ᠮᠠᠨ ᠤ ᠰᠢᠶᠠᠨ ᠤ ᠣᠯᠠᠨ ᠲᠦᠮᠡᠨ ᠤ ᠪᠦᠯᠬᠦᠮ ᠤᠨ ᠬᠠᠤᠯᠢ ᠴᠠᠭᠠᠵᠠ ᠶᠢᠨ ᠮᠡᠳᠡᠯᠭᠡ ᠶᠢᠨ ᠤᠬᠠᠭᠤᠯᠭ᠎ᠠ ᠶᠢᠨ ᠳᠤᠭᠤᠶᠢᠯᠠᠩ ᠴᠠᠩᠱᠦ᠋ᠨ ᠪᠠᠯᠭᠠᠰᠤᠨ ᠤ ᠴᠠᠩ ᠹᠧᠩ ᠨᠡᠶᠢᠭᠡᠮ ᠲᠣᠭᠤᠷᠢᠭ ᠲᠤ ᠭᠡᠷ ᠪᠦᠯᠢ ᠶᠢᠨ ᠬᠥᠮᠦᠵᠢᠯ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/4/11
   ᠥᠷᠭᠡᠨ ᠣᠯᠠᠨ ᠠᠷᠠᠳ ᠲᠦᠮᠡᠨ ᠤ ᠭᠡᠷ ᠪᠦᠯᠢ ᠶᠢᠨ ᠬᠥᠮᠦᠵᠢᠯ ᠤᠨ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠲᠡᠳᠡᠨ ᠤ ᠬᠠᠤᠯᠢ ᠴᠠᠭᠠᠵᠠ ᠶᠢᠨ ᠮᠡᠳᠡᠯᠭᠡ ᠶᠢ ᠰᠠᠶᠢᠲᠤᠷ ᠬᠡᠷᠡᠭᠯᠡᠨ ᠥᠪᠡᠷ ᠤᠨ ᠬᠡᠦᠬᠡᠳ ᠢᠶᠠᠨ ᠬᠠᠮᠠᠭᠠᠯᠠᠵᠤ ᠰᠤᠷᠬᠤ ᠶᠢ ᠳᠡᠭᠡᠭᠰᠢᠯᠡᠭᠦᠯᠬᠦ ᠶᠢᠨ ᠲᠥᠯᠥᠭᠡ ᠂ 4 ᠰᠠᠷ᠎ᠠ ᠶᠢᠨ 9 ᠤ ᠡᠳᠦᠷ ᠤᠨ ᠦᠳᠡ ᠶᠢᠨ ᠡᠮᠦᠨ᠎ᠡ᠂ ᠰᠢᠶᠠᠨ ᠤ ᠣᠯᠠᠨ ᠲᠦᠮᠡᠨ ᠤ ᠪᠦᠯᠬᠦᠮ ᠤᠨ ᠬᠠᠤᠯᠢ ᠴᠠᠭᠠᠵᠠ ᠶᠢᠨ ᠮᠡᠳᠡᠯᠭᠡ ᠤᠬᠠᠭᠤᠯᠬᠤ ᠳᠤᠭᠤᠶᠢᠯᠠᠩ ᠴᠠᠩᠱᠦ᠋ᠨ ᠪᠠᠯᠭᠠᠰᠤᠨ ᠤ ᠴᠠᠩ ᠹᠧᠩ ᠨᠡᠶᠢᠭᠡᠮ ᠲᠣᠭᠤᠷᠢᠭ ᠲᠤ ᠭᠡᠷ ᠪᠦᠯᠢ ᠶᠢᠨ ᠬᠥᠮᠦᠵᠢᠯ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
10.png
     ᠰᠢᠶᠠᠨ ᠤ ᠪᠣᠭᠤᠮᠲᠠ ᠶᠢᠨ ᠠᠵᠢᠯ ᠤᠨ ᠺᠣᠮᠢᠰ ᠤᠨ ᠡᠷᠬᠢᠯᠡᠭᠴᠢ ᠳ᠋ᠧᠦ ᠰᠢ ᠯᠢᠶᠠᠨ ᠭᠡᠷ ᠤᠨ ᠠᠬᠠᠮᠠᠳ ᠲᠤ ᠭᠡᠷ ᠪᠦᠯᠢ ᠶᠢᠨ ᠮᠡᠳᠡᠯᠭᠡ ᠶᠢ ᠲᠦᠭᠡᠮᠡᠯᠵᠢᠭᠦᠯᠵᠡᠢ ᠃ ᠬᠦᠦ ᠶᠢ ᠲᠠᠨᠢᠬᠤᠢ ᠳᠤᠷ ᠡᠴᠢᠭᠡ ᠶᠢ  ᠨᠢ ᠦᠵᠡ᠂ ᠬᠡᠦᠬᠡᠨ ᠢ ᠲᠠᠨᠢᠬᠤᠢ ᠳᠤᠷ ᠡᠬᠡ ᠶᠢ  ᠨᠢ ᠦᠵᠡ᠂ ᠭᠡᠷ ᠪᠦᠯᠢ ᠶᠢᠨ ᠡᠴᠢᠭᠡ ᠡᠬᠡ ᠪᠣᠯ ᠬᠡᠦᠬᠡᠳ ᠤᠨ ᠠᠩᠬᠠᠨ ᠤ ᠪᠠᠭᠰᠢ ᠮᠥᠨ᠂ ᠬᠡᠦᠬᠡᠳ ᠤᠨ ᠰᠤᠷᠤᠯᠴᠠᠬᠤ ᠳᠠᠭᠤᠷᠢᠶᠠᠯ ᠮᠥᠨ᠂ ᠡᠶᠢᠮᠦ ᠠᠴᠠ ᠡᠷᠬᠡᠪᠰᠢ ᠭᠡᠷ ᠪᠦᠯᠢ ᠶᠢᠨ ᠬᠥᠮᠦᠵᠢᠯ ᠢ ᠴᠢᠬᠤᠯᠠᠴᠢᠯᠠᠬᠤ ᠬᠡᠷᠡᠭᠲᠡᠢ᠃ ᠰᠢᠶᠠᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠲᠡᠷᠢᠭᠦᠯᠡᠭᠴᠢ ᠯᠢᠦ ᠱᠦ ᠮᠧᠶ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠷ ᠪᠦᠯᠢ ᠶᠢᠨ ᠬᠥᠮᠦᠵᠢᠯ ᠢ ᠠᠬᠢᠭᠤᠯᠬᠤ ᠬᠠᠤᠯᠢ︾ ᠶᠢᠨ ᠬᠤᠶᠠᠳᠤᠭᠠᠷ ᠪᠦᠯᠦᠭ ᠤᠨ ︽ᠭᠡᠷ ᠪᠦᠯᠢ ᠶᠢᠨ ᠬᠠᠷᠢᠭᠤᠴᠠᠯᠭ᠎ᠠ︾ ᠶᠢᠨ ᠠᠭᠤᠯᠭ᠎ᠠ ᠶᠢ ᠨᠠᠷᠢᠨ ᠲᠠᠶᠢᠯᠪᠤᠷᠢᠯᠠᠪᠠ᠂ ᠭᠡᠷ ᠪᠦᠯᠢ ᠪᠣᠯ ᠬᠢᠴᠢᠶᠡᠯ ᠤᠨ ᠲᠠᠩᠬᠢᠮ ᠮᠥᠨ᠂ ᠭᠡᠷ ᠤᠨ ᠠᠬᠠᠮᠠᠳ ᠨᠠᠰᠤᠨ ᠳᠤ ᠥᠯᠥ ᠭᠦᠷᠦᠭᠰᠡᠳ ᠲᠤ ᠭᠡᠷ ᠪᠦᠯᠢ ᠶᠢᠨ ᠬᠥᠮᠦᠵᠢᠯ ᠬᠢᠬᠦ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠵᠥᠪ ᠦᠵᠡᠯ ᠰᠠᠨᠠᠭ᠎ᠠ᠂ ᠠᠷᠭ᠎ᠠ ᠪᠠ ᠦᠶᠯᠡ ᠠᠵᠢᠯᠯᠠᠭ᠎ᠠ ᠪᠠᠷ ᠢᠶᠠᠨ ᠨᠠᠰᠤᠨ ᠳᠤ ᠥᠯᠥ ᠭᠦᠷᠦᠭᠰᠡᠳ ᠢ ᠰᠤᠷᠭᠠᠨ ᠬᠥᠮᠥᠵᠢᠭᠦᠯᠵᠦ᠂ ᠰᠠᠶᠢᠨ ᠰᠠᠶᠢᠬᠠᠨ ᠦᠵᠡᠯ ᠰᠠᠨᠠᠭ᠎ᠠ᠂ ᠵᠠᠩ ᠰᠤᠷᠲᠠᠯ ᠪᠠ ᠦᠶᠯᠡ ᠠᠵᠢᠯᠯᠠᠭᠠᠨ ᠤ ᠳᠠᠳᠬᠠᠯ ᠲᠠᠢ ᠪᠣᠯᠭᠠᠬᠤ ᠬᠡᠷᠡᠭᠲᠡᠢ᠃ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠵᠣᠬᠢᠶᠠᠯᠴᠢᠳ ᠤᠨ ᠡᠪᠯᠡᠯ ᠤᠨ ᠳᠡᠳ᠋ ᠲᠡᠷᠢᠭᠦᠯᠡᠭᠴᠢ ᠵᠧᠩ ᠼᠠᠢ ᠭᠡᠷ ᠪᠦᠯᠢ ᠶᠢᠨ ᠠᠮᠤᠷ ᠲᠦᠪᠰᠢᠨ ᠤ ᠬᠥᠮᠦᠵᠢᠯ ᠤᠨ ᠲᠠᠯ᠎ᠠ ᠶᠢᠨ ᠮᠡᠳᠡᠯᠭᠡ ᠶᠢ ᠲᠠᠶᠢᠯᠪᠤᠷᠢᠯᠠᠪᠠ᠂ ᠠᠮᠤᠷ ᠲᠦᠪᠰᠢᠨ ᠪᠣᠯ ᠠᠯᠢᠪᠠ ᠪᠦᠬᠦᠨ ᠤ ᠤᠷᠢᠲᠠᠯ ᠮᠥᠨ᠂ ᠭᠡᠷ ᠪᠦᠯᠢ ᠶᠢᠨ ᠠᠮᠤᠷ ᠲᠦᠪᠰᠢᠨ ᠪᠣᠯ ᠬᠥᠮᠥᠰ ᠤᠨ ᠵᠣᠯ ᠵᠢᠷᠭᠠᠯᠲᠤ ᠠᠮᠢᠳᠤᠷᠠᠯ ᠪᠠ ᠪᠠᠶᠠᠷ ᠬᠥᠷ ᠲᠠᠢ ᠠᠵᠢᠯ ᠤᠨ ᠰᠠᠭᠤᠷᠢ ᠮᠥᠨ᠃ ᠠᠮᠢᠳᠤᠷᠠᠯ ᠳᠤᠮᠳᠠ ᠦᠷᠭᠦᠯᠵᠢ ᠮᠠᠰᠢ ᠣᠯᠠᠨ ᠠᠶᠤᠯ ᠲᠦᠭᠰᠢᠭᠦᠷᠢ ᠲᠠᠢ ᠪᠠᠶᠢᠳᠠᠯ ᠳᠤ ᠲᠤᠯᠭᠠᠷᠠᠳᠠᠭ ᠂ ᠭᠡᠷ ᠤᠨ ᠠᠬᠠᠮᠠᠳ ᠪᠣᠯᠣᠭᠰᠠᠳ ᠥᠪᠡᠷ ᠢ ᠪᠠᠨ ᠬᠠᠮᠠᠭᠠᠯᠠᠬᠤ ᠪᠠᠷ ᠪᠠᠷᠠᠬᠤ ᠦᠭᠡᠢ ᠂ ᠨᠡᠩ ᠴᠢᠬᠤᠯᠠ ᠨᠢ ᠬᠡᠦᠬᠡᠳ ᠤᠨ ᠢᠶᠠᠨ ᠠᠮᠤᠷ ᠲᠦᠪᠰᠢᠨ ᠢ ᠰᠠᠶᠢᠲᠤᠷ ᠬᠠᠮᠠᠭᠠᠯᠠᠬᠤ ᠶᠠᠪᠤᠳᠠᠯ ᠪᠣᠯᠣᠨ᠎ᠠ ᠃
11.png
   ᠬᠤᠷᠠᠯ ᠳᠤ ᠣᠷᠣᠯᠴᠠᠭᠰᠠᠨ ᠪᠦᠬᠦ ᠬᠥᠮᠥᠰ ᠪᠠᠰᠠ ᠨᠢᠭᠤᠷᠲᠠᠨ ᠶᠠᠷᠢᠯᠴᠠᠵᠤ ᠂ ᠬᠠᠷᠢᠯᠴᠠᠨ‌‍ᠰᠠᠨᠠᠯ ᠢᠶᠠᠨ ᠰᠣᠯᠢᠯᠴᠠᠵᠤ ᠂ ᠬᠡᠷᠬᠢᠨ ᠬᠡᠦᠬᠡᠳ ᠲᠤ ᠭᠡᠷ ᠪᠦᠯᠢ ᠶᠢᠨ ᠬᠥᠮᠦᠵᠢᠯ ᠬᠢᠬᠦ ᠂ ᠬᠡᠷᠬᠢᠨ ᠬᠡᠦᠬᠡᠳ ᠢ ᠬᠠᠮᠠᠭᠠᠯᠠᠬᠤ ᠂ ᠬᠡᠷᠬᠢᠨ ᠭᠡᠷ ᠤᠨ ᠠᠬᠠᠮᠠᠳ ᠤᠨ ᠪᠦᠬᠦᠯᠢ ᠴᠣᠭᠴᠠ ᠶᠢᠨ ᠬᠡᠪ ᠴᠢᠨᠠᠷ ᠢ ᠳᠡᠭᠡᠭᠰᠢᠯᠡᠭᠦᠯᠬᠦ ᠂ ᠭᠡᠷ ᠪᠦᠯᠢ ᠶᠢᠨ ᠲᠣᠭᠲᠠᠭᠤᠨ ᠪᠠᠶᠢᠳᠠᠯ ᠢ ᠪᠠᠲᠤᠯᠠᠬᠤ ᠵᠡᠷᠭᠡ ᠲᠠᠯ᠎ᠠ ᠪᠠᠷ ᠰᠤᠳᠤᠯᠤᠨ ᠶᠠᠷᠢᠯᠴᠠᠵᠤ ᠂ ᠲᠠᠷᠠᠭᠠᠴᠢ ᠶᠢᠨ ᠠᠯᠬᠤᠮ ᠤᠨ ᠤᠷᠳᠤ ᠬᠤᠭᠤᠴᠠᠭ᠎ᠠ ᠪᠠᠷ ᠭᠡᠷ ᠪᠦᠯᠢ ᠶᠢᠨ ᠬᠥᠮᠦᠵᠢᠯ ᠬᠢᠬᠦ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ ᠃   ᠠᠵᠢᠯᠯᠠᠭ᠎ᠠ ᠳᠠᠭᠤᠰᠤᠭᠰᠠᠨ ᠤ ᠳᠠᠷᠠᠭ᠎ᠠ ᠂ ᠭᠡᠷ ᠤᠨ ᠠᠬᠠᠮᠠᠳ ᠤᠳ ᠡᠴᠠ‌ᠡᠶᠢᠮᠦᠷᠬᠦᠦ ᠭᠡᠷ ᠪᠦᠯᠢ ᠶᠢᠨ ᠬᠥᠮᠦᠵᠢᠯ ᠤᠨ ᠤᠬᠠᠭᠤᠯᠭ᠎ᠠ ᠶᠢᠨ ᠠᠵᠢᠯᠯᠠᠭ᠎ᠠ ᠶᠢ ᠢᠯᠡᠭᠦᠬᠡᠨ ᠥᠷᠨᠢᠭᠦᠯᠵᠦ ᠂ ᠨᠡᠩ ᠣᠯᠠᠨ ᠰᠠᠭᠤᠭᠠᠯᠢ ᠠᠷᠠᠳ ᠲᠤ ᠬᠠᠤᠯᠢ ᠴᠠᠭᠠᠵᠠ ᠶᠢᠨ ᠮᠡᠳᠡᠯᠭᠡ ᠪᠠ ᠭᠡᠷ ᠪᠦᠯᠢ ᠶᠢᠨ ᠬᠥᠮᠦᠵᠢᠯ ᠤᠨ ᠮᠡᠳᠡᠯᠭᠡ ᠶᠢ ᠣᠶᠢᠯᠠᠭᠠᠭᠤᠯᠵᠤ ᠂ ᠠᠮᠢᠳᠤᠷᠠᠯ ᠳᠤᠮᠳᠠ ᠪᠠᠨ ᠬᠠᠤᠯᠢ ᠴᠠᠭᠠᠵᠠ ᠶᠢᠨ ᠵᠡᠪᠰᠡᠭ ᠢᠶᠠᠷ ᠥᠪᠡᠷ ᠤᠨ ᠭᠡᠷ ᠪᠦᠯᠢ ᠪᠠᠨ ᠬᠠᠮᠠᠭᠠᠯᠠᠨ᠎ᠠ ᠭᠡᠵᠦ ᠢᠯᠡᠷᠬᠡᠶᠢᠯᠡᠵᠦ ᠪᠠᠶᠢᠪᠠ ᠃        ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ        ᠣᠷᠴᠢᠭᠤᠯᠤᠭᠴᠢ᠄ ᠣᠳᠣᠨᠭᠡᠷᠡᠯᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ   
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2