ᠰᠢᠶᠠᠨ ᠤ ᠨᠠᠮ ᠤᠨ ᠬᠤᠷᠢᠶᠠᠨ ᠤ ᠱᠦᠵᠢ ᠴᠠᠩ ᠳ᠋ᠠ ᠸᠧᠢ ᠵᠠᠯᠠᠭᠤᠴᠤᠳ ᠪᠠᠭᠠᠴᠤᠳ ᠤᠨ ᠠᠵᠢᠯᠯᠠᠭ᠎ᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠴᠢᠬᠤᠯᠠᠴᠢᠯᠠᠭᠰᠠᠨ ᠨᠢ ᠲᠡᠷᠢᠭᠦᠨ ᠤ ᠬᠠᠮᠢᠶᠠᠷᠤᠯᠲᠠ ᠶᠢᠨ ᠣᠶᠢᠯᠠᠭᠠᠭᠳᠠᠬᠤᠨ ᠡᠵᠡᠩᠨᠡᠯᠲᠡ ᠶᠢᠨ ᠣᠶᠢᠯᠠᠭᠠᠭᠳᠠᠬᠤᠨ ᠦᠢᠯᠡᠴᠢᠯᠡᠭᠡᠨ ᠤ ᠣᠶᠢᠯᠠᠭᠠᠭᠳᠠᠬᠤᠨ ᠢ ᠪᠤᠢ ᠪᠣᠯᠭᠠᠵᠤ ᠵᠠᠯᠠᠭᠤᠴᠤᠳ ᠪᠠᠭᠠᠴᠤᠳ ᠤᠨ ᠬᠢᠴᠢᠶᠡᠯ ᠤᠨ ᠭᠠᠳᠠᠨᠠᠬᠢ ᠠᠵᠢᠯᠯᠠᠭ᠎ᠠ ᠶᠢ ᠨᠡᠩ ᠪᠠᠶᠠᠯᠢᠭᠵᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2022/3/21
   3 ᠰᠠᠷ᠎ᠠ ᠶᠢᠨ 17 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠴᠠᠩ ᠳ᠋ᠠ ᠸᠧᠢ ᠤᠷᠢᠳ ᠬᠤᠵᠢᠳ ᠾᠦᠢ ᠮᠢᠨ ᠨᠡᠶᠢᠭᠡᠮ ᠲᠣᠭᠤᠷᠢᠭ ᠤᠨ ᠳ᠋ᠦᠩ ᠴᠧᠩ ᠤᠨ ᠵᠠᠯᠠᠭᠤᠴᠤᠳ ᠤᠨ ᠬᠤᠯᠪᠣᠭᠠᠲᠤ ᠬᠤᠷᠠᠯ ᠤᠨ ︽ᠬᠦᠰᠡᠯᠡᠩ ᠤᠨ ᠥᠷᠥᠭᠡ︾᠂ ᠵᠠᠯᠠᠭᠤᠴᠤᠳ ᠪᠠᠭᠠᠴᠤᠳ ᠤᠨ ᠠᠵᠢᠯᠯᠠᠭᠠᠨ ᠤ ᠲᠥᠪ ᠲᠤ ᠭᠦᠨᠵᠡᠭᠡᠶᠢᠷᠡᠨ ᠵᠠᠯᠠᠭᠤᠴᠤᠳ ᠪᠠᠭᠠᠴᠤᠳ ᠤᠨ ᠠᠵᠢᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠪᠡ᠃ ᠰᠢᠶᠠᠨ ᠤ ᠤᠳᠤᠷᠢᠳᠤᠯᠭ᠎ᠠ ᠵᠤᠤ ᠯᠦᠩ ᠹᠧᠢ ᠂ ᠦ᠋ ᡁᠢ ᠢᠦᠢ ᠂ ᠵᠠᠩ ᠢᠦᠢ ᠵᠢᠤᠸᠠᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ ᠃
1.jpg
   ᠾᠦᠢ ᠮᠢᠨ ᠨᠡᠶᠢᠭᠡᠮ ᠲᠣᠭᠤᠷᠢᠭ ᠤᠨ ᠳ᠋ᠦᠩ ᠴᠧᠩ ᠤᠨ ᠵᠠᠯᠠᠭᠤᠴᠤᠳ ᠤᠨ ᠬᠤᠯᠪᠣᠭ᠎ᠠ ᠶᠢᠨ ︽ ᠬᠦᠰᠡᠯᠡᠩ ᠤᠨ ᠥᠷᠦᠭᠡ︾  ᠳᠤ ᠂ ᠴᠠᠩ ᠳ᠋ᠠ ᠸᠧᠢ ︽ ᠬᠦᠰᠡᠯᠡᠩ ᠤᠨ ᠥᠷᠦᠭᠡ︾ ᠶᠢᠨ ᠪᠦᠲᠦᠭᠡᠨ ᠪᠠᠶᠢᠭᠤᠯᠤᠯᠲᠠ ᠶᠢᠨ ᠲᠠᠩᠰᠠ ᠡᠪᠬᠡᠮᠡᠯ ᠤᠨ ᠮᠠᠲ᠋ᠧᠷᠦᠶᠡᠯ ᠢ ᠨᠠᠷᠢᠨ ᠬᠢᠨᠠᠮᠠᠭᠠᠢ ᠪᠠᠶᠢᠴᠠᠭᠠᠨ ᠦᠵᠡᠪᠡ ᠃ ᠴᠠᠩ ᠳ᠋ᠠ ᠸᠧᠢ ᠵᠢᠭᠠᠵᠤ ᠭᠠᠷᠭᠠᠭᠰᠠᠨ ᠨᠢ᠂ ᠾᠦᠢ ᠮᠢᠨ ᠨᠡᠶᠢᠭᠡᠮ ᠲᠣᠭᠤᠷᠢᠭ ᠤᠨ ᠳ᠋ᠦᠩ ᠴᠧᠩ ᠤᠨ ᠵᠠᠯᠠᠭᠤᠴᠤᠳ ᠤᠨ ᠬᠤᠯᠪᠣᠭ᠎ᠠ ᠶᠢᠨ ︽ ᠬᠦᠰᠡᠯᠡᠩ ᠤᠨ ᠦᠷᠦᠭᠡ ︾ ᠪᠣᠯ ᠳ᠋ᠦᠩ ᠴᠧᠩ ᠲᠣᠭᠤᠷᠢᠭ ᠤᠨ ᠮᠠᠨ ᠤ ᠰᠢᠶᠠᠨ ᠤ ᠵᠠᠯᠠᠭᠤᠴᠤᠳ ᠪᠠᠭᠠᠴᠤᠳ ᠢ ᠬᠠᠪᠰᠤᠷᠤᠨ ᠠᠵᠢᠯᠯᠠᠭ᠎ᠠ ᠥᠷᠨᠢᠭᠦᠯᠬᠦ ᠲᠠᠯᠠᠪᠤᠷ ᠪᠣᠯᠣᠨ᠎ᠠ ᠂ ᠡᠯ᠎ᠡ ᠰᠠᠯᠠᠭ᠎ᠠ ᠮᠥᠴᠢᠷ ᠤᠨ ᠬᠢᠨ ᠵᠢᠷᠤᠭ ᠲᠥᠯᠥᠪᠯᠡᠭᠡ ᠶᠢᠨ ᠲᠥᠯᠦᠪᠵᠢᠭᠦᠯᠭᠡ ᠶᠢ ᠰᠠᠶᠢᠲᠤᠷ ᠬᠢᠵᠦ ᠂ ᠲᠠᠯᠠᠪᠤᠷ ᠤᠨ ᠴᠢᠳᠠᠪᠬᠢ ᠶᠢ ᠰᠢᠯᠢᠳᠡᠭᠵᠢᠭᠦᠯᠵᠦ ᠂ ᠨᠡᠶᠢᠭᠡᠮ ᠤᠨ ᠡᠬᠢ ᠪᠠᠶᠠᠯᠢᠭ ᠢ ᠨᠡᠶᠢᠳᠬᠡᠵᠦ ᠂ ᠰᠣᠶᠣᠯ ᠤᠨ ᠠᠭᠤᠷ ᠠᠮᠢᠰᠬᠤᠯ ᠢ ᠳᠡᠭᠡᠭᠰᠢᠯᠡᠭᠦᠯᠵᠦ ᠂ ᠠᠵᠢᠯᠯᠠᠭ᠎ᠠ ᠶᠢᠨ ᠠᠭᠤᠯᠭ᠎ᠠ ᠶᠢ ᠪᠠᠶᠠᠯᠢᠭᠵᠢᠭᠤᠯᠵᠤ ᠂ ᠨᠡᠶᠢᠭᠡᠮ ᠤᠨ ᠦᠷ᠎ᠡ ᠠᠰᠢᠭ ᠢ ᠪᠠᠳᠠᠷᠠᠭᠤᠯᠵᠤ ᠂ ᠵᠠᠯᠠᠭᠤᠴᠤᠳ ᠪᠠᠭᠠᠴᠤᠳ ᠤᠨ ᠠᠵᠢᠯᠯᠠᠭ᠎ᠠ ᠶᠢ ᠨᠡᠩ ᠪᠠᠶᠠᠯᠢᠭᠵᠢᠭᠤᠯᠬᠤ ᠬᠡᠷᠡᠭᠲᠡᠢ ᠭᠡᠵᠦ ᠃ ᠬᠤᠶᠢᠰᠢᠳᠠ ᠶᠢᠨ ᠦᠢᠯᠡᠴᠢᠯᠡᠭᠡ ᠵᠡᠷᠭᠡ ᠲᠠᠯ᠎ᠠ ᠪᠠᠷ ᠭᠦᠨᠵᠡᠭᠡᠢ ᠰᠤᠳᠤᠯᠵᠤ ᠂ ᠵᠠᠯᠠᠭᠤ ᠰᠠᠶᠢᠨ ᠳᠤᠷᠠᠴᠤᠳ ᠤᠨ ᠰᠠᠨᠠᠭᠠᠴᠢᠯᠠᠭᠠᠲᠤ ᠴᠢᠨᠠᠷ ᠂ ᠪᠦᠲᠦᠭᠡᠯᠴᠢ ᠴᠢᠨᠠᠷ ᠢ ᠭᠦᠢᠴᠡᠳ ᠪᠠᠳᠠᠷᠠᠭᠤᠯᠵᠤ ᠂ ᠶᠠᠳᠠᠭᠤ ᠬᠦᠴᠢᠷᠳᠡᠯᠲᠡᠢ ᠬᠡᠦᠬᠡᠳ ᠲᠠᠢ ᠢᠳᠡᠪᠬᠢᠲᠡᠢ ᠪᠠᠷ ᠵᠣᠯᠭᠠᠭᠤᠯᠵᠤ ᠂ ︽ ᠬᠦᠰᠡᠯᠡᠩ ᠤᠨ ᠦᠷᠦᠭᠡ ︾  ᠶᠢ ᠦᠨᠡᠨᠬᠦ ᠰᠠᠶᠢᠲᠤᠷ ᠪᠠᠶᠢᠭᠤᠯᠵᠤ ᠂ ᠰᠠᠶᠢᠲᠤᠷ ᠬᠡᠷᠡᠭᠯᠡᠵᠦ ᠂ ᠰᠠᠶᠢᠲᠤᠷ ᠬᠠᠮᠠᠭᠠᠯᠠᠵᠤ ᠂ ᠲᠤᠰᠠᠯᠠᠮᠵᠢ ᠬᠦᠷᠳᠡᠬᠦ ᠬᠡᠦᠬᠡᠳ ᠲᠤ ᠰᠠᠶᠢᠨ ᠰᠠᠶᠢᠬᠠᠨ ᠦᠰᠦᠨ ᠪᠣᠶᠢᠵᠢᠬᠤ ᠣᠷᠴᠢᠨ ᠲᠣᠭᠤᠷᠢᠨ ᠢ ᠪᠤᠢ ᠪᠣᠯᠭᠠᠵᠤ ᠥᠭᠬᠦ ᠬᠡᠷᠡᠭᠲᠡᠢ ᠭᠡᠪᠡ᠃
2.jpg
   ᠰᠢᠶᠠᠨ ᠤ ᠵᠠᠯᠠᠭᠤᠴᠤᠳ ᠪᠠᠭᠠᠴᠤᠳ ᠤᠨ ᠠᠵᠢᠯᠯᠠᠭ᠎ᠠ ᠶᠢᠨ ᠲᠥᠪ ᠲᠤ ᠂ ᠴᠠᠩ ᠳ᠋ᠠ ᠸᠧᠢ ᠠᠵᠢᠯᠯᠠᠭ᠎ᠠ ᠶᠢᠨ ᠲᠥᠪ ᠤᠨ ᠣᠷᠴᠢᠨ ᠲᠣᠭᠤᠷᠢᠨ ᠤ ᠡᠭᠦᠳᠦᠯᠲᠡ ᠶᠢ ᠨᠠᠷᠢᠨ ᠪᠠᠶᠢᠴᠠᠭᠠᠨ ᠦᠵᠡᠵᠦ ᠂ ᠠᠵᠢᠯᠯᠠᠭ᠎ᠠ ᠶᠢᠨ ᠲᠥᠪ ᠤᠨ ᠡᠯ᠎ᠡ ᠴᠢᠳᠠᠪᠬᠢ ᠶᠢᠨ ᠲᠠᠰᠤᠭ ᠤᠨ ᠬᠡᠷᠡᠭᠯᠡᠯᠲᠡ ᠵᠢᠴᠢ ᠠᠵᠢᠯᠯᠠᠭ᠎ᠠ ᠶᠢᠨ ᠲᠥᠪ ᠤᠨ ᠠᠵᠢᠯᠯᠠᠭ᠎ᠠ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠠᠰᠠᠭᠤᠨ ᠯᠠᠪᠯᠠᠪᠠ ᠃ ᠴᠠᠩ ᠳ᠋ᠠ ᠸᠧᠢ ᠴᠢᠬᠤᠯᠠᠴᠢᠯᠠᠬᠤ ᠳᠠᠭᠠᠨ᠂ ᠵᠠᠯᠠᠭᠤᠴᠤᠳ ᠪᠠᠭᠠᠴᠤᠳ ᠤᠨ ᠬᠥᠳᠡᠯᠭᠡᠭᠡᠨ ᠤ ᠲᠥᠪ ᠪᠣᠯ ᠮᠠᠨ ᠤ ᠰᠢᠶᠠᠨ ᠤ ᠪᠦᠬᠦ ᠰᠢᠶᠠᠨ ᠤ ᠵᠠᠯᠠᠭᠤᠴᠤᠳ ᠪᠠᠭᠠᠴᠤᠳ ᠰᠤᠷᠤᠭᠴᠢᠳ ᠲᠤ ᠬᠠᠨᠳᠤᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠢ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠰᠤᠷᠭᠠᠨ ᠬᠥᠮᠦᠵᠢᠯ ᠤᠨ ᠲᠠᠯᠠᠪᠤᠷ ᠪᠣᠯᠣᠨ᠎ᠠ᠂ ᠬᠡᠪ ᠴᠢᠨᠠᠷ ᠤᠨ ᠰᠤᠷᠭᠠᠨ ᠬᠥᠮᠦᠵᠢᠯ ᠢᠶᠠᠷ ᠬᠠᠷᠠᠯᠲᠠ ᠪᠣᠯᠭᠠᠵᠤ᠂ ᠣᠳᠣ ᠪᠠᠶᠢᠭ᠎ᠠ ᠠᠵᠢᠯᠯᠠᠭᠠᠨ ᠤ ᠲᠠᠯᠠᠪᠠᠶ ᠪᠠᠨ ᠭᠦᠢᠴᠡᠳ ᠠᠰᠢᠭᠯᠠᠵᠤ᠂ ᠴᠢᠳᠠᠪᠬᠢ ᠶᠢᠨ ᠲᠠᠰᠤᠭ ᠤᠨ ᠲᠥᠬᠦᠭᠡᠷᠦᠮᠵᠢ ᠪᠠᠭᠠᠵᠢ ᠬᠡᠷᠡᠭᠰᠡᠯ ᠢ ᠠᠯᠬᠤᠮ ᠠᠯᠬᠤᠮ ᠢᠶᠠᠷ ᠳᠡᠰ ᠳᠡᠪᠰᠢᠭᠦᠯᠦᠨ ᠥᠭᠡᠷᠡᠴᠢᠯᠡᠵᠦ᠂ ᠵᠠᠯᠠᠭᠤᠴᠤᠳ ᠪᠠᠭᠠᠴᠤᠳ ᠤᠨ ᠬᠥᠳᠡᠯᠭᠡᠭᠡᠨ ᠤ ᠲᠥᠪ ᠤᠨ ᠴᠢᠬᠤᠯᠠ ᠦᠢᠯᠡᠳᠦᠯ ᠢ ᠪᠦᠲᠦᠮᠵᠢᠲᠡᠶ ᠪᠠᠳᠠᠷᠠᠭᠤᠯᠵᠤ᠂ ᠵᠠᠯᠠᠭᠤᠴᠤᠳ ᠪᠠᠭᠠᠴᠤᠳ ᠤᠨ ᠶᠡᠷᠦᠩᠬᠡᠶᠢᠯᠡᠭᠰᠡᠨ ᠦᠢᠯᠡᠳᠦᠯᠭᠡ ᠶᠢᠨ ᠠᠵᠢᠯᠯᠠᠭ᠎ᠠ ᠶᠢ ᠥᠷᠭᠡᠨ ᠳᠡᠯᠭᠡᠷᠡᠩᠭᠦᠢ ᠪᠠᠷ ᠥᠷᠨᠢᠭᠦᠯᠵᠦ ᠂ ᠰᠤᠷᠤᠭᠴᠢᠳ ᠤᠨ ᠣᠨᠴᠠ ᠴᠢᠳᠠᠪᠤᠷᠢ ᠶᠢ ᠬᠥᠭᠵᠢᠭᠦᠯᠬᠦ ᠳᠤ ᠳᠡᠯᠭᠡᠨ ᠦᠵᠡᠭᠦᠯᠬᠦ ᠲᠠᠪᠴᠠᠩ ᠬᠠᠩᠭᠠᠵᠤ ᠂ ᠰᠤᠷᠭᠠᠭᠤᠯᠢ ᠶᠢᠨ ᠰᠤᠷᠭᠠᠨ ᠬᠥᠮᠦᠵᠢᠯ ᠳᠤ ᠠᠰᠢᠭᠲᠠᠢ ᠨᠥᠬᠦᠪᠦᠷᠢ ᠬᠠᠩᠭᠠᠵᠤ ᠂ ᠰᠤᠷᠭᠠᠭᠤᠯᠢ ᠶᠢᠨ ᠳᠣᠲᠣᠨ᠎ᠠ ᠭᠠᠳᠠᠨᠠᠬᠢ ᠰᠤᠷᠭᠠᠨ ᠬᠥᠮᠦᠵᠢᠯ ᠢ ᠪᠦᠲᠦᠮᠵᠢᠲᠡᠶ ᠪᠠᠷ ᠵᠣᠯᠭᠠᠭᠤᠯᠬᠤ ᠶᠢ ᠠᠬᠢᠭᠤᠯᠵᠤ ᠂ ᠵᠠᠯᠠᠭᠤᠴᠤᠳ ᠪᠠᠭᠠᠴᠤᠳ ᠤᠨ ᠠᠵᠢᠯᠯᠠᠭ᠎ᠠ ᠳᠤ ᠳᠥᠭᠦᠮ ᠳᠥᠲᠡ᠂ ᠲᠠᠭᠠᠯᠠᠮᠵᠢᠲᠠᠢ ᠠᠵᠢᠯᠯᠠᠭᠠᠨ ᠤ ᠣᠷᠴᠢᠨ ᠨᠥᠬᠦᠴᠡᠯ ᠢ ᠬᠠᠩᠭᠠᠵᠤ ᠂ ᠵᠠᠯᠠᠭᠤᠴᠤᠳ ᠪᠠᠭᠠᠴᠤᠳ ᠤᠨ ᠪᠦᠬᠦ ᠲᠠᠯ᠎ᠠ ᠪᠠᠷ ᠬᠥᠭᠵᠢᠭᠰᠡᠨ ᠦᠰᠦᠨ ᠪᠣᠶᠢᠵᠢᠬᠤ ᠲᠠᠪᠴᠠᠩ ᠢ ᠴᠢᠷᠮᠠᠶᠢᠨ ᠪᠤᠢ ᠪᠣᠯᠭᠠᠬᠤ ᠬᠡᠷᠡᠭᠲᠡᠢ᠃
3.jpg
   ᠵᠠᠯᠠᠭᠤᠴᠤᠳ ᠪᠠᠭᠠᠴᠤᠳ ᠤᠨ ᠠᠵᠢᠯᠯᠠᠭᠠᠨ ᠤ ᠰᠠᠭᠤᠷᠢᠨ ᠭᠠᠵᠠᠷ ᠢ ᠤᠯᠠᠮ ᠨᠢᠭᠡ ᠠᠯᠬᠤᠮ ᠰᠠᠶᠢᠲᠤᠷ ᠪᠠᠶᠢᠭᠤᠯᠬᠤ ᠲᠤᠬᠠᠢ ᠴᠠᠩ ᠳ᠋ᠠ ᠸᠧᠢ ᠱᠠᠭᠠᠷᠳᠠᠭᠰᠠᠨ ᠨᠢ᠂ ᠲᠡᠷᠢᠭᠦᠨ ᠤ ᠬᠠᠮᠢᠶᠠᠷᠤᠯᠲᠠ ᠶᠢᠨ ᠣᠶᠢᠯᠠᠭᠠᠭᠳᠠᠬᠤᠨ᠂ ᠡᠵᠡᠩᠨᠡᠯᠲᠡ ᠶᠢᠨ ᠣᠶᠢᠯᠠᠭᠠᠭᠳᠠᠬᠤᠨ᠂ ᠦᠢᠯᠡᠴᠢᠯᠡᠭᠡᠨ ᠤ ᠣᠶᠢᠯᠠᠭᠠᠭᠳᠠᠬᠤᠨ ᠢ ᠪᠤᠶ ᠪᠣᠯᠭᠠᠵᠤ᠂ ᠡᠯ᠎ᠡ ᠵᠦᠢᠯ ᠤᠨ ᠳᠦᠷᠢᠮ ᠲᠣᠭᠲᠠᠭᠠᠯ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠳᠠᠪᠠᠭᠤᠯᠢᠭ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠂ ᠨᠡᠭᠡᠭᠡᠯᠲᠡᠲᠤ ᠰᠡᠳᠬᠢᠬᠦᠢ ᠶᠢ ᠪᠣᠶ ᠪᠣᠯᠭᠠᠵᠤ᠂ ᠨᠢᠭᠡ ᠭᠠᠵᠠᠷ ᠲᠤ ᠣᠯᠠᠨ ᠲᠠᠯ᠎ᠠ ᠪᠠᠷ ᠬᠡᠷᠡᠭᠯᠡᠵᠦ᠂ ᠨᠠᠩ ᠣᠯᠠᠨ ᠬᠥᠮᠥᠨ ᠢ ᠠᠵᠢᠯᠯᠠᠭ᠎ᠠ ᠳᠤ ᠣᠷᠣᠯᠴᠠᠭᠤᠯᠵᠤ᠂ ᠵᠠᠯᠠᠭᠤᠴᠤᠳ ᠪᠠᠭᠠᠴᠤᠳ ᠤᠨ ᠵᠢᠭᠰᠠᠭᠠᠯ ᠤᠨ ᠭᠠᠵᠠᠷ ᠢ ᠦᠨᠡᠨ ᠬᠦ ︽ᠬᠡᠷᠡᠭᠯᠡᠵᠦ︾᠂ ︽ᠠᠮᠢᠳᠤᠯᠢᠭ︾᠂ ︽ ᠬᠠᠷᠠᠭᠤᠯᠵᠤ︾᠂ ᠵᠠᠯᠠᠭᠤᠴᠤᠳ ᠪᠠᠭᠠᠴᠤᠳ ᠤᠨ ᠠᠮᠢᠳᠤᠷᠠᠯ ᠢ ᠤᠯᠠᠮ ᠨᠢᠭᠡ ᠠᠯᠬᠤᠮ ᠪᠠᠶᠠᠯᠢᠭᠵᠢᠭᠤᠯᠵᠤ᠂ ᠣᠳᠣᠬᠠᠨ ᠳᠤ ᠨᠡᠶᠢᠳᠡᠮ ᠣᠷᠣᠰᠢᠵᠤ ᠪᠠᠶᠢᠭ᠎ᠠ ᠵᠠᠯᠠᠭᠤᠴᠤᠳ ᠪᠠᠭᠠᠴᠤᠳ ᠤᠨ ᠣᠷᠳᠣ ᠬᠤᠭᠤᠴᠠᠭ᠎ᠠ ᠪᠠᠷ ᠭᠠᠷ ᠤᠲᠠᠰᠤ ᠨᠠᠭᠠᠳᠬᠤ ᠮᠠᠭᠤ ᠳᠠᠳᠬᠠᠯ ᠢ ᠬᠦᠴᠦᠯᠡᠨ ᠬᠤᠪᠢᠷᠠᠭᠤᠯᠵᠤ᠂ ᠲᠡᠳᠡᠨ ᠢ ᠡᠷᠡᠭᠦᠯ ᠴᠢᠭᠢᠷᠠᠭ ᠳᠤᠷ᠎ᠠ ᠰᠣᠨᠢᠷᠬᠠᠯ᠂ ᠳᠤᠷ᠎ᠠ ᠪᠠᠬ᠎ᠠ ᠪᠠᠷ ᠳᠠᠮᠵᠢᠭᠤᠯᠤᠨ ᠬᠠᠮᠲᠤ ᠨᠡᠶᠢᠲᠡ᠂ ᠨᠡᠶᠢᠭᠡᠮ ᠳᠤ ᠢᠳᠡᠪᠬᠢᠲᠡᠢ ᠪᠠᠷ ᠠᠭᠤᠰᠤᠯᠴᠠᠭᠤᠯᠬᠤ ᠬᠡᠷᠡᠭᠲᠡᠢ᠃ ᠪᠠᠭᠰᠢ ᠶᠢᠨ ᠬᠦᠴᠦᠨ ᠢ ᠴᠢᠩᠭᠠᠳᠬᠠᠵᠤ ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ᠂ ᠬᠥᠮᠥᠨ ᠢ ᠬᠥᠮᠥᠵᠢᠭᠦᠯᠬᠦ ᠳᠡᠭᠡᠨ ᠰᠢᠮᠳᠠᠳᠠᠭ ᠂ ᠬᠡᠪ ᠰᠤᠷᠲᠠᠯ ᠰᠢᠯᠢᠳᠡᠭ ᠰᠠᠶᠢᠨ ᠥᠨᠳᠥᠷ ᠬᠡᠪ ᠪᠣᠯᠪᠠᠰᠤᠷᠠᠯ ᠲᠠᠢ ᠡᠩᠨᠡᠭᠡ ᠶᠢ ᠴᠢᠷᠮᠠᠶᠢᠨ ᠪᠠᠶᠢᠭᠤᠯᠬᠤ ᠬᠡᠷᠡᠭᠲᠡᠢ ᠃ ᠠᠵᠢᠯᠯᠠᠭ᠎ᠠ ᠶᠢᠨ ᠠᠭᠤᠯᠭ᠎ᠠ ᠶᠢ ᠦᠷᠭᠦᠯᠵᠢᠯᠡᠨ ᠪᠠᠶᠠᠯᠢᠭᠵᠢᠭᠤᠯᠵᠤ ᠂ ᠪᠠᠭᠰᠢ ᠶᠢᠨ ᠬᠦᠴᠦᠨ ᠢ ᠴᠢᠩᠭᠠᠳᠬᠠᠨ᠂ ᠫᠢᠩᠫᠠᠩ ᠪᠥᠮᠪᠦᠭᠡ ᠂ ᠤᠷᠠᠨ ᠪᠢᠴᠢᠯᠭᠡ ᠤᠷᠠᠨ ᠵᠢᠷᠤᠭ ᠵᠡᠷᠭᠡ ᠣᠷᠣᠨ ᠨᠤᠲᠤᠭ ᠤᠨ ᠡᠬᠢ ᠪᠠᠶᠠᠯᠢᠭ ᠪᠠ ᠣᠨᠴᠠᠯᠢᠭ ᠢ ᠭᠦᠢᠴᠡᠳ ᠠᠰᠢᠭᠯᠠᠵᠤ ᠂ ᠰᠤᠷᠤᠭᠴᠢᠳ ᠤᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠵᠤ ᠂ ᠡᠭᠦᠨ ᠤ ᠤᠯᠠᠮ ᠠᠴᠠ ᠮᠠᠨ ᠤ ᠰᠢᠶᠠᠨ ᠤ ᠵᠠᠯᠠᠭᠤᠴᠤᠳ ᠪᠠᠭᠠᠴᠤᠳ ᠤᠨ ᠳᠠᠭᠤᠤ ᠬᠥᠭᠵᠢᠮ ᠪᠡᠶ᠎ᠡ ᠲᠠᠮᠢᠷ ᠭᠤᠸ᠎ᠠ ᠰᠠᠶᠢᠬᠠᠨ ᠤ ᠬᠥᠮᠦᠵᠢᠯ ᠪᠠ ᠶᠡᠷᠦᠩᠬᠡᠢ ᠬᠡᠪ ᠴᠢᠨᠠᠷ ᠢ ᠳᠡᠭᠡᠭᠰᠢᠯᠡᠭᠦᠯᠬᠦ ᠳᠤ ᠰᠠᠶᠢᠲᠤᠷ ᠦᠢᠯᠡᠴᠢᠯᠡᠭᠦᠯᠬᠦ ᠬᠡᠷᠡᠭᠲᠡᠢ ᠃        ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ        ᠣᠷᠴᠢᠭᠤᠯᠤᠭᠴᠢ᠄ ᠣᠳᠣᠨᠭᠡᠷᠡᠯᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ 
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2