| 4 ᠰᠠᠷ᠎ᠠ ᠶᠢᠨ 21 ᠤ ᠡᠳᠦᠷ᠂ ᠬᠤᠲᠠ ᠶᠢᠨ ᠳᠡᠳ᠋ ᠳᠠᠷᠤᠭ᠎ᠠ ᠯᠢ ᠵᠢᠶᠠᠨ ᠸᠧᠨ ᠮᠠᠨ ᠤ ᠰᠢᠶᠠᠨ ᠳᠤ ᠲᠤᠰᠬᠠᠢ | ᠰᠡᠳᠦᠪᠲᠦ ᠪᠠᠶᠢᠴᠠᠭᠠᠨ ᠰᠤᠳᠤᠯᠤᠯᠲᠠ ᠥᠷᠨᠢᠭᠦᠯᠵᠦ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠪᠡᠶᠡᠴᠢ | ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠ ᠤᠯᠤᠰ ᠤᠨ ᠢᠳᠡᠭᠡᠨ ᠤ ᠠᠶᠤᠯᠭᠦᠢ ᠶᠢᠨ ᠵᠢᠱᠢᠶ᠎ᠡ | ᠦᠵᠡᠭᠦᠯᠬᠦ ᠬᠤᠲᠠ ᠶᠢ ᠡᠭᠦᠳᠦᠨ ᠪᠠᠶᠢᠭᠤᠯᠤᠭᠰᠠᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠰᠢᠪᠠᠳᠠᠨ ᠪᠠᠶᠢᠴᠠᠭᠠᠪᠠ᠃ | | | | ᠯᠢ ᠵᠢᠶᠠᠨᠸᠧᠨ ᠨᠠᠷ ᠤᠷᠢᠳ ᠬᠤᠵᠢᠳ ᠤᠯᠠᠭᠠᠨᠴᠠᠪ ᠬᠤᠳᠠ ᠶᠢᠨ ᠰᠢᠶᠦ᠋ᠩ ᠸᠧᠢ ᠭᠤᠸᠠᠩ ᠳ᠋ᠠ ᠰᠢᠨ᠎ᠡ | ᠮᠠᠲ᠋ᠧᠷᠢᠶᠡᠯ ᠤᠨ ᠬᠢᠵᠠᠭᠠᠷᠲᠤ ᠺᠣᠮᠫᠠᠨᠢ ᠂ ᠬᠤᠩ ᠳ᠋ᠧ ᠰᠢᠲᠠᠮᠠᠬᠠᠢ ᠬᠡᠢ ᠶᠢᠨ ᠬᠢᠵᠠᠭᠠᠷᠲᠤ ᠺᠣᠮᠫᠠᠨᠢ ᠂ ᠬᠤᠶᠠᠳᠤᠭᠠᠷ | ᠬᠡᠦᠬᠡᠳ ᠤᠨ ᠴᠡᠴᠡᠷᠯᠢᠭ ᠂ ᠢᠳᠡᠭᠡᠨ ᠪᠣᠯᠪᠠᠰᠤᠷᠠᠭᠤᠯᠬᠤ ᠬᠦᠷᠢᠶᠡᠯᠡᠩ ᠲᠣᠭᠤᠷᠢᠭ ᠂ ᠳ᠋ᠠ ᠰᠢ ᠪᠧᠢ ᠴᠢᠯᠦᠭᠡᠲᠦ ᠳᠡᠯᠭᠡᠭᠦᠷ | ᠵᠡᠷᠭᠡ ᠭᠠᠵᠠᠷ ᠲᠤ ᠬᠦᠷᠴᠦ ᠂ ᠬᠠᠷᠢᠭᠤ ᠮᠡᠳᠡᠭᠦᠯᠦᠯᠲᠡ ᠶᠢ ᠰᠣᠨᠣᠰᠬᠤ ᠂ ᠦᠢᠯᠡᠳᠪᠦᠷᠢ ᠶᠢᠨ ᠲᠠᠰᠤᠭ ᠲᠤ ᠣᠷᠣᠬᠤ ᠵᠡᠷᠭᠡ | ᠠᠷᠭ᠎ᠠ ᠬᠡᠯᠪᠡᠷᠢ ᠪᠠᠷ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠭᠰᠠᠨ ᠪᠠ ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠳᠠ ᠶᠢ ᠡᠭᠦᠳᠦᠨ | ᠪᠠᠶᠢᠭᠤᠯᠤᠭᠰᠠᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠵᠠᠢ ᠃ ᠠᠵᠤ | ᠠᠬᠤᠶᠢᠯᠠᠯ ᠤᠨ ᠪᠠᠷᠢᠯᠭ᠎ᠠ ᠶᠢᠨ ᠠᠵᠢᠯ ᠤᠨ ᠬᠤᠭᠤᠴᠠᠭ᠎ᠠ᠂ ᠡᠵᠡᠩᠨᠡᠯᠲᠡ ᠶᠢᠨ ᠣᠳᠣᠬᠢ ᠪᠠᠶᠢᠳᠠᠯ᠂ ᠵᠠᠬ᠎ᠠ ᠳᠡᠯᠭᠡᠭᠦᠷ ᠤᠨ | ᠬᠡᠲᠦ ᠶᠢᠨ ᠲᠥᠯᠥᠪ᠂ ᠪᠣᠷᠤᠯᠠᠭᠤᠯᠭ᠎ᠠ ᠶᠢᠨ ᠶᠠᠪᠤᠴᠠ᠂ ᠳᠠᠮᠵᠢᠭᠤᠯᠬᠤ ᠬᠤᠭᠤᠯᠠᠢ ᠶᠢᠨ ᠪᠦᠲᠦᠴᠡ ᠶᠢᠨ ᠪᠠᠶᠢᠷᠢᠰᠢᠭᠤᠯᠤᠯᠲᠠ᠂ | ᠰᠢᠲᠠᠮᠠᠬᠠᠢ ᠬᠡᠢ ᠶᠢᠨ ᠬᠠᠩᠭᠠᠯᠭ᠎ᠠ ᠶᠢᠨ ᠪᠣᠷᠤᠯᠠᠭᠤᠯᠭ᠎ᠠ᠂ ᠰᠢᠩᠭᠡᠨᠵᠢᠮᠡᠯ ᠬᠡᠢ ᠶᠢᠨ ᠰᠠᠪᠠ ᠶᠢ ᠰᠢᠯᠭᠠᠨ ᠪᠠᠶᠢᠴᠠᠭᠠᠵᠤ | ᠪᠠᠶᠢᠴᠠᠭᠠᠨ ᠬᠡᠮᠵᠢᠬᠦ᠂ ᠬᠠᠳᠠᠭᠠᠯᠠᠬᠤ ᠪᠡᠯᠡᠳᠬᠡᠮᠵᠢ ᠲᠥᠬᠦᠭᠡᠷᠦᠮᠵᠢ ᠶᠢᠨ ᠠᠵᠢᠯᠯᠠᠭᠠᠨ᠂ ᠠᠵᠢᠯᠯᠠᠬᠤ ᠲᠣᠭᠤᠷᠢᠭ ᠤᠨ ᠭᠠᠯ | ᠤᠨᠲᠠᠷᠠᠭᠠᠬᠤ ᠪᠠᠭᠠᠵᠢ ᠬᠡᠷᠡᠭᠰᠡᠯ ᠪᠠ ᠠᠮᠤᠷ ᠲᠦᠪᠰᠢᠨ ᠢ ᠢᠯᠭᠠᠬᠤ ᠲᠡᠮᠳᠡᠭ ᠤᠨ ᠲᠣᠬᠢᠷᠠᠭᠤᠯᠤᠯᠲᠠ ᠪᠠ ᠣᠳᠣᠬᠠᠨ ᠳᠤ | ᠣᠷᠣᠰᠢᠵᠤ ᠪᠠᠶᠢᠭ᠎ᠠ ᠭᠤᠣᠯ ᠬᠦᠴᠢᠷᠳᠡᠯ ᠵᠢᠴᠢ ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ | ᠬᠤᠲᠠ ᠶᠢ ᠡᠭᠦᠳᠦᠨ ᠪᠠᠶᠢᠭᠤᠯᠤᠭᠰᠠᠨ ᠵᠡᠷᠭᠡ ᠪᠠᠶᠢᠳᠠᠯ ᠢ ᠨᠠᠷᠢᠨ ᠣᠶᠢᠯᠭᠠᠪᠡ᠃ | ᠠᠵᠤ ᠠᠬᠤᠶᠢᠯᠠᠯ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠯᠢ ᠵᠢᠶᠠᠨ ᠸᠧᠨ ᠱᠠᠭᠠᠷᠳᠠᠭᠰᠠᠨ ᠨᠢ᠂ ᠠᠵᠤ ᠠᠬᠤᠶᠢᠯᠠᠯ | ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠶᠤᠯᠭᠦᠢ ᠦᠢᠯᠡᠳᠪᠦᠷᠢᠯᠡᠯ ᠦᠨᠭᠤᠣᠯ ᠴᠣᠭᠴᠠ ᠶᠢᠨ | ᠬᠠᠷᠢᠭᠤᠴᠠᠯᠭ᠎ᠠ ᠶᠢ ᠴᠢᠨᠠᠭᠰᠢᠳᠠ ᠨᠠᠶᠢᠳᠠᠪᠤᠷᠢᠵᠢᠭᠤᠯᠵᠤ ᠂ ᠠᠶᠤᠯᠭᠦᠢ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤᠳᠬᠠᠵᠤ ᠂ | ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠃ ᠬᠠᠷᠢᠭᠤᠴᠠᠯᠭ᠎ᠠ ᠶᠢ ᠱᠠᠲᠤ ᠱᠠᠲᠤ ᠪᠠᠷ | ᠪᠣᠳᠠᠲᠠᠶᠢᠵᠢᠭᠤᠯᠵᠤ ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠴᠢᠩᠭ᠎ᠠ ᠪᠣᠳᠠᠲᠠᠢ ᠨᠠᠷᠢᠯᠢᠭ | ᠠᠳᠬᠤᠵᠤ ᠂ ᠠᠶᠤᠯᠭᠦᠢ ᠦᠢᠯᠡᠳᠪᠦᠷᠢᠯᠡᠯ ᠤᠨ ᠬᠡᠮ ᠰᠣᠭᠤᠭ ᠢ ᠪᠠᠶᠢᠴᠠᠭᠠᠨ ᠵᠠᠰᠠᠬᠤ ᠶᠢ ᠭᠦᠨᠵᠡᠭᠡᠢ ᠥᠷᠨᠢᠭᠦᠯᠵᠦ ᠂ ᠬᠡᠮ | ᠰᠣᠭᠤᠭ ᠢ ᠪᠠᠶᠢᠴᠠᠭᠠᠬᠤ ᠨᠠᠷᠢᠨ ᠬᠠᠭᠤᠳᠠᠰᠤ ᠪᠣᠯᠣᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠨᠠᠷᠢᠨ ᠬᠠᠭᠤᠳᠠᠰᠤ ᠶᠢ | ᠪᠠᠶᠢᠭᠤᠯᠵᠤ ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ ᠂ ᠲᠦᠭᠰᠢᠭᠦᠷᠢ ᠶᠢ ᠰᠡᠷᠭᠡᠶᠢᠯᠡᠨ | ᠡᠵᠡᠮᠳᠡᠬᠦ ᠶᠢ ᠴᠢᠩᠭᠠᠳᠬᠠᠵᠤ ᠂ ᠠᠮᠤᠷ ᠲᠦᠪᠰᠢᠨ ᠤ ᠠᠳᠡᠯ ᠭᠠᠷᠬᠤ ᠶᠢ ᠦᠨᠳᠦᠰᠦᠨ ᠠᠴᠠ ᠨᠢ ᠬᠤᠷᠢᠭᠯᠠᠬᠤ ᠬᠡᠷᠡᠭᠲᠡᠢ ᠃ | ᠯᠢ ᠵᠢᠶᠠᠨ ᠸᠧᠨ ᠴᠢᠬᠤᠯᠠᠴᠢᠯᠠᠭᠰᠠᠨ ᠨᠢ᠂ ᠪᠠᠶᠢᠭᠠᠯᠢ ᠶᠢᠨ ᠰᠢᠲᠠᠮᠠᠬᠠᠢ ᠬᠡᠢ ᠶᠢᠨ ᠠᠶᠤᠯᠭᠦᠢ ᠦᠢᠯᠡᠳᠪᠦᠷᠢᠯᠡᠯ ᠤᠨ ᠠᠵᠢᠯ | ᠪᠣᠯ ᠠᠵᠤ ᠠᠬᠤᠶᠢᠯᠠᠯ ᠤᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠣᠨ᠎ᠠ ᠂ ᠠᠵᠤ ᠠᠬᠤᠶᠢᠯᠠᠯ ᠤᠳ ᠠᠶᠤᠯᠭᠦᠢ | ᠦᠢᠯᠡᠳᠪᠦᠷᠢᠯᠡᠯ ᠢ ᠢᠮᠠᠭᠲᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠠᠶᠤᠯᠭᠦᠢ ᠦᠢᠯᠡᠳᠪᠦᠷᠢᠯᠡᠯ ᠤᠨ ᠭᠤᠣᠯ | ᠴᠣᠭᠴᠠ ᠶᠢᠨ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠬᠦ ᠬᠡᠷᠡᠭᠲᠡᠢ ᠃ ᠬᠠᠮᠢᠶ᠎ᠠ ᠪᠦᠬᠦᠢ ᠲᠣᠭᠲᠠᠭᠠᠯ ᠢ ᠴᠢᠩᠭ᠎ᠠ ᠵᠢᠷᠤᠮᠯᠠᠨ | ᠪᠠᠶᠢᠭᠠᠯᠢ ᠶᠢᠨ ᠰᠢᠲᠠᠮᠠᠬᠠᠢ ᠬᠡᠢ ᠶᠢᠨ ᠬᠤᠭᠤᠯᠠᠢ ᠤᠲᠠᠰᠤᠨ ᠳᠤ ᠰᠡᠷᠡᠮᠵᠢ ᠶᠢᠨ ᠱᠣᠩ᠂ ᠰᠡᠷᠡᠮᠵᠢ ᠶᠢᠨ ᠫᠠᠶᠢᠰᠠ ᠵᠡᠷᠭᠡ ᠠᠮᠤᠷ | ᠲᠦᠪᠰᠢᠨ ᠤ ᠪᠡᠯᠡᠳᠬᠡᠮᠵᠢ ᠶᠢ ᠤᠭᠰᠠᠷᠠᠵᠤ᠂ ᠡᠪᠳᠡᠷᠡᠵᠦ ᠰᠦᠢᠳᠦᠭᠰᠡᠨ᠂ ᠥᠰᠥᠭ ᠤᠨ ᠲᠢᠭ ᠨᠢ ᠪᠠᠯᠠᠷᠬᠠᠢ ᠠᠮᠤᠷ | ᠲᠦᠪᠰᠢᠨ ᠤ ᠪᠡᠯᠡᠳᠬᠡᠮᠵᠢ ᠶᠢ ᠴᠠᠭ ᠲᠤᠬᠠᠢ ᠳᠤᠨᠢ ᠰᠣᠯᠢᠵᠤ᠂ ᠬᠦᠨᠳᠦ ᠶᠡᠭᠡ ᠠᠮᠤᠷ ᠲᠦᠪᠰᠢᠨ ᠤ ᠠᠳᠡᠯ ᠭᠠᠷᠭᠠᠬᠤ ᠦᠭᠡᠢ | ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ | | | | | | ᠬᠤᠶᠠᠳᠤᠭᠠᠷ ᠬᠡᠦᠬᠡᠳ ᠤᠨ ᠴᠡᠴᠡᠷᠯᠢᠭ ᠂ ᠢᠳᠡᠭᠡᠨ ᠪᠣᠯᠪᠠᠰᠤᠷᠠᠭᠤᠯᠬᠤ ᠬᠦᠷᠢᠶᠡᠯᠡᠩ ᠲᠣᠭᠤᠷᠢᠭ ᠵᠡᠷᠭᠡ ᠭᠠᠵᠠᠷ ᠲᠤ | ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠯᠢ ᠵᠢᠶᠠᠨ ᠸᠧᠨ ᠵᠢᠭᠠᠵᠤ ᠭᠠᠷᠭᠠᠭᠰᠠᠨ ᠨᠢ᠂ ᠰᠤᠷᠭᠠᠭᠤᠯᠢ ᠶᠢᠨ ᠬᠦᠷᠢᠶᠡᠨ ᠤ | ᠢᠳᠡᠭᠡᠨ ᠤ ᠠᠮᠤᠷ ᠲᠦᠪᠰᠢᠨ ᠲᠦᠭ ᠲᠦᠮᠡᠨ ᠡᠷᠦᠬᠡ ᠳᠤ ᠬᠤᠯᠪᠣᠭᠳᠠᠨ᠎ᠠ ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ | ᠵᠢᠴᠢ ᠰᠤᠷᠭᠠᠭᠤᠯᠢ ᠨᠤᠭᠤᠳ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ ᠂ ᠰᠤᠷᠭᠠᠭᠤᠯᠢ ᠵᠢᠴᠢ ᠡᠷᠬᠢᠨ | ᠲᠣᠭᠤᠷᠢᠨ ᠤ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠤᠨ ᠨᠠᠶᠢᠳᠠᠪᠤᠷᠢᠵᠢᠭᠤᠯᠤᠯᠲᠠ ᠶᠢ | ᠦᠨᠡᠨᠬᠦ ᠪᠠᠲᠤᠯᠠᠬᠤ ᠬᠡᠷᠡᠭᠲᠡᠢ ᠃ ᠡᠬᠢ ᠡᠭᠦᠰᠦᠯ ᠠᠴᠠ ᠨᠢ ᠵᠠᠰᠠᠬᠤ ᠶᠢ ᠴᠢᠩᠭ᠎ᠠ ᠠᠳᠬᠤᠵᠤ᠂ ᠬᠤᠭᠤᠯᠠᠨ ᠭᠡᠷ ᠤᠨ | ᠢᠳᠡᠭᠡᠨ ᠤ ᠮᠠᠲ᠋ᠧᠷᠢᠶᠠᠯ ᠬᠤᠳᠠᠯᠳᠤᠨ ᠠᠪᠬᠤ ᠬᠠᠮᠢᠶᠠᠷᠤᠯᠲᠠ ᠪᠠ ᠬᠠᠳᠠᠭᠠᠯᠠᠬᠤ ᠭᠤᠭᠴᠤᠭ᠎ᠠ ᠶᠢᠨ ᠡᠳᠦᠷ ᠲᠤᠲᠤᠮ ᠤᠨ | ᠬᠠᠮᠢᠶᠠᠷᠤᠯᠲᠠ ᠶᠢ ᠴᠢᠩᠭᠠᠳᠬᠠᠨ᠂ ᠢᠳᠡᠭᠡᠨ ᠤ ᠭᠡᠷᠡᠴᠢ ᠪᠠᠷᠢᠮᠲᠠ ᠠᠪᠬᠤ ᠪᠠ ᠭᠤᠣᠯ ᠢᠳᠡᠭᠡᠨ ᠢ ᠬᠥᠮᠥᠷᠭᠡ ᠳᠤ | ᠣᠷᠣᠭᠤᠯᠵᠤ ᠳᠡᠩᠰᠡᠯᠡᠨ ᠪᠠᠶᠢᠴᠠᠭᠠᠬᠤ᠂ ᠢᠳᠡᠭᠡᠨ ᠢ ᠬᠠᠳᠠᠭᠠᠯᠠᠵᠤ ᠡᠳ᠋ᠰᠢᠭᠦᠯᠬᠦ᠂ ᠬᠠᠯᠠᠭᠤᠯᠵᠤ ᠬᠠᠳᠠᠭᠠᠯᠠᠬᠤ᠂ ᠬᠤᠭᠤᠯᠠᠨ | ᠭᠡᠷ ᠢ ᠤᠬᠢᠶᠠᠵᠤ ᠠᠷᠢᠭᠤᠳᠬᠠᠬᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠵᠡᠷᠭᠡ ᠡᠯ᠎ᠡ ᠪᠣᠭᠤᠮᠲᠠ ᠶᠢ ᠴᠢᠩᠭ᠎ᠠ | ᠠᠳᠬᠤᠵᠤ᠂ ᠡᠯ᠎ᠡ ᠭᠤᠭᠴᠤᠭ᠎ᠠ ᠶᠢ ᠢᠳᠡᠭᠡᠨ ᠤ ᠠᠮᠤᠷ ᠲᠦᠪᠰᠢᠨ ᠤ ᠱᠠᠭᠠᠷᠳᠠᠯᠭ᠎ᠠ ᠳᠤ ᠨᠡᠶᠢᠴᠡᠭᠦᠯᠬᠦ ᠶᠢ ᠦᠨᠡᠨᠬᠦ | ᠪᠠᠲᠤᠯᠠᠬᠤ ᠬᠡᠷᠡᠭᠲᠡᠢ᠃ ᠮᠢᠨᠴᠦᠭᠦᠷᠡᠬᠦ ᠦᠵᠡᠯ ᠰᠠᠨᠠᠭ᠎ᠠ ᠪᠠ ᠭᠤᠷᠢᠳᠠᠬᠤ ᠪᠣᠳᠣᠯ ᠢ ᠡᠷᠡᠰ ᠲᠡᠪᠴᠢᠵᠦ᠂ ᠢᠳᠡᠭᠡᠨ ᠤ ᠠᠮᠤᠷ | ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠬᠡᠪᠰᠢᠭᠰᠡᠨ ᠬᠠᠮᠢᠶᠠᠷᠤᠯᠲᠠ ᠶᠢ ᠴᠢᠩᠭᠠᠳᠬᠠᠵᠤ᠂ ᠲᠤᠰᠬᠠᠢ | ᠲᠤᠰᠢᠶᠠᠯᠲᠤ ᠠᠵᠢᠯᠲᠠᠨ ᠢ ᠲᠣᠬᠢᠷᠠᠭᠤᠯᠤᠨ ᠵᠢᠷᠤᠮᠵᠢᠭᠤᠯᠤᠭᠰᠠᠨ᠂ ᠪᠠᠷᠢᠮᠵᠢᠶᠠᠵᠢᠭᠤᠯᠤᠭᠰᠠᠨ᠂ ᠰᠢᠨᠵᠢᠯᠡᠬᠦ | ᠤᠬᠠᠭᠠᠨᠴᠢᠯᠠᠭᠰᠠᠨ ᠬᠠᠮᠢᠶᠠᠷᠤᠯᠲᠠ ᠬᠢᠯᠭᠡᠵᠦ᠂ ᠠᠶᠤᠯ ᠲᠦᠭᠰᠢᠭᠦᠷᠢ ᠶᠢᠨ ᠳᠠᠯᠳᠠ ᠬᠡᠮ ᠢ ᠴᠠᠭ ᠲᠤᠬᠠᠢ ᠳᠤᠨᠢ ᠠᠷᠢᠯᠭᠠᠵᠤ᠂ | ᠰᠤᠷᠭᠠᠭᠤᠯᠢ ᠶᠢᠨ ᠬᠤᠭᠤᠯᠠᠨ ᠭᠡᠷ ᠤᠨ ᠠᠮᠤᠷ ᠲᠦᠪᠰᠢᠨ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠠᠵᠢᠯ ᠢ | ᠦᠷᠭᠦᠯᠵᠢᠯᠡᠨ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡ ᠬᠦ ᠬᠥᠪᠴᠢ ᠶᠢ ᠴᠠᠭ ᠢᠮᠠᠭᠲᠠ | ᠴᠢᠩᠭᠠᠯᠠᠵᠤ᠂ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠰᠤᠷᠭᠠᠭᠤᠯᠢ ᠶᠢᠨ | ᠬᠦᠷᠢᠶᠡᠨ ᠤ ᠢᠳᠡᠭᠡᠨ ᠤ ᠠᠮᠤᠷ ᠲᠦᠪᠰᠢᠨ ᠤ ᠠᠰᠠᠭᠤᠳᠠᠯ ᠡᠭᠦᠰᠬᠦ ᠶᠢ ᠡᠷᠡᠰ ᠬᠤᠷᠢᠭᠯᠠᠵᠤ᠂ ᠣᠯᠠᠨ ᠲᠦᠮᠡᠨ ᠤ ᠢᠳᠡᠭᠡᠨ | ᠤᠮᠳᠠᠭᠠᠨ ᠤ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ᠃ | | | | | | ᠯᠢ ᠵᠢᠶᠠᠨ ᠸᠧᠨ ᠴᠢᠬᠤᠯᠠᠴᠢᠯᠠᠭᠰᠠᠨ ᠨᠢ᠂ ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ | ᠬᠤᠳᠠ ᠶᠢ ᠡᠭᠦᠳᠦᠨ ᠪᠠᠶᠢᠭᠤᠯᠬᠤ ᠠᠵᠢᠯ ᠤᠨ ᠱᠠᠭᠠᠷᠳᠠᠯᠭ᠎ᠠ ᠶᠣᠰᠣᠭᠠᠷ ᠂ ᠡᠭᠦᠳᠦᠨ ᠪᠠᠶᠢᠭᠤᠯᠬᠤ ᠠᠵᠢᠯ ᠤᠨ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ ᠂ ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠂ ᠨᠠᠷᠢᠯᠢᠭ | ᠨᠠᠶᠢᠳᠠᠪᠤᠷᠢᠵᠢᠭᠤᠯᠬᠤ ᠂ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠃ ᠢᠳᠡᠭᠡᠨ ᠤ ᠠᠮᠤᠷ ᠲᠦᠪᠰᠢᠨ ᠤ | ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠦᠨᠡᠨᠬᠦ ᠴᠢᠩᠭᠠᠳᠬᠠᠵᠤ᠂ ᠰᠠᠯᠠᠭ᠎ᠠ ᠮᠥᠴᠢᠷ ᠤᠨ ᠬᠠᠮᠲᠤᠷᠠᠨ ᠬᠥᠳᠡᠯᠦᠯᠴᠡᠬᠦ | ᠲᠣᠭᠲᠠᠴᠠ ᠶᠢ ᠲᠡᠭᠦᠯᠳᠡᠷᠵᠢᠭᠦᠯᠦᠨ᠂ ᠬᠢᠨᠠᠯᠲᠠ ᠬᠠᠮᠢᠶᠠᠷᠤᠯᠲᠠ ᠳᠤ ᠥᠨᠴᠥᠭ ᠪᠤᠯᠤᠩ ᠦᠯᠡᠳᠡᠭᠡᠬᠦ ᠦᠭᠡᠢ ᠪᠠᠶᠢᠬᠤ ᠶᠢ | ᠪᠡᠶᠡᠯᠡᠭᠦᠯᠵᠦ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ | ᠪᠣᠳᠠᠲᠠᠶᠢᠵᠢᠭᠤᠯᠵᠤ᠂ ᠢᠳᠡᠭᠡᠨ ᠤ ᠠᠮᠤᠷ ᠲᠦᠪᠰᠢᠨ ᠤ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠬᠤ ᠬᠡᠷᠡᠭᠲᠡᠢ᠃ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠡᠭᠦᠷᠭᠡ ᠶᠢ ᠬᠤᠪᠢᠶᠠᠷᠢᠯᠠᠵᠤ᠂ ᠬᠤᠲᠠ ᠪᠠᠶᠢᠭᠤᠯᠬᠤ ᠬᠠᠷᠠᠯᠲᠠ ᠶᠢ ᠬᠦᠴᠦᠯᠡᠨ | ᠪᠡᠶᠡᠯᠡᠭᠦᠯᠬᠦ ᠬᠡᠷᠡᠭᠲᠡᠢ᠃ ᠨᠠᠮ ᠤᠨ ᠬᠤᠷᠢᠶ᠎ᠠ ᠵᠠᠰᠠᠭ ᠤᠨ ᠣᠷᠳᠣᠨ ᠤ ᠬᠠᠷᠢᠶ᠎ᠠ ᠭᠠᠵᠠᠷ ᠤᠨ ᠬᠠᠷᠢᠭᠤᠴᠠᠯᠭ᠎ᠠ᠂ ᠬᠢᠨᠠᠨ | ᠬᠠᠮᠢᠶᠠᠷᠬᠤ ᠰᠠᠯᠠᠭ᠎ᠠ ᠮᠥᠴᠢᠷ ᠤᠨ ᠬᠠᠷᠢᠭᠤᠴᠠᠯᠭ᠎ᠠ᠂ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠠᠷᠢᠭᠤᠴᠠᠯᠭ᠎ᠠ᠂ | ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠶᠡᠬᠡᠪᠡᠷ | ᠠᠬᠢᠭᠤᠯᠵᠤ᠂ ᠬᠤᠲᠠ ᠪᠠᠶᠢᠭᠤᠯᠬᠤ ᠠᠵᠢᠯ ᠤᠨ ᠡᠭᠦᠷᠭᠡ ᠶᠢ ᠵᠠᠳᠠᠯᠤᠨ ᠨᠠᠶᠢᠳᠠᠪᠤᠷᠢᠵᠢᠭᠤᠯᠵᠤ᠂ ᠬᠤᠲᠠ ᠪᠠᠶᠢᠭᠤᠯᠬᠤ | ᠠᠵᠢᠯ ᠤᠨ ᠨᠡᠶᠢᠯᠡᠮᠡᠯ ᠬᠦᠴᠦᠨ ᠢ ᠨᠢᠭᠲᠠᠷᠠᠭᠤᠯᠤᠨ᠂ ᠢᠳᠡᠭᠡᠨ ᠤ ᠠᠮᠤᠷ ᠲᠦᠪᠰᠢᠨ ᠤ ᠡᠯ᠎ᠡ ᠵᠦᠢᠯ ᠤᠨ ᠳᠦᠷᠢᠮ ᠢ | ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠵᠤ᠂ ᠪᠠᠶᠢᠩᠭᠤ ᠶᠢᠨ ᠣᠷᠳᠣ ᠬᠤᠭᠤᠴᠠᠭᠠᠨ ᠤ ᠪᠦᠲᠦᠮᠵᠢᠲᠡᠶ | ᠠᠵᠢᠯ ᠤᠨ ᠲᠣᠭᠲᠠᠴᠠ ᠶᠢ ᠪᠠᠶᠢᠭᠤᠯᠤᠨ᠂ ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢ | ᠡᠭᠦᠳᠦᠨ ᠪᠠᠶᠢᠭᠤᠯᠬᠤ ᠬᠠᠷᠠᠯᠲᠠ ᠶᠢ ᠪᠡᠶᠡᠯᠡᠭᠦᠯᠬᠦ ᠪᠠᠷ ᠴᠢᠷᠮᠠᠶᠢᠬᠤ ᠬᠡᠷᠡᠭᠲᠡᠢ᠃ | ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠳᠠᠷᠤᠭ᠎ᠠ ᠵᠣᠣ ᠰᠢ ᠸᠧᠨ᠂ | ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠰᠠᠯᠠᠭᠠᠨ ᠳᠠᠷᠤᠭ᠎ᠠ ᠯᠢ ᠱᠣᠸ ᠪᠥᠸᠧ᠂ ᠢᠳᠡᠭᠡᠨ ᠤ ᠵᠦᠢᠯ ᠢ | ᠵᠣᠬᠢᠴᠠᠭᠤᠯᠤᠨ ᠰᠤᠭᠤᠴᠢᠨ ᠪᠠᠶᠢᠴᠠᠭᠠᠬᠤ ᠰᠠᠯᠠᠭ᠎ᠠ ᠶᠢᠨ ᠳᠡᠳ᠋ ᠳᠠᠷᠤᠭ᠎ᠠ ᠸᠠᠩ ᠴᠧᠩ ᠴᠧᠨ ᠬᠠᠮᠲᠤ ᠪᠠᠶᠢᠴᠠᠭᠠᠨ | ᠰᠤᠳᠤᠯᠤᠯᠲᠠ ᠬᠢᠪᠡ︔ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ | ᠳᠡᠳ᠋ ᠰᠢᠶᠠᠨ ᠤ ᠳᠠᠷᠤᠭ᠎ᠠ ᠶᠠᠨ ᠵᠢᠶᠦ᠋ᠨ᠂ ᠰᠢᠶᠠᠨ ᠤ ᠳᠡᠳ᠋ ᠳᠠᠷᠤᠭ᠎ᠠ ᠭᠦᠸᠧ ᠬᠤᠩ ᡁᠢ ᠂ ᠰᠢᠶᠠᠨ ᠤ ᠢᠳᠡᠭᠡᠨ ᠤ ᠵᠦᠢᠯ | ᠡᠮ ᠤᠨ ᠵᠦᠢᠯ ᠤᠨ ᠠᠮᠤᠷ ᠲᠦᠪᠰᠢᠨ ᠤ ᠠᠯᠪᠠᠨ ᠭᠡᠷ ᠤᠨ ᠡᠷᠬᠢᠯᠡᠭᠴᠢ ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠶᠢᠨ ᠳᠠᠷᠤᠭ᠎ᠠ ᠰᠦᠩ ᠴᠦᠨ ᠢᠦᠢ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ | ᠪᠠᠶᠢᠴᠠᠭᠠᠨ ᠰᠤᠳᠤᠯᠤᠯᠲᠠ ᠳᠤ ᠣᠷᠣᠯᠴᠠᠪᠠ ᠃ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠣᠳᠣᠨᠭᠡᠷᠡᠯ | ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ | | | | |