| — 2022 ᠤᠨ ᠤ 3 ᠰᠠᠷ᠎ᠠ ᠶᠢᠨ 5 ᠤ ᠡᠳᠤᠷ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ | ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠳᠡᠭᠡᠷ᠎ᠡ | ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ | | ᠲᠥᠯᠥᠭᠡᠯᠡᠭᠴᠢᠳ ᠡ᠄ | ᠤᠳᠤ ᠪᠢ ᠲᠦᠷᠦ ᠶᠢᠨ ᠶᠠᠪᠤᠳᠠᠯ ᠤᠨ ᠬᠤᠷᠢᠶᠠᠨ ᠤ ᠡᠮᠦᠨ᠎ᠡ ᠠᠴᠠ ᠶᠡᠭᠡ ᠬᠤᠷᠠᠯ ᠳᠤ ᠵᠠᠰᠠᠭ ᠤᠨ ᠣᠷᠳᠣᠨ ᠤ | ᠠᠵᠢᠯ ᠢᠶᠠᠨ ᠮᠡᠳᠡᠭᠦᠯᠦᠶ᠎ᠡ᠂ ᠬᠢᠨᠠᠨ ᠶᠠᠷᠢᠯᠴᠠᠬᠤ ᠪᠤᠯᠪᠠ ᠤᠤ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ | ᠭᠡᠰᠢᠭᠦᠳ ᠴᠦ ᠰᠠᠨᠠᠯ ᠢᠶᠠᠨ ᠳᠤᠷᠠᠳᠬᠤ ᠪᠤᠯᠪᠠ ᠤᠤ᠃ | ᠨᠢᠭᠡ᠂ 2021 ᠣᠨ ᠤ ᠠᠵᠢᠯ ᠤᠨ ᠡᠷᠭᠢᠴᠡᠭᠦᠯᠦᠯ | ᠥᠩᠭᠡᠷᠡᠭᠰᠡᠨ ᠨᠢᠭᠡ ᠵᠢᠯ ᠪᠣᠯ ᠨᠠᠮ ᠪᠠ ᠤᠯᠤᠰ ᠤᠨ ᠲᠡᠦᠬᠡᠨ ᠳᠡᠭᠡᠷ᠎ᠡ ᠪᠡᠯᠭᠡ ᠲᠡᠮᠳᠡᠭ ᠤᠨ ᠠᠴᠢ ᠬᠤᠯᠪᠣᠭᠳᠠᠯ ᠲᠠᠢ | ᠨᠢᠭᠡ ᠵᠢᠯ ᠮᠥᠨ᠃ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠪᠦᠬᠦ ᠨᠠᠮ ᠪᠦᠬᠦ | ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠳᠤᠮᠳᠠᠳᠤ ᠤᠯᠤᠰ ᠤᠨ ᠡᠪ | ᠬᠠᠮᠲᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠣᠶ ᠶᠢ ᠦᠪᠡᠳᠡᠭᠰᠢ ᠶᠡᠭᠡ ᠪᠠᠷ ᠪᠡᠯᠭᠡᠯᠡᠵᠦ᠂ ᠨᠠᠮ ᠤᠨ ᠠᠷᠪᠠ | ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠢ ᠢᠯᠠᠯᠲᠠ ᠲᠠᠢ ᠪᠠᠷ ᠬᠤᠷᠠᠯᠳᠤᠭᠤᠯᠵᠤ | ᠂ ᠨᠠᠮ ᠤᠨ ᠭᠤᠷᠪᠠᠳᠤᠭᠠᠷ ᠲᠡᠦᠬᠡᠨ ᠰᠢᠢᠳᠪᠦᠷᠢ ᠶᠢ ᠲᠣᠭᠲᠠᠭᠠᠵᠤ᠂ ᠲᠣᠭᠲᠠᠭᠰᠠᠨ ᠬᠤᠭᠤᠴᠠᠭᠠᠨ ᠳᠤ ᠶᠠᠳᠠᠭᠤ ᠠᠴᠠ | ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠳᠠᠶᠢᠨ ᠤ ᠢᠯᠠᠯᠲᠠ ᠶᠢ ᠣᠯᠵᠤ᠂ ᠲᠣᠭᠲᠠᠭᠰᠠᠨ ᠬᠤᠭᠤᠴᠠᠭᠠᠨ ᠳᠤ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠵᠦ᠂ ᠨᠢᠭᠡᠳᠦᠭᠡᠷ ᠵᠠᠭᠤᠨ ᠵᠢᠯ ᠤᠨ ᠲᠡᠮᠡᠴᠡᠯ ᠤᠨ | ᠬᠠᠷᠠᠯᠲᠠ ᠶᠢ ᠪᠡᠶᠡᠯᠡᠭᠦᠯᠵᠦ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ | ᠪᠠ ᠬᠤᠶᠠᠳᠤᠭᠠᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠲᠡᠶᠢᠰᠢ ᠤᠷᠤᠭᠰᠢᠯᠠᠬᠤ ᠰᠢᠨ᠎ᠡ ᠠᠶᠠᠯᠠᠯ ᠢᠶᠠᠨ ᠡᠬᠢᠯᠡᠭᠦᠯᠪᠡ᠃ | ᠨᠢᠭᠡ ᠵᠢᠯ ᠤᠨ ᠲᠤᠷᠰᠢ᠂ ᠨᠠᠷᠢᠨ ᠪᠤᠳᠤᠯᠢᠶᠠᠨᠲᠠᠶ ᠪᠦᠭᠡᠳ ᠬᠦᠨᠳᠦ ᠬᠡᠴᠡᠭᠦᠦ ᠤᠯᠤᠰ ᠤᠨ ᠳᠣᠲᠣᠭᠠᠳᠤ ᠭᠠᠳᠠᠭᠠᠳᠤ ᠶᠢᠨ | ᠪᠠᠶᠢᠳᠠᠯ ᠪᠣᠯᠤᠨ ᠣᠯᠠᠨ ᠠᠷᠪᠢᠨ ᠲᠦᠭᠰᠢᠭᠦᠷᠢ ᠪᠠ ᠰᠢᠯᠭᠠᠯᠲᠠ ᠶᠢᠨ ᠡᠮᠦᠨ᠎ᠡ᠂ ᠪᠦᠬᠦ ᠤᠯᠤᠰ ᠢᠶᠠᠷ ᠢᠶᠠᠨ ᠬᠠᠮᠲᠤ ᠪᠠᠷ | ᠴᠢᠷᠮᠠᠶᠢᠵᠤ᠂ ᠬᠢᠵᠢᠭ ᠢ ᠰᠡᠷᠭᠡᠶᠢᠯᠡᠨ ᠬᠢᠵᠠᠭᠠᠷᠯᠠᠬᠤ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ | ᠲᠥᠯᠥᠪᠯᠡᠵᠦ᠂ ᠪᠦᠬᠦ ᠵᠢᠯ ᠤᠨ ᠭᠤᠤᠯ ᠭᠤᠤᠯ ᠬᠠᠷᠠᠯᠲᠠ ᠡᠭᠦᠷᠭᠡ ᠶᠢ ᠨᠡᠯᠢᠶᠡᠳ ᠰᠠᠶᠢᠨ ᠪᠡᠶᠡᠯᠡᠭᠦᠯᠵᠦ᠂ ᠠᠷᠪᠠᠨ | ᠳᠥᠷᠪᠡᠳᠦᠭᠡᠷ ᠲᠠᠪᠤᠨ ᠵᠢᠯ ᠤᠨ ᠲᠦᠯᠦᠪᠵᠢᠭᠦᠯᠭᠡ ᠶᠢᠨ ᠰᠠᠶᠢᠨ ᠡᠬᠢᠯᠡᠯᠲᠡ ᠶᠢ ᠪᠡᠶᠡᠯᠡᠭᠦᠯᠵᠦ᠂ ᠮᠠᠨ ᠤ ᠤᠯᠤᠰ ᠤᠨ | ᠬᠥᠭᠵᠢᠯᠲᠡ ᠪᠠᠰᠠ ᠰᠢᠨ᠎ᠡ ᠴᠢᠬᠤᠯᠠ ᠶᠡᠭᠡ ᠠᠮᠵᠢᠯᠲᠠ ᠪᠦᠲᠦᠮᠵᠢ ᠤᠯᠪᠠ᠃ | — ᠠᠵᠤ ᠠᠬᠤᠶ ᠰᠡᠷᠭᠦᠯᠳᠠ ᠬᠥᠭᠵᠢᠯᠳᠠ ᠶᠢ ᠪᠠᠲᠤᠯᠠᠪᠠ᠃ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠪᠦᠬᠦ | ᠦᠷᠳᠡᠭ 114 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ 8.1% ᠪᠠᠷ ᠨᠡᠮᠡᠭᠳᠡᠪᠡ᠃ ᠪᠦᠬᠦ ᠤᠯᠤᠰ ᠤᠨ | ᠡᠳ᠋ ᠤᠨ ᠵᠠᠰᠠᠭ ᠤᠨ ᠣᠷᠣᠯᠭ᠎ᠠ 20 ᠲᠦᠮᠡᠨ ᠳ᠋ᠦᠩᠰᠢᠭᠤᠷ ᠲᠥᠭᠦᠷᠢᠭ ᠢ ᠳᠠᠪᠠᠵᠤ᠂ 10.7% ᠪᠠᠷ ᠨᠡᠮᠡᠭᠳᠡᠪᠡ᠃ | ᠬᠤᠲᠠ ᠪᠠᠯᠭᠠᠰᠤᠨ ᠳᠤ ᠠᠵᠢᠯ ᠣᠯᠤᠭᠰᠠᠨ ᠬᠦᠮᠦᠨ 1269 ᠲᠦᠮᠨ ᠰᠢᠨ᠎ᠡ ᠪᠠᠷ ᠨᠡᠮᠡᠭᠳᠡᠵᠦ᠂ ᠬᠤᠲᠠ ᠪᠠᠯᠭᠠᠰᠤᠨ ᠤ | ᠪᠠᠶᠢᠴᠠᠭᠠᠭᠰᠠᠨ ᠠᠵᠢᠯ ᠠᠯᠳᠠᠯᠲᠠ ᠶᠢᠨ ᠨᠣᠷᠮ᠎ᠠ ᠳᠤᠮᠳᠠᠴᠢ ᠪᠠᠷ 5.1% ᠪᠣᠯᠪᠠ᠃ ᠰᠠᠭᠤᠭᠠᠯᠢ ᠠᠷᠠᠳ ᠤᠨ ᠬᠡᠷᠡᠭᠯᠡᠭᠡᠨ ᠤ | ᠦᠨ᠎ᠡ 0.9% ᠪᠠᠷ ᠥᠰᠪᠡ᠃ ᠤᠯᠤᠰ ᠤᠨ ᠬᠤᠭᠤᠷᠣᠨᠳᠣᠬᠢ ᠣᠷᠣᠯᠭ᠎ᠠ ᠵᠠᠷᠤᠯᠭ᠎ᠠ ᠶᠢ ᠦᠨᠳᠦᠰᠦᠨ ᠳᠡᠭᠡᠨ | ᠲᠡᠩᠴᠡᠭᠦᠷᠢᠲᠡᠶ ᠪᠠᠶᠢᠯᠭᠠᠪᠠ᠃ | — ᠰᠢᠨ᠎ᠡ ᠶᠢ ᠡᠭᠦᠳᠬᠦ ᠴᠢᠳᠠᠪᠤᠷᠢ ᠤᠯᠠᠮ ᠨᠢᠭᠡ ᠠᠯᠬᠤᠮ ᠴᠢᠩᠭᠠᠷᠠᠪᠠ᠃ ᠤᠯᠤᠰ ᠤᠨ ᠪᠠᠶᠢᠯᠳᠤᠬᠤ ᠪᠤᠳᠤᠯᠭ᠎ᠠ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠲᠦᠷᠭᠡᠨ ᠢᠶᠠᠷ ᠪᠤᠵᠠᠭᠠᠶᠢᠷᠠᠪᠠ᠃ ᠵᠠᠩᠭᠢᠯᠠᠭ᠎ᠠ ᠶᠢᠨ ᠭᠤᠤᠯᠯᠠᠬᠤ ᠮᠡᠷᠭᠡᠵᠢᠯ ᠤᠨ | ᠪᠡᠷᠬᠡ ᠰᠡᠳᠦᠪ ᠢ ᠰᠢᠢᠳᠪᠦᠷᠢᠯᠡᠬᠦ ᠠᠵᠢᠯ ᠴᠢᠬᠤᠯᠠ ᠠᠬᠢᠯᠳᠠ ᠲᠠᠢ ᠪᠤᠯᠵᠤ᠂ ᠬᠥᠮᠦᠨ ᠰᠠᠭᠤᠯᠭᠠᠭᠰᠠᠨ ᠰᠠᠨᠰᠠᠷ ᠤᠨ ᠠᠶᠠᠯᠠᠯ᠂ | ᠭᠠᠯ ᠭᠠᠷᠠᠭ ᠤᠨ ᠬᠠᠶᠢᠨ ᠬᠡᠮᠵᠢᠯᠲᠡ᠂ ᠡᠬᠢ ᠪᠠᠶᠠᠯᠢᠭ ᠤᠨ ᠬᠠᠶᠢᠨ ᠰᠢᠨᠵᠢᠯᠡᠯᠲᠡ᠂ ᠡᠨᠧᠷᠭᠢ ᠶᠢᠨ ᠰᠤᠷᠪᠤᠯᠵᠢ ᠶᠢᠨ | ᠢᠨᠵᠧᠨᠧᠷᠢᠩ ᠵᠡᠷᠭᠡ ᠬᠦᠷᠢᠶᠡᠨ ᠳᠤ ᠰᠢᠨ᠎ᠡ ᠰᠢᠪᠲᠤᠯᠤᠯᠲᠠ ᠲᠠᠢ ᠪᠤᠯᠪᠠ᠃ ᠠᠵᠤ ᠠᠬᠤᠶᠢᠯᠠᠯ ᠤᠨ ᠰᠤᠳᠤᠯᠤᠨ ᠨᠡᠭᠡᠭᠡᠬᠦ | ᠵᠠᠷᠤᠳᠠᠯ 15.5% ᠪᠠᠷ ᠨᠡᠮᠡᠭᠳᠡᠪᠡ᠃ ᠳ᠋ᠢᠵᠢᠲ᠋ᠠᠯ ᠮᠡᠷᠭᠡᠵᠢᠯ ᠪᠣᠯᠤᠨ ᠪᠣᠳᠠᠲᠤ ᠴᠣᠭᠴᠠ ᠶᠢᠨ ᠠᠵᠤ ᠠᠬᠤᠶ ᠶᠢᠨ | ᠠᠭᠤᠰᠤᠯᠴᠠᠭ᠎ᠠ ᠲᠦᠷᠭᠡᠰᠪᠡ᠃ | — ᠠᠵᠤ ᠠᠬᠤᠶ ᠶᠢᠨ ᠪᠦᠲᠦᠴᠡ ᠪᠠ ᠣᠷᠣᠨ ᠪᠦᠰᠡ ᠶᠢᠨ ᠪᠠᠶᠢᠷᠢᠰᠢᠯ ᠦᠷᠭᠦᠯᠵᠢᠯᠡᠨ ᠰᠢᠯᠢᠳᠡᠭᠵᠢᠪᠡ᠃ ᠠᠮᠤ | ᠪᠤᠳᠠᠭᠠᠨ ᠤ ᠤᠨᠠᠯᠲᠠ 1.37 ᠲᠦᠮᠡᠨ ᠳ᠋ᠦᠩᠰᠢᠭᠤᠷ ᠵᠢᠩ ᠳᠤ ᠬᠦᠷᠴᠦ᠂ ᠲᠡᠦᠬᠡᠨ ᠰᠢᠨ᠎ᠡ ᠲᠡᠮᠳᠡᠭᠯᠡᠯ ᠢ ᠡᠭᠦᠳᠪᠡ᠃ | ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠤᠨ ᠨᠡᠮᠡᠭᠳᠡᠯ ᠥᠷᠲᠡᠭ 18.2% ᠢᠶᠠᠷ ᠨᠡᠮᠡᠭᠳᠡᠵᠦ᠂ ᠮᠡᠳᠡᠭᠡ ᠵᠠᠩᠭᠢ ᠶᠢᠨ | ᠮᠡᠷᠭᠡᠵᠢᠯ ᠤᠨ ᠦᠢᠯᠡᠴᠢᠯᠡᠭᠡ ᠵᠡᠷᠭᠡ ᠦᠢᠯᠡᠳᠪᠦᠷᠢᠯᠡᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠨᠡᠯᠢᠶᠡᠳ ᠲᠦᠷᠭᠡᠨ | ᠬᠥᠭᠵᠢᠵᠦ᠂ ᠠᠵᠤ ᠦᠢᠯᠡᠰ ᠤᠨ ᠬᠡᠯᠬᠢᠶ᠎ᠡ ᠶᠢᠨ ᠤᠶᠠᠨ ᠬᠠᠳᠠᠨ ᠴᠢᠨᠠᠷ ᠳᠡᠭᠡᠭᠰᠢᠯᠡᠪᠡ᠃ ᠣᠷᠣᠨ ᠪᠦᠰᠡ ᠶᠢᠨ | ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠪᠦᠲᠦᠮᠵᠢᠲᠡᠶ ᠬᠡᠷᠡᠭᠵᠢᠭᠦᠯᠵᠦ᠂ ᠰᠢᠨ᠎ᠡ ᠬᠡᠯᠪᠡᠷᠢ ᠶᠢᠨ ᠬᠤᠳᠠ | ᠪᠠᠯᠭᠠᠰᠤᠵᠢᠯᠳᠠ ᠯᠠᠪᠳᠠᠭᠤᠨ ᠢᠶᠠᠷ ᠠᠬᠢᠪᠠ᠃ | — ᠥᠭᠡᠷᠡᠴᠢᠯᠡᠯᠲᠡ ᠨᠡᠭᠡᠭᠡᠯᠲᠡ ᠲᠠᠰᠤᠷᠠᠯᠲᠠ ᠦᠭᠡᠢ ᠭᠦᠨᠵᠡᠭᠡᠶᠢᠷᠡᠪᠡ᠃ ᠴᠢᠬᠤᠯᠠ ᠬᠦᠷᠢᠶ᠎ᠡ ᠪᠠ ᠵᠠᠩᠭᠢᠯᠠᠭ᠎ᠠ ᠶᠢᠨ | ᠭᠤᠭᠴᠤᠭ᠎ᠠ ᠳᠤ ᠨᠢᠭᠡ ᠪᠦᠯᠦᠭ ᠴᠢᠬᠤᠯᠠ ᠶᠡᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠲᠣᠭᠲᠠᠭᠠᠵᠤ᠂ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶ ᠠᠬᠢᠭᠤᠯᠪᠠ᠃ ︽ᠪᠠᠭᠤᠯᠭᠠᠬᠤ | ᠤᠶᠠᠯᠳᠤᠭᠤᠯᠬᠤ ᠰᠢᠯᠢᠳᠡᠭᠵᠢᠬᠦᠯᠬᠦ︾ ᠥᠭᠡᠷᠡᠴᠢᠯᠡᠯᠲᠡ ᠰᠢᠨ᠎ᠡ ᠠᠬᠢᠯᠲᠠ ᠲᠠᠢ ᠪᠣᠯᠪᠠ᠃ ᠵᠠᠬ᠎ᠠ ᠳᠡᠯᠭᠡᠭᠦᠷ ᠤᠨ ᠪᠡᠶᠡᠴᠢ | ᠴᠣᠭᠴᠠ ᠶᠢᠨ ᠶᠡᠷᠦᠩᠬᠡᠶ ᠲᠤᠭ᠎ᠠ 1.5 ᠳ᠋ᠦᠩᠰᠢᠭᠤᠷ ᠡᠷᠦᠬᠡ ᠶᠢ ᠳᠠᠪᠠᠪᠠ᠃ ︽ᠨᠢᠭᠡ ᠪᠦᠰᠡ ᠨᠢᠭᠡ ᠵᠠᠮ︾ ᠢ ᠬᠠᠮᠲᠤ ᠪᠠᠷ | ᠴᠢᠨᠠᠷ ᠰᠠᠶᠢᠲᠠᠶ ᠪᠠᠶᠢᠭᠤᠯᠬᠤ ᠶᠢ ᠯᠠᠪᠳᠠᠭᠤᠨ ᠢᠶᠠᠷ ᠠᠬᠢᠭᠤᠯᠪᠠ᠃ ᠣᠷᠣᠨ ᠪᠦᠰᠡ ᠶᠢᠨ ᠪᠦᠬᠦ ᠲᠠᠯ᠎ᠠ ᠶᠢᠨ ᠠᠵᠤ ᠠᠬᠤᠶ ᠶᠢᠨ | ᠬᠠᠨᠢᠲᠠᠨ ᠤ ᠬᠠᠷᠢᠴᠠᠭ᠎ᠠ ᠶᠢᠨ ᠬᠡᠯᠡᠯᠴᠡᠭᠡᠷ ᠢ ᠬᠦᠴᠦᠨ ᠲᠠᠢ ᠪᠤᠯᠭᠠᠵᠤ ᠬᠡᠷᠡᠭᠵᠢᠭᠦᠯᠬᠦ ᠶᠢ ᠠᠬᠢᠭᠤᠯᠪᠠ᠃ ᠡᠳ᠋ ᠪᠠᠷᠠᠭ᠎ᠠ ᠶᠢᠨ | ᠭᠠᠳᠠᠭᠠᠳᠤ ᠤᠷᠤᠭᠤᠯᠤᠯᠳᠠ ᠪᠠ ᠭᠠᠳᠠᠭᠠᠳᠤ ᠭᠠᠷᠭᠠᠯᠳᠠ ᠶᠢᠨ ᠪᠦᠬᠦ ᠲᠤᠭ᠎ᠠ 21.4% ᠪᠠᠷ ᠨᠡᠮᠡᠭᠳᠡᠵᠦ᠂ ᠭᠠᠳᠠᠭᠠᠳᠤ | ᠪᠡᠯᠡ ᠶᠢᠨ ᠪᠣᠳᠠᠲᠠᠶ ᠬᠡᠷᠡᠭᠯᠡᠯᠲᠡ ᠨᠡᠮᠡᠭᠳᠡᠯ ᠢᠶᠠᠨ ᠪᠠᠲᠤᠯᠠᠪᠡ᠃ | — ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠦᠷᠭᠦᠯᠵᠢᠯᠡᠨ ᠠᠬᠢᠪᠠ᠃ ᠪᠣᠬᠢᠷᠲᠤᠯ ᠢ ᠰᠡᠷᠭᠡᠶᠢᠯᠡᠨ ᠵᠠᠰᠠᠬᠤ | ᠪᠡᠷᠬᠡ ᠰᠡᠳᠦᠪ ᠢ ᠰᠢᠢᠳᠪᠦᠷᠢᠯᠡᠬᠦ ᠠᠵᠢᠯ ᠢ ᠭᠦᠨᠵᠡᠭᠡᠶ ᠥᠷᠨᠢᠭᠦᠯᠵᠦ᠂ ᠭᠤᠤᠯ ᠭᠤᠤᠯ ᠪᠣᠬᠢᠷ ᠪᠣᠳᠠᠰ ᠤᠨ | ᠭᠠᠳᠠᠭᠰᠢᠯᠠᠭᠤᠯᠤᠯᠲᠠ ᠶᠢ ᠦᠷᠭᠦᠯᠵᠢᠯᠡᠨ ᠪᠠᠭᠤᠷᠠᠭᠤᠯᠵᠤ᠂ ᠲᠤᠰᠬᠠᠶ ᠣᠷᠣᠨ ᠤ ᠲᠡᠰ ᠵᠢᠴᠢ ᠲᠡᠭᠦᠨ ᠠᠴᠠ ᠳᠡᠭᠡᠭᠰᠢᠬᠢ | ᠬᠤᠳᠠ ᠶᠢᠨ ᠵᠢᠵᠢᠭ ᠮᠥᠬᠦᠯᠢᠭᠲᠦ ᠪᠣᠳᠠᠰ ᠤᠨ ᠳᠤᠮᠳᠠᠴᠢ ᠥᠳᠭᠡᠴᠡ ᠶᠢ 9.1% ᠪᠠᠷ ᠪᠠᠭᠤᠷᠠᠭᠤᠯᠪᠠ᠃ ᠠᠩᠬᠠᠨ ᠤ | ᠪᠦᠯᠦᠭ ᠤᠯᠤᠰ ᠤᠨ ᠴᠡᠴᠡᠷᠯᠢᠭ ᠢ ᠵᠢᠩᠬᠢᠨᠢ ᠪᠠᠷ ᠪᠠᠶᠢᠭᠤᠯᠪᠠ᠃ ᠠᠮᠢ ᠠᠬᠤᠶ ᠶᠢᠨ ᠣᠷᠴᠢᠨ ᠨᠥᠬᠦᠴᠡᠯ ᠤᠨ ᠶᠠᠰᠤ ᠴᠢᠨᠠᠷ | ᠢᠯᠡᠳᠲᠡ ᠰᠠᠶᠢᠵᠢᠷᠠᠪᠠ᠃ | — ᠠᠷᠠᠳ ᠤᠨ ᠠᠮᠢᠳᠤᠷᠠᠯ ᠤᠨ ᠲᠦᠪᠰᠢᠨ ᠲᠣᠭᠲᠠᠭᠤᠨ ᠢᠶᠠᠷ ᠳᠡᠭᠡᠭᠰᠢᠯᠡᠪᠡ᠃ ᠰᠠᠭᠤᠭᠠᠯᠢ ᠠᠷᠠᠳ ᠤᠨ ᠬᠥᠮᠦᠨ | ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 8.1% ᠪᠠᠷ ᠪᠣᠳᠠᠲᠠᠶ ᠨᠡᠮᠡᠭᠳᠡᠪᠡ᠃ ᠶᠠᠳᠠᠭᠤ ᠠᠴᠠ ᠠᠩᠭᠢᠵᠢᠷᠠᠭᠤᠯᠬᠤ | ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠭᠡᠪᠡ᠃ ᠨᠠᠰᠤᠵᠢᠯ ᠤᠨ ᠦᠨᠳᠦᠰᠦᠨ | ᠠᠰᠠᠷᠠᠮᠵᠢ᠂ ᠦᠨᠳᠦᠰᠦᠨ ᠡᠮᠨᠡᠯᠭᠡ᠂ ᠨᠡᠶᠢᠭᠡᠮ ᠤᠨ ᠠᠪᠤᠷᠠᠨ ᠲᠤᠰᠠᠯᠠᠯᠲᠠ ᠵᠡᠷᠭᠡ ᠪᠠᠲᠤᠯᠠᠭ᠎ᠠ ᠶᠢᠨ ᠡᠷᠴᠢᠮ ᠢ | ᠴᠢᠩᠭᠠᠷᠠᠭᠤᠯᠪᠠ᠃ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠰᠢᠨ᠎ᠡ ᠠᠯᠬᠤᠮ ᠢ ᠠᠯᠬᠤᠪᠠ᠃ ᠬᠤᠲᠠ | ᠪᠠᠯᠭᠠᠰᠤᠨ ᠤ 5.6 ᠲᠦᠮᠡᠨ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠵᠠᠰᠠᠬᠤ ᠠᠵᠢᠯ ᠢ ᠰᠢᠨ᠎ᠡ ᠪᠠᠷ | ᠡᠬᠢᠯᠡᠭᠦᠯᠦᠨ᠂ ᠮᠢᠩᠭ᠎ᠠ ᠰᠢᠬᠠᠮ ᠲᠦᠮᠡᠨ ᠭᠡᠷ ᠪᠦᠯᠢ ᠳᠤ ᠠᠰᠢᠭ ᠬᠦᠷᠲᠡᠭᠡᠪᠡ᠃ | — ᠬᠢᠵᠢᠭ ᠢ ᠰᠡᠷᠭᠡᠶᠢᠯᠡᠨ ᠬᠢᠵᠠᠭᠠᠷᠯᠠᠬᠤ ᠦᠷ᠎ᠡ ᠪᠦᠲᠦᠭᠡᠯ ᠦᠷᠭᠦᠯᠵᠢᠯᠡᠨ ᠪᠠᠬᠢᠵᠢᠪᠡ᠃ ᠪᠠᠶᠢᠩᠭᠤ ᠶᠢᠨ ᠴᠢᠨᠠᠷᠲᠠᠢ ᠪᠠᠷ | ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠸᠠᠺᠼᠢᠨ ᠤ ᠪᠦᠬᠦ ᠶᠠᠪᠤᠴᠠ ᠶᠢᠨ ᠲᠠᠷᠢᠯᠭ᠎ᠠ ᠶᠢᠨ | ᠪᠦᠷᠬᠦᠴᠡ ᠶᠢᠨ ᠨᠣᠷᠮ᠎ᠠ 85% ᠶᠢ ᠳᠠᠪᠠᠵᠤ᠂ ᠬᠡᠰᠡᠭ ᠭᠠᠵᠠᠷ ᠣᠷᠣᠨ ᠤ ᠪᠦᠭᠡᠮᠨᠡᠷᠡᠯ ᠤᠨ ᠰᠢᠨᠵᠢᠲᠡᠢ ᠬᠢᠵᠢᠭ ᠤᠨ | ᠪᠠᠶᠢᠳᠠᠯ ᠢ ᠴᠠᠭ ᠲᠤᠬᠠᠶ ᠳᠤᠨᠢ ᠪᠦᠲᠦᠮᠵᠢᠲᠡᠶ ᠰᠢᠢᠳᠪᠦᠷᠢᠯᠡᠵᠦ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ | ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠪᠠᠲᠤᠯᠠᠵᠤ᠂ ᠦᠢᠯᠡᠳᠪᠦᠷᠢᠯᠡᠯ ᠠᠮᠢᠳᠤᠷᠠᠯ ᠤᠨ ᠬᠡᠪ ᠤᠨ ᠡᠮᠬᠢ ᠳᠢᠭᠯᠢᠮ ᠢ | ᠬᠠᠮᠠᠭᠠᠯᠠᠪᠠ᠃ | ᠥᠩᠭᠡᠷᠡᠭᠰᠡᠨ ᠨᠢᠭᠡ ᠵᠢᠯ ᠢ ᠡᠷᠭᠢᠴᠡᠭᠦᠯᠬᠦᠶ᠎ᠡ᠂ ᠠᠮᠵᠢᠯᠲᠠ ᠪᠦᠲᠦᠮᠵᠢ ᠶᠢ ᠲᠦᠢᠯ ᠤᠨ ᠬᠢᠯᠪᠠᠷ ᠪᠤᠰᠤ ᠪᠠᠷ ᠤᠯᠤᠭᠰᠠᠨ | ᠶᠤᠮ᠃ ᠮᠠᠨ ᠤ ᠤᠯᠤᠰ ᠤᠨ ᠠᠵᠤ ᠠᠬᠤᠶ ᠭᠡᠨᠡᠳᠲᠡ ᠶᠢᠨ ᠬᠢᠵᠢᠭ ᠤᠨ ᠪᠠᠶᠢᠳᠠᠯ ᠵᠡᠷᠭᠡ ᠬᠦᠨᠳᠦ ᠨᠣᠴᠢᠲᠠᠶ | ᠳᠠᠭᠠᠷᠢᠯᠲᠠ ᠶᠢᠨ ᠳᠠᠷᠠᠭᠠᠬᠢ ᠰᠡᠷᠭᠦᠯᠲᠡ ᠬᠥᠭᠵᠢᠯᠲᠡ ᠶᠢᠨ ᠶᠠᠪᠤᠴᠠ ᠳᠤ ᠣᠷᠣᠰᠢᠵᠤ᠂ ᠤᠯᠤᠰ ᠤᠨ ᠳᠣᠲᠣᠭᠠᠳᠤ | ᠭᠠᠳᠠᠭᠠᠳᠤ ᠶᠢᠨ ᠪᠠᠶᠢᠳᠠᠯ ᠳᠤ ᠪᠠᠰᠠ ᠮᠠᠰᠢ ᠤᠯᠠᠨ ᠰᠢᠨ᠎ᠡ ᠬᠤᠪᠢᠷᠠᠯᠲᠠ ᠭᠠᠷᠴᠤ᠂ ᠠᠵᠤ ᠠᠬᠤᠶ ᠶᠢᠨ ᠲᠣᠭᠲᠠᠭᠤᠨ | ᠠᠵᠢᠯᠯᠠᠭᠠᠨ ᠢ ᠪᠠᠲᠤᠯᠠᠬᠤ ᠬᠦᠴᠢᠷᠳᠡᠯ ᠶᠡᠬᠡᠰᠴᠦ ᠪᠠᠶᠢᠨ᠎ᠠ᠃ ᠪᠢᠳᠡ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ | ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠤᠨ᠂ ᠲᠥᠪ ᠤᠨ | ᠠᠵᠤ ᠠᠬᠤᠶ ᠶᠢᠨ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ ᠪᠦᠭᠡᠳ ᠪᠦᠬᠦ ᠲᠠᠯ᠎ᠠ ᠪᠠᠷ ᠲᠤᠭᠤᠰᠢᠯᠠᠭᠤᠯᠤᠨ᠂ | ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠪᠠ ︽ᠵᠢᠷᠭᠤᠭ᠎ᠠ ᠶᠢ ᠪᠠᠲᠤᠯᠠᠬᠤ︾ ᠠᠵᠢᠯ ᠢ ᠯᠠᠪᠳᠠᠭᠤᠨ ᠪᠠᠲᠤᠲᠠᠶ | ᠰᠠᠶᠢᠲᠤᠷ ᠬᠢᠵᠦ᠂ ᠬᠤᠷᠸ᠎ᠠ ᠲᠥᠷᠥ ᠶᠢᠨ ᠪᠣᠳᠣᠯᠭ᠎ᠠ ᠶᠢᠨ ᠦᠶᠡᠯᠡᠯ ᠠᠯᠤᠰᠯᠠᠬᠰᠠᠨ ᠳᠤᠬᠢᠷᠠᠭᠤᠯᠤᠯᠳᠠ ᠪᠠ ᠦᠶᠡᠯᠡᠯ | ᠦᠭᠰᠦᠭᠦᠯᠦᠭᠰᠡᠨ ᠲᠣᠬᠢᠷᠠᠭᠤᠯᠤᠯᠳᠠ ᠶᠢ ᠴᠢᠬᠤᠯᠠᠴᠢᠯᠠᠵᠤ᠂ ᠡᠯ᠎ᠡ ᠵᠦᠢᠯ ᠤᠨ ᠲᠦᠭᠰᠢᠭᠦᠷᠢ ᠰᠢᠯᠭᠠᠯᠲᠠ ᠶᠢ ᠪᠦᠲᠦᠮᠵᠢᠲᠡᠶ | ᠠᠷᠭᠠᠴᠠᠭᠠᠵᠤ᠂ ᠭᠤᠤᠯᠳᠠᠭᠤ ᠳᠣᠤᠷᠠᠬᠢ ᠠᠵᠢᠯ ᠤᠳ ᠢ ᠬᠢᠪᠡ᠃ | ᠨᠢᠭᠡ ᠳᠤ ᠬᠤᠷᠸ᠎ᠠ ᠲᠦᠷᠦ ᠶᠢᠨ ᠪᠤᠳᠤᠯᠭ᠎ᠠ ᠶᠢᠨ ᠦᠷᠭᠦᠯᠵᠢᠯᠡᠬᠦ ᠴᠢᠨᠠᠷ ᠪᠠ ᠬᠠᠨᠳᠤᠯᠭᠠᠲᠤ ᠴᠢᠨᠠᠷ ᠢ ᠪᠠᠲᠤᠯᠠᠵᠤ᠂ ᠠᠵᠤ | ᠠᠬᠤᠢ ᠶᠢᠨ ᠠᠵᠢᠯᠯᠠᠭᠠᠨ ᠤ ᠵᠦᠶ ᠵᠣᠬᠢᠰᠲᠠᠶ ᠬᠡᠪᠴᠢᠶᠡᠨ ᠳᠤ ᠶᠠᠪᠤᠬᠳᠠᠬᠤ ᠶᠢ ᠠᠬᠢᠭᠤᠯᠪᠠ᠃ ᠬᠤᠷᠸ᠎ᠠ ᠲᠥᠷᠥ ᠶᠢᠨ | ᠪᠣᠳᠣᠯᠭ᠎ᠠ ᠶᠢ ᠦᠶᠡᠯᠡᠯ ᠠᠯᠤᠰᠯᠠᠨ ᠲᠣᠬᠢᠷᠠᠭᠤᠯᠬᠤ ᠬᠡᠷᠡᠭᠴᠡᠭᠡ ᠳᠤ ᠵᠣᠬᠢᠴᠠᠭᠤᠯᠤᠨ᠂ ᠠᠵᠤ ᠠᠬᠤᠶ ᠶᠢᠨ ᠰᠡᠷᠭᠦᠯᠲᠡ ᠳᠤ | ᠦᠵᠡᠭᠦᠯᠬᠦ ᠴᠢᠬᠤᠯᠠ ᠪᠦᠬᠦᠢ ᠳᠡᠮᠵᠢᠯᠭᠡ ᠶᠢᠨ ᠡᠷᠴᠢᠮ ᠢ ᠪᠠᠲᠤᠯᠠᠬᠤ ᠶᠢᠨ ᠬᠠᠮᠲᠤ ᠡᠨᠡ ᠵᠢᠯ ᠬᠦᠴᠢᠷᠳᠡᠯ ᠪᠠ ᠰᠢᠯᠭᠠᠯᠲᠠ ᠶᠢ | ᠠᠷᠭᠠᠴᠠᠭᠠᠬᠤ ᠳᠤ ᠲᠥᠷᠥ ᠶᠢᠨ ᠪᠣᠳᠣᠯᠭ᠎ᠠ ᠶᠢᠨ ᠣᠷᠣᠨ ᠵᠠᠶ ᠦᠯᠡᠳᠡᠭᠡᠬᠦ ᠶᠢ ᠪᠣᠳᠣᠯᠬᠢᠯᠠᠪᠠ᠃ ᠡᠳ᠋ ᠤᠨ ᠵᠠᠰᠠᠭ ᠤᠨ ᠪᠡᠯᠡ | ᠮᠥᠩᠭᠦ ᠶᠢ ᠰᠢᠭᠤᠳ ᠪᠠᠭᠤᠯᠭᠠᠬᠤ ᠪᠠᠶᠢᠩᠭᠤ ᠶᠢᠨ ᠴᠢᠨᠠᠷᠲᠠᠢ ᠲᠣᠭᠲᠠᠴᠠ ᠶᠢ ᠪᠠᠶᠢᠭᠤᠯᠵᠤ᠂ 2.8 ᠲᠦᠮᠡᠨ ᠳ᠋ᠦᠩᠰᠢᠭᠤᠷ | ᠲᠥᠭᠦᠷᠢᠭ ᠤᠨ ᠲᠥᠪ ᠤᠨ ᠡᠳ᠋ ᠤᠨ ᠵᠠᠰᠠᠭ ᠤᠨ ᠪᠡᠯᠡ ᠮᠥᠩᠭᠦ ᠶᠢ ᠰᠢᠭᠤᠳ ᠪᠠᠭᠤᠯᠭᠠᠬᠤ ᠬᠡᠪᠴᠢᠶᠡᠨ ᠳᠤ ᠣᠷᠣᠭᠤᠯᠪᠠ᠃ | ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢ ᠲᠠᠷᠬᠠᠭᠠᠵᠤ | ᠬᠡᠷᠡᠭᠯᠡᠬᠦ ᠶᠢ ᠰᠢᠯᠢᠳᠡᠭᠵᠢᠭᠦᠯᠪᠡ᠃ ᠵᠣᠭᠤᠰᠣᠨ ᠤ ᠯᠠᠪᠲᠠᠭᠤᠨ ᠲᠦᠷᠦ ᠶᠢᠨ ᠪᠤᠳᠤᠯᠭ᠎ᠠ ᠶᠢ ᠪᠦᠲᠦᠮᠵᠢᠲᠡᠶ ᠬᠡᠷᠡᠭᠵᠢᠭᠦᠯᠵᠦ᠂ | ᠬᠠᠳᠠᠭᠠᠯᠠᠮᠵᠢ ᠶᠢᠨ ᠪᠡᠯᠡᠳᠭᠡᠯ ᠮᠦᠩᠭᠦ ᠶᠢᠨ ᠨᠤᠷᠮ᠎ᠠ ᠶᠢ ᠬᠤᠶᠠᠷ ᠤᠳᠠᠭ᠎ᠠ ᠪᠦᠬᠦ ᠲᠠᠯ᠎ᠠ ᠪᠠᠷ ᠪᠠᠭᠤᠷᠠᠭᠤᠯᠤᠨ᠂ | ᠵᠢᠭᠡᠯᠡᠯᠭᠡ ᠶᠢᠨ ᠬᠦᠦ ᠮᠥᠩᠭᠦ ᠶᠢᠨ ᠨᠤᠷᠮ᠎ᠠ ᠶᠢ ᠪᠠᠭᠤᠷᠠᠭᠤᠯᠬᠤ ᠶᠢ ᠠᠬᠢᠭᠤᠯᠪᠠ᠃ ᠣᠷᠣᠨ ᠨᠤᠲᠤᠭ ᠤᠨ ᠵᠠᠰᠠᠭ ᠤᠨ | ᠣᠷᠳᠣᠨ ᠤ ᠥᠭᠴᠡᠭᠡ ᠶᠢᠨ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠶᠢ ᠡᠮᠬᠢ ᠵᠢᠷᠤᠮ ᠲᠠᠢ ᠪᠠᠷ ᠠᠬᠢᠭᠤᠯᠵᠤ᠂ ᠮᠥᠩᠭᠦᠨ | ᠭᠦᠢᠯᠭᠡᠭᠡᠨ ᠤ ᠬᠦᠨᠳᠦ ᠶᠡᠭᠡ ᠲᠦᠭᠰᠢᠭᠦᠷᠢ ᠶᠢᠨ ᠬᠡᠷᠡᠭ ᠢ ᠯᠠᠪᠳᠠᠭᠤᠨ ᠳᠤᠬᠢᠲᠠᠢ ᠰᠢᠢᠳᠪᠦᠷᠢᠯᠡᠪᠡ᠃ ᠠᠵᠢᠯ ᠤᠨ ᠪᠠᠶᠢᠷᠢ ᠶᠢ | ᠲᠣᠭᠲᠠᠪᠤᠷᠢᠵᠢᠭᠤᠯᠵᠤ ᠠᠵᠢᠯ ᠣᠯᠭᠤᠯᠲᠠ ᠶᠢ ᠥᠷᠭᠡᠳᠭᠡᠬᠦ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ | ᠴᠢᠩᠭᠠᠳᠬᠠᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢ ᠵᠡᠷᠭᠡ ᠭᠤᠤᠯᠳᠠᠯᠭ᠎ᠠ ᠲᠠᠢ ᠬᠠᠮᠲᠤᠯᠢᠭ ᠲᠤ ᠠᠵᠢᠯ | ᠣᠯᠭᠤᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠪᠥᠬᠦᠳᠡ ᠤᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ | ᠲᠦᠮᠡᠨ ᠤᠯᠠᠨ ᠢᠶᠠᠷ ᠢᠶᠠᠨ ᠰᠢᠨ᠎ᠡ ᠶᠢ ᠡᠭᠦᠳᠬᠦ ᠶᠢ ᠠᠬᠢᠭᠤᠯᠪᠠ᠃ ᠶᠡᠭᠡ ᠬᠡᠮᠵᠢᠶᠡᠨ ᠤ ᠲᠠᠸᠠᠷ ᠤᠨ ᠬᠠᠩᠭᠠᠯᠭ᠎ᠠ ᠶᠢ | ᠪᠠᠲᠤᠯᠠᠵᠤ ᠦᠨ᠎ᠡ ᠬᠠᠩᠰᠢ ᠶᠢ ᠲᠣᠭᠲᠠᠭᠤᠨ ᠪᠠᠶᠢᠯᠭᠠᠬᠤ ᠶᠢ ᠴᠢᠩᠭᠠᠳᠬᠠᠵᠤ᠂ ᠨᠡᠭᠦᠷᠡᠰᠦ ᠴᠠᠬᠢᠯᠭᠠᠨ ᠬᠦᠴᠦᠨ ᠤ | ᠬᠠᠩᠭᠠᠯᠭ᠎ᠠ ᠪᠠᠴᠢᠮ ᠪᠠᠶᠢᠬᠤ ᠠᠰᠠᠭᠤᠳᠠᠯ ᠢ ᠬᠦᠴᠦᠯᠡᠨ ᠰᠢᠢᠳᠪᠦᠷᠢᠯᠡᠪᠠ᠃ ᠪᠦᠬᠦ ᠵᠢᠯ ᠠᠴᠠ ᠦᠵᠡᠪᠡᠯ᠂ ᠭᠤᠣᠯ ᠪᠣᠯᠬᠤ | ᠬᠤᠷᠸ᠎ᠠ ᠠᠵᠤ ᠠᠬᠤᠢ ᠶᠢᠨ ᠭᠦᠢᠴᠡᠳᠭᠡᠯ ᠲᠤᠭ᠎ᠠ ᠵᠢᠱᠢᠯᠲᠡ ᠳᠤ ᠨᠡᠶᠢᠴᠡᠵᠦ᠂ ᠡᠳ᠋ ᠤᠨ ᠵᠠᠰᠠᠭ ᠤᠨ ᠤᠯᠠᠭᠠᠨ ᠲᠤᠭ᠎ᠠ ᠶᠢᠨ | ᠨᠤᠷᠮ᠎ᠠ ᠪᠠ ᠬᠤᠷᠸ᠎ᠠ ᠬᠦᠰᠢᠬᠦᠷᠭᠡ ᠶᠢᠨ ᠨᠤᠷᠮ᠎ᠠ ᠪᠠᠭᠤᠷᠠᠵᠤ᠂ ᠠᠵᠤ ᠠᠬᠤᠶ ᠶᠢᠨ ᠨᠡᠮᠡᠭᠳᠡᠯ ᠤᠨ ᠨᠤᠷᠮ᠎ᠠ ᠦᠷᠭᠦᠯᠵᠢᠯᠡᠨ | ᠳᠡᠯᠡᠬᠡᠶ ᠶᠢᠨ ᠡᠮᠦᠨ᠎ᠡ ᠡᠩᠨᠡᠭᠡᠨ ᠳᠤ ᠤᠷᠤᠪᠠ᠃ | ᠬᠤᠶᠠᠷ ᠲᠤ ᠠᠵᠤ ᠠᠬᠤᠶᠢᠯᠠᠯ ᠳᠤ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠲᠥᠷᠥ ᠶᠢᠨ ᠪᠣᠳᠣᠯᠭ᠎ᠠ ᠶᠢ | ᠰᠢᠯᠢᠳᠡᠭᠵᠢᠭᠦᠯᠦᠨ ᠨᠠᠶᠢᠳᠠᠪᠤᠷᠢᠵᠢᠭᠤᠯᠵᠤ᠂ ᠠᠵᠤ ᠠᠬᠤᠢ ᠶᠢᠨ ᠰᠡᠷᠭᠦᠯᠲᠡ ᠶᠢᠨ ᠰᠠᠭᠤᠷᠢ ᠶᠢ ᠪᠠᠬᠢᠵᠢᠭᠦᠯᠪᠡ᠃ ᠳ᠋ᠦᠩᠰᠢᠭᠤᠷ | ᠭᠠᠷᠤᠶ ᠵᠠᠬ᠎ᠠ ᠳᠡᠯᠭᠡᠭᠦᠷ ᠤᠨ ᠪᠡᠶᠡᠴᠢ ᠴᠣᠭᠴᠠ ᠬᠡᠳᠦᠨ ᠳ᠋ᠦᠩᠰᠢᠭᠤᠷ ᠬᠥᠮᠦᠨ ᠤ ᠠᠵᠢᠯ ᠣᠯᠵᠤ ᠦᠢᠯᠡᠰ ᠴᠣᠭᠴᠠᠯᠠᠬᠤ ᠶᠢ | ᠡᠭᠦᠷᠭᠡᠯᠡᠵᠦ᠂ ᠬᠤᠷᠸ᠎ᠠ ᠲᠥᠷᠥ ᠶᠢᠨ ᠪᠣᠳᠣᠯᠭ᠎ᠠ ᠬᠢᠵᠢᠭ ᠡᠭᠦᠰᠦᠭᠰᠡᠨ ᠠᠴᠠ ᠨᠠᠭᠠᠰᠢᠬᠢ ᠪᠦᠲᠦᠮᠵᠢᠲᠡᠶ ᠳᠡᠮᠵᠢᠯᠭᠡ ᠶᠢᠨ | ᠠᠷᠭ᠎ᠠ ᠵᠠᠮ ᠪᠠ ᠠᠷᠭ᠎ᠠ ᠪᠠᠷᠢᠯ ᠢᠶᠠᠨ ᠦᠷᠭᠦᠯᠵᠢᠯᠡᠭᠦᠯᠪᠡ᠃ ᠨᠢᠳᠤᠨᠤᠨ ᠰᠢᠨ᠎ᠡ ᠪᠠᠷ ᠨᠡᠮᠡᠭᠳᠡᠭᠰᠡᠨ ᠭᠠᠶᠢᠯᠢ ᠬᠥᠩᠭᠡᠯᠡᠵᠦ | ᠰᠦᠢᠳᠭᠡᠯ ᠪᠠᠭᠤᠷᠠᠭᠤᠯᠤᠭᠰᠠᠨ ᠬᠡᠮᠵᠢᠶ᠎ᠡ 1 ᠲᠦᠮᠡᠨ ᠳ᠋ᠦᠩᠰᠢᠭᠤᠷ ᠲᠥᠭᠦᠷᠢᠭ ᠢ ᠳᠠᠪᠠᠭᠰᠠᠨ ᠪᠥᠭᠡᠳ ᠦᠢᠯᠡᠳᠬᠦ | ᠦᠢᠯᠡᠰ ᠤᠨ ᠳᠤᠮᠳᠠ ᠵᠢᠵᠢᠭ ᠪᠢᠴᠢᠯ ᠠᠵᠤ ᠠᠬᠤᠶᠢᠯᠠᠯ᠂ ᠨᠡᠭᠦᠷᠡᠰᠦᠨ ᠴᠠᠬᠢᠯᠭᠠᠨ ᠪᠠ ᠢᠯᠴᠢ ᠬᠠᠩᠭᠠᠬᠤ ᠠᠵᠤ | ᠠᠬᠤᠶᠢᠯᠠᠯ ᠳᠤ ᠱᠠᠲᠤ ᠦᠶᠡᠴᠢ ᠴᠢᠨᠠᠷᠲᠠᠶ ᠪᠠᠷ ᠭᠠᠶᠢᠯᠢ ᠰᠦᠢᠳᠭᠡᠯ ᠢ ᠬᠤᠶᠢᠰᠢᠯᠠᠭᠤᠯᠤᠨ ᠲᠤᠰᠢᠶᠠᠬᠤ ᠶᠢ ᠬᠡᠷᠡᠭᠵᠢᠭᠦᠯᠪᠡ᠃ | ᠭᠠᠶᠢᠯᠢ ᠬᠥᠩᠭᠡᠯᠡᠵᠦ ᠰᠦᠢᠳᠭᠡᠯ ᠪᠠᠭᠤᠷᠠᠭᠤᠯᠬᠤ ᠪᠣᠯ ᠠᠵᠤ ᠠᠬᠤᠶᠢᠯᠠᠯ ᠳᠤ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ | ᠰᠢᠭᠤᠳ ᠪᠦᠭᠡᠳ ᠪᠦᠲᠦᠮᠵᠢᠲᠡᠶ ᠠᠷᠭ᠎ᠠ ᠪᠣᠯᠬᠤ ᠪᠥᠭᠡᠳ ᠬᠡᠷᠡᠭ ᠳᠡᠭᠡᠷ᠎ᠡ ᠪᠠᠨ ᠪᠠᠰᠠ ᠴᠤ ᠡᠳ᠋ ᠤᠨ ᠢᠷᠡᠯᠲᠡ ᠶᠢ ᠲᠡᠳᠬᠦᠨ | ᠪᠤᠶᠢᠵᠢᠭᠤᠯᠬᠤ ᠪᠠ ᠭᠠᠶᠢᠯᠢ ᠶᠢᠨ ᠢᠷᠡᠯᠲᠡ ᠶᠢ ᠬᠠᠳᠠᠭᠠᠯᠠᠨ ᠬᠠᠮᠠᠭᠠᠯᠠᠵᠤ ᠪᠠᠶᠢᠭ᠎ᠠ ᠶᠠᠪᠤᠳᠠᠯ ᠪᠣᠯᠤᠨ᠎ᠠ ᠭᠡᠳᠡᠭ ᠢ | ᠦᠢᠯᠡᠳᠦᠯᠭᠡ ᠭᠡᠷᠡᠴᠢᠯᠡᠪᠡ᠂ 2013 ᠣᠨ ᠠᠴᠠ ᠨᠠᠭᠠᠰᠢ ᠰᠢᠨ᠎ᠡ ᠪᠠᠷ ᠨᠡᠮᠡᠭᠳᠡᠭᠰᠡᠨ ᠭᠠᠶᠢᠯᠢ ᠳᠤ ᠬᠤᠯᠪᠣᠭᠳᠠᠬᠤ ᠵᠠᠬ᠎ᠠ | ᠳᠡᠯᠭᠡᠭᠦᠷ ᠤᠨ ᠪᠡᠶᠡᠴᠢ ᠴᠣᠭᠴᠠ ᠶᠢᠨ ᠨᠢᠳᠤᠨᠤᠨ ᠤ ᠲᠤᠰᠢᠶᠠᠭᠰᠠᠨ ᠭᠠᠶᠢᠯᠢ 4.76 ᠲᠦᠮᠡᠨ ᠳ᠋ᠦᠩᠰᠢᠭᠤᠷ ᠲᠥᠭᠦᠷᠢᠭ ᠲᠤ | ᠬᠦᠷᠴᠡᠶ᠃ ᠲᠡᠮᠦᠷ ᠵᠠᠮ᠂ ᠵᠠᠰᠠᠮᠠᠯ ᠵᠠᠮ᠂ ᠠᠭᠠᠷ ᠤᠨ ᠠᠶᠠᠯᠠᠯ᠂ ᠳᠠᠯᠠᠢ ᠶᠢᠨ ᠲᠡᠭᠡᠭᠡᠪᠦᠷᠢ᠂ ᠭᠠᠷᠠᠮ ᠵᠡᠷᠭᠡ ᠶᠢᠨ | ᠲᠡᠭᠡᠭᠡᠪᠦᠷᠢ ᠶᠢᠨ ᠪᠠᠲᠤᠯᠠᠭ᠎ᠠ ᠶᠢ ᠴᠢᠩᠭᠠᠳᠬᠠᠪᠠ᠃ ᠬᠢᠵᠢᠭ ᠲᠤ ᠬᠦᠨᠳᠦ ᠨᠣᠴᠢᠲᠠᠶ ᠨᠦᠯᠦᠭᠡᠯᠡᠭᠳᠡᠭᠰᠡᠨ ᠠᠵᠢᠯ | ᠲᠥᠷᠥᠯ ᠤᠨ ᠠᠵᠤ ᠠᠬᠤᠶᠢᠯᠠᠯ ᠳᠤ ᠢᠲᠡᠭᠡᠮᠵᠢᠲᠦ ᠵᠢᠭᠡᠯᠡᠯᠭᠡ ᠲᠠᠯᠪᠢᠬᠤ ᠶᠢ ᠨᠡᠮᠡᠭᠳᠡᠭᠦᠯᠵᠦ᠂ ᠵᠢᠵᠢᠭ ᠪᠢᠴᠢᠯ ᠠᠵᠤ | ᠠᠬᠤᠶᠢᠯᠠᠯ ᠤᠨ ᠵᠢᠭᠡᠯᠡᠯᠭᠡ ᠳᠤ ᠡᠬᠡ ᠬᠦᠦ ᠶᠢ ᠨᠢ ᠬᠤᠶᠢᠰᠢᠯᠠᠭᠤᠯᠤᠨ ᠪᠤᠴᠠᠭᠠᠨ ᠲᠦᠯᠦᠬᠦ ᠪᠠ ᠢᠲᠡᠭᠡᠮᠵᠢᠲᠦ ᠵᠢᠭᠡᠯᠡᠯᠭᠡ ᠪᠠᠷ | ᠳᠡᠮᠵᠢᠬᠦ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠪᠠᠩᠭᠢ ᠶᠢᠨ ᠦᠢᠯᠡᠰ ᠤᠨ ᠮᠦᠡᠭᠭᠦᠨ ᠭᠦᠢᠯᠭᠡᠭᠡᠨ ᠤ | ᠪᠠᠶᠢᠭᠤᠯᠤᠮᠵᠢ ᠶᠢᠨ ᠲᠦᠭᠡᠮᠡᠯ ᠬᠠᠷᠠᠭᠠᠯᠵᠠᠯᠲᠤ ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ 27.3% ᠪᠠᠷ ᠨᠡᠮᠡᠭᠳᠡᠵᠤ᠂ | ᠲᠣᠮᠣ ᠬᠡᠯᠪᠡᠷᠢ ᠶᠢᠨ ᠬᠤᠳᠠᠯᠳᠤᠭᠠᠨ ᠤ ᠪᠠᠩᠬᠢ ᠶᠢᠨ ᠲᠦᠭᠡᠮᠡᠯ ᠬᠠᠷᠠᠭᠠᠯᠵᠠᠯᠲᠤ ᠵᠢᠵᠢᠭ ᠪᠢᠴᠢᠯ ᠠᠵᠤ ᠠᠬᠤᠶᠢᠯᠠᠯ ᠤᠨ | ᠵᠢᠭᠡᠯᠡᠯᠭᠡ ᠶᠢᠨ ᠨᠡᠮᠡᠭᠳᠡᠯ ᠤᠨ ᠬᠡᠮᠵᠢᠶ᠎ᠡ 40% ᠶᠢ ᠳᠠᠪᠠᠵᠤ᠂ ᠠᠵᠤ ᠠᠬᠤᠶᠢᠯᠠᠯ ᠤᠨ ᠶᠡᠷᠦᠩᠬᠡᠶᠢᠯᠡᠭᠰᠡᠨ ᠪᠠᠯᠠ | ᠲᠣᠬᠢᠷᠠᠭᠤᠯᠭ᠎ᠠ ᠶᠢᠨ ᠥᠪᠡᠷ ᠤᠨ ᠥᠷᠲᠡᠭ ᠲᠣᠭᠲᠠᠭᠤᠨ ᠪᠠᠶᠢᠬᠤ ᠶᠢᠨ ᠵᠡᠷᠭᠡ ᠳᠤ ᠪᠠᠭᠤᠷᠠᠪᠠ᠃ | ᠭᠤᠷᠪᠠ ᠳᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠨᠡᠭᠡᠭᠡᠯᠲᠡ ᠶᠢ ᠥᠷᠭᠡᠳᠭᠡᠵᠦ᠂ ᠬᠤᠳᠠᠯᠳᠤᠭ᠎ᠠ ᠡᠵᠡᠩᠨᠡᠬᠦ | ᠣᠷᠴᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠪᠠ᠃ ᠵᠠᠬ᠎ᠠ ᠳᠡᠯᠭᠡᠭᠦᠷ ᠤᠨ ᠰᠢᠰᠲ᠋ᠧᠮ ᠤᠨ ᠰᠠᠭᠤᠷᠢ ᠳᠦᠷᠢᠮ ᠤᠨ | ᠪᠠᠶᠢᠭᠤᠯᠤᠯᠲᠠ ᠶᠢ ᠴᠢᠩᠭᠠᠳᠬᠠᠵᠤ᠂ ᠡᠯᠧᠮᠧᠨ᠋ᠲ ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠵᠡᠷᠭᠡ ᠥᠭᠡᠷᠡᠴᠢᠯᠡᠯᠲᠡ ᠶᠢ | ᠠᠬᠢᠭᠤᠯᠪᠠ᠃ ᠠᠵᠤ ᠠᠬᠤᠶᠢᠯᠠᠯ ᠳᠤ ᠬᠤᠯᠪᠣᠭᠳᠠᠬᠤ ᠬᠢᠨᠠᠨ ᠵᠥᠪᠰᠢᠶᠡᠷᠡᠬᠦ ᠭᠠᠷᠳᠠᠮ ᠪᠠ ᠭᠦᠢᠴᠡᠳᠭᠡᠬᠦ ᠴᠠᠭ ᠤᠨ | ᠬᠢᠵᠠᠭᠠᠷ ᠢ ᠦᠷᠭᠦᠯᠵᠢᠯᠡᠨ ᠪᠠᠭᠠᠰᠬᠠᠵᠤ᠂ ᠵᠠᠰᠠᠭ ᠤᠨ ᠶᠠᠪᠤᠳᠠᠯ ᠤᠨ ᠨᠠᠩ ᠣᠯᠠᠨ ᠦᠢᠯᠡᠴᠢᠯᠡᠭᠡᠨ ᠤ ᠵᠦᠢᠯᠡᠰ ᠢ ᠨᠢᠭᠡ ᠯᠡ | ᠰᠦᠯᠵᠢᠶ᠎ᠡ ᠪᠠᠷ ᠨᠡᠶᠢᠳᠡᠮ ᠭᠦᠢᠴᠡᠳᠭᠡᠬᠦ ᠶᠢ ᠪᠡᠶᠡᠯᠡᠭᠦᠯᠪᠡ᠃ ᠨᠢᠭᠡ ᠪᠦᠯᠦᠭ ᠣᠷᠣᠨ ᠨᠤᠲᠤᠭ ᠤᠨ ᠥᠭᠡᠷᠡᠴᠢᠯᠡᠯᠲᠡ ᠶᠢᠨ | ᠲᠤᠷᠰᠢᠯᠭ᠎ᠠ ᠶᠢ ᠳᠡᠯᠭᠡᠷᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠰᠢᠨ᠎ᠡ ᠶᠢ ᠡᠭᠦᠳᠬᠦ ᠲᠤᠷᠰᠢᠯᠲᠠ ᠶᠢ | ᠥᠷᠨᠢᠭᠦᠯᠪᠡ᠃ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ ᠰᠢᠨᠡᠴᠢᠯᠠᠵᠦ᠂ ᠮᠤᠨᠤᠫᠤᠯᠢᠴᠢᠯᠠᠯ ᠢ ᠡᠰᠡᠷᠭᠦᠴᠡᠬᠦ ᠪᠠ | ᠬᠦᠷᠦᠩᠭᠡ ᠶᠢᠨ ᠡᠮᠬᠢ ᠵᠢᠷᠤᠮ ᠤᠢᠭᠡᠢ ᠥᠷᠭᠡᠵᠢᠬᠦ ᠶᠢ ᠰᠡᠷᠭᠡᠶᠢᠯᠡᠨ ᠬᠤᠷᠢᠭᠯᠠᠵᠤ᠂ ᠭᠤᠤᠯᠴᠢ ᠪᠠᠷ ᠥᠷᠢᠰᠥᠯᠳᠦᠬᠦ ᠶᠢ | ᠬᠠᠮᠠᠭᠠᠯᠠᠪᠠ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢ | ᠭᠦᠨᠵᠡᠭᠡᠶ ᠬᠡᠷᠡᠭᠵᠢᠭᠦᠯᠪᠡ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠶᠢ ᠲᠡᠮᠵᠢᠪᠡ᠃ | ᠠᠵᠢᠯ ᠲᠦᠷᠦᠯ ᠤᠨ ᠨᠡᠶᠢᠭᠡᠮᠯᠢᠭ ᠬᠤᠳᠠᠯᠳᠤᠭᠠᠴᠢᠳ ᠤᠨ ᠡᠪᠯᠡᠯ ᠢ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠰᠠᠯᠭᠠᠬᠤ | ᠥᠭᠡᠷᠡᠴᠢᠯᠡᠯᠲᠡ ᠶᠢ ᠦᠨᠳᠦᠰᠦᠨ ᠳᠡᠭᠡᠨ ᠪᠡᠶᠡᠯᠡᠭᠦᠯᠪᠡ᠃ ᠪᠡᠭᠡᠵᠢᠩ ᠤᠨ ᠦᠨᠡᠲᠦ ᠲᠡᠮᠳᠡᠭᠲᠦ ᠠᠷᠠᠯᠵᠢᠶᠠᠯᠠᠬᠤ ᠭᠠᠵᠠᠷ ᠪᠠ | ᠭᠤᠸᠠᠩᠵᠧᠦ ᠶᠢᠨ ᠬᠤᠭᠤᠴᠠᠭᠠᠲᠤ ᠪᠠᠷᠠᠭ᠎ᠠ ᠠᠷᠠᠯᠵᠢᠶᠠᠯᠠᠬᠤ ᠭᠠᠵᠠᠷ ᠢ ᠪᠠᠶᠢᠭᠤᠯᠪᠠ᠃ ᠲᠠᠷᠢᠶᠠᠯᠠᠩ ᠬᠥᠳᠡᠭᠡ ᠲᠣᠰᠬᠤᠨ᠂ | ᠨᠡᠶᠢᠭᠡᠮ ᠤᠨ ᠦᠢᠯᠡᠰ᠂ ᠠᠮᠢ ᠠᠬᠤᠶ ᠶᠢᠨ ᠪᠣᠯᠪᠠᠰᠤᠨ ᠵᠡᠷᠭᠡ ᠬᠦᠷᠢᠶᠡᠨ ᠳᠠᠬᠢ ᠥᠭᠡᠷᠡᠴᠢᠯᠡᠯᠲᠡ ᠶᠢ ᠯᠠᠪᠳᠠᠭᠤᠨ ᠢᠶᠠᠷ | ᠠᠬᠢᠭᠤᠯᠪᠠ᠃ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠠᠶᠢᠭᠤᠯᠬᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠪᠡ᠃ ᠭᠠᠳᠠᠭᠠᠳᠤ ᠠᠷᠠᠯᠵᠢᠶ᠎ᠠ ᠶᠢ ᠲᠤᠭᠳᠠᠭᠤᠨ ᠪᠠᠶᠢᠯᠭᠠᠬᠤ ᠪᠠ ᠭᠠᠳᠠᠭᠠᠳᠤ ᠪᠡᠯᠡ ᠶᠢ ᠲᠤᠭᠳᠠᠭᠤᠨ | ᠪᠠᠶᠢᠯᠭᠠᠬᠤ ᠡᠷᠴᠢᠮ ᠢ ᠴᠢᠩᠭᠠᠷᠠᠭᠤᠯᠵᠤ᠂ ᠭᠠᠳᠠᠭᠠᠳᠤ ᠣᠷᠣᠭᠤᠯᠤᠯᠲᠠ ᠶᠢᠨ ᠦᠵᠡᠰᠭᠦᠯᠡᠩ᠂ ᠭᠤᠸᠠᠩᠵᠧᠦ ᠶᠢᠨ | ᠠᠷᠠᠯᠵᠢᠶᠠᠨ ᠤ ᠴᠤᠭᠯᠠᠭᠠᠨ᠂ ᠦᠢᠯᠡᠴᠢᠯᠡᠭᠡᠨ ᠤ ᠠᠷᠠᠯᠵᠢᠶᠠᠨ ᠤ ᠴᠤᠭᠯᠠᠭᠠᠨ ᠵᠢᠴᠢ ᠠᠩᠬᠠᠳᠤᠭᠠᠷ ᠬᠤᠭᠤᠴᠠᠭᠠᠨ ᠤ ᠤᠯᠠᠨ | ᠤᠯᠤᠰ ᠤᠨ ᠭᠡᠷᠡᠭᠯᠡᠭᠡᠨ ᠤ ᠵᠦᠢᠯ ᠤᠨ ᠦᠵᠡᠰᠭᠦᠯᠡᠩ ᠵᠡᠷᠭᠡ ᠴᠢᠬᠤᠯᠠ ᠶᠡᠭᠡ ᠦᠵᠡᠰᠭᠦᠯᠡᠩ ᠢ ᠠᠮᠵᠢᠯᠲᠠ ᠲᠠᠢ ᠡᠷᠬᠢᠯᠡᠪᠡ᠃ | ᠦᠢᠯᠡᠴᠢᠯᠡᠭᠡᠨ ᠤ ᠦᠢᠯᠡᠰ ᠤᠨ ᠨᠡᠭᠡᠭᠡᠯᠳᠡ ᠶᠢ ᠥᠷᠭᠡᠳᠭᠡᠬᠦ ᠶᠡᠷᠦᠩᠬᠡᠶᠢᠯᠡᠭᠰᠡᠨ ᠲᠤᠷᠰᠢᠯᠲᠠ ᠶᠢᠨ ᠴᠡᠭ ᠢ ᠰᠢᠨ᠎ᠡ ᠪᠠᠷ 4 | ᠨᠡᠮᠡᠭᠳᠡᠭᠦᠯᠵᠦ᠂ ᠬᠠᠶᠢᠨᠠᠨ ᠤ ᠴᠢᠯᠥᠭᠡᠲᠦ ᠠᠷᠠᠯᠵᠢᠶᠠᠨ ᠤ ᠭᠠᠷᠠᠮ ᠤᠨ ᠨᠡᠭᠡᠭᠡᠯᠳᠠ ᠶᠢᠨ ᠰᠢᠨ᠎ᠡ ᠠᠷᠭ᠎ᠠ ᠬᠡᠮᠵᠢᠶ᠎ᠡ ᠶᠢ | ᠨᠡᠶᠢᠲᠡᠯᠡᠪᠡ᠃ | ᠳᠥᠷᠪᠡ ᠳᠤ ᠰᠢᠨ᠎ᠡ ᠶᠢ ᠡᠭᠦᠳᠬᠦ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠠᠵᠤ ᠦᠢᠯᠡᠰ ᠤᠨ ᠬᠡᠯᠬᠢᠶ᠎ᠡ | ᠬᠠᠩᠭᠠᠯᠭ᠎ᠠ ᠶᠢᠨ ᠬᠡᠯᠬᠢᠶ᠎ᠡ ᠶᠢ ᠲᠣᠭᠲᠠᠪᠤᠷᠢᠵᠢᠭᠤᠯᠪᠠ᠃ ᠤᠯᠤᠰ ᠤᠨ ᠲᠤᠷᠰᠢᠯᠲᠠ ᠶᠢᠨ ᠲᠠᠰᠤᠭ ᠤᠨ ᠪᠠᠶᠢᠭᠤᠯᠤᠯᠲᠠ ᠶᠢ | ᠴᠢᠩᠭᠠᠳᠬᠠᠵᠤ᠂ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠦᠰᠦᠯ ᠤᠨ ᠬᠡᠷᠡᠭᠵᠢᠭᠦᠯᠦᠯᠲᠡ ᠶᠢ ᠠᠬᠢᠭᠤᠯᠪᠠ᠃ | ᠲᠥᠪ ᠤᠨ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠤᠨ ᠬᠠᠮᠢᠶᠠᠷᠤᠯᠲᠠ ᠶᠢ ᠥᠭᠡᠷᠡᠴᠢᠯᠡᠨ | ᠲᠡᠭᠦᠯᠳᠡᠷᠵᠢᠭᠦᠯᠵᠦ᠂ ᠲᠠᠮ ᠵᠠᠷᠤᠳᠠᠯ ᠤᠨ ᠬᠠᠷᠢᠴᠠᠯ ᠢ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠡᠵᠡᠨ | ᠮᠡᠳᠡᠬᠦ ᠡᠷᠬᠡ ᠶᠢ ᠥᠷᠭᠡᠳᠭᠡᠪᠡ᠃ ᠰᠤᠳᠤᠯᠤᠨ ᠨᠡᠭᠡᠭᠡᠬᠦ ᠵᠠᠷᠤᠳᠠᠯ ᠢ ᠨᠡᠮᠡᠨ ᠪᠣᠳᠣᠵᠤ ᠰᠠᠭᠤᠯᠭᠠᠨ ᠬᠠᠰᠤᠬᠤ ᠲᠥᠷᠥ ᠶᠢᠨ | ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠦᠢᠯᠡᠳᠬᠦ ᠦᠢᠯᠡᠰ ᠤᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ | ᠵᠠᠷᠤᠳᠠᠯ ᠢ ᠨᠡᠮᠡᠨ ᠪᠣᠳᠣᠵᠤ ᠰᠠᠭᠤᠯᠭᠠᠨ ᠬᠠᠰᠤᠬᠤ ᠬᠠᠷᠢᠴᠠᠯ ᠢ 100% ᠪᠤᠯᠲᠠᠯ᠎ᠠ ᠳᠡᠭᠡᠭᠰᠢᠯᠡᠭᠦᠯᠪᠠ᠃ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠪᠠ᠃ ᠭᠤᠤᠯᠳᠠᠯᠭ᠎ᠠ ᠲᠠᠢ ᠠᠵᠤ ᠦᠢᠯᠡᠰ ᠤᠨ | ᠬᠡᠯᠬᠢᠶ᠎ᠡ ᠶᠢ ᠴᠢᠩᠭᠠᠳᠬᠠᠨ ᠨᠥᠬᠦᠪᠥᠷᠢᠯᠡᠬᠦ ᠠᠵᠢᠯᠯᠠᠭ᠎ᠠ ᠶᠢ ᠥᠷᠨᠢᠭᠦᠯᠪᠡ᠃ ᠤᠯᠠᠮᠵᠢᠯᠠᠯᠲᠤ ᠠᠵᠤ ᠦᠢᠯᠡᠰ ᠤᠨ | ᠳ᠋ᠢᠵᠢᠲ᠋ᠠᠯᠴᠢᠯᠠᠬᠤ ᠤᠶᠤᠨᠴᠢᠯᠠᠬᠤ ᠥᠭᠡᠷᠡᠴᠢᠯᠡᠯᠲᠡ ᠲᠦᠷᠭᠡᠳᠴᠦ᠂ ᠰᠢᠨ᠎ᠡ ᠪᠠᠷ ᠬᠥᠭᠵᠢᠭᠰᠡᠨ ᠠᠵᠤ ᠦᠢᠯᠡᠰ ᠰᠠᠶᠢᠨ | ᠰᠠᠶᠢᠬᠠᠨ ᠬᠥᠭᠵᠢᠯᠲᠡ ᠶᠢᠨ ᠪᠠᠶᠢᠳᠠᠯ ᠢᠶᠠᠨ ᠪᠠᠲᠤᠯᠠᠪᠠ᠃ | ᠲᠠᠪᠤ ᠳᠤ ᠬᠤᠲᠠ ᠬᠥᠳᠡᠭᠡ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢ ᠠᠬᠢᠭᠤᠯᠵᠤ᠂ ᠠᠵᠤ ᠠᠬᠤᠶ ᠶᠢᠨ | ᠪᠠᠶᠢᠷᠢᠰᠢᠯ ᠢ ᠲᠠᠰᠤᠷᠠᠯᠲᠠ ᠦᠭᠡᠢ ᠰᠢᠯᠢᠳᠡᠭᠵᠢᠭᠦᠯᠪᠡ᠃ ᠣᠷᠣᠨ ᠪᠦᠰᠡ ᠶᠢᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠪᠠ | ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠳᠡᠮᠵᠢᠯᠭᠡ ᠶᠢᠨ | ᠰᠢᠨ᠎ᠡ ᠠᠷᠭ᠎ᠠ ᠬᠡᠮᠵᠢᠶ᠎ᠡ ᠶᠢ ᠲᠣᠭᠲᠠᠭᠠᠵᠤ᠂ ᠨᠢᠭᠡ ᠪᠦᠯᠦᠭ ᠴᠢᠬᠤᠯᠠ ᠶᠡᠭᠡ ᠲᠦᠰᠦᠯ ᠢ ᠬᠡᠷᠡᠭᠵᠢᠭᠦᠯᠪᠡ᠃ ᠰᠢᠶᠠᠨ ᠤ | ᠬᠤᠲᠠ ᠪᠠᠷ ᠴᠢᠬᠤᠯᠠ ᠠᠴᠢᠶᠠᠯᠠᠪᠤᠷᠢ ᠪᠣᠯᠭᠠᠭᠰᠠᠨ ᠬᠤᠲᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠪᠠ | ᠃ ᠲᠠᠷᠢᠶᠠᠯᠠᠩ ᠤᠨ ᠦᠢᠯᠡᠳᠪᠦᠷᠢᠯᠡᠯ ᠢ ᠴᠢᠩᠭᠠᠳᠬᠠᠨ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ | ᠬᠠᠩᠭᠠᠯᠭ᠎ᠠ ᠶᠢ ᠪᠠᠲᠤᠯᠠᠵᠤ᠂ ᠠᠮᠤ ᠪᠤᠳᠠᠭ᠎ᠠ ᠲᠠᠷᠢᠬᠤ ᠲᠠᠷᠢᠶᠠᠴᠢᠳ ᠲᠤ 200 ᠳ᠋ᠦᠩᠰᠢᠭᠤᠷ ᠲᠥᠭᠦᠷᠢᠭ ᠤᠨ ᠨᠢᠭᠡ | ᠤᠳᠠᠭ᠎ᠠ ᠶᠢᠨ ᠴᠢᠨᠠᠷᠲᠠᠶ ᠨᠥᠬᠦᠪᠥᠷᠢ ᠣᠯᠭᠤᠪᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ | ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠢ | 160 ᠲᠣᠭᠲᠠᠭᠠᠪᠠ᠃ ᠬᠥᠳᠡᠭᠡ ᠲᠣᠰᠬᠤᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠢ ᠴᠡᠭᠴᠡᠯᠡᠨ ᠵᠠᠰᠠᠵᠤ | ᠳᠡᠭᠡᠭᠰᠢᠯᠡᠭᠦᠯᠬᠦ ᠲᠠᠪᠤᠨ ᠵᠢᠯ ᠤᠨ ᠠᠵᠢᠯᠯᠠᠭ᠎ᠠ ᠶᠢ ᠬᠡᠷᠡᠭᠵᠢᠭᠦᠯᠪᠡ᠃ | ᠵᠢᠷᠭᠤᠭ᠎ᠠ ᠳᠤ ᠠᠮᠢ ᠠᠬᠤᠶ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠶᠢ ᠴᠢᠩᠭᠠᠳᠬᠠᠵᠤ᠂ ᠦᠷᠭᠦᠯᠵᠢᠯᠡᠬᠦ | ᠬᠥᠭᠵᠢᠯᠲᠡ ᠶᠢ ᠠᠬᠢᠭᠤᠯᠪᠠ᠃ ᠴᠡᠯᠮᠡᠭ ᠲᠡᠭᠷᠢ᠂ ᠲᠤᠩᠭᠠᠯᠠᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠨ ᠤ ᠦᠷ᠎ᠡ | ᠪᠦᠲᠦᠭᠡᠯ ᠢ ᠪᠠᠬᠢᠵᠢᠭᠦᠯᠪᠡ᠃ ᠬᠢᠮᠢ ᠶᠢᠨ ᠪᠣᠷᠲᠣᠭᠤᠷ ᠲᠠᠷᠢᠶᠠᠨ ᠡᠮ ᠤᠨ ᠬᠡᠷᠡᠭᠯᠡᠯᠲᠡ ᠶᠢ ᠪᠠᠭᠠᠰᠬᠠᠨ ᠦᠢᠯᠡᠳᠦᠯ ᠢ ᠨᠢ | ᠨᠡᠮᠡᠭᠳᠡᠭᠦᠯᠬᠦ ᠪᠠ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠬᠠᠶᠠᠭᠳᠠᠮᠠᠯ ᠪᠣᠳᠠᠰ ᠢ ᠡᠬᠢ ᠪᠠᠶᠠᠯᠢᠬᠵᠢᠭᠤᠯᠤᠨ ᠠᠰᠢᠭᠯᠠᠬᠤ ᠶᠢ | ᠠᠬᠢᠭᠤᠯᠪᠠ᠃ ᠠᠮᠢ ᠠᠬᠤᠶ ᠶᠢ ᠬᠠᠮᠠᠭᠠᠯᠠᠬᠤ ᠪᠠ ᠵᠠᠰᠠᠨ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠢ ᠦᠷᠭᠦᠯᠵᠢᠯᠡᠨ | ᠠᠬᠢᠭᠤᠯᠵᠤ᠂ ᠬᠥᠬᠡᠮᠥ᠋ᠷᠡᠨ ᠳᠤ ᠵᠢᠭᠠᠰᠤ ᠠᠩᠨᠠᠬᠤ ᠶᠢ ᠠᠷᠪᠠᠨ ᠵᠢᠯ ᠴᠠᠭᠠᠵᠠᠯᠠᠬᠤ ᠶᠢ ᠪᠦᠬᠦ ᠲᠠᠯ᠎ᠠ ᠪᠠᠷ ᠬᠡᠷᠡᠭᠵᠢᠭᠦᠯᠪᠡ᠃ | ᠳᠠᠬᠢᠨ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢᠨ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢᠨ ᠬᠡᠪᠴᠢᠶ᠎ᠡ 10 | ᠳ᠋ᠦᠩᠰᠢᠭᠤᠷ ᠺᠢᠯᠣᠸᠠᠲ ᠢ ᠳᠠᠪᠠᠪᠠ᠃ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠣᠷᠭᠢᠯ ᠬᠡᠮᠵᠢᠭᠳᠡᠯ ᠳᠤᠨᠢ | ᠬᠦᠷᠭᠡᠬᠦ ᠠᠵᠢᠯᠯᠠᠭᠠᠨ ᠤ ᠲᠥᠰᠦᠯ ᠢ ᠨᠡᠶᠢᠲᠡᠯᠡᠪᠡ᠃ ᠪᠦᠬᠦ ᠤᠯᠤᠰ ᠤᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ | ᠡᠷᠬᠡ ᠶᠢᠨ ᠠᠷᠠᠯᠵᠢᠶᠠᠨ ᠤ ᠵᠠᠬ᠎ᠠ ᠳᠡᠯᠭᠡᠭᠦᠷ ᠢ ᠡᠬᠢᠯᠡᠭᠦᠯᠪᠡ᠃ ᠠᠭᠤᠷ ᠠᠮᠢᠰᠬᠤᠯ ᠤᠨ ᠬᠤᠪᠢᠷᠠᠯᠲᠠ ᠶᠢ ᠢᠳᠡᠪᠬᠢᠲᠡᠶ | ᠠᠷᠭᠠᠴᠠᠭᠠᠪᠠ᠃ | ᠲᠤᠯᠤᠭ᠎ᠠ ᠳᠤ ᠠᠷᠠᠳ ᠤᠨ ᠠᠮᠢᠳᠤᠷᠠᠯ ᠢ ᠬᠦᠴᠦᠯᠡᠨ ᠪᠠᠲᠤᠯᠠᠨ ᠰᠠᠶᠢᠵᠢᠷᠠᠭᠤᠯᠵᠤ᠂ ᠨᠡᠶᠢᠭᠡᠮ ᠤᠨ ᠦᠢᠯᠡᠰ ᠢ ᠲᠦᠷᠭᠡᠯᠡᠨ | ᠬᠥᠭᠵᠢᠭᠦᠯᠪᠡ᠃ ᠬᠥᠳᠡᠭᠡ ᠲᠣᠰᠬᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠤᠷᠠᠶ ᠭᠤᠭᠴᠤᠭ᠎ᠠ ᠶᠢᠨ | ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠰᠤᠷᠤᠭᠴᠢᠳ ᠤᠨ ᠰᠢᠮ᠎ᠡ ᠲᠡᠵᠢᠭᠡᠯ ᠢ ᠰᠠᠶᠢᠵᠢᠷᠠᠭᠤᠯᠬᠤ | ᠲᠥᠯᠥᠪᠯᠡᠭᠡ ᠶᠢᠨ ᠨᠥᠬᠦᠪᠥᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠦ᠂ 3700 ᠭᠠᠷᠤᠶ ᠲᠦᠮᠡᠨ ᠰᠤᠷᠤᠭᠴᠢ ᠳᠤ ᠠᠰᠢᠭ | ᠬᠦᠷᠲᠡᠭᠡᠪᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠤᠭᠴᠢᠳ ᠤᠨ ᠳᠠᠰᠬᠠᠯ ᠤᠨ ᠳᠠᠷᠤᠭᠠᠰᠤ | ᠪᠣᠯᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠳᠠᠷᠤᠭᠠᠰᠤ ᠶᠢ ᠬᠥᠩᠭᠡᠷᠡᠭᠦᠯᠪᠠ᠃ ᠳᠡᠭᠡᠳᠦ ᠵᠡᠷᠭᠡ ᠶᠢᠨ ᠠᠵᠢᠯ | ᠮᠡᠷᠭᠡᠵᠢᠯ ᠤᠨ ᠰᠤᠷᠭᠠᠭᠤᠯᠢ ᠶᠢᠨ ᠰᠤᠷᠤᠬᠴᠢ ᠨᠡᠮᠡᠵᠤ ᠡᠯᠰᠡᠬᠦ ᠭᠤᠷᠪᠠᠨ ᠵᠢᠯ ᠤᠨ ᠠᠵᠢᠯᠯᠠᠭ᠎ᠠ ᠶᠢᠨ ᠬᠠᠷᠠᠯᠲᠠ ᠶᠢ | ᠳᠠᠪᠠᠭᠤᠯᠤᠨ ᠪᠡᠶᠡᠯᠡᠭᠦᠯᠪᠡ᠃ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠬᠥᠮᠦᠨ ᠪᠦᠷᠢ ᠳᠤ ᠤᠯᠭᠤᠬᠤ | ᠵᠢᠯ ᠪᠦᠷᠢ ᠶᠢᠨ ᠬᠠᠮᠤᠭ ᠤᠨ ᠥᠨᠳᠥᠷ ᠲᠤᠭ᠎ᠠ ᠬᠡᠮᠵᠢᠶ᠎ᠡ ᠶᠢ 4000 ᠲᠥᠭᠦᠷᠢᠭ ᠨᠡᠮᠡᠭᠳᠡᠭᠦᠯᠵᠦ᠂ ᠰᠤᠷᠭᠠᠭᠤᠯᠢ ᠳᠤ | ᠪᠠᠶᠢᠭ᠎ᠠ 500 ᠭᠠᠷᠤᠶ ᠲᠦᠮᠡᠨ ᠰᠤᠷᠤᠭᠴᠢ ᠳᠤ ᠠᠰᠢᠭ ᠬᠦᠷᠲᠡᠭᠡᠪᠠ᠃ ᠠᠵᠢᠯ ᠠᠴᠠ ᠪᠠᠨ ᠪᠠᠭᠤᠵᠤ ᠠᠮᠠᠷᠠᠭᠰᠠᠨ | ᠬᠥᠮᠦᠰ ᠤᠨ ᠨᠠᠰᠤᠵᠢᠯ ᠤᠨ ᠦᠨᠳᠦᠰᠦᠨ ᠠᠰᠠᠷᠠᠮᠵᠢ ᠶᠢᠨ ᠮᠥᠩᠭᠦ ᠶᠢ ᠳᠡᠭᠡᠭᠰᠢᠯᠡᠭᠦᠯᠪᠡ᠃ ᠠᠰᠠᠷᠠᠨ ᠬᠠᠷᠠᠭᠠᠯᠵᠠᠬᠤ | ᠪᠠᠷᠢᠮᠵᠢᠶ᠎ᠠ ᠶᠢ ᠳᠡᠭᠡᠭᠰᠢᠯᠡᠭᠦᠯᠪᠡ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠠᠷᠠᠬᠠᠨ ᠬᠦᠷᠲᠡᠭᠡᠳᠦᠢ ᠭᠡᠷ | ᠪᠦᠯᠢ ᠶᠢᠨ ᠬᠦᠨᠳᠦ ᠡᠪᠡᠳᠴᠢᠨ ᠲᠠᠢ ᠪᠠ ᠬᠦᠨᠳᠦ ᠵᠡᠮᠳᠡᠭ ᠬᠥᠮᠦᠰ ᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ | ᠬᠡᠪᠴᠢᠶᠡᠨ ᠳᠤ ᠣᠷᠣᠭᠤᠯᠵᠤ᠂ ᠬᠦᠴᠢᠷᠳᠡᠯ ᠲᠠᠢ ᠣᠯᠠᠨ ᠲᠦᠮᠡᠨ ᠢ ᠬᠠᠪᠰᠤᠷᠤᠨ ᠲᠡᠳᠬᠦᠵᠦ ᠠᠪᠤᠷᠠᠨ ᠲᠤᠰᠠᠯᠠᠬᠤ ᠠᠵᠢᠯ ᠢ | ᠰᠠᠶᠢᠲᠤᠷ ᠬᠢᠪᠡ᠃ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠰᠢᠰᠲ᠋ᠧᠮ ᠳᠤ ᠥᠭᠡᠷᠡᠴᠢᠯᠡᠯᠲᠡ ᠬᠢᠪᠡ᠃ ᠪᠠᠶᠢᠩᠭᠤ | ᠲᠣᠬᠢᠶᠠᠯᠳᠤᠳᠠᠭ ᠡᠪᠡᠳᠴᠢᠨ᠂ ᠤᠳᠠᠭᠠᠨ ᠴᠢᠨᠠᠷᠳᠠᠢ ᠡᠪᠡᠳᠴᠢᠨ ᠵᠡᠷᠭᠡ ᠨᠠᠩ ᠣᠯᠠᠨ ᠡᠭᠦᠳᠡᠨ ᠡᠮᠨᠡᠯᠭᠡ ᠶᠢᠨ ᠵᠠᠷᠤᠳᠠᠯ ᠢ | ᠡᠮᠨᠡᠯᠭᠡ ᠶᠢᠨ ᠳᠠᠭᠠᠳᠬᠠᠯ ᠤᠨ ᠳᠠᠩᠰᠠ ᠲᠠᠶᠢᠯᠬᠤ ᠬᠡᠪᠴᠢᠶᠡᠨ ᠳᠤ ᠣᠷᠣᠭᠤᠯᠵᠤ᠂ ᠡᠮᠨᠡᠯᠭᠡ ᠳᠤ ᠰᠠᠭᠤᠭᠰᠠᠨ ᠵᠠᠷᠤᠳᠠᠯ ᠢ | ᠮᠣᠵᠢ ᠠᠯᠤᠰᠯᠠᠨ ᠰᠢᠭᠤᠳ ᠲᠠᠰᠤᠯᠤᠨ ᠪᠣᠳᠣᠬᠤ ᠨᠣᠷᠮ᠎ᠠ ᠶᠢ 60% ᠳᠤ ᠬᠦᠷᠭᠡᠪᠡ᠃ ᠡᠮ ᠤᠨ ᠵᠦᠢᠯ ᠸᠠᠺᠼᠢᠨ ᠤ | ᠬᠢᠨᠠᠯᠲᠠ ᠬᠠᠮᠢᠶᠠᠷᠤᠯᠲᠠ ᠶᠢ ᠴᠢᠩᠳᠠᠯᠠᠪᠠ᠃ ᠭᠤᠷᠪᠠᠨ ᠬᠡᠦᠬᠡᠳ ᠠᠪᠴᠤ ᠪᠤᠯᠬᠤ ᠦᠷᠡᠵᠢᠯ ᠤᠨ ᠲᠥᠷᠥ ᠶᠢᠨ ᠪᠣᠳᠣᠯᠭ᠎ᠠ ᠶᠢ | ᠬᠡᠷᠡᠭᠵᠢᠭᠦᠯᠪᠠ᠃ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠴᠢᠩᠭᠠᠳᠬᠠᠪᠠ᠃ ᠪᠠᠲᠤᠯᠠᠭ᠎ᠠ ᠶᠢᠨ ᠴᠢᠨᠠᠷᠲᠠᠶ | ᠲᠦᠷᠢᠶᠡᠰᠦᠨ ᠣᠷᠣᠨ ᠰᠠᠭᠤᠴᠠ ᠶᠢ ᠲᠦᠷᠭᠡᠯᠡᠨ ᠬᠥᠭᠵᠢᠭᠦᠯᠪᠡ᠃ ᠰᠣᠶᠣᠯ ᠤᠨ ᠦᠢᠯᠡᠰ ᠪᠠ ᠰᠣᠶᠣᠯ ᠤᠨ ᠠᠵᠤ | ᠦᠢᠯᠡᠰ ᠢ ᠴᠡᠴᠡᠭᠯᠡᠭᠦᠯᠦᠨ ᠬᠥᠭᠵᠢᠭᠦᠯᠵᠦ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠰᠢᠨ᠎ᠡ ᠶᠢ | ᠡᠭᠦᠳᠦᠨ ᠬᠡᠷᠡᠭᠵᠢᠭᠦᠯᠪᠡ᠃ ᠰᠦᠯᠵᠢᠶᠡᠨ ᠤ ᠰᠠᠶᠢᠨ ᠰᠠᠶᠢᠬᠠᠨ ᠠᠮᠢ ᠠᠬᠤᠶ ᠶᠢ ᠪᠤᠢ ᠪᠣᠯᠭᠠᠪᠠ᠃ ᠪᠦᠬᠦ ᠠᠷᠠᠳ ᠢᠶᠠᠷ ᠢᠶᠠᠨ | ᠪᠡᠶ᠎ᠡ ᠪᠠᠨ ᠴᠢᠬᠢᠷᠠᠭᠵᠢᠭᠤᠯᠬᠤ ᠠᠵᠢᠯᠯᠠᠭ᠎ᠠ ᠶᠢ ᠢᠳᠡᠪᠬᠢᠳᠠᠢ ᠦᠷᠨᠢᠭᠦᠯᠪᠡ᠃ ᠮᠠᠨ ᠤ ᠤᠯᠤᠰ ᠤᠨ ᠲᠠᠮᠢᠷᠴᠢᠳ ᠲᠣᠣᠺᠢᠣ᠋ ᠶᠢᠨ | ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ᠂ ᠵᠡᠮᠳᠡᠭᠴᠦᠳ ᠤᠨ ᠣᠯᠢᠮᠫᠢᠺ ᠤᠨ ᠪᠡᠶ᠎ᠡ ᠶᠢᠨ ᠲᠠᠮᠢᠷ ᠤᠨ | ᠴᠤᠭᠯᠠᠭᠠᠨ ᠳᠤ ᠰᠢᠯᠢᠳᠡᠭ ᠬᠢᠷᠢ ᠪᠦᠲᠦᠮᠵᠢ ᠤᠯᠪᠠ᠃ ᠨᠠᠷᠢᠨ ᠨᠢᠮᠪᠠᠶ ᠪᠡᠯᠡᠳᠭᠡᠬᠦ ᠪᠠᠷ ᠳᠠᠮᠵᠢᠨ᠂ ᠪᠢᠳᠡ ᠠᠷᠪᠢᠲᠠᠢ ᠭᠠᠮᠲᠠᠢ | ᠂ ᠠᠮᠤᠷ ᠲᠦᠪᠰᠢᠨ᠂ ᠭᠠᠶᠢᠬᠠᠯᠳᠠᠢ ᠰᠠᠶᠢᠬᠠᠨ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠪᠡᠶ᠎ᠡ ᠶᠢᠨ ᠲᠠᠮᠢᠷ ᠤᠨ | ᠴᠤᠭᠯᠠᠭᠠᠨ ᠢ ᠠᠮᠵᠢᠯᠲᠠ ᠲᠠᠢ ᠡᠷᠬᠢᠯᠡᠭᠰᠡᠨ ᠪᠥᠭᠡᠳ ᠰᠠᠶ᠋ᠢᠬᠠᠨ ᠡᠬᠢᠯᠡᠭᠰᠡᠨ ᠡᠪᠦᠯ ᠤᠨ ᠤᠯᠠᠷᠢᠯ ᠤᠨ ᠵᠡᠮᠳᠡᠭᠴᠦᠳ ᠤᠨ | ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠢ ᠴᠤ ᠯᠠᠪᠲᠠᠢ ᠰᠠᠶᠢᠲᠤᠷ ᠡᠷᠬᠢᠯᠡᠵᠦ ᠴᠢᠳᠠᠬᠤ ᠶᠤᠮ᠃ | ᠨᠠᠢᠮᠠ ᠳᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠪᠠ ᠵᠠᠰᠠᠯᠲᠠ ᠶᠢᠨ ᠰᠢᠨ᠎ᠡ ᠶᠢ ᠡᠭᠦᠳᠬᠦ ᠶᠢ | ᠠᠬᠢᠭᠤᠯᠵᠤ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠪᠠᠲᠤᠯᠠᠪᠠ᠃ ᠪᠦᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ 10 ᠬᠤᠪᠢ ᠬᠠᠤᠯᠢ ᠴᠠᠭᠠᠵᠠ ᠶᠢᠨ ᠰᠠᠨᠠᠯ | ᠵᠥᠪᠯᠡᠯᠭᠡ ᠶᠢ ᠬᠢᠨᠠᠨ ᠶᠠᠷᠢᠯᠴᠠᠭᠤᠯᠬᠤ ᠪᠠᠷ ᠳᠡᠪᠰᠢᠭᠦᠯᠵᠦ᠂ 15 ᠬᠤᠪᠢ ᠵᠠᠰᠠᠭ ᠵᠠᠬᠢᠷᠭᠠᠨ ᠤ ᠬᠠᠤᠯᠢ ᠲᠣᠭᠲᠠᠭᠠᠯ ᠢ | ᠲᠣᠭᠲᠠᠭᠠᠭᠰᠠᠨ ᠪᠤᠶᠤ ᠵᠠᠰᠠᠨ ᠲᠤᠭᠲᠠᠭᠠᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ | ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠬᠢᠨᠠᠮᠠᠭᠠᠶ ᠰᠢᠢᠳᠪᠦᠷᠢᠯᠡᠪᠡ᠃ | ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠦᠯᠲᠡ ᠶᠢᠨ ᠲᠣᠪᠴᠢ ᠶᠢ ᠨᠡᠶᠢᠲᠡᠯᠡᠪᠡ᠃ | ᠬᠢᠨᠠᠨ ᠪᠤᠳᠤᠬᠤ ᠬᠢᠨᠠᠯᠲᠠ ᠶᠢᠨ ᠦᠢᠯᠡᠳᠦᠯ ᠢ ᠪᠠᠳᠠᠷᠠᠭᠤᠯᠪᠠ᠃ ᠲᠥᠷᠥ ᠶᠢᠨ ᠶᠠᠪᠤᠳᠠᠯ ᠤᠨ ᠬᠤᠷᠢᠶᠠᠨ ᠤ ᠶᠡᠭᠡ ᠰᠢᠪᠠᠳᠠᠨ | ᠪᠠᠶᠢᠴᠠᠭᠠᠯᠲᠠ ᠶᠢ ᠦᠷᠭᠦᠯᠵᠢᠯᠡᠨ ᠥᠷᠨᠢᠭᠦᠯᠵᠦ᠂ ︽ᠢᠨᠲ᠋ᠧᠷ ᠰᠦᠯᠵᠢᠶ᠎ᠡ + ᠰᠢᠪᠠᠳᠠᠨ ᠪᠠᠶᠢᠴᠠᠭᠠᠯᠲᠠ︾ ᠶᠢ ᠭᠦᠨᠵᠡᠭᠡᠶ | ᠬᠡᠷᠡᠭᠵᠢᠭᠦᠯᠪᠠ᠃ ᠬᠤᠲᠠ ᠬᠥᠳᠡᠭᠡ ᠶᠢᠨ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠶᠢ ᠡᠭᠦᠳᠪᠡ᠃ ᠵᠠᠬᠢᠳᠠᠯ | ᠰᠤᠷᠪᠤᠯᠵᠢᠯᠠᠭ᠎ᠠ ᠶᠢᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ | ᠬᠡᠷᠡᠭ ᠢ ᠠᠷᠢᠯᠭᠠᠪᠠ᠃ ᠠᠶᠤᠯ ᠦᠭᠡᠢ ᠦᠢᠯᠡᠳᠪᠦᠷᠢᠯᠡᠯ ᠪᠠ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢ | ᠴᠢᠩᠭᠠᠳᠬᠠᠪᠠ᠃ ᠤᠯᠤᠰ ᠤᠨ ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠪᠠ᠃ | ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮ ᠢ ᠲᠡᠭᠦᠯᠳᠡᠷᠵᠢᠭᠦᠯᠵᠦ᠂ ᠬᠠᠷ᠎ᠠ ᠬᠠᠷᠭᠢᠰ ᠬᠦᠴᠦᠨ ᠢ | ᠠᠷᠢᠯᠭᠠᠬᠤ ᠲᠡᠮᠡᠴᠡᠯ ᠢ ᠪᠠᠶᠢᠩᠭᠤ ᠶᠢᠨ ᠴᠢᠨᠠᠷᠳᠠᠢ ᠥᠷᠨᠢᠭᠦᠯᠦᠨ᠂ ᠴᠠᠬᠢᠯᠭᠠᠨ ᠬᠤᠯᠪᠤᠭ᠎ᠠ ᠪᠠ ᠰᠦᠯᠵᠢᠶ᠎ᠡ ᠪᠠᠷ ᠮᠡᠬᠡᠯᠡᠬᠦ | ᠵᠡᠷᠭᠡ ᠶᠠᠯᠠᠲᠤ ᠠᠵᠢᠯᠯᠠᠭ᠎ᠠ ᠳᠤ ᠲᠥᠪᠯᠡᠷᠡᠭᠦᠯᠦᠨ ᠴᠣᠬᠢᠯᠲᠠ ᠥᠭᠴᠦ ᠲᠡᠭᠦᠨ ᠢ ᠵᠠᠰᠠᠨ ᠴᠡᠭᠴᠡᠯᠡᠪᠡ᠃ ᠨᠢᠳᠤᠨᠤᠨ ᠵᠠᠷᠢᠮ | ᠭᠠᠵᠠᠷ ᠣᠷᠣᠨ ᠳᠤ ᠬᠦᠨᠳᠦ ᠨᠣᠴᠢᠲᠠᠶ ᠦᠶᠡᠷ ᠤᠰᠤᠲᠤᠯ ᠵᠡᠷᠭᠡ ᠭᠠᠮᠰᠢᠭ ᠭᠠᠷᠴᠤ᠂ ᠡᠯ᠎ᠡ ᠲᠠᠯ᠎ᠠ ᠶᠢᠨ ᠬᠢᠨ ᠭᠠᠮᠰᠢᠭ ᠢ | ᠰᠡᠷᠭᠡᠶᠢᠯᠡᠵᠦ ᠭᠠᠮᠰᠢᠭ ᠠᠴᠠ ᠠᠪᠤᠷᠠᠬᠤ ᠪᠠ ᠭᠠᠮᠰᠢᠭ ᠤᠨ ᠲᠠᠷᠠᠭ᠎ᠠ ᠲᠠᠬᠢᠨ ᠪᠠᠶᠢᠭᠤᠯᠬᠤ ᠠᠵᠢᠯ ᠢ ᠢᠳᠡᠪᠬᠢᠲᠡᠶ ᠥᠷᠨᠢᠭᠦᠯᠵᠦ | ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠴᠢᠷᠮᠠᠶᠢᠨ ᠪᠠᠲᠤᠯᠠᠪᠠ᠃ | ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠲᠤᠬᠠᠶ ᠨᠠᠮ ᠤᠨ ᠲᠥᠪ ᠬᠤᠷᠢᠶᠠᠨ ᠤ ᠪᠠᠶᠢᠯᠳᠤᠬᠤ ᠪᠤᠳᠤᠯᠭ᠎ᠠ ᠶᠢᠨ | ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠪᠠ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ | ᠥᠷᠨᠢᠭᠦᠯᠪᠡ᠃ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠠᠷᠠᠯ ᠢ | ᠡᠰᠡᠷᠭᠦᠴᠡᠬᠦ ᠲᠡᠮᠡᠴᠡᠯ ᠢ ᠴᠢᠩᠭᠠᠳᠬᠠᠪᠠ᠃ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ | ᠴᠢᠩᠭ᠎ᠠ ᠨᠠᠶᠢᠳᠠᠪᠤᠷᠢᠵᠢᠭᠤᠯᠵᠤ᠂ ︽ᠳᠥᠷᠪᠡᠨ ᠰᠤᠷᠲᠠᠯ︾ ᠢ ᠰᠢᠨᠲᠠᠷᠠᠰᠢ ᠦᠭᠡᠢ ᠵᠠᠯᠠᠷᠠᠭᠤᠯᠤᠨ ᠵᠠᠰᠠᠵᠤ᠂ ᠦᠨᠳᠦᠰᠦᠨ | ᠱᠠᠲᠤᠨ ᠤ ᠳᠠᠷᠤᠭᠠᠰᠤ ᠶᠢ ᠤᠯᠠᠮ ᠨᠢᠭᠡ ᠠᠯᠬᠤᠮ ᠬᠥᠩᠭᠡᠷᠡᠭᠦᠯᠪᠡ᠃ | ᠳᠤᠮᠳᠠᠳᠤ ᠤᠯᠤᠰ ᠤᠨ ᠣᠨᠴᠠᠯᠢᠭ ᠪᠦᠬᠦᠢ ᠲᠤᠮᠤ ᠤᠯᠤᠰ ᠤᠨ ᠭᠠᠳᠠᠭᠠᠳᠤ ᠬᠠᠷᠢᠯᠴᠠᠭ᠎ᠠ ᠪᠦᠬᠦ ᠲᠠᠯ᠎ᠠ ᠪᠠᠷ ᠠᠬᠢᠪᠠ᠃ | ᠲᠡᠷᠢᠭᠦᠯᠡᠭᠴᠢ ᠰᠢ ᠶᠢᠨ ᠫᠢᠩ ᠵᠡᠷᠭᠡ ᠨᠠᠮ ᠪᠣᠯᠤᠨ ᠲᠦᠷᠦ ᠶᠢᠨ ᠤᠳᠤᠷᠢᠳᠬᠤ ᠬᠥᠮᠦᠰ ᠸᠢᠳᠢᠣ᠋ ᠬᠡᠯᠪᠡᠷᠢ ᠪᠠᠷ ᠤᠯᠠᠨ | ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠶᠡᠭᠡ ᠬᠤᠷᠠᠯ᠂ ᠬᠤᠷᠢᠨ ᠤᠯᠤᠰ ᠤᠨ ᠪᠦᠯᠦᠭᠯᠡᠯ ᠤᠨ ᠤᠳᠤᠷᠢᠳᠬᠤ | ᠬᠥᠮᠦᠰ ᠤᠨ ᠲᠦᠷᠦᠭᠦᠴᠦᠳ ᠤᠨ ᠬᠤᠷᠠᠯ᠂ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠠᠵᠤ ᠠᠬᠤᠢ ᠶᠢᠨ | ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠬᠥᠮᠦᠰ ᠤᠨ ᠠᠯᠪᠠᠨ ᠶᠣᠰᠣᠨ ᠤ ᠪᠤᠰᠤ ᠬᠤᠷᠠᠯᠳᠤᠭᠠᠨ᠂ | BRICS ᠤᠯᠤᠰ ᠤᠨ ᠤᠲᠤᠷᠢᠳᠬᠤ ᠬᠦᠮᠦᠰ ᠤᠨ ᠠᠭᠤᠯᠵᠠᠯᠳᠠ᠂ ᠳᠤᠮᠳᠠᠳᠤ ᠤᠯᠤᠰ — ᠵᠡᠭᠦᠨ ᠡᠮᠦᠨᠡᠲᠦ | ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠶᠠᠷᠢᠯᠴᠠᠭᠠᠨ ᠤ ᠬᠠᠷᠢᠴᠠᠭ᠎ᠠ ᠪᠠᠶᠢᠭᠤᠯᠤᠭᠰᠠᠨ 30 ᠵᠢᠯ ᠤᠨ ᠤᠢ ᠶᠢ | ᠳᠤᠷᠠᠰᠬᠠᠬᠤ ᠲᠦᠷᠦᠭᠦᠴᠦᠳ ᠤᠨ ᠬᠤᠷᠠᠯ᠂ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠯᠴᠠᠭᠠᠨ ᠤ ᠲᠠᠪᠴᠠᠩ ᠤᠨ | ᠰᠠᠶᠢᠳ ᠤᠨ ᠳᠡᠰ ᠤᠨ ᠬᠤᠷᠠᠯᠳᠤᠭᠠᠨ ᠤ ᠡᠬᠢᠯᠡᠯᠲᠡ ᠶᠢᠨ ᠶᠣᠰᠣᠯᠠᠯ᠂ ᠵᠡᠭᠦᠨ ᠠᠽᠢᠶ᠎ᠠ ᠶᠢᠨ ᠬᠠᠮᠲᠤᠷᠠᠯᠴᠠᠭᠠᠨ ᠤ | ᠤᠳᠤᠷᠢᠳᠬᠤ ᠬᠥᠮᠦᠰ ᠤᠨ ᠰᠢᠷᠢᠰ ᠬᠤᠷᠠᠯᠳᠤᠭᠠᠨ᠂ ᠠᠽᠢᠶ᠎ᠠ ᠧᠦ᠋ᠷᠣᠫᠠ ᠶᠢᠨ ᠲᠦᠷᠦᠭᠦᠴᠦᠳ ᠤᠨ ᠬᠤᠷᠠᠯᠳᠤᠭᠠᠨ ᠵᠡᠷᠭᠡ | ᠴᠢᠬᠤᠯᠠ ᠶᠡᠭᠡ ᠠᠵᠢᠯᠯᠠᠭ᠎ᠠ ᠳᠤ ᠣᠷᠣᠯᠴᠠᠪᠠ᠃ ᠤᠯᠠᠨ ᠤᠳᠠᠭᠠᠨ ᠤ ᠴᠢᠬᠤᠯᠠ ᠶᠡᠭᠡ ᠡᠵᠡᠨ ᠲᠠᠯᠠᠪᠤᠷ ᠤᠨ ᠭᠠᠳᠠᠭᠠᠳᠤ | ᠬᠠᠷᠢᠯᠴᠠᠭᠠᠨ ᠤ ᠠᠵᠢᠯᠯᠠᠭ᠎ᠠ ᠶᠢ ᠠᠮᠵᠢᠯᠲᠠ ᠲᠠᠢ ᠡᠷᠬᠢᠯᠡᠪᠡ᠃ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢ ᠪᠠᠶᠢᠭᠤᠯᠬᠤ ᠶᠢ ᠠᠬᠢᠭᠤᠯᠵᠤ᠂ ᠪᠦᠬᠦ ᠪᠥᠮᠪᠥᠷᠴᠡᠭ ᠤᠨ ᠬᠠᠨᠢᠲᠠᠨ ᠤ ᠬᠠᠷᠢᠴᠠᠭ᠎ᠠ ᠶᠢ ᠢᠳᠡᠪᠬᠢᠲᠡᠢ | ᠬᠥᠭᠵᠢᠭᠦᠯᠦᠨ᠂ ᠪᠦᠬᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠤᠨ ᠥᠭᠡᠷᠡᠴᠢᠯᠡᠯᠲᠡ ᠪᠠ ᠪᠦᠲᠦᠭᠡᠨ ᠪᠠᠶᠢᠭᠤᠯᠤᠯᠲᠠ ᠳᠤ | ᠢᠳᠡᠪᠬᠢᠲᠡᠢ ᠣᠷᠣᠯᠴᠠᠵᠤ᠂ ᠤᠯᠠᠨ ᠤᠯᠤᠰ ᠤᠨ ᠬᠢᠵᠢᠭ ᠢ ᠡᠰᠡᠷᠭᠦᠴᠡᠬᠦ ᠬᠠᠮᠲᠤᠷᠠᠯᠴᠠᠭ᠎ᠠ ᠶᠢ ᠠᠬᠢᠭᠤᠯᠵᠤ᠂ ᠪᠦᠬᠦ | ᠪᠥᠮᠪᠥᠷᠴᠡᠭ ᠤᠨ ᠴᠢᠨᠠᠷᠲᠠᠢ ᠠᠰᠠᠭᠤᠳᠠᠯ ᠪᠠ ᠰᠢᠯᠭᠠᠯᠲᠠ ᠶᠢ ᠬᠠᠮᠲᠤ ᠪᠠᠷ ᠠᠷᠭᠠᠴᠠᠭᠠᠪᠠ᠃ ᠳᠤᠮᠳᠠᠳᠤ ᠤᠯᠤᠰ ᠳᠡᠯᠡᠬᠡᠶ ᠶᠢᠨ | ᠡᠩᠭᠡ ᠲᠠᠶᠢᠪᠤᠩ ᠪᠠ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠶ ᠬᠤᠪᠢ ᠨᠡᠮᠡᠷᠢ ᠦᠵᠡᠭᠦᠯᠪᠡ᠃ | ᠲᠥᠯᠥᠭᠡᠯᠡᠭᠴᠢᠳ ᠡ︕ | ᠥᠩᠭᠡᠷᠡᠭᠰᠡᠨ ᠨᠢᠭᠡ ᠵᠢᠯ ᠳᠤ ᠣᠯᠤᠭᠰᠠᠨ ᠠᠮᠵᠢᠯᠲᠠ ᠪᠦᠲᠦᠮᠵᠢ ᠪᠤᠯ ᠰᠢ ᠶᠢᠨ ᠫᠢᠩ ᠨᠥᠬᠦᠷ ᠢᠶᠠᠷ | ᠭᠤᠤᠯᠯᠠᠭᠤᠯᠤᠭᠰᠠᠨ ᠨᠠᠮ ᠤᠨ ᠲᠥᠪ ᠬᠤᠷᠢᠶᠠᠨ ᠤ ᠡᠷᠡᠰ ᠴᠢᠩᠭ᠎ᠠ ᠤᠳᠤᠷᠢᠳᠤᠬᠰᠠᠨ ᠤ ᠦᠷ᠎ᠡ ᠳ᠋ᠦᠩ ᠮᠥᠨ᠂ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭᠠᠨ ᠤ | ᠰᠢᠨᠵᠢᠯᠡᠬᠦ ᠤᠬᠠᠭᠠᠨᠴᠢ ᠪᠠᠷ ᠵᠢᠯᠣᠭᠤᠳᠤᠬᠰᠠᠨ ᠤ ᠦᠷ᠎ᠡ ᠳ᠋ᠦᠩ ᠮᠥᠨ᠂ ᠪᠦᠬᠦ ᠨᠠᠮ ᠪᠦᠬᠦ ᠴᠡᠷᠢᠭ ᠪᠦᠬᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠥᠨ᠃ ᠪᠢ ᠲᠥᠷᠥ ᠶᠢᠨ | ᠶᠠᠪᠤᠳᠠᠯ ᠤᠨ ᠬᠤᠷᠢᠶᠠᠨ ᠤ ᠡᠮᠦᠨ᠎ᠡ ᠠᠴᠠ᠂ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ᠂ ᠡᠯ᠎ᠡ | ᠠᠷᠠᠳᠴᠢᠯᠠᠭᠰᠠᠨ ᠨᠠᠮ ᠪᠦᠯᠦᠭ᠂ ᠡᠯ᠎ᠡ ᠠᠷᠠᠳ ᠤᠨ ᠪᠦᠯᠬᠦᠮ ᠪᠣᠯᠤᠨ ᠡᠯ᠎ᠡ ᠡᠲᠡᠭᠡᠳ ᠤᠨ ᠬᠥᠮᠦᠰ ᠲᠤ ᠴᠢᠩ | ᠰᠡᠳᠭᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ ᠰᠢᠶᠠᠩᠭᠠᠩ ᠤᠨ ᠵᠠᠰᠠᠭ ᠵᠠᠬᠢᠷᠭᠠᠨ ᠤ ᠣᠨᠴᠠᠭᠠᠶ ᠣᠷᠣᠨ ᠤ ᠠᠬ᠎ᠠ ᠳᠡᠭᠦᠦ | ᠨᠡᠷ᠂ ᠣᠣᠮᠧᠨ ᠤ ᠵᠠᠰᠠᠭ ᠵᠠᠬᠢᠷᠭᠠᠨ ᠤ ᠣᠨᠴᠠᠭᠠᠶ ᠣᠷᠣᠨ ᠤ ᠠᠬ᠎ᠠ ᠳᠡᠭᠦᠦ ᠨᠡᠷ᠂ ᠲᠠᠶᠢᠸᠠᠨ ᠤ ᠠᠬ᠎ᠠ ᠳᠡᠭᠦᠦ ᠨᠡᠷ ᠪᠠ | ᠭᠠᠳᠠᠭᠠᠳᠤ ᠳᠤ ᠰᠠᠭᠤᠭ᠎ᠠ ᠬᠠᠷᠢᠶᠠᠲᠤ ᠠᠬ᠎ᠠ ᠳᠡᠭᠦᠦ ᠨᠡᠷ ᠲᠤ ᠴᠢᠩ ᠰᠡᠳᠭᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | ᠳᠤᠮᠳᠠᠳᠤ ᠤᠯᠤᠰ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠬᠠᠯᠠᠮᠵᠢᠯᠠᠨ ᠳᠠᠮᠵᠢᠵᠤ ᠪᠠᠶᠢᠭ᠎ᠠ ᠡᠯ᠎ᠡ ᠤᠯᠤᠰ ᠤᠨ | ᠵᠠᠰᠠᠭ ᠤᠨ ᠣᠷᠳᠣᠨ᠂ ᠣᠯᠠᠨ ᠤᠯᠤᠰ ᠤᠨ ᠵᠣᠬᠢᠶᠠᠨ ᠪᠠᠶᠢᠭᠤᠯᠤᠯᠲᠠ ᠪᠣᠯᠤᠨ ᠡᠯ᠎ᠡ ᠤᠯᠤᠰ ᠤᠨ ᠨᠠᠶᠢᠵᠠ ᠨᠠᠷ ᠲᠤ ᠴᠢᠩ | ᠰᠡᠳᠭᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | ᠠᠮᠵᠢᠯᠲᠠ ᠪᠠᠨ ᠨᠤᠲᠠᠯᠠᠬᠤ ᠶᠢᠨ ᠵᠡᠷᠭᠡᠴᠡᠭᠡ ᠪᠠᠷ᠂ ᠪᠢᠳᠡ ᠪᠠᠰᠠ ᠲᠤᠯᠭᠠᠷᠠᠵᠤ ᠪᠠᠶᠢᠭ᠎ᠠ ᠠᠰᠠᠭᠤᠳᠠᠯ ᠪᠠ ᠰᠢᠯᠭᠠᠯᠲᠠ ᠶᠢ | ᠰᠡᠷᠭᠡᠭ ᠢᠶᠠᠷ ᠣᠯᠵᠤ ᠬᠠᠷᠠᠪᠠ᠃ ᠪᠦᠬᠦ ᠪᠥᠮᠪᠥᠷᠴᠡᠭ ᠤᠨ ᠬᠢᠵᠢᠭ ᠤᠨ ᠪᠠᠶᠢᠳᠠᠯ ᠮᠦᠨ ᠯᠡ ᠦᠷᠭᠦᠯᠵᠢᠯᠡᠵᠦ᠂ ᠳᠡᠯᠡᠬᠡᠶ ᠶᠢᠨ | ᠠᠵᠤ ᠠᠬᠤᠢ ᠶᠢᠨ ᠰᠡᠷᠭᠦᠯᠲᠡ ᠶᠢᠨ ᠬᠥᠳᠡᠯᠭᠡᠭᠴᠢ ᠬᠦᠴᠦᠨ ᠮᠡᠬᠦᠰᠳᠡᠨ᠂ ᠶᠡᠭᠡ ᠬᠡᠮᠵᠢᠶᠡᠨ ᠤ ᠲᠠᠸᠠᠷ ᠤᠨ ᠦᠨ᠎ᠡ ᠬᠠᠩᠰᠢ | ᠥᠨᠳᠥᠷ ᠪᠠᠶᠢᠷᠢᠨ ᠳᠤ ᠬᠡᠯᠪᠡᠯᠵᠡᠵᠦ᠂ ᠭᠠᠳᠠᠭᠠᠳᠤ ᠣᠷᠴᠢᠨ ᠨᠥᠬᠦᠴᠡᠯ ᠨᠡᠩ ᠨᠠᠷᠢᠨ ᠪᠤᠳᠤᠯᠢᠶᠠᠨᠲᠠᠶ ᠪᠥᠭᠡᠳ ᠮᠠᠭᠠᠳ ᠪᠤᠰᠤ | ᠴᠢᠨᠠᠷᠲᠠᠢ ᠪᠤᠯᠵᠤ ᠪᠠᠶᠢᠨ᠎ᠠ᠃ ᠮᠠᠨ ᠤ ᠤᠯᠤᠰ ᠤᠨ ᠠᠵᠤ ᠠᠬᠤᠢ ᠶᠢᠨ ᠬᠥᠭᠵᠢᠯᠲᠡ ᠬᠡᠷᠡᠭᠴᠡᠭᠡ ᠪᠠᠭᠠᠰᠬᠤ᠂ ᠬᠠᠩᠭᠠᠯᠭ᠎ᠠ | ᠮᠠᠭᠤᠳᠠᠬᠤ᠂ ᠵᠢᠱᠢᠯᠲᠡ ᠰᠤᠯᠠᠷᠠᠬᠤ ᠭᠤᠷᠪᠠᠨ ᠳᠠᠪᠬᠤᠷ ᠳᠠᠷᠤᠯᠲᠠ ᠳᠤ ᠲᠤᠯᠭᠠᠷᠠᠵᠤ ᠪᠠᠶᠢᠨ᠎ᠠ᠃ ᠬᠡᠰᠡᠭ ᠭᠠᠵᠠᠷ ᠤᠨ | ᠬᠢᠵᠢᠭ ᠤᠨ ᠪᠠᠶᠢᠳᠠᠯ ᠪᠠᠶᠢᠨ ᠪᠠᠶᠢᠨ ᠭᠠᠷᠴᠤ ᠪᠠᠶᠢᠨ᠎ᠠ᠃ ᠬᠡᠷᠡᠭᠯᠡᠭᠡ ᠪᠣᠯᠤᠨ ᠪᠡᠯᠡ ᠣᠷᠣᠭᠤᠯᠤᠯᠲᠠ ᠶᠢᠨ ᠰᠡᠷᠭᠦᠯᠲᠡ | ᠤᠳᠠᠭᠠᠰᠢᠷᠠᠵᠤ᠂ ᠭᠠᠳᠠᠭᠠᠳᠤ ᠭᠠᠷᠭᠠᠯᠲᠠ ᠶᠢ ᠲᠣᠭᠲᠠᠭᠤᠨ ᠪᠠᠶᠢᠯᠭᠠᠬᠤ ᠬᠦᠴᠢᠷᠳᠡᠯ ᠶᠡᠬᠡᠰᠴᠦ᠂ ᠡᠨᠧᠷᠭᠢ ᠶᠢᠨ ᠰᠤᠷᠪᠤᠯᠵᠢ | ᠲᠦᠭᠦᠬᠡᠶ ᠮᠠᠲ᠋ᠧᠷᠢᠶᠠᠯ ᠤᠨ ᠬᠠᠩᠭᠠᠯᠭ᠎ᠠ ᠮᠥᠨ ᠯᠡ ᠪᠠᠴᠢᠮ ᠪᠠᠶᠢᠵᠤ᠂ ᠭᠠᠳᠠᠭᠠᠳᠤ ᠠᠴᠠ ᠤᠷᠤᠵᠤ ᠢᠷᠡᠭᠰᠡᠨ ᠵᠤᠭᠤᠰ | ᠮᠠᠭᠤᠳᠠᠯᠳᠠ ᠶᠢᠨ ᠳᠠᠷᠤᠯᠳᠠ ᠶᠡᠬᠡᠰᠴᠤ᠂ ᠳᠤᠮᠳᠠ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ | ᠬᠤᠳᠠᠯᠳᠤᠭᠠᠨ ᠤ ᠡᠷᠦᠬᠡ ᠶᠢᠨ ᠦᠢᠯᠡᠳᠪᠦᠷᠢᠯᠡᠯ ᠡᠵᠡᠩᠨᠡᠯᠲᠡ ᠬᠦᠴᠢᠷᠳᠡᠯ ᠲᠠᠢ ᠪᠤᠯᠵᠤ᠂ ᠠᠵᠢᠯ ᠣᠯᠭᠤᠯᠲᠠ ᠶᠢ | ᠲᠣᠭᠲᠠᠭᠤᠨ ᠪᠠᠶᠢᠯᠭᠠᠬᠤ ᠡᠭᠦᠷᠭᠡ ᠨᠡᠩ ᠬᠠᠲᠠᠭᠤ ᠪᠡᠷᠬᠡ ᠪᠣᠯᠪᠠ᠃ ᠵᠠᠩᠭᠢᠯᠠᠭ᠎ᠠ ᠶᠢᠨ ᠬᠦᠷᠢᠶᠡᠨ ᠳᠠᠬᠢ ᠰᠢᠨ᠎ᠡ ᠶᠢ ᠡᠭᠦᠳᠬᠦ | ᠲᠤᠯᠭᠠᠭᠤᠷᠢᠯᠠᠬᠤ ᠴᠢᠳᠠᠪᠤᠷᠢ ᠴᠢᠩᠭ᠎ᠠ ᠪᠢᠰᠢ ᠪᠠᠶᠢᠨ᠎ᠠ᠃ ᠵᠠᠷᠢᠮ ᠣᠷᠣᠨ ᠨᠤᠳᠤᠭ ᠤᠨ ᠡᠳ᠋ ᠤᠨ ᠵᠠᠰᠠᠭ ᠤᠨ ᠣᠷᠣᠯᠭ᠎ᠠ | ᠵᠠᠷᠤᠯᠭ᠎ᠠ ᠶᠢᠨ ᠵᠥᠷᠢᠴᠡᠯ ᠶᠡᠬᠡᠰᠴᠦ᠂ ᠠᠵᠤ ᠠᠬᠤᠶ ᠮᠥᠩᠭᠦᠨ ᠭᠦᠢᠯᠭᠡᠭᠡᠨ ᠤ ᠬᠦᠷᠢᠶᠡᠨ ᠳᠠᠬᠢ ᠲᠦᠭᠰᠢᠭᠦᠷᠢ ᠶᠢᠨ ᠲᠠᠯᠳᠠ | ᠭᠡᠮ ᠨᠡᠯᠢᠶᠡᠳ ᠤᠯᠠᠨ ᠪᠠᠶᠢᠨ᠎ᠠ᠃ ᠠᠷᠠᠳ ᠤᠨ ᠠᠮᠢᠳᠤᠷᠠᠯ ᠤᠨ ᠬᠦᠷᠢᠶᠡᠨ ᠳᠤ ᠪᠠᠰᠠ ᠴᠥᠭᠡᠨ ᠪᠤᠰᠤ ᠳᠤᠲᠠᠭᠤᠳᠠᠯ | ᠣᠷᠣᠰᠢᠵᠤ ᠪᠠᠶᠢᠨ᠎ᠠ᠃ ᠵᠠᠰᠠᠭ ᠤᠨ ᠣᠷᠳᠣᠨ ᠤ ᠠᠵᠢᠯ ᠳᠤ ᠬᠦᠷᠦᠯᠴᠡᠬᠦ ᠦᠭᠡᠢ ᠲᠠᠯ᠎ᠠ ᠣᠷᠣᠰᠢᠵᠤ᠂ ᠬᠡᠯᠪᠡᠷᠢ ᠶᠢᠨ ᠦᠵᠡᠯ | ᠂ ᠨᠣᠶᠠᠨᠴᠢ ᠰᠤᠷᠲᠠᠯ ᠮᠥᠨ ᠯᠡ ᠲᠣᠪᠤᠶᠢᠮ᠎ᠠ ᠪᠠᠶᠢᠵᠤ᠂ ᠪᠣᠳᠠᠲᠤ ᠪᠠᠶᠢᠳᠠᠯ ᠠᠴᠠ ᠰᠠᠯᠤᠬᠰᠠᠨ᠂ ᠤᠯᠠᠨ ᠲᠦᠮᠡᠨ ᠤ ᠬᠦᠰᠡᠯ | ᠰᠠᠨᠠᠭ᠎ᠠ ᠠᠴᠠ ᠵᠥᠷᠢᠴᠡᠭᠰᠡᠨ ᠦᠵᠡᠭᠳᠡᠯ ᠣᠯᠠᠨᠲᠠ ᠭᠠᠷᠴᠤ ᠪᠠᠶᠢᠨ᠎ᠠ᠂ ᠵᠠᠷᠢᠮ ᠨᠢ ᠲᠦᠷᠦ ᠶᠢᠨ ᠪᠤᠳᠤᠯᠭ᠎ᠠ ᠶᠢ | ᠬᠡᠷᠡᠭᠵᠢᠭᠦᠯᠬᠦ ᠳᠡᠭᠡᠨ ᠪᠦᠭᠦᠳᠡ ᠶᠢ ᠨᠢᠭᠡ ᠯᠡ ᠪᠠᠷᠢᠮᠵᠢᠶ᠎ᠠ ᠪᠠᠷ ᠱᠠᠭᠠᠷᠳᠠᠬᠤ᠂ ᠬᠥᠳᠡᠯᠭᠡᠭᠡᠨ ᠬᠢᠬᠦ ᠬᠡᠯᠪᠡᠷᠢ ᠶᠢᠨ ᠠᠷᠭ᠎ᠠ ᠶᠢ | ᠠᠪᠴᠤ ᠪᠠᠶᠢᠨ᠎ᠠ᠃ ᠴᠥᠭᠡᠨ ᠲᠣᠭᠠᠨ ᠤ ᠺᠠᠳ᠋ᠷ ᠬᠠᠷᠢᠭᠤᠴᠠᠯᠭ᠎ᠠ ᠡᠭᠦᠷᠭᠡᠯᠡᠬᠦ ᠦᠭᠡᠢ᠂ ᠠᠵᠢᠯ ᠬᠢᠬᠦ ᠦᠭᠡᠢ ᠪᠤᠶᠤ | ᠳᠤᠷ᠎ᠠ ᠪᠠᠷ ᠢᠶᠠᠨ ᠦᠢᠯᠡᠳᠴᠦ ᠪᠠᠶᠢᠨ᠎ᠠ᠂ ᠵᠠᠷᠢᠮ ᠨᠢ ᠤᠯᠠᠨ ᠲᠦᠮᠡᠨ ᠤ ᠡᠷᠬᠡ ᠠᠰᠢᠭ ᠢ ᠬᠦᠨᠳᠦ ᠨᠤᠴᠢᠲᠠᠢ ᠬᠦᠨᠦᠭᠡᠭᠰᠡᠨ | ᠠᠰᠠᠭᠤᠳᠠᠯ ᠢ ᠦᠯᠦ ᠬᠠᠶᠢᠬᠤᠷᠤᠨ᠂ ᠠᠵᠢᠯ ᠤᠨ ᠲᠠᠯ᠎ᠠ ᠪᠠᠷ ᠬᠦᠨᠳᠤ ᠨᠤᠴᠢᠳᠠᠢ ᠲᠤᠰᠢᠶᠠᠯ ᠳᠠᠭᠠᠨ ᠣᠰᠣᠯᠳᠠᠵᠤ | ᠬᠠᠷᠢᠭᠤᠴᠠᠯᠭ᠎ᠠ ᠠᠯᠳᠠᠵᠤ ᠪᠠᠶᠢᠨ᠎ᠠ᠃ ᠵᠠᠷᠢᠮ ᠬᠦᠷᠢᠶᠡᠨ ᠳᠤ ᠢᠯᠵᠠᠷᠠᠯ ᠤᠨ ᠠᠰᠠᠭᠤᠳᠠᠯ ᠮᠥᠨ ᠯᠡ ᠤᠯᠠᠨᠳᠠ ᠡᠬᠦᠰᠴᠦ | ᠪᠠᠶᠢᠨ᠎ᠠ᠃ ᠪᠢᠳᠡ ᠰᠠᠨᠠᠭᠠᠰᠢᠷᠠᠨ ᠵᠣᠪᠠᠨᠢᠬᠤ ᠤᠬᠠᠮᠰᠠᠷ ᠢᠶᠠᠨ ᠴᠢᠩᠭᠠᠳᠬᠠᠨ᠂ ᠠᠰᠠᠭᠤᠳᠠᠯ ᠪᠠ ᠰᠢᠯᠭᠠᠯᠲᠠ ᠳᠤ ᠰᠢᠭᠤᠳ | ᠬᠠᠨᠳᠤᠵᠤ᠂ ᠪᠦᠬᠦ ᠬᠦᠴᠦᠨ ᠢᠶᠠᠷ ᠢᠶᠠᠨ ᠠᠵᠢᠯ ᠢᠶᠠᠨ ᠰᠠᠶᠢᠲᠤᠷ ᠬᠢᠵᠦ᠂ ᠠᠷᠠᠳ ᠲᠦᠮᠡᠨ ᠤ ᠬᠦᠰᠡᠯ ᠡᠷᠡᠮᠡᠯᠵᠡᠯ ᠢ | ᠶᠠᠭᠠᠬᠢᠭᠰᠠᠨ ᠴᠤ ᠬᠥᠰᠡᠷᠳᠡᠭᠦᠯᠬᠦ ᠦᠭᠡᠢ ᠪᠠᠶᠢᠬᠤ ᠬᠡᠷᠡᠭᠲᠡᠢ︕ | ᠬᠤᠶᠠᠷ᠂ 2022 ᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠷᠦᠩᠬᠡᠢ ᠱᠠᠭᠠᠷᠳᠠᠯᠭ᠎ᠠ ᠪᠠ ᠲᠥᠷᠦ ᠶᠢᠨ | ᠪᠣᠳᠣᠯᠭ᠎ᠠ ᠶᠢᠨ ᠬᠠᠨᠳᠤᠰᠢ | ᠡᠨᠡ ᠵᠢᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠬᠦ ᠤᠯᠤᠰ ᠤᠨ | ᠲᠥᠯᠥᠭᠡᠯᠡᠭᠴᠢᠳ ᠤᠨ ᠶᠡᠭᠡ ᠬᠤᠷᠠᠯ ᠢ ᠬᠤᠷᠠᠯᠳᠤᠭᠤᠯᠬᠤ ᠪᠣᠯᠤᠨ᠎ᠠ᠂ ᠡᠨᠡ ᠵᠢᠯ ᠪᠣᠯ ᠨᠠᠮ ᠪᠠ ᠤᠯᠤᠰ ᠤᠨ ᠠᠵᠢᠯ | ᠦᠢᠯᠡᠰ ᠤᠨ ᠬᠥᠭᠵᠢᠯᠲᠡ ᠶᠢᠨ ᠶᠠᠪᠤᠴᠠ ᠳᠠᠬᠢ ᠲᠦᠢᠯ ᠤᠨ ᠴᠢᠬᠤᠯᠠ ᠨᠢᠭᠡ ᠵᠢᠯ ᠮᠥᠨ᠃ ᠵᠠᠰᠠᠭ ᠤᠨ ᠣᠷᠳᠣᠨ ᠤ | ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠤ ᠡᠷᠡᠰ | ᠴᠢᠩᠭ᠎ᠠ ᠤᠳᠤᠷᠢᠳᠤᠯᠭ᠎ᠠ ᠳᠣᠣᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ | ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ | ᠪᠠ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠤᠳᠠᠭ᠎ᠠ ᠪᠦᠷᠢ ᠶᠢᠨ ᠪᠥᠬᠦᠳᠡ ᠬᠤᠷᠠᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠭᠤᠤ ᠶᠡᠭᠡ ᠨᠠᠮ ᠪᠠᠶᠢᠭᠤᠯᠬᠤ ᠵᠣᠷᠢᠭ | ᠰᠠᠨᠠᠭ᠎ᠠ ᠶᠢ ᠪᠠᠳᠠᠷᠠᠭᠤᠯᠤᠨ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠶ ᠬᠥᠭ | ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠦᠬᠦ | ᠲᠠᠯ᠎ᠠ ᠪᠠᠷ ᠲᠤᠭᠤᠰᠢᠯᠠᠭᠤᠯᠤᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠯᠡᠨ ᠪᠤᠢ ᠪᠤᠯᠭᠠᠵᠤ᠂ ᠥᠭᠡᠷᠡᠴᠢᠯᠡᠯᠲᠡ | ᠨᠡᠭᠡᠭᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠨ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ | ᠪᠣᠯᠭᠠᠬᠤ ᠶᠢ ᠪᠠᠷᠢᠮᠲᠠᠯᠠᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ | ᠴᠢᠨᠠᠷᠲᠠᠶ ᠥᠭᠡᠷᠡᠴᠢᠯᠡᠯᠲᠡ ᠪᠠᠷ ᠭᠤᠤᠯ ᠰᠢᠵᠢᠮ ᠪᠣᠯᠭᠠᠵᠤ᠂ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠪᠠ ᠠᠵᠤ ᠠᠬᠤᠶ | ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠦᠨ᠂ ᠬᠥᠭᠵᠢᠯᠲᠡ ᠪᠣᠯᠤᠨ ᠠᠮᠤᠷ ᠲᠦᠪᠰᠢᠨ ᠢ ᠨᠢᠭᠡᠳᠦᠯᠲᠡᠶ | ᠲᠥᠯᠥᠪᠵᠢᠭᠦᠯᠵᠦ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠪᠠ ︽ᠵᠢᠷᠭᠤᠭ᠎ᠠ ᠶᠢ ᠪᠠᠲᠤᠯᠠᠬᠤ︾ ᠠᠵᠢᠯ ᠢ | ᠦᠷᠭᠦᠯᠵᠢᠯᠡᠨ ᠰᠠᠶᠢᠲᠤᠷ ᠬᠢᠵᠦ᠂ ᠠᠷᠠᠳ ᠤᠨ ᠠᠮᠢᠳᠤᠷᠠᠯ ᠢ ᠦᠷᠭᠦᠯᠵᠢᠯᠡᠨ ᠰᠠᠶᠢᠵᠢᠷᠠᠭᠤᠯᠵᠤ᠂ ᠬᠤᠷᠸ᠎ᠠ ᠠᠵᠤ | ᠠᠬᠤᠢ ᠶᠢᠨ ᠶᠡᠭᠡ ᠲᠠᠯ᠎ᠠ ᠶᠢ ᠬᠦᠴᠦᠯᠡᠨ ᠲᠣᠭᠲᠠᠪᠤᠷᠢᠵᠢᠭᠤᠯᠵᠤ᠂ ᠠᠵᠤ ᠠᠬᠤᠶ ᠶᠢᠨ ᠠᠵᠢᠯᠯᠠᠭᠠᠨ ᠤ ᠵᠦᠶ ᠵᠣᠬᠢᠰᠲᠠᠶ | ᠬᠡᠪᠴᠢᠶᠠᠨ ᠳᠤ ᠶᠠᠪᠤᠭᠳᠠᠬᠤ ᠶᠢ ᠪᠠᠲᠤᠯᠠᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠪᠠᠲᠤᠯᠠᠵᠤ᠂ | ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠠᠯᠲᠠ ᠲᠠᠢ ᠪᠠᠷ ᠬᠤᠷᠠᠯᠳᠤᠬᠤ ᠶᠢ ᠤᠭᠲᠤᠬᠤ ᠬᠡᠷᠡᠭᠲᠡᠢ᠃ | ᠤᠯᠤᠰ ᠤᠨ ᠳᠣᠲᠣᠭᠠᠳᠤ ᠭᠠᠳᠠᠭᠠᠳᠤ ᠶᠢᠨ ᠪᠠᠶᠢᠳᠠᠯ ᠢ ᠶᠡᠷᠦᠩᠬᠡᠶᠢᠯᠡᠨ ᠰᠤᠳᠤᠯᠤᠨ ᠮᠠᠭᠠᠳᠯᠠᠪᠠᠯ᠂ ᠡᠨᠡ ᠵᠢᠯ ᠤᠨ ᠮᠠᠨ ᠤ | ᠤᠯᠤᠰ ᠤᠨ ᠬᠥᠭᠵᠢᠯᠲᠡ ᠳᠤ ᠲᠤᠯᠭᠠᠷᠠᠵᠤ ᠪᠠᠶᠢᠭ᠎ᠠ ᠲᠦᠭᠰᠢᠭᠦᠷᠢ ᠪᠠ ᠰᠢᠯᠭᠠᠯᠲᠠ ᠢᠯᠡᠳᠲᠡ ᠨᠡᠮᠡᠭᠳᠡᠵᠦ ᠪᠠᠶᠢᠨ᠎ᠠ᠂ | ᠡᠷᠬᠡᠪᠰᠢ ᠰᠠᠭᠠᠳ ᠳᠤᠳᠬᠠᠷ ᠢ ᠳᠠᠪᠠᠵᠤ ᠬᠦᠴᠢᠷ ᠪᠡᠷᠬᠡᠰᠢᠶᠠᠯ ᠢ ᠢᠯᠠᠬᠤ ᠬᠡᠷᠡᠭᠲᠡᠶ᠃ ᠬᠡᠳᠦᠢ ᠬᠦᠴᠢᠷ ᠪᠡᠷᠬᠡᠰᠢᠶᠡᠯ ᠲᠠᠢ | ᠪᠣᠯ ᠲᠡᠳᠦᠢ ᠢᠲᠡᠭᠡᠯ ᠵᠣᠷᠢᠭ ᠢᠶᠠᠨ ᠪᠠᠲᠤᠳᠬᠠᠵᠤ᠂ ᠲᠡᠳᠦᠢ ᠦᠨᠡᠨ ᠬᠦ ᠠᠳᠬᠤᠨ ᠪᠣᠳᠠᠲᠠᠶ ᠠᠵᠢᠯᠯᠠᠬᠤ ᠬᠡᠷᠡᠭᠲᠡᠶ᠃ | ᠮᠠᠨ ᠤ ᠤᠯᠤᠰ ᠤᠨ ᠠᠵᠤ ᠠᠬᠤᠢ ᠶᠢᠨ ᠤᠷᠲᠤ ᠬᠤᠭᠤᠴᠠᠭ᠎ᠠ ᠪᠠᠷ ᠰᠠᠶᠢᠵᠢᠷᠠᠬᠤ ᠦᠨᠳᠦᠰᠦᠨ ᠪᠠᠶᠢᠳᠠᠯ ᠬᠤᠪᠢᠷᠠᠬᠤ ᠦᠭᠡᠢ᠂ | ᠦᠷᠭᠦᠯᠵᠢᠯᠡᠨ ᠬᠥᠭᠵᠢᠭᠦᠯᠬᠦ ᠳᠤ ᠣᠯᠠᠨ ᠲᠠᠯ᠎ᠠ ᠶᠢᠨ ᠠᠰᠢᠭᠲᠠᠢ ᠨᠥᠬᠦᠴᠡᠯ ᠲᠠᠢ᠂ ᠢᠯᠠᠩᠭᠤᠶ᠎ᠠ ᠲᠦᠭ ᠲᠦᠮᠡᠨ ᠠᠷᠠᠳ | ᠲᠦᠮᠡᠨ ᠤ ᠰᠠᠶᠢᠨ ᠰᠠᠶᠢᠬᠠᠨ ᠠᠮᠢᠳᠤᠷᠠᠯ ᠢ ᠬᠥᠭᠡᠭᠡᠴᠡᠯᠳᠦᠬᠦ ᠴᠢᠩᠭ᠎ᠠ ᠬᠦᠰᠡᠯ᠂ ᠦᠢᠯᠡᠰ ᠴᠣᠭᠴᠠᠯᠠᠵᠤ ᠰᠢᠨ᠎ᠡ ᠶᠢ ᠡᠭᠦᠳᠬᠦ | ᠯᠤᠲᠤ ᠶᠡᠭᠡ ᠳᠠᠯᠳᠠ ᠴᠢᠳᠠᠪᠤᠷᠢ᠂ ᠴᠠᠭ ᠤᠨ ᠪᠡᠷᠬᠡ ᠶᠢ ᠬᠠᠮᠲᠤ ᠪᠠᠷ ᠲᠤᠭᠤᠯᠬᠤ ᠡᠷᠡᠰ ᠪᠠᠲᠤ ᠵᠣᠷᠢᠭ ᠲᠠᠢ ᠪᠦᠭᠡᠳ ᠪᠢᠳᠡ | ᠪᠠᠰᠠ ᠬᠦᠨᠳᠦ ᠶᠡᠭᠡ ᠲᠦᠭᠰᠢᠭᠦᠷᠢ ᠰᠢᠯᠭᠠᠯᠲᠠ ᠶᠢ ᠠᠷᠭᠠᠴᠠᠭᠠᠬᠤ ᠪᠠᠶᠠᠯᠢᠭ ᠲᠤᠷᠰᠢᠯᠭ᠎ᠠ ᠶᠢ ᠬᠤᠷᠠᠮᠳᠤᠭᠤᠯᠤᠭᠰᠠᠨ ᠶᠤᠮ᠃ | ᠳᠤᠮᠳᠠᠳᠤ ᠤᠯᠤᠰ ᠤᠨ ᠠᠵᠤ ᠠᠬᠤᠢ ᠪᠠᠭᠤᠷᠠᠬᠤ ᠰᠢᠨ᠎ᠠ ᠳᠠᠷᠤᠯᠲᠠ ᠶᠢ ᠯᠠᠪᠲᠠᠢ ᠲᠤᠯᠵᠤ ᠴᠢᠳᠠᠬᠤ ᠪᠥᠭᠡᠳ | ᠲᠣᠭᠲᠠᠭᠤᠨ ᠢᠶᠠᠷ ᠤᠷᠤᠭᠰᠢᠯᠠᠵᠤ ᠯᠠᠪᠲᠠᠢ ᠴᠢᠳᠠᠬᠤ ᠶᠤᠮ᠃ | ᠡᠨᠡ ᠵᠢᠯ ᠤᠨ ᠬᠥᠭᠵᠢᠯᠲᠡ ᠶᠢᠨ ᠭᠤᠤᠯ ᠭᠤᠤᠯ ᠵᠢᠱᠢᠭᠰᠡᠨ ᠬᠠᠷᠠᠯᠲᠠ ᠪᠣᠯ᠄ ᠤᠯᠤᠰ ᠤᠨ ᠳᠣᠲᠣᠭᠠᠳᠤ ᠶᠢᠨ | ᠦᠢᠯᠡᠳᠪᠦᠷᠢᠯᠡᠯ ᠤᠨ ᠪᠦᠬᠦ ᠦᠷᠲᠡᠭ ᠢ 5.5% ᠣᠷᠴᠢᠮ ᠢᠶᠠᠷ ᠨᠡᠮᠡᠭᠳᠡᠭᠦᠯᠦᠨ᠎ᠡ︔ ᠬᠤᠳᠠ ᠪᠠᠯᠭᠠᠰᠤᠨ ᠳᠤ ᠠᠵᠢᠯ | ᠤᠯᠤᠭᠰᠠᠨ ᠬᠦᠮᠦᠨ ᠤ ᠲᠤᠭ᠎ᠠ ᠶᠢ 1100 ᠲᠦᠮᠡ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠂ ᠬᠤᠳᠠ ᠪᠠᠯᠭᠠᠰᠤᠨ ᠤ | ᠪᠠᠶᠢᠴᠠᠭᠠᠭᠰᠠᠨ ᠠᠵᠢᠯ ᠠᠯᠳᠠᠯᠲᠠ ᠶᠢᠨ ᠨᠤᠷᠮ᠎ᠠ ᠶᠢ ᠪᠦᠬᠦ ᠵᠢᠯ ᠳᠤ 5.5% ᠶᠢᠨ ᠳᠣᠲᠣᠷ᠎ᠠ ᠬᠢᠵᠠᠭᠠᠷᠯᠠᠨ᠎ᠠ︔ ᠰᠠᠭᠤᠭᠠᠯᠢ | ᠠᠷᠠᠳ ᠤᠨ ᠬᠡᠷᠡᠭᠯᠡᠭᠡᠨ ᠤ ᠦᠨ᠎ᠡ ᠶᠢᠨ ᠥᠰᠥᠯᠲᠡ ᠶᠢᠨ ᠬᠡᠮᠵᠢᠶ᠎ᠡ ᠶᠢ 3% ᠣᠷᠴᠢᠮ ᠪᠠᠶᠢᠯᠭᠠᠨ᠎ᠠ︔ ᠰᠠᠭᠤᠭᠠᠯᠢ | ᠠᠷᠠᠳ ᠤᠨ ᠣᠷᠣᠯᠭ᠎ᠠ ᠶᠢᠨ ᠨᠡᠮᠡᠭᠳᠡᠯ ᠢ ᠠᠵᠤ ᠠᠬᠤᠶ ᠶᠢᠨ ᠨᠡᠮᠡᠭᠳᠡᠯ ᠲᠠᠢ ᠦᠨᠳᠦᠰᠦᠨ ᠳᠡᠭᠡᠨ ᠵᠢᠭᠲᠡ ᠪᠠᠶᠢᠯᠭᠠᠨ᠎ᠠ︔ | ᠭᠠᠳᠠᠭᠠᠳᠤ ᠣᠷᠣᠭᠤᠯᠤᠯᠲᠠ ᠪᠠ ᠭᠠᠳᠠᠭᠠᠳᠤ ᠭᠠᠷᠭᠠᠯᠲᠠ ᠶᠢᠨ ᠲᠣᠭᠲᠠᠭᠤᠨ ᠪᠠᠶᠢᠳᠠᠯ ᠢ ᠪᠠᠲᠤᠯᠠᠨ ᠶᠠᠰᠤ ᠴᠢᠨᠠᠷ ᠢ ᠨᠢ | ᠳᠡᠭᠡᠭᠰᠢᠯᠡᠭᠦᠯᠵᠦ᠂ ᠤᠯᠤᠰ ᠤᠨ ᠬᠤᠭᠤᠷᠣᠨᠳᠣᠬᠢ ᠣᠷᠣᠯᠭ᠎ᠠ ᠵᠠᠷᠤᠯᠭ᠎ᠠ ᠶᠢ ᠦᠨᠳᠦᠰᠦᠨ ᠳᠡᠭᠡᠨ ᠲᠡᠩᠴᠡᠭᠦᠷᠢᠲᠡᠶ ᠪᠠᠶᠢᠯᠭᠠᠨ᠎ᠠ | ︔ ᠠᠮᠤ ᠪᠤᠳᠠᠭᠠᠨ ᠤ ᠤᠨᠠᠯᠲᠠ ᠶᠢ 1.3 ᠲᠦᠮᠡᠨ ᠳ᠋ᠦᠩᠰᠢᠭᠤᠷ ᠵᠢᠩ ᠠᠴᠠ ᠳᠡᠭᠡᠭᠰᠢ ᠪᠠᠶᠢᠯᠭᠠᠨ᠎ᠠ︔ ᠠᠮᠢ ᠠᠬᠤᠢ ᠶᠢᠨ | ᠣᠷᠴᠢᠨ ᠨᠦᠬᠦᠴᠡᠯ ᠤᠨ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠵᠤ᠂ ᠭᠤᠣᠯ ᠭᠤᠤᠯ ᠪᠣᠬᠢᠷ ᠪᠣᠳᠠᠰ ᠤᠨ | ᠭᠠᠳᠠᠭᠰᠢᠯᠠᠭᠤᠯᠤᠯᠲᠠ ᠶᠢ ᠦᠷᠭᠦᠯᠵᠢᠯᠡᠨ ᠪᠠᠭᠤᠷᠠᠭᠤᠯᠤᠨ᠎ᠠ︔ ᠡᠨᠧᠷᠬᠢ ᠬᠤᠷᠤᠬᠳᠠᠭᠤᠯᠬᠤ ᠬᠦᠴᠦᠯᠡᠴᠡ ᠶᠢᠨ ᠬᠠᠷᠠᠯᠲᠠ ᠶᠢ | ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠨᠢᠭᠡᠳᠦᠯᠲᠡᠶ ᠲᠥᠯᠥᠪᠯᠡᠨ ᠬᠢᠨᠠᠨ | ᠰᠢᠯᠭᠠᠬᠤ ᠪᠦᠭᠡᠳ ᠵᠣᠬᠢᠬᠤ ᠬᠠᠷᠢᠮᠠᠬᠠᠶ ᠴᠢᠨᠠᠷ ᠲᠠᠢ ᠪᠠᠶᠢᠯᠭᠠᠨ᠎ᠠ᠂ ᠰᠢᠨ᠎ᠡ ᠪᠠᠷ ᠨᠡᠮᠡᠭᠳᠡᠬᠦ ᠳᠠᠬᠢᠨ ᠡᠭᠦᠰᠴᠦ ᠪᠣᠯᠬᠤ ᠡᠨᠧᠷᠭᠢ | ᠪᠣᠯᠤᠨ ᠲᠦᠭᠦᠬᠡᠶ ᠮᠠᠲ᠋ᠧᠷᠢᠶᠠᠯ ᠤᠨ ᠡᠨᠧᠷᠭᠢ ᠶᠢᠨ ᠬᠡᠷᠡᠭᠯᠡᠯᠲᠡ ᠶᠢ ᠡᠨᠧᠷᠭᠢ ᠶᠢᠨ ᠬᠡᠷᠡᠭᠯᠡᠭᠡᠨ ᠤ ᠶᠡᠷᠦᠩᠬᠡᠶ ᠬᠡᠮᠵᠢᠶ᠎ᠡ ᠶᠢᠨ | ᠬᠢᠵᠠᠭᠠᠷᠯᠠᠯ ᠳᠤ ᠣᠷᠣᠭᠤᠯᠬᠤ ᠦᠭᠡᠢ᠃ | ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠶᠢᠨ ᠵᠢᠱᠢᠭᠰᠡᠨ ᠬᠠᠷᠠᠯᠲᠠ ᠶᠢ ᠲᠣᠭᠲᠠᠭᠠᠬᠤ ᠳᠠᠭᠠᠨ ᠭᠤᠤᠯᠳᠠᠭᠤ ᠠᠵᠢᠯ | ᠣᠯᠭᠤᠯᠲᠠ ᠶᠢ ᠲᠣᠭᠲᠠᠭᠤᠨ ᠪᠠᠶᠢᠯᠭᠠᠵᠤ ᠠᠷᠠᠳ ᠤᠨ ᠠᠮᠢᠳᠤᠷᠠᠯ ᠢ ᠪᠠᠲᠤᠯᠠᠨ ᠠᠶᠤᠯ ᠲᠦᠭᠰᠢᠭᠦᠷᠢ ᠶᠢ ᠰᠡᠷᠭᠡᠶᠢᠯᠡᠬᠦ | ᠬᠡᠷᠡᠭᠴᠡᠭᠡ ᠶᠢ ᠪᠣᠳᠣᠯᠬᠢᠯᠠᠭᠰᠠᠨ ᠤ ᠬᠠᠮᠲᠤ ᠤᠢᠢᠷ᠎ᠠ ᠶᠢᠨ ᠬᠤᠶᠠᠷ ᠵᠢᠯ ᠤᠨ ᠠᠵᠤ ᠠᠬᠤᠶ ᠶᠢᠨ ᠳᠤᠮᠳᠠᠴᠢ ᠨᠡᠮᠡᠭᠳᠡᠯ ᠤᠨ | ᠬᠤᠷᠳᠤᠴᠠ ᠵᠢᠴᠢ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠠᠷᠠᠯᠲᠠ ᠱᠠᠭᠠᠷᠳᠠᠯᠭ᠎ᠠ ᠲᠠᠢ | ᠵᠣᠯᠭᠠᠯᠳᠤᠭᠤᠯᠬᠤ ᠶᠢ ᠪᠤᠳᠤᠯᠬᠢᠯᠠᠭᠰᠠᠨ ᠶᠤᠮ᠃ ᠡᠨᠡ ᠪᠣᠯ ᠥᠨᠳᠥᠷ ᠰᠠᠭᠤᠷᠢ ᠲᠤᠭ᠎ᠠ ᠳᠡᠭᠡᠷᠡᠬᠢ ᠳᠤᠮᠳᠠ ᠳᠡᠭᠡᠳᠦ | ᠬᠤᠷᠳᠤᠴᠠ ᠶᠢᠨ ᠨᠡᠮᠡᠭᠳᠡᠯ ᠪᠤᠯᠬᠤ ᠪᠦᠬᠡᠳ ᠰᠠᠨᠠᠭᠠᠴᠢᠯᠠᠭ᠎ᠠ ᠠᠴᠠ ᠪᠠᠨ ᠠᠵᠢᠯ ᠶᠠᠪᠤᠳᠠᠯ ᠬᠢᠬᠦ ᠶᠢ ᠢᠯᠡᠷᠡᠭᠦᠯᠦᠭᠰᠡᠨ ᠪᠤᠯᠬᠤᠷ | ᠰᠢᠷᠭᠠᠭᠤ ᠬᠠᠳᠠᠭᠤᠵᠢᠯᠲᠠᠢ ᠪᠠᠷ ᠴᠢᠷᠮᠠᠶᠢᠪᠠᠯ ᠰᠠᠶ᠋ᠢ ᠪᠡᠶᠡᠯᠡᠭᠦᠯᠵᠦ ᠴᠢᠳᠠᠬᠤ ᠶᠤᠮ᠃ | ᠡᠨᠡ ᠵᠢᠯ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠬᠤᠷᠸ᠎ᠠ ᠲᠥᠷᠥ ᠶᠢᠨ ᠪᠣᠳᠣᠯᠭ᠎ᠠ ᠨᠢ | ᠯᠠᠪᠳᠠᠭᠤᠨ ᠪᠦᠲᠦᠮᠵᠢᠲᠡᠶ ᠪᠠᠶᠢᠵᠤ᠂ ᠪᠢᠴᠢᠯ ᠲᠥᠷᠥ ᠶᠢᠨ ᠪᠣᠳᠣᠯᠭ᠎ᠠ ᠨᠢ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ | ᠠᠮᠢᠵᠢᠷᠠᠯ ᠤᠨ ᠬᠦᠴᠦᠨ ᠢ ᠦᠷᠭᠦᠯᠵᠢᠯᠡᠨ ᠬᠥᠭᠵᠢᠭᠡᠵᠦ᠂ ᠪᠦᠲᠦᠴᠡ ᠶᠢᠨ ᠲᠥᠷᠥ ᠶᠢᠨ ᠪᠣᠳᠣᠯᠭ᠎ᠠ ᠨᠢ ᠤᠯᠤᠰ ᠠᠷᠠᠳ ᠤᠨ | ᠠᠵᠤ ᠠᠬᠤᠢ ᠶᠢᠨ ᠣᠷᠴᠢᠯ ᠢ ᠬᠦᠴᠦᠯᠡᠨ ᠰᠢᠯᠤᠭᠤᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥ ᠶᠢᠨ | ᠪᠣᠳᠣᠯᠭ᠎ᠠ ᠶᠢ ᠯᠠᠪᠳᠠᠭᠤᠨ ᠪᠠᠲᠤᠲᠠᠶ ᠨᠠᠶᠢᠳᠠᠪᠤᠷᠢᠵᠢᠭᠤᠯᠤᠨ᠂ ᠥᠭᠡᠷᠡᠴᠢᠯᠡᠯᠲᠡ ᠨᠡᠭᠡᠭᠡᠯᠲᠡ ᠶᠢᠨ ᠲᠥᠷᠥ ᠶᠢᠨ ᠪᠣᠳᠣᠯᠭ᠎ᠠ ᠨᠢ | ᠬᠥᠭᠵᠢᠯᠲᠡ ᠶᠢᠨ ᠬᠥᠳᠡᠯᠭᠡᠬᠦ ᠬᠦᠴᠦᠨ ᠢ ᠬᠥᠭᠵᠢᠭᠡᠵᠦ᠂ ᠣᠷᠣᠨ ᠪᠦᠰᠡ ᠶᠢᠨ ᠲᠥᠷᠥ ᠶᠢᠨ ᠪᠣᠳᠣᠯᠭ᠎ᠠ ᠨᠢ | ᠬᠥᠭᠵᠢᠯᠲᠡ ᠶᠢᠨ ᠲᠡᠩᠴᠡᠭᠦᠷᠢᠲᠦ ᠴᠢᠨᠠᠷ ᠪᠠ ᠵᠤᠬᠢᠴᠠᠯᠲᠤ ᠴᠢᠨᠠᠷ ᠢ ᠨᠡᠮᠡᠭᠳᠡᠭᠦᠯᠦᠨ᠂ ᠨᠡᠶᠢᠭᠡᠮ ᠤᠨ ᠲᠦᠷᠦ ᠶᠢᠨ | ᠪᠤᠳᠤᠯᠭ᠎ᠠ ᠨᠢ ᠠᠷᠠᠳ ᠤᠨ ᠠᠮᠢᠳᠤᠷᠠᠯ ᠢ ᠪᠠᠳᠤᠯᠠᠬᠤ ᠬᠢᠵᠠᠭᠠᠷ ᠱᠤᠭᠤᠮ ᠢ ᠪᠠᠲᠤ ᠰᠠᠬᠢᠬᠤ ᠬᠡᠷᠡᠭᠲᠡᠢ᠃ ᠡᠯ᠎ᠡ | ᠲᠠᠯ᠎ᠠ ᠶᠢᠨ ᠬᠢᠨ ᠡᠳᠡᠭᠡᠷ ᠴᠢᠬᠤᠯᠠ ᠶᠡᠭᠡ ᠲᠥᠷᠥ ᠶᠢᠨ ᠪᠣᠳᠣᠯᠭ᠎ᠠ ᠪᠠ ᠱᠠᠭᠠᠷᠳᠠᠯᠭ᠎ᠠ ᠶᠢ ᠲᠤᠭᠤᠰᠢᠯᠠᠭᠤᠯᠬᠤ ᠲᠠᠢ | ᠤᠶᠠᠯᠳᠤᠭᠤᠯᠤᠨ᠂ ᠪᠣᠳᠠᠲᠠᠢ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ ᠪᠣᠳᠠᠲᠠᠶᠢᠵᠢᠭᠤᠯᠵᠤ᠂ ᠬᠥᠭᠵᠢᠯᠲᠡ ᠶᠢ ᠠᠬᠢᠭᠤᠯᠬᠤ | ᠨᠡᠶᠢᠯᠡᠯ ᠬᠦᠴᠦᠨ ᠢ ᠪᠤᠢ ᠪᠤᠯᠭᠠᠬᠤ ᠬᠡᠷᠡᠭᠲᠡᠢ᠃ | ᠬᠤᠷᠸ᠎ᠠ ᠲᠦᠷᠦ ᠶᠢᠨ ᠪᠤᠳᠤᠯᠭ᠎ᠠ ᠶᠢᠨ ᠦᠷᠭᠦᠯᠵᠢᠯᠡᠬᠦ ᠴᠢᠨᠠᠷ ᠢ ᠪᠠᠲᠤᠯᠠᠵᠤ᠂ ᠪᠦᠳᠦᠮᠵᠢᠳᠦ ᠴᠢᠨᠠᠷ ᠢ ᠨᠡᠮᠡᠭᠳᠡᠭᠦᠯᠬᠦ | ᠬᠡᠷᠡᠭᠲᠡᠶ᠃ ᠡᠳ᠋ ᠤᠨ ᠵᠠᠰᠠᠭ ᠤᠨ ᠢᠳᠡᠪᠬᠢᠲᠡᠶ ᠲᠦᠷᠦ ᠶᠢᠨ ᠪᠤᠳᠤᠯᠭ᠎ᠠ ᠶᠢᠨ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠵᠦ᠂ | ᠨᠠᠷᠢᠯᠢᠭ ᠣᠨᠣᠴᠠᠲᠠᠶ ᠪᠦᠭᠡᠳ ᠦᠷᠭᠦᠯᠵᠢᠯᠡᠬᠦ᠋ᠢᠴᠡ ᠪᠠᠶᠢᠬᠤ ᠶᠢ ᠨᠡᠩ ᠴᠢᠬᠤᠯᠠᠴᠢᠯᠠᠬᠤ ᠬᠡᠷᠡᠭᠲᠡᠶ᠃ ᠵᠣᠭᠤᠰᠣᠨ ᠤ | ᠯᠠᠪᠲᠠᠭᠤᠨ ᠲᠦᠷᠦ ᠶᠢᠨ ᠪᠤᠳᠤᠯᠭ᠎ᠠ ᠶᠢ ᠠᠮᠢᠳᠤᠯᠢᠭ ᠪᠥᠭᠡᠳ ᠳᠤᠬᠢᠷᠠᠮᠵᠢᠲᠠᠶ ᠪᠠᠶᠢᠯᠭᠠᠵᠤ᠂ ᠭᠦᠢᠯᠭᠡᠭᠡᠨ ᠤ ᠴᠢᠨᠠᠷ ᠢ ᠨᠢ | ᠵᠦᠢ ᠵᠣᠬᠢᠰᠲᠠᠶ ᠪᠦᠭᠡᠳ ᠭᠦᠢᠴᠡᠳ ᠲᠡᠭᠦᠯᠳᠡᠷ ᠪᠠᠶᠢᠯᠭᠠᠬᠤ ᠬᠡᠷᠡᠭᠲᠡᠶ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ | ᠲᠦᠷᠦ ᠶᠢᠨ ᠪᠤᠳᠤᠯᠭ᠎ᠠ ᠶᠢᠨ ᠴᠢᠨᠠᠷ ᠢ ᠳᠡᠭᠡᠭᠰᠢᠯᠡᠭᠦᠯᠵᠦ ᠡᠷᠴᠢᠮ ᠢ ᠨᠢ ᠴᠢᠩᠭᠠᠷᠠᠭᠤᠯᠬᠤ ᠬᠡᠷᠡᠭᠲᠡᠢ᠃ ᠲᠦᠷᠦ ᠶᠢᠨ | ᠪᠤᠳᠤᠯᠭ᠎ᠠ ᠶᠢ ᠵᠣᠬᠢᠰᠲᠠᠶ ᠪᠠᠷ ᠤᠷᠢᠳᠴᠢᠯᠠᠨ ᠬᠦᠴᠦᠯᠡᠭᠦᠯᠵᠦ᠂ ᠨᠥᠭᠡᠴᠡ ᠲᠦᠷᠦ ᠶᠢᠨ ᠪᠤᠳᠤᠯᠭ᠎ᠠ ᠶᠢᠨ ᠪᠠᠭᠠᠵᠢ ᠶᠢ ᠴᠠᠭ | ᠲᠤᠬᠠᠶ ᠳᠤᠨᠢ ᠬᠡᠷᠡᠭᠯᠡᠨ᠂ ᠠᠵᠤ ᠠᠬᠤᠶ ᠶᠢᠨ ᠠᠵᠢᠯᠯᠠᠭᠠᠨ ᠤ ᠲᠤᠭᠳᠠᠭᠤᠨ ᠢᠶᠠᠷ ᠶᠠᠪᠤᠭᠳᠠᠬᠤ ᠶᠢ ᠦᠨᠡᠨ ᠬᠦ ᠪᠠᠲᠤᠯᠠᠨ᠎ᠠ᠃ | ᠬᠢᠵᠢᠭ ᠢ ᠪᠠᠶᠢᠩᠭᠤ ᠶᠢᠨ ᠴᠢᠨᠠᠷᠲᠠᠢ ᠪᠠᠷ ᠰᠡᠷᠭᠡᠶᠢᠯᠡᠨ ᠬᠢᠵᠠᠭᠠᠷᠯᠠᠬᠤ ᠠᠵᠢᠯ ᠢ ᠦᠷᠭᠦᠯᠵᠢᠯᠡᠨ ᠰᠠᠶᠢᠲᠤᠷ ᠬᠢᠨ᠎ᠡ᠃ | ᠭᠠᠳᠠᠭᠠᠳᠤ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ ᠪᠠ ᠳᠤᠳᠤᠭᠠᠳᠤ ᠳᠠᠭᠠᠨ ᠳᠠᠬᠢᠨ ᠬᠠᠯᠳᠠᠪᠤᠷᠢᠯᠠᠬᠤ ᠶᠢ | ᠰᠡᠷᠭᠡᠶᠢᠯᠡᠬᠦ ᠶᠢ ᠪᠠᠷᠢᠮᠲᠠᠯᠠᠵᠤ᠂ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠲᠠᠰᠤᠷᠠᠯᠲᠠ ᠦᠭᠡᠢ ᠰᠢᠯᠢᠳᠡᠭᠵᠢᠭᠦᠯᠦᠨ | ᠲᠡᠭᠦᠯᠳᠡᠷᠵᠢᠭᠦᠯᠵᠦ᠂ ᠪᠣᠭᠤᠮᠲᠠ ᠶᠢᠨ ᠬᠤᠲᠠᠳ ᠤᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠢ ᠴᠢᠩᠭᠠᠳᠬᠠᠨ᠂ | ᠸᠢᠷᠦ᠋ᠰ ᠤᠨ ᠣᠨᠳᠣᠤᠰᠢᠯ ᠢ ᠰᠤᠳᠤᠯᠬᠤ ᠪᠠ ᠰᠡᠷᠭᠡᠶᠢᠯᠡᠬᠦ ᠡᠷᠴᠢᠮ ᠢᠶᠠᠨ ᠴᠢᠩᠭᠠᠷᠠᠭᠤᠯᠵᠤ᠂ ᠰᠢᠨ᠎ᠡ ᠲᠢᠲᠢᠮᠯᠢᠭ | ᠸᠢᠷᠦ᠋ᠰ ᠤᠨ ᠸᠠᠺᠼᠢᠨ ᠪᠠ ᠣᠨᠴᠠ ᠦᠢᠯᠡᠳᠦᠯ ᠲᠠᠢ ᠡᠮ ᠢ ᠰᠤᠳᠤᠯᠤᠨ ᠨᠡᠭᠡᠭᠡᠬᠦ ᠪᠠᠨ ᠲᠦᠷᠭᠡᠳᠭᠡᠵᠦ᠂ ᠸᠠᠺᠼᠢᠨ ᠤ | ᠲᠠᠷᠢᠯᠭ᠎ᠠ ᠲᠠᠷᠢᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠬᠢᠳᠠᠳ ᠡᠮ ᠡᠮᠨᠡᠯᠭᠡ ᠶᠢᠨ ᠦᠪᠡᠷᠮᠢᠴᠡ ᠦᠢᠯᠡᠳᠦᠯ ᠢ ᠨᠡᠩ | ᠰᠠᠶᠢᠳᠤᠷ ᠪᠠᠳᠠᠷᠠᠭᠤᠯᠤᠨ᠂ ᠬᠡᠰᠡᠭ ᠭᠠᠵᠠᠷ ᠤᠨ ᠬᠢᠵᠢᠭ ᠤᠨ ᠪᠠᠶᠢᠳᠠᠯ ᠢ ᠰᠢᠨᠵᠢᠯᠡᠬᠦ ᠤᠬᠠᠭᠠᠨᠴᠢ ᠪᠦᠭᠡᠳ ᠨᠠᠷᠢᠯᠢᠭ | ᠣᠨᠣᠴᠠᠲᠠᠶ ᠪᠠᠷ ᠰᠢᠢᠳᠪᠦᠷᠢᠯᠡᠨ᠂ ᠦᠢᠯᠡᠳᠪᠦᠷᠢᠯᠡᠯ ᠠᠮᠢᠳᠤᠷᠠᠯ ᠤᠨ ᠬᠡᠪ ᠤᠨ ᠡᠮᠬᠢ ᠳᠢᠭᠯᠢᠮ ᠢ ᠪᠠᠲᠤᠯᠠᠨ᠎ᠠ᠃ | ᠡᠨᠡ ᠵᠢᠯ ᠤᠨ ᠠᠵᠢᠯ ᠳᠤ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠵᠤ᠂ ᠲᠣᠭᠲᠠᠭᠤᠨ ᠪᠠᠶᠢᠯᠭᠠᠬᠤ ᠶᠢᠨ | ᠵᠡᠷᠭᠡ ᠳᠤ ᠤᠷᠤᠭᠰᠢᠯᠠᠭᠤᠯᠬᠤ ᠶᠢ ᠪᠠᠷᠢᠮᠲᠠᠯᠠᠬᠤ ᠬᠡᠷᠡᠭᠲᠡᠢ᠃ ᠠᠵᠤ ᠠᠬᠤᠶ ᠪᠠᠭᠤᠷᠠᠬᠤ ᠰᠢᠨ᠎ᠡ ᠳᠠᠷᠤᠯᠲᠠ ᠶᠢᠨ ᠡᠮᠦᠨ᠎ᠡ᠂ | ᠨᠡᠮᠡᠭᠳᠡᠯ ᠢ ᠲᠤᠭᠲᠠᠭᠤᠨ ᠪᠠᠶᠢᠯᠭᠠᠬᠤ ᠶᠢ ᠨᠡᠩ ᠲᠤᠪᠤᠶᠢᠮ᠎ᠠ ᠪᠠᠶᠢᠷᠢᠨ ᠳᠤ ᠲᠠᠯᠪᠢᠬᠤ ᠬᠡᠷᠡᠭᠲᠡᠶ᠃ ᠡᠯ᠎ᠡ ᠭᠠᠵᠠᠷ ᠣᠷᠣᠨ | ᠡᠯ᠎ᠡ ᠰᠠᠯᠠᠭ᠎ᠠ ᠮᠥᠴᠢᠷ ᠠᠵᠤ ᠠᠬᠤᠶ ᠶᠢ ᠲᠣᠭᠲᠠᠭᠤᠨ ᠪᠠᠶᠢᠯᠭᠠᠬᠤ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠠᠵᠤ | ᠠᠬᠤᠶ ᠶᠢ ᠲᠣᠭᠲᠠᠭᠤᠨ ᠪᠠᠶᠢᠯᠭᠠᠬᠤ ᠳᠤ ᠠᠰᠢᠭᠲᠠᠶ ᠲᠥᠷᠥ ᠶᠢᠨ ᠪᠣᠳᠣᠯᠭ᠎ᠠ ᠶᠢ ᠢᠳᠡᠪᠬᠢᠲᠡᠶ ᠪᠠᠷ ᠲᠤᠭᠲᠠᠭᠠᠬᠤ ᠬᠡᠷᠡᠭᠲᠡᠢ᠃ | ᠨᠡᠮᠡᠭᠳᠡᠯ ᠢ ᠲᠣᠭᠲᠠᠭᠤᠨ ᠪᠠᠶᠢᠯᠭᠠᠬᠤ᠂ ᠪᠦᠲᠦᠴᠡ ᠶᠢ ᠲᠣᠬᠢᠷᠠᠭᠤᠯᠬᠤ᠂ ᠥᠭᠡᠷᠡᠴᠢᠯᠡᠯᠲᠡ ᠶᠢ ᠠᠬᠢᠭᠤᠯᠬᠤ ᠶᠢ ᠨᠢᠭᠡᠳᠦᠯᠲᠡᠶ | ᠲᠥᠯᠥᠪᠯᠡᠵᠦ᠂ ᠬᠥᠭᠵᠢᠯᠲᠡ ᠶᠢᠨ ᠠᠷᠭ᠎ᠠ ᠮᠠᠶ᠋ᠢᠭ ᠢ ᠲᠦᠷᠭᠡᠯᠡᠨ ᠬᠤᠪᠢᠷᠠᠭᠤᠯᠬᠤ ᠬᠡᠷᠡᠭᠲᠡᠢ᠂ ᠪᠦᠳᠦᠭᠦᠯᠢᠭ ᠬᠡᠯᠪᠡᠷᠢ ᠪᠠᠷ | ᠬᠥᠭᠵᠢᠭᠦᠯᠵᠦ ᠪᠣᠯᠬᠤ ᠦᠭᠡᠢ᠃ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠵᠤ᠂ ᠨᠡᠶᠢᠭᠡᠮ ᠵᠢᠷᠤᠮ ᠤᠨ ᠠᠩᠬᠠᠨ ᠤ | ᠱᠠᠲᠤᠨ ᠳᠠᠬᠢ ᠤᠯᠤᠰ ᠤᠨ ᠦᠨᠳᠦᠰᠦᠨ ᠪᠠᠶᠢᠳᠠᠯ ᠳᠤ ᠰᠠᠭᠤᠷᠢᠯᠠᠨ᠂ ᠥᠪᠡᠷ ᠤᠨ ᠶᠠᠪᠤᠳᠠᠯ ᠢᠶᠠᠨ ᠬᠦᠴᠦᠯᠡᠨ ᠰᠠᠶᠢᠲᠤᠷ | ᠬᠢᠵᠦ᠂ ᠬᠥᠭᠵᠢᠯᠲᠡ ᠶᠢᠨ ᠵᠢᠮ᠎ᠡ ᠶᠣᠰᠣ᠂ ᠪᠤᠰᠤᠳᠴᠢ ᠪᠣᠳᠠᠲᠤ ᠪᠠᠶᠢᠳᠠᠯ ᠪᠣᠯᠤᠨ ᠣᠯᠠᠨ ᠲᠦᠮᠡᠨ ᠤ ᠬᠡᠷᠡᠭᠴᠡᠭᠡ ᠶᠢ | ᠬᠦᠨᠳᠦᠳᠭᠡᠵᠦ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠠᠵᠢᠯ ᠢᠶᠠᠨ ᠪᠦᠲᠦᠭᠡᠯᠴᠢ ᠴᠢᠨᠠᠷᠲᠠᠶ ᠪᠠᠷ | ᠥᠷᠨᠢᠭᠦᠯᠦᠨ᠂ ᠡᠯ᠎ᠡ ᠲᠠᠯ᠎ᠠ ᠶᠢᠨ ᠬᠢᠨ ᠤ ᠠᠵᠢᠯ ᠬᠢᠵᠦ ᠦᠢᠯᠡᠰ ᠴᠣᠭᠴᠠᠯᠠᠬᠤ ᠢᠳᠡᠪᠬᠢᠵᠢᠯ ᠢ ᠭᠦᠢᠴᠡᠳ ᠳᠠᠶᠢᠴᠢᠯᠠᠨ᠎ᠠ᠃ | ᠪᠦᠲᠦᠮᠵᠢᠲᠡᠶ ᠵᠠᠬ᠎ᠠ ᠳᠡᠯᠭᠡᠭᠦᠷ ᠪᠣᠯᠤᠨ ᠴᠢᠷᠮᠠᠶᠢᠯᠳᠠ ᠲᠠᠢ ᠵᠠᠰᠠᠭ ᠤᠨ ᠣᠷᠳᠣᠨ ᠢ ᠨᠠᠩ ᠰᠠᠶᠢᠨ ᠤᠶᠠᠯᠳᠤᠭᠤᠯᠬᠤ ᠶᠢ | ᠠᠬᠢᠭᠤᠯᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠠᠷᠭ᠎ᠠ ᠶᠢ ᠴᠢᠳᠠᠮᠠᠭᠠᠶ ᠬᠡᠷᠡᠭᠯᠡᠨ᠂ ᠵᠠᠬ᠎ᠠ ᠳᠡᠯᠭᠡᠭᠦᠷ ᠤᠨ | ᠠᠮᠢᠵᠢᠷᠠᠯ ᠤᠨ ᠬᠦᠴᠦᠨ ᠪᠠ ᠨᠡᠶᠢᠭᠡᠮ ᠤᠨ ᠪᠦᠲᠦᠭᠡᠯᠴᠢ ᠬᠦᠴᠦᠨ ᠢ ᠬᠥᠭᠵᠢᠭᠡᠨ᠎ᠡ᠃ ᠠᠷᠠᠳ ᠲᠦᠮᠡᠨ ᠢᠶᠠᠷ ᠭᠤᠣᠯ | ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠬᠠᠮᠲᠤ ᠪᠠᠷ ᠲᠡᠮᠡᠴᠡᠬᠦ ᠳᠤ ᠲᠦᠰᠢᠭᠯᠡᠨ᠂ ᠬᠠᠮᠲᠤ ᠪᠠᠷ | ᠪᠠᠶᠠᠵᠢᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ | ᠡᠷᠡᠮᠡᠯᠵᠡᠯ ᠢ ᠲᠠᠰᠤᠷᠠᠯᠲᠠ ᠥᠬᠡᠶ ᠪᠡᠶᠡᠯᠡᠭᠦᠯᠬᠦ ᠬᠡᠷᠡᠭᠲᠡᠢ᠃ | ᠭᠤᠷᠪᠠ᠂ 2022 ᠣᠨ ᠤ ᠵᠠᠰᠠᠭ ᠤᠨ ᠣᠷᠳᠣᠨ ᠤ ᠠᠵᠢᠯ ᠤᠨ ᠡᠭᠦᠷᠭᠡ | ᠡᠨᠡ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠭᠦᠷᠭᠡ ᠬᠦᠨᠳᠦ᠂ ᠰᠢᠯᠭᠠᠯᠳ᠋ᠨ ᠤᠯᠠᠨ ᠪᠠᠶᠢᠨ᠎ᠠ᠃ ᠰᠢ | ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ | ᠶᠣᠰᠣᠭᠠᠷ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ ᠪᠠᠷ | ᠲᠤᠭᠤᠰᠢᠯᠠᠭᠤᠯᠤᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠯᠡᠨ ᠪᠤᠢ ᠪᠤᠯᠭᠠᠵᠤ᠂ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠤᠨ᠂ ᠡᠯ᠎ᠡ ᠵᠦᠢᠯ ᠤᠨ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ | ︵ᠨᠢᠭᠡ︶ ᠬᠤᠷᠸ᠎ᠠ ᠠᠵᠤ ᠠᠬᠤᠶ ᠶᠢᠨ ᠶᠡᠭᠡ ᠲᠠᠯ᠎ᠠ ᠶᠢ ᠬᠦᠴᠦᠯᠡᠨ ᠲᠣᠭᠲᠠᠪᠤᠷᠢᠵᠢᠭᠤᠯᠵᠤ᠂ ᠠᠵᠤ ᠠᠬᠤᠶ ᠶᠢᠨ | ᠠᠵᠢᠯᠯᠠᠭᠠᠨ ᠤ ᠵᠦᠶ ᠵᠣᠬᠢᠰᠲᠠᠶ ᠬᠡᠪᠴᠢᠶᠠᠨ ᠳᠤ ᠶᠠᠪᠤᠭᠳᠠᠬᠤ ᠶᠢ ᠪᠠᠲᠤᠯᠠᠨ᠎ᠠ᠃ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ | ᠪᠠ ︽ᠵᠢᠷᠭᠤᠭ᠎ᠠ ᠶᠢ ᠪᠠᠲᠤᠯᠠᠬᠤ︾ ᠠᠵᠢᠯ ᠢ ᠦᠷᠭᠦᠯᠵᠢᠯᠡᠨ ᠰᠠᠶᠢᠲᠤᠷ ᠬᠢᠨ᠎ᠡ᠃ ᠬᠤᠷᠸ᠎ᠠ ᠲᠥᠷᠥ ᠶᠢᠨ ᠪᠣᠳᠣᠯᠭ᠎ᠠ ᠶᠢ | ᠣᠷᠣᠨ ᠵᠠᠶ ᠪᠠ ᠠᠷᠭ᠎ᠠ ᠪᠠᠷᠢᠯ ᠲᠠᠢ ᠪᠠᠶᠢᠯᠭᠠᠵᠤ᠂ ᠦᠶᠡᠯᠡᠯ ᠠᠯᠤᠰᠯᠠᠭᠰᠠᠨ ᠳᠤᠬᠢᠷᠠᠭᠤᠯᠤᠯᠳᠠ ᠪᠠ ᠦᠶᠡᠯᠡᠯ | ᠦᠭᠰᠦᠭᠦᠯᠦᠭᠰᠡᠨ ᠲᠤᠬᠢᠷᠠᠭᠤᠯᠤᠯᠳᠠ ᠶᠢ ᠴᠢᠩᠭᠠᠳᠬᠠᠨ᠂ ᠠᠵᠤ ᠠᠬᠤᠢ ᠶᠢᠨ ᠲᠣᠭᠲᠠᠭᠤᠨ ᠠᠵᠢᠯᠯᠠᠭᠠᠨ ᠳᠤ ᠬᠦᠴᠦᠲᠡᠢ | ᠲᠤᠯᠭᠠᠭᠤᠷᠢᠯᠠᠯ ᠬᠠᠩᠭᠠᠬᠤ ᠬᠡᠷᠡᠭᠲᠡᠢ᠃ | ᠡᠳ᠋ ᠤᠨ ᠵᠠᠰᠠᠭ ᠤᠨ ᠢᠳᠡᠪᠬᠢᠲᠡᠶ ᠲᠦᠷᠦ ᠶᠢᠨ ᠪᠤᠳᠤᠯᠭ᠎ᠠ ᠶᠢᠨ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠨᠡ | ᠵᠢᠯ ᠤᠯᠠᠭᠠᠨ ᠲᠤᠭ᠎ᠠ ᠶᠢᠨ ᠨᠣᠷᠮ᠎ᠠ ᠶᠢ 2.8% ᠣᠷᠴᠢᠮ ᠢᠶᠠᠷ ᠲᠣᠬᠢᠷᠠᠭᠤᠯᠵᠤ᠂ ᠨᠢᠳᠤᠨᠤᠨ ᠤ ᠬᠢ ᠠᠴᠠ ᠡᠳᠦᠢ ᠲᠡᠳᠦᠢ | ᠪᠠᠭᠤᠷᠠᠭᠤᠯᠬᠤ ᠪᠠᠷ ᠲᠥᠯᠥᠪᠯᠡᠵᠦ ᠪᠠᠶᠢᠨ᠎ᠠ᠂ ᠡᠨᠡ ᠨᠢ ᠡᠳ᠋ ᠤᠨ ᠵᠠᠰᠠᠭ ᠤᠨ ᠦᠷᠭᠦᠯᠵᠢᠯᠡᠬᠦ᠋ᠢᠴᠡ ᠴᠢᠨᠠᠷ ᠢ | ᠨᠡᠮᠡᠭᠳᠡᠭᠦᠯᠬᠦ ᠳᠤ ᠠᠰᠢᠭᠲᠠᠢ ᠶᠤᠮ᠃ ᠵᠢᠱᠢᠯᠲᠡ ᠪᠠᠷ ᠡᠨᠡ ᠵᠢᠯ ᠤᠨ ᠡᠳ᠋ ᠤᠨ ᠵᠠᠰᠠᠭ ᠤᠨ ᠣᠷᠣᠯᠭ᠎ᠠ ᠦᠷᠭᠦᠯᠵᠢᠯᠡᠨ | ᠨᠡᠮᠡᠭᠳᠡᠵᠦ᠂ ᠡᠭᠦᠨ ᠤ ᠳᠡᠭᠡᠷ᠎ᠡ ᠤᠯᠤᠰ ᠤᠨ ᠥᠮᠴᠢᠯᠡᠯ ᠤᠨ ᠣᠨᠴᠠ ᠲᠣᠭᠲᠠᠭᠰᠠᠨ ᠮᠥᠩᠭᠦᠨ ᠭᠦᠢᠯᠭᠡᠭᠡᠨ ᠤ ᠪᠠᠶᠢᠭᠤᠯᠤᠮᠵᠢ | ᠪᠣᠯᠤᠨ ᠲᠤᠰᠬᠠᠶ ᠡᠵᠡᠩᠨᠡᠯᠲᠡ ᠶᠢᠨ ᠪᠠᠶᠢᠭᠤᠯᠤᠮᠵᠢ ᠶᠢᠨ ᠬᠠᠤᠯᠢ ᠶᠣᠰᠣᠭᠠᠷ ᠳᠡᠭᠡᠭᠰᠢ ᠲᠤᠰᠢᠶᠠᠭᠰᠠᠨ ᠣᠶᠢᠷ᠎ᠠ ᠶᠢᠨ ᠵᠢᠯ ᠤᠨ | ᠲᠠᠰᠤᠯᠤᠨ ᠪᠤᠳᠤᠭᠰᠠᠨ ᠦᠯᠡᠳᠡᠪᠦᠷᠢ ᠠᠰᠢᠭ ᠬᠤᠨᠵᠢᠪᠣᠷᠢ᠂ ᠰᠢᠯᠵᠢᠭᠦᠯᠦᠨ ᠤᠷᠤᠭᠤᠯᠤᠭᠰᠠᠨ ᠲᠥᠰᠦᠪ ᠤᠨ | ᠲᠣᠭᠲᠠᠪᠤᠷᠢᠵᠢᠭᠤᠯᠤᠨ ᠲᠣᠬᠢᠷᠠᠭᠤᠯᠬᠤ ᠰᠠᠭᠤᠷᠢ ᠮᠥᠩᠭᠦ ᠵᠡᠷᠭᠡ ᠶᠢ ᠨᠡᠮᠡᠪᠡᠯ᠂ ᠵᠠᠷᠤᠯᠭ᠎ᠠ ᠶᠢᠨ ᠬᠡᠪᠴᠢᠶ᠎ᠡ | ᠨᠢᠳᠤᠨᠤᠨ ᠤ ᠬᠢ ᠠᠴᠠ 2 ᠲᠦᠮᠡᠨ ᠳ᠋ᠦᠩᠰᠢᠭᠤᠷ ᠲᠥᠭᠦᠷᠢᠭ ᠠᠴᠠ ᠳᠡᠭᠡᠭᠰᠢ ᠥᠷᠭᠡᠳᠴᠦ᠂ ᠬᠡᠷᠡᠭᠯᠡᠵᠦ ᠪᠣᠯᠬᠤ ᠡᠳ᠋ ᠤᠨ | ᠬᠦᠴᠦᠨ ᠢᠯᠡᠳᠲᠡ ᠨᠡᠮᠡᠭᠳᠡᠬᠦ ᠪᠤᠯᠤᠨ᠎ᠠ᠃ ᠰᠢᠨ᠎ᠡ ᠪᠠᠷ ᠨᠡᠮᠡᠭᠳᠡᠭᠰᠡᠨ ᠡᠳ᠋ ᠤᠨ ᠬᠦᠴᠦᠨ ᠢ ᠦᠨᠳᠦᠰᠦᠨ ᠱᠠᠲᠤᠨ ᠳᠤ | ᠳᠤᠷᠤᠭᠰᠢ ᠪᠠᠭᠤᠯᠭᠠᠵᠤ᠂ ᠭᠤᠤᠯᠳᠠᠭᠤ ᠠᠵᠤ ᠠᠬᠤᠶᠢᠯᠠᠯ ᠳᠤ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠪᠠ ᠠᠵᠢᠯ | ᠣᠯᠭᠤᠯᠲᠠ ᠶᠢ ᠲᠣᠭᠲᠠᠭᠤᠨ ᠪᠠᠶᠢᠯᠭᠠᠵᠤ ᠠᠷᠠᠳ ᠤᠨ ᠠᠮᠢᠳᠤᠷᠠᠯ ᠢ ᠪᠠᠲᠤᠯᠠᠬᠤ ᠲᠦᠷᠦ ᠶᠢᠨ ᠪᠤᠳᠤᠯᠭ᠎ᠠ ᠶᠢ | ᠨᠠᠶᠢᠳᠠᠪᠤᠷᠢᠵᠢᠭᠤᠯᠬᠤ ᠳᠤ ᠬᠡᠷᠡᠭᠯᠡᠨ᠂ ᠬᠡᠷᠡᠭᠯᠡᠭᠡ ᠶᠢ ᠠᠬᠢᠭᠤᠯᠵᠤ᠂ ᠬᠡᠷᠡᠭᠴᠡᠭᠡ ᠶᠢ ᠥᠷᠭᠡᠳᠭᠡᠨ᠎ᠡ᠃ ᠡᠨᠡ ᠵᠢᠯ ᠲᠥᠪ ᠤᠨ | ᠲᠤᠰ ᠱᠠᠲᠤᠨ ᠤ ᠵᠠᠷᠤᠯᠭ᠎ᠠ ᠶᠢ 3.9% ᠪᠠᠷ ᠨᠡᠮᠡᠭᠳᠡᠭᠦᠯᠬᠦ ᠪᠠᠷ ᠲᠣᠬᠢᠷᠠᠭᠤᠯᠪᠠ᠂ ᠡᠭᠦᠨ ᠳᠤ ᠲᠥᠪ ᠤᠨ ᠰᠠᠯᠠᠭ᠎ᠠ | ᠮᠥᠴᠢᠷ ᠤᠨ ᠵᠠᠷᠤᠯᠭ᠎ᠠ ᠦᠷᠭᠦᠯᠵᠢᠯᠡᠨ ᠰᠥᠭᠡᠷᠭᠦ ᠪᠠᠷ ᠨᠡᠮᠡᠭᠳᠡᠨ᠎ᠠ᠃ ᠲᠥᠪ ᠠᠴᠠ ᠣᠷᠣᠨ ᠨᠤᠲᠤᠭ ᠲᠤ ᠰᠢᠯᠵᠢᠭᠦᠯᠦᠨ | ᠥᠭᠭᠦ ᠵᠠᠷᠤᠯᠭ᠎ᠠ ᠶᠢ ᠪᠠᠷᠤᠭ 1.5 ᠲᠦᠮᠡᠨ ᠳ᠋ᠦᠩᠰᠢᠭᠤᠷ ᠲᠥᠭᠦᠷᠢᠭ ᠨᠡᠮᠡᠭᠳᠡᠭᠦᠯᠵᠦ᠂ 9.8 ᠲᠦᠮᠡᠨ ᠳ᠋ᠦᠩᠰᠢᠭᠤᠷ | ᠲᠥᠭᠦᠷᠢᠭ ᠰᠢᠬᠠᠮ ᠬᠡᠪᠴᠢᠶ᠎ᠡ ᠲᠠᠢ ᠪᠣᠯᠭᠠᠵᠤ᠂ 18% ᠪᠠᠷ ᠨᠡᠮᠡᠭᠳᠡᠭᠦᠯᠦᠨ᠎ᠡ᠂ ᠡᠨᠡ ᠪᠤᠯ ᠤᠯᠠᠨ ᠵᠢᠯ ᠤᠨ ᠲᠤᠷᠰᠢᠬᠢ | ᠬᠠᠮᠤᠭ ᠤᠨ ᠶᠡᠭᠡ ᠨᠡᠮᠡᠭᠳᠡᠯ ᠮᠦᠨ᠃ ᠲᠥᠪ ᠤᠨ ᠡᠳ᠋ ᠤᠨ ᠵᠠᠰᠠᠭ ᠠᠴᠠ ᠨᠠᠩ ᠣᠯᠠᠨ ᠪᠡᠯᠡ ᠮᠥᠩᠭᠦ ᠶᠢ ᠰᠢᠭᠤᠳ | ᠪᠠᠭᠤᠯᠭᠠᠬᠤ ᠬᠡᠪᠴᠢᠶᠡᠨ ᠳᠤ ᠣᠷᠣᠭᠤᠯᠵᠤ᠂ ᠮᠤᠵᠢ ᠶᠢᠨ ᠱᠠᠲᠤᠨ ᠤ ᠡᠳ᠋ ᠤᠨ ᠵᠠᠰᠠᠭ ᠴᠤ ᠬᠤᠲᠠ ᠰᠢᠶᠠᠨ ᠳᠤ ᠦᠵᠡᠭᠦᠯᠬᠦ | ᠳᠡᠮᠵᠢᠯᠭᠡ ᠪᠠᠨ ᠨᠡᠮᠡᠭᠳᠡᠭᠦᠯᠵᠦ᠂ ᠡᠷᠬᠡᠪᠰᠢ ᠦᠨᠳᠦᠰᠦᠨ ᠱᠠᠲᠤᠨ ᠤ ᠬᠢᠨ ᠢ ᠠᠵᠤ ᠠᠬᠤᠶᠢᠯᠠᠯ ᠳᠤ ᠬᠠᠷᠠᠭᠠᠯᠵᠠᠯ | ᠦᠵᠡᠭᠦᠯᠦᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠨᠠᠩ ᠶᠡᠭᠡ ᠴᠢᠳᠠᠪᠤᠷᠢ᠂ | ᠨᠠᠩ ᠶᠡᠭᠡ ᠬᠥᠳᠡᠯᠭᠡᠭᠴᠢ ᠬᠦᠴᠦᠨ ᠲᠠᠢ ᠪᠣᠯᠭᠠᠬᠤ ᠬᠡᠷᠡᠭᠲᠡᠶ᠃ | ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠪᠡᠯᠡ ᠮᠥᠩᠭᠦ ᠶᠢ ᠰᠠᠶᠢᠲᠤᠷ ᠬᠡᠷᠡᠭᠯᠡᠵᠦ᠂ ᠪᠦᠲᠦᠮᠵᠢᠲᠡᠶ ᠪᠡᠯᠡ | ᠣᠷᠣᠭᠤᠯᠤᠯᠲᠠ ᠶᠢ ᠥᠷᠭᠡᠳᠭᠡᠬᠦ ᠶᠢ ᠳᠠᠶᠢᠴᠢᠯᠠᠬᠤ ᠬᠡᠷᠡᠭᠲᠡᠶ᠃ ᠡᠨᠡ ᠵᠢᠯ ᠣᠷᠣᠨ ᠨᠤᠲᠤᠭ ᠤᠨ ᠵᠠᠰᠠᠭ ᠤᠨ ᠣᠷᠳᠣᠨ ᠤ | ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢ 3.65 ᠲᠦᠮᠡᠨ ᠳ᠋ᠦᠩᠰᠢᠭᠤᠷ ᠲᠥᠭᠦᠷᠢᠭ ᠲᠣᠬᠢᠷᠠᠭᠤᠯᠬᠤ ᠪᠠᠷ | ᠲᠥᠯᠥᠪᠯᠡᠵᠦ ᠪᠠᠶᠢᠨ᠎ᠠ᠃ ᠠᠮᠵᠢᠯᠲᠠ ᠪᠦᠲᠦᠮᠵᠢ ᠪᠠᠷ ᠤᠳᠤᠷᠢᠳᠤᠮᠵᠢ ᠪᠣᠯᠭᠠᠬᠤ ᠶᠢ ᠴᠢᠩᠭᠠᠳᠬᠠᠵᠤ᠂ ︽ᠪᠡᠯᠡ ᠮᠥᠩᠭᠦ᠂ | ᠴᠢᠬᠤᠯᠠ ᠡᠯᠧᠮᠧᠨ᠋ᠲ ᠲᠦᠰᠦᠯ ᠢᠶᠠᠨ ᠳᠠᠭᠠᠬᠤ︾ ᠶᠢ ᠪᠠᠷᠢᠮᠲᠠᠯᠠᠨ᠂ ᠬᠡᠷᠡᠭᠯᠡᠬᠦ ᠬᠡᠪᠴᠢᠶ᠎ᠡ ᠶᠢ ᠵᠣᠬᠢᠰᠲᠠᠶ ᠥᠷᠭᠡᠳᠭᠡᠨ᠂ | ᠪᠠᠶᠢᠭᠤᠯᠵᠤ ᠪᠠᠶᠢᠭ᠎ᠠ ᠲᠦᠰᠦᠯ ᠤᠨ ᠵᠠᠯᠭᠠᠮᠵᠢ ᠪᠡᠯᠡ ᠲᠣᠬᠢᠷᠠᠭᠤᠯᠭ᠎ᠠ ᠶᠢ ᠳᠡᠮᠵᠢᠵᠦ᠂ ᠨᠥᠬᠦᠴᠡᠯ ᠪᠦᠷᠢᠯᠳᠦᠭᠦᠯᠦᠭᠰᠡᠨ ᠨᠢᠭᠡ | ᠪᠦᠯᠦᠭ ᠴᠢᠬᠤᠯᠠ ᠶᠡᠭᠡ ᠢᠨᠵᠧᠨᠧᠷᠢᠩ᠂ ᠰᠢᠨ᠎ᠡ ᠮᠠᠶ᠋ᠢᠭ ᠤᠨ ᠰᠠᠭᠤᠷᠢ ᠲᠦᠬᠦᠭᠡᠷᠦᠮᠵᠢ᠂ ᠬᠠᠭᠤᠴᠢᠨ ᠨᠡᠶᠢᠲᠡ ᠶᠢᠨ | ᠬᠡᠷᠡᠭᠯᠡᠭᠡᠨ ᠤ ᠲᠦᠬᠦᠭᠡᠷᠦᠮᠵᠢ ᠶᠢᠨ ᠥᠭᠡᠷᠡᠴᠢᠯᠡᠯᠲᠡ ᠵᠡᠷᠭᠡ ᠪᠦᠲᠦᠭᠡᠨ ᠪᠠᠶᠢᠭᠤᠯᠤᠯᠲᠠ ᠶᠢᠨ ᠲᠥᠰᠥᠯ ᠢ ᠠᠵᠢᠯ | ᠡᠬᠢᠯᠡᠭᠦᠯᠦᠨ᠎ᠡ᠃ ᠠᠷᠠᠳ ᠤᠨ ᠪᠡᠯᠡ ᠣᠷᠣᠭᠤᠯᠤᠯᠲᠠ ᠶᠢ ᠪᠡᠯᠡ ᠣᠷᠣᠭᠤᠯᠤᠯᠲᠠ ᠶᠢᠨ ᠳᠤᠮᠳᠠ ᠶᠡᠭᠡ ᠬᠡᠰᠡᠭ ᠢ ᠡᠵᠡᠯᠡᠭᠦᠯᠵᠦ | ᠂ ᠴᠢᠬᠤᠯᠠ ᠶᠡᠭᠡ ᠲᠥᠰᠥᠯ ᠤᠨ ᠬᠥᠲᠥᠯᠬᠦ ᠦᠢᠯᠡᠳᠦᠯ ᠪᠠ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ | ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠬᠠᠮᠢᠶ᠎ᠠ ᠪᠦᠬᠦᠢ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ | ᠲᠡᠭᠦᠯᠳᠡᠷᠵᠢᠭᠦᠯᠦᠨ᠂ ᠠᠷᠠᠳ ᠤᠨ ᠪᠡᠯᠡ ᠣᠷᠣᠭᠤᠯᠤᠯᠲᠠ ᠶᠢᠨ ᠢᠳᠡᠪᠬᠢᠵᠢᠯ ᠢ ᠭᠦᠢᠴᠡᠳ ᠳᠠᠶᠢᠴᠢᠯᠠᠬᠤ ᠬᠡᠷᠡᠭᠲᠡᠢ᠃ | ᠵᠠᠰᠠᠭ ᠤᠨ ᠣᠷᠳᠣᠨ ᠨᠠᠷᠢᠯᠠᠵᠤ ᠠᠮᠢᠳᠤᠷᠠᠬᠤ ᠶᠢ ᠪᠠᠷᠢᠮᠲᠠᠯᠠᠨ᠂ ᠨᠡᠩ ᠰᠠᠶᠢᠳᠤᠷ ᠠᠷᠪᠢᠯᠠᠨ ᠭᠠᠮᠨᠠᠵᠤ ᠠᠷᠠᠳ ᠲᠦᠮᠡᠨ ᠢ | ᠪᠠᠶᠠᠵᠢᠭᠤᠯᠬᠤ ᠬᠡᠷᠡᠭᠲᠡᠢ᠃ ᠵᠠᠷᠤᠯᠭ᠎ᠠ ᠶᠢᠨ ᠪᠦᠲᠦᠴᠡ ᠶᠢ ᠶᠡᠭᠡ ᠪᠠᠷ ᠰᠢᠯᠢᠳᠡᠭᠵᠢᠭᠦᠯᠵᠦ᠂ ᠭᠤᠤᠯᠳᠠᠯᠭ᠎ᠠ ᠲᠠᠢ ᠵᠠᠷᠤᠯᠭ᠎ᠠ ᠶᠢ | ᠪᠠᠲᠤᠯᠠᠨ᠂ ᠡᠩ ᠤᠨ ᠴᠢᠨᠠᠷᠲᠠᠶ ᠵᠠᠷᠤᠯᠭ᠎ᠠ ᠶᠢ ᠴᠢᠩᠭ᠎ᠠ ᠬᠢᠵᠠᠭᠠᠷᠯᠠᠨ᠎ᠠ᠃ ᠡᠳ᠋ ᠤᠨ ᠵᠠᠰᠠᠭ ᠤᠨ ᠬᠠᠳᠠᠭᠠᠯᠠᠯᠲᠠ ᠪᠡᠯᠡ ᠮᠥᠩᠭᠦ | ᠪᠠ ᠰᠤᠯᠠ ᠪᠠᠶᠢᠭ᠎ᠠ ᠪᠡᠯᠡ ᠬᠥᠷᠥᠩᠭᠡ ᠶᠢ ᠠᠮᠢᠳᠤᠯᠢᠭ ᠪᠣᠯᠭᠠᠨ᠎ᠠ᠃ ᠡᠯ᠎ᠡ ᠱᠠᠲᠤᠨ ᠤ ᠵᠠᠰᠠᠭ ᠤᠨ ᠣᠷᠳᠣᠨ ᠡᠷᠬᠡᠪᠰᠢ | ᠲᠡᠰᠪᠦᠷᠢ ᠬᠠᠲᠠᠭᠤᠵᠢᠯᠲᠠᠶ ᠪᠠᠷ ᠲᠡᠮᠡᠴᠡᠵᠦ᠂ ᠠᠵᠢᠯᠴᠢ ᠠᠷᠪᠢᠴᠢ ᠪᠠᠷ ᠭᠠᠮᠨᠠᠨ ᠠᠷᠪᠢᠯᠠᠵᠤ᠂ ᠲᠥᠪ ᠵᠠᠰᠠᠭ ᠤᠨ ᠣᠷᠳᠣᠨ | ᠪᠣᠯᠤᠨ ᠮᠤᠵᠢ ᠶᠢᠨ ᠱᠠᠲᠤᠨ ᠤ ᠵᠠᠰᠠᠭ ᠤᠨ ᠣᠷᠳᠣᠨ ᠲᠦᠷᠦᠭᠦᠯᠡᠨ ᠬᠢᠬᠦ ᠬᠡᠷᠡᠭᠲᠡᠶ᠃ ᠣᠷᠣᠯᠭ᠎ᠠ ᠵᠠᠷᠤᠯᠭ᠎ᠠ ᠶᠢᠨ | ᠬᠠᠮᠢᠶᠠᠷᠤᠯᠲᠠ ᠶᠢ ᠴᠢᠩᠭᠠᠳᠬᠠᠵᠤ᠂ ᠱᠠᠯᠢᠨ ᠪᠦᠷᠢᠯᠭᠡᠬᠦ ᠶᠢ ᠴᠢᠩᠭ᠎ᠠ ᠴᠠᠭᠠᠵᠠᠯᠠᠨ᠎ᠠ᠂ ᠲᠤᠭᠲᠠᠭᠠᠯ ᠢ ᠵᠦᠷᠢᠴᠡᠨ ᠠᠰᠠᠷ | ᠲᠠᠭᠲᠤ ᠲᠠᠩᠬᠢᠮ ᠪᠠᠭᠤᠳᠠᠯ ᠰᠢᠨ᠎ᠡ ᠪᠠᠷ ᠪᠠᠶᠢᠭᠤᠯᠵᠤ ᠪᠣᠯᠬᠤ ᠦᠭᠡᠶ᠂ ᠳᠦᠷᠢ ᠲᠥᠷᠬᠦ ᠶᠢᠨ ᠢᠨᠵᠧᠨᠧᠷᠢᠩ ᠢ ᠬᠢᠵᠦ ᠪᠣᠯᠬᠤ | ᠦᠭᠡᠶ᠂ ᠡᠳ᠋ ᠤᠨ ᠵᠠᠰᠠᠭ ᠠᠵᠤ ᠠᠬᠤᠢ ᠶᠢᠨ ᠰᠠᠬᠢᠯᠭ᠎ᠠ ᠪᠠᠲᠤ ᠠᠴᠠ ᠵᠥᠷᠢᠴᠡᠵᠦ᠂ ᠠᠯᠪᠠᠨ ᠤ ᠵᠣᠭᠤᠰ ᠢ ᠳᠤᠷ᠎ᠠ ᠪᠠᠷ ᠢᠶᠠᠨ | ᠰᠦᠢᠳᠭᠡᠭᠰᠡᠨ ᠪᠠᠶᠢᠪᠠᠯ ᠴᠢᠩᠭ᠎ᠠ ᠪᠠᠶᠢᠴᠠᠭᠠᠨ ᠬᠦᠨᠳᠦ ᠪᠠᠷ ᠰᠢᠢᠳᠭᠡᠵᠦ᠂ ᠬᠤᠪᠤᠷ ᠨᠠᠨᠳᠢᠨ ᠪᠡᠯᠡ ᠮᠥᠩᠭᠦ ᠶᠢ ᠵᠠᠪᠠᠯ | ᠬᠥᠭᠵᠢᠯᠲᠡ ᠶᠢᠨ ᠴᠢᠬᠤᠯᠠ ᠭᠠᠵᠠᠷ᠂ ᠠᠷᠠᠳ ᠤᠨ ᠠᠮᠢᠳᠤᠷᠠᠯ ᠤᠨ ᠪᠠᠴᠢᠮ ᠬᠡᠷᠡᠭᠴᠡᠭᠡ ᠲᠠᠢ ᠭᠠᠵᠠᠷ ᠬᠡᠷᠡᠭᠯᠡᠬᠦ ᠬᠡᠷᠡᠭᠲᠡᠶ᠃ | ᠵᠣᠭᠤᠰᠣᠨ ᠤ ᠯᠠᠪᠲᠠᠭᠤᠨ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠤᠨ᠎ᠠ᠃ ᠵᠣᠭᠤᠰᠣᠨ ᠤ | ᠲᠦᠷᠦ ᠶᠢᠨ ᠪᠤᠳᠤᠯᠭ᠎ᠠ ᠶᠢᠨ ᠪᠠᠭᠠᠵᠢ ᠶᠢᠨ ᠶᠡᠷᠦᠩᠬᠡᠶ ᠬᠡᠮᠵᠢᠶ᠎ᠡ ᠪᠠ ᠪᠦᠲᠦᠴᠡ ᠶᠢᠨ ᠳᠠᠪᠬᠤᠷ ᠴᠢᠳᠠᠮᠵᠢ ᠶᠢ ᠪᠠᠳᠠᠷᠠᠭᠤᠯᠵᠤ᠂ | ᠪᠣᠳᠠᠲᠤ ᠴᠣᠭᠴᠠ ᠶᠢᠨ ᠠᠵᠤ ᠠᠬᠤᠶ ᠳᠤ ᠨᠡᠩ ᠬᠦᠴᠦᠲᠡᠶ ᠳᠡᠮᠵᠢᠯᠭᠡ ᠬᠠᠩᠭᠠᠨ᠎ᠠ᠃ ᠰᠢᠨ᠎ᠡ ᠪᠠᠷ ᠨᠡᠮᠡᠭᠳᠡᠭᠦᠯᠬᠦ | ᠵᠢᠭᠡᠯᠡᠯᠭᠡ ᠶᠢᠨ ᠬᠡᠪᠴᠢᠶ᠎ᠡ ᠶᠢ ᠥᠷᠭᠡᠳᠭᠡᠵᠦ᠂ ᠵᠣᠭᠤᠰᠣᠨ ᠤ ᠬᠠᠩᠭᠠᠯᠭ᠎ᠠ ᠶᠢᠨ ᠬᠡᠮᠵᠢᠶ᠎ᠡ ᠪᠠ ᠨᠡᠶᠢᠭᠡᠮ ᠤᠨ ᠪᠡᠯᠡ | ᠲᠣᠬᠢᠷᠠᠭᠤᠯᠭ᠎ᠠ ᠶᠢᠨ ᠬᠡᠪᠴᠢᠶ᠎ᠡ ᠶᠢᠨ ᠨᠡᠮᠡᠭᠳᠡᠯ ᠤᠨ ᠬᠤᠷᠳᠤᠴᠠ ᠶᠢ ᠨᠡᠷᠡᠯᠡᠭᠰᠡᠨ ᠠᠵᠤ ᠠᠬᠤᠶ ᠶᠢᠨ ᠨᠡᠮᠡᠭᠳᠡᠯ ᠤᠨ | ᠬᠤᠷᠳᠤᠴᠠ ᠲᠠᠢ ᠦᠨᠳᠦᠰᠦᠨ ᠳᠡᠭᠡᠨ ᠵᠣᠬᠢᠴᠠᠭᠤᠯᠵᠤ᠂ ᠬᠤᠷᠸ᠎ᠠ ᠬᠦᠰᠢᠬᠦᠷᠭᠡ ᠶᠢᠨ ᠨᠤᠷᠮ᠎ᠠ ᠶᠢ ᠦᠨᠳᠦᠰᠦᠨ ᠳᠡᠭᠡᠨ | ᠲᠣᠭᠲᠠᠭᠤᠨ ᠪᠠᠶᠢᠯᠭᠠᠨ᠎ᠠ᠃ ᠠᠷᠠᠳ ᠤᠨ ᠵᠣᠭᠤᠰᠣᠨ ᠤ ᠭᠤᠪᠢᠭᠤᠯᠭ᠎ᠠ ᠶᠢᠨ ᠨᠤᠷᠮ᠎ᠠ ᠶᠢᠨ ᠵᠦᠢ ᠵᠣᠬᠢᠰᠲᠠᠶ ᠪᠥᠭᠡᠳ | ᠲᠡᠩᠴᠡᠭᠦᠷᠢᠲᠡᠶ ᠲᠦᠪᠰᠢᠨ ᠳᠡᠭᠡᠷ᠎ᠡ ᠦᠨᠳᠦᠰᠦᠨ ᠳᠡᠭᠡᠨ ᠲᠣᠭᠲᠠᠭᠤᠨ ᠪᠠᠶᠢᠬᠤ ᠶᠢ ᠪᠠᠲᠤᠯᠠᠨ᠎ᠠ᠃ ᠵᠣᠭᠤᠰᠣᠨ ᠤ | ᠲᠥᠷᠥ ᠶᠢᠨ ᠪᠣᠳᠣᠯᠭ᠎ᠠ ᠶᠢᠨ ᠳᠠᠮᠵᠢᠭᠤᠯᠬᠤ ᠲᠣᠭᠲᠠᠴᠠ ᠶᠢ ᠤᠯᠠᠮ ᠨᠢᠭᠡ ᠠᠯᠬᠤᠮ ᠨᠡᠪᠲᠡᠷᠡᠭᠦᠯᠵᠦ᠂ ᠪᠡᠯᠡ ᠮᠥᠩᠭᠦ ᠶᠢ | ᠬᠥᠲᠥᠯᠥᠨ ᠵᠢᠯᠣᠭᠤᠳᠴᠤ ᠪᠠᠶᠢᠭᠠᠳ ᠭᠤᠤᠯᠳᠠᠯᠭ᠎ᠠ ᠲᠠᠢ ᠬᠦᠷᠢᠶ᠎ᠡ ᠪᠠ ᠪᠠᠭᠤᠷᠠᠶ ᠭᠤᠭᠴᠤᠭ᠎ᠠ ᠲᠡᠶᠢᠰᠢ ᠨᠠᠩ ᠢᠯᠡᠭᠦᠦ | ᠰᠢᠯᠵᠢᠭᠦᠯᠵᠦ᠂ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ ᠬᠠᠮᠤᠷᠬᠤ ᠬᠡᠪᠴᠢᠶ᠎ᠡ ᠶᠢ ᠥᠷᠭᠡᠳᠭᠡᠨ᠎ᠡ᠃ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢᠨ ᠬᠢᠨ ᠤ ᠪᠣᠳᠠᠲᠠᠶ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠪᠠᠭᠤᠷᠠᠭᠤᠯᠬᠤ ᠪᠠ | ᠰᠦᠢᠳᠭᠡᠯ ᠬᠤᠷᠢᠶᠠᠯᠲᠠ ᠶᠢ ᠪᠠᠭᠠᠰᠬᠠᠬᠤ ᠶᠢ ᠠᠬᠢᠭᠤᠯᠵᠤ᠂ ᠥᠷᠭᠡᠨ ᠣᠯᠠᠨ ᠵᠠᠬ᠎ᠠ ᠳᠡᠯᠭᠡᠭᠦᠷ ᠤᠨ ᠪᠡᠶᠡᠴᠢ ᠴᠣᠭᠴᠠ ᠳᠤ | ᠪᠠᠯᠠ ᠲᠣᠬᠢᠷᠠᠭᠤᠯᠭ᠎ᠠ ᠶᠢᠨ ᠲᠥᠬᠦᠮ ᠳᠦᠳᠡ ᠶᠢᠨ ᠬᠡᠮᠵᠢᠶ᠎ᠡ ᠳᠡᠭᠡᠭᠰᠢᠯᠡᠭᠰᠡᠨ᠂ ᠶᠡᠷᠦᠩᠬᠡᠶᠢᠯᠡᠭᠰᠡᠨ ᠪᠠᠯᠠ | ᠲᠣᠬᠢᠷᠠᠭᠤᠯᠭ᠎ᠠ ᠶᠢᠨ ᠥᠪᠡᠷ ᠤᠨ ᠥᠷᠲᠡᠭ ᠦᠪ ᠦᠨᠡᠨ ᠬᠦ ᠪᠠᠭᠤᠷᠠᠭᠰᠠᠨ ᠢ ᠪᠤᠳᠠᠳᠠᠢ ᠪᠠᠷ ᠮᠡᠳᠡᠷᠡᠭᠦᠯᠦᠨ᠎ᠡ᠃ | ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠦᠷᠦ ᠶᠢᠨ ᠪᠤᠳᠤᠯᠭ᠎ᠠ ᠶᠢ ᠴᠢᠩᠭᠠᠳᠬᠠᠨ᠎ᠠ᠃ ᠠᠵᠢᠯ ᠣᠯᠭᠤᠯᠲᠠ ᠶᠢᠨ | ᠠᠷᠭ᠎ᠠ ᠵᠠᠮ ᠢ ᠶᠡᠭᠡ ᠪᠠᠷ ᠥᠷᠭᠡᠳᠭᠡᠵᠦ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠲᠣᠭᠲᠠᠭᠤᠨ ᠪᠠᠶᠢᠯᠭᠠᠬᠤ ᠪᠠᠷ | ᠳᠠᠮᠵᠢᠭᠤᠯᠤᠨ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠶᠢ ᠴᠢᠬᠤᠯᠠᠴᠢᠯᠠᠵᠤ᠂ ᠠᠳᠠᠯ ᠦᠢᠯᠡᠰ ᠴᠣᠭᠴᠠᠯᠠᠬᠤ ᠪᠠᠷ | ᠠᠵᠢᠯ ᠣᠯᠭᠤᠯᠲᠠ ᠶᠢ ᠳᠠᠶᠢᠴᠢᠯᠠᠬᠤ ᠦᠢᠯᠡᠳᠦᠯ ᠢ ᠴᠢᠩᠭᠠᠳᠬᠠᠨ᠎ᠠ᠃ ᠡᠳ᠋ ᠤᠨ ᠵᠠᠰᠠᠭ᠂ ᠭᠠᠶᠢᠯᠢ᠂ ᠮᠥᠩᠭᠦᠨ ᠭᠦᠢᠯᠭᠡᠭᠡ | ᠵᠡᠷᠭᠡ ᠶᠢᠨ ᠲᠦᠷᠦ ᠶᠢᠨ ᠪᠤᠳᠤᠯᠭ᠎ᠠ ᠶᠢ ᠴᠥᠮ ᠠᠵᠢᠯ ᠣᠯᠭᠤᠯᠲᠠ ᠶᠢᠨ ᠲᠣᠭᠤᠷᠢᠨ ᠳᠤ ᠤᠷᠢᠳ ᠢᠶᠠᠷ ᠬᠡᠷᠡᠭᠵᠢᠭᠦᠯᠵᠦ᠂ | ᠠᠵᠤ ᠠᠬᠤᠶᠢᠯᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠤᠨ ᠪᠠᠶᠢᠷᠢ ᠶᠢ ᠥᠷᠭᠡᠳᠭᠡᠬᠦ ᠶᠢ ᠳᠡᠮᠵᠢᠬᠦ | ᠡᠷᠴᠢᠮ ᠢᠶᠠᠨ ᠴᠢᠩᠭᠠᠷᠠᠭᠤᠯᠬᠤ ᠬᠡᠷᠡᠭᠲᠡᠶ᠃ ᠠᠵᠢᠯ ᠣᠯᠭᠤᠯᠲᠠ ᠶᠢ ᠠᠬᠢᠭᠤᠯᠬᠤ ᠡᠯ᠎ᠡ ᠲᠥᠷᠥᠯ ᠤᠨ ᠲᠤᠰᠬᠠᠶ ᠵᠦᠢᠯ ᠤᠨ | ᠲᠥᠷᠥ ᠶᠢᠨ ᠪᠣᠳᠣᠯᠭ᠎ᠠ ᠶᠢ ᠴᠢᠩᠭᠠᠳᠬᠠᠨ ᠰᠢᠯᠢᠳᠡᠭᠵᠢᠭᠦᠯᠵᠦ᠂ ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠶᠢᠨ ᠵᠦᠢ | ᠵᠣᠬᠢᠰ ᠥᠬᠡᠶ ᠬᠢᠵᠠᠭᠠᠷᠯᠠᠯ ᠢ ᠡᠷᠡᠰ ᠴᠡᠪᠡᠷᠯᠡᠨ ᠬᠦᠴᠦᠨ ᠥᠬᠡᠶ ᠪᠣᠯᠭᠠᠬᠤ ᠬᠡᠷᠡᠭᠲᠡᠶ᠃ ᠡᠯ᠎ᠡ ᠭᠠᠵᠠᠷ ᠤᠨ ᠬᠢᠨ ᠴᠦᠮ | ᠠᠷᠭ᠎ᠠ ᠪᠦᠬᠦᠨ ᠢ ᠰᠦᠪᠡᠭᠴᠢᠯᠡᠨ ᠠᠵᠢᠯ ᠣᠯᠭᠤᠯᠲᠠ ᠶᠢ ᠲᠣᠭᠲᠠᠪᠤᠷᠢᠵᠢᠭᠤᠯᠤᠨ ᠥᠷᠭᠡᠳᠭᠡᠬᠦ ᠬᠡᠷᠡᠭᠲᠡᠶ᠃ | ᠠᠮᠤ ᠪᠤᠳᠠᠭ᠎ᠠ ᠪᠠ ᠡᠨᠧᠷᠭᠢ ᠶᠢᠨ ᠰᠤᠷᠪᠤᠯᠵᠢ ᠶᠢᠨ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ ᠠᠮᠤ ᠪᠤᠳᠠᠭ᠎ᠠ ᠵᠡᠷᠭᠡ | ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢ ᠪᠠᠲᠤᠯᠠᠵᠤ᠂ ᠡᠨᠧᠷᠬᠢ᠂ ᠴᠢᠬᠤᠯᠠ ᠳᠦᠬᠦᠬᠡᠢ | ᠮᠠᠲ᠋ᠧᠷᠢᠶᠠᠯ ᠤᠨ ᠬᠠᠩᠭᠠᠯᠭ᠎ᠠ ᠶᠢ ᠪᠠᠳᠤᠯᠠᠵᠦ᠂ ᠦᠨ᠎ᠡ ᠶᠢ ᠲᠤᠭᠳᠠᠭᠤᠨ ᠪᠠᠶᠢᠯᠭᠠᠬᠤ ᠠᠵᠢᠯ ᠢ ᠦᠷᠬᠦᠯᠵᠢᠯᠡᠨ ᠰᠠᠶᠢᠳᠤᠷ | ᠬᠢᠵᠦ᠂ ᠠᠷᠠᠳ ᠤᠨ ᠠᠮᠢᠳᠤᠷᠠᠯ ᠪᠠ ᠠᠵᠤ ᠠᠬᠤᠶᠢᠯᠠᠯ ᠤᠨ ᠬᠡᠪ ᠤᠨ ᠦᠢᠯᠡᠳᠪᠦᠷᠢᠯᠡᠯ ᠡᠵᠡᠩᠨᠡᠯᠲᠡ ᠳᠤ ᠬᠡᠷᠡᠭᠯᠡᠬᠦ | ᠴᠠᠬᠢᠯᠭᠠᠨ ᠢ ᠪᠠᠲᠤᠯᠠᠨ᠎ᠠ᠃ ᠪᠦᠬᠦ ᠲᠠᠯ᠎ᠠ ᠪᠠᠷ ᠭᠠᠮᠨᠠᠨ ᠠᠷᠪᠢᠯᠠᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠦᠨ᠎ᠡ᠃ | ᠤᠯᠤᠰ ᠤᠨ ᠳᠣᠲᠣᠭᠠᠳᠤ ᠶᠢᠨ ᠡᠬᠢ ᠪᠠᠶᠠᠯᠢᠭ ᠤᠨ ᠦᠢᠯᠡᠳᠪᠦᠷᠢᠯᠡᠯ ᠤᠨ ᠪᠠᠲᠤᠯᠠᠭ᠎ᠠ ᠶᠢᠨ ᠴᠢᠳᠠᠪᠤᠷᠢ ᠶᠢ ᠴᠢᠩᠭᠠᠳᠬᠠᠵᠤ᠂ | ᠲᠤᠰᠤ ᠬᠡᠢ᠂ ᠠᠭᠤᠷᠬᠠᠢ ᠶᠢᠨ ᠭᠠᠷᠤᠯᠲᠠ ᠵᠡᠷᠭᠡ ᠡᠬᠢ ᠪᠠᠶᠠᠯᠢᠭ ᠢ ᠬᠠᠶᠢᠨ ᠰᠢᠨᠵᠢᠯᠡᠵᠦ ᠨᠡᠭᠡᠭᠡᠨ ᠠᠰᠢᠭᠯᠠᠬᠤ ᠶᠢ | ᠲᠦᠷᠭᠡᠳᠭᠡᠨ᠂ ᠤᠯᠤᠰ ᠤᠨ ᠪᠠᠶᠢᠯᠳᠤᠬᠤ ᠪᠣᠳᠣᠯᠭ᠎ᠠ ᠶᠢᠨ ᠡᠳ᠋ ᠪᠣᠳᠠᠰ ᠤᠨ ᠨᠦᠭᠡᠴᠡᠯᠡᠯᠳᠡ ᠶᠢᠨ ᠳᠦᠷᠢᠮ ᠢ | ᠲᠡᠭᠦᠯᠳᠡᠷᠵᠢᠭᠦᠯᠵᠦ᠂ ᠠᠩᠬᠠᠨ ᠤ ᠦᠢᠯᠡᠳᠬᠦᠨ ᠤ ᠬᠠᠩᠭᠠᠯᠭ᠎ᠠ ᠶᠢ ᠪᠠᠲᠤᠯᠠᠨ᠎ᠠ᠃ ᠪᠤᠳᠠᠰ ᠤᠨ ᠦᠨ᠎ᠡ ᠶᠢ ᠦᠷᠢᠰᠦᠯᠳᠦᠨ | ᠦᠰᠬᠡᠬᠦ ᠵᠡᠷᠭᠡ ᠠᠵᠢᠯᠯᠠᠭ᠎ᠠ ᠳᠤ ᠴᠤᠬᠢᠯᠳᠠ ᠦᠭᠬᠦᠨ᠎ᠡ᠃ ᠪᠠᠷᠠᠭᠠᠨ ᠤ ᠦᠨ᠎ᠡ ᠶᠢᠨ ᠲᠦᠪᠰᠢᠨ ᠢ ᠦᠨᠳᠦᠰᠦᠨ ᠳᠡᠭᠡᠨ | ᠲᠣᠭᠲᠠᠭᠤᠨ ᠪᠠᠶᠢᠯᠭᠠᠨ᠎ᠠ᠃ | ᠬᠦᠨᠳᠦ ᠶᠡᠭᠡ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃ ᠦᠷᠭᠦᠯᠵᠢᠯᠡᠨ ᠶᠡᠭᠡ ᠲᠠᠯ᠎ᠠ ᠶᠢ ᠲᠣᠭᠲᠠᠭᠤᠨ ᠪᠠᠶᠢᠯᠭᠠᠬᠤ᠂ | ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ᠂ ᠨᠠᠷᠢᠯᠢᠭ | ᠣᠨᠣᠴᠠᠲᠠᠶ ᠪᠠᠷ ᠲᠦᠭᠰᠢᠭᠦᠷᠢ ᠶᠢ ᠠᠷᠢᠯᠭᠠᠬᠤ ᠦᠨᠳᠦᠰᠦᠨ ᠴᠢᠭᠯᠡᠯᠲᠡ ᠶᠣᠰᠣᠭᠠᠷ᠂ ᠠᠵᠤ ᠠᠬᠤᠶ ᠮᠥᠩᠭᠦᠨ ᠭᠦᠢᠯᠭᠡᠭᠡᠨ ᠤ | ᠬᠦᠷᠢᠶᠡᠨ ᠳᠠᠬᠢ ᠲᠦᠭᠰᠢᠭᠦᠷᠢ ᠶᠢ ᠰᠢᠢᠳᠪᠦᠷᠢᠯᠡᠬᠦ ᠠᠵᠢᠯ ᠢ ᠰᠠᠶᠢᠲᠤᠷ ᠬᠢᠨ᠎ᠡ᠃ ᠣᠷᠣᠨ ᠨᠤᠲᠤᠭ ᠤᠨ ᠬᠠᠷᠢᠶ᠎ᠠ ᠤᠷᠤᠨ ᠤ | ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠪᠠ ᠠᠵᠤ ᠠᠬᠤᠶᠢᠯᠠᠯ ᠤᠨ ᠪᠡᠶᠡᠴᠢ | ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠪᠠ ᠰᠡᠷᠭᠡᠶᠢᠯᠡᠨ | ᠡᠵᠡᠮᠳᠡᠬᠦ ᠲᠣᠭᠲᠠᠴᠠ ᠵᠢᠴᠢ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠂ ᠮᠥᠩᠭᠦᠨ ᠭᠦᠢᠯᠭᠡᠭᠡ ᠶᠢ ᠲᠣᠭᠲᠠᠭᠤᠨ | ᠪᠠᠶᠢᠯᠭᠠᠬᠤ ᠪᠠᠲᠤᠯᠠᠭ᠎ᠠ ᠶᠢᠨ ᠰᠠᠭᠤᠷᠢ ᠮᠥᠩᠭᠦ ᠶᠢ ᠪᠠᠶᠢᠭᠤᠯᠵᠤ᠂ ᠬᠠᠳᠠᠭᠠᠯᠠᠮᠵᠢ ᠶᠢᠨ ᠳᠠᠭᠠᠳᠬᠠᠯ ᠤᠨ ᠲᠦᠷᠢᠮ ᠪᠤᠯᠤᠨ | ᠠᠵᠢᠯ ᠲᠦᠷᠦᠯ ᠤᠨ ᠪᠠᠳᠤᠯᠠᠭ᠎ᠠ ᠶᠢᠨ ᠰᠠᠭᠤᠷᠢ ᠮᠦᠩᠬᠦᠨ ᠤ ᠦᠢᠯᠡᠳᠦᠯ ᠢ ᠪᠠᠳᠠᠷᠠᠭᠤᠯᠤᠨ᠂ ᠵᠠᠬ᠎ᠠ ᠳᠡᠯᠭᠡᠭᠦᠷᠴᠢᠯᠡᠬᠦ᠂ | ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠬᠡᠷᠡᠭᠯᠡᠨ ᠲᠦᠭᠰᠢᠭᠦᠷᠢ ᠶᠢᠨ ᠳᠠᠯᠳᠠ ᠭᠡᠮ ᠢ ᠠᠷᠢᠯᠭᠠᠨ᠂ ᠭᠠᠳᠠᠭᠠᠳᠦ ᠬᠦᠴᠦᠨ ᠤ | ᠨᠦᠯᠦᠭᠡ ᠶᠢ ᠪᠦᠳᠦᠮᠵᠢᠳᠡᠢ ᠠᠷᠭᠠᠴᠠᠭᠠᠵᠦ᠂ ᠰᠢᠰᠲ᠋ᠧᠮ ᠤᠨ ᠴᠢᠨᠠᠷᠲᠠᠶ ᠲᠦᠭᠰᠢᠭᠦᠷᠢ ᠦᠯᠦ ᠡᠭᠦᠰᠭᠡᠬᠦ ᠬᠢᠵᠠᠭᠠᠷ ᠱᠤᠭᠤᠮ ᠢ | ᠪᠠᠲᠤ ᠰᠠᠬᠢᠨ᠎ᠠ᠃ | ︵ᠬᠤᠶᠠᠷ︶ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠬᠦᠴᠦᠯᠡᠨ ᠲᠣᠭᠲᠠᠪᠤᠷᠢᠵᠢᠭᠤᠯᠵᠤ ᠠᠵᠢᠯ ᠣᠯᠭᠤᠯᠲᠠ ᠶᠢ | ᠪᠠᠲᠤᠯᠠᠨ᠂ ᠬᠤᠷᠸ᠎ᠠ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠤᠨ᠎ᠠ᠃ ᠳᠠᠷᠤᠭᠠᠰᠤ ᠶᠢ | ᠬᠥᠩᠭᠡᠷᠡᠭᠦᠯᠵᠦ ᠬᠦᠴᠢᠷᠳᠡᠯ ᠢ ᠨᠢ ᠰᠢᠢᠳᠪᠦᠷᠢᠯᠡᠬᠦ ᠵᠡᠷᠭᠡ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠵᠦ᠂ ᠠᠵᠤ | ᠠᠬᠤᠶ ᠶᠢᠨ ᠲᠣᠭᠲᠠᠭᠤᠨ ᠢᠶᠠᠷ ᠠᠵᠢᠯᠯᠠᠬᠤ᠂ ᠶᠠᠰᠤ ᠴᠢᠨᠠᠷ ᠢ ᠳᠡᠭᠡᠭᠰᠢᠯᠡᠭᠦᠯᠬᠦ ᠰᠠᠭᠤᠷᠢ ᠶᠢ ᠪᠠᠲᠤᠳᠬᠠᠨ᠎ᠠ᠃ | ᠭᠠᠶᠢᠯᠢ ᠰᠦᠢᠳᠭᠡᠯ ᠤᠨ ᠳᠡᠮᠵᠢᠯᠭᠡ ᠶᠢᠨ ᠰᠢᠨ᠎ᠡ ᠬᠠᠮ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ ᠱᠠᠲᠤ ᠦᠶᠡᠴᠢ | ᠴᠢᠨᠠᠷᠲᠠᠶ ᠠᠷᠭ᠎ᠠ ᠬᠡᠮᠵᠢᠶ᠎ᠡ ᠪᠣᠯᠤᠨ ᠳᠦᠷᠢᠮ ᠤᠨ ᠴᠢᠨᠠᠷᠲᠠᠶ ᠲᠣᠬᠢᠷᠠᠭᠤᠯᠤᠯᠲᠠ ᠶᠢ ᠤᠶᠠᠯᠳᠤᠭᠤᠯᠬᠤ ᠶᠢ ᠪᠠᠷᠢᠮᠲᠠᠯᠠᠵᠤ᠂ | ᠭᠠᠶᠢᠯᠢ ᠬᠥᠩᠭᠡᠯᠡᠬᠦ ᠪᠠ ᠭᠠᠶᠢᠯᠢ ᠪᠤᠴᠠᠭᠠᠬᠤ ᠶᠢ ᠵᠡᠷᠭᠡ ᠳᠤᠨᠢ ᠴᠢᠬᠤᠯᠠᠴᠢᠯᠠᠨ᠎ᠠ᠃ ᠨᠢᠭᠡ ᠲᠠᠯ᠎ᠠ ᠪᠠᠷ᠂ ᠦᠢᠯᠡᠳᠬᠦ ᠦᠢᠯᠡᠰ᠂ | ᠵᠢᠵᠢᠭ ᠪᠢᠴᠢᠯ ᠠᠵᠤ ᠠᠬᠤᠶᠢᠯᠠᠯ ᠪᠣᠯᠤᠨ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢ ᠲᠡᠳᠬᠦᠨ | ᠳᠡᠮᠵᠢᠬᠦ ᠭᠠᠶᠢᠯᠢ ᠬᠥᠩᠭᠡᠯᠡᠵᠦ ᠰᠦᠢᠳᠭᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠬᠦ ᠶᠢᠨ | ᠬᠠᠮᠲᠤ ᠬᠠᠰᠤᠵᠤ ᠬᠡᠯᠲᠦᠷᠢᠭᠦᠯᠬᠦ ᠬᠡᠮᠵᠢᠶ᠎ᠡ ᠶᠢ ᠳᠡᠭᠡᠭᠰᠢᠯᠡᠭᠦᠯᠵᠦ᠂ ᠳᠤᠬᠢᠷᠠᠭᠤᠯᠤᠨ ᠬᠡᠷᠡᠭᠯᠡᠬᠦ ᠬᠡᠪᠴᠢᠶ᠎ᠡ ᠶᠢ ᠥᠷᠭᠡᠳᠭᠡᠨ᠎ᠡ᠃ | ᠪᠠᠭ᠎ᠠ ᠬᠡᠮᠵᠢᠶᠡᠨ ᠤ ᠭᠠᠶᠢᠯᠢ ᠲᠤᠰᠢᠶᠠᠭᠴᠢ ᠠᠴᠠ ᠥᠷᠲᠡᠭ ᠨᠡᠮᠡᠭᠳᠡᠯ ᠤᠨ ᠭᠠᠶᠢᠯᠢ ᠲᠠᠳᠠᠪᠤᠷᠢᠯᠠᠬᠤ ᠶᠢ ᠱᠠᠲᠤ ᠦᠶᠡᠴᠢ | ᠴᠢᠨᠠᠷᠲᠠᠶ ᠪᠠᠷ ᠬᠡᠯᠲᠦᠷᠢᠭᠦᠯᠦᠨ᠎ᠡ᠃ ᠵᠢᠵᠢᠭ ᠪᠢᠴᠢᠯ ᠠᠵᠤ ᠠᠬᠤᠶᠢᠯᠠᠯ ᠤᠨ ᠵᠢᠯ ᠤᠨ ᠭᠠᠶᠢᠯᠢ ᠲᠤᠰᠢᠶᠠᠬᠤ ᠶᠣᠰᠣᠲᠠᠶ ᠠᠰᠢᠭ | ᠣᠷᠣᠯᠭ᠎ᠠ ᠶᠢᠨ ᠲᠤᠭ᠎ᠠ ᠶᠢᠨ 100 ᠲᠦᠮᠡᠨ ᠲᠥᠭᠦᠷᠢᠭ ᠠᠴᠠ 300 ᠲᠦᠮᠡᠨ ᠲᠥᠭᠦᠷᠢᠭ ᠬᠦᠷᠲᠡᠯᠡᠬᠢ ᠬᠡᠰᠡᠭ ᠠᠴᠠ | ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ ᠶᠢ ᠳᠠᠬᠢᠭᠠᠳ ᠬᠠᠭᠠᠰ ᠢᠶᠠᠷ ᠬᠠᠰᠤᠵᠤ ᠲᠠᠲᠠᠪᠤᠷᠢᠯᠠᠨ᠎ᠠ᠃ ᠡᠯ᠎ᠡ | ᠭᠠᠵᠠᠷ ᠤᠨ ᠬᠢᠨ ᠴᠦ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠭᠠᠶᠢᠯᠢ ᠰᠦᠢᠳᠭᠡᠯ ᠢ ᠬᠠᠰᠤᠵᠤ ᠬᠡᠯᠲᠦᠷᠢᠭᠦᠯᠬᠦ | ᠵᠡᠷᠭᠡ ᠬᠦᠴᠦᠲᠡᠶ ᠠᠷᠭ᠎ᠠ ᠬᠡᠮᠵᠢᠶ᠎ᠡ ᠶᠢ ᠬᠠᠤᠯᠢ ᠶᠣᠰᠣᠭᠠᠷ ᠨᠡᠶᠢᠲᠡᠯᠡᠵᠦ᠂ ᠭᠠᠶᠢᠯᠢ ᠬᠥᠩᠭᠡᠯᠡᠵᠦ ᠰᠦᠢᠳᠭᠡᠯ ᠪᠠᠭᠤᠷᠠᠭᠤᠯᠬᠤ | ᠡᠷᠴᠢᠮ ᠢ ᠴᠢᠩᠭᠠᠷᠠᠭᠤᠯᠬᠤ ᠠᠴᠠ ᠪᠢᠰᠢ ᠰᠤᠯᠠᠷᠠᠭᠤᠯᠬᠤ ᠦᠭᠡᠢ ᠪᠠᠶᠢᠵᠤ᠂ ᠵᠠᠬ᠎ᠠ ᠳᠡᠯᠭᠡᠭᠦᠷ ᠤᠨ ᠵᠢᠱᠢᠯᠲᠡ ᠶᠢ | ᠲᠣᠭᠲᠠᠪᠤᠷᠢᠵᠢᠭᠤᠯᠬᠤ ᠬᠡᠷᠡᠭᠲᠡᠢ᠃ ᠨᠦᠬᠦᠭᠡ ᠲᠠᠯ᠎ᠠ ᠪᠠᠷ᠂ ᠠᠵᠤ ᠠᠬᠤᠶᠢᠯᠠᠯ ᠳᠤ ᠪᠡᠯᠡᠨ ᠮᠥᠩᠭᠦ ᠶᠢᠨ ᠭᠦᠢᠯᠭᠡᠭᠡᠨ ᠤ | ᠳᠡᠮᠵᠢᠯᠭᠡ ᠬᠠᠩᠭᠠᠬᠤ᠂ ᠬᠡᠷᠡᠭᠯᠡᠭᠡᠨ ᠤ ᠪᠡᠯᠡ ᠣᠷᠣᠭᠤᠯᠤᠯᠲᠠ ᠶᠢ ᠠᠬᠢᠭᠤᠯᠬᠤ ᠶᠢ ᠶᠡᠷᠦᠩᠬᠡᠶ ᠳᠤᠨᠢ ᠪᠣᠳᠣᠯᠬᠢᠯᠠᠵᠦ᠂ | ᠥᠷᠲᠡᠭ ᠨᠡᠮᠡᠭᠳᠡᠯ ᠤᠨ ᠭᠠᠶᠢᠯᠢ ᠶᠢᠨ ᠭᠠᠶᠢᠯᠢ ᠶᠢᠨ ᠲᠦᠷᠢᠮ ᠤᠨ ᠳᠦᠰᠦᠪᠯᠡᠯ ᠠᠴᠠ ᠪᠤᠯᠤᠭᠰᠠᠨ ᠤᠷᠢᠳᠠᠪᠡᠷ ᠲᠤᠰᠢᠶᠠᠵᠦ | ᠰᠠᠭᠦᠯ ᠳᠤᠨᠢ ᠪᠤᠴᠠᠭᠠᠬᠤ ᠮᠡᠳᠦ ᠶᠢᠨ ᠦᠯᠡᠳᠡᠭᠰᠡᠨ ᠰᠠᠭᠤᠳᠬᠠᠯ ᠭᠠᠶᠢᠯᠢ ᠶᠢ ᠪᠣᠴᠠᠭᠠᠬᠤ ᠲᠦᠷᠢᠮ ᠢ ᠶᠡᠭᠡ ᠪᠠᠷ | ᠰᠠᠶᠢᠵᠢᠷᠠᠭᠤᠯᠤᠨ᠂ ᠡᠨᠡ ᠵᠢᠯ ᠦᠯᠡᠳᠡᠭᠰᠡᠨ ᠰᠠᠭᠤᠳᠬᠠᠯ ᠭᠠᠶᠢᠯᠢ ᠳᠤ ᠶᠡᠭᠡ ᠬᠡᠪᠴᠢᠶ᠎ᠡ ᠪᠠᠷ ᠭᠠᠶᠢᠯᠢ ᠪᠤᠴᠠᠭᠠᠬᠤ ᠶᠢ | ᠤᠷᠢᠳᠴᠢᠯᠠᠨ ᠬᠡᠷᠡᠭᠵᠢᠬᠦᠯᠦᠨ᠎ᠡ᠃ ᠵᠢᠵᠢᠭ ᠪᠢᠴᠢᠯ ᠠᠵᠤ ᠠᠬᠤᠶᠢᠯᠠᠯ ᠳᠤ ᠡᠩ ᠲᠡᠷᠢᠭᠦᠨ ᠳᠤ ᠲᠣᠬᠢᠷᠠᠭᠤᠯᠤᠨ᠂ ᠵᠢᠵᠢᠭ | ᠪᠢᠴᠢᠯ ᠠᠵᠤ ᠠᠬᠤᠶᠢᠯᠠᠯ ᠤᠨ ᠬᠠᠳᠠᠭᠠᠯᠠᠯᠲᠠ ᠦᠯᠡᠳᠡᠭᠰᠡᠨ ᠰᠠᠭᠤᠳᠬᠠᠯ ᠭᠠᠶᠢᠯᠢ ᠶᠢ 6 ᠰᠠᠷ᠎ᠠ ᠶᠢᠨ ᠰᠡᠭᠦᠯᠴᠢ ᠠᠴᠠ | ᠡᠮᠦᠨ᠎ᠡ ᠨᠢᠭᠡ ᠯᠡ ᠤᠳᠠᠭ᠎ᠠ ᠳᠤ ᠪᠦᠬᠦᠳᠡ ᠶᠢ ᠪᠤᠴᠠᠭᠠᠵᠤ᠂ ᠨᠡᠮᠡᠭᠳᠡᠯ ᠦᠯᠡᠳᠡᠭᠰᠡᠨ ᠰᠠᠭᠤᠳᠬᠠᠯ ᠭᠠᠶᠢᠯᠢ ᠶᠢ ᠲᠤᠭ᠎ᠠ | ᠶᠣᠰᠣᠭᠠᠷ ᠨᠢ ᠭᠦᠢᠴᠡᠳ ᠪᠤᠴᠠᠭᠠᠨ᠎ᠠ᠃ ᠦᠢᠯᠡᠳᠬᠦ ᠦᠢᠯᠡᠰ ᠢ ᠭᠤᠤᠯᠳᠠᠯᠭ᠎ᠠ ᠲᠠᠢ ᠳᠡᠮᠵᠢᠵᠦ᠂ ᠦᠢᠯᠡᠳᠬᠦ ᠦᠢᠯᠡᠰ᠂ | ᠰᠢᠨᠵᠢᠯᠡᠬᠦ ᠤᠬᠠᠭᠠᠨ ᠤ ᠰᠤᠳᠤᠯᠭᠠᠨ ᠪᠠ ᠮᠡᠷᠭᠡᠵᠢᠯ ᠤᠨ ᠦᠢᠯᠡᠴᠢᠯᠡᠭᠡ᠂ ᠠᠮᠢ ᠠᠬᠤᠶ ᠶᠢᠨ ᠣᠷᠴᠢᠨ ᠨᠦᠬᠦᠴᠡᠯ ᠤᠨ | ᠬᠠᠮᠠᠭᠠᠯᠠᠯᠲᠠ᠂ ᠴᠠᠬᠢᠯᠭᠠᠨ ᠬᠦᠴᠦᠨ ᠰᠢᠲᠠᠮᠠᠬᠠᠶ ᠬᠡᠶ᠂ ᠵᠠᠮ ᠲᠡᠭᠡᠭᠡᠪᠦᠷᠢ ᠵᠡᠷᠭᠡ ᠠᠵᠢᠯ ᠲᠥᠷᠥᠯ ᠤᠨ ᠦᠯᠡᠳᠡᠭᠰᠡᠨ | ᠰᠠᠭᠤᠳᠬᠠᠯ ᠭᠠᠶᠢᠯᠢ ᠶᠢ ᠪᠣᠴᠠᠭᠠᠬᠤ ᠠᠰᠠᠭᠤᠳᠠᠯ ᠢ ᠪᠥᠬᠦ ᠲᠠᠯ᠎ᠠ ᠪᠠᠷ ᠰᠢᠢᠳᠪᠦᠷᠢᠯᠡᠨ᠎ᠡ᠃ ᠦᠷᠳᠡᠭ ᠨᠡᠮᠡᠭᠳᠡᠯ ᠤᠨ | ᠭᠠᠶᠢᠯᠢ ᠶᠢᠨ ᠦᠯᠡᠳᠡᠭᠰᠡᠨ ᠰᠠᠭᠤᠳᠬᠠᠯ ᠭᠠᠶᠢᠯᠢ ᠶᠢ ᠪᠣᠴᠠᠭᠠᠬᠤ ᠡᠷᠴᠢᠮ ᠢ ᠢᠯᠡᠳᠲᠡ ᠴᠢᠩᠭᠠᠷᠠᠭᠤᠯᠵᠤ᠂ ᠵᠠᠬ᠎ᠠ | ᠳᠡᠯᠭᠡᠭᠦᠷ ᠤᠨ ᠢᠲᠡᠭᠡᠯ ᠢ ᠬᠦᠴᠦᠲᠡᠶ ᠬᠥᠪᠴᠢᠯᠡᠨ᠎ᠡ᠃ ᠵᠢᠱᠢᠯᠲᠡ ᠪᠠᠷ ᠪᠦᠬᠦ ᠵᠢᠯ ᠤᠨ ᠭᠠᠶᠢᠯᠢ ᠪᠤᠴᠠᠭᠠᠵᠤ ᠭᠠᠶᠢᠯᠢ | ᠬᠥᠩᠭᠡᠯᠡᠬᠦ ᠲᠤᠭ᠎ᠠ ᠪᠠᠷᠤᠭ 2.5 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ ᠡᠭᠦᠨ ᠤ ᠳᠣᠲᠣᠷ᠎ᠠ ᠦᠯᠡᠳᠡᠭᠰᠡᠨ | ᠰᠠᠭᠤᠳᠬᠠᠯ ᠭᠠᠶᠢᠯᠢ ᠶᠢ ᠪᠤᠴᠠᠭᠠᠬᠤ ᠬᠡᠮᠵᠢᠶ᠎ᠠ ᠪᠠᠷᠤᠭ 1.5 ᠲᠦᠮᠡᠨ ᠳ᠋ᠦᠩᠰᠢᠭᠤᠷ ᠲᠥᠭᠦᠷᠢᠭ ᠲᠤ ᠬᠦᠷᠬᠦ ᠪᠦᠭᠡᠳ | ᠭᠠᠶᠢᠯᠢ ᠪᠤᠴᠠᠭᠠᠭᠰᠠᠨ ᠪᠡᠯᠡ ᠮᠥᠩᠭᠦ ᠶᠢ ᠪᠦᠭᠦᠳᠡ ᠶᠢ ᠠᠵᠤ ᠠᠬᠤᠶᠢᠯᠠᠯ ᠳᠤ ᠰᠢᠭᠤᠳ ᠪᠠᠭᠤᠯᠭᠠᠨ᠎ᠠ᠃ ᠲᠥᠪ ᠤᠨ | ᠡᠳ᠋ ᠤᠨ ᠵᠠᠰᠠᠭ ᠠᠴᠠ ᠣᠷᠣᠨ ᠨᠤᠲᠤᠭ ᠲᠤ ᠦᠵᠡᠭᠦᠯᠬᠦ ᠡᠳ᠋ ᠤᠨ ᠬᠦᠴᠦᠨ ᠤ ᠳᠡᠮᠵᠢᠯᠭᠡ ᠪᠠᠨ ᠨᠡᠮᠡᠭᠳᠡᠭᠦᠯᠵᠦ᠂ | ᠨᠦᠬᠦᠪᠦᠷᠢ ᠪᠡᠯᠡ ᠮᠦᠩᠬᠦ ᠶᠢ ᠬᠤᠳᠠ ᠰᠢᠶᠠᠨ ᠳᠤ ᠰᠢᠭᠤᠳ ᠪᠠᠭᠤᠯᠭᠠᠨ᠂ ᠣᠷᠣᠨ ᠨᠤᠲᠤᠭ ᠤᠨ ᠵᠠᠰᠠᠭ ᠤᠨ ᠣᠷᠳᠣᠨ | ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ | ᠪᠡᠯᠡ ᠮᠥᠩᠭᠦ ᠶᠢᠨ ᠲᠣᠬᠢᠷᠠᠭᠤᠯᠤᠯᠲᠠ ᠪᠠᠨ ᠴᠢᠩᠭᠠᠳᠬᠠᠨ᠂ ᠭᠠᠶᠢᠯᠢ ᠪᠤᠴᠠᠭᠠᠵᠤ ᠭᠠᠶᠢᠯᠢ ᠬᠥᠩᠭᠡᠯᠡᠬᠦ ᠡᠨᠡ ᠬᠦ | ᠵᠠᠩᠭᠢᠯᠠᠭ᠎ᠠ ᠶᠢᠨ ᠴᠢᠨᠠᠷᠲᠠᠶ ᠠᠷᠭ᠎ᠠ ᠬᠡᠮᠵᠢᠶ᠎ᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠠᠵᠤ | ᠠᠬᠤᠶᠢᠯᠠᠯ ᠢ ᠬᠥᠴᠢᠷ ᠵᠣᠪᠠᠯᠠᠩ ᠲᠠᠢ ᠥᠶ᠎ᠠ ᠳᠤᠨᠢ ᠲᠣᠰᠠᠯᠠᠨ᠂ ᠠᠵᠤ ᠠᠬᠤᠶᠢᠯᠠᠯ ᠳᠤ ᠬᠠᠪᠰᠤᠷᠤᠨ ᠠᠮᠢᠵᠢᠷᠠᠯ ᠤᠨ | ᠬᠦᠴᠦᠨ ᠢ ᠨᠢ ᠪᠠᠳᠠᠷᠠᠭᠤᠯᠬᠤ ᠬᠡᠷᠡᠭᠲᠡᠶ᠃ | ᠪᠣᠳᠠᠲᠤ ᠴᠣᠭᠴᠠ ᠶᠢᠨ ᠠᠵᠤ ᠠᠬᠤᠶ ᠳᠤ ᠦᠵᠡᠭᠦᠯᠬᠦ ᠮᠥᠩᠭᠦᠨ ᠭᠦᠢᠯᠭᠡᠭᠡᠨ ᠤ ᠪᠦᠲᠦᠮᠵᠢᠲᠡᠶ ᠳᠡᠮᠵᠢᠯᠭᠡ ᠶᠢ | ᠴᠢᠩᠭᠠᠳᠬᠠᠨ᠎ᠠ᠃ ᠲᠦᠭᠡᠮᠡᠯ ᠬᠠᠷᠠᠭᠠᠯᠵᠠᠯᠲᠤ ᠵᠢᠵᠢᠭ ᠪᠢᠴᠢᠯ ᠵᠢᠭᠡᠯᠡᠯᠭᠡ ᠶᠢᠨ ᠳᠡᠮᠵᠢᠯᠭᠡ ᠶᠢᠨ ᠪᠠᠭᠠᠵᠢ ᠶᠢ ᠰᠠᠶᠢᠲᠤᠷ | ᠬᠡᠷᠡᠭᠯᠡᠨ᠂ ᠲᠠᠷᠢᠶᠠᠯᠠᠩ ᠢ ᠲᠡᠮᠵᠢᠵᠦ ᠵᠢᠵᠢᠭ ᠪᠢᠴᠢᠯ ᠠᠵᠦ ᠠᠬᠤᠶᠢᠯᠡᠯ ᠢ ᠲᠡᠮᠵᠢᠬᠦ ᠳᠠᠬᠢᠨ ᠵᠢᠭᠡᠯᠡᠯᠭᠡ ᠶᠢ ᠨᠡᠮᠡᠭᠳᠡᠭᠦᠯᠵᠦ᠂ | ᠬᠢᠨᠠᠯᠳᠠ ᠬᠠᠮᠢᠶᠠᠷᠤᠯᠳᠠ ᠬᠢᠨᠠᠨ ᠰᠢᠯᠭᠠᠯᠳᠠ ᠶᠢ ᠰᠢᠯᠢᠳᠡᠭᠵᠢᠭᠦᠯᠦᠨ᠂ ᠲᠦᠭᠡᠮᠡᠯ ᠬᠠᠷᠠᠭᠠᠯᠵᠠᠯᠲᠤ ᠵᠢᠵᠢᠭ ᠪᠢᠴᠢᠯ | ᠵᠢᠭᠡᠯᠡᠯᠭᠡ ᠶᠢ ᠢᠯᠡᠳᠲᠡ ᠨᠡᠮᠡᠭᠳᠡᠬᠦᠯᠬᠦ᠂ ᠢᠲᠡᠭᠡᠮᠵᠢᠲᠦ ᠵᠢᠭᠡᠯᠡᠯᠭᠡ ᠪᠠ ᠠᠩᠬ᠎ᠠ ᠵᠢᠭᠡᠯᠡᠯᠭᠡ ᠠᠪᠬᠤ ᠡᠷᠦᠬᠡ ᠶᠢᠨ ᠬᠤᠪᠢ ᠶᠢᠨ | ᠵᠢᠩ ᠢ ᠦᠷᠭᠦᠯᠵᠢᠯᠡᠨ ᠳᠡᠭᠡᠭᠰᠢᠯᠡᠭᠦᠯᠬᠦ ᠶᠢ ᠠᠬᠢᠭᠤᠯᠤᠨ᠎ᠠ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ | ᠵᠢᠯᠣᠭᠤᠳᠴᠤ ᠢᠲᠡᠭᠡᠮᠵᠢᠲᠦ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ ᠣᠨᠣᠪᠴᠢᠲᠠᠶ ᠡᠵᠡᠮᠰᠢᠭᠦᠯᠵᠦ᠂ ᠬᠢᠵᠢᠭ ᠲᠤ | ᠬᠦᠨᠳᠦ ᠨᠣᠴᠢᠲᠠᠶ ᠨᠥᠯᠥᠭᠡᠯᠡᠭᠳᠡᠭᠰᠡᠨ ᠠᠵᠢᠯ ᠲᠥᠷᠥᠯ ᠤᠨ ᠠᠵᠤ ᠠᠬᠤᠶᠢᠯᠠᠯ ᠳᠤ ᠦᠷᠭᠦᠯᠵᠢᠯᠡᠨ ᠪᠡᠯᠡ | ᠲᠣᠬᠢᠷᠠᠭᠤᠯᠭ᠎ᠠ ᠶᠢᠨ ᠳᠡᠮᠵᠢᠯᠭᠡ ᠦᠵᠡᠭᠦᠯᠵᠦ᠂ ᠠᠵᠢᠯ ᠲᠥᠷᠥᠯ ᠤᠨ ᠴᠢᠨᠠᠷᠲᠠᠶ ᠵᠢᠭᠡᠯᠡᠯᠭᠡ ᠶᠢ ᠬᠢᠵᠠᠭᠠᠷᠯᠠᠬᠤ᠂ | ᠵᠢᠭᠡᠯᠡᠯᠭᠡ ᠪᠠᠨ ᠲᠠᠲᠠᠵᠤ ᠠᠪᠬᠤ ᠪᠠ ᠵᠢᠭᠡᠯᠡᠯᠭᠡ ᠦᠭᠬᠦ ᠪᠠᠨ ᠵᠤᠭᠰᠤᠭᠠᠬᠤ ᠦᠵᠡᠭᠳᠡᠯ ᠭᠠᠷᠬᠤ ᠠᠴᠠ ᠵᠠᠶᠢᠯᠠᠰᠭᠢᠨ᠎ᠡ᠃ | ᠲᠦᠷᠦ ᠶᠢᠨ ᠪᠤᠳᠤᠯᠭ᠎ᠠ ᠶᠢᠨ ᠴᠢᠨᠠᠷᠲᠠᠶ᠂ ᠨᠡᠭᠡᠭᠡᠨ ᠬᠥᠭᠵᠢᠭᠦᠯᠬᠦ ᠴᠢᠨᠠᠷᠲᠠᠶ ᠮᠥᠩᠭᠦᠨ ᠭᠦᠢᠯᠭᠡᠭᠡᠨ ᠤ ᠦᠢᠯᠡᠳᠦᠯ ᠢ | ᠰᠠᠶᠢᠲᠤᠷ ᠪᠠᠳᠠᠷᠠᠭᠤᠯᠤᠨ᠎ᠠ᠃ ᠠᠵᠤ ᠠᠬᠤᠶᠢᠯᠠᠯ ᠳᠤ ᠬᠤᠯᠪᠣᠭᠳᠠᠭᠰᠠᠨ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤ ᠪᠠᠷ | ᠡᠳ᠋ᠯᠡᠬᠦ ᠶᠢ ᠠᠬᠢᠭᠤᠯᠵᠤ᠂ ᠭᠠᠶᠢᠯᠢ ᠶᠢᠨ ᠶᠠᠪᠤᠳᠠᠯ᠂ ᠪᠣᠭᠤᠮᠲᠠ᠂ ᠴᠠᠬᠢᠯᠭᠠᠨ ᠬᠦᠴᠦᠨ ᠵᠡᠷᠭᠡ ᠨᠢᠭᠡᠴᠢ ᠪᠣᠯᠤᠨ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢᠨ ᠮᠡᠳᠡᠭᠡ ᠵᠠᠩᠭᠢ ᠶᠢ ᠬᠤᠯᠪᠣᠨ ᠨᠡᠪᠲᠡᠷᠡᠭᠦᠯᠬᠦ ᠶᠢ ᠲᠦᠷᠭᠡᠳᠭᠡᠨ᠂ ᠵᠠᠰᠠᠭ ᠤᠨ ᠣᠷᠳᠣᠨ ᠤ | ᠴᠢᠨᠠᠷᠲᠠᠶ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠵᠢᠵᠢᠭ ᠪᠢᠴᠢᠯ ᠠᠵᠤ ᠠᠬᠤᠶᠢᠯᠠᠯ ᠢ ᠬᠠᠮᠤᠷᠬᠤ ᠬᠡᠪᠴᠢᠶ᠎ᠡ ᠶᠢ | ᠥᠷᠭᠡᠳᠭᠡᠵᠦ᠂ ᠪᠡᠯᠡ ᠲᠣᠬᠢᠷᠠᠭᠤᠯᠭ᠎ᠠ ᠶᠢᠨ ᠰᠠᠶᠢᠨ ᠰᠠᠶᠢᠬᠠᠨ ᠠᠮᠢ ᠠᠬᠤᠶ ᠶᠢ ᠴᠢᠷᠮᠠᠶᠢᠨ ᠪᠤᠢ ᠪᠣᠯᠭᠠᠵᠤ᠂ ᠪᠤᠳᠠᠳᠤ | ᠴᠤᠭᠴᠠ ᠶᠢᠨ ᠠᠵᠤ ᠠᠬᠤᠶᠢᠯᠠᠯ ᠢᠯᠠᠩᠭᠤᠶ᠎ᠠ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢᠨ | ᠬᠦᠴᠢᠷ ᠠᠰᠠᠭᠤᠳᠠᠯ ᠢ ᠰᠢᠢᠳᠪᠦᠷᠢᠯᠡᠬᠦ ᠠᠵᠢᠯ ᠢ ᠤᠯᠠᠮ ᠨᠢᠭᠡ ᠠᠯᠬᠤᠮ ᠠᠬᠢᠭᠤᠯᠤᠨ᠎ᠠ᠃ | ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠥᠪᠡᠷ ᠤᠨ ᠥᠷᠲᠡᠭ ᠢ ᠪᠠᠭᠤᠷᠠᠭᠤᠯᠬᠤ ᠶᠢ ᠠᠬᠢᠭᠤᠯᠤᠨ᠎ᠠ᠃ | ᠴᠠᠬᠢᠯᠭᠠᠨ ᠰᠢᠯᠵᠢᠭᠦᠯᠦᠨ ᠬᠠᠩᠭᠠᠬᠤ ᠭᠤᠭᠴᠣᠭᠠᠨ ᠳᠠᠬᠢ ᠵᠦᠢ ᠵᠣᠬᠢᠰ ᠦᠭᠡᠢ ᠪᠠᠷ ᠦᠨ᠎ᠡ ᠨᠡᠮᠡᠬᠦ ᠶᠢ ᠢᠯᠭᠠᠷᠠᠭᠤᠯᠦᠨ | ᠲᠢᠭᠯᠡᠵᠦ᠂ ᠣᠷᠣᠨ ᠨᠤᠲᠤᠭ ᠤᠨ ᠬᠢᠨ ᠤ ᠣᠨᠴᠠᠭᠠᠶ ᠬᠦᠴᠢᠷᠳᠡᠯ ᠲᠠᠢ ᠠᠵᠢᠯ ᠲᠥᠷᠥᠯ ᠤᠨ ᠴᠠᠬᠢᠯᠭᠠᠨ ᠬᠡᠷᠡᠭᠯᠡᠬᠦ ᠳᠤ | ᠱᠠᠲᠤ ᠦᠶᠡᠴᠢ ᠴᠢᠨᠠᠷᠲᠠᠶ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠬᠡᠷᠡᠭᠵᠢᠭᠦᠯᠬᠦ ᠶᠢ ᠳᠠᠮᠵᠢᠨ᠎ᠠ᠃ ᠲᠣᠮᠣ ᠬᠡᠯᠪᠡᠷᠢ ᠶᠢᠨ | ᠲᠠᠪᠴᠠᠩ ᠤᠨ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠰᠦᠢᠳᠭᠡᠯ ᠬᠤᠷᠢᠶᠠᠯᠲᠠ ᠶᠢ ᠨᠢ ᠪᠠᠭᠤᠷᠠᠭᠤᠯᠤᠨ᠂ ᠳᠤᠮᠳᠠ | ᠵᠢᠵᠢᠭ ᠬᠤᠳᠠᠯᠳᠤᠭᠠᠨ ᠤ ᠡᠷᠤᠭᠡ ᠶᠢᠨ ᠳᠠᠷᠤᠭᠠᠰᠤ ᠶᠢ ᠬᠥᠩᠭᠡᠷᠡᠭᠦᠯᠦᠨ᠎ᠡ᠃ ᠠᠵᠢᠯ ᠲᠥᠷᠥᠯ ᠤᠨ ᠨᠡᠶᠢᠭᠡᠮᠯᠢᠭ | ᠬᠤᠳᠠᠯᠳᠤᠭᠠᠴᠢᠳ ᠤᠨ ᠡᠪᠯᠡᠯ᠂ ᠵᠠᠭᠤᠴᠢ ᠪᠠᠶᠢᠭᠤᠯᠤᠮᠵᠢ ᠵᠡᠷᠭᠡ ᠶᠢᠨ ᠰᠦᠢᠳᠭᠡᠯ ᠬᠤᠷᠢᠶᠠᠯᠲᠠ ᠶᠢ ᠤᠯᠠᠮ ᠨᠢᠭᠡ ᠠᠯᠬᠤᠮ | ᠡᠮᠬᠢᠯᠡᠨ ᠵᠢᠷᠤᠮᠵᠢᠭᠤᠯᠤᠨ᠎ᠠ᠃ ᠠᠵᠤ ᠠᠬᠤᠶᠢᠯᠠᠯ ᠳᠤ ᠬᠤᠯᠪᠣᠭᠳᠠᠭᠰᠠᠨ ᠲᠣᠭᠲᠠᠭᠠᠯ ᠠᠴᠠ ᠵᠥᠷᠢᠴᠡᠭᠰᠡᠨ ᠰᠦᠢᠳᠭᠡᠯ | ᠬᠤᠷᠢᠶᠠᠯᠲᠠ ᠳᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠦᠨ᠂ ᠬᠠᠮᠵᠢᠯᠴᠠᠨ ᠵᠠᠰᠠᠬᠤ ᠪᠠ ᠬᠠᠮᠲᠤᠷᠠᠨ | ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠪᠠᠶᠢᠭᠤᠯᠵᠤ᠂ ᠳᠤᠷ᠎ᠠ ᠪᠠᠷ ᠢᠶᠠᠨ ᠰᠦᠢᠳᠭᠡᠯ ᠬᠤᠷᠢᠶᠠᠬᠤ᠂ ᠳᠤᠷ᠎ᠠ ᠪᠠᠷ ᠢᠶᠠᠨ | ᠵᠣᠭᠤᠰ ᠢᠶᠠᠷ ᠲᠣᠷᠭᠠᠬᠤ᠂ ᠳᠤᠷ᠎ᠠ ᠪᠠᠷ ᠢᠶᠠᠨ ᠲᠡᠰᠭᠡᠨ ᠲᠠᠲᠠᠪᠤᠷᠢᠯᠠᠬᠤ ᠶᠢ ᠡᠷᠡᠰ ᠪᠠᠶᠢᠴᠠᠭᠠᠨ ᠰᠢᠢᠳᠪᠦᠷᠢᠯᠡᠨ᠎ᠡ᠃ ᠳᠤᠮᠳᠠ | ᠵᠢᠵᠢᠭ ᠠᠵᠤ ᠠᠬᠤᠶᠢᠯᠠᠯ ᠤᠨ ᠠᠪᠴᠠᠭᠠᠨ ᠤ ᠵᠤᠭᠤᠰ ᠢ ᠥᠷᠢᠲᠦᠬᠦ ᠶᠢ ᠢᠯᠭᠠᠷᠠᠭᠤᠯᠤᠨ ᠲᠢᠭᠯᠡᠬᠦ ᠡᠷᠴᠢᠮ ᠢ | ᠴᠢᠩᠭᠠᠷᠠᠭᠤᠯᠤᠨ᠂ ᠬᠤᠳᠠᠯᠳᠤᠭᠠᠨ ᠤ ᠭᠤᠪᠢᠭᠤᠯᠭ᠎ᠠ ᠳᠠᠭᠠᠭᠠᠬᠤ ᠭᠤᠪᠢᠭᠤᠯᠭ᠎ᠠ ᠶᠢᠨ ᠬᠠᠭᠤᠳᠠᠰᠤ ᠶᠢᠨ ᠬᠡᠷᠡᠭᠯᠡᠯᠲᠡ ᠶᠢ | ᠵᠢᠷᠤᠮᠵᠢᠭᠤᠯᠬᠤ ᠬᠡᠷᠡᠭᠲᠡᠢ᠂ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠢ ᠪᠣᠯᠤᠨ ᠤᠯᠤᠰ ᠤᠨ ᠥᠮᠴᠢᠯᠡᠯ ᠤᠨ ᠠᠵᠤ | ᠠᠬᠤᠶᠢᠯᠠᠯ ᠤᠳ ᠲᠦᠷᠦᠭᠦᠯᠡᠨ ᠥᠷᠢ ᠦᠭᠴᠡᠭᠡ ᠪᠠᠨ ᠢᠯᠭᠠᠷᠠᠭᠤᠯᠤᠨ ᠲᠦᠯᠦᠭᠦ ᠬᠡᠷᠡᠭᠲᠡᠶ᠃ ᠢᠳᠡᠭᠡᠨ ᠤᠮᠳᠠᠭᠠᠨ᠂ | ᠬᠤᠨᠤᠭ ᠪᠠᠭᠤᠳᠠᠯ᠂ ᠵᠢᠵᠢᠭᠯᠡᠨ ᠬᠤᠳᠠᠯᠳᠤᠬᠤ᠂ ᠵᠢᠭᠤᠯᠴᠢᠯᠠᠯ᠂ ᠠᠶᠠᠨᠴᠢᠳ ᠤᠨ ᠲᠡᠭᠡᠭᠡᠪᠦᠷᠢ ᠵᠡᠷᠭᠡ ᠠᠵᠢᠯ ᠲᠥᠷᠥᠯ ᠤᠨ | ᠠᠵᠢᠯ ᠣᠯᠭᠤᠯᠲᠠ ᠶᠢᠨ ᠪᠠᠭᠲᠠᠭᠠᠮᠵᠢ ᠶᠡᠭᠡ᠂ ᠬᠢᠵᠢᠭ ᠤᠨ ᠨᠥᠯᠥᠭᠡ ᠬᠦᠨᠳᠦ ᠪᠤᠯᠬᠤᠷ ᠡᠯ᠎ᠡ ᠵᠦᠢᠯ ᠤᠨ ᠬᠠᠪᠰᠤᠷᠤᠨ | ᠲᠡᠳᠬᠦᠬᠦ ᠲᠥᠷᠥ ᠶᠢᠨ ᠪᠣᠳᠣᠯᠭ᠎ᠠ ᠶᠢ ᠲᠡᠳᠡᠨ ᠤ ᠲᠡᠶᠢᠰᠢ ᠬᠡᠯᠪᠠᠶᠢᠯᠭᠡᠵᠦ᠂ ᠡᠳᠡᠭᠡᠷ ᠠᠵᠢᠯ ᠲᠥᠷᠥᠯ ᠤᠨ ᠠᠵᠤ | ᠠᠬᠤᠶᠢᠯᠠᠯ ᠤᠨ ᠬᠦᠴᠢᠷ ᠢ ᠳᠠᠪᠠᠵᠤ ᠪᠡᠷᠬᠡᠰᠢᠶᠡᠯ ᠢ ᠲᠤᠭᠤᠯᠬᠤ ᠪᠠ ᠳᠠᠪᠰᠢᠬᠤ ᠬᠠᠷᠠᠯᠲᠠ ᠲᠠᠢ ᠪᠤᠯᠬᠤ ᠶᠢ ᠳᠡᠮᠵᠢᠬᠦ ᠬᠡᠷᠡᠭᠲᠡᠶ | ᠃ | ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠠᠷᠭ᠎ᠠ ᠬᠡᠮᠵᠢᠶ᠎ᠡ ᠶᠢ ᠪᠤᠳᠠᠳᠠᠢ ᠪᠦᠭᠡᠳ ᠨᠠᠷᠢᠯᠢᠭ | ᠨᠠᠶᠢᠳᠠᠪᠤᠷᠢᠵᠢᠭᠤᠯᠤᠨ᠎ᠠ᠃ ᠠᠵᠢᠯ ᠠᠯᠳᠠᠯᠲᠠ ᠪᠠ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠵᠠᠷᠤᠳᠠᠯ ᠤᠨ | ᠨᠤᠷᠮ᠎ᠠ ᠶᠢ ᠪᠠᠭᠤᠷᠠᠭᠤᠯᠬᠤ ᠵᠡᠷᠭᠡ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠱᠠᠳᠤ ᠦᠶᠡᠴᠢ ᠴᠢᠨᠠᠷᠲᠠᠶ ᠲᠦᠷᠦ ᠶᠢᠨ | ᠪᠤᠳᠤᠯᠭ᠎ᠠ ᠶᠢ ᠦᠷᠭᠦᠯᠵᠢᠯᠡᠨ ᠬᠡᠷᠡᠭᠵᠢᠭᠦᠯᠦᠨ᠎ᠡ᠃ ᠠᠵᠢᠯᠲᠠᠨ ᠢᠶᠠᠨ ᠬᠠᠰᠤᠬᠰᠠᠨ ᠦᠭᠡᠢ ᠪᠤᠶᠤ ᠠᠵᠢᠯᠳᠠᠨ ᠢᠶᠠᠨ ᠴᠦᠭᠡᠨ | ᠬᠠᠰᠤᠬᠰᠠᠨ ᠠᠵᠤ ᠠᠬᠤᠶᠢᠯᠠᠯ ᠳᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠠᠯᠳᠠᠯᠲᠠ ᠶᠢᠨ ᠳᠠᠭᠠᠳᠬᠠᠯ ᠢ | ᠪᠤᠴᠠᠭᠠᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ | ᠪᠤᠴᠠᠭᠠᠬᠤ ᠬᠠᠷᠢᠴᠠᠯ ᠢ ᠢᠯᠡᠳᠲᠡ ᠳᠡᠭᠡᠭᠰᠢᠯᠡᠭᠦᠯᠦᠨ᠎ᠡ᠃ ᠡᠨᠡ ᠵᠢᠯ ᠤᠨ ᠶᠡᠭᠡ ᠳᠡᠭᠡᠳᠦ ᠰᠤᠷᠭᠠᠭᠤᠯᠢ ᠲᠡᠭᠦᠰᠭᠦ | ᠰᠤᠷᠤᠭᠴᠢᠳ 1000 ᠲᠦᠮᠡᠨ ᠬᠥᠮᠦᠨ ᠢ ᠳᠠᠪᠠᠭ᠋ᠤ ᠪᠤᠯᠬᠤᠷ ᠠᠵᠢᠯ ᠣᠯᠭᠤᠬᠤ ᠪᠠ ᠠᠳᠠᠯ ᠦᠢᠯᠡᠰ ᠴᠣᠭᠴᠠᠯᠠᠬᠤ | ᠵᠢᠯᠤᠭᠤᠳᠤᠯᠭ᠎ᠠ᠂ ᠲᠦᠷᠦ ᠶᠢᠨ ᠪᠤᠳᠤᠯᠭ᠎ᠠ ᠶᠢᠨ ᠳᠡᠮᠵᠢᠯᠭᠡ ᠪᠠ ᠲᠠᠰᠤᠯᠳᠠᠯ ᠦᠭᠡᠢ ᠦᠢᠯᠡᠴᠢᠯᠡᠬᠦ ᠦᠢᠯᠡᠴᠢᠯᠡᠭᠡ ᠪᠠᠨ | ᠴᠢᠩᠭᠠᠳᠬᠠᠬᠤ ᠬᠡᠷᠡᠭᠲᠡᠶ᠃ ᠴᠡᠷᠢᠭ ᠤᠨ ᠠᠯᠪᠠ ᠠᠴᠠ ᠪᠠᠭᠤᠭᠰᠠᠳ ᠢ ᠲᠥᠪᠬᠢᠨᠡᠭᠦᠯᠬᠦ ᠪᠠ ᠠᠵᠢᠯ ᠣᠯᠭᠤᠬᠤ ᠪᠠᠲᠤᠯᠠᠭ᠎ᠠ ᠶᠢ | ᠰᠠᠶᠢᠲᠤᠷ ᠬᠢᠵᠦ᠂ ᠬᠥᠯᠥᠰᠥᠨ ᠠᠵᠢᠯᠴᠢᠨ ᠳᠤ ᠠᠵᠢᠯ ᠣᠯᠭᠤᠬᠤ ᠶᠢ ᠠᠬᠢᠭᠤᠯᠵᠤ᠂ ᠵᠡᠮᠳᠡᠭᠴᠦᠳ ᠪᠠ ᠠᠵᠢᠯ ᠣᠯᠤᠭᠰᠠᠨ | ᠬᠥᠮᠦᠨ ᠦᠭᠡᠢ ᠭᠡᠷ ᠪᠦᠯᠢ ᠶᠢᠨ ᠪᠦᠷᠢᠯᠳᠦᠬᠦᠨ ᠢ ᠬᠠᠪᠰᠤᠷᠤᠨ ᠲᠡᠳᠬᠦᠵᠦ ᠠᠵᠢᠯ ᠣᠯᠭᠤᠨ᠎ᠠ᠃ ᠪᠥᠬᠦᠳᠡ | ᠤᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ ᠲᠦᠮᠡᠨ ᠤᠯᠠᠨ ᠢᠶᠠᠷ ᠢᠶᠠᠨ ᠰᠢᠨ᠎ᠡ ᠶᠢ ᠡᠭᠦᠳᠬᠦ ᠠᠵᠢᠯᠯᠠᠭ᠎ᠠ ᠶᠢ ᠭᠦᠨᠵᠡᠭᠡᠶ | ᠥᠷᠨᠢᠭᠦᠯᠵᠦ᠂ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠲᠠᠪᠴᠠᠩ ᠤᠨ ᠦᠢᠯᠡᠴᠢᠯᠡᠭᠡᠨ ᠤ ᠴᠢᠳᠠᠪᠤᠷᠢ ᠶᠢ | ᠴᠢᠩᠭᠠᠷᠠᠭᠤᠯᠤᠨ᠎ᠠ᠃ ᠠᠮᠢᠳᠤᠯᠢᠭ ᠠᠵᠢᠯ ᠤᠯᠭᠤᠯᠳᠠ ᠶᠢᠨ ᠦᠢᠯᠡᠴᠢᠯᠡᠭᠡ ᠶᠢ ᠴᠢᠩᠭᠠᠳᠬᠠᠨ᠂ ᠠᠮᠢᠳᠤᠯᠢᠭ ᠠᠵᠢᠯ | ᠣᠯᠭᠤᠯᠲᠠ ᠶᠢᠨ ᠨᠡᠶᠢᠭᠡᠮ ᠤᠨ ᠪᠠᠲᠤᠯᠠᠭ᠎ᠠ ᠶᠢᠨ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠵᠦ᠂ ᠰᠢᠨ᠎ᠡ ᠠᠵᠢᠯ | ᠣᠯᠭᠤᠯᠲᠠ ᠶᠢᠨ ᠬᠡᠯᠪᠡᠷᠢ ᠪᠠᠶᠢᠳᠠᠯ ᠤᠨ ᠠᠵᠢᠯ ᠮᠡᠷᠭᠡᠵᠢᠯ ᠤᠨ ᠬᠦᠨᠦᠬᠡᠯ ᠤᠨ ᠪᠠᠲᠤᠯᠠᠭ᠎ᠠ ᠶᠢᠨ ᠲᠤᠷᠰᠢᠯᠲᠠ ᠶᠢ | ᠥᠷᠨᠢᠭᠦᠯᠦᠨ᠎ᠡ᠃ ᠬᠦᠢᠰᠦ᠂ ᠨᠠᠰᠤ ᠵᠢᠯ᠂ ᠰᠤᠷᠤᠯᠭ᠎ᠠ ᠶᠢᠨ ᠨᠠᠮᠳᠠᠷ ᠵᠡᠷᠭᠡ ᠠᠵᠢᠯ ᠣᠯᠭᠤᠯᠲᠠ ᠶᠢᠨ ᠭᠠᠳᠠᠭᠤᠷᠴᠢᠯᠠᠯ ᠢ | ᠡᠷᠡᠰ ᠰᠡᠷᠭᠡᠶᠢᠯᠡᠨ ᠵᠠᠯᠠᠷᠠᠭᠤᠯᠵᠤ᠂ ᠡᠷᠬᠡ ᠲᠡᠭᠰᠢ ᠠᠵᠢᠯ ᠤᠯᠭᠤᠯᠳᠠ ᠶᠢᠨ ᠤᠷᠴᠢᠨ ᠨᠦᠬᠦᠴᠡᠯ ᠢ ᠶᠡᠭᠡ ᠪᠠᠷ ᠪᠤᠢ ᠪᠤᠯᠭᠠᠨ᠎ᠠ | ᠃ ᠬᠦᠳᠡᠯᠮᠦᠷᠢ ᠶᠢᠨ ᠪᠠᠳᠤᠯᠠᠭ᠎ᠠ ᠶᠢᠨ ᠬᠢᠨᠠᠨ ᠪᠠᠶᠢᠴᠠᠭᠠᠯᠳᠠ ᠶᠢᠨ ᠬᠠᠤᠯᠢ ᠬᠡᠷᠡᠭᠵᠢᠬᠦᠯᠦᠯᠳᠡ ᠶᠢ ᠴᠢᠩᠭᠠᠳᠬᠠᠨ᠂ | ᠬᠥᠳᠡᠯᠮᠦᠷᠢᠴᠢᠨ ᠤ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠬᠤ ᠲᠤᠪᠤᠶᠢᠮ᠎ᠠ ᠠᠰᠠᠭᠤᠳᠠᠯ ᠢ ᠬᠦᠴᠦᠯᠡᠨ | ᠰᠢᠢᠳᠪᠦᠷᠢᠯᠡᠨ᠎ᠡ᠃ ᠤᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠬᠠᠨᠳᠤᠯᠭᠠᠲᠤ ᠴᠢᠨᠠᠷ ᠢ | ᠴᠢᠩᠭᠠᠳᠬᠠᠨ᠎ᠠ᠃ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠶᠡᠭᠡ ᠬᠡᠪᠴᠢᠶᠡᠨ ᠤ ᠪᠣᠯᠪᠠᠰᠤᠷᠠᠭᠤᠯᠤᠯ ᠢ ᠦᠷᠭᠦᠯᠵᠢᠯᠡᠨ | ᠥᠷᠨᠢᠭᠦᠯᠵᠦ᠂ ᠨᠢᠭᠡ ᠪᠦᠯᠦᠭ ᠣᠯᠠᠨ ᠨᠡᠶᠢᠲᠡ ᠶᠢᠨ ᠳᠠᠳᠤᠯᠭ᠎ᠠ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠢ ᠬᠠᠮᠲᠤ ᠪᠠᠷ | ᠪᠠᠶᠢᠭᠤᠯᠤᠨ ᠬᠠᠮᠲᠤ ᠪᠠᠷ ᠡᠳ᠋ᠯᠡᠨ᠎ᠡ᠃ ᠠᠵᠢᠯ ᠠᠯᠳᠠᠭᠰᠠᠳ ᠤᠨ ᠳᠠᠭᠠᠳᠬᠠᠯ ᠤᠨ ᠰᠠᠭᠤᠷᠢ ᠮᠥᠩᠭᠦ ᠶᠢ 1000 | ᠳ᠋ᠦᠩᠰᠢᠭᠤᠷ ᠲᠥᠭᠦᠷᠢᠭ ᠬᠡᠷᠡᠭᠯᠡᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠪᠠ ᠪᠣᠯᠪᠠᠰᠤᠷᠠᠭᠤᠯᠬᠤ ᠶᠢ ᠳᠠᠮᠵᠢᠵᠤ᠂ | ᠦᠢᠯᠡᠳᠬᠦ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠪᠠᠴᠢᠮ ᠬᠡᠷᠡᠭᠰᠡᠬᠦ ᠴᠢᠳᠠᠪᠤᠷᠢᠲᠠᠨ ᠢ ᠲᠦᠷᠭᠡᠯᠡᠨ ᠬᠥᠮᠦᠵᠢᠭᠦᠯᠵᠦ | ᠂ ᠨᠠᠩ ᠣᠯᠠᠨ ᠬᠥᠳᠡᠯᠮᠦᠷᠢᠴᠢᠨ ᠳᠤ ᠨᠢᠭᠡ ᠵᠦᠢᠯ ᠤᠨ ᠤᠷ᠎ᠠ ᠮᠡᠷᠭᠡᠵᠢᠯ ᠡᠵᠡᠮᠰᠢᠭᠦᠯᠵᠦ᠂ ᠠᠵᠢᠯ ᠲᠦᠷᠦᠯ ᠪᠦᠬᠦᠨ ᠢ ᠴᠦᠮ | ᠴᠢᠳᠠᠪᠤᠷᠢᠳᠠᠨ ᠲᠠᠰᠤᠷᠠᠯᠲᠠ ᠦᠭᠡᠢ ᠴᠤᠯᠭᠤᠷᠠᠨ ᠭᠠᠷᠬᠤ ᠪᠤᠯᠭᠠᠨ᠎ᠠ᠃ | ︵ᠭᠤᠷᠪᠠ︶ ᠥᠭᠡᠷᠡᠴᠢᠯᠡᠯᠲᠡ ᠶᠢ ᠡᠷᠡᠰ ᠭᠤᠶᠢᠪᠢᠰᠢ ᠦᠭᠡᠢ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠤᠨ ᠠᠮᠢᠵᠢᠷᠠᠯ ᠤᠨ | ᠬᠦᠴᠦᠨ ᠪᠠ ᠬᠥᠭᠵᠢᠯᠲᠡ ᠶᠢᠨ ᠳᠣᠲᠣᠭᠠᠳᠤ ᠬᠥᠳᠡᠯᠭᠡᠭᠴᠢ ᠬᠦᠴᠦᠨ ᠢ ᠨᠡᠩ ᠶᠡᠭᠡ ᠪᠠᠷ ᠬᠥᠭᠵᠢᠭᠡᠨ᠎ᠡ᠃ ᠵᠠᠰᠠᠭ ᠤᠨ | ᠣᠷᠳᠣᠨ ᠪᠣᠯᠤᠨ ᠵᠠᠬ᠎ᠠ ᠳᠡᠯᠭᠡᠭᠦᠷ ᠤᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠨ᠂ ᠵᠠᠬ᠎ᠠ ᠳᠡᠯᠭᠡᠭᠦᠷ ᠢ ᠡᠬᠢ ᠪᠠᠶᠠᠯᠢᠭ ᠤᠨ | ᠲᠣᠬᠢᠷᠠᠭᠤᠯᠤᠯᠲᠠ ᠶᠢᠨ ᠳᠤᠮᠳᠠ ᠰᠢᠢᠳᠪᠦᠷᠢᠯᠡᠭᠴᠢ ᠴᠢᠨᠠᠷᠲᠠᠢ ᠦᠢᠯᠡᠳᠦᠯ ᠭᠠᠷᠭᠠᠭᠤᠯᠵᠤ᠂ ᠵᠠᠰᠠᠭ ᠤᠨ ᠤᠷᠳᠤᠨ ᠤ | ᠦᠢᠯᠡᠳᠦᠯ ᠢ ᠨᠡᠩ ᠰᠠᠶᠢᠳᠤᠷ ᠪᠠᠳᠠᠷᠠᠭᠤᠯᠵᠤ᠂ ᠥᠨᠳᠥᠷ ᠲᠦᠪᠰᠢᠨ ᠤ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ | ᠠᠬᠤᠶ ᠶᠢᠨ ᠪᠠᠶᠢᠭᠤᠯᠤᠯ ᠢ ᠪᠠᠶᠢᠭᠤᠯᠤᠨ᠎ᠠ᠃ | ᠵᠠᠰᠠᠭ ᠤᠨ ᠣᠷᠳᠣᠨ ᠤ ᠡᠬᠦᠷᠭᠡ ᠴᠢᠳᠠᠪᠤᠷᠢ ᠶᠢ ᠲᠦᠷᠭᠡᠯᠡᠨ ᠬᠤᠪᠢᠷᠠᠭᠤᠯᠤᠨ᠎ᠠ᠃ ᠥᠨᠳᠥᠷ ᠪᠠᠷᠢᠮᠵᠢᠶᠠᠲᠤ ᠵᠠᠬ᠎ᠠ | ᠳᠡᠯᠭᠡᠭᠦᠷ ᠤᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠡᠯᠧᠮᠧᠨ᠋ᠲ ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ | ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢ ᠰᠠᠶᠢᠲᠤᠷ ᠠᠳᠬᠤᠵᠤ᠂ ᠪᠦᠬᠦ ᠤᠯᠤᠰ ᠤᠨ ᠨᠢᠭᠡᠳᠦᠯᠲᠡᠶ ᠲᠤᠮᠤ | ᠵᠠᠬ᠎ᠠ ᠳᠡᠯᠭᠡᠭᠦᠷ ᠢ ᠲᠦᠷᠭᠡᠯᠡᠨ ᠪᠠᠶᠢᠭᠤᠯᠤᠨ᠎ᠠ᠃ ᠵᠠᠬ᠎ᠠ ᠳᠡᠯᠭᠡᠭᠦᠷᠴᠢᠯᠡᠭᠰᠡᠨ ᠬᠠᠤᠯᠢ ᠪᠠᠷ ᠵᠠᠰᠠᠬᠰᠠᠨ ᠣᠯᠠᠨ | ᠤᠯᠤᠰᠴᠢᠯᠠᠭᠰᠠᠨ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠪᠠᠶᠢᠭᠤᠯᠬᠤ ᠲᠠᠢ ᠤᠶᠠᠯᠳᠤᠭᠤᠯᠤᠨ ︽ᠪᠠᠭᠤᠯᠭᠠᠬᠤ | ᠤᠶᠠᠯᠳᠤᠭᠤᠯᠬᠤ ᠰᠢᠯᠢᠳᠡᠭᠵᠢᠭᠦᠯᠬᠦ︾ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠬᠦᠴᠦᠨ ᠥᠬᠡᠶ ᠪᠣᠯᠭᠠᠬᠤ ᠪᠠ | ᠳᠣᠷᠣᠭᠰᠢ ᠪᠠᠭᠤᠯᠭᠠᠬᠤ ᠬᠢᠨᠠᠨ ᠵᠥᠪᠰᠢᠶᠡᠷᠡᠬᠦ ᠵᠦᠢᠯᠡᠰ ᠲᠤ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠪᠠ ᠠᠷᠭ᠎ᠠ | ᠬᠡᠮᠵᠢᠶ᠎ᠡ ᠶᠢ ᠵᠡᠷᠭᠡ ᠳᠤᠨᠢ ᠨᠠᠶᠢᠳᠠᠪᠤᠷᠢᠵᠢᠭᠤᠯᠤᠨ᠎ᠠ᠃ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠢ ᠦᠷᠭᠦᠯᠵᠢᠯᠡᠨ | ᠥᠷᠭᠡᠳᠭᠡᠨ᠎ᠡ᠃ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠲᠣᠳᠣᠷᠬᠠᠶ ᠬᠠᠭᠤᠳᠠᠰᠤ ᠶᠢᠨ ᠬᠠᠮᠢᠶᠠᠷᠤᠯᠲᠠ ᠶᠢ | ᠪᠦᠬᠦ ᠲᠠᠯ᠎ᠠ ᠪᠠᠷ ᠬᠡᠷᠡᠭᠵᠢᠭᠦᠯᠦᠨ᠎ᠡ᠃ ᠳ᠋ᠢᠵᠢᠲ᠋ᠠᠯ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠵᠤ᠂ ᠵᠠᠰᠠᠭ ᠤᠨ | ᠶᠠᠪᠤᠳᠠᠯ ᠤᠨ ᠳ᠋ᠠᠶᠢᠲ᠋ᠠ ᠶᠢ ᠬᠠᠮᠲᠤ ᠪᠠᠷ ᠡᠳ᠋ᠯᠡᠬᠦ ᠶᠢ ᠠᠬᠢᠭᠤᠯᠵᠤ᠂ ᠡᠯ᠎ᠡ ᠲᠥᠷᠥᠯ ᠤᠨ ᠭᠡᠷᠡᠴᠢᠯᠠᠯ ᠢ ᠤᠯᠠᠮ ᠨᠢᠭᠡ ᠠᠯᠬᠤᠮ | ᠪᠠᠭᠠᠰᠬᠠᠵᠤ᠂ ︽ᠮᠤᠵᠢ ᠠᠯᠤᠰᠯᠠᠨ ᠬᠦᠢᠴᠡᠳᠭᠡᠬᠦ︾ ᠬᠡᠪᠴᠢᠶ᠎ᠡ ᠶᠢ ᠥᠷᠭᠡᠳᠭᠡᠵᠦ᠂ ᠡᠯᠧᠺᠲᠷᠣᠨ ᠭᠡᠷᠡᠴᠢ ᠦᠨᠡᠮᠯᠡᠯ ᠤᠨ | ᠬᠠᠷᠢᠯᠴᠠᠨ ᠨᠡᠪᠲᠡᠷᠡᠵᠦ ᠬᠠᠷᠢᠯᠴᠠᠨ ᠮᠡᠳᠡᠷᠡᠬᠦ ᠶᠢ ᠦᠨᠳᠦᠰᠦᠨ ᠳᠡᠭᠡᠨ ᠪᠡᠶᠡᠯᠡᠭᠦᠯᠵᠦ᠂ ᠠᠵᠤ ᠠᠬᠤᠶᠢᠯᠠᠯ ᠤᠨ ᠣᠷᠣᠨ ᠪᠦᠰᠡ | ᠠᠯᠤᠰᠯᠠᠭᠰᠠᠨ ᠡᠵᠡᠩᠨᠡᠯᠲᠡ ᠳᠤ ᠳᠥᠭᠦᠮ ᠦᠵᠡᠭᠦᠯᠵᠦ᠂ ᠤᠯᠠᠨ ᠲᠦᠮᠡᠨ ᠤ ᠠᠩᠬᠠᠷᠴᠤ ᠪᠠᠶᠢᠭ᠎ᠠ ᠵᠦᠢᠯᠡᠰ ᠢ ᠣᠨᠳᠣᠤ | ᠭᠠᠵᠠᠷ ᠲᠤ ᠰᠢᠢᠳᠪᠦᠷᠢᠯᠡᠬᠦ ᠠᠰᠠᠭᠤᠳᠠᠯ ᠢ ᠲᠦᠷᠭᠡᠯᠡᠨ ᠰᠢᠢᠳᠪᠦᠷᠢᠯᠡᠨ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠵᠦᠢᠯᠡᠰ ᠢ ᠲᠥᠪᠯᠡᠷᠡᠭᠦᠯᠦᠨ ᠭᠦᠢᠴᠡᠳᠭᠡᠬᠦ ᠶᠢ ᠠᠬᠢᠭᠤᠯᠵᠤ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠳᠠ᠂ ᠲᠡᠷᠭᠡ | ᠬᠥᠰᠭᠡ ᠶᠢᠨ ᠰᠢᠯᠭᠠᠨ ᠬᠡᠮᠵᠢᠯᠳᠠ ᠶᠢ ᠰᠢᠯᠢᠳᠡᠭᠵᠢᠬᠦᠯᠬᠦ ᠵᠡᠷᠭᠡ ᠠᠷᠠᠳ ᠲᠤ ᠲᠥᠬᠦᠮ ᠦᠵᠡᠭᠦᠯᠬᠦ ᠠᠷᠭ᠎ᠠ ᠬᠡᠮᠵᠢᠶ᠎ᠡ ᠶᠢ | ᠬᠡᠷᠡᠭᠵᠢᠭᠦᠯᠦᠨ᠎ᠠ᠃ ᠵᠠᠰᠠᠭ ᠤᠨ ᠣᠷᠳᠣᠨ ᠤ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭᠠᠳᠬᠠᠵᠤ᠂ ᠠᠵᠢᠯ | ᠲᠥᠷᠥᠯ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨᠠᠯᠲᠠ | ᠬᠠᠮᠢᠶᠠᠷᠤᠯᠲᠠ ᠶᠢᠨ ᠬᠠᠷᠢᠭᠤᠴᠠᠯᠭ᠎ᠠ ᠪᠠ ᠣᠷᠣᠨ ᠨᠤᠲᠤᠭ ᠤᠨ ᠵᠠᠰᠠᠭ ᠤᠨ ᠣᠷᠳᠣᠨ ᠤ ᠬᠠᠷᠢᠶ᠎ᠠ ᠤᠷᠤᠨ ᠤ ᠬᠢᠨᠠᠯᠲᠠ | ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠨᠠᠯᠲᠠ ᠬᠠᠮᠢᠶᠠᠷᠤᠯᠲᠠ ᠳᠤᠲᠠᠭᠳᠠᠬᠤ ᠶᠢ | ᠰᠡᠷᠭᠡᠶᠢᠯᠡᠨ ᠬᠤᠷᠢᠭᠯᠠᠨ᠎ᠠ᠃ ᠪᠦᠬᠦ ᠲᠠᠯ᠎ᠠ ᠶᠢᠨ᠂ ᠣᠯᠠᠨ ᠳᠡᠰ ᠳᠠᠪᠬᠤᠷᠭ᠎ᠠ ᠶᠢᠨ᠂ ᠪᠡᠶᠡᠳᠦᠴᠢᠯᠡᠭᠰᠡᠨ ᠬᠢᠨᠠᠯᠳᠠ | ᠬᠠᠮᠢᠶᠠᠷᠤᠯᠳᠠ ᠶᠢᠨ ᠰᠢᠰᠲ᠋ᠧᠮ ᠢ ᠲᠦᠷᠭᠡᠯᠡᠨ ᠪᠠᠶᠢᠭᠤᠯᠵᠤ᠂ ᠭᠡᠷᠡᠭ ᠠᠴᠠ ᠡᠮᠦᠨᠡᠬᠢ ᠭᠡᠷᠡᠭ ᠤᠨ ᠲᠤᠮᠳᠠᠬᠢ ᠪᠠ ᠭᠡᠷᠡᠭ ᠤᠨ | ᠳᠠᠷᠠᠭᠠᠬᠢ ᠪᠥᠬᠦ ᠬᠡᠯᠬᠢᠶ᠎ᠠ ᠪᠥᠬᠦ ᠬᠦᠷᠢᠶᠡᠨ ᠳᠠᠬᠢ ᠬᠢᠨᠠᠯᠲᠠ ᠬᠠᠮᠢᠶᠠᠷᠤᠯᠲᠠ ᠶᠢ ᠪᠡᠶᠡᠯᠡᠭᠦᠯᠵᠦ᠂ ᠬᠢᠨᠠᠯᠲᠠ ᠬᠠᠮᠢᠶᠠᠷᠤᠯᠲᠠ ᠶᠢᠨ | ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠎ᠡ᠃ ᠭᠤᠣᠯᠳᠠᠯᠭ᠎ᠠ ᠲᠠᠢ ᠬᠦᠷᠢᠶ᠎ᠡ᠂ ᠰᠢᠨ᠎ᠡ ᠪᠠᠷ ᠪᠤᠢ ᠪᠤᠯᠤᠭᠰᠠᠨ ᠬᠦᠷᠢᠶ᠎ᠡ᠂ | ᠭᠠᠳᠠᠭᠠᠳᠤ ᠳᠤ ᠬᠤᠯᠪᠣᠭᠳᠠᠬᠤ ᠬᠦᠷᠢᠶᠡᠨ ᠤ ᠬᠢᠨᠠᠯᠲᠠ ᠬᠠᠮᠢᠶᠠᠷᠤᠯᠲᠠ ᠶᠢᠨ ᠳᠦᠷᠢᠮᠯᠠᠯ ᠢ ᠱᠠᠯᠠᠪᠳᠠᠨ ᠲᠡᠭᠦᠯᠳᠡᠷᠵᠢᠭᠦᠯᠵᠦ᠂ | ᠬᠢᠨᠠᠯᠲᠠ ᠬᠠᠮᠢᠶᠠᠷᠤᠯᠲᠠ ᠶᠢᠨ ᠠᠷᠭ᠎ᠠ ᠶᠢᠨ ᠰᠢᠨ᠎ᠡ ᠶᠢ ᠡᠭᠦᠳᠴᠤ᠂ ᠬᠢᠨᠠᠯᠲᠠ ᠬᠠᠮᠢᠶᠠᠷᠤᠯᠲᠠ ᠶᠢᠨ ᠣᠨᠣᠪᠴᠢᠲᠤ ᠴᠢᠨᠠᠷ ᠪᠠ | ᠪᠦᠳᠦᠮᠵᠢᠳᠦ ᠴᠢᠨᠠᠷ ᠢ ᠳᠡᠭᠡᠭᠰᠢᠯᠡᠭᠦᠯᠦᠨ᠎ᠡ᠃ ᠭᠤᠤᠯᠴᠢ ᠥᠷᠢᠰᠥᠯᠳᠦᠭᠡᠨ ᠤ ᠲᠦᠷᠦ ᠶᠢᠨ ᠪᠤᠳᠤᠯᠭ᠎ᠠ ᠶᠢᠨ | ᠬᠡᠷᠡᠭᠵᠢᠭᠦᠯᠦᠯᠲᠡ ᠶᠢ ᠭᠦᠨᠵᠡᠭᠡᠶ ᠠᠬᠢᠭᠤᠯᠵᠤ᠂ ᠮᠣᠨᠣᠫᠣᠯᠢᠴᠢᠯᠠᠯ ᠢ ᠡᠰᠡᠷᠭᠦᠴᠡᠬᠦ ᠪᠠ ᠵᠦᠶ ᠪᠤᠰᠤ ᠥᠷᠢᠰᠥᠯᠳᠦᠭᠡᠨ ᠢ | ᠡᠰᠡᠷᠭᠦᠴᠡᠬᠦ ᠠᠵᠢᠯ ᠢ ᠴᠢᠩᠭᠠᠳᠬᠠᠵᠤ᠂ ᠲᠥᠪ ᠭᠤᠤᠯᠴᠢ ᠡᠮᠬᠢ ᠵᠢᠷᠤᠮ ᠲᠠᠢ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ | ᠬᠠᠮᠠᠭᠠᠯᠠᠨ᠎ᠠ᠃ | ᠤᠯᠠᠨ ᠲᠦᠷᠦᠯ ᠤᠨ ᠥᠮᠴᠢᠯᠡᠯ ᠤᠨ ᠠᠵᠤ ᠠᠬᠤᠶ ᠶᠢᠨ ᠬᠠᠮᠲᠤ ᠪᠠᠷ ᠬᠥᠭᠵᠢᠬᠦ ᠶᠢ ᠠᠬᠢᠭᠤᠯᠤᠨ᠎ᠠ᠃ ᠨᠡᠶᠢᠭᠡᠮ | ᠵᠢᠷᠤᠮ ᠤᠨ ᠦᠨᠳᠦᠰᠦᠨ ᠠᠵᠤ ᠠᠬᠤᠶ ᠶᠢᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ︽ᠬᠤᠶᠠᠷ ᠥᠴᠦᠬᠡᠨ ᠴᠦ | ᠭᠤᠶᠢᠪᠢᠰᠢ ᠦᠭᠡᠢ︾ ᠪᠠᠶᠢᠬᠤ ᠶᠢ ᠪᠠᠷᠢᠮᠲᠠᠯᠠᠨ᠎ᠠ᠃ ᠬᠦᠷᠦᠩᠭᠡ ᠶᠢᠨ ᠣᠨᠴᠠᠯᠢᠭ ᠪᠠ ᠠᠵᠢᠯᠯᠠᠭᠠᠨ ᠤ ᠵᠢᠮ᠎ᠡ ᠶᠣᠰᠣ ᠶᠢ ᠵᠥᠪ | ᠲᠠᠨᠢᠨ ᠡᠵᠡᠮᠰᠢᠵᠦ᠂ ᠬᠦᠷᠦᠩᠭᠡ ᠶᠢᠨ ᠵᠢᠷᠤᠮᠵᠢᠭᠤᠨ ᠪᠥᠭᠡᠳ ᠡᠷᠡᠭᠦᠯ ᠢᠶᠠᠷ ᠬᠥᠭᠵᠢᠬᠦ ᠶᠢ ᠳᠡᠮᠵᠢᠬᠦ ᠪᠠ ᠬᠥᠲᠥᠯᠥᠨ | ᠵᠢᠯᠣᠭᠤᠳᠬᠤ ᠬᠡᠷᠡᠭᠲᠡᠶ᠃ ᠠᠵᠤ ᠠᠬᠤᠶᠢᠯᠠᠯ ᠤᠨ ᠥᠮᠴᠢᠯᠡᠬᠦ ᠡᠷᠬᠡ᠂ ᠪᠡᠶ᠎ᠠ ᠪᠠᠨ ᠲᠠᠭᠠᠭᠠᠵᠤ ᠡᠵᠡᠩᠨᠡᠬᠦ ᠡᠷᠬᠡ ᠪᠠ ᠠᠵᠤ | ᠠᠬᠤᠶᠢᠯᠠᠯᠲᠠᠨ ᠤ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠡᠷᠬᠡ ᠲᠡᠭᠰᠢ ᠪᠠᠷ ᠬᠠᠮᠠᠭᠠᠯᠠᠵᠤ᠂ ᠡᠯ᠎ᠡ | ᠲᠦᠷᠦᠯ ᠤᠨ ᠥᠮᠴᠢᠯᠡᠯ ᠤᠨ ᠠᠵᠤ ᠠᠬᠤᠶᠢᠯᠠᠯ ᠤᠨ ᠥᠷᠢᠰᠥᠯᠳᠦᠨ ᠬᠥᠭᠵᠢᠬᠦ ᠰᠠᠶᠢᠨ ᠰᠠᠶᠢᠬᠠᠨ ᠣᠷᠴᠢᠨ ᠨᠥᠬᠦᠴᠡᠯ ᠢ | ᠪᠤᠢ ᠪᠣᠯᠭᠠᠨ᠎ᠠ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ | ᠠᠵᠢᠯᠯᠠᠭᠠᠨ ᠤ ᠡᠭᠦᠷᠭᠡ ᠶᠢ ᠪᠡᠶᠡᠯᠡᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠶ ᠶᠢᠨ ᠪᠠᠶᠢᠷᠢᠰᠢᠯ ᠢ ᠰᠢᠯᠢᠳᠡᠭᠵᠢᠭᠦᠯᠬᠦ | ᠪᠠ ᠪᠦᠲᠦᠴᠡ ᠶᠢ ᠲᠣᠬᠢᠷᠠᠭᠤᠯᠬᠤ ᠶᠢ ᠲᠦᠷᠭᠡᠳᠭᠡᠵᠦ᠂ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠭᠤᠤᠯ ᠬᠠᠷᠢᠭᠤᠴᠠᠯᠭ᠎ᠠ ᠭᠤᠤᠯ | ᠠᠵᠢᠯ ᠳᠠᠭᠠᠨ ᠠᠩᠬᠠᠷᠤᠯ ᠢᠶᠠᠨ ᠲᠥᠪᠯᠡᠷᠡᠭᠦᠯᠬᠦ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ | ᠲᠤᠯᠭᠠᠭᠤᠷᠢᠯᠠᠬᠤ ᠪᠠ ᠳᠠᠶᠢᠴᠢᠯᠠᠬᠤ ᠴᠢᠳᠠᠪᠤᠷᠢ ᠶᠢ ᠳᠡᠭᠡᠭᠰᠢᠯᠡᠭᠦᠯᠬᠦ ᠶᠢ ᠠᠬᠢᠭᠤᠯᠤᠨ᠎ᠠ᠃ ᠠᠷᠠᠳ ᠤᠨ ᠡᠵᠡᠩᠨᠡᠭᠰᠡᠨ ᠠᠵᠤ | ᠠᠬᠤᠢ ᠶᠢᠨ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ | ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠵᠣᠷᠢᠬᠵᠢᠭᠤᠯᠤᠨ | ᠬᠥᠲᠥᠯᠥᠨ ᠵᠢᠯᠣᠭᠤᠳᠴᠤ᠂ ᠵᠠᠰᠠᠭ ᠤᠨ ᠤᠷᠳᠤᠨ ᠪᠠ ᠬᠤᠳᠠᠯᠳᠤᠭᠠᠴᠢᠨ ᠤ ᠬᠤᠭᠤᠷᠤᠨᠳᠤᠬᠢ ᠳᠣᠲᠣᠨᠣ ᠴᠢᠬᠡᠴᠢ | ᠬᠠᠷᠢᠴᠠᠭ᠎ᠠ ᠶᠢ ᠪᠠᠶᠢᠭᠤᠯᠤᠨ᠎ᠠ᠃ ᠠᠵᠤ ᠠᠬᠤᠶᠢᠯᠠᠯᠲᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠠᠵᠤ ᠠᠬᠤᠶᠢᠯᠠᠯ ᠳᠤ | ᠬᠤᠯᠪᠣᠭᠳᠠᠬᠤ ᠲᠦᠷᠦ ᠶᠢᠨ ᠪᠤᠳᠤᠯᠭ᠎ᠠ ᠶᠢ ᠲᠣᠭᠲᠠᠭᠠᠬᠤ ᠳᠠᠭᠠᠨ ᠵᠠᠬ᠎ᠠ ᠳᠡᠯᠭᠡᠭᠦᠷ ᠤᠨ ᠪᠡᠶᠡᠴᠢ ᠴᠤᠭᠴᠠ ᠶᠢᠨ ᠰᠠᠨᠠᠯ ᠢ | ᠢᠯᠡᠭᠦᠬᠡᠨ ᠰᠣᠨᠣᠰᠴᠤ᠂ ᠵᠠᠬ᠎ᠠ ᠳᠡᠯᠭᠡᠭᠦᠷ ᠤᠨ ᠵᠢᠮ᠎ᠡ ᠶᠤᠰᠤ ᠶᠢ ᠬᠦᠨᠳᠦᠳᠭᠡᠵᠦ᠂ ᠠᠵᠤ ᠠᠬᠤᠶᠢᠯᠠᠯᠲᠠᠨ ᠤ | ᠠᠩᠬᠠᠷᠤᠯ ᠢᠶᠠᠨ ᠲᠦᠪᠯᠡᠷᠡᠬᠦᠯᠦᠨ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠪᠠ ᠰᠡᠳᠭᠢᠯ ᠠᠮᠤᠷ ᠡᠵᠡᠩᠨᠡᠵᠦ | ᠬᠦᠭᠵᠢᠬᠦ ᠶᠢ ᠳᠡᠮᠵᠢᠬᠦ ᠬᠡᠷᠡᠭᠲᠡᠶ᠃ | ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡᠨ ᠤ ᠪᠠᠶᠢᠭᠤᠯᠤᠯ ᠤᠨ ᠥᠭᠡᠷᠡᠴᠢᠯᠡᠯᠲᠡ ᠶᠢ ᠠᠬᠢᠭᠤᠯᠤᠨ᠎ᠠ᠃ | ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠥᠰᠦᠪ ᠤᠨ | ᠬᠢᠵᠠᠭᠠᠷᠯᠠᠬᠤ ᠬᠦᠴᠦᠨ ᠪᠠ ᠢᠯᠡ ᠲᠣᠳᠣ ᠶᠢᠨ ᠬᠡᠮᠵᠢᠶ᠎ᠡ ᠶᠢ ᠨᠡᠮᠡᠭᠳᠡᠭᠦᠯᠦᠨ᠎ᠡ᠃ ᠮᠤᠵᠢ ᠠᠴᠠ ᠳᠣᠷᠣᠭᠰᠢᠬᠢ ᠡᠳ᠋ ᠤᠨ | ᠵᠠᠰᠠᠭ ᠤᠨ ᠪᠠᠶᠢᠭᠤᠯᠤᠯ ᠤᠨ ᠥᠭᠡᠷᠡᠴᠢᠯᠡᠯᠲᠡ ᠶᠢ ᠠᠬᠢᠭᠤᠯᠤᠨ᠎ᠠ᠃ ᠭᠠᠶᠢᠯᠢ ᠲᠠᠲᠠᠪᠤᠷᠢ ᠶᠢ ᠲᠠᠲᠠᠪᠤᠷᠢᠯᠠᠨ ᠬᠠᠮᠢᠶᠠᠷᠬᠤ | ᠲᠦᠷᠢᠮ ᠢ ᠲᠡᠭᠦᠯᠳᠡᠷᠵᠢᠭᠦᠯᠵᠦ᠂ ᠭᠠᠶᠢᠯᠢ ᠶᠢ ᠳᠠᠷᠤᠵᠤ ᠭᠠᠶᠢᠯᠢ ᠮᠡᠬᠡᠯᠡᠨ ᠠᠪᠬᠤ ᠠᠵᠢᠯᠯᠠᠭ᠎ᠠ ᠳᠤ ᠬᠠᠤᠯᠢ ᠶᠣᠰᠣᠭᠠᠷ | ᠴᠣᠬᠢᠯᠲᠠ ᠥᠭᠭᠦᠨ᠎ᠡ᠃ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ ᠰᠠᠶᠢᠵᠢᠷᠠᠭᠤᠯᠤᠨ᠎ᠠ᠃ | ᠳᠤᠮᠳᠠ ᠵᠢᠵᠢᠭ ᠪᠠᠩᠬᠢ ᠶᠢᠨ ᠰᠲ᠋ᠣᠺ ᠤᠨ ᠡᠷᠬᠡ ᠶᠢᠨ ᠪᠦᠲᠦᠴᠡ ᠪᠠ ᠺᠣᠮᠫᠠᠨᠢ ᠶᠢᠨ ᠵᠠᠰᠠᠯᠲᠠ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠡᠷᠡᠭᠦᠯ ᠪᠤᠰᠤ ᠡᠳ᠋ ᠬᠦᠷᠦᠩᠭᠡ ᠶᠢ ᠰᠢᠢᠳᠪᠦᠷᠢᠯᠡᠬᠦ ᠶᠢ ᠲᠦᠷᠭᠡᠳᠭᠡᠨ᠎ᠡ᠃ ᠠᠷᠠᠳ ᠠᠴᠠ ᠡᠵᠡᠩᠨᠡᠭᠰᠡᠨ | ᠠᠵᠤ ᠠᠬᠤᠶᠢᠯᠠᠯ ᠤᠨ ᠵᠢᠭᠡᠯᠡᠯᠭᠡ ᠶᠢᠨ ᠲᠡᠮᠳᠡᠭᠲᠦ ᠶᠢᠨ ᠪᠡᠯᠡ ᠲᠤᠬᠢᠷᠠᠭᠤᠯᠭ᠎ᠠ ᠶᠢ ᠳᠡᠮᠵᠢᠬᠦ ᠲᠣᠭᠲᠠᠴᠠ ᠶᠢ | ᠲᠡᠭᠦᠯᠳᠡᠷᠵᠢᠭᠦᠯᠵᠦ᠂ ᠰᠲ᠋ᠣᠺ ᠲᠠᠷᠬᠠᠭᠠᠬᠤ ᠲᠠᠩᠰᠠᠯᠠᠯᠳᠠ ᠶᠢᠨ ᠲᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ | ᠬᠦᠷᠦᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ | ︵ᠲᠦᠷᠪᠡ︶ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠤᠳᠤᠯᠭ᠎ᠠ ᠶᠢ ᠭᠦᠨᠵᠡᠭᠡᠶ | ᠬᠡᠷᠡᠭᠵᠢᠭᠦᠯᠵᠦ᠂ ᠪᠣᠳᠠᠲᠤ ᠴᠣᠭᠴᠠ ᠶᠢᠨ ᠠᠵᠤ ᠠᠬᠤᠶ ᠶᠢᠨ ᠰᠠᠭᠤᠷᠢ ᠶᠢ ᠪᠠᠬᠢᠵᠢᠭᠦᠯᠦᠨ ᠪᠤᠵᠠᠭᠠᠶᠢᠷᠠᠭᠤᠯᠤᠨ᠎ᠠ᠃ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠵᠤ᠂ ᠠᠵᠤ ᠦᠢᠯᠡᠰ ᠤᠨ ᠰᠢᠯᠢᠳᠡᠭᠵᠢᠨ ᠳᠡᠰ | ᠳᠡᠪᠰᠢᠬᠦ ᠶᠢ ᠠᠬᠢᠭᠤᠯᠵᠤ᠂ ᠬᠠᠩᠭᠠᠯᠭ᠎ᠠ ᠶᠢ ᠬᠢᠵᠠᠭᠠᠷᠯᠠᠵᠤ ᠪᠠᠶᠢᠭ᠎ᠠ ᠲᠦᠭᠵᠢᠷᠡᠯ ᠢ ᠰᠢᠪᠲᠤᠯᠵᠤ᠂ ᠰᠢᠨ᠎ᠡ ᠶᠢ ᠡᠭᠦᠳᠬᠦ ᠳᠤ | ᠲᠦᠰᠢᠭᠯᠡᠨ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠠᠭᠤᠷᠢ ᠰᠤᠳᠤᠯᠭᠠᠨ ᠤ | ᠠᠷᠪᠠᠨ ᠵᠢᠯ ᠤᠨ ᠲᠥᠯᠥᠪᠵᠢᠭᠦᠯᠭᠡ ᠶᠢ ᠬᠡᠷᠡᠭᠵᠢᠭᠦᠯᠵᠦ᠂ ᠤᠷᠳᠤ ᠬᠤᠭᠤᠴᠠᠭᠠᠨ ᠤ ᠲᠣᠭᠲᠠᠭᠤᠨ ᠳᠡᠮᠵᠢᠯᠭᠡ ᠶᠢ | ᠴᠢᠩᠭᠠᠳᠬᠠᠵᠦ᠂ ᠰᠠᠭᠤᠷᠢ ᠰᠤᠳᠤᠯᠭᠠᠨ ᠤ ᠵᠠᠷᠤᠳᠠᠯ ᠤᠨ ᠪᠦᠬᠦ ᠨᠡᠶᠢᠭᠡᠮ ᠤᠨ ᠰᠤᠳᠤᠯᠭᠠᠨ ᠤ ᠵᠠᠷᠤᠳᠠᠯ ᠳᠠᠬᠢ ᠡᠵᠡᠯᠡᠬᠦ | ᠬᠠᠷᠢᠴᠠᠯ ᠢ ᠳᠡᠭᠡᠭᠰᠢᠯᠡᠬᠦᠯᠦᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠭᠤᠷᠪᠠᠨ | ᠵᠢᠯ ᠤᠨ ᠪᠡᠷᠭᠡ ᠰᠡᠳᠦᠪ ᠢ ᠰᠢᠢᠳᠪᠤᠷᠢᠯᠡᠬᠦ ᠲᠥᠰᠦᠯ ᠢ ᠬᠡᠷᠡᠭᠵᠢᠭᠦᠯᠵᠦ᠂ ᠤᠯᠤᠰ ᠤᠨ ᠪᠠᠶᠢᠯᠳᠤᠬᠤ ᠪᠣᠳᠣᠯᠭ᠎ᠠ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠢ ᠴᠢᠩᠭᠠᠳᠬᠠᠵᠤ᠂ ᠤᠯᠤᠰ ᠤᠨ ᠲᠤᠷᠰᠢᠯᠲᠠ ᠶᠢᠨ ᠲᠠᠰᠤᠭ ᠪᠠ ᠪᠦᠬᠦ | ᠤᠯᠤᠰ ᠤᠨ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠤᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠰᠢᠨᠵᠢᠯᠡᠬᠦ | ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠥᠭᠡᠷᠡᠴᠢᠯᠡᠯᠲᠡ ᠶᠢ ᠠᠬᠢᠭᠤᠯᠵᠤ᠂ ᠴᠢᠬᠤᠯᠠ ᠶᠡᠭᠡ ᠰᠢᠨᠵᠢᠯᠡᠬᠦ | ᠤᠬᠠᠭᠠᠨ ᠮᠡᠷᠭᠡᠵᠢᠯ ᠤᠨ ᠲᠦᠰᠦᠯ ᠤᠨ ᠰᠡᠳᠦᠪ ᠲᠣᠭᠲᠠᠭᠠᠬᠤ ᠪᠠ ᠬᠠᠮᠢᠶᠠᠷᠬᠤ ᠠᠷᠭ᠎ᠠ ᠮᠠᠶ᠋ᠢᠭ ᠢ ᠦᠭᠡᠷᠡᠴᠢᠯᠡᠨ | ᠰᠠᠶᠢᠵᠢᠷᠠᠭᠤᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠬᠢᠨᠠᠨ ᠰᠢᠯᠭᠠᠵᠦ ᠤᠷᠮᠠᠰᠢᠭᠤᠯᠬᠤ ᠲᠦᠷᠢᠮ ᠤᠨ | ᠦᠭᠡᠷᠡᠴᠢᠯᠡᠯᠳᠡ ᠶᠢ ᠬᠦᠨᠵᠡᠭᠡᠶᠢᠷᠡᠭᠦᠯᠦᠨ᠎ᠡ᠃ ᠡᠯ᠎ᠡ ᠭᠠᠵᠠᠷ ᠤᠨ ᠬᠢᠨ ᠤ ᠰᠢᠨᠵᠢᠯᠡᠬᠦ ᠤᠬᠠᠭᠠᠨ ᠮᠡᠷᠭᠡᠵᠢᠯ ᠤᠨ | ᠣᠷᠣᠭᠤᠯᠤᠯᠲᠠ ᠪᠠᠨ ᠨᠡᠮᠡᠭᠳᠡᠭᠦᠯᠵᠦ᠂ ᠲᠤᠰ ᠲᠤᠰ ᠤᠨ ᠣᠨᠴᠠᠯᠢᠭ ᠪᠦᠬᠦᠢ ᠣᠷᠣᠨ ᠪᠦᠰᠡ ᠶᠢᠨ ᠰᠢᠨ᠎ᠡ ᠶᠢ ᠡᠭᠦᠳᠬᠦ | ᠠᠵᠢᠯᠯᠠᠭ᠎ᠠ ᠶᠢ ᠳᠡᠮᠵᠢᠨ᠎ᠠ᠃ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠶᠢ ᠴᠢᠩᠭᠠᠳᠬᠠᠨ᠎ᠠ᠃ ᠤᠯᠠᠨ | ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭ᠎ᠠ ᠶᠢ ᠠᠬᠢᠭᠤᠯᠤᠨ᠎ᠠ᠃ ᠳᠡᠯᠡᠬᠡᠶ ᠶᠢᠨ ᠴᠢᠬᠤᠯᠠ | ᠴᠢᠳᠠᠪᠤᠷᠢᠲᠠᠨ ᠤ ᠲᠥᠪ ᠪᠠ ᠰᠢᠨ᠎ᠡ ᠶᠢ ᠡᠭᠦᠳᠬᠦ ᠥᠨᠳᠦᠷᠯᠢᠭ ᠭᠠᠵᠠᠷ ᠢ ᠲᠦᠷᠭᠡᠯᠡᠨ ᠪᠠᠶᠢᠭᠤᠯᠵᠤ᠂ ᠴᠢᠳᠠᠪᠤᠷᠢᠲᠠᠨ ᠤ | ᠬᠥᠭᠵᠢᠯᠲᠡ ᠶᠢᠨ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨᠳᠡᠨ ᠤ ᠵᠤᠷᠢᠭ ᠰᠠᠨᠠᠭ᠎ᠠ ᠶᠢ | ᠪᠠᠳᠠᠷᠠᠭᠤᠯᠵᠦ᠂ ᠵᠠᠯᠠᠭᠤ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ | ᠡᠯ᠎ᠡ ᠲᠦᠷᠦᠯ ᠤᠨ ᠴᠢᠳᠠᠪᠤᠷᠢᠲᠠᠨ ᠢ ᠨᠢᠭᠡ ᠰᠡᠳᠭᠢᠯ ᠢᠶᠠᠷ ᠰᠢᠮᠳᠠᠨ ᠰᠤᠳᠤᠯᠵᠤ᠂ ᠡᠷᠳᠡᠮ ᠴᠢᠳᠠᠪᠤᠷᠢ ᠪᠠᠨ ᠪᠦᠷᠢᠨ | ᠪᠠᠳᠠᠷᠠᠭᠤᠯᠬᠤ ᠪᠣᠯᠭᠠᠨ᠎ᠠ᠃ | ᠠᠵᠤ ᠠᠬᠤᠶᠢᠯᠠᠯ ᠤᠨ ᠰᠢᠨ᠎ᠡ ᠶᠢ ᠡᠭᠦᠳᠬᠦ ᠶᠢ ᠤᠷᠮᠠᠰᠢᠭᠤᠯᠬᠤ ᠡᠷᠴᠢᠮ ᠢ ᠴᠢᠩᠭᠠᠷᠠᠭᠤᠯᠤᠨ᠎ᠠ᠃ ᠠᠵᠤ ᠠᠬᠤᠶᠢᠯᠠᠯ ᠤᠨ | ᠰᠢᠨ᠎ᠡ ᠶᠢ ᠡᠭᠦᠳᠬᠦ ᠪᠡᠶᠡᠴᠢ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠵᠤ᠂ ᠵᠠᠩᠭᠢᠯᠠᠭ᠎ᠠ ᠶᠢᠨ ᠭᠤᠣᠯᠯᠠᠬᠤ | ᠮᠡᠷᠭᠡᠵᠢᠯ ᠤᠨ ᠪᠣᠭᠤᠮᠲᠠ ᠰᠢᠪᠲᠤᠯᠬᠤ ᠠᠵᠢᠯ ᠢ ᠦᠷᠭᠦᠯᠵᠢᠯᠡᠨ ᠠᠬᠢᠭᠤᠯᠵᠤ᠂ ᠦᠢᠯᠡᠳᠪᠦᠷᠢᠯᠡᠬᠦ ᠵᠢᠭᠠᠬᠤ ᠰᠤᠳᠤᠯᠬᠤ | ᠬᠡᠷᠡᠭᠯᠡᠬᠦ ᠶᠢ ᠤᠶᠠᠯᠳᠤᠭᠤᠯᠬᠤ ᠶᠢ ᠭᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠳᠦᠭᠡᠯ ᠢ | ᠤᠯᠠᠷᠢᠭᠤᠯᠬᠤ ᠶᠢ ᠠᠬᠢᠭᠤᠯᠤᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠪᠠ | ᠬᠡᠷᠡᠭᠯᠡᠯᠲᠡ ᠶᠢ ᠴᠢᠩᠭᠠᠳᠬᠠᠨ᠎ᠠ᠃ ᠠᠳᠠᠯ ᠦᠢᠯᠡᠰ ᠴᠣᠭᠴᠠᠯᠠᠬᠤ ᠪᠡᠯᠡ ᠣᠷᠣᠭᠤᠯᠤᠯᠲᠠ ᠶᠢᠨ ᠬᠥᠭᠵᠢᠯᠲᠡ ᠶᠢ ᠠᠬᠢᠭᠤᠯᠵᠤ᠂ | ᠰᠢᠨᠵᠢᠯᠡᠬᠦ ᠤᠬᠠᠭᠠᠨ ᠮᠡᠷᠭᠡᠵᠢᠯ ᠤᠨ ᠮᠥᠩᠭᠦᠨ ᠭᠦᠢᠯᠭᠡᠭᠡᠨ ᠤ ᠦᠢᠯᠡᠳᠬᠦᠨ ᠪᠠ ᠦᠢᠯᠡᠴᠢᠯᠡᠭᠡ ᠶᠢᠨ ᠰᠢᠨ᠎ᠡ ᠶᠢ ᠡᠭᠦᠳᠴᠦ᠂ | ᠰᠢᠨᠵᠢᠯᠡᠬᠦ ᠤᠬᠠᠭᠠᠨ ᠮᠡᠷᠭᠡᠵᠢᠯ ᠤᠨ ᠵᠠᠭᠤᠴᠢ ᠦᠢᠯᠡᠴᠢᠯᠡᠭᠡᠨ ᠤ ᠲᠤᠰᠬᠠᠶᠢᠵᠢᠭᠰᠠᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ | ᠃ ᠰᠤᠳᠤᠯᠤᠨ ᠨᠡᠭᠡᠭᠡᠬᠦ ᠵᠠᠷᠤᠳᠠᠯ ᠢ ᠨᠡᠮᠡᠨ ᠪᠤᠳᠤᠵᠤ ᠰᠠᠭᠤᠯᠭᠠᠨ ᠬᠠᠰᠤᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ | ᠡᠷᠴᠢᠮ ᠢᠶᠠᠨ ᠴᠢᠩᠭᠠᠷᠠᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠤᠨ | ᠨᠡᠮᠡᠨ ᠪᠤᠳᠤᠵᠤ ᠰᠠᠭᠤᠯᠭᠠᠨ ᠬᠠᠰᠤᠬᠤ ᠬᠠᠷᠢᠴᠠᠯ ᠢ 75% ᠪᠠᠶᠢᠬᠰᠠᠨ ᠠᠴᠠ 100% ᠪᠣᠯᠳᠡᠯ᠎ᠠ ᠲᠡᠭᠡᠭᠰᠢᠯᠡᠬᠦᠯᠵᠤ᠂ | ᠠᠵᠤ ᠠᠬᠤᠶᠢᠯᠠᠯ ᠤᠨ ᠰᠠᠭᠤᠷᠢ ᠰᠤᠳᠤᠯᠭᠠᠨ ᠤ ᠣᠷᠣᠭᠤᠯᠤᠯᠲᠠ ᠳᠤ ᠭᠠᠶᠢᠯᠢ ᠲᠠᠳᠠᠪᠤᠷᠢ ᠶᠢᠨ ᠬᠠᠷᠠᠭᠠᠯᠵᠠᠯ ᠦᠵᠡᠭᠦᠯᠵᠤ᠂ | ᠲᠥᠬᠦᠭᠡᠷᠦᠮᠵᠢ ᠪᠠᠭᠠᠵᠢ ᠬᠡᠷᠡᠭᠰᠡᠯ ᠤᠨ ᠡᠯᠡᠭᠳᠡᠯ ᠢ ᠲᠦᠷᠭᠡᠳᠭᠡᠬᠦ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ | ᠠᠰᠢᠭ ᠣᠷᠣᠯᠭ᠎ᠠ ᠶᠢᠨ ᠭᠠᠶᠢᠯᠢ ᠶᠢᠨ ᠬᠠᠷᠠᠭᠠᠯᠵᠠᠯ ᠦᠵᠡᠭᠦᠯᠬᠦ ᠵᠡᠷᠭᠡ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠦᠨ᠎ᠠ᠂ | ᠡᠨᠡ ᠨᠢ ᠤᠯᠤᠰ ᠠᠴᠠ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠳᠤ ᠶᠡᠭᠡ ᠬᠡᠪᠴᠢᠶᠡᠨ ᠤ ᠪᠡᠯᠡ ᠮᠥᠩᠭᠦ ᠶᠢᠨ ᠳᠡᠮᠵᠢᠯᠭᠡ | ᠦᠵᠡᠭᠦᠯᠦᠭᠰᠡᠨ ᠶᠠᠪᠤᠳᠠᠯ ᠪᠤᠯᠬᠤ ᠶᠤᠮ᠃ ᠰᠢᠨ᠎ᠡ ᠶᠢ ᠡᠭᠦᠳᠬᠦ ᠶᠢ ᠤᠷᠮᠠᠰᠢᠭᠤᠯᠬᠤ ᠡᠯ᠎ᠠ ᠲᠦᠷᠦᠯ ᠤᠨ ᠲᠦᠷᠦ ᠶᠢᠨ | ᠪᠤᠳᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠣᠷᠣᠭᠤᠯᠤᠯᠲᠠ ᠪᠠᠨ | ᠨᠡᠮᠡᠭᠳᠡᠭᠦᠯᠬᠦ ᠶᠢ ᠠᠬᠢᠭᠤᠯᠤᠨ᠂ ᠰᠢᠨ᠎ᠡ ᠬᠥᠳᠡᠯᠭᠡᠭᠴᠢ ᠡᠨᠧᠷᠭᠢ ᠶᠢ ᠪᠤᠶᠢᠵᠢᠭᠤᠯᠤᠨ ᠪᠤᠵᠠᠭᠠᠶᠢᠷᠠᠭᠤᠯᠬᠤ ᠬᠡᠷᠡᠭᠲᠡᠢ᠃ | ᠦᠢᠯᠡᠳᠬᠦ ᠦᠢᠯᠡᠰ ᠤᠨ ᠭᠤᠤᠯᠯᠠᠬᠤ ᠥᠷᠢᠰᠥᠯᠳᠦᠬᠦ ᠬᠦᠴᠦᠨ ᠢ ᠴᠢᠩᠭᠠᠷᠠᠭᠤᠯᠤᠨ᠎ᠠ᠃ ᠠᠵᠤ ᠦᠢᠯᠡᠳᠪᠦᠷᠢ ᠶᠢᠨ ᠠᠵᠤ | ᠠᠬᠤᠢ ᠶᠢᠨ ᠲᠣᠭᠲᠠᠭᠤᠨ ᠠᠵᠢᠯᠯᠠᠭᠠᠨ ᠢ ᠠᠬᠢᠭᠤᠯᠵᠤ᠂ ᠲᠦᠭᠦᠬᠡᠶ ᠮᠠᠲ᠋ᠧᠷᠢᠶᠠᠯ᠂ ᠵᠠᠩᠭᠢᠯᠠᠭ᠎ᠠ ᠶᠢᠨ ᠰᠡᠯᠪᠢᠭ ᠲᠣᠨᠤᠭ ᠵᠡᠷᠭᠡ | ᠬᠠᠩᠭᠠᠯᠭ᠎ᠠ ᠶᠢᠨ ᠪᠠᠲᠤᠯᠠᠭ᠎ᠠ ᠶᠢ ᠴᠢᠩᠭᠠᠳᠬᠠᠵᠤ᠂ ᠳᠠᠭᠠᠭᠤᠯᠤᠭᠴᠢ ᠠᠵᠤ ᠠᠬᠤᠶᠢᠯᠠᠯ ᠤᠨ ᠬᠡᠯᠬᠢᠶ᠎ᠡ ᠶᠢ ᠪᠠᠳᠤᠯᠠᠨ | ᠲᠣᠭᠲᠠᠪᠤᠷᠢᠵᠢᠭᠤᠯᠬᠤ ᠢᠨᠵᠧᠨᠧᠷᠢᠩ ᠢ ᠬᠡᠷᠡᠭᠵᠢᠭᠦᠯᠵᠦ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ | ᠠᠮᠤᠷ ᠲᠦᠪᠰᠢᠨ ᠪᠠ ᠲᠣᠭᠲᠠᠭᠤᠨ ᠪᠠᠶᠢᠳᠠᠯ ᠢ ᠬᠠᠮᠠᠭᠠᠯᠠᠨ᠎ᠠ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ | ᠵᠢᠯᠣᠭᠤᠳᠴᠤ ᠪᠠᠶᠢᠭᠠᠳ ᠦᠢᠯᠡᠳᠬᠦ ᠦᠢᠯᠡᠰ ᠤᠨ ᠣᠷᠳᠣᠪᠳᠤᠷ ᠬᠤᠭᠤᠴᠠᠭᠠᠨ ᠤ ᠵᠢᠭᠡᠯᠡᠯᠭᠡ ᠶᠢ ᠨᠢ ᠨᠡᠮᠡᠭᠳᠡᠭᠦᠯᠦᠨ᠎ᠡ᠃ | ᠠᠵᠤ ᠦᠢᠯᠡᠰ ᠤᠨ ᠰᠠᠭᠤᠷᠢ ᠶᠢ ᠲᠠᠬᠢᠨ ᠴᠤᠬᠴᠠᠯᠠᠬᠤ ᠨᠢᠭᠡ ᠪᠦᠯᠦᠭ ᠢᠨᠵᠧᠨᠧᠷᠢᠩ ᠤᠨ ᠲᠦᠰᠦᠯ ᠢ ᠡᠬᠢᠯᠡᠭᠦᠯᠵᠦ᠂ | ᠤᠯᠠᠮᠵᠢᠯᠠᠯᠲᠤ ᠠᠵᠤ ᠦᠢᠯᠡᠰ ᠤᠨ ᠳᠡᠰ ᠳᠡᠪᠰᠢᠬᠦ ᠶᠢ ᠠᠬᠢᠭᠤᠯᠵᠤ᠂ ᠲᠡᠷᠢᠭᠦᠨ ᠤ ᠦᠢᠯᠡᠳᠬᠦ ᠦᠢᠯᠡᠰ ᠤᠨ ᠪᠦᠬᠡᠬᠡᠨᠡᠷᠡᠯ ᠢ | ᠲᠦᠷᠭᠡᠯᠡᠨ ᠬᠥᠭᠵᠢᠭᠦᠯᠵᠦ᠂ ᠤᠯᠤᠰ ᠤᠨ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ | ᠦᠢᠯᠡᠰ ᠤᠨ ᠪᠦᠬᠡᠬᠡᠨᠡᠷᠡᠯ ᠤᠨ ᠢᠨᠵᠧᠨᠧᠷᠢᠩ ᠢ ᠬᠡᠷᠡᠭᠵᠢᠭᠦᠯᠦᠨ᠎ᠠ᠃ ︽ᠲᠤᠰᠬᠠᠢ ᠨᠠᠷᠢᠯᠢᠬ ᠦᠪᠡᠷᠮᠢᠴᠡ ᠰᠢᠨ᠎ᠠ︾ ᠠᠵᠤ | ᠠᠬᠤᠶᠢᠯᠠᠯ ᠢ ᠬᠦᠴᠦᠯᠡᠨ ᠪᠤᠶᠢᠵᠢᠭᠤᠯᠵᠤ᠂ ᠪᠡᠯᠡ ᠮᠥᠩᠭᠦ᠂ ᠴᠢᠳᠠᠪᠤᠷᠢᠲᠠᠨ᠂ ᠨᠡᠪᠴᠢᠭᠦᠯᠬᠦ ᠲᠠᠪᠴᠠᠩ ᠪᠠᠶᠢᠭᠤᠯᠬᠤ ᠵᠡᠷᠭᠡ | ᠲᠠᠯ᠎ᠠ ᠪᠠᠷ ᠬᠦᠴᠦᠲᠡᠶ ᠳᠡᠮᠵᠢᠯᠭᠡ ᠦᠵᠡᠭᠦᠯᠦᠨ᠎ᠡ᠃ ᠶᠠᠰᠤ ᠴᠢᠨᠠᠷ ᠤᠨ ᠬᠦᠴᠦᠷᠬᠡᠭ ᠤᠯᠤᠰ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠵᠤ᠂ ᠠᠵᠤ ᠦᠢᠯᠡᠰ ᠤᠨ ᠳᠤᠮᠳᠠ ᠳᠡᠭᠡᠳᠦ ᠳᠡᠰ ᠲᠡᠶᠢᠰᠢ ᠳᠠᠪᠰᠢᠬᠤ ᠶᠢ ᠠᠬᠢᠭᠤᠯᠤᠨ᠎ᠠ᠃ | ᠳ᠋ᠢᠵᠢᠲ᠋ᠠᠯ ᠠᠵᠤ ᠠᠬᠤᠢ ᠶᠢᠨ ᠬᠥᠭᠵᠢᠯᠲᠡ ᠶᠢ ᠠᠬᠢᠭᠤᠯᠤᠨ᠎ᠠ᠃ ᠳ᠋ᠢᠵᠢᠲ᠋ᠠᠯ ᠳᠤᠮᠳᠠᠳᠤ ᠤᠯᠤᠰ ᠤᠨ ᠪᠦᠳᠦᠭᠡᠨ | ᠪᠠᠶᠢᠭᠤᠯᠤᠯᠲᠠ ᠶᠢᠨ ᠪᠦᠬᠦᠯᠢ ᠴᠣᠭᠴᠠ ᠶᠢᠨ ᠪᠠᠶᠢᠷᠢᠯᠠᠭᠤᠯᠤᠯᠲᠠ ᠶᠢ ᠴᠢᠩᠭᠠᠳᠬᠠᠨ᠎ᠠ᠃ ᠳ᠋ᠢᠵᠢᠲ᠋ᠠᠯ ᠮᠡᠳᠡᠭᠡ ᠵᠠᠩᠭᠢ ᠶᠢᠨ | ᠰᠠᠭᠤᠷᠢ ᠲᠥᠬᠦᠭᠡᠷᠦᠮᠵᠢ ᠶᠢ ᠪᠦᠲᠦᠭᠡᠨ ᠪᠠᠶᠢᠭᠤᠯᠵᠤ᠂ ᠪᠦᠬᠦ ᠤᠯᠤᠰ ᠤᠨ ᠨᠢᠭᠡ ᠴᠤᠬᠴᠠᠵᠢᠬᠰᠠᠨ ᠳᠤᠮᠤ ᠳ᠋ᠡᠶᠢᠲ᠋ᠠ | ᠲᠦᠪ ᠤᠨ ᠳᠤᠬᠳᠠᠯᠴᠠᠭ᠎ᠠ ᠶᠢ ᠠᠭᠠᠵᠢᠮ ᠢᠶᠠᠷ ᠪᠠᠶᠢᠭᠤᠯᠵᠦ᠂ 5G ᠶᠢ ᠬᠡᠪᠴᠢᠶᠡᠵᠢᠬᠦᠯᠦᠨ ᠬᠡᠷᠡᠭᠯᠡᠬᠦ ᠶᠢ ᠠᠬᠢᠭᠤᠯᠵᠤ᠂ | ᠠᠵᠤ ᠦᠢᠯᠡᠰ ᠤᠨ ᠳ᠋ᠢᠵᠢᠲ᠋ᠠᠯᠴᠢᠯᠠᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠣᠶᠤᠨᠴᠢ ᠬᠤᠲᠠ᠂ ᠳ᠋ᠢᠵᠢᠲ᠋ᠠᠯ | ᠬᠥᠳᠡᠭᠡ ᠲᠣᠰᠬᠤᠨ ᠢ ᠬᠥᠭᠵᠢᠭᠦᠯᠦᠨ᠎ᠡ᠃ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ ᠶᠢ ᠲᠦᠷᠭᠡᠯᠡᠨ ᠬᠥᠭᠵᠢᠭᠦᠯᠵᠦ᠂ | ᠬᠤᠷᠠᠮᠠᠯ ᠴᠠᠬᠢᠯᠭᠠᠨ ᠬᠡᠯᠬᠢᠶ᠎ᠡ᠂ ᠵᠣᠬᠢᠶᠠᠮᠠᠯ ᠣᠶᠤᠯᠢᠬ ᠵᠡᠷᠭᠡ ᠳ᠋ᠢᠵᠢᠲ᠋ᠠᠯ ᠠᠵᠤ ᠦᠢᠯᠡᠰ ᠢ ᠪᠤᠶᠢᠵᠢᠭᠤᠯᠤᠨ | ᠪᠤᠵᠠᠭᠠᠶᠢᠷᠠᠭᠤᠯᠵᠤ᠂ ᠵᠠᠩᠭᠢᠯᠠᠭ᠎ᠠ ᠶᠢᠨ ᠵᠥᠭᠡᠯᠡᠨ ᠬᠠᠲᠠᠭᠤ ᠲᠣᠨᠤᠭ ᠤᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠬᠠᠩᠭᠠᠬᠤ | ᠴᠢᠳᠠᠪᠤᠷᠢ ᠶᠢ ᠳᠡᠭᠡᠭᠰᠢᠯᠡᠭᠦᠯᠦᠨ᠎ᠡ᠃ ᠳ᠋ᠢᠵᠢᠲ᠋ᠠᠯ ᠠᠵᠤ ᠠᠬᠤᠢ ᠶᠢᠨ ᠵᠠᠰᠠᠯᠲᠠ ᠶᠢ ᠲᠡᠭᠦᠯᠳᠡᠷᠵᠢᠭᠦᠯᠵᠦ᠂ ᠳ᠋ᠡᠶᠢᠲ᠋ᠠ ᠶᠢᠨ | ᠡᠯᠧᠮᠧᠨ᠋ᠲ ᠤᠨ ᠵᠠᠬ᠎ᠠ ᠳᠡᠯᠭᠡᠭᠦᠷ ᠢ ᠪᠤᠶᠢᠵᠢᠭᠤᠯᠵᠦ᠂ ᠳ᠋ᠠᠶᠢᠲ᠋ᠠ ᠶᠢᠨ ᠡᠯᠧᠮᠧᠨ᠋ᠲ ᠤᠨ ᠲᠠᠯᠲᠠ ᠬᠦᠴᠦᠨ ᠢ ᠪᠠᠳᠠᠷᠠᠭᠤᠯᠵᠤ᠂ | ᠬᠡᠷᠡᠭᠯᠡᠯᠳᠡ ᠶᠢᠨ ᠴᠢᠳᠠᠪᠤᠷᠢ ᠶᠢ ᠳᠡᠭᠡᠭᠰᠢᠯᠡᠬᠦᠯᠵᠦ᠂ ᠠᠵᠤ ᠠᠬᠤᠢ ᠶᠢᠨ ᠬᠥᠭᠵᠢᠯᠲᠡ ᠳᠤ ᠨᠡᠩ ᠰᠠᠶᠢᠳᠤᠷ ᠡᠨᠧᠷᠬᠢ | ᠣᠯᠭᠤᠵᠤ᠂ ᠠᠷᠠᠳ ᠤᠨ ᠠᠮᠢᠳᠤᠷᠠᠯ ᠢ ᠪᠠᠶᠠᠯᠢᠬᠵᠢᠭᠤᠯᠤᠨ᠎ᠠ᠃ | ︵ᠲᠠᠪᠤ︶ ᠳᠣᠲᠣᠭᠠᠳᠤ ᠬᠡᠷᠡᠭᠴᠡᠭᠡ ᠶᠢ ᠥᠷᠭᠡᠳᠭᠡᠬᠦ ᠪᠠᠶᠢᠯᠳᠤᠬᠤ ᠪᠤᠳᠤᠯᠭ᠎ᠠ ᠶᠢ ᠡᠷᠡᠰ ᠬᠡᠷᠡᠭᠵᠢᠭᠦᠯᠵᠦ᠂ ᠣᠷᠣᠨ | ᠪᠦᠰᠡ ᠶᠢᠨ ᠵᠣᠬᠢᠴᠠᠩᠭᠤᠶ ᠬᠥᠭᠵᠢᠯᠲᠡ ᠪᠠ ᠰᠢᠨ᠎ᠡ ᠮᠠᠶ᠋ᠢᠭ ᠤᠨ ᠬᠤᠳᠠ ᠪᠠᠯᠭᠠᠰᠤᠵᠢᠯᠳᠠ ᠶᠢ ᠠᠬᠢᠭᠤᠯᠤᠨ᠎ᠠ᠃ ᠤᠯᠤᠰ | ᠠᠷᠠᠳ ᠤᠨ ᠠᠵᠤ ᠠᠬᠤᠶ ᠶᠢᠨ ᠣᠷᠴᠢᠯ ᠢ ᠰᠠᠭᠠᠳ ᠦᠭᠡᠢ ᠨᠡᠪᠲᠡᠷᠡᠭᠦᠯᠵᠦ᠂ ᠦᠢᠯᠡᠳᠪᠦᠷᠢᠯᠡᠯ᠂ ᠬᠤᠪᠢᠶᠠᠷᠢᠯᠠᠯᠲᠠ᠂ | ᠭᠦᠢᠯᠭᠡᠭᠡ᠂ ᠬᠡᠷᠡᠭᠯᠡᠭᠡ ᠶᠢᠨ ᠡᠯ᠎ᠡ ᠭᠤᠭᠴᠤᠭ᠎ᠠ ᠶᠢ ᠨᠡᠪᠲᠡᠷᠡᠭᠦᠯᠵᠦ᠂ ᠠᠵᠤ ᠠᠬᠤᠶ ᠶᠢᠨ ᠨᠡᠮᠡᠭᠳᠡᠯ ᠳᠤ ᠦᠵᠡᠭᠦᠯᠬᠦ | ᠳᠣᠲᠣᠭᠠᠳᠤ ᠬᠡᠷᠡᠭᠴᠡᠭᠡ ᠶᠢᠨ ᠲᠠᠶᠢᠴᠢᠯᠠᠬᠤ ᠬᠦᠴᠦᠨ ᠢ ᠴᠢᠩᠭᠠᠷᠠᠭᠤᠯᠤᠨ᠎ᠠ᠃ | ᠬᠡᠷᠡᠭᠯᠡᠭᠡ ᠶᠢᠨ ᠦᠷᠭᠦᠯᠵᠢᠯᠡᠨ ᠰᠡᠷᠭᠦᠬᠦ ᠶᠢ ᠠᠬᠢᠭᠤᠯᠤᠨ᠎ᠠ᠃ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ | ᠤᠯᠠᠨ ᠠᠷᠭ᠎ᠠ ᠵᠠᠮ ᠢᠶᠠᠷ ᠠᠬᠢᠭᠤᠯᠵᠤ᠂ ᠣᠷᠣᠯᠭ᠎ᠠ ᠶᠢᠨ ᠬᠤᠪᠢᠶᠠᠷᠢᠯᠠᠯᠲᠠ ᠶᠢᠨ ᠲᠦᠷᠢᠮ ᠢ ᠲᠡᠭᠦᠯᠳᠡᠷᠵᠢᠭᠦᠯᠵᠦ᠂ | ᠬᠡᠷᠡᠭᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠬᠡᠷᠡᠭᠯᠡᠭᠡ ᠶᠢᠨ | ᠭᠦᠨᠵᠡᠭᠡᠶ ᠠᠭᠤᠰᠤᠯᠴᠠᠯ ᠢ ᠠᠬᠢᠭᠤᠯᠵᠤ᠂ ᠠᠮᠢᠳᠤᠷᠠᠯ ᠤᠨ ᠦᠢᠯᠡᠴᠢᠯᠡᠭᠡᠨ ᠤ ᠬᠡᠷᠡᠭᠯᠡᠭᠡ ᠶᠢᠨ ᠰᠡᠷᠭᠦᠯᠲᠡ ᠶᠢ ᠠᠬᠢᠭᠤᠯᠵᠤ᠂ | ᠬᠡᠷᠡᠭᠯᠡᠭᠡ ᠶᠢᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠵᠠᠭᠪᠤᠷ ᠢ ᠬᠥᠭᠵᠢᠭᠦᠯᠦᠨ᠎ᠡ᠃ ᠰᠢᠨ᠎ᠡ ᠡᠨᠧᠷᠭᠢ ᠶᠢᠨ | ᠮᠠᠰᠢᠨ ᠲᠡᠷᠭᠡᠨ ᠤ ᠬᠡᠷᠡᠭᠯᠡᠭᠡ ᠶᠢ ᠦᠷᠭᠦᠯᠵᠢᠯᠡᠨ ᠳᠡᠮᠵᠢᠵᠦ᠂ ᠣᠷᠣᠨ ᠨᠤᠲᠤᠭ ᠤᠨ ᠬᠢᠨ ᠤ ᠨᠤᠭᠤᠭᠠᠨ ᠤᠶᠤᠯᠢᠭ ᠭᠡᠷ ᠤᠨ | ᠴᠠᠬᠢᠯᠭᠠᠨ ᠬᠡᠷᠡᠭᠰᠡᠯ ᠢ ᠬᠥᠳᠡᠭᠡ ᠪᠠᠭᠤᠯᠭᠠᠬᠤ ᠪᠠ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯᠯᠠᠭ᠎ᠠ ᠦᠷᠨᠢᠬᠦᠯᠬᠦ ᠶᠢ | ᠵᠣᠷᠢᠬᠵᠢᠭᠤᠯᠤᠨ᠎ᠠ᠃ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ᠂ ᠬᠡᠤᠬᠡᠳ ᠰᠠᠭᠠᠲᠠᠭᠤᠯᠬᠤ ᠵᠡᠷᠭᠡ ᠶᠢᠨ ᠢᠵᠢ | ᠪᠦᠷᠢᠳᠦᠭᠦᠯᠬᠦ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠦ᠂ ᠲᠥᠯᠥᠪᠵᠢᠭᠦᠯᠬᠦ᠂ | ᠭᠠᠵᠠᠷ ᠬᠡᠷᠡᠭᠯᠡᠬᠦ᠂ ᠭᠡᠷ ᠪᠠᠶᠢᠰᠢᠩ ᠬᠡᠷᠡᠭᠯᠡᠬᠦ ᠵᠡᠷᠭᠡ ᠲᠠᠯ᠎ᠠ ᠪᠠᠷ ᠨᠠᠩ ᠣᠯᠠᠨ ᠳᠡᠮᠵᠢᠯᠭᠡ ᠦᠵᠡᠭᠦᠯᠦᠨ᠎ᠡ᠃ ᠭᠡᠷ ᠠᠬᠤᠶ ᠶᠢᠨ | ᠦᠢᠯᠡᠴᠢᠯᠡᠭᠡᠨ ᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠭᠡᠬᠦ ᠶᠢ ᠠᠬᠢᠭᠤᠯᠤᠨ᠎ᠠ᠃ | ᠰᠢᠶᠠᠨ ᠤ ᠪᠦᠰᠡ ᠶᠢᠨ ᠬᠤᠳᠠᠯᠳᠤᠭᠠᠨ ᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠤ | ᠡᠯᠧᠺᠲᠷᠣᠨ ᠬᠤᠳᠠᠯᠳᠤᠭ᠎ᠠ ᠪᠠ ᠲᠦᠷᠭᠡᠨ ᠬᠦᠷᠭᠡᠯᠲᠡ ᠶᠢᠨ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠠᠵᠢᠯ ᠢ | ᠬᠥᠭᠵᠢᠭᠦᠯᠦᠨ᠎ᠡ᠃ ᠦᠢᠯᠡᠳᠬᠦᠨ ᠪᠠ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠬᠡᠷᠡᠭᠯᠡᠭᠴᠢᠳ ᠤᠨ ᠡᠷᠬᠡ | ᠠᠰᠢᠭ ᠤᠨ ᠬᠠᠮᠠᠭᠠᠯᠠᠯᠲᠠ ᠶᠢ ᠴᠢᠩᠭᠠᠳᠬᠠᠨ᠂ ᠤᠯᠠᠨ ᠲᠦᠮᠡᠨ ᠤ ᠬᠡᠷᠡᠭᠴᠡᠭᠡ ᠳᠤ ᠬᠦᠴᠦᠯᠡᠨ ᠵᠤᠬᠢᠴᠠᠭᠤᠯᠵᠤ᠂ | ᠬᠡᠷᠡᠭᠯᠡᠭᠡᠨ ᠤ ᠬᠦᠰᠡᠯ ᠢ ᠨᠢ ᠨᠡᠮᠡᠭᠳᠡᠭᠦᠯᠦᠨ᠎ᠠ᠃ | ᠪᠦᠲᠦᠮᠵᠢᠲᠡᠶ ᠪᠡᠯᠡ ᠣᠷᠣᠭᠤᠯᠤᠯᠲᠠ ᠶᠢ ᠢᠳᠡᠪᠬᠢᠲᠡᠶ ᠪᠠᠷ ᠥᠷᠭᠡᠳᠭᠡᠨ᠎ᠡ᠃ ᠤᠯᠤᠰ ᠤᠨ ᠴᠢᠬᠤᠯᠠ ᠶᠡᠭᠡ ᠪᠠᠶᠢᠯᠳᠤᠬᠤ | ᠪᠤᠳᠤᠯᠭ᠎ᠠ ᠶᠢᠨ ᠪᠠᠶᠢᠷᠢᠯᠠᠭᠤᠯᠤᠯᠲᠠ ᠪᠠ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠲᠠᠢ ᠤᠶᠠᠯᠳᠤᠭᠤᠯᠤᠨ᠂ | ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠶᠢ ᠵᠣᠬᠢᠰᠲᠠᠶ ᠪᠠᠷ ᠤᠷᠢᠳᠴᠢᠯᠠᠨ ᠥᠷᠨᠢᠭᠦᠯᠦᠨ᠎ᠡ᠃ | ᠭᠤᠣᠯᠳᠠᠯᠭ᠎ᠠ ᠲᠠᠢ ᠤᠰᠤᠨ ᠠᠰᠢᠭᠯᠠᠯᠲᠠ ᠶᠢᠨ ᠢᠨᠵᠧᠨᠧᠷᠢᠩ᠂ ᠶᠡᠷᠦᠩᠬᠡᠶᠢᠯᠡᠭᠰᠡᠨ ᠪᠣᠰᠤᠭ᠎ᠠ ᠴᠤᠭᠴᠠᠳᠤ ᠵᠠᠮ | ᠬᠠᠷᠢᠯᠴᠠᠭᠠᠨ ᠤ ᠲᠣᠣᠷ᠂ ᠴᠢᠬᠤᠯᠠ ᠡᠨᠧᠷᠭᠢ ᠶᠢᠨ ᠰᠠᠭᠤᠷᠢᠨ ᠭᠠᠵᠠᠷ ᠪᠠ ᠲᠥᠬᠦᠭᠡᠷᠦᠮᠵᠢ ᠶᠢ ᠪᠦᠲᠦᠭᠡᠨ ᠪᠠᠶᠢᠭᠤᠯᠵᠤ᠂ | ᠬᠤᠲᠠ ᠶᠢᠨ ᠰᠢᠲᠠᠮᠠᠬᠠᠶ ᠬᠡᠢ ᠶᠢᠨ ᠬᠤᠭᠤᠯᠠᠶ᠂ ᠤᠰᠤᠨ ᠬᠤᠭᠤᠯᠠᠢ ᠵᠡᠷᠭᠡ ᠬᠤᠭᠤᠯᠠᠶ ᠲᠣᠤᠷ ᠢ ᠰᠢᠨᠡᠳᠭᠡᠨ | ᠥᠭᠡᠷᠡᠴᠢᠯᠡᠬᠦ ᠶᠢ ᠲᠦᠷᠭᠡᠳᠭᠡᠵᠦ᠂ ᠦᠶᠡᠷ ᠢ ᠰᠡᠷᠭᠡᠶᠢᠯᠡᠵᠦ ᠦᠶᠡᠷ ᠢ ᠵᠠᠯᠠᠬᠤ ᠲᠥᠬᠦᠭᠡᠷᠦᠮᠵᠢ ᠶᠢ ᠲᠡᠭᠦᠯᠳᠡᠷᠵᠢᠭᠦᠯᠦᠨ᠂ | ᠭᠠᠵᠠᠷ ᠲᠤᠤᠷᠠᠬᠢ ᠶᠡᠷᠦᠩᠬᠡᠶᠢᠯᠡᠭᠰᠡᠨ ᠲᠠᠮᠵᠢᠭᠤᠯᠬᠤ ᠬᠤᠭᠤᠯᠠᠢ ᠶᠢᠨ ᠬᠤᠩᠬᠢᠯ ᠤᠨ ᠪᠦᠲᠦᠭᠡᠨ ᠪᠠᠶᠢᠭᠤᠯᠤᠯᠲᠠ ᠶᠢ | ᠦᠷᠭᠦᠯᠵᠢᠯᠡᠨ ᠠᠬᠢᠭᠤᠯᠤᠨ᠎ᠠ᠃ ᠲᠥᠪ ᠤᠨ ᠲᠥᠰᠦᠪ ᠤᠨ ᠳᠣᠲᠣᠷᠠᠬᠢ ᠪᠡᠯᠡ ᠣᠷᠣᠭᠤᠯᠤᠯᠲᠠ ᠶᠢ 6400 ᠳ᠋ᠦᠩᠰᠢᠭᠤᠷ | ᠲᠥᠭᠦᠷᠢᠭ ᠲᠣᠬᠢᠷᠠᠭᠤᠯᠤᠨ᠎ᠠ᠃ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢ ᠠᠷᠠᠳ ᠤᠨ ᠠᠮᠢᠳᠤᠷᠠᠯ ᠤᠨ ᠲᠦᠰᠦᠯ | ᠳᠠᠶᠢᠰᠢ ᠨᠠᠩ ᠢᠯᠡᠭᠦᠤ ᠬᠡᠯᠪᠠᠶᠢᠯᠭᠡᠵᠦ᠂ ᠨᠡᠶᠢᠭᠡᠮ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠳᠤᠲᠠᠭᠤᠳᠠᠯ ᠢ | ᠨᠥᠬᠦᠪᠥᠷᠢᠯᠡᠬᠦ ᠡᠷᠴᠢᠮ ᠢᠶᠠᠨ ᠴᠢᠩᠭᠠᠷᠠᠭᠤᠯᠤᠨ᠎ᠠ᠃ ᠪᠡᠯᠡ ᠣᠷᠣᠭᠤᠯᠤᠯᠲᠠ ᠶᠢ ᠬᠢᠨᠠᠨ ᠵᠥᠪᠰᠢᠶᠡᠷᠡᠬᠦ ᠲᠦᠷᠢᠮ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠭᠠᠵᠠᠷ ᠬᠡᠷᠡᠭᠯᠡᠬᠦ᠂ ᠡᠨᠧᠷᠭᠢ ᠬᠡᠷᠡᠭᠯᠡᠬᠦ ᠵᠡᠷᠭᠡ ᠡᠯᠧᠮᠧᠨ᠋ᠲ ᠤᠨ ᠪᠠᠲᠤᠯᠠᠭ᠎ᠠ ᠶᠢᠨ | ᠠᠵᠢᠯ ᠢ ᠰᠠᠶᠢᠲᠤᠷ ᠬᠢᠵᠦ᠂ ᠤᠯᠤᠰ ᠤᠨ ᠴᠢᠬᠤᠯᠠ ᠶᠡᠭᠡ ᠲᠦᠰᠦᠯ ᠳᠤ ᠡᠨᠧᠷᠭᠢ ᠶᠢᠨ ᠬᠤᠷᠣᠭᠳᠠᠭᠤᠯᠤᠯ ᠢ ᠠᠰ ᠲᠤᠨᠢ | ᠵᠢᠭᠰᠠᠭᠠᠬᠤ ᠶᠢ ᠭᠡᠷᠡᠭᠵᠢᠬᠦᠯᠦᠨ᠎ᠠ᠃ ᠪᠡᠯᠡ ᠣᠷᠣᠭᠤᠯᠤᠯᠲᠠ ᠶᠢᠨ ᠪᠦᠲᠦᠴᠡ ᠶᠢ ᠰᠢᠯᠢᠳᠡᠭᠵᠢᠭᠦᠯᠵᠦ᠂ ᠪᠡᠯᠡ | ᠣᠷᠣᠭᠤᠯᠤᠯᠲᠠ ᠶᠢᠨ ᠪᠡᠷᠭᠡ ᠰᠡᠳᠦᠪ ᠢ ᠰᠢᠢᠳᠪᠦᠷᠢᠯᠡᠵᠦ᠂ ᠪᠡᠯᠡ ᠣᠷᠣᠭᠤᠯᠤᠯᠲᠠ ᠶᠢᠨ ᠵᠠᠩᠭᠢᠯᠠᠭ᠎ᠠ ᠶᠢᠨ ᠦᠢᠯᠡᠳᠦᠯ ᠢ | ᠦᠨᠡᠨ ᠬᠦ ᠪᠠᠳᠠᠷᠠᠭᠤᠯᠦᠨᠠ᠃ | ᠣᠷᠣᠨ ᠪᠦᠰᠡ ᠶᠢᠨ ᠬᠥᠭᠵᠢᠯᠲᠡ ᠶᠢᠨ ᠲᠡᠩᠴᠡᠭᠦᠷᠢᠲᠦ ᠴᠢᠨᠠᠷ ᠪᠠ ᠵᠣᠬᠢᠴᠠᠯᠳᠤ ᠴᠢᠨᠠᠷ ᠢ ᠴᠢᠩᠭᠠᠳᠬᠠᠨ᠎ᠠ᠃ ᠣᠷᠣᠨ | ᠪᠦᠰᠡ ᠶᠢᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠪᠠ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢᠨ ᠪᠠᠶᠢᠯᠳᠤᠬᠤ | ᠪᠤᠳᠤᠯᠭ᠎ᠠ ᠶᠢ ᠭᠦᠨᠵᠡᠭᠡᠶ ᠬᠡᠷᠡᠭᠵᠢᠭᠦᠯᠦᠨ᠎ᠡ᠃ ᠪᠡᠭᠡᠵᠢᠩ ᠲᠢᠶᠠᠨᠵᠢᠨ ᠾᠧᠪᠧᠶ ᠶᠢᠨ ᠬᠠᠮᠵᠢᠯᠴᠠᠭᠰᠠᠨ ᠬᠥᠭᠵᠢᠯᠲᠡ᠂ | ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠬᠥᠭᠵᠢᠯᠲᠡ᠂ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ | ᠣᠷᠣᠨ ᠤ ᠪᠦᠲᠦᠭᠡᠨ ᠪᠠᠶᠢᠭᠤᠯᠤᠯᠲᠠ᠂ ᠬᠦ᠋ᠬᠡᠮᠦ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠤᠯᠤᠭᠰᠠᠨ | ᠬᠥᠭᠵᠢᠯᠳᠠ᠂ ᠬᠠᠳᠤᠨ ᠭᠤᠤᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠵᠤ᠂ ᠰᠢᠶᠦ᠋ᠩ ᠠᠨ ᠰᠢᠨ᠎ᠡ ᠲᠣᠭᠤᠷᠢᠭ ᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠶ ᠪᠦᠳᠦᠭᠡᠨ | ᠪᠠᠶᠢᠭᠤᠯᠵᠤ᠂ ᠪᠡᠭᠡᠵᠢᠩ ᠤᠨ ᠬᠤᠳᠠ ᠶᠢᠨ ᠳᠡᠳ᠋ ᠲᠥᠪ ᠤᠨ ᠪᠦᠳᠦᠭᠡᠨ ᠪᠠᠶᠢᠭᠤᠯᠤᠯᠲᠠ ᠶᠢ ᠲᠡᠮᠵᠢᠨ᠎ᠠ᠃ ᠪᠠᠷᠠᠭᠤᠨ | ᠤᠷᠤᠨ ᠢ ᠶᠡᠬᠡᠪᠡᠷ ᠨᠡᠭᠡᠭᠡᠨ ᠬᠦᠭᠵᠢᠬᠦᠯᠬᠦ ᠰᠢᠨ᠎ᠡ ᠪᠠᠶᠢᠷᠢᠰᠢᠯ ᠢ ᠪᠦᠷᠢᠯᠳᠦᠭᠦᠯᠬᠦ ᠶᠢ ᠠᠬᠢᠭᠤᠯᠵᠦ᠂ ᠵᠡᠭᠦᠨ ᠬᠤᠶᠢᠳᠤ | ᠤᠷᠤᠨ ᠢ ᠮᠠᠨᠳᠤᠭᠤᠯᠤᠨ ᠬᠦᠭᠵᠢᠬᠦᠯᠬᠦ ᠰᠢᠨ᠎ᠡ ᠰᠢᠪᠳᠤᠯᠤᠯᠳᠠ ᠤᠯᠬᠤ ᠶᠢ ᠠᠬᠢᠭᠤᠯᠵᠦ᠂ ᠳᠤᠮᠳᠠ ᠬᠡᠰᠡᠭ ᠤᠷᠤᠨ ᠤ ᠴᠢᠨᠠᠷ | ᠰᠠᠶᠢᠳᠠᠢ ᠬᠦᠭᠵᠢᠯᠳᠡ ᠶᠢ ᠠᠬᠢᠭᠤᠯᠵᠦ᠂ ᠵᠡᠭᠦᠨ ᠬᠡᠰᠡᠭ ᠤᠷᠤᠨ ᠤ ᠤᠳᠤᠬᠢᠴᠢᠯᠠᠬᠰᠠᠨ ᠬᠦᠭᠵᠢᠯᠳᠡ ᠶᠢ ᠲᠦᠯᠬᠢᠨ | ᠠᠬᠢᠭᠤᠯᠬᠤ ᠶᠢ ᠵᠤᠷᠢᠬᠵᠢᠭᠤᠯᠵᠦ᠂ ᠠᠵᠤ ᠦᠢᠯᠡᠰ ᠤᠨ ᠱᠠᠲᠤᠯᠠᠭᠰᠠᠨ ᠰᠢᠯᠵᠢᠯᠳᠠ ᠪᠠ ᠣᠷᠣᠨ ᠪᠦᠰᠡ ᠶᠢᠨ | ᠬᠠᠮᠲᠤᠷᠠᠯᠴᠠᠭ᠎ᠠ ᠶᠢ ᠲᠡᠮᠵᠢᠨ᠎ᠠ᠃ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ᠂ ᠦᠨᠳᠦᠰᠦᠲᠡᠨ ᠤ ᠭᠠᠵᠠᠷ ᠣᠷᠣᠨ᠂ | ᠬᠢᠯᠢ ᠬᠢᠵᠠᠭᠠᠷ ᠣᠷᠣᠨ ᠤ ᠲᠦᠷᠭᠡᠯᠡᠨ ᠬᠥᠭᠵᠢᠬᠦ ᠶᠢ ᠲᠡᠮᠵᠢᠨ᠎ᠠ᠃ ᠳᠠᠯᠠᠢ ᠲᠠᠩᠭᠢᠰ ᠤᠨ ᠠᠵᠤ ᠠᠬᠤᠶ ᠶᠢ ᠬᠥᠭᠵᠢᠭᠦᠯᠵᠦ᠂ | ᠳᠠᠯᠠᠢ ᠳᠠᠩᠬᠢᠰ ᠤᠨ ᠬᠦᠴᠦᠷᠬᠡᠭ ᠤᠯᠤᠰ ᠢ ᠪᠦᠳᠦᠭᠡᠨ ᠪᠠᠶᠢᠭᠤᠯᠤᠨ᠎ᠠ᠃ ᠠᠵᠤ ᠠᠬᠤᠶ ᠶᠢᠨ ᠲᠤᠮᠤ ᠮᠤᠵᠢ ᠳᠠᠪᠠᠭᠤᠯᠢᠭ | ᠲᠠᠯ᠎ᠠ ᠪᠠᠨ ᠭᠦᠢᠴᠡᠳ ᠪᠠᠳᠠᠷᠠᠭᠤᠯᠵᠤ᠂ ᠪᠦᠬᠦ ᠤᠯᠤᠰ ᠤᠨ ᠬᠥᠭᠵᠢᠯᠲᠡ ᠳᠤ ᠦᠵᠡᠭᠦᠯᠬᠦ ᠳᠠᠶᠢᠴᠢᠯᠠᠬᠤ ᠦᠢᠯᠡᠳᠦᠯ ᠢᠶᠠᠨ | ᠴᠢᠩᠭᠠᠳᠬᠠᠬᠤ ᠬᠡᠷᠡᠭᠲᠡᠶ᠃ ᠠᠵᠤ ᠠᠬᠤᠶ ᠬᠦᠴᠢᠷᠳᠡᠯ ᠲᠠᠢ ᠭᠠᠵᠠᠷ ᠣᠷᠣᠨ ᠤᠯᠤᠰ ᠤᠨ ᠳᠡᠮᠵᠢᠯᠬᠡ ᠦᠵᠡᠬᠦᠯᠬᠦ | ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠵᠦ᠂ ᠲᠤᠰ ᠪᠡᠶ᠎ᠡ ᠶᠢᠨ ᠳᠠᠯᠳᠠ ᠬᠦᠴᠦᠨ ᠢᠶᠠᠨ ᠠᠭᠤᠳᠠᠯᠤᠨ᠂ ᠠᠵᠤ | ᠠᠬᠤᠢ ᠶᠢᠨ ᠰᠡᠷᠭᠦᠯᠲᠡ ᠬᠥᠭᠵᠢᠯᠲᠡ ᠪᠠᠨ ᠴᠢᠷᠮᠠᠶᠢᠨ ᠠᠬᠢᠭᠤᠯᠬᠤ ᠬᠡᠷᠡᠭᠲᠡᠶ᠃ | ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠬᠤᠲᠠ ᠶᠢᠨ | ᠰᠢᠨᠡᠴᠢᠯᠡᠯᠲᠡ ᠶᠢ ᠡᠮᠬᠢ ᠵᠢᠷᠤᠮ ᠲᠠᠢ ᠪᠠᠷ ᠠᠬᠢᠭᠤᠯᠤᠨ᠂ ᠬᠤᠲᠠ ᠶᠢᠨ ᠶᠠᠪᠤᠳᠠᠯ ᠤᠨ ᠲᠥᠬᠦᠭᠡᠷᠦᠮᠵᠢ ᠪᠠ ᠭᠠᠮᠰᠢᠭ ᠢ | ᠰᠡᠷᠭᠡᠶᠢᠯᠡᠵᠦ ᠭᠠᠮᠰᠢᠭ ᠢ ᠪᠠᠭᠠᠰᠬᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠠᠭᠤᠴᠢᠨ ᠪᠠᠷᠢᠯᠭ᠎ᠠ ᠪᠣᠯᠤᠨ | ᠲᠥᠬᠦᠭᠡᠷᠦᠮᠵᠢ ᠶᠢᠨ ᠠᠮᠤᠷ ᠲᠦᠪᠰᠢᠨ ᠤ ᠭᠡᠮ ᠰᠣᠭᠤᠭ ᠢ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠥᠷᠨᠢᠭᠦᠯᠤᠨ᠂ | ᠪᠠᠰᠠ ᠨᠢᠭᠡ ᠪᠦᠯᠦᠭ ᠬᠤᠲᠠ ᠪᠠᠯᠭᠠᠰᠤᠨ ᠤ ᠬᠠᠭᠤᠴᠢᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠠᠵᠢᠯ ᠢ ᠡᠬᠢᠯᠡᠬᠦᠯᠵᠤ᠂ | ᠴᠠᠬᠢᠯᠭᠠᠨ ᠱᠠᠳᠤ ᠤᠬᠰᠠᠷᠠᠬᠤ ᠵᠡᠷᠭᠡ ᠲᠦᠭᠦᠭᠡᠷᠤᠮᠵᠢ ᠪᠠᠶᠢᠭᠤᠯᠬᠤ ᠶᠢ ᠳᠡᠮᠵᠢᠵᠦ᠂ ᠰᠠᠭᠠᠳ ᠦᠭᠡᠢ ᠣᠷᠴᠢᠨ ᠤ ᠪᠦᠲᠦᠭᠡᠨ | ᠪᠠᠶᠢᠭᠤᠯᠤᠯᠲᠠ ᠪᠠ ᠨᠠᠰᠤᠵᠢᠯᠲᠠ ᠳᠤ ᠲᠣᠬᠢᠷᠠᠭᠤᠯᠬᠤ ᠥᠭᠡᠷᠡᠴᠢᠯᠡᠯᠲᠡ ᠶᠢ ᠠᠬᠢᠭᠤᠯᠤᠨ᠎ᠠ᠃ ᠪᠠᠶᠢᠩᠭᠤ ᠰᠠᠭᠤᠭ᠎ᠠ | ᠭᠠᠵᠠᠷ ᠲᠤᠨᠢ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠬᠠᠩᠭᠠᠬᠤ ᠲᠦᠷᠢᠮ ᠢ ᠲᠡᠭᠦᠯᠳᠡᠷᠵᠢᠭᠦᠯᠦᠨ᠎ᠡ᠃ ᠰᠢᠶᠠᠨ ᠤ | ᠬᠤᠲᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠬᠤᠳᠠ ᠶᠢᠨ ᠪᠥᠭᠡᠭᠡᠨᠡᠷᠡᠯ᠂ | ᠶᠡᠭᠡ ᠬᠤᠳᠠ ᠶᠢᠨ ᠴᠠᠭᠠᠷᠢᠬ ᠤᠨ ᠪᠦᠳᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ ᠲᠤᠮᠤ ᠳᠤᠮᠳᠠ ᠵᠢᠵᠢᠭ | ᠬᠤᠳᠠ ᠪᠠ ᠵᠢᠵᠢᠭ ᠬᠤᠳᠠ ᠪᠠᠯᠭᠠᠰᠤ ᠶᠢᠨ ᠵᠣᠬᠢᠴᠠᠩᠭᠤᠶ ᠬᠥᠭᠵᠢᠯᠲᠡ ᠶᠢ ᠠᠬᠢᠭᠤᠯᠤᠨ᠎ᠠ᠃ ᠴᠧᠩᠳᠦ ᠪᠠ ᠴᠦᠩᠴᠢᠩ ᠤᠨ | ᠬᠤᠭᠤᠷᠤᠨᠳᠤᠬᠢ ᠤᠷᠤᠨ ᠤ ᠬᠤᠤᠰ ᠬᠤᠳᠠ ᠶᠢᠨ ᠠᠵᠤ ᠠᠬᠤᠢ ᠶᠢᠨ ᠴᠠᠭᠠᠷᠢᠭ ᠤᠨ ᠪᠦᠳᠦᠭᠡᠨ ᠪᠠᠶᠢᠭᠤᠯᠤᠯᠳᠠ ᠶᠢ | ᠠᠬᠢᠭᠤᠯᠵᠦ᠂ ᠰᠢᠶᠠᠨ ᠢ ᠬᠠᠰᠤᠵᠤ ᠬᠤᠲᠠ ᠪᠠᠶᠢᠭᠤᠯᠵᠦ ᠲᠤᠭᠤᠷᠢᠬ ᠭᠠᠷᠭᠠᠬᠤ ᠶᠢ ᠴᠢᠩᠭ᠎ᠠ ᠬᠢᠵᠠᠭᠠᠷᠯᠠᠨ᠎ᠠ᠃ ᠬᠤᠲᠠ | ᠬᠥᠳᠡᠭᠡ ᠶᠢ ᠲᠥᠯᠥᠪᠵᠢᠭᠦᠯᠵᠦ ᠪᠦᠲᠦᠭᠡᠨ ᠪᠠᠶᠢᠭᠤᠯᠬᠤ ᠳᠤᠮᠳᠠ ᠲᠡᠦᠬᠡ ᠰᠣᠶᠣᠯ ᠢ ᠬᠠᠮᠠᠭᠠᠯᠠᠨ ᠤᠯᠠᠮᠵᠢᠯᠠᠬᠤ ᠠᠵᠢᠯ ᠢ | ᠰᠠᠶᠢᠲᠤᠷ ᠬᠢᠵᠦ᠂ ᠭᠠᠵᠠᠷ ᠰᠢᠷᠤᠢ ᠶᠢ ᠲᠦᠪᠯᠡᠷᠡᠭᠦᠯᠦᠨ ᠠᠰᠢᠬᠯᠠᠨ ᠠᠷᠪᠢᠴᠢ ᠪᠠᠷ ᠠᠰᠢᠬᠯᠠᠨ᠎ᠠ᠃ ᠬᠥᠮᠦᠨ ᠢᠶᠠᠷ ᠭᠤᠣᠯ | ᠪᠣᠯᠭᠠᠭᠰᠠᠨ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢ ᠭᠦᠨᠵᠡᠭᠡᠶ ᠠᠬᠢᠭᠤᠯᠵᠤ᠂ ᠠᠷᠠᠳ ᠤᠨ ᠠᠮᠢᠳᠤᠷᠠᠯ ᠤᠨ ᠶᠠᠰᠤ | ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠶ᠃ | ︵ᠵᠢᠷᠭᠤᠭ᠎ᠠ︶ ᠲᠠᠷᠢᠶᠠᠯᠠᠩ ᠤᠨ ᠦᠢᠯᠡᠳᠪᠦᠷᠢᠯᠡᠯ ᠢ ᠬᠦᠴᠦᠯᠡᠨ ᠰᠠᠶᠢᠲᠤᠷ ᠠᠳᠬᠤᠵᠤ᠂ ᠬᠥᠳᠡᠭᠡ ᠲᠣᠰᠬᠤᠨ ᠢ ᠪᠦᠬᠦ | ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ᠃ ᠲᠠᠷᠢᠶᠠᠯᠠᠩ ᠢ ᠳᠡᠮᠵᠢᠬᠦ ᠲᠦᠷᠦ ᠶᠢᠨ ᠪᠤᠳᠤᠯᠭ᠎ᠠ ᠶᠢ | ᠲᠡᠭᠦᠯᠳᠡᠷᠵᠢᠭᠦᠯᠦᠨ ᠴᠢᠩᠭᠠᠳᠬᠠᠵᠤ᠂ ᠶᠠᠳᠠᠭᠤ ᠠᠴᠠ ᠠᠩᠭᠢᠵᠢᠷᠠᠬᠰᠠᠨ ᠭᠠᠵᠠᠷ ᠣᠷᠣᠨ ᠤ ᠬᠥᠭᠵᠢᠯᠲᠡ ᠶᠢ ᠦᠷᠭᠦᠯᠵᠢᠯᠡᠨ | ᠠᠬᠢᠭᠤᠯᠵᠤ᠂ ᠲᠠᠷᠢᠶᠠᠯᠠᠩ ᠤᠨ ᠡᠯᠪᠡᠭ ᠬᠤᠷᠢᠶᠠᠯᠲᠠ ᠤᠯᠬᠤ᠂ ᠲᠠᠷᠢᠶᠠᠴᠢᠨ ᠤ ᠣᠷᠣᠯᠭ᠎ᠠ ᠪᠠᠨ ᠨᠡᠮᠡᠭᠳᠡᠬᠦᠯᠬᠦ ᠶᠢ | ᠠᠬᠢᠭᠤᠯᠤᠨ᠎ᠠ᠃ | ᠠᠮᠤ ᠪᠤᠳᠠᠭ᠎ᠠ ᠵᠡᠷᠭᠡ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠢ ᠲᠤᠬᠳᠠᠪᠦᠷᠢᠵᠢᠭᠤᠯᠵᠦ | ᠬᠠᠩᠭᠠᠯᠭ᠎ᠠ ᠶᠢ ᠪᠠᠲᠤᠯᠠᠬᠤ ᠶᠢ ᠴᠢᠩᠭᠠᠳᠬᠠᠨ᠎ᠠ᠃ ᠠᠮᠤ ᠪᠤᠳᠠᠭ᠎ᠠ ᠲᠠᠷᠢᠬᠤ ᠲᠠᠯᠠᠪᠠᠢ ᠶᠢ ᠲᠣᠭᠲᠠᠪᠤᠷᠢᠵᠢᠭᠤᠯᠵᠤ᠂ ᠠᠮᠤ | ᠪᠤᠳᠠᠭ᠎ᠠ ᠶᠢᠨ ᠪᠦᠳᠦᠴᠡ ᠶᠢ ᠰᠢᠯᠢᠳᠡᠭᠵᠢᠭᠦᠯᠦᠨ᠂ ᠤᠷᠤᠢ ᠶᠢᠨ ᠪᠣᠭᠤᠳᠠᠶ ᠳᠤ ᠴᠢᠭᠯᠡᠭᠦᠯᠦᠨ ᠵᠤᠨ ᠤ ᠠᠮᠤ ᠪᠤᠳᠠᠭᠠᠨ ᠤ | ᠲᠠᠷᠢᠶᠠᠨ ᠭᠠᠵᠠᠷ ᠤᠨ ᠬᠠᠮᠢᠶᠠᠷᠤᠯᠲᠠ ᠶᠢ ᠴᠢᠩᠭᠠᠳᠬᠠᠵᠤ᠂ ᠰᠢᠷ᠎ᠠ ᠪᠤᠷᠴᠠᠭ ᠪᠠ ᠲᠣᠰᠣᠯᠢᠭ ᠲᠠᠷᠢᠮᠠᠯ ᠤᠨ ᠭᠠᠷᠤᠯᠳᠠ ᠶᠢ | ᠨᠡᠮᠡᠭᠳᠡᠬᠦᠯᠬᠦ ᠶᠢ ᠠᠬᠢᠭᠤᠯᠤᠨ᠎ᠠ᠃ ᠲᠤᠲᠤᠷᠭ᠎ᠠ᠂ ᠪᠤᠭᠤᠳᠠᠢ ᠬᠤᠳᠠᠯᠳᠤᠨ ᠠᠪᠬᠤ ᠨᠠᠭᠠᠳᠤ ᠵᠠᠬ᠎ᠠ ᠶᠢᠨ ᠦᠨ᠎ᠡ ᠶᠢ | ᠵᠣᠬᠢᠰᠲᠠᠶ ᠪᠠᠷ ᠳᠡᠭᠡᠭᠰᠢᠯᠡᠭᠦᠯᠦᠨ᠎ᠡ᠃ ᠬᠢᠮᠢ ᠶᠢᠨ ᠪᠣᠷᠳᠣᠭᠤᠷ ᠵᠡᠷᠭᠡ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ | ᠬᠠᠩᠭᠠᠯᠭ᠎ᠠ ᠪᠠ ᠦᠨ᠎ᠡ ᠬᠠᠩᠰᠢ ᠶᠢ ᠲᠣᠭᠲᠠᠭᠤᠨ ᠪᠠᠶᠢᠯᠭᠠᠬᠤ ᠶᠢ ᠪᠠᠲᠤᠯᠠᠵᠤ᠂ ᠠᠮᠤ ᠪᠤᠳᠠᠭ᠎ᠠ ᠲᠠᠷᠢᠵᠤ ᠪᠠᠶᠢᠭ᠎ᠠ | ᠲᠠᠷᠢᠶᠠᠴᠢᠳ ᠲᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠨᠥᠬᠦᠪᠥᠷᠢ ᠳᠠᠬᠢᠨ ᠣᠯᠭᠤᠵᠤ᠂ ᠭᠤᠣᠯ | ᠭᠠᠷᠤᠯᠲᠠ ᠶᠢᠨ ᠣᠷᠣᠨ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠲᠠᠷᠢᠶᠠᠴᠢᠳ ᠢ ᠠᠮᠤ ᠪᠤᠳᠠᠭ᠎ᠠ ᠲᠠᠷᠢᠪᠠᠯ ᠵᠣᠬᠢᠰᠲᠠᠶ | ᠠᠰᠢᠭ ᠣᠷᠣᠯᠭ᠎ᠠ ᠤᠯᠬᠤ ᠪᠤᠯᠭᠠᠵᠦ᠂ ᠭᠤᠤᠯ ᠭᠠᠷᠤᠯᠲᠠ ᠶᠢᠨ ᠣᠷᠣᠨ ᠤ ᠠᠮᠤ ᠪᠤᠳᠠᠭ᠎ᠠ ᠶᠢ ᠠᠳᠬᠤᠬᠤ ᠠᠵᠢᠯ ᠢ | ᠳᠣᠲᠣᠭᠠᠳᠤ ᠬᠥᠳᠡᠯᠭᠡᠭᠴᠢ ᠬᠦᠴᠦᠨ ᠲᠠᠢ ᠪᠣᠯᠭᠠᠨ᠎ᠠ᠃ 18 ᠳ᠋ᠦᠩᠰᠢᠭᠤᠷ ᠮᠦ ᠲᠠᠷᠢᠶᠠᠨ ᠭᠠᠵᠠᠷ ᠤᠨ ᠤᠯᠠᠭᠠᠨ ᠱᠤᠭᠤᠮ ᠢ | ᠪᠠᠲᠤ ᠰᠠᠬᠢᠵᠤ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠭᠦᠢᠴᠡᠳ ᠬᠡᠮᠵᠢᠶ᠎ᠡ ᠪᠠᠷ ᠪᠠᠳᠤᠳᠡᠢ ᠵᠠᠭᠠᠬᠯᠠᠨ | ᠲᠤᠬᠳᠠᠭᠠᠵᠦ᠂ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾ ᠶᠢ ᠦᠨᠡᠨ ᠬᠦ ᠬᠤᠷᠢᠭᠯᠠᠵᠤ᠂ ︽ᠠᠮᠤ | ᠪᠤᠳᠠᠭᠠᠨ ᠤ ᠪᠤᠰᠤ ᠪᠣᠯᠭᠠᠬᠤ︾ ᠶᠢ ᠰᠡᠷᠭᠡᠶᠢᠯᠡᠨ᠎ᠡ᠃ ᠳᠤᠮᠳᠠ ᠳᠣᠤᠷ᠎ᠠ ᠤᠨᠠᠯᠲᠠᠳᠤ ᠲᠠᠷᠢᠶᠠᠨ ᠭᠠᠵᠠᠷ ᠤᠨ | ᠥᠭᠡᠷᠡᠴᠢᠯᠡᠯᠳᠡ ᠶᠢ ᠴᠢᠩᠭᠠᠳᠬᠠᠵᠤ᠂ 1 ᠳ᠋ᠦᠩᠰᠢᠭᠤᠷ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ | ᠪᠠᠶᠢᠭᠤᠯᠵᠤ᠂ ᠨᠢᠭᠡ ᠪᠦᠯᠦᠭ ᠲᠤᠮᠤ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠢ ᠰᠢᠨ᠎ᠡ ᠪᠠᠷ ᠪᠠᠶᠢᠭᠤᠯᠬᠤ ᠪᠠ | ᠥᠭᠡᠷᠡᠴᠢᠯᠡᠨ ᠪᠠᠶᠢᠭᠤᠯᠤᠨ᠎ᠠ᠃ ᠬᠠᠷ᠎ᠠ ᠬᠥᠷᠥᠰᠥᠲᠦ ᠭᠠᠵᠠᠷ ᠢ ᠬᠠᠮᠠᠭᠠᠯᠠᠬᠤ ᠪᠠ ᠬᠤᠵᠢᠷᠯᠢᠬ ᠭᠠᠵᠠᠷ ᠢ ᠶᠡᠷᠦᠩᠬᠡᠶᠢᠯᠡᠨ | ᠠᠰᠢᠭᠯᠠᠬᠤ ᠡᠷᠴᠢᠮ ᠢ ᠴᠢᠩᠭᠠᠷᠠᠭᠤᠯᠤᠨ᠎ᠠ᠃ ᠬᠠᠳᠤᠨ ᠭᠤᠤᠯ ᠤᠨ ᠰᠠᠪᠠ ᠭᠠᠵᠠᠷ ᠤᠨ ᠤᠰᠤ ᠠᠷᠪᠢᠯᠠᠬᠤ ᠳᠠᠷᠢᠶᠠᠯᠠᠩ᠂ | ᠬᠠᠭᠤᠷᠠᠢ ᠳᠠᠷᠢᠮᠠᠯ ᠤᠨ ᠲᠠᠷᠢᠶᠠᠯᠠᠩ ᠢ ᠬᠦᠭᠵᠢᠬᠦᠯᠬᠦ ᠶᠢ ᠳᠡᠮᠵᠢᠵᠦ᠂ ᠭᠤᠷᠪᠠᠳᠤᠭᠠᠷ ᠤᠳᠠᠭᠠᠨ ᠤ ᠪᠦᠬᠦ ᠤᠯᠤᠰ ᠤᠨ | ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢ ᠡᠬᠢᠯᠡᠭᠦᠯᠦᠨ᠎ᠡ᠃ ᠦᠷ᠎ᠡ ᠶᠢᠨ ᠦᠢᠯᠡᠰ ᠢ ᠬᠥᠭᠵᠢᠭᠦᠯᠦᠨ | ᠮᠠᠨᠳᠤᠭᠤᠯᠬᠤ ᠶᠢ ᠲᠦᠷᠭᠡᠯᠡᠨ ᠠᠬᠢᠭᠤᠯᠵᠤ᠂ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠡᠷᠬᠡ ᠰᠡᠳᠦᠪ ᠢ | ᠰᠢᠢᠳᠪᠦᠷᠢᠯᠡᠬᠦ ᠪᠠ ᠳᠠᠷᠢᠶᠠᠯᠠᠩ ᠤᠨ ᠰᠢᠨᠵᠢᠯᠡᠬᠦ ᠤᠬᠠᠭᠠᠨ ᠮᠡᠷᠬᠡᠵᠢᠯ ᠢ ᠳᠡᠯᠭᠡᠷᠡᠭᠦᠯᠦᠨ ᠬᠡᠷᠡᠭᠯᠡᠬᠦ ᠶᠢ ᠴᠢᠩᠭᠠᠳᠬᠠᠨ᠂ | ᠲᠠᠷᠢᠶᠠᠯᠠᠩ ᠤᠨ ᠮᠠᠰᠢᠨ ᠲᠣᠨᠣᠭᠯᠠᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠲᠠᠷᠢᠶᠠᠯᠠᠩ ᠤᠨ ᠴᠠᠭ ᠠᠭᠤᠷ ᠤᠨ | ᠭᠠᠮᠰᠢᠭ ᠢ ᠰᠡᠷᠭᠡᠶᠢᠯᠡᠨ ᠬᠢᠵᠠᠭᠠᠷᠯᠠᠬᠤ ᠪᠠ ᠠᠮᠢᠲᠠᠨ ᠤᠷᠭᠤᠮᠠᠯ ᠤᠨ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ | ᠴᠢᠳᠠᠪᠤᠷᠢ ᠶᠢ ᠳᠡᠭᠡᠭᠰᠢᠯᠡᠭᠦᠯᠦᠨ᠎ᠡ᠃ ᠭᠠᠭ᠋ᠠᠶ ᠲᠡᠵᠢᠭᠡᠬᠦ ᠦᠢᠯᠡᠳᠪᠦᠷᠢᠯᠡᠯ ᠤᠨ ᠴᠢᠳᠠᠪᠤᠷᠢ ᠶᠢ ᠲᠣᠬᠢᠷᠠᠭᠤᠯᠤᠨ ᠡᠵᠡᠮᠳᠡᠬᠦ ᠪᠠᠨ | ᠴᠢᠩᠭᠠᠳᠬᠠᠵᠤ᠂ ᠮᠠᠯ ᠵᠢᠭᠦᠷᠲᠡᠨ᠂ ᠤᠰᠤᠨ ᠭᠠᠷᠤᠯᠲᠠ᠂ ᠢᠳᠡᠰᠢᠨ ᠨᠣᠭᠤᠭ᠎ᠠ ᠵᠡᠷᠭᠡ ᠶᠢᠨ ᠦᠢᠯᠡᠳᠪᠦᠷᠢᠯᠡᠯ ᠬᠠᠩᠭᠠᠯᠭ᠎ᠠ ᠶᠢ | ᠰᠠᠶᠢᠲᠤᠷ ᠠᠳᠬᠤᠵᠦ᠂ ᠤᠳᠤᠬᠢᠴᠢᠯᠠᠬᠰᠠᠨ ᠲᠦᠭᠦᠭᠡᠷᠦᠮᠵᠢᠳᠦ ᠳᠠᠷᠢᠵᠦ ᠳᠡᠵᠢᠭᠡᠬᠦ ᠦᠢᠯᠡᠰ ᠢ ᠲᠦᠷᠭᠡᠳᠭᠡᠨ | ᠬᠦᠭᠵᠢᠬᠦᠯᠦᠨ᠎ᠡ᠃ ᠬᠦᠪᠦᠩ᠂ ᠨᠢᠰᠢᠩᠭᠦ ᠵᠡᠷᠭᠡ ᠶᠢᠨ ᠦᠢᠯᠡᠳᠪᠦᠷᠢᠯᠡᠯ ᠢ ᠳᠡᠮᠵᠢᠨ᠎ᠡ᠃ ᠤᠯᠤᠰ ᠤᠨ ᠠᠮᠤ ᠪᠤᠳᠠᠭᠠᠨ ᠤ | ᠠᠮᠤᠷ ᠲᠦᠪᠰᠢᠨ ᠢ ᠪᠠᠲᠤᠯᠠᠬᠤ ᠳᠤ ᠡᠯ᠎ᠡ ᠭᠠᠵᠠᠷ ᠣᠷᠣᠨ ᠴᠥᠮ ᠬᠠᠷᠢᠭᠤᠴᠠᠯᠭ᠎ᠠ ᠲᠠᠢ ᠶᠤᠮ᠂ ᠠᠮᠤ ᠪᠤᠳᠠᠭ᠎ᠠ ᠶᠢ | ᠰᠢᠯᠵᠢᠭᠦᠯᠦᠨ ᠣᠷᠣᠭᠤᠯᠬᠤ ᠭᠠᠵᠠᠷ ᠣᠷᠣᠨ ᠨᠡᠩ ᠴᠤ ᠠᠮᠤ ᠪᠤᠳᠠᠭᠠᠨ ᠤ ᠦᠢᠯᠡᠳᠪᠦᠷᠢᠯᠡᠯ ᠢᠶᠠᠨ ᠲᠣᠭᠲᠠᠪᠤᠷᠢᠵᠢᠭᠤᠯᠬᠤ | ᠬᠡᠷᠡᠭᠲᠡᠶ᠃ ᠡᠯ᠎ᠡ ᠲᠠᠯ᠎ᠠ ᠶᠢᠨ ᠬᠢᠨ ᠬᠠᠮᠲᠤ ᠪᠠᠷ ᠴᠢᠷᠮᠠᠶᠢᠵᠤ᠂ ︽ᠬᠦᠨᠡᠰᠦᠨ ᠤᠭᠤᠲᠠ︾ ᠪᠠᠨ ᠳᠦᠭᠦᠷᠭᠡᠨ᠂ ︽ | ᠨᠣᠭᠤᠭᠠᠨ ᠤ ᠰᠠᠭᠰᠤ︾ ᠪᠠᠨ ᠲᠡᠭᠦᠯᠳᠡᠷᠵᠢᠭᠦᠯᠵᠦ᠂ ᠳᠤᠮᠳᠠᠳᠤ ᠤᠯᠤᠰ ᠤᠨ 14 ᠳ᠋ᠦᠩᠰᠢᠭᠤᠷ ᠭᠠᠷᠤᠢ ᠬᠥᠮᠦᠨ ᠤ | ᠬᠤᠭᠤᠯᠠ ᠬᠦᠨᠡᠰᠦ ᠪᠠᠨ ᠪᠡᠶ᠎ᠡ ᠳᠡᠭᠡᠨ ᠲᠦᠰᠢᠭᠯᠡᠨ ᠰᠢᠢᠳᠪᠦᠷᠢᠯᠡᠬᠦ ᠶᠢ ᠪᠠᠳᠤᠯᠠᠬᠤ ᠬᠡᠷᠡᠭᠳᠡᠢ᠃ | ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠢ ᠪᠦᠬᠦ ᠲᠠᠯ᠎ᠠ ᠪᠠᠷ | ᠪᠠᠬᠢᠵᠢᠭᠦᠯᠦᠨ ᠥᠷᠭᠡᠳᠭᠡᠨ᠎ᠡ᠃ ᠳᠠᠬᠢᠨ ᠶᠠᠳᠠᠭᠤᠷᠠᠬᠤ ᠠᠴᠠ ᠰᠡᠷᠭᠡᠶᠢᠯᠡᠬᠦ ᠬᠢᠨᠠᠨ ᠬᠡᠮᠵᠢᠵᠦ ᠬᠠᠪᠰᠤᠷᠤᠨ ᠲᠡᠳᠬᠦᠬᠦ | ᠲᠣᠭᠲᠠᠴᠠ ᠶᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠵᠦ᠂ ᠬᠡᠪᠴᠢᠶᠡᠳᠤ ᠴᠢᠨᠠᠷᠲᠠᠶ ᠳᠠᠬᠢᠨ ᠶᠠᠳᠠᠭᠤᠷᠠᠯ ᠡᠭᠦᠰᠭᠦ ᠦᠭᠡᠢ | ᠪᠠᠶᠢᠬᠤ ᠶᠢ ᠦᠨᠡᠨ ᠬᠦ ᠪᠠᠲᠤᠯᠠᠨ᠎ᠠ᠃ ᠶᠠᠳᠠᠭᠤ ᠠᠴᠠ ᠠᠩᠭᠢᠵᠢᠷᠠᠬᠰᠠᠨ ᠭᠠᠵᠠᠷ ᠣᠷᠣᠨ ᠤ ᠤᠨᠴᠠᠯᠢᠭᠳᠤ ᠠᠵᠤ ᠦᠢᠯᠡᠰ | ᠬᠥᠭᠵᠢᠭᠦᠯᠬᠦ ᠶᠢ ᠳᠡᠮᠵᠢᠵᠦ᠂ ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭ᠎ᠠ ᠪᠠ ᠠᠵᠢᠯ ᠮᠡᠷᠭᠡᠵᠢᠯ ᠤᠨ ᠤᠷ᠎ᠠ | ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠳᠬᠠᠵᠤ᠂ ᠶᠠᠳᠠᠭᠤ ᠠᠴᠠ ᠠᠩᠭᠢᠵᠢᠷᠠᠬᠰᠠᠨ ᠬᠥᠮᠦᠨ ᠠᠮᠠ ᠶᠢᠨ ᠦᠷᠭᠦᠯᠵᠢᠯᠡᠨ | ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠤᠨ᠎ᠠ᠃ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠢ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠪᠠᠨ ᠴᠢᠩᠭᠠᠳᠬᠠᠵᠤ᠂ | ᠣᠨᠳᠣᠤ ᠭᠠᠵᠠᠷ ᠨᠡᠭᠦᠯᠭᠡᠭᠰᠡᠨ ᠤ ᠳᠠᠷᠠᠭᠠᠬᠢ ᠲᠡᠳᠬᠦᠨ ᠳᠡᠮᠵᠢᠬᠦ ᠠᠵᠢᠯ ᠢ ᠰᠠᠶᠢᠲᠤᠷ ᠬᠢᠵᠦ᠂ ᠵᠡᠭᠦᠨ ᠬᠡᠰᠡᠭ ᠪᠠᠷᠠᠭᠤᠨ | ᠬᠡᠰᠡᠭ ᠤᠨ ᠭᠠᠵᠠᠷ ᠣᠷᠣᠨ ᠬᠠᠮᠵᠢᠯᠴᠠᠬᠤ᠂ ᠴᠡᠭ ᠲᠣᠭᠲᠠᠭᠠᠨ ᠬᠠᠪᠰᠤᠷᠤᠨ ᠲᠡᠳᠬᠦᠬᠦ ᠪᠠ ᠨᠡᠶᠢᠭᠡᠮ ᠤᠨ ᠬᠦᠴᠦᠨ ᠢᠶᠠᠷ | ᠬᠠᠪᠰᠤᠷᠤᠨ ᠲᠡᠳᠬᠦᠬᠦ ᠠᠵᠢᠯ ᠢ ᠭᠦᠨᠵᠡᠭᠡᠶᠢᠷᠡᠭᠦᠯᠵᠦ᠂ ︽ᠲᠦᠮᠡᠨ ᠠᠵᠤ ᠠᠬᠤᠶᠢᠯᠠᠯ ᠲᠦᠮᠡᠨ ᠲᠤᠰᠬᠤᠨ ᠢ ᠮᠠᠨᠳᠤᠭᠤᠯᠬᠤ︾ | ᠠᠵᠢᠯᠯᠠᠭ᠎ᠠ ᠶᠢ ᠶᠡᠭᠡ ᠪᠠᠷ ᠬᠡᠷᠡᠭᠵᠢᠬᠦᠯᠵᠦ᠂ ᠶᠠᠳᠠᠭᠤ ᠠᠴᠠ ᠠᠩᠭᠢᠵᠢᠷᠠᠬᠰᠨᠨ ᠭᠠᠵᠠᠷ ᠣᠷᠣᠨ ᠤ ᠥᠪᠡᠷ ᠢ ᠪᠠᠨ | ᠬᠥᠭᠵᠢᠭᠦᠯᠬᠦ ᠴᠢᠳᠠᠪᠤᠷᠢ ᠶᠢ ᠨᠡᠮᠡᠭᠳᠡᠭᠦᠯᠦᠨ᠎ᠡ᠃ | ᠬᠥᠳᠡᠭᠡ ᠲᠣᠰᠬᠤᠨ ᠤ ᠥᠭᠡᠷᠡᠴᠢᠯᠡᠯᠲᠡ ᠬᠥᠭᠵᠢᠯᠲᠡ ᠶᠢ ᠯᠠᠪᠳᠠᠭᠤᠨ ᠪᠠᠲᠤᠲᠠᠶ ᠪᠠᠷ ᠠᠬᠢᠭᠤᠯᠤᠨ᠎ᠠ᠃ ᠬᠤᠶᠠᠳᠤᠭᠠᠷ | ᠡᠭᠡᠯᠵᠢ ᠶᠢᠨ ᠭᠠᠵᠠᠷ ᠰᠢᠷᠣᠶ ᠶᠢᠨ ᠳᠠᠭᠠᠭᠠᠴᠢᠯᠠᠯᠲᠠ ᠶᠢ ᠬᠤᠭᠤᠴᠠᠭ᠎ᠠ ᠨᠢ ᠲᠤᠯᠤᠭᠰᠠᠨ ᠤ ᠳᠠᠷᠠᠭ᠎ᠠ ᠳᠠᠬᠢᠭᠠᠳ 30 ᠵᠢᠯ | ᠤᠷᠲᠤᠳᠬᠠᠬᠤ ᠪᠦᠬᠦ ᠰᠢᠶᠠᠨ ᠤ ᠲᠤᠷᠰᠢᠯᠲᠠ ᠶᠢ ᠰᠠᠶᠢᠲᠤᠷ ᠥᠷᠨᠢᠭᠦᠯᠦᠨ᠎ᠡ᠃ ᠬᠠᠩᠭᠠᠨ ᠪᠣᠷᠣᠯᠠᠭᠤᠯᠬᠤ ᠬᠤᠷᠰᠢᠶ᠎ᠠ᠂ | ᠬᠠᠮᠲᠤ ᠶᠢᠨ ᠥᠮᠴᠢᠯᠡᠯ ᠤᠨ ᠡᠷᠬᠡ᠂ ᠬᠠᠮᠲᠤ ᠶᠢᠨ ᠤᠢ ᠮᠣᠳᠣᠨ ᠤ ᠡᠷᠬᠡ᠂ ᠤᠯᠤᠰ ᠤᠨ ᠥᠮᠴᠢᠯᠡᠯ ᠤᠨ ᠰᠢᠭᠤᠶᠢᠲᠤ | ᠣᠷᠣᠨ ᠪᠠ ᠤᠢ ᠰᠢᠭᠤᠶ ᠶᠢᠨ ᠲᠠᠯᠠᠪᠠᠢ᠂ ᠲᠠᠷᠢᠶᠠᠯᠠᠩ ᠤᠨ ᠠᠳᠠᠷ ᠬᠠᠭᠠᠯᠪᠤᠷᠢᠯᠠᠯᠲᠠ ᠵᠡᠷᠭᠡ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ᠎ᠡ᠃ ᠬᠥᠳᠡᠭᠡ ᠲᠣᠰᠬᠤᠨ ᠤ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠴᠢᠩᠭᠠᠳᠬᠠᠵᠤ᠂ ᠬᠥᠳᠡᠭᠡ | ᠲᠣᠰᠬᠤᠨ ᠤ ᠠᠵᠤ ᠦᠢᠯᠡᠰ ᠢ ᠲᠦᠷᠭᠡᠯᠡᠨ ᠬᠥᠭᠵᠢᠭᠦᠯᠦᠨ᠎ᠡ᠃ ᠰᠢᠶᠠᠨ ᠤ ᠬᠡᠪᠴᠢᠶᠡᠨ ᠤ ᠠᠵᠤ ᠠᠬᠤᠢ ᠶᠢ | ᠪᠤᠵᠠᠭᠠᠶᠢᠷᠠᠭᠤᠯᠤᠨ᠎ᠠ᠃ ᠠᠶᠢᠯ ᠲᠣᠰᠬᠤᠨ ᠢ ᠬᠠᠰᠤᠵᠤ ᠨᠡᠶᠢᠯᠡᠭᠦᠯᠬᠦ ᠶᠢ ᠴᠢᠩᠭ᠎ᠠ ᠵᠢᠷᠤᠮᠵᠢᠭᠤᠯᠵᠤ᠂ ᠤᠯᠠᠮᠵᠢᠯᠠᠯᠲᠤ ᠠᠶᠢᠯ | ᠲᠣᠰᠬᠤᠨ ᠪᠠ ᠬᠥᠳᠡᠭᠡ ᠲᠣᠰᠬᠤᠨ ᠤ ᠳᠦᠷᠰᠦ ᠪᠠᠶᠢᠳᠠᠯ ᠢ ᠬᠠᠮᠠᠭᠠᠯᠠᠨ᠎ᠠ᠃ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ | ᠠᠵᠢᠯᠯᠠᠭ᠎ᠠ ᠶᠢ ᠡᠬᠢᠯᠡᠭᠦᠯᠵᠦ᠂ ᠲᠦᠯᠦᠪᠵᠢᠭᠦᠯᠭᠡ ᠪᠠᠷ ᠬᠦᠳᠦᠯᠦᠨ ᠳᠠᠭᠠᠭᠤᠯᠬᠤ ᠶᠢ ᠴᠢᠩᠭᠠᠳᠬᠠᠵᠦ᠂ ᠤᠰᠤ ᠴᠠᠬᠢᠯᠭᠠᠨ ᠵᠠᠮ | ᠬᠡᠢ ᠮᠡᠳᠡᠭᠡ ᠵᠠᠩᠬᠢ ᠰᠢᠤᠳᠠᠨ ᠬᠤᠯᠪᠤᠭ᠎ᠠ ᠵᠡᠷᠭᠡ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ | ᠴᠢᠩᠭᠠᠳᠬᠠᠵᠤ᠂ ᠬᠥᠳᠡᠭᠡ ᠲᠣᠰᠬᠤᠨ ᠤ ᠵᠣᠷᠯᠣᠩ ᠢ ᠥᠭᠡᠷᠡᠴᠢᠯᠡᠬᠦ ᠪᠠ ᠪᠣᠬᠢᠷ ᠤᠰᠤ ᠬᠤᠭ ᠨᠣᠪᠰᠢ ᠶᠢ | ᠰᠢᠢᠳᠪᠦᠷᠢᠯᠡᠬᠦ ᠶᠢ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠤᠬᠢᠷᠠᠭᠤᠯᠤᠨ ᠠᠬᠢᠭᠤᠯᠤᠨ᠎ᠠ᠃ ᠪᠣᠯᠪᠠᠰᠤᠨ ᠲᠣᠰᠬᠤᠨ | ᠪᠤᠯᠪᠠᠰᠤᠨ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢ ᠭᠦᠨᠵᠡᠭᠡᠶ ᠥᠷᠨᠢᠭᠦᠯᠦᠨ᠎ᠡ᠃ ᠬᠥᠯᠥᠰᠥᠨ ᠠᠵᠢᠯᠴᠢᠨ ᠤ ᠴᠠᠯᠢᠩ ᠢ | ᠥᠷᠢᠲᠦᠵᠦ ᠬᠤᠶᠢᠰᠢᠯᠠᠭᠤᠯᠬᠤ ᠶᠢ ᠵᠠᠰᠠᠬᠤ ᠠᠵᠢᠯ ᠢ ᠴᠢᠩᠭᠠᠳᠬᠠᠨ᠂ ᠬᠥᠯᠥᠰᠥᠨ ᠠᠵᠢᠯᠴᠢᠨ ᠤ ᠠᠵᠢᠯ ᠣᠯᠵᠤ ᠠᠳᠠᠯ | ᠦᠢᠯᠡᠰ ᠴᠣᠭᠴᠠᠯᠠᠬᠤ ᠶᠢ ᠳᠡᠮᠵᠢᠵᠦ᠂ ᠥᠷᠭᠡᠨ ᠤᠯᠠᠨ ᠲᠠᠷᠢᠶᠠᠴᠢᠳ ᠢ ᠵᠠᠪᠠᠯ ᠠᠵᠢᠯ ᠬᠦᠳᠡᠯᠮᠦᠷᠢ ᠬᠢᠵᠦ ᠣᠷᠣᠯᠭ᠎ᠠ ᠪᠠᠨ | ᠨᠡᠮᠡᠭᠳᠡᠭᠦᠯᠬᠦ ᠨᠡᠩ ᠤᠯᠠᠨ ᠠᠷᠭ᠎ᠠ ᠵᠠᠮ ᠲᠠᠢ ᠪᠣᠯᠭᠠᠬᠤ ᠬᠡᠷᠡᠭᠲᠡᠶ᠃ | ︵ᠲᠤᠯᠤᠭ᠎ᠠ︶ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠳᠡ ᠶᠢ ᠥᠷᠭᠡᠳᠭᠡᠵᠦ᠂ ᠭᠠᠳᠠᠭᠠᠳᠤ ᠠᠷᠠᠯᠵᠢᠶ᠎ᠠ | ᠭᠠᠳᠠᠭᠠᠳᠤ ᠪᠡᠯᠡ ᠶᠢᠨ ᠲᠣᠭᠲᠠᠭᠤᠨ ᠢᠶᠠᠷ ᠬᠥᠭᠵᠢᠬᠦ ᠶᠢ ᠠᠬᠢᠭᠤᠯᠤᠨ᠎ᠠ᠃ ᠬᠤᠶᠠᠷ ᠵᠠᠬ᠎ᠠ ᠳᠡᠯᠭᠡᠭᠦᠷ ᠬᠤᠶᠠᠷ ᠵᠦᠢᠯ ᠤᠨ | ᠡᠬᠢ ᠪᠠᠶᠠᠯᠢᠭ ᠢ ᠭᠦᠢᠴᠡᠳ ᠠᠰᠢᠭᠯᠠᠵᠤ᠂ ᠭᠠᠳᠠᠭᠠᠳᠤ ᠠᠵᠤ ᠠᠬᠤᠢ ᠠᠷᠠᠯᠵᠢᠶᠠᠨ ᠤ ᠬᠠᠮᠲᠤᠷᠠᠯᠴᠠᠭ᠎ᠠ ᠶᠢ ᠲᠠᠰᠤᠷᠠᠯᠲᠠ | ᠦᠭᠡᠢ ᠥᠷᠭᠡᠳᠭᠡᠵᠦ᠂ ᠥᠨᠳᠥᠷ ᠲᠦᠪᠰᠢᠨ ᠪᠦᠬᠦᠢ ᠨᠡᠭᠡᠭᠡᠯᠳᠡ ᠪᠠᠷ ᠭᠦᠨ ᠳᠠᠪᠬᠤᠷᠭ᠎ᠠ ᠶᠢᠨ ᠥᠭᠡᠷᠡᠴᠢᠯᠡᠯᠲᠡ ᠶᠢ | ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ | ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠤᠨ᠎ᠠ᠃ | ᠭᠠᠳᠠᠭᠠᠳᠤ ᠭᠠᠷᠭᠠᠯᠲᠠ ᠶᠢᠨ ᠢᠲᠡᠭᠡᠮᠵᠢ ᠶᠢᠨ ᠳᠠᠭᠠᠳᠬᠠᠯ ᠤᠨ ᠳᠤᠮᠳᠠ ᠵᠢᠵᠢᠭ ᠪᠢᠴᠢᠯ ᠭᠠᠳᠠᠭᠠᠳᠤ ᠠᠷᠠᠯᠵᠢᠶᠠᠨ ᠤ ᠠᠵᠤ | ᠠᠬᠤᠶᠢᠯᠠᠯ ᠢ ᠬᠠᠮᠤᠷᠬᠤ ᠬᠡᠪᠴᠢᠶ᠎ᠡ ᠶᠢ ᠥᠷᠭᠡᠳᠭᠡᠵᠦ᠂ ᠭᠠᠳᠠᠭᠠᠳᠤ ᠭᠠᠷᠭᠠᠯᠲᠠ ᠶᠢᠨ ᠢᠲᠡᠭᠡᠮᠵᠢᠲᠦ ᠵᠢᠭᠡᠯᠡᠯᠭᠡ ᠶᠢᠨ | ᠳᠡᠮᠵᠢᠯᠭᠡ ᠶᠢ ᠴᠢᠩᠭᠠᠳᠬᠠᠵᠤ᠂ ᠭᠠᠳᠠᠭᠠᠳᠤ ᠭᠤᠪᠢᠭᠤᠯᠭ᠎ᠠ ᠶᠢᠨ ᠦᠢᠯᠡᠴᠢᠯᠡᠭᠡ ᠶᠢ ᠰᠢᠯᠢᠳᠡᠭᠵᠢᠭᠦᠯᠦᠨ᠂ ᠭᠠᠳᠠᠭᠠᠳᠤ | ᠭᠠᠷᠭᠠᠯᠲᠠ ᠶᠢᠨ ᠭᠠᠶᠢᠯᠢ ᠪᠤᠴᠠᠭᠠᠬᠤ ᠠᠬᠢᠴᠠ ᠶᠢ ᠲᠦᠷᠭᠡᠳᠭᠡᠵᠦ᠂ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠢ | ᠬᠠᠪᠰᠤᠷᠤᠨ ᠵᠠᠬᠢᠶᠠᠯᠠᠭ᠎ᠠ ᠶᠢ ᠨᠢ ᠲᠣᠭᠲᠠᠪᠤᠷᠢᠵᠢᠭᠤᠯᠵᠦ ᠦᠢᠯᠡᠳᠪᠦᠷᠢᠯᠡᠯ ᠢ ᠨᠢ ᠲᠣᠭᠲᠠᠭᠤᠨ ᠪᠠᠶᠢᠯᠭᠠᠨ᠎ᠠ᠃ ᠭᠠᠳᠠᠭᠠᠳᠤ | ᠠᠷᠠᠯᠵᠢᠶᠠᠨ ᠤ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠵᠠᠭᠪᠤᠷ ᠢ ᠲᠦᠷᠭᠡᠯᠡᠨ ᠬᠥᠭᠵᠢᠭᠦᠯᠵᠦ᠂ ᠬᠢᠯᠢ | ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠦᠢᠯᠡᠳᠦᠯ ᠢ ᠭᠦᠢᠴᠡᠳ ᠪᠠᠳᠠᠷᠠᠭᠤᠯᠵᠤ᠂ ᠨᠢᠭᠡ ᠪᠦᠯᠦᠭ ᠭᠠᠳᠠᠭᠠᠳᠤ ᠳᠠᠬᠢ | ᠬᠥᠮᠥᠷᠭᠡ ᠪᠠᠶᠢᠭᠤᠯᠬᠤ ᠶᠢ ᠲᠡᠮᠵᠢᠨ᠎ᠠ᠃ ᠴᠢᠨᠠᠷ ᠰᠠᠶᠢᠲᠠᠶ ᠦᠢᠯᠡᠳᠬᠦᠨ ᠪᠠ ᠦᠢᠯᠡᠴᠢᠯᠡᠭᠡ ᠶᠢ ᠭᠠᠳᠠᠭᠠᠳᠤ ᠠᠴᠠ | ᠣᠷᠣᠭᠤᠯᠬᠤ ᠶᠢ ᠢᠳᠡᠪᠬᠢᠲᠡᠶ ᠥᠷᠭᠡᠳᠭᠡᠨ᠎ᠡ᠃ ᠦᠢᠯᠡᠴᠢᠯᠡᠭᠡᠨ ᠤ ᠠᠷᠠᠯᠵᠢᠶ᠎ᠠ᠂ ᠳ᠋ᠢᠵᠢᠲ᠋ᠠᠯ ᠠᠷᠠᠯᠵᠢᠶ᠎ᠠ ᠶᠢ ᠰᠢᠨ᠎ᠡ ᠶᠢ | ᠡᠭᠦᠳᠦᠨ ᠬᠥᠭᠵᠢᠭᠦᠯᠵᠦ᠂ ᠬᠢᠯᠢ ᠠᠯᠤᠰᠯᠠᠭᠰᠠᠨ ᠦᠢᠯᠡᠴᠢᠯᠡᠭᠡᠨ ᠤ ᠠᠷᠠᠯᠵᠢᠶ᠎ᠠ ᠶᠢᠨ ᠨᠠᠵᠠᠭᠠᠶ ᠲᠠᠯ᠎ᠠ ᠶᠢᠨ ᠲᠣᠳᠣᠷᠬᠠᠶ | ᠬᠠᠭᠤᠳᠠᠰᠤ ᠶᠢ ᠬᠡᠷᠡᠭᠵᠢᠭᠦᠯᠬᠦ ᠶᠢ ᠠᠬᠢᠭᠤᠯᠤᠨ᠎ᠠ᠃ ᠪᠣᠭᠤᠮᠲᠠ ᠪᠠᠷ ᠥᠩᠭᠡᠷᠡᠬᠦ ᠶᠢ ᠳᠥᠳᠡᠴᠢᠯᠡᠬᠦ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ᠂ ᠣᠯᠠᠨ ᠤᠯᠤᠰ ᠤᠨ ᠪᠠᠷᠠᠭᠠᠨ ᠤ ᠭᠦᠢᠯᠭᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠭᠡᠵᠦ᠂ | ᠭᠠᠳᠠᠭᠠᠳᠤ ᠪᠡᠯᠡ ᠶᠢ ᠬᠠᠪᠰᠤᠷᠤᠨ ᠦᠪᠡᠷ ᠤᠨ ᠦᠷᠲᠡᠭ ᠢ ᠨᠢ ᠪᠠᠭᠤᠷᠠᠭᠤᠯᠤᠨ ᠦᠷ᠎ᠡ ᠪᠦᠲᠦᠭᠡᠯ ᠢ ᠨᠢ ᠳᠡᠭᠡᠭᠰᠢᠯᠡᠬᠦᠯᠦᠨ᠎ᠡ᠃ | | ᠭᠠᠳᠠᠭᠠᠳᠤ ᠪᠡᠯᠡ ᠶᠢ ᠢᠳᠡᠪᠬᠢᠲᠡᠶ ᠠᠰᠢᠭᠯᠠᠨ᠎ᠠ᠃ ᠭᠠᠳᠠᠭᠠᠳᠤ ᠪᠡᠯᠡ ᠶᠢᠨ ᠵᠠᠬ᠎ᠠ ᠲᠡᠯᠭᠡᠬᠦᠷ ᠲᠤ ᠤᠷᠤᠬᠤ | ᠵᠦᠪᠰᠢᠶᠡᠷᠡᠯ ᠤᠨ ᠨᠠᠵᠠᠭᠠᠶ ᠲᠠᠯ᠎ᠠ ᠶᠢᠨ ᠲᠣᠳᠣᠷᠬᠠᠶ ᠬᠠᠭᠤᠳᠠᠰᠤ ᠶᠢ ᠭᠦᠨᠵᠡᠭᠡᠶ ᠬᠡᠷᠡᠭᠵᠢᠭᠦᠯᠵᠦ᠂ ᠭᠠᠳᠠᠭᠠᠳᠤ ᠪᠡᠯᠡ ᠶᠢᠨ | ᠠᠵᠤ ᠠᠬᠤᠶᠢᠯᠠᠯ ᠤᠨ ᠠᠷᠠᠳ ᠢᠷᠭᠡᠨ ᠤ ᠬᠠᠷᠠᠭᠠᠯᠵᠠᠯ ᠢ ᠰᠠᠶᠢᠲᠤᠷ ᠨᠠᠶᠢᠳᠠᠪᠤᠷᠢᠵᠢᠭᠤᠯᠤᠨ᠎ᠠ᠃ ᠭᠠᠳᠠᠭᠠᠳᠤ ᠶᠢᠨ | ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢ ᠵᠣᠷᠢᠬᠵᠢᠭᠤᠯᠬᠤ ᠬᠡᠪᠴᠢᠶ᠎ᠡ ᠶᠢ ᠥᠷᠭᠡᠳᠭᠡᠵᠦ᠂ ᠭᠠᠳᠠᠭᠠᠳᠤ ᠪᠡᠯᠡ ᠶᠢᠨ | ᠳᠤᠮᠳᠠ ᠳᠡᠭᠡᠳᠦ ᠲᠡᠰ ᠤᠨ ᠦᠢᠯᠡᠳᠬᠦ᠂ ᠰᠤᠳᠤᠯᠤᠨ ᠨᠡᠭᠡᠭᠡᠬᠦ᠂ ᠤᠳᠤ ᠦᠶ᠎ᠡ ᠶᠢᠨ ᠦᠢᠯᠡᠴᠢᠯᠡᠭᠡ ᠵᠡᠷᠭᠡ ᠬᠦᠷᠢᠶ᠎ᠡ ᠪᠠ | ᠳᠤᠮᠳᠠ ᠬᠡᠰᠡᠭ ᠪᠠᠷᠠᠭᠤᠨ ᠬᠡᠰᠡᠭ ᠤᠨ ᠭᠠᠵᠠᠷ ᠣᠷᠣᠨ᠂ ᠵᠡᠭᠦᠨ ᠬᠤᠶᠢᠲᠤ ᠣᠷᠣᠨ ᠳᠠᠬᠢ ᠪᠡᠯᠡ ᠣᠷᠣᠭᠤᠯᠤᠯᠳᠠ ᠪᠠᠨ | ᠨᠡᠮᠡᠭᠳᠡᠬᠦᠯᠬᠦ ᠶᠢ ᠳᠡᠮᠵᠢᠨ᠎ᠡ᠃ ᠭᠠᠳᠠᠭᠠᠳᠤ ᠪᠡᠯᠡ ᠶᠢ ᠠᠬᠢᠭᠤᠯᠬᠤ ᠦᠢᠯᠡᠴᠢᠯᠡᠭᠡ ᠶᠢ ᠰᠢᠯᠢᠳᠡᠭᠵᠢᠬᠦᠯᠦᠨ᠂ ᠴᠢᠬᠤᠯᠠ ᠶᠡᠭᠡ | ᠲᠦᠰᠦᠯ ᠢ ᠲᠦᠷᠭᠡᠯᠡᠨ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠴᠢᠯᠥᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ᠂ | ᠬᠠᠶᠢᠨᠠᠨ ᠤ ᠴᠢᠯᠥᠭᠡᠲᠦ ᠠᠷᠠᠯᠵᠢᠶᠠᠨ ᠤ ᠭᠠᠷᠠᠮ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ | ᠨᠡᠭᠡᠭᠡᠯᠲᠡ ᠶᠢᠨ ᠣᠷᠣᠨ ᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠠᠬᠢᠭᠤᠯᠵᠤ᠂ ᠶᠡᠷᠦᠩᠬᠡᠶᠢᠯᠡᠭᠰᠡᠨ ᠭᠠᠶᠢᠯᠢ ᠶᠢᠨ | ᠪᠠᠲᠤᠯᠠᠭᠠᠳᠤ ᠣᠷᠣᠨ ᠤ ᠬᠥᠭᠵᠢᠯᠲᠡ ᠶᠢᠨ ᠲᠦᠪᠰᠢᠨ ᠢ ᠳᠡᠭᠡᠭᠰᠢᠯᠡᠭᠦᠯᠵᠦ᠂ ᠦᠶᠢᠯᠡᠴᠢᠯᠡᠭᠡᠨ ᠤ ᠦᠢᠯᠡᠰ ᠤᠨ | ᠨᠡᠭᠡᠭᠡᠯᠲᠡ ᠶᠢ ᠥᠷᠭᠡᠳᠭᠡᠬᠦ ᠶᠡᠷᠦᠩᠬᠡᠶᠢᠯᠡᠭᠰᠡᠨ ᠲᠤᠷᠰᠢᠯᠲᠠ ᠶᠢᠨ ᠴᠡᠭ ᠢ ᠨᠡᠮᠡᠵᠦ ᠪᠠᠶᠢᠭᠤᠯᠤᠨ᠎ᠠ᠃ ᠳᠤᠮᠳᠠᠳᠤ ᠤᠯᠤᠰ ᠤᠨ | ᠨᠡᠭᠡᠭᠡᠯᠲᠡᠳᠦ ᠲᠤᠮᠤ ᠵᠠᠬ᠎ᠠ ᠳᠡᠯᠭᠡᠭᠦᠷ ᠨᠢ ᠡᠯ᠎ᠡ ᠤᠯᠤᠰ ᠤᠨ ᠠᠵᠤ ᠠᠬᠤᠶᠢᠯᠠᠯ ᠤᠨ ᠳᠤᠮᠳᠠᠳᠤ ᠤᠯᠤᠰ ᠲᠠᠬᠢ | ᠬᠥᠭᠵᠢᠯᠲᠡ ᠳᠤ ᠨᠡᠩ ᠤᠯᠠᠨ ᠲᠣᠬᠢᠶᠠᠯ ᠬᠠᠩᠭᠠᠬᠤ ᠨᠢ ᠯᠠᠪᠳᠡᠢ ᠶᠤᠮ᠃ | ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠲᠠᠶ ᠬᠠᠮᠲᠤ ᠪᠠᠷ ᠪᠠᠶᠢᠭᠤᠯᠤᠨ᠎ᠠ᠃ ᠬᠠᠮᠲᠤ ᠪᠠᠷ ᠵᠥᠪᠳᠡᠬᠦ ᠬᠠᠮᠲᠤ ᠪᠠᠷ | ᠪᠠᠶᠢᠭᠤᠯᠬᠤ ᠬᠠᠮᠲᠤ ᠪᠠᠷ ᠡᠳ᠋ᠯᠡᠬᠦ ᠶᠢ ᠪᠠᠷᠢᠮᠲᠠᠯᠠᠵᠤ᠂ ᠬᠤᠯᠪᠣᠯᠳᠤᠨ ᠨᠡᠪᠲᠡᠷᠡᠯᠴᠡᠬᠦ ᠬᠠᠮᠲᠤᠷᠠᠯᠴᠠᠭᠠᠨ ᠤ ᠰᠠᠭᠤᠷᠢ ᠶᠢ | ᠪᠠᠬᠢᠵᠢᠭᠦᠯᠵᠦ᠂ ᠬᠠᠮᠲᠤᠷᠠᠯᠴᠠᠭᠠᠨ ᠤ ᠰᠢᠨ᠎ᠡ ᠬᠦᠷᠢᠶ᠎ᠡ ᠶᠢ ᠲᠣᠭᠲᠠᠭᠤᠨ ᠢᠶᠠᠷ ᠥᠷᠭᠡᠳᠭᠡᠨ᠎ᠡ᠃ ᠪᠠᠷᠠᠭᠤᠨ ᠬᠡᠰᠡᠭ ᠤᠨ | ᠭᠠᠵᠠᠷ ᠤᠷᠤᠨ ᠤ ᠡᠬᠡ ᠬᠠᠭᠤᠷᠠᠢ ᠲᠠᠯᠠᠢ ᠳᠡᠩᠬᠢᠰ ᠤᠨ ᠰᠢᠨ᠎ᠡ ᠨᠡᠪᠲᠡᠷᠡᠬᠦ ᠵᠠᠮ ᠤᠨ ᠪᠦᠲᠦᠭᠡᠨ ᠪᠠᠶᠢᠭᠤᠯᠤᠯᠲᠠ ᠶᠢ | ᠠᠬᠢᠭᠤᠯᠤᠨ᠎ᠠ᠃ ᠭᠠᠳᠠᠭᠠᠳᠤ ᠪᠡᠯᠡ ᠣᠷᠣᠭᠤᠯᠤᠯᠲᠠ ᠶᠢᠨ ᠬᠠᠮᠲᠤᠷᠠᠯᠴᠠᠭ᠎ᠠ ᠶᠢ ᠡᠮᠬᠢ ᠵᠢᠷᠤᠮ ᠲᠠᠢ ᠪᠠᠷ ᠥᠷᠨᠢᠭᠦᠯᠵᠦ᠂ | ᠭᠠᠳᠠᠭᠠᠳᠤ ᠳᠠᠬᠢ ᠠᠶᠤᠯ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ᠎ᠡ᠃ | ᠤᠯᠠᠨ ᠲᠠᠯᠠᠲᠤ ᠪᠠ ᠬᠤᠶᠠᠷ ᠲᠠᠯᠠᠲᠤ ᠠᠵᠤ ᠠᠬᠤᠶ ᠠᠷᠠᠯᠵᠢᠶᠠᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ᠃ | ᠣᠷᠣᠨ ᠪᠦᠰᠡ ᠶᠢᠨ ᠪᠦᠬᠦ ᠲᠠᠯ᠎ᠠ ᠶᠢᠨ ᠠᠵᠤ ᠠᠬᠤᠶ ᠶᠢᠨ ᠬᠠᠨᠢᠲᠠᠨ ᠤ ᠬᠠᠷᠢᠴᠠᠭ᠎ᠠ ᠶᠢᠨ ᠬᠡᠯᠡᠯᠴᠡᠭᠡᠷ ᠨᠢ ᠪᠦᠬᠦ | ᠪᠥᠮᠪᠥᠷᠴᠡᠭ ᠤᠨ ᠬᠠᠮᠤᠭ ᠤᠨ ᠲᠣᠮᠣ ᠴᠢᠯᠥᠭᠡᠲᠦ ᠠᠷᠠᠯᠵᠢᠶᠠᠨ ᠤ ᠣᠷᠣᠨ ᠢ ᠪᠦᠷᠢᠯᠳᠦᠭᠦᠯᠦᠭᠰᠡᠨ ᠶᠤᠮ᠂ ᠠᠵᠤ | ᠠᠬᠤᠶᠢᠯᠠᠯ ᠤᠨ ᠬᠢᠨ ᠤ ᠬᠠᠷᠠᠭᠠᠯᠵᠠᠯᠲᠤ ᠪᠣᠭᠤᠮᠲᠠ ᠶᠢᠨ ᠭᠠᠶᠢᠯᠢ᠂ ᠤᠭ ᠭᠠᠷᠤᠯᠲᠠ ᠶᠢᠨ ᠤᠷᠤᠨ ᠤ ᠬᠤᠷᠠᠮᠳᠤᠯ ᠵᠡᠷᠭᠡ | ᠳᠦᠷᠢᠮᠯᠡᠯ ᠢ ᠰᠠᠶᠢᠲᠤᠷ ᠬᠡᠷᠡᠭᠯᠡᠬᠦ ᠶᠢ ᠳᠡᠮᠵᠢᠵᠦ᠂ ᠠᠷᠠᠯᠵᠢᠶ᠎ᠠ ᠪᠠ ᠪᠡᠯᠡ ᠣᠷᠣᠭᠤᠯᠤᠯᠲᠠ ᠶᠢᠨ ᠬᠠᠮᠲᠤᠷᠠᠯᠴᠠᠭ᠎ᠠ ᠶᠢ | ᠥᠷᠭᠡᠳᠭᠡᠬᠦ ᠬᠡᠷᠡᠭᠲᠡᠶ᠃ ᠨᠡᠩ ᠤᠯᠠᠨ ᠤᠯᠤᠰ ᠪᠠ ᠭᠠᠵᠠᠷ ᠣᠷᠣᠨ ᠯᠤᠭ᠎ᠠ ᠥᠨᠳᠥᠷ ᠪᠠᠷᠢᠮᠵᠢᠶᠠᠲᠤ ᠴᠢᠯᠥᠭᠡᠲᠦ | ᠠᠷᠠᠯᠵᠢᠶᠠᠨ ᠤ ᠬᠡᠯᠡᠯᠴᠡᠭᠡᠷ ᠵᠥᠪᠳᠡᠯᠴᠡᠨ ᠲᠣᠭᠲᠠᠭᠠᠬᠤ ᠶᠢ ᠠᠬᠢᠭᠤᠯᠤᠨ᠎ᠠ᠃ ᠤᠯᠠᠨ ᠲᠠᠯᠠᠲᠤ ᠠᠷᠠᠯᠵᠢᠶᠠᠨ ᠤ ᠪᠠᠶᠢᠭᠤᠯᠤᠯ ᠢ | ᠡᠷᠡᠰ ᠬᠠᠮᠠᠭᠠᠯᠠᠵᠤ᠂ ᠳᠡᠯᠡᠬᠡᠶ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠶᠢᠨ ᠥᠭᠡᠷᠡᠴᠢᠯᠡᠯᠲᠡ ᠳᠤ ᠢᠳᠡᠪᠬᠢᠲᠡᠶ | ᠣᠷᠣᠯᠴᠠᠨ᠎ᠠ᠃ ᠳᠤᠮᠳᠠᠳᠤ ᠤᠯᠤᠰ ᠳᠤᠷᠠᠲᠠᠶ᠎ᠠ ᠳᠡᠯᠡᠬᠡᠢ ᠶᠢᠨ ᠡᠯ᠎ᠡ ᠤᠯᠤᠰ ᠲᠠᠢ ᠬᠠᠷᠢᠯᠴᠠᠨ ᠠᠰᠢᠭᠲᠠᠢ | ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠠᠮᠲᠤ ᠪᠠᠷ ᠢᠶᠠᠨ ᠠᠰᠢᠭ ᠬᠦᠷᠳᠡᠬᠦ ᠪᠠ ᠣᠯᠠᠨ ᠲᠠᠯ᠎ᠠ ᠪᠠᠷ ᠢᠶᠠᠨ ᠠᠰᠢᠭ | ᠬᠦᠷᠳᠡᠬᠦ ᠶᠢ ᠪᠡᠶᠡᠯᠡᠭᠦᠯᠦᠨ᠎ᠠ᠃ | ︵ᠨᠠᠢᠮᠠ︶ ᠠᠮᠢ ᠠᠬᠤᠢ ᠶᠢᠨ ᠣᠷᠴᠢᠨ ᠨᠦᠬᠦᠴᠡᠯ ᠢ ᠦᠷᠭᠦᠯᠵᠢᠯᠡᠨ ᠰᠠᠶᠢᠵᠢᠷᠠᠭᠤᠯᠵᠤ᠂ ᠨᠤᠭᠤᠭᠠᠨ ᠪᠦᠭᠡᠳ | ᠨᠡᠭᠦᠷᠡᠰᠦᠲᠥ᠋ᠷᠥᠭᠴᠢ ᠪᠠᠭᠠᠳᠠᠢ ᠬᠥᠭᠵᠢᠯᠲᠡ ᠶᠢ ᠠᠬᠢᠭᠤᠯᠤᠨ᠎ᠠ᠃ ᠪᠣᠬᠢᠷᠲᠤᠯ ᠢ ᠵᠠᠰᠠᠬᠤ ᠪᠠ ᠠᠮᠢ ᠠᠬᠤᠶ ᠶᠢ ᠬᠠᠮᠠᠭᠠᠯᠠᠵᠤ | ᠵᠠᠰᠠᠨ ᠰᠡᠷᠭᠦᠭᠡᠬᠦ ᠶᠢ ᠴᠢᠩᠭᠠᠳᠬᠠᠵᠤ᠂ ᠬᠥᠭᠵᠢᠯᠲᠡ ᠪᠠ ᠪᠣᠬᠢᠷ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢᠨ | ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ | ᠣᠷᠣᠰᠢᠬᠤ ᠶᠢ ᠠᠬᠢᠭᠤᠯᠤᠨ᠎ᠠ᠃ | ᠠᠮᠢ ᠠᠬᠤᠶ ᠶᠢᠨ ᠣᠷᠴᠢᠨ ᠨᠥᠬᠦᠴᠡᠯ ᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠨ᠎ᠠ᠃ ᠪᠣᠬᠢᠷᠲᠤᠯ ᠢ ᠰᠡᠷᠭᠡᠶᠢᠯᠡᠨ | ᠵᠠᠰᠠᠬᠤ ᠪᠡᠷᠬᠡ ᠰᠡᠳᠦᠪ ᠢ ᠰᠢᠢᠳᠪᠦᠷᠢᠯᠡᠬᠦ ᠲᠠᠶᠢᠨ ᠢ ᠭᠦᠨᠵᠡᠭᠡᠢ ᠰᠠᠶᠢᠳᠤᠷ ᠬᠢᠨ᠎ᠡ᠃ ᠠᠭᠠᠷ ᠮᠠᠨᠳᠠᠯ ᠤᠨ ᠣᠯᠠᠨ ᠪᠣᠬᠢᠷ | ᠪᠣᠳᠠᠰ ᠢ ᠬᠠᠮᠵᠢᠯᠴᠠᠨ ᠬᠢᠵᠠᠭᠠᠷᠯᠠᠬᠤ ᠪᠠ ᠣᠷᠣᠨ ᠪᠦᠰᠡ ᠬᠠᠮᠵᠢᠯᠴᠠᠨ ᠵᠠᠰᠠᠬᠤ ᠶᠢ ᠴᠢᠩᠭᠠᠳᠬᠠᠵᠤ᠂ ᠴᠢᠬᠤᠯᠠ ᠴᠢᠬᠤᠯᠠ | ᠭᠤᠤᠯ ᠮᠥᠷᠡᠨ ᠨᠠᠭᠤᠷ ᠴᠥᠭᠦᠷᠥᠮ᠂ ᠳᠠᠯᠠᠢ ᠶᠢᠨ ᠪᠤᠯᠤᠩ ᠤᠨ ᠪᠣᠬᠢᠷᠲᠤᠯ ᠢ ᠴᠡᠭᠴᠡᠯᠡᠨ ᠵᠠᠰᠠᠬᠤ ᠡᠷᠴᠢᠮ ᠢ | ᠴᠢᠩᠭᠠᠷᠠᠭᠤᠯᠵᠤ᠂ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠦᠷᠭᠦᠯᠵᠢᠯᠡᠨ ᠠᠬᠢᠭᠤᠯᠤᠨ᠎ᠠ᠃ | ᠬᠠᠲᠠᠭᠤ ᠪᠡᠶᠡᠲᠦ ᠬᠠᠶᠠᠭᠳᠠᠮᠠᠯ ᠪᠣᠳᠠᠰ ᠪᠠ ᠰᠢᠨ᠎ᠡ ᠪᠣᠬᠢᠷ ᠪᠣᠳᠠᠰ ᠢ ᠵᠠᠰᠠᠬᠤ ᠠᠵᠢᠯ ᠢ ᠴᠢᠩᠭᠠᠳᠬᠠᠵᠤ᠂ ᠬᠤᠭ ᠨᠣᠪᠰᠢ ᠶᠢ | ᠲᠦᠷᠦᠯ ᠬᠤᠪᠢᠶᠠᠬᠤ᠂ ᠬᠡᠮᠵᠢᠶ᠎ᠡ ᠶᠢ ᠪᠠᠭᠠᠰᠬᠠᠬᠤ ᠪᠠ ᠡᠬᠢ ᠪᠠᠶᠠᠯᠢᠬᠵᠢᠭᠤᠯᠬᠤ ᠶᠢ ᠬᠡᠷᠡᠭᠵᠢᠬᠦᠯᠦᠨ᠎ᠡ᠃ ᠡᠨᠧᠷᠭᠢ ᠠᠷᠪᠢᠯᠠᠬᠤ | ᠤᠰᠤ ᠠᠷᠪᠢᠯᠠᠬᠤ᠂ ᠬᠠᠶᠠᠭᠳᠠᠮᠠᠯ ᠬᠠᠭᠤᠴᠢᠨ ᠡᠳ᠋ ᠪᠣᠳᠠᠰ ᠢ ᠣᠷᠴᠢᠯᠳᠤᠭᠤᠯᠤᠨ ᠠᠰᠢᠭᠯᠠᠬᠤ ᠵᠡᠷᠭᠡ ᠣᠷᠴᠢᠨ ᠠᠬᠤᠶ ᠶᠢᠨ | ᠬᠠᠮᠠᠭᠠᠯᠠᠯᠳᠠ ᠶᠢᠨ ᠠᠵᠤ ᠦᠢᠯᠡᠰ ᠢ ᠳᠡᠮᠵᠢᠬᠦ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠦᠨ᠎ᠡ᠃ ᠠᠮᠢ ᠠᠬᠤᠢ ᠶᠢᠨ | ᠣᠷᠴᠢᠨ ᠨᠦᠬᠦᠴᠡᠯ ᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠤᠯᠤᠰ ᠤᠨ ᠨᠤᠳᠤᠬ | ᠲᠡᠪᠢᠰᠭᠡᠷ ᠤᠨ ᠨᠣᠭᠤᠭᠠᠷᠠᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠥᠷᠨᠢᠭᠦᠯᠦᠨ᠂ ᠠᠭᠤᠯᠠ ᠤᠰᠤ ᠣᠢ ᠮᠣᠳᠣ ᠭᠠᠵᠠᠷ | ᠲᠠᠷᠢᠶ᠎ᠠ ᠨᠠᠭᠤᠷ ᠲᠤᠭᠤᠷᠢᠮ ᠨᠤᠲᠤᠭ ᠪᠡᠯᠴᠢᠭᠡᠷ ᠡᠯᠡᠰᠦ ᠮᠠᠩᠬ᠎ᠠ ᠶᠢ ᠰᠢᠰᠲ᠋ᠧᠮ ᠲᠠᠢ ᠵᠠᠰᠠᠬᠤ ᠶᠢ ᠨᠢᠭᠡᠳᠦᠯᠲᠡᠶ ᠲᠥᠯᠥᠪᠯᠡᠵᠦ᠂ | ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠨ᠂ ᠤᠯᠤᠰ ᠤᠨ ᠴᠡᠴᠡᠷᠯᠢᠭ ᠢᠶᠠᠷ ᠭᠤᠤᠯ ᠴᠣᠭᠴᠠ ᠪᠣᠯᠭᠠᠭᠰᠠᠨ | ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠰᠢᠰᠲ᠋ᠧᠮ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠮᠠᠨ ᠤ | ᠠᠮᠢᠳᠤᠷᠠᠵᠤ ᠪᠠᠶᠢᠭ᠎ᠠ ᠬᠡᠷ ᠣᠷᠣᠨ ᠢᠶᠠᠨ ᠨᠠᠩ ᠨᠣᠭᠤᠭᠠᠨ ᠨᠠᠩ ᠦᠵᠡᠰᠭᠦᠯᠡᠩᠲᠦ ᠰᠠᠶᠢᠬᠠᠨ ᠪᠣᠯᠭᠠᠨ᠎ᠠ᠃ | ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠣᠷᠭᠢᠯ ᠬᠡᠮᠵᠢᠭᠳᠡᠯ ᠳᠤᠨᠢ ᠬᠦᠷᠭᠡᠬᠦ᠂ ᠨᠡᠭᠦᠷᠡᠰᠦᠲᠥ᠋ᠷᠥᠭᠴᠢ ᠶᠢᠨ | ᠭᠠᠳᠠᠭᠰᠢᠯᠠᠭᠤᠯᠤᠯᠲᠠ ᠶᠢ ᠰᠠᠭᠠᠷᠮᠠᠭᠵᠢᠭᠤᠯᠬᠤ ᠠᠵᠢᠯ ᠢ ᠡᠮᠬᠢ ᠵᠢᠷᠤᠮ ᠲᠠᠢ ᠠᠬᠢᠭᠤᠯᠤᠨ᠎ᠠ᠃ ᠨᠡᠭᠦᠷᠡᠰᠦᠲᠥ᠋ᠷᠥᠭᠴᠢ ᠶᠢᠨ | ᠭᠠᠳᠠᠭᠰᠢᠯᠠᠭᠤᠯᠤᠯᠲᠠ ᠶᠢ ᠣᠷᠭᠢᠯ ᠬᠡᠮᠵᠢᠭᠳᠡᠯ ᠳᠤᠨᠢ ᠬᠦᠷᠭᠡᠬᠦ ᠠᠵᠢᠯᠯᠠᠭᠠᠨ ᠤ ᠲᠥᠰᠦᠯ ᠢ ᠨᠠᠶᠢᠳᠠᠪᠤᠷᠢᠵᠢᠭᠤᠯᠤᠨ᠎ᠠ᠃ | ᠡᠨᠧᠷᠭᠢ ᠶᠢᠨ ᠰᠤᠷᠪᠤᠯᠵᠢ ᠶᠢᠨ ᠬᠤᠪᠢᠰᠬᠠᠯ ᠢ ᠠᠬᠢᠭᠤᠯᠵᠤ᠂ ᠡᠨᠧᠷᠭᠢ ᠶᠢᠨ ᠰᠤᠷᠪᠤᠯᠵᠢ ᠶᠢᠨ ᠬᠠᠩᠭᠠᠯᠭ᠎ᠠ ᠶᠢ ᠪᠠᠲᠤᠯᠠᠵᠤ᠂ | ᠡᠬᠢ ᠪᠠᠶᠠᠯᠢᠭ ᠤᠨ ᠤᠤᠷ ᠪᠠᠶᠢᠳᠠᠯ ᠳᠤ ᠰᠠᠭᠤᠷᠢᠯᠠᠨ ᠤᠷᠢᠳ ᠢᠶᠠᠷ ᠰᠢᠨ᠎ᠡ ᠶᠢ ᠪᠠᠶᠢᠭᠤᠯᠵᠤ ᠳᠠᠷᠠᠭ᠎ᠠ ᠨᠢ ᠬᠠᠭᠤᠴᠢᠨ ᠢ | ᠡᠪᠳᠡᠬᠦ᠂ ᠪᠦᠬᠦ ᠲᠠᠯ᠎ᠠ ᠪᠠᠷ ᠤᠬᠠᠭᠠᠯᠠᠨ ᠲᠥᠯᠥᠪᠯᠡᠬᠦ ᠶᠢ ᠪᠠᠷᠢᠮᠲᠠᠯᠠᠵᠤ᠂ ᠡᠨᠧᠷᠭᠢ ᠶᠢᠨ ᠰᠤᠷᠪᠤᠯᠵᠢ ᠶᠢᠨ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠶᠢᠨ ᠬᠤᠪᠢᠷᠠᠭᠤᠯᠤᠯᠲᠠ ᠶᠢ ᠠᠬᠢᠭᠤᠯᠤᠨ᠎ᠠ᠃ ᠨᠡᠭᠦᠷᠡᠰᠦ ᠶᠢ | ᠠᠷᠢᠭᠤᠨ ᠴᠡᠪᠡᠷ ᠥᠨᠳᠥᠷ ᠪᠦᠲᠦᠮᠵᠢᠲᠡᠶ ᠪᠠᠷ ᠠᠰᠢᠭᠯᠠᠬᠤ ᠶᠢ ᠴᠢᠩᠭᠠᠳᠬᠠᠵᠤ᠂ ᠡᠮᠬᠢ ᠵᠢᠷᠤᠮ ᠲᠠᠢ ᠪᠠᠷ ᠬᠡᠷᠡᠭᠯᠡᠯᠳᠡ ᠶᠢ ᠨᠢ | ᠪᠠᠭᠠᠰᠬᠠᠨ ᠣᠷᠣᠯᠠᠭᠤᠯᠵᠦ᠂ ᠨᠡᠭᠦᠷᠡᠰᠦᠨ ᠴᠠᠬᠢᠯᠭᠠᠨ ᠤ ᠡᠨᠧᠷᠭᠢ ᠠᠷᠪᠢᠯᠠᠨ ᠨᠡᠭᠦᠷᠡᠰᠦᠲᠥ᠋ᠷᠥᠭᠴᠢ ᠶᠢᠨ | ᠭᠠᠳᠠᠬᠰᠢᠯᠠᠭᠤᠯᠤᠯᠳᠠ ᠶᠢ ᠪᠠᠭᠤᠷᠠᠭᠤᠯᠬᠤ ᠥᠭᠡᠷᠡᠴᠢᠯᠡᠯᠲᠡ᠂ ᠠᠮᠢᠳᠤᠯᠢᠭ ᠴᠢᠨᠠᠷᠲᠠᠶ ᠥᠭᠡᠷᠡᠴᠢᠯᠡᠯᠲᠡ᠂ ᠢᠯᠴᠢ | ᠬᠠᠩᠭᠠᠯᠭ᠎ᠠ ᠶᠢᠨ ᠥᠭᠡᠷᠡᠴᠢᠯᠡᠯᠲᠡ ᠶᠢ ᠠᠬᠢᠭᠤᠯᠤᠨ᠎ᠠ᠃ ᠲᠣᠮᠣ ᠬᠡᠯᠪᠡᠷᠢ ᠶᠢᠨ ᠰᠠᠯᠬᠢᠨ ᠴᠠᠬᠢᠯᠭᠠᠨ ᠭᠡᠷᠡᠯ ᠴᠠᠬᠢᠯᠭᠠᠨ ᠤ | ᠰᠠᠭᠤᠷᠢᠨ ᠭᠠᠵᠠᠷ ᠵᠢᠴᠢ ᠲᠡᠬᠦᠨ ᠤ ᠢᠵᠢ ᠪᠦᠷᠢᠳᠦᠭᠦᠯᠦᠨ ᠲᠣᠬᠢᠷᠠᠭᠤᠯᠬᠤ ᠴᠢᠨᠠᠷᠲᠠᠶ ᠴᠠᠬᠢᠯᠭᠠᠨ ᠡᠭᠦᠰᠭᠡᠭᠴᠢ ᠶᠢ | ᠲᠥᠯᠥᠪᠵᠢᠭᠦᠯᠦᠨ ᠪᠦᠲᠦᠭᠡᠨ ᠪᠠᠶᠢᠭᠤᠯᠬᠤ ᠶᠢ ᠠᠬᠢᠭᠤᠯᠵᠤ᠂ ᠤᠰᠤ ᠳᠠᠳᠠᠵᠦ ᠡᠨᠧᠷᠬᠢ ᠬᠤᠷᠠᠮᠳᠤᠭᠤᠯᠬᠤ ᠴᠠᠬᠢᠯᠭᠠᠨ | ᠭᠠᠷᠭᠠᠬᠤ ᠦᠷᠳᠡᠭᠡ ᠶᠢᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠵᠦ᠂ ᠴᠠᠬᠢᠯᠭᠠᠨ ᠤ ᠲᠤᠤᠷ ᠤᠨ ᠳᠠᠬᠢᠨ ᠡᠭᠦᠰᠴᠦ | ᠪᠣᠯᠬᠤ ᠡᠨᠧᠷᠭᠢ ᠶᠢᠨ ᠰᠤᠷᠪᠤᠯᠵᠢ ᠪᠠᠷ ᠭᠠᠷᠭᠠᠬᠰᠠᠨ ᠴᠠᠬᠢᠯᠭᠠᠨ ᠢ ᠰᠢᠩᠭᠡᠭᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠮᠢᠳᠤ | ᠪᠤᠳᠠᠰ ᠤᠨ ᠮᠠᠰ ᠡᠨᠧᠷᠬᠢ ᠶᠢᠨ ᠬᠦᠭᠵᠢᠯᠳᠡ ᠶᠢ ᠳᠠᠮᠵᠢᠨ᠎ᠡ᠃ ᠨᠤᠭᠤᠭᠠᠨ ᠪᠦᠭᠡᠳ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠮᠡᠷᠭᠡᠵᠢᠯ ᠢ ᠰᠤᠳᠤᠯᠤᠨ ᠨᠡᠭᠡᠭᠡᠬᠦ ᠪᠠ ᠳᠡᠯᠭᠡᠷᠡᠭᠦᠯᠦᠨ ᠬᠡᠷᠡᠭᠯᠡᠬᠦ ᠶᠢ ᠠᠬᠢᠭᠤᠯᠵᠤ᠂ ᠨᠤᠭᠤᠭᠠᠨ | ᠦᠢᠯᠡᠳᠬᠦ ᠦᠢᠯᠡᠰ ᠪᠠ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ᠪᠣᠯᠣᠳ ᠲᠡᠮᠦᠷ᠂ ᠥᠩᠭᠡᠲᠦ ᠲᠡᠮᠦᠷᠯᠢᠭ᠂ | ᠴᠢᠯᠠᠭᠤᠨ ᠲᠣᠰᠣᠨ ᠤ ᠬᠢᠮᠢ ᠶᠢᠨ ᠠᠵᠤ ᠦᠢᠯᠡᠳᠪᠦᠷᠢ᠂ ᠬᠢᠮᠢ ᠶᠢᠨ ᠠᠵᠤ ᠦᠢᠯᠡᠳᠪᠦᠷᠢ᠂ ᠪᠠᠷᠢᠯᠭ᠎ᠠ ᠶᠢᠨ ᠮᠠᠲ᠋ᠧᠷᠢᠶᠠᠯ | ᠵᠡᠷᠭᠡ ᠠᠵᠢᠯ ᠲᠥᠷᠥᠯ ᠤᠨ ᠡᠨᠧᠷᠭᠢ ᠠᠷᠪᠢᠯᠠᠬᠤ ᠪᠠ ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠶᠢ | ᠪᠠᠭᠤᠷᠠᠭᠤᠯᠬᠤ ᠶᠢ ᠠᠬᠢᠭᠤᠯᠵᠦ᠂ ᠵᠠᠮ ᠬᠠᠷᠢᠯᠴᠠᠭ᠎ᠠ ᠪᠠ ᠪᠠᠷᠢᠯᠭ᠎ᠠ ᠶᠢᠨ ᠡᠨᠧᠷᠬᠢ ᠠᠷᠪᠢᠯᠠᠬᠤ ᠶᠢ ᠴᠢᠩᠭᠠᠳᠬᠠᠨ᠎ᠠ᠃ | ᠡᠨᠧᠷᠭᠢ ᠶᠢᠨ ᠬᠤᠷᠣᠭᠳᠠᠭᠤᠯᠤᠯ ᠶᠡᠬᠡᠲᠡᠶ᠂ ᠨᠡᠬᠦᠷᠡᠰᠦᠳᠦ᠋ᠷᠦᠭᠴᠢ ᠶᠢᠨ ᠭᠠᠳᠠᠭᠰᠢᠯᠠᠭᠤᠯᠤᠯᠲᠠ ᠶᠡᠬᠡᠲᠡᠶ᠂ ᠳᠣᠤᠷ᠎ᠠ | ᠲᠦᠪᠰᠢᠨᠳᠦ ᠲᠥᠰᠦᠯ ᠢ ᠰᠣᠬᠤᠷ ᠪᠠᠯᠠᠶ ᠪᠠᠷ ᠬᠥᠭᠵᠢᠭᠦᠯᠬᠦ ᠶᠢ ᠡᠷᠡᠰ ᠬᠤᠷᠢᠭᠯᠠᠨ᠎ᠠ᠃ ᠠᠮᠢ ᠠᠬᠤᠢ ᠶᠢᠨ ᠰᠢᠰᠲ᠋ᠧᠮ ᠤᠨ | ᠨᠡᠭᠦᠷᠡᠰᠦᠳᠦ᠋ᠷᠦᠭᠴᠢ ᠶᠢ ᠬᠤᠷᠠᠮᠳᠤᠭᠤᠯᠬᠤ ᠴᠢᠳᠠᠪᠤᠷᠢ ᠶᠢ ᠳᠡᠭᠡᠭᠰᠢᠯᠡᠬᠦᠯᠦᠨ᠎ᠡ᠃ ᠡᠨᠧᠷᠭᠢ ᠶᠢᠨ ᠬᠤᠷᠣᠭᠳᠠᠭᠤᠯᠤᠯ ᠤᠨ ︽ | ᠬᠤᠣᠰ ᠬᠢᠵᠠᠭᠠᠷᠯᠠᠯ︾ ᠠᠴᠠ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠳᠠ ᠶᠢᠨ ᠶᠡᠷᠦᠩᠬᠡᠶ ᠬᠡᠮᠵᠢᠶ᠎ᠡ ᠪᠠ | ᠬᠦᠴᠦᠯᠡᠴᠡ ᠶᠢᠨ ︽ᠬᠤᠣᠰ ᠬᠢᠵᠠᠭᠠᠷᠯᠠᠯ︾ ᠳᠤ ᠰᠢᠯᠵᠢᠬᠦ ᠬᠤᠪᠢᠷᠠᠭᠤᠯᠤᠯᠳᠠ ᠶᠢ ᠠᠬᠢᠭᠤᠯᠵᠤ᠂ ᠪᠣᠬᠢᠷᠲᠤᠯ ᠢ ᠪᠠᠭᠠᠰᠬᠠᠬᠤ | ᠪᠠ ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠶᠢ ᠪᠠᠭᠤᠷᠠᠭᠤᠯᠬᠤ ᠶᠢ ᠤᠷᠮᠠᠰᠢᠭᠤᠯᠬᠤ ᠪᠠ ᠬᠢᠵᠠᠭᠠᠷᠯᠠᠬᠤ ᠲᠦᠷᠦ ᠶᠢᠨ | ᠪᠤᠳᠤᠯᠭ᠎ᠠ ᠶᠢ ᠲᠡᠭᠦᠯᠳᠡᠷᠵᠢᠭᠦᠯᠵᠦ᠂ ᠨᠤᠭᠤᠭᠠᠨ ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠢ ᠲᠦᠷᠭᠡᠯᠡᠨ ᠪᠤᠢ | ᠪᠣᠯᠭᠠᠨ᠎ᠠ᠃ | ︵ᠶᠢᠰᠦ︶ ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠨ ᠰᠠᠶᠢᠵᠢᠷᠠᠭᠤᠯᠵᠤ᠂ ᠨᠡᠶᠢᠭᠡᠮ ᠤᠨ ᠵᠠᠰᠠᠯᠲᠠ ᠶᠢ | ᠴᠢᠩᠭᠠᠳᠬᠠᠨ ᠰᠢᠨ᠎ᠡ ᠶᠢ ᠡᠭᠦᠳᠦᠨ᠎ᠡ᠃ ᠪᠦᠬᠦ ᠴᠢᠳᠠᠯ ᠢᠶᠠᠷ ᠢᠶᠠᠨ ᠴᠢᠷᠮᠠᠶᠢᠬᠤ ᠪᠠ ᠴᠢᠳᠠᠯ ᠤᠨ ᠢᠶᠠᠨ ᠬᠢᠷᠢ ᠲᠤᠳᠤᠷ᠎ᠠ | ᠬᠢᠬᠦ ᠶᠢ ᠪᠠᠷᠢᠮᠲᠠᠯᠠᠵᠤ᠂ ᠤᠯᠠᠨ ᠨᠡᠶᠢᠲᠡ ᠶᠢᠨ ᠦᠢᠯᠡᠴᠢᠯᠡᠭᠡᠨ ᠤ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠦᠨ᠂ | ᠠᠷᠠᠳ ᠤᠯᠠᠨ ᠤ ᠨᠡᠶᠢᠳᠡᠮ ᠠᠩᠬᠠᠷᠴᠤ ᠪᠠᠶᠢᠭ᠎ᠠ ᠠᠷᠠᠳ ᠤᠨ ᠠᠮᠢᠳᠤᠷᠠᠯ ᠤᠨ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ | ᠰᠤᠷᠭᠠᠨ ᠬᠥᠮᠦᠵᠢᠯ ᠤᠨ ᠭᠤᠤᠯᠴᠢ ᠲᠡᠭᠰᠢ ᠪᠠᠶᠢᠬᠤ ᠪᠠ ᠶᠠᠰᠤ ᠴᠢᠨᠠᠷ ᠢ ᠳᠡᠭᠡᠭᠰᠢᠯᠡᠬᠦᠯᠬᠦ ᠶᠢ ᠠᠬᠢᠭᠤᠯᠤᠨ᠎ᠠ᠃ ᠶᠣᠰᠣ | ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠤᠨ᠎ᠠ᠃ ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠴᠢᠨᠠᠷ ᠰᠠᠶᠢᠲᠠᠶ ᠪᠦᠭᠡᠳ ᠲᠡᠩᠴᠡᠭᠦᠷᠢᠲᠡᠶ ᠬᠥᠭᠵᠢᠬᠦ ᠪᠠ ᠬᠤᠲᠠ ᠬᠥᠳᠡᠭᠡ ᠶᠢ ᠨᠢᠭᠡ | ᠴᠣᠭᠴᠠᠵᠢᠭᠤᠯᠬᠤ ᠶᠢ ᠠᠬᠢᠭᠤᠯᠵᠤ᠂ ᠪᠠᠶᠢᠩᠭᠤ ᠰᠠᠭᠤᠭ᠎ᠠ ᠬᠥᠮᠦᠨ ᠠᠮᠠ ᠶᠢᠨ ᠬᠡᠪᠴᠢᠶ᠎ᠡ ᠶᠢ ᠦᠨᠳᠦᠰᠦᠯᠡᠨ ᠰᠤᠷᠭᠠᠨ | ᠬᠥᠮᠦᠵᠢᠯ ᠤᠨ ᠡᠬᠢ ᠪᠠᠶᠠᠯᠢᠭ ᠢ ᠲᠣᠬᠢᠷᠠᠭᠤᠯᠵᠤ᠂ ᠰᠤᠷᠭᠠᠭᠤᠯᠢ ᠳᠤ ᠣᠷᠣᠬᠤ ᠨᠠᠰᠤᠨ ᠤ ᠬᠡᠦᠬᠡᠳ ᠤᠨ ᠭᠡᠷ ᠠᠴᠠ ᠪᠠᠨ | ᠣᠶᠢᠷᠠᠯᠴᠠᠭ᠎ᠠ ᠰᠤᠷᠭᠠᠭᠤᠯᠢ ᠳᠤ ᠣᠷᠣᠬᠤ ᠶᠢ ᠪᠠᠲᠤᠯᠠᠵᠦ᠂ ᠬᠤᠳᠠ ᠤᠷᠤᠵᠦ ᠬᠦᠯᠦᠰᠦᠨ ᠠᠵᠢᠯ ᠬᠢᠭᠰᠡᠳ ᠤᠨ ᠦᠷ᠎ᠡ | ᠬᠡᠤᠬᠡᠳ ᠤᠨ ᠰᠤᠷᠭᠠᠭᠤᠯᠢ ᠳᠤ ᠰᠠᠭᠤᠬᠤ ᠠᠰᠠᠭᠤᠳᠠᠯ ᠢ ᠰᠠᠶᠢᠳᠤᠷ ᠰᠢᠢᠳᠪᠦᠷᠢᠯᠡᠨ᠎ᠡ᠃ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠪᠠᠭᠰᠢ ᠶᠢᠨ ᠴᠠᠯᠢᠩ ᠬᠠᠷᠠᠭᠠᠯᠵᠠᠯ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠤ | ᠪᠠᠭᠰᠢ ᠶᠢ ᠬᠠᠨᠳᠤᠯᠭ᠎ᠠ ᠲᠠᠢ ᠪᠠᠷ ᠬᠥᠮᠦᠵᠢᠭᠦᠯᠬᠦ᠂ ᠠᠵᠢᠯ ᠤᠨ ᠪᠠᠶᠢᠷᠢ ᠲᠡᠭᠡᠷ᠎ᠠ ᠨᠢ ᠪᠣᠯᠪᠠᠰᠤᠷᠠᠭᠤᠯᠬᠤ ᠪᠠ | ᠬᠠᠷᠠᠭᠠᠯᠵᠠᠯ ᠢ ᠨᠢ ᠪᠠᠲᠤᠯᠠᠬᠤ ᠶᠢ ᠴᠢᠩᠭᠠᠳᠬᠠᠨ᠎ᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ | ᠳᠠᠷᠤᠭᠠᠰᠤ ᠶᠢ ᠬᠥᠩᠭᠡᠷᠡᠭᠦᠯᠬᠦ ᠠᠵᠢᠯ ᠢ ᠦᠷᠭᠦᠯᠵᠢᠯᠡᠨ ᠰᠠᠶᠢᠲᠤᠷ ᠬᠢᠨ᠎ᠡ᠃ ᠲᠦᠭᠡᠮᠡᠯ ᠬᠠᠷᠠᠭᠠᠯᠵᠠᠯ ᠤᠨ ᠴᠢᠨᠠᠷᠲᠠᠶ | ᠰᠤᠷᠭᠠᠭᠤᠯᠢ ᠳᠤ ᠤᠷᠤᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠡᠬᠢ ᠪᠠᠶᠠᠯᠢᠭ ᠢ ᠣᠯᠠᠨ ᠠᠷᠭ᠎ᠠ ᠵᠠᠮ ᠢᠶᠠᠷ | ᠨᠡᠮᠡᠭᠳᠡᠭᠦᠯᠦᠨ᠎ᠡ᠃ ᠰᠢᠶᠠᠨ ᠤ ᠬᠡᠪᠴᠢᠶᠠᠨ ᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠨ᠎ᠠ᠃ ᠣᠨᠴᠠᠭᠠᠶ ᠰᠤᠷᠭᠠᠨ ᠬᠥᠮᠦᠵᠢᠯ᠂ ᠦᠷᠭᠦᠯᠵᠢᠯᠡᠯ ᠰᠤᠷᠭᠠᠨ ᠬᠥᠮᠦᠵᠢᠯ᠂ ᠳᠤᠰᠬᠠᠢ | ᠰᠤᠷᠭᠠᠨ ᠬᠦᠮᠦᠵᠢᠯ ᠢ ᠰᠠᠶᠢᠲᠤᠷ ᠡᠷᠬᠢᠯᠡᠵᠤ᠂ ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠤᠨ ᠬᠥᠭᠵᠢᠯᠲᠡ ᠶᠢ | ᠵᠢᠷᠤᠮᠵᠢᠭᠤᠯᠤᠨ᠎ᠠ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠲᠦᠭᠡᠮᠡᠯᠵᠢᠬᠦᠯᠦᠯᠳᠡ ᠶᠢᠨ | ᠬᠡᠮᠵᠢᠶ᠎ᠡ ᠪᠠ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠤᠳᠤ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠦᠮᠦᠵᠢᠯ ᠢ | ᠬᠦᠭᠵᠢᠬᠦᠯᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠤᠷᠭᠠᠭᠤᠯᠢ ᠡᠷᠬᠢᠯᠡᠬᠦ ᠨᠥᠬᠦᠴᠡᠯ ᠢ ᠰᠠᠶᠢᠵᠢᠷᠠᠭᠤᠯᠵᠤ᠂ | ᠦᠢᠯᠡᠳᠪᠦᠷᠢᠯᠡᠯ ᠵᠢᠭᠠᠨ ᠰᠤᠷᠭᠠᠯᠲᠠ ᠶᠢ ᠠᠭᠤᠰᠤᠯᠴᠠᠭᠤᠯᠤᠨ ᠰᠤᠷᠭᠠᠭᠤᠯᠢ ᠡᠷᠬᠢᠯᠡᠬᠦ ᠪᠠᠶᠢᠭᠤᠯᠤᠯ ᠢ ᠲᠡᠭᠦᠯᠳᠡᠷᠵᠢᠭᠦᠯᠵᠦ᠂ | ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠵᠤᠬᠢᠴᠠᠯᠳᠤ ᠴᠢᠨᠠᠷ ᠢ ᠴᠢᠩᠭᠠᠳᠬᠠᠨ᠎ᠠ᠃ ᠳᠡᠭᠡᠳᠤ ᠵᠡᠷᠭᠡ ᠶᠢᠨ ᠰᠤᠷᠭᠠᠨ | ᠬᠥᠮᠦᠵᠢᠯ ᠤᠨ ᠠᠭᠤᠯᠤᠭᠳᠠᠬᠤᠨ ᠤ ᠬᠡᠯᠪᠡᠷᠢᠳᠦ ᠬᠥᠭᠵᠢᠯᠲᠡ ᠶᠢ ᠠᠬᠢᠭᠤᠯᠵᠤ᠂ ᠳᠡᠭᠡᠳᠤ ᠵᠡᠷᠭᠡ ᠶᠢᠨ ᠰᠤᠷᠭᠠᠨ | ᠬᠥᠮᠦᠵᠢᠯ ᠤᠨ ᠪᠠᠶᠢᠷᠢᠰᠢᠯ ᠢ ᠰᠢᠯᠢᠳᠡᠭᠵᠢᠬᠦᠯᠵᠦ᠂ ᠲᠡᠷᠢᠭᠦᠨ ᠵᠡᠷᠭᠡ ᠶᠢᠨ ᠶᠡᠭᠡ ᠰᠤᠷᠭᠠᠭᠤᠯᠢ ᠪᠣᠯᠤᠨ ᠲᠡᠷᠢᠭᠦᠨ ᠵᠡᠷᠭᠡ ᠶᠢᠨ | ᠰᠢᠨᠵᠢᠯᠡᠭᠡᠨ ᠤ ᠰᠠᠯᠠᠭ᠎ᠠ ᠶᠢ ᠲᠥᠷᠥᠯ ᠬᠤᠪᠢᠶᠠᠨ ᠪᠦᠲᠦᠭᠡᠨ ᠪᠠᠶᠢᠭᠤᠯᠵᠤ᠂ ᠪᠠᠶᠢᠭᠠᠯᠢ ᠢᠨᠵᠧᠨᠧᠷᠢᠩ ᠠᠵᠤ ᠦᠢᠯᠡᠳᠪᠦᠷᠢ | ᠲᠠᠷᠢᠶᠠᠯᠠᠩ ᠡᠮᠨᠡᠯᠭᠡ ᠶᠢᠨ ᠲᠥᠷᠥᠯ ᠤᠨ ᠲᠤᠰᠬᠠᠶ ᠮᠡᠷᠭᠡᠵᠢᠯ ᠤᠨ ᠲᠤᠳᠠᠬᠳᠠᠵᠦ ᠪᠠᠶᠢᠭ᠎ᠠ ᠴᠢᠳᠠᠪᠤᠷᠢᠲᠠᠨ ᠢ ᠲᠦᠷᠭᠡᠯᠡᠨ | ᠬᠥᠮᠦᠵᠢᠭᠦᠯᠵᠦ᠂ ᠳᠤᠮᠳᠠ ᠬᠡᠰᠡᠭ ᠪᠠᠷᠠᠭᠤᠨ ᠬᠡᠰᠡᠭ ᠤᠨ ᠭᠠᠵᠠᠷ ᠣᠷᠣᠨ ᠤ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ | ᠬᠥᠭᠵᠢᠯᠲᠡ ᠶᠢ ᠲᠡᠮᠵᠢᠨ᠎ᠠ᠃ ᠶᠡᠭᠡ ᠳᠡᠭᠡᠳᠦ ᠰᠤᠷᠭᠠᠭᠤᠯᠢ ᠳᠤ ᠰᠤᠷᠤᠬᠴᠢ ᠡᠯᠰᠡᠬᠦ ᠳᠤ ᠳᠤᠮᠳᠠ ᠬᠡᠰᠡᠭ ᠪᠠᠷᠠᠭᠤᠨ ᠬᠡᠰᠡᠭ | ᠪᠠ ᠬᠥᠳᠡᠭᠡ ᠲᠣᠰᠬᠤᠨ ᠤ ᠭᠠᠵᠠᠷ ᠣᠷᠣᠨ ᠲᠡᠶᠢᠰᠢ ᠬᠡᠯᠪᠠᠶᠢᠯᠭᠡᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠤᠨ᠎ᠠ᠃ | ᠪᠠᠭᠰᠢ ᠶᠢᠨ ᠶᠤᠰᠤ ᠰᠤᠷᠳᠠᠬᠤᠨ ᠪᠠᠭᠰᠢ ᠶᠢᠨ ᠬᠡᠪ ᠰᠤᠷᠳᠠᠯ ᠤᠨ ᠪᠠᠶᠢᠭᠤᠯᠤᠯᠳᠠ ᠶᠢ ᠴᠢᠩᠭᠠᠳᠬᠠᠨ᠎ᠠ᠃ ᠰᠤᠷᠭᠠᠭᠤᠯᠢ ᠭᠡᠷ | ᠪᠦᠯᠢ ᠨᠡᠶᠢᠭᠡᠮ ᠬᠠᠮᠵᠢᠯᠴᠠᠨ ᠬᠥᠮᠦᠨ ᠬᠥᠮᠦᠵᠢᠭᠦᠯᠬᠦ ᠲᠣᠭᠲᠠᠴᠠ ᠶᠢ ᠪᠦᠷᠢᠨᠰᠢᠭᠦᠯᠦᠨ᠎ᠡ᠃ ᠰᠦᠯᠵᠢᠶᠡᠨ ᠳᠡᠭᠡᠷᠡᠬᠢ ᠰᠤᠷᠭᠠᠨ | ᠬᠦᠮᠦᠵᠢᠯ ᠢ ᠬᠦᠭᠵᠢᠭᠦᠯᠦᠨ᠎ᠡ᠃ ᠪᠦᠬᠦ ᠨᠡᠶᠢᠭᠡᠮ ᠢᠶᠠᠷ ᠢᠶᠠᠨ ᠪᠠᠭᠰᠢ ᠶᠢ ᠬᠦᠨᠳᠦᠯᠡᠵᠦ ᠰᠤᠷᠭᠠᠨ ᠬᠦᠮᠦᠵᠢᠯ ᠢ | ᠴᠢᠬᠤᠯᠠᠴᠢᠯᠠᠬᠤ ᠶᠢ ᠰᠠᠨᠠᠭᠠᠴᠢᠯᠠᠨ᠎ᠠ᠃ ᠮᠠᠨ ᠤ ᠤᠯᠤᠰ ᠤᠨ ᠰᠤᠷᠭᠠᠭᠤᠯᠢ ᠳᠤ ᠪᠠᠶᠢᠭ᠎ᠠ ᠰᠤᠷᠤᠬᠴᠢ 2.9 ᠳ᠋ᠦᠩᠰᠢᠭᠤᠷ ᠪᠤᠢ | ᠂ ᠰᠤᠷᠭᠠᠨ ᠬᠦᠮᠦᠵᠢᠯ ᠭᠡᠬᠦ ᠡᠨᠡ ᠬᠦ ᠲᠦᠭ ᠲᠦᠮᠡᠨ ᠠᠶᠢᠯ ᠡᠷᠦᠬᠡ ᠪᠠ ᠳᠤᠮᠳᠠᠳᠤ ᠶᠢᠨ ᠦᠨᠳᠦᠰᠦᠲᠡᠨ ᠤ ᠢᠷᠡᠭᠡᠳᠦᠶ ᠳᠤ | ᠬᠤᠯᠪᠤᠬᠳᠠᠬᠤ ᠲᠤᠮᠤ ᠶᠡᠪᠤᠳᠠᠯ ᠢ ᠰᠠᠶᠢᠲᠤᠷ ᠡᠷᠬᠢᠯᠡᠬᠦ ᠶᠢ ᠪᠠᠷᠢᠮᠲᠠᠯᠠᠬᠤ ᠬᠡᠷᠡᠭᠲᠡᠶ᠃ | ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠠᠭᠤᠭᠠᠯᠢ ᠠᠷᠠᠳ ᠤᠨ | ᠡᠮᠨᠡᠯᠭᠡ ᠶᠢᠨ ᠳᠠᠭᠠᠳᠬᠠᠯ ᠪᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠨᠳᠦᠰᠦᠨ ᠦᠢᠯᠡᠴᠢᠯᠡᠭᠡᠨ ᠤ ᠵᠠᠷᠤᠳᠠᠯ ᠤᠨ | ᠬᠥᠮᠦᠨ ᠳᠤᠮᠳᠠᠴᠢ ᠶᠢᠨ ᠡᠳ᠋ ᠤᠨ ᠵᠠᠰᠠᠭ ᠤᠨ ᠨᠥᠬᠦᠪᠥᠷᠢ ᠶᠢᠨ ᠪᠠᠷᠢᠮᠵᠢᠶ᠎ᠠ ᠶᠢ ᠲᠠᠬᠢᠭᠠᠳ ᠲᠣᠰ ᠲᠣᠰ 30 ᠲᠥᠭᠦᠷᠢᠭ ᠪᠠ | 5 ᠲᠥᠭᠦᠷᠢᠭ ᠳᠡᠭᠡᠭᠰᠢᠯᠡᠭᠦᠯᠵᠦ᠂ ᠦᠨᠳᠦᠰᠦᠨ ᠡᠮᠨᠡᠯᠭᠡ ᠶᠢᠨ ᠳᠠᠭᠠᠳᠬᠠᠯ ᠢ ᠮᠤᠵᠢ ᠶᠢᠨ ᠱᠠᠲᠤᠨ ᠳᠤ ᠨᠢᠭᠡᠳᠦᠯᠲᠡᠶ | ᠲᠥᠯᠥᠪᠯᠡᠬᠦ ᠶᠢ ᠠᠬᠢᠭᠤᠯᠤᠨ᠎ᠠ᠃ ᠡᠮ ᠤᠨ ᠵᠦᠢᠯ ᠪᠠ ᠥᠨᠳᠥᠷ ᠦᠷᠲᠡᠭᠲᠦ ᠡᠮᠨᠡᠯᠭᠡ ᠶᠢᠨ ᠬᠡᠷᠡᠭᠯᠡᠭᠡᠨ ᠤ ᠬᠤᠷᠤᠬᠳᠠᠯ | ᠮᠠᠲ᠋ᠧᠷᠢᠶᠠᠯ ᠢ ᠲᠥᠪᠯᠡᠷᠡᠭᠦᠯᠦᠨ ᠬᠡᠮᠵᠢᠶᠡᠵᠢᠬᠦᠯᠵᠦ ᠬᠤᠳᠠᠯᠳᠤᠨ ᠠᠪᠬᠤ ᠶᠢ ᠠᠬᠢᠭᠤᠯᠵᠤ᠂ ᠦᠢᠯᠡᠳᠪᠦᠷᠢᠯᠡᠯ ᠬᠠᠩᠭᠠᠯᠭ᠎ᠠ ᠶᠢ | ᠦᠨᠡᠨ ᠬᠦ ᠪᠠᠲᠤᠯᠠᠨ᠎ᠠ᠃ ᠡᠮ ᠤᠨ ᠵᠦᠢᠯ ᠸᠠᠺᠼᠢᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ | ᠴᠢᠩᠭᠠᠳᠬᠠᠨ᠎ᠠ᠃ ᠡᠮᠨᠡᠯᠭᠡ ᠶᠢᠨ ᠳᠠᠭᠠᠳᠬᠠᠯ ᠤᠨ ᠵᠣᠭᠤᠰ ᠲᠦᠯᠦᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ | ᠮᠤᠵᠢ ᠠᠯᠤᠰᠯᠠᠨ ᠣᠨᠳᠣᠤ ᠭᠠᠵᠠᠷ ᠲᠤ ᠡᠮᠨᠡᠭᠦᠯᠦᠭᠰᠡᠨ ᠵᠠᠷᠤᠳᠠᠯ ᠢ ᠰᠢᠭᠤᠳ ᠲᠠᠰᠤᠯᠤᠨ ᠪᠤᠳᠤᠬᠤ ᠠᠷᠭ᠎ᠠ ᠶᠢ | ᠲᠡᠭᠦᠯᠳᠡᠷᠵᠢᠭᠦᠯᠵᠦ᠂ ᠪᠥᠬᠦ ᠤᠯᠤᠰ ᠤᠨ ᠡᠮᠨᠡᠯᠭᠡ ᠶᠢᠨ ᠳᠠᠭᠠᠳᠬᠠᠯ ᠤᠨ ᠡᠮ ᠬᠡᠷᠡᠭᠯᠡᠬᠦ ᠬᠡᠪᠴᠢᠶ᠎ᠡ ᠶᠢ ᠦᠨᠳᠦᠰᠦᠨ ᠳᠡᠭᠡᠨ | ᠨᠢᠭᠡᠳᠦᠯᠲᠡᠶ ᠪᠠᠶᠢᠯᠭᠠᠬᠤ ᠶᠢ ᠪᠡᠶᠡᠯᠡᠭᠦᠯᠦᠨ᠎ᠡ᠃ ᠰᠡᠷᠭᠡᠶᠢᠯᠡᠬᠦ ᠪᠠᠷ ᠭᠤᠣᠯ ᠪᠣᠯᠭᠠᠬᠤ ᠶᠢ ᠪᠠᠷᠢᠮᠲᠠᠯᠠᠵᠤ᠂ ᠡᠷᠡᠭᠦᠯ ᠮᠡᠨᠳᠤ ᠶᠢᠨ | ᠬᠦᠮᠦᠵᠢᠯ ᠪᠠ ᠡᠷᠡᠬᠦᠯ ᠮᠡᠨᠳᠤ ᠶᠢᠨ ᠬᠠᠮᠢᠶᠠᠷᠤᠯᠳᠠ ᠶᠢ ᠴᠢᠩᠭᠠᠳᠬᠠᠵᠦ᠂ ᠡᠷᠡᠭᠦᠯ ᠡᠩᠬᠡ ᠳᠤᠮᠳᠠᠳᠤ ᠤᠯᠤᠰ ᠤᠨ | ᠠᠵᠢᠯᠯᠠᠭ᠎ᠠ ᠶᠢ ᠭᠦᠨᠵᠡᠭᠡᠢ ᠠᠬᠢᠭᠤᠯᠤᠨ᠎ᠠ᠃ ᠵᠢᠷᠦᠬᠡ ᠲᠠᠷᠢᠬᠢ ᠴᠢᠰᠤᠨ ᠰᠤᠳᠠᠯ ᠤᠨ ᠡᠪᠡᠳᠴᠢᠨ᠂ ᠥᠮᠡᠨ ᠵᠡᠷᠭᠡ ᠤᠳᠠᠭᠠᠨ | ᠴᠢᠨᠠᠷᠳᠠᠢ ᠡᠪᠡᠳᠴᠢᠨ ᠪᠠ ᠠᠭᠤᠰᠬᠢᠨ ᠦᠷᠪᠢᠰᠦᠯ᠂ ᠡᠯᠢᠭᠡᠨ ᠤ ᠦᠷᠪᠢᠰᠦᠯ ᠵᠡᠷᠭᠡ ᠬᠠᠯᠳᠠᠪᠤᠷᠢᠯᠠᠬᠤ ᠴᠢᠨᠠᠷᠳᠠᠢ ᠡᠪᠡᠳᠴᠢᠨ | ᠡᠮᠭᠡᠭ ᠢ ᠰᠡᠷᠭᠡᠶᠢᠯᠡᠨ ᠵᠠᠰᠠᠬᠤ ᠦᠢᠯᠡᠴᠢᠯᠡᠭᠡᠨ ᠤ ᠪᠠᠲᠤᠯᠠᠭ᠎ᠠ ᠶᠢᠨ ᠲᠦᠪᠰᠢᠨ ᠢ ᠠᠯᠬᠤᠮ ᠠᠯᠬᠤᠮ ᠢᠶᠠᠷ ᠳᠡᠭᠡᠭᠰᠢᠯᠡᠭᠦᠯᠵᠦ᠂ | ᠬᠤᠪᠣᠷ ᠲᠣᠬᠢᠶᠠᠯᠳᠤᠬᠤ ᠡᠪᠡᠳᠴᠢᠨ ᠤ ᠡᠮ ᠬᠡᠷᠡᠭᠯᠡᠬᠦ ᠪᠠᠲᠤᠯᠠᠭ᠎ᠠ ᠶᠢ ᠴᠢᠩᠭᠠᠳᠬᠠᠨ᠎ᠠ᠃ ᠡᠪᠡᠳᠴᠢᠨ ᠡᠮᠭᠡᠭ ᠢ ᠰᠡᠷᠭᠡᠶᠢᠯᠡᠨ | ᠬᠢᠵᠠᠭᠠᠷᠯᠠᠬᠤ ᠲᠣᠤᠷ ᠰᠦᠯᠵᠢᠶ᠎ᠡ ᠶᠢ ᠪᠦᠷᠢᠨᠰᠢᠬᠦᠯᠵᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠡᠩᠨᠡᠭᠡ ᠶᠢᠨ | ᠪᠠᠶᠢᠭᠤᠯᠤᠯᠲᠠ ᠶᠢ ᠰᠠᠶᠢᠲᠤᠷ ᠠᠳᠬᠤᠵᠤ᠂ ᠬᠦᠨᠳᠦ ᠶᠡᠭᠡ ᠬᠢᠵᠢᠭ ᠤᠨ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ | ᠰᠡᠷᠡᠮᠵᠢᠯᠡᠭᠦᠯᠬᠦ᠂ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠳᠠ ᠬᠢᠵᠦ ᠢᠷᠡᠯᠲᠡ ᠶᠢ ᠮᠥᠷᠳᠡᠬᠦ ᠪᠠ ᠪᠠᠴᠢᠮ | ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ | ᠬᠤᠷᠢᠶᠠᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠡᠮᠨᠡᠯᠭᠡ ᠶᠢᠨ ᠪᠠᠶᠢᠭᠤᠯᠤᠮᠵᠢ ᠶᠢᠨ ᠰᠦᠢᠳᠭᠡᠯ ᠬᠤᠷᠢᠶᠠᠯᠳᠠ ᠪᠠ | ᠦᠢᠯᠡᠴᠢᠯᠡᠭᠡ ᠶᠢ ᠵᠢᠷᠤᠮᠵᠢᠭᠤᠯᠵᠤ᠂ ᠬᠢᠵᠢᠭ ᠠᠴᠠ ᠪᠣᠯᠵᠤ ᠬᠦᠴᠢᠷᠳᠡᠯ ᠳᠤ ᠤᠴᠠᠷᠠᠭᠰᠠᠨ ᠡᠮᠨᠡᠯᠭᠡ ᠶᠢᠨ ᠪᠠᠶᠢᠭᠤᠯᠤᠮᠵᠢ ᠶᠢ | ᠦᠷᠭᠦᠯᠵᠢᠯᠡᠨ ᠬᠠᠪᠰᠤᠷᠤᠨ ᠲᠡᠳᠬᠦᠵᠦ᠂ ᠡᠬᠡ ᠨᠢᠯᠬᠠᠰ ᠬᠡᠦᠬᠡᠳ ᠤᠨ ᠰᠠᠯᠠᠭ᠎ᠠ᠂ ᠣᠶᠤᠨ ᠮᠡᠳᠡᠷᠡᠯ ᠤᠨ ᠡᠷᠡᠭᠦᠯ ᠬᠠᠮᠠᠭᠠᠯᠠᠯ | ᠂ ᠨᠠᠰᠤᠲᠠᠶᠢᠴᠤᠳ ᠤᠨ ᠠᠨᠠᠭᠠᠬᠤ ᠤᠬᠠᠭᠠᠨ ᠵᠡᠷᠭᠡ ᠶᠢᠨ ᠦᠢᠯᠡᠴᠢᠯᠡᠭᠡᠨ ᠤ ᠳᠤᠲᠠᠭᠤᠳᠠᠯ ᠢ ᠨᠥᠬᠦᠪᠥᠷᠢᠯᠡᠨ᠎ᠡ᠃ ᠬᠢᠳᠡᠳ | ᠡᠮ ᠡᠮᠨᠡᠯᠭᠡ ᠡᠸᠦ᠋ᠷᠦᠫᠡ ᠡᠮ ᠡᠮᠨᠡᠯᠭᠡ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠳᠠᠯᠠᠵᠦ᠂ ᠬᠢᠲᠠᠳ ᠡᠮ ᠡᠮᠨᠡᠯᠭᠡ ᠶᠢ | ᠮᠠᠨᠳᠤᠭᠤᠯᠤᠨ ᠬᠥᠭᠵᠢᠭᠦᠯᠬᠦ ᠶᠢ ᠳᠡᠮᠵᠢᠵᠦ᠂ ᠬᠢᠲᠠᠳ ᠡᠮ ᠡᠮᠨᠡᠯᠭᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ | ᠠᠬᠢᠭᠤᠯᠤᠨ᠎ᠠ᠃ ᠰᠢᠶᠠᠩ ᠳᠤᠰᠬᠤᠨ ᠤ ᠡᠮᠴᠢ ᠶᠢᠨ ᠬᠠᠷᠠᠭᠠᠯᠵᠠᠯ ᠤᠨ ᠪᠠᠳᠤᠯᠠᠪᠤᠷᠢ ᠬᠢᠭᠡᠳ ᠤᠷᠮᠠᠰᠢᠭᠤᠯᠬᠤ ᠲᠦᠷᠦ ᠶᠢᠨ | ᠪᠤᠳᠤᠯᠭ᠎ᠠ ᠶᠢ ᠨᠠᠶᠢᠳᠠᠪᠤᠷᠢᠵᠢᠭᠤᠯᠤᠨ ᠳᠠᠭᠦᠯᠳᠡᠷᠵᠢᠬᠦᠯᠦᠨᠡ᠃ ᠱᠠᠲᠤ ᠬᠤᠪᠢᠶᠠᠨ ᠣᠨᠣᠰᠢᠯᠠᠨ ᠡᠮᠨᠡᠬᠦ ᠶᠢ ᠠᠬᠢᠭᠤᠯᠬᠤ ᠪᠠ | ᠡᠪᠡᠳᠴᠢᠨ ᠦᠵᠡᠭᠦᠯᠬᠦ ᠡᠮᠬᠢ ᠳᠢᠭᠯᠢᠮ ᠢ ᠰᠢᠯᠢᠳᠡᠭᠵᠢᠭᠦᠯᠬᠦ ᠶᠢ ᠪᠣᠳᠣᠯᠬᠢᠯᠠᠨ᠂ ᠤᠯᠤᠰ᠂ ᠮᠤᠵᠢ ᠶᠢᠨ ᠲᠡᠰ ᠤᠨ ᠣᠷᠣᠨ | ᠪᠦᠰᠡ ᠶᠢᠨ ᠡᠮᠴᠢᠯᠡᠭᠡᠨ ᠤ ᠲᠥᠪ ᠢ ᠲᠦᠷᠭᠡᠯᠡᠨ ᠪᠠᠶᠢᠭᠤᠯᠵᠤ᠂ ᠰᠢᠯᠢᠳᠡᠭ ᠡᠮᠴᠢᠯᠡᠭᠡᠨ ᠤ ᠡᠬᠢ ᠪᠠᠶᠠᠯᠢᠭ ᠤᠨ ᠬᠤᠲᠠ | ᠰᠢᠶᠠᠨ ᠲᠡᠶᠢᠰᠢ ᠦᠷᠭᠡᠵᠢᠬᠦ ᠶᠢ ᠠᠬᠢᠭᠤᠯᠵᠤ᠂ ᠦᠨᠳᠦᠰᠦᠨ ᠱᠠᠲᠤᠨ ᠤ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ | ᠴᠢᠳᠠᠪᠤᠷᠢ ᠶᠢ ᠳᠡᠭᠡᠭᠰᠢᠯᠡᠭᠦᠯᠦᠨ᠂ ᠤᠯᠠᠨ ᠲᠦᠮᠡᠨ ᠢ ᠤᠢᠢᠷ᠎ᠠ ᠬᠠᠪᠢ ᠳᠠᠭᠠᠨ ᠨᠡᠩ ᠰᠠᠶᠢᠨ ᠡᠮᠨᠡᠯᠭᠡ ᠶᠢᠨ ᠦᠢᠯᠡᠴᠢᠯᠡᠭᠡ | ᠬᠦᠷᠳᠡᠵᠦ ᠳᠡᠶᠢᠯᠬᠦ ᠪᠤᠯᠭᠠᠨ᠎ᠠ᠃ | ᠨᠡᠶᠢᠭᠡᠮ ᠤᠨ ᠪᠠᠲᠤᠯᠠᠭ᠎ᠠ ᠪᠠ ᠦᠢᠯᠡᠴᠢᠯᠡᠭᠡ ᠶᠢ ᠴᠢᠩᠭᠠᠳᠬᠠᠨ᠎ᠠ᠃ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ | ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢ ᠪᠦᠬᠦ ᠤᠯᠤᠰ ᠲᠤ ᠨᠢᠭᠡᠳᠦᠯᠲᠡᠶ ᠲᠥᠯᠥᠪᠯᠡᠬᠦ ᠶᠢ | ᠯᠠᠪᠳᠠᠭᠤᠨ ᠢᠶᠠᠷ ᠬᠡᠷᠡᠭᠵᠢᠭᠦᠯᠵᠦ᠂ ᠠᠵᠢᠯ ᠠᠴᠠ ᠪᠠᠨ ᠪᠠᠭᠤᠵᠤ ᠠᠮᠠᠷᠠᠭᠰᠠᠳ ᠤᠨ ᠦᠨᠳᠦᠰᠦᠨ ᠨᠠᠰᠤᠵᠢᠯ ᠤᠨ | ᠠᠰᠠᠷᠠᠮᠵᠢ ᠶᠢᠨ ᠮᠥᠩᠭᠦ ᠪᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠰᠠᠭᠤᠷᠢ ᠨᠠᠰᠤᠵᠢᠯ ᠤᠨ ᠠᠰᠠᠷᠠᠮᠵᠢ ᠶᠢᠨ | ᠮᠥᠩᠭᠦ ᠶᠢᠨ ᠪᠠᠷᠢᠮᠵᠢᠶ᠎ᠠ ᠶᠢ ᠵᠣᠬᠢᠰᠲᠠᠶ ᠳᠡᠭᠡᠭᠰᠢᠯᠡᠭᠦᠯᠵᠦ᠂ ᠴᠠᠭ ᠲᠤᠬᠠᠶ ᠳᠤᠨᠢ ᠲᠤᠭ᠎ᠠ ᠶᠣᠰᠣᠭᠠᠷ ᠥᠭᠬᠦ ᠶᠢ ᠦᠨᠡᠨ ᠬᠦ | ᠪᠠᠲᠤᠯᠠᠨ᠎ᠠ᠃ ᠭᠤᠷᠪᠠᠳᠤᠭᠠᠷ ᠲᠤᠯᠭᠠᠭᠤᠷᠢᠯᠡᠯ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢ ᠦᠷᠭᠦᠯᠵᠢᠯᠡᠨ ᠵᠢᠷᠤᠮᠵᠢᠭᠤᠯᠤᠨ | ᠬᠥᠭᠵᠢᠭᠦᠯᠦᠨ᠎ᠡ᠃ ᠠᠵᠢᠯ ᠠᠴᠠ ᠪᠣᠯᠤᠭᠰᠠᠨ ᠭᠡᠮᠲᠦᠯ ᠤᠨ ᠪᠠ ᠠᠵᠢᠯ ᠠᠯᠳᠠᠯᠲᠠ ᠶᠢᠨ ᠳᠠᠭᠠᠳᠬᠠᠯ ᠢ ᠮᠤᠵᠢ ᠶᠢᠨ | ᠱᠠᠲᠤᠨ ᠳᠤ ᠨᠢᠭᠡᠳᠦᠯᠲᠡᠶ ᠲᠥᠯᠥᠪᠯᠡᠬᠦ ᠶᠢ ᠲᠦᠷᠭᠡᠯᠡᠨ ᠠᠬᠢᠭᠤᠯᠤᠨ᠎ᠠ᠃ ᠴᠡᠷᠢᠭ ᠪᠠ ᠴᠡᠷᠢᠭ ᠤᠨ ᠭᠡᠷ ᠪᠦᠯᠢ᠂ ᠴᠡᠷᠢᠭ ᠤᠨ | ᠠᠯᠪᠠ ᠠᠴᠠ ᠪᠠᠭᠤᠭᠰᠠᠳ ᠪᠠ ᠪᠤᠰᠤᠳ ᠠᠰᠠᠷᠠᠨ ᠬᠠᠷᠠᠭᠠᠯᠵᠠᠬᠳᠠᠬᠤ ᠡᠲᠡᠭᠡᠳ ᠤᠨ ᠬᠠᠷᠠᠭᠠᠯᠵᠠᠯ ᠠᠰᠠᠷᠠᠮᠵᠢ ᠶᠢᠨ ᠠᠵᠢᠯ ᠢ | ᠰᠠᠶᠢᠲᠤᠷ ᠬᠢᠨ᠎ᠠ᠃ ᠬᠥᠮᠦᠨ ᠠᠮᠠ ᠶᠢᠨ ᠨᠠᠰᠤᠵᠢᠯᠲᠠ ᠶᠢ ᠢᠳᠡᠪᠬᠢᠲᠡᠢ ᠠᠷᠭᠠᠴᠠᠭᠠᠵᠤ᠂ ᠭᠡᠷ ᠲᠡᠭᠡᠨ ᠰᠠᠭᠤᠬᠤ ᠨᠡᠶᠢᠭᠡᠮ | ᠲᠤᠭᠤᠷᠢᠭ ᠤᠨ ᠪᠠᠶᠢᠭᠤᠯᠤᠮᠵᠢ ᠶᠢᠨ ᠬᠠᠷᠢᠯᠴᠠᠨ ᠵᠤᠬᠢᠴᠠᠯᠳᠤᠬᠤ᠂ ᠡᠮᠴᠢᠯᠡᠭᠡ ᠰᠤᠪᠢᠯᠠᠯᠳᠠ ᠡᠷᠡᠭᠦᠯᠵᠢᠯ ᠰᠤᠪᠢᠯᠠᠯᠳᠠ ᠶᠢ | ᠬᠠᠷᠢᠯᠴᠠᠨ ᠤᠶᠠᠯᠳᠤᠭᠤᠯᠬᠤ ᠨᠠᠰᠤᠵᠢᠯ ᠤᠨ ᠦᠢᠯᠡᠴᠢᠯᠡᠭᠡᠨ ᠤ ᠰᠢᠰᠲ᠋ᠧᠮ ᠢ ᠲᠦᠷᠭᠡᠳᠬᠡᠨ ᠪᠠᠶᠢᠭᠤᠯᠤᠨ᠎ᠠ᠃ ᠬᠤᠲᠠ | ᠬᠥᠳᠡᠭᠡ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠠᠩᠭᠠᠯᠭ᠎ᠠ ᠶᠢ ᠰᠢᠯᠢᠳᠡᠭᠵᠢᠭᠦᠯᠵᠦ᠂ ᠨᠡᠶᠢᠭᠡᠮ ᠤᠨ | ᠬᠦᠴᠦᠨ ᠤ ᠡᠳᠦᠷ ᠬᠠᠷᠠᠭᠠᠯᠵᠠᠬᠤ᠂ ᠢᠳᠡᠬᠦᠯᠵᠤ ᠤᠤᠭᠤᠯᠭᠠᠬᠤ ᠤᠬᠢᠶᠠᠵᠤ ᠴᠡᠪᠡᠷᠯᠡᠬᠦ᠂ ᠡᠷᠡᠭᠦᠯᠵᠢᠬᠦᠯᠵᠦ ᠰᠤᠪᠢᠯᠠᠬᠤ | ᠵᠡᠷᠭᠡ ᠦᠢᠯᠡᠴᠢᠯᠡᠭᠡ ᠬᠠᠨᠭ᠍ᠭᠠᠬᠤ ᠶᠢ ᠳᠡᠮᠵᠢᠵᠦ᠂ ᠤᠷᠳᠤ ᠬᠤᠭᠤᠴᠠᠭᠠᠨ ᠤ ᠰᠤᠪᠢᠯᠠᠯᠳᠠ ᠶᠢᠨ ᠳᠠᠭᠠᠳᠬᠠᠯ ᠤᠨ ᠲᠦᠷᠢᠮ ᠤᠨ | ᠳᠤᠷᠰᠢᠯᠳᠠ ᠶᠢᠨ ᠴᠡᠭ ᠢ ᠯᠠᠪᠳᠠᠭᠤᠨ ᠠᠬᠢᠭᠤᠯᠵᠦ᠂ ᠬᠥᠳᠡᠭᠡ ᠲᠣᠰᠬᠤᠨ ᠤ ᠲᠤᠰᠠᠯᠠᠯᠴᠠᠬᠤ ᠬᠡᠯᠪᠡᠷᠢ ᠶᠢᠨ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡ ᠶᠢ ᠬᠥᠭᠵᠢᠭᠦᠯᠬᠦ ᠶᠢ ᠵᠣᠷᠢᠬᠵᠢᠭᠤᠯᠵᠤ᠂ ᠨᠠᠰᠤᠳᠠᠶᠢᠴᠤᠳ ᠤᠨ ᠰᠤᠷᠭᠠᠨ ᠬᠦᠮᠦᠵᠢᠯ ᠤᠨ | ᠬᠦᠭᠵᠢᠯᠳᠡ ᠶᠢᠨ ᠰᠢᠨ᠎ᠡ ᠶᠢ ᠡᠭᠦᠳᠴᠦ᠂ ᠨᠠᠰᠤᠵᠢᠯ ᠤᠨ ᠠᠵᠢᠯ ᠦᠢᠯᠡᠰ ᠪᠠ ᠠᠵᠤ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠤᠨ᠎ᠠ᠃ ᠭᠤᠷᠪᠠᠨ ᠬᠡᠦᠬᠡᠳ ᠠᠪᠴᠤ ᠪᠤᠯᠬᠤ ᠦᠷᠡᠵᠢᠯ ᠤᠨ ᠲᠥᠷᠥ ᠶᠢᠨ ᠪᠣᠳᠣᠯᠭ᠎ᠠ ᠶᠢᠨ ᠢᠵᠢ | ᠪᠦᠷᠢᠳᠤᠬᠦᠯᠬᠦ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ 3 ᠨᠠᠰᠤᠨ ᠠᠴᠠ ᠳᠣᠷᠣᠭᠰᠢᠬᠢ ᠨᠢᠯᠬ᠎ᠠ ᠬᠡᠤᠭᠡᠳ ᠬᠠᠷᠠᠵᠤ | ᠬᠠᠷᠠᠭᠠᠯᠵᠠᠬᠤ ᠵᠠᠷᠤᠳᠠᠯ ᠢ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠶᠢᠨ ᠲᠤᠰᠬᠠᠶ ᠵᠦᠢᠯ ᠤᠨ ᠨᠡᠮᠡᠯᠲᠡ | ᠲᠠᠭᠠᠳᠬᠠᠯ ᠳᠤ ᠣᠷᠣᠭᠤᠯᠵᠤ᠂ ᠲᠦᠭᠡᠮᠡᠯ ᠬᠠᠷᠠᠭᠠᠯᠵᠠᠯᠲᠤ ᠬᠡᠤᠬᠡᠳ ᠰᠠᠭᠠᠳᠠᠭᠤᠯᠬᠤ ᠦᠢᠯᠡᠴᠢᠯᠡᠭᠡ ᠶᠢ ᠬᠥᠭᠵᠢᠭᠦᠯᠵᠤ᠂ ᠭᠡᠷ | ᠪᠦᠯᠢ ᠶᠢᠨ ᠦᠰᠭᠡᠵᠤ ᠪᠤᠶᠢᠵᠢᠭᠤᠯᠵᠦ ᠰᠤᠷᠭᠠᠨ ᠬᠦᠮᠦᠵᠢᠬᠦᠯᠬᠦ ᠳᠠᠷᠤᠭᠠᠰᠤ ᠶᠢ ᠬᠥᠩᠭᠡᠷᠡᠭᠦᠯᠦᠨ᠎ᠡ᠃ ᠨᠠᠰᠤᠨ ᠳᠤ ᠦᠯᠦ | ᠬᠦᠷᠦᠭᠰᠡᠳ ᠤᠨ ᠬᠠᠮᠠᠭᠠᠯᠠᠯᠲᠠ ᠶᠢ ᠴᠢᠩᠭᠠᠳᠬᠠᠨ᠎ᠠ᠃ ᠵᠡᠮᠳᠡᠭᠷᠡᠬᠦ ᠶᠢ ᠰᠡᠷᠭᠡᠶᠢᠯᠡᠬᠦ ᠪᠠ ᠡᠷᠡᠭᠦᠯᠵᠢᠭᠦᠯᠬᠦ ᠦᠢᠯᠡᠴᠢᠯᠡᠭᠡᠨ ᠤ | ᠲᠦᠪᠰᠢᠨ ᠢ ᠳᠡᠭᠡᠭᠰᠢᠯᠡᠭᠦᠯᠦᠨ᠎ᠡ᠃ ᠵᠡᠮᠳᠡᠭ ᠢ ᠰᠡᠷᠭᠡᠶᠢᠯᠡᠬᠦ ᠪᠠ ᠡᠷᠡᠭᠦᠯᠵᠢᠬᠦᠯᠬᠦ ᠦᠢᠯᠡᠴᠢᠯᠡᠭᠡᠨ ᠤ ᠲᠦᠪᠰᠢᠨ ᠢ | ᠳᠡᠭᠡᠭᠰᠢᠯᠡᠬᠦᠯᠦᠨ᠎ᠡ᠃ ᠠᠷᠠᠳ ᠤᠨ ᠠᠮᠢᠳᠣᠷᠠᠯ ᠤᠨ ᠦᠨᠳᠦᠰᠦᠨ ᠵᠦᠢᠯ ᠢ ᠪᠠᠳᠤᠯᠠᠬᠤ ᠪᠠᠲᠤᠯᠠᠭ᠎ᠠ ᠪᠠ ᠬᠦᠴᠢᠷᠳᠡᠯ ᠳᠤ | ᠲᠤᠯᠭᠠᠷᠠᠭᠰᠠᠨ ᠣᠯᠠᠨ ᠲᠦᠮᠡᠨ ᠢ ᠠᠪᠤᠷᠠᠨ ᠲᠤᠰᠠᠯᠠᠬᠤ ᠠᠵᠢᠯ ᠢ ᠴᠢᠩᠭᠠᠳᠬᠠᠵᠤ᠂ ᠪᠠᠲᠤᠯᠠᠬᠤ ᠶᠣᠰᠣᠲᠠᠶ ᠶᠢ ᠨᠢ ᠴᠦᠮ | ᠪᠠᠲᠤᠯᠠᠬᠤ ᠪᠠ ᠲᠤᠰᠠᠯᠠᠬᠤ ᠶᠤᠰᠤᠲᠠᠢ ᠶᠢ ᠨᠢ ᠴᠦᠮ ᠲᠤᠰᠠᠯᠠᠬᠤ ᠶᠢ ᠴᠢᠷᠮᠠᠶᠢᠨ ᠪᠡᠶᠡᠯᠡᠭᠦᠯᠦᠨ᠎ᠡ᠃ | ᠤᠯᠠᠨ ᠲᠦᠮᠡᠨ ᠤ ᠣᠷᠣᠨ ᠰᠠᠭᠤᠴᠠ ᠶᠢᠨ ᠬᠡᠷᠡᠭᠴᠡᠭᠡ ᠶᠢ ᠦᠷᠭᠦᠯᠵᠢᠯᠡᠨ ᠰᠠᠶᠢᠲᠤᠷ ᠪᠠᠲᠤᠯᠠᠨ᠎ᠠ᠃ ᠭᠡᠷ ᠪᠠᠶᠢᠰᠢᠩ ᠢ | ᠪᠣᠯ ᠰᠠᠭᠤᠬᠤ ᠶᠢᠨ ᠲᠥᠯᠥᠭᠡ ᠪᠠᠷᠢᠭᠰᠠᠨ ᠠᠴᠠ ᠪᠢᠰᠢ ᠰᠠᠷᠢᠭᠠᠯᠠᠬᠤ ᠶᠢᠨ ᠲᠥᠯᠥᠭᠡ ᠪᠠᠷᠢᠭᠰᠠᠨ ᠪᠢᠰᠢ ᠭᠡᠭᠦ ᠪᠠᠶᠢᠷᠢ | ᠲᠣᠭᠲᠠᠭᠠᠯᠲᠠ ᠶᠢ ᠪᠠᠷᠢᠮᠲᠠᠯᠠᠵᠤ᠂ ᠬᠥᠭᠵᠢᠯᠲᠡ ᠶᠢᠨ ᠰᠢᠨ᠎ᠡ ᠵᠠᠭᠪᠤᠷ ᠢ ᠰᠦᠪᠡᠭᠴᠢᠯᠡᠵᠦ᠂ ᠲᠦᠷᠢᠶᠡᠰᠦᠯᠡᠬᠦ ᠪᠠ ᠬᠤᠳᠠᠯᠳᠤᠨ | ᠠᠪᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠤᠷᠲᠤ ᠬᠤᠭᠤᠴᠠᠭᠠᠨ ᠤ ᠲᠦᠷᠢᠶᠡᠰᠦᠨ ᠣᠷᠣᠨ ᠰᠠᠭᠤᠴᠠ ᠶᠢᠨ | ᠵᠠᠬ᠎ᠠ ᠳᠡᠯᠭᠡᠭᠦᠷ ᠢ ᠲᠦᠷᠭᠡᠯᠡᠨ ᠬᠥᠭᠵᠢᠭᠦᠯᠵᠦ᠂ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠪᠦᠲᠦᠭᠡᠨ | ᠪᠠᠶᠢᠭᠤᠯᠤᠯᠲᠠ ᠶᠢ ᠠᠬᠢᠭᠤᠯᠵᠤ᠂ ᠲᠠᠸᠠᠷ ᠤᠨ ᠭᠡᠷ ᠪᠠᠶᠢᠰᠢᠩ ᠤᠨ ᠵᠠᠬ᠎ᠠ ᠳᠡᠯᠭᠡᠭᠦᠷ ᠤᠨ ᠬᠢᠨ ᠤ ᠭᠡᠷ ᠬᠤᠳᠠᠯᠳᠤᠨ | ᠠᠪᠤᠭᠴᠢᠳ ᠤᠨ ᠵᠦᠶ ᠵᠣᠬᠢᠰᠲᠠᠶ ᠣᠷᠣᠨ ᠰᠠᠭᠤᠴᠠ ᠶᠢᠨ ᠬᠡᠷᠡᠭᠴᠡᠭᠡ ᠶᠢ ᠨᠠᠩ ᠰᠠᠶᠢᠨ ᠬᠠᠩᠭᠠᠬᠤ ᠶᠢ ᠳᠠᠮᠵᠢᠵᠤ᠂ ᠭᠠᠵᠠᠷ | ᠰᠢᠷᠤᠢ ᠶᠢᠨ ᠦᠨ᠎ᠡ᠂ ᠭᠡᠷ ᠪᠠᠶᠢᠰᠢᠩ ᠤᠨ ᠦᠨ᠎ᠡ ᠪᠠ ᠵᠢᠱᠢᠯᠲᠡ ᠶᠢ ᠲᠣᠭᠲᠠᠭᠤᠨ ᠪᠠᠶᠢᠯᠭᠠᠵᠤ᠂ ᠬᠤᠲᠠ ᠶᠢᠨ | ᠪᠠᠶᠢᠳᠠᠯ ᠳᠤᠨᠢ ᠲᠤᠬᠢᠷᠠᠭᠤᠯᠤᠨ ᠠᠷᠭ᠎ᠠ ᠪᠣᠳᠣᠯᠭ᠎ᠠ ᠠᠪᠴᠤ ᠭᠡᠷ ᠪᠠᠶᠢᠰᠢᠩ ᠭᠠᠵᠠᠷ ᠰᠢᠷᠤᠢ ᠶᠢᠨ ᠬᠥᠷᠥᠩᠭᠡ ᠶᠢᠨ | ᠦᠢᠯᠡᠰ ᠤᠨ ᠰᠠᠶᠢᠨ ᠣᠷᠴᠢᠯ ᠪᠠ ᠡᠷᠡᠭᠦᠯ ᠬᠥᠭᠵᠢᠯᠳᠠ ᠶᠢ ᠠᠬᠢᠭᠤᠯᠤᠨ᠎ᠠ᠃ | ᠠᠷᠠᠳ ᠤᠯᠠᠨ ᠤ ᠤᠶᠤᠨ ᠤ ᠰᠣᠶᠣᠯ ᠤᠨ ᠠᠮᠢᠳᠤᠷᠠᠯ ᠢ ᠪᠠᠶᠠᠯᠢᠬᠵᠢᠭᠤᠯᠤᠨ᠎ᠠ᠃ ᠨᠡᠶᠢᠭᠡᠮ ᠵᠢᠷᠤᠮ ᠤᠨ ᠭᠤᠤᠯᠯᠠᠬᠤ | ᠦᠷᠳᠡᠭ ᠤᠨ ᠦᠵᠡᠯᠲᠡ ᠶᠢ ᠪᠤᠶᠢᠵᠢᠭᠤᠯᠤᠨ ᠦᠢᠯᠡᠳᠦᠯᠭᠡᠵᠢᠭᠦᠯᠵᠦ᠂ ᠤᠯᠠᠨ ᠲᠦᠮᠡᠨᠴᠢ ᠴᠢᠨᠠᠷᠲᠠᠶ ᠤᠶᠤᠨ ᠤ ᠪᠣᠯᠪᠠᠰᠤᠨ ᠢ | ᠡᠭᠦᠳᠦᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠶᠢᠷᠡᠭᠦᠯᠦᠨ᠎ᠡ᠃ ᠰᠣᠨᠢᠨ ᠮᠡᠳᠡᠭᠡᠯᠡᠯ ᠬᠡᠪᠯᠡᠯ᠂ ᠷᠠᠳᠢᠣ᠋ ᠺᠢᠨᠣ᠋ ᠲᠧᠯᠸᠢᠰ᠂ | ᠤᠳᠭ᠋᠎ᠠ ᠵᠣᠬᠢᠶᠠᠯ ᠤᠷᠠᠯᠢᠭ᠂ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠪᠠ ᠲᠠᠩᠰᠠ ᠡᠪᠬᠡᠮᠡᠯ ᠵᠡᠷᠭᠡ ᠠᠵᠢᠯ | ᠦᠢᠯᠡᠰ ᠢ ᠴᠡᠴᠡᠭᠯᠡᠭᠦᠯᠦᠨ ᠬᠥᠭᠵᠢᠭᠦᠯᠦᠨ᠎ᠡ᠃ ᠠᠷᠠᠳ ᠨᠡᠶᠢᠳᠡ ᠪᠠᠷ ᠢᠶᠠᠨ ᠨᠤᠮ ᠤᠩᠰᠢᠬᠤ ᠶᠢ ᠭᠦᠨᠵᠡᠭᠡᠶ ᠠᠬᠢᠭᠤᠯᠤᠨ᠎ᠠ᠃ | ᠢᠨᠲ᠋ᠧᠷ ᠰᠦᠯᠵᠢᠶᠡᠨ ᠤ ᠠᠭᠤᠯᠭ᠎ᠠ ᠶᠢᠨ ᠪᠠᠶᠢᠭᠤᠯᠤᠯᠲᠠ ᠶᠢ ᠴᠢᠩᠭᠠᠳᠬᠠᠨ ᠰᠢᠨᠡᠴᠢᠯᠡᠵᠤ᠂ ᠰᠦᠯᠵᠢᠶᠡᠨ ᠤ ᠠᠮᠢ | ᠠᠬᠤᠶ ᠶᠢᠨ ᠵᠠᠰᠠᠯᠲᠠ ᠶᠢ ᠭᠦᠨᠵᠡᠭᠡᠶᠢᠷᠡᠭᠦᠯᠦᠨ᠎ᠡ᠃ ᠣᠯᠠᠨ ᠨᠡᠶᠢᠲᠡ ᠶᠢᠨ ᠰᠣᠶᠣᠯ ᠤᠨ ᠳ᠋ᠢᠵᠢᠲ᠋ᠠᠯᠴᠢᠯᠠᠬᠤ ᠪᠠᠶᠢᠭᠤᠯᠤᠯᠲᠠ ᠶᠢ | ᠠᠬᠢᠭᠤᠯᠵᠤ᠂ ᠦᠨᠳᠦᠰᠦᠨ ᠱᠠᠲᠤᠨ ᠤ ᠰᠣᠶᠣᠯ ᠤᠨ ᠲᠥᠬᠦᠭᠡᠷᠦᠮᠵᠢ ᠶᠢᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠬᠦ ᠪᠠ | ᠡᠬᠢ ᠪᠠᠶᠠᠯᠢᠭ ᠢ ᠬᠠᠮᠲᠤ ᠪᠠᠷ ᠡᠳ᠋ᠯᠡᠬᠦ ᠶᠢ ᠠᠬᠢᠭᠤᠯᠵᠤ᠂ ᠴᠢᠨᠠᠷ ᠰᠠᠶᠢᠲᠠᠶ ᠰᠣᠶᠣᠯ ᠤᠨ ᠦᠢᠯᠡᠳᠬᠦᠨ ᠪᠠ ᠦᠢᠯᠡᠴᠢᠯᠡᠭᠡᠨ ᠤ | ᠬᠠᠩᠭᠠᠯᠭ᠎ᠠ ᠶᠢ ᠥᠷᠭᠡᠳᠭᠡᠵᠦ᠂ ᠰᠤᠶᠤᠯ ᠤᠨ ᠠᠵᠤ ᠦᠢᠯᠡᠰ ᠤᠨ ᠬᠦᠭᠵᠢᠯᠳᠡ ᠶᠢ ᠳᠡᠮᠵᠢᠨ᠎ᠡ᠃ ᠳᠤᠮᠳᠠᠳᠤ ᠶᠢᠨ ᠰᠢᠯᠢᠳᠡᠭ | ᠤᠯᠠᠮᠵᠢᠯᠠᠯᠳᠤ ᠰᠤᠶᠤᠯ ᠢ ᠤᠯᠠᠮᠵᠢᠯᠠᠨ ᠪᠠᠳᠠᠷᠠᠭᠤᠯᠵᠦ᠂ ᠲᠡᠤᠭᠡ ᠶᠢᠨ ᠳᠤᠷᠠᠰᠬᠠᠯᠲᠤ ᠵᠦᠢᠯᠡᠰ ᠡᠷᠲᠡᠨ ᠤ ᠨᠣᠮ ᠪᠢᠴᠢᠭ ᠢ | ᠬᠠᠮᠠᠭᠠᠯᠠᠨ ᠠᠰᠢᠭᠯᠠᠬᠤ ᠪᠠ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠵᠤ ᠵᠠᠯᠭᠠᠮᠵᠢᠯᠠᠬᠤ ᠶᠢ ᠴᠢᠩᠭᠠᠳᠬᠠᠵᠦ᠂ | ᠤᠯᠤᠰ ᠤᠨ ᠰᠤᠶᠤᠯ ᠤᠨ ᠴᠡᠴᠡᠷᠯᠢᠭ ᠤᠨ ᠪᠦᠳᠦᠭᠡᠨ ᠪᠠᠶᠢᠭᠤᠯᠤᠯᠳᠠ ᠶᠢ ᠠᠬᠢᠭᠤᠯᠤᠨ᠎ᠠ᠃ ᠪᠡᠭᠡᠵᠢᠩ ᠤᠨ ᠡᠪᠦᠯ ᠤᠨ | ᠤᠯᠠᠷᠢᠯ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ᠂ ᠡᠪᠦᠯ ᠤᠨ ᠤᠯᠠᠷᠢᠯ ᠤᠨ ᠵᠡᠮᠳᠡᠭᠴᠤᠳ ᠤᠨ ᠣᠯᠢᠮᠫᠢᠺ ᠤᠨ | ᠪᠡᠶ᠎ᠡ ᠶᠢᠨ ᠲᠠᠮᠢᠷ ᠤᠨ ᠴᠤᠭᠯᠠᠭᠠᠨ ᠤ ᠦᠪ ᠢ ᠰᠠᠶᠢᠲᠤᠷ ᠬᠡᠷᠡᠭᠯᠡᠵᠦ᠂ ᠮᠦᠰᠦ ᠴᠠᠰᠤᠨ ᠤ ᠬᠦᠳᠡᠯᠭᠡᠭᠡᠨ ᠪᠠ ᠴᠠᠰᠤ | ᠮᠦᠰᠦᠨ ᠤ ᠠᠵᠤ ᠦᠢᠯᠡᠰ ᠢ ᠬᠦᠭᠵᠢᠭᠦᠯᠦᠨ᠎ᠡ᠃ ᠣᠯᠠᠨ ᠲᠦᠮᠡᠨ ᠤ ᠳᠡᠷᠭᠡᠳᠡᠬᠢ ᠪᠡᠶ᠎ᠡ ᠶᠢᠨ ᠲᠠᠮᠢᠷ ᠤᠨ ᠲᠠᠯᠠᠪᠤᠷ | ᠭᠠᠵᠠᠷ ᠤᠨ ᠲᠦᠬᠦᠭᠡᠷᠤᠮᠵᠢ ᠶᠢ ᠪᠦᠲᠦᠭᠡᠨ ᠪᠠᠶᠢᠭᠤᠯᠵᠤ᠂ ᠠᠷᠠᠳ ᠨᠡᠶᠢᠳᠡ ᠪᠠᠷ ᠢᠶᠠᠨ ᠪᠡᠶ᠎ᠡ ᠪᠠᠨ ᠴᠢᠭᠢᠷᠠᠭᠵᠢᠭᠤᠯᠬᠤ ᠬᠡᠪ | ᠵᠠᠩᠰᠢᠯ ᠲᠠᠢ ᠪᠣᠯᠬᠤ ᠶᠢ ᠠᠬᠢᠭᠤᠯᠤᠨ᠎ᠠ᠃ | ᠨᠡᠶᠢᠭᠡᠮ ᠤᠨ ᠵᠠᠰᠠᠯᠲᠠ ᠶᠢᠨ ᠬᠠᠮᠲᠤ ᠪᠠᠷ ᠪᠠᠶᠢᠭᠤᠯᠬᠤ ᠬᠠᠮᠲᠤ ᠪᠠᠷ ᠵᠠᠰᠠᠬᠤ ᠬᠠᠮᠲᠤ ᠪᠠᠷ ᠡᠳ᠋ᠯᠡᠬᠦ ᠶᠢ ᠠᠬᠢᠭᠤᠯᠤᠨ᠎ᠠ᠃ | ᠠᠷᠠᠳ ᠲᠦᠮᠡᠨ ᠤ ᠠᠮᠤᠷ ᠲᠠᠶᠢᠪᠤᠩ ᠠᠵᠤ ᠲᠦᠷᠦᠭᠦ ᠪᠠ ᠨᠡᠶᠢᠭᠡᠮ ᠤᠨ ᠠᠮᠤᠷ ᠲᠣᠭᠲᠠᠭᠤᠨ ᠡᠮᠬᠢ ᠵᠢᠷᠤᠮ ᠲᠠᠢ ᠪᠠᠶᠢᠬᠤ ᠶᠢ | ᠠᠬᠢᠭᠤᠯᠤᠨ᠎ᠠ᠃ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠰᠢᠨ᠎ᠡ ᠶᠢ ᠡᠭᠦᠳᠬᠦ ᠪᠠ ᠲᠡᠬᠦᠨ ᠢ | ᠲᠡᠭᠦᠯᠳᠡᠷᠵᠢᠭᠦᠯᠵᠦ᠂ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠴᠢᠳᠠᠮᠵᠢ ᠶᠢ ᠴᠢᠩᠭᠠᠳᠬᠠᠵᠤ᠂ ᠨᠡᠶᠢᠭᠡᠮ ᠤᠨ | ᠳᠠᠶᠢᠴᠢᠯᠠᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠵᠠᠰᠠᠬᠤ ᠴᠢᠳᠠᠪᠤᠷᠢ ᠶᠢ | ᠳᠡᠭᠡᠭᠰᠢᠯᠡᠭᠦᠯᠦᠨ᠎ᠡ᠃ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠢ ᠪᠦᠷᠢᠨᠰᠢᠬᠦᠯᠤᠨ᠎ᠠ᠃ ᠨᠡᠶᠢᠭᠡᠮ ᠤᠨ ᠠᠵᠢᠯ ᠢ | ᠬᠥᠭᠵᠢᠭᠦᠯᠵᠦ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠬᠥᠮᠦᠯᠢᠭ ᠠᠪᠤᠷᠠᠨ ᠲᠤᠰᠠᠯᠠᠯᠳᠠ᠂ ᠰᠠᠶᠢᠨ ᠳᠤᠷ᠎ᠠ ᠶᠢᠨ | ᠦᠢᠯᠡᠴᠢᠯᠡᠭᠡ᠂ ᠨᠡᠶᠢᠲᠡ ᠶᠢᠨ ᠠᠰᠠᠷᠠᠮᠵᠢ ᠨᠢᠭᠦᠯᠡᠰᠦᠩᠭᠦᠶ ᠶᠢᠨ ᠦᠢᠯᠡᠰ ᠵᠡᠷᠭᠡ ᠶᠢᠨ ᠡᠷᠡᠭᠦᠯ ᠢᠶᠠᠷ ᠬᠥᠭᠵᠢᠬᠦ ᠶᠢ ᠲᠡᠮᠵᠢᠨ᠎ᠠ᠃ | ᠡᠮᠡᠭᠲᠡᠶᠢᠴᠦᠳ ᠪᠠ ᠬᠡᠤᠭᠡᠳ ᠢ ᠮᠡᠭᠡᠯᠡᠨ ᠬᠤᠳᠠᠯᠳᠤᠬᠤ ᠶᠠᠯᠠᠳᠤ ᠠᠵᠢᠯᠯᠠᠭ᠎ᠠ ᠳᠤ ᠴᠢᠩᠭ᠎ᠠ ᠴᠤᠬᠢᠯᠲᠠ ᠥᠭᠴᠦ᠂ | ᠡᠮᠡᠭᠲᠡᠶᠢᠴᠦᠳ ᠪᠠ ᠬᠡᠤᠭᠡᠳ ᠤᠨ ᠬᠠᠤᠯᠢ ᠶᠣᠰᠣᠨ ᠤ ᠡᠷᠬᠡ ᠠᠰᠢᠭ ᠢ ᠡᠷᠡᠰ ᠬᠠᠮᠠᠭᠠᠯᠠᠨ᠎ᠠ᠃ ᠨᠠᠰᠤᠲᠠᠶᠢᠴᠤᠳ ᠪᠠ | ᠵᠡᠮᠳᠡᠭᠴᠦᠳ ᠢ ᠬᠠᠯᠠᠮᠵᠢᠯᠠᠨ ᠬᠠᠶᠢᠷᠠᠯᠠᠬᠤ ᠤᠢᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠦᠨ᠎ᠡ᠃ ᠵᠠᠬᠢᠳᠠᠯ | ᠰᠤᠷᠪᠤᠯᠵᠢᠯᠠᠭ᠎ᠠ ᠶᠢᠨ ᠳᠦᠷᠢᠮ ᠢ ᠲᠡᠭᠦᠯᠳᠡᠷᠵᠢᠭᠦᠯᠵᠤ᠂ ᠵᠥᠷᠢᠴᠡᠯ ᠵᠠᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠶᠢ | ᠴᠢᠩᠭᠠᠳᠬᠠᠵᠤ᠂ ᠣᠯᠠᠨ ᠲᠦᠮᠡᠨ ᠤ ᠵᠦᠢ ᠶᠣᠰᠣᠨ ᠤ ᠬᠦᠰᠡᠯ ᠱᠠᠭᠠᠷᠳᠠᠯᠭ᠎ᠠ ᠶᠢ ᠬᠠᠤᠯᠢ ᠶᠣᠰᠣᠭᠠᠷ ᠴᠠᠭ ᠲᠤᠬᠠᠢ ᠳᠤᠨᠢ | ᠰᠢᠢᠳᠪᠦᠷᠢᠯᠡᠨ᠎ᠡ᠃ ᠨᠡᠶᠢᠭᠡᠮ ᠤᠨ ᠰᠡᠳᠭᠢᠴᠡ ᠶᠢᠨ ᠦᠢᠯᠡᠴᠢᠯᠡᠭᠡ ᠶᠢ ᠴᠢᠬᠤᠯᠠᠴᠢᠯᠠᠨ᠎ᠠ᠃ ᠤᠯᠠᠨ ᠨᠡᠶᠢᠲᠡ ᠶᠢᠨ ᠬᠠᠤᠯᠢ | ᠴᠠᠭᠠᠵᠠ ᠶᠢᠨ ᠦᠢᠯᠡᠴᠢᠯᠡᠭᠡ ᠪᠠ ᠬᠠᠤᠯᠢ ᠴᠠᠭᠠᠵᠠ ᠶᠢᠨ ᠲᠤᠰᠠᠯᠠᠮᠵᠢ ᠶᠢ ᠴᠢᠩᠭᠠᠷᠠᠭᠤᠯᠤᠨ᠎ᠠ᠃ ᠭᠠᠮᠰᠢᠭ ᠢ ᠰᠡᠷᠭᠡᠶᠢᠯᠡᠬᠦ | ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠪᠠ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ | ᠴᠢᠳᠠᠪᠤᠷᠢ ᠶᠢ ᠳᠡᠭᠡᠭᠰᠢᠯᠡᠭᠦᠯᠵᠦ᠂ ᠦᠶᠡᠷ ᠤᠰᠤᠲᠤᠯ ᠭᠠᠩ ᠬᠠᠭᠰᠠᠷᠠᠭᠠᠨ᠂ ᠣᠢ ᠰᠢᠭᠤᠶ ᠨᠤᠲᠤᠭ ᠪᠡᠯᠴᠢᠭᠡᠷ ᠤᠨ ᠲᠦᠢᠮᠡᠷ | ᠂ ᠭᠠᠵᠠᠷ ᠤᠨ ᠭᠠᠮᠰᠢᠭ᠂ ᠭᠠᠵᠠᠷ ᠬᠥᠳᠡᠯᠦᠯᠲᠡ ᠵᠡᠷᠭᠡ ᠶᠢ ᠰᠡᠷᠭᠡᠶᠢᠯᠡᠬᠦ ᠠᠵᠢᠯ ᠪᠠ ᠴᠠᠭ ᠠᠭᠤᠷ ᠤᠨ ᠦᠢᠯᠡᠴᠢᠯᠡᠭᠡ ᠶᠢ | ᠰᠠᠶᠢᠲᠤᠷ ᠬᠢᠨ᠎ᠡ᠃ ᠢᠳᠡᠭᠡᠨ ᠤ ᠵᠦᠢᠯ ᠤᠨ ᠪᠦᠬᠦ ᠬᠡᠯᠬᠢᠶᠡᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢ ᠴᠢᠩᠳᠠᠯᠠᠨ᠎ᠠ᠃ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠪᠠ ᠬᠠᠮᠢᠶᠠᠷᠤᠯᠲᠠ ᠶᠢᠨ | ᠲᠦᠷᠢᠮ ᠢ ᠨᠠᠶᠢᠳᠠᠪᠤᠷᠢᠵᠢᠭᠤᠯᠵᠤ᠂ ᠠᠶᠤᠯ ᠦᠭᠡᠢ ᠦᠢᠯᠡᠳᠪᠦᠷᠢᠯᠡᠯ ᠤᠨ ᠲᠤᠰᠬᠠᠶ ᠴᠡᠭᠴᠡᠯᠡᠨ ᠵᠠᠰᠠᠬᠤ ᠭᠤᠷᠪᠠᠨ ᠵᠢᠯ ᠤᠨ | ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠬᠦᠨᠳᠦ ᠣᠨᠴᠠ ᠶᠡᠭᠡ ᠡ᠊ᠨᠳᠡᠯ ᠭᠠᠷᠬᠤ ᠶᠢ ᠪᠦᠲᠦᠮᠵᠢᠲᠡᠶ ᠬᠤᠷᠢᠭᠯᠠᠨ᠎ᠠ᠃ | ᠤᠯᠤᠰ ᠤᠨ ᠠᠮᠤᠷ ᠲᠦᠪᠰᠢᠨ ᠤ ᠰᠢᠰᠲ᠋ᠧᠮ ᠪᠠ ᠴᠢᠳᠠᠪᠤᠷᠢ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠰᠦᠯᠵᠢᠶᠠᠨ ᠤ | ᠠᠮᠤᠷ ᠲᠦᠪᠰᠢᠨ᠂ ᠳ᠋ᠠᠶᠢᠲ᠋ᠠ ᠶᠢᠨ ᠠᠮᠤᠷ ᠲᠦᠪᠰᠢᠨ ᠪᠠ ᠬᠤᠪᠢ ᠬᠥᠮᠦᠨ ᠤ ᠮᠡᠳᠡᠭᠡ ᠵᠠᠩᠭᠢ ᠶᠢᠨ ᠬᠠᠮᠠᠭᠠᠯᠠᠯᠲᠠ ᠶᠢ | ᠴᠢᠩᠭᠠᠷᠠᠭᠤᠯᠤᠨ᠎ᠠ᠃ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠠᠵᠢᠯ ᠢ ᠴᠢᠩᠭᠠᠳᠬᠠᠵᠤ᠂ ᠬᠠᠷ᠎ᠠ ᠬᠠᠷᠭᠢᠰ | ᠬᠦᠴᠦᠨ ᠢ ᠠᠷᠢᠯᠭᠠᠬᠤ ᠠᠵᠢᠯ ᠢ ᠪᠠᠶᠢᠩᠭᠤ ᠶᠢᠨ ᠴᠢᠨᠠᠷᠳᠠᠢ ᠠᠬᠢᠭᠤᠯᠵᠤ᠂ ᠡᠯ᠎ᠡ ᠲᠦᠷᠦᠯ ᠤᠨ ᠬᠠᠤᠯᠢ ᠠᠴᠠ ᠵᠥᠷᠢᠴᠡᠭᠰᠡᠨ | ᠶᠠᠯᠠᠲᠤ ᠠᠵᠢᠯᠯᠠᠭ᠎ᠠ ᠶᠢ ᠡᠷᠡᠰ ᠰᠡᠷᠭᠡᠶᠢᠯᠡᠨ ᠲᠡᠭᠦᠨ ᠳᠤ ᠴᠣᠬᠢᠯᠲᠠ ᠥᠭᠴᠦ᠂ ᠨᠡᠩ ᠥᠨᠳᠥᠷ ᠲᠦᠪᠰᠢᠨ ᠪᠦᠬᠦᠢ ᠠᠮᠤᠷ | ᠠᠮᠤᠭᠤᠯᠠᠩ ᠳᠤᠮᠳᠠᠳᠤ ᠤᠯᠤᠰ᠂ ᠬᠠᠤᠯᠢ ᠪᠠᠷ ᠵᠠᠰᠠᠬᠤ ᠳᠤᠮᠳᠠᠳᠤ ᠤᠯᠤᠰ ᠢ ᠪᠦᠳᠦᠭᠡᠨ ᠪᠠᠶᠢᠭᠤᠯᠤᠨ᠎ᠠ᠃ | ᠲᠥᠯᠥᠭᠡᠯᠡᠭᠴᠢᠳ ᠡ︕ | ᠰᠢᠨ᠎ᠡ ᠪᠠᠶᠢᠳᠠᠯ ᠪᠠ ᠡᠭᠦᠷᠭᠡ ᠶᠢᠨ ᠡᠮᠦᠨ᠎ᠡ᠂ ᠡᠯ᠎ᠡ ᠱᠠᠲᠤᠨ ᠤ ᠵᠠᠰᠠᠭ ᠤᠨ ᠣᠷᠳᠣᠨ ᠨᠠᠮ ᠤᠨ ᠠᠷᠪᠠ ᠶᠢᠰᠦᠳᠦᠭᠡᠷ | ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠤᠳᠠᠭ᠎ᠠ ᠪᠦᠷᠢ ᠶᠢᠨ ᠪᠥᠬᠦᠳᠡ | ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠬᠤᠶᠠᠷ ᠢ | ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠳᠠᠢ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ︽ᠳᠥᠷᠪᠡᠨ ᠤᠬᠠᠮᠰᠠᠷ︾ | ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ | ᠦᠵᠡᠯ ᠰᠠᠨᠠᠭ᠎ᠠ ᠤᠯᠤᠰ ᠲᠥᠷᠥ ᠦᠢᠯᠡ ᠠᠵᠢᠯᠯᠠᠭ᠎ᠠ ᠲᠡᠭᠡᠷ᠎ᠠ ᠪᠠᠨ ᠤᠬᠠᠮᠰᠠᠷ ᠠᠴᠠ ᠪᠠᠨ ᠰᠢ ᠶᠢᠨ ᠫᠢᠩ ᠨᠥᠬᠦᠷ ᠢᠶᠠᠷ | ᠭᠤᠤᠯᠯᠠᠭᠤᠯᠤᠭᠰᠠᠨ ᠨᠠᠮ ᠤᠨ ᠲᠥᠪ ᠬᠤᠷᠢᠶ᠎ᠠ ᠲᠠᠢ ᠲᠡᠭᠡᠳᠤ ᠬᠡᠮᠵᠢᠶ᠎ᠡ ᠪᠠᠷ ᠨᠢᠭᠡᠳᠦᠯᠲᠡᠶ ᠪᠠᠶᠢᠬᠤ ᠬᠡᠷᠡᠭᠲᠡᠶ᠃ ᠬᠠᠤᠯᠢ | ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠭᠦᠨᠵᠡᠭᠡᠶᠢᠷᠡᠭᠦᠯᠵᠦ᠂ | ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠠᠳᠠᠯᠢ ᠱᠠᠲᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠢᠨᠠᠯᠲᠠ ᠶᠢ ᠬᠠᠤᠯᠢ ᠶᠣᠰᠣᠭᠠᠷ | ᠬᠦᠯᠢᠶᠡᠵᠦ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠬᠰᠠᠨ ᠬᠢᠨᠠᠯᠲᠠ ᠶᠢ ᠤᠬᠠᠮᠰᠠᠷ ᠠᠴᠠ ᠪᠠᠨ | ᠬᠦᠯᠢᠶᠡᠵᠦ᠂ ᠨᠡᠶᠢᠭᠡᠮ ᠤᠨ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ᠎ᠡ᠃ ᠬᠢᠨᠠᠨ | ᠪᠤᠳᠤᠬᠤ ᠬᠢᠨᠠᠯᠲᠠ ᠪᠠ ᠲᠤᠭ᠎ᠠ ᠪᠦᠷᠢᠳᠭᠡᠯ ᠤᠨ ᠬᠢᠨᠠᠯᠲᠠ ᠶᠢ ᠴᠢᠩᠭᠠᠳᠬᠠᠨ᠎ᠠ᠃ ᠠᠵᠢᠯᠴᠢᠨ ᠤ ᠡᠪᠯᠡᠯ᠂ ᠡᠪ ᠬᠠᠮᠲᠤ | ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠵᠡᠷᠭᠡ ᠤᠯᠠᠨ ᠲᠦᠮᠡᠨ ᠤ ᠪᠦᠯᠬᠦᠮ ᠤᠨ ᠵᠣᠬᠢᠶᠠᠨ | ᠪᠠᠶᠢᠭᠤᠯᠤᠯᠲᠠ ᠶᠢᠨ ᠦᠢᠯᠡᠳᠦᠯ ᠢᠶᠠᠨ ᠨᠡᠩ ᠰᠠᠶᠢᠨ ᠪᠠᠳᠠᠷᠠᠭᠤᠯᠬᠤ ᠶᠢ ᠳᠡᠮᠵᠢᠨ᠎ᠡ᠃ ᠨᠠᠮ ᠢ ᠪᠦᠬᠦ ᠲᠠᠯ᠎ᠠ ᠪᠠᠷ ᠴᠢᠩᠭ᠎ᠠ | ᠵᠠᠰᠠᠬᠤ ᠶᠢ ᠴᠥᠬᠦᠷᠡᠰᠢ ᠦᠭᠡᠢ ᠠᠬᠢᠭᠤᠯᠵᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ | ᠪᠠᠶᠢᠭᠤᠯᠤᠯᠲᠠ ᠪᠤᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠶ ᠥᠷᠨᠢᠭᠦᠯᠦᠨ᠎ᠡ᠃ ᠠᠷᠢᠭᠤᠨ ᠴᠢᠬᠡᠴᠢ ᠵᠠᠰᠠᠭ ᠤᠨ | ᠣᠷᠳᠣᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ | ᠪᠦᠲᠦᠭᠡᠯ ᠢ ᠪᠠᠬᠢᠵᠢᠭᠦᠯᠦᠨ᠎ᠡ᠃ ᠵᠠᠰᠠᠭ ᠤᠨ ᠣᠷᠳᠣᠨ ᠤ ᠠᠵᠢᠯᠲᠠᠨ ᠬᠠᠤᠯᠢ ᠴᠠᠭᠠᠵᠠ ᠶᠢᠨ ᠬᠢᠨᠠᠯᠲᠠ᠂ ᠬᠢᠨᠠᠨ | ᠪᠠᠶᠢᠴᠠᠭᠠᠯᠳᠠ ᠶᠢᠨ ᠬᠢᠨᠠᠯᠲᠠ ᠪᠠ ᠠᠷᠠᠳ ᠲᠦᠮᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠲᠦᠮᠡᠨ ᠢ | ᠢᠮᠠᠭᠲᠠ ᠰᠡᠳᠭᠢᠯ ᠵᠢᠷᠦᠬᠡᠨ ᠤ ᠪᠠᠨ ᠬᠠᠮᠤᠭ ᠤᠨ ᠳᠡᠭᠡᠳᠦ ᠪᠠᠶᠢᠷᠢᠨ ᠳᠤ ᠲᠠᠯᠪᠢᠵᠤ᠂ ᠠᠷᠠᠳ ᠲᠦᠮᠡᠨ ᠤ ᠠᠯᠪᠠᠨ ᠵᠠᠷᠤᠴᠠ | ᠭᠡᠬᠦ ᠨᠡᠷᠡᠶᠢᠳᠦᠯ ᠳᠡᠭᠡᠨ ᠤᠰᠤᠯᠳᠠᠬᠤ ᠦᠭᠡᠢ ᠪᠠᠶᠢᠬᠤ ᠬᠡᠷᠡᠭᠳᠠᠢ᠃ | ᠬᠦᠴᠢᠷ ᠪᠡᠷᠬᠡᠰᠢᠶᠡᠯ ᠪᠠ ᠰᠢᠯᠭᠠᠯᠳᠠ ᠶᠢ ᠠᠷᠭᠠᠴᠠᠭᠠᠬᠤ ᠳᠤ᠂ ᠡᠯ᠎ᠡ ᠱᠠᠲᠤᠨ ᠤ ᠵᠠᠰᠠᠭ ᠤᠨ ᠣᠷᠳᠣᠨ ᠵᠢᠴᠢ ᠲᠡᠭᠦᠨ ᠤ | ᠠᠵᠢᠯᠲᠠᠨ ᠡᠷᠬᠡᠪᠰᠢ ᠡᠭᠦᠷᠭᠡ ᠲᠤᠰᠢᠶᠠᠯ ᠢᠶᠠᠨ ᠰᠢᠳᠤᠷᠭᠤ ᠪᠠᠷ ᠭᠥᠢᠴᠡᠳᠭᠡᠵᠦ᠂ ᠠᠷᠠᠳ ᠲᠦᠮᠡᠨ ᠤ ᠲᠥᠯᠥᠭᠡ ᠠᠵᠢᠯᠴᠢ | ᠬᠢᠴᠢᠶᠡᠩᠭᠦᠶ ᠪᠠᠷ ᠵᠠᠰᠠᠭ ᠪᠠᠷᠢᠵᠤ᠂ ᠰᠡᠳᠭᠢᠯ ᠢᠶᠠᠨ ᠨᠢᠬᠳᠠᠷᠠᠭᠤᠯᠤᠨ ᠬᠦᠴᠦ ᠪᠠᠨ ᠲᠥᠪᠯᠡᠷᠡᠭᠦᠯᠵᠤ ᠬᠥᠭᠵᠢᠯᠲᠡ ᠶᠢ | ᠠᠳᠬᠤᠵᠤ᠂ ᠠᠷᠠᠳ ᠤᠨ ᠠᠮᠢᠳᠤᠷᠠᠯ ᠢ ᠪᠠᠲᠤᠯᠠᠬᠤ ᠬᠡᠷᠡᠭᠲᠡᠶ᠃ ᠬᠥᠭᠵᠢᠬᠦᠯᠬᠦ ᠪᠣᠯ ᠲᠡᠷᠢᠭᠦᠨ ᠴᠢᠬᠤᠯᠠ ᠡᠭᠦᠷᠭᠡ ᠮᠥᠨ | ᠪᠤᠯᠬᠤ ᠶᠢ ᠪᠠᠷᠢᠮᠲᠠᠯᠠᠵᠤ᠂ ᠡᠷᠬᠡᠪᠰᠢ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ | ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠤᠨ ᠵᠣᠷᠢᠭ | ᠰᠠᠨᠠᠭ᠎ᠠ ᠶᠢ ᠴᠥᠬᠦᠷᠡᠰᠢ ᠦᠭᠡᠢ ᠨᠠᠶᠢᠳᠠᠪᠤᠷᠢᠵᠢᠭᠤᠯᠵᠤ᠂ ︽ᠳᠥᠷᠪᠡᠨ ᠰᠤᠷᠲᠠᠯ︾ ᠢᠯᠠᠩᠭᠤᠶ᠎ᠠ ᠬᠡᠯᠪᠡᠷᠢ ᠶᠢᠨ ᠦᠵᠡᠯ ᠪᠠ | ᠨᠣᠶᠠᠨᠴᠢ ᠰᠤᠷᠲᠠᠯ ᠢ ᠰᠢᠨᠳᠠᠷᠠᠰᠢ ᠤᠢᠭᠡᠢ ᠵᠠᠯᠠᠷᠠᠭᠤᠯᠤᠨ ᠵᠠᠰᠠᠵᠤ᠂ ᠬᠠᠰᠢ ᠶᠠᠰᠢ ᠠᠷᠭᠠᠴᠠᠬᠤ᠂ ᠬᠠᠷᠢᠭᠤᠴᠠᠯᠭ᠎ᠠ ᠪᠠᠨ | ᠨᠠᠭᠠᠰᠢ ᠴᠠᠭᠠᠰᠢ ᠲᠦᠯᠬᠢᠯᠴᠡᠬᠦ ᠶᠢ ᠡᠷᠡᠰ ᠡᠰᠡᠷᠭᠦᠴᠡᠵᠦ᠂ ᠡᠷᠭᠡ ᠶᠢ ᠳᠤᠷ᠎ᠠ ᠵᠣᠷᠢᠭ ᠢᠶᠠᠷ ᠢᠶᠠᠨ ᠬᠡᠷᠡᠭᠯᠡᠬᠦ᠂ ᠠᠵᠢᠯᠯᠠᠬᠤ | ᠠᠷᠭ᠎ᠠ ᠨᠢ ᠳᠥᠭᠦᠮ ᠪᠦᠳᠦᠭᠦᠯᠢᠭ ᠪᠠᠶᠢᠬᠤ ᠶᠢ ᠡᠷᠡᠰ ᠵᠠᠯᠠᠷᠠᠭᠤᠯᠤᠨ ᠵᠠᠰᠠᠬᠤ ᠬᠡᠷᠡᠭᠳᠠᠢ᠃ ᠠᠷᠠᠳ ᠤᠯᠠᠨ ᠤ ᠠᠮᠤᠷ | ᠳᠦᠪᠰᠢᠨ ᠠᠶᠤᠯ ᠳᠦᠭᠰᠢᠭᠦᠷᠢ ᠵᠢᠷᠭᠠᠯ ᠵᠤᠪᠠᠯᠠᠩ ᠢ ᠢᠮᠠᠭᠲᠠ ᠰᠡᠳᠭᠢᠯ ᠳᠡᠭᠡᠨ ᠪᠤᠳᠤᠵᠦ᠂ ᠪᠣᠳᠠᠲᠤ ᠪᠠᠶᠢᠳᠠᠯ ᠢ | ᠪᠠᠶᠢᠴᠠᠭᠠᠵᠤ᠂ ᠪᠣᠳᠠᠲᠤ ᠶᠠᠪᠤᠳᠠᠯ ᠬᠢᠵᠦ᠂ ᠪᠣᠳᠠᠲᠤ ᠪᠦᠲᠦᠮᠵᠢ ᠶᠢ ᠡᠷᠬᠢᠮᠯᠡᠵᠦ᠂ ᠠᠷᠠᠳ ᠤᠨ ᠠᠮᠢᠳᠤᠷᠠᠯ ᠤᠨ ᠠᠩᠬᠠᠷᠤᠯ | ᠲᠠᠯᠪᠢᠵᠤ ᠪᠠᠶᠢᠭ᠎ᠠ ᠠᠰᠠᠭᠤᠳᠠᠯ ᠳᠤ ᠴᠠᠭ ᠲᠤᠬᠠᠶ ᠳᠤᠨᠢ ᠬᠠᠷᠢᠭᠤᠯᠳᠠ ᠥᠭᠴᠦ᠂ ᠠᠷᠠᠳ ᠤᠯᠠᠨ ᠤ ᠬᠠᠤᠯᠢ ᠶᠤᠰᠤᠨ ᠤ | ᠡᠷᠬᠡ ᠠᠰᠢᠭ ᠢ ᠦᠯᠦ ᠬᠠᠶᠢᠬᠤᠷᠬᠤ ᠬᠦᠨᠳᠦ ᠨᠤᠴᠢᠲᠠᠢ ᠲᠤᠰᠢᠶᠠᠯ ᠳᠠᠭᠠᠨ ᠤᠰᠤᠯᠳᠠᠵᠤ ᠬᠠᠷᠢᠭᠤᠴᠠᠯᠭ᠎ᠠ ᠠᠯᠳᠠᠭᠰᠠᠨ | ᠠᠰᠠᠭᠤᠳᠠᠯ ᠢ ᠡᠷᠡᠰ ᠴᠢᠩᠭ᠎ᠠ ᠰᠢᠢᠳᠪᠦᠷᠢᠯᠡᠬᠦ ᠬᠡᠷᠡᠭᠲᠡᠢ᠃ ᠲᠥᠪ ᠤᠨ ᠪᠠ ᠣᠷᠣᠨ ᠨᠤᠲᠤᠭ ᠤᠨ ᠬᠤᠶᠠᠷ ᠢᠳᠡᠪᠬᠢᠵᠢᠯ ᠢ | ᠭᠦᠢᠴᠡᠳ ᠪᠠᠳᠠᠷᠠᠭᠤᠯᠵᠤ᠂ ᠠᠷᠠᠳ ᠣᠯᠠᠨ ᠤ ᠡᠭᠦᠳᠦᠨ ᠪᠦᠲᠦᠭᠡᠬᠦ ᠵᠣᠷᠢᠭ ᠰᠠᠨᠠᠭ᠎ᠠ ᠶᠢ ᠬᠦᠨᠳᠦᠳᠭᠡᠵᠤ᠂ ᠲᠦᠷᠦ ᠶᠢᠨ | ᠪᠤᠳᠤᠯᠭ᠎ᠠ ᠶᠢ ᠬᠡᠷᠡᠭᠵᠢᠭᠦᠯᠬᠦ ᠳᠡᠭᠡᠨ ᠪᠦᠭᠦᠳᠡ ᠶᠢ ᠨᠢᠭᠡ ᠯᠡ ᠪᠠᠷᠢᠮᠵᠢᠶ᠎ᠠ ᠪᠠᠷ ᠱᠠᠭᠠᠷᠳᠠᠬᠤ ᠪᠠ ᠳᠡᠰ ᠳᠡᠰ ᠢᠶᠠᠷ ᠨᠡᠮᠡᠬᠦ ᠶᠢ | ᠰᠡᠷᠭᠡᠶᠢᠯᠡᠨ᠂ ᠦᠨᠳᠦᠰᠦᠨ ᠱᠠᠳᠤᠨ ᠤ ᠳᠠᠷᠤᠭᠠᠰᠤ ᠶᠢ ᠦᠷᠭᠦᠯᠵᠢᠯᠡᠨ ᠬᠦᠩᠭᠡᠷᠡᠭᠦᠯᠬᠦ ᠬᠡᠷᠡᠭᠲᠡᠢ᠃ ᠤᠷᠮᠠᠰᠢᠭᠤᠯᠬᠤ ᠪᠠ | ᠬᠠᠮᠠᠭᠠᠯᠠᠬᠤ ᠲᠣᠭᠲᠠᠴᠠ ᠶᠢ ᠪᠦᠷᠢᠨᠰᠢᠬᠦᠯᠵᠤ᠂ ᠥᠷᠭᠡᠨ ᠤᠯᠠᠨ ᠺᠠᠳ᠋ᠷᠴᠤᠳ ᠤᠨ ᠵᠣᠷᠢᠭᠲᠠᠢ ᠪᠠᠷ ᠬᠠᠷᠢᠭᠤᠴᠠᠯᠭ᠎ᠠ | ᠡᠭᠦᠷᠭᠡᠯᠡᠵᠤ᠂ ᠴᠢᠳᠠᠮᠠᠭᠠᠢ ᠪᠠᠷ ᠠᠵᠢᠯᠯᠠᠬᠤ ᠶᠢ ᠲᠡᠮᠵᠢᠬᠦ ᠬᠡᠷᠡᠭᠳᠠᠢ᠃ ᠪᠦᠬᠦ ᠤᠯᠤᠰ ᠲᠠᠶᠠᠭᠠᠷ ᠢᠶᠠᠨ ᠬᠥᠴᠤ ᠪᠠᠨ ᠰᠢᠪᠬᠠᠨ | ᠨᠢᠭᠡ ᠰᠡᠳᠭᠢᠯ ᠢᠶᠠᠷ ᠰᠢᠷᠭᠠᠭᠤ ᠬᠠᠲᠠᠭᠤᠵᠢᠯᠲᠠᠢ ᠠᠵᠢᠯᠯᠠᠳᠠᠭ ᠯᠡ ᠶᠤᠮ ᠪᠤᠯ ᠯᠠᠪᠲᠠᠢ ᠬᠥᠭᠵᠢᠯᠲᠡ ᠶᠢᠨ ᠰᠢᠨ᠎ᠠ ᠠᠮᠵᠢᠯᠲᠠ | ᠪᠦᠲᠦᠮᠵᠢ ᠶᠢ ᠡᠭᠦᠳᠴᠦ ᠴᠢᠳᠠᠬᠤ ᠶᠤᠮ᠃ | ᠲᠥᠯᠥᠭᠡᠯᠡᠭᠴᠢᠳ ᠡ︕ | ᠪᠢᠳᠡ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠣᠯᠭᠠᠬᠤ ᠪᠠᠷ ᠭᠤᠣᠯ ᠰᠢᠵᠢᠮ | ᠪᠣᠯᠭᠠᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠠᠬᠢᠭᠤᠯᠵᠤ᠂ ᠦᠨᠳᠦᠰᠦᠲᠡᠨ ᠤ | ᠭᠠᠵᠠᠷ ᠣᠷᠣᠨ ᠤ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠠᠯᠬᠤᠴᠠ ᠪᠠᠨ ᠲᠦᠷᠭᠡᠳᠭᠡᠬᠦ ᠶᠢ ᠠᠬᠢᠭᠤᠯᠬᠤ | ᠬᠡᠷᠡᠭᠳᠠᠢ᠃ ᠱᠠᠰᠢᠨ ᠰᠤᠷᠲᠠᠬᠤᠨ ᠤ ᠠᠵᠢᠯ ᠤᠨ ᠲᠤᠬᠠᠢ ᠨᠠᠮ ᠤᠨ ᠦᠨᠳᠦᠰᠦᠨ ᠴᠢᠭᠯᠡᠯᠲᠡ ᠶᠢ ᠪᠠᠷᠢᠮᠲᠠᠯᠠᠵᠤ᠂ ᠮᠠᠨ ᠤ | ᠤᠯᠤᠰ ᠤᠨ ᠱᠠᠰᠢᠨ ᠰᠤᠷᠲᠠᠬᠤᠨ ᠤ ᠳᠤᠮᠳᠠᠳᠤ ᠤᠯᠤᠰᠴᠢᠯᠠᠬᠤ ᠴᠢᠭᠯᠡᠯ ᠢ ᠪᠠᠷᠢᠮᠲᠠᠯᠠᠵᠤ᠂ ᠱᠠᠰᠢᠨ ᠰᠤᠷᠲᠠᠬᠤᠨ ᠢ | ᠢᠳᠡᠪᠬᠢᠲᠡᠶ ᠬᠥᠲᠥᠯᠥᠨ ᠵᠢᠯᠣᠭᠤᠳᠴᠤ ᠪᠠᠶᠢᠭᠠᠳ ᠨᠡᠶᠢᠭᠡᠮ ᠵᠢᠷᠤᠮᠲᠤ ᠨᠡᠶᠢᠭᠡᠮ ᠲᠠᠢ ᠵᠣᠬᠢᠴᠠᠭᠤᠯᠤᠨ᠎ᠠ᠃ ᠬᠠᠷᠢᠶᠠᠲᠤ | ᠨᠠᠷ ᠤᠨ ᠶᠠᠪᠤᠳᠠᠯ ᠤᠨ ᠲᠤᠬᠠᠢ ᠨᠠᠮ ᠤᠨ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠭᠠᠳᠠᠭᠠᠳᠤ ᠳᠤ | ᠰᠠᠭᠤᠭ᠎ᠠ ᠬᠠᠷᠢᠶᠠᠲᠤ ᠠᠬ᠎ᠠ ᠳᠡᠭᠦᠤ ᠨᠠᠷ᠂ ᠤᠯᠤᠰ ᠲᠠᠭᠠᠨ ᠪᠤᠴᠠᠵᠤ ᠢᠷᠡᠭᠰᠡᠨ ᠬᠠᠷᠢᠶᠠᠲᠤ ᠨᠠᠷ ᠪᠠ ᠬᠠᠷᠢᠶᠠᠲᠤ ᠨᠠᠷ ᠤᠨ | ᠭᠡᠷ ᠪᠦᠯᠢ ᠶᠢᠨ ᠬᠢᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ | ᠳᠤᠮᠳᠠᠳᠤ ᠶᠢᠨ ᠬᠥᠪᠡᠭᠦᠳ ᠥᠬᠢᠳ ᠤᠨ ᠰᠢᠨ᠎ᠠ ᠬᠢᠯᠠᠯᠵᠠᠭᠰᠠᠨ ᠠᠮᠵᠢᠯᠲᠠ ᠪᠦᠳᠦᠮᠵᠢ ᠶᠢ ᠭᠠᠷ ᠬᠤᠯᠪᠣᠯᠴᠠᠨ ᠬᠠᠮᠳᠤ ᠪᠠᠷ | ᠡᠬᠦᠳᠬᠦ ᠶᠢ ᠵᠣᠷᠢᠬᠵᠢᠭᠤᠯᠤᠨ᠎ᠠ᠃ | ᠲᠥᠯᠥᠭᠡᠯᠡᠭᠴᠢᠳ ᠡ︕ | ᠥᠩᠭᠡᠷᠡᠭᠰᠡᠨ ᠨᠢᠭᠡ ᠵᠢᠯ ᠳᠤ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠬᠢ ᠶᠢᠨ ᠪᠦᠳᠦᠭᠡᠨ | ᠪᠠᠶᠢᠭᠤᠯᠤᠯᠲᠠ ᠴᠢᠬᠤᠯᠠ ᠶᠡᠭᠡ ᠠᠬᠢᠴᠠ ᠲᠠᠢ ᠪᠤᠯᠵᠤ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠦᠯᠤᠪᠵᠢᠬᠦᠯᠭᠡ ᠶᠢᠨ | ᠰᠠᠶᠢᠨ ᠡᠬᠢᠯᠡᠯᠲᠡ ᠶᠢ ᠪᠡᠶᠡᠯᠡᠭᠦᠯᠪᠡ᠃ ᠰᠢᠨ᠎ᠡ ᠨᠢᠭᠡ ᠵᠢᠯ ᠳᠤ᠂ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ | ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠴᠡᠷᠢᠭ ᠤᠨ ᠶᠠᠪᠤᠳᠠᠯ ᠤᠨ ᠪᠠᠶᠢᠯᠳᠤᠬᠤ | ᠪᠣᠳᠣᠯᠭ᠎ᠠ ᠶᠢᠨ ᠴᠢᠭᠯᠡᠯᠲᠡ ᠶᠢ ᠲᠤᠭᠤᠰᠢᠯᠠᠭᠤᠯᠵᠤ᠂ ᠴᠡᠷᠢᠭ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢᠨ ᠦᠶ᠎ᠡ ᠶᠢᠨ | ᠲᠡᠮᠡᠴᠡᠯ ᠤᠨ ᠬᠠᠷᠠᠯᠲᠠ ᠶᠢ ᠪᠠᠳᠤ ᠡᠵᠡᠮᠰᠢᠵᠤ᠂ ᠨᠠᠮ ᠤᠨ ᠤᠳᠤᠷᠢᠳᠤᠯᠭ᠎ᠠ ᠪᠣᠯᠤᠨ ᠨᠠᠮ ᠤᠨ ᠪᠠᠶᠢᠭᠤᠯᠤᠯᠲᠠ ᠶᠢ ᠪᠦᠬᠦ | ᠲᠠᠯ᠎ᠠ ᠪᠠᠷ ᠴᠢᠩᠭᠠᠳᠬᠠᠵᠤ᠂ ᠴᠡᠷᠢᠭ ᠪᠣᠯᠪᠠᠰᠤᠷᠠᠭᠤᠯᠵᠤ ᠳᠠᠶᠢᠨ ᠳᠤ ᠪᠡᠯᠡᠳᠭᠡᠬᠦ ᠠᠵᠢᠯ ᠢ ᠪᠦᠬᠦ ᠲᠠᠯ᠎ᠠ ᠪᠠᠷ | ᠭᠦᠨᠵᠡᠭᠡᠶᠢᠷᠡᠭᠦᠯᠵᠦ᠂ ᠴᠡᠷᠢᠭ ᠲᠠᠶᠢᠨ ᠤ ᠲᠡᠮᠡᠴᠡᠯ ᠢ ᠡᠷᠡᠰ ᠰᠢᠭᠤᠷᠬᠠᠢ ᠪᠦᠭᠡᠳ ᠠᠮᠢᠳᠤᠯᠢᠭ ᠢᠶᠠᠷ ᠥᠷᠨᠢᠭᠦᠯᠵᠦ᠂ | ᠤᠯᠤᠰ ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠶᠢ ᠬᠠᠮᠠᠭᠠᠯᠠᠬᠤ ᠬᠡᠷᠡᠭᠳᠠᠢ᠃ ᠣᠳᠣ | ᠦᠶ᠎ᠡ ᠶᠢᠨ ᠴᠡᠷᠢᠭ ᠤᠨ ᠶᠠᠪᠤᠳᠠᠯ ᠤᠨ ᠡᠳ᠋ ᠪᠠᠷᠠᠭᠠᠨ ᠤ ᠭᠦᠢᠯᠭᠡᠭᠡᠨ ᠤ ᠰᠢᠰᠲ᠋ᠧᠮ᠂ ᠴᠡᠷᠢᠭ ᠠᠩᠭᠢ ᠶᠢᠨ ᠣᠳᠣ ᠦᠶ᠎ᠡ ᠶᠢᠨ | ᠡᠳ᠋ ᠬᠥᠷᠥᠩᠭᠡ ᠶᠢᠨ ᠬᠠᠮᠢᠶᠠᠷᠤᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠭᠡᠵᠦ᠂ ᠵᠡᠪᠰᠡᠭ ᠲᠣᠨᠣᠭᠯᠠᠯ ᠤᠨ | ᠣᠳᠣᠬᠢᠴᠢᠯᠠᠭᠰᠠᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ | ᠠᠩᠭᠢ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠬᠦᠳᠬᠦ ᠶᠢ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠴᠢᠳᠠᠪᠤᠷᠢᠲᠠᠨ ᠢᠶᠠᠷ | ᠴᠡᠷᠢᠭ ᠢ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠤ᠂ ᠬᠠᠤᠯᠢ ᠶᠣᠰᠣᠭᠠᠷ ᠴᠡᠷᠢᠭ ᠢ ᠵᠠᠰᠠᠬᠤ | ᠂ ᠴᠡᠷᠢᠭ ᠢ ᠴᠢᠩᠭ᠎ᠠ ᠵᠠᠰᠠᠬᠤ ᠶᠢ ᠠᠬᠢᠭᠤᠯᠵᠤ᠂ ᠴᠡᠷᠢᠭ ᠠᠩᠭᠢ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠪᠠ ᠠᠵᠤ ᠦᠢᠯᠡᠳᠪᠦᠷᠢ ᠶᠢᠨ | ᠪᠠᠶᠢᠷᠢᠯᠠᠭᠤᠯᠤᠯᠲᠠ ᠶᠢ ᠰᠢᠯᠢᠳᠡᠭᠵᠢᠭᠦᠯᠤᠨ᠎ᠠ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ | ᠪᠠᠶᠢᠭᠤᠯᠤᠯ ᠤᠨ ᠥᠭᠡᠷᠡᠴᠢᠯᠡᠯᠲᠡ ᠶᠢ ᠪᠡᠶᠡᠯᠡᠭᠦᠯᠵᠦ᠂ ᠠᠷᠠᠳ ᠨᠡᠶᠢᠲᠡ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠬᠥᠮᠦᠵᠢᠯ ᠢ ᠴᠢᠩᠭᠠᠳᠬᠠᠨ᠎ᠠ᠃ ᠡᠯ᠎ᠡ ᠱᠠᠲᠤᠨ ᠤ ᠵᠠᠰᠠᠭ ᠤᠨ ᠣᠷᠳᠣᠨ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ | ᠠᠩᠬᠢ ᠶᠢᠨ ᠪᠦᠳᠤᠭᠡᠨ ᠪᠠᠶᠢᠭᠤᠯᠤᠯᠲᠠ ᠶᠢ ᠶᠡᠭᠡ ᠪᠠᠷ ᠲᠡᠮᠵᠢᠵᠤ᠂ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠢ ᠬᠠᠳᠠ | ᠴᠢᠯᠠᠭᠤ ᠮᠡᠲᠦ ᠪᠠᠲᠤ ᠪᠠᠬᠢ ᠪᠠᠶᠢᠯᠭᠠᠬᠤ ᠬᠡᠷᠡᠭᠲᠡᠶ᠃ | ᠲᠥᠯᠥᠭᠡᠯᠡᠭᠴᠢᠳ ᠡ︕ | ᠪᠢᠳᠡ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾᠂ ︽ᠰᠢᠶᠠᠩᠭᠠᠩ ᠤᠨ ᠬᠥᠮᠦᠨ ᠢᠶᠠᠷ | ᠰᠢᠶᠠᠩᠭᠠᠩ ᠢ ᠵᠠᠰᠠᠭᠤᠯᠬᠤ︾᠂ ︽ᠣᠣᠮᠧᠨ ᠤ ᠬᠥᠮᠦᠨ ᠢᠶᠠᠷ ᠣᠣᠮᠧᠨ ᠢ ᠵᠠᠰᠠᠭᠤᠯᠬᠤ︾᠂ ᠳᠡᠭᠡᠳᠦ ᠬᠡᠮᠵᠢᠶ᠎ᠡ ᠪᠠᠷ | ᠥᠪᠡᠷᠲᠡᠭᠡᠨ ᠵᠠᠰᠠᠬᠤ ᠴᠢᠭᠯᠡᠯᠲᠡ ᠶᠢ ᠦᠷᠭᠦᠯᠵᠢᠯᠡᠨ ᠪᠦᠬᠦ ᠲᠠᠯ᠎ᠠ ᠪᠠᠷ ᠵᠥᠪ ᠣᠨᠣᠪᠴᠢᠲᠠᠶ ᠪᠦᠭᠡᠳ ᠭᠤᠶᠢᠪᠢᠰᠢ ᠦᠭᠡᠢ | ᠲᠤᠭᠤᠰᠢᠯᠠᠭᠤᠯᠤᠨ᠂ ᠲᠥᠪ ᠠᠴᠠ ᠵᠠᠰᠠᠭ ᠵᠠᠬᠢᠷᠭᠠᠨ ᠤ ᠣᠨᠴᠠᠭᠠᠶ ᠣᠷᠣᠨ ᠳᠤ ᠶᠠᠪᠤᠭᠤᠯᠬᠤ ᠪᠦᠬᠦ ᠲᠠᠯ᠎ᠠ ᠪᠠᠷ ᠬᠠᠮᠢᠶᠠᠷᠤᠨ | ᠵᠠᠰᠠᠬᠤ ᠡᠷᠬᠡ ᠶᠢ ᠨᠠᠶᠢᠳᠠᠪᠤᠷᠢᠵᠢᠭᠤᠯᠵᠤ᠂ ︽ᠡᠭᠡ ᠣᠷᠣᠨᠴᠢ ᠬᠥᠮᠦᠰ ᠢᠶᠠᠷ ᠰᠢᠶᠠᠩᠭᠠᠩ ᠢ ᠵᠠᠰᠠᠭᠤᠯᠬᠤ︾᠂ ︽ᠡᠭᠡ | ᠣᠷᠣᠨᠴᠢ ᠬᠥᠮᠦᠰ ᠢᠶᠠᠷ ᠣᠣᠮᠧᠨ ᠢ ᠵᠠᠰᠠᠭᠤᠯᠬᠤ︾ ᠶᠢ ᠡᠷᠡᠰ ᠨᠠᠶᠢᠳᠠᠪᠤᠷᠢᠵᠢᠭᠤᠯᠤᠨ᠎ᠠ᠃ ᠵᠠᠰᠠᠭ ᠵᠠᠬᠢᠷᠭᠠᠨ ᠤ ᠣᠨᠴᠠᠭᠠᠢ | ᠣᠷᠣᠨ ᠤ ᠵᠠᠰᠠᠭ ᠤᠨ ᠣᠷᠳᠣᠨ ᠤ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠦᠬᠦ ᠬᠦᠴᠦᠨ ᠢᠶᠠᠷ ᠢᠶᠠᠨ ᠳᠠᠮᠵᠢᠨ᠎ᠠ᠃ | ᠰᠢᠶᠠᠩᠭᠠᠩ ᠣᠣᠮᠧᠨ ᠤ ᠠᠵᠤ ᠠᠬᠤᠶ ᠪᠠᠨ ᠬᠥᠭᠵᠢᠭᠦᠯᠵᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠵᠦ᠂ ᠤᠯᠤᠰ | ᠤᠷᠤᠨ ᠤ ᠬᠥᠭᠵᠢᠯᠲᠡ ᠶᠢᠨ ᠶᠡᠭᠡ ᠲᠠᠯ᠎ᠠ ᠳᠤ ᠨᠡᠩ ᠰᠠᠶᠢᠨ ᠠᠭᠤᠰᠤᠨ ᠤᠷᠤᠬᠤ ᠶᠢ ᠳᠡᠮᠵᠢᠵᠦ᠂ ᠰᠢᠶᠠᠩᠭᠠᠩ ᠣᠣᠮᠧᠨ ᠤ | ᠤᠷᠳᠤ ᠬᠤᠭᠤᠴᠠᠭᠠᠨ ᠤ ᠴᠡᠴᠡᠭᠯᠡᠯ ᠬᠥᠭᠵᠢᠯ ᠪᠠ ᠲᠣᠭᠲᠠᠭᠤᠨ ᠪᠠᠶᠢᠳᠠᠯ ᠢ ᠪᠠᠲᠤᠯᠠᠨ᠎ᠠ᠃ | ᠪᠢᠳᠡ ᠲᠠᠶᠢᠸᠠᠨ ᠤ ᠲᠤᠬᠠᠶ ᠠᠵᠢᠯ ᠤᠨ ᠦᠨᠳᠦᠰᠦᠨ ᠪᠣᠳᠣᠯᠭ᠎ᠠ ᠴᠢᠭᠯᠡᠯᠲᠡ ᠶᠢ ᠪᠠᠷᠢᠮᠲᠠᠯᠠᠵᠤ᠂ ᠰᠢᠨ᠎ᠡ ᠴᠠᠭ | ᠦᠶ᠎ᠡ ᠶᠢᠨ ᠨᠠᠮ ᠤᠨ ᠲᠠᠶᠢᠸᠠᠨ ᠤ ᠠᠰᠠᠭᠤᠳᠠᠯ ᠢ ᠰᠢᠢᠳᠪᠦᠷᠢᠯᠡᠬᠦ ᠶᠡᠷᠦᠩᠬᠡᠶ ᠠᠷᠭ᠎ᠠ ᠪᠣᠳᠣᠯᠭ᠎ᠠ ᠶᠢ ᠲᠤᠭᠤᠰᠢᠯᠠᠭᠤᠯᠵᠤ᠂ | ᠨᠢᠭᠡ ᠯᠡ ᠳᠤᠮᠳᠠᠳᠤ ᠤᠯᠤᠰ ᠪᠠᠶᠢᠬᠤ ᠵᠠᠷᠴᠢᠮ ᠪᠣᠯᠤᠨ ︽ᠶᠡᠷᠡᠨ ᠬᠤᠶᠠᠷ ᠣᠨ ᠤ ᠬᠠᠮᠲᠤ ᠶᠢᠨ ᠲᠠᠨᠢᠯᠲᠠ︾ ᠶᠢ | ᠪᠠᠷᠢᠮᠲᠠᠯᠠᠵᠤ᠂ ᠲᠠᠶᠢᠸᠠᠨ ᠬᠤᠭᠤᠯᠠᠶ ᠶᠢᠨ ᠬᠤᠶᠠᠷ ᠲᠠᠯ᠎ᠠ ᠶᠢᠨ ᠬᠠᠷᠢᠴᠠᠭ᠎ᠠ ᠶᠢ ᠨᠠᠶᠢᠷᠠᠮᠳᠠᠯ ᠢᠶᠠᠷ ᠬᠥᠭᠵᠢᠬᠦᠯᠬᠦ ᠪᠠ ᠡᠬᠡ | ᠣᠯᠤᠰ ᠢᠶᠠᠨ ᠨᠢᠭᠡᠳᠭᠡᠬᠦ ᠶᠢ ᠠᠬᠢᠭᠤᠯᠬᠤ ᠬᠡᠷᠡᠭᠳᠠᠢ᠃ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠬᠠᠭᠠᠴᠠᠭᠤᠯᠬᠤ | ᠠᠵᠢᠯᠯᠠᠭ᠎ᠠ ᠶᠢ ᠡᠷᠡᠰ ᠡᠰᠡᠷᠭᠦᠴᠡᠵᠦ᠂ ᠭᠠᠳᠠᠭᠠᠳᠤ ᠶᠢᠨ ᠬᠦᠴᠦᠨ ᠤ ᠭᠠᠷ ᠲᠦᠷᠦᠭᠦ ᠶᠢ ᠡᠷᠡᠰ ᠡᠰᠡᠷᠭᠦᠴᠡᠨ᠎ᠡ᠃ ᠲᠠᠶᠢᠸᠠᠨ | ᠬᠤᠭᠤᠯᠠᠶ ᠶᠢᠨ ᠬᠤᠶᠠᠷ ᠲᠠᠯ᠎ᠠ ᠶᠢᠨ ᠠᠬ᠎ᠠ ᠳᠡᠭᠦᠤ ᠨᠠᠷ ᠰᠡᠳᠭᠢᠯ ᠨᠢᠭᠡᠳᠦᠨ ᠬᠦᠴᠦ ᠪᠠᠨ ᠬᠠᠮᠲᠤᠳᠬᠠᠵᠤ᠂ | ᠦᠨᠳᠦᠰᠦᠲᠡᠨ ᠤ ᠰᠡᠷᠭᠦᠨ ᠮᠠᠨᠳᠤᠯᠲᠠ ᠶᠢᠨ ᠢᠷᠠᠭᠤ ᠠᠯᠳᠠᠷᠲᠤ ᠠᠭᠤᠤ ᠦᠢᠯᠡᠰ ᠢ ᠬᠠᠮᠲᠤ ᠪᠠᠷ ᠴᠣᠭᠴᠠᠯᠠᠬᠤ ᠬᠡᠷᠡᠭᠲᠡᠶ᠃ | ᠲᠥᠯᠥᠭᠡᠯᠡᠭᠴᠢᠳ ᠡ︕ | ᠪᠢᠳᠡ ᠪᠡᠶ᠎ᠡ ᠪᠠᠨ ᠳᠠᠭᠠᠭᠠᠵᠤ ᠡᠵᠡᠨ ᠮᠡᠳᠡᠬᠦ ᠨᠠᠶᠢᠷᠠᠮᠳᠠᠯ ᠤᠨ ᠭᠠᠳᠠᠭᠠᠳᠤ ᠬᠠᠷᠢᠯᠴᠠᠭᠠᠨ ᠤ ᠲᠦᠷᠦ ᠶᠢᠨ ᠪᠤᠳᠤᠯᠭ᠎ᠠ ᠶᠢ | ᠪᠠᠷᠢᠮᠲᠠᠯᠠᠨ᠂ ᠨᠠᠶᠢᠷᠠᠮᠳᠠᠯ ᠢᠶᠠᠷ ᠬᠥᠭᠵᠢᠬᠦ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠰᠢᠨ᠎ᠡ ᠬᠡᠯᠪᠡᠷᠢ ᠶᠢᠨ ᠤᠯᠠᠨ | ᠤᠯᠤᠰ ᠤᠨ ᠬᠠᠷᠢᠴᠠᠭ᠎ᠠ ᠶᠢ ᠪᠠᠶᠢᠭᠤᠯᠬᠤ ᠶᠢ ᠠᠬᠢᠭᠤᠯᠤᠨ᠂ ᠬᠦᠮᠦᠨ ᠲᠦᠷᠦᠯᠬᠢᠲᠡᠨ ᠤ ᠬᠤᠪᠢ ᠵᠠᠶᠠᠭᠠᠨ ᠤ ᠬᠠᠮᠲᠤ ᠶᠢᠨ | ᠴᠤᠭᠴᠠ ᠶᠢ ᠪᠠᠶᠢᠭᠤᠯᠬᠤ ᠶᠢ ᠠᠬᠢᠭᠤᠯᠬᠤ ᠬᠡᠷᠡᠭᠲᠡᠢ᠃ ᠪᠦᠬᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠶᠢ | ᠨᠠᠶᠢᠳᠠᠪᠤᠷᠢᠵᠢᠭᠤᠯᠬᠤ ᠶᠢ ᠠᠬᠢᠭᠤᠯᠵᠤ᠂ ᠪᠦᠬᠦ ᠬᠥᠮᠦᠨ ᠲᠥᠷᠥᠯᠬᠢᠲᠡᠨ ᠤ ᠬᠠᠮᠲᠤ ᠶᠢᠨ ᠦᠷᠳᠡᠭ ᠢ ᠪᠠᠳᠠᠷᠠᠭᠤᠯᠤᠨ᠎ᠠ᠃ | ᠳᠤᠮᠳᠠᠳᠤ ᠤᠯᠤᠰ ᠪᠣᠯ ᠢᠮᠠᠭᠲᠠ ᠳᠡᠯᠡᠬᠡᠢ ᠶᠢᠨ ᠡᠩᠬᠡ ᠲᠠᠶᠢᠪᠤᠩ ᠤᠨ ᠪᠦᠳᠦᠭᠡᠨ ᠪᠠᠶᠢᠭᠤᠯᠤᠭᠴᠢ᠂ ᠪᠦᠬᠦ ᠪᠥᠮᠪᠥᠷᠴᠡᠭ ᠤᠨ | ᠬᠥᠭᠵᠢᠯᠲᠡ ᠶᠢᠨ ᠬᠤᠪᠢ ᠨᠡᠮᠡᠷᠢ ᠦᠵᠡᠭᠦᠯᠦᠭᠴᠢ᠂ ᠤᠯᠠᠨ ᠤᠯᠤᠰ ᠤᠨ ᠡᠮᠬᠢ ᠵᠢᠷᠤᠮ ᠤᠨ ᠬᠠᠮᠠᠭᠠᠯᠠᠭᠴᠢ ᠮᠥᠨ᠂ | ᠳᠤᠮᠳᠠᠳᠤ ᠤᠯᠤᠰ ᠳᠤᠷᠠᠲᠠᠶ᠎ᠠ ᠳᠡᠯᠡᠬᠡᠢ ᠨᠡᠶᠢᠳᠡ ᠲᠠᠢ ᠬᠠᠮᠳᠤ ᠪᠠᠷ᠂ ᠳᠡᠯᠡᠬᠡᠢ ᠶᠢᠨ ᠡᠩᠬᠡ ᠲᠠᠶᠢᠪᠤᠩ ᠲᠤᠭᠲᠠᠭᠤᠨ ᠪᠠᠶᠢᠳᠠᠯ | ᠪᠠ ᠬᠦᠭᠵᠢᠯ ᠴᠡᠴᠡᠭᠯᠡᠯ ᠢ ᠠᠬᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ︕ | ᠲᠥᠯᠥᠭᠡᠯᠡᠭᠴᠢᠳ ᠡ︕ | ᠳᠤᠮᠳᠠᠳᠤ ᠤᠯᠤᠰ ᠤᠨ ᠬᠦᠭᠵᠢᠯᠲᠡ ᠪᠤᠯ ᠶᠡᠷᠦ ᠠᠴᠠ ᠰᠢᠯᠭᠠᠯᠲᠠ ᠶᠢ ᠠᠷᠭᠠᠴᠠᠭᠠᠬᠤ ᠲᠤᠮᠳᠠ ᠤᠷᠤᠭᠰᠢᠯᠠᠵᠤ ᠢᠷᠡᠭᠰᠡᠨ | ᠶᠤᠮ᠂ ᠳᠤᠮᠳᠠᠳᠤ ᠤᠯᠤᠰ ᠤᠨ ᠠᠷᠠᠳ ᠲᠦᠮᠡᠨ ᠶᠠᠮᠠᠷᠪᠠ ᠬᠦᠴᠢᠷ ᠪᠡᠷᠬᠡᠰᠢᠶᠡᠯ ᠬᠠᠷᠰᠢ ᠰᠠᠭᠠᠳ ᠢ ᠢᠯᠠᠨ ᠳᠠᠪᠠᠭ᠋ᠤ ᠰᠥᠰᠥ | ᠵᠣᠷᠢᠭ᠂ ᠤᠶᠤᠨ ᠤᠬᠠᠭᠠᠨ ᠪᠠ ᠬᠦᠴᠦᠨ ᠴᠢᠳᠠᠯ ᠲᠠᠢ ᠶᠤᠮ᠃ ᠪᠢᠳᠡ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ | ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ ᠢᠯᠡᠬᠦᠤ ᠨᠢᠭᠲᠠᠷᠠᠨ ᠪᠦᠯᠬᠦᠮᠳᠡᠵᠦ᠂ ᠳᠤᠮᠳᠠᠳᠤ ᠤᠯᠤᠰ ᠤᠨ ᠣᠨᠴᠠᠯᠢᠭ | ᠪᠦᠬᠦᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ | ᠪᠣᠯᠭᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠬᠠᠳᠠᠭᠤᠵᠢᠨ ᠲᠡᠮᠡᠴᠡᠵᠤ᠂ ᠪᠦᠬᠦ ᠵᠢᠯ ᠤᠨ ᠬᠠᠷᠠᠯᠲᠠ | ᠡᠭᠦᠷᠭᠡ ᠪᠠᠨ ᠴᠢᠷᠮᠠᠶᠢᠨ ᠪᠡᠶᠡᠯᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ | ᠢᠯᠠᠯᠲᠠ ᠲᠠᠢ ᠪᠠᠷ ᠬᠤᠷᠠᠯᠳᠤᠬᠤ ᠶᠢ ᠤᠭᠲᠤᠵᠤ᠂ ᠮᠠᠨ ᠤ ᠤᠯᠤᠰ ᠢᠶᠠᠨ ᠪᠠᠶᠠᠨ ᠬᠦᠴᠦᠷᠬᠡᠭ ᠠᠷᠠᠳᠴᠢᠯᠠᠭᠰᠠᠨ ᠪᠣᠯᠪᠠᠰᠤᠨ | ᠡᠶ᠎ᠡ ᠵᠣᠬᠢᠴᠠᠯ ᠲᠠᠢ ᠦᠵᠡᠰᠭᠦᠯᠡᠩᠲᠦ ᠰᠠᠶᠢᠬᠠᠨ ᠨᠡᠶᠢᠭᠡᠮ ᠵᠢᠷᠤᠮᠳᠤ ᠣᠳᠣᠬᠢᠴᠢᠯᠠᠭᠰᠠᠨ ᠬᠦᠴᠦᠷᠬᠡᠭ ᠤᠯᠤᠰ ᠪᠣᠯᠭᠠᠨ | ᠪᠦᠳᠦᠭᠡᠨ ᠪᠠᠶᠢᠭᠤᠯᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠤᠯᠤᠰ ᠤᠨ | ᠵᠡᠬᠦᠳᠦ ᠶᠢ ᠪᠡᠶᠡᠯᠡᠭᠦᠯᠭᠦ ᠶᠢᠨ ᠲᠥᠯᠥᠭᠡ ᠴᠥᠬᠦᠷᠡᠰᠢ ᠦᠭᠡᠢ ᠲᠡᠮᠡᠴᠡᠬᠦ ᠬᠡᠷᠡᠭᠳᠠᠢ︕ | ︵ᠰᠢᠨᠬᠤᠸᠠ ᠬᠤᠷᠢᠶᠠᠨ ᠤ ᠪᠡᠬᠡᠵᠢᠩ ᠤᠨ 3 ᠰᠠᠷ᠎ᠠ ᠶᠢᠨ 12 ᠤᠨ ᠴᠠᠬᠢᠯᠭᠠᠨ ᠮᠡᠳᠡᠭᠡ᠂ ᠳᠤᠮᠳᠠᠳᠦ ᠤᠯᠤᠰ ᠤᠨ | ᠦᠨᠳᠦᠰᠦᠳᠡᠨ ᠤ ᠬᠡᠯᠡᠨ ᠤ ᠤᠷᠴᠢᠭᠤᠯᠭ᠎ᠠ ᠶᠢᠨ ᠳᠤᠪᠴᠢᠶ᠎ᠠ ᠤᠷᠴᠢᠭᠤᠯᠪᠠ︶ | ᠪᠡᠯᠡᠳᠭᠡᠭᠰᠡᠨ ᠨᠢ᠄ ᠣᠳᠣᠨᠭᠡᠷᠡᠯ | ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ | ᠰᠦᠯᠵᠢᠶ᠎ᠡ | | |