| 4 ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ | ᠬᠡᠯᠲᠡᠰ ᠤᠨ ᠬᠡᠯᠲᠡᠰ ᠤᠨ ᠭᠡᠰᠢᠭᠦᠨ ᠵᠢᠶᠠ ᠯᠢ ᠰᠢᠶᠠ ᠨᠠᠷ ᠮᠠᠨ ᠤ ᠰᠢᠶᠠᠨ ᠳᠤ ᠭᠦᠨᠵᠡᠭᠡᠶᠢᠷᠡᠨ ᠦᠨᠳᠦᠰᠦᠨ ᠱᠠᠲᠤᠨ ᠤ | ᠨᠠᠮ ᠤᠨ ᠪᠠᠶᠢᠭᠤᠯᠤᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠡ᠃ ᠬᠤᠲᠠ ᠶᠢᠨ ᠨᠠᠮ ᠤᠨ ᠬᠤᠷᠢᠶᠠᠨ ᠤ | ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ ᠭᠤᠣ ᠹᠧᠨ ᠮᠢᠩ᠂ ᠰᠢᠶᠠᠨ ᠤ ᠨᠠᠮ ᠤᠨ ᠬᠤᠷᠢᠶᠠᠨ ᠤ ᠱᠦᠵᠢ ᠴᠠᠩ | ᠳ᠋ᠠ ᠸᠧᠢ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ | ᠰᠥᠩ ᡁᠢ ᠹᠠᠩ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ ᠬᠤᠷᠢᠶᠠᠨ ᠤ ᠠᠯᠪᠠᠨ | ᠭᠡᠷ ᠤᠨ ᠡᠷᠬᠢᠯᠡᠭᠴᠢ ᠦ᠋ ᡁᠢ ᠢᠦᠢ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃ | | | | | | ᠵᠢᠶᠠ ᠯᠢ ᠰᠢᠶᠠ ᠨᠠᠷ ᠤᠷᠢᠳ ᠬᠤᠵᠢᠳ ᠮᠠᠨ ᠤ ᠰᠢᠶᠠᠨ ᠤ ᠭᠦᠨᠤᠯᠠᠭᠠᠨᠬᠤᠳᠳᠤᠭ ᠰᠢᠶᠠᠩ ᠤᠨ ᠮᠢᠨ ᠵᠦ ᠲᠣᠰᠬᠤᠨ ᠂ | ᠳᠡᠪᠡᠭᠡᠲᠦ ᠰᠢᠶᠠᠩ ᠤᠨ ᠳᠡᠪᠡᠭᠡᠲᠦ ᠲᠣᠰᠬᠤᠨ ᠂ ᠭᠠᠨ ᡁᠢ ᠮᠧᠢ ᠶᠢᠨ ᠨᠡᠶᠢᠭᠡᠮᠯᠢᠭ ᠂ ᠴᠠᠩᠱᠦ᠋ᠨ ᠪᠠᠯᠭᠠᠰᠤᠨ ᠤ ᠴᠠᠩ ᠹᠧᠩ | ᠨᠡᠶᠢᠭᠡᠮ ᠲᠣᠭᠤᠷᠢᠭ ᠲᠤ ᠭᠦᠨᠵᠡᠭᠡᠶᠢᠷᠡᠪᠡ ᠃ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠠᠬᠢᠭᠤᠯᠬᠤ ᠂ ᠲᠣᠰᠬᠤᠨ ᠤ ᠱᠠᠲᠤᠨ ᠤ ᠬᠠᠮᠲᠤ ᠶᠢᠨ ᠠᠵᠤ ᠠᠬᠤᠢ ᠂ ︽ᠵᠡᠪᠰᠡᠭ ᠮᠥᠷᠥᠶᠢᠴᠡᠵᠦ ᠤᠳᠤᠨ | ᠮᠡᠴᠢᠳ ᠪᠤᠯᠢᠶᠠᠯᠳᠤᠬᠤ︾ ᠠᠵᠢᠯᠯᠠᠭ᠎ᠠ ᠂ ᠬᠤᠭᠤᠴᠠᠭ᠎ᠠ ᠰᠣᠯᠢᠭᠰᠠᠨ ᠤ ᠳᠠᠷᠠᠭᠠᠬᠢ ᠲᠣᠰᠬᠤᠨ ᠤ ᠺᠠᠳ᠋ᠷ ᠤᠨ ᠡᠩᠨᠡᠭᠡᠨ ᠤ | ᠪᠠᠶᠢᠭᠤᠯᠤᠯᠲᠠ᠂ ᠨᠠᠮ ᠤᠨ ᠭᠡᠰᠢᠭᠦᠨ ᠡᠯᠰᠡᠬᠦ ᠪᠠ ᠨᠡᠭᠦᠳᠡᠯ ᠨᠠᠮ ᠤᠨ ᠭᠡᠰᠢᠭᠦᠨ ᠤ ᠬᠠᠮᠢᠶᠠᠷᠤᠯᠲᠠ᠂ ᠨᠡᠶᠢᠭᠡᠮ ᠤᠨ ᠵᠣᠬᠢᠶᠠᠨ | ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ᠂ ᠨᠡᠶᠢᠭᠡᠮ ᠲᠣᠭᠤᠷᠢᠭ ᠤᠨ ᠲᠤᠤᠷᠴᠢᠯᠠᠭᠰᠠᠨ ᠵᠠᠰᠠᠯᠲᠠ᠂ ︽ᠬᠠᠮᠤᠭ ᠤᠨ | ᠬᠦᠴᠦᠷᠬᠡᠭ ᠨᠠᠮ ᠤᠨ ᠡᠭᠦᠷ︾ ᠤᠨ ᠪᠠᠶᠢᠭᠤᠯᠤᠯᠲᠠ ᠶᠢ ᠴᠢᠩᠭᠠᠳᠬᠠᠬᠤ ᠵᠡᠷᠭᠡ ᠠᠵᠢᠯ ᠤᠨ ᠲᠤᠬᠠᠢ ᠲᠤᠬᠠᠢ ᠶᠢᠨ ᠭᠠᠵᠠᠷ | ᠲᠤᠨᠢ ᠪᠠᠶᠢᠴᠠᠭᠠᠨ ᠰᠤᠳᠤᠯᠤᠯᠲᠠ ᠬᠢᠵᠡᠢ ᠃ | ᠮᠢᠨ ᠵᠦ ᠲᠣᠰᠬᠤᠨ ᠪᠣᠯᠣᠨ ᠳᠡᠪᠡᠭᠡᠲᠦ ᠲᠣᠰᠬᠤᠨ ᠳᠤ ᠂ ᠵᠢᠶᠠ ᠯᠢ ᠰᠢᠶᠠ ᠲᠣᠰᠬᠤᠨ ᠤ ᠨᠠᠮ ᠤᠨ ᠡᠭᠦᠷ ᠤᠨ | ᠱᠦᠵᠢ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ ᠂ ᠨᠠᠮ ᠤᠨ ᠡᠭᠦᠷ ᠤᠨ ᠨᠠᠮ ᠤᠨ ᠭᠡᠰᠢᠭᠦᠨ ᠤ ᠪᠦᠲᠦᠴᠡ᠂ ᠨᠠᠮ ᠤᠨ | ᠡᠭᠦᠷ ᠤᠨ ᠨᠠᠮ ᠤᠨ ᠭᠡᠰᠢᠭᠦᠨ ᠡᠯᠰᠡᠬᠦ ᠂ ᠨᠠᠮ ᠤᠨ ᠪᠠᠶᠢᠭᠤᠯᠤᠯᠲᠠ ᠪᠠᠷ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠠᠬᠢᠭᠤᠯᠬᠤ ᠂ ᠲᠣᠰᠬᠤᠨ ᠤ ᠲᠡᠰ ᠤᠨ ᠬᠠᠮᠲᠤ ᠶᠢᠨ ᠠᠵᠤ ᠠᠬᠤᠢ ᠵᠡᠷᠭᠡ ᠪᠠᠶᠢᠳᠠᠯ ᠢ ᠨᠠᠷᠢᠨ ᠠᠰᠠᠭᠤᠨ | ᠯᠠᠪᠯᠠᠪᠠ ᠃ ᠵᠢᠶᠠ ᠯᠢ ᠰᠢᠶᠠ ᠵᠢᠭᠠᠵᠤ ᠭᠠᠷᠭᠠᠭᠰᠠᠨ ᠨᠢ᠂ ᠬᠥᠳᠡᠭᠡ ᠲᠣᠰᠬᠤᠨ ᠤ ᠦᠨᠳᠦᠰᠦᠨ ᠱᠠᠲᠤᠨ ᠤ ᠨᠠᠮ ᠤᠨ | ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ | ᠪᠣᠳᠣᠯᠭ᠎ᠠ ᠶᠢ ᠬᠡᠷᠡᠭᠵᠢᠭᠦᠯᠬᠦ ᠶᠢᠨ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠮᠥᠨ᠂ ᠦᠨᠳᠦᠰᠦᠨ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠬᠤ ᠶᠢᠨ ᠭᠤᠣᠯ ᠵᠠᠩᠭᠢᠯᠠᠭ᠎ᠠ ᠪᠣᠯ ᠰᠠᠶᠢᠨ | ᠨᠠᠮ ᠤᠨ ᠡᠭᠦᠷ ᠲᠤ ᠰᠠᠶᠢᠨ ᠡᠭᠦᠷ ᠤᠨ ᠱᠦᠵᠢ ᠲᠠᠢ ᠪᠠᠶᠢᠬᠤ ᠶᠠᠪᠤᠳᠠᠯ ᠪᠣᠯᠣᠨ᠎ᠠ ᠃ ᠡᠯ᠎ᠡ ᠨᠠᠮ ᠤᠨ ᠡᠭᠦᠷ ᠤᠨ ᠱᠦᠵᠢ | ᠡᠷᠬᠡᠪᠰᠢ ᠨᠠᠮᠴᠢ ᠴᠢᠨᠠᠷ ᠤᠨ ᠪᠣᠯᠪᠠᠰᠤᠷᠠᠯ ᠢᠶᠠᠨ ᠴᠢᠩᠭᠠᠳᠬᠠᠵᠤ ᠂ ᠨᠠᠮ ᠤᠨ ᠡᠭᠦᠷ ᠤᠨ ᠤᠳᠤᠷᠢᠳᠬᠤ ᠪᠠᠭ ᠤᠨ ᠰᠠᠶᠢᠨ | ᠲᠤᠭ ᠪᠣᠯᠵᠤ ᠂ ᠲᠣᠰᠬᠤᠨ ᠤ ᠨᠠᠮ ᠤᠨ ᠡᠭᠦᠷ ᠢ ᠳᠠᠭᠠᠭᠤᠯᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ | ᠪᠦᠬᠦ ᠲᠠᠯ᠎ᠠ ᠪᠠᠷ ᠴᠢᠩᠭᠠᠳᠬᠠᠵᠤ ᠂ ᠨᠠᠮ ᠤᠨ ᠪᠠᠶᠢᠭᠤᠯᠤᠯᠲᠠ ᠪᠠᠷ ᠲᠣᠰᠬᠤᠨ ᠤ ᠬᠠᠮᠲᠤ ᠶᠢᠨ ᠠᠵᠤ ᠠᠬᠤᠢ ᠶᠢᠨ | ᠬᠥᠭᠵᠢᠯᠲᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠡᠯ᠎ᠡ ᠵᠦᠢᠯ ᠤᠨ ᠠᠵᠢᠯ ᠢ ᠠᠬᠢᠭᠤᠯᠬᠤ ᠬᠡᠷᠡᠭᠲᠡᠢ ᠃ | | ᠭᠠᠨ ᡁᠢ ᠮᠧᠢ ᠶᠢᠨ ᠨᠡᠶᠢᠭᠡᠮᠯᠢᠭ ᠲᠤ ᠂ ᠵᠢᠶᠠ ᠯᠢ ᠰᠢᠶᠠ ᠨᠡᠶᠢᠭᠡᠮ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ | ᠪᠠᠶᠢᠭᠤᠯᠤᠯᠲᠠ ᠶᠢᠨ ᠪᠠᠶᠢᠳᠠᠯ ᠢ ᠰᠣᠨᠣᠰᠴᠤ ᠂ ᠭᠠᠨ ᡁᠢ ᠮᠧᠢ ᠶᠢᠨ ᠨᠡᠶᠢᠭᠡᠮᠯᠢᠭ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ | ᠠᠵᠢᠯ ᠪᠣᠯᠣᠨ ᠵᠡᠮᠳᠡᠭᠴᠦᠳ ᠤᠨ ᠬᠥᠭᠵᠢᠯᠲᠡ ᠶᠢ ᠳᠠᠶᠢᠴᠢᠯᠠᠬᠤ ᠪᠠᠶᠢᠳᠠᠯ ᠢ ᠭᠦᠢᠴᠡᠳ ᠨᠤᠲᠠᠯᠠᠵᠤ ᠂ ᠨᠡᠶᠢᠭᠡᠮᠯᠢᠭ ᠠᠴᠠ | ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠦᠷᠭᠦᠯᠵᠢᠯᠡᠨ ᠴᠢᠩᠭᠠᠳᠬᠠᠵᠤ ᠂ | ᠬᠦᠴᠦᠨ ᠢᠶᠠᠨ ᠦᠷᠭᠦᠯᠵᠢᠯᠡᠨ ᠪᠠᠳᠠᠷᠠᠭᠤᠯᠵᠤ ᠂ ᠨᠡᠩ ᠤᠯᠠᠨ ᠵᠡᠮᠳᠡᠭᠴᠦᠳ᠂ ᠤᠯᠠᠨ ᠲᠦᠮᠡᠨ ᠢ ᠲᠠᠶᠢᠴᠢᠯᠠᠨ ᠣᠷᠣᠯᠭ᠎ᠠ ᠶᠢ | ᠨᠢ ᠨᠡᠮᠡᠭᠳᠡᠭᠦᠯᠦᠨ ᠪᠠᠶᠠᠵᠢᠭᠤᠯᠬᠤ ᠶᠢ ᠬᠦᠰᠡᠪᠡ ᠃ | ᠴᠠᠩ ᠹᠧᠩ ᠨᠡᠶᠢᠭᠡᠮ ᠲᠣᠭᠤᠷᠢᠭ ᠲᠤ ᠂ ᠵᠢᠶᠠ ᠯᠢ ᠰᠢᠶᠠ ᠨᠠᠷ ᠨᠡᠶᠢᠭᠡᠮ ᠲᠣᠭᠤᠷᠢᠭ ᠤᠨ ᠰᠠᠭᠤᠷᠢ ᠪᠦᠲᠦᠭᠡᠨ | ᠪᠠᠶᠢᠭᠤᠯᠤᠯᠲᠠ᠂ ᠺᠠᠳ᠋ᠷ ᠤᠨ ᠪᠦᠲᠦᠴᠡ᠂ ᠦᠢᠯᠡᠴᠢᠯᠡᠭᠡᠨ ᠤ ᠠᠭᠤᠯᠭ᠎ᠠ ᠵᠢᠴᠢ ᠡᠯ᠎ᠡ ᠵᠦᠢᠯ ᠤᠨ ᠠᠵᠢᠯ ᠢᠶᠠᠨ ᠥᠷᠨᠢᠭᠦᠯᠵᠦ | ᠪᠠᠶᠢᠭ᠎ᠠ ᠪᠠᠶᠢᠳᠠᠯ ᠢ ᠪᠠᠶᠢᠴᠠᠭᠠᠨ ᠦᠵᠡᠪᠡ ᠃ ᠵᠢᠶᠠ ᠯᠢ ᠰᠢᠶᠠ ᠵᠢᠭᠠᠵᠤ ᠭᠠᠷᠭᠠᠭᠰᠠᠨᠨ ᠨᠢ᠂ ᠴᠠᠩ ᠹᠧᠩ ᠨᠡᠶᠢᠭᠡᠮ | ᠲᠣᠭᠤᠷᠢᠭ ᠤᠨ ᠲᠥᠬᠦᠭᠡᠷᠦᠮᠵᠢ ᠪᠦᠷᠢᠨ ᠭᠦᠢᠴᠡᠳ᠂ ᠴᠢᠳᠠᠪᠬᠢ ᠪᠦᠷᠢᠨ ᠲᠡᠭᠦᠯᠳᠡᠷ ᠂ ᠳᠠᠷᠠᠭᠠᠴᠢ ᠶᠢᠨ ᠠᠯᠬᠤᠮ ᠳᠤ ᠨᠡᠶᠢᠭᠡᠮ | ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ ᠴᠢᠳᠠᠪᠬᠢ ᠪᠣᠯᠣᠨ ᠦᠢᠯᠡᠴᠢᠯᠡᠭᠡᠨ ᠤ | ᠴᠢᠳᠠᠪᠬᠢ ᠶᠢ ᠲᠠᠰᠤᠷᠠᠯᠲᠠ ᠦᠭᠡᠢ ᠴᠢᠩᠭᠠᠳᠬᠠᠵᠤ ᠂ ᠨᠠᠮ ᠤᠨ ᠭᠡᠰᠢᠭᠦᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ | ᠦᠷᠭᠦᠯᠵᠢᠯᠡᠨ ᠴᠢᠩᠭᠠᠳᠬᠠᠵᠤ ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠲᠤᠤᠷᠴᠢᠯᠠᠭᠰᠠᠨ ᠵᠠᠰᠠᠯᠲᠠ ᠶᠢᠨ | ᠰᠢᠨ᠎ᠡ ᠶᠢ ᠡᠭᠦᠳᠬᠦ ᠶᠢ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ ᠂ ᠨᠡᠶᠢᠭᠡᠮ ᠲᠣᠭᠤᠷᠢᠭ ᠤᠨ ᠡᠬᠢ ᠪᠠᠶᠠᠯᠢᠭ ᠢ ᠭᠦᠢᠴᠡᠳ | ᠠᠰᠢᠭᠯᠠᠵᠤ ᠂ ᠨᠡᠶᠢᠭᠡᠮ ᠲᠣᠭᠤᠷᠢᠭ ᠤᠨ ᠦᠢᠯᠡᠳᠦᠯ ᠢ ᠰᠠᠶᠢᠲᠤᠷ ᠪᠠᠳᠠᠷᠠᠭᠤᠯᠵᠤ ᠂ ᠤᠯᠠᠨ ᠲᠦᠮᠡᠨ ᠲᠠᠢ ᠬᠠᠷᠢᠯᠴᠠᠵᠤ ᠤᠯᠠᠨ | ᠲᠦᠮᠡᠨ ᠳᠤ ᠦᠢᠯᠡᠴᠢᠯᠡᠬᠦ ᠠᠵᠢᠯ ᠢ ᠰᠡᠳᠬᠢᠯ ᠲᠠᠯᠪᠢᠨ ᠰᠠᠶᠢᠲᠤᠷ ᠬᠢᠬᠦ ᠬᠡᠷᠡᠭᠲᠡᠢ ᠃ | | | | ᠪᠠᠶᠢᠴᠠᠭᠠᠨ ᠰᠤᠳᠤᠯᠤᠯᠲᠠ ᠶᠢᠨ ᠳᠤᠮᠳᠠ᠂ ᠵᠢᠶᠠ ᠯᠢ ᠰᠢᠶᠠ ᠨᠠᠷ ᠮᠠᠨ ᠤ ᠰᠢᠶᠠᠨ ᠤ ᠦᠨᠳᠦᠰᠦᠨ ᠱᠠᠲᠤᠨ ᠤ ᠨᠠᠮ ᠤᠨ | ᠪᠠᠶᠢᠭᠤᠯᠤᠯᠲᠠ ᠶᠢᠨ ᠠᠵᠢᠯ ᠤᠨ ᠦᠷ᠎ᠡ ᠪᠦᠲᠦᠮᠵᠢ ᠶᠢ ᠭᠦᠢᠴᠡᠳ ᠨᠤᠲᠠᠯᠠᠪᠠ ᠃ ᠡᠭᠦᠨ ᠤ ᠬᠠᠮᠲᠤ ᠵᠢᠭᠠᠵᠤ ᠭᠠᠷᠭᠠᠭᠰᠠᠨ ᠨᠢ | ᠂ ᠡᠯ᠎ᠡ ᠵᠦᠢᠯ ᠤᠨ ᠰᠠᠶᠢᠨ ᠲᠥᠷᠥ ᠶᠢᠨ ᠪᠣᠳᠣᠯᠭ᠎ᠠ ᠨᠢ ᠠᠷᠠᠳ ᠣᠯᠠᠨ ᠤ ᠢᠳᠡᠵᠦ ᠡᠮᠦᠰᠬᠦ ᠳᠡᠭᠡᠨ ᠵᠥᠪ ᠪᠠᠶᠢᠬᠤ | ᠠᠰᠠᠭᠤᠳᠠᠯ ᠢ ᠰᠢᠢᠳᠪᠤᠷᠢᠯᠡᠭᠰᠡᠨ ᠪᠣᠯᠪᠠᠴᠤ ᠠᠷᠠᠳ ᠢᠷᠭᠡᠳ ᠢ ᠳᠠᠭᠠᠭᠤᠯᠤᠨ ᠪᠠᠶᠠᠵᠢᠨ ᠴᠢᠨᠡᠭᠡᠯᠢᠭᠵᠢᠬᠦ ᠳᠤ᠂ ᠡᠯ᠎ᠡ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠᠰᠠ ᠬᠦᠴᠦᠯᠡᠨ ᠴᠢᠷᠮᠠᠶᠢᠬᠤ ᠬᠡᠷᠡᠭᠲᠡᠢ ᠃ ᠡᠯ᠎ᠡ ᠱᠠᠲᠤᠨ ᠤ ᠦᠨᠳᠦᠰᠦᠨ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ︽ᠲᠠᠪᠤᠨ ᠲᠠᠯ᠎ᠠ | ᠶᠢ ᠵᠣᠬᠢᠴᠠᠭᠤᠯᠤᠨ᠂ ᠦᠨᠳᠦᠰᠦᠨ ᠱᠠᠲᠤ ᠶᠢ ᠶᠡᠭᠡ ᠪᠠᠷ ᠠᠳᠬᠤᠬᠤ︾ ᠠᠵᠢᠯ ᠤᠨ ᠶᠡᠷᠦᠩᠬᠡᠢ ᠱᠠᠭᠠᠷᠳᠠᠯᠭ᠎ᠠ ᠶᠣᠰᠣᠭᠠᠷ᠂ | ︽ᠬᠠᠮᠤᠭ ᠤᠨ ᠬᠦᠴᠦᠷᠬᠡᠭ ᠨᠠᠮ ᠤᠨ ᠡᠭᠦᠷ︾ ᠤᠨ ᠪᠠᠶᠢᠭᠤᠯᠤᠯᠲᠠ ᠪᠠᠷ ᠭᠠᠷᠳᠠᠴᠠ ᠪᠣᠯᠭᠠᠵᠤ ᠂ ᠦᠨᠳᠦᠰᠦᠨ ᠱᠠᠲᠤᠨ ᠤ | ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠷᠢᠮᠵᠢᠶᠠᠵᠢᠭᠤᠯᠬᠤ ᠂ ᠵᠢᠷᠤᠮᠵᠢᠭᠤᠯᠬᠤ ᠪᠠᠶᠢᠭᠤᠯᠤᠯᠲᠠ ᠶᠢᠨ ᠲᠦᠪᠰᠢᠨ ᠢ | ᠲᠠᠰᠤᠷᠠᠯᠳᠡ ᠦᠭᠡᠢ ᠳᠡᠭᠡᠭᠰᠢᠯᠡᠭᠦᠯᠵᠦ ᠂ ᠲᠣᠰᠬᠤᠨ ᠤ ᠱᠠᠲᠤᠨ ᠤ ᠬᠠᠮᠲᠤ ᠶᠢᠨ ᠠᠵᠤ ᠠᠬᠤᠢ ᠶᠢᠨ ᠬᠥᠭᠵᠢᠨ ᠪᠤᠵᠠᠭᠠᠶᠢᠷᠠᠬᠤ ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠂ ᠤᠯᠠᠨ ᠲᠦᠮᠡᠨ ᠳᠤ ᠦᠢᠯᠡᠴᠢᠯᠡᠬᠦ ᠵᠡᠷᠭᠡ ᠭᠤᠣᠯᠳᠠᠯᠭ᠎ᠠ ᠲᠠᠢ | ᠠᠵᠢᠯ ᠢ ᠲᠦᠷᠭᠡᠳᠬᠡᠨ ᠠᠬᠢᠭᠤᠯᠬᠤ ᠳᠤᠮᠳᠠ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠨᠢᠭᠲᠠᠷᠠᠯ ᠤᠨ ᠬᠦᠴᠦᠨ᠂ ᠲᠠᠶᠢᠴᠢᠨ ᠬᠦᠴᠦᠨ ᠢ ᠲᠠᠰᠤᠷᠠᠯᠳᠡ ᠦᠭᠡᠢ ᠴᠢᠩᠭᠠᠳᠬᠠᠵᠤ ᠂ ᠴᠢᠨᠠᠷ ᠰᠠᠶᠢᠲᠠᠢ ᠨᠠᠮ ᠤᠨ | ᠪᠠᠶᠢᠭᠤᠯᠤᠯᠲᠠ ᠪᠠᠷ ᠡᠯ᠎ᠡ ᠵᠦᠢᠯ ᠤᠨ ᠠᠵᠢᠯ ᠢ ᠬᠥᠲᠥᠯᠥᠨ ᠳᠠᠭᠠᠭᠤᠯᠬᠤ ᠬᠡᠷᠡᠭᠲᠡᠢ ᠃ | ᠰᠢᠶᠠᠨ ᠤ ᠨᠠᠮ ᠤᠨ ᠬᠤᠷᠢᠶᠠᠨ ᠤ ᠱᠦᠵᠢ ᠴᠠᠩ ᠳ᠋ᠠ ᠸᠧᠢ ᠪᠠᠶᠢᠴᠠᠭᠠᠨ ᠰᠤᠳᠤᠯᠤᠯᠲᠠ ᠬᠢᠬᠦ ᠳᠡᠭᠡᠨ ᠪᠠᠶᠢᠴᠠᠭᠠᠨ | ᠰᠤᠳᠤᠯᠬᠤ ᠳᠤᠭᠤᠶᠢᠯᠠᠩ ᠳᠤ ᠮᠠᠨ ᠤ ᠰᠢᠶᠠᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠪᠦᠲᠦᠭᠡᠨ ᠪᠠᠶᠢᠭᠤᠯᠤᠯᠲᠠ ᠶᠢᠨ ᠪᠠᠶᠢᠳᠠᠯ ᠵᠢᠴᠢ ᠮᠠᠨ ᠤ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠰᠡᠳᠬᠢᠮᠵᠢ ᠶᠢ ᠲᠠᠨᠢᠯᠴᠠᠭᠤᠯᠵᠤ᠂ ᠲᠡᠷᠡᠴᠢᠯᠡᠨ ᠲᠤᠰ ᠤᠳᠠᠭᠠᠨ ᠤ ᠪᠠᠶᠢᠴᠠᠭᠠᠨ ᠰᠤᠳᠤᠯᠤᠯᠲᠠ ᠪᠠᠷ ᠠᠵᠠ ᠲᠣᠬᠢᠶᠠᠯ | ᠪᠣᠯᠭᠠᠵᠤ᠂ ᠮᠠᠨ ᠤ ᠰᠢᠶᠠᠨ ᠤ ᠪᠣᠳᠠᠲᠤ ᠪᠠᠶᠢᠳᠠᠯ ᠳᠤ ᠰᠠᠭᠤᠷᠢᠯᠠᠨ᠂ ᠳᠤᠲᠠᠭᠤᠳᠠᠯ ᠢ ᠦᠷᠭᠦᠯᠵᠢᠯᠡᠨ ᠨᠥᠬᠦᠪᠦᠷᠢᠯᠡᠵᠦ ᠬᠢᠯᠠᠰ | ᠴᠡᠭ ᠭᠠᠷᠭᠠᠵᠤ ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ ᠂ | ᠨᠠᠷᠢᠯᠢᠭᠵᠢᠭᠤᠯᠵᠤ ᠂ ᠪᠣᠳᠠᠲᠠᠶᠢᠵᠢᠭᠤᠯᠵᠤ ᠂ ᠮᠠᠨ ᠤ ᠰᠢᠶᠠᠨ ᠤ ᠡᠯ᠎ᠡ ᠬᠦᠷᠢᠶᠡᠨ ᠤ ᠨᠠᠮ ᠤᠨ ᠪᠠᠶᠢᠭᠤᠯᠤᠯᠲᠠ ᠶᠢᠨ | ᠠᠵᠢᠯ ᠤᠨ ᠲᠦᠪᠰᠢᠨ ᠢ ᠦᠨᠡᠨᠬᠦ ᠳᠡᠭᠡᠭᠰᠢᠯᠡᠭᠦᠯᠵᠦ ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠂ ᠤᠯᠠᠨ | ᠲᠦᠮᠡᠨ ᠳᠤ ᠦᠢᠯᠡᠴᠢᠯᠡᠬᠦ ᠵᠡᠷᠭᠡ ᠠᠵᠢᠯ ᠳᠠᠬᠢ ᠳᠠᠶᠢᠴᠢᠨ ᠪᠠᠬᠢᠯᠡᠯᠲᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ ᠂ | ᠮᠠᠨ ᠤ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠵᠣᠬᠢᠶᠠᠨ | ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠬᠡᠷᠡᠭᠲᠡᠢ ᠃ | ᠪᠠᠶᠢᠴᠠᠭᠠᠨ ᠰᠤᠳᠤᠯᠤᠯᠲᠠ ᠶᠢᠨ ᠳᠤᠮᠳᠠ᠂ ᠵᠢᠶᠠ ᠯᠢ ᠰᠢᠶᠠ ᠨᠠᠷ ᠪᠠᠰᠠ ᠮᠠᠨ ᠤ ᠰᠢᠶᠠᠨ ᠤ ᠣᠨᠴᠠᠯᠢᠭᠲᠤ ᠠᠵᠤ | ᠦᠢᠯᠡᠰ ᠤᠨ ᠬᠤᠨᠢ ︵ᠲᠡᠮᠡᠭᠡ︶ ᠶᠢᠨ ᠨᠣᠣᠯᠣᠭᠤᠷ ᠤᠨ ᠬᠤᠪᠴᠠᠰᠤᠨ ᠦᠢᠯᠡᠰ ᠢ ᠲᠣᠭᠤᠷᠢᠨ ᠦᠵᠡᠪᠡ᠃ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠣᠳᠣᠨᠭᠡᠷᠡᠯ | ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ | | | | |