| ᠵᠡᠮᠳᠡᠭᠴᠦᠳ ᠤᠨ ᠶᠠᠳᠠᠭᠤ ᠠᠴᠠ ᠠᠩᠭᠢᠵᠢᠷᠠᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠵᠡᠮᠳᠡᠭᠴᠦᠳ ᠤᠨ | ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠦᠯᠦᠭᠡ᠂ ᠣᠶᠢᠷ᠎ᠠ ᠶᠢᠨ ᠵᠢᠯ ᠠᠴᠠ᠂ ᠮᠠᠨ ᠤ ᠰᠢᠶᠠᠨ | ︽ᠵᠠᠰᠠᠭ ᠤᠨ ᠣᠷᠳᠣᠨ + ᠠᠵᠤ ᠠᠬᠤᠶᠢᠯᠠᠯ︾ ᠢᠶᠠᠷ ᠵᠡᠮᠳᠡᠭᠴᠦᠳ ᠢ ᠬᠠᠪᠰᠤᠷᠤᠨ ᠣᠶᠢᠷ᠎ᠠ ᠬᠠᠪᠢ ᠳᠠᠭᠠᠨ ᠠᠵᠢᠯ | ᠣᠯᠭᠤᠯᠲᠠ ᠶᠢ ᠪᠡᠶᠡᠯᠡᠭᠦᠯᠵᠡᠢ ᠃ | | | | | | ᠵᠤᠤ ᠶᠦᠩ ᠭᠤᠸᠠᠩ ᠂ ᠵᠤᠤ ᠶᠦᠩ ᠴᠢᠶᠠᠩ ᠠᠬ᠎ᠠ ᠳᠡᠭᠦᠦ ᠬᠤᠶᠠᠭᠤᠯᠠ ᠪᠠᠨ ᠬᠤᠸᠠᠳᠧ ᠰᠢᠶᠠᠨ ᠤ ᠨᠢᠭᠡᠨ ᠵᠢᠪ | ᠵᠢᠩᠭᠢᠨᠢ ᠬᠥᠳᠡᠭᠡ ᠲᠣᠰᠬᠤᠨ ᠤ ᠭᠡᠷ ᠪᠦᠯᠢ ᠳᠤ ᠲᠦᠷᠦᠵᠠᠢ ᠂ ᠠᠬ᠎ᠠ ᠳᠡᠭᠦᠦ ᠬᠤᠶᠠᠭᠤᠯᠠ ᠶᠢᠨ ᠪᠡᠶ᠎ᠡ ᠨᠢ ᠵᠡᠮᠳᠡᠭ | ᠪᠣᠯᠤᠭᠰᠠᠨ ᠠᠴᠠ ᠦᠢᠯᠡᠳᠪᠦᠷᠢᠯᠡᠯ ᠠᠮᠢᠳᠤᠷᠠᠯ ᠨᠢ ᠲᠤᠶᠢᠯ ᠤᠨ ᠬᠦᠴᠢᠷᠲᠡᠢ ᠃ ᠬᠤᠸᠠᠳᠧ ᠰᠢᠶᠠᠨ ᠤ | ᠵᠡᠮᠳᠡᠭᠴᠦᠳ ᠤᠨ ᠬᠤᠯᠪᠣᠭ᠎ᠠ ᠶᠢᠨ ᠨᠡᠶᠢᠭᠡᠮᠯᠢᠭ ᠤᠨ ᠬᠠᠪᠰᠤᠷᠤᠯᠭ᠎ᠠ ᠳᠣᠣᠷ᠎ᠠ ᠂ ᠠᠬ᠎ᠠ ᠳᠡᠭᠦᠦ ᠬᠤᠶᠠᠭᠤᠯᠠ ᠪᠠᠨ | ᠱᠠᠩᠬᠠᠢ ᠶᠢᠨ ᠼᠠᠨ ᠫᠢᠨ ᠰᠦᠯᠵᠢᠶᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠲᠠᠢ | ᠬᠥᠳᠡᠯᠮᠦᠷᠢ ᠶᠢᠨ ᠭᠡᠷ᠎ᠡ ᠲᠣᠭᠲᠠᠵᠤ ᠂ ᠭᠤᠣᠯ ᠠᠵᠢᠯ ᠨᠢ ᠥᠪᠡᠷ ᠤᠨ ᠭᠠᠵᠠᠷ ᠰᠢᠷᠣᠢ ᠪᠠᠷ ᠢᠶᠠᠨ ᠱᠠᠩᠬᠠᠢ ᠶᠢᠨ ᠼᠠᠨ | ᠫᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠮᠠᠭᠠᠯᠢᠩᠭᠤ ᠶᠢᠨ ᠦᠷ᠎ᠡ ᠶᠢᠨ ᠲᠣᠰᠣ ᠲᠠᠷᠢᠨ᠎ᠠ ᠃ | ᠬᠡᠳᠦᠨ ᠵᠢᠯ ᠤᠨ ᠡᠮᠦᠨ᠎ᠡ ᠂ ᠲᠠᠷᠢᠶᠠᠴᠢᠨ ᠤ ᠭᠠᠷᠤᠯ ᠲᠠᠢ ᠵᠤᠤ ᠶᠦᠩ ᠭᠤᠸᠠᠩ ᠂ ᠵᠤᠤ ᠶᠦᠩ ᠴᠢᠶᠠᠩ ᠨᠢᠭᠡ | ᠤᠳᠠᠭᠠᠨ ᠤ ᠰᠠᠨᠠᠭᠠᠨ ᠳᠤ ᠦᠭᠡᠢ ᠤᠴᠢᠷ ᠠᠴᠠ ᠬᠦᠨᠳᠦ ᠨᠣᠴᠢᠲᠠᠢ ᠵᠡᠮᠳᠡᠭ ᠪᠣᠯᠵᠤ ᠂ ᠬᠦᠷᠳᠦᠲᠦ ᠰᠠᠨᠳᠠᠯᠢ ᠶᠢᠨ | ᠠᠮᠢᠳᠤᠷᠠᠯ ᠢ ᠥᠩᠭᠡᠷᠡᠭᠦᠯᠵᠡᠢ ᠃ ᠬᠡᠵᠢᠶ᠎ᠡ ᠨᠢᠭᠡᠨ ᠡᠳᠦᠷ ᠥᠪᠡᠷ ᠢᠶᠠᠨ ᠠᠵᠢᠯ ᠳᠤ ᠣᠷᠣᠬᠤ ᠵᠠᠪᠰᠢᠶᠠᠨ ᠲᠠᠢ᠂ ᠪᠠᠰᠠ | ᠲᠣᠭᠲᠠᠭᠰᠠᠨ ᠴᠠᠯᠢᠩ ᠣᠯᠣᠨ᠎ᠠ ᠭᠡᠵᠦ ᠲᠡᠷᠡ ᠠᠷᠪᠠᠨ ᠵᠡᠭᠦᠳᠦᠨ ᠳᠡᠭᠡᠨ ᠴᠦ ᠪᠠᠶᠢᠭᠰᠠᠨ ᠦᠭᠡᠢ ᠃ | ︽ᠵᠡᠮᠳᠡᠭᠴᠦᠳ ᠤᠨ ᠬᠤᠯᠪᠣᠭ᠎ᠠ ᠪᠢᠳᠡᠨ ᠢ ᠬᠠᠪᠰᠤᠷᠤᠨ ᠠᠵᠢᠯ ᠣᠯᠭᠤᠵᠤ ᠂ ᠪᠢᠳᠡᠨ ᠢ ᠮᠠᠭᠠᠯᠢᠩᠭᠤ ᠶᠢᠨ ᠦᠷ᠎ᠡ | ᠳᠠᠷᠢᠭᠤᠯᠵᠤ ᠪᠠᠶᠢᠨ᠎ᠠ᠂ ᠪᠢᠳᠡ ᠴᠥᠮ ᠴᠠᠯᠢᠩ ᠣᠯᠵᠦ ᠪᠠᠶᠢᠨ᠎ᠠ᠂ ᠮᠠᠨ ᠤ ᠠᠬ᠎ᠠ ᠳᠡᠭᠦᠦ ᠬᠤᠶᠠᠭᠤᠯᠠ ᠬᠥᠳᠡᠯᠵᠦ | ᠪᠠᠷᠢᠬᠤ ᠳᠤ ᠳᠥᠭᠦᠮ ᠦᠭᠡᠢ ᠠᠴᠠ ᠵᠡᠮᠳᠡᠭᠴᠦᠳ ᠤᠨ ᠬᠤᠯᠪᠣᠭ᠎ᠠ ᠱᠠᠩᠬᠠᠢ ᠶᠢᠨ ᠺᠣᠮᠫᠠᠨᠢ ᠲᠠᠢ ᠬᠠᠷᠢᠯᠴᠠᠵᠤ᠂ | ᠮᠠᠨ ᠤ ᠵᠡᠮᠳᠡᠭᠴᠦᠳ ᠢ ᠬᠠᠷᠠᠭᠠᠯᠵᠠᠵᠤ ᠲᠤᠰᠠᠯᠠᠮᠵᠢ ᠦᠵᠡᠭᠦᠯᠵᠦ ᠪᠠᠶᠢᠨ᠎ᠠ︾ ᠭᠡᠵᠦ ᠮᠠᠭᠠᠯᠢᠩᠭᠤ ᠶᠢᠨ ᠦᠷ᠎ᠡ | ᠲᠠᠷᠢᠬᠴᠢ ᠵᠤᠤ ᠶᠦᠩ ᠭᠤᠸᠠᠩ ᠮᠠᠰᠢ ᠲᠠᠯᠠᠷᠬᠠᠨ ᠬᠡᠯᠡᠨ᠎ᠡ᠃ | | | ᠣᠶᠢᠯᠠᠭᠠᠭᠰᠠᠨ ᠢᠶᠠᠷ᠂ ᠮᠠᠨ ᠤ ᠰᠢᠶᠠᠨ ᠤ ᠵᠡᠮᠳᠡᠭᠴᠦᠳ ᠤᠨ ᠬᠤᠯᠪᠣᠭ᠎ᠠ ᠶᠢᠨ ᠬᠢᠨ ᠱᠠᠩᠬᠠᠢ ᠶᠢᠨ ᠼᠠᠨ ᠫᠢᠨ | ᠰᠦᠯᠵᠢᠶᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠲᠠᠢ ᠣᠯᠠᠨ ᠤᠳᠠᠭ᠎ᠠ ᠵᠣᠯᠭᠠᠭᠤᠯᠤᠭᠰᠠᠨ ᠤ | ᠳᠠᠷᠠᠭ᠎ᠠ᠂ ᠲᠣᠰ ᠭᠠᠵᠠᠷ ᠤᠨ ᠵᠡᠮᠳᠡᠭ ᠤᠨ ᠬᠡᠮᠵᠢᠶ᠎ᠡ ᠨᠢ ᠬᠤᠶᠠᠳᠤᠭᠠᠷ ᠳᠡᠰ ᠠᠴᠠ ᠳᠡᠭᠡᠭᠰᠢ᠂ ᠠᠵᠢᠯ ᠣᠯᠬᠤ ᠳᠤ | ᠲᠤᠶᠢᠯ ᠤᠨ ᠬᠦᠴᠢᠷᠲᠡᠢ ᠶᠠᠳᠠᠭᠤ ᠬᠦᠴᠢᠷᠳᠡᠯᠲᠡᠢ ᠵᠡᠮᠳᠡᠭ ᠬᠥᠮᠥᠰ ᠲᠤ ᠠᠵᠢᠯᠯᠠᠬᠤ ᠲᠣᠬᠢᠶᠠᠯ ᠡᠷᠢᠵᠦ ᠥᠭᠬᠦ | ᠬᠠᠮᠲᠤᠷᠠᠯᠴᠠᠭ᠎ᠠ ᠶᠢ ᠬᠡᠯᠡᠯᠴᠡᠨ ᠲᠣᠬᠢᠷᠠᠭᠰᠠᠨ ᠪᠠᠶᠢᠨ᠎ᠠ᠃ ᠼᠠᠨ ᠫᠢᠨ ᠺᠣᠮᠫᠠᠨᠢ ᠠᠴᠠ ᠭᠠᠳᠠᠭᠰᠢ ᠭᠠᠷᠬᠤ ᠳᠤ | ᠳᠥᠭᠦᠮ ᠦᠭᠡᠢ ᠵᠡᠮᠳᠡᠭᠴᠦᠳ ᠲᠤ ᠣᠶᠢᠷ᠎ᠠ ᠬᠠᠪᠢ ᠳᠠᠭᠠᠨ ᠮᠠᠭᠠᠯᠢᠩᠭᠤ ᠵᠢᠨᠦᠷ᠎ᠡ ᠳᠠᠷᠢᠬᠤ ᠠᠵᠢᠯ ᠤᠨ ᠪᠠᠶᠢᠷᠢ | ᠬᠠᠩᠭᠠᠪᠡ᠃ ᠼᠠᠨ ᠫᠢᠨ ᠺᠣᠮᠫᠠᠨᠢ ᠨᠢ ᠤᠷᠢᠭᠳᠠᠭᠰᠠᠨ ᠬᠥᠮᠥᠰ ᠲᠤ ᠰᠠᠷ᠎ᠠ ᠪᠦᠷᠢ ᠬᠤᠶᠠᠷ ᠮᠢᠩᠭ᠎ᠠ ᠭᠠᠷᠤᠢ | ᠲᠥᠭᠦᠷᠢᠭ ᠤᠨ ᠲᠣᠭᠲᠠᠮᠠᠯ ᠴᠠᠯᠢᠩ ᠥᠭᠬᠦ ᠠᠴᠠ ᠭᠠᠳᠠᠨ᠎ᠠ ᠪᠠᠰᠠ ᠲᠡᠳᠡᠨ ᠳᠤ ᠨᠠᠰᠤᠵᠢᠯ ᠤᠨ ᠠᠰᠠᠷᠠᠮᠵᠢ ᠂ ᠡᠮ | ᠡᠮᠨᠡᠯᠭᠡ ᠂ ᠬᠥᠩᠭᠡᠵᠢᠯ ᠂ ᠠᠵᠢᠯ ᠠᠴᠠ ᠪᠣᠯᠤᠭᠰᠠᠨ ᠭᠡᠮᠲᠦᠯ ᠂ ᠠᠵᠢᠯ ᠠᠯᠳᠠᠭᠰᠠᠳ ᠤᠨ ᠳᠠᠭᠠᠳᠬᠠᠯ ᠬᠤᠳᠠᠯᠳᠤᠨ | ᠠᠪᠴᠤ ᠥᠭᠴᠡᠢ ᠃ | ᠬᠤᠸᠠᠳᠧ ᠰᠢᠶᠠᠨ ᠤ ᠵᠡᠮᠳᠡᠭᠴᠦᠳ ᠤᠨ ᠬᠤᠯᠪᠣᠭ᠎ᠠ ᠶᠢᠨ ᠬᠡᠷᠡᠭ ᠡᠷᠬᠢᠯᠡᠭᠴᠢᠳ ᠤᠨ ᠳᠠᠷᠤᠭ᠎ᠠ ᠯᠢᠦ ᠠᠢ ᠷᠦᠩ ᠂ | ᠬᠥᠳᠡᠭᠡ ᠲᠣᠰᠬᠤᠨ ᠤ ᠵᠡᠮᠳᠡᠭᠴᠦᠳ ᠢ ᠠᠰᠢᠭᠯᠠᠨ ᠥᠪᠡᠷ ᠤᠨ ᠭᠠᠵᠠᠷ ᠰᠢᠷᠣᠢ ᠳᠤ ᠪᠠᠨ ᠮᠠᠭᠠᠯᠢᠩᠭᠤ ᠶᠢᠨ ᠦᠷ᠎ᠡ | ᠲᠠᠷᠢᠬᠤ ᠪᠠᠷ ᠳᠠᠮᠵᠢᠭᠤᠯᠤᠨ ᠱᠠᠩᠬᠠᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠦᠯᠵᠢᠶᠡᠨ ᠤ ᠺᠣᠮᠫᠠᠨᠢ ᠳᠤ | ᠲᠤᠰᠢᠶᠠᠵᠤ ᠂ ᠺᠣᠮᠫᠠᠨᠢ ᠶᠢᠨ ᠦᠢᠯᠡᠳᠪᠦᠷᠢᠯᠡᠭᠰᠡᠨ ᠮᠠᠭᠠᠯᠢᠩᠭᠤ ᠶᠢᠨ ᠲᠣᠰᠣ ᠶᠢ ᠪᠣᠬᠢᠷᠳᠤᠯ ᠦᠭᠡᠢ ᠠᠰᠠᠷᠠᠮᠵᠢ ᠶᠢᠨ | ᠪᠦᠲᠦᠭᠡᠭᠳᠡᠬᠦᠨ ᠤ ᠬᠤᠪᠢ ᠪᠠᠷ ᠲᠡᠳᠡᠨ ᠤ ᠠᠵᠢᠯᠲᠠᠳ ᠲᠤ ᠲᠦᠭᠡᠭᠡᠨ ᠥᠭᠭᠦᠨ᠎ᠡ ᠭᠡᠵᠦ ᠲᠠᠨᠢᠯᠴᠠᠭᠤᠯᠪᠠ ᠃ ᠡᠨᠡ | ᠪᠣᠯ ᠠᠵᠤ ᠠᠬᠤᠶᠢᠯᠠᠯ᠂ ᠵᠡᠮᠳᠡᠭᠴᠦᠳ ᠤᠨ ᠬᠤᠯᠪᠣᠭ᠎ᠠ᠂ ᠵᠡᠮᠳᠡᠭᠴᠦᠳ ᠵᠡᠷᠭᠡ ᠭᠤᠷᠪᠠᠨ ᠲᠠᠯ᠎ᠠ ᠶᠢᠨ ᠠᠰᠢᠭ | ᠭᠥᠷᠳᠡᠭᠰᠡᠨ ᠮᠠᠰᠢ ᠰᠠᠶᠢᠨ ᠬᠠᠮᠲᠤᠷᠠᠯᠴᠠᠭᠠᠨ ᠤ ᠲᠥᠷᠥᠯ ᠵᠦᠢᠯ ᠮᠥᠨ᠂ 2021 ᠣᠨ ᠠᠴᠠ ᠨᠠᠰᠢ᠂ ᠬᠤᠸᠠᠳᠧ | ᠰᠢᠶᠠᠨ ᠤ ᠵᠡᠮᠳᠡᠭᠴᠦᠳ ᠤᠨ ᠬᠤᠯᠪᠣᠭ᠎ᠠ ᠶᠢᠨ ᠬᠢᠨ ᠳᠦᠯᠡᠢ ᠶᠠᠪᠠ ᠬᠥᠮᠥᠨ ᠪᠠ ᠵᠡᠮᠳᠡᠭ ᠬᠥᠮᠥᠨ ᠢ ᠪᠠᠭᠲᠠᠭᠠᠭᠰᠠᠨ | ᠨᠢᠭᠡᠳᠦᠭᠡᠷ ᠬᠤᠶᠠᠳᠤᠭᠠᠷ ᠳᠡᠰ ᠤᠨ ᠬᠦᠨᠳᠦ ᠵᠡᠮᠳᠡᠭᠴᠦᠳ ᠲᠤ ᠨᠡᠶᠢᠲᠡ 100 ᠭᠠᠷᠤᠢ ᠵᠡᠮᠳᠡᠭᠴᠦᠳ ᠲᠤ ᠠᠵᠢᠯ | ᠣᠯᠭᠤᠵᠤ᠂ ᠵᠢᠱᠢᠯᠲᠡ ᠪᠠᠷ ᠢᠷᠡᠬᠦ ᠵᠢᠯ 300 ᠬᠦᠷᠴᠦ᠂ ᠲᠡᠳᠡᠨ ᠤ ᠣᠯᠬᠤ ᠴᠠᠯᠢᠩ ᠨᠢ ᠰᠠᠷ᠎ᠠ ᠪᠦᠷᠢ 2590 | ᠲᠥᠭᠦᠷᠢᠭ ᠪᠠᠶᠢᠵᠤ᠂ ᠪᠠᠰᠠ ᠪᠦᠬᠦᠯᠢ 18 ᠨᠠᠰᠤᠨ ᠠᠴᠠ ᠪᠦᠬᠦᠯᠢ 50 ᠨᠠᠰᠤ᠂ ᠪᠦᠬᠦᠯᠢ 18 ᠨᠠᠰᠤᠨ ᠠᠴᠠ | ᠪᠦᠬᠦᠯᠢ 45 ᠨᠠᠰᠤ ᠬᠦᠷᠲᠡᠯᠡᠬᠢ ᠡᠮᠡᠭᠲᠡᠢ ᠠᠵᠢᠯᠲᠠᠨ ᠠᠵᠢᠯᠴᠢᠨ ᠤ ᠠᠵᠢᠯ ᠳᠤ ᠣᠷᠣᠬᠤ ᠬᠤᠭᠤᠴᠠᠭᠠᠨ ᠳᠤ | 1680 ᠲᠦᠭᠦᠷᠢᠭ ᠦᠨᠨᠡᠶᠢᠭᠡᠮ ᠤᠨ ᠳᠠᠭᠠᠳᠬᠠᠯ ᠲᠤᠰᠢᠶᠠᠵᠤ ᠥᠭᠭᠦᠨ᠎ᠡ ᠃ | ᠣᠶᠢᠯᠠᠭᠠᠭᠰᠠᠨ ᠢᠶᠠᠷ᠂ ᠱᠠᠩᠬᠠᠢ ᠶᠢᠨ ᠼᠠᠨ ᠫᠢᠨ ᠰᠦᠯᠵᠢᠶᠡᠨ ᠤ ᠰᠢᠨᠵᠢᠯᠡᠬᠦ ᠤᠬᠠᠭᠠᠨ ᠮᠡᠷᠭᠡᠵᠢᠯ ᠤᠨ | ᠬᠢᠵᠠᠭᠠᠷᠲᠤ ᠺᠣᠮᠫᠠᠨᠢ 2018 ᠣᠨ ᠤ 5 ᠰᠠᠷ᠎ᠠ ᠳᠤ ᠪᠠᠶᠢᠭᠤᠯᠤᠭᠳᠠᠵᠤ᠂ ᠱᠠᠩᠬᠠᠢ ᠶᠢᠨ ᠵᠡᠮᠳᠡᠭ ᠬᠥᠮᠥᠰ ᠤᠨ | ᠠᠵᠢᠯ ᠣᠯᠬᠤ ᠪᠠ ᠬᠥᠯᠥᠰᠦᠯᠡᠨ ᠬᠡᠷᠡᠭᠯᠡᠬᠦ ᠦᠢᠯᠡᠴᠢᠯᠡᠭᠡ ᠳᠤ ᠠᠩᠬᠠᠷᠤᠯ ᠢᠶᠠᠨ ᠲᠥᠪᠯᠡᠷᠡᠭᠦᠯᠦᠭᠰᠡᠨ ᠬᠥᠮᠥᠨ ᠤ | ᠬᠦᠴᠦᠨ ᠤ ᠡᠬᠢ ᠪᠠᠶᠠᠯᠢᠭ ᠤᠨ ᠺᠣᠮᠫᠠᠨᠢ ᠪᠣᠯᠤᠭᠰᠠᠨ ᠪᠠᠶᠢᠨ᠎ᠠ᠃ 2018 ᠣᠨ ᠠᠴᠠ ᠡᠬᠢᠯᠡᠨ᠂ ᠱᠠᠩᠬᠠᠢ ᠶᠢᠨ | ᠼᠠᠨ ᠫᠢᠨ ᠰᠦᠯᠵᠢᠶᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠪᠣᠯᠣᠨ ᠥᠪᠥᠷ ᠮᠣᠩᠭᠤᠯ ᠤᠨ | ᠵᠡᠮᠳᠡᠭᠴᠦᠳ ᠤᠨ ᠠᠰᠠᠷᠠᠮᠵᠢ ᠶᠢᠨ ᠰᠠᠭᠤᠷᠢ ᠮᠥᠩᠭᠦᠨ ᠤ ᠨᠡᠶᠢᠭᠡᠮᠯᠢᠭ᠂ ᠥᠪᠥᠷ ᠮᠣᠩᠭᠤᠯ ᠤᠨ ᠰᠢᠶᠠᠨ ᠤ | ᠬᠡᠪᠴᠢᠶᠡᠨ ᠤ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠨᠡᠶᠢᠭᠡᠮᠯᠢᠭ᠂ ᠥᠪᠥᠷ ᠮᠣᠩᠭᠤᠯ ᠤᠨ ᠶᠠᠳᠠᠭᠤ ᠶᠢ | ᠲᠡᠳᠬᠦᠵᠦ ᠨᠡᠭᠡᠭᠡᠨ ᠬᠥᠭᠵᠢᠭᠦᠯᠬᠦ ᠨᠡᠶᠢᠭᠡᠮᠯᠢᠭ᠂ ᠥᠪᠥᠷ ᠮᠣᠩᠭᠤᠯ ᠤᠨ ᠨᠡᠶᠢᠲᠡ ᠶᠢᠨ ᠠᠰᠠᠷᠠᠮᠵᠢ ᠶᠢᠨ ᠦᠢᠯᠡᠰ ᠤᠨ | ᠬᠥᠭᠵᠢᠯᠲᠡ ᠶᠢᠨ ᠨᠡᠶᠢᠭᠡᠮᠯᠢᠭ ᠬᠠᠮᠲᠤ ᠪᠠᠷ ︽ᠥᠪᠥᠷ ᠮᠣᠩᠭᠤᠯ ᠤᠨ ᠵᠡᠮᠳᠡᠭᠴᠦᠳ ᠲᠤ ᠠᠵᠢᠯ ᠣᠯᠭᠤᠵᠤ | ᠶᠠᠳᠠᠭᠤ ᠶᠢ ᠲᠡᠳᠬᠦᠬᠦ ᠢᠨᠵᠧᠨᠧᠷᠢᠩ︾ ᠢ ᠡᠭᠦᠰᠬᠡᠨ ᠪᠠᠶᠢᠭᠤᠯᠪᠠ᠃ ᠲᠥᠷᠥᠯ ᠵᠦᠢᠯ ᠤᠨ ᠬᠠᠷᠠᠯᠲᠠ ᠪᠣᠯ 2019 | ︱ 2025 ᠣᠨ ᠳᠤ᠂ ᠬᠦᠨᠳᠦ ᠵᠡᠷᠭᠡ ᠶᠢᠨ ᠶᠠᠳᠠᠭᠤ ᠬᠦᠴᠢᠷᠳᠡᠯᠲᠡᠢ 10000 ᠵᠡᠮᠳᠡᠭᠴᠦᠳ ᠢ ᠳᠥᠪᠬᠢᠨᠡᠭᠦᠯᠦᠨ | ᠠᠵᠢᠯ ᠣᠯᠭᠤᠵᠤ ᠶᠠᠳᠠᠭᠤ ᠠᠴᠠ ᠠᠩᠭᠢᠵᠢᠷᠠᠭᠤᠯᠬᠤ ᠶᠢ ᠪᠡᠶᠡᠯᠡᠭᠦᠯᠦᠨ᠎ᠡ᠃ ᠱᠠᠩᠬᠠᠢ ᠶᠢᠨ ᠼᠠᠨ ᠫᠢᠨ ᠰᠦᠯᠵᠢᠶᠡᠨ ᠤ | ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠤ ᠢᠯᠡᠷᠬᠡᠶᠢᠯᠡᠭᠰᠡᠨ ᠢᠶᠠᠷ᠂ | ᠬᠤᠸᠠᠳᠧ ᠰᠢᠶᠠᠨ ᠪᠣᠯ ᠣᠷᠭᠠᠨᠢᠭ ᠮᠠᠭᠠᠯᠢᠩᠭᠤ ᠶᠢᠨ ᠦᠷ᠎ᠡ ᠶᠢᠨ ᠰᠢᠵᠢᠷ ᠠᠯᠳᠠᠨ ᠲᠠᠷᠢᠮᠠᠯ ᠤᠨ ᠣᠷᠣᠨ ᠪᠦᠰᠡ | ᠪᠠᠶᠢᠵᠤ ᠂ ᠤᠯᠠᠨ ᠠᠴᠠ ᠣᠨᠴᠠᠭᠠᠢ ᠳᠠᠪᠠᠭᠤᠯᠢᠭ ᠲᠠᠯ᠎ᠠ ᠲᠠᠢ ᠶᠤᠮ ᠂ ᠡᠨᠡ ᠤᠳᠠᠭ᠎ᠠ ᠶᠢᠨ ᠵᠡᠮᠳᠡᠭᠴᠦᠳ ᠢ ᠲᠤᠰᠠᠯᠠᠬᠤ | ᠠᠵᠢᠯ ᠣᠯᠭᠤᠯᠲᠠ ᠶᠢᠨ ᠲᠦᠷᠦᠯ ᠵᠦᠢᠯ ᠨᠢ ᠨᠠᠮ ᠤᠨ ᠲᠥᠪ ᠬᠤᠷᠢᠶᠠᠨ ᠤ ᠳᠤᠷᠠᠳᠤᠭᠰᠠᠨ︽ᠬᠥᠮᠥᠨ ᠤ ᠪᠠᠶᠢᠳᠠᠯ | ᠳᠤᠨᠢ ᠲᠣᠬᠢᠷᠠᠭᠤᠯᠤᠨ ᠠᠵᠢᠯ ᠤᠨ ᠪᠠᠶᠢᠷᠢ ᠬᠠᠩᠭᠠᠬᠤ︾ᠤᠷᠢᠶᠠᠯᠠᠭ᠎ᠠ ᠶᠢ ᠴᠤᠤᠷᠢᠶᠠᠲᠤᠨ ᠲᠠᠭᠠᠵᠦ ᠂ ᠥᠷᠭᠡᠨ ᠤᠯᠠᠨ | ᠵᠡᠮᠳᠡᠭᠴᠦᠳ ᠲᠤ ᠨᠡᠩ ᠠᠮᠢᠳᠤᠯᠢᠭ ᠂ ᠨᠡᠩ ᠪᠠᠭᠲᠠᠭᠠᠮᠵᠢᠲᠠᠢ ᠠᠵᠢᠯ ᠣᠯᠭᠤᠯᠲᠠ ᠶᠢᠨ ᠠᠵᠠ ᠲᠣᠬᠢᠶᠠᠯ ᠬᠠᠩᠭᠠᠭᠰᠠᠨ | ᠪᠥᠭᠡᠳ ᠪᠠᠰᠠ 3000 ᠭᠠᠷᠤᠢ ᠠᠵᠢᠯᠲᠠᠳ ᠲᠤ ᠲᠤᠶᠢᠯ ᠤᠨ ᠡᠷᠡᠭᠦᠯ ᠰᠠᠷᠠᠭᠤᠯ ᠠᠰᠠᠷᠠᠮᠵᠢ ᠶᠢᠨ ᠪᠦᠲᠦᠭᠡᠭᠳᠡᠬᠦᠨ | ᠬᠠᠩᠭᠠᠭᠰᠠᠨ ᠪᠠᠶᠢᠨ᠎ᠠ ᠃ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠣᠳᠣᠨᠭᠡᠷᠡᠯ | ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ | |