| 4 ᠰᠠᠷ᠎ᠠ ᠶᠢᠨ 21 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠳ᠋ᠢᠶᠣᠣ ᠴᠦᠨ | ᠬᠠᠢ ᠪᠥᠬᠦ ᠰᠢᠶᠠᠨ ᠤ ᠳᠡᠭᠡᠳᠦ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ | ᠬᠤᠷᠠᠯ ᠢ ᠡᠷᠭᠢᠯᠡᠨ ᠬᠤᠷᠠᠯᠳᠤᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ | ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠬᠦᠴᠢᠷ ᠪᠡᠷᠬᠡᠰᠢᠶᠡᠯ ᠢ ᠢᠯᠠᠨ ᠳᠠᠪᠠᠵᠤ᠂ | ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠡᠷᠴᠢ ᠵᠣᠷᠢᠭ ᠢᠶᠠᠨ ᠬᠥᠪᠴᠢᠯᠡᠵᠦ᠂ ᠳᠡᠭᠡᠳᠦ ᠪᠠᠷᠢᠮᠵᠢᠶᠠᠲᠤ | ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠳᠡᠭᠡᠳᠦ | ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠲᠤᠭ᠎ᠠ ᠴᠢᠨᠠᠷ ᠤᠨ ᠬᠡᠮᠵᠢᠶ᠎ᠡ ᠶᠢ ᠪᠠᠲᠤᠯᠠᠨ | ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | | | | | | ᠬᠤᠷᠠᠯ ᠳᠡᠭᠡᠷ᠎ᠡ᠂ ᠰᠢᠶᠠᠨ ᠤ ᠳᠡᠳ᠋ ᠳᠠᠷᠤᠭ᠎ᠠ ᠰᠢᠶᠣᠣ ᠵᠧᠨ ᠢᠦᠢ ︽ᠪᠥᠬᠦ ᠰᠢᠶᠠᠨ ᠤ ᠳᠡᠭᠡᠳᠦ ᠪᠠᠷᠢᠮᠵᠢᠶᠠᠲᠤ ᠲᠠᠷᠢᠶᠠᠨ | ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠠᠵᠢᠯ ᠤᠨ ᠲᠥᠰᠥᠯ︾ ᠳᠤ ᠲᠠᠶᠢᠯᠤᠮᠵᠢ ᠬᠢᠪᠡ᠃ | ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠰᠥᠩ ᡁᠢ | ᠹᠠᠩ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠬᠢᠨᠠᠨ ᠰᠢᠯᠭᠠᠬᠤ ᠠᠵᠢᠯ ᠢ | ᠲᠣᠬᠢᠷᠠᠭᠤᠯᠪᠠ᠃ | ᠳ᠋ᠢᠶᠣᠣ ᠴᠦᠨ ᠬᠠᠢ ᠪᠥᠬᠦ ᠰᠢᠶᠠᠨ ᠤ ᠳᠡᠭᠡᠳᠦ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ | ᠠᠵᠢᠯ ᠢ ᠤᠯᠠᠮ ᠨᠢᠭᠡ ᠠᠯᠬᠤᠮ ᠲᠦᠯᠬᠢᠨ ᠠᠬᠢᠭᠤᠯᠬᠤ ᠲᠤᠬᠠᠢ ᠵᠢᠭᠠᠵᠤ ᠭᠠᠷᠭᠠᠭᠰᠠᠨ ᠨᠢ᠂ ᠳᠡᠭᠡᠳᠦ ᠪᠠᠷᠢᠮᠵᠢᠶᠠᠲᠤ | ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠵᠦᠢᠯᠡᠰ ᠪᠣᠯ ︽ᠠᠮᠤ ᠪᠤᠳᠠᠭ᠎ᠠ ᠶᠢ ᠭᠠᠵᠠᠷ ᠰᠢᠷᠣᠢ ᠳᠤ ᠬᠠᠳᠠᠭᠠᠯᠠᠵᠤ | ᠂ ᠠᠮᠤ ᠪᠤᠳᠠᠭ᠎ᠠ ᠶᠢ ᠮᠡᠷᠭᠡᠵᠢᠯ ᠳᠤ ᠬᠠᠳᠠᠭᠠᠯᠠᠬᠤ︾ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠤᠯᠤᠰ ᠤᠨ ᠠᠮᠤ | ᠪᠤᠳᠠᠭᠠᠨ ᠤ ᠠᠮᠤᠷ ᠲᠦᠪᠰᠢᠨ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢ ᠪᠠᠲᠤᠯᠠᠬᠤ | ᠵᠠᠩᠭᠢᠯᠠᠭ᠎ᠠ ᠶᠢᠨ ᠠᠷᠭ᠎ᠠ ᠬᠡᠮᠵᠢᠶ᠎ᠡ ᠪᠣᠯᠬᠤ ᠪᠠᠷ ᠪᠠᠷᠠᠬᠤ ᠦᠭᠡᠢ᠂ ᠪᠠᠰᠠ ᠴᠤ ᠲᠠᠷᠢᠶᠠᠯᠠᠩ ᠬᠥᠳᠡᠭᠡ ᠲᠣᠰᠬᠤᠨ | ᠲᠠᠷᠢᠶᠠᠴᠢᠨ ᠤ ᠬᠦᠷᠢᠶᠡᠨ ᠳᠠᠬᠢ ᠳᠤᠲᠠᠭᠤᠳᠠᠯ ᠢ ᠨᠥᠬᠦᠪᠦᠷᠢᠯᠡᠬᠦ᠂ ᠲᠠᠷᠢᠶᠠᠯᠠᠩ ᠤᠨ ᠰᠠᠭᠤᠷᠢ ᠨᠥᠬᠦᠴᠡᠯ ᠢ ᠰᠠᠶᠢᠵᠢᠷᠠᠭᠤᠯᠬᠤ | ᠴᠢᠬᠤᠯᠠ ᠶᠡᠭᠡ ᠲᠤᠯᠭᠠᠭᠤᠷᠢᠯᠠᠬᠤ ᠵᠦᠢᠯᠡᠰ ᠮᠥᠨ᠃ ᠡᠯ᠎ᠡ ᠰᠢᠶᠠᠩ ᠪᠠᠯᠭᠠᠰᠤ᠂ ᠡᠯ᠎ᠡ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠬᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠣᠳᠣᠬᠠᠨ ᠤ | ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠭᠠᠨ ᠠᠳᠬᠤᠵᠤ᠂ ᠤᠯᠤᠰ ᠲᠥᠷᠥ ᠶᠢᠨ ᠵᠣᠭᠰᠣᠴᠠ ᠪᠠᠨ | ᠳᠡᠭᠡᠭᠰᠢᠯᠡᠭᠦᠯᠬᠦ ᠳᠤ᠂ ᠭᠤᠣᠯ ᠬᠠᠷᠢᠭᠤᠴᠠᠯᠭᠠᠲᠠᠨ ᠪᠡᠶ᠎ᠡ ᠪᠠᠷ ᠢᠶᠠᠨ ᠠᠰᠠᠭᠤᠵᠤ᠂ ᠤᠷᠢᠳᠴᠢᠯᠠᠨ ᠵᠢᠯᠤᠭᠤᠳᠴᠤ᠂ ᠴᠠᠭ | ᠪᠢᠳᠡᠨ ᠢ ᠬᠦᠯᠢᠶᠡᠬᠦ ᠦᠭᠡᠢ᠂ ᠥᠷᠯᠥᠭᠡ ᠦᠳᠡᠰᠢ ᠶᠢ ᠲᠡᠮᠡᠴᠡᠬᠦ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠠᠷᠢᠶᠠᠨ ᠴᠠᠭ ᠢ ᠰᠠᠭᠠᠲᠠᠭᠠᠬᠤ ᠦᠭᠡᠢ᠂ ᠥᠨᠳᠥᠷ | ᠪᠦᠲᠦᠮᠵᠢᠲᠡᠶ ᠪᠠᠷ ᠲᠦᠯᠬᠢᠨ ᠠᠬᠢᠭᠤᠯᠬᠤ ᠶᠢ ᠦᠨᠡᠨ ᠬᠦ ᠪᠠᠲᠤᠯᠠᠵᠤ᠂ 5 ᠰᠠᠷ᠎ᠠ ᠶᠢᠨ ᠳᠤᠮᠳᠠᠴᠢ ᠪᠠᠷ ᠪᠦᠬᠦᠨ ᠢ | ᠳᠠᠭᠤᠰᠬᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ | ᠳ᠋ᠢᠶᠣᠣ ᠴᠦᠨ ᠬᠠᠢ ᠱᠠᠭᠠᠷᠳᠠᠭᠰᠠᠨ ᠨᠢ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠡᠯ᠎ᠡ ᠰᠢᠶᠠᠩ | ᠪᠠᠯᠭᠠᠰᠤ ᠬᠠᠷᠠᠯᠲᠠ ᠡᠭᠦᠷᠭᠡ ᠪᠠᠨ ᠴᠢᠩᠭ᠎ᠠ ᠠᠩᠬᠠᠷᠴᠤ᠂ ᠪᠠᠷᠢᠯᠭ᠎ᠠ ᠶᠢᠨ ᠠᠵᠢᠯ ᠤᠨ ᠠᠮᠤᠷ ᠲᠦᠪᠰᠢᠨ ᠢ ᠪᠠᠲᠤᠯᠠᠭᠰᠠᠨ | ᠤᠷᠢᠲᠠᠯ ᠳᠣᠣᠷ᠎ᠠ᠂ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠵᠤ ᠂ ᠤᠯᠠᠨ ᠲᠦᠮᠡᠨ ᠤ ᠬᠢᠨᠠᠯᠲᠠ ᠲᠠᠯᠪᠢᠬᠤ | ᠦᠢᠯᠡᠳᠦᠯ ᠢ ᠭᠦᠢᠴᠡᠳ ᠪᠠᠳᠠᠷᠠᠭᠤᠯᠵᠤ ᠂ ᠴᠠᠭ ᠤᠨ ᠬᠦᠰᠦᠨᠦᠭᠲᠦ ᠂ ᠡᠭᠦᠷᠭᠡ ᠶᠢᠨ ᠪᠢᠴᠢᠭ ᠂ ᠵᠠᠮ ᠱᠤᠭᠤᠮ ᠤᠨ ᠵᠢᠷᠤᠭ | ᠪᠣᠯᠣᠨ ᠬᠠᠷᠢᠭᠤᠴᠠᠯᠭᠠᠲᠠᠨ ᠢ ᠲᠣᠳᠣᠷᠬᠠᠶᠢᠯᠠᠵᠤ᠂ ᠠᠵᠢᠯᠲᠠᠨ ᠢ ᠢᠯᠡᠭᠦᠦ ᠭᠠᠷᠭᠠᠵᠤ ᠂ ᠲᠤᠨᠤᠭ ᠲᠥᠬᠦᠭᠡᠷᠦᠮᠵᠢ ᠶᠢ ᠢᠯᠡᠭᠦᠦ | ᠨᠡᠮᠡᠵᠦ ᠂ ᠪᠠᠷᠢᠯᠭ᠎ᠠ ᠶᠢᠨ ᠠᠬᠢᠴᠠ ᠶᠢ ᠲᠦᠷᠭᠡᠳᠬᠡᠨ᠂ ᠡᠯ᠎ᠡ ᠲᠣᠰᠬᠤᠨ ᠤ ᠵᠣᠬᠢᠴᠠᠭᠤᠯᠬᠤ ᠠᠵᠢᠯ ᠢ ᠨᠢᠭᠡᠳᠦᠯᠲᠡᠢ | ᠲᠥᠯᠥᠪᠵᠢᠭᠦᠯᠦᠨ ᠰᠠᠶᠢᠲᠤᠷ ᠬᠢᠵᠦ ᠂ ᠠᠵᠢᠯ ᠤᠨ ᠬᠤᠭᠤᠴᠠᠭ᠎ᠠ ᠶᠢ ᠲᠣᠩᠭᠤᠷᠤᠭᠤᠯᠤᠨ ᠵᠢᠭᠰᠠᠭᠠᠵᠤ ᠂ ᠲᠡᠰ ᠳᠠᠷᠠᠭᠠᠯᠠᠯ ᠢ | ᠰᠢᠯᠢᠳᠡᠭᠵᠢᠭᠦᠯᠵᠦ ᠂ ᠵᠠᠷᠢᠮ ᠭᠤᠭᠴᠤᠭ᠎ᠠ ᠶᠢ ᠨᠡᠶᠢᠯᠡᠭᠦᠯᠦᠨ ᠰᠢᠢᠳᠪᠦᠷᠢᠯᠡᠵᠦ ᠂ ᠵᠠᠪᠰᠠᠷ ᠦᠭᠡᠢ ᠵᠣᠯᠭᠠᠭᠤᠯᠬᠤ ᠶᠢ | ᠪᠡᠶᠡᠯᠡᠭᠦᠯᠵᠦ ᠂ ᠴᠠᠭ ᠲᠤᠬᠠᠢ ᠳᠤᠨᠢ ᠶᠠᠰᠤ ᠴᠢᠨᠠᠷ ᠢ ᠪᠠᠲᠤᠯᠠᠨ ᠲᠤᠭ᠎ᠠ ᠬᠡᠮᠵᠢᠶ᠎ᠡ ᠶᠢ ᠪᠠᠲᠤᠯᠠᠨ ᠡᠭᠦᠷᠭᠡ ᠪᠠᠨ ᠪᠡᠶᠡᠯᠡᠭᠦᠯᠬᠦ | ᠬᠡᠷᠡᠭᠲᠡᠢ ᠃ | | | | | | ᠳ᠋ᠢᠶᠣᠣ ᠴᠦᠨ ᠬᠠᠢ ᠴᠢᠬᠤᠯᠠᠴᠢᠯᠠᠭᠰᠠᠨ ᠨᠢ᠂ ᠡᠯ᠎ᠡ ᠳᠠᠭᠠᠭᠠᠴᠢᠯᠠᠨ ᠬᠤᠯᠪᠣᠭᠠᠯᠠᠭᠰᠠᠨ ᠰᠢᠶᠠᠩ ᠪᠠᠯᠭᠠᠰᠤ ᠰᠢᠶᠠᠨ ᠤ | ᠤᠳᠤᠷᠢᠳᠤᠯᠭ᠎ᠠ ᠪᠣᠯᠣᠨ ᠰᠢᠶᠠᠩ ᠪᠠᠯᠭᠠᠰᠤᠨ ᠤ ᠤᠳᠤᠷᠢᠳᠬᠤ ᠪᠠᠭ ᠤᠨ ᠪᠦᠷᠢᠯᠳᠦᠭᠦᠨ ᠨᠠᠷ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠤᠬᠠᠭᠤᠯᠬᠤ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ | ᠰᠠᠶᠢᠲᠤᠷ ᠨᠠᠶᠢᠳᠠᠪᠤᠷᠢᠵᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠤᠨ ᠪᠠᠷᠢᠯᠭ᠎ᠠ ᠶᠢᠨ ᠬᠠᠮᠢᠶᠠᠷᠤᠯᠲᠠ᠂ ᠬᠢᠨᠠᠨ ᠵᠢᠯᠤᠭᠤᠳᠴᠤ ᠪᠠᠶᠢᠴᠠᠭᠠᠬᠤ᠂ ᠡᠯ᠎ᠡ ᠵᠦᠢᠯ ᠤᠨ ᠵᠥᠷᠢᠴᠡᠯ | ᠵᠢᠭᠤᠷᠠᠯᠳᠤᠭᠠᠨ ᠢ ᠲᠣᠬᠢᠲᠠᠢ ᠰᠢᠢᠳᠪᠦᠷᠢᠯᠡᠬᠦ ᠵᠡᠷᠭᠡ ᠡᠯ᠎ᠡ ᠵᠦᠢᠯ ᠤᠨ ᠠᠵᠢᠯ ᠤᠨ ᠡᠭᠦᠷᠭᠡ ᠶᠢ ᠵᠣᠬᠢᠶᠠᠨ ᠪᠠᠶᠢᠭᠤᠯᠤᠨ | ᠰᠠᠶᠢᠲᠤᠷ ᠵᠣᠬᠢᠴᠠᠭᠤᠯᠬᠤ ᠬᠡᠷᠡᠭᠲᠡᠢ᠃ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠂ ᠡᠯ᠎ᠡ ᠰᠢᠶᠠᠩ ᠪᠠᠯᠭᠠᠰᠤ ᠶᠢᠨ | ᠭᠤᠣᠯ ᠬᠠᠷᠢᠭᠤᠴᠠᠯᠭᠠᠲᠠᠳ ᠪᠠᠷᠢᠯᠭ᠎ᠠ ᠪᠠᠷᠢᠬᠤ ᠨᠢᠭᠡᠴᠡ ᠶᠢ ᠰᠢᠮᠳᠠᠭᠤᠯᠵᠤ ᠪᠠᠶᠢᠭᠠᠳ ᠬᠤᠷᠴᠠ ᠴᠢᠳᠠᠮᠠᠭᠠᠢ ᠪᠠᠷᠢᠯᠭ᠎ᠠ | ᠪᠠᠷᠢᠬᠤ ᠡᠩᠨᠡᠭᠡ ᠶᠢ ᠰᠠᠶᠢᠲᠤᠷ ᠵᠣᠬᠢᠶᠠᠨ ᠪᠠᠶᠢᠭᠤᠯᠵᠤ ᠂ ᠡᠭᠡᠯᠵᠢ ᠨᠡᠮᠡᠵᠦ ᠴᠠᠭ ᠨᠡᠮᠡᠵᠦ ᠠᠵᠢᠯᠯᠠᠭᠤᠯᠤᠨ ᠵᠢᠷᠤᠮᠵᠢᠯ ᠢ | ᠴᠢᠩᠭ᠎ᠠ ᠵᠢᠷᠤᠮᠯᠠᠨ ᠪᠠᠷᠢᠯᠭ᠎ᠠ ᠪᠠᠷᠢᠭᠤᠯᠵᠤ ᠂ ᠪᠠᠷᠢᠯᠭ᠎ᠠ ᠶᠢᠨ ᠲᠥᠷᠥᠯ ᠵᠦᠢᠯ ᠤᠨ ᠶᠠᠰᠤ ᠴᠢᠨᠠᠷ ᠂ ᠠᠬᠢᠴᠠ᠂ ᠠᠶᠦᠯᠬᠦᠢ ᠳᠤ | ᠥᠨᠳᠥᠷ ᠦᠷ᠎ᠡ ᠪᠦᠲᠦᠮᠵᠢᠲᠡᠶ ᠵᠣᠬᠢᠴᠠᠩᠭᠤᠢ ᠠᠵᠢᠯᠯᠠᠭᠠᠨ ᠬᠢᠬᠦ ᠬᠡᠷᠡᠭᠲᠡᠢ ᠃ ᠬᠢᠨᠠᠨ ᠬᠠᠮᠢᠶᠠᠷᠬᠤ ᠺᠣᠮᠫᠠᠨᠢ ᠶᠢ ᠰᠢᠪᠠᠳᠠᠵᠤ | ᠪᠠᠶᠢᠭᠠᠳ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ ᠂ ᠪᠠᠶᠠᠯᠢᠭ ᠲᠤᠷᠰᠢᠯᠭ᠎ᠠ ᠲᠠᠢ ᠲᠤᠬᠠᠢ ᠶᠢᠨ ᠲᠠᠯᠠᠪᠤᠷ ᠤᠨ | ᠬᠢᠨᠠᠭᠴᠢ ᠶᠢ ᠲᠣᠬᠢᠷᠠᠭᠤᠯᠤᠨ᠂ ᠮᠠᠲ᠋ᠧᠷᠢᠶᠠᠯ ᠂ ᠪᠠᠷᠢᠯᠭ᠎ᠠ ᠶᠢᠨ ᠠᠵᠢᠯ ᠵᠡᠷᠭᠡ ᠪᠣᠭᠤᠮᠲᠠ ᠶᠢ ᠰᠠᠶᠢᠲᠤᠷ ᠰᠠᠬᠢᠭᠤᠯᠬᠤ ᠬᠡᠷᠡᠭᠲᠡᠢ ᠃ | ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠨᠢ ᠲᠥᠷᠥᠯ ᠵᠦᠢᠯ ᠢ ᠰᠢᠮᠳᠠᠭᠤᠯᠤᠨ ᠵᠢᠯᠤᠭᠤᠳᠬᠤ ᠪᠠ ᠮᠡᠷᠭᠡᠵᠢᠯ ᠤᠨ | ᠵᠢᠯᠣᠭᠤᠳᠤᠯᠭ᠎ᠠ ᠶᠢ ᠰᠠᠶᠢᠲᠤᠷ ᠬᠢᠵᠦ᠂ ᠲᠣᠬᠢᠷᠠᠭᠤᠯᠬᠤ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠰᠠᠶᠢᠲᠤᠷ ᠬᠢᠵᠦ᠂ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ᠂ ᠶᠠᠰᠤ ᠴᠢᠨᠠᠷ ᠪᠠ ᠦᠷ᠎ᠡ ᠠᠰᠢᠭ ᠢ ᠦᠨᠡᠨᠬᠦ ᠪᠠᠲᠤᠯᠠᠵᠤ᠂ | ᠢᠨᠵᠧᠨᠧᠷᠢᠩ ᠤᠨ ᠠᠮᠤᠷ ᠲᠦᠪᠰᠢᠨ᠂ ᠪᠡᠯᠡ ᠮᠥᠩᠭᠦ ᠶᠢᠨ ᠠᠮᠤᠷ ᠲᠦᠪᠰᠢᠨ ᠪᠠ ᠦᠢᠯᠡᠳᠪᠦᠷᠢᠯᠡᠯ ᠤᠨ ᠠᠮᠤᠷ ᠲᠦᠪᠰᠢᠨ ᠢ | ᠦᠨᠡᠨᠬᠦ ᠪᠠᠲᠤᠯᠠᠬᠤ ᠬᠡᠷᠡᠭᠲᠡᠢ᠃ ᠠᠵᠢᠯ ᠢᠶᠠᠨ ᠨᠠᠶᠢᠳᠠᠪᠤᠷᠢᠵᠢᠭᠤᠯᠤᠭᠰᠠᠨ ᠦᠭᠡᠢ ᠂ ᠠᠬᠢᠴᠠ ᠨᠢ ᠤᠳᠠᠭᠠᠨ ᠪᠠᠶᠢᠭ᠎ᠠ ᠰᠢᠶᠠᠩ | ᠪᠠᠯᠭᠠᠰᠤ ᠶᠢ ᠭᠤᠣᠯᠳᠠᠯᠭ᠎ᠠ ᠲᠠᠢ ᠪᠠᠷ ᠬᠢᠨᠠᠨ ᠵᠢᠯᠤᠭᠤᠳᠴᠤ ᠂ ᠬᠤᠯᠪᠣᠭᠳᠠᠯ ᠪᠦᠬᠦᠢ ᠬᠠᠷᠢᠭᠤᠴᠠᠯᠭ᠎ᠠ ᠲᠠᠢ ᠬᠥᠮᠥᠰ ᠠᠴᠠ | ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ ᠃ | ᠬᠤᠷᠠᠯ ᠤᠨ ᠡᠴᠦᠰ ᠲᠤ ᠪᠠᠰᠠ ︽ᠬᠤᠸᠠᠳᠧ ᠰᠢᠶᠠᠨ ᠤ 2021 ᠣᠨ ᠤ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠲᠦᠯᠬᠢᠨ ᠠᠬᠢᠭᠤᠯᠬᠤ ᠠᠮᠠᠯᠠᠯᠲᠠ ᠶᠢᠨ ᠪᠢᠴᠢᠭ︾ ᠳᠤ | ᠭᠠᠷ ᠤᠨ ᠥᠰᠥᠭ ᠵᠢᠷᠤᠪᠠ᠃ | ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠵᠣᠣ | ᠯᠦᠩ ᠹᠧᠢ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠢᠶᠠᠨ ᠤ ᠳᠡᠳ᠋ ᠳᠠᠷᠤᠭ᠎ᠠ ᠡᠦ · ᠴᠢᠯᠠᠭᠤ ᠂ | ᠡᠯ᠎ᠡ ᠰᠢᠶᠠᠩ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ᠂ ᠰᠢᠶᠠᠩ ᠪᠠᠯᠭᠠᠰᠤᠨ ᠤ ᠳᠠᠷᠤᠭ᠎ᠠ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ᠂ ᠳᠡᠳ᠋ ᠱᠦᠵᠢ︔ ᠲᠠᠷᠢᠶᠠᠯᠠᠩ ᠤᠨ ᠰᠢᠨᠵᠢᠯᠡᠬᠦ ᠤᠬᠠᠭᠠᠨ ᠤ | ᠲᠣᠪᠴᠢᠶᠠᠨ ᠤ ᠳᠠᠷᠤᠭ᠎ᠠ ᠂ ᠳᠡᠳ᠋ ᠳᠠᠷᠤᠭ᠎ᠠ ︔ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠬᠠᠮᠢᠶ᠎ᠠ ᠪᠦᠬᠦᠢ ᠬᠥᠮᠥᠰ | ᠬᠤᠷᠠᠯ ᠳᠤ ᠣᠷᠣᠯᠴᠠᠪᠠ ᠃ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠣᠳᠣᠨᠭᠡᠷᠡᠯ | ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ | |