ᠮᠠᠨ ᠤ ᠰᠢᠶᠠᠨ ᠤ ᠠᠷᠠᠳ ᠤᠨ ᠡᠮᠨᠡᠯᠭᠡ ᠶᠢᠨ ᠬᠤᠷᠢᠶᠠᠨ ᠤ ︽ᠬᠠᠮᠤᠭ ᠭᠤᠶᠤ ᠰᠦᠷᠦᠨ ᠤᠷᠤᠭᠰᠢᠯᠠᠭᠴᠢᠳ︾ ᠤᠨ ᠬᠥᠬᠡᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠲᠤᠰᠠᠯᠠᠬᠤ ᠪᠠᠷ ᠶᠠᠪᠤᠭᠰᠠᠨ ᠡᠮᠴᠢᠯᠡᠭᠡᠨ ᠤ ᠠᠩᠭᠢ ᠶᠢᠨ ᠠᠮᠤᠷ ᠮᠡᠨᠳᠦ ᠠᠮᠵᠢᠯᠲᠠ ᠲᠠᠢ ᠪᠠᠷ ᠪᠤᠴᠠᠵᠤ ᠢᠷᠡᠪᠡ
ᠨᠡᠶᠢᠲᠡᠯᠡᠭᠰᠡᠨ ᠴᠠᠭ᠄
2022/3/16
   ᠰᠥᠨᠢ ᠳᠦᠯᠢ ᠪᠠᠷ ᠴᠤᠭᠯᠠᠷᠠᠵᠤ ᠬᠢᠵᠢᠭ ᠢ ᠡᠰᠡᠷᠭᠦᠴᠡᠬᠦ ᠪᠠᠷ ᠮᠣᠷᠳᠠᠵᠤ ᠂ ᠬᠠᠪᠤᠷ ᠤᠨ ᠬᠦᠢᠲᠡᠨ ᠳ᠋ᠦ‌ᠠᠵᠢᠯ ᠤᠨ ᠪᠠᠶᠢᠷᠢ ᠪᠠᠨ ᠰᠠᠬᠢᠬᠤ ᠪᠣᠯ ᠲᠠ ᠨᠠᠷ ᠤᠨ ᠬᠦᠴᠢᠷ ᠪᠡᠷᠬᠡᠰᠢᠶᠡᠯ ᠲᠠᠢ ᠣᠷᠴᠢᠨ ᠲᠣᠭᠤᠷᠢᠨ ᠳᠤ ᠸᠢᠷᠦ᠋ᠰ ᠲᠠᠢ ᠲᠡᠮᠡᠴᠡᠵᠦ ᠪᠠᠶᠢᠭ᠎ᠠ ᠶᠠᠪᠤᠳᠠᠯ ᠮᠥᠨ᠂ ᠲᠠ ᠨᠠᠷ ᠪᠣᠯ ᠬᠠᠮᠤᠭ ᠤᠨ ᠭᠤᠶᠤ ᠲᠡᠭᠷᠢ ᠶᠢᠨ ᠡᠯᠴᠢ ᠮᠥᠨ᠂ ᠲᠠ ᠨᠠᠷ ᠪᠣᠯ ᠬᠠᠮᠤᠭ ᠤᠨ ᠬᠠᠳᠠᠨ ᠵᠣᠷᠢᠭᠲᠤ ᠪᠠᠶᠢᠯᠳᠤᠭᠴᠢ ᠂ ᠦᠵᠡᠰᠬᠦᠯᠡᠩᠲᠦ ᠰᠠᠶᠢᠬᠠᠨ ︽ ᠰᠦᠷᠦᠨ ᠤᠷᠤᠭᠰᠢᠯᠠᠭᠴᠢᠳ︾ ᠮᠥᠨ᠂ ᠲᠠ ᠨᠠᠷ ᠤᠨ ᠭᠡᠷ ᠲᠡᠭᠡᠨ ᠬᠠᠷᠢᠵᠤ ᠢᠷᠡᠭᠰᠡᠨ ᠢ ᠪᠠᠶᠠᠷᠯᠠᠨ ᠤᠭᠲᠤᠵᠤ ᠪᠠᠶᠢᠨ᠎ᠠ ᠂ ᠲᠠ ᠨᠠᠷ ᠪᠣᠯ ᠪᠢᠳᠡᠨ ᠤ ᠣᠮᠣᠭᠰᠢᠯ ᠮᠥᠨ᠂ ᠪᠢᠳᠡ ᠲᠠ ᠨᠠᠷ ᠪᠠᠷ ᠢᠶᠠᠨ ᠣᠮᠣᠭᠰᠢᠨ᠎ᠠ ︕
01.jpg
02.jpg
03.jpg
04.jpg
   2 ᠰᠠᠷ᠎ᠠ ᠶᠢᠨ 21 ᠤ ᠡᠳᠦᠷ᠂ ᠮᠠᠨ ᠤ ᠰᠢᠶᠠᠨ ᠤ ᠠᠷᠠᠳ ᠤᠨ ᠡᠮᠨᠡᠯᠭᠡ ᠶᠢᠨ ᠬᠤᠷᠢᠶ᠎ᠠ 20 ᠡᠮᠴᠢ ᠰᠤᠪᠢᠯᠠᠭᠴᠢ ᠶᠢ ᠪᠠᠴᠢᠮ ᠵᠣᠬᠢᠶᠠᠨ ᠪᠠᠶᠢᠭᠤᠯᠵᠤ ᠬᠥᠬᠡᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠲᠤᠰᠠᠯᠠᠪᠠ᠃ ᠨᠡᠩ ᠣᠯᠠᠨ ᠬᠥᠮᠥᠨ ᠤ ᠠᠮᠤᠷ ᠲᠦᠪᠰᠢᠨ ᠤ ᠲᠥᠯᠥᠭᠡ᠂ ᠲᠡᠳᠡ ᠬᠠᠯᠠᠭᠤᠨ ᠳᠤᠯᠠᠭᠠᠨ ᠭᠡᠷ ᠪᠦᠯᠢ ᠠᠴᠠ ᠪᠠᠨ ᠰᠠᠯᠵᠤ᠂ ᠬᠢᠵᠢᠭ ᠤᠨ ᠪᠠᠶᠢᠳᠠᠯ ᠢ ᠡᠰᠡᠷᠭᠦᠴᠡᠬᠦ ᠨᠢᠭᠡᠳᠦᠭᠡᠷ ᠹᠷᠣᠨᠲ ᠲᠤ ᠡᠷᠡᠰ ᠰᠢᠭᠤᠷᠬᠠᠢ ᠪᠠᠷ ᠳᠠᠭᠠᠷᠢᠨ ᠣᠷᠣᠪᠠ᠃ ᠸᠢᠷᠦ᠋ᠰ ᠤᠨ ᠰᠦᠷᠳᠡᠭᠦᠯᠦᠯ ᠠᠴᠠ ᠠᠶᠤᠬᠤ ᠦᠭᠡᠢ᠂ ᠣᠷᠴᠢᠨ ᠲᠣᠭᠤᠷᠢᠨ ᠤ ᠬᠦᠴᠢᠷ ᠪᠡᠷᠬᠡᠰᠢᠶᠡᠯ ᠠᠴᠠ ᠠᠶᠤᠬᠤ ᠦᠭᠡᠢ᠃ 21 ᠡᠳᠦᠷ ᠰᠥᠨᠢ ᠶᠢᠨ ᠰᠢᠷᠭᠠᠭᠤ ᠬᠠᠲᠠᠭᠤᠵᠢᠯᠲᠠᠢ ᠪᠠᠶᠢᠯᠳᠤᠭᠠᠨ ᠢ ᠦᠷᠭᠦᠯᠵᠢᠯᠡᠭᠦᠯᠵᠦ ᠂ 2022 ᠣᠨ ᠤ 3 ᠰᠠᠷ᠎ᠠ ᠶᠢᠨ 14  ᠤ ᠡᠳᠦᠷ ᠮᠠᠨ ᠤ ᠰᠢᠶᠠᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠬᠥᠬᠡᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠤᠰᠠᠯᠠᠬᠤ ᠪᠠᠷ ᠣᠴᠢᠭᠰᠠᠨ ᠡᠮᠴᠢᠯᠡᠭᠡᠨ ᠤ ᠠᠩᠭᠢ  ᠨᠢ ᠲᠤᠰᠠᠯᠠᠨ ᠳᠡᠮᠵᠢᠬᠦ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠦ ᠂ ᠠᠮᠤᠷ ᠮᠡᠨᠳᠦ ᠠᠮᠵᠢᠯᠲᠠ ᠲᠠᠢ ᠪᠠᠷ ᠪᠤᠴᠠᠵᠤ ᠢᠷᠡᠪᠡ ᠃
05.jpg
06.jpg
07.jpg
   ᠳᠡᠳ᠋ ᠬᠤᠷᠢᠶᠠᠨ ᠳᠠᠷᠤᠭ᠎ᠠ ᠯᠢᠦ ᠬᠦᠢ ᠰᠢᠶᠠᠩ ᠪᠡᠶ᠎ᠡ ᠪᠠᠷ ᠢᠶᠠᠨ ᠪᠦᠯᠬᠦᠮ ᠳᠠᠭᠠᠭᠤᠯᠵᠤ ᠂ ᠠᠯᠪᠠᠨ ᠭᠡᠷ ᠤᠨ ᠡᠷᠬᠢᠯᠡᠭᠴᠢ ᠷᠦ᠋ ᠴᠢᠩ ᠴᠢᠤᠸᠠᠨ᠂ ᠰᠤᠪᠢᠯᠠᠯᠲᠠ ᠶᠢᠨ ᠬᠡᠯᠲᠡᠰ ᠤᠨ ᠳᠡᠳ᠋ ᠡᠷᠬᠢᠯᠡᠭᠴᠢ ᠰᠦ ᠶᠠᠩ ᠬᠠᠮᠲᠤ ᠶᠠᠪᠤᠯᠴᠠᠵᠤ᠂ ᠤᠯᠠᠭᠠᠨᠴᠠᠪ ᠬᠤᠳᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠳᠤ ᠬᠦᠷᠴᠦ ᠬᠢᠵᠢᠭ ᠢ ᠡᠰᠡᠷᠭᠦᠴᠡᠭᠰᠡᠨ ᠪᠠᠭᠠᠲᠤᠷᠴᠤᠳ ᠢᠶᠠᠨ  ᠤᠭᠲᠤᠨ ᠠᠪᠴᠤ ᠭᠡᠷ ᠲᠡᠭᠡᠨ ᠲᠣᠰᠴᠤ ᠢᠷᠡᠪᠡ᠃
08.jpg
09.jpg
   ᠬᠤᠷᠢᠶᠠᠨ ᠳᠠᠷᠤᠭ᠎ᠠ ᠯᠢ ᠶᠢᠦ ᠡᠮᠨᠡᠯᠭᠡ ᠶᠢᠨ ᠬᠤᠷᠢᠶᠠᠨ ᠤ ᠤᠳᠤᠷᠢᠳᠬᠤ ᠪᠠᠭ ᠢ ᠳᠠᠭᠠᠭᠤᠯᠤᠨ ᠡᠮᠨᠡᠯᠭᠡ ᠶᠢᠨ ᠬᠤᠷᠢᠶᠠᠨ ᠳᠤ ᠬᠦᠷᠴᠦ ᠡᠮᠴᠢᠯᠡᠭᠡᠨ ᠤ ᠠᠩᠭᠢ ᠳᠤ ᠳᠥᠭᠦᠮᠬᠡᠨ ᠤᠭᠲᠤᠬᠤ ᠶᠣᠰᠣᠯᠠᠯ ᠵᠣᠬᠢᠶᠠᠨ ᠪᠠᠶᠢᠭᠤᠯᠵᠤ᠂ ᠡᠷᠡᠭᠦᠯ ᠡᠩᠬᠡ ᠶᠢᠨ ᠡᠯᠴᠢ ᠨᠠᠷ ᠤᠨ ᠠᠮᠤᠷ ᠮᠡᠨᠳᠦ ᠠᠮᠵᠢᠯᠲᠠ ᠲᠠᠢ ᠪᠠᠷ ᠪᠤᠴᠠᠵᠤ ᠢᠷᠡᠭᠰᠡᠨ ᠢ ᠪᠡᠯᠭᠡᠯᠡᠵᠡᠢ᠃ ᠯᠢ ᠶᠢᠤ ᠬᠤᠷᠢᠶᠠᠨ ᠳᠠᠷᠤᠭ᠎ᠠ ᠲᠡᠳᠡᠨ ᠤ ᠠᠮᠢ ᠨᠠᠰᠤ ᠡᠷᠬᠢᠮ ᠳᠡᠭᠡᠳᠦ᠂ ᠰᠦᠷᠳᠡᠯ ᠦᠭᠡᠢ ᠪᠠᠷ ᠰᠥᠷᠴᠦ ᠶᠠᠪᠤᠳᠠᠭ᠂ ᠬᠤᠪᠢ ᠵᠠᠶᠠᠭ᠎ᠠ ᠪᠠᠨ ᠬᠠᠮᠲᠤᠳᠬᠠᠬᠤ ᠬᠢᠵᠢᠭ ᠢ ᠡᠰᠡᠷᠭᠦᠴᠡᠬᠦ ᠵᠣᠷᠢᠭ ᠰᠠᠨᠠᠭ᠎ᠠ ᠶᠢ ᠭᠦᠢᠴᠡᠳ ᠨᠤᠲᠠᠯᠠᠵᠠᠢ᠃ ᠣᠯᠠᠨ ᠢᠶᠠᠷ ᠢᠶᠠᠨ ᠰᠠᠶᠢᠲᠤᠷ ᠠᠮᠠᠷᠠᠵᠤ᠂ ᠭᠡᠷ ᠤᠨ ᠬᠥᠮᠥᠰ ᠲᠠᠢ ᠪᠠᠨ ᠰᠠᠶᠢᠲᠤᠷ ᠠᠭᠤᠯᠵᠠᠯᠳᠤᠵᠤ᠂ ᠡᠳᠦᠷ ᠪᠦᠷᠢ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢᠨ ᠠᠵᠢᠯ ᠢ ᠰᠠᠶᠢᠲᠤᠷ ᠬᠢᠵᠦ᠂ ᠠᠵᠢᠯ ᠤᠨ ᠪᠠᠶᠢᠷᠢ ᠳᠠᠭᠠᠨ ᠪᠤᠴᠠᠭᠰᠠᠨ ᠤ ᠳᠠᠷᠠᠭ᠎ᠠ ᠦᠷᠭᠦᠯᠵᠢᠯᠡᠨ ᠵᠣᠷᠢᠭ ᠰᠠᠨᠠᠭ᠎ᠠ ᠪᠠᠨ ᠪᠠᠳᠠᠷᠠᠭᠤᠯᠵᠤ᠂ ᠣᠯᠠᠨ ᠲᠦᠮᠡᠨ ᠤ ᠡᠷᠡᠭᠦᠯ ᠮᠡᠨᠳᠦ᠂ ᠡᠮᠨᠡᠯᠭᠡ ᠶᠢᠨ ᠬᠤᠷᠢᠶᠠᠨ ᠤ ᠬᠥᠭᠵᠢᠯᠲᠡ ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠵᠠᠬᠢᠪᠠ᠃
10.jpg
   ᠲᠠ ᠨᠠᠷ ᠤᠯᠠᠨ ᠲᠦᠮᠡᠨ ᠤ ᠡᠷᠡᠭᠦᠯ ᠮᠡᠨᠳᠤ ᠶᠢᠨ ᠲᠥᠯᠥᠭᠡ ᠬᠠᠯᠠᠭᠤᠨ ᠳᠤᠯᠠᠭᠠᠨ ᠠᠮᠤᠷ ᠵᠢᠮᠤᠷ ᠠᠮᠢᠳᠤᠷᠠᠯ ᠢᠶᠠᠨ ᠲᠠᠶᠠᠭᠳᠠᠵᠤ᠂ ᠲᠠ ᠨᠠᠷ ᠸᠢᠷᠦ᠋ᠰ ᠲᠠᠢ ᠲᠡᠮᠡᠴᠡᠬᠦ ᠶᠢᠨ ᠡᠮᠦᠨ᠎ᠡ ᠹᠷᠣᠨᠲ ᠲᠤ ᠭᠠᠪᠰᠢᠭᠠᠶᠢᠯᠠᠨ᠂ ᠲᠠ ᠨᠠᠷ ᠡᠮᠨᠡᠯᠭᠡ ᠶᠢᠨ ᠠᠵᠢᠯᠲᠠᠨ ᠤ ᠬᠠᠷᠢᠭᠤᠴᠠᠯᠭ᠎ᠠ ᠪᠠ ᠡᠭᠦᠷᠭᠡᠯᠡᠯ ᠭᠡᠭᠴᠢ ᠶᠠᠭᠤ ᠪᠣᠯᠬᠤ ᠶᠢ ᠤᠯᠠᠨ ᠳᠤ ᠮᠡᠳᠡᠭᠦᠯᠦᠯ᠎ᠡ᠂ ︽ᠬᠢᠵᠢᠭ︾ ᠢ ᠳᠠᠷᠤᠭᠴᠢ ᠲᠡᠭᠷᠢ ᠶᠢᠨ ᠡᠯᠴᠢ ᠨᠠᠷ ᠲᠠᠭᠠᠨ ᠬᠦᠨᠳᠦᠳᠬᠡᠯ ᠳᠡᠪᠰᠢᠭᠦᠯᠵᠦ ᠪᠠᠶᠢᠨ᠎ᠠ ᠂ ᠭᠡᠷ ᠲᠡᠭᠡᠨ ᠬᠠᠷᠢᠭᠰᠠᠨ ᠢ ᠪᠠᠶᠠᠷᠯᠠᠨ ᠤᠭᠲᠤᠵᠤ ᠪᠠᠶᠢᠨ᠎ᠠ ᠂ ᠲᠠ ᠨᠠᠷ ᠵᠦᠳᠡᠷᠡᠯ᠎ᠡ ︕        ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ        ᠣᠷᠴᠢᠭᠤᠯᠤᠭᠴᠢ᠄ ᠣᠳᠣᠨᠭᠡᠷᠡᠯᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2