ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠳ᠋ᠢᠶᠣᠣ ᠴᠦᠨ ᠬᠠᠢ ᠪᠥᠬᠦ ᠰᠢᠶᠠᠨ ᠤ ᠳᠡᠭᠡᠳᠦ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ ᠴᠢᠬᠤᠯᠠᠴᠢᠯᠠᠭᠰᠠᠨ ᠨᠢ ᠳᠡᠭᠡᠳᠦ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ ᠳᠡᠭᠡᠳᠦ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠲᠤᠭ᠎ᠠ ᠴᠢᠨᠠᠷ ᠤᠨ ᠬᠡᠮᠵᠢᠶ᠎ᠡ ᠶᠢ ᠪᠠᠲᠤᠯᠠᠨ ᠪᠡᠶᠡᠯᠡᠭᠦᠯᠬᠦ ᠬᠡᠷᠡᠭᠲᠡᠢ
ᠨᠡᠶᠢᠲᠡᠯᠡᠭᠰᠡᠨ ᠴᠠᠭ᠄
2022/4/22
   4 ᠰᠠᠷ᠎ᠠ ᠶᠢᠨ 21 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠳ᠋ᠢᠶᠣᠣ ᠴᠦᠨ ᠬᠠᠢ ᠪᠥᠬᠦ ᠰᠢᠶᠠᠨ ᠤ ᠳᠡᠭᠡᠳᠦ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠡᠷᠴᠢ ᠵᠣᠷᠢᠭ ᠢᠶᠠᠨ ᠬᠥᠪᠴᠢᠯᠡᠵᠦ᠂ ᠳᠡᠭᠡᠳᠦ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠳᠡᠭᠡᠳᠦ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠲᠤᠭ᠎ᠠ ᠴᠢᠨᠠᠷ ᠤᠨ ᠬᠡᠮᠵᠢᠶ᠎ᠡ ᠶᠢ ᠪᠠᠲᠤᠯᠠᠨ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃

01.png

   ᠬᠤᠷᠠᠯ ᠳᠡᠭᠡᠷ᠎ᠡ᠂ ᠰᠢᠶᠠᠨ ᠤ ᠳᠡᠳ᠋ ᠳᠠᠷᠤᠭ᠎ᠠ ᠰᠢᠶᠣᠣ ᠵᠧᠨ ᠢᠦᠢ ︽ᠪᠥᠬᠦ ᠰᠢᠶᠠᠨ ᠤ ᠳᠡᠭᠡᠳᠦ ᠪᠠᠷᠢᠮᠵᠢᠶᠠᠲᠤ

ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠠᠵᠢᠯ ᠤᠨ ᠲᠥᠰᠥᠯ︾ ᠳᠤ

ᠲᠠᠶᠢᠯᠤᠮᠵᠢ ᠬᠢᠪᠡ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ

ᠬᠡᠯᠲᠡᠰ ᠤᠨ ᠳᠠᠷᠤᠭ᠎ᠠ ᠰᠥᠩ ᡁᠢ ᠹᠠᠩ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ

ᠪᠠᠶᠢᠭᠤᠯᠤᠯᠲᠠ ᠶᠢᠨ ᠬᠢᠨᠠᠨ ᠰᠢᠯᠭᠠᠬᠤ ᠠᠵᠢᠯ ᠢ ᠲᠣᠬᠢᠷᠠᠭᠤᠯᠪᠠ᠃

   ᠳ᠋ᠢᠶᠣᠣ ᠴᠦᠨ ᠬᠠᠢ ᠪᠥᠬᠦ ᠰᠢᠶᠠᠨ ᠤ ᠳᠡᠭᠡᠳᠦ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ

ᠪᠠᠶᠢᠭᠤᠯᠤᠯᠲᠠ ᠶᠢᠨ ᠠᠵᠢᠯ ᠢ ᠤᠯᠠᠮ ᠨᠢᠭᠡ ᠠᠯᠬᠤᠮ ᠲᠦᠯᠬᠢᠨ ᠠᠬᠢᠭᠤᠯᠬᠤ ᠲᠤᠬᠠᠢ ᠵᠢᠭᠠᠵᠤ ᠭᠠᠷᠭᠠᠭᠰᠠᠨ ᠨᠢ᠂

ᠳᠡᠭᠡᠳᠦ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠵᠦᠢᠯᠡᠰ ᠪᠣᠯ ︽ᠠᠮᠤ ᠪᠤᠳᠠᠭ᠎ᠠ ᠶᠢ

ᠭᠠᠵᠠᠷ ᠰᠢᠷᠣᠢ ᠳᠤ ᠬᠠᠳᠠᠭᠠᠯᠠᠵᠤ᠂ ᠠᠮᠤ ᠪᠤᠳᠠᠭ᠎ᠠ ᠶᠢ ᠮᠡᠷᠭᠡᠵᠢᠯ ᠳᠤ ᠬᠠᠳᠠᠭᠠᠯᠠᠬᠤ︾ ᠪᠠᠶᠢᠯᠳᠤᠬᠤ ᠪᠣᠳᠣᠯᠭ᠎ᠠ ᠶᠢ

ᠨᠠᠶᠢᠳᠠᠪᠤᠷᠢᠵᠢᠭᠤᠯᠬᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠪᠠ ᠴᠢᠬᠤᠯᠠ ᠲᠠᠷᠢᠶᠠᠯᠠᠩ ᠤᠨ

ᠪᠦᠲᠦᠭᠡᠭᠳᠡᠬᠦᠨ ᠤ ᠬᠠᠩᠭᠠᠯᠭ᠎ᠠ ᠶᠢ ᠪᠠᠲᠤᠯᠠᠬᠤ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠪᠣᠯᠬᠤ ᠪᠠᠷ ᠪᠠᠷᠠᠬᠤ ᠦᠭᠡᠢ᠂

ᠪᠠᠰᠠ ᠴᠤ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠬᠦᠷᠢᠶᠡᠨ ᠳᠠᠬᠢ ᠳᠤᠲᠠᠭᠤᠳᠠᠯ ᠢ ᠨᠥᠬᠦᠪᠦᠷᠢᠯᠡᠬᠦ᠂

ᠲᠠᠷᠢᠶᠠᠯᠠᠩ ᠤᠨ ᠰᠠᠭᠤᠷᠢ ᠨᠥᠬᠦᠴᠡᠯ ᠢ ᠰᠠᠶᠢᠵᠢᠷᠠᠭᠤᠯᠬᠤ ᠴᠢᠬᠤᠯᠠ ᠶᠡᠭᠡ ᠲᠤᠯᠭᠠᠭᠤᠷᠢᠯᠠᠬᠤ ᠵᠦᠢᠯᠡᠰ ᠮᠥᠨ᠃ ᠡᠯ᠎ᠡ

ᠰᠢᠶᠠᠩ ᠪᠠᠯᠭᠠᠰᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠥᠨᠳᠥᠷ ᠪᠠᠷᠢᠮᠵᠢᠶᠠᠲᠤ ᠲᠠᠷᠢᠶᠠᠨ

ᠭᠠᠵᠠᠷ ᠤᠨ ᠪᠦᠲᠦᠭᠡᠨ ᠪᠠᠶᠢᠭᠤᠯᠤᠯᠲᠠ ᠶᠢ ᠣᠳᠣᠬᠠᠨ ᠤ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠭᠠᠨ

ᠠᠳᠬᠤᠵᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠬᠦ ᠳᠤ᠂ ᠭᠤᠣᠯ ᠬᠠᠷᠢᠭᠤᠴᠠᠯᠭᠠᠲᠠᠨ

ᠪᠡᠶ᠎ᠡ ᠪᠠᠷ ᠢᠶᠠᠨ ᠠᠰᠠᠭᠤᠵᠤ᠂ ᠤᠷᠢᠳᠴᠢᠯᠠᠨ ᠵᠢᠯᠤᠭᠤᠳᠴᠤ᠂ ᠴᠠᠭ ᠪᠢᠳᠡᠨ ᠢ ᠬᠦᠯᠢᠶᠡᠬᠦ ᠦᠭᠡᠢ᠂ ᠥᠷᠯᠥᠭᠡ

ᠦᠳᠡᠰᠢ ᠶᠢ ᠲᠡᠮᠡᠴᠡᠬᠦ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ

ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ

ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠠᠷᠢᠶᠠᠨ ᠴᠠᠭ ᠢ ᠰᠠᠭᠠᠲᠠᠭᠠᠬᠤ ᠦᠭᠡᠢ᠂ ᠥᠨᠳᠥᠷ ᠪᠦᠲᠦᠮᠵᠢᠲᠡᠶ ᠪᠠᠷ

ᠲᠦᠯᠬᠢᠨ ᠠᠬᠢᠭᠤᠯᠬᠤ ᠶᠢ ᠦᠨᠡᠨ ᠬᠦ ᠪᠠᠲᠤᠯᠠᠵᠤ᠂ 5 ᠰᠠᠷ᠎ᠠ ᠶᠢᠨ ᠳᠤᠮᠳᠠᠴᠢ ᠪᠠᠷ ᠪᠦᠬᠦᠨ ᠢ ᠳᠠᠭᠤᠰᠬᠠᠬᠤ ᠶᠢ

ᠦᠨᠡᠨ ᠬᠦ ᠪᠠᠲᠤᠯᠠᠬᠤ ᠬᠡᠷᠡᠭᠲᠡᠢ᠃

   ᠳ᠋ᠢᠶᠣᠣ ᠴᠦᠨ ᠬᠠᠢ ᠱᠠᠭᠠᠷᠳᠠᠭᠰᠠᠨ ᠨᠢ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠡᠯ᠎ᠡ ᠰᠢᠶᠠᠩ

ᠪᠠᠯᠭᠠᠰᠤ ᠬᠠᠷᠠᠯᠲᠠ ᠡᠭᠦᠷᠭᠡ ᠪᠠᠨ ᠴᠢᠩᠭ᠎ᠠ ᠠᠩᠬᠠᠷᠴᠤ᠂ ᠪᠠᠷᠢᠯᠭ᠎ᠠ ᠶᠢᠨ ᠠᠵᠢᠯ ᠤᠨ ᠠᠮᠤᠷ ᠲᠦᠪᠰᠢᠨ ᠢ

ᠪᠠᠲᠤᠯᠠᠭᠰᠠᠨ ᠤᠷᠢᠲᠠᠯ ᠳᠣᠣᠷ᠎ᠠ᠂ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠵᠤ ᠂ ᠤᠯᠠᠨ ᠲᠦᠮᠡᠨ ᠤ

ᠬᠢᠨᠠᠯᠲᠠ ᠲᠠᠯᠪᠢᠬᠤ ᠦᠢᠯᠡᠳᠦᠯ ᠢ ᠭᠦᠢᠴᠡᠳ ᠪᠠᠳᠠᠷᠠᠭᠤᠯᠵᠤ ᠂ ᠴᠠᠭ ᠤᠨ ᠬᠦᠰᠦᠨᠦᠭᠲᠦ ᠂ ᠡᠭᠦᠷᠭᠡ ᠶᠢᠨ ᠪᠢᠴᠢᠭ ᠂

ᠵᠠᠮ ᠱᠤᠭᠤᠮ ᠤᠨ ᠵᠢᠷᠤᠭ ᠪᠣᠯᠣᠨ ᠬᠠᠷᠢᠭᠤᠴᠠᠯᠭᠠᠲᠠᠨ ᠢ ᠲᠣᠳᠣᠷᠬᠠᠶᠢᠯᠠᠵᠤ᠂  ᠠᠵᠢᠯᠲᠠᠨ ᠢ ᠢᠯᠡᠭᠦᠦ ᠭᠠᠷᠭᠠᠵᠤ ᠂

ᠲᠤᠨᠤᠭ ᠲᠥᠬᠦᠭᠡᠷᠦᠮᠵᠢ ᠶᠢ ᠢᠯᠡᠭᠦᠦ ᠨᠡᠮᠡᠵᠦ ᠂ ᠪᠠᠷᠢᠯᠭ᠎ᠠ ᠶᠢᠨ ᠠᠬᠢᠴᠠ ᠶᠢ ᠲᠦᠷᠭᠡᠳᠬᠡᠨ᠂ ᠡᠯ᠎ᠡ ᠲᠣᠰᠬᠤᠨ ᠤ

ᠵᠣᠬᠢᠴᠠᠭᠤᠯᠬᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ ᠂ ᠠᠵᠢᠯ ᠤᠨ ᠬᠤᠭᠤᠴᠠᠭ᠎ᠠ ᠶᠢ

ᠲᠣᠩᠭᠤᠷᠤᠭᠤᠯᠤᠨ ᠵᠢᠭᠰᠠᠭᠠᠵᠤ ᠂ ᠲᠡᠰ ᠳᠠᠷᠠᠭᠠᠯᠠᠯ ᠢ ᠰᠢᠯᠢᠳᠡᠭᠵᠢᠭᠦᠯᠵᠦ ᠂ ᠵᠠᠷᠢᠮ ᠭᠤᠭᠴᠤᠭ᠎ᠠ ᠶᠢ ᠨᠡᠶᠢᠯᠡᠭᠦᠯᠦᠨ

ᠰᠢᠢᠳᠪᠦᠷᠢᠯᠡᠵᠦ ᠂ ᠵᠠᠪᠰᠠᠷ ᠦᠭᠡᠢ ᠵᠣᠯᠭᠠᠭᠤᠯᠬᠤ ᠶᠢ ᠪᠡᠶᠡᠯᠡᠭᠦᠯᠵᠦ ᠂ ᠴᠠᠭ ᠲᠤᠬᠠᠢ ᠳᠤᠨᠢ ᠶᠠᠰᠤ ᠴᠢᠨᠠᠷ ᠢ ᠪᠠᠲᠤᠯᠠᠨ

ᠲᠤᠭ᠎ᠠ ᠬᠡᠮᠵᠢᠶ᠎ᠡ ᠶᠢ ᠪᠠᠲᠤᠯᠠᠨ ᠡᠭᠦᠷᠭᠡ ᠪᠠᠨ ᠪᠡᠶᠡᠯᠡᠭᠦᠯᠬᠦ ᠬᠡᠷᠡᠭᠲᠡᠢ ᠃

02.png

   ᠳ᠋ᠢᠶᠣᠣ ᠴᠦᠨ ᠬᠠᠢ ᠴᠢᠬᠤᠯᠠᠴᠢᠯᠠᠭᠰᠠᠨ ᠨᠢ᠂ ᠡᠯ᠎ᠡ ᠳᠠᠭᠠᠭᠠᠴᠢᠯᠠᠨ ᠬᠤᠯᠪᠣᠭᠠᠯᠠᠭᠰᠠᠨ ᠰᠢᠶᠠᠩ ᠪᠠᠯᠭᠠᠰᠤ

ᠰᠢᠶᠠᠨ ᠤ ᠤᠳᠤᠷᠢᠳᠤᠯᠭ᠎ᠠ ᠪᠣᠯᠣᠨ ᠰᠢᠶᠠᠩ ᠪᠠᠯᠭᠠᠰᠤᠨ ᠤ ᠤᠳᠤᠷᠢᠳᠬᠤ ᠪᠠᠭ ᠤᠨ ᠪᠦᠷᠢᠯᠳᠦᠭᠦᠨ ᠨᠠᠷ ᠥᠨᠳᠥᠷ

ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠤᠬᠠᠭᠤᠯᠬᠤ ᠬᠤᠯᠪᠣᠭᠳᠠᠯ ᠪᠦᠬᠦᠢ ᠲᠥᠷᠥ ᠶᠢᠨ

ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ

ᠪᠠᠶᠢᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ ᠶᠢᠨ ᠬᠠᠮᠢᠶᠠᠷᠤᠯᠲᠠ᠂ ᠬᠢᠨᠠᠨ ᠵᠢᠯᠤᠭᠤᠳᠴᠤ ᠪᠠᠶᠢᠴᠠᠭᠠᠬᠤ᠂

ᠡᠯ᠎ᠡ ᠵᠦᠢᠯ ᠤᠨ ᠵᠥᠷᠢᠴᠡᠯ ᠵᠢᠭᠤᠷᠠᠯᠳᠤᠭᠠᠨ ᠢ ᠲᠣᠬᠢᠲᠠᠢ ᠰᠢᠢᠳᠪᠦᠷᠢᠯᠡᠬᠦ ᠵᠡᠷᠭᠡ ᠡᠯ᠎ᠡ ᠵᠦᠢᠯ ᠤᠨ ᠠᠵᠢᠯ ᠤᠨ

ᠡᠭᠦᠷᠭᠡ ᠶᠢ ᠵᠣᠬᠢᠶᠠᠨ ᠪᠠᠶᠢᠭᠤᠯᠤᠨ ᠰᠠᠶᠢᠲᠤᠷ ᠵᠣᠬᠢᠴᠠᠭᠤᠯᠬᠤ ᠬᠡᠷᠡᠭᠲᠡᠢ᠃ ᠲᠠᠷᠢᠶᠠᠯᠠᠩ ᠤᠨ ᠰᠢᠨᠵᠢᠯᠡᠬᠦ ᠤᠬᠠᠭᠠᠨ ᠤ 

ᠲᠣᠪᠴᠢᠶ᠎ᠠ ᠂ ᠡᠯ᠎ᠡ ᠰᠢᠶᠠᠩ ᠪᠠᠯᠭᠠᠰᠤ ᠶᠢᠨ ᠭᠤᠣᠯ ᠬᠠᠷᠢᠭᠤᠴᠠᠯᠭᠠᠲᠠᠳ ᠪᠠᠷᠢᠯᠭ᠎ᠠ ᠪᠠᠷᠢᠬᠤ ᠨᠢᠭᠡᠴᠡ ᠶᠢ 

ᠰᠢᠮᠳᠠᠭᠤᠯᠵᠤ ᠪᠠᠶᠢᠭᠠᠳ ᠬᠤᠷᠴᠠ ᠴᠢᠳᠠᠮᠠᠭᠠᠢ ᠪᠠᠷᠢᠯᠭ᠎ᠠ ᠪᠠᠷᠢᠬᠤ ᠡᠩᠨᠡᠭᠡ ᠶᠢ ᠰᠠᠶᠢᠲᠤᠷ ᠵᠣᠬᠢᠶᠠᠨ ᠪᠠᠶᠢᠭᠤᠯᠵᠤ ᠂

ᠡᠭᠡᠯᠵᠢ ᠨᠡᠮᠡᠵᠦ ᠴᠠᠭ ᠨᠡᠮᠡᠵᠦ ᠠᠵᠢᠯᠯᠠᠭᠤᠯᠤᠨ ᠵᠢᠷᠤᠮᠵᠢᠯ ᠢ ᠴᠢᠩᠭ᠎ᠠ ᠵᠢᠷᠤᠮᠯᠠᠨ ᠪᠠᠷᠢᠯᠭ᠎ᠠ ᠪᠠᠷᠢᠭᠤᠯᠵᠤ ᠂

ᠪᠠᠷᠢᠯᠭ᠎ᠠ ᠶᠢᠨ ᠲᠥᠷᠥᠯ ᠵᠦᠢᠯ ᠤᠨ ᠶᠠᠰᠤ ᠴᠢᠨᠠᠷ ᠂ ᠠᠬᠢᠴᠠ᠂ ᠠᠶᠦᠯᠬᠦᠢ ᠳᠤ ᠥᠨᠳᠥᠷ ᠦᠷ᠎ᠡ ᠪᠦᠲᠦᠮᠵᠢᠲᠡᠶ

ᠵᠣᠬᠢᠴᠠᠩᠭᠤᠢ ᠠᠵᠢᠯᠯᠠᠭᠠᠨ ᠬᠢᠬᠦ ᠬᠡᠷᠡᠭᠲᠡᠢ ᠃ ᠬᠢᠨᠠᠨ ᠬᠠᠮᠢᠶᠠᠷᠬᠤ ᠺᠣᠮᠫᠠᠨᠢ ᠶᠢ ᠰᠢᠪᠠᠳᠠᠵᠤ ᠪᠠᠶᠢᠭᠠᠳ ᠲᠤᠰᠢᠶᠠᠯ

ᠬᠠᠷᠢᠭᠤᠴᠠᠯᠭ᠎ᠠ ᠪᠠᠨ ᠭᠦᠢᠴᠡᠳᠬᠡᠵᠦ ᠂ ᠪᠠᠶᠠᠯᠢᠭ ᠲᠤᠷᠰᠢᠯᠭ᠎ᠠ ᠲᠠᠢ ᠲᠤᠬᠠᠢ ᠶᠢᠨ ᠲᠠᠯᠠᠪᠤᠷ ᠤᠨ ᠬᠢᠨᠠᠭᠴᠢ ᠶᠢ

ᠲᠣᠬᠢᠷᠠᠭᠤᠯᠤᠨ᠂ ᠮᠠᠲ᠋ᠧᠷᠢᠶᠠᠯ ᠂ ᠪᠠᠷᠢᠯᠭ᠎ᠠ ᠶᠢᠨ ᠠᠵᠢᠯ ᠵᠡᠷᠭᠡ ᠪᠣᠭᠤᠮᠲᠠ ᠶᠢ ᠰᠠᠶᠢᠲᠤᠷ ᠰᠠᠬᠢᠭᠤᠯᠬᠤ ᠬᠡᠷᠡᠭᠲᠡᠢ ᠃ 

ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠨᠢ ᠲᠥᠷᠥᠯ ᠵᠦᠢᠯ ᠢ ᠰᠢᠮᠳᠠᠭᠤᠯᠤᠨ ᠵᠢᠯᠤᠭᠤᠳᠬᠤ ᠪᠠ ᠮᠡᠷᠭᠡᠵᠢᠯ ᠤᠨ

ᠵᠢᠯᠣᠭᠤᠳᠤᠯᠭ᠎ᠠ ᠶᠢ ᠰᠠᠶᠢᠲᠤᠷ ᠬᠢᠵᠦ᠂ ᠲᠣᠬᠢᠷᠠᠭᠤᠯᠬᠤ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠰᠠᠶᠢᠲᠤᠷ ᠬᠢᠵᠦ

᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ᠂ ᠶᠠᠰᠤ ᠴᠢᠨᠠᠷ ᠪᠠ ᠦᠷ᠎ᠡ ᠠᠰᠢᠭ ᠢ ᠦᠨᠡᠨᠬᠦ

ᠪᠠᠲᠤᠯᠠᠵᠤ᠂ ᠢᠨᠵᠧᠨᠧᠷᠢᠩ ᠤᠨ ᠠᠮᠤᠷ ᠲᠦᠪᠰᠢᠨ᠂ ᠪᠡᠯᠡ ᠮᠥᠩᠭᠦ ᠶᠢᠨ ᠠᠮᠤᠷ ᠲᠦᠪᠰᠢᠨ ᠪᠠ ᠦᠢᠯᠡᠳᠪᠦᠷᠢᠯᠡᠯ ᠤᠨ

ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ᠃ ᠠᠵᠢᠯ ᠢᠶᠠᠨ ᠨᠠᠶᠢᠳᠠᠪᠤᠷᠢᠵᠢᠭᠤᠯᠤᠭᠰᠠᠨ ᠦᠭᠡᠢ ᠂ ᠠᠬᠢᠴᠠ ᠨᠢ

ᠤᠳᠠᠭᠠᠨ ᠪᠠᠶᠢᠭ᠎ᠠ ᠰᠢᠶᠠᠩ ᠪᠠᠯᠭᠠᠰᠤ ᠶᠢ ᠭᠤᠣᠯᠳᠠᠯᠭ᠎ᠠ ᠲᠠᠢ ᠪᠠᠷ ᠬᠢᠨᠠᠨ ᠵᠢᠯᠤᠭᠤᠳᠴᠤ ᠂ ᠬᠤᠯᠪᠣᠭᠳᠠᠯ ᠪᠦᠬᠦᠢ

ᠬᠠᠷᠢᠭᠤᠴᠠᠯᠭ᠎ᠠ ᠲᠠᠢ ᠬᠥᠮᠥᠰ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ ᠃

   ᠬᠤᠷᠠᠯ ᠤᠨ ᠡᠴᠦᠰ ᠲᠤ ᠪᠠᠰᠠ ︽ᠬᠤᠸᠠᠳᠧ ᠰᠢᠶᠠᠨ ᠤ 2021 ᠣᠨ ᠤ ᠥᠨᠳᠥᠷ ᠪᠠᠷᠢᠮᠵᠢᠶᠠᠲᠤ ᠲᠠᠷᠢᠶᠠᠨ

ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠲᠦᠯᠬᠢᠨ ᠠᠬᠢᠭᠤᠯᠬᠤ ᠠᠮᠠᠯᠠᠯᠲᠠ ᠶᠢᠨ ᠪᠢᠴᠢᠭ︾

 ᠳᠤ ᠭᠠᠷ ᠤᠨ ᠥᠰᠥᠭ ᠵᠢᠷᠤᠪᠠ᠃

   ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ

ᠱᠦᠵᠢ ᠵᠣᠣ ᠯᠦᠩ ᠹᠧᠢ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠢᠶᠠᠨ ᠤ ᠳᠡᠳ᠋

ᠳᠠᠷᠤᠭ᠎ᠠ ᠡᠦ · ᠴᠢᠯᠠᠭᠤ ᠂ ᠡᠯ᠎ᠡ ᠰᠢᠶᠠᠩ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ᠂ ᠰᠢᠶᠠᠩ ᠪᠠᠯᠭᠠᠰᠤᠨ ᠤ

ᠳᠠᠷᠤᠭ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ᠂ ᠳᠡᠳ᠋ ᠱᠦᠵᠢ︔ 

ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶᠠᠨ ᠤ ᠳᠠᠷᠤᠭ᠎ᠠ ᠂ ᠳᠡᠳ᠋ ᠳᠠᠷᠤᠭ᠎ᠠ ︔ ᠱᠠᠯᠠᠪᠳᠠᠭᠤᠯᠤᠨ

ᠪᠠᠶᠢᠴᠠᠭᠠᠬᠤ ᠳᠤᠭᠤᠶᠢᠯᠠᠩ ᠤᠨ ᠬᠠᠮᠢᠶ᠎ᠠ ᠪᠦᠬᠦᠢ ᠬᠥᠮᠥᠰ ᠬᠤᠷᠠᠯ ᠳᠤ ᠣᠷᠣᠯᠴᠠᠪᠠ ᠃

        ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ

        ᠣᠷᠴᠢᠭᠤᠯᠤᠭᠴᠢ᠄ ᠣᠳᠣᠨᠭᠡᠷᠡᠯ

ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2