ᠰᠢᠨᠬᠤᠸᠠ ᠬᠤᠷᠢᠶᠠᠨ ᠤ ᠪᠡᠭᠡᠵᠢᠩ ᠤᠨ 3 ᠰᠠᠷ᠎ᠠ ᠶᠢᠨ 17 ᠤ ᠴᠠᠬᠢᠯᠭᠠᠨ ᠮᠡᠳᠡᠭᠡ ᠨᠠᠮ ᠤᠨ ᠲᠥᠪ ᠬᠤᠷᠢᠶᠠᠨ ᠤ | ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠬᠤᠷᠢᠶ᠎ᠠ 3 ᠰᠠᠷ᠎ᠠ ᠶᠢᠨ 17 ᠤ ᠡᠳᠦᠷ ᠬᠤᠷᠠᠯ ᠬᠤᠷᠠᠯᠳᠤᠭᠤᠯᠵᠤ᠂ | ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠢ ᠵᠠᠳᠠᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠢ ᠴᠢᠩᠭ᠎ᠠ ᠰᠠᠶᠢᠲᠤᠷ ᠠᠳᠬᠤᠬᠤ ᠲᠤᠬᠠᠶ ᠪᠠᠶᠢᠷᠢᠯᠠᠭᠤᠯᠪᠠ᠃ ᠨᠠᠮ ᠤᠨ ᠲᠥᠪ ᠬᠤᠷᠢᠶᠠᠨ ᠤ ᠶᠡᠷᠦᠩᠬᠡᠢ | ᠱᠦᠵᠢ ᠰᠢ ᠶᠢᠨ ᠫᠢᠩ ᠬᠤᠷᠠᠯ ᠢ ᠡᠷᠬᠢᠯᠡᠭᠰᠡᠨ ᠪᠥᠭᠡᠳ ᠴᠢᠬᠤᠯᠠ ᠶᠠᠷᠢᠶ᠎ᠠ ᠲᠠᠯᠪᠢᠪᠠ᠃ | ᠰᠢ ᠶᠢᠨ ᠫᠢᠩ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠤᠭᠰᠠᠨ ᠠᠴᠠ ᠨᠠᠭᠠᠰᠢ᠂ ᠪᠢᠳᠡ ︽ | ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠵᠦ᠂ ᠳᠣᠲᠣᠭᠠᠳᠤ ᠳᠠᠭᠠᠨ ᠲᠠᠬᠢᠨ ᠲᠠᠷᠬᠠᠨ ᠳᠡᠯᠭᠡᠷᠡᠬᠦ ᠶᠢ | ᠰᠡᠷᠭᠡᠶᠢᠯᠡᠬᠦ︾ ᠶᠢ ᠪᠠᠷᠢᠮᠲᠠᠯᠠᠵᠤ᠂ ᠭᠠᠵᠠᠷ ᠣᠷᠣᠨ ᠬᠤᠪᠢᠶᠠᠨ ᠲᠡᠰ ᠬᠤᠪᠢᠶᠠᠨ ᠣᠨᠣᠴᠠᠲᠠᠢ ᠪᠠᠷ ᠰᠡᠷᠭᠡᠶᠢᠯᠡᠨ ᠡᠵᠡᠮᠳᠡᠬᠦ | ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠬᠡᠰᠡᠭ ᠭᠠᠵᠠᠷ ᠣᠷᠣᠨ ᠤ ᠴᠤᠭᠯᠠᠷᠠᠯ ᠤᠨ ᠴᠢᠨᠠᠷᠲᠠᠢ ᠬᠢᠵᠢᠭ ᠤᠨ | ᠪᠠᠶᠢᠳᠠᠯ ᠢ ᠲᠦᠷᠭᠡᠨ ᠪᠦᠲᠦᠮᠵᠢᠲᠡᠢ ᠰᠢᠢᠳᠪᠦᠷᠢᠯᠡᠵᠦ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠣᠯᠤᠨ ᠪᠡᠶ᠎ᠡ | ᠮᠠᠬᠠᠪᠣᠳ ᠤᠨ ᠡᠷᠡᠭᠦᠯ ᠮᠡᠨᠳᠦ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠮᠠᠭᠠᠯᠠᠵᠤ᠂ ᠮᠠᠨ ᠤ ᠤᠯᠤᠰ ᠤᠨ ᠠᠵᠤ ᠠᠬᠤᠢ ᠶᠢᠨ | ᠬᠥᠭᠵᠢᠯᠲᠡ ᠪᠣᠯᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠠᠯ᠎ᠠ ᠪᠠᠷ ᠪᠦᠬᠦ ᠪᠥᠮᠪᠥᠷᠴᠡᠭ ᠤᠨ ᠲᠡᠷᠢᠭᠦᠨ ᠤ ᠪᠠᠶᠢᠷᠢ | ᠰᠠᠭᠤᠷᠢ ᠪᠠᠨ ᠪᠠᠲᠤᠯᠠᠵᠤ᠂ ᠮᠠᠨ ᠤ ᠤᠯᠤᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠲᠤ ᠴᠢᠩᠭ᠎ᠠ ᠪᠣᠳᠠᠲᠤ | ᠬᠦᠴᠦᠨ ᠪᠣᠯᠤᠨ ᠬᠦᠴᠦᠷᠬᠡᠭ ᠶᠡᠭᠡ ᠴᠢᠳᠠᠪᠤᠷᠢ ᠶᠢ ᠭᠦᠢᠴᠡᠳ ᠢᠯᠡᠷᠡᠭᠦᠯᠵᠦ᠂ ᠳᠤᠮᠳᠠᠳᠤ ᠤᠯᠤᠰ ᠤᠨ ᠡᠪ ᠬᠠᠮᠲᠤ | ᠨᠠᠮ ᠤᠨ ᠤᠳᠤᠷᠢᠳᠤᠯᠭ᠎ᠠ ᠪᠣᠯᠤᠨ ᠮᠠᠨ ᠤ ᠤᠯᠤᠰ ᠤᠨ ᠨᠡᠶᠢᠭᠡᠮ ᠵᠢᠷᠤᠮ ᠤᠨ ᠪᠠᠶᠢᠭᠤᠯᠤᠯ ᠤᠨ ᠢᠯᠡᠳᠲᠡ ᠳᠠᠪᠠᠭᠤᠯᠢᠭ ᠢ | ᠭᠦᠢᠴᠡᠳ ᠢᠯᠡᠷᠡᠭᠦᠯᠪᠡ ᠭᠡᠵᠤ ᠵᠢᠭᠠᠵᠤ ᠭᠠᠷᠭᠠᠵᠠᠢ᠃ | ᠰᠢ ᠶᠢᠨ ᠫᠢᠩ᠂ ᠪᠠᠷᠢᠮᠲᠠᠯᠠᠯ ᠪᠣᠯ ᠢᠯᠠᠯᠲᠠ ᠮᠥᠨ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠲᠠᠯ᠎ᠠ ᠶᠢᠨ | ᠬᠢᠨ ᠣᠳᠣᠬᠠᠨ ᠤ ᠤᠯᠤᠰ ᠤᠨ ᠳᠣᠲᠣᠭᠠᠳᠤ ᠭᠠᠳᠠᠭᠠᠳᠤ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢᠨ | ᠪᠤᠳᠤᠯᠢᠶᠠᠨᠲᠤ ᠴᠢᠨᠠᠷ᠂ ᠪᠡᠷᠬᠡ ᠬᠠᠲᠠᠭᠤᠵᠢᠯᠲᠤ ᠴᠢᠨᠠᠷ᠂ ᠳᠠᠬᠢᠨ ᠳᠠᠪᠲᠠᠬᠤ ᠴᠢᠨᠠᠷ ᠢ ᠭᠦᠨᠵᠡᠭᠡᠶ ᠲᠠᠨᠢᠵᠤ᠂ ᠤᠯᠠᠮ | ᠴᠢᠨᠠᠭᠰᠢᠳᠠ ᠳᠠᠶᠢᠴᠢᠯᠠᠯᠳᠠ ᠬᠢᠵᠤ᠂ ᠦᠵᠡᠯ ᠰᠠᠨᠠᠭ᠎ᠠ ᠪᠠᠨ ᠨᠢᠭᠡᠳᠭᠡᠵᠦ᠂ ᠢᠲᠡᠭᠡᠯ ᠵᠣᠷᠢᠭ ᠢᠶᠠᠨ ᠪᠠᠲᠤᠳᠬᠠᠵᠤ᠂ | ᠴᠦᠬᠦᠷᠡᠰᠢ ᠦᠭᠡᠢ ᠴᠢᠷᠮᠠᠶᠢᠵᠤ᠂ ᠡᠯ᠎ᠡ ᠵᠦᠶᠯ ᠤᠨ ᠬᠢᠵᠢᠭ ᠢ ᠰᠡᠷᠭᠡᠶᠢᠯᠡᠬᠦ ᠠᠵᠢᠯ ᠢ ᠨᠠᠷᠢᠯᠢᠭ ᠠᠳᠬᠤᠵᠤ ᠪᠣᠳᠠᠲᠠᠶ | ᠠᠳᠬᠤᠬᠤ ᠬᠡᠷᠡᠭᠲᠡᠶ᠃ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠢᠮᠠᠭᠲᠠ ᠪᠠᠷᠢᠮᠲᠠᠯᠠᠵᠤ᠂ | ᠰᠢᠨᠵᠢᠯᠡᠬᠦ ᠤᠬᠠᠭᠠᠨᠴᠢ ᠣᠨᠣᠴᠠᠲᠠᠢ ᠪᠠᠶᠢᠬᠤ᠂ ᠡᠪᠡᠳᠴᠢᠨ ᠤ ᠵᠢᠱᠢᠶ᠎ᠠ ᠶᠢ ᠳᠠᠷᠤᠢ ᠲᠦᠷᠭᠡᠨ ᠦᠭᠡᠢ ᠪᠤᠯᠭᠠᠬᠤ ᠶᠢ | ᠪᠠᠷᠢᠮᠳᠠᠯᠠᠵᠤ᠂ ᠬᠢᠵᠢᠭ ᠤᠨ ᠪᠠᠶᠢᠳᠠᠯ ᠤᠨ ᠲᠠᠷᠬᠠᠨ ᠳᠡᠯᠭᠡᠷᠡᠬᠦ ᠬᠠᠨᠳᠤᠰᠢ ᠶᠢ ᠳᠠᠷᠤᠶᠢᠬᠠᠨ ᠬᠤᠷᠢᠭᠯᠠᠬᠤ ᠬᠡᠷᠡᠭᠲᠡᠢ᠃ | ᠰᠢᠨᠵᠢᠯᠡᠬᠦ ᠤᠬᠠᠭᠠᠨᠴᠢ ᠣᠨᠣᠴᠠᠲᠠᠢ ᠪᠠᠷ ᠰᠡᠷᠭᠡᠶᠢᠯᠡᠨ ᠡᠵᠡᠮᠳᠡᠬᠦ ᠲᠦᠪᠰᠢᠨ ᠢ ᠳᠡᠭᠡᠭᠰᠢᠯᠡᠭᠦᠯᠵᠦ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠲᠠᠰᠤᠷᠠᠯᠳᠠ ᠦᠭᠡᠢ ᠰᠢᠯᠢᠳᠡᠭᠵᠢᠭᠦᠯᠦᠨ᠂ ᠸᠠᠺᠼᠢᠨ᠂ ᠲᠦᠷᠭᠡᠨ ᠪᠠᠶᠢᠴᠠᠭᠠᠬᠤ | ᠤᠷᠪᠠᠯᠵᠢ ᠪᠣᠯᠤᠨ ᠡᠮ ᠤᠨ ᠵᠦᠢᠯ ᠢ ᠰᠤᠳᠤᠯᠤᠨ ᠨᠡᠭᠡᠭᠡᠬᠦ ᠵᠡᠷᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠭᠤᠮᠲᠠ | ᠰᠢᠪᠳᠤᠯᠬᠤ ᠶᠢ ᠴᠢᠩᠭᠠᠳᠬᠠᠵᠤ᠂ ᠰᠡᠷᠭᠡᠶᠢᠯᠡᠨ ᠡᠵᠡᠮᠳᠡᠬᠦ ᠠᠵᠢᠯ ᠢ ᠨᠡᠩ ᠬᠠᠨᠳᠤᠯᠭᠠᠳᠤ ᠴᠢᠨᠠᠷᠲᠠᠢ ᠪᠣᠯᠭᠠᠬᠤ ᠬᠡᠷᠡᠭᠲᠡᠢ᠃ | ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠶᠢ | ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠰᠠᠶᠢᠲᠤᠷ | ᠨᠢᠭᠡᠳᠦᠯᠲᠡᠶ ᠲᠥᠯᠥᠪᠵᠢᠭᠦᠯᠵᠦ᠂ ᠨᠠᠩ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠬᠠᠮᠤᠭ ᠤᠨ ᠪᠠᠭ᠎ᠠ ᠦᠨ᠎ᠡ ᠥᠷᠲᠡᠭ ᠢᠶᠠᠷ | ᠬᠠᠮᠤᠭ ᠤᠨ ᠶᠡᠭᠡ ᠰᠡᠷᠭᠡᠶᠢᠯᠡᠨ ᠡᠵᠡᠮᠳᠡᠬᠦ ᠦᠷ᠎ᠡ ᠪᠦᠲᠦᠮᠵᠢ ᠶᠢ ᠴᠢᠷᠮᠠᠶᠢᠨ ᠪᠡᠶᠡᠯᠡᠭᠦᠯᠵᠦ᠂ ᠬᠢᠵᠢᠭ ᠤᠨ ᠪᠠᠶᠢᠳᠠᠯ ᠠᠴᠠ | ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠵᠡᠭᠦᠯᠬᠦ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ | ᠬᠡᠷᠡᠭᠲᠡᠶ ᠭᠡᠵᠤ ᠴᠢᠬᠤᠯᠠᠴᠢᠯᠠᠵᠠᠢ᠃ | ᠬᠤᠷᠠᠯ ᠠᠴᠠ᠂ ᠣᠶᠢᠷ᠎ᠠ ᠶᠢᠨ ᠬᠤᠭᠤᠴᠠᠭᠠᠨ ᠳᠤ ᠪᠥᠬᠦ ᠤᠯᠤᠰ ᠤᠨ ᠲᠤᠬᠠᠢ ᠶᠢᠨ ᠭᠠᠵᠠᠷ ᠤᠨ ᠴᠤᠭᠯᠠᠷᠠᠯ ᠤᠨ ᠴᠢᠨᠠᠷᠲᠠᠶ | ᠬᠢᠵᠢᠭ ᠤᠨ ᠪᠠᠶᠢᠳᠠᠯ ᠳᠤ ᠴᠡᠭ ᠣᠯᠠᠨ᠂ ᠬᠡᠪᠴᠢᠶ᠎ᠡ ᠥᠷᠭᠡᠨ᠂ ᠪᠠᠶᠢᠨ ᠳᠠᠬᠢᠨ ᠡᠭᠦᠰᠬᠦ ᠣᠨᠴᠠᠯᠢᠭ ᠢᠯᠡᠷᠡᠪᠡ᠃ ᠬᠠᠷᠢᠶ᠎ᠠ | ᠭᠠᠵᠠᠷ᠂ ᠰᠠᠯᠠᠭ᠎ᠠ ᠮᠥᠴᠢᠷ᠂ ᠨᠢᠭᠡᠴᠢ᠂ ᠬᠤᠪᠢ ᠬᠥᠮᠦᠨ ᠤ ᠳᠥᠷᠪᠡᠨ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ | ᠂ ᠡᠷᠲᠡ ᠢᠯᠡᠷᠡᠭᠦᠯᠬᠦ᠂ ᠡᠷᠲᠡ ᠮᠡᠳᠡᠭᠦᠯᠬᠦ᠂ ᠡᠷᠲᠡ ᠲᠤᠰᠠᠭᠠᠷᠯᠠᠬᠤ᠂ ᠡᠷᠲᠡ ᠡᠮᠨᠡᠨ ᠵᠠᠰᠠᠬᠤ ᠱᠠᠭᠠᠷᠳᠠᠯᠭ᠎ᠠ ᠶᠢ | ᠨᠠᠶᠢᠳᠠᠪᠤᠷᠢᠵᠢᠭᠤᠯᠵᠤ᠂ ᠰᠡᠷᠭᠡᠶᠢᠯᠡᠨ ᠡᠵᠡᠮᠳᠡᠬᠦ ᠠᠵᠢᠯ ᠢ ᠴᠢᠩᠭ᠎ᠠ ᠪᠣᠳᠠᠲᠠᠶ ᠥᠷᠨᠢᠭᠦᠯᠵᠦ᠂ ᠬᠢᠵᠢᠭ ᠤᠨ ᠪᠠᠶᠢᠳᠠᠯ ᠤᠨ | ᠭᠤᠤᠯᠳᠠᠯᠭ᠎ᠠ ᠲᠠᠢ ᠭᠠᠵᠠᠷ ᠣᠷᠣᠨ ᠤ ᠰᠡᠷᠭᠡᠶᠢᠯᠡᠨ ᠡᠵᠡᠮᠳᠡᠬᠦ ᠶᠢ ᠵᠢᠯᠤᠭᠤᠳᠬᠤ ᠪᠠᠨ ᠴᠢᠩᠭᠠᠳᠬᠠᠵᠤ᠂ ᠬᠡᠰᠡᠭ ᠲᠠᠯ᠎ᠠ ᠶᠢᠨ | ᠴᠤᠭᠯᠠᠷᠠᠯ ᠤᠨ ᠴᠢᠨᠠᠷᠲᠠᠶ ᠬᠢᠵᠢᠭ ᠤᠨ ᠪᠠᠶᠢᠳᠠᠯ ᠢ ᠲᠦᠷᠭᠡᠨ ᠡᠵᠡᠮᠳᠡᠬᠦ ᠬᠡᠷᠡᠭᠲᠡᠶ ᠭᠡᠵᠦ ᠵᠢᠭᠠᠵᠤ ᠭᠠᠷᠭᠠᠵᠠᠢ᠃ | ᠬᠤᠷᠠᠯ ᠠᠴᠠ᠂ ᠤᠯᠠᠨ ᠲᠦᠮᠡᠨ ᠤ ᠬᠡᠪ ᠤᠨ ᠦᠢᠯᠡᠳᠪᠦᠷᠢᠯᠡᠯ ᠠᠮᠢᠳᠤᠷᠠᠯ ᠤᠨ ᠲᠣᠭᠲᠠᠭᠤᠨ ᠡᠮᠬᠢ ᠳᠢᠭᠯᠢᠮ ᠲᠠᠢ | ᠪᠠᠶᠢᠬᠤ ᠶᠢ ᠪᠠᠲᠤᠯᠠᠵᠤ᠂ ᠠᠮᠢᠳᠤᠷᠠᠯ ᠤᠨ ᠴᠢᠬᠤᠯᠠ ᠬᠡᠷᠡᠭᠯᠡᠭᠡᠨ ᠤ ᠪᠤᠳᠠᠰ ᠤᠨ ᠦᠢᠯᠡᠳᠪᠦᠷᠢᠯᠡᠯ ᠬᠠᠩᠭᠠᠯᠭ᠎ᠠ ᠶᠢ ᠰᠠᠶᠢᠲᠤᠷ | ᠪᠠᠳᠤᠯᠠᠵᠤ᠂ ᠤᠯᠠᠨ ᠲᠦᠮᠡᠨ ᠤ ᠡᠪᠡᠳᠴᠢᠨ ᠦᠵᠡᠭᠦᠯᠬᠦ ᠬᠡᠷᠡᠭᠴᠡᠭᠡ ᠶᠢ ᠰᠠᠶᠢᠲᠤᠷ ᠪᠠᠲᠤᠯᠠᠬᠤ ᠬᠡᠷᠡᠭᠲᠡᠢ᠃ ᠡᠪᠡᠳᠴᠢᠨ | ᠡᠮᠭᠡᠭ ᠢ ᠰᠡᠷᠭᠡᠶᠢᠯᠡᠨ ᠡᠵᠡᠮᠳᠡᠬᠦ ᠰᠢᠰᠲ᠋ᠧᠮ ᠤᠨ ᠥᠭᠡᠷᠡᠴᠢᠯᠡᠯᠲᠡ ᠶᠢ ᠲᠦᠷᠭᠡᠳᠭᠡᠵᠦ᠂ ᠭᠤᠣᠯᠳᠠᠯᠭ᠎ᠠ ᠲᠠᠢ ᠬᠥᠮᠦᠰ ᠢ ᠬᠢᠨᠠᠨ | ᠬᠡᠮᠵᠢᠬᠦ ᠪᠦᠷᠬᠦᠴᠡ ᠶᠢ ᠥᠷᠭᠡᠳᠭᠡᠵᠦ᠂ ᠤᠯᠠᠨ ᠠᠷᠭ᠎ᠠ ᠵᠠᠮ ᠢᠶᠠᠷ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ | ᠲᠣᠭᠲᠠᠴᠠ ᠶᠢ ᠲᠡᠭᠦᠯᠳᠡᠷᠵᠢᠭᠦᠯᠵᠦ᠂ ᠬᠢᠵᠢᠭ ᠤᠨ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠪᠠᠴᠢᠮ | ᠪᠠᠶᠢᠳᠠᠯ ᠢ ᠠᠷᠭᠠᠴᠠᠭᠠᠬᠤ ᠴᠢᠳᠠᠪᠤᠷᠢ ᠪᠠᠨ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠪᠣᠭᠤᠮᠲᠠ ᠶᠢᠨ ᠭᠠᠵᠠᠷ | ᠣᠷᠣᠨ ᠤ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠪᠣᠭᠤᠮᠲᠠ ᠶᠢᠨ ᠰᠡᠷᠭᠡᠶᠢᠯᠡᠨ ᠡᠵᠡᠮᠳᠡᠬᠦ | ᠬᠦᠴᠦᠨ ᠢ ᠲᠡᠭᠦᠯᠳᠡᠷᠵᠢᠭᠦᠯᠦᠨ᠂ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠲᠣᠭᠲᠠᠴᠠ ᠶᠢ ᠪᠦᠷᠢᠨᠰᠢᠬᠦᠯᠵᠤ᠂ | ᠳᠤᠲᠠᠭᠤᠳᠠᠯ ᠪᠠᠭᠤᠷᠠᠶ ᠲᠠᠯ᠎ᠠ ᠪᠠᠨ ᠨᠥᠬᠦᠪᠥᠷᠢᠯᠡᠨ᠂ ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ | ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠬᠡᠷᠡᠭᠲᠡᠶ᠃ ᠰᠤᠷᠭᠠᠭᠤᠯᠢ ᠵᠡᠷᠭᠡ ᠭᠤᠤᠯᠳᠠᠯᠭ᠎ᠠ ᠲᠠᠢ ᠲᠠᠯᠠᠪᠤᠷ | ᠭᠠᠵᠠᠷ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠭᠤᠤᠯ ᠴᠣᠭᠴᠠ ᠶᠢᠨ ᠬᠠᠷᠢᠭᠤᠴᠠᠯᠭ᠎ᠠ ᠶᠢ | ᠪᠣᠳᠠᠲᠠᠶᠢᠵᠢᠭᠤᠯᠤᠨ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠣᠯᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠭᠡᠯ | ᠲᠥᠰᠦᠯ ᠢ ᠪᠣᠳᠠᠲᠠᠶ ᠨᠠᠷᠢᠯᠢᠭ ᠬᠢᠬᠦ ᠬᠡᠷᠡᠭᠲᠡᠶ᠃ ᠥᠷᠭᠡᠨ ᠣᠯᠠᠨ ᠺᠠᠳ᠋ᠷ ᠣᠯᠠᠨ ᠲᠦᠮᠡᠨ ᠢ ᠬᠥᠮᠦᠵᠢᠭᠦᠯᠦᠨ ᠬᠥᠲᠥᠯᠥᠨ | ᠵᠢᠯᠣᠭᠤᠳᠴᠤ ᠪᠠᠶᠢᠭᠠᠳ ᠬᠢᠵᠢᠭ ᠢ ᠰᠡᠷᠭᠡᠶᠢᠯᠡᠬᠦ ᠠᠵᠢᠯ ᠤᠨ ᠴᠢᠬᠤᠯᠠ ᠴᠢᠨᠠᠷ ᠢ ᠭᠦᠶᠴᠡᠳ ᠲᠠᠨᠢᠭᠤᠯᠵᠤ᠂ ᠬᠢᠵᠢᠭ ᠢ | ᠰᠡᠷᠭᠡᠶᠢᠯᠡᠬᠦ ᠮᠡᠳᠡᠯᠭᠡ ᠶᠢ ᠡᠵᠡᠮᠰᠢᠭᠦᠯᠵᠦ᠂ ᠬᠢᠵᠢᠭ ᠢ ᠰᠡᠷᠭᠡᠶᠢᠯᠡᠬᠦ ᠱᠠᠭᠠᠷᠳᠠᠯᠭ᠎ᠠ ᠶᠢ ᠤᠬᠠᠮᠰᠠᠷ ᠠᠴᠠ ᠨᠢ ᠵᠢᠷᠤᠮᠯᠠᠨ | ᠰᠠᠬᠢᠭᠤᠯᠵᠤ᠂ ᠥᠪᠡᠷ ᠤᠨ ᠪᠡᠶ᠎ᠡ ᠶᠢᠨ ᠬᠠᠮᠠᠭᠠᠯᠠᠯᠲᠠ ᠪᠠᠨ ᠴᠢᠩᠭᠠᠳᠬᠠᠵᠤ᠂ ᠨᠠᠮ ᠪᠠ ᠵᠠᠰᠠᠭ ᠤᠨ ᠣᠷᠳᠣᠨ ᠳᠤ | ᠬᠠᠮᠵᠢᠯᠴᠠᠨ ᠠᠵᠢᠯ ᠢᠶᠠᠨ ᠰᠠᠶᠢᠲᠤᠷ ᠬᠢᠬᠦ ᠬᠡᠷᠡᠭᠲᠡᠶ᠃ ᠸᠠᠺᠼᠢᠨ ᠤ ᠲᠠᠷᠢᠯᠭ᠎ᠠ ᠬᠢᠬᠦ ᠲᠤᠬᠠᠢ ᠰᠢᠨᠵᠢᠯᠡᠬᠦ ᠤᠬᠠᠭᠠᠨ ᠢ | ᠲᠦᠭᠡᠮᠡᠯᠵᠢᠭᠦᠯᠬᠦ ᠤᠬᠠᠭᠤᠯᠭ᠎ᠠ ᠶᠢ ᠴᠢᠩᠭᠠᠳᠬᠠᠵᠤ᠂ ᠡᠭᠡᠯᠢᠯᠡᠭᠡ ᠶᠢ ᠴᠢᠩᠭᠠᠳᠬᠠᠬᠤ ᠲᠠᠷᠢᠯᠭ᠎ᠠ ᠶᠢ ᠠᠬᠢᠭᠤᠯᠵᠤ᠂ | ᠲᠠᠷᠢᠯᠭ᠎ᠠ ᠶᠢᠨ ᠨᠣᠷᠮ᠎ᠠ ᠶᠢ ᠤᠯᠠᠮ ᠴᠢᠨᠠᠭᠰᠢᠳᠠ ᠳᠡᠭᠡᠭᠰᠢᠯᠡᠭᠦᠯᠵᠦ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ | ᠡᠵᠡᠮᠳᠡᠬᠦ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ ᠬᠡᠷᠡᠭᠲᠡᠶ᠃ ᠮᠡᠳᠡᠭᠡ ᠵᠠᠩᠭᠢ ᠨᠡᠶᠢᠲᠡᠯᠡᠬᠦ ᠪᠠ ᠤᠬᠠᠭᠤᠯᠵᠤ | ᠬᠥᠲᠥᠯᠥᠨ ᠵᠢᠯᠣᠭᠤᠳᠬᠤ ᠶᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠬᠢᠵᠦ᠂ ᠬᠢᠵᠢᠭ ᠤᠨ ᠪᠠᠶᠢᠳᠠᠯ ᠪᠣᠯᠤᠨ ᠰᠡᠷᠭᠡᠶᠢᠯᠡᠨ | ᠡᠵᠡᠮᠳᠡᠬᠦ ᠠᠵᠢᠯ ᠤᠨ ᠠᠬᠢᠴᠠ ᠶᠢ ᠴᠠᠭ ᠲᠤᠬᠠᠶ ᠳᠤᠨᠢ ᠨᠡᠶᠢᠭᠡᠮ ᠳᠤ ᠮᠡᠳᠡᠭᠳᠡᠵᠦ᠂ ᠨᠡᠶᠢᠭᠡᠮ ᠤᠨ ᠠᠩᠬᠠᠷᠤᠯ ᠲᠠᠯᠪᠢᠵᠤ | ᠪᠠᠶᠢᠭ᠎ᠠ ᠠᠰᠠᠭᠤᠳᠠᠯ ᠳᠤ ᠰᠠᠨᠠᠭᠠᠴᠢᠯᠠᠭ᠎ᠠ ᠠᠴᠠ ᠪᠠᠨ ᠬᠠᠷᠢᠭᠤᠯᠲᠠ ᠥᠭᠬᠦ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠲᠠᠯ᠎ᠠ ᠶᠢᠨ ᠬᠢᠨ ᠦᠵᠡᠯ ᠰᠠᠨᠠᠭ᠎ᠠ ᠪᠠ ᠦᠢᠯᠡ | ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠭᠡᠵᠦ᠂ ᠨᠠᠮ | ᠵᠠᠰᠠᠭ ᠬᠠᠮᠲᠤ ᠪᠠᠷ ᠬᠠᠷᠢᠭᠤᠴᠠᠵᠤ᠂ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠴᠤ᠂ ᠠᠵᠢᠯ ᠤᠨ ᠬᠠᠷᠢᠭᠤᠴᠠᠯᠭ᠎ᠠ ᠪᠠᠨ | ᠪᠠᠷᠢᠮᠲᠠᠯᠠᠵᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠭᠡᠵᠦ᠂ ᠬᠢᠵᠢᠭ ᠢ ᠰᠡᠷᠭᠡᠶᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ | ᠬᠡᠷᠡᠭᠲᠡᠢ᠃ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠲᠠᠶᠢᠪᠤᠰᠢᠷᠠᠬᠤ ᠪᠤᠳᠤᠯ᠂ ᠬᠠᠯᠠᠰᠢᠷᠠᠬᠤ | ᠰᠡᠳᠭᠢᠯᠭᠡ᠂ ᠭᠤᠷᠢᠳᠠᠬᠤ ᠪᠤᠳᠤᠯ᠂ ᠰᠤᠯᠠᠷᠠᠬᠤ ᠰᠡᠳᠭᠢᠯᠭᠡ ᠶᠢ ᠲᠡᠪᠴᠢᠵᠦ᠂ ᠴᠠᠭ ᠪᠢᠳᠡᠨ ᠢ ᠬᠦᠯᠢᠶᠡᠬᠦ ᠦᠭᠡᠢ ᠵᠣᠷᠢᠭ | ᠰᠠᠨᠠᠭ᠎ᠠ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠪᠣᠳᠠᠲᠠᠢ ᠠᠳᠬᠤᠵᠤ ᠨᠠᠷᠢᠯᠢᠭ | ᠠᠳᠬᠤᠬᠤ ᠬᠡᠷᠡᠭᠲᠡᠢ᠃ ᠬᠢᠵᠢᠭ ᠤᠨ ᠪᠠᠶᠢᠳᠠᠯ ᠨᠡᠯᠢᠶᠡᠳ ᠬᠦᠨᠳᠦ ᠨᠣᠴᠢᠲᠠᠢ ᠪᠠᠶᠢᠭ᠎ᠠ ᠭᠠᠵᠠᠷ ᠣᠷᠣᠨ ᠳᠤ᠂ ᠨᠠᠮ | ᠵᠠᠰᠠᠭ ᠤᠨ ᠭᠤᠣᠯ ᠤᠳᠤᠷᠢᠳᠤᠯᠭ᠎ᠠ ᠪᠣᠯᠤᠨ ᠡᠯ᠎ᠡ ᠱᠠᠲᠤᠨ ᠤ ᠤᠳᠤᠷᠢᠳᠬᠤ ᠺᠠᠳ᠋ᠷ ᠬᠢᠵᠢᠭ ᠢ ᠰᠡᠷᠭᠡᠶᠢᠯᠡᠬᠦ ᠠᠵᠢᠯ ᠢ | ᠲᠡᠷᠢᠭᠦᠨ ᠪᠠᠶᠢᠷᠢᠨ ᠳᠤ ᠲᠠᠯᠪᠢᠵᠤ᠂ ᠭᠠᠪᠰᠢᠭᠠᠶᠢᠯᠠᠨ ᠪᠠᠶᠢᠯᠳᠤᠵᠤ᠂ ᠰᠢᠢᠳᠪᠦᠷᠢᠲᠦ ᠳᠠᠶᠢᠯᠠᠯᠳᠤᠭᠠᠨ ᠬᠢᠵᠦ ᠰᠢᠢᠳᠪᠦᠷᠢᠲᠦ | ᠢᠯᠠᠯᠲᠠ ᠶᠢ ᠤᠯᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ | ᠭᠡᠰᠢᠭᠦᠨ᠂ ᠺᠠᠳ᠋ᠷ ᠦᠢᠯᠡᠳᠦᠯ ᠢᠶᠠᠨ ᠢᠳᠡᠪᠬᠢᠲᠡᠢ ᠪᠠᠳᠠᠷᠠᠭᠤᠯᠵᠤ᠂ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠲᠤ | ᠭᠦᠨᠵᠡᠭᠡᠶᠢᠷᠡᠨ᠂ ᠤᠯᠠᠨ ᠲᠦᠮᠡᠨ ᠤ ᠳᠤᠮᠳᠠ ᠭᠦᠨᠵᠡᠭᠡᠶᠢᠷᠡᠵᠦ᠂ ᠤᠯᠠᠨ ᠲᠦᠮᠡᠨ ᠤ ᠬᠦᠴᠢᠷ ᠵᠣᠪᠠᠭᠤᠷᠢ ᠶᠢ ᠢᠳᠡᠪᠬᠢᠲᠡᠢ | ᠬᠠᠪᠰᠤᠷᠤᠨ ᠰᠢᠢᠳᠪᠦᠷᠢᠯᠡᠵᠦ ᠥᠭᠬᠦ ᠬᠡᠷᠡᠭᠲᠡᠢ᠃ ᠱᠠᠯᠠᠪᠳᠠᠭᠤᠯᠤᠨ ᠪᠠᠶᠢᠴᠠᠭᠠᠵᠤ ᠬᠠᠷᠢᠭᠤᠴᠠᠯᠭ᠎ᠠ ᠨᠡᠬᠡᠮᠵᠢᠯᠡᠬᠦ ᠶᠢ | ᠴᠢᠩᠭᠠᠳᠬᠠᠵᠤ᠂ ᠲᠤᠰᠢᠶᠠᠯ ᠳᠠᠭᠠᠨ ᠣᠰᠣᠯᠳᠠᠵᠤ ᠬᠠᠷᠢᠭᠤᠴᠠᠯᠭ᠎ᠠ ᠪᠠᠨ ᠠᠯᠳᠠᠭᠠᠳ ᠬᠢᠵᠢᠭ ᠤᠨ ᠪᠠᠶᠢᠳᠠᠯ ᠢ ᠡᠵᠡᠮᠳᠡᠵᠦ | ᠳᠡᠶᠢᠯᠬᠦ ᠦᠭᠡᠢ ᠪᠣᠯᠭᠠᠭᠰᠠᠨ ᠪᠠᠶᠢᠪᠠᠯ ᠳᠠᠷᠤᠢ ᠲᠦᠷᠭᠡᠨ ᠰᠠᠬᠢᠯᠭ᠎ᠠ ᠪᠠᠲᠤ ᠲᠣᠭᠲᠠᠭᠠᠯ ᠶᠣᠰᠣᠭᠠᠷ ᠪᠠᠶᠢᠴᠠᠭᠠᠨ | ᠰᠢᠢᠳᠪᠦᠷᠢᠯᠡᠵᠦ᠂ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | ᠪᠡᠯᠡᠳᠭᠡᠭᠰᠡᠨ ᠨᠢ᠄ ᠣᠳᠣᠨᠭᠡᠷᠡᠯ | ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ | ᠰᠦᠯᠵᠢᠶ᠎ᠡ | | |