ᠬᠤᠳᠠ ᠶᠢᠨ ᠳᠡᠳ᠋ ᠳᠠᠷᠤᠭ᠎ᠠ ᠯᠢ ᠵᠢᠶᠠᠨ ᠸᠧᠨ ᠮᠠᠨ ᠤ ᠰᠢᠶᠠᠨ ᠳᠤ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠ ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠤᠭᠰᠠᠨ ᠪᠠᠶᠢᠳᠠᠯ ᠢ ᠰᠢᠪᠠᠳᠠᠨ ᠪᠠᠶᠢᠴᠠᠭᠠᠪᠡ
ᠨᠡᠶᠢᠲᠡᠯᠡᠭᠰᠡᠨ ᠴᠠᠭ᠄
2022/4/24
   4 ᠰᠠᠷ᠎ᠠ ᠶᠢᠨ 21 ᠤ ᠡᠳᠦᠷ᠂ ᠬᠤᠲᠠ ᠶᠢᠨ ᠳᠡᠳ᠋ ᠳᠠᠷᠤᠭ᠎ᠠ ᠯᠢ ᠵᠢᠶᠠᠨ ᠸᠧᠨ ᠮᠠᠨ ᠤ ᠰᠢᠶᠠᠨ ᠳᠤ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠥᠷᠨᠢᠭᠦᠯᠵᠦ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠ ᠤᠯᠤᠰ ᠤᠨ ᠢᠳᠡᠭᠡᠨ ᠤ ᠠᠶᠤᠯᠭᠦᠢ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠤᠭᠰᠠᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠰᠢᠪᠠᠳᠠᠨ ᠪᠠᠶᠢᠴᠠᠭᠠᠪᠠ᠃

01.png

   ᠯᠢ ᠵᠢᠶᠠᠨ‌‍ᠸᠧᠨ ᠨᠠᠷ ᠤᠷᠢᠳ ᠬᠤᠵᠢᠳ ᠤᠯᠠᠭᠠᠨᠴᠠᠪ ᠬᠤᠳᠠ ᠶᠢᠨ ᠰᠢᠶᠦ᠋ᠩ ᠸᠧᠢ ᠭᠤᠸᠠᠩ ᠳ᠋ᠠ ᠰᠢᠨ᠎ᠡ 

ᠮᠠᠲ᠋ᠧᠷᠢᠶᠡᠯ ᠤᠨ ᠬᠢᠵᠠᠭᠠᠷᠲᠤ ᠺᠣᠮᠫᠠᠨᠢ ᠂ ᠬᠤᠩ ᠳ᠋ᠧ ᠰᠢᠲᠠᠮᠠᠬᠠᠢ ᠬᠡᠢ ᠶᠢᠨ ᠬᠢᠵᠠᠭᠠᠷᠲᠤ ᠺᠣᠮᠫᠠᠨᠢ ᠂ ᠬᠤᠶᠠᠳᠤᠭᠠᠷ

ᠬᠡᠦᠬᠡᠳ ᠤᠨ ᠴᠡᠴᠡᠷᠯᠢᠭ ᠂ ᠢᠳᠡᠭᠡᠨ ᠪᠣᠯᠪᠠᠰᠤᠷᠠᠭᠤᠯᠬᠤ ᠬᠦᠷᠢᠶᠡᠯᠡᠩ ᠲᠣᠭᠤᠷᠢᠭ ᠂ ᠳ᠋ᠠ ᠰᠢ ᠪᠧᠢ ᠴᠢᠯᠦᠭᠡᠲᠦ 

ᠳᠡᠯᠭᠡᠭᠦᠷ ᠵᠡᠷᠭᠡ ᠭᠠᠵᠠᠷ ᠲᠤ ᠬᠦᠷᠴᠦ ᠂ ᠬᠠᠷᠢᠭᠤ ᠮᠡᠳᠡᠭᠦᠯᠦᠯᠲᠡ ᠶᠢ ᠰᠣᠨᠣᠰᠬᠤ ᠂ ᠦᠢᠯᠡᠳᠪᠦᠷᠢ ᠶᠢᠨ ᠲᠠᠰᠤᠭ ᠲᠤ

ᠣᠷᠣᠬᠤ ᠵᠡᠷᠭᠡ ᠠᠷᠭ᠎ᠠ ᠬᠡᠯᠪᠡᠷᠢ ᠪᠠᠷ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ

ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠ ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ

ᠦᠵᠡᠭᠦᠯᠬᠦ ᠬᠤᠳᠠ ᠶᠢ ᠡᠭᠦᠳᠦᠨ ᠪᠠᠶᠢᠭᠤᠯᠤᠭᠰᠠᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠢ ᠶᠢᠨ ᠭᠠᠵᠠᠷ

 ᠲᠤᠨᠢ ᠪᠠᠶᠢᠴᠠᠭᠠᠨ ᠰᠤᠳᠤᠯᠵᠠᠢ ᠃ ᠠᠵᠤ ᠠᠬᠤᠶᠢᠯᠠᠯ ᠤᠨ ᠪᠠᠷᠢᠯᠭ᠎ᠠ ᠶᠢᠨ ᠠᠵᠢᠯ ᠤᠨ ᠬᠤᠭᠤᠴᠠᠭ᠎ᠠ᠂

ᠡᠵᠡᠩᠨᠡᠯᠲᠡ ᠶᠢᠨ ᠣᠳᠣᠬᠢ ᠪᠠᠶᠢᠳᠠᠯ᠂ ᠵᠠᠬ᠎ᠠ ᠳᠡᠯᠭᠡᠭᠦᠷ ᠤᠨ ᠬᠡᠲᠦ ᠶᠢᠨ ᠲᠥᠯᠥᠪ᠂ ᠪᠣᠷᠤᠯᠠᠭᠤᠯᠭ᠎ᠠ ᠶᠢᠨ ᠶᠠᠪᠤᠴᠠ᠂

ᠳᠠᠮᠵᠢᠭᠤᠯᠬᠤ ᠬᠤᠭᠤᠯᠠᠢ ᠶᠢᠨ ᠪᠦᠲᠦᠴᠡ ᠶᠢᠨ ᠪᠠᠶᠢᠷᠢᠰᠢᠭᠤᠯᠤᠯᠲᠠ᠂ ᠰᠢᠲᠠᠮᠠᠬᠠᠢ ᠬᠡᠢ ᠶᠢᠨ ᠬᠠᠩᠭᠠᠯᠭ᠎ᠠ ᠶᠢᠨ

ᠪᠣᠷᠤᠯᠠᠭᠤᠯᠭ᠎ᠠ᠂ ᠰᠢᠩᠭᠡᠨᠵᠢᠮᠡᠯ ᠬᠡᠢ ᠶᠢᠨ ᠰᠠᠪᠠ ᠶᠢ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ᠂ ᠬᠠᠳᠠᠭᠠᠯᠠᠬᠤ

ᠪᠡᠯᠡᠳᠬᠡᠮᠵᠢ ᠲᠥᠬᠦᠭᠡᠷᠦᠮᠵᠢ ᠶᠢᠨ ᠠᠵᠢᠯᠯᠠᠭᠠᠨ᠂ ᠠᠵᠢᠯᠯᠠᠬᠤ ᠲᠣᠭᠤᠷᠢᠭ ᠤᠨ ᠭᠠᠯ ᠤᠨᠲᠠᠷᠠᠭᠠᠬᠤ ᠪᠠᠭᠠᠵᠢ ᠬᠡᠷᠡᠭᠰᠡᠯ

ᠪᠠ ᠠᠮᠤᠷ ᠲᠦᠪᠰᠢᠨ ᠢ ᠢᠯᠭᠠᠬᠤ ᠲᠡᠮᠳᠡᠭ ᠤᠨ ᠲᠣᠬᠢᠷᠠᠭᠤᠯᠤᠯᠲᠠ ᠪᠠ ᠣᠳᠣᠬᠠᠨ ᠳᠤ ᠣᠷᠣᠰᠢᠵᠤ ᠪᠠᠶᠢᠭ᠎ᠠ ᠭᠤᠣᠯ

ᠬᠦᠴᠢᠷᠳᠡᠯ ᠵᠢᠴᠢ ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ

ᠪᠠᠶᠢᠭᠤᠯᠤᠭᠰᠠᠨ ᠵᠡᠷᠭᠡ ᠪᠠᠶᠢᠳᠠᠯ ᠢ ᠨᠠᠷᠢᠨ ᠣᠶᠢᠯᠭᠠᠪᠡ᠃

   ᠠᠵᠤ ᠠᠬᠤᠶᠢᠯᠠᠯ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠯᠢ ᠵᠢᠶᠠᠨ ᠸᠧᠨ ᠱᠠᠭᠠᠷᠳᠠᠭᠰᠠᠨ ᠨᠢ᠂ ᠠᠵᠤ

ᠠᠬᠤᠶᠢᠯᠠᠯ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠶᠤᠯᠭᠦᠢ ᠦᠢᠯᠡᠳᠪᠦᠷᠢᠯᠡᠯ ‍ᠦᠨ‌ᠭᠤᠣᠯ

ᠴᠣᠭᠴᠠ ᠶᠢᠨ ᠬᠠᠷᠢᠭᠤᠴᠠᠯᠭ᠎ᠠ ᠶᠢ ᠴᠢᠨᠠᠭᠰᠢᠳᠠ ᠨᠠᠶᠢᠳᠠᠪᠤᠷᠢᠵᠢᠭᠤᠯᠵᠤ ᠂ ᠠᠶᠤᠯᠭᠦᠢ ᠬᠥᠭᠵᠢᠯᠲᠡ ᠶᠢᠨ

ᠣᠶᠢᠯᠠᠭᠠᠭᠳᠠᠬᠤᠨ ᠢ ᠪᠠᠲᠤᠳᠬᠠᠵᠤ ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠰᠠᠬᠢᠬᠤ

ᠬᠡᠷᠡᠭᠲᠡᠢ ᠃ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠵᠤ ᠂ ᠠᠵᠤ ᠠᠬᠤᠶᠢᠯᠠᠯ ᠤᠨ ᠠᠶᠤᠯᠭᠦᠢ

ᠦᠢᠯᠡᠳᠪᠦᠷᠢᠯᠡᠯ ᠤᠨ ᠠᠵᠢᠯ ᠢ ᠴᠢᠩᠭ᠎ᠠ ᠪᠣᠳᠠᠲᠠᠢ ᠨᠠᠷᠢᠯᠢᠭ ᠠᠳᠬᠤᠵᠤ ᠂ ᠠᠶᠤᠯᠭᠦᠢ ᠦᠢᠯᠡᠳᠪᠦᠷᠢᠯᠡᠯ ᠤᠨ ᠬᠡᠮ

ᠰᠣᠭᠤᠭ ᠢ ᠪᠠᠶᠢᠴᠠᠭᠠᠨ ᠵᠠᠰᠠᠬᠤ ᠶᠢ ᠭᠦᠨᠵᠡᠭᠡᠢ ᠥᠷᠨᠢᠭᠦᠯᠵᠦ ᠂ ᠬᠡᠮ ᠰᠣᠭᠤᠭ ᠢ ᠪᠠᠶᠢᠴᠠᠭᠠᠬᠤ ᠨᠠᠷᠢᠨ ᠬᠠᠭᠤᠳᠠᠰᠤ

ᠪᠣᠯᠣᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠨᠠᠷᠢᠨ ᠬᠠᠭᠤᠳᠠᠰᠤ ᠶᠢ ᠪᠠᠶᠢᠭᠤᠯᠵᠤ ᠂ ᠴᠡᠭᠴᠡᠯᠡᠨ

ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ ᠂ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ

ᠴᠢᠩᠭᠠᠳᠬᠠᠵᠤ ᠂ ᠠᠮᠤᠷ ᠲᠦᠪᠰᠢᠨ ᠤ ᠠᠳᠡᠯ ᠭᠠᠷᠬᠤ ᠶᠢ ᠦᠨᠳᠦᠰᠦᠨ ᠠᠴᠠ ᠨᠢ ᠬᠤᠷᠢᠭᠯᠠᠬᠤ ᠬᠡᠷᠡᠭᠲᠡᠢ ᠃

   ᠯᠢ ᠵᠢᠶᠠᠨ ᠸᠧᠨ ᠴᠢᠬᠤᠯᠠᠴᠢᠯᠠᠭᠰᠠᠨ ᠨᠢ᠂ ᠪᠠᠶᠢᠭᠠᠯᠢ ᠶᠢᠨ ᠰᠢᠲᠠᠮᠠᠬᠠᠢ ᠬᠡᠢ ᠶᠢᠨ ᠠᠶᠤᠯᠭᠦᠢ ᠦᠢᠯᠡᠳᠪᠦᠷᠢᠯᠡᠯ ᠤᠨ

ᠠᠵᠢᠯ ᠪᠣᠯ ᠠᠵᠤ ᠠᠬᠤᠶᠢᠯᠠᠯ ᠤᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠣᠨ᠎ᠠ ᠂ ᠠᠵᠤ ᠠᠬᠤᠶᠢᠯᠠᠯ ᠤᠳ

ᠠᠶᠤᠯᠭᠦᠢ ᠦᠢᠯᠡᠳᠪᠦᠷᠢᠯᠡᠯ ᠢ ᠢᠮᠠᠭᠲᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠠᠶᠤᠯᠭᠦᠢ ᠦᠢᠯᠡᠳᠪᠦᠷᠢᠯᠡᠯ ᠤᠨ

ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠬᠦ ᠬᠡᠷᠡᠭᠲᠡᠢ ᠃ ᠬᠠᠮᠢᠶ᠎ᠠ ᠪᠦᠬᠦᠢ ᠲᠣᠭᠲᠠᠭᠠᠯ ᠢ

ᠴᠢᠩᠭ᠎ᠠ ᠵᠢᠷᠤᠮᠯᠠᠨ ᠪᠠᠶᠢᠭᠠᠯᠢ ᠶᠢᠨ ᠰᠢᠲᠠᠮᠠᠬᠠᠢ ᠬᠡᠢ ᠶᠢᠨ ᠬᠤᠭᠤᠯᠠᠢ ᠤᠲᠠᠰᠤᠨ ᠳᠤ ᠰᠡᠷᠡᠮᠵᠢ ᠶᠢᠨ ᠱᠣᠩ᠂

ᠰᠡᠷᠡᠮᠵᠢ ᠶᠢᠨ ᠫᠠᠶᠢᠰᠠ ᠵᠡᠷᠭᠡ ᠠᠮᠤᠷ ᠲᠦᠪᠰᠢᠨ ᠤ ᠪᠡᠯᠡᠳᠬᠡᠮᠵᠢ ᠶᠢ ᠤᠭᠰᠠᠷᠠᠵᠤ᠂ ᠡᠪᠳᠡᠷᠡᠵᠦ ᠰᠦᠢᠳᠦᠭᠰᠡᠨ᠂

ᠥᠰᠥᠭ ᠤᠨ ᠲᠢᠭ ᠨᠢ ᠪᠠᠯᠠᠷᠬᠠᠢ ᠠᠮᠤᠷ ᠲᠦᠪᠰᠢᠨ ᠤ ᠪᠡᠯᠡᠳᠬᠡᠮᠵᠢ ᠶᠢ ᠴᠠᠭ ᠲᠤᠬᠠᠢ ᠳᠤᠨᠢ ᠰᠣᠯᠢᠵᠤ᠂ ᠬᠦᠨᠳᠦ

ᠶᠡᠭᠡ ᠠᠮᠤᠷ ᠲᠦᠪᠰᠢᠨ ᠤ ᠠᠳᠡᠯ ᠭᠠᠷᠭᠠᠬᠤ ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃

02.png

   ᠬᠤᠶᠠᠳᠤᠭᠠᠷ ᠬᠡᠦᠬᠡᠳ ᠤᠨ ᠴᠡᠴᠡᠷᠯᠢᠭ ᠂ ᠢᠳᠡᠭᠡᠨ ᠪᠣᠯᠪᠠᠰᠤᠷᠠᠭᠤᠯᠬᠤ ᠬᠦᠷᠢᠶᠡᠯᠡᠩ ᠲᠣᠭᠤᠷᠢᠭ ᠵᠡᠷᠭᠡ

ᠭᠠᠵᠠᠷ ᠲᠤ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠯᠢ ᠵᠢᠶᠠᠨ ᠸᠧᠨ ᠵᠢᠭᠠᠵᠤ ᠭᠠᠷᠭᠠᠭᠰᠠᠨ ᠨᠢ᠂

ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠲᠦᠭ ᠲᠦᠮᠡᠨ ᠡᠷᠦᠬᠡ ᠳᠤ ᠬᠤᠯᠪᠣᠭᠳᠠᠨ᠎ᠠ ᠂ ᠡᠯ᠎ᠡ

ᠬᠤᠯᠪᠣᠭᠳᠠᠯ ᠪᠦᠬᠦᠢ ᠰᠠᠯᠠᠭ᠎ᠠ ᠮᠥᠴᠢᠷ ᠵᠢᠴᠢ ᠰᠤᠷᠭᠠᠭᠤᠯᠢ ᠨᠤᠭᠤᠳ ᠦᠵᠡᠯ ᠰᠠᠨᠠᠭ᠎ᠠ ᠲᠠᠨᠢᠯᠲᠠ ᠪᠠᠨ

ᠭᠦᠨᠵᠡᠭᠡᠶᠢᠷᠡᠭᠦᠯᠵᠦ ᠂ ᠰᠤᠷᠭᠠᠭᠤᠯᠢ ᠵᠢᠴᠢ ᠡᠷᠬᠢᠨ ᠲᠣᠭᠤᠷᠢᠨ ᠤ ᠢᠳᠡᠭᠡᠨ ᠤ ᠠᠮᠤᠷ ᠲᠦᠪᠰᠢᠨ ᠤ ᠬᠢᠨᠠᠯᠲᠠ

ᠬᠠᠮᠢᠶᠠᠷᠤᠯᠲᠠ ᠶᠢᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠦᠨᠡᠨᠬᠦ ᠪᠠᠲᠤᠯᠠᠬᠤ ᠬᠡᠷᠡᠭᠲᠡᠢ ᠃ ᠡᠬᠢ ᠡᠭᠦᠰᠦᠯ ᠠᠴᠠ

 ᠨᠢ ᠵᠠᠰᠠᠬᠤ ᠶᠢ ᠴᠢᠩᠭ᠎ᠠ ᠠᠳᠬᠤᠵᠤ᠂ ᠬᠤᠭᠤᠯᠠᠨ ᠭᠡᠷ ᠤᠨ ᠢᠳᠡᠭᠡᠨ ᠤ ᠮᠠᠲ᠋ᠧᠷᠢᠶᠠᠯ ᠬᠤᠳᠠᠯᠳᠤᠨ ᠠᠪᠬᠤ

ᠬᠠᠮᠢᠶᠠᠷᠤᠯᠲᠠ ᠪᠠ ᠬᠠᠳᠠᠭᠠᠯᠠᠬᠤ ᠭᠤᠭᠴᠤᠭ᠎ᠠ ᠶᠢᠨ ᠡᠳᠦᠷ ᠲᠤᠲᠤᠮ ᠤᠨ ᠬᠠᠮᠢᠶᠠᠷᠤᠯᠲᠠ ᠶᠢ ᠴᠢᠩᠭᠠᠳᠬᠠᠨ᠂

ᠢᠳᠡᠭᠡᠨ ᠤ ᠭᠡᠷᠡᠴᠢ ᠪᠠᠷᠢᠮᠲᠠ ᠠᠪᠬᠤ ᠪᠠ ᠭᠤᠣᠯ ᠢᠳᠡᠭᠡᠨ ᠢ ᠬᠥᠮᠥᠷᠭᠡ ᠳᠤ ᠣᠷᠣᠭᠤᠯᠵᠤ ᠳᠡᠩᠰᠡᠯᠡᠨ ᠪᠠᠶᠢᠴᠠᠭᠠᠬᠤ

᠂ ᠢᠳᠡᠭᠡᠨ ᠢ ᠬᠠᠳᠠᠭᠠᠯᠠᠵᠤ ᠡᠳ᠋ᠰᠢᠭᠦᠯᠬᠦ᠂ ᠬᠠᠯᠠᠭᠤᠯᠵᠤ ᠬᠠᠳᠠᠭᠠᠯᠠᠬᠤ᠂ ᠬᠤᠭᠤᠯᠠᠨ ᠭᠡᠷ ᠢ ᠤᠬᠢᠶᠠᠵᠤ

ᠠᠷᠢᠭᠤᠳᠬᠠᠬᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠵᠡᠷᠭᠡ ᠡᠯ᠎ᠡ ᠪᠣᠭᠤᠮᠲᠠ ᠶᠢ ᠴᠢᠩᠭ᠎ᠠ ᠠᠳᠬᠤᠵᠤ᠂

ᠡᠯ᠎ᠡ ᠭᠤᠭᠴᠤᠭ᠎ᠠ ᠶᠢ ᠢᠳᠡᠭᠡᠨ ᠤ ᠠᠮᠤᠷ ᠲᠦᠪᠰᠢᠨ ᠤ ᠱᠠᠭᠠᠷᠳᠠᠯᠭ᠎ᠠ ᠳᠤ ᠨᠡᠶᠢᠴᠡᠭᠦᠯᠬᠦ ᠶᠢ ᠦᠨᠡᠨᠬᠦ ᠪᠠᠲᠤᠯᠠᠬᠤ

ᠬᠡᠷᠡᠭᠲᠡᠢ᠃ ᠮᠢᠨᠴᠦᠭᠦᠷᠡᠬᠦ ᠦᠵᠡᠯ ᠰᠠᠨᠠᠭ᠎ᠠ ᠪᠠ ᠭᠤᠷᠢᠳᠠᠬᠤ ᠪᠣᠳᠣᠯ ᠢ ᠡᠷᠡᠰ ᠲᠡᠪᠴᠢᠵᠦ᠂ ᠢᠳᠡᠭᠡᠨ ᠤ ᠠᠮᠤᠷ

ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠬᠡᠪᠰᠢᠭᠰᠡᠨ ᠬᠠᠮᠢᠶᠠᠷᠤᠯᠲᠠ ᠶᠢ ᠴᠢᠩᠭᠠᠳᠬᠠᠵᠤ᠂

ᠲᠤᠰᠬᠠᠢ ᠲᠤᠰᠢᠶᠠᠯᠲᠤ ᠠᠵᠢᠯᠲᠠᠨ ᠢ ᠲᠣᠬᠢᠷᠠᠭᠤᠯᠤᠨ ᠵᠢᠷᠤᠮᠵᠢᠭᠤᠯᠤᠭᠰᠠᠨ᠂ ᠪᠠᠷᠢᠮᠵᠢᠶᠠᠵᠢᠭᠤᠯᠤᠭᠰᠠᠨ᠂ ᠰᠢᠨᠵᠢᠯᠡᠬᠦ

ᠤᠬᠠᠭᠠᠨᠴᠢᠯᠠᠭᠰᠠᠨ ᠬᠠᠮᠢᠶᠠᠷᠤᠯᠲᠠ ᠬᠢᠯᠭᠡᠵᠦ᠂ ᠠᠶᠤᠯ ᠲᠦᠭᠰᠢᠭᠦᠷᠢ ᠶᠢᠨ ᠳᠠᠯᠳᠠ ᠬᠡᠮ ᠢ ᠴᠠᠭ ᠲᠤᠬᠠᠢ ᠳᠤᠨᠢ

ᠠᠷᠢᠯᠭᠠᠵᠤ᠂ ᠰᠤᠷᠭᠠᠭᠤᠯᠢ ᠶᠢᠨ ᠬᠤᠭᠤᠯᠠᠨ ᠭᠡᠷ ᠤᠨ ᠠᠮᠤᠷ ᠲᠦᠪᠰᠢᠨ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ

ᠠᠵᠢᠯ ᠢ ᠦᠷᠭᠦᠯᠵᠢᠯᠡᠨ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡ ᠬᠦ ᠬᠥᠪᠴᠢ ᠶᠢ

ᠴᠠᠭ ᠢᠮᠠᠭᠲᠠ ᠴᠢᠩᠭᠠᠯᠠᠵᠤ᠂ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂

ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠠᠰᠠᠭᠤᠳᠠᠯ ᠡᠭᠦᠰᠬᠦ ᠶᠢ ᠡᠷᠡᠰ ᠬᠤᠷᠢᠭᠯᠠᠵᠤ᠂

ᠣᠯᠠᠨ ᠲᠦᠮᠡᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ᠃

03.png

  

   ᠯᠢ ᠵᠢᠶᠠᠨ ᠸᠧᠨ ᠴᠢᠬᠤᠯᠠᠴᠢᠯᠠᠭᠰᠠᠨ ᠨᠢ᠂ ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ

ᠬᠤᠳᠠ ᠶᠢ ᠡᠭᠦᠳᠦᠨ ᠪᠠᠶᠢᠭᠤᠯᠬᠤ ᠠᠵᠢᠯ ᠤᠨ ᠱᠠᠭᠠᠷᠳᠠᠯᠭ᠎ᠠ ᠶᠣᠰᠣᠭᠠᠷ ᠂ ᠡᠭᠦᠳᠦᠨ ᠪᠠᠶᠢᠭᠤᠯᠬᠤ ᠠᠵᠢᠯ ᠤᠨ

ᠬᠠᠷᠢᠭᠤᠴᠠᠯᠭ᠎ᠠ ᠶᠢ ᠪᠣᠳᠠᠲᠠᠶᠢᠵᠢᠭᠤᠯᠵᠤ ᠂ ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠂ ᠨᠠᠷᠢᠯᠢᠭ

ᠨᠠᠶᠢᠳᠠᠪᠤᠷᠢᠵᠢᠭᠤᠯᠬᠤ ᠂ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠃ ᠢᠳᠡᠭᠡᠨ ᠤ ᠠᠮᠤᠷ

ᠲᠦᠪᠰᠢᠨ ᠤ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠦᠨᠡᠨᠬᠦ ᠴᠢᠩᠭᠠᠳᠬᠠᠵᠤ᠂ ᠰᠠᠯᠠᠭ᠎ᠠ ᠮᠥᠴᠢᠷ ᠤᠨ ᠬᠠᠮᠲᠤᠷᠠᠨ

ᠬᠥᠳᠡᠯᠦᠯᠴᠡᠬᠦ ᠲᠣᠭᠲᠠᠴᠠ ᠶᠢ ᠲᠡᠭᠦᠯᠳᠡᠷᠵᠢᠭᠦᠯᠦᠨ᠂ ᠬᠢᠨᠠᠯᠲᠠ ᠬᠠᠮᠢᠶᠠᠷᠤᠯᠲᠠ ᠳᠤ ᠥᠨᠴᠥᠭ ᠪᠤᠯᠤᠩ ᠦᠯᠡᠳᠡᠭᠡᠬᠦ

ᠦᠭᠡᠢ ᠪᠠᠶᠢᠬᠤ ᠶᠢ ᠪᠡᠶᠡᠯᠡᠭᠦᠯᠵᠦ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠨᠢᠭᠡ

ᠠᠯᠬᠤᠮ ᠪᠣᠳᠠᠲᠠᠶᠢᠵᠢᠭᠤᠯᠵᠤ᠂ ᠢᠳᠡᠭᠡᠨ ᠤ ᠠᠮᠤᠷ ᠲᠦᠪᠰᠢᠨ ᠤ ᠶᠠᠰᠤ ᠴᠢᠨᠠᠷ ᠤᠨ ᠪᠣᠭᠤᠮᠲᠠ ᠶᠢ ᠴᠢᠩᠭ᠎ᠠ

ᠠᠳᠬᠤᠬᠤ ᠬᠡᠷᠡᠭᠲᠡᠢ᠃ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠡᠭᠦᠷᠭᠡ ᠶᠢ ᠬᠤᠪᠢᠶᠠᠷᠢᠯᠠᠵᠤ᠂ ᠬᠤᠲᠠ

ᠪᠠᠶᠢᠭᠤᠯᠬᠤ ᠬᠠᠷᠠᠯᠲᠠ ᠶᠢ ᠬᠦᠴᠦᠯᠡᠨ ᠪᠡᠶᠡᠯᠡᠭᠦᠯᠬᠦ ᠬᠡᠷᠡᠭᠲᠡᠢ᠃ ᠨᠠᠮ ᠤᠨ ᠬᠤᠷᠢᠶ᠎ᠠ ᠵᠠᠰᠠᠭ ᠤᠨ ᠣᠷᠳᠣᠨ ᠤ ᠬᠠᠷᠢᠶ᠎ᠠ

ᠭᠠᠵᠠᠷ ᠤᠨ ᠬᠠᠷᠢᠭᠤᠴᠠᠯᠭ᠎ᠠ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠤᠨ ᠬᠠᠷᠢᠭᠤᠴᠠᠯᠭ᠎ᠠ᠂ ᠭᠤᠣᠯᠴᠢᠯᠠᠨ

ᠬᠠᠮᠢᠶᠠᠷᠬᠤ ᠰᠠᠯᠠᠭ᠎ᠠ ᠮᠥᠴᠢᠷ ᠤᠨ ᠬᠠᠷᠢᠭᠤᠴᠠᠯᠭ᠎ᠠ᠂ ᠠᠵᠤ ᠠᠬᠤᠶᠢᠯᠠᠯ ᠤᠨ ᠭᠤᠣᠯ ᠴᠣᠭᠴᠠ ᠶᠢᠨ

ᠬᠠᠷᠢᠭᠤᠴᠠᠯᠭ᠎ᠠ ᠶᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠶᠡᠬᠡᠪᠡᠷ ᠠᠬᠢᠭᠤᠯᠵᠤ᠂ ᠬᠤᠲᠠ ᠪᠠᠶᠢᠭᠤᠯᠬᠤ ᠠᠵᠢᠯ ᠤᠨ

ᠡᠭᠦᠷᠭᠡ ᠶᠢ ᠵᠠᠳᠠᠯᠤᠨ ᠨᠠᠶᠢᠳᠠᠪᠤᠷᠢᠵᠢᠭᠤᠯᠵᠤ᠂ ᠬᠤᠲᠠ ᠪᠠᠶᠢᠭᠤᠯᠬᠤ ᠠᠵᠢᠯ ᠤᠨ ᠨᠡᠶᠢᠯᠡᠮᠡᠯ ᠬᠦᠴᠦᠨ ᠢ

ᠨᠢᠭᠲᠠᠷᠠᠭᠤᠯᠤᠨ᠂ ᠢᠳᠡᠭᠡᠨ ᠤ ᠠᠮᠤᠷ ᠲᠦᠪᠰᠢᠨ ᠤ ᠡᠯ᠎ᠡ ᠵᠦᠢᠯ ᠤᠨ ᠳᠦᠷᠢᠮ ᠢ ᠨᠠᠶᠢᠳᠠᠪᠤᠷᠢᠵᠢᠭᠤᠯᠤᠨ

ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠵᠤ᠂ ᠪᠠᠶᠢᠩᠭᠤ ᠶᠢᠨ ᠣᠷᠳᠣ ᠬᠤᠭᠤᠴᠠᠭᠠᠨ ᠤ ᠪᠦᠲᠦᠮᠵᠢᠲᠡᠶ ᠠᠵᠢᠯ ᠤᠨ

ᠲᠣᠭᠲᠠᠴᠠ ᠶᠢ ᠪᠠᠶᠢᠭᠤᠯᠤᠨ᠂ ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢ

ᠡᠭᠦᠳᠦᠨ ᠪᠠᠶᠢᠭᠤᠯᠬᠤ ᠬᠠᠷᠠᠯᠲᠠ ᠶᠢ ᠪᠡᠶᠡᠯᠡᠭᠦᠯᠬᠦ ᠪᠠᠷ ᠴᠢᠷᠮᠠᠶᠢᠬᠤ ᠬᠡᠷᠡᠭᠲᠡᠢ᠃

   ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠳᠠᠷᠤᠭ᠎ᠠ ᠵᠣᠣ ᠰᠢ ᠸᠧᠨ᠂

ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠰᠠᠯᠠᠭᠠᠨ ᠳᠠᠷᠤᠭ᠎ᠠ ᠯᠢ ᠱᠣᠸ ᠪᠥᠸᠧ᠂ ᠢᠳᠡᠭᠡᠨ ᠤ

ᠵᠦᠢᠯ ᠢ ᠵᠣᠬᠢᠴᠠᠭᠤᠯᠤᠨ ᠰᠤᠭᠤᠴᠢᠨ ᠪᠠᠶᠢᠴᠠᠭᠠᠬᠤ ᠰᠠᠯᠠᠭ᠎ᠠ ᠶᠢᠨ ᠳᠡᠳ᠋ ᠳᠠᠷᠤᠭ᠎ᠠ ᠸᠠᠩ ᠴᠧᠩ ᠴᠧᠨ ᠬᠠᠮᠲᠤ

ᠪᠠᠶᠢᠴᠠᠭᠠᠨ ᠰᠤᠳᠤᠯᠤᠯᠲᠠ ᠬᠢᠪᠡ︔ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ

ᠣᠷᠳᠣᠨ ᠤ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ ᠶᠠᠨ ᠵᠢᠶᠦ᠋ᠨ᠂ ᠰᠢᠶᠠᠨ ᠤ ᠳᠡᠳ᠋ ᠳᠠᠷᠤᠭ᠎ᠠ ᠭᠦᠸᠧ ᠬᠤᠩ ᡁᠢ ᠂

ᠰᠢᠶᠠᠨ ᠤ ᠢᠳᠡᠭᠡᠨ ᠤ ᠵᠦᠢᠯ ᠡᠮ ᠤᠨ ᠵᠦᠢᠯ ᠤᠨ ᠠᠮᠤᠷ ᠲᠦᠪᠰᠢᠨ ᠤ ᠠᠯᠪᠠᠨ ᠭᠡᠷ ᠤᠨ ᠡᠷᠬᠢᠯᠡᠭᠴᠢ ᠂ ᠵᠠᠬ᠎ᠠ

ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠳᠠᠷᠤᠭ᠎ᠠ ᠰᠦᠩ ᠴᠦᠨ ᠢᠦᠢ ᠵᠢᠴᠢ ᠬᠠᠮᠢᠶ᠎ᠠ ᠪᠦᠬᠦᠢ

ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ ᠃

        ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ

        ᠣᠷᠴᠢᠭᠤᠯᠤᠭᠴᠢ᠄ ᠣᠳᠣᠨᠭᠡᠷᠡᠯ

ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ

 

 

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2