ᠮᠠᠨ ᠤ ᠰᠢᠶᠠᠨ ᠣᠷᠣᠨ ᠪᠦᠰᠡ ᠶᠢᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2022/3/4
  ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠳᠠᠲᠤ ᠪᠠᠶᠢᠯᠳᠤᠭᠠᠨ ᠤ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠵᠦ ᠂ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠮᠡᠨᠳᠤ ᠶᠢ ᠨᠡᠩ ᠪᠦᠲᠦᠮᠵᠢᠲᠡᠶ ᠪᠠᠷ ᠪᠠᠲᠤᠯᠠᠬᠤ ᠶᠢᠨ ᠲᠥᠯᠥᠭᠡ ᠂ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠦᠨᠳᠦᠰᠦᠯᠡᠵᠦ᠂ 3 ᠰᠠᠷ᠎ᠠ ᠶᠢᠨ 3 ᠤ ᠡᠳᠦᠷ᠂ ᠮᠠᠨ ᠤ ᠰᠢᠶᠠᠨ ᠨᠡᠭᠦᠳᠡᠯ ᠠᠷᠠᠳ ᠤᠨ ᠨᠢᠭᠡᠳᠦᠭᠡᠷ ᠬᠤᠭᠤᠴᠠᠭ᠎ᠠ ᠶᠢᠨ ᠶᠣᠰᠣᠯᠠᠯ ᠤᠨ ᠲᠠᠩᠬᠢᠮ ᠤᠨ ᠡᠭᠦᠳᠡᠨ ᠡᠮᠦᠨ᠎ᠡ ᠣᠷᠣᠨ ᠪᠦᠰᠡ ᠶᠢᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃
01.jpg
   ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠥᠯᠢᠭᠡᠷ ᠠᠪᠬᠤ ᠴᠡᠭ ᠤᠨ ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠥᠯᠢᠭᠡᠷ ᠠᠪᠬᠤ ᠴᠡᠭ ᠲᠤ ᠬᠦᠯᠢᠶᠡᠬᠦ ᠭᠠᠵᠠᠷ ᠂ ᠳᠤᠯᠠᠭᠠᠨ ᠤ ᠬᠡᠮᠵᠢᠯᠲᠡ ᠶᠢᠨ ᠭᠠᠵᠠᠷ᠂ ᠬᠦᠯᠢᠶᠡᠬᠦ ᠭᠠᠵᠠᠷ ᠂ ᠦᠯᠢᠭᠡᠷ ᠠᠪᠬᠤ ᠭᠠᠨᠵᠠᠷ ᠂ ᠠᠷᠢᠭᠤᠳᠬᠠᠬᠤ ᠭᠠᠵᠠᠷ ᠂ ᠲᠦᠷ ᠴᠠᠭ ᠤᠨ ᠲᠤᠰᠠᠭᠠᠷᠯᠠᠬᠤ ᠭᠠᠵᠠᠷ ᠵᠡᠷᠭᠡ ᠣᠷᠣᠨ ᠢ ᠪᠠᠶᠢᠷᠢᠯᠠᠭᠤᠯᠵᠤ᠂ ᠲᠣᠳᠣᠷᠬᠠᠢ ᠵᠢᠭᠠᠯᠲᠠ ᠲᠡᠮᠳᠡᠭ ᠲᠠᠯᠪᠢᠵᠤ᠂ ᠠᠮᠠᠪᠴᠢ᠂ ᠠᠷᠢᠭᠤᠳᠬᠠᠬᠤ ᠰᠢᠩᠭᠡᠨ᠂ ᠬᠠᠮᠠᠭᠠᠯᠠᠯᠲᠠ ᠶᠢᠨ ᠬᠤᠪᠴᠠᠰᠤ ᠵᠡᠷᠭᠡ ᠬᠠᠮᠠᠭᠠᠯᠠᠯᠲᠠ ᠶᠢᠨ ᠲᠥᠬᠦᠭᠡᠷᠦᠮᠵᠢ ᠶᠢ ᠭᠦᠢᠴᠡᠳ ᠲᠣᠬᠢᠷᠠᠭᠤᠯᠤᠭᠰᠠᠨ ᠪᠠᠶᠢᠨ᠎ᠠ᠃ ᠡᠯ᠎ᠡ ᠭᠠᠵᠠᠷ ᠣᠷᠣᠨ ᠤ ᠬᠢᠨ ᠠᠵᠢᠯᠲᠠᠨ ᠢᠶᠠᠨ ᠲᠣᠬᠢᠷᠠᠭᠤᠯᠵᠤ ᠡᠮᠬᠢ ᠳᠢᠭᠯᠢᠮ ᠢ ᠬᠠᠮᠠᠭᠠᠯᠠᠭᠤᠯᠤᠨ᠂ ᠣᠯᠠᠨ ᠲᠦᠮᠡᠨ ᠤ ᠮᠠᠳᠠᠭ ᠲᠠᠢ ᠠᠰᠠᠭᠤᠳᠠᠯ ᠢ ᠰᠢᠢᠳᠪᠦᠷᠢᠯᠡᠵᠦ᠂ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠠᠮᠠᠪᠴᠢ ᠵᠡᠭᠦᠯᠭᠡᠵᠦ᠂ ︽ᠨᠢᠭᠡ ᠮᠧᠲᠷ ᠤᠨ ᠱᠤᠭᠤᠮ︾ ᠤᠨ ᠵᠠᠢ ᠲᠠᠢ ᠪᠠᠶᠢᠯᠭᠠᠵᠤ᠂ ᠤᠬᠠᠮᠰᠠᠷ   ᠠᠴᠠ ᠪᠠᠨ ᠮᠦᠷᠯᠡᠨ᠎ᠡ᠃ ᠲᠣᠰ ᠤᠳᠠᠭᠠᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠪᠣᠳᠠᠲᠤ ᠪᠠᠶᠢᠯᠳᠤᠭᠠᠨ ᠤ ᠰᠣᠷᠢᠯᠲᠠ ᠳᠤ ︽ᠦᠨᠡᠨ ᠪᠣᠳᠠᠲᠠᠢ ᠪᠠᠶᠢᠴᠠᠭᠠᠯᠲᠠ ᠬᠢᠬᠦ ︾ ᠠᠷᠭ᠎ᠠ ᠮᠠᠶ᠋ᠢᠭ ᠢ ᠠᠪᠴᠤ᠂ ᠪᠥᠬᠦ ᠲᠠᠯᠠᠪᠤᠷ ᠤᠨ ᠰᠣᠷᠢᠯᠲᠠ ᠶᠢ ᠵᠢᠷᠤᠮᠵᠢᠭᠰᠠᠨ ᠶᠠᠪᠤᠴᠠ ᠶᠢ ᠴᠢᠩᠭ᠎ᠠ ᠵᠢᠷᠤᠮᠯᠠᠨ ᠶᠠᠪᠤᠭᠳᠠᠭᠤᠯᠵᠤ᠂ ᠡᠯ᠎ᠡ ᠳᠤᠭᠤᠶᠢᠯᠠᠩ ᠤᠨ ᠠᠵᠢᠯᠲᠠᠨ ᠤ ᠠᠵᠢᠯ ᠤᠨ ᠬᠤᠪᠢᠶᠠᠷᠢᠯᠠᠯ ᠨᠢ ᠲᠣᠳᠣᠷᠬᠠᠢ᠂ ᠠᠵᠢᠯᠯᠠᠭ᠎ᠠ ᠨᠢ ᠲᠦᠷᠭᠡᠨ᠂ ᠬᠠᠮᠵᠢᠯᠴᠠᠭ᠎ᠠ ᠨᠢ ᠨᠢᠭᠲᠠ ᠪᠠᠶᠢᠳᠠᠭ᠃ ᠦᠯᠢᠭᠡᠷ ᠠᠪᠴᠤ ᠳᠠᠭᠤᠰᠤᠭᠰᠠᠨ ᠤ ᠳᠠᠷᠠᠭ᠎ᠠ᠂ ᠰᠠᠭᠤᠭᠠᠯᠢ ᠠᠷᠠᠳ ᠢᠯᠡᠳᠬᠡᠭᠴᠢ ᠲᠡᠮᠳᠡᠭ ᠢ ᠦᠨᠳᠦᠰᠦᠯᠡᠨ ᠡᠮᠬᠢ ᠵᠢᠷᠤᠮ  ᠲᠠᠢ ᠪᠠᠷ ᠲᠠᠯᠠᠪᠤᠷ ᠠᠴᠠ ᠭᠠᠷᠴᠤ᠂ ᠰᠣᠷᠢᠯᠲᠠ ᠶᠢᠨ ᠲᠤᠬᠠᠢ ᠶᠢᠨ ᠲᠠᠯᠠᠪᠠᠶ ᠨᠢ ᠡᠮᠬᠢ ᠵᠢᠷᠤᠮ  ᠲᠠᠢ ᠪᠠᠷ ᠶᠠᠪᠤᠭᠳᠠᠵᠠᠢ᠃
02.jpg
   ︽ᠣᠳᠣᠬᠠᠨ ᠳᠤ ᠮᠠᠨ ᠤ ᠥᠪᠥᠷ ᠮᠣᠩᠭᠤᠯ ᠤᠨ ᠬᠢᠵᠢᠭ ᠤᠨ ᠪᠠᠶᠢᠳᠠᠯ ᠨᠡᠯᠢᠶᠡᠳ ᠬᠦᠨᠳᠦ ᠨᠣᠴᠢᠲᠠᠢ ᠪᠠᠶᠢᠨ᠎ᠠ᠂ ᠮᠠᠨ ᠤ ᠬᠤᠸᠠᠳᠧ ᠰᠢᠶᠠᠨ ᠤ ᠬᠢᠨ ᠰᠣᠷᠢᠯᠲᠠ ᠶᠢᠨ ᠠᠵᠢᠯᠯᠠᠭ᠎ᠠ   ᠶᠢ ᠴᠠᠭ ᠲᠠᠭᠠᠨ ᠮᠠᠰᠢ ᠲᠣᠬᠢᠷᠠᠭᠰᠠᠨ ᠢᠶᠠᠷ ᠪᠠᠷᠠᠬᠤ ᠦᠭᠡᠢ ᠪᠠᠰᠠ ᠮᠠᠰᠢ ᠴᠢᠬᠤᠯᠠ ᠲᠠᠢ ᠪᠠᠶᠢᠨ᠎ᠠ︾᠃ ᠪᠥᠭᠡᠮ ᠬᠦᠴᠢᠯ ᠤᠨ ᠪᠠᠶᠢᠴᠠᠭᠠᠯᠲᠠ ᠬᠢᠭᠰᠡᠨ ᠰᠠᠭᠤᠭᠠᠯᠢ ᠠᠷᠠᠳ ᠶᠠᠨ ᠹᠧᠢ ᠬᠡᠯᠡᠬᠦ ᠳᠡᠭᠡᠨ᠂ ᠮᠢᠨᠤ ᠦᠵᠡᠬᠦ ᠪᠠᠷ ᠬᠥᠮᠥᠨ ᠪᠦᠷᠢ ᠳᠤ ᠠᠪᠴᠤ ᠬᠡᠯᠡᠪᠡᠯ ᠡᠨᠡ ᠬᠦ ᠪᠥᠭᠡᠮ ᠬᠦᠴᠢᠯ ᠤᠨ ᠪᠠᠶᠢᠴᠠᠭᠠᠯᠲᠠ ᠶᠢ ᠬᠢᠬᠦ ᠨᠢ ᠮᠠᠰᠢ ᠤᠳᠬ᠎ᠠ ᠠᠭᠤᠯᠭ᠎ᠠ ᠲᠠᠢ ᠂ ᠲᠤᠬᠠᠢ ᠶᠢᠨ ᠲᠠᠯᠠᠪᠤᠷ ᠤᠨ ᠬᠠᠮᠵᠢᠯᠴᠠᠭ᠎ᠠ ᠨᠢ ᠴᠦ ᠮᠠᠰᠢ ᠰᠠᠶᠢᠨ ᠪᠠᠶᠢᠨ᠎ᠠ᠃   ᠲᠣᠰ ᠤᠳᠠᠭᠠᠨ ᠤ ᠰᠣᠷᠢᠯᠲᠠ ᠪᠠᠷ ᠳᠡᠮᠵᠢᠨ᠂ ᠪᠥᠬᠦ ᠰᠢᠶᠠᠨ ᠤ ᠠᠷᠠᠳ ᠲᠦᠮᠡᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠭᠡᠨᠡᠳᠲᠡ ᠶᠢᠨ ᠬᠡᠷᠡᠭ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠪᠠ ᠵᠣᠬᠢᠴᠠᠭᠤᠯᠤᠨ ᠪᠠᠶᠢᠯᠳᠤᠬᠤ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠦᠭᠰᠡᠨ ᠤ ᠬᠠᠮᠲᠤ ᠪᠠᠰᠠ ᠮᠠᠨ ᠤ ᠰᠢᠶᠠᠨ ᠤ ᠬᠠᠮᠲᠤᠷᠠᠨ ᠰᠡᠷᠭᠡᠶᠢᠯᠡᠵᠦ ᠬᠠᠮᠲᠤᠷᠠᠨ ᠬᠢᠵᠠᠭᠠᠷᠯᠠᠬᠤ ᠲᠣᠭᠲᠠᠴᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠭᠡᠨᠡᠳᠲᠡ ᠶᠢᠨ ᠬᠢᠵᠢᠭ ᠤᠨ ᠪᠠᠶᠢᠳᠠᠯ ᠢ ᠤᠷᠢᠳᠴᠢᠯᠠᠨ ᠰᠡᠷᠭᠡᠶᠢᠯᠡᠬᠦ ᠪᠠ ᠠᠷᠭᠠᠴᠠᠬᠤ ᠂ ᠠᠷᠠᠳ ᠲᠦᠮᠡᠨ ᠤ ᠠᠮᠢ ᠨᠠᠰᠤ ᠡᠷᠡᠭᠦᠯ ᠮᠡᠨᠳᠦ ᠠᠮᠤᠷ ᠲᠦᠪᠰᠢᠨ ᠢ ᠬᠠᠮᠠᠭᠠᠯᠠᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃
03.jpg
   ︽ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠡᠩ ᠪᠦᠲᠦᠮᠵᠢᠲᠡᠶ ᠪᠠᠷ ᠰᠠᠶᠢᠲᠤᠷ ᠬᠢᠬᠦ ᠶᠢᠨ ᠲᠥᠯᠥᠭᠡ᠂ ᠴᠠᠩᠱᠦ᠋ᠨ ᠪᠠᠯᠭᠠᠰᠤ ᠶᠣᠰᠣᠯᠠᠯ ᠤᠨ ᠲᠠᠩᠬᠢᠮ ᠤᠨ ᠰᠠᠭᠤᠭᠠᠯᠢ ᠲᠣᠭᠤᠷᠢᠭ ᠲᠤ ᠪᠥᠭᠡᠮ ᠬᠦᠴᠢᠯ  ᠤᠨ ᠪᠠᠶᠢᠴᠠᠭᠠᠯᠲᠠ ᠶᠢᠨ ᠰᠣᠷᠢᠯᠲᠠ ᠬᠢᠵᠦ᠂ ᠣᠶᠢᠷ᠎ᠠ ᠬᠠᠪᠢ ᠶᠢᠨ ᠰᠠᠭᠤᠭᠠᠯᠢ ᠲᠣᠭᠤᠷᠢᠭ ᠤᠨ ᠪᠦᠬᠦ ᠰᠠᠭᠤᠭᠠᠯᠢ ᠠᠷᠠᠳ ᠢ ᠳᠠᠶᠢᠴᠢᠯᠠᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠪᠦᠲᠦᠮᠵᠢᠲᠡᠶ ᠪᠠᠷ ᠳᠡᠭᠡᠭᠰᠢᠯᠡᠭᠦᠯᠵᠦ᠂ ᠡᠨᠡ ᠤᠳᠠᠭᠠᠨ ᠤ ᠪᠥᠭᠡᠮ ᠬᠦᠴᠢᠯ ᠤᠨ ᠪᠠᠶᠢᠴᠠᠭᠠᠯᠲᠠ ᠶᠢᠨ ᠰᠣᠷᠢᠯᠲᠠ ᠶᠢ ᠬᠢᠵᠦ ᠪᠠᠶᠢᠬᠤ ᠨᠢ ᠳᠠᠷᠠᠭᠠᠴᠢ ᠶᠢᠨ ᠠᠯᠬᠤᠮ ᠤᠨ ᠪᠣᠳᠠᠲᠤ ᠪᠠᠶᠢᠯᠳᠤᠭᠠᠨ ᠳᠤ ᠪᠠᠲᠤ ᠰᠠᠭᠤᠷᠢ ᠶᠢ ᠲᠠᠯᠪᠢᠪᠡ ᠭᠡᠵᠦ ᠴᠠᠩ ᠱᠦᠨ ᠪᠠᠯᠭᠠᠰᠤᠨ ᠤ ᠳᠠᠷᠤᠭ᠎ᠠ ᠯᠢ ᠵᠢᠢ ᠴᠢᠶᠠᠩ ᠬᠡᠯᠡᠪᠡ ᠃        ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ        ᠣᠷᠴᠢᠭᠤᠯᠤᠭᠴᠢ᠄ ᠣᠳᠣᠨᠭᠡᠷᠡᠯᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ  
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2