| 4 ᠳ᠋ᠦ᠋ᠭᠡᠷ ᠰᠠᠷ᠎ᠠ ᠶᠢᠨ 6 ᠤ ᠡᠳᠦᠷ ᠤᠨ ᠦᠳᠡ ᠶᠢᠨ ᠬᠤᠶᠢᠨ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ | ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭ᠎ᠠ ᠪᠥᠭᠡᠳ ᠪᠣᠳᠠᠲᠠᠢ ᠪᠠᠷ ᠰᠠᠶᠢᠲᠤᠷ ᠠᠳᠬᠤᠵᠤ ᠪᠠᠶᠢᠭ᠎ᠠ | ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠪᠠ᠂ ᠬᠠᠮᠲᠤ ᠳᠤ ᠪᠠᠨ ᠣᠶᠢᠯᠠᠭᠠᠶ᠎ᠠ︕ | ᠣᠳᠣᠬᠠᠨ ᠳᠤ ᠬᠢᠵᠢᠭ ᠤᠨ ᠪᠠᠶᠢᠳᠠᠯ ᠮᠥᠨ ᠬᠦ ᠬᠦᠨᠳᠦ ᠨᠣᠴᠢᠲᠠᠢ ᠪᠠᠶᠢᠵᠤ᠂ ᠰᠡᠷᠭᠡᠶᠢᠯᠡᠨ ᠡᠵᠡᠮᠳᠡᠬᠦ ᠳᠤ ᠬᠦᠨᠳᠦ | ᠬᠡᠴᠡᠭᠦᠦ ᠪᠥᠭᠡᠳ ᠪᠤᠳᠤᠯᠢᠶᠠᠨᠲᠠᠢ ᠪᠠᠶᠢᠨ᠎ᠠ | ᠣᠳᠣᠬᠠᠨ ᠳᠤ᠂ ᠪᠥᠬᠦ ᠤᠯᠤᠰ ᠲᠤ ᠰᠢᠨ᠎ᠡ ᠪᠠᠷ ᠨᠡᠮᠡᠭᠳᠡᠬᠦ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ | ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠶᠢᠨ ᠲᠤᠭ᠎ᠠ ᠲᠦᠷᠭᠡᠨ ᠢᠶᠠᠷ ᠨᠡᠮᠡᠭᠳᠡᠵᠦ᠂ ᠬᠡᠰᠡᠭ ᠭᠠᠵᠠᠷ | ᠣᠷᠣᠨ ᠤ ᠨᠡᠶᠢᠭᠡᠮ ᠲᠣᠭᠤᠷᠢᠭ ᠤᠨ ᠲᠠᠷᠬᠠᠯᠲᠠ ᠶᠢ ᠮᠥᠨ ᠬᠦ ᠬᠤᠷᠢᠭᠯᠠᠵᠤ ᠳᠡᠶᠢᠯᠦᠭᠡᠳᠦᠢ᠂ ᠬᠢᠵᠢᠭ ᠤᠨ ᠪᠠᠶᠢᠳᠠᠯ ᠮᠥᠨ ᠬᠦ | ᠬᠦᠨᠳᠦ ᠨᠣᠴᠢᠲᠠᠢ ᠪᠠᠶᠢᠵᠤ᠂ ᠰᠡᠷᠭᠡᠶᠢᠯᠡᠨ ᠡᠵᠡᠮᠳᠡᠬᠦ ᠳᠤ ᠬᠦᠨᠳᠦ ᠬᠡᠴᠡᠭᠦᠦ ᠪᠥᠭᠡᠳ ᠪᠤᠳᠤᠯᠢᠶᠠᠨᠲᠠᠢ ᠪᠠᠶᠢᠨ᠎ᠠ᠃ ︽ | ᠬᠥᠳᠡᠯᠦᠩᠭᠦᠢ ᠪᠠᠷ ᠴᠡᠪᠡᠷᠯᠡᠬᠦ︾ ᠶᠡᠷᠦᠩᠬᠡᠢ ᠴᠢᠭᠯᠡᠯᠲᠡ ᠶᠢ ᠦᠷᠭᠦᠯᠵᠢᠯᠡᠨ ᠡᠷᠡᠭᠡᠯᠵᠡᠰᠢ ᠦᠭᠡᠢ ᠬᠡᠷᠡᠭᠵᠢᠭᠦᠯᠵᠦ᠂ ᠲᠦᠷᠭᠡᠨ | ᠪᠠᠶᠢᠬᠤ ᠶᠢ ᠲᠡᠷᠢᠭᠦᠨ ᠳᠤ ᠲᠠᠯᠪᠢᠵᠤ᠂ ᠭᠤᠣᠯᠳᠠᠯᠭ᠎ᠠ ᠲᠠᠢ ᠭᠠᠵᠠᠷ ᠣᠷᠣᠨ ᠤ ᠪᠠᠶᠢᠴᠠᠭᠠᠬᠤ ᠶᠣᠰᠣᠲᠠᠢ ᠶᠢ ᠨᠢ ᠪᠦᠬᠦᠨ ᠢ | ᠪᠠᠶᠢᠴᠠᠭᠠᠵᠤ᠂ ᠬᠤᠷᠢᠶᠠᠬᠤ ᠶᠣᠰᠣᠲᠠᠢ ᠶᠢ ᠨᠢ ᠪᠦᠬᠦᠨ ᠢ ᠬᠤᠷᠢᠶᠠᠵᠤ᠂ ᠲᠤᠰᠠᠭᠠᠷᠯᠠᠬᠤ ᠶᠣᠰᠣᠲᠠᠢ ᠶᠢ ᠨᠢ ᠪᠦᠬᠦᠨ ᠢ | ᠲᠤᠰᠠᠭᠠᠷᠯᠠᠵᠤ᠂ ᠡᠮᠴᠢᠯᠡᠬᠦ ᠶᠣᠰᠣᠲᠠᠢ ᠶᠢ ᠨᠢ ᠪᠦᠬᠦᠨ ᠢ ᠡᠮᠴᠢᠯᠡᠬᠦ ᠶᠢ ᠱᠠᠯᠠᠪᠳᠠᠨ ᠠᠬᠢᠭᠤᠯᠬᠤ ᠬᠡᠷᠡᠭᠲᠡᠢ᠃ ᠡᠯ᠎ᠡ ᠭᠠᠵᠠᠷ | ᠣᠷᠣᠨ ᠤ ᠬᠢᠨ ᠲᠤᠰᠠᠭᠠᠷᠯᠠᠬᠤ ᠴᠡᠭ ᠪᠠ ᠴᠢᠩᠭᠡᠯᠢᠭᠲᠦ ᠡᠮᠨᠡᠯᠭᠡ ᠶᠢᠨ ᠬᠤᠷᠢᠶᠠᠨ ᠤ ᠨᠥᠭᠡᠴᠡ ᠪᠠᠨ ᠴᠢᠩᠭᠠᠳᠬᠠᠵᠤ᠂ | ᠬᠡᠪᠴᠢᠶᠡᠲᠦ ᠴᠢᠨᠠᠷᠲᠠᠢ ᠬᠢᠵᠢᠭ ᠤᠨ ᠪᠠᠶᠢᠳᠠᠯ ᠢ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ ᠠᠷᠭ᠎ᠠ | ᠪᠦᠬᠦᠨ ᠢ ᠰᠦᠪᠡᠭᠴᠢᠯᠡᠨ ᠤᠯᠠᠨ ᠲᠦᠮᠡᠨ ᠢ ᠬᠠᠪᠰᠤᠷᠤᠨ ᠪᠣᠳᠠᠲᠠᠢ ᠠᠰᠠᠭᠤᠳᠠᠯ ᠢ ᠨᠢ ᠰᠢᠢᠳᠪᠦᠷᠢᠯᠡᠵᠦ᠂ ᠰᠠᠭᠤᠭᠠᠯᠢ | ᠠᠷᠠᠳ ᠤᠨ ᠦᠨᠳᠦᠰᠦᠨ ᠠᠮᠢᠳᠤᠷᠠᠯ ᠪᠠ ᠡᠪᠡᠳᠴᠢᠨ ᠦᠵᠡᠭᠦᠯᠬᠦ ᠬᠡᠷᠡᠭᠴᠡᠭᠡ ᠶᠢ ᠪᠠᠲᠤᠯᠠᠬᠤ ᠬᠡᠷᠡᠭᠲᠡᠢ᠃ | ᠱᠠᠩᠬᠠᠢ ᠪᠣᠯᠣᠨ ᠭᠢᠷᠢᠨ ᠤ ᠬᠢᠵᠢᠭ ᠤᠨ ᠪᠠᠶᠢᠳᠠᠯ ᠮᠥᠨ ᠬᠦ ᠨᠡᠮᠡᠭᠳᠡᠯ ᠤᠨ ᠪᠠᠶᠢᠳᠠᠯ ᠳᠤ ᠣᠷᠣᠰᠢᠵᠤ ᠪᠠᠶᠢᠨ᠎ᠠ | 3 ᠳ᠋ᠤᠭᠠᠷ ᠰᠠᠷ᠎ᠠ ᠶᠢᠨ 1 ᠤ ᠡᠳᠦᠷ ᠠᠴᠠ 4 ᠳ᠋ᠦ᠋ᠭᠡᠷ ᠰᠠᠷ᠎ᠠ ᠶᠢᠨ 5 ᠤ ᠡᠳᠦᠷ ᠪᠣᠯᠲᠠᠯ᠎ᠠ᠂ ᠪᠥᠬᠦ ᠤᠯᠤᠰ ᠲᠤ | ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ ᠨᠡᠶᠢᠲᠡ 176455 ᠮᠡᠳᠡᠭᠦᠯᠵᠦ᠂ 29 ᠮᠤᠵᠢ ᠶᠢ | ᠬᠠᠮᠤᠷᠴᠤ᠂ ᠶᠡᠷᠦᠩᠬᠡᠢ ᠳᠤ ᠪᠠᠨ ᠥᠷᠭᠡᠨ ᠬᠡᠪᠴᠢᠶ᠎ᠡ ᠪᠠᠷ ᠳᠡᠯᠭᠡᠷᠡᠭᠰᠡᠨ᠂ ᠬᠡᠪᠴᠢᠶᠡᠵᠢᠭᠰᠡᠨ ᠴᠢᠨᠠᠷᠲᠠᠢ ᠬᠢᠵᠢᠭ ᠤᠨ ᠪᠠᠶᠢᠳᠠᠯ | ᠪᠠ ᠥᠷᠭᠡᠨ ᠲᠠᠷᠬᠠᠭᠰᠠᠨ ᠬᠢᠵᠢᠭ ᠤᠨ ᠪᠠᠶᠢᠳᠠᠯ ᠰᠣᠯᠪᠢᠴᠠᠵᠤ᠂ ᠭᠠᠳᠠᠭᠰᠢ ᠯᠡᠪᠡᠷᠡᠭᠰᠡᠨ ᠡᠪᠡᠳᠴᠢᠨ ᠤ ᠵᠢᠱᠢᠶ᠎ᠡ ᠵᠢᠴᠢ | ᠦᠷᠭᠦᠯᠵᠢᠯᠡᠨ ᠲᠠᠷᠬᠠᠭᠰᠠᠨ ᠬᠢᠵᠢᠭ ᠤᠨ ᠪᠠᠶᠢᠳᠠᠯ ᠣᠯᠠᠨ ᠡᠭᠦᠰᠬᠦ ᠵᠡᠷᠭᠡ ᠣᠨᠴᠠᠯᠢᠭ ᠢᠯᠡᠷᠡᠵᠡᠢ᠃ | 3 ᠳ᠋ᠤᠭᠠᠷ ᠰᠠᠷ᠎ᠠ ᠶᠢᠨ ᠳᠤᠮᠳᠠᠴᠢ ᠠᠴᠠ ᠨᠠᠭᠠᠰᠢ᠂ ᠡᠯ᠎ᠡ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠷᠭ᠎ᠠ ᠬᠡᠮᠵᠢᠶ᠎ᠡ ᠶᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠳᠠᠭᠠᠯᠳᠤᠨ᠂ ᠡᠭᠦᠨ ᠠᠴᠠ ᠡᠮᠦᠨ᠎ᠡ ᠬᠢᠵᠢᠭ ᠤᠨ ᠪᠠᠶᠢᠳᠠᠯ | ᠨᠡᠯᠢᠶᠡᠳ ᠬᠦᠨᠳᠦ ᠨᠣᠴᠢᠲᠠᠢ ᠪᠠᠶᠢᠭᠰᠠᠨ 5 ᠮᠤᠵᠢ ᠬᠤᠲᠠ ᠶᠢᠨ ᠳᠣᠲᠣᠷ᠎ᠠ ᠭᠤᠸᠠᠩᠳᠦ᠋ᠩ᠂ ᠱᠠᠨᠳᠦ᠋ᠩ᠂ ᠾᠧᠪᠧᠢ ᠵᠡᠷᠭᠡ | ᠮᠤᠵᠢ ᠬᠤᠲᠠ ᠶᠢᠨ ᠬᠢᠵᠢᠭ ᠤᠨ ᠪᠠᠶᠢᠳᠠᠯ ᠴᠥᠮ ᠰᠠᠶᠢᠵᠢᠷᠠᠬᠤ ᠬᠠᠨᠳᠤᠰᠢ ᠲᠠᠢ ᠪᠣᠯᠤᠭᠰᠠᠨ ᠪᠣᠯᠪᠠᠴᠤ ᠱᠠᠩᠬᠠᠢ ᠪᠣᠯᠣᠨ | ᠭᠢᠷᠢᠨ ᠤ ᠬᠢᠵᠢᠭ ᠤᠨ ᠪᠠᠶᠢᠳᠠᠯ ᠮᠥᠨ ᠬᠦ ᠨᠡᠮᠡᠭᠳᠡᠯ ᠤᠨ ᠪᠠᠶᠢᠳᠠᠯ ᠳᠤ ᠣᠷᠣᠰᠢᠭᠰᠠᠭᠠᠷ ᠪᠠᠶᠢᠨ᠎ᠠ᠃ | ●ᠱᠠᠩᠬᠠᠢ ᠬᠤᠲᠠ ᠶᠢᠨ ᠬᠢᠵᠢᠭ ᠤᠨ ᠪᠠᠶᠢᠳᠠᠯ ᠣᠷᠭᠢᠯ ᠤᠨ ᠦᠶ᠎ᠡ ᠳᠤ ᠪᠠᠨ ᠬᠦᠷᠴᠦ᠂ ᠮᠡᠳᠡᠭᠦᠯᠦᠭᠰᠡᠨ | ᠬᠠᠯᠳᠠᠪᠤᠷᠢᠯᠠᠭᠰᠠᠳ ᠨᠡᠶᠢᠲᠡ 90000 ᠭᠠᠷᠤᠢ ᠶᠢ ᠳᠠᠪᠠᠵᠤ᠂ ᠨᠡᠶᠢᠭᠡᠮ ᠲᠣᠭᠤᠷᠢᠭ ᠤᠨ ᠲᠠᠷᠬᠠᠯᠲᠠ ᠨᠡᠯᠢᠶᠡᠳ ᠥᠷᠭᠡᠨ | ᠪᠥᠭᠡᠳ ᠣᠯᠠᠨ ᠮᠤᠵᠢ ᠣᠯᠠᠨ ᠬᠤᠲᠠ ᠳᠤ ᠯᠡᠪᠡᠷᠡᠨ ᠬᠠᠯᠳᠠᠪᠤᠷᠢᠯᠠᠵᠤ᠂ ᠰᠡᠷᠭᠡᠶᠢᠯᠡᠨ ᠡᠵᠡᠮᠳᠡᠬᠦ ᠪᠠᠶᠢᠳᠠᠯ ᠲᠤᠶᠢᠯ ᠤᠨ | ᠬᠦᠨᠳᠦ ᠬᠡᠴᠡᠭᠦᠦ ᠪᠠᠶᠢᠨ᠎ᠠ᠃ | ●ᠭᠢᠷᠢᠨ ᠮᠤᠵᠢ ᠨᠡᠶᠢᠲᠡ 60000 ᠭᠠᠷᠤᠢ ᠬᠠᠯᠳᠠᠪᠤᠷᠢᠯᠠᠭᠰᠠᠳ ᠢ ᠮᠡᠳᠡᠭᠦᠯᠵᠦ᠂ ᠴᠠᠩᠴᠦ᠋ᠨ ᠬᠤᠲᠠ ᠶᠢᠨ | ᠬᠢᠵᠢᠭ ᠤᠨ ᠪᠠᠶᠢᠳᠠᠯ ᠦᠷᠭᠦᠯᠵᠢᠯᠡᠨ ᠬᠦᠨᠳᠦᠷᠡᠵᠦ᠂ ᠮᠥᠨ ᠬᠦ ᠥᠨᠳᠥᠷ ᠪᠠᠶᠢᠷᠢᠨ ᠳᠤ ᠣᠷᠣᠰᠢᠵᠤ ᠪᠤᠢ᠃ ᠭᠢᠷᠢᠨ | ᠬᠤᠲᠠ ᠶᠢᠨ ᠭᠤᠣᠯ ᠬᠤᠲᠠ ᠲᠣᠭᠤᠷᠢᠭ ᠤᠨ ᠬᠢᠵᠢᠭ ᠤᠨ ᠪᠠᠶᠢᠳᠠᠯ ᠪᠠᠭᠤᠷᠠᠵᠤ ᠡᠬᠢᠯᠡᠪᠡ᠃ | ᠸᠠᠺᠼᠢᠨ ᠤ ᠲᠠᠷᠢᠯᠭ᠎ᠠ ᠬᠢᠬᠦ ᠪᠣᠯ ᠬᠦᠨᠳᠦ ᠡᠪᠡᠳᠴᠢᠨ ᠢ ᠪᠠᠭᠠᠰᠬᠠᠬᠤ᠂ ᠦᠬᠦᠬᠦ ᠨᠤᠷᠮ᠎ᠠ ᠶᠢ ᠪᠠᠭᠠᠰᠬᠠᠬᠤ ᠬᠠᠮᠤᠭ ᠤᠨ | ᠰᠠᠶᠢᠨ ᠠᠷᠭ᠎ᠠ ᠬᠡᠮᠵᠢᠶ᠎ᠡ ᠮᠥᠨ | ᠭᠢᠷᠢᠨ ᠤ ᠰᠢᠨ᠎ᠡ ᠲᠢᠲᠢᠮᠯᠢᠭ ᠠᠭᠤᠰᠬᠢᠨ ᠥᠷᠪᠢᠰᠦᠯ ᠤᠨ ᠡᠪᠡᠳᠴᠢᠲᠡᠨ ᠢ ᠡᠮᠨᠡᠨ ᠵᠠᠰᠠᠬᠤ ᠴᠡᠭ ᠲᠣᠭᠲᠠᠭᠠᠭᠰᠠᠨ | ᠡᠮᠨᠡᠯᠭᠡ ᠶᠢᠨ ᠬᠤᠷᠢᠶ᠎ᠠ ᠶᠢᠨ ᠬᠦᠨᠳᠦ ᠪᠠ ᠬᠦᠨᠳᠦ ᠲᠦᠭᠰᠢᠭᠦᠷᠢᠲᠡᠢ ᠡᠪᠡᠳᠴᠢᠲᠡᠨ ᠤ ᠳᠣᠲᠣᠷ᠎ᠠ᠂ ᠸᠠᠺᠼᠢᠨ ᠤ | ᠲᠠᠷᠢᠯᠭ᠎ᠠ ᠶᠢᠨ ᠬᠤᠶᠠᠷ ᠵᠡᠭᠦᠦ ᠲᠠᠷᠢᠭᠰᠠᠨ ᠬᠠᠷᠢᠴᠠᠯ ᠨᠢ ᠵᠥᠪᠬᠡᠨ 15% ᠣᠷᠴᠢᠮ ᠪᠠᠶᠢᠵᠤ᠂ ᠪᠥᠬᠦ ᠤᠯᠤᠰ ᠤᠨ | ᠲᠠᠷᠢᠯᠭ᠎ᠠ ᠬᠢᠭᠰᠡᠨ ᠨᠣᠷᠮ᠎ᠠ ᠲᠠᠢ ᠨᠡᠯᠢᠶᠡᠳ ᠶᠡᠭᠡ ᠵᠥᠷᠢᠶ᠎ᠡ ᠲᠠᠢ ᠪᠠᠶᠢᠨ᠎ᠠ᠃ ᠬᠦᠨᠳᠦ ᠡᠪᠡᠳᠴᠢᠲᠡᠨ ᠳᠤ ᠪᠠᠰᠠ ᠸᠠᠺᠼᠢᠨ ᠤ | ᠲᠠᠷᠢᠯᠭ᠎ᠠ ᠲᠠᠷᠢᠭᠰᠠᠨ ᠦᠭᠡᠢ ᠠᠬᠢᠮᠠᠭ ᠨᠠᠰᠤᠨ ᠤ ᠬᠥᠮᠥᠨ ᠪᠠ ᠠᠬᠢᠮᠠᠭ ᠨᠠᠰᠤᠨ ᠤ ᠬᠥᠮᠥᠰ ᠤᠨ ᠳᠣᠲᠣᠷ᠎ᠠ ᠤᠳᠠᠭᠠᠨ | ᠴᠢᠨᠠᠷᠲᠠᠢ ᠪᠠ ᠰᠠᠭᠤᠷᠢ ᠴᠢᠨᠠᠷᠲᠠᠢ ᠡᠪᠡᠳᠴᠢᠨ ᠳᠤ ᠨᠡᠷᠪᠡᠭᠳᠡᠭᠰᠡᠨ ᠣᠨᠴᠠᠯᠢᠭ ᠢᠯᠡᠷᠡᠭᠰᠡᠨ ᠪᠠᠶᠢᠨ᠎ᠠ᠃ | ᠣᠮᠢᠺᠷᠦᠨ ᠣᠨᠳᠣᠣᠰᠢᠭᠰᠠᠨ ᠸᠢᠷᠦ᠋ᠰ ᠨᠢ ᠬᠠᠯᠳᠠᠪᠤᠷᠢᠯᠠᠬᠤ ᠴᠢᠨᠠᠷ ᠢᠶᠠᠷ ᠴᠢᠩᠭ᠎ᠠ᠂ ᠲᠠᠷᠬᠠᠬᠤ ᠬᠤᠷᠳᠤᠴᠠ ᠨᠢ ᠲᠦᠷᠭᠡᠨ | ᠪᠠᠶᠢᠬᠤ ᠠᠴᠠ ᠭᠠᠳᠠᠨ᠎ᠠ ᠲᠠᠷᠬᠠᠬᠤ ᠶᠠᠪᠤᠴᠠ ᠨᠢ ᠳᠠᠯᠳᠠ ᠨᠢᠭᠤᠴᠠᠭᠠᠢ ᠴᠢᠨᠠᠷᠲᠠᠢ ᠪᠠᠶᠢᠳᠠᠭ᠃ ᠡᠳᠡᠭᠡᠷ ᠬᠦᠴᠦᠨ ᠵᠦᠢᠯ ᠨᠢ | ᠴᠥᠮ ᠰᠡᠭᠦᠯᠴᠢ ᠶᠢᠨ ᠬᠤᠭᠤᠴᠠᠭᠠᠨ ᠳᠤ ᠬᠠᠯᠳᠠᠪᠤᠷᠢᠯᠠᠬᠤ ᠲᠦᠭᠰᠢᠭᠦᠷᠢ ᠶᠢ ᠨᠡᠮᠡᠭᠳᠡᠭᠦᠯᠵᠦ ᠮᠡᠳᠡᠨ᠎ᠡ᠃ ᠨᠠᠰᠤᠲᠠᠶᠢᠴᠤᠳ ᠪᠠ | ᠰᠠᠭᠤᠷᠢ ᠡᠪᠡᠳᠴᠢᠨ ᠲᠠᠢ ᠬᠥᠮᠥᠰ ᠲᠤ ᠠᠪᠴᠤ ᠬᠡᠯᠡᠪᠡᠯ᠂ ᠬᠦᠨᠳᠦ ᠡᠪᠡᠳᠴᠢᠨ ᠢ ᠪᠠᠭᠠᠰᠬᠠᠬᠤ᠂ ᠦᠬᠦᠬᠦ ᠨᠤᠷᠮ᠎ᠠ ᠶᠢ | ᠪᠠᠭᠠᠰᠬᠠᠬᠤ ᠬᠠᠮᠤᠭ ᠤᠨ ᠰᠠᠶᠢᠨ ᠠᠷᠭ᠎ᠠ ᠬᠡᠮᠵᠢᠶ᠎ᠡ ᠪᠣᠯ ᠬᠠᠰᠢ ᠯᠠ ᠸᠠᠺᠼᠢᠨ ᠤ ᠲᠠᠷᠢᠯᠭ᠎ᠠ ᠬᠢᠬᠦ ᠶᠠᠪᠤᠳᠠᠯ ᠪᠣᠯᠣᠨ᠎ᠠ᠃ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠳᠣᠣᠷ᠎ᠠ ᠣᠯᠠᠨ ᠨᠡᠶᠢᠲᠡ ᠶᠢᠨ ᠦᠨᠳᠦᠰᠦᠨ ᠡᠮᠴᠢᠯᠡᠭᠡᠨ ᠤ | ᠱᠠᠭᠠᠷᠳᠠᠯᠭ᠎ᠠ ᠶᠢ ᠰᠢᠢᠳᠪᠦᠷᠢᠯᠡᠬᠦ ᠬᠡᠷᠡᠭᠲᠡᠢ᠂ ᠣᠨᠴᠠᠭᠠᠶᠢᠯᠠᠨ ᠬᠦᠨᠳᠦ ᠲᠦᠭᠰᠢᠭᠦᠷᠢᠲᠡᠢ ᠡᠪᠡᠳᠴᠢᠲᠡᠨ ᠢ ᠡᠮᠨᠡᠨ ᠵᠠᠰᠠᠬᠤ | ᠲᠠᠯ᠎ᠠ ᠪᠠᠷ ᠠᠩᠬᠠᠷᠬᠤ ᠬᠡᠷᠡᠭᠲᠡᠢ | ᠬᠢᠵᠢᠭ ᠤᠨ ᠬᠤᠭᠤᠴᠠᠭᠠᠨ ᠳᠤ᠂ ᠪᠢᠲᠡᠭᠦᠮᠵᠢᠯᠡᠨ ᠬᠢᠵᠠᠭᠠᠷᠯᠠᠬᠤ ᠣᠷᠣᠨ᠂ ᠬᠠᠮᠢᠶᠠᠷᠤᠨ ᠡᠵᠡᠮᠳᠡᠬᠦ ᠣᠷᠣᠨ ᠤ ᠣᠯᠠᠨ | ᠲᠦᠮᠡᠨ ᠤ ᠡᠪᠡᠳᠴᠢᠨ ᠦᠵᠡᠭᠦᠯᠬᠦ ᠠᠰᠠᠭᠤᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠬᠦ ᠬᠡᠷᠡᠭᠲᠡᠢ ᠪᠥᠭᠡᠳ ᠠᠯᠢ | ᠣᠯᠠᠨ ᠠᠷᠭ᠎ᠠ ᠬᠡᠮᠵᠢᠶ᠎ᠡ ᠠᠪᠴᠤ ᠪᠠᠶᠢᠭᠠᠳ ᠡᠳᠡᠭᠡᠷ ᠡᠪᠡᠳᠴᠢᠲᠡᠨ ᠢ ᠴᠠᠭ ᠲᠤᠬᠠᠢ ᠳᠤ ᠨᠢ ᠪᠦᠲᠦᠮᠵᠢᠲᠡᠶ ᠡᠮᠨᠡᠨ | ᠵᠠᠰᠠᠬᠤ ᠶᠢ ᠪᠠᠲᠤᠯᠠᠬᠤ ᠬᠡᠷᠡᠭᠲᠡᠢ᠃ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠠᠴᠠ ᠡᠮᠴᠢᠯᠡᠭᠡᠨ ᠤ | ᠪᠠᠶᠢᠭᠤᠯᠤᠮᠵᠢ ᠪᠠ ᠡᠮᠨᠡᠯᠭᠡ ᠶᠢᠨ ᠠᠵᠢᠯᠲᠠᠨ ᠳᠤ ᠵᠣᠬᠢᠬᠤ ᠱᠠᠭᠠᠷᠳᠠᠯᠭ᠎ᠠ ᠳᠤᠷᠠᠳᠬᠤ ᠶᠢ ᠴᠢᠬᠤᠯᠠᠴᠢᠯᠠᠪᠠ᠄ | ●ᠲᠦᠷᠭᠡᠨ ᠡᠮᠨᠡᠬᠦ ᠲᠦᠷᠭᠡᠨ ᠠᠪᠤᠷᠠᠬᠤ ᠲᠠᠰᠤᠭ᠂ ᠮᠡᠰᠡ ᠵᠠᠰᠠᠯ ᠤᠨ ᠲᠠᠰᠤᠭ᠂ ᠡᠪᠡᠳᠴᠢᠲᠡᠨ ᠤ ᠥᠷᠥᠭᠡ ᠵᠢᠴᠢ | ᠬᠥᠩᠭᠡᠵᠢᠭᠦᠯᠬᠦ ᠰᠠᠯᠠᠭ᠎ᠠ ᠳᠤ ᠵᠣᠬᠢᠬᠤ ᠪᠠᠴᠢᠮ ᠪᠠᠶᠢᠳᠠᠯ ᠢ ᠠᠷᠭᠠᠴᠠᠭᠠᠬᠤ ᠣᠷᠣᠨ ᠪᠤᠶᠤ ᠨᠠᠮᠳᠠᠭᠤᠯᠬᠤ ᠣᠷᠣᠨ | ᠲᠣᠬᠢᠷᠠᠭᠤᠯᠵᠤ᠂ ᠪᠥᠭᠡᠮ ᠬᠦᠴᠢᠯ ᠤᠨ ᠪᠠᠶᠢᠴᠠᠭᠠᠯᠲᠠ ᠶᠢᠨ ᠦᠷ᠎ᠡ ᠳ᠋ᠦᠩ ᠭᠠᠷᠬᠤ ᠠᠴᠠ ᠡᠮᠦᠨ᠎ᠡ ᠬᠦᠨᠳᠦ ᠲᠦᠭᠰᠢᠭᠦᠷᠢᠲᠡᠢ | ᠡᠪᠡᠳᠴᠢᠲᠡᠨ ᠢ ᠠᠪᠤᠷᠠᠨ ᠵᠠᠰᠠᠬᠤ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ | ●ᠡᠯ᠎ᠡ ᠭᠠᠵᠠᠷ ᠤᠨ ᠬᠢᠨ ᠵᠢᠷᠮᠦᠰᠦᠨ ᠡᠮᠡᠭᠲᠡᠢ ᠬᠥᠩᠭᠡᠵᠢᠭᠰᠡᠨ ᠡᠮᠡᠭᠲᠡᠢ᠂ ᠨᠡᠪᠴᠢᠭᠦᠯᠦᠨ ᠢᠯᠭᠠᠷᠠᠭᠤᠯᠬᠤ ᠵᠠᠰᠠᠯᠭ᠎ᠠ | ᠬᠢᠬᠦ ᠬᠦᠮᠦᠰ᠂ ᠰᠠᠴᠤᠷᠠᠭ ᠬᠢᠮᠢ ᠶᠢᠨ ᠵᠠᠰᠠᠯᠭ᠎ᠠ ᠬᠢᠬᠦ ᠬᠥᠮᠥᠰ ᠤᠨ ᠦᠨᠳᠦᠰᠦᠨ ᠰᠠᠭᠤᠷᠢ ᠲᠤᠭ᠎ᠠ ᠶᠢ ᠪᠦᠷᠢᠳᠬᠡᠵᠦ᠂ | ᠦᠨᠳᠦᠰᠦᠨ ᠰᠠᠭᠤᠷᠢ ᠪᠠᠶᠢᠳᠠᠯ ᠢ ᠨᠢ ᠲᠣᠳᠣᠷᠬᠠᠢ ᠣᠶᠢᠯᠠᠭᠠᠵᠤ᠂ ᠨᠠᠷᠢᠨ ᠳᠠᠩᠰᠠ ᠪᠠᠶᠢᠭᠤᠯᠤᠨ᠂ ᠡᠳᠡᠭᠡᠷ ᠡᠪᠡᠳᠴᠢᠲᠡᠨ ᠢ | ᠪᠦᠲᠦᠮᠵᠢᠲᠡᠶ ᠪᠠᠷ ᠮᠥᠷᠳᠡᠨ ᠳᠠᠭᠠᠵᠤ᠂ ᠡᠮᠨᠡᠨ ᠵᠠᠰᠠᠬᠤ ᠴᠢᠬᠤᠯᠠᠲᠠᠢ ᠦᠶ᠎ᠡ ᠳᠤ ᠴᠠᠭ ᠲᠤᠬᠠᠢ ᠳᠤ ᠨᠢ ᠡᠮᠨᠡᠨ ᠵᠠᠰᠠᠬᠤ | ᠬᠡᠷᠡᠭᠲᠡᠢ ᠭᠡᠵᠦ ᠱᠠᠭᠠᠷᠳᠠᠵᠠᠢ᠃ | ●ᠤᠳᠠᠭᠠᠨ ᠴᠢᠨᠠᠷᠲᠠᠢ ᠤᠷᠲᠤ ᠬᠤᠭᠤᠴᠠᠭ᠎ᠠ ᠪᠠᠷ ᠡᠮ ᠬᠡᠷᠡᠭᠯᠡᠵᠦ ᠪᠠᠶᠢᠭ᠎ᠠ ᠡᠪᠡᠳᠴᠢᠲᠡᠨ ᠳᠤ ᠣᠶᠢᠷ᠎ᠠ ᠬᠠᠪᠢ ᠶᠢᠨ | ᠡᠮᠴᠢᠯᠡᠭᠡᠨ ᠤ ᠪᠠᠶᠢᠭᠤᠯᠤᠮᠵᠢ ᠶᠢ ᠲᠣᠬᠢᠷᠠᠭᠤᠯᠵᠤ ᠵᠣᠬᠢᠬᠤ ᠡᠮ ᠤᠨ ᠵᠣᠷ ᠥᠭᠭᠦᠨ᠎ᠡ᠂ ᠵᠠᠷᠢᠮ ᠤᠳᠠᠭᠠᠨ ᠴᠢᠨᠠᠷᠲᠠᠢ | ᠡᠪᠡᠳᠴᠢᠲᠡᠨ ᠳᠤ ᠡᠪᠡᠳᠴᠢᠨ ᠤ ᠪᠠᠶᠢᠳᠠᠯ ᠲᠠᠢ ᠨᠢ ᠤᠶᠠᠯᠳᠤᠭᠤᠯᠤᠨ ᠡᠮ ᠤᠨ ᠵᠣᠷ ᠢ ᠨᠢ 12 ᠭᠠᠷᠠᠭ ᠪᠣᠯᠲᠠᠯ᠎ᠠ | ᠤᠷᠲᠤᠳᠬᠠᠵᠤ ᠪᠣᠯᠬᠤ ᠪᠥᠭᠡᠳ ᠭᠡᠷ ᠲᠤ ᠨᠢ ᠬᠦᠷᠴᠦ ᠡᠮ ᠬᠦᠷᠭᠡᠬᠦ ᠦᠢᠯᠡᠴᠢᠯᠡᠭᠡ ᠬᠠᠩᠭᠠᠬᠤ ᠶᠢ ᠰᠠᠨᠠᠭᠤᠯᠵᠤ ᠪᠠᠶᠢᠨ᠎ᠠ᠃ | ᠣᠮᠢᠺᠷᠦᠨ ᠤ ᠬᠤᠣᠷ ᠬᠥᠨᠥᠭᠡᠯ ᠨᠢ ᠬᠠᠯᠳᠠᠪᠤᠷᠢᠲᠤ ᠲᠠᠭᠰᠢᠭᠤᠷ ᠠᠴᠠ ᠶᠡᠭᠡ ᠪᠠᠶᠢᠳᠠᠭ᠂ ᠭᠤᠷᠪᠠ ᠤᠳᠠᠭᠠᠨ ᠤ | ᠸᠠᠺᠼᠢᠨ ᠤ ᠲᠠᠷᠢᠯᠭ᠎ᠠ ᠶᠢ ᠲᠠᠷᠢᠬᠤ ᠨᠢ ᠣᠮᠢᠺᠷᠦᠨ ᠳᠤ ᠬᠠᠯᠳᠠᠪᠤᠷᠢᠯᠠᠭᠳᠠᠭᠰᠠᠨ ᠤ ᠳᠠᠷᠠᠭᠠᠬᠢ ᠡᠪᠡᠳᠴᠢᠨ ᠢᠶᠠᠷ ᠦᠬᠦᠬᠦ | ᠨᠣᠷᠮ᠎ᠠ ᠶᠢ ᠪᠦᠲᠦᠮᠵᠢᠲᠡᠶ ᠪᠠᠭᠤᠷᠠᠭᠤᠯᠵᠤ ᠴᠢᠳᠠᠨ᠎ᠠ | ᠣᠮᠢᠺᠷᠦᠨ ᠤ ᠬᠤᠣᠷᠲᠤ ᠴᠢᠨᠠᠷ ᠪᠠᠭᠤᠷᠠᠭᠰᠠᠨ ᠪᠠᠶᠢᠳᠠᠯ ᠪᠣᠯ ᠥᠩᠭᠡᠷᠡᠭᠰᠡᠨ ᠤ ᠬᠤᠣᠷᠲᠤ ᠸᠢᠷᠦ᠋ᠰ ᠲᠠᠢ ᠬᠠᠷᠢᠴᠠᠭᠤᠯᠵᠤ | ᠬᠡᠯᠡᠭᠰᠡᠨ ᠶᠤᠮ᠃ ᠣᠳᠣᠬᠠᠨ ᠳᠤ ᠲᠡᠭᠦᠨ ᠤ ᠬᠤᠣᠷᠲᠤ ᠴᠢᠨᠠᠷ ᠨᠢ ᠮᠥᠨ ᠯᠡ ᠬᠠᠯᠳᠠᠪᠤᠷᠢᠲᠤ ᠲᠠᠭᠰᠢᠭᠤᠷ ᠠᠴᠠ ᠥᠨᠳᠥᠷ | ᠪᠠᠶᠢᠭᠰᠠᠭᠠᠷ᠂ ᠢᠯᠠᠩᠭᠤᠶ᠎ᠠ ᠸᠠᠺᠼᠢᠨ ᠤ ᠲᠠᠷᠢᠯᠭ᠎ᠠ ᠬᠢᠭᠰᠡᠨ ᠦᠭᠡᠢ ᠪᠤᠶᠤ ᠸᠠᠺᠼᠢᠨ ᠤ ᠪᠥᠬᠦ ᠶᠠᠪᠤᠴᠠ ᠶᠢᠨ ᠲᠠᠷᠢᠯᠭ᠎ᠠ | ᠬᠢᠭᠰᠡᠨ ᠦᠭᠡᠢ ᠨᠠᠰᠤᠲᠠᠶᠢᠴᠤᠳ ᠲᠤ ᠠᠪᠴᠤ ᠬᠡᠯᠡᠪᠡᠯ ᠨᠠᠩ ᠶᠡᠭᠡ ᠬᠤᠣᠷ ᠬᠥᠨᠥᠭᠡᠯ ᠲᠠᠢ ᠶᠤᠮ᠃ ᠰᠢᠶᠠᠩᠭᠠᠩ ᠣᠨᠴᠠᠭᠠᠢ | ᠵᠠᠰᠠᠭ ᠵᠠᠬᠢᠷᠭᠠᠨ ᠤ ᠣᠷᠣᠨ ᠤ ᠲᠤᠭ᠎ᠠ ᠪᠠᠷᠢᠮᠲᠠ ᠶᠢᠨ ᠢᠯᠡᠷᠡᠭᠦᠯᠦᠭᠰᠡᠨ ᠢᠶᠠᠷ᠂ ᠣᠳᠣᠬᠠᠨ ᠳᠤ 110 ᠭᠠᠷᠤᠢ ᠲᠦᠮᠡᠨ | ᠬᠠᠯᠳᠠᠪᠤᠷᠢᠯᠠᠭᠰᠠᠳ ᠤᠨ ᠳᠣᠲᠣᠷ᠎ᠠ 8000 ᠭᠠᠷᠤᠢ ᠬᠥᠮᠥᠨ ᠦᠬᠦᠵᠦ᠂ ᠡᠪᠡᠳᠴᠢᠨ ᠢᠶᠠᠷ ᠦᠬᠦᠭᠰᠡᠨ ᠨᠣᠷᠮ᠎ᠠ ᠨᠢ 0. | 7% ᠶᠢ ᠡᠵᠡᠯᠡᠨ᠂ ᠡᠨᠡ ᠬᠦ ᠡᠪᠡᠳᠴᠢᠨ ᠢᠶᠠᠷ ᠦᠬᠦᠭᠰᠡᠨ ᠨᠣᠷᠮ᠎ᠠ ᠨᠢ ᠬᠠᠯᠳᠠᠪᠤᠷᠢᠲᠤ ᠲᠠᠭᠰᠢᠭᠤᠷ ᠤᠨ ᠡᠪᠡᠳᠴᠢᠨ ᠢᠶᠠᠷ | ᠦᠬᠦᠭᠰᠡᠨ ᠨᠣᠷᠮ᠎ᠠ ᠠᠴᠠ ᠬᠤᠯᠠ ᠥᠨᠳᠥᠷ ᠪᠠᠶᠢᠨ᠎ᠠ᠃ ᠡᠭᠦᠨ ᠠᠴᠠ ᠭᠠᠳᠠᠨ᠎ᠠ᠂ ᠰᠢᠶᠠᠩᠭᠠᠩ ᠤᠨ ᠬᠢᠵᠢᠭ ᠤᠨ | ᠪᠠᠶᠢᠳᠠᠯ ᠤᠨ ᠲᠤᠭ᠎ᠠ ᠪᠠᠷᠢᠮᠲᠠ ᠠᠴᠠ ᠪᠢᠳᠡᠨ ᠳᠤ ᠸᠠᠺᠼᠢᠨ ᠤ ᠲᠠᠷᠢᠯᠭ᠎ᠠ ᠬᠢᠬᠦ ᠡᠰᠡᠬᠦ ᠨᠢ ᠡᠪᠡᠳᠴᠢᠨ ᠢᠶᠠᠷ ᠦᠬᠦᠬᠦ | ᠨᠣᠷᠮ᠎ᠠ ᠲᠠᠢ ᠨᠢᠭᠲᠠ ᠬᠤᠯᠪᠣᠭ᠎ᠠ ᠲᠠᠢ ᠭᠡᠳᠡᠭ ᠮᠠᠰᠢ ᠴᠢᠬᠤᠯᠠ ᠰᠠᠨᠠᠭᠤᠯᠤᠮᠵᠢ ᠥᠭᠴᠡᠢ᠃ ᠰᠢᠶᠠᠩᠭᠠᠩ ᠤᠨ | ᠡᠪᠡᠳᠴᠢᠨ ᠢᠶᠠᠷ ᠦᠬᠦᠭᠰᠡᠨ ᠬᠥᠮᠥᠰ ᠤᠨ ᠲᠤᠭ᠎ᠠ ᠪᠠᠷᠢᠮᠲᠠ ᠠᠴᠠ ᠦᠵᠡᠪᠡᠯ᠂ ᠸᠠᠺᠼᠢᠨ ᠤ ᠲᠠᠷᠢᠯᠭ᠎ᠠ ᠬᠢᠭᠰᠡᠨ ᠦᠭᠡᠢ | ᠬᠥᠮᠥᠨ ᠤ ᠦᠬᠦᠬᠦ ᠨᠣᠷᠮ᠎ᠠ ᠨᠢ 3.2%᠂ ᠨᠢᠭᠡ ᠲᠠᠷᠢᠯᠭ᠎ᠠ ᠬᠢᠭᠰᠡᠨ ᠬᠥᠮᠥᠨ ᠤ ᠦᠬᠦᠬᠦ ᠨᠣᠷᠮ᠎ᠠ ᠨᠢ 0.96%᠂ | ᠬᠤᠶᠠᠷ ᠲᠠᠷᠢᠯᠭ᠎ᠠ ᠬᠢᠭᠰᠡᠨ ᠬᠥᠮᠥᠨ ᠤ ᠦᠬᠦᠬᠦ ᠨᠣᠷᠮ᠎ᠠ ᠨᠢ 0.14%᠂ ᠭᠤᠷᠪᠠᠨ ᠲᠠᠷᠢᠯᠭ᠎ᠠ ᠬᠢᠭᠰᠡᠨ ᠬᠥᠮᠥᠨ ᠤ | ᠦᠬᠦᠬᠦ ᠨᠣᠷᠮ᠎ᠠ ᠨᠢ 0.03% ᠬᠦᠷᠴᠦ ᠪᠤᠢ᠃ ᠡᠲᠡᠭᠡᠷ ᠲᠤᠭ᠎ᠠ ᠪᠠᠷᠢᠮᠲᠠ ᠠᠴᠠ ᠦᠵᠡᠪᠡᠯ᠂ ᠭᠤᠷᠪᠠ ᠤᠳᠠᠭᠠᠨ ᠤ | ᠸᠠᠺᠼᠢᠨ ᠤ ᠲᠠᠷᠢᠯᠭ᠎ᠠ ᠬᠢᠬᠦ ᠨᠢ ᠣᠮᠢᠺᠷᠦᠨ ᠳᠤ ᠬᠠᠯᠳᠠᠪᠤᠷᠢᠯᠠᠭᠳᠠᠭᠰᠠᠨ ᠤ ᠳᠠᠷᠠᠭᠠᠬᠢ ᠦᠬᠦᠬᠦ ᠨᠣᠷᠮ᠎ᠠ ᠶᠢ ᠪᠦᠲᠦᠮᠵᠢᠲᠡᠶ | ᠪᠠᠭᠤᠷᠠᠭᠤᠯᠵᠤ ᠴᠢᠳᠠᠨ᠎ᠠ᠃ | ᠴᠡᠴᠡᠭ ᠤᠨ ᠲᠣᠭᠤᠰᠣᠨ ᠳᠤ ᠬᠠᠷᠰᠢᠬᠤ ᠨᠢ ᠸᠠᠺᠽᠢᠨ ᠤ ᠲᠠᠷᠢᠯᠭ᠎ᠠ ᠶᠢᠨ ᠴᠡᠭᠡᠷ ᠲᠤ ᠪᠠᠭᠲᠠᠬᠤ ᠦᠭᠡᠢ | ᠬᠠᠪᠤᠷ ᠤᠨ ᠤᠯᠠᠷᠢᠯ ᠳᠤ ᠴᠡᠴᠡᠭ ᠳᠡᠯᠭᠡᠷᠡᠬᠦ ᠦᠶ᠎ᠡ ᠳᠤ᠂ ᠥᠩᠭᠡᠷᠡᠭᠰᠡᠨ ᠳᠤ ᠴᠡᠴᠡᠭ ᠤᠨ ᠲᠣᠭᠤᠰᠣᠨ ᠳᠤ ᠬᠠᠷᠰᠢᠬᠤ | ᠡᠪᠡᠳᠴᠢᠨ ᠤ ᠲᠡᠦᠬᠡ ᠲᠠᠢ ᠪᠠᠶᠢᠭᠰᠠᠨ ᠵᠠᠷᠢᠮ ᠬᠥᠮᠥᠰ ᠡᠬᠢᠯᠡᠨ ᠡᠪᠡᠳᠴᠢᠯᠡᠳᠡᠭ᠂ ᠡᠭᠦᠨ ᠳᠤ ᠨᠢᠳᠦ ᠵᠠᠭᠠᠲᠤᠨᠠᠬᠤ᠂ | ᠨᠠᠶᠢᠲᠠᠭᠠᠬᠤ᠂ ᠬᠠᠨᠢᠶᠠᠬᠤ ᠵᠡᠷᠭᠡ ᠪᠠᠭᠲᠠᠨ᠎ᠠ᠂ ᠬᠦᠨᠳᠦᠷᠡᠬᠦ ᠳᠤ ᠪᠠᠨ ᠪᠠᠰᠠ ᠠᠭᠰᠠᠭ᠎ᠠ ᠳᠠᠪᠬᠤᠴᠠᠬᠤ ᠡᠪᠡᠳᠴᠢᠨ ᠢᠯᠡᠷᠡᠨ᠎ᠡ᠃ | ᠵᠠᠷᠢᠮ ᠠᠷᠭ᠎ᠠ ᠬᠡᠮᠵᠢᠶ᠎ᠡ ᠨᠢ ᠴᠡᠴᠡᠭ ᠤᠨ ᠲᠣᠭᠤᠰᠣᠨ ᠳᠤ ᠬᠠᠷᠰᠢᠬᠤ ᠡᠪᠡᠳᠴᠢᠨ ᠡᠭᠦᠰᠬᠦ ᠶᠢ ᠰᠡᠷᠭᠡᠶᠢᠯᠡᠵᠦ ᠴᠢᠳᠠᠨ᠎ᠠ᠃ | ᠡᠭᠦᠨ ᠳᠤ ᠠᠮᠠᠪᠴᠢ ᠵᠡᠭᠦᠬᠦ᠂ ᠴᠡᠴᠡᠭ ᠤᠨ ᠲᠣᠭᠤᠰᠣᠨ ᠤ ᠣᠷᠴᠢᠨ ᠠᠴᠠ ᠬᠤᠯᠠ ᠵᠠᠶᠢᠳᠠᠬᠤ ᠵᠡᠷᠭᠡ ᠪᠠᠭᠲᠠᠨ᠎ᠠ᠃ ᠬᠡᠷᠪᠡ | ᠶᠠᠭ ᠴᠡᠴᠡᠭ ᠤᠨ ᠲᠣᠭᠤᠰᠣᠨ ᠳᠤ ᠬᠠᠷᠰᠢᠬᠤ ᠪᠠᠶᠢᠳᠠᠯ ᠭᠠᠷᠴᠤ ᠪᠠᠶᠢᠪᠠᠯ ᠪᠠᠰᠠ ᠵᠠᠷᠢᠮ ᠡᠮ ᠢᠶᠠᠷ ᠡᠪᠡᠳᠴᠢᠨ ᠤ ᠢᠯᠡᠷᠡᠯ ᠢ | ᠨᠠᠮᠳᠠᠭᠤᠯᠵᠤ ᠪᠣᠯᠣᠨ᠎ᠠ᠃ ᠰᠢᠨ᠎ᠡ ᠲᠢᠲᠢᠮᠯᠢᠭ ᠠᠭᠤᠰᠬᠢᠨ ᠥᠷᠪᠢᠰᠦᠯ ᠤᠨ ᠸᠠᠺᠼᠢᠨ ᠳᠤ ᠭᠤᠣᠯᠳᠠᠭᠤ ᠲᠠᠪᠤᠨ ᠵᠦᠢᠯ ᠤᠨ | ᠴᠡᠭᠡᠷᠯᠡᠬᠦ ᠡᠪᠡᠳᠴᠢᠨ ᠪᠣᠶ᠂ ᠴᠡᠴᠡᠭ ᠤᠨ ᠲᠣᠭᠤᠰᠣᠨ ᠤ ᠬᠠᠷᠰᠢᠯ ᠨᠢ ᠸᠠᠺᠼᠢᠨ ᠤ ᠲᠠᠷᠢᠯᠭ᠎ᠠ ᠶᠢᠨ ᠴᠡᠭᠡᠷ ᠲᠤ ᠪᠠᠭᠲᠠᠬᠤ | ᠦᠭᠡᠢ᠃ ᠸᠠᠺᠼᠢᠨ ᠤ ᠲᠠᠷᠢᠯᠭ᠎ᠠ ᠬᠢᠬᠦ ᠦᠶ᠎ᠡ ᠳᠤ᠂ ᠬᠡᠷᠪᠡ ᠶᠠᠭ ᠰᠠᠶᠢᠬᠠᠨ ᠴᠡᠴᠡᠭ ᠤᠨ ᠲᠣᠭᠤᠰᠣᠨ ᠳᠤ ᠬᠠᠷᠰᠢᠬᠤ | ᠲᠦᠷᠭᠡᠨ ᠴᠢᠨᠠᠷᠲᠠᠢ ᠡᠪᠡᠳᠴᠢᠨ ᠬᠥᠳᠡᠯᠬᠦ ᠬᠤᠭᠤᠴᠠᠭᠠᠨ ᠳᠤ ᠪᠠᠶᠢᠵᠤ᠂ ᠢᠯᠠᠩᠭᠤᠶ᠎ᠠ ᠬᠦᠨᠳᠦ ᠨᠣᠴᠢᠲᠠᠢ ᠳᠠᠪᠬᠤᠴᠠᠭᠰᠠᠨ | ᠡᠪᠡᠳᠴᠢᠨ ᠳᠤ ᠨᠡᠷᠪᠡᠭᠳᠡᠪᠡᠯ᠂ ᠰᠢᠨ᠎ᠡ ᠲᠢᠲᠢᠮᠯᠢᠭ ᠠᠭᠤᠰᠬᠢᠨ ᠥᠷᠪᠢᠰᠦᠯ ᠤᠨ ᠸᠠᠺᠼᠢᠨ ᠤ ᠲᠠᠷᠢᠯᠭ᠎ᠠ ᠬᠢᠬᠦ ᠶᠢ | ᠬᠤᠶᠢᠰᠢᠯᠠᠭᠤᠯᠬᠤ ᠶᠢ ᠰᠠᠨᠠᠭᠤᠯᠵᠤ ᠪᠠᠶᠢᠨ᠎ᠠ᠃ | ᠪᠡᠯᠡᠳᠭᠡᠭᠰᠡᠨ ᠨᠢ᠄ ᠣᠳᠣᠨᠭᠡᠷᠡᠯ | ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ | ᠰᠦᠯᠵᠢᠶ᠎ᠡ | | |