵᠠᠢ᠂ 2006 ᠣᠨ ᠳᠤ ᠂ ᠰᠢᠶᠠᠨ ᠤ ᠨᠠᠮ ᠤᠨ ᠬᠤᠷᠢᠶ᠎ᠠ ᠵᠠᠰᠠᠭ ᠤᠨ | ᠣᠷᠳᠣᠨ ᠤ ᠬᠦᠴᠦᠲᠡᠢ ᠳᠡᠮᠵᠢᠯᠭᠡ ᠳᠣᠣᠷ᠎ᠠ ᠂ ᠬᠤᠸᠠᠳᠧ ᠰᠢᠶᠠᠨ ᠤ ᠠᠷᠠᠳ ᠤᠨ ᠡᠮᠨᠡᠯᠭᠡ ᠶᠢᠨ ᠬᠤᠷᠢᠶ᠎ᠠ ᠶᠢ | ᠣᠨᠳᠣᠣ ᠭᠠᠵᠠᠷ ᠲᠤ ᠨᠡᠭᠦᠯᠭᠡᠵᠦ᠂ ᠳᠠᠷᠠᠭ᠎ᠠ ᠨᠢ ᠣᠯᠠᠨ ᠤᠳᠠᠭ᠎ᠠ ᠥᠷᠭᠡᠳᠬᠡᠨ ᠪᠠᠶᠢᠭᠤᠯᠵᠤ ᠂ ᠣᠳᠣ ᠶᠢᠨ 5 | ᠲᠦᠮᠡᠨ ᠲᠡᠭᠰᠢ ᠳᠥᠷᠪᠡᠯᠵᠢᠨ ᠮᠧᠲᠷ ᠂ 3 ᠲᠦᠮᠡᠨ ᠲᠡᠭᠰᠢ ᠳᠥᠷᠪᠡᠯᠵᠢᠨ ᠮᠧᠲᠷ ᠤᠨ ᠲᠤᠬᠠᠶᠢᠯᠠᠭᠰᠠᠨ ᠠᠵᠢᠯ ᠳᠤ | ᠬᠡᠷᠡᠭᠯᠡᠬᠦ ᠭᠡᠷ ᠢ ᠠᠯᠬᠤᠮ ᠠᠯᠬᠤᠮ ᠢᠶᠠᠷ ᠪᠠᠶᠢᠭᠤᠯᠵᠤ ᠂ ᠣᠳᠣᠬᠠᠨ ᠳᠤ ᠡᠭᠦᠳᠡᠨ ᠡᠮᠨᠡᠯᠭᠡ ᠶᠢᠨ ᠶᠡᠷᠦᠩᠬᠡᠶᠢᠯᠡᠭᠰᠡᠨ | ᠠᠰᠠᠷ ᠂ ᠵᠠᠰᠠᠭ ᠵᠠᠬᠢᠷᠭᠠᠨ ᠤ ᠡᠮᠨᠡᠯᠭᠡ ᠶᠢᠨ ᠮᠡᠷᠭᠡᠵᠢᠯ ᠤᠨ ᠠᠰᠠᠷ ᠂ ᠡᠮᠨᠡᠯᠭᠡ ᠳᠤ ᠰᠠᠭᠤᠬᠤ ᠠᠰᠠᠷ ᠂ ᠪᠡᠶ᠎ᠡ ᠶᠢᠨ | ᠪᠠᠶᠢᠴᠠᠭᠠᠯᠲᠠ ᠶᠢᠨ ᠲᠥᠪ ᠂ ᠡᠷᠡᠭᠦᠯᠵᠢᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠠᠰᠠᠷ ᠂ ᠬᠡᠦᠬᠡᠳ ᠤᠨ | ᠰᠠᠯᠠᠭᠠᠨ ᠤ ᠶᠡᠷᠦᠩᠬᠡᠶᠢᠯᠡᠭᠰᠡᠨ ᠠᠰᠠᠷ ᠂ ᠬᠠᠯᠳᠠᠪᠤᠷᠢᠲᠤ ᠡᠪᠡᠳᠴᠢᠨ ᠤ ᠠᠰᠠᠷ ᠵᠡᠷᠭᠡ ᠶᠢ ᠪᠠᠶᠢᠭᠤᠯᠤᠭᠰᠠᠨ ᠪᠠᠶᠢᠨ᠎ᠠ ᠃ | 57 ᠰᠠᠯᠠᠭ᠎ᠠ ᠲᠠᠰᠤᠭ ᠭᠠᠷᠭᠠᠵᠤ᠂ 295 ᠣᠷᠣ ᠲᠠᠢ ᠃ ᠡᠮᠨᠡᠯᠭᠡ ᠶᠢᠨ ᠬᠤᠷᠢᠶᠠᠨ ᠳᠤ ᠣᠲᠣ 406 ᠠᠵᠢᠯᠲᠠᠨ | ︵ᠡᠭᠦᠨ ᠳᠤ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠲᠠᠢ 30᠂ ᠳᠤᠮᠳᠠ ᠵᠡᠷᠭᠡ ᠶᠢᠨ ᠮᠡᠷᠭᠡᠵᠢᠯ ᠤᠨ ᠴᠣᠯᠠ | ᠲᠠᠢ 34︶ ᠪᠣᠶ᠃ | ᠬᠤᠸᠠᠳᠧ ᠰᠢᠶᠠᠨ ᠤ ᠠᠷᠠᠳ ᠤᠨ ᠡᠮᠨᠡᠯᠭᠡ ᠶᠢᠨ ᠬᠤᠷᠢᠶ᠎ᠠ 60 ᠭᠠᠷᠤᠢ ᠵᠢᠯ᠂ ᠬᠡᠳᠦᠨ ᠦᠶ᠎ᠡ ᠶᠢᠨ ᠬᠥᠮᠥᠰ ᠤᠨ | ᠴᠢᠷᠮᠠᠶᠢᠯᠭ᠎ᠠ ᠪᠠᠷ ᠳᠡᠮᠵᠢᠨ᠂ ᠨᠢᠭᠡᠨᠲᠡ ᠡᠮᠴᠢᠯᠡᠭᠡᠨ ᠤ ᠠᠪᠤᠷᠠᠯᠳᠠ᠂ ᠰᠢᠨᠵᠢᠯᠡᠬᠦ ᠤᠬᠠᠭᠠᠨ ᠤ ᠰᠤᠳᠤᠯᠭᠠᠨ ᠵᠢᠭᠠᠨ | ᠰᠤᠷᠭᠠᠯᠲᠠ᠂ ᠤᠷᠢᠳᠴᠢᠯᠠᠨ ᠰᠡᠷᠭᠡᠶᠢᠯᠡᠬᠦ ᠡᠷᠡᠭᠦᠯᠵᠢᠯ᠂ ᠬᠢᠲᠠᠳ ᠡᠮᠨᠡᠯᠭᠡ ᠶᠢᠨ ᠡᠷᠡᠭᠦᠯᠵᠢᠯ ᠵᠢᠴᠢ ᠬᠠᠯᠳᠠᠪᠤᠷᠢᠲᠤ | ᠡᠪᠡᠳᠴᠢᠨ ᠢ ᠰᠡᠷᠭᠡᠶᠢᠯᠡᠨ ᠵᠠᠰᠠᠬᠤ ᠶᠢ ᠨᠢᠭᠡ ᠴᠣᠭᠴᠠᠵᠢᠭᠤᠯᠤᠭᠰᠠᠨ ᠬᠤᠶᠠᠳᠤᠭᠠᠷ ᠳᠡᠰ ᠤᠨ ᠬᠥᠬᠡ ᠵᠡᠷᠭᠡ ᠶᠢᠨ | ᠶᠡᠷᠦᠩᠬᠡᠶᠢᠯᠡᠭᠰᠡᠨ ᠴᠢᠨᠠᠷᠲᠠᠢ ᠣᠳᠣᠬᠢᠴᠢᠯᠠᠭᠰᠠᠨ ᠡᠮᠨᠡᠯᠭᠡ ᠶᠢᠨ ᠬᠤᠷᠢᠶ᠎ᠠ ᠪᠣᠯᠤᠭᠰᠠᠨ ᠪᠠᠶᠢᠨ᠎ᠠ᠃ ᠮᠠᠨ ᠤ | ᠬᠤᠷᠢᠶᠠᠨ ᠤ ᠡᠮᠴᠢ ᠰᠤᠪᠢᠯᠠᠭᠴᠢ ᠶᠢᠨ ᠲᠤᠬᠠᠶᠢᠯᠠᠭᠰᠠᠨ ᠠᠵᠢᠯ ᠤᠨ ᠴᠢᠳᠠᠪᠤᠷᠢ᠂ ᠮᠡᠷᠭᠡᠵᠢᠯ ᠤᠨ ᠲᠦᠪᠰᠢᠨ ᠪᠠ | ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠨᠢ ᠦᠢᠯᠡᠳᠦᠯᠭᠡ ᠶᠢᠨ ᠰᠢᠯᠭᠠᠯᠲᠠ ᠶᠢ ᠳᠠᠭᠠᠭᠠᠵᠤ ᠳᠡᠶᠢᠯᠦᠨ᠎ᠡ᠃ | | ᠰᠤᠷᠪᠤᠯᠵᠢᠯᠠᠭᠴᠢ᠄ ᠲᠠ ᠣᠳᠣᠬᠠᠨ ᠤ ᠡᠮᠨᠡᠯᠭᠡ ᠶᠢᠨ ᠬᠤᠷᠢᠶᠠᠨ ᠤ ᠬᠥᠭᠵᠢᠯᠲᠡ ᠶᠢᠨ ᠭᠤᠣᠯ ᠴᠢᠭᠯᠡᠯ ᠢ | ᠳᠥᠭᠦᠮᠬᠡᠨ ᠶᠠᠷᠢᠭᠠᠳ ᠥᠭᠭᠦᠨ᠎ᠡ ᠦᠦ︖ ᠶᠠᠮᠠᠷ ᠶᠠᠮᠠᠷ ᠲᠤᠰᠬᠠᠢ ᠮᠡᠷᠭᠡᠵᠢᠯ ᠤᠨ ᠠᠩᠭᠢ ᠶᠢ ᠭᠦᠭᠵᠢᠭᠦᠯᠵᠦ ᠪᠠᠶᠢᠨ | ᠪᠤᠢ ︖ ᠶᠠᠮᠠᠷ ᠶᠠᠮᠠᠷ ᠲᠡᠷᠢᠭᠦᠨ ᠤ ᠡᠮ ᠡᠮᠨᠡᠯᠭᠡ ᠶᠢᠨ ᠲᠥᠬᠦᠭᠡᠷᠦᠮᠵᠢ ᠲᠠᠢ ᠪᠤᠢ ︖ | ᠯᠢ ᠶᠢᠦ᠄ ᠡᠮᠨᠡᠯᠭᠡ ᠶᠢᠨ ᠬᠤᠷᠢᠶ᠎ᠠ 2019 ᠣᠨ ᠠᠴᠠ ᠡᠬᠢᠯᠡᠨ ᠲᠠᠪᠤᠨ ᠶᠡᠭᠡ ᠲᠥᠪ ᠤᠨ ᠪᠦᠲᠦᠭᠡᠨ | ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠣᠳᠣᠬᠠᠨ ᠳᠤ ᠴᠡᠭᠡᠵᠢ ᠡᠪᠡᠳᠬᠦ ᠲᠥᠪ ᠨᠢ | ᠮᠤᠵᠢ ᠶᠢᠨ ᠱᠠᠲᠤᠨ ᠤ ᠬᠠᠮᠲᠤᠷᠠᠭᠰᠠᠨ ᠪᠠᠶᠢᠴᠠᠭᠠᠯᠲᠠ ᠳᠤ ᠲᠡᠩᠴᠡᠵᠦ᠂ ᠲᠠᠷᠢᠬᠢᠨ ᠰᠤᠳᠠᠯ ᠤᠨ ᠲᠦᠭᠵᠢᠷᠡᠯ ᠢ | ᠡᠮᠴᠢᠯᠡᠬᠦ ᠲᠥᠪ᠂ ᠨᠢᠷᠠᠢ ᠬᠡᠦᠬᠡᠳ ᠤᠨ ᠲᠦᠷᠭᠡᠨ ᠠᠪᠤᠷᠠᠯᠳᠠ ᠶᠢᠨ ᠲᠥᠪ᠂ ᠬᠦᠨᠳᠦ ᠲᠦᠭᠰᠢᠭᠦᠷᠢᠲᠡᠢ ᠵᠢᠷᠮᠦᠰᠦᠨ | ᠡᠮᠡᠭᠲᠡᠢ ᠬᠥᠩᠭᠡᠵᠢᠭᠰᠡᠨ ᠡᠮᠡᠭᠲᠡᠢ ᠶᠢᠨ ᠲᠦᠷᠭᠡᠨ ᠠᠪᠤᠷᠠᠯᠳᠠ ᠶᠢᠨ ᠲᠥᠪ ᠨᠢ 2019 — 2020 ᠣᠨ ᠳᠤ | ᠵᠠᠯᠭᠠᠭ᠎ᠠ ᠪᠠᠷ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠵᠦ᠂ ᠣᠲᠣ ᠮᠥᠨ ᠬᠦ ᠦᠷᠭᠦᠯᠵᠢᠯᠡᠨ ᠭᠦᠭᠵᠢᠭᠦᠯᠵᠦ | ᠪᠠᠶᠢᠨ᠎ᠠ ᠂ ᠠᠮᠢᠰᠬᠤᠯ ᠪᠠ ᠬᠦᠨᠳᠦ ᠲᠦᠭᠰᠢᠭᠦᠷᠢᠲᠡᠢ ᠡᠪᠡᠳᠴᠢᠨ ᠤ ᠠᠨᠠᠭᠠᠬᠤ ᠤᠬᠠᠭᠠᠨ ᠤ ᠰᠠᠯᠠᠭ᠎ᠠ ︵PCCM︶ | ᠶᠢ ᠵᠢᠩᠬᠢᠨᠢ ᠪᠠᠷ ᠡᠬᠢᠯᠡᠭᠦᠯᠵᠦ᠂ 2022 ᠣᠨ ᠤ ᠡᠬᠢ ᠪᠠᠷ ᠰᠦᠯᠵᠢᠶᠡᠨ ᠳᠡᠭᠡᠷᠡᠬᠢ ᠭᠡᠷᠡᠴᠢᠯᠡᠯᠲᠡ ᠪᠠᠷ ᠳᠡᠮᠵᠢᠨ᠂ | ᠰᠢᠷᠬ᠎ᠠ ᠶᠢᠨ ᠲᠥᠪ ᠢ ᠡᠳᠦᠷ ᠲᠤᠲᠤᠮ ᠤᠨ ᠵᠥᠪᠯᠡᠬᠦ ᠵᠦᠢᠯ ᠳᠡᠭᠡᠨ ᠣᠷᠣᠭᠤᠯᠪᠠ︔ 2021 ᠣᠨ ᠤ 10 | ᠰᠠᠷ᠎ᠠ ᠳᠤ ᠴᠢᠭᠤᠯᠤᠯᠲᠤ ᠬᠠᠭᠠᠯᠭ᠎ᠠ ᠬᠤᠲᠠ ᠶᠢᠨ ᠬᠤᠰᠬᠢᠨᠠᠭ ᠭᠡᠳᠡᠰᠦᠨ ᠤ ᠡᠮᠨᠡᠯᠭᠡ ᠶᠢᠨ ᠬᠤᠷᠢᠶ᠎ᠠ — ᠬᠤᠸᠠᠳᠧ | ᠰᠢᠶᠠᠨ ᠤ ᠡᠮᠨᠡᠯᠭᠡ ᠶᠢᠨ ᠬᠤᠷᠢᠶᠠᠨ ᠤ ᠬᠤᠰᠬᠢᠨᠠᠭ ᠭᠡᠳᠡᠰᠦᠨ ᠤ ᠡᠪᠡᠳᠴᠢᠨ ᠢ ᠡᠮᠨᠡᠨ ᠵᠠᠰᠠᠬᠤ ᠲᠥᠪ ᠢ ᠪᠠᠶᠢᠭᠤᠯᠪᠠ︔ | ᠡᠭᠦᠨ ᠤ ᠬᠠᠮᠲᠤ ᠡᠮᠨᠡᠯᠭᠡ ᠶᠢᠨ ᠠᠵᠢᠯ᠂ ᠰᠤᠪᠢᠯᠠᠯᠲᠠ᠂ ᠡᠮ ᠤᠨ ᠪᠠᠭᠠᠵᠢ᠂ ᠰᠡᠷᠡᠯ ᠤᠨ ᠡᠵᠡᠮᠳᠡᠯ᠂ ᠠᠵᠤ ᠠᠬᠤᠢ᠂ | ᠶᠡᠷᠦᠩᠬᠡᠶᠢᠯᠡᠭᠰᠡᠨ ᠬᠠᠮᠢᠶᠠᠷᠤᠯᠲᠠ ᠵᠡᠷᠭᠡ ᠵᠢᠷᠭᠤᠭᠠᠨ ᠶᠡᠭᠡ ᠶᠠᠰᠤ ᠴᠢᠨᠠᠷ ᠤᠨ ᠡᠵᠡᠮᠳᠡᠯ ᠤᠨ ᠰᠢᠰᠲ᠋ᠧᠮ ᠢ | ᠪᠠᠶᠢᠭᠤᠯᠵᠤ᠂ ᠡᠮᠨᠡᠯᠭᠡ ᠶᠢᠨ ᠬᠤᠷᠢᠶᠠᠨ ᠤ ᠡᠷᠡᠭᠦᠯ ᠢᠶᠠᠷ ᠬᠥᠭᠵᠢᠬᠦ ᠳᠤ ᠪᠠᠲᠤ ᠪᠠᠬᠢ ᠰᠠᠭᠤᠷᠢ ᠲᠠᠯᠪᠢᠵᠤ ᠥᠭᠭᠦᠭᠰᠡᠨ | ᠪᠠᠶᠢᠨ᠎ᠠ᠃ | ᠡᠮᠨᠡᠯᠭᠡ ᠶᠢᠨ ᠬᠤᠷᠢᠶ᠎ᠠ ᠤᠷᠢᠳ ᠬᠤᠵᠢᠳ ᠵᠠᠭᠤ ᠭᠠᠷᠤᠢ ᠲᠡᠷᠢᠭᠦᠨ ᠤ ᠣᠨᠣᠰᠢᠯᠠᠨ ᠡᠮᠨᠡᠬᠦ ᠪᠠ ᠪᠠᠶᠢᠴᠠᠭᠠᠬᠤ | ᠲᠥᠬᠦᠭᠡᠷᠦᠮᠵᠢ ᠶᠢ ᠣᠷᠣᠭᠤᠯᠤᠨ ᠠᠪᠴᠢᠷᠠᠵᠤ᠂ ᠡᠭᠦᠨ ᠳᠤ ᠄ ᠰᠢᠨ ᠭᠤᠣ ᠶᠢ 1.5 T ᠬᠡᠳᠦ ᠳᠠᠮᠵᠢᠯᠭᠠᠨ | ᠰᠣᠷᠢᠨᠵᠢᠨ ᠳᠠᠷᠪᠢᠯᠲᠠ ᠶᠢᠨ ᠳᠦᠷᠰᠦ ᠪᠦᠲᠦᠭᠡᠬᠦ ᠰᠢᠰᠲ᠋ᠧᠮ᠂ ᠹᠢᠯᠢᠫ ᠤᠨ 64 ᠮᠥᠷ 128 ᠳᠠᠪᠬᠤᠷᠭ᠎ᠠ ᠶᠢᠨ | ᠡᠷᠭᠢᠭᠦᠯᠭᠡ CT᠂ ᠳ᠋ᠦᠩ ᡁᠢ ᠶᠢᠨ 16 ᠮᠥᠷ ᠡᠷᠭᠢᠭᠦᠯᠭᠡᠨ CT᠂ ᠠᠮᠧᠷᠢᠺᠠ ᠶᠢᠨ ᠷᠦᠢ ᠺᠧ ᠠᠮᠠᠨ | ᠬᠥᠨᠳᠡᠢ ᠶᠢᠨCT᠂ ᠹᠢᠯᠢᠫ ᠤᠨ ᠡᠮᠨᠡᠯᠭᠡ ᠳᠤ ᠬᠡᠷᠡᠭᠯᠡᠬᠦ ᠴᠢᠰᠤᠨ ᠰᠤᠳᠠᠯ ᠤᠨ ᠳᠦᠷᠰᠦ ᠪᠦᠲᠦᠭᠡᠬᠦ X ᠰᠠᠴᠤᠷᠠᠭ ᠤᠨ | ᠰᠢᠰᠲ᠋ᠧᠮ᠂ ᠹᠢᠯᠢᠫ ᠤᠨ ᠳᠤᠭᠠᠴᠠᠯᠠᠭᠰᠠᠨ X ᠰᠠᠴᠤᠷᠠᠭ ᠤᠨ ᠳᠦᠷᠰᠦ ᠪᠦᠲᠦᠭᠡᠬᠦ ᠰᠢᠰᠲ᠋ᠧᠮ (DR)᠂ ᠳ᠋ᠦᠩ | ᡁᠢ ᠶᠢᠨ ᠬᠤᠳᠣᠭᠤᠳᠤ ᠭᠡᠳᠡᠰᠦᠨ ᠤ ᠭᠡᠷᠡᠯ ᠵᠢᠷᠤᠭ ᠤᠨ ᠰᠢᠰᠲ᠋ᠧᠮ᠂ ᠹᠢᠯᠢᠫ ᠤᠨ ᠰᠢᠯᠵᠢᠮᠡᠯ C ᠬᠡᠯᠪᠡᠷᠢ ᠶᠢᠨ X | ᠰᠠᠴᠤᠷᠠᠭ ᠤᠨ ᠮᠠᠰᠢᠨ᠂ ᠳ᠋ᠢᠵᠢᠲ᠋ᠧᠯᠴᠢᠯᠡᠭᠰᠡᠨ ᠥᠨᠳᠥᠷ ᠳᠠᠪᠲᠠᠮᠵᠢ ᠶᠢᠨ ᠰᠢᠯᠵᠢᠮᠡᠯ ︽PLX5200︾ X | ᠰᠠᠴᠤᠷᠠᠭ ᠤᠨ ᠭᠡᠷᠡᠯ ᠵᠢᠷᠤᠭ ᠤᠨ ᠰᠢᠰᠲ᠋ᠧᠮ᠂ GE ᠶᠢᠨ ᠵᠢᠷᠦᠬᠡ ᠴᠢᠰᠤᠨ ᠰᠤᠳᠠᠯ ᠤᠨ ᠬᠡᠳᠦ ᠳᠡᠭᠡᠳᠦ ᠳᠡᠰ ᠤᠨ | ᠪᠤᠳᠤᠭᠲᠤ ᠬᠡᠲᠤ ᠳᠣᠯᠭᠢᠶᠠᠨ - E9᠂ GE ᠳᠡᠭᠡᠳᠦ ᠳᠡᠰ ᠤᠨ ᠪᠦᠬᠦ ᠪᠡᠶ᠎ᠡ ᠶᠢᠨ ᠪᠤᠳᠤᠭᠲᠤ ᠬᠡᠳᠦ ᠳᠣᠯᠭᠢᠶᠠᠨ ᠤ | LOGIQ-E9 ᠪᠤᠳᠤᠭᠲᠤ ᠬᠡᠳᠦ ᠳᠣᠯᠭᠢᠶᠠᠨ ᠤ ᠮᠠᠰᠢᠨ᠂ GE ᠣᠷᠣ ᠶᠢᠨ ᠬᠠᠵᠠᠭᠤ ᠳᠠᠬᠢ ᠪᠤᠳᠤᠭᠲᠤ ᠬᠡᠲᠤ | ᠳᠣᠯᠭᠢᠶᠠᠨV2᠂ ᠹᠢᠯᠢᠫ ᠤᠨ ᠪᠤᠳᠤᠭᠲᠤ ᠬᠡᠲᠤ ᠳᠣᠯᠭᠢᠶᠠᠨ᠂ ᠠ ᠯᠥᠸᠧ ᠺᠠ ᠶᠢᠨ ᠪᠤᠳᠤᠭᠲᠤ ᠬᠡᠲᠤ ᠳᠣᠯᠭᠢᠶᠠᠨ᠂ | ᠭᠧᠷᠮᠠᠨ ᠤ ︽STORZ︾ ᠬᠡᠪᠡᠯᠢ ᠶᠢᠨ ᠬᠥᠨᠳᠡᠢ ᠶᠢᠨ ᠳᠤᠷᠠᠨ᠂ ᠰᠢᠷᠬᠡᠭᠯᠢᠭ ᠰᠥᠰᠥᠨ ᠵᠠᠮ ᠤᠨ ᠳᠤᠷᠠᠨ᠂ | ᠣᠣ ᠯᠢᠨ ᠪᠠ ᠰᠾᠢ ᠬᠤᠳᠣᠭᠤᠳᠤ ᠭᠡᠳᠡᠰᠦᠨ ᠤ ᠳᠤᠷᠠᠨ᠂ ᠰᠠᠯᠪᠤᠷᠢ ᠮᠥᠭᠡᠷᠰᠦᠨ ᠬᠤᠭᠤᠯᠠᠢ ᠶᠢᠨ ᠳᠤᠷᠠᠨ᠂ ᠦᠶ᠎ᠡ | ᠭᠡᠰᠢᠭᠦᠨ ᠤ ᠳᠤᠷᠠᠨ᠂ ᠤᠮᠠᠢ ᠰᠠᠪᠠ ᠶᠢᠨ ᠳᠤᠷᠠᠨ᠂ ᠤᠷᠢᠳᠤ ᠪᠤᠯᠴᠢᠷᠬᠠᠢ ᠶᠢᠨ ᠴᠠᠬᠢᠯᠭᠠᠨ ᠬᠡᠷᠴᠢᠯᠲᠡ ᠶᠢᠨ | ᠳᠤᠷᠠᠨ᠂ ᠪᠧᠢ ᠺᠧ ᠮᠠᠨAU680᠂ AU480 ᠪᠦᠷᠢᠨ ᠠᠦ᠋ᠲ᠋ᠣ᠋ ᠠᠮᠢᠳᠤ ᠪᠣᠳᠠᠰ ᠤᠨ ᠬᠢᠮᠢ ᠶᠢᠨ ᠵᠠᠳᠠᠯᠤᠯᠲᠠ | ᠶᠢᠨ ᠬᠡᠮᠵᠢᠭᠦᠷᠯᠢᠭ/ᠴᠢᠰᠤᠨ ᠤ ᠴᠣᠭᠴᠠ ᠶᠢᠨ ᠵᠠᠳᠠᠯᠤᠯᠲᠠ ᠶᠢᠨ ᠬᠡᠮᠵᠢᠭᠦᠷᠯᠢᠭ/ᠭᠡᠷᠡᠯ ᠤᠨ ᠬᠡᠮᠵᠢᠭᠦᠷᠯᠢᠭ᠂ ᠭᠧᠷᠮᠠᠨ ᠤ | ᠷᠤᠰ ᠤᠨ ᠭᠡᠷᠡᠯ ᠤᠨ ᠬᠡᠮᠵᠢᠭᠦᠷᠯᠢᠭ᠂ ᠶᠠᠫᠤᠨ ᠤ ᠪᠦᠷᠢᠨ ᠠᠦ᠋ᠲ᠋ᠣ᠋ ᠴᠢᠰᠤᠨ ᠡᠭᠡᠳᠡᠯ ᠤᠨ ᠵᠠᠳᠠᠯᠤᠯᠲᠠ ᠶᠢᠨ | ᠬᠡᠮᠵᠢᠭᠦᠷᠯᠢᠭ᠂ ᠠᠲ᠋ᠣᠮ ᠤᠨ ᠰᠢᠩᠭᠡᠭᠡᠯᠲᠡ ᠶᠢᠨ ᠭᠡᠷᠡᠯ ᠵᠢᠭᠰᠠᠯ ᠤᠨ ᠬᠡᠮᠵᠢᠭᠦᠷᠯᠢᠭ᠂ ᠳᠡᠭᠡᠳᠦ ᠮᠥᠴᠢ ᠶᠢᠨ | ᠬᠦᠴᠦᠨ ᠤ ᠬᠠᠷᠢᠭᠤ ᠲᠤᠰᠬᠠᠯ ᠢ ᠦᠨᠡᠯᠡᠨ ᠵᠢᠱᠢᠬᠦ ᠪᠣᠯᠪᠠᠰᠤᠷᠠᠭᠤᠯᠬᠤ ᠰᠢᠰᠲ᠋ᠧᠮ᠂ ᠳᠣᠣᠷᠠᠳᠤ ᠮᠥᠴᠢ ᠶᠢ | ᠡᠷᠡᠭᠦᠯᠵᠢᠭᠦᠯᠬᠦ ᠪᠣᠯᠪᠠᠰᠤᠷᠠᠭᠤᠯᠬᠤ ᠮᠠᠰᠢᠨ ᠵᠡᠷᠭᠡ᠃ | ᠰᠤᠷᠪᠤᠯᠵᠢᠯᠠᠭᠴᠢ᠄ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠪᠣᠯᠤᠭᠰᠠᠨ ᠤ ᠬᠤᠪᠢ ᠳᠤ᠂ | ᠵᠣᠬᠢᠴᠠᠩᠭᠤᠢ ᠨᠡᠶᠢᠭᠡᠮ ᠤᠨ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ᠂ ᠲᠠ ᠮᠠᠨ ᠤ ᠡᠮᠨᠡᠯᠭᠡ ᠶᠢᠨ ᠬᠤᠷᠢᠶ᠎ᠠ ᠶᠢᠨ | ᠳᠠᠪᠠᠭᠤᠯᠢᠭ ᠪᠠ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠶᠢ ᠶᠠᠷᠢᠭᠠᠳ ᠥᠭᠭᠦᠨ᠎ᠡ ᠦᠦ ︖ | | ᠯᠢ ᠢᠦ᠄ ᠶᠠᠷᠢᠶᠠᠨ ᠦᠭᠡᠢ᠂ ᠬᠤᠸᠠᠳᠧ ᠰᠢᠶᠠᠨ ᠤ ᠠᠷᠠᠳ ᠤᠨ ᠡᠮᠨᠡᠯᠭᠡ ᠶᠢᠨ ᠬᠤᠷᠢᠶ᠎ᠠ ᠪᠣᠯ ᠥᠪᠥᠷ | ᠮᠣᠩᠭᠤᠯ ᠤᠨ ︵ᠶᠠᠰᠤᠨ ᠤ ᠰᠠᠯᠠᠭ᠎ᠠ︶ ᠡᠮᠨᠡᠯᠭᠡ ᠶᠢᠨ ᠬᠤᠷᠢᠶᠠᠨ ᠤ ᠬᠤᠯᠪᠣᠭᠠᠲᠤ ᠬᠡᠷᠡᠭ ᠡᠷᠬᠢᠯᠡᠭᠴᠢᠳ ᠤᠨ ᠨᠢᠭᠡᠴᠡ | ᠮᠥᠨ᠂ ᠤᠯᠤᠰ ᠤᠨ ᠵᠢᠷᠦᠬᠡ ᠴᠢᠰᠤᠨ ᠰᠤᠳᠠᠯ ᠤᠨ ᠡᠪᠡᠳᠴᠢᠨ ᠤ ᠲᠥᠪ ᠤᠨ ᠴᠢᠰᠤᠨ ᠳᠠᠷᠤᠯᠲᠠ ᠥᠨᠳᠥᠷ | ᠲᠤᠰᠬᠠᠢ ᠡᠪᠡᠳᠴᠢᠨ ᠤ ᠡᠮᠨᠡᠯᠭᠡ ᠶᠢᠨ ᠬᠤᠯᠪᠣᠭᠠᠲᠤ ᠴᠣᠭᠴᠠ ᠶᠢᠨ ᠬᠤᠸᠠᠳᠧ ᠰᠢᠶᠠᠨ ᠤ ᠬᠤᠪᠢᠶᠠᠷᠢ ᠲᠥᠪ ᠵᠡᠷᠭᠡ | ᠪᠣᠯᠣᠨ᠎ᠠ᠃ ᠪᠢᠳᠡ ᠪᠡᠭᠡᠵᠢᠩ ᠥᠪᠥᠷ ᠮᠣᠩᠭᠤᠯ ᠤᠨ ᠠᠵᠢᠯ ᠲᠦᠷᠦᠯ ᠤᠨ ᠰᠢᠰᠲ᠋ᠧᠮ ᠢᠶᠠᠷ ᠬᠠᠪᠰᠤᠷᠤᠨ ᠲᠡᠳᠬᠦᠬᠦ ᠂ | ᠥᠪᠡᠷᠲᠡᠭᠡᠨ ᠵᠠᠰᠠᠬᠤ ᠣᠷᠣᠨ ᠤ ᠠᠵᠢᠯ ᠲᠦᠷᠦᠯ ᠤᠨ ᠰᠢᠰᠲ᠋ᠧᠮ ᠢᠶᠠᠷ ᠲᠤᠰᠠᠯᠠᠬᠤ ᠵᠡᠷᠭᠡ ᠤᠯᠤᠰ ᠤᠨ | ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢ ᠭᠦᠢᠴᠡᠳ ᠠᠰᠢᠭᠯᠠᠵᠤ ᠂ ᠡᠮ ᠡᠮᠨᠡᠯᠭᠡ ᠶᠢᠨ ᠬᠤᠯᠪᠣᠭᠠᠲᠤ | ᠴᠣᠭᠴᠠ ᠶᠢᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ ᠂ ᠬᠤᠸᠠᠳᠧ ᠰᠢᠶᠠᠨ ᠤ ᠠᠷᠠᠳ ᠤᠨ | ᠡᠮᠨᠡᠯᠭᠡ ᠶᠢᠨ ᠬᠤᠷᠢᠶ᠎ᠠ ᠶᠢ ᠳᠤᠮᠳᠠᠳᠤ ᠤᠯᠤᠰ ᠤᠨ ᠠᠨᠠᠭᠠᠬᠤ ᠤᠬᠠᠭᠠᠨ ᠤ ᠰᠢᠨᠵᠢᠯᠡᠬᠦ ᠤᠬᠠᠭᠠᠨ ᠤ ᠬᠦᠷᠢᠶᠡᠯᠡᠩ ᠤᠨ | ᠬᠠᠪᠤᠳᠠᠷ ᠤᠨ ᠡᠮᠨᠡᠯᠭᠡ ᠶᠢᠨ ᠬᠤᠷᠢᠶ᠎ᠠ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠡᠮᠨᠡᠯᠭᠡ ᠶᠢᠨ ᠬᠤᠷᠢᠶ᠎ᠠ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠪᠤᠳᠠᠷ ᠤᠨ ᠡᠮᠨᠡᠯᠭᠡ ᠶᠢᠨ | ᠬᠤᠷᠢᠶ᠎ᠠ ᠂ ᠪᠡᠭᠡᠵᠢᠩ ᠬᠤᠳᠠ ᠶᠢᠨ ᠫᠦ᠋ ᠷᠧᠨ ᠡᠮᠨᠡᠯᠭᠡ ᠶᠢᠨ ᠬᠤᠷᠢᠶᠠᠨ ᠤ ᠬᠠᠪᠰᠤᠷᠤᠨ ᠬᠠᠮᠲᠤᠷᠤᠨ ᠠᠵᠢᠯᠯᠠᠬᠤ | ᠡᠮᠨᠡᠯᠭᠡ ᠶᠢᠨ ᠬᠤᠷᠢᠶ᠎ᠡ ᠪᠣᠯᠭᠠᠪᠡ᠃ ᠡᠭᠦᠨ ᠤ ᠬᠠᠮᠲᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠨᠢᠭᠡᠳᠦᠭᠡᠷ ᠬᠠᠷᠢᠶᠠᠲᠤ ᠡᠮᠨᠡᠯᠭᠡ ᠶᠢᠨ ᠬᠤᠷᠢᠶ᠎ᠠ᠂ ᠤᠯᠠᠭᠠᠨᠴᠠᠪ | ᠬᠤᠲᠠ ᠶᠢᠨ ᠲᠥᠪ ᠡᠮᠨᠡᠯᠭᠡ ᠶᠢᠨ ᠬᠤᠷᠢᠶ᠎ᠠ ᠵᠡᠷᠭᠡ ᠲᠠᠢ ᠬᠤᠯᠪᠤᠭᠠᠯᠠᠨ ᠬᠠᠮᠵᠢᠯᠴᠠᠬᠤ ᠡᠮᠨᠡᠯᠭᠡ ᠶᠢᠨ ᠬᠤᠷᠢᠶ᠎ᠠ | ᠪᠠᠶᠢᠭᠤᠯᠪᠠ︔ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠶᠢ ᠬᠠᠪᠰᠤᠷᠤᠨ ᠲᠡᠳᠬᠦᠬᠦ ᠠᠵᠢᠯ ᠢ | ᠢᠳᠡᠪᠬᠢᠲᠡᠢ ᠪᠠᠷ ᠥᠷᠨᠢᠭᠦᠯᠵᠦ ᠂ ᠡᠮᠨᠡᠯᠭᠡ ᠶᠢᠨ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠴᠢᠩᠭᠠᠳᠬᠠᠨ᠂ | ᠬᠤᠸᠠᠳᠧ ᠰᠢᠶᠠᠨ ᠤ ᠠᠷᠠᠳ ᠤᠨ ᠡᠮᠨᠡᠯᠭᠡ ᠶᠢᠨ ᠬᠤᠷᠢᠶ᠎ᠠ ᠶᠢ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ | ᠬᠤᠷᠢᠶ᠎ᠠ ᠬᠢᠭᠡᠳ ᠳᠡᠭᠡᠳᠦ ᠱᠠᠲᠤᠨ ᠤ ᠡᠮᠨᠡᠯᠭᠡ ᠶᠢᠨ ᠬᠤᠷᠢᠶ᠎ᠠ ᠶᠢ ᠬᠤᠯᠪᠣᠬᠤ ᠭᠤᠣᠯ ᠵᠠᠩᠭᠢᠯᠠᠭ᠎ᠠ ᠪᠣᠯᠭᠠᠪᠡ᠃ | ᠡᠮᠨᠡᠯᠭᠡ ᠶᠢᠨ ᠬᠤᠷᠢᠶ᠎ᠠ ᠶᠢ ᠠᠵᠢᠯ ᠲᠦᠷᠦᠯ ᠤᠨ ᠰᠢᠰᠲ᠋ᠧᠮ ᠢᠶᠠᠷ ᠬᠠᠪᠰᠤᠷᠤᠨ ᠲᠡᠳᠬᠦᠬᠦ᠂ ᠲᠤᠰᠠᠯᠠᠬᠤ ᠲᠤᠰᠬᠠᠢ | ᠮᠡᠷᠭᠡᠵᠢᠯᠲᠡᠨ ᠤ ᠪᠦᠯᠬᠦᠮ ᠨᠢ ᠡᠮᠨᠡᠯᠭᠡ ᠶᠢᠨ ᠬᠤᠷᠢᠶ᠎ᠠ ᠳᠤ ᠬᠠᠮᠲᠤᠷᠠᠨ ᠣᠨᠣᠰᠢᠯᠠᠬᠤ ᠂ ᠡᠪᠡᠳᠴᠢᠲᠡᠨ ᠤ ᠦᠷᠦᠭᠡ | ᠪᠠᠶᠢᠴᠠᠭᠠᠬᠤ ᠂ ᠡᠭᠦᠳᠡᠨ ᠡᠮᠨᠡᠯᠭᠡ ᠂ ᠮᠡᠰᠡ ᠵᠠᠰᠠᠯ ᠂ ᠵᠢᠭᠠᠨ ᠰᠤᠷᠭᠠᠯᠲᠠ ᠂ ᠵᠠᠰᠠᠭ ᠵᠠᠬᠢᠷᠭᠠᠨ ᠤ ᠬᠠᠮᠢᠶᠠᠷᠤᠯᠲᠠ ᠵᠡᠷᠭᠡ | ᠠᠵᠢᠯ ᠢ ᠤᠷᠳᠤ ᠬᠤᠭᠤᠴᠠᠭ᠎ᠠ ᠪᠠᠷ ᠦᠷᠨᠢᠭᠦᠯᠪᠡ᠃ ᠡᠭᠦᠨ ᠤ ᠵᠡᠷᠭᠡ ᠳᠤ ︽ᠢᠨᠲ᠋ᠧᠷ ᠰᠦᠯᠵᠢᠶ᠎ᠡ +︾ | ᠡᠮᠴᠢᠯᠡᠭᠡᠨ ᠤ ᠵᠠᠭᠪᠤᠷ ᠢ ᠠᠰᠢᠭᠯᠠᠨ᠂ ᠠᠯᠤᠰ ᠵᠠᠢ ᠶᠢᠨ ᠡᠮᠴᠢᠯᠡᠭᠡᠨ ᠤ ᠲᠠᠪᠴᠠᠩ ᠢᠶᠠᠷ ᠳᠠᠮᠵᠢᠭᠤᠯᠤᠨ ᠪᠥᠬᠦ | ᠤᠯᠤᠰ ᠤᠨ ᠭᠤᠷᠪᠠᠳᠤᠭᠠᠷ ᠳᠡᠰ ᠤᠨ ᠬᠥᠬᠡ ᠵᠡᠷᠭᠡ ᠶᠢᠨ ᠡᠮᠴᠢᠯᠡᠭᠡᠨ ᠤ ᠪᠠᠶᠢᠭᠤᠯᠤᠮᠵᠢ ᠲᠠᠢ ᠰᠦᠯᠵᠢᠶᠡᠨ ᠳᠤ | ᠬᠤᠯᠪᠣᠵᠤ᠂ ᠠᠯᠤᠰ ᠵᠠᠢ ᠶᠢᠨ ᠬᠠᠮᠲᠤᠷᠠᠭᠰᠠᠨ ᠡᠮᠴᠢᠯᠡᠭᠡ᠂ ᠵᠢᠭᠠᠨ ᠰᠤᠷᠭᠠᠯᠲᠠ ᠵᠡᠷᠭᠡ ᠣᠯᠠᠨ ᠲᠠᠯ᠎ᠠ ᠶᠢᠨ | ᠡᠮᠴᠢᠯᠡᠭᠡᠨ ᠤ ᠠᠵᠢᠯᠯᠠᠭ᠎ᠠ ᠶᠢ ᠥᠷᠨᠢᠭᠦᠯᠵᠦ᠂ ᠡᠪᠡᠳᠴᠢᠲᠡᠨ ᠳᠤ ᠦᠢᠯᠡᠴᠢᠯᠡᠬᠦ ᠶᠢᠨ ᠵᠡᠷᠭᠡ ᠳᠤ ᠡᠮᠨᠡᠯᠭᠡ ᠶᠢᠨ | ᠬᠤᠷᠢᠶᠠᠨ ᠤ ᠡᠮᠴᠢᠯᠡᠭᠡᠨ ᠤ ᠦᠢᠯᠡᠴᠢᠯᠡᠭᠡᠨ ᠤ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠪᠡ᠃ | ᠣᠳᠣᠬᠠᠨ ᠳᠤ ᠠᠯᠤᠰ ᠠᠴᠠ ᠬᠠᠮᠲᠤᠷᠠᠨ ᠣᠨᠣᠰᠢᠯᠠᠬᠤ ᠲᠠᠪᠴᠠᠩ ᠢᠶᠠᠷ ᠳᠠᠮᠵᠢᠭᠤᠯᠤᠨ ᠠᠷᠠᠳ ᠢᠷᠭᠡᠳ ᠲᠤ ᠪᠥᠬᠦ | ᠤᠯᠤᠰ ᠤᠨ ᠡᠯ᠎ᠡ ᠲᠣᠮᠣ ᠭᠤᠷᠪᠠᠳᠤᠭᠠᠷ ᠳᠡᠰ ᠤᠨ ᠬᠥᠬᠡ ᠵᠡᠷᠭᠡ ᠶᠢᠨ ᠡᠮᠨᠡᠯᠭᠡ ᠶᠢᠨ ᠬᠤᠷᠢᠶᠠᠨ ᠤ ᠲᠤᠰᠬᠠᠢ | ᠮᠡᠷᠭᠡᠵᠢᠯᠲᠡᠳ ᠲᠠᠢ ᠬᠤᠯᠪᠤᠭᠠᠯᠠᠨ ᠣᠨᠣᠰᠢᠯᠠᠵᠤ ᠪᠣᠯᠣᠨ᠎ᠠ᠃ | ᠡᠪᠡᠳᠴᠢᠲᠡᠨ ᠳᠤ ᠨᠡᠩ ᠰᠠᠶᠢᠨ ᠦᠢᠯᠡᠴᠢᠯᠡᠵᠦ᠂ ᠠᠷᠠᠳ ᠢᠷᠭᠡᠳ ᠤᠨ ᠡᠪᠡᠳᠴᠢᠨ ᠦᠵᠡᠭᠦᠯᠬᠦ ᠳᠤ ᠳᠥᠭᠦᠮ | ᠦᠵᠡᠭᠦᠯᠬᠦ ᠶᠢᠨ ᠲᠥᠯᠥᠭᠡ᠂ ᠰᠠᠯᠠᠭ᠎ᠠ ᠲᠠᠰᠤᠭ ᠢ ᠨᠠᠷᠢᠯᠢᠭᠵᠢᠭᠤᠯᠬᠤ᠂ ᠡᠭᠦᠳᠡᠨ ᠡᠮᠨᠡᠯᠭᠡ ᠶᠢᠨ ᠲᠤᠰᠬᠠᠢ ᠰᠠᠯᠠᠭᠠᠨ ᠤ | ᠪᠦᠲᠦᠭᠡᠨ ᠪᠠᠶᠢᠭᠤᠯᠤᠯᠲᠠ ᠶᠢ ᠥᠷᠨᠢᠭᠦᠯᠬᠦ ᠶᠢᠨ ᠬᠠᠮᠲᠤ᠂ ᠣᠯᠠᠨ ᠰᠠᠯᠠᠭᠠᠨ ᠤ ᠬᠠᠮᠲᠤᠷᠠᠨ ᠣᠨᠣᠰᠢᠯᠠᠨ ᠡᠮᠨᠡᠬᠦ | ᠲᠣᠭᠲᠠᠴᠠ ᠶᠢ ᠥᠷᠨᠢᠭᠦᠯᠵᠦ᠂ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ᠂ ᠰᠠᠶᠢᠨ ᠳᠤᠷ᠎ᠠ ᠶᠢᠨ | ᠦᠢᠯᠡᠴᠢᠯᠡᠭᠡᠨ ᠤ ᠠᠵᠢᠯᠯᠠᠭ᠎ᠠ᠂ ᠡᠪᠡᠳᠴᠢᠲᠡᠨ ᠢ ᠰᠤᠷᠪᠤᠯᠵᠢᠯᠠᠨ ᠪᠠᠶᠢᠴᠠᠭᠠᠨ ᠰᠤᠳᠤᠯᠤᠯᠲᠠ ᠬᠢᠬᠦ᠂ ᠡᠮᠴᠢᠯᠡᠭᠡᠨ ᠤ | ᠦᠢᠯᠡᠴᠢᠯᠡᠭᠡᠨ ᠤ ᠶᠠᠰᠤ ᠴᠢᠨᠠᠷ ᠢ ᠰᠢᠯᠢᠳᠡᠭᠵᠢᠭᠦᠯᠦᠨ ᠬᠠᠮᠢᠶᠠᠷᠬᠤ ᠵᠡᠷᠭᠡ ᠠᠵᠢᠯ ᠢ ᠢᠳᠡᠪᠬᠢᠲᠡᠢ ᠵᠣᠬᠢᠶᠠᠨ | ᠪᠠᠶᠢᠭᠤᠯᠤᠨ ᠥᠷᠨᠢᠭᠦᠯᠵᠦ᠂ ᠭᠠᠷᠠᠭ ᠪᠦᠷᠢ ᠶᠢᠨ ᠲᠠᠪᠤᠨ ᠢ ︽ᠠᠷᠠᠳ ᠲᠤ ᠠᠰᠢᠭ ᠬᠦᠷᠲᠡᠭᠡᠬᠦ ᠡᠳᠦᠷ︾ ᠢᠶᠠᠷ | ᠲᠣᠭᠲᠠᠭᠠᠵᠤ᠂ ᠲᠣᠰ ᠡᠳᠦᠷ ᠤᠨ ᠳ᠋ᠤᠭᠠᠷᠯᠠᠬᠤ ᠵᠠᠷᠤᠳᠠᠯ ᠢ ᠬᠡᠯᠲᠦᠷᠢᠭᠦᠯᠵᠦ᠂ ᠡᠮᠨᠡᠯᠭᠡ ᠶᠢᠨ ᠬᠤᠷᠢᠶ᠎ᠠ ᠶᠢᠨ | ᠨᠡᠶᠢᠲᠡ ᠶᠢᠨ ᠠᠰᠠᠷᠠᠮᠵᠢ ᠶᠢᠨ ᠴᠢᠨᠠᠷ ᠢ ᠦᠨᠡᠨ ᠬᠦ ᠢᠯᠡᠷᠡᠭᠦᠯᠵᠦ᠂ ᠠᠷᠠᠳ ᠲᠤ ᠦᠢᠯᠡᠴᠢᠯᠡᠬᠦ ᠡᠮᠨᠡᠯᠭᠡ ᠶᠢᠨ | ᠬᠤᠷᠢᠶ᠎ᠠ ᠶᠢᠨ ᠵᠣᠷᠢᠯᠲᠠ ᠶᠢ ᠢᠯᠡᠷᠡᠭᠦᠯᠪᠡ ᠃ | ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠶᠢ ᠢᠳᠡᠪᠬᠢᠲᠡᠢ ᠲᠦᠯᠬᠢᠨ | ᠠᠬᠢᠭᠤᠯᠵᠤ ᠂ ᠡᠮ ᠤᠨ ᠵᠦᠢᠯ ᠪᠠ ᠬᠤᠷᠣᠭᠳᠠᠯ ᠮᠠᠲ᠋ᠧᠷᠢᠶᠠᠯ ᠢ ᠦᠨ᠎ᠡ ᠶᠢᠨ ᠵᠥᠷᠢᠶ᠎ᠡ ᠦᠭᠡᠢ ᠪᠠᠷ ᠪᠣᠷᠣᠯᠠᠭᠤᠯᠬᠤ ᠶᠢ | ᠬᠡᠷᠡᠭᠵᠢᠭᠦᠯᠦᠨ᠎ᠡ ᠃ ᠡᠭᠦᠨ ᠤ ᠬᠠᠮᠲᠤ ᠤᠨᠢᠨ ᠳᠡᠭᠡᠷ᠎ᠡ ᠨᠢ ᠶᠠᠳᠠᠭᠤ ᠶᠢ ᠲᠡᠳᠬᠦᠭᠰᠡᠨ ᠡᠪᠡᠳᠴᠢᠲᠡᠨ ᠳᠤ ︽ᠤᠷᠢᠳᠠᠪᠠᠷ | ᠡᠮᠨᠡᠵᠦ ᠂ ᠳᠠᠷᠠᠭ᠎ᠠ ᠨᠢ ᠰᠦᠢᠳᠬᠡᠯ ᠲᠤᠰᠢᠶᠠᠬᠤ︾ ᠠᠵᠢᠯ ᠢ ᠢᠳᠡᠪᠬᠢᠲᠡᠢ ᠥᠷᠨᠢᠭᠦᠯᠵᠦ ᠂ ᠶᠠᠳᠠᠭᠤ ᠬᠦᠴᠢᠷᠳᠡᠯᠲᠡᠢ | ᠡᠪᠡᠳᠴᠢᠲᠡᠨ ᠢ ᠵᠣᠭᠤᠰ ᠦᠭᠡᠢ ᠴᠦ ᠤᠷᠢᠳᠠᠪᠠᠷ ᠡᠪᠡᠳᠴᠢᠨ ᠦᠵᠡᠭᠦᠯᠵᠦ ᠳᠡᠶᠢᠯᠬᠦ ᠪᠣᠯᠭᠠᠵᠤ ᠂ ︽ᠡᠪᠡᠳᠴᠢᠨ ᠠᠴᠠ | ᠪᠣᠯᠵᠤ ᠶᠠᠳᠠᠭᠤᠷᠠᠬᠤ ᠂ ᠡᠪᠡᠳᠴᠢᠨ ᠠᠴᠠ ᠪᠣᠯᠵᠤ ᠲᠠᠬᠢᠨ ᠶᠠᠳᠠᠭᠤᠷᠠᠬᠤ ︾ ᠶᠢ ᠴᠢᠷᠮᠠᠶᠢᠨ ᠪᠠᠭᠠᠰᠬᠠᠨ᠎ᠠ᠃ | ᠰᠤᠷᠪᠤᠯᠵᠢᠯᠠᠭᠴᠢ᠄ ︽ᠤᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠨ᠎ᠡ | ︾ ᠭᠡᠬᠦ ᠶᠠᠷᠢᠶᠠᠨ ᠤ ᠰᠡᠳᠦᠪ ᠢ ᠲᠠ ᠬᠡᠷᠬᠢᠨ ᠣᠶᠢᠯᠠᠭᠠᠵᠤ ᠪᠠᠶᠢᠬᠤ ᠪᠣᠶ︖ ᠮᠠᠨ ᠤ ᠡᠮᠨᠡᠯᠭᠡ ᠶᠢᠨ ᠬᠤᠷᠢᠶᠠᠨ ᠤ | ᠰᠣᠶᠣᠯ ᠳᠤ ᠶᠠᠭᠤ ᠶᠠᠭᠤ ᠪᠠᠶᠢᠳᠠᠭ ᠪᠣᠶ︖ | ᠯᠢ ᠶᠢᠤ᠄ ︽ᠤᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠨ᠎ᠡ︾ | ᠭᠡᠳᠡᠭ ᠨᠢ ᠡᠮᠴᠢ ᠳᠤ ᠠᠪᠴᠤ ᠬᠡᠯᠡᠪᠡᠯ ︽ᠦᠬᠦᠯ ᠠᠴᠠ ᠠᠪᠤᠷᠠᠨ ᠰᠢᠷᠬᠠᠲᠤᠭᠰᠠᠳ ᠢ ᠲᠡᠩᠬᠡᠷᠡᠭᠦᠯᠬᠦ︾ ᠭᠡᠰᠡᠨ | ᠦᠭᠡ ᠪᠣᠯᠣᠨ᠎ᠠ᠃ ᠪᠢᠳᠡᠨ ᠤ ᠤᠭ ᠰᠠᠨᠠᠭ᠎ᠠ ᠪᠣᠯ ᠦᠬᠦᠯ ᠠᠴᠠ ᠠᠪᠤᠷᠠᠨ ᠰᠢᠷᠬᠠᠲᠤᠭᠰᠠᠳ ᠢ ᠲᠡᠩᠬᠡᠷᠡᠭᠦᠯᠬᠦ | ᠶᠠᠪᠤᠳᠠᠯ ᠪᠣᠯᠣᠨ᠎ᠠ ᠂ ᠪᠢᠳᠡᠨ ᠤ ᠡᠭᠦᠷᠭᠡ ᠪᠣᠯ ᠮᠥᠨ ᠴᠦ ᠦᠬᠦᠯ ᠠᠴᠠ ᠠᠪᠤᠷᠠᠨ ᠰᠢᠷᠬᠠᠲᠤᠭᠰᠠᠳ ᠢ ᠲᠡᠩᠬᠡᠷᠡᠭᠦᠯᠬᠦ | ᠶᠠᠪᠤᠳᠠᠯ ᠪᠣᠯᠣᠨ᠎ᠠ ᠃ | ᠡᠮᠨᠡᠯᠭᠡ ᠶᠢᠨ ᠬᠤᠷᠢᠶ᠎ᠠ ᠨᠢ ᠢᠮᠠᠭᠲᠠ ︽ ᠶᠣᠰᠣ ᠰᠤᠷᠲᠠᠬᠤᠨ ᠢ ᠡᠷᠬᠢᠮᠯᠡᠬᠦ ᠂ ᠦᠢᠯᠡᠰ ᠢᠶᠠᠨ ᠳᠡᠭᠡᠳᠦᠯᠡᠬᠦ ᠂ | ᠥᠷᠥᠰᠢᠶᠡᠯ ᠢ ᠡᠷᠬᠢᠮᠯᠡᠬᠦ ᠂ ᠠᠷᠠᠳ ᠢ ᠲᠤᠰᠠᠯᠠᠬᠤ ︾ ᠡᠮᠨᠡᠯᠭᠡ ᠶᠢᠨ ᠬᠤᠷᠢᠶᠠᠨ ᠤ ᠰᠤᠷᠭᠠᠯ ᠢ ᠪᠠᠷᠢᠮᠲᠠᠯᠠᠵᠤ ᠂ ︽ᠠᠮᠢ | ᠨᠠᠰᠤ ᠶᠢ ᠬᠠᠶᠢᠷᠠᠯᠠᠨ ᠬᠠᠯᠠᠮᠵᠢᠯᠠᠵᠤ ᠂ ᠡᠷᠡᠭᠦᠯ ᠮᠡᠨᠳᠦ ᠶᠢ ᠬᠠᠮᠠᠭᠠᠯᠠᠬᠤ ︾ ᠡᠮᠨᠡᠯᠭᠡ ᠶᠢᠨ ᠬᠤᠷᠢᠶᠠᠨ ᠤ ᠵᠣᠷᠢᠯᠲᠠ ᠶᠢ | ᠴᠢᠷᠮᠠᠶᠢᠨ ᠡᠭᠦᠳᠴᠦ ᠂ ︽ᠠᠮᠢ ᠨᠠᠰᠤ ᠶᠢ ᠬᠠᠶᠢᠷᠠᠯᠠᠨ ᠬᠠᠯᠠᠮᠵᠢᠯᠠᠵᠤ ᠂ ᠡᠮᠨᠡᠯᠭᠡ ᠶᠢᠨ ᠮᠡᠷᠭᠡᠵᠢᠯ ᠨᠠᠷᠢᠯᠢᠭ ᠂ | ᠦᠢᠯᠡᠴᠢᠯᠡᠭᠡ ᠬᠠᠮᠤᠭ ᠤᠨ ᠨᠢᠮᠪᠠᠢ᠂ ᠡᠷᠡᠭᠦᠯ ᠡᠩᠬᠡ ︾ ᠡᠮᠨᠡᠯᠭᠡ ᠶᠢᠨ ᠬᠤᠷᠢᠶᠠᠨ ᠤ ᠦᠢᠯᠡᠴᠢᠯᠡᠭᠡᠨ ᠤ | ᠣᠶᠢᠯᠠᠭᠠᠭᠳᠠᠬᠤᠨ ᠪᠠ ᠲᠦᠷᠦᠯ ᠲᠡᠮᠳᠡᠭᠲᠦ ᠡᠮᠴᠢᠯᠡᠭᠡ ᠶᠢ ᠴᠢᠷᠮᠠᠶᠢᠨ ᠡᠭᠦᠳᠴᠦ ᠂ ᠦᠨᠡᠨᠴᠢ ᠢᠲᠡᠭᠡᠮᠵᠢᠲᠡᠢ | ᠡᠮᠨᠡᠯᠭᠡ ᠶᠢᠨ ᠬᠤᠷᠢᠶᠠᠨ ᠤ ᠳᠦᠷᠢ ᠲᠥᠷᠬᠦ ᠶᠢ ᠪᠠᠶᠢᠭᠤᠯᠬᠤ ᠵᠡᠷᠭᠡ ᠠᠯᠢ ᠤᠯᠠᠨ ᠡᠮᠨᠡᠯᠭᠡ ᠶᠢᠨ ᠬᠤᠷᠢᠶᠠᠨ ᠤ | ᠰᠣᠶᠣᠯ ᠢ ᠪᠦᠬᠦ ᠬᠦᠴᠦᠨ ᠢᠶᠠᠷ ᠢᠶᠠᠨ ᠳᠡᠯᠭᠡᠷᠡᠭᠦᠯᠵᠡᠢ ᠃ | ᠣᠶᠢᠷ᠎ᠠ ᠶᠢᠨ ᠵᠢᠯ ᠤᠳ ᠲᠤ᠂ ᠡᠮᠨᠡᠯᠭᠡ ᠶᠢᠨ ᠬᠤᠷᠢᠶᠠᠨ ᠤ ᠨᠠᠮ ᠤᠨ ᠡᠭᠦᠷ ︽ᠪᠦᠯᠬᠦᠮᠳᠡᠬᠦ᠂ ᠠᠵᠢᠯ | ᠦᠢᠯᠡᠰ ᠢᠶᠠᠨ ᠳᠡᠭᠡᠳᠦᠯᠡᠬᠦ᠂ ᠪᠣᠳᠠᠲᠤ ᠠᠵᠢᠯᠯᠠᠭ᠎ᠠ ᠶᠢ ᠡᠷᠬᠢᠮᠯᠡᠬᠦ᠂ ᠬᠤᠪᠢ ᠨᠡᠮᠡᠷᠢ ᠦᠵᠡᠭᠦᠯᠬᠦ︾ ᠶᠢ ᠰᠣᠶᠣᠯ ᠤᠨ | ᠪᠠᠶᠢᠭᠤᠯᠤᠯᠲᠠ ᠶᠢᠨ ᠭᠤᠣᠯ ᠴᠢᠮᠦᠭᠡ ᠪᠣᠯᠭᠠᠵᠤ᠂ ︽ᠲᠡᠷᠢᠭᠦᠨ ᠤ ᠬᠢ ᠶᠢ ᠡᠭᠦᠳᠴᠦ ᠰᠢᠯᠢᠳᠡᠭ ᠪᠣᠯᠬᠤ ᠪᠠᠷ | ᠴᠢᠷᠮᠠᠶᠢᠬᠤ︾᠂ ᠨᠠᠮ ᠤᠨ ᠣᠯᠠᠨ ᠲᠦᠮᠡᠨᠴᠢ ᠱᠤᠭᠤᠮ ᠤᠨ ᠬᠥᠮᠦᠵᠢᠯ ᠦᠢᠯᠡᠳᠦᠯᠭᠡ ᠶᠢᠨ ᠠᠵᠢᠯᠯᠠᠭ᠎ᠠ᠂ ︽ | ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾᠂ ︽ᠤᠭ ᠰᠠᠨᠠᠭ᠎ᠠ ᠪᠠᠨ ᠥᠯᠥ ᠮᠠᠷᠲᠠᠵᠤ | ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠦᠵᠢᠯ᠂ ︽ᠡᠮ ᠡᠮᠨᠡᠯᠭᠡ ᠡᠷᠡᠭᠦᠯ | ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠡᠷᠬᠢᠮᠯᠡᠵᠦ᠂ ᠦᠶᠯᠡ ᠠᠵᠢᠯᠯᠠᠭ᠎ᠠ ᠪᠠᠷ ᠢᠶᠠᠨ ᠦᠷ᠎ᠡ ᠪᠦᠲᠦᠮᠵᠢ | ᠭᠠᠷᠭᠠᠬᠤ︾ ᠭᠤᠣᠯ ᠰᠡᠳᠦᠪᠲᠦ ᠠᠵᠢᠯᠯᠠᠭ᠎ᠠ᠂ ︽ᠨᠠᠮ ᠤᠨ ᠲᠡᠦᠬᠡ ᠶᠢ ᠰᠤᠷᠤᠯᠴᠠᠵᠤ᠂ ᠦᠵᠡᠯ ᠰᠠᠨᠠᠭ᠎ᠠ ᠶᠢ | ᠣᠶᠢᠯᠠᠭᠠᠵᠤ᠂ ᠪᠣᠳᠠᠲᠤ ᠶᠠᠪᠤᠳᠠᠯ ᠬᠢᠵᠦ᠂ ᠰᠢᠨ᠎ᠡ ᠪᠠᠶᠢᠳᠠᠯ ᠢ ᠨᠡᠭᠡᠭᠡᠬᠦ︾ ᠭᠤᠣᠯ ᠰᠡᠳᠦᠪᠲᠦ ᠬᠥᠮᠦᠵᠢᠯ ᠤᠨ ᠰᠢᠷᠢᠰ | ᠠᠵᠢᠯᠯᠠᠭ᠎ᠠ ᠲᠠᠢ ᠤᠶᠠᠯᠳᠤᠭᠤᠯᠤᠨ᠂ ︽ᠵᠥᠭᠡᠯᠡᠨ ᠬᠠᠲᠠᠭᠤ︾ ᠶᠢ ᠬᠤᠣᠰᠯᠠᠭᠤᠯᠤᠨ᠂ ︽ᠳᠣᠲᠣᠨ᠎ᠠ ᠭᠠᠳᠠᠨ᠎ᠠ︾ ᠶᠢ | ᠬᠤᠣᠰᠯᠠᠭᠤᠯᠤᠨ ᠰᠤᠷᠤᠯᠴᠠᠬᠤ ᠶᠢ ᠪᠠᠷᠢᠮᠲᠠᠯᠠᠵᠤ᠂ ᠡᠮᠨᠡᠯᠭᠡ ᠶᠢᠨ ᠬᠤᠷᠢᠶ᠎ᠠ ᠶᠢᠨ ᠦᠷᠭᠦᠯᠵᠢᠯᠡᠬᠦ ᠬᠥᠭᠵᠢᠯᠲᠡ ᠳᠤ | ᠰᠠᠶᠢᠨ ᠰᠠᠭᠤᠷᠢ ᠶᠢ ᠲᠠᠯᠪᠢᠭᠰᠠᠨ ᠪᠠᠶᠢᠨ᠎ᠠ᠃ ᠡᠭᠦᠨ ᠤ ᠵᠡᠷᠭᠡ ᠳᠤ᠂ ᠡᠮᠨᠡᠯᠭᠡ ᠶᠢᠨ ᠬᠤᠷᠢᠶ᠎ᠠ ᠨᠢ ᠨᠠᠮ ᠤᠨ | ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠ ᠠᠵᠢᠯ ᠲᠥᠷᠥᠯ ᠤᠨ ᠰᠤᠷᠲᠠᠯ ᠤᠨ ᠪᠠᠶᠢᠭᠤᠯᠤᠯᠲᠠ ᠶᠢ | ᠶᠡᠭᠡ ᠪᠠᠷ ᠲᠦᠯᠬᠢᠨ ᠠᠬᠢᠭᠤᠯᠵᠤ᠂ ᠣᠯᠠᠨ ᠲᠦᠮᠡᠨ ᠤ ᠵᠠᠭᠠᠯᠳᠤᠯᠭ᠎ᠠ ᠶᠢ ᠭᠥᠯᠢᠶᠡᠨ ᠠᠪᠴᠤ ᠰᠢᠢᠳᠪᠦᠷᠢᠯᠡᠬᠦ ᠠᠵᠢᠯ | ᠢ ᠯᠠᠪᠳᠠᠭᠤᠨ ᠪᠠᠲᠤᠲᠠᠢ ᠰᠠᠶᠢᠲᠤᠷ ᠬᠢᠬᠦ ᠪᠠ ᠡᠮᠨᠡᠯᠭᠡ ᠶᠢᠨ ᠬᠤᠷᠢᠶᠠᠨ ᠤ ᠶᠠᠪᠤᠳᠠᠯ ᠢ ᠢᠯᠡ ᠨᠡᠶᠢᠲᠡᠯᠡᠬᠦ ᠳᠦᠷᠢᠮ ᠢ | ᠨᠠᠶᠢᠳᠠᠪᠤᠷᠢᠵᠢᠭᠤᠯᠵᠤ᠂ ︽ᠲᠥᠪ ᠭᠤᠣᠯᠴᠢ᠂ ᠢᠯᠡ ᠲᠣᠳᠣ᠂ ᠥᠨᠳᠥᠷ ᠪᠦᠲᠦᠮᠵᠢᠲᠡᠶ︾ ᠭᠠᠳᠠᠭᠠᠳᠤ ᠬᠢᠨᠠᠯᠲᠠ | ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠡᠢ᠃ | ᠰᠤᠷᠪᠤᠯᠵᠢᠯᠠᠭᠴᠢ ᠄ ᠣᠳᠣᠬᠠᠨ ᠳᠤ ᠤᠯᠠᠨ ᠤ ᠬᠠᠮᠤᠭ ᠠᠴᠠ ᠠᠩᠬᠠᠷᠴᠤ ᠪᠠᠶᠢᠭ᠎ᠠ ᠨᠢ ᠬᠠᠰᠢᠯᠠ ᠣᠳᠣᠬᠠᠨ ᠤ | ᠰᠢᠨ᠎ᠡ ᠪᠠᠷ ᠳᠡᠯᠭᠡᠷᠡᠵᠦ ᠪᠠᠶᠢᠭ᠎ᠠ ᠬᠢᠵᠢᠭ ᠤᠨ ᠪᠠᠶᠢᠳᠠᠯ ᠪᠣᠯᠣᠨ᠎ᠠ ᠂ ᠬᠢᠵᠢᠭ ᠤᠨ ᠪᠠᠶᠢᠳᠠᠯ ᠤᠨ ᠡᠮᠦᠨ᠎ᠡ ᠡᠮᠨᠡᠯᠭᠡ ᠶᠢᠨ | ᠬᠤᠷᠢᠶ᠎ᠠ ᠬᠡᠷᠬᠢᠨ ᠪᠡᠯᠡᠳᠬᠡᠭᠰᠡᠨ ᠪᠤᠢ ︖ ᠲᠠ ᠬᠤᠸᠠᠳᠧ ᠰᠢᠶᠠᠨ ᠤ ᠠᠷᠠᠳ ᠤᠨ ᠡᠮᠨᠡᠯᠭᠡ ᠶᠢᠨ ᠬᠤᠷᠢᠶ᠎ᠠ ᠶᠢᠨ | ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠲᠠᠯ᠎ᠠ ᠪᠠᠷ ᠬᠢ ᠠᠮᠵᠢᠯᠲᠠ ᠪᠦᠲᠦᠮᠵᠢ ᠪᠣᠯᠣᠨ ᠣᠳᠣᠬᠠᠨ ᠤ | ᠠᠵᠢᠯ ᠤᠨ ᠪᠠᠶᠢᠳᠠᠯ ᠢ ᠲᠠᠨᠢᠯᠴᠠᠭᠤᠯᠤᠭᠠᠳ ᠥᠭᠭᠦᠨ᠎ᠡ ᠦᠦ︖ | ᠯᠢ ᠶᠢᠦ ᠄ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠪᠣᠯ ᠡᠮᠨᠡᠯᠭᠡ ᠶᠢᠨ ᠬᠤᠷᠢᠶᠠᠨ ᠤ ᠭᠤᠣᠯᠳᠠᠯᠭ᠎ᠠ ᠲᠠᠢ | ᠠᠵᠢᠯ ᠤᠨ ᠨᠢᠭᠡ ᠪᠣᠯᠣᠨ᠎ᠠ᠂ ᠬᠠᠯᠳᠠᠪᠤᠷᠢᠲᠤ ᠡᠪᠡᠳᠴᠢᠨ ᠢ ᠤᠯᠠᠨ ᠢᠶᠠᠷ ᠢᠶᠠᠨ ᠨᠡᠯᠢᠶᠡᠳ ᠰᠠᠶᠢᠨ ᠮᠡᠳᠡᠳᠡᠭ ᠨᠢ | 2002 ᠣᠨ ᠤ ᠰᠠᠷᠰ ᠡᠪᠡᠳᠴᠢᠨ ᠪᠣᠯᠣᠨ᠎ᠠ ᠃ ᠬᠤᠶᠢᠨᠠᠬᠢ ᠵᠢᠭᠦᠷᠲᠡᠨ ᠤ ᠬᠠᠯᠳᠠᠪᠤᠷᠢᠲᠤ ᠲᠠᠭᠰᠢᠭᠤᠷ ᠤᠨ | ᠸᠢᠷᠦ᠋ᠰ ᠲᠤ SARS᠂ H1N1᠂ H5N1᠂ H7N9 ᠵᠡᠷᠭᠡ ᠪᠠᠭᠲᠠᠨ᠎ᠠ ᠃ ᠪᠠᠰᠠ 2019 ᠣᠨ ᠤ | ᠬᠤᠯᠤᠭᠠᠨ᠎ᠠ ᠶᠢᠨ ᠬᠢᠵᠢᠭ᠂ 2020 ᠣᠨ ᠤ ᠡᠬᠢᠨ ᠠᠴᠠ ᠶᠡᠬᠡᠪᠡᠷ ᠳᠡᠯᠭᠡᠷᠡᠵᠦ᠂ ᠣᠲᠣ ᠪᠣᠯᠲᠠᠯ᠎ᠠ ᠲᠤᠭᠤᠯᠵᠤ | ᠭᠠᠷᠤᠭ᠎ᠠ ᠦᠭᠡᠢ ᠰᠢᠨ᠎ᠡ ᠺᠣᠷᠤᠨᠠ ᠸᠢᠷᠦ᠋ᠰ ᠂ 2021 ᠣᠨ ᠤ ᠪᠣᠭᠤᠮ᠎ᠠ ᠡᠪᠡᠳᠴᠢᠨ ᠵᠡᠷᠭᠡ ᠡᠳᠡᠭᠡᠷ ᠬᠠᠯᠳᠠᠪᠤᠷᠢᠲᠤ | ᠡᠪᠡᠳᠴᠢᠨ ᠪᠣᠯᠣᠨ᠎ᠠ᠂ ᠤᠳᠠᠭ᠎ᠠ ᠪᠦᠷᠢ ᠰᠢᠨ᠎ᠡ ᠸᠢᠷᠦ᠋ᠰ ᠢᠯᠡᠷᠡᠬᠦ ᠪᠦᠷᠢ ᠳᠤ ᠂ ᠡᠮᠨᠡᠯᠭᠡ ᠶᠢᠨ ᠬᠤᠷᠢᠶ᠎ᠠ ᠠᠴᠠ | ᠤᠯᠠᠨ ᠢ ᠵᠣᠬᠢᠶᠠᠨ ᠪᠠᠶᠢᠭᠤᠯᠵᠤ ᠬᠠᠮᠢᠶ᠎ᠠ ᠪᠦᠬᠦᠢ ᠰᠤᠷᠤᠯᠴᠠᠯᠭ᠎ᠠ ᠪᠠ ᠰᠤᠳᠤᠯᠭ᠎ᠠ ᠬᠢᠯᠭᠡᠵᠦ ᠂ ᠵᠢᠯ ᠪᠦᠷᠢ | ᠲᠣᠭᠲᠠᠭᠰᠠᠨ ᠬᠤᠭᠤᠴᠠᠭ᠎ᠠ ᠲᠠᠢ ᠪᠠᠷ ᠡᠯ᠎ᠡ ᠵᠦᠢᠯ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ | ᠮᠡᠳᠡᠯᠭᠡ ᠶᠢ ᠵᠣᠬᠢᠶᠠᠨ ᠪᠠᠶᠢᠭᠤᠯᠤᠨ ᠪᠣᠯᠪᠠᠰᠤᠷᠠᠭᠤᠯᠵᠤ ᠂ ᠤᠳᠠᠭ᠎ᠠ ᠪᠦᠷᠢ ᠰᠢᠨ᠎ᠡ ᠡᠮᠨᠡᠨ ᠵᠠᠰᠠᠬᠤ ᠠᠷᠭ᠎ᠠ ᠂ | ᠠᠵᠢᠯ ᠤᠨ ᠱᠠᠭᠠᠷᠳᠠᠯᠭ᠎ᠠ ᠭᠠᠷᠭᠠᠬᠤ ᠳᠤ ᠪᠦᠷ ᠳᠠᠬᠢᠨ ᠳᠠᠪᠲᠠᠨ ᠤᠯᠠᠨ ᠤᠳᠠᠭ᠎ᠠ ᠳᠠᠪᠲᠠᠨ ᠪᠣᠯᠪᠠᠰᠤᠷᠠᠭᠤᠯᠵᠤ | ᠰᠤᠷᠤᠯᠴᠠᠭᠤᠯᠵᠤ ᠂ ᠪᠦᠬᠦ ᠡᠮᠨᠡᠯᠭᠡ ᠶᠢᠨ ᠬᠤᠷᠢᠶᠠᠨ ᠤ ᠠᠵᠢᠯᠲᠠᠳ ᠤᠨ ᠰᠡᠷᠭᠡᠶᠢᠯᠡᠨ ᠡᠵᠡᠮᠳᠡᠬᠦ ᠤᠬᠠᠮᠰᠠᠷ ᠢ | ᠳᠡᠭᠡᠭᠰᠢᠯᠡᠭᠦᠯᠳᠡᠭ ︔ ᠪᠠᠶᠢᠩᠭᠤ ᠶᠢᠨ ᠴᠢᠨᠠᠷᠲᠠᠢ ᠪᠠᠷ ᠮᠡᠷᠭᠡᠵᠢᠯ ᠤᠨ ᠰᠣᠷᠢᠯᠲᠠ ᠶᠢ ᠴᠢᠩᠭᠠᠳᠬᠠᠵᠤ᠂ ᠠᠵᠢᠯᠲᠠᠨ | ᠠᠵᠢᠯᠴᠢᠨ ᠤ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠪᠠᠲᠤᠯᠠᠳᠠᠭ︔ ᠤᠷᠢᠳᠴᠢᠯᠠᠨ | ᠪᠠᠶᠢᠴᠠᠭᠠᠬᠤ ᠬᠤᠪᠢᠶᠠᠷᠢ ᠡᠮᠴᠢᠯᠡᠭᠡᠨ ᠤ ᠲᠠᠪᠴᠠᠩ᠂ ᠬᠠᠯᠠᠭᠤᠷᠠᠯ ᠤᠨ ᠡᠭᠦᠳᠡᠨ ᠡᠮᠨᠡᠯᠭᠡ᠂ ᠸᠠᠺᠼᠢᠨ ᠤ ᠲᠠᠷᠢᠯᠭ᠎ᠠ᠂ | ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠡᠯ᠎ᠡ ᠲᠥᠷᠥᠯ ᠤᠨ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ | ᠠᠷᠭᠠᠴᠠᠬᠤ ᠪᠡᠯᠡᠳᠬᠡᠯ ᠲᠥᠰᠥᠯ ᠵᠢᠴᠢ ᠬᠠᠮᠢᠶ᠎ᠠ ᠪᠦᠬᠦᠢ ᠬᠠᠮᠢᠶᠠᠷᠤᠯᠲᠠ ᠶᠢᠨ ᠳᠦᠷᠢᠮ ᠵᠡᠷᠭᠡ ᠶᠢ ᠲᠣᠭᠲᠠᠭᠠᠨ᠎ᠠ᠂ | ᠡᠲᠡᠭᠡᠷ ᠠᠵᠢᠯ ᠢ ᠡᠮᠨᠡᠯᠭᠡ ᠶᠢᠨ ᠬᠤᠷᠢᠶ᠎ᠠ ᠢᠮᠠᠭᠲᠠ ᠬᠢᠭᠰᠡᠭᠡᠷ ᠢᠷᠡᠵᠡᠶ᠃ | 2019 ᠣᠨ ᠤ 11 ᠰᠠᠷ᠎ᠠ ᠳᠤ ᠂ ᠬᠤᠸᠠᠳᠧ ᠰᠢᠶᠠᠨ ᠤ ᠠᠷᠠᠳ ᠤᠨ ᠡᠮᠨᠡᠯᠭᠡ ᠶᠢᠨ ᠬᠤᠷᠢᠶ᠎ᠠ ᠭᠠᠳᠠᠨ᠎ᠠ ᠠᠴᠠ | ᠬᠠᠯᠳᠠᠪᠤᠷᠢᠯᠠᠭᠰᠠᠨ ᠬᠤᠯᠤᠭᠠᠨ᠎ᠠ ᠶᠢᠨ ᠬᠢᠵᠢᠭ ᠲᠤ ᠨᠡᠷᠪᠡᠭᠳᠡᠭᠰᠡᠨ ᠨᠢᠭᠡ ᠡᠪᠡᠳᠴᠢᠲᠡᠨ ᠢ ᠡᠮᠨᠡᠨ ᠵᠠᠰᠠᠵᠤ ᠂ | ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠢᠴᠢ ᠤᠯᠠᠭᠠᠨᠴᠠᠪ ᠬᠤᠳᠠ ᠶᠢᠨ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ ᠤᠨ ᠲᠣᠮᠢᠯᠠᠭᠰᠠᠨ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠵᠠᠰᠠᠬᠤ ᠲᠤᠰᠬᠠᠢ | ᠮᠡᠷᠭᠡᠵᠢᠯᠲᠡᠨ ᠢᠶᠠᠷ ᠪᠦᠷᠢᠯᠳᠦᠭᠰᠡᠨ ᠡᠮᠴᠢᠯᠡᠭᠡᠨ ᠤ ᠳᠤᠭᠤᠶᠢᠯᠠᠩ ᠵᠢᠴᠢ ᠮᠠᠨ ᠤ ᠬᠤᠷᠢᠶᠠᠨ ᠤ ᠡᠮᠴᠢ | ᠰᠤᠪᠢᠯᠠᠭᠴᠢ ᠶᠢᠨ ᠬᠠᠮᠲᠤ ᠶᠢᠨ ᠴᠢᠷᠮᠠᠶᠢᠯᠭ᠎ᠠ ᠪᠠᠷ ᠂ ᠲᠤᠰ ᠡᠪᠡᠳᠴᠢᠲᠡᠨ ᠢ ᠦᠬᠦᠯ ᠤᠨ ᠱᠤᠭᠤᠮ ᠠᠴᠠ ᠲᠠᠲᠠᠵᠤ | ᠠᠪᠴᠢᠷᠠᠭᠠᠳ ᠡᠪᠡᠳᠴᠢᠲᠡᠨ ᠤ ᠠᠮᠢ ᠨᠠᠰᠤ ᠶᠢ ᠠᠪᠤᠷᠠᠵᠠᠢ ᠃ | 2020 ᠣᠨ ᠤ ᠡᠬᠢᠨ ᠳᠤ ᠰᠢᠨ᠎ᠡ ᠺᠣᠷᠤᠨᠠ ᠠᠭᠤᠰᠬᠢᠨ ᠦᠷᠪᠢᠰᠦᠯ ᠤᠨ ᠲᠡᠶᠢᠨ ᠤ ︽ᠬᠢᠵᠢᠭ︾ ᠡᠬᠢᠯᠡᠵᠦ᠂ | ᠬᠤᠶᠠᠷ ᠣᠨᠣᠰᠢᠯᠠᠭᠰᠠᠨ ᠡᠪᠡᠳᠴᠢᠨ ᠤ ᠵᠢᠱᠢᠶ᠎ᠡ ᠶᠢ ᠠᠪᠤᠷᠠᠨ ᠵᠠᠰᠠᠬᠤ ᠶᠢ ᠠᠮᠵᠢᠯᠲᠠ ᠲᠠᠢ ᠪᠡᠶᠡᠯᠡᠭᠦᠯᠦᠭᠰᠡᠨ ᠪᠥᠭᠡᠳ | ᠰᠢᠨ᠎ᠡ ᠺᠣᠷᠤᠨᠠ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ | ᠬᠢᠵᠢᠭ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ ᠬᠠᠯᠳᠠᠪᠤᠷᠢᠲᠤ ᠡᠪᠡᠳᠴᠢᠨ ᠤ ᠠᠰᠠᠷ ᠢ ᠥᠷᠭᠡᠳᠬᠡᠨ | ᠪᠠᠶᠢᠭᠤᠯᠬᠤ ᠵᠢᠴᠢ P C R ᠲᠤᠷᠰᠢᠯᠲᠠ ᠶᠢᠨ ᠲᠠᠰᠤᠭ ᠢ ᠡᠬᠢᠯᠡᠨ ᠬᠡᠷᠡᠭᠯᠡᠬᠦ ᠶᠢ ᠪᠠᠴᠢᠮ ᠪᠡᠶᠡᠯᠡᠭᠦᠯᠵᠦ᠂ ᠪᠥᠭᠡᠮ | ᠬᠦᠴᠢᠯ ᠢ ᠪᠠᠶᠢᠴᠠᠭᠠᠨ ᠰᠢᠯᠭᠠᠬᠤ᠂ ᠰᠢᠨ᠎ᠡ ᠺᠣᠷᠤᠨᠠ ᠸᠠᠺᠼᠢᠨ ᠤ ᠲᠠᠷᠢᠯᠭ᠎ᠠ ᠬᠢᠬᠦ ᠵᠡᠷᠭᠡ ᠡᠯ᠎ᠡ ᠵᠦᠢᠯ ᠤᠨ ᠠᠵᠢᠯ ᠢ | ᠨᠠᠷᠢᠨ ᠬᠢᠨᠠᠮᠠᠭᠠᠢ ᠪᠡᠶᠡᠯᠡᠭᠦᠯᠵᠦ᠂ ᠬᠤᠰᠢᠭᠤ ᠰᠢᠶᠠᠨ ᠤ ᠡᠮᠨᠡᠯᠭᠡ ᠶᠢᠨ ᠬᠤᠷᠢᠶ᠎ᠠ ᠳᠤ ᠥᠯᠢᠭᠡᠷ ᠳᠠᠭᠤᠷᠢᠶᠠᠯ | ᠪᠣᠯᠤᠭᠰᠠᠨ ᠪᠠᠶᠢᠨ᠎ᠠ᠃ ᠲᠣᠰ ᠭᠠᠵᠠᠷ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ | ᠪᠡᠶᠡᠯᠡᠭᠦᠯᠬᠦ ᠶᠢᠨ ᠬᠠᠮᠲᠤ 2021 ᠣᠨ ᠳᠤ ᠡᠮᠨᠡᠯᠭᠡ ᠶᠢᠨ ᠠᠵᠢᠯᠲᠠᠨ ᠲᠣᠮᠢᠯᠠᠨ ᠬᠥᠬᠡᠬᠤᠲᠠ ᠶᠢᠨ ᠴᠠᠭᠠᠨ | ᠰᠤᠪᠤᠷᠭ᠎ᠠ ᠨᠢᠰᠬᠡᠯ ᠤᠨ ᠪᠠᠭᠤᠳᠠᠯ ᠳᠤ ᠣᠴᠢᠭᠤᠯᠵᠤ ᠵᠠᠮ ᠬᠠᠷᠢᠯᠴᠠᠭᠠᠨ ᠤ ᠪᠠᠶᠢᠴᠠᠭᠠᠬᠤ ᠴᠡᠭ ᠤᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠠᠮᠵᠢᠨ ᠪᠡᠶᠡᠯᠡᠭᠦᠯᠪᠡ᠃ 2022 ᠣᠨ ᠤ ᠡᠬᠢ ᠪᠠᠷ ᠡᠮᠨᠡᠯᠭᠡ ᠶᠢᠨ | ᠠᠵᠢᠯᠲᠠᠨ ᠲᠣᠮᠢᠯᠠᠨ ᠬᠥᠬᠡᠬᠤᠲᠠ ᠳᠤ ᠣᠴᠢᠭᠤᠯᠵᠤ ᠰᠢᠨ᠎ᠡ ᠺᠣᠷᠤᠨᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠢ ᠳᠡᠮᠵᠢᠭᠦᠯᠪᠡ᠃ | ᠮᠠᠨ ᠤ ᠬᠤᠷᠢᠶ᠎ᠠ ︽ᠬᠤᠸᠠᠳᠧ ᠰᠢᠶᠠᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠰᠢᠨ᠎ᠡ ᠺᠣᠷᠤᠨᠠ ᠸᠢᠷᠦ᠋ᠰ ᠤᠨ | ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠬᠤ | ᠲᠥᠰᠥᠯ︾ ᠢ ᠲᠣᠭᠲᠠᠭᠠᠵᠤ᠂ ᠲᠡᠷᠡᠴᠢᠯᠡᠨ ᠬᠢᠵᠢᠭ ᠤᠨ ᠪᠠᠶᠢᠳᠠᠯ ᠤᠨ ᠬᠥᠭᠵᠢᠯᠲᠡ ᠶᠢ ᠦᠨᠳᠦᠰᠦᠯᠡᠨ ᠴᠠᠭ ᠲᠤᠬᠠᠢ | ᠳᠤᠨᠢ ᠲᠣᠬᠢᠷᠠᠭᠤᠯᠤᠯᠲᠠ ᠬᠢᠵᠦ᠂ ᠣᠳᠣᠬᠠᠨ ᠳᠤ ᠪᠠᠶᠢᠭᠤᠯᠤᠭᠰᠠᠨ ᠵᠦᠢᠯ ᠤᠳ ᠭᠡᠪᠡᠯ᠄ ︽ᠰᠢᠨ᠎ᠡ ᠺᠣᠷᠤᠨᠠ | ᠸᠢᠷᠦ᠋ᠰ ᠤᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠵᠠᠰᠠᠬᠤ ᠪᠠᠴᠢᠮ ᠪᠠᠶᠢᠳᠠᠯ ᠢ | ᠠᠷᠭᠠᠴᠠᠬᠤ ᠠᠵᠢᠯ ᠤᠨ ᠤᠳᠤᠷᠢᠳᠬᠤ ᠳᠤᠭᠤᠶᠢᠯᠠᠩ︾᠂ ︽ᠰᠢᠨ᠎ᠡ ᠺᠣᠷᠤᠨᠠ ᠸᠢᠷᠦ᠋ᠰ ᠤᠨ ᠠᠭᠤᠰᠬᠢᠨ ᠤ | ᠦᠷᠪᠢᠰᠦᠯ ᠤᠨ ᠬᠢᠵᠢᠭ ᠤᠨ ᠪᠠᠶᠢᠳᠠᠯ ᠢ ᠡᠮᠨᠡᠨ ᠵᠠᠰᠠᠬᠤ ᠳᠤᠭᠤᠶᠢᠯᠠᠩ ︾ ᠭᠤᠷᠪᠠᠨ ︽ᠰᠢᠨ᠎ᠡ ᠺᠣᠷᠤᠨᠠ | ᠸᠢᠷᠦ᠋ᠰ ᠦᠨᠠᠭᠤᠰᠬᠢᠨ ᠤ ᠦᠷᠪᠢᠰᠦᠯ ᠤᠨ ᠬᠢᠵᠢᠭ ᠤᠨ ᠪᠠᠶᠢᠳᠠᠯ ᠢ ᠲᠤᠰᠠᠭᠠᠷᠯᠠᠬᠤ ᠡᠪᠡᠳᠴᠢᠨᠲᠦ ᠣᠷᠣᠨ ᠤ | ᠡᠮᠴᠢᠯᠡᠭᠡᠨ ᠤ ᠳᠤᠭᠤᠶᠢᠯᠠᠩ︾᠂ ᠳᠥᠷᠪᠡᠨ ︽ᠰᠢᠨ᠎ᠡ ᠺᠣᠷᠤᠨᠠ ᠸᠢᠷᠦ᠋ᠰ ᠲᠤ ᠬᠠᠯᠳᠠᠪᠤᠷᠢᠯᠠᠭᠰᠠᠨ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠢ ᠲᠤᠰᠠᠭᠠᠷᠯᠠᠬᠤ ᠡᠪᠡᠳᠴᠢᠨᠲᠦ ᠣᠷᠣᠨ ᠤ ᠰᠤᠪᠢᠯᠠᠯᠲᠠ ᠶᠢᠨ ᠳᠤᠭᠤᠶᠢᠯᠠᠩ︾ | ᠂ ︽ᠡᠮᠨᠡᠯᠭᠡ ᠶᠢᠨ ᠬᠤᠷᠢᠶᠠᠨ ᠤ ᠳᠣᠲᠣᠷᠠᠬᠢ ᠬᠠᠯᠳᠠᠪᠤᠷᠢᠯᠠᠯ ᠢ ᠬᠢᠵᠠᠭᠠᠷᠯᠠᠬᠤ ᠳᠤᠭᠤᠶᠢᠯᠠᠩ︾᠂ ︽ᠤᠷᠢᠳᠴᠢᠯᠠᠨ | ᠪᠠᠶᠢᠴᠠᠭᠠᠵᠤ ᠬᠤᠪᠢᠶᠠᠨ ᠣᠨᠣᠰᠢᠯᠠᠬᠤ᠂ ᠡᠭᠦᠳᠡᠨ ᠬᠤᠷᠢᠭ᠎ᠠ ᠲᠠᠯᠪᠢᠬᠤ ᠳᠤᠭᠤᠶᠢᠯᠠᠩ︾᠂ ︽ᠬᠠᠯᠠᠭᠤᠷᠠᠯ ᠤᠨ | ᠡᠭᠦᠳᠡᠨ ᠡᠮᠨᠡᠯᠭᠡ ᠶᠢᠨ ᠳᠤᠭᠤᠶᠢᠯᠠᠩ︾᠂ ︽ᠪᠥᠭᠡᠮ ᠬᠦᠴᠢᠯ ᠴᠤᠭᠯᠠᠭᠤᠯᠬᠤ ᠳᠤᠭᠤᠶᠢᠯᠠᠩ︾᠂ ︽ᠰᠢᠯᠭᠠᠨ | ᠪᠠᠶᠢᠴᠠᠭᠠᠬᠤ ᠳᠤᠭᠤᠶᠢᠯᠠᠩ︾᠂ ︽ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠳᠤᠭᠤᠶᠢᠯᠠᠩ︾᠂ ︽ | ᠠᠮᠤᠷ ᠢ ᠬᠠᠮᠠᠭᠠᠯᠠᠬᠤ ᠳᠤᠭᠤᠶᠢᠯᠠᠩ︾᠂ ︽ᠮᠡᠳᠡᠭᠡ ᠵᠠᠩᠭᠢ ᠶᠢᠨ ᠳᠤᠭᠤᠶᠢᠯᠠᠩ︾᠂ ︽ᠲᠤᠰᠬᠠᠢ ᠲᠡᠷᠭᠡᠨ ᠠᠩᠭᠢ︾ | ᠂ ︽ ᠺᠣᠷᠤᠨᠠ ᠸᠢᠷᠦ᠋ᠰ ᠤᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠲᠤᠰᠠᠭᠠᠷᠯᠠᠬᠤ ᠪᠠᠭᠤᠳᠠᠯ ᠤᠨ | ᠦᠢᠯᠡᠴᠢᠯᠡᠭᠡᠨ ᠤ ᠪᠠᠲᠤᠯᠠᠭ᠎ᠠ ᠶᠢᠨ ᠳᠤᠭᠤᠶᠢᠯᠠᠩ︾ ᠵᠡᠷᠭᠡ ᠠᠷᠪᠠ ᠭᠠᠷᠤᠢ ᠳᠤᠭᠤᠶᠢᠯᠠᠩ᠂ ᠺᠣᠷᠤᠨᠠ ᠸᠢᠷᠦ᠋ᠰ ᠤᠨ | ᠬᠠᠯᠳᠠᠪᠤᠷᠢᠯᠠᠯ ᠤᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠬᠢᠨᠠᠨ ᠬᠡᠮᠵᠢᠬᠦ᠂ ᠤᠷᠢᠳᠴᠢᠯᠠᠨ | ᠰᠡᠷᠡᠮᠵᠢᠯᠡᠭᠦᠯᠬᠦ ᠪᠠ ᠮᠡᠳᠡᠭᠦᠯᠬᠦ ᠬᠠᠮᠢᠶᠠᠷᠤᠯᠲᠠ ᠶᠢᠨ ᠳᠦᠷᠢᠮ ᠵᠢᠴᠢ ᠶᠠᠪᠤᠴᠠ ᠶᠢ ᠨᠠᠷᠢᠨ ᠲᠣᠳᠣᠷᠬᠠᠢ ᠲᠣᠭᠲᠠᠭᠠᠵᠤ᠂ | ᠺᠣᠷᠤᠨᠠ ᠸᠢᠷᠦ᠋ᠰ ᠤᠨ ᠭᠡᠨᠡᠳᠲᠡ ᠶᠢᠨ ᠬᠡᠷᠡᠭ ᠢ ᠴᠠᠭ ᠲᠤᠬᠠᠢ ᠳᠤᠨᠢ ᠠᠷᠭᠠᠴᠠᠬᠤ ᠶᠢ ᠪᠠᠲᠤᠯᠠᠪᠠ᠃ | ᠣᠳᠣᠬᠠᠨ ᠳᠤ ᠡᠮᠨᠡᠯᠭᠡ ᠶᠢᠨ ᠬᠤᠷᠢᠶᠠᠨ ᠤ ᠳᠣᠲᠣᠷᠠᠬᠢ ᠬᠠᠯᠳᠠᠪᠤᠷᠢᠲᠤ ᠡᠪᠡᠳᠴᠢᠨ ᠤ ᠠᠰᠠᠷ ᠢ ᠨᠢᠭᠡᠨᠲᠡ | ᠥᠭᠡᠷᠡᠴᠢᠯᠡᠵᠦ ᠥᠷᠭᠡᠳᠬᠡᠨ ᠪᠠᠶᠢᠭᠤᠯᠵᠤ ᠳᠠᠭᠤᠰᠬᠠᠪᠠ᠂ ᠡᠭᠦᠨ ᠳᠤ 3 ᠳᠠᠷᠤᠯᠲᠠ ᠲᠠᠢ ᠡᠪᠡᠳᠴᠢᠲᠡᠨ ᠤ ᠥᠷᠥᠭᠡ᠂ | 14 ᠲᠤᠰᠠᠭᠠᠷᠯᠠᠬᠤ ᠡᠪᠡᠳᠴᠢᠲᠡᠨ ᠤ ᠥᠷᠥᠭᠡ ᠲᠣᠬᠢᠷᠠᠭᠤᠯᠵᠤ᠂ ᠡᠪᠡᠳᠴᠢᠲᠡᠨ ᠤ ᠥᠷᠥᠭᠡ ᠶᠢ ᠥᠭᠡᠷᠡᠴᠢᠯᠡᠬᠦ | ᠮᠠᠲ᠋ᠧᠷᠢᠶᠠᠯ ᠢ ᠭᠦᠢᠴᠡᠳ ᠪᠡᠯᠡᠳᠬᠡᠵᠦ᠂ ︽ᠬᠤᠸᠠᠳᠧ ᠰᠢᠶᠠᠨ ᠤ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠺᠣᠷᠤᠨᠠ | ᠸᠢᠷᠦ᠋ᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ 24 ᠴᠠᠭ ᠤᠨ ᠪᠦᠬᠦᠶᠢᠯᠡ ᠡᠪᠡᠳᠴᠢᠲᠡᠨ ᠤ | ᠥᠷᠥᠭᠡ ᠶᠢᠨ ᠠᠭᠠᠷ ᠲᠤ ᠳᠡᠭᠳᠡᠬᠦ ᠶᠢ ᠪᠠᠴᠢᠮ ᠠᠷᠭᠠᠴᠠᠬᠤ ᠲᠥᠰᠥᠯ︾ ᠢ ᠲᠣᠭᠲᠠᠭᠠᠵᠤ᠂ ᠬᠡᠷᠡᠭᠴᠡᠭᠡ ᠪᠠᠨ | ᠦᠨᠳᠦᠰᠦᠯᠡᠨ᠂ ᠲᠣᠭᠲᠠᠭᠰᠠᠨ ᠴᠠᠭ ᠤᠨ ᠳᠣᠲᠣᠷ᠎ᠠ ᠡᠪᠡᠳᠴᠢᠲᠡᠨ ᠢ ᠰᠢᠯᠵᠢᠭᠦᠯᠬᠦ᠂ ᠡᠪᠡᠳᠴᠢᠲᠡᠨ ᠤ ᠥᠷᠥᠭᠡ ᠶᠢ | ᠥᠭᠡᠷᠡᠴᠢᠯᠡᠬᠦ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ | ᠡᠭᠦᠷᠭᠡ ᠶᠢ ᠪᠠᠲᠤᠯᠠᠭ᠎ᠠ ᠲᠠᠢ ᠪᠡᠶᠡᠯᠡᠭᠦᠯᠦᠨ᠎ᠡ᠃ | ᠰᠤᠷᠪᠤᠯᠵᠢᠯᠠᠭᠴᠢ᠄ ᠰᠢᠨ᠎ᠡ ᠺᠣᠷᠤᠨᠠ ᠸᠢᠷᠦ᠋ᠰ ᠤᠨ ᠬᠢᠵᠢᠭ ᠤᠨ ᠪᠠᠶᠢᠳᠠᠯ ᠤᠨ ᠡᠮᠦᠨ᠎ᠡ ᠡᠮᠨᠡᠯᠭᠡ ᠶᠢᠨ ᠠᠵᠢᠯᠲᠠᠳ | ᠪᠣᠯ ᠨᠢᠭᠡᠳᠦᠭᠡᠷ ᠹᠷᠣᠨᠲ ᠲᠤ ᠪᠠᠶᠢᠯᠳᠤᠵᠤ ᠪᠠᠶᠢᠭ᠎ᠠ ᠶᠤᠮ᠂ ᠮᠠᠨ ᠤ ᠠᠷᠠᠳ ᠲᠦᠮᠡᠨ ᠲᠠ ᠨᠠᠷ ᠢ ᠬᠡᠷᠬᠢᠨ | ᠬᠠᠪᠰᠤᠷᠬᠤ ᠪᠤᠶ ᠂ ᠲᠠ ᠣᠯᠠᠨ ᠲᠦᠮᠡᠨ ᠳᠤ ᠡᠳᠦᠢ ᠲᠡᠳᠦᠢ ᠰᠠᠨᠠᠭᠤᠯᠭ᠎ᠠ ᠥᠭᠴᠦ᠂ ᠶᠠᠭᠠᠬᠢᠵᠤ ᠬᠢᠪᠡᠯ ᠬᠢᠵᠢᠭ ᠤᠨ | ᠪᠠᠶᠢᠳᠠᠯ ᠢ ᠢᠯᠠᠨ ᠳᠠᠪᠠᠭ᠋ᠤ ᠳᠤ ᠪᠢᠳᠡᠨᠤᠰ ᠪᠠᠭ᠎ᠠ ᠴᠤ ᠭᠡᠰᠡᠨ ᠬᠤᠪᠢ ᠨᠡᠮᠡᠷᠢ ᠪᠠᠨᠦᠵᠡᠭᠦᠯᠵᠦ ᠴᠢᠳᠠᠬᠤ ᠪᠤᠢ︖ | ᠯᠢ ᠶᠢᠦ ᠄ ᠰᠢᠨ᠎ᠡ ᠺᠣᠷᠤᠨᠠ ᠸᠢᠷᠦ᠋ᠰ ᠤᠨ ᠬᠢᠵᠢᠭ ᠦᠨᠪᠠᠶᠢᠳᠠᠯ ᠤᠨ ᠡᠮᠦᠨ᠎ᠡ᠂ ᠮᠠᠰᠢ ᠣᠯᠠᠨ ᠨᠢᠭᠡᠴᠡ ᠪᠣᠯᠣᠨ | ᠬᠤᠪᠢ ᠬᠥᠮᠥᠨ ᠴᠥᠮ ᠰᠢᠨ᠎ᠡ ᠺᠣᠷᠤᠨᠠ ᠸᠢᠷᠦ᠋ᠰ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠣᠷᠣᠯᠴᠠᠵᠤ᠂ | ᠡᠮᠨᠡᠯᠭᠡ ᠶᠢᠨ ᠠᠵᠢᠯᠲᠠᠳ ᠯᠠ ᠵᠦᠳᠡᠷᠡᠵᠦ ᠪᠠᠶᠢᠭ᠎ᠠ ᠪᠢᠰᠢ᠃ ᠰᠠᠨᠠᠭᠤᠯᠭ᠎ᠠ ᠶᠢᠨ ᠲᠠᠯ᠎ᠠ ᠪᠠᠷ᠂ ᠪᠢ ᠠᠳᠡ ᠳᠥᠭᠦᠮᠬᠡᠨ | ᠰᠢᠭ ᠶᠠᠷᠢᠶ᠎ᠠ᠂ ᠶᠠᠭᠤᠨ ᠤ ᠡᠮᠦᠨ᠎ᠡ ᠪᠢᠳᠡ ᠭᠠᠳᠠᠭᠰᠢ ᠭᠠᠷᠬᠤ ᠳᠠᠭᠠᠨ ᠵᠠᠪᠠᠯ ᠬᠤᠪᠢ ᠬᠥᠮᠥᠨ ᠤ ᠬᠠᠮᠠᠭᠠᠯᠠᠯᠲᠠ ᠶᠢᠨ | ᠠᠵᠢᠯ ᠢ ᠰᠠᠶᠢᠲᠤᠷ ᠬᠢᠵᠦ᠂ ᠡᠮᠴᠢᠯᠡᠭᠡᠨ ᠳᠤ ᠬᠡᠷᠡᠭᠯᠡᠬᠦ ᠭᠠᠳᠠᠷ ᠰᠠᠯᠠᠭᠠᠨ ᠤ ᠠᠮᠠᠪᠴᠢ ᠶᠢ ᠰᠢᠨᠵᠢᠯᠡᠬᠦ ᠤᠬᠠᠭᠠᠨᠴᠢ ᠪᠠᠷ | ᠂ ᠪᠦᠲᠦᠮᠵᠢᠲᠡᠶ ᠪᠠᠷ ᠰᠠᠶᠢᠲᠤᠷ ᠵᠡᠭᠦᠬᠦ ᠬᠡᠷᠡᠭᠲᠡᠢ︔ ᠬᠤᠶᠠᠳᠤᠭᠠᠷ ᠲᠤ᠂ ᠥᠪᠡᠷ ᠤᠨ ᠡᠳᠦᠷ ᠪᠦᠷᠢ ᠶᠢᠨ | ᠠᠶᠠᠯᠠᠯ ᠢᠶᠠᠨ ᠨᠠᠷᠢᠨ ᠨᠢᠭᠲᠠ ᠲᠡᠮᠳᠡᠭᠯᠡᠵᠦ᠂ ᠶᠠᠮᠠᠷ ᠬᠥᠮᠥᠰ ᠲᠠᠢ ᠣᠶᠢᠷᠠᠲᠤᠭᠰᠠᠨ᠂ ᠰᠢᠨ᠎ᠡ ᠺᠣᠷᠤᠨᠠ ᠸᠢᠷᠦ᠋ᠰ ᠤᠨ | ᠬᠢᠵᠢᠭ ᠤᠨ ᠭᠡᠨᠡᠳᠲᠡ ᠶᠢᠨ ᠬᠡᠷᠡᠭ ᠡᠭᠦᠰᠪᠡᠯ᠂ ᠠᠵᠢᠯᠲᠠᠳ ᠤᠨ ᠨᠢᠭᠲᠠ ᠣᠶᠢᠷᠠᠲᠤᠭᠰᠠᠳ ᠪᠠ ᠳᠡᠳ᠋ ᠨᠢᠭᠲᠠ | ᠣᠶᠢᠷᠠᠲᠤᠭᠰᠠᠳ ᠢ ᠲᠦᠷᠭᠡᠨ ᠪᠥᠭᠡᠳ ᠣᠨᠣᠪᠴᠢᠲᠠᠶ ᠨᠡᠬᠡᠮᠵᠢᠯᠡᠨ ᠪᠠᠶᠢᠴᠠᠭᠠᠬᠤ ᠳᠤ ᠲᠥᠬᠦᠮ ᠦᠵᠡᠭᠦᠯᠵᠦ᠂ | ᠬᠢᠵᠢᠭ ᠤᠨ ᠤᠯᠠᠮ ᠨᠢᠭᠡ ᠠᠯᠬᠤᠮ ᠳᠡᠯᠭᠡᠷᠡᠬᠦ ᠠᠴᠠ ᠵᠠᠶᠢᠯᠠᠰᠬᠢᠬᠦ ᠬᠡᠷᠡᠭᠲᠡᠢ︔ ᠭᠤᠷᠪᠠᠳᠤᠭᠠᠷ ᠲᠤ᠂ | ᠣᠯᠠᠨ ᠢᠶᠠᠷ ᠢᠶᠠᠨ ᠴᠢᠬᠤᠯᠠ ᠦᠭᠡᠢ ᠪᠣᠯ ᠭᠠᠳᠠᠭᠰᠢ ᠭᠠᠷᠬᠤ ᠦᠭᠡᠢ ᠪᠠᠶᠢᠬᠤ ᠬᠡᠷᠡᠭᠲᠡᠢ᠂ ᠪᠠᠴᠢᠮ ᠤᠴᠢᠷ ᠲᠠᠢ ᠪᠤᠶᠤ | ᠣᠨᠴᠠᠭᠠᠶ ᠴᠢᠬᠤᠯᠠ ᠤᠴᠢᠷ ᠲᠠᠢ ᠪᠣᠯᠣᠭᠠᠳ ᠦᠨᠡᠬᠡᠷ ᠭᠠᠳᠠᠭᠰᠢ ᠭᠠᠷᠬᠤ ᠴᠢᠬᠤᠯᠠᠲᠠᠢ ᠪᠠᠶᠢᠪᠠᠯ᠂ ᠵᠠᠪᠠᠯ ᠬᠤᠪᠢ | ᠬᠥᠮᠥᠨ ᠤ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠵᠦ᠂ ᠠᠶᠠᠨ ᠵᠠᠮ ᠢᠶᠠᠨ ᠨᠠᠷᠢᠨ ᠲᠡᠮᠳᠡᠭᠯᠡᠵᠦ᠂ ᠥᠪᠡᠷ ᠤᠨ | ᠪᠠᠶᠢᠭ᠎ᠠ ᠭᠠᠵᠠᠷ᠂ ᠵᠣᠷᠢᠭᠰᠠᠨ ᠭᠠᠵᠠᠷ ᠤᠨ ᠬᠢᠵᠢᠭ ᠤᠨ ᠪᠠᠶᠢᠳᠠᠯ ᠢ ᠴᠠᠭ ᠲᠤᠬᠠᠢ ᠳᠤᠨᠢ ᠠᠩᠬᠠᠷᠴᠤ᠂ ᠰᠣᠯᠪᠢᠴᠠᠨ | ᠬᠠᠯᠳᠠᠪᠤᠷᠢᠯᠠᠬᠤ ᠠᠴᠠ ᠵᠠᠶᠢᠯᠠᠰᠬᠢᠬᠦ ᠬᠡᠷᠡᠭᠲᠡᠢ ︔ ᠳᠥᠷᠪᠡᠳᠦᠭᠡᠷ ᠲᠤ᠂ ᠥᠪᠡᠷ ᠢᠶᠠᠨ ᠳᠤᠮᠳᠠ ᠵᠡᠷᠭᠡ ᠶᠢᠨ ᠠᠶᠤᠯ | ᠲᠦᠭᠰᠢᠭᠦᠷᠢ ᠶᠡᠬᠡᠲᠡᠢ ᠭᠠᠵᠠᠷ ᠵᠢᠭᠤᠯᠴᠢᠯᠠᠨ ᠰᠠᠭᠤᠭᠰᠠᠨ ᠲᠡᠦᠬᠡ ᠲᠠᠢ᠂ ᠣᠨᠣᠰᠢᠯᠠᠭᠰᠠᠨ ᠡᠪᠡᠳᠴᠢᠨ ᠤ ᠵᠢᠱᠢᠶ᠎ᠡ | ᠪᠤᠶᠤ ᠨᠢᠭᠲᠠ ᠣᠶᠢᠷᠠᠲᠤᠭᠰᠠᠳ ᠲᠠᠢ ᠠᠶᠠᠨ ᠵᠠᠮ ᠨᠢ ᠳᠠᠪᠬᠤᠴᠠᠵᠤ ᠪᠠᠶᠢᠬᠤ ᠶᠢ ᠣᠯᠵᠤ ᠮᠡᠳᠡᠪᠡᠯ᠂ ᠵᠠᠪᠠᠯ ᠴᠠᠭ | ᠲᠤᠬᠠᠢ ᠳᠤᠨᠢ ᠳᠡᠭᠡᠭᠰᠢ ᠮᠡᠳᠡᠭᠦᠯᠵᠦ᠂ ᠠᠵᠢᠯᠲᠠᠳ ᠲᠠᠢ ᠢᠳᠡᠪᠬᠢᠲᠡᠢ ᠬᠠᠮᠵᠢᠯᠴᠠᠨ ᠵᠢᠭᠰᠠᠭᠠᠨ ᠪᠠᠶᠢᠴᠠᠭᠠᠬᠤ ᠬᠡᠷᠡᠭᠲᠡᠢ | ᠃ | ᠪᠢᠳᠠ ᠪᠦᠭᠦᠳᠡᠭᠡᠷ ᠢᠶᠠᠨ ᠭᠠᠷ ᠬᠤᠯᠪᠣᠨ ᠰᠡᠳᠬᠢᠯ ᠢᠶᠠᠨ ᠨᠢᠭᠡᠳᠬᠡᠵᠦ ᠂ ᠬᠦᠴᠢᠷ ᠪᠡᠷᠬᠡ ᠶᠢ ᠬᠠᠮᠲᠤᠪᠠᠷ | ᠲᠤᠭᠤᠯᠵᠤ ᠂ ᠰᠢᠨ᠎ᠡ ᠺᠣᠷᠤᠨᠠ ᠸᠢᠷᠦ᠋ᠰ ᠤᠨ ᠬᠢᠵᠢᠭ ᠤᠨ ᠪᠠᠶᠢᠳᠠᠯ ᠢ ᠪᠦᠬᠦ ᠲᠠᠯ᠎ᠠ ᠪᠠᠷ ᠢᠯᠠᠨ ᠳᠠᠪᠠᠭ᠋ᠤ ᠳᠤ | ᠥᠪᠡᠷ ᠤᠨ ᠬᠤᠪᠢ ᠨᠡᠮᠡᠷᠢ ᠪᠠᠨ ᠦᠵᠡᠭᠦᠯᠦᠶ᠎ᠡ ᠃ | ᠣᠷᠴᠢᠭᠤᠯᠤᠭᠴᠢ᠄ ᠣᠳᠣᠨᠭᠡᠷᠡᠯ | ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ | |