| | 3 ᠳ᠋ᠤᠭᠠᠷ ᠰᠠᠷ᠎ᠠ ᠶᠢᠨ 25 ᠤ ᠡᠳᠦᠷ ᠤᠨ ᠦᠳᠡ ᠶᠢᠨ ᠬᠤᠶᠢᠨ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ | ᠬᠤᠯᠪᠣᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠰᠣᠨᠢᠨ ᠮᠡᠳᠡᠭᠡ ᠨᠡᠶᠢᠲᠡᠯᠡᠬᠦ ᠬᠤᠷᠠᠯ ᠢ ᠬᠤᠷᠠᠯᠳᠤᠭᠤᠯᠵᠤ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠬᠦ ᠤᠬᠠᠭᠠᠨᠴᠢ ᠨᠠᠷᠢᠯᠢᠭ ᠣᠨᠣᠴᠠᠲᠠᠢ᠂ ᠴᠥᠬᠦᠷᠡᠰᠢ ᠦᠭᠡᠢ | ᠰᠠᠶᠢᠲᠤᠷ ᠠᠳᠬᠤᠵᠤ ᠪᠠᠶᠢᠭ᠎ᠠ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠪᠠ᠃ ᠣᠯᠠᠨ ᠢᠶᠠᠷ ᠢᠶᠠᠨ ᠦᠵᠡᠵᠡᠭᠡᠶ᠎ᠡ ︱ | ᠣᠳᠣᠬᠠᠨ ᠳᠤ ᠪᠦᠬᠦ ᠤᠯᠤᠰ ᠤᠨ ᠬᠢᠵᠢᠭ ᠤᠨ ᠪᠠᠶᠢᠳᠠᠯ ᠰᠢᠪᠲᠤᠯᠤᠯᠲᠠ ᠶᠢᠨ ᠱᠠᠲᠤᠨ ᠳᠤ ᠣᠷᠣᠪᠠ | 3 ᠳ᠋ᠤᠭᠠᠷ ᠰᠠᠷ᠎ᠠ ᠶᠢᠨ 1 ᠤ ᠡᠳᠦᠷ ᠠᠴᠠ 24 ᠤ ᠡᠳᠦᠷ ᠪᠣᠯᠲᠠᠯ᠎ᠠ᠂ ᠪᠥᠬᠦ ᠤᠯᠤᠰ ᠤᠨ ᠲᠤᠬᠠᠢ ᠶᠢᠨ ᠭᠠᠵᠠᠷ ᠤᠨ | ᠬᠠᠯᠳᠠᠪᠤᠷᠢᠯᠠᠭᠳᠠᠭᠴᠢᠳ ᠤᠨ ᠲᠤᠭ᠎ᠠ ᠨᠡᠶᠢᠲᠡ 56000 ᠶᠢ ᠳᠠᠪᠠᠵᠤ᠂ 28 ᠮᠤᠵᠢ ᠶᠢ ᠬᠠᠮᠤᠷᠪᠠ᠃ | ᠡᠭᠦᠨ ᠳᠤ ᠭᠢᠷᠢᠨ ᠮᠤᠵᠢ ᠶᠢᠨ ᠬᠢᠵᠢᠭ ᠤᠨ ᠪᠠᠶᠢᠳᠠᠯ ᠮᠥᠨ ᠬᠦ ᠬᠦᠨᠳᠦ ᠨᠣᠴᠢᠲᠠᠢ ᠪᠠᠶᠢᠳᠠᠯ ᠳᠤ ᠪᠠᠶᠢᠭᠰᠠᠭᠠᠷ ᠂ 3 | ᠳ᠋ᠤᠭᠠᠷ ᠰᠠᠷ᠎ᠠ ᠶᠢᠨ 1 ︱ 24 ᠤ ᠡᠳᠦᠷ ᠪᠣᠯᠲᠠᠯ᠎ᠠ᠂ ᠬᠠᠯᠳᠠᠪᠤᠷᠢᠯᠠᠭᠳᠠᠭᠴᠢᠳ ᠤᠨ ᠲᠤᠭ᠎ᠠ ᠨᠡᠶᠢᠲᠡ 29000 ᠶᠢ | ᠳᠠᠪᠠᠵᠤ ᠂ ᠡᠳᠦᠷ ᠪᠦᠷᠢ ᠶᠢᠨ ᠰᠢᠨ᠎ᠡ ᠪᠠᠷ ᠨᠡᠮᠡᠭᠳᠡᠭᠰᠡᠨ ᠬᠥᠮᠥᠨ ᠤ ᠲᠤᠭ᠎ᠠ 1000 ᠶᠢ ᠳᠠᠪᠠᠭᠰᠠᠨ ᠪᠠᠶᠢᠳᠠᠯ ᠬᠡᠳᠦᠨ | ᠡᠳᠦᠷ ᠦᠷᠭᠦᠯᠵᠢᠯᠡᠵᠦ ᠂ ᠭᠢᠷᠢᠨ ᠬᠤᠲᠠ ᠪᠣᠯᠣᠨ ᠴᠠᠩᠴᠦ᠋ᠨ ᠬᠤᠲᠠ ᠶᠢᠨ ᠬᠢᠵᠢᠭ ᠤᠨ ᠪᠠᠶᠢᠳᠠᠯ ᠦᠷᠭᠦᠯᠵᠢᠯᠡᠨ | ᠬᠦᠨᠳᠦᠷᠡᠬᠦ ᠱᠠᠲᠤᠨ ᠳᠤ ᠣᠷᠣᠰᠢᠵᠤ ᠪᠠᠶᠢᠨ᠎ᠠ᠃ | ᠱᠠᠩᠬᠠᠢ ᠬᠤᠲᠠ᠂ ᠾᠧᠪᠧᠢ ᠮᠤᠵᠢ᠂ ᠹᠦᠵᠢᠶᠠᠨ ᠮᠤᠵᠢ᠂ ᠯᠢᠶᠣᠤᠨᠢᠩ ᠮᠤᠵᠢ ᠶᠢᠨ ᠬᠢᠵᠢᠭ ᠤᠨ ᠪᠠᠶᠢᠳᠠᠯ | ᠣᠷᠴᠢᠮᠬᠠᠨ ᠳᠤ ᠲᠦᠷᠭᠡᠨ ᠢᠶᠠᠷ ᠨᠡᠮᠡᠭᠳᠡᠵᠦ᠂ ᠬᠢᠵᠢᠭ ᠤᠨ ᠪᠠᠶᠢᠳᠠᠯ ᠡᠭᠦᠰᠦᠭᠰᠡᠨ ᠭᠠᠵᠠᠷ ᠤᠨ ᠨᠡᠶᠢᠭᠡᠮ ᠲᠣᠭᠤᠷᠢᠭ ᠲᠤ | ᠳᠡᠯᠭᠡᠷᠡᠬᠦ ᠲᠦᠭᠰᠢᠭᠦᠷᠢ ᠦᠷᠭᠦᠯᠵᠢᠯᠡᠨ ᠣᠷᠣᠰᠢᠵᠤ ᠪᠠᠶᠢᠨ᠎ᠠ᠃ | ᠱᠠᠨᠳᠦ᠋ᠩ ᠮᠤᠵᠢ ᠶᠢᠨ ᠴᠢᠩᠳᠣᠣ᠂ ᠸᠧᠢ ᠬᠠᠢ᠂ ᠽᠢ ᠪᠥᠸᠧ᠂ ᠭᠤᠸᠠᠩᠳᠦ᠋ᠩ ᠮᠤᠵᠢ ᠶᠢᠨ ᠱᠧᠨᠵᠧᠨ᠂ ᠳ᠋ᠦᠩ | ᠭᠤᠸᠠᠨ ᠵᠡᠷᠭᠡ ᠭᠠᠵᠠᠷ ᠬᠢᠵᠢᠭ ᠤᠨ ᠪᠠᠶᠢᠳᠠᠯ ᠢ ᠠᠩᠬ᠎ᠠ ᠠᠯᠬᠤᠮ ᠡᠵᠡᠮᠳᠡᠵᠡᠢ ᠃ | ᠪᠡᠭᠡᠵᠢᠩ ᠬᠤᠲᠠ᠂ ᠴᠦᠩᠴᠢᠩ ᠬᠤᠲᠠ᠂ ᠵᠧᠵᠢᠶᠠᠩ ᠮᠤᠵᠢ ᠵᠡᠷᠭᠡ ᠭᠠᠵᠠᠷ ᠤᠨ ᠬᠢᠵᠢᠭ ᠤᠨ ᠪᠠᠶᠢᠳᠠᠯ ᠲᠣᠭᠲᠠᠭᠤᠨ | ᠪᠣᠯᠵᠤ ᠪᠠᠶᠢᠨ᠎ᠠ᠃ | ᠶᠡᠷᠦᠩᠬᠡᠶᠢᠯᠡᠪᠡᠯ ᠂ ᠣᠳᠣᠬᠠᠨ ᠳᠤ ᠪᠦᠬᠦ ᠤᠯᠤᠰ ᠤᠨ ᠬᠢᠵᠢᠭ ᠤᠨ ᠪᠠᠶᠢᠳᠠᠯ ᠰᠢᠪᠲᠤᠯᠤᠯᠲᠠ ᠶᠢᠨ ᠱᠠᠲᠤᠨ ᠳᠤ | ᠣᠷᠣᠰᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠮᠥᠨ ᠬᠦ ᠬᠦᠨᠳᠦ ᠬᠡᠴᠡᠭᠦᠦ ᠪᠥᠭᠡᠳ ᠨᠠᠷᠢᠨ | ᠪᠤᠳᠤᠯᠢᠶᠠᠨᠲᠠᠢ ᠪᠠᠶᠢᠨ᠎ᠠ᠃ | ᠰᠢᠨ᠎ᠡ ᠲᠢᠲᠢᠮᠯᠢᠭ ᠠᠭᠤᠰᠬᠢᠨ ᠤ ᠦᠷᠪᠢᠰᠦᠯ ᠨᠢ ︽ᠶᠡᠭᠡ ᠲᠠᠭᠰᠢᠭᠤᠷ ︾ ᠪᠢᠰᠢ | ᠬᠥᠮᠥᠰ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠲᠠᠷᠢᠭᠤᠯᠤᠭᠰᠠᠨ ᠬᠠᠷᠢᠴᠠᠯ ᠤᠯᠠᠮ | ᠥᠨᠳᠥᠷᠵᠢᠬᠦ ᠶᠢ ᠳᠠᠭᠠᠯᠳᠤᠨ᠂ ᠬᠥᠮᠥᠰ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠢᠷᠦ᠋ᠰ ᠤᠨ ᠡᠭᠡᠯᠢᠯᠡᠭᠡ ᠶᠢᠨ | ᠴᠢᠳᠠᠪᠤᠷᠢ ᠲᠠᠰᠤᠷᠠᠯᠲᠠ ᠦᠭᠡᠢ ᠳᠡᠭᠡᠭᠰᠢᠯᠡᠵᠦ ᠪᠠᠶᠢᠨ᠎ᠠ᠃ ᠡᠭᠦᠨ ᠤ ᠳᠡᠭᠡᠷ᠎ᠡ ᠣᠮᠢᠺᠷᠣᠨ ᠣᠨᠳᠣᠣᠰᠢᠭᠰᠠᠨ ᠬᠤᠣᠷᠲᠤ | ᠸᠢᠷᠦ᠋ᠰ ᠤᠨ ᠲᠣᠰ ᠪᠡᠶ᠎ᠡ ᠶᠢᠨ ᠡᠪᠡᠳᠴᠢᠯᠡᠭᠦᠯᠬᠦ ᠴᠢᠨᠠᠷ ᠨᠢ ᠪᠤᠰᠤᠳ ᠬᠤᠣᠷᠲᠤ ᠸᠢᠷᠦ᠋ᠰ ᠤᠨ ᠬᠢᠷᠢ ᠴᠢᠩᠭ᠎ᠠ ᠪᠢᠰᠢ ᠪᠣᠯᠬᠤᠷ | ᠬᠠᠯᠳᠠᠪᠤᠷᠢᠯᠠᠭᠳᠠᠭᠴᠢᠳ ᠤᠨ ᠡᠮᠴᠢᠯᠡᠭᠡᠨ ᠤ ᠬᠦᠨᠳᠦ ᠨᠣᠴᠢᠲᠠᠢ ᠴᠢᠨᠠᠷ ᠢ ᠵᠠᠭᠤᠨ ᠬᠥᠮᠥᠨ ᠪᠦᠷᠢ ᠶᠢᠨ ᠡᠪᠡᠳᠴᠢᠯᠡᠬᠦ | ᠬᠥᠮᠥᠨ ᠤ ᠲᠣᠭᠠᠨ ᠤ ᠬᠠᠷᠢᠴᠠᠯ ᠢᠶᠠᠷ ᠪᠦᠷᠢᠳᠬᠡᠭᠰᠡᠨ ᠶᠢ ᠦᠵᠡᠪᠡᠯ᠂ ᠦᠨᠡᠬᠡᠷ ᠵᠣᠬᠢᠬᠤ ᠬᠡᠮᠵᠢᠶ᠎ᠡ ᠪᠠᠷ ᠪᠠᠭᠤᠷᠠᠭᠰᠠᠨ | ᠪᠠᠶᠢᠨ᠎ᠠ᠃ ᠣᠮᠢᠺᠷᠣᠨ ᠬᠤᠣᠷᠲᠤ ᠸᠢᠷᠦ᠋ᠰ ᠨᠢ ᠲᠠᠷᠬᠠᠬᠤ ᠬᠤᠷᠳᠤᠴᠠ ᠨᠢ ᠲᠦᠷᠭᠡᠨ᠂ ᠬᠠᠯᠳᠠᠪᠤᠷᠢᠯᠠᠬᠤ ᠬᠥᠮᠥᠨ ᠤ ᠲᠤᠭ᠎ᠠ | ᠨᠢ ᠣᠯᠠᠨ᠂ ᠬᠢᠵᠢᠭ ᠤᠨ ᠪᠠᠶᠢᠳᠠᠯ ᠠᠴᠠ ᠪᠣᠯᠤᠭᠰᠠᠨ ᠦᠬᠦᠯ ᠤᠨ ᠶᠡᠷᠦᠩᠬᠡᠢ ᠲᠤᠭ᠎ᠠ ᠵᠢᠴᠢ ᠨᠡᠶᠢᠭᠡᠮ ᠤᠨ ᠬᠤᠣᠷ ᠬᠥᠨᠥᠭᠡᠯ | ᠪᠠ ᠨᠥᠯᠥᠭᠡ ᠨᠢ ᠡᠭᠦᠨ ᠠᠴᠠ ᠪᠣᠯᠵᠤ ᠬᠥᠩᠭᠡᠷᠡᠭᠰᠡᠨ ᠦᠭᠡᠢ ᠶᠤᠮ᠃ | ᠵᠠᠷᠢᠮ ᠰᠤᠳᠤᠯᠭᠠᠨ ᠳᠤ ᠬᠤᠯᠪᠣᠭᠳᠠᠯ ᠪᠦᠬᠦᠢ ᠤᠯᠤᠰ ᠤᠨ 2021 ᠣᠨ ᠤ 8 ︱ 10 ᠳ᠋ᠤᠭᠠᠷ ᠰᠠᠷ᠎ᠠ ᠪᠣᠯᠣᠨ | 11 ᠳ᠋ᠦ᠋ᠭᠡᠷ ᠰᠠᠷ᠎ᠠ ᠠᠴᠠ ᠡᠨᠡ ᠵᠢᠯ ᠤᠨ 1 ᠳ᠋ᠦ᠋ᠭᠡᠷ ᠰᠠᠷ᠎ᠠ ᠪᠣᠯᠲᠠᠯᠠᠬᠢ ᠬᠤᠶᠠᠷ ᠬᠤᠭᠤᠴᠠᠭᠠᠨ ᠳᠠᠬᠢ ᠡᠪᠡᠳᠴᠢᠨ ᠢᠶᠠᠷ | ᠦᠬᠦᠭᠰᠡᠨ ᠨᠣᠷᠮ᠎ᠠ ᠪᠠ ᠦᠬᠦᠭᠰᠡᠨ ᠨᠣᠷᠮ᠎ᠠ ᠶᠢ ᠬᠠᠷᠢᠴᠠᠭᠤᠯᠤᠨ ᠵᠠᠳᠠᠯᠵᠤ᠂ ᠲᠦᠷᠦᠭᠦᠸ ᠭᠤᠷᠪᠠᠨ ᠰᠠᠷ᠎ᠠ ᠳᠤ ᠳ᠋ᠧᠯᠲᠨ | ᠬᠤᠣᠷᠲᠤ ᠸᠢᠷᠦ᠋ᠰ ᠳᠡᠯᠭᠡᠷᠡᠬᠦ ᠪᠠᠷ ᠭᠤᠣᠯᠯᠠᠵᠤ᠂ ᠰᠡᠭᠦᠯ ᠤᠨ ᠭᠤᠷᠪᠠᠨ ᠰᠠᠷ᠎ᠠ ᠳᠤ ᠤᠮᠢᠺᠷᠤᠨ ᠬᠤᠣᠷᠲᠤ ᠸᠢᠷᠦ᠋ᠰ | ᠳᠡᠯᠭᠡᠷᠡᠬᠦ ᠪᠠᠷ ᠭᠤᠣᠯᠯᠠᠭᠰᠠᠨ ᠶᠤᠮ ᠃ ᠣᠮᠢᠺᠷᠣᠨ ᠬᠤᠣᠷᠲᠤ ᠸᠢᠷᠦ᠋ᠰ ᠳᠡᠯᠭᠡᠷᠡᠵᠦ ᠪᠠᠶᠢᠭᠰᠠᠨ ᠬᠤᠭᠤᠴᠠᠭᠠᠨ ᠳᠠᠬᠢ | ᠡᠪᠡᠳᠴᠢᠨ ᠢᠶᠠᠷ ᠦᠬᠦᠭᠰᠡᠨ ᠨᠣᠷᠮ᠎ᠠ ᠨᠢ ᠦᠨᠡᠨ ᠬᠦ ᠪᠠᠭᠤᠷᠠᠭᠰᠠᠨ ᠪᠣᠯᠪᠠᠴᠤ ᠠᠳᠠᠯᠢ ᠬᠤᠭᠤᠴᠠᠭᠠᠨ ᠤ ᠬᠢᠵᠢᠭ ᠤᠨ | ᠪᠠᠶᠢᠳᠠᠯ ᠠᠴᠠ ᠪᠣᠯᠵᠤ ᠦᠬᠦᠭᠰᠡᠨ ᠪᠥᠬᠦ ᠲᠤᠭ᠎ᠠ ᠪᠤᠶᠤ ᠦᠬᠦᠭᠰᠡᠨ ᠨᠣᠷᠮ᠎ᠠ ᠨᠢ ᠬᠠᠷᠢᠨ ᠳ᠋ᠧᠯᠲ᠋ᠠ ᠬᠤᠣᠷᠲᠤ ᠸᠢᠷᠦ᠋ᠰ | ᠳᠡᠯᠭᠡᠷᠡᠵᠦ ᠪᠠᠶᠢᠭᠰᠠᠨ ᠠᠳᠠᠯᠢ ᠬᠤᠭᠤᠴᠠᠭᠠᠨ ᠤ ᠦᠬᠦᠭᠰᠡᠨ ᠲᠤᠭ᠎ᠠ ᠠᠴᠠ ᠥᠨᠳᠥᠷ ᠪᠠᠶᠢᠳᠠᠭ᠃ ᠡᠨᠡ ᠨᠢ ᠣᠮᠢᠺᠷᠣᠨ | ᠬᠤᠣᠷᠲᠤ ᠸᠢᠷᠦ᠋ᠰ ᠤᠨ ᠨᠢᠭᠡ ᠤᠯᠤᠰ ᠲᠤ ᠤᠴᠠᠷᠠᠭᠤᠯᠬᠤ ᠬᠤᠣᠷ ᠬᠥᠨᠥᠭᠡᠯ ᠨᠢ ᠶᠡᠷᠦᠩᠬᠡᠢ ᠳᠤ ᠪᠠᠨ ᠪᠠᠭᠠᠰᠤᠭᠰᠠᠨ ᠦᠭᠡᠢ | ᠭᠡᠳᠡᠭ ᠢ ᠬᠠᠷᠠᠭᠤᠯᠵᠤ ᠪᠠᠶᠢᠨ᠎ᠠ᠃ 2 ᠳ᠋ᠤᠭᠠᠷ ᠰᠠᠷ᠎ᠠ ᠶᠢᠨ ᠳᠤᠮᠳᠠᠴᠢ ᠠᠴᠠ ᠨᠠᠭᠠᠰᠢ ᠂ ᠮᠠᠨ ᠤ ᠤᠯᠤᠰ ᠤᠨ ᠰᠢᠶᠠᠩᠭᠠᠩ ᠳᠤ | ᠢᠯᠡᠷᠡᠭᠰᠡᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢᠶᠠᠷ ᠦᠬᠦᠭᠰᠡᠳ ᠤᠨ ᠵᠢᠱᠢᠶ᠎ᠡ ᠬᠠᠮᠤᠭ ᠤᠨ ᠥᠨᠳᠥᠷ ᠲᠤ ᠪᠠᠨ | ᠡᠳᠦᠷ ᠪᠦᠷᠢ 300 ᠰᠢᠬᠠᠮ ᠪᠠᠶᠢᠵᠤ᠂ ᠣᠳᠣᠬᠠᠨ ᠳᠤ ᠮᠥᠨ ᠯᠡ ᠡᠳᠦᠷ ᠪᠦᠷᠢ 200 ᠣᠷᠴᠢᠮ ᠪᠠᠶᠢᠭᠰᠠᠭᠠᠷ ᠃ ᠡᠨᠡ | ᠨᠢ ᠣᠮᠢᠺᠷᠣᠨ ᠬᠤᠣᠷᠲᠤ ᠸᠢᠷᠦ᠋ᠰ ᠲᠠᠷᠬᠠᠭᠰᠠᠨ ᠤ ᠬᠤᠣᠷ ᠬᠥᠨᠥᠭᠡᠯ ᠨᠢ ᠮᠥᠨ ᠬᠦ ᠬᠦᠨᠳᠦ ᠨᠣᠴᠢᠲᠠᠢ ᠪᠠᠶᠢᠵᠤ᠂ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠨᠢ ︽ᠶᠡᠭᠡ ᠲᠠᠭᠰᠢᠭᠤᠷ︾ ᠪᠢᠰᠢ ᠭᠡᠰᠡᠨ ᠢ ᠢᠯᠡᠷᠬᠡᠶᠢᠯᠡᠵᠦ ᠪᠠᠶᠢᠨ᠎ᠠ ᠃ | ᠮᠠᠨ ᠤ ᠤᠯᠤᠰ ᠪᠣᠯ ᠬᠥᠮᠥᠨ ᠠᠮᠠ ᠶᠢᠨ ᠶᠡᠭᠡ ᠤᠯᠤᠰ ᠮᠥᠨ ᠂ ᠲᠤᠶᠢᠯ ᠤᠨ ᠪᠠᠭ᠎ᠠ ᠡᠪᠡᠳᠴᠢᠯᠡᠬᠦ ᠨᠤᠷᠮ᠎ᠠ ᠪᠤᠶᠤ | ᠦᠬᠦᠬᠦ ᠨᠤᠷᠮ᠎ᠠ ᠶᠢ 14 ᠳ᠋ᠦᠩᠰᠢᠭᠤᠷ ᠬᠥᠮᠥᠨ ᠠᠮᠠ ᠶᠢᠨ ᠸᠢᠷᠦ᠋ᠰ ᠲᠤᠭ᠎ᠠ ᠪᠠᠷ ᠦᠷᠡᠵᠢᠭᠦᠯᠪᠡᠯ ᠂ ᠬᠠᠷᠢᠴᠠᠯᠠᠰᠢ ᠦᠭᠡᠢ | ᠲᠤᠭ᠎ᠠ ᠨᠢ ᠮᠠᠰᠢ ᠶᠡᠭᠡ ᠪᠣᠯᠴᠢᠬᠠᠬᠤ ᠶᠤᠮ ᠃ ᠭᠠᠭᠴᠠ ᠬᠦ ᠬᠥᠳᠡᠯᠦᠩᠭᠦᠢ ᠪᠠᠷ ᠲᠡᠭ ᠪᠣᠯᠭᠠᠪᠠᠯ ᠰᠠᠶ᠋ᠢ ᠬᠢᠵᠢᠭ ᠤᠨ | ᠪᠠᠶᠢᠳᠠᠯ ᠤᠨ ᠳᠠᠯᠳᠠ ᠬᠡᠮ ᠢ ᠠᠷᠢᠯᠭᠠᠵᠤ᠂ ᠶᠡᠭᠡ ᠬᠡᠪᠴᠢᠶᠡᠨ ᠤ ᠬᠥᠮᠥᠰ ᠤᠨ ᠬᠠᠯᠳᠠᠪᠤᠷᠢᠯᠠᠯ ᠠᠴᠠ ᠪᠣᠯᠵᠤ ᠮᠡᠳᠡᠬᠦ | ᠡᠮᠴᠢᠯᠡᠭᠡᠨ ᠤ ᠡᠬᠢ ᠪᠠᠶᠠᠯᠢᠭ ᠢ ᠰᠢᠬᠠᠨ ᠰᠣᠯᠢᠬᠤ ᠠᠴᠠ ᠵᠠᠶᠢᠯᠠᠰᠬᠢᠵᠦ᠂ ᠶᠡᠭᠡ ᠬᠡᠮᠵᠢᠶᠡᠨ ᠤ ᠨᠠᠰᠤᠲᠠᠶᠢᠴᠤᠳ ᠪᠤᠶᠤ | ᠰᠠᠭᠤᠷᠢ ᠡᠪᠡᠳᠴᠢᠲᠡᠨ ᠵᠡᠷᠭᠡ ᠡᠭᠦᠰᠴᠦ ᠮᠡᠳᠡᠬᠦ ᠦᠬᠦᠯ ᠠᠴᠠ ᠰᠡᠷᠭᠡᠶᠢᠯᠡᠵᠦ ᠴᠢᠳᠠᠨ᠎ᠠ᠃ | ᠠᠨᠲ᠋ᠢᠭᠧᠡ ᠤ ᠪᠠᠶᠢᠴᠠᠭᠠᠯᠲᠠ ᠪᠠᠷ 48 ᠴᠠᠭ ᠤᠨ ᠪᠥᠭᠡᠮ ᠬᠦᠴᠢᠯ ᠤᠨ ᠪᠠᠶᠢᠴᠠᠭᠠᠯᠲᠠ ᠶᠢ ᠣᠷᠣᠯᠠᠭᠤᠯᠵᠤ ᠪᠣᠯᠬᠤ | ᠦᠭᠡᠢ | ᠠᠨᠲ᠋ᠢᠭᠧᠡ ᠤ ᠪᠠᠶᠢᠴᠠᠭᠠᠯᠲᠠ ᠪᠣᠯ ᠸᠢᠷᠦ᠋ᠰ ᠤᠨ ᠪᠥᠭᠡᠮ ᠬᠦᠴᠢᠯ ᠢ ᠪᠠᠶᠢᠴᠠᠭᠠᠬᠤ ᠶᠢᠨ ᠴᠢᠬᠤᠯᠠ ᠨᠢᠭᠡᠨ ᠨᠥᠬᠦᠪᠦᠷᠢ | ᠪᠠᠶᠢᠵᠤ ᠂ ᠣᠨᠴᠠᠭᠠᠶᠢᠯᠠᠨ ᠤᠮᠢᠺᠷᠤᠨ ᠮᠡᠲᠦ ᠶᠢᠨ ᠶᠡᠭᠡ ᠬᠡᠪᠴᠢᠶ᠎ᠡ ᠪᠠᠷ ᠲᠦᠷᠭᠡᠨ ᠲᠠᠷᠬᠠᠭᠰᠠᠨ ᠡᠪᠡᠳᠴᠢᠨ ᠤ ᠪᠠᠶᠢᠳᠠᠯ | ᠳᠣᠣᠷ᠎ᠠ ᠂ ᠪᠥᠭᠡᠮ ᠬᠦᠴᠢᠯ ᠢ ᠪᠠᠶᠢᠴᠠᠭᠠᠬᠤ ᠴᠢᠳᠠᠪᠤᠷᠢ ᠬᠦᠷᠦᠯᠴᠡᠬᠦ ᠦᠭᠡᠢ ᠦᠶ᠎ᠡ ᠳᠤ ᠂ ᠠᠨᠲ᠋ᠢᠭᠧᠡ ᠢ ᠪᠠᠶᠢᠴᠠᠭᠠᠬᠤ ᠪᠣᠯ | ᠲᠤᠶᠢᠯ ᠤᠨ ᠴᠢᠬᠤᠯᠠ ᠨᠥᠬᠦᠪᠦᠷᠢ ᠪᠣᠯᠣᠨ᠎ᠠ ᠃ ᠭᠡᠪᠡᠴᠦ ᠠᠨᠲ᠋ᠢᠭᠧᠡ ᠤ ᠪᠠᠶᠢᠴᠠᠭᠠᠯᠲᠠ ᠶᠢ ᠪᠢᠳᠡ ᠮᠥᠨ ᠯᠡ ᠬᠠᠮᠢᠶᠠᠷᠤᠭᠳᠠᠨ | ᠡᠵᠡᠮᠳᠡᠭᠳᠡᠵᠦ ᠪᠠᠶᠢᠭ᠎ᠠ ᠬᠥᠮᠥᠰ᠂ ᠲᠤᠰᠠᠭᠠᠷᠯᠠᠭᠳᠠᠵᠤ ᠪᠠᠶᠢᠭ᠎ᠠ ᠬᠥᠮᠥᠰ᠂ ᠨᠢᠭᠲᠠ ᠣᠶᠢᠷᠠᠲᠤᠭᠰᠠᠳ ᠳᠡᠭᠡᠷ᠎ᠡ ᠬᠢᠵᠠᠭᠠᠷᠯᠠᠵᠤ ᠂ | ᠡᠩ ᠤᠨ ᠠᠷᠠᠳ ᠲᠤ ᠠᠨᠲ᠋ᠢᠭᠧᠡ ᠤ ᠪᠠᠶᠢᠴᠠᠭᠠᠯᠲᠠ ᠬᠢᠬᠦ ᠶᠢ ᠰᠠᠨᠠᠭᠤᠯᠬᠤ ᠦᠭᠡᠢ᠃ | ᠠᠨᠲ᠋ᠢᠭᠧᠡ ᠤ ᠪᠠᠶᠢᠴᠠᠭᠠᠯᠲᠠ ᠪᠠᠷ ᠡᠪᠡᠳᠴᠢᠨ ᠢ ᠠᠷᠢᠯᠭᠠᠬᠤ ᠣᠨᠣᠰᠢᠯᠠᠯᠲᠠ ᠪᠣᠯᠭᠠᠵᠤ ᠪᠣᠯᠬᠤ ᠦᠭᠡᠢ ᠂ 48 | ᠴᠠᠭ ᠤᠨ ᠪᠥᠭᠡᠮ ᠬᠦᠴᠢᠯ ᠤᠨ ᠪᠠᠶᠢᠴᠠᠭᠠᠯᠲᠠ ᠶᠢ ᠣᠷᠣᠯᠠᠭᠤᠯᠵᠤ ᠪᠠᠰᠠ ᠪᠣᠯᠬᠤ ᠦᠭᠡᠢ ᠃ ᠤᠴᠢᠷ ᠨᠢ ᠠᠨᠲ᠋ᠢᠭᠧᠡ ᠢ | ᠰᠢᠯᠭᠠᠨ ᠪᠠᠶᠢᠴᠠᠭᠠᠬᠤ ᠨᠢ ᠵᠣᠬᠢᠬᠤ ᠬᠡᠮᠵᠢᠶᠡᠨ ᠤ ᠬᠠᠭᠤᠷᠮᠠᠭ ᠠᠷᠭ᠎ᠠ ᠴᠢᠨᠠᠷ ᠪᠠ ᠬᠠᠭᠤᠷᠮᠠᠭ ᠪᠢᠯᠢᠭ ᠴᠢᠨᠠᠷ ᠣᠷᠣᠰᠢᠵᠤ ᠂ | ᠠᠨᠲ᠋ᠢᠭᠧᠡ ᠤ ᠪᠠᠶᠢᠴᠠᠭᠠᠯᠲᠠ ᠠᠷᠭ᠎ᠠ ᠴᠢᠨᠠᠷ ᠲᠠᠢ ᠪᠠᠶᠢᠳᠠᠯ ᠳᠣᠣᠷ᠎ᠠ ᠂ ᠡᠴᠦᠰ ᠲᠤ ᠨᠢ ᠪᠠᠰᠠ ᠪᠥᠭᠡᠮ ᠬᠦᠴᠢᠯ ᠢ ᠨᠢ | ᠪᠠᠶᠢᠴᠠᠭᠠᠬᠤ ᠴᠢᠬᠤᠯᠠᠲᠠᠢ ᠃ ᠭᠡᠪᠡᠴᠦ ᠪᠠᠶᠢᠴᠠᠭᠠᠯᠲᠠ ᠠᠷᠭ᠎ᠠ ᠴᠢᠨᠠᠷ ᠲᠠᠢ ᠪᠠᠶᠢᠳᠠᠯ ᠳᠣᠣᠷ᠎ᠠ᠂ ᠪᠢᠳᠡ ᠴᠠᠭ ᠲᠤᠬᠠᠢ ᠳᠤ ᠨᠢ | ᠬᠠᠮᠢᠶᠠᠷᠤᠨ ᠡᠵᠡᠮᠳᠡᠵᠦ᠂ ᠤᠯᠠᠮ ᠨᠢᠭᠡ ᠠᠯᠬᠤᠮ ᠲᠠᠷᠬᠠᠭᠠᠬᠤ ᠠᠶᠤᠯ ᠲᠦᠭᠰᠢᠭᠦᠷᠢ ᠠᠴᠠ ᠵᠠᠶᠢᠯᠠᠰᠬᠢᠵᠦ ᠴᠢᠳᠠᠨ᠎ᠠ ᠃ | ︽ᠴᠠᠭ ᠪᠠ ᠣᠷᠣᠨ ᠵᠠᠢ ᠶᠢᠨ ᠳᠠᠭᠠᠯᠳᠤᠭᠴᠢ ︾ ᠶᠢ ᠰᠢᠭᠰᠢᠨ ᠪᠠᠶᠢᠴᠠᠭᠠᠪᠠᠯ ᠳᠠᠯᠳᠠ ᠬᠠᠯᠳᠠᠪᠤᠷᠢᠯᠠᠭᠳᠠᠭᠴᠢᠳ ᠢ | ᠬᠠᠮᠤᠭ ᠤᠨ ᠶᠡᠭᠡ ᠬᠡᠮᠵᠢᠶ᠎ᠡ ᠪᠠᠷ ᠢᠯᠡᠷᠡᠭᠦᠯᠵᠦ ᠪᠣᠯᠣᠨ᠎ᠠ | ︽ᠴᠠᠭ ᠪᠠ ᠣᠷᠣᠨ ᠵᠠᠢ ᠶᠢᠨ ᠳᠠᠭᠠᠯᠳᠤᠭᠴᠢᠳ ︾ ᠢ ᠵᠠᠷᠢᠮ ᠳᠤ ᠪᠠᠨ ︽ᠴᠠᠭ ᠪᠠ ᠣᠷᠣᠨ ᠵᠠᠢ | ᠣᠭᠲᠠᠯᠤᠯᠴᠠᠭᠰᠠᠳ ︾ ᠭᠡᠳᠡᠭ᠂ ᠶᠡᠷᠦ ᠳᠤ ᠪᠠᠨ 14 ᠡᠳᠦᠷ ᠤᠨ ᠳᠣᠲᠣᠷ᠎ᠠ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠲᠣᠳᠣᠯᠠᠭᠳᠠᠭᠰᠠᠨ ᠡᠪᠡᠳᠴᠢᠲᠡᠨ ᠲᠠᠢ ᠠᠳᠠᠯᠢ ᠴᠠᠭ ᠪᠠ ᠣᠷᠣᠨ ᠵᠠᠢ ᠳᠤ ᠬᠡᠰᠡᠭ ᠬᠤᠭᠤᠴᠠᠭ᠎ᠠ ᠬᠠᠮᠲᠤ | ᠪᠠᠶᠢᠭᠰᠠᠨ ᠬᠥᠮᠥᠨ ᠢ ᠵᠢᠭᠠᠨ᠎ᠠ᠃ ︽ᠴᠠᠭ ᠪᠠ ᠣᠷᠣᠨ ᠵᠠᠢ ᠶᠢᠨ ᠳᠠᠭᠠᠯᠳᠤᠭᠴᠢ ︾ ᠶᠢ ᠰᠢᠭᠰᠢᠨ ᠪᠠᠶᠢᠴᠠᠭᠠᠪᠠᠯ ᠳᠠᠯᠳᠠ | ᠬᠠᠯᠳᠠᠪᠤᠷᠢᠯᠠᠭᠳᠠᠭᠴᠢᠳ ᠢ ᠬᠠᠮᠤᠭ ᠤᠨ ᠶᠡᠭᠡ ᠬᠡᠮᠵᠢᠶ᠎ᠡ ᠪᠠᠷ ᠢᠯᠡᠷᠡᠭᠦᠯᠵᠦ᠂ ︽ᠴᠠᠭ ᠪᠠ ᠣᠷᠣᠨ ᠵᠠᠢ ᠳᠠᠪᠬᠤᠴᠠᠭᠰᠠᠨ ︾ | ᠠᠴᠠ ᠪᠣᠯᠵᠤ ᠬᠠᠯᠳᠠᠪᠤᠷᠢᠯᠠᠭᠳᠠᠵᠤ ᠮᠡᠳᠡᠬᠦ ᠬᠥᠮᠥᠰ ᠢ ᠭᠤᠣᠯᠳᠠᠯᠭ᠎ᠠ ᠲᠠᠢ ᠵᠢᠭᠰᠠᠭᠠᠨ ᠪᠠᠶᠢᠴᠠᠭᠠᠯᠲᠠ ᠳᠤ ᠣᠷᠣᠭᠤᠯᠵᠤ᠂ | ᠡᠷᠲᠡᠬᠡᠨ ᠢᠯᠡᠷᠡᠭᠦᠯᠬᠦ ᠪᠠ ᠰᠡᠷᠭᠡᠶᠢᠯᠡᠨ ᠡᠵᠡᠮᠳᠡᠬᠦ ᠪᠣᠭᠤᠮᠲᠠ ᠶᠢ ᠤᠷᠤᠭᠰᠢ ᠰᠢᠯᠵᠢᠭᠦᠯᠬᠦ ᠶᠢ ᠪᠡᠶᠡᠯᠡᠭᠦᠯᠵᠦ ᠳᠡᠶᠢᠯᠦᠨ᠎ᠡ ᠃ | ᠶᠡᠷᠦ ᠳᠤ ᠪᠠᠨ ᠨᠢᠭᠡᠨᠲᠡ ᠲᠣᠭᠲᠠᠭᠰᠠᠨ ᠴᠠᠭ ᠪᠠ ᠣᠷᠣᠨ ᠵᠠᠢ ᠶᠢᠨ ᠳᠠᠭᠠᠯᠳᠤᠭᠴᠢ ᠶᠢ ᠤᠯᠠᠮ ᠨᠢᠭᠡ ᠠᠯᠬᠤᠮ ᠵᠢᠭᠰᠠᠭᠠᠨ | ᠪᠠᠶᠢᠴᠠᠭᠠᠵᠤ᠂ ᠴᠠᠭ ᠪᠠ ᠣᠷᠣᠨ ᠵᠠᠢ ᠶᠢᠨ ᠳᠠᠭᠠᠯᠳᠤᠭᠴᠢ ᠶᠢᠨ ᠠᠷᠭ᠎ᠠ ᠮᠠᠶ᠋ᠢᠭ᠂ ᠪᠣᠳᠠᠲᠠᠢ ᠴᠠᠭ ᠪᠠ ᠪᠣᠳᠠᠲᠠᠢ ᠵᠠᠢ ᠶᠢ | ᠲᠣᠳᠣᠷᠬᠠᠶᠢᠯᠠᠵᠤ᠂ ᠬᠠᠯᠳᠠᠪᠤᠷᠢᠯᠠᠬᠤ ᠲᠦᠭᠰᠢᠭᠦᠷᠢ ᠶᠢ ᠰᠤᠳᠤᠯᠤᠨ ᠮᠠᠭᠠᠳᠯᠠᠳᠠᠭ᠃ ᠬᠡᠷᠪᠡ ᠵᠢᠭᠰᠠᠭᠠᠨ ᠪᠠᠶᠢᠴᠠᠭᠠᠬᠤ ᠳᠤ | ᠨᠢᠭᠡᠨᠲᠡ ᠲᠣᠳᠣᠷᠬᠠᠢ ᠪᠣᠯᠤᠭᠰᠠᠨ ᠪᠥᠭᠡᠳ ᠨᠢᠭᠲᠠ ᠣᠶᠢᠷᠠᠲᠤᠭᠰᠠᠳ ᠪᠢᠰᠢ ᠮᠥᠷᠲᠡᠭᠡᠨ ᠳᠠᠮ ᠨᠢᠭᠲᠠ ᠣᠶᠢᠷᠠᠲᠤᠭᠰᠠᠳ | ᠴᠦ ᠪᠢᠰᠢ ᠶᠤᠮ ᠪᠣᠯ ᠳᠠᠷᠤᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠳᠤ ᠨᠡᠷᠪᠡᠭᠳᠡᠬᠦ ᠲᠦᠭᠰᠢᠭᠦᠷᠢ ᠦᠭᠡᠢ ᠶᠤᠮ᠃ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠳᠠᠲᠠᠢ ᠶᠠᠪᠤᠴᠠ ᠳᠤ᠂ ᠣᠬᠤᠷᠬᠠᠨ ᠬᠤᠭᠤᠴᠠᠭᠠᠨ ᠤ ᠳᠣᠲᠣᠷ᠎ᠠ ᠶᠡᠭᠡ | ᠬᠡᠮᠵᠢᠶᠡᠨ ᠤ ᠴᠠᠭ ᠪᠠ ᠣᠷᠣᠨ ᠵᠠᠢ ᠶᠢᠨ ᠳᠠᠭᠠᠯᠳᠤᠭᠴᠢ ᠶᠢ ᠢᠯᠡᠷᠡᠭᠦᠯᠵᠦ᠂ ᠴᠠᠭ ᠪᠠ ᠣᠷᠣᠨ ᠵᠠᠢ ᠶᠢᠨ ᠳᠠᠭᠠᠯᠳᠤᠭᠴᠢ | ᠪᠣᠯᠭᠠᠨ ᠢ ᠴᠠᠭ ᠲᠤᠬᠠᠢ ᠳᠤ ᠨᠢ ᠵᠢᠭᠰᠠᠭᠠᠨ ᠪᠠᠶᠢᠴᠠᠭᠠᠬᠤ ᠶᠢᠨ ᠠᠷᠭ᠎ᠠ ᠦᠭᠡᠢ ᠪᠠᠶᠢᠳᠠᠭ᠃ ᠲᠦᠭᠰᠢᠭᠦᠷᠢ ᠶᠢ ᠵᠢᠭᠰᠠᠭᠠᠨ | ᠪᠠᠶᠢᠴᠠᠭᠠᠬᠤ ᠶᠢ ᠪᠡᠶᠡᠯᠡᠭᠦᠯᠦᠭᠰᠡᠨ ᠦᠭᠡᠢ ᠴᠠᠭ ᠪᠠ ᠣᠷᠣᠨ ᠵᠠᠢ ᠶᠢᠨ ᠳᠠᠭᠠᠯᠳᠤᠭᠴᠢ ᠶᠢ ᠰᠡᠷᠭᠡᠶᠢᠯᠡᠨ ᠡᠵᠡᠮᠳᠡᠬᠦ | ᠱᠠᠭᠠᠷᠳᠠᠯᠭ᠎ᠠ ᠶᠣᠰᠣᠭᠠᠷ᠂ ᠭᠡᠷ ᠲᠤ ᠨᠢ ᠲᠤᠰᠠᠭᠠᠷᠯᠠᠭᠤᠯᠬᠤ ᠪᠤᠶᠤ ᠲᠣᠭᠲᠠᠭᠠᠭᠰᠠᠨ ᠭᠠᠵᠠᠷ ᠲᠤ ᠲᠤᠰᠠᠭᠠᠷᠯᠠᠭᠤᠯᠵᠤ᠂ | ᠵᠢᠭᠰᠠᠭᠠᠨ ᠪᠠᠶᠢᠴᠠᠭᠠᠬᠤ ᠶᠢ ᠳᠠᠭᠤᠰᠲᠠᠯ᠎ᠠ ᠂ ᠡᠰᠡᠬᠦᠯ᠎ᠡ ᠴᠠᠭ ᠪᠠ ᠣᠷᠣᠨ ᠵᠠᠢ ᠶᠢᠨ ᠳᠠᠭᠠᠯᠳᠤᠭᠰᠠᠨ ᠪᠠᠶᠢᠳᠠᠯ ᠢ ᠬᠦᠴᠦᠨ | ᠦᠭᠡᠢ ᠪᠣᠯᠭᠠᠲᠠᠯ᠎ᠠ ᠲᠤᠰᠠᠭᠠᠷᠯᠠᠭᠤᠯᠤᠨᠠ᠃ | 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ | ᠲᠠᠷᠢᠬᠤ ᠡᠷᠡᠭᠦᠯ ᠪᠤᠰᠤ ᠲᠤᠰᠬᠠᠯ ᠡᠭᠦᠰᠬᠦ ᠨᠣᠷᠮ᠎ᠠ ᠨᠢ ᠪᠤᠰᠤᠳ ᠨᠠᠰᠤᠨ ᠤ ᠬᠢ ᠠᠴᠠ ᠳᠣᠣᠷ᠎ᠠ | ᠨᠠᠰᠤᠲᠠᠶᠢᠴᠤᠳ ᠪᠣᠯ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢ ᠤᠷᠢᠳ ᠢᠶᠠᠷ ᠲᠠᠷᠢᠬᠤ | ᠬᠥᠮᠥᠰ ᠤᠨ ᠨᠢᠭᠡ ᠪᠣᠯᠣᠨ᠎ᠠ᠃ ᠣᠳᠣᠬᠠᠨ ᠳᠤ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠨᠠᠰᠤᠨ ᠤ ᠳᠣᠣᠷᠠᠳᠤ | ᠬᠢᠵᠠᠭᠠᠷ ᠤᠨ ᠲᠤᠬᠠᠢ ᠱᠠᠭᠠᠷᠳᠠᠯᠭ᠎ᠠ ᠲᠠᠢ᠂ ᠨᠠᠰᠤᠨ ᠤ ᠳᠡᠭᠡᠳᠦ ᠬᠢᠵᠠᠭᠠᠷ ᠤᠨ ᠲᠤᠬᠠᠢ ᠲᠣᠭᠲᠠᠭᠠᠯ ᠦᠭᠡᠢ᠂ 3 | ᠨᠠᠰᠤᠨ ᠠᠴᠠ ᠳᠡᠭᠡᠭᠰᠢᠬᠢ ᠬᠥᠮᠥᠰ ᠪᠦᠷ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠢ ᠴᠥᠮ ᠲᠠᠷᠢᠭᠤᠯᠵᠤ ᠪᠣᠯᠣᠨ᠎ᠠ᠃ | ᠣᠳᠣᠬᠠᠨ ᠳᠤ ᠮᠠᠨ ᠤ ᠤᠯᠤᠰ ᠤᠨ 60 ᠨᠠᠰᠤ ᠵᠢᠴᠢ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ 2.64 | ᠳ᠋ᠦᠩᠰᠢᠭᠤᠷ ᠢ ᠳᠠᠪᠠᠵᠤ᠂ ᠡᠭᠦᠨ ᠤ ᠳᠣᠲᠣᠷ᠎ᠠ 2.12 ᠳ᠋ᠦᠩᠰᠢᠭᠤᠷ ᠭᠠᠷᠤᠢ ᠨᠠᠰᠤᠲᠠᠶᠢᠴᠤᠳ ᠨᠢᠭᠡᠨᠲᠡ ᠰᠢᠨ᠎ᠡ | ᠲᠢᠲᠢᠮᠯᠢᠭ ᠸᠢᠷᠦ᠋ᠰ ᠤᠨ ᠸᠠᠺᠼᠢᠨ ᠢ ᠪᠥᠬᠦᠨ ᠢ ᠲᠠᠷᠢᠭᠤᠯᠪᠠ ᠃ ᠣᠳᠣᠬᠠᠨ ᠤ ᠮᠠᠨ ᠤ ᠬᠢᠨᠠᠨ ᠰᠢᠨᠵᠢᠯᠡᠭᠰᠡᠨ ᠳ᠋ᠦᠩ ᠠᠴᠠ | ᠦᠵᠡᠪᠡᠯ᠂ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠤᠨ ᠡᠷᠡᠭᠦᠯ ᠪᠤᠰᠤ ᠲᠤᠰᠬᠠᠯ ᠭᠠᠷᠬᠤ ᠨᠣᠷᠮ᠎ᠠ ᠨᠢ ᠪᠤᠰᠤᠳ | ᠨᠠᠰᠤᠨ ᠤ ᠱᠠᠲᠤᠨ᠍ ᠤ ᠡᠷᠡᠭᠦᠯ ᠪᠤᠰᠤ ᠲᠤᠰᠬᠠᠯ ᠭᠠᠷᠬᠤ ᠨᠣᠷᠮ᠎ᠠ ᠠᠴᠠ ᠳᠣᠣᠷ᠎ᠠ ᠪᠠᠶᠢᠨ᠎ᠠ᠃ | ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠢ ᠪᠥᠬᠦᠨ ᠢ ᠲᠠᠷᠢᠭᠤᠯᠤᠭᠰᠠᠨ ᠬᠥᠮᠥᠨ ᠤ ᠲᠤᠭ᠎ᠠ ᠤᠯᠤᠰ ᠤᠨ ᠪᠥᠬᠦ | ᠬᠥᠮᠥᠨ ᠠᠮᠠ ᠶᠢᠨ 88.01% ᠶᠢ ᠡᠵᠡᠯᠡᠪᠡ | 3 ᠳ᠋ᠤᠭᠠᠷ ᠰᠠᠷ᠎ᠠ ᠶᠢᠨ 24 ᠤ ᠡᠳᠦᠷ ᠪᠣᠯᠲᠠᠯ᠎ᠠ᠂ ᠪᠥᠬᠦ ᠤᠯᠤᠰ ᠲᠤ ᠨᠡᠶᠢᠲᠡ 32 ᠳ᠋ᠦᠩᠰᠢᠭᠤᠷ 4359.9 | ᠲᠦᠮᠡᠨ ᠤᠳᠠᠭᠠᠨ ᠤ ᠲᠠᠷᠢᠯᠭ᠎ᠠ ᠬᠢᠵᠦ᠂ ᠸᠠᠺᠼᠢᠨ ᠲᠠᠷᠢᠭᠤᠯᠤᠭᠰᠠᠨ ᠪᠥᠬᠦ ᠬᠥᠮᠥᠨ ᠤ ᠲᠤᠭ᠎ᠠ 12 ᠳ᠋ᠦᠩᠰᠢᠭᠤᠷ | 7554.1 ᠲᠦᠮᠡ ᠳᠤ ᠬᠦᠷᠴᠦ᠂ ᠬᠠᠮᠤᠷᠤᠭᠰᠠᠨ ᠬᠥᠮᠥᠨ ᠤ ᠲᠤᠭ᠎ᠠ ᠨᠢ ᠤᠯᠤᠰ ᠤᠨ ᠪᠥᠬᠦ ᠬᠥᠮᠥᠨ ᠠᠮᠠ ᠶᠢᠨ 90. | 47% ᠶᠢ ᠡᠵᠡᠯᠡᠵᠦ᠂ ᠨᠢᠭᠡᠨᠲᠡ 12 ᠳ᠋ᠦᠩᠰᠢᠭᠤᠷ 4077.7 ᠲᠦᠮᠡᠨ ᠬᠥᠮᠥᠨ ᠪᠥᠬᠦ ᠲᠠᠷᠢᠯᠭ᠎ᠠ ᠶᠢ ᠲᠠᠷᠢᠭᠤᠯᠵᠤ ᠂ | ᠪᠥᠬᠦ ᠲᠠᠷᠢᠯᠭ᠎ᠠ ᠶᠢ ᠲᠠᠷᠢᠭᠤᠯᠤᠭᠰᠠᠨ ᠬᠥᠮᠥᠨ ᠤ ᠲᠤᠭ᠎ᠠ ᠨᠢ ᠤᠯᠤᠰ ᠤᠨ ᠪᠥᠬᠦ ᠬᠥᠮᠥᠨ ᠠᠮᠠ ᠶᠢᠨ 88.01% ᠶᠢ | ᠡᠵᠡᠯᠡᠪᠡ᠃ 6 ᠳ᠋ᠦᠩᠰᠢᠭᠤᠷ 7127 ᠲᠦᠮᠡᠨ ᠬᠥᠮᠥᠨ ᠡᠭᠡᠯᠢᠯᠡᠭᠡ ᠴᠢᠩᠭᠠᠳᠬᠠᠬᠤ ᠲᠠᠷᠢᠯᠭ᠎ᠠ ᠲᠠᠷᠢᠭᠤᠯᠵᠤ᠂ ᠡᠭᠦᠨ ᠳᠤ | 1219.1 ᠲᠦᠮᠡᠨ ᠬᠥᠮᠥᠨ ᠬᠡᠯᠬᠢᠶᠡᠮᠡᠯ ᠡᠭᠡᠯᠢᠯᠡᠭᠡ ᠴᠢᠩᠭᠠᠳᠬᠠᠬᠤ ᠲᠠᠷᠢᠯᠭ᠎ᠠ ᠲᠠᠷᠢᠭᠤᠯᠪᠠ ᠃ | 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠤᠨ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠲᠠᠷᠢᠭᠤᠯᠤᠭᠰᠠᠨ | ᠬᠥᠮᠥᠨ ᠤ ᠲᠤᠭ᠎ᠠ 2 ᠳ᠋ᠦᠩᠰᠢᠭᠤᠷ 2271.9 ᠲᠦᠮᠡ ᠳᠤ ᠬᠦᠷᠴᠦ᠂ 2 ᠳ᠋ᠦᠩᠰᠢᠭᠤᠷ 1215.3 ᠲᠦᠮᠡᠨ | ᠬᠥᠮᠥᠨ ᠳᠤ ᠲᠠᠷᠢᠯᠭ᠎ᠠ ᠲᠠᠷᠢᠵᠤ ᠂ 1 ᠳ᠋ᠦᠩᠰᠢᠭᠤᠷ 3823.7 ᠲᠦᠮᠡᠨ ᠬᠥᠮᠥᠨ ᠳᠤ ᠡᠭᠡᠯᠢᠯᠡᠭᠡ ᠴᠢᠩᠭᠠᠳᠬᠠᠬᠤ | ᠲᠠᠷᠢᠯᠭ᠎ᠠ ᠲᠠᠷᠢᠭᠤᠯᠪᠠ ᠃ ᠣᠲᠣ ᠪᠣᠯᠲᠠᠯ᠎ᠠ᠂ ᠵᠢᠶᠠᠩᠰᠢ᠂ ᠠᠨᠾᠦ᠋ᠢ᠂ ᠱᠠᠨᠳᠦ᠋ᠩ 3 ᠮᠤᠵᠢ ᠶᠢᠨ 60 ᠨᠠᠰᠤᠨ ᠠᠴᠠ | ᠳᠡᠭᠡᠭᠰᠢᠬᠢ ᠨᠠᠰᠤᠲᠠᠶᠢᠴᠤᠳ ᠤᠨ ᠲᠠᠷᠢᠭᠤᠯᠤᠭᠰᠠᠨ ᠨᠣᠷᠮ᠎ᠠ ᠨᠢᠭᠡᠨᠲᠡ 90% ᠶᠢ ᠳᠠᠪᠠᠪᠠ ᠃ ᠴᠦᠩᠴᠢᠩ᠂ ᠾᠧᠨᠠᠨ᠂ | ᠬᠤᠪᠧᠢ᠂ ᠭᠦᠢᠵᠧᠦ᠂ ᠾᠧᠪᠧᠢ᠂ ᠰᠧᠴᠤᠸᠠᠨ᠂ ᠶᠦᠨᠨᠠᠨ ᠵᠡᠷᠭᠡ 7 ᠮᠤᠵᠢ ᠬᠤᠲᠠ ᠳᠤ 85% ᠶᠢ ᠳᠠᠪᠠᠵᠠᠢ᠃ | ᠪᠡᠯᠡᠳᠭᠡᠭᠰᠡᠨ ᠨᠢ᠄ ᠣᠳᠣᠨᠭᠡᠷᠡᠯ | ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ | ᠰᠦᠯᠵᠢᠶ᠎ᠡ | | | | |