ᠮᠠᠨ ᠤ ᠰᠢᠶᠠᠨ ᠤ ᠡᠪᠯᠡᠯ ᠤᠨ ᠰᠢᠶᠠᠨ ᠤ ᠨᠠᠮ ᠤᠨ ᠬᠤᠷᠢᠶ᠎ᠠ ᠭᠤᠣᠯᠳᠠᠯᠭ᠎ᠠ ᠲᠠᠢ ᠣᠨᠴᠠᠭᠠᠢ ᠵᠠᠯᠠᠭᠤᠴᠤᠳ ᠪᠠᠭᠠᠴᠤᠳ ᠢ ᠰᠣᠷᠪᠤᠯᠵᠢᠯᠠᠨ ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2022/4/11
   ︽ᠨᠠᠰᠤᠨ ᠳᠤ ᠦᠯᠤ ᠬᠥᠷᠦᠭᠰᠡᠳ ᠢ ᠬᠠᠮᠠᠭᠠᠯᠠᠬᠤ ᠬᠠᠤᠯᠢ︾ ᠂ ︽ᠨᠠᠰᠤᠨ ᠳᠤ ᠦᠯᠤ ᠬᠥᠷᠦᠭᠰᠡᠳ ᠤᠨ ᠶᠠᠯ᠎ᠠ ᠬᠢᠬᠦ ᠶᠢ ᠰᠡᠷᠭᠡᠶᠢᠯᠡᠬᠦ ᠬᠠᠤᠯᠢ︾ ᠪᠣᠯᠣᠨ ︽ᠭᠡᠷ ᠪᠦᠯᠢ ᠶᠢᠨ ᠬᠥᠮᠦᠵᠢᠯ ᠢ ᠠᠬᠢᠭᠤᠯᠬᠤ ᠬᠠᠤᠯᠢ︾ ᠶᠢ ᠭᠦᠨᠵᠡᠭᠡᠢ ᠰᠤᠷᠤᠯᠴᠠᠨ ᠤᠬᠠᠭᠤᠯᠵᠤ ᠂ ᠨᠠᠰᠤᠨ ᠳᠤ ᠦᠯᠤ ᠬᠥᠷᠦᠭᠰᠡᠳ ᠤᠨ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠂ ᠨᠠᠰᠤᠨ ᠳᠤ ᠦᠯᠤ ᠬᠥᠷᠦᠭᠰᠡᠳ ᠤᠨ ᠬᠠᠤᠯᠢ ᠴᠠᠭᠠᠵᠠ ᠶᠢᠨ ᠦᠵᠡᠯ ᠤᠬᠠᠮᠰᠠᠷ ᠢ ᠦᠨᠡᠨ ᠬᠦ ᠴᠢᠩᠭᠠᠳᠬᠠᠬᠤ ᠶᠢᠨ ᠲᠥᠯᠥᠭᠡ ᠂ ᠨᠡᠶᠢᠭᠡᠮ ᠳᠠᠶᠠᠭᠠᠷ ᠲᠤ ᠨᠠᠰᠤᠨ ᠳᠤ ᠦᠯᠤ ᠬᠥᠷᠦᠭᠰᠡᠳ ᠤᠨ ᠡᠷᠡᠭᠦᠯ ᠢᠶᠠᠷ ᠦᠰᠦᠨ ᠪᠣᠶᠢᠵᠢᠬᠤ ᠶᠢ ᠬᠠᠯᠠᠮᠵᠢᠯᠠᠨ ᠬᠠᠶᠢᠷᠠᠯᠠᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠨ᠎ᠠ᠃

1.jpg

   ᠣᠶᠢᠷ᠎ᠠ ᠳᠤ᠂ ᠡᠪᠯᠡᠯ ᠤᠨ ᠰᠢᠶᠠᠨ ᠤ ᠨᠠᠮ ᠤᠨ ᠬᠤᠷᠢᠶᠠᠨ ᠤ ᠱᠦᠵᠢ ᠶᠠᠨ ᠬᠠᠢ ᠲᠤᠸ᠂ ᠳᠡᠳ᠋ ᠱᠦᠵᠢ ᠸᠧᠢ

ᠨᠠᠨ᠂ ᠬᠤᠸᠠᠳᠧ ᠰᠢᠶᠠᠨ ᠤ ᠶᠡᠷᠦᠩᠬᠡᠢ ᠬᠠᠪᠰᠤᠷᠤᠨ ᠵᠢᠯᠣᠭᠤᠳᠤᠭᠴᠢ ᠭᠤᠸ ᠾᠦᠢ ᠭᠠᠷᠠᠭ ᠤᠨ ᠰᠡᠭᠦᠯᠴᠢ ᠶᠢᠨ

ᠬᠤᠶᠠᠷ ᠡᠳᠦᠷ ᠤᠨ ᠴᠠᠭ ᠢ ᠠᠰᠢᠭᠯᠠᠨ ᠡᠷᠦᠬᠡ ᠳᠤ ᠣᠷᠣᠵᠤ ᠤᠬᠠᠭᠤᠯᠬᠤ ᠰᠢᠷᠢᠰ ᠠᠵᠢᠯᠯᠠᠭ᠎ᠠ ᠥᠷᠨᠢᠭᠦᠯᠪᠡ᠃

2.jpg

   ᠠᠵᠢᠯᠯᠠᠭ᠎ᠠ ᠶᠢᠨ ᠳᠤᠮᠳᠠ᠂ ᠡᠪᠯᠡᠯ ᠤᠨ ᠰᠢᠶᠠᠨ ᠤ ᠨᠠᠮ ᠤᠨ ᠬᠤᠷᠢᠶ᠎ᠠ ᠶᠢᠨ ᠨᠢᠭᠡ ᠪᠦᠯᠦᠭ ᠬᠥᠮᠥᠰ ᠬᠤᠸᠠᠳᠧ

ᠰᠢᠶᠠᠨ ᠤ ᠨᠢᠭᠡᠳᠦᠭᠡᠷ ᠪᠠᠭ᠎ᠠ ᠰᠤᠷᠭᠠᠭᠤᠯᠢ᠂ ᠬᠤᠶᠠᠳᠤᠭᠠᠷ ᠪᠠᠭ᠎ᠠ ᠰᠤᠷᠭᠠᠭᠤᠯᠢ᠂ ᠭᠤᠷᠪᠠᠳᠤᠭᠠᠷ ᠪᠠᠭ᠎ᠠ ᠰᠤᠷᠭᠠᠭᠤᠯᠢ

ᠪᠠ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠶᠢᠨ 17 ᠨᠡᠷᠡᠰ ᠭᠤᠣᠯᠳᠠᠯᠭ᠎ᠠ ᠲᠠᠢ ᠣᠨᠴᠠᠭᠠᠶ ᠵᠠᠯᠠᠭᠤ

ᠪᠠᠭᠠᠴᠤᠳ ᠢ ᠰᠤᠷᠪᠤᠯᠵᠢᠯᠠᠵᠤ᠂ ᠡᠪᠯᠡᠯ ᠤᠨ ᠰᠢᠶᠠᠨ ᠤ ᠨᠠᠮ ᠤᠨ ᠬᠤᠷᠢᠶ᠎ᠠ ᠶᠢᠨ ᠺᠠᠳ᠋ᠷᠴᠤᠳ ᠠᠴᠠ ᠬᠡᠦᠬᠡᠳ ᠵᠢᠴᠢ

ᠲᠡᠳᠡᠨ ᠤ ᠡᠴᠢᠭᠡ ᠡᠬᠡ᠂ ᠭᠡᠷ ᠤᠨ ᠠᠬᠠᠮᠠᠳ ᠲᠤ ᠭᠡᠷ ᠲᠤ ᠨᠢ ᠬᠦᠷᠴᠦ ᠤᠬᠠᠭᠤᠯᠤᠨ ᠲᠠᠶᠢᠯᠪᠤᠷᠢᠯᠠᠵᠤ᠂

ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠬᠠᠤᠯᠢ︾ ︽

ᠨᠠᠰᠤᠨ ᠳᠤ ᠥᠯᠥ ᠭᠦᠷᠦᠭᠰᠡᠳ ᠤᠨ ᠶᠠᠯ᠎ᠠ ᠬᠢᠬᠦ ᠶᠢ ᠰᠡᠷᠭᠡᠶᠢᠯᠡᠬᠦ ᠬᠠᠤᠯᠢ︾ ︽ᠭᠡᠷ ᠪᠦᠯᠢ ᠶᠢᠨ ᠬᠥᠮᠦᠵᠢᠯ ᠢ

ᠠᠬᠢᠭᠤᠯᠬᠤ ᠬᠠᠤᠯᠢ︾ ᠶᠢ ᠤᠬᠠᠭᠤᠯᠬᠤ ᠶᠢᠨ ᠬᠠᠮᠲᠤ ᠤᠬᠠᠭᠤᠯᠬᠤ ᠮᠠᠲ᠋ᠧᠷᠢᠶᠠᠯ ᠲᠠᠷᠬᠠᠭᠠᠵᠠᠢ᠃ ᠲᠣᠰ ᠤᠳᠠᠭᠠᠨ ᠤ

ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠣᠯᠠᠨ ᠲᠦᠮᠡᠨ ᠤ ᠬᠠᠤᠯᠢ ᠴᠠᠭᠠᠵᠠ ᠶᠢᠨ ᠮᠡᠳᠡᠯᠭᠡ ᠶᠢ

ᠪᠠᠶᠠᠯᠢᠭᠵᠢᠭᠤᠯᠵᠤ᠂ ᠨᠠᠰᠤᠨ ᠳᠤ ᠥᠯᠥ ᠭᠦᠷᠦᠭᠰᠡᠳ ᠤᠨ ᠬᠠᠤᠯᠢ ᠰᠠᠬᠢᠯᠭ᠎ᠠ ᠶᠢ ᠵᠢᠷᠤᠮᠯᠠᠬᠤ ᠤᠬᠠᠮᠰᠠᠷ ᠪᠠ ᠥᠷᠭᠡᠨ

ᠣᠯᠠᠨ ᠭᠡᠷ ᠤᠨ ᠠᠬᠠᠮᠠᠳ ᠤᠨ ᠬᠠᠷᠠᠭᠠᠯᠵᠠᠨ ᠬᠠᠮᠠᠭᠠᠯᠠᠬᠤ ᠰᠤᠷᠭᠠᠨ ᠬᠥᠮᠦᠵᠢᠯ ᠤᠨ ᠤᠬᠠᠮᠰᠠᠷ ᠢ ᠤᠯᠠᠮ ᠨᠢᠭᠡ

ᠠᠯᠬᠤᠮ ᠴᠢᠩᠭᠠᠳᠬᠠᠵᠤ᠂ ᠨᠠᠰᠤᠨ ᠳᠤ ᠥᠯᠥ ᠭᠦᠷᠦᠭᠰᠡᠳ ᠲᠤ ᠡᠷᠡᠭᠦᠯ ᠴᠢᠭᠢᠷᠠᠭ᠂ ᠰᠠᠶᠢᠨ ᠰᠠᠶᠢᠬᠠᠨ᠂ ᠠᠮᠤᠷ

ᠲᠦᠪᠰᠢᠨ ᠨᠡᠶᠢᠭᠡᠮ ᠤᠨ ᠦᠰᠦᠨ ᠪᠣᠶᠢᠵᠢᠬᠤ ᠣᠷᠴᠢᠨ ᠨᠥᠬᠦᠴᠡᠯ ᠢ ᠪᠣᠶ ᠪᠣᠯᠭᠠᠵᠤ ᠥᠭᠬᠦ ᠪᠠᠷ ᠵᠣᠷᠢᠯᠭ᠎ᠠ

ᠪᠣᠯᠭᠠᠭᠰᠠᠨ ᠶᠤᠮ᠃

3.jpg

   ᠲᠠᠷᠠᠭᠠᠴᠢ ᠶᠢᠨ ᠠᠵᠢᠯ ᠤᠨ ᠳᠤᠮᠳᠠ᠂ ᠡᠪᠯᠡᠯ ᠤᠨ ᠰᠢᠶᠠᠨ ᠤ ᠬᠤᠷᠢᠶ᠎ᠠ ᠨᠢ ᠡᠪ ᠬᠠᠮᠲᠤ ᠵᠠᠯᠠᠭᠤᠴᠤᠳ ᠤᠨ

ᠡᠪᠯᠡᠯ ᠤᠨ ᠤᠯᠤᠰ ᠲᠥᠷᠥ ᠶᠢᠨ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠨᠠᠰᠤᠨ ᠳᠤ

ᠥᠯᠥ ᠭᠦᠷᠦᠭᠰᠡᠳ ᠢ ᠬᠠᠮᠠᠭᠠᠯᠠᠬᠤ ᠠᠵᠢᠯ ᠢ ᠬᠢᠨᠠᠮᠠᠭᠠᠢ ᠨᠠᠶᠢᠳᠠᠪᠤᠷᠢᠵᠢᠭᠤᠯᠤᠨ᠂ ᠭᠤᠣᠯᠳᠠᠯᠭ᠎ᠠ ᠲᠠᠢ ᠬᠥᠮᠥᠰ ᠲᠤ

ᠴᠢᠭᠯᠡᠭᠦᠯᠦᠨ ᠨᠢᠭᠡ ᠨᠢᠭᠡ ᠪᠠᠷ ᠰᠤᠷᠪᠤᠯᠵᠢᠯᠠᠬᠤ᠂ ᠴᠡᠭ ᠠᠴᠠ ᠴᠡᠭ ᠲᠤ ᠬᠦᠷᠬᠦ ᠤᠬᠠᠭᠤᠯᠭ᠎ᠠ ᠬᠥᠮᠦᠵᠢᠯ ᠢ

ᠦᠷᠭᠦᠯᠵᠢᠯᠡᠨ ᠥᠷᠨᠢᠭᠦᠯᠵᠦ᠂ ᠨᠠᠰᠤᠨ ᠳᠤ ᠥᠯᠥ ᠭᠦᠷᠦᠭᠰᠡᠳ ᠤᠨ ᠡᠷᠡᠭᠦᠯ ᠢᠶᠠᠷ ᠦᠰᠦᠨ ᠪᠣᠶᠢᠵᠢᠬᠤ ᠳᠤ

ᠠᠰᠢᠭᠲᠠᠢ ᠨᠡᠶᠢᠭᠡᠮ ᠤᠨ ᠠᠭᠤᠷ ᠠᠮᠢᠰᠬᠤᠯ ᠢ ᠴᠢᠷᠮᠠᠶᠢᠨ ᠪᠣᠶ ᠪᠣᠯᠭᠠᠵᠤ᠂ ᠨᠠᠰᠤᠨ ᠳᠤ ᠥᠯᠥ ᠭᠦᠷᠦᠭᠰᠡᠳ ᠤᠨ

ᠡᠷᠡᠭᠦᠯ ᠢᠶᠠᠷ ᠦᠰᠦᠨ ᠪᠣᠶᠢᠵᠢᠬᠤ ᠶᠢ ᠰᠠᠬᠢᠨ ᠬᠠᠮᠠᠭᠠᠯᠠᠨ᠎ᠠ᠃

       ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ

       ᠣᠷᠴᠢᠭᠤᠯᠤᠭᠴᠢ᠄ ᠣᠳᠣᠨᠭᠡᠷᠡᠯ

ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2