| | ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶᠠᠨ ᠤ ᠲᠡᠷᠢᠭᠦᠯᠡᠭᠴᠢ᠂ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ | ᠡᠷᠬᠢᠯᠡᠭᠴᠢ ᠰᠢ ᠶᠢᠨ ᠫᠢᠩ 2 ᠰᠠᠷ᠎ᠠ ᠶᠢᠨ 28 ᠤ ᠦᠳᠡ ᠶᠢᠨ ᠬᠤᠶᠢᠨ᠎ᠠ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ | ᠭᠦᠨᠵᠡᠭᠡᠶᠢᠷᠡᠭᠦᠯᠬᠦ ᠬᠤᠷᠢᠶᠠᠨ ᠤ ᠬᠤᠷᠢᠨ ᠳᠥᠷᠪᠡᠳᠦᠭᠡᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ- ︽ | ᠳᠡᠯᠡᠬᠡᠢ ᠶᠢᠨ ᠲᠡᠷᠢᠭᠦᠨ ᠵᠡᠷᠭᠡ ᠶᠢᠨ ᠠᠵᠤ ᠠᠬᠤᠶᠢᠯᠠᠯ ᠢ ᠲᠦᠷᠭᠡᠳᠭᠡᠨ ᠪᠠᠶᠢᠭᠤᠯᠬᠤ ᠲᠤᠬᠠᠢ ᠵᠢᠯᠣᠭᠤᠳᠬᠤ ᠰᠠᠨᠠᠯ︾᠂ ︽ | ᠲᠦᠭᠡᠮᠡᠯ ᠬᠦᠷᠲᠡᠭᠡᠮᠵᠢᠳᠤ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠬᠡᠷᠡᠭᠵᠢᠭᠦᠯᠬᠦ | ᠰᠠᠨᠠᠯ︾᠂ ︽ᠰᠠᠭᠤᠷᠢ ᠰᠢᠨᠵᠢᠯᠡᠭᠡᠨ ᠤ ᠰᠠᠯᠠᠭ᠎ᠠ ᠶᠢᠨ ᠴᠢᠳᠠᠪᠤᠷᠢᠲᠠᠨ ᠢ ᠬᠥᠮᠦᠵᠢᠭᠦᠯᠬᠦ ᠶᠢ ᠴᠢᠩᠭᠠᠳᠬᠠᠬᠤ ᠲᠤᠬᠠᠢ ᠰᠠᠨᠠᠯ︾ | ᠂ ︽ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠡᠭᠦᠳᠦᠯᠲᠡ ᠶᠢᠨ ᠴᠢᠨᠠᠷᠳᠠᠢ ᠮᠡᠷᠭᠡᠵᠢᠯ ᠤᠨ ᠭᠤᠯᠤᠮᠳᠠ ᠶᠢ | ᠡᠬᠦᠳᠬᠦ ᠶᠢ ᠠᠬᠢᠭᠤᠯᠬᠤ ᠲᠤᠬᠠᠢ ᠵᠢᠯᠣᠭᠤᠳᠬᠤ ᠰᠠᠨᠠᠯ︾ ᠢ ᠬᠢᠨᠠᠨ ᠵᠥᠪᠯᠡᠵᠦ ᠪᠠᠲᠤᠯᠠᠪᠠ᠃ | ᠬᠤᠷᠠᠯ ᠠᠴᠠ ︽ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ 2021 ᠣᠨ ᠤ | ᠠᠵᠢᠯ ᠤᠨ ᠳ᠋ᠦᠩᠨᠡᠯᠲᠡ ᠶᠢᠨ ᠮᠡᠳᠡᠭᠦᠯᠦᠯᠲᠡ︾᠂ ︽ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ | ᠬᠤᠷᠢᠶᠠᠨ ᠤ 2022 ᠣᠨ ᠤ ᠠᠵᠢᠯ ᠤᠨ ᠭᠤᠣᠯᠳᠠᠯᠭ᠎ᠠ︾ ᠶᠢ ᠬᠢᠨᠠᠨ ᠵᠥᠪᠯᠡᠵᠡᠢ᠃ | ᠰᠢ ᠶᠢᠨ ᠫᠢᠩ ᠬᠤᠷᠠᠯ ᠢ ᠡᠷᠬᠢᠯᠡᠬᠦ ᠳᠡᠭᠡᠨ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠨᠡᠩ | ᠥᠨᠳᠥᠷ ᠲᠦᠪᠰᠢᠨ ᠪᠦᠬᠦᠢ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢ ᠬᠥᠭᠵᠢᠭᠦᠯᠵᠦ᠂ ᠨᠡᠶᠢᠲᠡ ᠶᠢᠨ | ᠥᠮᠴᠢᠯᠡᠯ ᠤᠨ ᠠᠵᠤ ᠠᠬᠤᠢ ᠶᠢ ᠡᠷᠡᠰ ᠭᠤᠶᠢᠪᠢᠰᠢ ᠦᠭᠡᠢ ᠪᠠᠬᠢᠵᠢᠭᠦᠯᠦᠨ ᠬᠥᠭᠵᠢᠭᠦᠯᠵᠦ᠂ ᠨᠡᠶᠢᠲᠡ ᠶᠢᠨ ᠥᠮᠴᠢᠯᠡᠯ ᠤᠨ | ᠪᠤᠰᠤ ᠠᠵᠤ ᠠᠬᠤᠢ ᠶᠢᠨ ᠬᠥᠭᠵᠢᠯᠲᠡ ᠶᠢ ᠡᠷᠡᠰ ᠭᠤᠶᠢᠪᠢᠰᠢ ᠦᠭᠡᠢ ᠵᠣᠷᠢᠭᠵᠢᠭᠤᠯᠤᠨ ᠳᠡᠮᠵᠢᠬᠦ ᠪᠠ ᠬᠦᠳᠦᠯᠥᠨ | ᠳᠠᠭᠠᠭᠤᠯᠵᠤ᠂ ᠨᠢᠭᠡ ᠪᠦᠯᠦᠭ ᠦᠢᠯᠡᠳᠬᠦᠨ ᠨᠢ ᠰᠢᠯᠢᠳᠡᠭ᠂ ᠲᠦᠷᠦᠯ ᠲᠡᠮᠳᠡᠭ ᠨᠢ ᠰᠤᠳᠤᠨ᠂ ᠰᠢᠨ᠎ᠡ ᠶᠢ ᠡᠭᠦᠳᠬᠦ | ᠲᠠᠯ᠎ᠠ ᠪᠠᠷ ᠬᠤᠰᠢᠭᠤᠷᠠᠬᠰᠠᠨ᠂ ᠵᠠᠰᠠᠯᠳᠠ ᠨᠢ ᠤᠳᠤ ᠦᠶ᠎ᠡ ᠶᠢᠨ ᠳᠡᠯᠡᠬᠡᠢ ᠶᠢᠨ ᠲᠡᠷᠢᠭᠦᠨ ᠵᠡᠷᠭᠡ ᠶᠢᠨ ᠪᠤᠯᠬᠤ ᠠᠵᠤ | ᠠᠬᠤᠶᠢᠯᠠᠯ ᠢ ᠲᠦᠷᠭᠡᠳᠭᠡᠨ ᠪᠠᠶᠢᠭᠤᠯᠵᠤ᠂ ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ | ᠪᠠᠶᠢᠭᠤᠯᠬᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠠᠬᠢᠴᠠ ᠳᠤᠮᠳᠠ ᠨᠡᠩ ᠶᠡᠭᠡ | ᠬᠥᠭᠵᠢᠯᠲᠡ ᠶᠢ ᠪᠡᠶᠡᠯᠡᠭᠦᠯᠵᠦ᠂ ᠨᠡᠩ ᠶᠡᠭᠡ ᠦᠢᠯᠡᠳᠦᠯ ᠢ ᠪᠠᠳᠠᠷᠠᠭᠤᠯᠬᠤ ᠬᠡᠷᠡᠭᠲᠡᠢ᠃ ᠠᠷᠠᠳ ᠲᠦᠮᠡᠨ ᠢᠶᠠᠷ ᠭᠤᠣᠯ | ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠲᠦᠭᠡᠮᠡᠯ ᠬᠦᠷᠳᠡᠭᠡᠮᠵᠢᠳᠤ ᠮᠥᠩᠭᠦᠨ | ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠳᠡᠭᠡᠳᠦ ᠬᠡᠮᠵᠢᠶᠡᠨ ᠤ ᠵᠣᠬᠢᠴᠠᠬᠤ ᠴᠢᠨᠠᠷᠲᠠᠢ᠂ | ᠦᠷᠢᠰᠦᠯᠳᠦᠬᠦ ᠬᠦᠴᠦᠨ ᠲᠠᠢ᠂ ᠲᠦᠭᠡᠮᠡᠯ ᠬᠦᠷᠳᠡᠭᠡᠮᠵᠢᠳᠤ ᠴᠢᠨᠠᠷᠲᠠᠢ ᠤᠳᠤ ᠦᠶ᠎ᠡ ᠶᠢᠨ ᠮᠥᠩᠭᠦᠨ ᠭᠦᠢᠯᠭᠡᠭᠡᠨ ᠤ | ᠰᠢᠰᠲ᠋ᠧᠮ ᠢ ᠪᠦᠷᠢᠨᠰᠢᠬᠦᠯᠵᠤ᠂ ᠠᠷᠠᠳ ᠤᠯᠠᠨ ᠪᠣᠯᠤᠨ ᠪᠣᠳᠠᠲᠤ ᠴᠣᠭᠴᠠ ᠶᠢᠨ ᠠᠵᠤ ᠠᠬᠤᠢ ᠶᠢᠨ ᠤᠯᠠᠨ ᠶᠠᠩᠵᠤ ᠶᠢᠨ | ᠮᠥᠩᠭᠦᠨ ᠭᠦᠢᠯᠭᠡᠭᠡᠨ ᠤ ᠬᠡᠷᠡᠭᠴᠡᠭᠡ ᠶᠢ ᠨᠡᠩ ᠰᠠᠶᠢᠲᠤᠷ ᠬᠠᠩᠭᠠᠵᠤ᠂ ᠵᠢᠭᠡᠯᠡᠯᠭᠡ ᠠᠪᠬᠤ ᠳᠤ ᠬᠦᠴᠢᠷ ᠵᠢᠭᠡᠯᠡᠯᠭᠡ | ᠠᠪᠬᠤ ᠳᠤ ᠦᠨᠡᠲᠡᠢ ᠪᠠᠶᠢᠬᠤ ᠠᠰᠠᠭᠤᠳᠠᠯ ᠢ ᠦᠨᠡᠨ ᠬᠦ ᠰᠢᠢᠳᠪᠦᠷᠢᠯᠡᠬᠦ ᠬᠡᠷᠡᠭᠲᠡᠢ᠃ ᠰᠠᠭᠤᠷᠢ ᠰᠢᠨᠵᠢᠯᠡᠭᠡᠨ ᠤ ᠰᠠᠯᠠᠭ᠎ᠠ ᠶᠢᠨ | ᠴᠢᠳᠠᠪᠤᠷᠢᠲᠠᠨ ᠢ ᠬᠥᠮᠦᠵᠢᠭᠦᠯᠬᠦ ᠶᠢ ᠪᠦᠬᠦ ᠲᠠᠯ᠎ᠠ ᠪᠠᠷ ᠲᠥᠯᠥᠪᠵᠢᠭᠦᠯᠵᠦ᠂ ᠴᠢᠳᠠᠪᠤᠷᠢᠲᠠᠨ ᠢ ᠬᠥᠮᠦᠵᠢᠭᠦᠯᠬᠦ ᠬᠡᠪᠴᠢᠶ᠎ᠡ ᠶᠢ | ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠪᠦᠲᠦᠴᠡ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠰᠢᠯᠢᠨ ᠰᠣᠩᠭᠤᠬᠤ᠂ | ᠬᠥᠮᠦᠵᠢᠭᠦᠯᠬᠦ᠂ ᠦᠨᠡᠯᠡᠬᠦ᠂ ᠬᠡᠷᠡᠭᠯᠡᠬᠦ᠂ ᠪᠠᠲᠤᠯᠠᠬᠤ ᠵᠡᠷᠭᠡ ᠲᠠᠯ᠎ᠠ ᠪᠠᠷ ᠰᠢᠰᠲ᠋ᠧᠮᠵᠢᠬᠦᠯᠬᠦ᠂ ᠬᠡᠯᠬᠢᠶᠡᠵᠢᠭᠦᠯᠬᠦ ᠮᠠᠶ᠋ᠢᠭ ᠤᠨ | ᠵᠢᠷᠤᠭ ᠲᠦᠯᠦᠪᠯᠡᠭᠡ ᠬᠢᠵᠦ᠂ ᠤᠯᠤᠰ ᠤᠨ ᠰᠢᠨ᠎ᠡ ᠶᠢ ᠡᠭᠦᠳᠬᠦ ᠬᠥᠭᠵᠢᠯᠲᠡ ᠳᠤ ᠪᠠᠴᠢᠮ ᠬᠡᠷᠡᠭᠰᠡᠬᠦ ᠨᠢᠭᠡ ᠪᠦᠯᠦᠭ ᠰᠠᠭᠤᠷᠢ | ᠰᠤᠳᠤᠯᠭᠠᠨ ᠤ ᠴᠢᠳᠠᠪᠤᠷᠢᠲᠠᠨ ᠢ ᠶᠡᠭᠡ ᠪᠠᠷ ᠬᠥᠮᠦᠵᠢᠭᠦᠯᠬᠦ ᠬᠡᠷᠡᠭᠲᠡᠢ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ | ᠰᠢᠨ᠎ᠡ ᠶᠢ ᠡᠭᠦᠳᠬᠦ ᠰᠢᠰᠲ᠋ᠧᠮ ᠢᠶᠠᠨ ᠲᠡᠭᠦᠯᠳᠡᠷᠵᠢᠭᠦᠯᠬᠦ᠂ ᠰᠢᠨ᠎ᠡ ᠶᠢ ᠡᠭᠦᠳᠬᠦ ᠴᠢᠳᠠᠪᠤᠷᠢ ᠪᠠᠨ ᠴᠢᠩᠭᠠᠳᠬᠠᠬᠤ᠂ ᠰᠢᠨ᠎ᠡ ᠶᠢ | ᠡᠭᠦᠳᠬᠦ ᠠᠮᠢᠵᠢᠷᠠᠯ ᠤᠨ ᠬᠦᠴᠦᠨ ᠢᠶᠠᠨ ᠬᠥᠭᠵᠢᠭᠡᠬᠦ ᠶᠢ ᠠᠬᠢᠭᠤᠯᠵᠤ᠂ ᠠᠵᠤ ᠦᠢᠯᠡᠰ ᠤᠨ ᠬᠡᠯᠬᠢᠶ᠎ᠠ ᠰᠢᠨ᠎ᠡ ᠶᠢ ᠡᠭᠦᠳᠬᠦ | ᠬᠡᠯᠬᠢᠶ᠎ᠠ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ | ᠡᠭᠦᠳᠦᠯᠲᠡ ᠶᠢᠨ ᠴᠢᠨᠡᠷᠳᠡᠢ ᠮᠡᠷᠭᠡᠵᠢᠯ ᠤᠨ ᠬᠡᠷᠡᠭᠴᠡᠭᠡ ᠪᠠᠷ ᠬᠦᠳᠦᠯᠥᠨ ᠳᠠᠭᠠᠭᠤᠯᠬᠤ᠂ ᠡᠬᠢ ᠡᠭᠦᠰᠦᠯ ᠠᠴᠠ ᠨᠢ ᠬᠠᠩᠭᠠᠬᠤ | ᠂ ᠡᠬᠢ ᠪᠠᠶᠠᠯᠢᠭ ᠢ ᠲᠤᠬᠢᠷᠠᠭᠤᠯᠬᠤ᠂ ᠤᠨᠳᠤᠤᠰᠢᠭᠤᠯᠤᠨ ᠬᠡᠷᠡᠭᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠡᠭᠦᠳᠦᠯᠲᠡ ᠶᠢᠨ | ᠴᠢᠨᠠᠷᠳᠠᠢ ᠮᠡᠷᠭᠡᠵᠢᠯ ᠤᠨ ᠭᠤᠯᠤᠮᠳᠠ ᠶᠢ ᠪᠠᠶᠢᠭᠤᠯᠬᠤ ᠬᠡᠷᠡᠭᠲᠡᠢ ᠭᠡᠵᠤ ᠴᠢᠬᠤᠯᠠᠴᠢᠯᠠᠪᠠ᠃ | ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠤᠨ | ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠳᠡᠳ᠋ ᠡᠷᠬᠢᠯᠡᠭᠴᠢ ᠯᠢ ᠺᠧ ᠴᠢᠶᠠᠩ᠂ ᠸᠠᠩ ᠬᠤ᠋ | ᠨᠢᠩ᠂ ᠬᠠᠨ ᠵᠧᠩ ᠬᠤᠷᠠᠯ ᠳᠤ ᠣᠷᠣᠯᠴᠠᠪᠠ᠃ | ᠬᠤᠷᠠᠯ ᠠᠴᠠ᠂ ᠨᠠᠮ ᠤᠨ ᠠᠷᠪᠠᠨ ᠨᠢ᠋ᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ ᠠᠴᠠ ᠠᠵᠤ | ᠠᠬᠤᠶᠢᠯᠠᠯ ᠤᠨ ᠬᠦᠭᠵᠢᠯᠳᠡ ᠶᠢ ᠬᠠᠮᠠᠭᠠᠯᠠᠨ ᠳᠡᠮᠵᠢᠬᠦ ᠠᠯᠢ ᠣᠯᠠᠨ ᠲᠥᠷᠥ ᠶᠢᠨ ᠪᠣᠳᠣᠯᠭ᠎ᠠ ᠪᠠ ᠠᠷᠭ᠎ᠠ ᠬᠡᠮᠵᠢᠶ᠎ᠡ ᠶᠢ | ᠲᠤᠭᠳᠠᠭᠠᠵᠤ᠂ ᠡᠯ᠎ᠡ ᠲᠥᠷᠥᠯ ᠤᠨ ᠠᠵᠤ ᠠᠬᠤᠶᠢᠯᠠᠯ ᠤᠨ ᠡᠷᠡᠭᠦᠯ ᠢᠶᠠᠷ ᠬᠦᠭᠵᠢᠬᠦ ᠶᠢ ᠠᠬᠢᠭᠤᠯᠵᠤ᠂ ᠵᠠᠷᠢᠮ ᠠᠵᠢᠯ | ᠲᠥᠷᠥᠯ ᠤᠨ ᠳᠠᠭᠠᠭᠤᠯᠤᠭᠴᠢ ᠠᠵᠤ ᠠᠬᠤᠶᠢᠯᠠᠯ ᠨᠢᠭᠡᠨᠲᠡ ᠨᠡᠯᠢᠶᠡᠳ ᠴᠢᠩᠭ᠎ᠠ ᠤᠯᠠᠨ ᠤᠯᠤᠰ ᠤᠨ ᠥᠷᠢᠰᠥᠯᠳᠦᠬᠦ | ᠬᠦᠴᠦᠨ ᠢ ᠪᠦᠷᠢᠯᠳᠦᠭᠦᠯᠪᠡ᠃ ᠠᠵᠢᠯ ᠲᠦᠷᠦᠯ ᠤᠨ ᠲᠠᠭᠠᠭᠤᠯᠤᠬᠴᠢ ᠠᠵᠤ ᠠᠬᠤᠶᠢᠯᠠᠯ ᠪᠣᠯᠤᠨ ᠵᠠᠩᠭᠢᠯᠠᠭ᠎ᠠ ᠶᠢᠨ | ᠭᠤᠣᠯᠯᠠᠬᠤ ᠮᠡᠷᠭᠡᠵᠢᠯ ᠢ ᠡᠵᠡᠮᠰᠢᠭᠰᠡᠨ ᠲᠤᠰᠬᠠᠶᠢᠵᠢᠭᠰᠠᠨ ᠨᠠᠷᠢᠯᠢᠭᠵᠢᠭᠰᠠᠨ ᠤᠨᠴᠠᠯᠢᠬᠵᠢᠭᠰᠠᠨ ᠰᠢᠨ᠎ᠠ ᠠᠵᠤ | ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠢᠨ᠎ᠡ ᠶᠢ ᠡᠭᠦᠳᠬᠦ ᠶᠢ ᠴᠢᠩᠭᠠᠳᠬᠠᠵᠤ᠂ ᠪᠤᠶᠢᠵᠢᠭᠤᠯᠬᠤ | ᠡᠷᠴᠢᠮ ᠢᠶᠠᠨ ᠴᠢᠩᠭᠠᠷᠠᠭᠤᠯᠬᠤ ᠶᠢ ᠳᠡᠮᠵᠢᠬᠦ ᠬᠡᠷᠡᠭᠲᠡᠢ᠃ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ | ᠪᠠᠶᠢᠷᠢ ᠰᠠᠭᠤᠷᠢ ᠶᠢ ᠴᠢᠩᠭᠠᠳᠬᠠᠵᠤ᠂ ᠡᠯ᠎ᠡ ᠲᠦᠷᠦᠯ ᠤᠨ ᠰᠢᠨ᠎ᠡ ᠶᠢ ᠡᠭᠦᠳᠬᠦ ᠡᠯᠧᠮᠧᠨ᠋ᠲ ᠤᠨ ᠠᠵᠤ ᠠᠬᠤᠶᠢᠯᠠᠯ ᠲᠡᠶᠢᠰᠢ | ᠲᠥᠪᠯᠡᠷᠡᠬᠦ ᠶᠢ ᠠᠬᠢᠭᠤᠯᠵᠤ᠂ ᠠᠵᠤ ᠠᠬᠤᠶᠢᠯᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ᠂ ᠬᠠᠮᠢᠶᠠᠷᠤᠯᠲᠠ ᠶᠢᠨ ᠰᠢᠨ᠎ᠡ ᠶᠢ | ᠡᠭᠦᠳᠬᠦ᠂ ᠬᠤᠳᠠᠯᠳᠤᠭᠠᠨ ᠤ ᠵᠠᠭᠪᠤᠷ ᠤᠨ ᠰᠢᠨ᠎ᠡ ᠶᠢ ᠡᠭᠦᠳᠬᠦ ᠶᠢ ᠰᠠᠨᠠᠭᠠᠴᠢᠯᠠᠭ᠎ᠠ ᠠᠴᠠ ᠪᠠᠨ ᠥᠷᠨᠢᠭᠦᠯᠬᠦ ᠶᠢ ᠠᠬᠢᠭᠤᠯᠬᠤ | ᠬᠡᠷᠡᠭᠲᠡᠢ᠃ ᠪᠣᠳᠠᠲᠤ ᠴᠣᠭᠴᠠ ᠶᠢᠨ ᠠᠵᠤ ᠠᠬᠤᠢ ᠶᠢ ᠪᠤᠵᠠᠭᠠᠶᠢᠷᠠᠭᠤᠯᠬᠤ ᠶᠢ ᠪᠠᠷᠢᠮᠲᠠᠯᠠᠵᠤ᠂ ᠠᠵᠤ ᠦᠢᠯᠡᠰ ᠤᠨ | ᠰᠠᠭᠤᠷᠢ ᠶᠢᠨ ᠳᠡᠭᠡᠳᠦ ᠳᠡᠰᠵᠢᠬᠦ᠂ ᠠᠵᠤ ᠦᠢᠯᠡᠰ ᠤᠨ ᠬᠡᠯᠬᠢᠶ᠎ᠡ ᠶᠢᠨ ᠣᠳᠣᠬᠢᠴᠢᠯᠠᠬᠤ ᠶᠢ ᠠᠬᠢᠭᠤᠯᠵᠤ᠂ ᠪᠦᠬᠦ | ᠪᠥᠮᠪᠥᠷᠴᠡᠭ ᠤᠨ ᠦᠷᠢᠰᠦᠯᠳᠦᠬᠦ ᠬᠦᠴᠦᠨ ᠲᠠᠢ ᠦᠢᠯᠡᠳᠬᠦᠨ ᠤ ᠦᠢᠯᠡᠴᠢᠯᠡᠭᠡ ᠶᠢ ᠡᠭᠦᠳᠬᠦ ᠬᠡᠷᠡᠭᠲᠡᠢ᠃ ᠠᠵᠤ | ᠠᠬᠤᠶᠢᠯᠠᠯ ᠤᠨ ᠤᠯᠠᠨ ᠤᠯᠤᠰ ᠤᠨ ᠪᠠ ᠤᠯᠤᠰ ᠤᠨ ᠳᠣᠲᠣᠭᠠᠳᠤ ᠶᠢᠨ ᠬᠤᠶᠠᠷ ᠵᠠᠬ᠎ᠠ ᠳᠡᠯᠭᠡᠭᠦᠷ᠂ ᠬᠤᠶᠠᠷ ᠵᠦᠢᠯ ᠤᠨ | ᠡᠬᠢ ᠪᠠᠶᠠᠯᠢᠭ ᠢ ᠭᠦᠢᠴᠡᠳ ᠠᠰᠢᠭᠯᠠᠨ᠂ ᠪᠦᠬᠦ ᠪᠥᠮᠪᠥᠷᠴᠡᠭ ᠲᠤ ᠬᠠᠨᠳᠤᠭᠤᠯᠤᠭᠰᠠᠨ ᠡᠬᠢ ᠪᠠᠶᠠᠯᠢᠭ ᠢ ᠲᠤᠬᠢᠷᠠᠭᠤᠯᠬᠤ ᠪᠠ | ᠨᠡᠶᠢᠳᠭᠡᠬᠦ ᠴᠢᠳᠠᠪᠤᠷᠢ ᠪᠠᠨ ᠨᠡᠮᠡᠭᠳᠡᠭᠦᠯᠬᠦ ᠶᠢ ᠲᠡᠮᠵᠢᠵᠤ᠂ ᠮᠠᠨ ᠤ ᠤᠯᠤᠰ ᠤᠨ ᠤᠨᠴᠠ ᠶᠡᠭᠡ ᠵᠠᠬ᠎ᠠ ᠳᠡᠯᠭᠡᠭᠦᠷ ᠤᠨ | ᠳᠠᠪᠠᠭᠤᠯᠢᠭ ᠢ ᠤᠯᠠᠨ ᠤᠯᠤᠰ ᠤᠨ ᠥᠷᠢᠰᠥᠯᠳᠦᠭᠡᠨ ᠤ ᠳᠠᠪᠠᠭᠤᠯᠢᠭ ᠪᠣᠯᠭᠠᠨ ᠬᠤᠪᠢᠷᠠᠭᠤᠯᠬᠤ ᠬᠡᠷᠡᠭᠲᠡᠢ᠃ ᠵᠢᠳᠬᠦᠯ | ᠴᠢᠷᠮᠠᠶᠢᠯᠭ᠎ᠠ ᠲᠠᠢ ᠵᠠᠰᠠᠭ ᠤᠨ ᠣᠷᠳᠣᠨ ᠪᠣᠯᠤᠨ ᠪᠦᠲᠦᠮᠵᠢᠲᠡᠢ ᠵᠠᠬ᠎ᠠ ᠳᠡᠯᠭᠡᠭᠦᠷ ᠢ ᠨᠡᠩ ᠰᠠᠶᠢᠲᠤᠷ ᠤᠶᠠᠯᠳᠤᠭᠤᠯᠬᠤ ᠶᠢ | ᠠᠬᠢᠭᠤᠯᠵᠤ᠂ ᠵᠠᠰᠠᠭ ᠤᠨ ᠣᠷᠳᠣᠨ ᠤ ᠬᠢᠨᠠᠯᠲᠠ ᠬᠠᠮᠢᠶᠠᠷᠤᠯᠲᠠ ᠪᠣᠯᠤᠨ ᠦᠢᠯᠡᠴᠢᠯᠡᠭᠡᠨ ᠤ ᠦᠷ᠎ᠡ ᠪᠦᠲᠦᠮᠵᠢ ᠶᠢ | ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠠᠮᠢᠵᠢᠷᠠᠯ ᠤᠨ ᠬᠦᠴᠦᠨ ᠢ ᠬᠠᠮᠠᠭᠠᠯᠠᠨ ᠬᠥᠭᠵᠢᠭᠡᠵᠦ᠂ ᠡᠷᠬᠡ ᠲᠡᠭᠰᠢ ᠪᠠᠷ | ᠦᠷᠢᠰᠦᠯᠳᠦᠬᠦ ᠵᠠᠬ᠎ᠠ ᠳᠡᠯᠭᠡᠭᠦᠷ ᠤᠨ ᠣᠷᠴᠢᠨ ᠨᠦᠬᠦᠴᠡᠯ ᠢ ᠬᠠᠮᠠᠭᠠᠯᠠᠬᠤ ᠶᠢ ᠴᠢᠬᠤᠯᠠᠴᠢᠯᠠᠵᠤ᠂ ᠨᠡᠩ ᠤᠯᠠᠨ ᠰᠢᠯᠢᠳᠡᠭ | ᠠᠵᠤ ᠠᠬᠤᠶᠢᠯᠠᠯ ᠵᠠᠬ᠎ᠠ ᠳᠡᠯᠭᠡᠭᠦᠷ ᠤᠨ ᠥᠷᠢᠰᠥᠯᠳᠦᠭᠡᠨ ᠳᠤᠮᠳᠠ ᠠᠴᠠ ᠴᠣᠯᠭᠤᠷᠠᠨ ᠭᠠᠷᠬᠤ ᠶᠢ ᠠᠬᠢᠭᠤᠯᠬᠤ ᠬᠡᠷᠡᠭᠲᠡᠢ᠃ | ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠵᠢᠭᠦᠯᠵᠦ᠂ ᠠᠵᠤ ᠠᠬᠤᠶᠢᠯᠠᠯ ᠢ ᠬᠥᠲᠥᠯᠥᠨ ᠵᠢᠯᠣᠭᠤᠳᠴᠤ | ᠣᠯᠠᠨ ᠤᠯᠤᠰ ᠤᠨ ᠵᠠᠬ᠎ᠠ ᠳᠡᠯᠭᠡᠭᠦᠷ ᠢ ᠢᠳᠡᠪᠬᠢᠲᠡᠶ ᠯᠠᠪᠳᠠᠭᠤᠨ ᠢᠶᠠᠷ ᠨᠡᠭᠡᠭᠡᠬᠦ ᠬᠡᠷᠡᠭᠲᠡᠶ ᠭᠡᠵᠤ ᠵᠢᠭᠠᠵᠤ ᠭᠠᠷᠭᠠᠵᠠᠢ᠃ | ᠬᠤᠷᠠᠯ ᠠᠴᠠ᠂ ᠨᠠᠮ ᠤᠨ ᠲᠥᠪ ᠬᠤᠷᠢᠶ᠎ᠠ ︽ᠲᠦᠭᠡᠮᠡᠯ ᠬᠦᠷᠳᠡᠭᠡᠮᠵᠢᠳᠤ ᠮᠥᠩᠭᠦᠨ ᠭᠦᠢᠯᠭᠡᠭᠡᠨ ᠤ ᠬᠥᠭᠵᠢᠯᠲᠡ ᠶᠢᠨ | ᠲᠥᠯᠥᠪᠵᠢᠭᠦᠯᠭᠡ ︵2016 — 2020 ᠤᠨ︶ ᠶᠢ ᠪᠠᠶᠢᠷᠢᠯᠠᠭᠤᠯᠤᠨ ᠬᠡᠷᠡᠭᠵᠢᠭᠦᠯᠦᠭᠰᠡᠨ ᠠᠴᠠ ᠨᠠᠭᠠᠰᠢ᠂ ᠮᠥᠩᠭᠦᠨ | ᠭᠦᠢᠯᠭᠡᠭᠡᠨ ᠤ ᠦᠢᠯᠡᠴᠢᠯᠡᠭᠡᠨ ᠤ ᠪᠦᠷᠬᠦᠴᠡ ᠶᠢᠨ ᠨᠣᠷᠮ᠎ᠠ᠂ ᠣᠯᠵᠤ ᠪᠣᠯᠬᠤᠶᠢᠴᠠ ᠴᠢᠨᠠᠷ᠂ ᠬᠠᠨᠤᠮᠵᠢ ᠶᠢᠨ ᠬᠡᠮᠵᠢᠶ᠎ᠡ | ᠲᠠᠰᠤᠷᠠᠯᠲᠠ ᠥᠬᠡᠶ ᠳᠡᠭᠡᠭᠰᠢᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ | ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠬᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠳᠠᠶᠢᠯᠠᠯᠳᠤᠭᠠᠨ ᠤ ᠢᠯᠠᠯᠲᠠ ᠶᠢ ᠤᠯᠬᠤ ᠳᠤ ᠬᠦᠴᠦᠨ ᠨᠡᠮᠡᠷᠢᠯᠡᠬᠦ᠂ ᠠᠷᠠᠳ ᠤᠨ ᠠᠮᠢᠳᠤᠷᠠᠯ ᠤᠨ ᠬᠦᠷᠢᠶᠡᠨ ᠳᠠᠬᠢ | ᠳᠤᠲᠠᠭᠤᠳᠠᠯ ᠢ ᠨᠥᠬᠦᠪᠥᠷᠢᠯᠡᠬᠦ ᠵᠡᠷᠭᠡ ᠲᠠᠯ᠎ᠠ ᠪᠠᠷ ᠢᠳᠡᠪᠬᠢᠲᠡᠶ ᠦᠢᠯᠡᠳᠦᠯ ᠦᠵᠡᠭᠦᠯᠪᠡ᠃ ᠮᠥᠩᠭᠦᠨ ᠭᠦᠢᠯᠭᠡᠭᠡᠨ ᠤ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠨᠠᠩ ᠣᠯᠠᠨ ᠮᠥᠩᠭᠦᠨ | ᠭᠦᠢᠯᠭᠡᠭᠡᠨ ᠤ ᠡᠬᠢ ᠪᠠᠶᠠᠯᠢᠭ ᠢ ᠭᠤᠤᠯᠳᠠᠯᠭ᠎ᠠ ᠲᠠᠢ ᠬᠦᠷᠢᠶ᠎ᠡ ᠪᠠ ᠪᠠᠭᠤᠷᠠᠶ ᠭᠤᠭᠴᠤᠭ᠎ᠠ ᠳᠤ ᠲᠤᠬᠢᠷᠠᠭᠤᠯᠤᠨ ᠬᠦᠷᠭᠡᠵᠦ᠂ | ᠰᠢᠶᠠᠨ᠂ ᠪᠠᠭ᠎ᠠ ᠵᠢᠵᠢᠭ ᠠᠵᠤ ᠠᠬᠤᠶᠢᠯᠠᠯ᠂ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠤᠯ ᠴᠣᠭᠴᠠ | ᠵᠡᠷᠭᠡ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠳᠤᠲᠠᠭᠤᠳᠠᠯ ᠢ ᠲᠦᠷᠭᠡᠳᠬᠡᠨ ᠨᠥᠬᠦᠪᠥᠷᠢᠯᠡᠵᠦ᠂ ᠲᠦᠭᠡᠮᠡᠯ | ᠬᠦᠷᠳᠡᠭᠡᠮᠵᠢᠳᠤ ᠮᠥᠩᠭᠦᠨ ᠭᠦᠢᠯᠭᠡᠭᠡᠨ ᠪᠠ ᠪᠣᠬᠢᠷᠲᠤᠯ ᠥᠬᠡᠶ ᠮᠥᠩᠭᠦᠨ ᠭᠦᠢᠯᠭᠡᠭᠡᠨ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠮᠥᠩᠭᠦᠨ ᠭᠦᠢᠯᠭᠡᠭᠡᠨ ᠵᠡᠷᠭᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠵᠤ᠂ | ᠲᠥᠷᠥ ᠶᠢᠨ ᠪᠣᠳᠣᠯᠭ᠎ᠠ ᠶᠢᠨ ᠣᠨᠣᠪᠴᠢ ᠶᠢᠨ ᠬᠡᠮᠵᠢᠶ᠎ᠡ ᠪᠠ ᠪᠦᠲᠦᠮᠵᠢᠲᠦ ᠴᠢᠨᠠᠷ ᠢ ᠳᠡᠭᠡᠭᠰᠢᠯᠡᠭᠦᠯᠬᠦ ᠬᠡᠷᠡᠭᠲᠡᠶ᠃ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢᠨ ᠰᠢᠰᠲ᠋ᠧᠮ᠂ ᠵᠠᠬ᠎ᠠ ᠳᠡᠯᠭᠡᠭᠦᠷ ᠤᠨ ᠰᠢᠰᠲ᠋ᠧᠮ᠂ ᠦᠢᠯᠡᠳᠬᠦᠨ ᠤ ᠰᠢᠰᠲ᠋ᠧᠮ ᠢ | ᠰᠢᠯᠢᠳᠡᠭᠵᠢᠭᠦᠯᠵᠦ᠂ ᠬᠤᠳᠠᠯᠳᠤᠭᠠᠨ ᠤ ᠴᠢᠨᠠᠷᠲᠠᠶ᠂ ᠨᠡᠭᠡᠭᠡᠯᠲᠡ ᠶᠢᠨ ᠴᠢᠨᠠᠷᠲᠠᠶ᠂ ᠲᠥᠷᠥ ᠶᠢᠨ ᠪᠣᠳᠣᠯᠭ᠎ᠠ ᠶᠢᠨ ᠴᠢᠨᠠᠷᠲᠠᠶ᠂ | ᠬᠠᠮᠲᠤᠷᠠᠯᠴᠠᠭᠠᠨ ᠤ ᠴᠢᠨᠠᠷᠲᠠᠶ ᠮᠥᠩᠭᠦᠨ ᠭᠦᠢᠯᠭᠡᠭᠡᠨ ᠤ ᠦᠢᠯᠡᠳᠦᠯ ᠢ ᠪᠦᠲᠦᠮᠵᠢᠲᠡᠶ ᠪᠠᠳᠠᠷᠠᠭᠤᠯᠵᠤ᠂ ᠳᠠᠭᠠᠳᠬᠠᠯ ᠪᠠ | ᠬᠥᠷᠥᠩᠭᠡ ᠶᠢᠨ ᠵᠠᠬ᠎ᠠ ᠳᠡᠯᠭᠡᠭᠦᠷ ᠤᠨ ᠦᠢᠯᠡᠴᠢᠯᠡᠭᠡ ᠪᠠᠲᠤᠯᠠᠭ᠎ᠠ ᠶᠢᠨ ᠴᠢᠳᠠᠮᠵᠢ ᠶᠢ ᠴᠢᠩᠭᠠᠳᠬᠠᠵᠤ᠂ ᠰᠢᠭᠤᠳ ᠪᠠᠯᠠ | ᠬᠤᠷᠠᠮᠳᠤᠭᠤᠯᠬᠤ ᠠᠷᠭ᠎ᠠ ᠵᠠᠮ ᠢ ᠥᠷᠭᠡᠳᠭᠡᠵᠦ᠂ ᠲᠣᠭᠠᠴᠢᠯᠠᠭᠰᠠᠨ ᠲᠦᠭᠡᠮᠡᠯ ᠬᠦᠷᠳᠡᠭᠡᠮᠵᠢᠳᠤ ᠮᠥᠩᠭᠦᠨ ᠭᠦᠢᠯᠭᠡᠭᠡᠨ ᠤ | ᠬᠥᠭᠵᠢᠯᠲᠡ ᠶᠢ ᠡᠮᠬᠢ ᠵᠢᠷᠤᠮ ᠲᠠᠢ ᠠᠬᠢᠭᠤᠯᠬᠤ ᠬᠡᠷᠡᠭᠲᠡᠶ᠃ ᠲᠦᠭᠡᠮᠡᠯ ᠬᠦᠷᠳᠡᠭᠡᠮᠵᠢᠳᠤ ᠮᠥᠩᠭᠦᠨ ᠭᠦᠢᠯᠭᠡᠭᠡᠨ ᠤ | ᠲᠥᠷᠥ ᠶᠢᠨ ᠪᠣᠳᠣᠯᠭ᠎ᠠ ᠶᠢ ᠲᠣᠭᠲᠠᠭᠠᠬᠤ ᠪᠠ ᠬᠡᠷᠡᠭᠵᠢᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠲᠦᠭᠡᠮᠡᠯ | ᠬᠦᠷᠳᠡᠭᠡᠮᠵᠢᠳᠤ ᠮᠥᠩᠭᠦᠨ ᠭᠦᠢᠯᠭᠡᠭᠡᠨ ᠤ ᠰᠠᠭᠤᠷᠢ ᠲᠥᠬᠦᠭᠡᠷᠦᠮᠵᠢ᠂ ᠲᠦᠷᠢᠮ ᠲᠣᠭᠲᠠᠭᠠᠯ᠂ ᠦᠨᠳᠦᠰᠦᠨ ᠱᠠᠲᠤᠨ ᠤ | ᠵᠠᠰᠠᠯᠲᠠ ᠶᠢ ᠪᠦᠷᠢᠨᠰᠢᠬᠦᠯᠵᠤ᠂ ᠠᠶᠤᠯ ᠲᠦᠭᠰᠢᠭᠦᠷᠢ ᠶᠢ ᠬᠤᠪᠢᠶᠠᠨ ᠡᠭᠦᠷᠭᠡᠯᠡᠬᠦ ᠨᠥᠬᠦᠪᠥᠷᠢ ᠥᠭᠬᠦ ᠵᠡᠷᠭᠡ ᠲᠣᠭᠲᠠᠴᠠ ᠶᠢ | ᠲᠦᠷᠭᠡᠳᠭᠡᠨ ᠲᠡᠭᠦᠯᠳᠡᠷᠵᠢᠭᠦᠯᠵᠦ᠂ ᠥᠪᠡᠷ ᠤᠨ ᠥᠷᠲᠡᠭ ᠢ ᠡᠭᠦᠷᠭᠡᠯᠡᠵᠦ ᠳᠡᠶᠢᠯᠬᠦ᠂ ᠬᠤᠳᠠᠯᠳᠤᠭᠠᠨ ᠤ ᠦᠷᠭᠦᠯᠵᠢᠯᠡᠬᠦ | ᠣᠷᠳᠣ ᠬᠤᠭᠤᠴᠠᠭᠠᠨ ᠤ ᠪᠦᠲᠦᠮᠵᠢᠳᠤ ᠲᠣᠭᠲᠠᠴᠠ ᠶᠢ ᠪᠦᠷᠢᠯᠳᠦᠭᠦᠯᠬᠦ ᠶᠢ ᠠᠬᠢᠭᠤᠯᠬᠤ ᠬᠡᠷᠡᠭᠲᠡᠶ᠃ ᠮᠥᠩᠭᠦᠨ | ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠮᠥᠩᠭᠦᠨ ᠭᠦᠢᠯᠭᠡᠭᠡᠨ ᠤ | ᠰᠢᠰᠲ᠋ᠧᠮ ᠤᠨ ᠨᠠᠮ ᠤᠨ ᠪᠠᠶᠢᠭᠤᠯᠤᠯᠲᠠ ᠶᠢ ᠴᠢᠩᠭᠠᠳᠬᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠴᠢᠩᠭ᠎ᠠ ᠠᠭᠤᠷ | ᠠᠮᠢᠰᠬᠤᠯ ᠢ ᠴᠢᠩᠳᠠᠯᠠᠵᠤ᠂ ᠴᠢᠩᠭ᠎ᠠ ᠱᠠᠭᠠᠷᠳᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠮᠥᠩᠭᠦᠨ ᠭᠦᠢᠯᠭᠡᠭᠡᠨ ᠤ | ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠮᠥᠩᠭᠦᠨ ᠭᠦᠢᠯᠭᠡᠭᠡᠨ ᠤ ᠬᠦᠷᠢᠶᠡᠨ ᠳᠠᠬᠢ ᠢᠯᠵᠡᠷᠡᠯ ᠢ | ᠡᠷᠡᠰ ᠵᠠᠯᠬᠠᠭᠠᠨ ᠰᠢᠢᠳᠭᠡᠵᠦ᠂ ᠰᠠᠬᠢᠯᠭ᠎ᠠ ᠪᠠᠲᠤ ᠬᠠᠤᠯᠢ ᠴᠠᠭᠠᠵᠠ ᠠᠴᠠ ᠵᠥᠷᠢᠴᠡᠭᠰᠡᠨ ᠬᠥᠮᠦᠰ ᠢ ᠪᠠᠶᠢᠴᠠᠭᠠᠨ | ᠰᠢᠢᠳᠪᠦᠷᠢᠯᠡᠬᠦ ᠬᠡᠷᠡᠭᠲᠡᠢ ᠭᠡᠵᠤ ᠴᠢᠬᠤᠯᠠᠴᠢᠯᠠᠪᠠ᠃ | ᠬᠤᠷᠠᠯ ᠠᠴᠠ᠂ ᠮᠠᠨ ᠤ ᠤᠯᠤᠰ ᠳᠡᠯᠡᠬᠡᠶ ᠳᠡᠭᠡᠷ᠎ᠡ ᠬᠡᠪᠴᠢᠶ᠎ᠡ ᠪᠠᠷ ᠬᠠᠮᠤᠭ ᠤᠨ ᠶᠡᠭᠡ ᠳᠡᠭᠡᠳᠦ ᠵᠡᠷᠭᠡ ᠶᠢᠨ ᠰᠤᠷᠭᠠᠨ | ᠬᠥᠮᠦᠵᠢᠯ ᠤᠨ ᠰᠢᠰᠲ᠋ᠧᠮ ᠲᠠᠢ᠂ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠶᠢᠨ ᠥᠷᠭᠡᠨ ᠠᠭᠤᠳᠠᠮ | ᠲᠠᠪᠴᠠᠩ ᠲᠠᠢ᠂ ᠦᠯᠡᠮᠵᠢ ᠣᠯᠠᠨ ᠰᠢᠯᠢᠳᠡᠭ ᠴᠢᠳᠠᠪᠤᠷᠢᠲᠠᠨ ᠢ ᠲᠠᠰᠤᠷᠠᠯᠲᠠ ᠥᠬᠡᠶ ᠬᠥᠮᠦᠵᠢᠭᠦᠯᠦᠨ ᠪᠤᠶᠢᠵᠢᠭᠤᠯᠵᠤ᠂ | ᠡᠷᠳᠡᠮᠳᠡᠨ ᠢ ᠪᠦᠷᠢᠮᠦᠰᠦᠨ ᠬᠥᠮᠦᠵᠢᠭᠦᠯᠵᠤ ᠴᠢᠳᠠᠨ᠎ᠠ᠃ ᠰᠠᠭᠤᠷᠢ ᠰᠢᠨᠵᠢᠯᠡᠭᠡᠨ ᠤ ᠰᠠᠯᠠᠭ᠎ᠠ ᠶᠢᠨ ᠴᠢᠳᠠᠪᠤᠷᠢᠲᠠᠨ ᠢ ᠪᠡᠶ᠎ᠡ ᠪᠠᠨ | ᠳᠠᠭᠠᠭᠠᠵᠤ ᠬᠥᠮᠦᠵᠢᠭᠦᠯᠬᠦ ᠵᠠᠮ ᠢᠶᠠᠷ ᠰᠠᠶᠢᠲᠤᠷ ᠵᠠᠮᠨᠠᠵᠤ᠂ ᠳᠡᠯᠡᠬᠡᠶ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠤᠰᠢᠭᠤᠷᠠᠯ ᠳᠤ ᠬᠠᠨᠳᠤᠭᠤᠯᠬᠤ᠂ ᠠᠵᠤ ᠠᠬᠤᠶ ᠶᠢᠨ ᠭᠤᠤᠯ ᠲᠡᠶᠢᠨ ᠤ ᠲᠠᠯᠠᠪᠤᠷ ᠲᠤ ᠬᠠᠨᠳᠤᠭᠤᠯᠬᠤ᠂ ᠤᠯᠤᠰ ᠤᠨ | ᠴᠢᠬᠤᠯᠠ ᠶᠡᠭᠡ ᠬᠡᠷᠡᠭᠴᠡᠭᠡ ᠳᠤ ᠬᠠᠨᠳᠤᠭᠤᠯᠬᠤ᠂ ᠠᠷᠠᠳ ᠲᠦᠮᠡᠨ ᠤ ᠠᠮᠢ ᠨᠠᠰᠤ ᠪᠠ ᠡᠷᠡᠭᠦᠯ ᠮᠡᠨᠳᠦ ᠳᠤ ᠬᠠᠨᠳᠤᠭᠤᠯᠬᠤ ᠶᠢ | ᠪᠠᠷᠢᠮᠲᠠᠯᠠᠨ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠶᠣᠰᠣ | ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠤᠨ᠂ ᠰᠤᠷᠭᠠᠨ ᠬᠥᠮᠦᠵᠢᠯ ᠤᠨ | ᠵᠢᠮ᠎ᠡ ᠶᠣᠰᠣ ᠶᠢ ᠵᠢᠷᠤᠮᠯᠠᠵᠤ᠂ ᠴᠢᠨᠠᠷ ᠰᠠᠶᠢᠲᠠᠶ ᠰᠠᠭᠤᠷᠢ ᠰᠢᠨᠵᠢᠯᠡᠭᠡᠨ ᠤ ᠰᠠᠯᠠᠭ᠎ᠠ ᠶᠢᠨ ᠴᠢᠳᠠᠪᠤᠷᠢᠲᠠᠨ ᠢ ᠬᠥᠮᠦᠵᠢᠭᠦᠯᠬᠦ | ᠰᠢᠰᠲ᠋ᠧᠮ ᠢ ᠲᠦᠷᠭᠡᠳᠭᠡᠨ ᠪᠠᠶᠢᠭᠤᠯᠬᠤ ᠬᠡᠷᠡᠭᠲᠡᠶ᠃ ᠵᠥᠪ ᠤᠯᠤᠰ ᠲᠦᠷᠦ ᠶᠢᠨ ᠴᠢᠭᠯᠡᠯ ᠢ ᠪᠠᠷᠢᠮᠲᠠᠯᠠᠵᠤ᠂ ᠬᠦᠰᠡᠯᠡᠩ | ᠢᠲᠡᠭᠡᠯ ᠪᠢᠰᠢᠷᠡᠯ ᠤᠨ ᠬᠥᠮᠦᠵᠢᠯ ᠢ ᠴᠢᠳᠠᠪᠤᠷᠢᠲᠠᠨ ᠢ ᠬᠥᠮᠦᠵᠢᠭᠦᠯᠬᠦ ᠪᠦᠬᠦ ᠶᠠᠪᠤᠴᠠ ᠳᠤ ᠲᠤᠭᠤᠰᠢᠯᠠᠭᠤᠯᠵᠤ᠂ | ᠴᠢᠳᠠᠪᠤᠷᠢᠲᠠᠨ ᠢ ᠬᠦᠳᠦᠯᠥᠨ ᠳᠠᠭᠠᠭᠤᠯᠵᠤ ᠨᠠᠮ ᠢᠶᠠᠨ ᠬᠠᠶᠢᠷᠠᠯᠠᠬᠤ ᠤᠯᠤᠰ ᠢᠶᠠᠨ ᠬᠠᠶᠢᠷᠠᠯᠠᠬᠤ ᠰᠡᠳᠭᠢᠯᠬᠡ ᠲᠠᠢ ᠪᠤᠯᠭᠠᠵᠤ᠂ | ᠤᠯᠤᠰ ᠲᠠᠭᠠᠨ ᠵᠢᠳᠬᠦᠬᠦ ᠵᠣᠷᠢᠭ ᠢ ᠨᠢ ᠬᠥᠪᠴᠢᠯᠡᠵᠦ᠂ ᠠᠬᠠᠮᠠᠳ ᠨᠢᠭᠡ ᠦᠶ᠎ᠡ ᠶᠢᠨ ᠰᠢᠨᠵᠢᠯᠡᠬᠦ ᠤᠬᠠᠭᠠᠨᠲᠠᠨ ᠤ ᠬᠡᠬᠦᠳᠡᠭ | ᠴᠡᠭᠡᠵᠢᠨ ᠳᠡᠭᠡᠨ ᠡᠬᠡ ᠤᠯᠤᠰ ᠢᠶᠠᠨ ᠪᠠᠭᠲᠠᠭᠠᠵᠤ᠂ ᠠᠷᠠᠳ ᠲᠦᠮᠡᠨ ᠳᠤ ᠦᠢᠯᠡᠴᠢᠯᠡᠬᠦ ᠰᠢᠯᠢᠳᠡᠭ ᠵᠠᠩ ᠴᠢᠨᠠᠷ ᠢ | ᠵᠠᠯᠭᠠᠮᠵᠢᠯᠠᠨ ᠪᠠᠳᠠᠷᠠᠭᠤᠯᠬᠤ ᠬᠡᠷᠡᠭᠲᠡᠢ᠃ ᠴᠢᠳᠠᠪᠤᠷᠢᠲᠠᠨ ᠤ ᠬᠥᠭᠵᠢᠯᠲᠡ ᠶᠢᠨ ᠲᠦᠷᠢᠮ ᠤᠨ ᠣᠷᠴᠢᠨ ᠢ ᠰᠢᠯᠢᠳᠡᠭᠵᠢᠭᠦᠯᠵᠦ᠂ | ᠰᠠᠭᠤᠷᠢ ᠶᠢ ᠰᠠᠶᠢᠲᠤᠷ ᠲᠠᠯᠪᠢᠵᠤ᠂ ᠠᠯᠤᠰ ᠬᠡᠲᠦ ᠠᠴᠠ ᠪᠤᠳᠤᠯᠬᠢᠯᠠᠨ ᠨᠥᠭᠡᠴᠡᠯᠡᠵᠦ᠂ ᠶᠡᠭᠡ ᠳᠡᠭᠡᠳᠦ ᠰᠤᠷᠭᠠᠭᠤᠯᠢ | ᠢᠯᠠᠩᠭᠤᠶ᠎ᠠ ︽ᠬᠤᠤᠰ ᠲᠡᠷᠢᠭᠦᠨ ᠵᠡᠷᠭᠡ︾ ᠶᠢᠨ ᠶᠡᠭᠡ ᠰᠤᠷᠭᠠᠭᠤᠯᠢ ᠶᠢᠨ ᠰᠠᠭᠤᠷᠢ ᠰᠤᠳᠤᠯᠭᠠᠨ ᠤ ᠴᠢᠳᠠᠪᠤᠷᠢᠲᠠᠨ ᠢ | ᠬᠥᠮᠦᠵᠢᠭᠦᠯᠬᠦ ᠭᠤᠤᠯ ᠬᠦᠴᠦᠨ ᠤ ᠦᠶ᠋ᠯᠡᠳᠦᠯ ᠢ ᠪᠠᠳᠠᠷᠠᠭᠤᠯᠵᠤ᠂ ᠴᠢᠳᠠᠪᠤᠷᠢᠲᠠᠨ ᠢ ᠰᠠᠶᠢᠲᠤᠷ ᠬᠥᠮᠦᠵᠢᠭᠦᠯᠬᠦ ᠪᠦᠭᠡᠳ ᠨᠠᠩ | ᠴᠤ ᠴᠢᠳᠠᠪᠤᠷᠢᠲᠠᠨ ᠢ ᠰᠠᠶᠢᠲᠤᠷ ᠬᠡᠷᠡᠭᠯᠡᠬᠦ ᠬᠡᠷᠡᠭᠲᠡᠶ ᠭᠡᠵᠤ ᠵᠢᠭᠠᠵᠤ ᠭᠠᠷᠭᠠᠪᠠ᠃ | ᠬᠤᠷᠠᠯ ᠠᠴᠠ᠂ ᠨᠠᠮ ᠤᠨ ᠠᠷᠪᠠᠨ ᠨᠠᠶ᠋ᠮᠠᠳᠤᠭᠠᠷ ᠶᠡᠭᠡ ᠬᠤᠷᠠᠯ ᠠᠴᠠ ᠨᠠᠭᠠᠰᠢ᠂ ᠤᠯᠤᠰ ᠤᠨ ᠥᠮᠴᠢᠯᠡᠯ ᠤᠨ ᠠᠵᠤ | ᠠᠬᠤᠶᠢᠯᠠᠯ ᠨᠠᠮ ᠤᠨ ᠲᠦᠪ ᠬᠤᠷᠢᠶᠠᠨ ᠤ ᠰᠢᠢᠳᠪᠤᠷᠢᠲᠤ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠵᠤ᠂ ᠰᠢᠨ᠎ᠡ ᠶᠢ | ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ | ᠤᠯᠤᠰ ᠤᠨ ᠪᠠᠶᠢᠯᠳᠤᠬᠤ ᠪᠣᠳᠣᠯᠭ᠎ᠠ ᠶᠢᠨ ᠬᠡᠷᠡᠭᠴᠡᠭᠡ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ ᠂ ᠠᠵᠤ ᠠᠬᠤᠶ | ᠨᠡᠶᠢᠭᠡᠮ ᠤᠨ ᠬᠥᠭᠵᠢᠯᠲᠡ ᠶᠢ ᠠᠬᠢᠭᠤᠯᠬᠤ᠂ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠲᠠᠢ ᠲᠡᠮᠡᠴᠡᠬᠦ᠂ | ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠥᠲᠥᠭᠡᠨ | ᠪᠠᠶᠢᠭᠤᠯᠬᠤ ᠶᠢ ᠠᠬᠢᠭᠤᠯᠬᠤ᠂ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠳᠤ | ᠦᠶ᠋ᠯᠡᠴᠢᠯᠡᠬᠦ ᠵᠡᠷᠭᠡ ᠲᠠᠯ᠎ᠠ ᠪᠠᠷ ᠣᠷᠣᠯᠠᠭᠤᠯᠵᠤ ᠪᠣᠯᠤᠰᠢ ᠥᠬᠡᠶ ᠴᠢᠬᠤᠯᠠ ᠦᠢᠯᠡᠳᠦᠯ ᠦᠵᠡᠭᠦᠯᠪᠡ᠃ ᠤᠯᠤᠰ ᠤᠨ | ᠥᠮᠴᠢᠯᠡᠯ ᠤᠨ ᠠᠵᠤ ᠠᠬᠤᠶᠢᠯᠠᠯ ᠤᠨ ᠡᠭᠦᠳᠦᠯᠲᠡ ᠶᠢᠨ ᠴᠢᠨᠡᠷᠳᠡᠢ ᠮᠡᠷᠭᠡᠵᠢᠯ ᠤᠨ ᠭᠤᠯᠤᠮᠳᠠ ᠶᠢ ᠪᠠᠶᠢᠭᠤᠯᠬᠤ ᠶᠢ | ᠠᠬᠢᠭᠤᠯᠬᠤ ᠳᠤ᠂ ᠪᠠᠶᠢᠯᠳᠤᠬᠤ ᠪᠤᠳᠤᠯᠭ᠎ᠠ ᠶᠢᠨ ᠴᠢᠭᠯᠡᠯ ᠢ ᠣᠨᠣᠪᠴᠢᠲᠠᠢ ᠡᠵᠡᠮᠳᠡᠵᠦ᠂ ᠤᠯᠤᠰ ᠤᠨ ᠠᠮᠤᠷ ᠲᠦᠪᠰᠢᠨ᠂ | ᠠᠵᠤ ᠦᠢᠯᠡᠰ ᠤᠨ ᠭᠤᠣᠯᠯᠠᠭᠴᠢ ᠦᠷᠢᠰᠦᠯᠳᠦᠬᠦ ᠬᠦᠴᠦᠨ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠴᠢᠬᠤᠯᠠ ᠶᠡᠭᠡ | ᠪᠠᠶᠢᠯᠳᠤᠬᠤ ᠪᠤᠳᠤᠯᠭ᠎ᠠ ᠶᠢᠨ ᠡᠭᠦᠷᠭᠡ ᠶᠢᠨ ᠲᠣᠭᠤᠷᠢᠨ ᠳᠤ᠂ ᠡᠭᠦᠳᠦᠯᠲᠡ ᠶᠢᠨ ᠴᠢᠨᠡᠷᠳᠡᠢ ᠮᠡᠷᠭᠡᠵᠢᠯ ᠤᠨ ᠬᠠᠩᠭᠠᠯᠭ᠎ᠠ ᠶᠢ | ᠴᠢᠩᠭᠠᠳᠬᠠᠵᠤ᠂ ᠬᠤᠰᠢᠭᠤᠷᠠᠯ ᠮᠡᠷᠭᠡᠵᠢᠯ ᠪᠣᠯᠤᠨ ᠲᠡᠷᠢᠬᠦᠨ ᠤ ᠲᠠᠪᠠᠯᠳᠠ ᠶᠢᠨ ᠴᠢᠨᠠᠷᠲᠠᠢ ᠮᠡᠷᠭᠡᠵᠢᠯ ᠢ ᠤᠷᠢᠳᠴᠢᠯᠠᠨ | ᠪᠠᠶᠢᠷᠢᠰᠢᠭᠤᠯᠵᠤ᠂ ᠰᠢᠨ᠎ᠡ ᠶᠢ ᠡᠭᠦᠳᠬᠦ ᠡᠯᠧᠮᠧᠨ᠋ᠲ ᠢ ᠲᠥᠪᠯᠡᠷᠡᠭᠦᠯᠬᠦ᠂ ᠰᠢᠨ᠎ᠡ ᠶᠢ ᠡᠭᠦᠳᠬᠦ ᠬᠠᠮᠵᠢᠯᠴᠠᠭ᠎ᠠ ᠶᠢ | ᠭᠦᠨᠵᠡᠭᠡᠶᠢᠷᠡᠭᠦᠯᠬᠦ᠂ ᠦᠷ᠎ᠡ ᠪᠦᠲᠦᠭᠡᠯ ᠢ ᠣᠨᠳᠣᠣᠰᠢᠭᠤᠯᠬᠤ ᠶᠢ ᠠᠬᠢᠭᠤᠯᠬᠤ᠂ ᠰᠢᠨ᠎ᠡ ᠶᠢ ᠡᠭᠦᠳᠬᠦ ᠠᠮᠢ ᠠᠬᠤᠢ ᠶᠢ | ᠰᠢᠯᠢᠳᠡᠭᠵᠢᠭᠦᠯᠬᠦ ᠳᠡᠭᠡᠷ᠎ᠡ ᠬᠦᠴᠦ ᠤᠷᠤᠭᠤᠯᠵᠤ᠂ ᠴᠢᠳᠠᠪᠤᠷᠢᠲᠠᠨ ᠢ ᠪᠦᠬᠦ ᠲᠠᠯ᠎ᠠ ᠪᠠᠷ ᠬᠥᠮᠦᠵᠢᠭᠦᠯᠬᠦ᠂ ᠣᠷᠣᠭᠤᠯᠵᠤ | ᠠᠪᠴᠢᠷᠠᠬᠤ᠂ ᠰᠠᠶᠢᠲᠤᠷ ᠬᠡᠷᠡᠭᠯᠡᠬᠦ ᠬᠡᠷᠡᠭᠲᠡᠢ᠃ ᠬᠠᠷᠢᠭᠤᠴᠠᠯᠭ᠎ᠠ ᠶᠢᠨ ᠬᠡᠯᠬᠢᠶ᠎ᠡ ᠶᠢ ᠴᠢᠩᠭᠠᠳᠬᠠᠵᠤ᠂ ᠵᠤᠬᠢᠴᠠᠯᠳᠤᠨ | ᠬᠠᠮᠵᠢᠯᠴᠠᠬᠤ ᠶᠢ ᠴᠢᠩᠭᠠᠳᠬᠠᠬᠤ ᠬᠡᠷᠡᠭᠲᠡᠶ ᠭᠡᠵᠤ ᠴᠢᠬᠤᠯᠠᠴᠢᠯᠠᠪᠠ᠃ | ᠬᠤᠷᠠᠯ ᠠᠴᠠ᠂ ᠥᠩᠭᠡᠷᠡᠭᠰᠡᠨ ᠨᠢᠭᠡ ᠵᠢᠯ ᠪᠣᠯ ᠨᠠᠮ ᠪᠣᠯᠤᠨ ᠤᠯᠤᠰ ᠤᠨ ᠲᠡᠦᠬᠡᠨ ᠳᠡᠭᠡᠷᠡᠬᠢ ᠬᠥᠰᠢᠶ᠎ᠡ ᠲᠡᠮᠳᠡᠭ ᠤᠨ | ᠠᠴᠢ ᠬᠤᠯᠪᠣᠭᠳᠠᠯ ᠲᠠᠢ ᠨᠢᠭᠡ ᠵᠢᠯ ᠪᠣᠯᠤᠨ᠎ᠠ᠃ ᠪᠢᠳᠡ ᠥᠭᠡᠷᠡᠴᠢᠯᠡᠯᠲᠡ ᠶᠢᠨ ᠠᠵᠢᠯ ᠤᠨ ᠪᠦᠬᠦᠯᠢ ᠴᠣᠭᠴᠠ ᠶᠢᠨ | ᠲᠥᠯᠥᠪᠵᠢᠭᠦᠯᠭᠡ ᠪᠠᠶᠢᠷᠢᠯᠠᠭᠤᠯᠤᠯᠲᠠ ᠶᠢ ᠴᠢᠩᠭᠠᠳᠬᠠᠵᠤ᠂ ᠡᠯ᠎ᠡ ᠵᠦᠢᠯ ᠤᠨ ᠥᠭᠡᠷᠡᠴᠢᠯᠡᠯᠲᠡ ᠶᠢᠨ ᠠᠵᠢᠯ ᠢ ᠦᠷᠭᠦᠯᠵᠢᠯᠡᠨ | ᠠᠬᠢᠭᠤᠯᠵᠤ᠂ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠲᠠᠰᠤᠷᠠᠯᠳᠠ ᠦᠭᠡᠢ ᠭᠦᠨᠵᠡᠭᠡᠶᠢᠷᠡᠭᠦᠯᠵᠦ᠂ ᠮᠠᠨ ᠤ ᠨᠠᠮ | ᠪᠠᠶᠢᠭᠤᠯᠤᠭᠳᠠᠭᠰᠠᠨ ᠵᠠᠭᠤᠨ ᠵᠢᠯ ᠤᠨ ᠤᠢ ᠪᠣᠯᠬᠤ ᠦᠶ᠎ᠡ ᠳᠤ ᠡᠯ᠎ᠡ ᠲᠠᠯ᠎ᠠ ᠶᠢᠨ ᠲᠦᠷᠢᠮ ᠢ ᠨᠡᠩ ᠪᠣᠯᠪᠠᠰᠤᠷᠠᠩᠭᠤᠢ ᠨᠡᠩ | ᠲᠤᠬᠳᠠᠮᠠᠯ ᠬᠡᠪᠰᠢᠭᠰᠡᠨ ᠪᠣᠯᠭᠠᠬᠤ ᠲᠠᠯ᠎ᠠ ᠪᠠᠷ ᠢᠯᠡᠳᠲᠡ ᠦᠷ᠎ᠡ ᠪᠦᠲᠦᠮᠵᠢ ᠤᠯᠬᠤ ᠬᠠᠷᠠᠯᠲᠠ ᠶᠢ ᠪᠡᠶᠡᠯᠡᠭᠦᠯᠪᠡ᠃ ᠪᠢᠳᠡ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠬᠤ᠂ ᠰᠢᠨ᠎ᠡ | ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢ ᠪᠠᠷᠢᠮᠲᠠᠯᠠᠵᠤ᠂ | ᠥᠭᠡᠷᠡᠴᠢᠯᠡᠯᠲᠡ ᠶᠢ ᠠᠬᠢᠭᠤᠯᠬᠤ ᠶᠢ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ | ᠨᠠᠶᠢᠳᠠᠪᠤᠷᠢᠵᠢᠭᠤᠯᠬᠤ ᠲᠠᠢ ᠤᠶᠠᠯᠳᠤᠭᠤᠯᠵᠤ᠂ ᠨᠠᠮ ᠤᠨ ᠲᠥᠪ ᠬᠤᠷᠢᠶ᠎ᠠ ᠠᠴᠠ ᠪᠠᠶᠢᠷᠢᠯᠠᠭᠤᠯᠤᠭᠰᠠᠨ ᠡᠯ᠎ᠡ ᠬᠦᠷᠢᠶ᠎ᠡ ᠡᠯ᠎ᠡ | ᠲᠠᠯ᠎ᠠ ᠶᠢᠨ ᠭᠤᠤᠯᠳᠠᠯᠭ᠎ᠠ ᠲᠠᠢ ᠠᠵᠢᠯ ᠲᠠᠢ ᠤᠶᠠᠯᠳᠤᠭᠤᠯᠵᠤ᠂ ᠥᠭᠡᠷᠡᠴᠢᠯᠡᠯᠲᠡ ᠶᠢ ᠨᠠᠮ ᠪᠣᠯᠤᠨ ᠤᠯᠤᠰ ᠤᠨ ᠠᠵᠢᠯ ᠤᠨ | ᠶᠡᠭᠡ ᠲᠠᠯ᠎ᠠ ᠳᠤ ᠨᠠᠩ ᠰᠠᠶᠢᠲᠤᠷ ᠦᠶ᠋ᠯᠡᠴᠢᠯᠡᠬᠦ ᠶᠢ ᠠᠬᠢᠭᠤᠯᠪᠠ᠃ ᠪᠢᠳᠡ ᠬᠥᠭᠵᠢᠯᠲᠡ ᠳᠤ ᠪᠠᠴᠢᠮ ᠱᠠᠭᠠᠷᠳᠠᠭᠳᠠᠵᠤ | ᠪᠠᠶᠢᠭ᠎ᠠ᠂ ᠣᠯᠠᠨ ᠲᠦᠮᠡᠨ ᠤ ᠪᠠᠴᠢᠮᠳᠠᠵᠤ ᠲᠦᠪᠡᠭᠳᠡᠵᠤ ᠵᠤᠪᠠᠨᠢᠵᠤ ᠬᠦᠰᠡᠵᠤ ᠪᠠᠶᠢᠭ᠎ᠠ ᠲᠣᠪᠤᠶᠢᠮ᠎ᠠ ᠠᠰᠠᠭᠤᠳᠠᠯ ᠢ | ᠬᠦᠴᠦᠨ ᠢᠶᠠᠨ ᠲᠥᠪᠯᠡᠷᠡᠭᠦᠯᠦᠨ ᠰᠢᠢᠳᠪᠤᠷᠢᠯᠡᠵᠦ ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠴᠠᠭ ᠲᠤᠬᠠᠶ ᠳᠤᠨᠢ | ᠪᠠᠶᠢᠷᠢᠯᠠᠭᠤᠯᠤᠨ ᠨᠡᠶᠢᠲᠡᠯᠡᠵᠦ᠂ ᠲᠦᠷᠢᠮ ᠤᠨ ᠳᠠᠪᠠᠭᠤᠯᠢᠭ ᠢᠶᠠᠨ ᠪᠠᠳᠠᠷᠠᠭᠤᠯᠤᠨ ᠠᠶᠤᠯ ᠲᠦᠭᠰᠢᠭᠦᠷᠢ ᠪᠠ | ᠥᠷᠢᠰᠥᠯᠳᠦᠭᠡᠨ ᠢ ᠠᠷᠭᠠᠴᠠᠭᠠᠵᠤ᠂ ᠥᠭᠡᠷᠡᠴᠢᠯᠡᠯᠲᠡ ᠶᠢᠨ ᠠᠷᠭ᠎ᠠ ᠪᠠᠷ ᠬᠥᠭᠵᠢᠯᠲᠡ ᠶᠢᠨ ᠬᠦᠴᠢᠷ ᠠᠰᠠᠭᠤᠳᠠᠯ ᠢ | ᠰᠢᠢᠳᠪᠤᠷᠢᠯᠡᠪᠡ ᠃ ᠪᠢᠳᠡ ᠥᠭᠡᠷᠡᠴᠢᠯᠡᠯᠲᠡ ᠶᠢᠨ ᠰᠢᠰᠲ᠋ᠧᠮ ᠤᠨ ᠬᠤᠷᠠᠮᠳᠤᠯ ᠢ ᠴᠢᠩᠭᠠᠳᠬᠠᠬᠤ᠂ ᠥᠭᠡᠷᠡᠴᠢᠯᠡᠯᠲᠡ ᠶᠢ | ᠪᠣᠳᠠᠲᠠᠢ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠤᠯᠬᠤ ᠶᠢ ᠠᠬᠢᠭᠤᠯᠬᠤ ᠶᠢ ᠨᠡᠩ ᠳᠤᠪᠤᠶᠢᠮ᠎ᠠ ᠪᠠᠶᠢᠷᠢᠨ ᠳᠤ ᠲᠠᠯᠪᠢᠵᠤ᠂ | ᠨᠥᠬᠦᠴᠡᠯ ᠲᠠᠢ ᠭᠠᠵᠠᠷ ᠣᠷᠣᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠢ ᠥᠷᠨᠢᠭᠦᠯᠬᠦ ᠶᠢ | ᠳᠡᠮᠵᠢᠨ ᠠᠬᠢᠭᠤᠯᠵᠤ᠂ ᠭᠤᠣᠯᠳᠠᠯᠭ᠎ᠠ ᠲᠠᠢ ᠥᠭᠡᠷᠡᠴᠢᠯᠡᠯᠲᠡ ᠶᠢᠨ ᠡᠭᠦᠷᠭᠡ ᠶᠢ ᠱᠠᠯᠠᠪᠳᠠᠭᠤᠯᠤᠨ ᠪᠠᠶᠢᠴᠠᠭᠠᠵᠤ | ᠨᠠᠶᠢᠳᠠᠪᠤᠷᠢᠵᠢᠭᠤᠯᠬᠤ ᠶᠢ ᠴᠢᠩᠭᠠᠳᠬᠠᠪᠠ᠃ ᠪᠢᠳᠡ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ | ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠡᠦᠬᠡ ᠶᠢᠨ | ᠰᠤᠷᠤᠯᠴᠠᠯᠭ᠎ᠠ ᠬᠥᠮᠦᠵᠢᠯ ᠪᠠ ᠥᠭᠡᠷᠡᠴᠢᠯᠡᠯᠲᠡ ᠶᠢᠨ ᠤᠬᠠᠭᠤᠯᠭ᠎ᠠ ᠶᠢᠨ ᠠᠵᠢᠯ ᠢ ᠨᠢᠭᠡᠳᠦᠯᠲᠡᠶ ᠲᠥᠯᠥᠪᠵᠢᠭᠦᠯᠵᠦ᠂ | ᠥᠷᠭᠡᠨ ᠣᠯᠠᠨ ᠨᠠᠮ ᠤᠨ ᠭᠡᠰᠢᠭᠦᠨ ᠺᠠᠳ᠋ᠷ ᠢ ᠬᠥᠲᠥᠯᠥᠨ ᠵᠢᠯᠣᠭᠤᠳᠴᠤ ᠥᠭᠡᠷᠡᠴᠢᠯᠡᠯᠲᠡ ᠶᠢ ᠡᠴᠦᠰ ᠲᠤᠨᠢ ᠲᠤᠯᠲᠠᠯ᠎ᠠ ᠬᠢᠬᠦ | ᠢᠲᠡᠭᠡᠯ ᠵᠣᠷᠢᠭ ᠢ ᠨᠢ ᠪᠠᠲᠤᠳᠬᠠᠵᠤ᠂ ᠦᠷᠭᠦᠯᠵᠢᠯᠡᠨ ᠵᠠᠮ ᠨᠡᠭᠡᠭᠡᠨ ᠰᠢᠨ᠎ᠡ ᠶᠢ ᠡᠭᠦᠳᠴᠦ᠂ ᠥᠭᠡᠷᠡᠴᠢᠯᠡᠯᠲᠡ ᠶᠢ ᠪᠥᠬᠦ | ᠲᠠᠯ᠎ᠠ ᠪᠠᠷ ᠭᠦᠨᠵᠡᠭᠡᠶᠢᠷᠡᠭᠦᠯᠬᠦ ᠶᠢ ᠭᠦᠨᠵᠡᠭᠡᠶ ᠠᠬᠢᠭᠤᠯᠬᠤ ᠳᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠠᠢ ᠭᠡᠵᠤ | ᠵᠢᠭᠠᠵᠤ ᠭᠠᠷᠭᠠᠪᠠ᠃ | ᠬᠤᠷᠠᠯ ᠠᠴᠠ᠂ ᠡᠨᠡ ᠵᠢᠯ ᠤᠨ ᠳᠣᠣᠷ᠎ᠠ ᠬᠠᠭᠠᠰ ᠵᠢᠯ ᠳᠤ ᠨᠠᠮ ᠤᠨ ᠬᠤᠷᠢᠳᠤᠭᠠᠷ ᠶᠡᠭᠡ ᠬᠤᠷᠠᠯ ᠢ ᠬᠤᠷᠠᠯᠳᠤᠭᠤᠯᠤᠨ᠎ᠠ᠂ | ᠥᠭᠡᠷᠡᠴᠢᠯᠡᠯᠲᠡ ᠶᠢᠨ ᠠᠵᠢᠯ ᠢ ᠱᠠᠯᠠᠪᠳᠠᠭᠤᠯᠤᠨ ᠯᠠᠪᠳᠠᠭᠤᠨ᠂ ᠭᠦᠨᠵᠡᠭᠡᠢ ᠠᠬᠢᠭᠤᠯᠬᠤ ᠪᠥᠭᠡᠳ ᠪᠠᠰᠠ ᠰᠢᠨ᠎ᠡ ᠪᠠᠶᠢᠳᠠᠯ᠂ | ᠰᠢᠨ᠎ᠡ ᠳᠦᠷᠰᠤ ᠪᠠᠶᠢᠳᠠᠯ ᠲᠠᠢ ᠪᠣᠯᠭᠠᠬᠤ ᠬᠡᠷᠡᠭᠲᠡᠢ᠃ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ | ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠭᠠᠰᠢ ᠪᠠᠶᠢᠷᠢᠯᠠᠭᠤᠯᠤᠭᠰᠠᠨ | ᠥᠭᠡᠷᠡᠴᠢᠯᠡᠯᠲᠡ ᠶᠢᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠲᠦᠷᠭᠡᠳᠭᠡᠨ ᠠᠬᠢᠭᠤᠯᠵᠤ᠂ ᠴᠢᠬᠤᠯᠠ ᠬᠦᠷᠢᠶ᠎ᠡ ᠪᠠ | ᠵᠠᠩᠭᠢᠯᠠᠭ᠎ᠠ ᠶᠢᠨ ᠭᠤᠭᠴᠤᠭ᠎ᠠ ᠶᠢᠨ ᠥᠭᠡᠷᠡᠴᠢᠯᠡᠯᠲᠡ ᠶᠢᠨ ᠪᠣᠭᠤᠮᠲᠠ ᠰᠢᠪᠲᠤᠯᠬᠤ᠂ ᠨᠠᠶᠢᠳᠠᠪᠤᠷᠢᠵᠢᠭᠤᠯᠤᠨ ᠦᠷ᠎ᠡ | ᠪᠦᠲᠦᠮᠵᠢ ᠭᠠᠷᠭᠠᠬᠤ ᠶᠢ ᠲᠦᠷᠭᠡᠳᠭᠡᠨ ᠠᠬᠢᠭᠤᠯᠵᠤ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠶᠢ | ᠴᠢᠬᠤᠯᠠᠴᠢᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠭᠠᠰᠢᠬᠢ ᠥᠭᠡᠷᠡᠴᠢᠯᠡᠯᠲᠡ ᠶᠢ ᠪᠦᠬᠦ ᠲᠠᠯ᠎ᠠ ᠪᠠᠷ | ᠭᠦᠨᠵᠡᠭᠡᠶᠢᠷᠡᠭᠦᠯᠦᠭᠰᠡᠨ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠰᠢᠨ᠎ᠡ ᠲᠤᠷᠰᠢᠯᠭ᠎ᠠ ᠶᠢ ᠭᠦᠨᠵᠡᠭᠡᠢ ᠳ᠋ᠦᠩᠨᠡᠵᠤ᠂ | ᠬᠤᠶᠢᠰᠢᠳᠠ ᠶᠢᠨ ᠨᠢᠭᠡ ᠬᠤᠭᠤᠴᠠᠭᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠭᠤᠣᠯ | ᠰᠢᠪᠲᠤᠯᠬᠤ ᠴᠢᠭᠯᠡᠯ᠂ ᠪᠠᠶᠢᠯᠳᠤᠬᠤ ᠪᠤᠳᠤᠯᠭ᠎ᠠ ᠶᠢᠨ ᠭᠤᠣᠯᠳᠠᠯᠭ᠎ᠠ᠂ ᠡᠭᠦᠷᠭᠡ ᠶᠢᠨ ᠠᠷᠭ᠎ᠠ ᠬᠡᠮᠵᠢᠶ᠎ᠡ ᠶᠢ ᠱᠠᠯᠠᠪᠳᠠᠭᠤᠯᠤᠨ | ᠰᠤᠳᠤᠯᠵᠤ᠂ ᠪᠦᠬᠦ ᠨᠠᠮ ᠪᠦᠬᠦ ᠨᠡᠶᠢᠭᠡᠮ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠪᠠ | ᠳᠠᠯᠳᠠ ᠬᠦᠴᠦᠨ ᠢ ᠬᠥᠭᠵᠢᠭᠡᠵᠤ᠂ ᠡᠷᠡᠭᠦᠯ ᠪᠦᠬᠡᠳ ᠲᠣᠭᠲᠠᠭᠤᠨ ᠠᠵᠤ ᠠᠬᠤᠶ ᠶᠢᠨ ᠣᠷᠴᠢᠨ᠂ ᠲᠦᠷᠦ ᠲᠦᠪᠰᠢᠨ | ᠲᠦᠮᠡᠨ ᠠᠮᠤᠭᠤᠯᠠᠩ ᠨᠡᠶᠢᠭᠡᠮ ᠤᠨ ᠣᠷᠴᠢᠨ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠣᠷᠴᠢᠨ ᠢ | ᠪᠠᠳᠤᠯᠠᠬᠤ ᠳᠤ ᠰᠠᠶᠢᠨ ᠰᠠᠶᠢᠬᠠᠨ ᠲᠦᠷᠢᠮ ᠤᠨ ᠨᠥᠬᠦᠴᠡᠯ ᠢ ᠪᠦᠷᠢᠯᠳᠦᠭᠦᠯᠬᠦ ᠭᠡᠷᠡᠭᠳᠠᠢ ᠭᠡᠵᠤ ᠴᠢᠬᠤᠯᠠᠴᠢᠯᠠᠪᠠ᠃ | ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠭᠡᠰᠢᠭᠦᠳ ᠬᠤᠷᠠᠯ ᠳᠤ ᠣᠷᠣᠯᠴᠠᠵᠤ | ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ | ᠬᠤᠷᠠᠯ ᠳᠤ ᠰᠤᠯᠠ ᠣᠷᠣᠯᠴᠠᠵᠠᠢ᠃ | ᠪᠡᠯᠡᠳᠭᠡᠭᠰᠡᠨ ᠨᠢ᠄ ᠣᠳᠣᠨᠭᠡᠷᠡᠯ | ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ | ᠰᠦᠯᠵᠢᠶ᠎ᠡ | | | |