| 4 ᠰᠠᠷ᠎ᠠ ᠶᠢᠨ 11 ᠤ ᠡᠳᠦᠷ ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠴᠠᠩ ᠳ᠋ᠠ ᠸᠧᠢ ᠰᠢᠶᠠᠨ ᠤ ᠨᠠᠮ ᠤᠨ | ᠬᠤᠷᠢᠶ᠎ᠠ ᠶᠢᠨ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ 2022 ᠣᠨ ᠤ ᠳᠥᠷᠪᠡᠳᠦᠭᠡᠷ ᠤᠳᠠᠭ᠎ᠠ ᠶᠢᠨ ᠬᠤᠷᠠᠯ ᠢ | ᠡᠷᠬᠢᠯᠡᠨ ᠬᠤᠷᠠᠯᠳᠤᠭᠤᠯᠪᠠ᠃ | ᠬᠤᠷᠠᠯ ᠳᠡᠭᠡᠷ᠎ᠡ ᠂ 4 ᠰᠠᠷ᠎ᠠ ᠶᠢᠨ 8 ᠤ ᠡᠳᠦᠷ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠳᠠᠶᠢᠴᠢᠯᠠᠬᠤ ᠶᠡᠭᠡ ᠬᠤᠷᠠᠯ ᠤᠨ | ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠪᠠ ︔ ︽ ᠬᠤᠸᠠᠳᠧ ᠰᠢᠶᠠᠨ ᠤ 2022 ᠣᠨ ᠤ ᠬᠤᠳᠠᠯᠳᠤᠭ᠎ᠠ | ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢ ᠬᠡᠷᠡᠭᠵᠢᠭᠦᠯᠬᠦ ᠲᠥᠰᠥᠯ︾ ᠳᠤ ᠲᠠᠶᠢᠯᠤᠮᠵᠢ ᠬᠢᠪᠡ ︔ ᠮᠠᠨ ᠤ | ᠰᠢᠶᠠᠨ ᠤ ᠰᠢᠨ᠎ᠡ ᠪᠠᠷ ᠠᠵᠢᠯ ᠡᠬᠢᠯᠡᠭᠦᠯᠦᠭᠰᠡᠨ ᠲᠦᠷᠦᠯ ᠵᠦᠢᠯ ᠂ ᠦᠷᠭᠦᠯᠵᠢᠯᠡᠨ ᠪᠠᠶᠢᠭᠤᠯᠬᠤ ᠲᠦᠷᠦᠯ ᠵᠦᠢᠯ ᠂ ᠨᠢᠭᠡᠨᠲᠡ | ᠠᠰᠢᠭᠯᠠᠯᠲᠠ ᠳᠤ ᠣᠷᠣᠭᠤᠯᠤᠭᠰᠠᠨ ᠲᠦᠷᠦᠯ ᠵᠦᠢᠯ ᠪᠠ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠭᠠᠷ | ᠭᠦᠢᠴᠡᠳᠬᠡᠯ ᠢ ᠭᠦᠢᠴᠡᠳᠬᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ ︔ ᠮᠠᠨ ᠤ ᠰᠢᠶᠠᠨ ᠤ 2022 | ᠣᠨ ᠤ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ ᠵᠢᠴᠢ ᠣᠷᠣᠰᠢᠵᠤ | ᠪᠠᠶᠢᠭ᠎ᠠ ᠠᠰᠠᠭᠤᠳᠠᠯ ᠢ ᠰᠣᠨᠣᠰᠴᠤ ᠂ 4 ᠰᠠᠷ᠎ᠠ ᠶᠢᠨ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠪᠡᠶᠡᠯᠡᠭᠦᠯᠬᠦ ᠪᠠᠷ | ᠵᠢᠱᠢᠭᠰᠡᠨ ᠪᠠᠶᠢᠳᠠᠯ ᠢ ᠵᠠᠳᠠᠯᠪᠠ ︔ ᠮᠠᠨ ᠤ ᠰᠢᠶᠠᠨ ᠤ 2022 ᠣᠨ ᠤ ᠨᠢᠭᠡᠳᠦᠭᠡᠷ ᠤᠯᠠᠷᠢᠯ ᠤᠨ ᠡᠳ᠋ ᠤᠨ ᠵᠠᠰᠠᠭ ᠤᠨ | ᠣᠷᠣᠯᠭ᠎ᠠ ᠵᠠᠷᠤᠯᠭ᠎ᠠ ᠶᠢᠨ ᠪᠠᠶᠢᠳᠠᠯ ᠵᠢᠴᠢ ᠣᠷᠣᠰᠢᠵᠤ ᠪᠠᠶᠢᠭ᠎ᠠ ᠠᠰᠠᠭᠤᠳᠠᠯ ᠪᠣᠯᠣᠨ ᠲᠠᠷᠠᠭᠠᠴᠢ ᠶᠢᠨ ᠠᠯᠬᠤᠮ ᠤᠨ | ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠡ᠃ | ᠬᠤᠷᠠᠯ ᠳᠤ ᠣᠷᠣᠯᠴᠠᠭᠰᠠᠳ︽ ᠬᠤᠸᠠᠳᠧ ᠰᠢᠶᠠᠨ ᠤ 2022 ᠣᠨ ᠤ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ | ᠰᠢᠯᠢᠳᠡᠭᠵᠢᠭᠦᠯᠬᠦ ᠶᠢ ᠬᠡᠷᠡᠭᠵᠢᠭᠦᠯᠬᠦ ᠲᠥᠰᠥᠯ︾ ᠤᠨ ᠲᠤᠬᠠᠢ ᠰᠤᠳᠤᠯᠤᠨ ᠶᠠᠷᠢᠯᠴᠠᠪᠠ ᠃ | | | | | | ᠤᠯᠠᠨ ᠤ ᠰᠠᠨᠠᠯ ᠰᠠᠨᠠᠭᠤᠯᠭ᠎ᠠ ᠶᠢ ᠰᠣᠨᠣᠰᠤᠭᠰᠠᠨ ᠤ ᠳᠠᠷᠠᠭ᠎ᠠ ᠂ ᠴᠠᠩ ᠳ᠋ᠠ ᠸᠧᠢ ᠵᠢᠭᠠᠵᠤ ᠭᠠᠷᠭᠠᠭᠰᠠᠨ ᠨᠢ᠂ | ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠪᠣᠯ ᠳᠠᠷᠤᠢ ᠵᠠᠬ᠎ᠠ ᠳᠡᠯᠭᠡᠭᠦᠷ ᠤᠨ ᠭᠤᠣᠯ ᠴᠣᠭᠴᠠ ᠶᠢ | ᠪᠣᠶᠢᠵᠢᠭᠤᠯᠵᠤ ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠬᠥᠭᠵᠢᠭᠦᠯᠵᠦ ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ | ᠪᠤᠵᠠᠭᠠᠶᠢᠷᠠᠭᠤᠯᠵᠤ ᠂ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ ᠂ ᠪᠠᠰᠠ︽ᠴᠢᠬᠤᠯᠠ ᠴᠣᠩᠬᠤᠪᠴᠢ︾ ᠶᠢ ᠴᠣᠭᠴᠠᠯᠠᠵᠤ ᠂ | ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢᠨ ᠳᠣᠲᠣᠭᠠᠳᠤ ᠱᠠᠭᠠᠷᠳᠠᠯᠭ᠎ᠠ ᠪᠣᠯᠣᠨ᠎ᠠ᠃ | ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠢ ᠶᠢᠨ ᠫᠢᠩ | ᠶᠡᠷᠦᠩᠬᠡᠢ ᠱᠦᠵᠢ ᠶᠢᠨ ᠬᠤᠯᠪᠣᠭᠳᠠᠯ ᠪᠦᠬᠦᠢ ᠴᠢᠬᠤᠯᠠ ᠴᠣᠬᠤᠯᠠᠪᠤᠷᠢ ᠵᠢᠭᠠᠪᠤᠷᠢ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠢ ᠰᠠᠶᠢᠲᠤᠷ ᠬᠢᠬᠦ ᠶᠢᠨ | ᠲᠤᠶᠢᠯ ᠤᠨ ᠴᠢᠬᠤᠯᠠ ᠴᠢᠨᠠᠷ ᠪᠣᠯᠣᠨ ᠪᠣᠳᠠᠲᠤ ᠲᠤᠯᠭᠠᠮ᠎ᠠ ᠴᠢᠨᠠᠷ ᠢ ᠭᠦᠨᠵᠡᠭᠡᠢ ᠲᠠᠨᠢᠵᠤ᠂ ᠪᠤᠴᠠᠯᠲᠠ ᠦᠭᠡᠢ ᠤᠷᠤᠭᠰᠢᠯᠠᠬᠤ | ᠠᠵᠢᠯ ᠤᠨ ᠢᠲᠡᠭᠡᠯ ᠵᠣᠷᠢᠭ ᠢᠶᠠᠷ ᠦᠨᠡᠨᠬᠦ ᠬᠦᠳᠡᠯᠤᠯᠴᠡᠵᠦ᠂ ᠰᠠᠶᠢᠲᠤᠷ ᠲᠣᠭᠲᠠᠭᠠᠭᠰᠠᠨ ᠬᠥᠭᠵᠢᠯᠲᠡ ᠶᠢᠨ ᠲᠥᠰᠥᠯ᠂ | ᠬᠥᠭᠵᠢᠯᠲᠡ ᠶᠢᠨ ᠴᠢᠭᠯᠡᠯ᠂ ᠬᠥᠭᠵᠢᠯᠲᠡ ᠶᠢᠨ ᠬᠠᠷᠠᠯᠲᠠ ᠶᠣᠰᠣᠭᠠᠷ᠂ ᠭᠤᠣᠯᠳᠠᠯᠭ᠎ᠠ ᠲᠠᠢ ᠪᠠᠷ ᠦᠢᠯᠡᠴᠢᠯᠡᠭᠡᠨ ᠤ | ᠲᠣᠭᠤᠷᠢᠨ ᠳᠤ ᠪᠦᠲᠦᠮᠵᠢᠲᠡᠢ ᠪᠡᠯᠡ ᠣᠷᠣᠭᠤᠯᠤᠯᠲᠠ ᠪᠠ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠥᠷᠭᠡᠳᠬᠡᠵᠦ ᠂ ᠲᠣᠮᠣ ᠲᠦᠷᠦᠯ ᠵᠦᠢᠯ ᠢ ᠡᠯᠰᠡᠨ ᠬᠦᠴᠦᠷᠬᠡᠭ ᠲᠦᠷᠦᠯ ᠵᠦᠢᠯ ᠢ ᠣᠷᠣᠭᠤᠯᠬᠤ | ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ ᠂ ᠲᠦᠷᠦᠯ ᠵᠦᠢᠯ ᠤᠨ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ ᠂ | ᠰᠢᠨ᠎ᠡ ᠪᠠᠷ ᠪᠠᠶᠢᠭᠤᠯᠬᠤ ᠲᠦᠷᠦᠯ ᠵᠦᠢᠯ ᠂ ᠪᠠᠶᠢᠭᠤᠯᠵᠤ ᠪᠠᠶᠢᠭ᠎ᠠ ᠲᠦᠷᠦᠯ ᠵᠦᠢᠯ ᠂ ᠪᠠᠶᠢᠭᠤᠯᠬᠤ ᠪᠠᠷ ᠪᠠᠶᠢᠭ᠎ᠠ ᠲᠦᠷᠦᠯ | ᠵᠦᠢᠯ ᠳᠤ ᠰᠠᠨᠠᠭᠠᠴᠢᠯᠠᠭ᠎ᠠ ᠠᠴᠠ ᠪᠠᠨ ᠰᠠᠶᠢᠲᠤᠷ ᠦᠢᠯᠡᠴᠢᠯᠡᠵᠦ ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ | ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠬᠤ ᠶᠢ ᠠᠬᠢᠭᠤᠯᠵᠤ ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ | ᠰᠢᠯᠢᠳᠡᠭᠵᠢᠭᠦᠯᠦᠨ ᠳᠡᠭᠡᠭᠰᠢᠯᠡᠭᠦᠯᠬᠦ ᠪᠠᠷ ᠳᠠᠮᠵᠢᠭᠤᠯᠵᠤ ᠂ ᠪᠡᠯᠡ ᠣᠷᠣᠭᠤᠯᠤᠯᠲᠠ ᠶᠢ ᠲᠠᠲᠠᠬᠤ ︽ᠬᠦᠴᠦᠷᠬᠡᠭ ᠶᠡᠭᠡ | ᠰᠣᠷᠢᠨᠵᠢᠨ ᠣᠷᠣᠨ︾ ᠢ ᠴᠣᠭᠴᠠᠯᠠᠬᠤ ᠬᠡᠷᠡᠭᠲᠡᠢ᠃ | | | | | | ᠴᠠᠩ ᠳ᠋ᠠ ᠸᠧᠢ ᠴᠢᠬᠤᠯᠠᠴᠢᠯᠠᠬᠤ ᠳᠠᠭᠠᠨ᠂ ᠪᠦᠬᠦ ᠰᠢᠶᠠᠨ ᠢᠶᠠᠷ ᠢᠶᠠᠨ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ | ᠠᠯᠬᠤᠮ ᠳᠡᠭᠡᠭᠰᠢᠯᠡᠭᠦᠯᠵᠦ᠂ ︽ᠭᠤᠷᠪᠠᠨ ᠭᠤᠷᠪᠠ︾ ᠶᠢᠨ ᠬᠥᠭᠵᠢᠯᠲᠡ ᠶᠢᠨ ᠵᠠᠮ ᠢᠶᠠᠷ ᠬᠠᠷᠠᠯᠲᠠ ᠶᠢᠨ ᠵᠢᠯᠣᠭᠤᠳᠤᠮᠵᠢ | ᠪᠣᠯᠭᠠᠵᠤ᠂ ᠴᠠᠭ ᠮᠥᠴᠡ ᠪᠢᠳᠡᠨ ᠢ ᠬᠦᠯᠢᠶᠡᠬᠦ ᠦᠭᠡᠢ ᠴᠢᠷᠮᠠᠶᠢᠯᠭ᠎ᠠ ᠪᠠᠷ ᠡᠯ᠎ᠡ ᠵᠦᠢᠯ ᠤᠨ ᠡᠭᠦᠷᠭᠡ ᠪᠠᠨ ᠰᠠᠶᠢᠲᠤᠷ | ᠨᠠᠶᠢᠳᠠᠪᠤᠷᠢᠵᠢᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠦᠢᠯᠡᠳᠪᠦᠷᠢᠯᠡᠯ ᠪᠠ ᠡᠵᠡᠩᠨᠡᠯᠲᠡ ᠶᠢᠨ ᠶᠠᠪᠤᠴᠠ ᠳᠤ | ᠲᠤᠯᠭᠠᠷᠠᠭᠰᠠᠨ ᠬᠦᠴᠢᠷ ᠲᠦᠪᠡᠭᠲᠡᠢ ᠠᠰᠠᠭᠤᠳᠠᠯ ᠢ ᠬᠦᠴᠦᠯᠡᠨ ᠰᠢᠢᠳᠪᠦᠷᠢᠯᠡᠵᠦ ᠂ ︽ᠵᠢᠵᠢᠭ ᠣᠭᠲᠤᠯᠤᠭᠠᠰᠤ︾ ᠢᠶᠠᠷ ᠨᠡᠩ | ᠤᠯᠠᠨ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ ᠶᠢ ᠨᠡᠩ ᠴᠢᠬᠤᠯᠠᠴᠢᠯᠠᠵᠤ ᠂ ᠵᠠᠬ᠎ᠠ ᠳᠡᠯᠭᠡᠭᠦᠷ ᠤᠨ ᠭᠤᠣᠯ | ᠴᠣᠭᠴᠠ ᠶᠢᠨ ᠦᠨᠡᠯᠡᠯᠲᠡ ᠪᠠ ᠲᠥᠷᠥᠭᠳᠡᠯ ᠢᠶᠠᠷ ᠴᠢᠬᠤᠯᠠ ᠬᠡᠮᠵᠢᠯᠲᠡ ᠶᠢᠨ ᠪᠠᠷᠢᠮᠵᠢᠶ᠎ᠠ ᠪᠣᠯᠭᠠᠵᠤ ᠂ ᠦᠨᠳᠦᠰᠦᠨ ᠱᠠᠲᠤ ᠂ | ᠠᠵᠤ ᠠᠬᠤᠶᠢᠯᠠᠯ ᠪᠠ ᠤᠯᠠᠨ ᠲᠦᠮᠡᠨ ᠤ ᠵᠣᠯ ᠵᠢᠷᠭᠠᠯᠲᠤ ᠲᠥᠷᠥᠭᠳᠡᠯ ᠂ ᠬᠦᠷᠲᠡᠮᠵᠢ ᠶᠢᠨ ᠲᠥᠷᠥᠭᠳᠡᠯ ᠢ ᠳᠠᠰᠤᠷᠠᠯᠳᠠ | ᠦᠭᠡᠢ ᠳᠡᠭᠡᠭᠰᠢᠯᠡᠭᠦᠯᠵᠦ ᠂ ᠡᠴᠦᠰ ᠲᠡᠭᠡᠨ ᠭᠦᠢᠴᠡᠵᠦ ᠳᠠᠪᠠᠵᠤ ᠭᠠᠷᠬᠤ ᠶᠢ ᠪᠡᠶᠡᠯᠡᠭᠦᠯᠬᠦ ᠬᠡᠷᠡᠭᠲᠡᠢ᠃ ︽ᠣᠷᠣᠯᠭ᠎ᠠ ᠪᠠᠨ | ᠨᠡᠮᠡᠭᠳᠡᠭᠦᠯᠦᠨ ᠵᠠᠷᠤᠯᠭ᠎ᠠ ᠪᠠᠨ ᠠᠷᠪᠢᠯᠠᠬᠤ︾ ᠶᠢ ᠴᠢᠬᠤᠯᠠᠴᠢᠯᠠᠵᠤ ᠂ ︽ᠭᠠᠮᠨᠠᠵᠤ ᠠᠮᠢᠳᠤᠷᠠᠬᠤ ᠂ ᠬᠠᠲᠠᠭᠤᠵᠢᠯᠲᠠᠢ ᠠᠮᠢᠳᠤᠷᠠᠬᠤ︾ | ᠦᠵᠡᠯ ᠰᠠᠨᠠᠭ᠎ᠠ ᠶᠢ ᠪᠠᠲᠤ ᠪᠤᠢ ᠪᠣᠯᠭᠠᠬᠤ ᠪᠠᠷ ᠪᠠᠷᠠᠬᠤ ᠦᠭᠡᠢ ᠂ ᠡᠩ ᠤᠨ ᠴᠢᠨᠠᠷᠲᠠᠢ ᠵᠠᠷᠤᠯᠭ᠎ᠠ ᠶᠢ ᠪᠠᠭᠠᠰᠬᠠᠵᠤ ᠂ | ᠴᠢᠬᠤᠯᠠ ᠪᠤᠰᠤ ᠵᠠᠷᠤᠯᠭ᠎ᠠ ᠶᠢ ᠲᠠᠰᠤ ᠵᠣᠭᠰᠣᠭᠠᠵᠤ ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ ᠶᠢ ᠰᠢᠨᠵᠢᠯᠡᠬᠦ | ᠤᠬᠠᠭᠠᠨᠴᠢ ᠪᠠᠷ ᠨᠢᠭᠡᠳᠦᠯᠲᠡᠢ ᠲᠥᠯᠥᠪᠯᠡᠵᠦ ᠂ ᠬᠢᠵᠠᠭᠠᠷᠲᠠᠢ ᠪᠡᠯᠡ ᠮᠥᠩᠭᠦ ᠶᠢᠨ ᠬᠠᠮᠤᠭ ᠤᠨ ᠶᠡᠭᠡ ᠦᠷ᠎ᠡ ᠪᠦᠲᠦᠮᠵᠢ ᠶᠢ | ᠪᠠᠳᠠᠷᠠᠭᠤᠯᠬᠤ ᠬᠡᠷᠡᠭᠲᠡᠢ ᠃ ᠨᠡᠩ ᠴᠤ ︽ᠲᠦᠷᠦᠯ ᠵᠦᠢᠯ ᠢ ᠬᠥᠭᠡᠭᠡᠴᠡᠯᠳᠦᠵᠦ ᠂ ᠲᠦᠷᠦᠯ ᠵᠦᠢᠯ ᠢ ᠪᠤᠯᠢᠶᠠᠯᠳᠤᠵᠤ ᠂ | ᠦᠰᠦᠷᠦᠭᠡᠳᠲ᠋ᠦ᠋ᠷᠦᠯ ᠵᠦᠢᠯ ᠢ ᠣᠯᠬᠤ︾ ᠂ ᠳᠡᠭᠡᠳᠦ ᠱᠠᠲᠤᠨ ᠤ ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢ | ᠲᠤᠭᠤᠷᠠᠲᠠᠯ᠎ᠠ ᠡᠵᠡᠮᠳᠡᠨ ᠰᠠᠶᠢᠲᠤᠷ ᠬᠡᠷᠡᠭᠯᠡᠵᠦ ᠂ ᠦᠯᠡᠳᠡᠭᠡᠯ ᠡᠳ᠋ ᠬᠥᠷᠥᠩᠭᠡ ᠶᠢᠨ ᠡᠬᠢ ᠪᠠᠶᠠᠯᠢᠭ ᠢ ᠪᠦᠲᠦᠮᠵᠢᠲᠡᠶ ᠪᠠᠷ | ᠠᠮᠢᠳᠤᠯᠢᠭ ᠪᠣᠯᠭᠠᠵᠤ ᠂ ᠡᠳ᠋ ᠤᠨ ᠵᠠᠰᠠᠭ ᠤᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠨ᠂ ᠡᠳ᠋ ᠤᠨ ᠵᠠᠰᠠᠭ ᠤᠨ | ᠲᠥᠰᠥᠪ ᠤᠨ ᠰᠠᠶᠢᠨ ᠣᠷᠴᠢᠯ ᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ ᠃ ᠠᠵᠢᠯ ᠤᠨ ᠬᠠᠷᠢᠭᠤᠴᠠᠯᠭ᠎ᠠ ᠶᠢ | ᠪᠣᠳᠠᠲᠠᠶᠢᠵᠢᠭᠤᠯᠵᠤ ᠂ ᠺᠠᠳ᠋ᠷ ᠤᠨ ᠰᠤᠷᠲᠠᠯ ᠤᠨ ᠬᠢᠨᠠᠨ ᠰᠢᠯᠭᠠᠯᠲᠠ ᠶᠢ ᠴᠢᠩᠭᠠᠳᠬᠠᠬᠤ ᠬᠡᠷᠡᠭᠲᠡᠢ ᠃ ᠠᠵᠢᠯ ᠤᠨ ᠡᠭᠦᠷᠭᠡ ᠶᠢ | ᠬᠡᠮᠵᠢᠶᠡᠵᠢᠭᠦᠯᠦᠨ ᠨᠠᠷᠢᠯᠢᠭᠵᠢᠭᠤᠯᠵᠤ ᠪᠣᠳᠠᠲᠠᠶᠢᠵᠢᠭᠤᠯᠬᠤ᠂ ᠰᠢᠯᠭᠠᠨ ᠦᠨᠡᠯᠡᠬᠦ ᠤᠷᠮᠠᠰᠢᠭᠤᠯᠬᠤ ᠲᠣᠭᠲᠠᠴᠠ ᠶᠢ | ᠲᠡᠭᠦᠯᠳᠡᠷᠵᠢᠭᠦᠯᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ︽ᠬᠢᠬᠦ ᠪᠠ ᠥᠯᠥ ᠬᠢᠬᠦ᠂ ᠢᠯᠡᠭᠦᠦ ᠬᠢᠬᠦ ᠪᠠ ᠪᠠᠭᠠᠬᠢᠬᠦ᠂ | ᠰᠠᠶᠢᠨ ᠬᠢᠬᠦ ᠪᠠ ᠮᠠᠭᠤ ᠬᠢᠬᠦ ᠶᠢ ᠨᠢᠭᠡ ᠯᠡ ᠠᠳᠠᠯᠢ︾ ᠪᠠᠶᠢᠬᠤ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ | ᠪᠣᠳᠠᠲᠠᠢ ᠪᠠᠷ ᠠᠵᠢᠯᠯᠠᠬᠤ ᠰᠤᠷᠲᠠᠯ ᠢ ᠲᠠᠰᠤᠷᠠᠯᠲᠠ ᠦᠭᠡᠢ ᠴᠢᠩᠭᠠᠷᠠᠭᠤᠯᠤᠨ᠂ ᠡᠯ᠎ᠡ ᠵᠦᠢᠯ ᠤᠨ ᠠᠵᠢᠯ ᠢ ᠪᠣᠳᠠᠲᠠᠢ ᠳᠤ | ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠱᠠᠯᠠᠪᠳᠠᠭᠤᠯᠤᠨ | ᠪᠠᠶᠢᠴᠠᠭᠠᠵᠤ ᠦᠷ᠎ᠡ ᠪᠦᠲᠦᠮᠵᠢ ᠠᠰᠠᠭᠤᠬᠤ ᠶᠢ ᠴᠢᠩᠭᠠᠳᠬᠠᠵᠤ ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠤ | ᠠᠰᠠᠭᠤᠳᠠᠯ ᠢ ᠵᠠᠭᠠᠯᠳᠤᠬᠤ ᠂ ᠰᠢᠢᠳᠪᠦᠷᠢᠯᠡᠬᠦ ᠂ ᠬᠠᠷᠢᠭᠤ ᠥᠭᠬᠦ ᠲᠣᠭᠲᠠᠴᠠ ᠶᠢ ᠪᠠᠶᠢᠭᠤᠯᠵᠤ ᠂ ᠶᠡᠷᠦᠩᠬᠡᠶᠢᠯᠡᠨ | ᠱᠠᠯᠠᠪᠳᠠᠭᠤᠯᠤᠨ ᠪᠠᠶᠢᠴᠠᠭᠠᠬᠤ ᠂ ᠲᠤᠰᠬᠠᠢ ᠳᠦᠷᠦᠯ ᠢᠶᠠᠷ ᠲᠣᠭᠤᠷᠢᠨ ᠪᠠᠶᠢᠴᠠᠭᠠᠬᠤ ᠂ ᠳᠠᠯᠳᠠᠭᠤᠷ ᠰᠤᠷᠪᠤᠯᠵᠢᠯᠠᠵᠤ | ᠳᠠᠯᠳᠠᠭᠤᠷ ᠪᠠᠶᠢᠴᠠᠭᠠᠬᠤ ᠶᠢ ᠥᠷᠨᠢᠭᠦᠯᠵᠦ ᠂ ᠰᠠᠬᠢᠯᠭ᠎ᠠ ᠪᠠᠲᠤ ᠶᠢᠨ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ | ᠴᠢᠩᠭᠠᠳᠬᠠᠵᠤ ᠂ ᠪᠦᠬᠦ ᠰᠢᠶᠠᠨ ᠤ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠤ ᠦᠷᠭᠦᠯᠵᠢᠯᠡᠨ ᠰᠠᠶᠢᠵᠢᠷᠠᠬᠤ ᠶᠢ | ᠪᠠᠲᠤᠯᠠᠬᠤ ᠬᠡᠷᠡᠭᠲᠡᠢ ᠃ ᠬᠢᠨᠠᠨ ᠰᠢᠯᠭᠠᠬᠤ ᠡᠷᠴᠢᠮ ᠢᠶᠠᠨ ᠴᠢᠩᠭᠠᠷᠠᠭᠤᠯᠵᠤ ᠂ ᠠᠵᠢᠯᠴᠢ ᠬᠥᠳᠡᠯᠮᠦᠷᠢᠴᠢ ᠶᠢ ᠱᠠᠩᠨᠠᠵᠤ | ᠠᠯᠵᠠᠭᠤ ᠵᠠᠯᠬᠠᠭᠤ ᠶᠢ ᠲᠣᠷᠭᠠᠬᠤ ᠶᠢ ᠪᠠᠷᠢᠮᠲᠠᠯᠠᠵᠤ ᠂ ᠦᠢᠯᠡᠴᠢᠯᠡᠭᠡ ᠨᠢ ᠲᠦᠷᠦᠯ ᠵᠦᠢᠯ ᠢ ᠲᠣᠭᠤᠷᠢᠨ ᠰᠢᠯᠵᠢᠬᠦ ᠂ ᠲᠦᠷᠦᠯ | ᠵᠦᠢᠯ ᠢ ᠳᠠᠭᠠᠬᠤ ᠶᠢ ᠪᠠᠲᠤᠯᠠᠵᠤ ᠂ ᠦᠢᠯᠡᠴᠢᠯᠡᠭᠡᠨ ᠤ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ ᠂ | ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠵᠦ ᠂ ᠳᠥᠭᠦᠮ ᠳᠥᠲᠡ᠂ ᠥᠨᠳᠥᠷ ᠦᠷ᠎ᠡ ᠠᠰᠢᠭ ᠲᠠᠢ ᠲᠦᠷᠦᠯ | ᠵᠦᠢᠯ ᠤᠨ ᠪᠦᠲᠦᠭᠡᠨ ᠪᠠᠶᠢᠭᠤᠯᠤᠯᠲᠠ ᠶᠢᠨ ᠣᠷᠴᠢᠨ ᠲᠣᠭᠤᠷᠢᠨ ᠢ ᠬᠦᠴᠦᠯᠡᠨ ᠪᠤᠢ ᠪᠣᠯᠭᠠᠵᠤ ᠂ ᠪᠦᠬᠦ ᠰᠢᠶᠠᠨ ᠤ | ᠭᠤᠣᠯᠳᠠᠯᠭ᠎ᠠ ᠲᠠᠢ ᠲᠦᠷᠦᠯ ᠵᠦᠢᠯ ᠢ ᠡᠷᠲᠡ ᠪᠠᠶᠢᠭᠤᠯᠤᠨ ᠪᠦᠲᠦᠭᠡᠵᠦ ᠂ ᠡᠷᠲᠡ ᠠᠰᠢᠭᠯᠠᠯᠲᠠ ᠳᠤ ᠣᠷᠣᠭᠤᠯᠵᠤ ᠂ ᠡᠷᠲᠡ | ᠦᠷ᠎ᠡ ᠪᠦᠲᠦᠮᠵᠢ ᠣᠯᠬᠤ ᠶᠢ ᠬᠦᠴᠦᠯᠡᠨ ᠠᠬᠢᠭᠤᠯᠬᠤ ᠬᠡᠷᠡᠭᠲᠡᠢ᠃ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠠᠵᠢᠯ ᠤᠨ ᠲᠥᠰᠥᠯ ᠢ ᠤᠯᠠᠮ ᠨᠢᠭᠡ ᠠᠯᠬᠤᠮ ᠰᠠᠶᠢᠵᠢᠷᠠᠭᠤᠯᠤᠨ | ᠰᠢᠯᠢᠳᠡᠭᠵᠢᠭᠦᠯᠬᠦ ᠪᠠ ᠡᠯ᠎ᠡ ᠵᠦᠢᠯ ᠤᠨ ᠭᠤᠣᠯᠳᠠᠯᠭ᠎ᠠ ᠲᠠᠢ ᠵᠦᠢᠯᠡᠰ ᠤᠨ ᠪᠦᠲᠦᠭᠡᠨ ᠪᠠᠶᠢᠭᠤᠯᠤᠯᠲᠠ ᠶᠢ ᠲᠦᠯᠬᠢᠨ | ᠠᠬᠢᠭᠤᠯᠬᠤ ᠲᠤᠬᠠᠢ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠳ᠋ᠢᠶᠣᠣ ᠴᠦᠨ ᠬᠠᠢ ᠵᠢᠭᠠᠵᠤ | ᠭᠠᠷᠭᠠᠭᠰᠠᠨ ᠨᠢ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠠᠵᠢᠯ ᠤᠨ ᠪᠠᠶᠢᠷᠢᠯᠠᠭᠤᠯᠤᠯᠲᠠ | ᠶᠣᠰᠣᠭᠠᠷ᠂ ᠡᠯ᠎ᠡ ᠵᠦᠢᠯ ᠤᠨ ᠠᠵᠢᠯ ᠤᠨ ᠲᠥᠰᠥᠯ ᠢᠶᠠᠷ ᠯᠠᠪᠯᠠᠯᠲᠠ ᠪᠣᠯᠭᠠᠬᠤ ᠬᠡᠷᠡᠭᠲᠡᠢ ᠮᠥᠷᠲᠡᠭᠡᠨ ᠪᠠᠰᠠ ᠮᠠᠨ ᠤ | ᠰᠢᠶᠠᠨ ᠤ ᠪᠣᠳᠠᠲᠠᠢ ᠪᠠᠶᠢᠳᠠᠯ ᠲᠠᠢ ᠪᠠᠨ ᠤᠶᠠᠯᠳᠤᠭᠤᠯᠤᠨ᠂ ᠮᠠᠨ ᠤ ᠰᠢᠶᠠᠨ ᠤ ᠬᠥᠭᠵᠢᠯᠲᠡ ᠳᠤ ᠨᠡᠶᠢᠴᠡᠬᠦ ᠰᠠᠶᠢᠨ | ᠲᠥᠰᠥᠯ ᠢ ᠲᠣᠭᠲᠠᠭᠠᠵᠤ᠂ ᠵᠣᠬᠢᠶᠠᠨ ᠪᠠᠶᠢᠭᠤᠯᠵᠤ ᠤᠳᠤᠷᠢᠳᠬᠤ ᠪᠠ ᠴᠠᠭ ᠤᠨ ᠠᠬᠢᠴᠠ ᠶᠢ ᠲᠣᠳᠣᠷᠬᠠᠶᠢᠯᠠᠵᠤ᠂ ᠡᠯ᠎ᠡ | ᠵᠦᠢᠯ ᠤᠨ ᠠᠵᠢᠯ ᠢ ᠬᠥᠮᠥᠨ ᠳᠤᠨᠢ ᠨᠠᠶᠢᠳᠠᠪᠤᠷᠢᠵᠢᠭᠤᠯᠤᠨ᠂ ᠱᠠᠭᠠᠷᠳᠠᠯᠭ᠎ᠠ ᠶᠣᠰᠣᠭᠠᠷ ᠡᠭᠦᠷᠭᠡ ᠪᠠᠨ ᠪᠡᠶᠡᠯᠡᠭᠦᠯᠬᠦ ᠶᠢ ᠦᠨᠡᠨ | ᠬᠦ ᠪᠠᠲᠤᠯᠠᠬᠤ ᠬᠡᠷᠡᠭᠲᠡᠢ ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠠᠵᠤ ᠠᠬᠤᠢ ᠶᠢᠨ ᠬᠥᠭᠵᠢᠯᠲᠡ ᠶᠢ | ᠠᠬᠢᠭᠤᠯᠬᠤ ᠬᠦᠨᠳᠦ ᠡᠭᠦᠷᠭᠡ ᠶᠢ ᠦᠨᠡᠨᠬᠦ ᠪᠠᠲᠤ ᠡᠭᠦᠷᠭᠡᠯᠡᠵᠦ᠂ ᠠᠯᠤᠰ ᠬᠡᠳᠦ ᠶᠢᠨ ᠬᠥᠭᠵᠢᠯᠲᠡ ᠳᠤ ᠰᠠᠭᠤᠷᠢᠯᠠᠵᠤ᠂ | ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠳᠡᠭᠡᠳᠦ ᠱᠠᠲᠤᠨ ᠤ ᠰᠠᠯᠠᠭ᠎ᠠ ᠮᠥᠴᠢᠷ ᠲᠠᠢ ᠰᠠᠨᠠᠭᠠᠴᠢᠯᠠᠭ᠎ᠠ ᠠᠴᠠ ᠪᠠᠨ | ᠵᠣᠯᠭᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠶᠦᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ | ᠬᠢᠭᠰᠡᠨ ᠰᠠᠭᠤᠷᠢᠨ ᠳᠡᠭᠡᠷ᠎ᠡ᠂ ︽ᠳᠠᠷᠤᠶᠢᠬᠠᠨ ᠭᠦᠢᠴᠡᠳᠬᠡᠬᠦ᠂ ᠪᠠᠴᠢᠮ ᠶᠠᠪᠤᠳᠠᠯ ᠢ ᠪᠠᠴᠢᠮ ᠭᠦᠢᠴᠡᠳᠬᠡᠬᠦ᠂ ᠣᠨᠴᠠᠭᠠᠢ | ᠶᠠᠪᠤᠳᠠᠯ ᠢ ᠣᠨᠴᠠᠭᠠᠶᠢᠯᠠᠨ ᠭᠦᠢᠴᠡᠳᠬᠡᠬᠦ︾ ᠶᠢ ᠪᠠᠷᠢᠮᠲᠠᠯᠠᠨ᠂ ᠴᠢᠬᠤᠯᠠ ᠶᠡᠭᠡ ᠲᠥᠷᠥᠯ ᠵᠦᠢᠯ ᠳᠤ ᠬᠡᠷᠡᠭᠰᠡᠬᠦ ᠡᠬᠢ | ᠪᠠᠶᠠᠯᠢᠭ ᠤᠨ ᠬᠦᠴᠦᠨ ᠵᠦᠢᠯ ᠢ ᠢᠳᠡᠪᠬᠢᠲᠡᠢ ᠪᠠᠲᠤᠯᠠᠨ ᠳᠡᠮᠵᠢᠵᠦ᠂ ᠲᠥᠷᠥᠯ ᠵᠦᠢᠯ ᠤᠨ ᠪᠠᠷᠢᠯᠭ᠎ᠠ ᠶᠢᠨ ᠰᠠᠶᠢᠨ | ᠬᠤᠭᠤᠴᠠᠭ᠎ᠠ ᠶᠢ ᠵᠠᠪᠳᠤᠨ ᠠᠳᠬᠤᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠦᠴᠦᠲᠡᠢ ᠪᠥᠭᠡᠳ ᠡᠮᠬᠢ | ᠵᠢᠷᠤᠮ ᠲᠠᠢ ᠠᠬᠢᠭᠤᠯᠵᠤ᠂ ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠨ ᠪᠡᠶᠡᠯᠡᠭᠦᠯᠬᠦ ᠶᠢ ᠦᠨᠡᠨᠬᠦ ᠪᠠᠲᠤᠯᠠᠵᠤ᠂ ᠲᠥᠷᠥᠯ | ᠵᠦᠢᠯ ᠤᠨ ᠦᠷ᠎ᠡ ᠠᠰᠢᠭ ᠢ ᠡᠷᠲᠡᠬᠡᠨ ᠪᠠᠳᠠᠷᠠᠭᠤᠯᠬᠤ ᠬᠡᠷᠡᠭᠲᠡᠢ᠃ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠣᠳᠣᠨᠭᠡᠷᠡᠯ | ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ | | |