ᠮᠠᠨ ᠤ ᠰᠢᠶᠠᠨ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠵᠢᠴᠢ ᠪᠠᠶᠢᠭᠤᠯᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠪᠣᠯᠭᠢᠴᠢᠯᠠᠵᠤ ᠠᠷᠠᠯᠵᠢᠶᠠᠯᠠᠬᠤ ᠶᠢ ᠲᠥᠪᠯᠡᠷᠡᠭᠦᠯᠦᠨ ᠵᠠᠰᠠᠬᠤ ᠠᠰᠠᠭᠤᠳᠠᠯ ᠤᠨ ᠲᠤᠰᠬᠠᠢ ᠰᠡᠳᠦᠪᠲᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/4/25
   4 ᠰᠠᠷ᠎ᠠ ᠶᠢᠨ 24  ᠤ ᠡᠳᠦᠷ ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠡᠷᠬᠢᠯᠡᠭᠴᠢ ᠶᠢᠩ ᠲᠢᠩ ᠶᠦᠩ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠪᠣᠯᠭᠢᠴᠢᠯᠠᠵᠤ ᠠᠷᠠᠯᠵᠢᠶᠠᠯᠠᠬᠤ ᠶᠢ ᠲᠥᠪᠯᠡᠷᠡᠭᠦᠯᠦᠨ ᠵᠠᠰᠠᠬᠤ ᠠᠰᠠᠭᠤᠳᠠᠯ ᠤᠨ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠪᠠ ᠃

1.png

   ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ

ᠠᠮᠢᠳᠤᠷᠠᠯ ᠢ ᠲᠥᠪ ᠴᠢᠩᠭ᠎ᠠ ᠪᠠᠶᠢᠯᠭᠠᠬᠤ ᠲᠤᠬᠠᠢ ᠴᠢᠬᠤᠯᠠ ᠥᠭᠦᠯᠡᠯᠲᠡ ︔ ᠨᠠᠮ ᠤᠨ ᠳᠣᠲᠣᠭᠠᠳᠤ ᠶᠢᠨ ᠤᠯᠤᠰ

ᠲᠦᠷᠦ ᠶᠢᠨ ᠠᠮᠢᠳᠤᠷᠠᠯ ᠢ ᠪᠣᠯᠭᠢᠴᠢᠯᠠᠵᠤ ᠠᠷᠠᠯᠵᠢᠶᠠᠯᠠᠭᠤᠯᠬᠤ ᠠᠰᠠᠭᠤᠳᠠᠯ ᠢ ᠲᠥᠪᠯᠡᠷᠡᠭᠦᠯᠦᠨ ᠵᠠᠰᠠᠬᠤ ᠬᠡᠷᠡᠭᠵᠢᠭᠦᠯᠬᠦ

ᠲᠥᠰᠥᠯ ︔ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠪᠣᠯᠭᠢᠴᠢᠯᠠᠵᠤ ᠠᠷᠠᠯᠵᠢᠶᠠᠯᠠᠭᠰᠠᠨ

ᠠᠰᠠᠭᠤᠳᠠᠯ ᠤᠨ ᠨᠠᠷᠢᠨ ᠳᠠᠩᠰᠠ ᠶᠢ ᠨᠡᠶᠢᠲᠡᠯᠡᠨ ᠮᠡᠳᠡᠭᠳᠡᠪᠡ ︔ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ

ᠪᠣᠯᠣᠨ ᠬᠤᠲᠠ ᠶᠢᠨ ᠨᠠᠮ ᠤᠨ ᠬᠤᠷᠢᠶ᠎ᠠ ᠶᠢᠨ ᠰᠥᠩ ᠯᠢᠶᠠᠩ ᠤᠨ ᠰᠠᠬᠢᠯᠭ᠎ᠠ ᠪᠠᠲᠤ ᠶᠢ ᠬᠦᠨᠳᠦ ᠨᠣᠴᠢᠲᠠᠢ

ᠵᠥᠷᠢᠴᠡᠭᠰᠡᠨ ᠬᠠᠤᠯᠢ ᠶᠢᠨ ᠲᠥᠰᠥᠯ ᠤᠨ ᠲᠤᠬᠠᠢ ᠵᠥᠪᠯᠡᠯᠭᠡ ᠳᠤ ᠵᠠᠰᠠᠪᠤᠷᠢ ᠣᠷᠣᠭᠤᠯᠬᠤ ᠶᠢ ᠠᠬᠢᠭᠤᠯᠬᠤ

ᠬᠤᠯᠪᠣᠭᠳᠠᠯ ᠪᠦᠬᠦᠢ ᠱᠠᠭᠠᠷᠳᠠᠯᠭ᠎ᠠ︔ ︽ᠰᠢᠨ᠎ᠡ ᠪᠠᠶᠢᠳᠠᠯ ᠳᠣᠣᠷᠠᠬᠢ ᠨᠠᠮ ᠤᠨ ᠳᠣᠲᠣᠭᠠᠳᠤ ᠶᠢᠨ ᠤᠯᠤᠰ

ᠲᠦᠷᠦ ᠶᠢᠨ ᠠᠮᠢᠳᠤᠷᠠᠯ ᠤᠨ ᠲᠤᠬᠠᠢ ᠪᠠᠷᠢᠮᠵᠢᠶ᠎ᠠ ᠨᠤᠭᠤᠳ︾ ᠢ ᠲᠥᠪᠯᠡᠷᠡᠭᠦᠯᠦᠨ ᠤᠯᠠᠮᠵᠢᠯᠠᠨ ᠰᠤᠷᠤᠯᠴᠠᠵᠠᠢ ᠃

   ᠶᠢᠩ ᠲᠢᠩ ᠶᠦᠩ ᠶᠠᠷᠢᠶᠠᠨ ᠳᠠᠭᠠᠨ ᠵᠢᠭᠠᠵᠤ ᠭᠠᠷᠭᠠᠭᠰᠠᠨ ᠨᠢ᠂ ᠥᠪᠡᠷᠲᠡᠭᠡᠨ ᠵᠠᠰᠠᠬᠤ ᠣᠷᠣᠨ ᠤ ᠨᠠᠮ ᠤᠨ

ᠬᠤᠷᠢᠶ᠎ᠠ 3 ᠰᠠᠷ᠎ᠠ ᠶᠢᠨ ᠬᠤᠭᠤᠴᠠᠭ᠎ᠠ ᠲᠠᠢ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ

ᠪᠣᠯᠭᠢᠴᠢᠯᠠᠵᠤ ᠠᠷᠠᠯᠵᠢᠶᠠᠯᠠᠬᠤ ᠠᠰᠠᠭᠤᠳᠠᠯ ᠢ ᠲᠥᠪᠯᠡᠷᠡᠭᠦᠯᠦᠨ ᠵᠠᠰᠠᠬᠤ ᠪᠣᠯ ᠶᠡᠷᠦᠩᠬᠡᠢ ᠱᠦᠵᠢ ᠰᠢ ᠶᠢᠨ ᠫᠢᠩ ᠤᠨ 

ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ

ᠲᠠᠪᠤᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ

ᠣᠷᠤᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠥᠪ ᠤᠨ ᠰᠠᠬᠢᠯᠭ᠎ᠠ ᠪᠠᠲᠤ

ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ ︽ᠰᠦᠩ ᠯᠢᠶᠠᠩ ᠤᠨ ᠰᠠᠬᠢᠯᠭ᠎ᠠ ᠪᠠᠲᠤ

ᠬᠠᠤᠯᠢ ᠴᠠᠭᠠᠵᠠ ᠠᠴᠠ ᠬᠦᠨᠳᠦ ᠨᠣᠴᠢᠲᠠᠢ ᠵᠥᠷᠢᠴᠡᠭᠰᠡᠨ ᠬᠠᠤᠯᠢ ᠶᠢᠨ ᠲᠥᠰᠥᠯ ᠢ ᠦᠨᠡᠨᠬᠦ ᠰᠠᠶᠢᠲᠤᠷ

ᠬᠡᠷᠡᠭᠵᠢᠭᠦᠯᠵᠦ᠂ ᠲᠥᠰᠥᠯ ᠢᠶᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠢ ᠦᠨᠡᠨᠬᠦ ᠰᠠᠶᠢᠲᠤᠷ ᠬᠢᠬᠦ ᠲᠤᠬᠠᠢ

ᠵᠠᠬᠢᠳᠠᠯ︾ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠢᠨ ᠴᠢᠬᠤᠯᠠ ᠠᠷᠭ᠎ᠠ ᠬᠡᠮᠵᠢᠶ᠎ᠡ  ᠶᠢ ᠨᠠᠷᠢᠨ ᠬᠢᠨᠠᠮᠠᠭᠠᠢ

ᠨᠠᠶᠢᠳᠠᠪᠤᠷᠢᠵᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ

ᠨᠠᠮ ᠤᠨ ᠤᠳᠤᠷᠢᠳᠬᠤ ᠳᠤᠭᠤᠶᠢᠯᠠᠩ ᠵᠢᠴᠢ  ᠪᠠᠶᠢᠭᠤᠯᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠢᠨ

ᠰᠢ ᠶᠢᠨ ᠫᠢᠩ ᠶᠡᠷᠦᠩᠬᠡᠢ ᠱᠦᠵᠢ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ

ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ

ᠪᠦᠯᠬᠦᠮ ᠤᠨ ᠬᠢᠨᠠᠨ ᠵᠥᠪᠯᠡᠬᠦ ᠳᠤ ᠣᠷᠤᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ

ᠥᠪᠡᠷᠲᠡᠭᠡᠨ ᠵᠠᠰᠠᠬᠤ ᠣᠷᠣᠨ ᠤ ᠨᠠᠮ ᠤᠨ ᠲᠥᠪᠯᠡᠷᠡᠭᠦᠯᠦᠨ ᠵᠠᠰᠠᠬᠤ ᠶᠢ ᠨᠢᠭᠡ ᠵᠦᠢᠯ ᠤᠨ ᠴᠢᠬᠤᠯᠠ ᠶᠡᠭᠡ ᠤᠯᠤᠰ

ᠲᠦᠷᠦ ᠶᠢᠨ ᠡᠭᠦᠷᠭᠡ ᠪᠣᠯᠭᠠᠨ ᠠᠳᠬᠤᠵᠤ ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ ᠂ ᠠᠵᠢᠯ ᠤᠨ

ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠤᠨ ᠪᠣᠳᠠᠲᠠᠶᠢᠵᠢᠭᠤᠯᠵᠤ ᠂ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠶᠢ

ᠴᠢᠩᠭᠠᠳᠬᠠᠵᠤ ᠂ ᠲᠥᠪᠯᠡᠷᠡᠭᠦᠯᠦᠨ ᠵᠠᠰᠠᠬᠤ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨ ᠬᠦ 

ᠪᠠᠲᠤᠯᠠᠬᠤ ᠬᠡᠷᠡᠭᠲᠡᠢ᠃

   ᠶᠢᠩ ᠲᠢᠩ ᠶᠦᠩ ᠤᠨ ᠱᠠᠭᠠᠷᠳᠠᠭᠰᠠᠨ ᠨᠢ᠂ ᠠᠵᠢᠯ ᠤᠨ ᠱᠠᠭᠠᠷᠳᠠᠯᠭ᠎ᠠ ᠶᠢ ᠤᠨᠢᠨ ᠳᠡᠭᠡᠷ᠎ᠡ ᠨᠢ ᠡᠵᠡᠮᠳᠡᠵᠦ ᠂

ᠰᠡᠷᠡᠮᠵᠢᠯᠡᠭᠦᠯᠬᠦ ᠬᠥᠮᠦᠵᠢᠯ ᠂ ᠲᠤᠰᠬᠠᠢ ᠰᠡᠳᠦᠪ ᠢᠶᠠᠷ ᠰᠤᠳᠤᠯᠤᠨ ᠶᠠᠷᠢᠯᠴᠠᠬᠤ ᠂ ᠥᠪᠡᠷ ᠢᠶᠠᠨ ᠪᠠᠶᠢᠴᠠᠭᠠᠵᠤ

ᠥᠪᠡᠷ ᠢᠶᠠᠨ ᠵᠠᠯᠠᠷᠠᠭᠤᠯᠬᠤ ᠂ ᠠᠮᠠᠯᠠᠯᠲᠠ ᠪᠠᠨ ᠪᠡᠶᠡᠯᠡᠭᠦᠯᠬᠦ ᠵᠡᠷᠭᠡ ᠡᠯ᠎ᠡ ᠵᠦᠢᠯ ᠤᠨ ᠠᠵᠢᠯ ᠢ ᠴᠢᠩᠭ᠎ᠠ ᠥᠷᠨᠢᠭᠦᠯᠬᠦ

ᠬᠡᠷᠡᠭᠲᠡᠢ ᠃ ᠠᠰᠠᠭᠤᠳᠠᠯ ᠤᠨ ᠨᠠᠷᠢᠨ ᠳᠠᠩᠰᠠ ᠶᠢᠨ 11 ᠲᠠᠯ᠎ᠠ᠂ 54 ᠵᠦᠢᠯ ᠤᠨ ᠪᠣᠳᠠᠲᠠᠢ ᠪᠠᠶᠢᠳᠠᠯ ᠳᠤ ᠨᠠᠷᠢᠯᠢᠭ

ᠣᠨᠣᠴᠢᠲᠠᠢ ᠪᠠᠷ ᠠᠩᠬᠠᠷᠤᠯ ᠢᠶᠠᠨ ᠲᠥᠪᠯᠡᠷᠡᠭᠦᠯᠵᠦ᠂ ᠠᠰᠠᠭᠤᠳᠠᠯ ᠢ ᠣᠨᠢᠯᠠᠵᠤ᠂ ᠠᠰᠠᠭᠤᠳᠠᠯ ᠢ ᠮᠥᠷᠳᠡᠨ ᠶᠠᠪᠤᠵᠤ᠂

ᠠᠰᠠᠭᠤᠳᠠᠯ ᠢ ᠴᠡᠭᠴᠡᠯᠡᠨ ᠵᠠᠰᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠥᠪᠡᠷ ᠢ ᠪᠠᠨ ᠪᠠᠶᠢᠴᠠᠭᠠᠵᠤ

ᠥᠪᠡᠷ ᠢ ᠪᠠᠨ ᠵᠠᠯᠠᠷᠠᠭᠤᠯᠬᠤ ᠶᠢ ᠭᠦᠨᠵᠡᠭᠡᠢ ᠥᠷᠨᠢᠭᠦᠯᠵᠦ ᠂ ᠠᠰᠠᠭᠤᠳᠠᠯ ᠳᠤ ᠵᠥᠪ ᠢᠶᠠᠷ ᠬᠠᠨᠳᠤᠬᠤ ᠤᠬᠠᠮᠰᠠᠷ ᠪᠠ

ᠬᠢᠲᠤᠭ᠎ᠠ ᠶᠢᠨ ᠢᠷ ᠢ ᠳᠣᠲᠣᠭᠰᠢ ᠪᠠᠨ ᠬᠠᠨᠳᠤᠭᠤᠯᠬᠤ ᠰᠥᠰᠥ ᠵᠣᠷᠢᠭ ᠢᠶᠠᠷ ᠬᠠᠨᠳᠤᠵᠦ᠂ ᠦᠵᠡᠯ ᠰᠠᠨᠠᠭ᠎ᠠ ᠪᠠᠨ

ᠣᠷᠣᠭᠤᠯᠵᠤ ᠂ ᠡᠭᠦᠷᠭᠡ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ ᠂ ᠴᠡᠭᠴᠡᠯᠡᠨ ᠵᠠᠰᠠᠵᠤ ᠴᠡᠭᠴᠡᠯᠡᠨ ᠵᠠᠰᠠᠬᠤ

ᠠᠵᠢᠯ ᠢ ᠡᠷᠡᠰ ᠬᠦᠴᠦᠲᠡᠢ ᠰᠠᠶᠢᠲᠤᠷ ᠠᠳᠬᠤᠵᠤ ᠂ ᠲᠥᠪᠯᠡᠷᠡᠭᠦᠯᠦᠨ ᠵᠠᠰᠠᠬᠤ ᠠᠵᠢᠯ ᠤᠨ ᠳᠤᠮᠳᠠ ᠦᠨᠡᠨᠬᠦ

ᠬᠥᠮᠦᠵᠢᠯ ᠬᠦᠷᠲᠡᠵᠦ ᠂ ᠤᠬᠢᠶᠠᠯ ᠬᠦᠷᠲᠡᠭᠡᠵᠦ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ 

ᠰᠢᠰᠲ᠋ᠧᠮ ᠤᠨ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠨᠡᠩ ᠡᠷᠡᠭᠦᠯ ᠪᠥᠭᠡᠳ

ᠵᠢᠷᠤᠮᠵᠢᠭᠤᠨ᠂ ᠤᠯᠤᠰ ᠲᠦᠷᠦ ᠶᠢᠨ ᠠᠮᠢ ᠠᠬᠤᠢ ᠶᠢᠨ ᠰᠢᠨ᠎ᠡ ᠪᠠᠶᠢᠳᠠᠯ ᠲᠠᠢ ᠪᠣᠯᠬᠤ ᠶᠢ ᠠᠬᠢᠭᠤᠯᠬᠤ ᠬᠡᠷᠡᠭᠲᠡᠢ ᠃

   ᠶᠢᠩ ᠲᠢᠩ ᠶᠦᠩ ᠤᠨ ᠴᠢᠬᠤᠯᠠᠴᠢᠯᠠᠭᠰᠠᠨ  ᠨᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ

ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠵᠢᠴᠢ  ᠪᠠᠶᠢᠭᠤᠯᠭ᠎ᠠ ᠶᠢᠨ ᠨᠠᠮ ᠤᠨ

ᠤᠳᠤᠷᠢᠳᠬᠤ ᠳᠤᠭᠤᠶᠢᠯᠠᠩ ᠤᠨ ᠬᠢᠨ ᠨᠠᠮ ᠢ ᠴᠢᠩᠭ᠎ᠠ ᠬᠠᠮᠢᠶᠠᠷᠴᠤ ᠨᠠᠮ ᠢ ᠴᠢᠩᠭ᠎ᠠ ᠵᠠᠰᠠᠬᠤ ᠤᠯᠤᠰ ᠲᠥᠷᠥ ᠶᠢᠨ

ᠬᠠᠷᠢᠭᠤᠴᠠᠯᠭᠠᠲᠤ ᠰᠡᠳᠬᠢᠯᠭᠡ ᠪᠠ ᠪᠣᠳᠠᠲᠠᠢ ᠲᠤᠯᠭᠠᠮ᠎ᠠ ᠰᠡᠳᠬᠢᠯᠭᠡ ᠪᠠᠨ ᠤᠯᠠᠮ ᠴᠢᠨᠠᠭᠰᠢᠳᠠ ᠴᠢᠩᠭᠠᠳᠬᠠᠵᠤ᠂

ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠪᠣᠯᠭᠢᠴᠢᠯᠠᠵᠤ ᠠᠷᠠᠯᠵᠢᠶᠠᠯᠠᠬᠤ ᠶᠢ ᠬᠦᠴᠦᠯᠡᠨ

ᠰᠢᠢᠳᠪᠦᠷᠢᠯᠡᠬᠦ ᠲᠤᠬᠠᠢ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢ ᠨᠠᠷᠢᠨ ᠬᠢᠨᠠᠮᠠᠭᠠᠢ 

ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠠᠭᠠᠷᠳᠠᠯᠭ᠎ᠠ

ᠶᠣᠰᠣᠭᠠᠷ ᠂ ᠤᠬᠠᠮᠰᠠᠷ ᠠᠴᠠ ᠪᠠᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠵᠦ ᠂ ᠨᠠᠮ ᠤᠨ ᠤᠳᠤᠷᠢᠳᠬᠤ

ᠳᠤᠭᠤᠶᠢᠯᠠᠩ ᠤᠨ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠭᠦᠢᠴᠡᠳᠬᠡᠵᠦ ᠂ ᠨᠠᠮ ᠤᠨ

ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠴᠢᠩᠳᠠᠯᠠᠬᠤ ᠶᠢ ᠪᠠᠶᠢᠩᠭᠤ ᠠᠳᠬᠤᠵᠤ ᠂ ᠡᠳᠦᠷ ᠳᠤᠳᠤᠮ ᠤᠨ

ᠠᠮᠢᠳᠤᠷᠠᠯ ᠳᠤ ᠠᠭᠤᠰᠤᠯᠴᠠᠭᠤᠯᠬᠤ ᠬᠡᠷᠡᠭᠲᠡᠢ ᠃ ᠡᠯ᠎ᠡ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ

ᠳᠡᠭᠡᠳᠦ ᠱᠠᠲᠤ ᠨᠢ ᠳᠣᠣᠷᠠᠳᠤ ᠱᠠᠲᠤ ᠪᠠᠨ ᠳᠠᠭᠠᠭᠤᠯᠵᠤ ᠂ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ

ᠦᠢᠯᠡᠳᠦᠯ ᠢᠶᠠᠨ ᠪᠠᠳᠠᠷᠠᠭᠤᠯᠵᠤ ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠪᠠᠷᠢᠮᠵᠢᠶ᠎ᠠ ᠶᠢ

ᠲᠦᠷᠦᠭᠦᠯᠡᠨ ᠪᠠᠲᠤ ᠰᠠᠬᠢᠵᠤ ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ

ᠲᠦᠷᠦᠭᠦᠯᠡᠨ ᠪᠤᠢ ᠪᠣᠯᠭᠠᠵᠤ ᠂ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠴᠢᠨᠠᠷ ᠰᠠᠶᠢᠲᠠᠢ ᠥᠨᠳᠥᠷ

ᠪᠠᠷᠢᠮᠵᠢᠶ᠎ᠠ ᠪᠠᠷ ᠥᠷᠨᠢᠬᠦ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠃ ᠦᠡᠭᠭᠡᠨ ᠲᠠᠯ᠎ᠠ ᠪᠠ ᠦᠨᠳᠦᠰᠦ

ᠰᠤᠷᠪᠤᠯᠵᠢ ᠶᠢ ᠵᠡᠷᠭᠡ ᠪᠠᠷ ᠵᠠᠰᠠᠬᠤ ᠶᠢ ᠴᠢᠬᠤᠯᠠᠴᠢᠯᠠᠵᠤ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ

︽ᠲᠦᠷᠪᠡᠨ ᠪᠠᠶᠢᠭᠤᠯᠭ᠎ᠠ︾ ᠶᠢᠨ ᠪᠠᠶᠢᠭᠤᠯᠤᠯᠲᠠ ᠲᠠᠢ ᠤᠶᠠᠯᠳᠤᠭᠤᠯᠤᠨ᠂ ᠨᠠᠮ ᠤᠨ ᠳᠣᠲᠣᠭᠠᠳᠤ ᠶᠢᠨ ᠤᠯᠤᠰ

ᠲᠦᠷᠦ ᠶᠢᠨ ᠠᠮᠢᠳᠤᠷᠠᠯ ᠢ ᠪᠣᠯᠭᠢᠴᠢᠯᠠᠵᠤ ᠠᠷᠠᠯᠵᠢᠶᠠᠯᠠᠭᠰᠠᠨ ᠠᠰᠠᠭᠤᠳᠠᠯ ᠤᠨ ᠪᠠᠶᠢᠷᠢ ᠲᠣᠭᠲᠠᠭᠠᠯᠲᠠ ᠶᠢ ᠦᠨᠡᠨ ᠬᠦ

ᠣᠨᠣᠪᠴᠢᠲᠠᠶ ᠪᠥᠭᠡᠳ ᠲᠣᠳᠣᠷᠬᠠᠢ ᠡᠮᠬᠢᠯᠡᠨ ᠲᠢᠭᠯᠡᠵᠦ ᠂ ᠲᠡᠷᠡ ᠳᠠᠷᠤᠢ ᠳᠤᠨᠢ ᠬᠡᠷᠡᠭᠵᠢᠭᠦᠯᠵᠦ ᠲᠡᠷᠡ ᠳᠠᠷᠤᠢ ᠳᠤᠨᠢ

ᠥᠭᠡᠷᠡᠴᠢᠯᠡᠬᠦ ᠶᠢ ᠪᠡᠶᠡᠯᠡᠭᠦᠯᠵᠦ ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠵᠦ ᠂ ᠨᠠᠮ ᠤᠨ

ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠰᠤᠷᠲᠠᠯ ᠴᠢᠬᠡᠴᠢ ᠣᠪᠣᠷ ᠲᠥᠪ ᠤᠯᠤᠰ

ᠲᠦᠷᠦ ᠶᠢᠨ ᠣᠷᠴᠢᠨ ᠨᠥᠬᠦᠴᠡᠯ ᠢ ᠪᠤᠢ ᠪᠣᠯᠭᠠᠵᠤ ᠥᠭᠬᠦ ᠬᠡᠷᠡᠭᠲᠡᠢ ᠃

   ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠯ᠎ᠡ ᠳᠡᠳ᠋

ᠡᠷᠬᠢᠯᠡᠭᠴᠢ ᠵᠢᠴᠢ ᠪᠦᠬᠦ ᠺᠠᠳ᠋ᠷ ᠠᠵᠢᠯᠲᠠᠨ ᠠᠵᠢᠯᠴᠢᠨ ᠬᠤᠷᠠᠯ ᠳᠤ ᠣᠷᠣᠯᠴᠠᠪᠠ᠃

            ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ

            ᠣᠷᠴᠢᠭᠤᠯᠤᠭᠴᠢ᠄ ᠣᠳᠣᠨᠭᠡᠷᠡᠯ

    ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2