| ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠦᠢᠯᠡᠰ ᠢ ᠴᠢᠷᠮᠠᠶᠢᠨ ᠬᠥᠭᠵᠢᠭᠦᠯᠵᠦ ᠮᠠᠨ ᠤ ᠰᠢᠶᠠᠨ ᠤ ᠡᠷᠡᠭᠦᠯ | ᠮᠡᠨᠳᠦ ᠶᠢᠨ ᠬᠠᠯᠬᠠᠪᠴᠢ ᠶᠢ ᠪᠠᠲᠤ ᠴᠣᠭᠴᠠᠯᠠᠶ᠎ᠠ | - ᠬᠤᠸᠠᠳᠧ ᠰᠢᠶᠠᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠡᠷᠬᠢᠯᠡᠭᠴᠢ ᠶᠠᠩ ᠪᠢᠩ | | | | | | ᠰᠤᠷᠪᠤᠯᠵᠢᠯᠠᠭᠴᠢ᠄ ᠶᠠᠩ ᠡᠷᠬᠢᠯᠡᠭᠴᠢ ᠲᠠ ᠰᠠᠶᠢᠨ ᠦᠦ︕ ᠲᠠ ᠬᠤᠸᠠᠳᠧ ᠰᠢᠶᠠᠨ ᠤ ᠡᠪᠡᠳᠴᠢᠨ ᠡᠮᠭᠡᠭ ᠢ | ᠰᠡᠷᠭᠡᠶᠢᠯᠡᠨ ᠬᠢᠵᠠᠭᠠᠷᠯᠠᠬᠤ ᠲᠥᠪ ᠢ ᠲᠠᠨᠢᠯᠴᠠᠭᠤᠯᠵᠤ ᠂ ᠮᠠᠨ ᠤ ᠰᠢᠶᠠᠨ ᠤ ᠡᠪᠡᠳᠴᠢᠨ ᠡᠮᠭᠡᠭ ᠢ ᠰᠡᠷᠭᠡᠶᠢᠯᠡᠨ | ᠬᠢᠵᠠᠭᠠᠷᠯᠠᠬᠤ ᠲᠥᠪ ᠤᠨ ᠲᠤᠬᠠᠢ ᠤᠯᠠᠨ ᠳᠤ ᠢᠯᠡᠭᠦᠬᠡᠨ ᠣᠶᠢᠯᠠᠭᠠᠯᠲᠠ ᠲᠠᠢ ᠪᠣᠯᠭᠠᠬᠤ ᠪᠣᠯᠪᠠᠤ ᠃ | ᠶᠠᠩ ᠪᠢᠩ᠄ ᠬᠤᠸᠠᠳᠧ ᠰᠢᠶᠠᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ 1958 ᠣᠨ ᠤ 5 | ᠰᠠᠷ᠎ᠠ ᠶᠢᠨ 1 ᠤ ᠡᠳᠦᠷ ᠪᠠᠶᠢᠭᠤᠯᠤᠭᠳᠠᠵᠠᠢ᠂ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ | ᠦᠢᠯᠡᠰ ᠤᠨ ᠨᠢᠭᠡᠴᠡ ︵ᠵᠢᠩᠬᠢᠨᠢ ᠰᠠᠯᠠᠭᠠᠨ ᠤ ᠲᠠᠰ︶᠂ ᠣᠲᠣ ᠠᠵᠢᠯᠯᠠᠬᠤ ᠭᠠᠵᠠᠷ ᠨᠢ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ ᠤᠨ ᠲᠣᠮᠣ ᠠᠰᠠᠷ ᠤᠨ ᠳᠥᠷᠪᠡᠳᠦᠭᠡᠷ ᠳᠠᠪᠬᠤᠷ ᠲᠤ ᠪᠣᠶ᠂ ᠪᠠᠷᠢᠯᠭ᠎ᠠ ᠶᠢᠨ ᠲᠠᠯᠠᠪᠠᠶ ᠨᠢ | 1280 ᠲᠡᠭᠰᠢ ᠳᠥᠷᠪᠡᠯᠵᠢᠨ ᠮᠧᠲᠷ᠂ ᠡᠭᠦᠨ ᠠᠴᠠ ᠭᠠᠳᠠᠨ᠎ᠠ ᠠᠷᠤ ᠬᠦᠷᠢᠶᠡᠨ ᠤ ᠲᠤᠰᠠᠭᠠᠷ ᠲᠤᠷᠰᠢᠯᠲᠠ ᠶᠢᠨ | ᠠᠰᠠᠷ ᠤᠨ ᠬᠤᠶᠠᠷ ᠳᠠᠪᠬᠤᠷ 1350 ᠲᠡᠭᠰᠢ ᠳᠥᠷᠪᠡᠯᠵᠢᠨ ᠮᠧᠲᠷ᠂ ᠳᠣᠯᠣᠳᠤᠭᠠᠷ ᠪᠠᠯᠭᠠᠰᠤᠨ ᠤ | ᠬᠤᠯᠤᠭᠠᠨ᠎ᠠ ᠶᠢᠨ ᠬᠢᠵᠢᠭ ᠢ ᠬᠢᠨᠠᠨ ᠬᠡᠮᠵᠢᠬᠦ ᠴᠡᠭ ᠤᠨ 862.4 ᠲᠡᠭᠰᠢ ᠳᠥᠷᠪᠡᠯᠵᠢᠨ ᠮᠧᠲᠷ᠂ ᠡᠯ ᠳ᠋ᠣᠣ ᠾᠧ | ᠲᠣᠰᠬᠤᠨ ᠤ ᠬᠤᠯᠤᠭᠠᠨ᠎ᠠ ᠶᠢᠨ ᠬᠢᠵᠢᠭ ᠢ ᠬᠢᠨᠠᠨ ᠬᠡᠮᠵᠢᠬᠦ ᠴᠡᠭ ᠤᠨ 273.4 ᠲᠡᠭᠰᠢ ᠳᠥᠷᠪᠡᠯᠵᠢᠨ ᠮᠧᠲᠷ ᠪᠠᠶᠢᠨ᠎ᠠ | ᠃ ᠲᠥᠪ ᠲᠤ 10 ᠲᠠᠰᠤᠭ ᠲᠠᠢ᠂ ᠣᠲᠣ 54 ᠠᠵᠢᠯᠲᠠᠨ ︵ᠡᠭᠦᠨ ᠳᠤ ᠲᠤᠰᠬᠠᠢ ᠮᠡᠷᠭᠡᠵᠢᠯ ᠤᠨ ᠠᠵᠢᠯᠲᠠᠨ 37 | ᠪᠣᠶ︶ ᠪᠣᠶ᠃ | ᠣᠳᠣᠬᠠᠨ ᠤ ᠠᠵᠢᠯ ᠢᠶᠠᠨ ᠥᠷᠨᠢᠭᠦᠯᠬᠦ ᠠᠭᠤᠯᠭ᠎ᠠ ᠳᠤ ᠄ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ | ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ᠂ ᠢᠣᠳ᠋ ᠳᠤᠲᠠᠭᠳᠠᠬᠤ ᠡᠪᠡᠳᠴᠢᠨ ᠢ ᠰᠡᠷᠭᠡᠶᠢᠯᠡᠨ | ᠬᠢᠵᠠᠭᠠᠷᠯᠠᠬᠤ᠂ ᠣᠷᠣᠨ ᠨᠤᠲᠤᠭ ᠤᠨ ᠴᠢᠨᠠᠷᠲᠠᠢ ᠹᠯᠣᠷ ᠤᠨ ᠬᠤᠣᠷᠳᠠᠯ ᠢ ᠰᠡᠷᠭᠡᠶᠢᠯᠡᠨ ᠬᠢᠵᠠᠭᠠᠷᠯᠠᠬᠤ᠂ ᠪᠷᠦ᠋ᠼᠧᠯ | ᠡᠪᠡᠳᠴᠢᠨ ᠢ ᠰᠡᠷᠭᠡᠶᠢᠯᠡᠨ ᠬᠢᠵᠠᠭᠠᠷᠯᠠᠬᠤ᠂ ᠰᠦᠷᠢᠶ᠎ᠡ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ᠂ ᠤᠳᠠᠭᠠᠨ | ᠴᠢᠨᠠᠷᠲᠠᠢ ᠬᠠᠯᠳᠠᠪᠤᠷᠢᠲᠤ ᠪᠤᠰᠤ ᠴᠢᠨᠠᠷᠲᠠᠢ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ᠂ ᠪᠠᠭᠯᠠᠭᠴᠢ ᠬᠤᠷᠣᠬᠠᠢ ᠶᠢᠨ | ᠡᠪᠡᠳᠴᠢᠨ ᠢ ᠰᠡᠷᠭᠡᠶᠢᠯᠡᠨ ᠡᠵᠡᠮᠳᠡᠬᠦ᠂ ᠠᠶᠢᠽ ᠡᠪᠡᠳᠴᠢᠨ ᠥᠩᠭᠡᠨ ᠡᠪᠡᠳᠴᠢᠨ ᠢ ᠰᠡᠷᠭᠡᠶᠢᠯᠡᠨ ᠵᠠᠰᠠᠬᠤ᠂ | ᠡᠭᠡᠯᠢᠯᠡᠭᠡ ᠶᠢᠨ ᠲᠥᠯᠦᠪᠵᠢᠭᠦᠯᠭᠡ᠂ ᠢᠳᠡᠭᠡᠨ ᠬᠢᠭᠡᠳ ᠬᠤᠭᠤᠯᠠᠨ ᠤ ᠰᠠᠪᠠ ᠬᠡᠷᠡᠭᠰᠡᠯ ᠢ ᠰᠢᠯᠭᠠᠨ ᠪᠠᠶᠢᠴᠠᠭᠠᠬᠤ᠂ | ᠠᠮᠢᠳᠤᠷᠠᠯ ᠤᠨ ᠤᠤᠭᠤᠬᠤ ᠤᠰᠤ ᠶᠢ ᠰᠢᠯᠭᠠᠨ ᠪᠠᠶᠢᠴᠠᠭᠠᠬᠤ᠂ ᠠᠵᠢᠯ ᠡᠷᠬᠢᠯᠡᠭᠰᠡᠳ ᠤᠨ ᠡᠷᠡᠭᠦᠯ ᠮᠡᠨᠳᠦ ᠶᠢᠨ | ᠪᠠᠶᠢᠴᠠᠭᠠᠯᠲᠠ᠂ ᠠᠵᠢᠯ ᠤᠨ ᠨᠥᠯᠥᠭᠡᠨ ᠤ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠂ ᠡᠪᠡᠳᠴᠢᠨ ᠤ ᠵᠠᠭᠤᠴᠢ | ᠠᠮᠢᠳᠤ ᠪᠣᠳᠠᠰ ᠢ ᠬᠢᠨᠠᠨ ᠬᠡᠮᠵᠢᠬᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠢ | ᠪᠠᠶᠢᠴᠠᠭᠠᠨ ᠰᠢᠢᠳᠪᠦᠷᠢᠯᠡᠬᠦ᠂ ᠡᠷᠡᠭᠦᠯ ᠮᠡᠨᠳᠦ ᠶᠢᠨ ᠬᠥᠮᠦᠵᠢᠯ᠂ ᠠᠵᠢᠯᠲᠠᠨ ᠤ ᠪᠣᠯᠪᠠᠰᠤᠷᠠᠭᠤᠯᠤᠯ ᠪᠠ ᠮᠡᠷᠭᠡᠵᠢᠯ ᠤᠨ | ᠵᠢᠯᠣᠭᠤᠳᠤᠯᠭ᠎ᠠ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ᠂ | ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠢ ᠰᠢᠯᠵᠢᠭᠦᠯᠦᠨ ᠵᠥᠭᠡᠭᠡᠪᠦᠷᠢᠯᠡᠬᠦ ᠬᠠᠳᠠᠭᠠᠯᠠᠬᠤ ᠬᠤᠪᠢᠶᠠᠨ | ᠲᠠᠷᠬᠠᠭᠠᠬᠤ ᠵᠡᠷᠭᠡ ᠠᠵᠢᠯ᠃ | ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠬᠤᠭᠤᠴᠠᠭᠠᠨ ᠳᠤ᠂ ᠮᠠᠨ ᠤ ᠰᠢᠶᠠᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠠᠴᠠ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠢ ᠰᠢᠯᠵᠢᠭᠦᠯᠦᠨ ᠵᠥᠭᠡᠭᠡᠪᠦᠷᠢᠯᠡᠬᠦ ᠪᠠ ᠬᠠᠳᠠᠭᠠᠯᠠᠬᠤ ᠠᠵᠢᠯ ᠢ | ᠡᠭᠦᠷᠭᠡᠯᠡᠨ᠎ᠡ︔ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠨᠢᠭᠲᠠ ᠣᠶᠢᠷᠡᠳᠤᠭᠰᠠᠳ ᠪᠠ ᠳᠡᠳ᠋ ᠨᠢᠭᠲᠠ | ᠣᠶᠢᠷᠠᠳᠤᠭᠰᠠᠨ ᠬᠥᠮᠥᠰ ᠵᠢᠴᠢ ᠳᠤᠮᠳᠠ ᠠᠶᠤᠯ ᠲᠦᠭᠰᠢᠭᠦᠷᠢ ᠶᠡᠬᠡᠲᠡᠢ ᠭᠠᠵᠠᠷ ᠣᠷᠣᠨ ᠠᠴᠠ ᠪᠤᠴᠠᠵᠤ ᠢᠷᠡᠬᠦ | ᠬᠥᠮᠥᠰ ᠢ ᠰᠢᠯᠵᠢᠭᠦᠯᠬᠦ ᠵᠢᠴᠢ ᠳᠠᠮᠵᠢᠭᠤᠯᠤᠨ ᠵᠥᠭᠡᠪᠤᠷᠢᠯᠡᠬᠦ ᠠᠵᠢᠯ ᠢ ᠡᠭᠦᠷᠭᠡᠯᠡᠨ᠎ᠡ︔ ᠲᠥᠪᠯᠡᠷᠡᠭᠦᠯᠦᠨ | ᠲᠤᠰᠠᠭᠠᠷᠯᠠᠭᠰᠠᠨ ᠵᠣᠴᠢᠳ ᠤᠨ ᠪᠠᠭᠤᠳᠠᠯ ᠤᠨ ᠬᠢᠨᠠᠯᠲᠠ ᠲᠠᠯᠪᠢᠵᠤ ᠵᠢᠯᠤᠭᠤᠳᠬᠤ ᠪᠠ ᠠᠷᠢᠭᠤᠳᠬᠠᠬᠤ ᠠᠵᠢᠯ ᠢ | ᠡᠭᠦᠷᠭᠡᠯᠡᠨ᠎ᠡ︔ ᠭᠡᠷ ᠠᠴᠠ ᠨᠢ ᠲᠤᠰᠠᠭᠠᠷᠯᠠᠭᠰᠠᠨ ᠬᠥᠮᠥᠰ ᠤᠨ ᠥᠯᠢᠭᠡᠷ ᠠᠪᠬᠤ ᠠᠵᠢᠯ ᠢ ᠡᠭᠦᠷᠭᠡᠯᠡᠨ᠎ᠡ︔ ᠪᠥᠭᠡᠮ | ᠬᠦᠴᠢᠯ ᠢ ᠰᠢᠯᠭᠠᠨ ᠪᠠᠶᠢᠴᠠᠭᠠᠬᠤ ᠠᠵᠢᠯ ᠢ ᠡᠭᠦᠷᠭᠡᠯᠡᠨ᠎ᠡ︔ ᠣᠯᠠᠨ ᠴᠡᠭ ᠤᠨ ᠬᠢᠨᠠᠨ ᠬᠡᠮᠵᠢᠵᠦ ᠤᠷᠢᠳᠴᠢᠯᠠᠨ | ᠰᠡᠷᠡᠮᠵᠢᠯᠡᠭᠦᠯᠬᠦ ᠪᠠ ︽ᠪᠠᠶᠢᠴᠠᠭᠠᠬᠤ ᠶᠣᠰᠣᠲᠠᠢ ᠶᠢ ᠨᠢ ᠴᠥᠮ ᠪᠠᠶᠢᠴᠠᠭᠠᠬᠤ︾ ᠪᠥᠭᠡᠮ ᠬᠦᠴᠢᠯ ᠤᠨ ᠪᠠᠶᠢᠴᠠᠭᠠᠨ | ᠬᠡᠮᠵᠢᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠨ᠎ᠡ︔ ᠬᠢᠵᠢᠭ ᠤᠨ ᠪᠠᠶᠢᠳᠠᠯ ᠤᠨ ᠵᠢᠯᠤᠭᠤᠳᠬᠤ | ᠭᠠᠵᠠᠷ ᠤᠨ ᠲᠤᠰᠢᠶᠠᠭᠰᠠᠨ ᠪᠤᠰᠤᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠡᠶᠡᠯᠡᠭᠦᠯᠦᠨ᠎ᠡ᠃ | ᠰᠤᠷᠪᠤᠯᠵᠢᠯᠠᠭᠴᠢ᠄ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠳᠣᠣᠷ᠎ᠠ᠂ | ᠮᠠᠨ ᠤ ᠰᠢᠶᠠᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠠᠴᠠ ᠬᠢᠵᠢᠭ ᠤᠨ ᠪᠠᠶᠢᠳᠠᠯ ᠢ ᠬᠡᠷᠬᠢᠨ | ᠰᠡᠷᠭᠡᠶᠢᠯᠡᠨ ᠬᠢᠵᠠᠭᠠᠷᠯᠠᠵᠤ ᠪᠠᠶᠢᠭ᠎ᠠ ᠪᠤᠶ ︖ | ᠶᠠᠩ ᠪᠢᠩ᠄ ᠮᠠᠨ ᠤ ᠲᠥᠪ ᠴᠠᠭ ᠲᠤᠬᠠᠢ ᠳᠤᠨᠢ ︽ᠬᠤᠸᠠᠳᠧ ᠰᠢᠶᠠᠨ ᠤ ᠡᠪᠡᠳᠴᠢᠨ ᠡᠮᠭᠡᠭ ᠢ ᠰᠡᠷᠭᠡᠶᠢᠯᠡᠨ | ᠬᠢᠵᠠᠭᠠᠷᠯᠠᠬᠤ ᠲᠥᠪ ᠤᠨ ᠰᠢᠨ᠎ᠡ ᠲᠢᠲᠢᠮᠯᠢᠭ ᠸᠢᠷᠦ᠋ᠰ ᠤᠨ ᠠᠭᠤᠰᠬᠢᠨ ᠦᠷᠪᠢᠰᠦᠯ ᠢ ᠰᠡᠷᠭᠡᠶᠢᠯᠡᠨ ᠬᠢᠵᠠᠭᠠᠷᠯᠠᠬᠤ | ᠪᠠᠴᠢᠮ ᠪᠠᠶᠢᠳᠠᠯ ᠢ ᠠᠷᠭᠠᠴᠠᠬᠤ ᠲᠥᠰᠥᠯ︾ ᠢ ᠲᠣᠭᠲᠠᠭᠠᠪᠠ᠃ ᠡᠭᠦᠨ ᠤ ᠵᠡᠷᠭᠡ ᠳᠤ ᠬᠤᠸᠠᠳᠧ ᠰᠢᠶᠠᠨ ᠤ | ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠮᠦᠷᠳᠡᠨ ᠪᠠᠶᠢᠴᠠᠭᠠᠬᠤ ᠳᠤᠭᠤᠶᠢᠯᠠᠩ᠂ ᠬᠤᠸᠠᠳᠧ | ᠰᠢᠶᠠᠨ ᠤ ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ ᠲᠥᠪ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠠᠷᠢᠭᠤᠳᠬᠠᠬᠤ ᠳᠤᠭᠤᠶᠢᠯᠠᠩ᠂ ᠬᠤᠸᠠᠳᠧ | ᠰᠢᠶᠠᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠦᠯᠢᠭᠡᠷ ᠠᠪᠬᠤ ᠳᠤᠭᠤᠶᠢᠯᠠᠩ᠂ | ᠬᠤᠸᠠᠳᠧ ᠰᠢᠶᠠᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠰᠢᠯᠵᠢᠭᠦᠯᠦᠨ ᠵᠥᠭᠡᠭᠡᠪᠦᠷᠢᠯᠡᠬᠦ | ᠳᠤᠭᠤᠶᠢᠯᠠᠩ ᠢ ᠪᠠᠶᠢᠭᠤᠯᠵᠠᠢ᠃ ᠡᠯ᠎ᠡ ᠳᠤᠭᠤᠶᠢᠯᠠᠩ ᠤᠨ ᠠᠵᠢᠯ ᠤᠨ ᠬᠤᠪᠢᠶᠠᠷᠢᠯᠠᠯ ᠨᠢ ᠲᠣᠳᠣᠷᠬᠠᠢ ᠂ | ᠪᠦᠷᠢᠯᠳᠦᠭᠦᠨ ᠨᠢ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠨ᠎ᠡ ᠃ | ᠳᠤᠭᠤᠶᠢᠯᠠᠩ ᠤᠨ ᠭᠡᠰᠢᠭᠦᠳ ᠬᠦᠴᠢᠷ ᠠᠴᠠ ᠠᠶᠤᠬᠤ ᠦᠭᠡᠢ ᠂ ᠶᠠᠳᠠᠷᠠᠬᠤ ᠠᠴᠠ ᠠᠶᠤᠬᠤ ᠦᠭᠡᠢ ᠂ ᠡᠳᠦᠷ | ᠪᠦᠷᠢ ᠥᠪᠡᠷ ᠥᠪᠡᠷ ᠤᠨ ᠠᠵᠢᠯ ᠤᠨ ᠪᠠᠶᠢᠷᠢ ᠳᠡᠭᠡᠷ᠎ᠡ ᠪᠠᠨ ᠠᠵᠢᠯᠯᠠᠳᠠᠭ ᠂ ᠲᠡᠳᠡ ᠪᠠᠶᠠᠷ ᠳᠤᠷᠠᠰᠬᠠᠯ ᠤᠨ | ᠡᠳᠦᠷ ᠤᠨ ᠠᠮᠠᠷᠠᠯᠲᠠ ᠶᠢᠨ ᠴᠠᠭ ᠢᠶᠠᠨ ᠤᠷᠬᠢᠵᠤ ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠳᠤ ᠣᠷᠣᠯᠴᠠᠳᠠᠭ᠂ ᠴᠠᠭ ᠨᠡᠮᠡᠵᠦ ᠠᠵᠢᠯᠯᠠᠨ ᠰᠥᠨᠢᠵᠢᠨ ᠰᠠᠭᠤᠬᠤ ᠪᠣᠯ ᠶᠡᠷᠦᠳᠡ ᠶᠢᠨ | ᠶᠠᠪᠤᠳᠠᠯ ᠶᠤᠮ᠃ | ᠰᠤᠷᠪᠤᠯᠵᠢᠯᠠᠭᠴᠢ᠄ ᠣᠳᠣᠬᠠᠨ ᠳᠤ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠪᠥᠭᠡᠮ | ᠬᠦᠴᠢᠯ ᠤᠨ ᠪᠠᠶᠢᠴᠠᠭᠠᠨ ᠬᠡᠮᠵᠢᠯᠲᠡ ᠬᠢᠬᠦ ᠳᠤ ᠬᠡᠷᠡᠭᠯᠡᠬᠦ P C R ᠲᠤᠷᠰᠢᠯᠲᠠ ᠶᠢᠨ ᠲᠠᠰᠤᠭ ᠤᠨ ᠰᠢᠯᠭᠠᠨ | ᠪᠠᠶᠢᠴᠠᠭᠠᠬᠤ ᠴᠢᠳᠠᠪᠤᠷᠢ ᠨᠢ ᠬᠢᠷᠢ ᠵᠡᠷᠭᠡ ᠪᠣᠶ︖ | ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ P C R ᠲᠤᠷᠰᠢᠯᠲᠠ ᠶᠢᠨ ᠲᠠᠰᠤᠭ 2020 ᠣᠨ ᠤ | 6 ᠰᠠᠷ᠎ᠠ ᠳᠤ ᠪᠠᠶᠢᠭᠤᠯᠤᠭᠳᠠᠵᠤ ᠂ ᠲᠤᠷᠰᠢᠯᠲᠠ ᠶᠢᠨ ᠲᠠᠰᠤᠭ ᠲᠤ ᠨᠢᠭᠡᠨᠲᠡ ᠳᠠᠩᠰᠠᠯᠠᠭᠤᠯᠵᠠᠢ ᠂ ᠲᠠᠯᠠᠪᠠᠢ ᠨᠢ 70 | ᠺᠤᠸᠠᠳ᠋ᠮᠧᠲᠷ᠃ ᠲᠤᠷᠰᠢᠯᠲᠠ ᠶᠢᠨ ᠲᠠᠰᠤᠭ ᠤᠨ ᠰᠢᠯᠭᠠᠨ ᠪᠠᠶᠢᠴᠠᠭᠠᠭᠴᠢ 10 ᠬᠥᠮᠥᠨ ︵ᠡᠭᠦᠨ ᠳᠤ ᠳᠡᠳ᠋ ᠳᠡᠭᠡᠳᠦ | ᠲᠠᠰ ᠤᠨ 1 ᠬᠥᠮᠥᠨ᠂ ᠳᠤᠮᠳᠠ ᠲᠠᠰ ᠤᠨ 2 ᠬᠥᠮᠥᠨ᠂ ᠠᠩᠬ᠎ᠠ ᠲᠠᠰ ᠤᠨ 7 ᠬᠥᠮᠥᠨ︶ ᠪᠣᠶ᠃ P C R | ᠲᠤᠷᠰᠢᠯᠲᠠ ᠶᠢᠨ ᠲᠠᠰᠤᠭ ᠤᠨ ᠬᠡᠮᠵᠢᠭᠦᠷᠯᠢᠭ ᠲᠥᠬᠦᠭᠡᠷᠦᠮᠵᠢ ᠳᠤ᠄ ᠪᠥᠭᠡᠮ ᠬᠦᠴᠢᠯ ᠢ ᠭᠠᠷᠭᠠᠨ ᠠᠪᠬᠤ | ᠬᠡᠮᠵᠢᠭᠦᠷᠯᠢᠭ 1 ᠰᠠᠭᠤᠷᠢ ︵96 ᠨᠦᠬᠡ︶᠂ P C R ᠥᠷᠭᠡᠳᠬᠡᠬᠦ ᠬᠡᠮᠵᠢᠭᠦᠷᠯᠢᠭ 2 ᠰᠠᠭᠤᠷᠢ ︵96 ᠨᠦᠬᠡ︶ | ᠂ ᠠᠮᠢᠳᠤ ᠪᠣᠳᠠᠰ ᠤᠨ ᠠᠮᠤᠷ ᠲᠦᠪᠰᠢᠨ ᠤ ᠠᠪᠳᠠᠷ᠎ᠠ 2 ᠰᠠᠭᠤᠷᠢ᠂ ᠬᠥᠷᠥᠭᠡᠭᠦᠷ 2 ᠰᠠᠭᠤᠷᠢ᠂ ᠥᠨᠳᠥᠷ | ᠳᠠᠷᠤᠯᠲᠠᠲᠤ ᠪᠠᠺᠲ᠋ᠧᠷᠢ ᠤᠰᠠᠳᠬᠠᠬᠤ ᠪᠠᠭᠠᠵᠢ 2 ᠰᠠᠭᠤᠷᠢ ᠪᠣᠶ᠃ ᠡᠳᠦᠷ ᠤᠨ ᠬᠠᠮᠤᠭ ᠤᠨ ᠶᠡᠭᠡ ᠪᠥᠭᠡᠮ | ᠬᠦᠴᠢᠯ ᠤᠨ ᠪᠠᠶᠢᠴᠠᠭᠠᠨ ᠬᠡᠮᠵᠢᠯᠲᠡ ᠶᠢᠨ ᠬᠡᠮᠵᠢᠶ᠎ᠡ ᠨᠢ 9000 ᠬᠥᠮᠥᠨ ᠤᠳᠠᠭ᠎ᠠ ᠪᠣᠯᠣᠨ᠎ᠠ᠃ ᠰᠢᠶᠠᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠴᠢᠳᠠᠪᠤᠷᠢ ᠶᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠠᠵᠤ ᠠᠬᠤᠢ ᠪᠠᠴᠢᠮ ᠪᠠᠶᠢᠭ᠎ᠠ ᠨᠥᠬᠦᠴᠡᠯ ᠳᠣᠣᠷ᠎ᠠ ᠪᠡᠯᠡ ᠮᠥᠩᠭᠦ ᠣᠷᠣᠭᠤᠯᠤᠨ᠂ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠲᠦᠷᠦᠭᠦᠯᠡᠨ ᠴᠢᠩᠭᠡᠯᠢᠭ ᠲᠤᠷᠰᠢᠯᠲᠠ ᠶᠢᠨ ᠲᠠᠰᠤᠭ ᠬᠤᠳᠠᠯᠳᠤᠨ | ᠠᠪᠬᠤ ᠶᠢ ᠬᠠᠷᠢᠭᠤᠴᠠᠵᠤ᠂ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ ᠵᠢᠱᠢᠯᠲᠡ ᠪᠠᠷ ᠡᠳᠦᠷ ᠤᠨ ᠪᠠᠶᠢᠴᠠᠭᠠᠨ | ᠰᠢᠯᠭᠠᠭᠰᠠᠨ ᠬᠡᠮᠵᠢᠶ᠎ᠡ ᠨᠢ 6.3 ᠲᠦᠮᠡᠨ ᠬᠥᠮᠥᠨ ᠤᠳᠠᠭ᠎ᠠ ᠳᠤ ᠬᠦᠷᠬᠦ ᠪᠣᠯᠣᠨ᠎ᠠ᠃ | ᠰᠤᠷᠪᠤᠯᠵᠢᠯᠠᠭᠴᠢ᠄ ᠨᠠᠮ ᠤᠨ ᠡᠭᠦᠷ ᠤᠨ ᠳᠠᠶᠢᠴᠢᠨ ᠪᠠᠬᠢᠯᠡᠯᠲᠡ ᠶᠢᠨ ᠦᠢᠯᠡᠳᠦᠯ ᠢᠶᠠᠨ ᠪᠠᠳᠠᠷᠠᠭᠤᠯᠬᠤ ᠪᠠ | ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢᠶᠠᠨ ᠪᠠᠳᠠᠷᠠᠭᠤᠯᠬᠤ ᠨᠢ ᠡᠪᠡᠳᠴᠢᠨ ᠡᠮᠭᠡᠭ ᠢ | ᠰᠡᠷᠭᠡᠶᠢᠯᠡᠨ ᠬᠢᠵᠠᠭᠠᠷᠯᠠᠬᠤ ᠲᠥᠪ ᠲᠤ ᠬᠡᠷᠬᠢᠨ ᠢᠯᠡᠷᠡᠵᠦ ᠪᠠᠶᠢᠭ᠎ᠠ ᠪᠤᠶ ︖ | ᠶᠠᠩ ᠪᠢᠩ ᠄ ᠮᠠᠨ ᠤ ᠭᠤᠣᠯᠯᠠᠬᠤ ᠨᠠᠮ ᠤᠨ ᠡᠭᠦᠷ ᠪᠣᠯ ᠪᠠᠶᠢᠯᠳᠤᠭᠠᠨ ᠳᠤ ᠣᠷᠤᠯᠴᠠᠬᠤ ᠂ ᠪᠠᠶᠢᠯᠳᠤᠭᠠᠨ ᠳᠤ | ᠵᠠᠪᠠᠯ ᠢᠯᠠᠬᠤ ᠨᠢᠭᠡᠨ ᠰᠠᠯᠠᠭ᠎ᠠ ᠴᠡᠷᠢᠭ ᠠᠩᠭᠢ ᠮᠥᠨ᠃ | ︽ ᠪᠢ ᠪᠣᠯ ᠨᠠᠮ ᠤᠨ ᠭᠡᠰᠢᠭᠦᠨ ᠪᠢ ᠲᠦᠷᠦᠭᠦᠯᠡᠨ᠎ᠡ︾ ᠭᠡᠳᠡᠭ ᠨᠢ ᠲᠡᠳᠡᠨ ᠤ ︽ ᠴᠤᠭᠯᠠᠷᠠᠬᠤ ᠶᠢᠨ ᠲᠣᠬᠢᠶ᠎ᠡ︾ | ᠪᠣᠯᠬᠤ ᠪᠠᠷ ᠪᠠᠷᠠᠬᠤ ᠦᠭᠡᠢ ᠪᠠᠰᠠ ᠴᠤ ᠲᠡᠳᠡᠨ ᠤ ︽ᠬᠢᠴᠢᠶᠡᠰᠦ︾ ᠪᠣᠯᠬᠤ ᠶᠤᠮ᠃ ︽ᠪᠢ ᠪᠣᠯ ᠡᠪᠡᠳᠴᠢᠨ ᠡᠮᠭᠡᠭ ᠢ | ᠰᠡᠷᠭᠡᠶᠢᠯᠡᠨ ᠡᠵᠡᠮᠳᠡᠬᠦ ᠬᠥᠮᠥᠨ᠂ ᠨᠡᠩ ᠴᠤ ᠡᠪ ᠬᠠᠮᠲᠤ ᠨᠠᠮ ᠤᠨ ᠭᠡᠰᠢᠭᠦᠨ ᠮᠥᠨ᠂ ᠡᠨᠡ ᠦᠶ᠎ᠡ ᠳᠤ ᠪᠢ ᠡᠷᠬᠡᠪᠰᠢ | ᠦᠯᠡᠳᠡᠬᠦ ᠬᠡᠷᠡᠭᠲᠡᠢ︾᠃ ᠡᠨᠡ ᠪᠣᠯ ᠮᠠᠨ ᠤ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ | ᠲᠥᠪ ᠤᠨ ᠨᠠᠮ ᠤᠨ ᠭᠡᠰᠢᠭᠦᠨ ᠨᠢᠭᠡᠪᠦᠷᠢ ᠶᠢᠨ ᠰᠡᠳᠬᠢᠯ ᠤᠨ ᠦᠭᠡ ᠮᠥᠨ᠃ ᠡᠪᠡᠳᠴᠢᠨ ᠡᠮᠭᠡᠭ ᠢ ᠰᠡᠷᠭᠡᠶᠢᠯᠡᠨ | ᠬᠢᠵᠠᠭᠠᠷᠯᠠᠬᠤ ᠲᠥᠪ ᠤᠨ ᠨᠠᠮ ᠤᠨ ᠭᠡᠰᠢᠭᠦᠨ᠄ ︽ᠣᠯᠠᠨ ᠲᠦᠮᠡᠨ ᠤ ᠠᠮᠢ ᠨᠠᠰᠤᠨ ᠤ ᠠᠮᠤᠷ ᠲᠦᠪᠰᠢᠨ ᠢ | ᠬᠠᠮᠠᠭᠠᠯᠠᠬᠤ ᠪᠠᠷ ᠥᠪᠡᠷ ᠤᠨ ᠡᠭᠦᠷᠭᠡ ᠪᠠᠨ ᠪᠣᠯᠭᠠᠵᠤ᠂ ᠬᠢᠵᠢᠭ ᠤᠨ ᠪᠠᠶᠢᠳᠠᠯ ᠢ ᠠᠷᠢᠯᠭᠠᠬᠤ ᠦᠭᠡᠢ ᠪᠣᠯ ᠪᠢᠳᠡ | ᠤᠬᠤᠷᠢᠬᠤ ᠦᠭᠡᠢ ︕ ︾ ᠭᠡᠵᠦ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠦ ᠪᠠᠶᠢᠨ᠎ᠠ᠃ ᠬᠢᠵᠢᠭ ᠤᠨ | ᠪᠠᠶᠢᠳᠠᠯ ᠪᠣᠯ ᠳᠠᠷᠤᠢ ᠵᠠᠷᠯᠢᠭ ᠮᠥᠨ᠂ ᠰᠡᠷᠭᠡᠶᠢᠯᠡᠨ ᠬᠢᠵᠠᠭᠠᠷᠯᠠᠬᠤ ᠪᠣᠯ ᠳᠠᠷᠤᠢ ᠬᠠᠷᠢᠭᠤᠴᠠᠯᠭ᠎ᠠ ᠮᠥᠨ᠃ ᠡᠨᠡᠬᠦ ᠰᠢᠨ᠎ᠡ | ᠲᠢᠲᠢᠮᠯᠢᠭ ᠸᠢᠷᠦ᠋ᠰ ᠤᠨ ᠬᠢᠵᠢᠭ ᠤᠨ ᠪᠠᠶᠢᠳᠠᠯ ᠢ ᠬᠤᠷᠢᠭᠯᠠᠨ ᠴᠣᠬᠢᠬᠤ ᠳᠠᠶᠢᠨ ᠤ ᠳᠤᠮᠳᠠ᠂ ᠡᠪᠡᠳᠴᠢᠨ ᠡᠮᠭᠡᠭ ᠢ | ᠰᠡᠷᠭᠡᠶᠢᠯᠡᠨ ᠬᠢᠵᠠᠭᠠᠷᠯᠠᠬᠤ ᠲᠥᠪ ᠤᠨ ᠡᠪ ᠬᠠᠮᠲᠤ ᠨᠠᠮ ᠤᠨ ᠭᠡᠰᠢᠭᠦᠳ ᠤᠭ ᠰᠠᠨᠠᠭ᠎ᠠ ᠪᠠᠨ ᠢᠮᠠᠭᠲᠠ | ᠰᠡᠳᠬᠢᠯ ᠳᠡᠭᠡᠨ ᠬᠠᠳᠠᠩᠰᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠨ᠂ ᠬᠢᠵᠢᠭ ᠤᠨ ᠪᠠᠶᠢᠳᠠᠯ ᠤᠨ ᠡᠮᠦᠨ᠎ᠡ | ᠠᠶᠤᠯ ᠲᠦᠭᠰᠢᠭᠦᠷᠢ ᠠᠴᠠ ᠠᠶᠤᠬᠤ ᠦᠭᠡᠢ ᠪᠠᠷ ᠡᠮᠦᠨ᠎ᠡ ᠨᠢ ᠭᠠᠪᠰᠢᠭᠠᠶᠢᠯᠠᠵᠤ ᠪᠠᠶᠢᠯ᠎ᠠ᠃ | ᠡᠨᠡ ᠤᠳᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠳᠠᠶᠢᠨ ᠤ ᠳᠤᠮᠳᠠ᠂ ᠭᠤᠣᠯᠯᠠᠬᠤ | ᠨᠠᠮ ᠤᠨ ᠡᠭᠦᠷ ᠤᠨ ᠱᠦᠵᠢ ᠪᠣᠯᠣᠨ ᠡᠷᠬᠢᠯᠡᠭᠴᠢ ᠨᠢ ᠬᠢᠵᠢᠭ ᠤᠨ ᠪᠠᠶᠢᠳᠠᠯ ᠤᠨ ᠶᠡᠷᠦᠩᠬᠡᠢ ᠵᠢᠯᠣᠭᠤᠳᠤᠭᠴᠢ ᠪᠣᠯᠵᠤ᠂ | ᠨᠠᠮ ᠤᠨ ᠡᠭᠦᠷ ᠤᠨ ᠭᠡᠰᠢᠭᠦᠨ ᠨᠢ ᠬᠤᠰᠢᠭᠤᠴᠢ ᠪᠣᠯᠵᠤ᠂ ᠪᠤᠰᠤᠳ ᠨᠠᠮ ᠤᠨ ᠭᠡᠰᠢᠭᠦᠨ ᠪᠣᠯᠣᠨ ᠺᠠᠳ᠋ᠷ ᠠᠵᠢᠯᠲᠠᠨ | ᠠᠵᠢᠯᠴᠢᠨ ᠨᠢ ᠦᠬᠦᠵᠦ ᠰᠡᠭᠡᠬᠦ ᠠᠴᠠ ᠠᠶᠤᠬᠤ ᠦᠭᠡᠢ ᠪᠠᠶᠢᠯᠳᠤᠭᠴᠢ ᠶᠢᠨ ᠳᠦᠷᠢ ᠪᠣᠯᠵᠠᠢ᠃ ᠬᠠᠮᠢᠭ᠎ᠠ ᠡᠮᠦᠨ᠎ᠡ | ᠹᠷᠣᠨᠲ ᠪᠠᠶᠢᠪᠠᠯ ᠲᠡᠨᠳᠡ ᠳᠠᠷᠤᠢ ᠲᠡᠳᠡᠨ ᠤ ᠪᠠᠷ᠎ᠠ ᠰᠡᠭᠦᠳᠡᠷ ᠪᠠᠶᠢᠳᠠᠭ︔ ᠬᠠᠮᠢᠭ᠎ᠠ ᠬᠠᠮᠤᠭ ᠤᠨ ᠪᠡᠷᠬᠡ | ᠪᠠᠷᠳᠠᠭ᠎ᠠ ᠲᠠᠢ ᠪᠣᠯ ᠲᠡᠨᠳᠡ ᠲᠡᠳᠡᠨ ᠤ ᠠᠮᠢ ᠪᠡᠶ᠎ᠡ ᠪᠠᠨ ᠬᠠᠶᠢᠬᠤᠷᠤᠯ ᠦᠭᠡᠢ ᠪᠠᠷ ᠠᠮᠢ ᠪᠡᠶ᠎ᠡ ᠪᠠᠨ ᠴᠦᠯᠡᠨ ᠵᠢᠳᠬᠦᠬᠦ | ᠴᠢᠷᠮᠠᠶᠢᠯᠭ᠎ᠠ ᠪᠠᠶᠢᠳᠠᠭ ᠃ ᠲᠡᠳᠡᠨ ᠤ ᠡᠨᠡ ᠬᠦ ᠵᠣᠪᠠᠭᠤᠷᠢ ᠵᠦᠳᠡᠭᠦᠷᠢ ᠶᠢ ᠲᠡᠰᠪᠦᠷᠢᠯᠡᠬᠦ ᠵᠣᠷᠢᠭ ᠰᠠᠨᠠᠭ᠎ᠠ ᠪᠣᠯ ᠮᠠᠨ ᠤ | ᠭᠤᠣᠯ ᠪᠣᠯᠬᠤ ᠨᠠᠮ ᠤᠨ ᠭᠡᠰᠢᠭᠦᠨ ᠤ ᠪᠠᠷᠢᠮᠵᠢᠶ᠎ᠠ ᠪᠣᠯᠬᠤ ᠪᠥᠭᠡᠳ ᠪᠠᠰᠠ ᠴᠤ ᠨᠠᠮ ᠤᠨ ᠭᠡᠰᠢᠭᠦᠨ ᠨᠢᠭᠡᠪᠦᠷᠢ ᠳᠤ | ᠪᠠᠶᠢᠪᠠᠰᠤ ᠵᠣᠬᠢᠬᠤ ᠪᠠᠶᠢᠷᠢᠯᠠᠭᠤᠯᠤᠯᠲᠠ ᠪᠣᠯᠬᠤ ᠶᠤᠮ᠃ ᠪᠠᠰᠠ ᠬᠡᠳᠦᠨ ᠢᠳᠡᠪᠬᠢᠲᠡᠨ ᠤ ᠰᠡᠳᠬᠢᠯ ᠰᠠᠨᠠᠭ᠎ᠠ ᠨᠢ | ᠤᠬᠢᠶᠠᠯ ᠬᠦᠷᠲᠡᠵᠦ ᠂ ᠨᠠᠮ ᠳᠤ ᠣᠷᠣᠬᠤ ᠤᠭ ᠰᠠᠨᠠᠭ᠎ᠠ ᠪᠠᠨ ᠴᠡᠪᠡᠷᠵᠢᠭᠦᠯᠦᠭᠰᠡᠨ ᠪᠠᠶᠢᠨ᠎ᠠ ᠃ ᠪᠠᠰᠠ ᠮᠠᠰᠢ ᠤᠯᠠᠨ | ᠰᠠᠨᠠᠭᠠᠴᠢᠯᠠᠭ᠎ᠠ ᠠᠴᠠ ᠪᠠᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠳᠤ ᠣᠷᠣᠯᠴᠠᠭᠰᠠᠨ ᠨᠠᠮ ᠤᠨ | ᠭᠡᠰᠢᠭᠦᠨ ᠪᠣᠯᠣᠨ ᠺᠠᠳ᠋ᠷ ᠠᠵᠢᠯᠲᠠᠨ ᠠᠵᠢᠯᠴᠢᠨ ᠴᠥᠮ ᠬᠢᠵᠢᠭ ᠤᠨ ᠪᠠᠶᠢᠳᠠᠯ ᠤᠨ ᠬᠠᠮᠤᠭ ᠤᠨ ᠡᠮᠦᠨ᠎ᠡ ᠹᠷᠣᠨᠲ ᠳᠤ | ᠭᠤᠮᠣᠳᠠᠯ ᠦᠭᠡᠢ ᠪᠠᠷ ᠪᠠᠶᠢᠯᠳᠤᠵᠤ ᠪᠠᠶᠢᠨ᠎ᠠ ᠃ | ᠰᠤᠷᠪᠤᠯᠵᠢᠯᠠᠭᠴᠢ᠄ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ | ᠬᠢᠵᠠᠭᠠᠷᠯᠠᠬᠤ ᠲᠠᠯ᠎ᠠ ᠪᠠᠷ᠂ ᠲᠠ ᠵᠦᠢ ᠵᠣᠬᠢᠰᠲᠠᠢ ᠰᠠᠨᠠᠭᠤᠯᠭ᠎ᠠ ᠠᠴᠠ ᠳᠤᠷᠠᠳᠤᠨ᠎ᠠ ᠦᠦ︖ | ᠶᠠᠩ ᠪᠢᠩ᠄ ᠣᠳᠣᠬᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠳᠠᠯ ᠮᠥᠨ ᠬᠦ ᠬᠦᠨᠳᠦ | ᠬᠡᠴᠡᠭᠦᠦ ᠪᠠᠶᠢᠨ᠎ᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠶᠠᠪᠤᠴᠠ ᠳᠤ ᠪᠢᠳᠡ ᠳᠣᠣᠷᠠᠬᠢ ᠬᠡᠳᠦᠨ | ᠲᠠᠯ᠎ᠠ ᠶᠢ ᠰᠠᠶᠢᠲᠤᠷ ᠬᠢᠬᠦ ᠬᠡᠷᠡᠭᠲᠡᠢ᠄ | 1. ᠬᠢᠵᠢᠭ ᠤᠨ ᠪᠠᠶᠢᠳᠠᠯ ᠲᠠᠢ ᠭᠠᠵᠠᠷ ᠣᠷᠣᠨ ᠠᠴᠠ ᠪᠤᠴᠠᠵᠤ ᠢᠷᠡᠭᠰᠡᠨ ᠬᠥᠮᠥᠰ ᠤᠨ ᠬᠠᠮᠢᠶᠠᠷᠤᠯᠲᠠ ᠶᠢ | ᠴᠢᠩᠭᠠᠳᠬᠠᠨ᠎ᠠ᠃ ᠨᠡᠶᠢᠭᠡᠮ ᠲᠣᠭᠤᠷᠢᠭ ᠪᠣᠯᠣᠨ ᠪᠠᠶᠢᠭᠤᠯᠭ᠎ᠠ ᠨᠢᠭᠡᠴᠡ ᠨᠦᠭᠦᠳ ᠡᠷᠬᠡᠪᠰᠢ ᠰᠡᠷᠭᠡᠶᠢᠯᠡᠨ ᠡᠵᠡᠮᠳᠡᠬᠦ | ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠠᠷᠢᠶ᠎ᠠ ᠣᠷᠣᠨ᠂ ᠪᠠᠶᠢᠭᠤᠯᠭ᠎ᠠ ᠨᠢᠭᠡᠴᠡ ᠶᠢᠨ | ᠭᠠᠳᠠᠨ᠎ᠠ ᠠᠴᠠ ᠢᠷᠡᠭᠰᠡᠨ ᠬᠥᠮᠥᠰ ᠤᠨ ᠪᠠᠶᠢᠳᠠᠯ ᠪᠣᠯᠣᠨ ᠡᠷᠡᠭᠦᠯ ᠮᠡᠨᠳᠦ ᠶᠢᠨ ᠪᠠᠶᠢᠳᠠᠯ ᠢ ᠡᠵᠡᠮᠰᠢᠬᠦ ᠬᠡᠷᠡᠭᠲᠡᠢ᠃ | 2. ᠬᠤᠪᠢ ᠬᠥᠮᠥᠨ ᠤ ᠬᠠᠮᠠᠭᠠᠯᠠᠯᠲᠠ ᠶᠢ ᠰᠠᠶᠢᠲᠤᠷ ᠬᠢᠬᠦ ᠬᠡᠷᠡᠭᠲᠡᠢ᠃ ᠠᠮᠠᠪᠴᠢ ᠵᠡᠭᠦᠬᠦ ᠂ ᠭᠠᠷ ᠢᠶᠠᠨ ᠰᠠᠶᠢᠲᠤᠷ | ᠤᠬᠢᠶᠠᠬᠤ ᠂ ᠦᠷᠭᠦᠯᠵᠢ ᠰᠠᠯᠬᠢ ᠨᠡᠪᠲᠡᠷᠡᠭᠦᠯᠬᠦ᠂ ᠨᠢᠭᠡ ᠮᠧᠲᠷ ᠤᠨ ᠵᠠᠢ ᠵᠡᠷᠭᠡ ᠃ | 3. ᠴᠤᠭᠯᠠᠵᠤ ᠬᠠᠮᠲᠤ ᠬᠤᠭᠤᠯᠠᠯᠠᠬᠤ ᠶᠢ ᠴᠢᠩᠭ᠎ᠠ ᠴᠠᠭᠠᠵᠠᠯᠠᠬᠤ ᠶᠢ ᠨᠠᠶᠢᠳᠠᠪᠤᠷᠢᠵᠢᠭᠤᠯᠬᠤ ᠬᠡᠷᠡᠭᠲᠡᠢ᠃ | ᠰᠢᠶᠠᠨ ᠤ ᠬᠤᠳᠠ ᠪᠠ ᠬᠥᠳᠡᠭᠡ ᠲᠣᠰᠬᠤᠨ ᠳᠤ ᠴᠤᠭᠯᠠᠵᠤ ᠬᠠᠮᠲᠤ ᠬᠤᠭᠤᠯᠠᠯᠠᠬᠤ ᠶᠢ ᠴᠢᠩᠭ᠎ᠠ ᠴᠠᠭᠠᠵᠠᠯᠠᠵᠤ ᠂ | ᠴᠤᠭᠯᠠᠷᠠᠯ ᠤᠨ ᠴᠢᠨᠠᠷᠲᠠᠢ ᠬᠠᠯᠳᠠᠪᠤᠷᠢᠯᠠᠯ ᠪᠠ ᠡᠪᠡᠳᠴᠢᠨ ᠡᠭᠦᠰᠬᠦ ᠠᠴᠠ ᠵᠠᠶᠢᠯᠠᠰᠬᠢᠬᠦ ᠬᠡᠷᠡᠭᠲᠡᠢ ᠃ | ᠣᠷᠴᠢᠭᠤᠯᠤᠭᠴᠢ᠄ ᠣᠳᠣᠨᠭᠡᠷᠡᠯ | ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ | | | | | |