| 4 ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ | ᠬᠡᠯᠲᠡᠰ ᠤᠨ ᠬᠡᠯᠲᠡᠰ ᠤᠨ ᠭᠡᠰᠢᠭᠦᠨ ᠵᠢᠶᠠ ᠯᠢ ᠰᠢᠶᠠ ᠨᠠᠷ ᠮᠠᠨ ᠤ ᠰᠢᠶᠠᠨ ᠳᠤ ᠭᠦᠨᠵᠡᠭᠡᠶᠢᠷᠡᠨ ᠦᠨᠳᠦᠰᠦᠨ | ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠡ᠃ ᠬᠤᠲᠠ ᠶᠢᠨ ᠨᠠᠮ ᠤᠨ | ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ ᠭᠤᠣ ᠹᠧᠨ ᠮᠢᠩ᠂ ᠰᠢᠶᠠᠨ ᠤ ᠨᠠᠮ ᠤᠨ | ᠬᠤᠷᠢᠶᠠᠨ ᠤ ᠱᠦᠵᠢ ᠴᠠᠩ ᠳ᠋ᠠ ᠸᠧᠢ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ | ᠪᠠᠶᠢᠭᠤᠯᠬᠤ ᠬᠡᠯᠲᠡᠰ ᠤᠨ ᠳᠠᠷᠤᠭ᠎ᠠ ᠰᠥᠩ ᡁᠢ ᠹᠠᠩ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠰᠢᠶᠠᠨ ᠤ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠦ᠋ ᡁᠢ ᠢᠦᠢ ᠪᠠᠷ᠎ᠠ ᠪᠣᠯᠵᠤ ᠪᠠᠶᠢᠴᠠᠭᠠᠨ | ᠰᠤᠳᠤᠯᠤᠯᠲᠠ ᠬᠢᠪᠡ᠃ | | | | | | ᠵᠢᠶᠠ ᠯᠢ ᠰᠢᠶᠠ ᠨᠠᠷ ᠤᠷᠢᠳ ᠬᠤᠵᠢᠳ ᠮᠠᠨ ᠤ ᠰᠢᠶᠠᠨ ᠤ ᠭᠦᠨᠤᠯᠠᠭᠠᠨᠬᠤᠳᠳᠤᠭ ᠰᠢᠶᠠᠩ ᠤᠨ ᠮᠢᠨ ᠵᠦ | ᠲᠣᠰᠬᠤᠨ ᠂ ᠳᠡᠪᠡᠭᠡᠲᠦ ᠰᠢᠶᠠᠩ ᠤᠨ ᠳᠡᠪᠡᠭᠡᠲᠦ ᠲᠣᠰᠬᠤᠨ ᠂ ᠭᠠᠨ ᡁᠢ ᠮᠧᠢ ᠶᠢᠨ ᠨᠡᠶᠢᠭᠡᠮᠯᠢᠭ ᠂ ᠴᠠᠩᠱᠦ᠋ᠨ | ᠪᠠᠯᠭᠠᠰᠤᠨ ᠤ ᠴᠠᠩ ᠹᠧᠩ ᠨᠡᠶᠢᠭᠡᠮ ᠲᠣᠭᠤᠷᠢᠭ ᠲᠤ ᠭᠦᠨᠵᠡᠭᠡᠶᠢᠷᠡᠪᠡ ᠃ ᠨᠠᠮ ᠤᠨ ᠪᠠᠶᠢᠭᠤᠯᠤᠯᠲᠠ ᠶᠢ ᠠᠳᠬᠤᠵᠤ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠂ ᠲᠣᠰᠬᠤᠨ ᠤ ᠱᠠᠲᠤᠨ ᠤ ᠬᠠᠮᠲᠤ ᠶᠢᠨ ᠠᠵᠤ | ᠠᠬᠤᠢ ᠂ ︽ᠵᠡᠪᠰᠡᠭ ᠮᠥᠷᠥᠶᠢᠴᠡᠵᠦ ᠤᠳᠤᠨ ᠮᠡᠴᠢᠳ ᠪᠤᠯᠢᠶᠠᠯᠳᠤᠬᠤ︾ ᠠᠵᠢᠯᠯᠠᠭ᠎ᠠ ᠂ ᠬᠤᠭᠤᠴᠠᠭ᠎ᠠ ᠰᠣᠯᠢᠭᠰᠠᠨ ᠤ | ᠳᠠᠷᠠᠭᠠᠬᠢ ᠲᠣᠰᠬᠤᠨ ᠤ ᠺᠠᠳ᠋ᠷ ᠤᠨ ᠡᠩᠨᠡᠭᠡᠨ ᠤ ᠪᠠᠶᠢᠭᠤᠯᠤᠯᠲᠠ᠂ ᠨᠠᠮ ᠤᠨ ᠭᠡᠰᠢᠭᠦᠨ ᠡᠯᠰᠡᠬᠦ ᠪᠠ ᠨᠡᠭᠦᠳᠡᠯ ᠨᠠᠮ ᠤᠨ | ᠭᠡᠰᠢᠭᠦᠨ ᠤ ᠬᠠᠮᠢᠶᠠᠷᠤᠯᠲᠠ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ᠂ ᠨᠡᠶᠢᠭᠡᠮ | ᠲᠣᠭᠤᠷᠢᠭ ᠤᠨ ᠲᠤᠤᠷᠴᠢᠯᠠᠭᠰᠠᠨ ᠵᠠᠰᠠᠯᠲᠠ᠂ ︽ᠬᠠᠮᠤᠭ ᠤᠨ ᠬᠦᠴᠦᠷᠬᠡᠭ ᠨᠠᠮ ᠤᠨ ᠡᠭᠦᠷ︾ ᠤᠨ ᠪᠠᠶᠢᠭᠤᠯᠤᠯᠲᠠ ᠶᠢ | ᠴᠢᠩᠭᠠᠳᠬᠠᠬᠤ ᠵᠡᠷᠭᠡ ᠠᠵᠢᠯ ᠤᠨ ᠲᠤᠬᠠᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠡᠢ ᠃ | ᠮᠢᠨ ᠵᠦ ᠲᠣᠰᠬᠤᠨ ᠪᠣᠯᠣᠨ ᠳᠡᠪᠡᠭᠡᠲᠦ ᠲᠣᠰᠬᠤᠨ ᠳᠤ ᠂ ᠵᠢᠶᠠ ᠯᠢ ᠰᠢᠶᠠ ᠲᠣᠰᠬᠤᠨ ᠤ ᠨᠠᠮ ᠤᠨ ᠡᠭᠦᠷ ᠤᠨ | ᠱᠦᠵᠢ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ ᠂ ᠨᠠᠮ ᠤᠨ ᠡᠭᠦᠷ ᠤᠨ ᠨᠠᠮ ᠤᠨ ᠭᠡᠰᠢᠭᠦᠨ ᠤ ᠪᠦᠲᠦᠴᠡ᠂ | ᠨᠠᠮ ᠤᠨ ᠡᠭᠦᠷ ᠤᠨ ᠨᠠᠮ ᠤᠨ ᠭᠡᠰᠢᠭᠦᠨ ᠡᠯᠰᠡᠬᠦ ᠂ ᠨᠠᠮ ᠤᠨ ᠪᠠᠶᠢᠭᠤᠯᠤᠯᠲᠠ ᠪᠠᠷ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠂ ᠲᠣᠰᠬᠤᠨ ᠤ ᠲᠡᠰ ᠤᠨ ᠬᠠᠮᠲᠤ ᠶᠢᠨ ᠠᠵᠤ ᠠᠬᠤᠢ ᠵᠡᠷᠭᠡ | ᠪᠠᠶᠢᠳᠠᠯ ᠢ ᠨᠠᠷᠢᠨ ᠠᠰᠠᠭᠤᠨ ᠯᠠᠪᠯᠠᠪᠠ ᠃ ᠵᠢᠶᠠ ᠯᠢ ᠰᠢᠶᠠ ᠵᠢᠭᠠᠵᠤ ᠭᠠᠷᠭᠠᠭᠰᠠᠨ ᠨᠢ᠂ ᠬᠥᠳᠡᠭᠡ ᠲᠣᠰᠬᠤᠨ ᠤ | ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠪᠣᠯ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢᠨ ᠪᠠᠲᠤ ᠴᠢᠩᠭ᠎ᠠ ᠵᠣᠬᠢᠶᠠᠨ | ᠪᠠᠶᠢᠭᠤᠯᠤᠯᠲᠠ ᠶᠢᠨ ᠪᠠᠲᠤᠯᠠᠭ᠎ᠠ ᠮᠥᠨ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠴᠣᠭᠴᠠᠯᠠᠯᠲᠠ ᠶᠢ ᠴᠢᠩᠭᠠᠳᠬᠠᠬᠤ ᠶᠢᠨ ᠭᠤᠣᠯ ᠵᠠᠩᠭᠢᠯᠠᠭ᠎ᠠ ᠪᠣᠯ ᠰᠠᠶᠢᠨ ᠨᠠᠮ ᠤᠨ ᠡᠭᠦᠷ ᠲᠤ ᠰᠠᠶᠢᠨ ᠡᠭᠦᠷ ᠤᠨ | ᠱᠦᠵᠢ ᠲᠠᠢ ᠪᠠᠶᠢᠬᠤ ᠶᠠᠪᠤᠳᠠᠯ ᠪᠣᠯᠣᠨ᠎ᠠ ᠃ ᠡᠯ᠎ᠡ ᠨᠠᠮ ᠤᠨ ᠡᠭᠦᠷ ᠤᠨ ᠱᠦᠵᠢ ᠡᠷᠬᠡᠪᠰᠢ ᠨᠠᠮᠴᠢ ᠴᠢᠨᠠᠷ ᠤᠨ | ᠪᠣᠯᠪᠠᠰᠤᠷᠠᠯ ᠢᠶᠠᠨ ᠴᠢᠩᠭᠠᠳᠬᠠᠵᠤ ᠂ ᠨᠠᠮ ᠤᠨ ᠡᠭᠦᠷ ᠤᠨ ᠤᠳᠤᠷᠢᠳᠬᠤ ᠪᠠᠭ ᠤᠨ ᠰᠠᠶᠢᠨ ᠲᠤᠭ ᠪᠣᠯᠵᠤ ᠂ | ᠲᠣᠰᠬᠤᠨ ᠤ ᠨᠠᠮ ᠤᠨ ᠡᠭᠦᠷ ᠢ ᠳᠠᠭᠠᠭᠤᠯᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠪᠦᠬᠦ | ᠲᠠᠯ᠎ᠠ ᠪᠠᠷ ᠴᠢᠩᠭᠠᠳᠬᠠᠵᠤ ᠂ ᠨᠠᠮ ᠤᠨ ᠪᠠᠶᠢᠭᠤᠯᠤᠯᠲᠠ ᠪᠠᠷ ᠲᠣᠰᠬᠤᠨ ᠤ ᠬᠠᠮᠲᠤ ᠶᠢᠨ ᠠᠵᠤ ᠠᠬᠤᠢ ᠶᠢᠨ | ᠬᠥᠭᠵᠢᠯᠲᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠡᠯ᠎ᠡ ᠵᠦᠢᠯ ᠤᠨ ᠠᠵᠢᠯ ᠢ ᠠᠬᠢᠭᠤᠯᠬᠤ | ᠬᠡᠷᠡᠭᠲᠡᠢ ᠃ | ᠭᠠᠨ ᡁᠢ ᠮᠧᠢ ᠶᠢᠨ ᠨᠡᠶᠢᠭᠡᠮᠯᠢᠭ ᠲᠤ ᠂ ᠵᠢᠶᠠ ᠯᠢ ᠰᠢᠶᠠ ᠨᠡᠶᠢᠭᠡᠮ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ | ᠪᠠᠶᠢᠭᠤᠯᠤᠯᠲᠠ ᠶᠢᠨ ᠪᠠᠶᠢᠳᠠᠯ ᠢ ᠰᠣᠨᠣᠰᠴᠤ ᠂ ᠭᠠᠨ ᡁᠢ ᠮᠧᠢ ᠶᠢᠨ ᠨᠡᠶᠢᠭᠡᠮᠯᠢᠭ ᠤᠨ ᠰᠠᠶᠢᠨ ᠳᠤᠷ᠎ᠠ ᠶᠢᠨ | ᠦᠢᠯᠡᠴᠢᠯᠡᠭᠡᠨ ᠤ ᠠᠵᠢᠯ ᠪᠣᠯᠣᠨ ᠵᠡᠮᠳᠡᠭᠴᠦᠳ ᠤᠨ ᠬᠥᠭᠵᠢᠯᠲᠡ ᠶᠢ ᠳᠠᠶᠢᠴᠢᠯᠠᠬᠤ ᠪᠠᠶᠢᠳᠠᠯ ᠢ ᠭᠦᠢᠴᠡᠳ ᠨᠤᠲᠠᠯᠠᠵᠤ ᠂ | ᠨᠡᠶᠢᠭᠡᠮᠯᠢᠭ ᠠᠴᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ | ᠦᠷᠭᠦᠯᠵᠢᠯᠡᠨ ᠴᠢᠩᠭᠠᠳᠬᠠᠵᠤ ᠂ ᠬᠦᠴᠦᠨ ᠢᠶᠠᠨ ᠦᠷᠭᠦᠯᠵᠢᠯᠡᠨ ᠪᠠᠳᠠᠷᠠᠭᠤᠯᠵᠤ ᠂ ᠨᠡᠩ ᠤᠯᠠᠨ ᠵᠡᠮᠳᠡᠭᠴᠦᠳ᠂ ᠤᠯᠠᠨ | ᠲᠦᠮᠡᠨ ᠢ ᠲᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠶᠢ ᠬᠦᠰᠡᠪᠡ ᠃ | ᠴᠠᠩ ᠹᠧᠩ ᠨᠡᠶᠢᠭᠡᠮ ᠲᠣᠭᠤᠷᠢᠭ ᠲᠤ ᠂ ᠵᠢᠶᠠ ᠯᠢ ᠰᠢᠶᠠ ᠨᠠᠷ ᠨᠡᠶᠢᠭᠡᠮ ᠲᠣᠭᠤᠷᠢᠭ ᠤᠨ ᠰᠠᠭᠤᠷᠢ ᠪᠦᠲᠦᠭᠡᠨ | ᠪᠠᠶᠢᠭᠤᠯᠤᠯᠲᠠ᠂ ᠺᠠᠳ᠋ᠷ ᠤᠨ ᠪᠦᠲᠦᠴᠡ᠂ ᠦᠢᠯᠡᠴᠢᠯᠡᠭᠡᠨ ᠤ ᠠᠭᠤᠯᠭ᠎ᠠ ᠵᠢᠴᠢ ᠡᠯ᠎ᠡ ᠵᠦᠢᠯ ᠤᠨ ᠠᠵᠢᠯ ᠢᠶᠠᠨ | ᠥᠷᠨᠢᠭᠦᠯᠵᠦ ᠪᠠᠶᠢᠭ᠎ᠠ ᠪᠠᠶᠢᠳᠠᠯ ᠢ ᠪᠠᠶᠢᠴᠠᠭᠠᠨ ᠦᠵᠡᠪᠡ ᠃ ᠵᠢᠶᠠ ᠯᠢ ᠰᠢᠶᠠ ᠵᠢᠭᠠᠵᠤ ᠭᠠᠷᠭᠠᠭᠰᠠᠨᠨ ᠨᠢ᠂ ᠴᠠᠩ | ᠹᠧᠩ ᠨᠡᠶᠢᠭᠡᠮ ᠲᠣᠭᠤᠷᠢᠭ ᠤᠨ ᠲᠥᠬᠦᠭᠡᠷᠦᠮᠵᠢ ᠪᠦᠷᠢᠨ ᠭᠦᠢᠴᠡᠳ᠂ ᠴᠢᠳᠠᠪᠬᠢ ᠪᠦᠷᠢᠨ ᠲᠡᠭᠦᠯᠳᠡᠷ ᠂ ᠳᠠᠷᠠᠭᠠᠴᠢ ᠶᠢᠨ | ᠠᠯᠬᠤᠮ ᠳᠤ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ ᠴᠢᠳᠠᠪᠬᠢ | ᠪᠣᠯᠣᠨ ᠦᠢᠯᠡᠴᠢᠯᠡᠭᠡᠨ ᠤ ᠴᠢᠳᠠᠪᠬᠢ ᠶᠢ ᠲᠠᠰᠤᠷᠠᠯᠲᠠ ᠦᠭᠡᠢ ᠴᠢᠩᠭᠠᠳᠬᠠᠵᠤ ᠂ ᠨᠠᠮ ᠤᠨ ᠭᠡᠰᠢᠭᠦᠨ ᠺᠠᠳ᠋ᠷ ᠤᠨ | ᠡᠩᠨᠡᠭᠡᠨ ᠤ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ ᠂ ᠨᠠᠮ ᠤᠨ ᠪᠠᠶᠢᠭᠤᠯᠤᠯᠲᠠ ᠪᠠᠷ ᠦᠨᠳᠦᠰᠦᠨ | ᠱᠠᠲᠤᠨ ᠤ ᠲᠤᠤᠷᠴᠢᠯᠠᠭᠰᠠᠨ ᠵᠠᠰᠠᠯᠲᠠ ᠶᠢᠨ ᠰᠢᠨ᠎ᠡ ᠶᠢ ᠡᠭᠦᠳᠬᠦ ᠶᠢ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ ᠂ | ᠨᠡᠶᠢᠭᠡᠮ ᠲᠣᠭᠤᠷᠢᠭ ᠤᠨ ᠡᠬᠢ ᠪᠠᠶᠠᠯᠢᠭ ᠢ ᠭᠦᠢᠴᠡᠳ ᠠᠰᠢᠭᠯᠠᠵᠤ ᠂ ᠨᠡᠶᠢᠭᠡᠮ ᠲᠣᠭᠤᠷᠢᠭ ᠤᠨ ᠦᠢᠯᠡᠳᠦᠯ ᠢ | ᠰᠠᠶᠢᠲᠤᠷ ᠪᠠᠳᠠᠷᠠᠭᠤᠯᠵᠤ ᠂ ᠤᠯᠠᠨ ᠲᠦᠮᠡᠨ ᠲᠠᠢ ᠬᠠᠷᠢᠯᠴᠠᠵᠤ ᠤᠯᠠᠨ ᠲᠦᠮᠡᠨ ᠳᠤ ᠦᠢᠯᠡᠴᠢᠯᠡᠬᠦ ᠠᠵᠢᠯ ᠢ ᠰᠡᠳᠬᠢᠯ | ᠲᠠᠯᠪᠢᠨ ᠰᠠᠶᠢᠲᠤᠷ ᠬᠢᠬᠦ ᠬᠡᠷᠡᠭᠲᠡᠢ ᠃ | | | | ᠪᠠᠶᠢᠴᠠᠭᠠᠨ ᠰᠤᠳᠤᠯᠤᠯᠲᠠ ᠶᠢᠨ ᠳᠤᠮᠳᠠ᠂ ᠵᠢᠶᠠ ᠯᠢ ᠰᠢᠶᠠ ᠨᠠᠷ ᠮᠠᠨ ᠤ ᠰᠢᠶᠠᠨ ᠤ ᠦᠨᠳᠦᠰᠦᠨ ᠱᠠᠲᠤᠨ ᠤ | ᠨᠠᠮ ᠤᠨ ᠪᠠᠶᠢᠭᠤᠯᠤᠯᠲᠠ ᠶᠢᠨ ᠠᠵᠢᠯ ᠤᠨ ᠦᠷ᠎ᠡ ᠪᠦᠲᠦᠮᠵᠢ ᠶᠢ ᠭᠦᠢᠴᠡᠳ ᠨᠤᠲᠠᠯᠠᠪᠠ ᠃ ᠡᠭᠦᠨ ᠤ ᠬᠠᠮᠲᠤ ᠵᠢᠭᠠᠵᠤ | ᠭᠠᠷᠭᠠᠭᠰᠠᠨ ᠨᠢ᠂ ᠡᠯ᠎ᠡ ᠵᠦᠢᠯ ᠤᠨ ᠰᠠᠶᠢᠨ ᠲᠥᠷᠥ ᠶᠢᠨ ᠪᠣᠳᠣᠯᠭ᠎ᠠ ᠨᠢ ᠠᠷᠠᠳ ᠣᠯᠠᠨ ᠤ ᠢᠳᠡᠵᠦ ᠡᠮᠦᠰᠬᠦ ᠳᠡᠭᠡᠨ | ᠵᠥᠪ ᠪᠠᠶᠢᠬᠤ ᠠᠰᠠᠭᠤᠳᠠᠯ ᠢ ᠰᠢᠢᠳᠪᠤᠷᠢᠯᠡᠭᠰᠡᠨ ᠪᠣᠯᠪᠠᠴᠤ ᠠᠷᠠᠳ ᠢᠷᠭᠡᠳ ᠢ ᠳᠠᠭᠠᠭᠤᠯᠤᠨ ᠪᠠᠶᠠᠵᠢᠨ | ᠴᠢᠨᠡᠭᠡᠯᠢᠭᠵᠢᠬᠦ ᠳᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠᠰᠠ ᠬᠦᠴᠦᠯᠡᠨ ᠴᠢᠷᠮᠠᠶᠢᠬᠤ ᠬᠡᠷᠡᠭᠲᠡᠢ ᠃ | ᠡᠯ᠎ᠡ ᠱᠠᠲᠤᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠥᠷᠭᠡᠨ ᠣᠯᠠᠨ ᠨᠠᠮ ᠤᠨ | ᠭᠡᠰᠢᠭᠦᠨ ᠺᠠᠳ᠋ᠷᠴᠤᠳ ︽ᠲᠠᠪᠤᠨ ᠲᠠᠯ᠎ᠠ ᠶᠢ ᠵᠣᠬᠢᠴᠠᠭᠤᠯᠤᠨ᠂ ᠦᠨᠳᠦᠰᠦᠨ ᠱᠠᠲᠤ ᠶᠢ ᠶᠡᠭᠡ ᠪᠠᠷ ᠠᠳᠬᠤᠬᠤ︾ | ᠠᠵᠢᠯ ᠤᠨ ᠶᠡᠷᠦᠩᠬᠡᠢ ᠱᠠᠭᠠᠷᠳᠠᠯᠭ᠎ᠠ ᠶᠣᠰᠣᠭᠠᠷ᠂ ︽ᠬᠠᠮᠤᠭ ᠤᠨ ᠬᠦᠴᠦᠷᠬᠡᠭ ᠨᠠᠮ ᠤᠨ ᠡᠭᠦᠷ︾ ᠤᠨ | ᠪᠠᠶᠢᠭᠤᠯᠤᠯᠲᠠ ᠪᠠᠷ ᠭᠠᠷᠳᠠᠴᠠ ᠪᠣᠯᠭᠠᠵᠤ ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠪᠠᠷᠢᠮᠵᠢᠶᠠᠵᠢᠭᠤᠯᠬᠤ ᠂ ᠵᠢᠷᠤᠮᠵᠢᠭᠤᠯᠬᠤ ᠪᠠᠶᠢᠭᠤᠯᠤᠯᠲᠠ ᠶᠢᠨ ᠲᠦᠪᠰᠢᠨ ᠢ ᠲᠠᠰᠤᠷᠠᠯᠳᠡ ᠦᠭᠡᠢ ᠳᠡᠭᠡᠭᠰᠢᠯᠡᠭᠦᠯᠵᠦ ᠂ | ᠲᠣᠰᠬᠤᠨ ᠤ ᠱᠠᠲᠤᠨ ᠤ ᠬᠠᠮᠲᠤ ᠶᠢᠨ ᠠᠵᠤ ᠠᠬᠤᠢ ᠶᠢᠨ ᠬᠥᠭᠵᠢᠨ ᠪᠤᠵᠠᠭᠠᠶᠢᠷᠠᠬᠤ ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠂ ᠤᠯᠠᠨ ᠲᠦᠮᠡᠨ ᠳᠤ ᠦᠢᠯᠡᠴᠢᠯᠡᠬᠦ ᠵᠡᠷᠭᠡ ᠭᠤᠣᠯᠳᠠᠯᠭ᠎ᠠ ᠲᠠᠢ ᠠᠵᠢᠯ ᠢ ᠲᠦᠷᠭᠡᠳᠬᠡᠨ | ᠠᠬᠢᠭᠤᠯᠬᠤ ᠳᠤᠮᠳᠠ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠲᠠᠷᠠᠯ ᠤᠨ ᠬᠦᠴᠦᠨ᠂ | ᠲᠠᠶᠢᠴᠢᠨ ᠬᠦᠴᠦᠨ ᠢ ᠲᠠᠰᠤᠷᠠᠯᠳᠡ ᠦᠭᠡᠢ ᠴᠢᠩᠭᠠᠳᠬᠠᠵᠤ ᠂ ᠴᠢᠨᠠᠷ ᠰᠠᠶᠢᠲᠠᠢ ᠨᠠᠮ ᠤᠨ ᠪᠠᠶᠢᠭᠤᠯᠤᠯᠲᠠ ᠪᠠᠷ ᠡᠯ᠎ᠡ | ᠵᠦᠢᠯ ᠤᠨ ᠠᠵᠢᠯ ᠢ ᠬᠥᠲᠥᠯᠥᠨ ᠳᠠᠭᠠᠭᠤᠯᠬᠤ ᠬᠡᠷᠡᠭᠲᠡᠢ ᠃ | ᠰᠢᠶᠠᠨ ᠤ ᠨᠠᠮ ᠤᠨ ᠬᠤᠷᠢᠶᠠᠨ ᠤ ᠱᠦᠵᠢ ᠴᠠᠩ ᠳ᠋ᠠ ᠸᠧᠢ ᠪᠠᠶᠢᠴᠠᠭᠠᠨ ᠰᠤᠳᠤᠯᠤᠯᠲᠠ ᠬᠢᠬᠦ ᠳᠡᠭᠡᠨ ᠪᠠᠶᠢᠴᠠᠭᠠᠨ | ᠰᠤᠳᠤᠯᠬᠤ ᠳᠤᠭᠤᠶᠢᠯᠠᠩ ᠳᠤ ᠮᠠᠨ ᠤ ᠰᠢᠶᠠᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠪᠦᠲᠦᠭᠡᠨ ᠪᠠᠶᠢᠭᠤᠯᠤᠯᠲᠠ ᠶᠢᠨ ᠪᠠᠶᠢᠳᠠᠯ ᠵᠢᠴᠢ ᠮᠠᠨ ᠤ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠰᠡᠳᠬᠢᠮᠵᠢ ᠶᠢ ᠲᠠᠨᠢᠯᠴᠠᠭᠤᠯᠵᠤ᠂ ᠲᠡᠷᠡᠴᠢᠯᠡᠨ ᠲᠤᠰ ᠤᠳᠠᠭᠠᠨ ᠤ ᠪᠠᠶᠢᠴᠠᠭᠠᠨ ᠰᠤᠳᠤᠯᠤᠯᠲᠠ ᠪᠠᠷ ᠠᠵᠠ ᠲᠣᠬᠢᠶᠠᠯ | ᠪᠣᠯᠭᠠᠵᠤ᠂ ᠮᠠᠨ ᠤ ᠰᠢᠶᠠᠨ ᠤ ᠪᠣᠳᠠᠲᠤ ᠪᠠᠶᠢᠳᠠᠯ ᠳᠤ ᠰᠠᠭᠤᠷᠢᠯᠠᠨ᠂ ᠳᠤᠲᠠᠭᠤᠳᠠᠯ ᠢ ᠦᠷᠭᠦᠯᠵᠢᠯᠡᠨ ᠨᠥᠬᠦᠪᠦᠷᠢᠯᠡᠵᠦ | ᠬᠢᠯᠠᠰ ᠴᠡᠭ ᠭᠠᠷᠭᠠᠵᠤ ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠲᠠᠰᠤᠷᠠᠯᠲᠠ ᠦᠭᠡᠢ | ᠭᠦᠨᠵᠡᠭᠡᠶᠢᠷᠡᠭᠦᠯᠵᠦ ᠂ ᠨᠠᠷᠢᠯᠢᠭᠵᠢᠭᠤᠯᠵᠤ ᠂ ᠪᠣᠳᠠᠲᠠᠶᠢᠵᠢᠭᠤᠯᠵᠤ ᠂ ᠮᠠᠨ ᠤ ᠰᠢᠶᠠᠨ ᠤ ᠡᠯ᠎ᠡ ᠬᠦᠷᠢᠶᠡᠨ ᠤ ᠨᠠᠮ ᠤᠨ | ᠪᠠᠶᠢᠭᠤᠯᠤᠯᠲᠠ ᠶᠢᠨ ᠠᠵᠢᠯ ᠤᠨ ᠲᠦᠪᠰᠢᠨ ᠢ ᠦᠨᠡᠨᠬᠦ ᠳᠡᠭᠡᠭᠰᠢᠯᠡᠭᠦᠯᠵᠦ ᠂ ᠦᠨᠳᠦᠰᠦᠨ ᠱᠠᠲᠤᠨ ᠤ ᠨᠠᠮ ᠤᠨ | ᠵᠣᠬᠢᠶᠠᠨ ᠪᠠᠶᠢᠭᠤᠯᠤᠯᠲᠠ ᠶᠢᠨ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠂ ᠤᠯᠠᠨ ᠲᠦᠮᠡᠨ ᠳᠤ ᠦᠢᠯᠡᠴᠢᠯᠡᠬᠦ ᠵᠡᠷᠭᠡ ᠠᠵᠢᠯ ᠳᠠᠬᠢ ᠳᠠᠶᠢᠴᠢᠨ ᠪᠠᠬᠢᠯᠡᠯᠲᠡ ᠶᠢᠨ | ᠦᠢᠯᠡᠳᠦᠯ ᠢ ᠭᠦᠢᠴᠡᠳ ᠪᠠᠳᠠᠷᠠᠭᠤᠯᠵᠤ ᠂ ᠮᠠᠨ ᠤ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ | ᠬᠥᠭᠵᠢᠯᠲᠡ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠬᠡᠷᠡᠭᠲᠡᠢ ᠃ | ᠪᠠᠶᠢᠴᠠᠭᠠᠨ ᠰᠤᠳᠤᠯᠤᠯᠲᠠ ᠶᠢᠨ ᠳᠤᠮᠳᠠ᠂ ᠵᠢᠶᠠ ᠯᠢ ᠰᠢᠶᠠ ᠨᠠᠷ ᠪᠠᠰᠠ ᠮᠠᠨ ᠤ ᠰᠢᠶᠠᠨ ᠤ ᠣᠨᠴᠠᠯᠢᠭᠲᠤ ᠠᠵᠤ | ᠦᠢᠯᠡᠰ ᠤᠨ ᠬᠤᠨᠢ ︵ᠲᠡᠮᠡᠭᠡ︶ ᠶᠢᠨ ᠨᠣᠣᠯᠣᠭᠤᠷ ᠤᠨ ᠬᠤᠪᠴᠠᠰᠤᠨ ᠦᠢᠯᠡᠰ ᠢ ᠲᠣᠭᠤᠷᠢᠨ ᠦᠵᠡᠪᠡ᠃ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠣᠳᠣᠨᠭᠡᠷᠡᠯ | ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ | |