ᠮᠠᠨ ᠤ ᠰᠢᠶᠠᠨ ᠤ ᠣᠯᠠᠨ ᠲᠦᠮᠡᠨ ᠤ ᠪᠦᠯᠬᠦᠮ ᠤᠨ ᠬᠠᠤᠯᠢ ᠴᠠᠭᠠᠵᠠ ᠶᠢᠨ ᠮᠡᠳᠡᠯᠭᠡ ᠶᠢᠨ ᠤᠬᠠᠭᠤᠯᠭ᠎ᠠ ᠶᠢᠨ ᠳᠤᠭᠤᠶᠢᠯᠠᠩ ᠬᠤᠶᠠᠳᠤᠭᠠᠷ ᠳᠤᠮᠳᠠᠳᠤ ᠰᠤᠷᠭᠠᠭᠤᠯᠢ ᠳᠤ ︽ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠬᠠᠤᠯᠢ ᠪᠠ ᠨᠠᠰᠤᠨ ᠳᠤ ᠥᠯᠥ ᠭᠦᠷᠦᠭᠰᠡᠳ ᠤᠨ ᠶᠠᠯ᠎ᠠ ᠬᠢᠬᠦ ᠶᠢ ᠰᠡᠷᠭᠡᠶᠢᠯᠡᠬᠦ ᠬᠠᠤᠯᠢ︾ ᠶᠢᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/4/13
   ᠨᠠᠰᠤᠨ ᠳᠤ ᠥᠯᠥ ᠭᠦᠷᠦᠭᠰᠡᠳ ᠤᠨ ᠬᠠᠤᠯᠢ ᠴᠠᠭᠠᠵᠠ ᠶᠢᠨ ᠦᠵᠡᠯ ᠤᠬᠠᠮᠰᠠᠷ ᠪᠠ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠤᠯᠠᠮ ᠨᠢᠭᠡ ᠠᠯᠬᠤᠮ‌‍ᠴᠢᠩᠭᠠᠳᠬᠠᠬᠤ ᠶᠢᠨ ᠲᠦᠯᠦᠭᠡ᠂ 4 ᠰᠠᠷ᠎ᠠ ᠶᠢᠨ 12 ᠤᠨ ᠡᠳᠦᠷ᠂ ᠮᠠᠨ ᠤ ᠰᠢᠶᠠᠨ ᠤ ᠣᠯᠠᠨ ᠲᠦᠮᠡᠨ ᠤ ᠪᠦᠯᠬᠦᠮ ᠤᠨ ᠬᠠᠤᠯᠢ ᠴᠠᠭᠠᠵᠠ ᠶᠢᠨ ᠮᠡᠳᠡᠯᠭᠡ ᠶᠢᠨ ᠤᠬᠠᠭᠤᠯᠬᠤ ᠳᠤᠭᠤᠶᠢᠯᠠᠩ ᠬᠤᠶᠠᠳᠤᠭᠠᠷ ᠳᠤᠮᠳᠠᠳᠤ ᠰᠤᠷᠭᠠᠭᠤᠯᠢ ᠳᠤ ︽ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠬᠠᠤᠯᠢ ᠪᠠ ᠨᠠᠰᠤᠨ ᠳᠤ ᠥᠯᠥ ᠭᠦᠷᠦᠭᠰᠡᠳ ᠤᠨ ᠶᠠᠯ᠎ᠠ ᠬᠢᠬᠦ ᠶᠢ ᠰᠡᠷᠭᠡᠶᠢᠯᠡᠬᠦ ᠬᠠᠤᠯᠢ︾ ᠶᠢᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠥᠷᠨᠢᠭᠦᠯᠪᠡ᠃

01.png

   ᠠᠵᠢᠯᠯᠠᠭ᠎ᠠ ᠳᠤ ︽ᠨᠠᠰᠤᠨ ᠳᠤ ᠥᠯᠥ ᠬᠦᠷᠦᠭᠰᠡᠳ ᠢ ᠬᠠᠮᠠᠭᠠᠯᠠᠬᠤ ᠬᠠᠤᠯᠢ︾ ᠪᠣᠯᠣᠨ ︽ᠨᠠᠰᠤᠨ ᠳᠤ ᠥᠯᠥ

ᠬᠦᠷᠦᠭᠰᠡᠳ ᠤᠨ ᠶᠠᠯ᠎ᠠ ᠬᠢᠬᠦ ᠶᠢ ᠰᠡᠷᠭᠡᠶᠢᠯᠡᠬᠦ ᠬᠠᠤᠯᠢ︾ ᠶᠢᠨ ᠨᠠᠰᠤᠨ ᠳᠤ ᠥᠯᠥ ᠬᠦᠷᠦᠭᠰᠡᠳ ᠢ ᠬᠡᠷᠬᠢᠨ

ᠬᠠᠮᠠᠭᠠᠯᠠᠬᠤ ᠣᠬᠤᠷ ᠹᠢᠯᠢᠮ ᠢ ᠦᠵᠡᠵᠦ᠂ ᠬᠠᠤᠯᠢ ᠴᠠᠭᠠᠵᠠ ᠬᠠᠤᠯᠢ ᠲᠣᠭᠲᠠᠭᠠᠯ ᠬᠢᠭᠡᠳ ᠬᠡᠷᠡᠭ ᠤᠨ ᠵᠢᠱᠢᠶ᠎ᠡ ᠶᠢ

ᠤᠶᠠᠯᠳᠤᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠰᠤᠷᠤᠭᠴᠢᠳ ᠲᠤ ᠬᠠᠤᠯᠢ ᠴᠠᠭᠠᠵᠠ ᠶᠢᠨ ᠵᠦᠢᠯ ᠵᠤᠷᠪᠤᠰ ᠢ

ᠭᠦᠢᠴᠡᠳ ᠮᠡᠳᠡᠭᠦᠯᠵᠦ ᠂ ᠬᠠᠤᠯᠢ ᠴᠠᠭᠠᠵᠠ ᠶᠢᠨ ᠠᠭᠤᠯᠤᠭᠳᠠᠬᠤᠨ ᠢ ᠣᠶᠢᠯᠠᠭᠠᠭᠤᠯᠵᠤ ᠂ ᠬᠡᠷᠬᠢᠨ ᠬᠠᠤᠯᠢ

ᠴᠠᠭᠠᠵᠠ ᠶᠢ ᠬᠡᠷᠡᠭᠯᠡᠨ ᠥᠪᠡᠷ ᠤᠨ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠶᠢ ᠣᠶᠢᠯᠠᠭᠠᠭᠤᠯᠵᠤ ᠂

ᠰᠤᠷᠤᠭᠴᠢᠳ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠦᠨᠡᠨ ᠬᠦ ᠳᠡᠭᠡᠭᠰᠢᠯᠡᠭᠦᠯᠵᠦ ᠂ ᠵᠥᠪ ᠪᠤᠷᠤᠭᠤ ᠶᠢ

ᠢᠯᠭᠠᠨ ᠲᠠᠨᠢᠬᠤ ᠴᠢᠳᠠᠪᠤᠷᠢ ᠶᠢ ᠨᠢ ᠨᠡᠮᠡᠭᠳᠡᠭᠦᠯᠦᠨ᠂ ᠥᠪᠡᠷ ᠢ ᠪᠠᠨ ᠬᠠᠮᠠᠭᠠᠯᠠᠬᠤ ᠤᠬᠠᠮᠰᠠᠷ ᠪᠠ ᠬᠠᠤᠯᠢ ᠶᠢ

ᠰᠤᠷᠤᠯᠴᠠᠵᠤ ᠬᠠᠤᠯᠢ ᠶᠢ ᠰᠠᠬᠢᠬᠤ ᠦᠵᠡᠯᠲᠡ ᠲᠠᠢ ᠪᠣᠯᠭᠠᠪᠡ᠃ ᠲᠡᠷᠡᠴᠢᠯᠡᠨ ᠰᠤᠷᠤᠭᠴᠢᠳ ᠤᠨ ᠳᠡᠷᠭᠡᠳᠡᠬᠢ ᠬᠠᠤᠯᠢ

ᠴᠠᠭᠠᠵᠠ ᠠᠴᠠ ᠭᠠᠷᠳᠠᠵᠤ᠂ ᠨᠠᠰᠤᠨ ᠳᠤ ᠥᠯᠥ ᠬᠦᠷᠦᠭᠰᠡᠳ ᠤᠨ ᠶᠠᠯ᠎ᠠ ᠬᠢᠬᠦ ᠶᠢ ᠰᠡᠷᠭᠡᠶᠢᠯᠡᠬᠦ ᠠᠬᠤᠢ ᠪᠠᠶᠢᠳᠠᠯ ᠢ 

ᠲᠠᠨᠢᠯᠴᠠᠭᠤᠯᠬᠤ ᠪᠠᠷ ᠳᠠᠮᠵᠢᠭᠤᠯᠵᠤ᠂ ᠨᠠᠰᠤᠨ ᠳᠤ ᠥᠯᠥ ᠬᠦᠷᠦᠭᠰᠡᠳ ᠤᠨ ᠶᠠᠯ᠎ᠠ ᠬᠢᠭᠰᠡᠨ ᠰᠢᠯᠲᠠᠭᠠᠨ ᠢ ᠵᠠᠳᠠᠯᠵᠤ᠂

ᠰᠤᠷᠤᠭᠴᠢᠳ ᠤᠨ ᠳᠡᠷᠭᠡᠳᠡ ᠡᠭᠦᠰᠦᠭᠰᠡᠨ ᠵᠠᠷᠢᠮ ᠨᠡᠶᠢᠲᠡᠯᠢᠭ ᠬᠡᠷᠡᠭ ᠤᠨ ᠵᠢᠱᠢᠶ᠎ᠡ ᠪᠠᠷ ᠰᠤᠷᠤᠭᠴᠢᠳ ᠤᠨ

ᠰᠤᠷᠤᠯᠴᠠᠯᠭ᠎ᠠ ᠂ ᠠᠮᠢᠳᠤᠷᠠᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠮᠠᠭᠤ ᠳᠠᠳᠬᠠᠯ ᠂ ᠰᠤᠷᠭᠠᠭᠤᠯᠢ ᠶᠢᠨ

ᠬᠦᠷᠢᠶᠡᠨ ᠤ ᠳᠣᠷᠣᠮᠵᠢᠯᠠᠯ ᠵᠢᠴᠢ ᠠᠶᠤᠯ ᠲᠦᠭᠰᠢᠭᠦᠷᠢ ᠳᠤ ᠲᠤᠯᠭᠠᠷᠠᠬᠤ ᠦᠶ᠎ᠡ ᠳᠤ ᠠᠪᠬᠤ ᠣᠪᠣᠷ ᠵᠡᠷᠭᠡ

ᠲᠠᠯ᠎ᠠ ᠠᠴᠠ ᠬᠡᠷᠡᠭ ᠢᠶᠠᠷ ᠬᠡᠯᠡᠯᠴᠡᠵᠦ ᠂ ᠡᠳᠦᠷ ᠳᠤᠳᠤᠮ ᠤᠨ ᠠᠮᠢᠳᠤᠷᠠᠯ ᠳᠤᠮᠳᠠ ᠬᠡᠷᠪᠡ ᠬᠤᠣᠷ ᠬᠥᠨᠥᠭᠡᠯ ᠳᠤ

ᠤᠴᠠᠷᠠᠪᠠᠯ ᠥᠪᠡᠷ ᠢ ᠪᠠᠨ ᠬᠡᠷᠬᠢᠨ ᠪᠦᠲᠦᠮᠵᠢᠲᠡᠢ ᠬᠠᠮᠠᠭᠠᠯᠠᠵᠤ ᠂ ᠬᠠᠤᠯᠢ ᠴᠠᠭᠠᠵᠠ ᠶᠢ ᠰᠡᠳᠬᠢᠯ ᠳᠡᠭᠡᠨ ᠮᠡᠳᠡᠳᠡᠭ ᠂

ᠬᠠᠤᠯᠢ ᠴᠠᠭᠠᠵᠠ ᠶᠢ ᠵᠢᠷᠤᠮᠯᠠᠨ ᠬᠡᠷᠡᠭᠵᠢᠭᠦᠯᠳᠡᠭ ᠰᠢᠨ᠎ᠡ ᠴᠠᠭ ᠦᠶ᠎ᠡ ᠶᠢᠨ ᠨᠡᠶᠢᠭᠡᠮ ᠵᠢᠷᠤᠮ ᠤᠨ ᠵᠠᠯᠭᠠᠮᠵᠢᠯᠠᠭᠴᠢ

ᠪᠣᠯᠬᠤ ᠬᠡᠷᠡᠭᠲᠡᠢ ᠃

   ᠲᠣᠰ ᠤᠳᠠᠭᠠᠨ ᠤ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠮᠡᠳᠡᠯᠭᠡ ᠶᠢᠨ ᠤᠬᠠᠭᠤᠯᠭ᠎ᠠ

ᠬᠥᠮᠦᠵᠢᠯ ᠤᠨ ᠠᠵᠢᠯᠯᠠᠭ᠎ᠠ ᠪᠠᠷ ᠳᠡᠮᠵᠢᠨ᠂ ᠰᠤᠷᠭᠠᠭᠤᠯᠢ ᠶᠢᠨ ᠪᠠᠭᠰᠢ ᠰᠤᠷᠤᠭᠴᠢᠳ ᠪᠦᠷ ᠶᠡᠭᠡ ᠠᠰᠢᠭ

ᠭᠥᠷᠳᠡᠭᠰᠡᠨ ᠪᠥᠭᠡᠳ ᠬᠤᠶᠢᠰᠢᠳᠠ ᠶᠢᠨ ᠰᠤᠷᠤᠯᠴᠠᠯᠭ᠎ᠠ ᠠᠮᠢᠳᠤᠷᠠᠯ ᠳᠤᠮᠳᠠ ᠪᠠᠨ ᠰᠣᠷᠣᠭᠰᠠᠨ ᠢᠶᠠᠨ ᠬᠡᠷᠡᠭᠯᠡᠵᠦ᠂

ᠤᠬᠠᠮᠰᠠᠷ ᠠᠴᠠ ᠪᠠᠨ ᠬᠠᠤᠯᠢ ᠰᠠᠬᠢᠯᠭ᠎ᠠ ᠶᠢ ᠵᠢᠷᠤᠮᠯᠠᠨ᠂ ᠥᠪᠡᠷ ᠢ ᠪᠠᠨ ᠬᠠᠮᠠᠭᠠᠯᠠᠨ᠎ᠠ᠃ ᠥᠪᠡᠷ ᠤᠨ ᠠᠮᠢ ᠨᠠᠰᠤᠨ ᠤ

ᠠᠮᠤᠷ ᠲᠦᠪᠰᠢᠨ ᠳᠡᠭᠡᠨ ᠬᠠᠷᠢᠭᠤᠴᠠᠵᠤ ᠂ ᠬᠠᠮᠲᠤ ᠪᠠᠷ ᠴᠢᠷᠮᠠᠶᠢᠵᠤ ᠪᠠᠶᠢᠭᠠᠳ ᠬᠡᠦᠬᠡᠳ ᠤᠨ ᠬᠠᠤᠯᠢ ᠶᠢ ᠰᠠᠬᠢᠬᠤ ᠪᠠ

ᠥᠪᠡᠷ ᠢ ᠪᠠᠨ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠵᠦ ᠂ ᠬᠡᠦᠬᠡᠳ ᠢ ᠨᠡᠩ ᠡᠷᠡᠭᠦᠯ ᠴᠢᠭᠢᠷᠠᠭ ᠪᠠᠶᠠᠷ

ᠪᠠᠶᠠᠰᠬᠤᠯᠠᠩ ᠲᠠᠢ ᠪᠠᠷ ᠥᠰᠬᠡᠨ ᠪᠣᠶᠢᠵᠢᠭᠤᠯᠤᠨ᠎ᠠ ᠭᠡᠵᠦ ᠵᠠᠯᠭ᠎ᠠ ᠵᠠᠯᠭᠠᠪᠡᠷ ᠢᠯᠡᠷᠬᠡᠶᠢᠯᠡᠵᠡᠢ ᠃

        ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ

        ᠣᠷᠴᠢᠭᠤᠯᠤᠭᠴᠢ᠄ ᠣᠳᠣᠨᠭᠡᠷᠡᠯ

ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2