ᠮᠠᠨ ᠤ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠮᠠᠯᠴᠢᠨ ᠲᠠᠷᠢᠶᠠᠴᠢᠨ ᠬᠥᠯᠥᠰᠦᠨ ᠠᠵᠢᠯᠴᠢᠨ ᠤ ᠠᠵᠢᠯᠴᠢᠨ ᠤ ᠡᠪᠯᠡᠯ ᠳᠤ ᠣᠷᠣᠬᠤ ᠶᠢ ᠢᠳᠡᠪᠬᠢᠲᠡᠢ ᠠᠬᠢᠭᠤᠯᠵᠤ ᠮᠠᠨ ᠤ ᠰᠢᠶᠠᠨ ᠤ ᠪᠠᠶᠠᠨᠲᠠᠯ᠎ᠠ ᠲᠣᠰᠬᠤᠨ ᠳᠤ ᠠᠵᠢᠯᠴᠢᠨ ᠤ ᠡᠪᠯᠡᠯ ᠤᠨ ᠵᠥᠪᠯᠡᠯ ᠪᠠᠶᠢᠭᠤᠯᠪᠠ
ᠨᠡᠶᠢᠲᠡᠯᠡᠭᠰᠡᠨ ᠴᠠᠭ᠄
2022/3/18
   ᠮᠠᠯᠴᠢᠨ ᠲᠠᠷᠢᠶᠠᠴᠢᠨ ᠬᠦᠴᠦ ᠶᠠᠪᠤᠭᠰᠠᠳ ᠪᠣᠯ ᠥᠭᠡᠷᠡᠴᠢᠯᠡᠯᠲᠡ ᠨᠡᠭᠡᠭᠡᠯᠲᠡ ᠶᠢᠨ ᠶᠠᠪᠤᠴᠠ ᠳᠤ ᠦᠰᠦᠨ ᠪᠣᠶᠢᠵᠢᠭᠰᠠᠨ ᠰᠢᠨ᠎ᠡ ᠮᠠᠶ᠋ᠢᠭ ᠤᠨ ᠬᠥᠳᠡᠯᠮᠦᠷᠢ ᠶᠢᠨ ᠶᠡᠭᠡ ᠴᠡᠷᠢᠭ ᠮᠥᠨ᠂ ᠣᠶᠢᠷ᠎ᠠ ᠶᠢᠨ ᠵᠢᠯ ᠤᠳ ᠲᠤ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠨᠠᠮ ᠪᠠ ᠵᠠᠰᠠᠭ ᠤᠨ ᠣᠷᠳᠣᠨ ᠵᠢᠴᠢ ᠨᠡᠶᠢᠭᠡᠮ ᠤᠨ ᠡᠯ᠎ᠡ ᠡᠲᠡᠭᠡᠳ ᠤᠨ ᠬᠢᠨ ᠤ ᠥᠷᠭᠡᠨ ᠳᠡᠯᠭᠡᠷ ᠠᠩᠬᠠᠷᠤᠯ ᠢ ᠤᠯᠠᠮ ᠢᠶᠠᠷ ᠲᠠᠲᠠᠵᠤ ᠪᠠᠶᠢᠨ᠎ᠠ᠃ ᠲᠡᠳᠡ ᠮᠠᠨ ᠤ ᠰᠢᠶᠠᠨ ᠤ ᠰᠠᠭᠤᠷᠢ ᠪᠦᠲᠦᠭᠡᠨ ᠪᠠᠶᠢᠭᠤᠯᠤᠯᠲᠠ ᠵᠢᠴᠢ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠳᠤ ᠯᠤᠲᠤ ᠶᠡᠭᠡ ᠬᠤᠪᠢ ᠨᠡᠮᠡᠷᠢ ᠦᠵᠡᠭᠦᠯᠵᠦ᠂ ᠪᠣᠳᠠᠲᠤ ᠠᠬᠤᠢ ᠶᠢᠨ ᠳᠤᠮᠳᠠ ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ ᠬᠥᠭᠵᠢᠯᠲᠡ ᠬᠤᠪᠢᠷᠠᠯᠲᠠ ᠶᠢ ᠤᠯᠠᠮ ᠨᠢᠭᠡ ᠠᠯᠬᠤᠮ ᠬᠠᠩᠭᠠᠬᠤ ᠶᠢᠨ ᠲᠥᠯᠥᠭᠡ ᠂ ᠰᠢᠨ᠎ᠡ ᠴᠠᠭ ᠦᠶ᠎ᠡ ᠳᠤ ᠲᠠᠷᠢᠶᠠᠴᠢᠨ ᠮᠠᠯᠴᠢᠨ ᠬᠦᠴᠦ ᠶᠠᠪᠤᠭᠰᠠᠳ ᠢ ᠬᠡᠷᠬᠢᠨ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠳᠤ ᠡᠯᠰᠡᠨ ᠣᠷᠣᠭᠤᠯᠵᠤ ᠂ ᠲᠡᠳᠡᠨ ᠢ ᠬᠠᠪᠰᠤᠷᠬᠤ ᠵᠢᠴᠢ ᠲᠡᠳᠡᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠨᠢ ᠮᠠᠨ ᠤ ᠰᠢᠶᠠᠨ ᠤ ᠲᠦᠪᠰᠢᠷᠡᠯ ᠪᠦᠯᠬᠦᠮᠳᠡᠯ ᠪᠠ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠡᠶ᠎ᠡ ᠵᠣᠬᠢᠴᠠᠯ ᠲᠠᠢ ᠬᠥᠭᠵᠢᠯᠲᠡ ᠳᠤ ᠲᠤᠶᠢᠯ ᠤᠨ ᠴᠢᠬᠤᠯᠠ ᠪᠣᠳᠠᠲᠤ ᠠᠴᠢ ᠬᠤᠯᠪᠣᠭᠳᠠᠯ ᠲᠠᠢ ᠶᠤᠮ᠃
01.jpg
   ᠡᠭᠦᠨ ᠤ ᠲᠤᠯᠠᠳᠠ᠂ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠨᠢ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ︽ᠪᠢ ᠣᠯᠠᠨ ᠲᠦᠮᠡᠨ ᠳᠤ ᠪᠣᠳᠠᠲᠠᠢ ᠠᠵᠢᠯ ᠬᠢᠵᠦ ᠥᠭᠬᠦ︾ ᠲᠤᠬᠠᠢ ᠠᠵᠢᠯ ᠢ ᠦᠷᠭᠦᠯᠵᠢᠯᠡᠨ ᠲᠦᠯᠬᠢᠨ ᠠᠬᠢᠭᠤᠯᠬᠤ ᠶᠢᠨ ᠲᠥᠯᠥᠭᠡ᠂ ᠤᠯᠠᠨ ᠤᠳᠠᠭ᠎ᠠ ᠦᠨᠳᠦᠰᠦᠨ ᠱᠠᠲᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠬᠦ ᠪᠠᠷ ᠳᠠᠮᠵᠢᠭᠤᠯᠤᠨ᠂ ᠮᠠᠨ ᠤ ᠰᠢᠶᠠᠨ ᠤ ᠬᠥᠳᠡᠭᠡ ᠲᠣᠰᠬᠤᠨ ᠤ ᠡᠯ᠎ᠡ ᠲᠦᠷᠦᠯ ᠤᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠠᠵᠢᠯᠯᠠᠭ᠎ᠠ ᠂ ᠬᠥᠭᠵᠢᠯᠲᠡ ᠪᠠ ᠲᠠᠷᠢᠶᠠᠴᠢᠨ ᠮᠠᠯᠴᠢᠨ ᠬᠦᠴᠦ ᠶᠠᠪᠤᠭᠰᠠᠳ ᠤᠨ ᠲᠠᠷᠬᠠᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠲᠣᠳᠣᠷᠬᠠᠢ ᠣᠶᠢᠯᠠᠭᠠᠵᠤ ᠂ ᠠᠵᠢᠯᠴᠢᠨ ᠤ ᠡᠪᠯᠡᠯ ᠪᠠᠶᠢᠭᠤᠯᠬᠤ ᠨᠥᠬᠦᠴᠡᠯ ᠲᠠᠢ ᠠᠵᠤ ᠠᠬᠤᠶᠢᠯᠠᠯ ᠢ ᠨᠠᠷᠢᠨ ᠬᠢᠨᠠᠮᠠᠭᠠᠢ ᠡᠮᠬᠢᠯᠡᠨ ᠲᠢᠭᠯᠡᠬᠦ ᠪᠠᠷ ᠳᠠᠮᠵᠢᠭᠤᠯᠤᠨ᠂ ᠲᠠᠷᠢᠶᠠᠴᠢᠨ ᠮᠠᠯᠴᠢᠨ ᠬᠦᠴᠦ ᠶᠠᠪᠤᠭᠰᠠᠳ ᠢ ᠠᠵᠢᠯᠴᠢᠨ ᠤ ᠡᠪᠯᠡᠯ ᠳᠤ ᠣᠷᠣᠭᠤᠯᠬᠤ ᠪᠠᠷ ᠢᠳᠡᠪᠬᠢᠲᠡᠢ ᠤᠬᠠᠭᠤᠯᠤᠨ ᠲᠠᠶᠢᠴᠢᠯᠠᠪᠠ ᠃ 1 ᠰᠠᠷ᠎ᠠ ᠶᠢᠨ ᠡᠬᠢ ᠪᠠᠷ ᠂ ᠪᠠᠶᠠᠨᠲᠠᠯ᠎ᠠ ᠲᠣᠰᠬᠤᠨ ᠳᠤ ᠠᠵᠢᠯᠴᠢᠨ ᠤ ᠡᠪᠯᠡᠯ ᠤᠨ ᠵᠥᠪᠯᠡᠯ ᠪᠠᠶᠢᠭᠤᠯᠵᠤ ᠂ ᠮᠠᠯᠴᠢᠨ ᠲᠠᠷᠢᠶᠠᠴᠢᠨ ᠤ ᠠᠵᠢᠯᠴᠢᠨ ᠤ ᠡᠪᠯᠡᠯ ᠤᠨ ᠭᠡᠰᠢᠭᠦᠨ ᠢ 38 ᠡᠯᠰᠡᠵᠦ ᠂ ᠮᠠᠨ ᠤ ᠰᠢᠶᠠᠨ ᠤ ᠮᠠᠯᠴᠢᠨ ᠲᠠᠷᠢᠶᠠᠴᠢᠨ ᠬᠥᠯᠥᠰᠦᠨ ᠠᠵᠢᠯᠴᠢᠨ ᠤ ᠡᠪᠯᠡᠯ ᠳᠤ ᠣᠷᠣᠬᠤ ᠠᠵᠢᠯ ᠤᠨ ᠬᠥᠰᠢᠭᠡ ᠶᠢ ᠨᠡᠭᠡᠭᠡᠪᠡ ᠃ 3 ᠰᠠᠷ᠎ᠠ ᠶᠢᠨ 17 ᠤ ᠡᠳᠦᠷ᠂ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠦᠨᠳᠦᠰᠦᠨ ᠱᠠᠲᠤᠨ ᠤ ᠠᠵᠢᠯᠴᠢᠨ ᠤ ᠡᠪᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠦᠨ ᠳᠡᠮᠵᠢᠬᠦ ᠶᠢᠨ ᠲᠥᠯᠥᠭᠡ ᠪᠠᠶᠠᠨᠲᠠᠯ᠎ᠠ ᠲᠣᠰᠬᠤᠨ ᠤ ᠠᠵᠢᠯᠴᠢᠨ ᠤ ᠡᠪᠯᠡᠯ ᠤᠨ ᠵᠥᠪᠯᠡᠯ ᠳᠤ ᠨᠣᠮ ᠪᠢᠴᠢᠭ ᠪᠠ ᠨᠣᠮ ᠤᠨ ᠬᠤᠷᠭᠤ ᠵᠡᠷᠭᠡ ᠶᠢ ᠪᠡᠯᠡᠭᠯᠡᠪᠡ᠃   ᠵᠠᠯᠭᠠᠭᠠᠳ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠨᠢ ︽ᠨᠠᠮ ᠤᠨ ᠪᠠᠶᠢᠭᠤᠯᠤᠯᠲᠠ ᠨᠢ ᠠᠵᠤ ᠦᠢᠯᠡᠳᠪᠦᠷᠢ  ᠶᠢᠨ ᠪᠠᠶᠢᠭᠤᠯᠤᠯᠲᠠ ᠶᠢ ᠳᠠᠶᠢᠴᠢᠯᠠᠬᠤ᠂ ᠠᠵᠤ ᠦᠢᠯᠡᠳᠪᠦᠷᠢ ᠶᠢᠨ ᠪᠠᠶᠢᠭᠤᠯᠤᠯᠲᠠ ᠨᠢ ᠨᠠᠮ ᠤᠨ ᠪᠠᠶᠢᠭᠤᠯᠤᠯᠲᠠ ᠳᠤ ᠦᠢᠯᠡᠴᠢᠯᠡᠬᠦ᠂ ᠨᠠᠮ ᠤᠨ ᠠᠵᠤ ᠦᠢᠯᠡᠳᠪᠦᠷᠢ ᠶᠢᠨ ᠪᠠᠶᠢᠭᠤᠯᠤᠯᠲᠠ ᠨᠢ ᠬᠠᠮᠲᠤ ᠪᠠᠷ ᠪᠠᠶᠢᠭᠤᠯᠬᠤ︾ ᠪᠦᠲᠦᠮᠵᠢᠲᠡᠶ ᠲᠣᠭᠲᠠᠴᠠ ᠶᠢ ᠦᠷᠭᠦᠯᠵᠢᠯᠡᠨ ᠠᠬᠢᠭᠤᠯᠵᠤ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠢ ᠠᠵᠢᠯᠴᠢᠨ ᠤ ᠡᠪᠯᠡᠯ ᠳᠤ ᠣᠷᠣᠭᠤᠯᠬᠤ ᠶᠢ ᠤᠬᠠᠭᠤᠯᠤᠨ ᠳᠠᠶᠢᠴᠢᠯᠠᠬᠤ ᠶᠢ ᠣᠨ ᠤ ᠭᠤᠣᠯᠳᠠᠯᠭ᠎ᠠ ᠲᠠᠢ ᠠᠵᠢᠯ ᠪᠣᠯᠭᠠᠵᠤ᠂ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠬᠠᠮᠤᠷᠬᠤ ᠬᠡᠪᠴᠢᠶ᠎ᠡ ᠶᠢ ᠢᠳᠡᠪᠬᠢᠲᠡᠢ ᠪᠠᠷ ᠥᠷᠭᠡᠳᠬᠡᠨ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠠᠵᠢᠯᠴᠢᠨ ᠤ ᠡᠪᠯᠡᠯ ᠢ ᠮᠡᠳᠡᠷᠡᠬᠦ ᠬᠡᠮᠵᠢᠶ᠎ᠡ ᠶᠢ ᠨᠡᠮᠡᠭᠳᠡᠭᠦᠯᠵᠦ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠢ ᠠᠵᠢᠯᠴᠢᠨ ᠤ ᠡᠪᠯᠡᠯ ᠳᠤ ᠣᠷᠣᠭᠤᠯᠬᠤ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠤᠯᠠᠮ ᠨᠢᠭᠡ ᠠᠯᠬᠤᠮ ᠪᠣᠶ ᠪᠣᠯᠭᠠᠵᠤ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠢ ᠠᠵᠢᠯᠴᠢᠨ ᠤ ᠡᠪᠯᠡᠯ ᠳᠤ ᠣᠷᠣᠭᠤᠯᠬᠤ ᠪᠠ ᠦᠢᠯᠡᠴᠢᠯᠡᠭᠡᠨ ᠤ ᠠᠵᠢᠯ ᠤᠨ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠵᠦ᠂ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠪᠠᠷ ᠨᠠᠩ ᠣᠯᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ ᠲᠤ ᠠᠰᠢᠭ ᠬᠦᠷᠲᠡᠭᠡᠨ᠎ᠡ᠃        ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ        ᠣᠷᠴᠢᠭᠤᠯᠤᠭᠴᠢ᠄ ᠣᠳᠣᠨᠭᠡᠷᠡᠯᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ   
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2