ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠳ᠋ᠢᠶᠣᠣ ᠴᠦᠨ ᠬᠠᠢ ᠮᠠᠨ ᠤ ᠰᠢᠶᠠᠨ ᠤ ᠱᠠᠩᠬᠠᠢ ᠶᠢ ᠲᠤᠰᠠᠯᠠᠬᠤ ᠪᠠᠷ ᠣᠴᠢᠬᠤ 7 ᠡᠮᠨᠡᠯᠭᠡ ᠶᠢᠨ ᠠᠵᠢᠯᠲᠠᠨ  ᠢ ᠦᠳᠡᠨ ᠮᠤᠷᠳᠠᠭᠤᠯᠵᠤ᠂ ᠲᠡᠳᠡᠨ ᠤ ᠡᠮ ᠡᠮᠨᠡᠯᠭᠡ ᠶᠢᠨ ᠲᠤᠰᠠᠯᠠᠮᠵᠢ ᠶᠢᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠦᠭᠡᠳ ᠠᠮᠤᠷ ᠲᠦᠪᠰᠢᠨ ᠠᠮᠵᠢᠯᠲᠠ ᠲᠠᠢ ᠪᠠᠷ ᠪᠤᠴᠠᠵᠤ ᠢᠷᠡᠬᠦ ᠶᠢ ᠬᠦᠰᠡᠪᠡ
ᠨᠡᠶᠢᠲᠡᠯᠡᠭᠰᠡᠨ ᠴᠠᠭ᠄
2022/4/28
   ᠳᠡᠭᠡᠳᠦ ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠨᠢᠭᠡᠳᠦᠯᠲᠡᠢ ᠪᠠᠶᠢᠷᠢᠯᠠᠭᠤᠯᠤᠯᠲᠠ ᠶᠢ ᠵᠢᠷᠤᠮᠯᠠᠨ 4 ᠰᠠᠷ᠎ᠠ ᠶᠢᠨ 26 ᠤ ᠡᠳᠦᠷ ᠤᠨ ᠥᠷᠯᠥᠭᠡ ᠡᠷᠲᠡ ᠮᠠᠨ ᠤ ᠰᠢᠶᠠᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠱᠠᠩᠬᠠᠢ ᠶᠢ ᠲᠤᠰᠠᠯᠠᠬᠤ 7 ᠡᠮᠨᠡᠯᠭᠡ ᠶᠢᠨ ᠠᠵᠢᠯᠲᠠᠨ᠂ ᠬᠦᠨᠳᠦ ᠨᠠᠶᠢᠳᠠᠯᠭ᠎ᠠ ᠪᠣᠯᠣᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ ᠱᠠᠩᠬᠠᠢ ᠳᠤ ᠪᠠᠴᠢᠮ ᠲᠦᠷᠭᠡᠨ ᠢᠶᠠᠷ ᠬᠦᠷᠴᠦ ᠬᠢᠵᠢᠭ ᠢ ᠡᠰᠡᠷᠭᠦᠴᠡᠬᠦ ᠠᠵᠢᠯ ᠢ ᠦᠷᠨᠢᠭᠦᠯᠬᠦ ᠪᠡᠷ ᠪᠣᠯᠪᠡ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠳ᠋ᠢᠶᠣᠣ ᠴᠦᠨ ᠬᠠᠢ᠂ ᠵᠠᠰᠠᠭ ᠤᠨ ᠣᠷᠳᠣᠨ ᠤ ᠰᠢᠶᠠᠨ ᠤ ᠳᠡᠳ᠋ ᠳᠠᠷᠤᠭ᠎ᠠ ᠭᠦᠸᠧ ᠾᠦᠩ ᡁᠢ ᠵᠢᠴᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠮᠨᠡᠯᠭᠡ ᠶᠢᠨ ᠬᠤᠷᠢᠶᠠᠨ ᠤ ᠬᠤᠯᠪᠣᠭᠳᠠᠯ ᠪᠦᠬᠦᠢ ᠤᠳᠤᠷᠢᠳᠤᠯᠭ᠎ᠠ ᠨᠠᠷ ᠱᠠᠩᠬᠠᠢ ᠶᠢ ᠲᠤᠰᠠᠯᠠᠬᠤ ᠡᠮ ᠡᠮᠨᠡᠯᠭᠡ ᠶᠢᠨ ᠠᠩᠭᠢ ᠶᠢᠨ ᠭᠡᠰᠢᠭᠦᠳ ᠲᠤ ᠣᠬᠤᠷᠬᠠᠨ ᠬᠤᠭᠤᠴᠠᠭᠠᠨ ᠤ ᠠᠶᠠᠨ ᠳᠠᠶᠢᠨ ᠳᠤ ᠮᠣᠷᠳᠠᠬᠤ ᠶᠣᠰᠣᠯᠠᠯ ᠶᠠᠪᠤᠭᠤᠯᠵᠠᠢ᠃

1.png

   ᠲᠠᠢᠨ ᠳᠤ ᠮᠣᠷᠳᠠᠬᠤ ᠶᠣᠰᠣᠯᠠᠯ ᠳᠡᠭᠡᠷ᠎ᠡ ᠂ ᠳ᠋ᠢᠶᠣᠣ ᠴᠦᠨ ᠬᠠᠢ ᠭᠡᠰᠢᠭᠦᠳ ᠢᠶᠠᠨ ᠳᠣᠲᠣᠨᠣ ᠪᠠᠷ

ᠲᠣᠬᠤᠨᠢᠭᠤᠯᠵᠤ ᠂ ᠭᠡᠰᠢᠭᠦᠳ ᠤᠨ ᠤᠯᠤᠰ ᠭᠡᠷ ᠤᠨ ᠬᠠᠶᠢᠷ᠎ᠠ ᠰᠡᠳᠬᠢᠯᠭᠡ ᠪᠣᠯᠣᠨ ᠰᠠᠨᠠᠭᠠᠴᠢᠯᠠᠭ᠎ᠠ ᠠᠴᠠ ᠪᠠᠨ

ᠬᠠᠷᠢᠭᠤᠴᠠᠯᠭ᠎ᠠ ᠡᠭᠦᠷᠭᠡᠯᠡᠬᠦ ᠶᠢ ᠭᠦᠢᠴᠡᠳ ᠮᠠᠭᠲᠠᠨ ᠰᠠᠶᠢᠰᠢᠶᠠᠭᠰᠠᠨ ᠪᠥᠭᠡᠳ ᠰᠢᠶᠠᠨ ᠤ ᠨᠠᠮ ᠤᠨ ᠬᠤᠷᠢᠶ᠎ᠠ ᠂

ᠰᠢᠶᠠᠨ ᠤ ᠵᠠᠰᠠᠭ ᠤᠨ ᠣᠷᠳᠣᠨ ᠤ ᠡᠮᠦᠨ᠎ᠡ ᠠᠴᠠ ᠡᠮ ᠡᠮᠨᠡᠯᠭᠡ ᠶᠢᠨ ᠠᠩᠭᠢ ᠶᠢᠨ ᠪᠦᠷᠢᠯᠳᠦᠭᠦᠨ ᠳᠤ ᠡᠷᠬᠢᠮ

ᠳᠡᠭᠡᠳᠦ ᠬᠦᠨᠳᠦᠳᠬᠡᠯ ᠳᠡᠪᠰᠢᠭᠦᠯᠵᠡᠢ ᠃

   ᠳ᠋ᠢᠶᠣᠣ ᠴᠦᠨ ᠬᠠᠢ ᠵᠢᠭᠠᠵᠤ ᠭᠠᠷᠭᠠᠭᠰᠠᠨ ᠨᠢ᠂ ᠱᠠᠩᠬᠠᠢ ᠶᠢ

ᠲᠤᠰᠠᠯᠠᠵᠤ ᠬᠢᠵᠢᠭ ᠢ ᠡᠰᠡᠷᠭᠦᠴᠡᠬᠦ ᠬᠠᠷᠢᠭᠤᠴᠠᠯᠭ᠎ᠠ ᠬᠦᠨᠳᠦ ᠂ ᠡᠭᠦᠷᠭᠡ ᠥᠩᠭᠡ ᠭᠡᠷᠡᠯᠲᠡᠢ ᠶᠤᠮ ᠂ ᠡᠮ ᠡᠮᠨᠡᠯᠭᠡ ᠶᠢᠨ

ᠠᠩᠭᠢ ᠶᠢᠨ ᠪᠦᠬᠦ ᠠᠵᠢᠯᠲᠠᠳ ᠬᠦᠨᠳᠦ ᠨᠠᠶᠢᠳᠠᠯᠭ᠎ᠠ ᠶᠢ ᠪᠠᠲᠤ ᠴᠡᠭᠡᠵᠢᠯᠡᠵᠦ ᠂ ᠡᠭᠦᠷᠭᠡ ᠬᠠᠷᠢᠭᠤᠴᠠᠯᠭ᠎ᠠ ᠪᠠᠨ

ᠭᠤᠲᠤᠭᠠᠬᠤ ᠦᠭᠡᠢ ᠪᠠᠶᠢᠵᠤ ᠂ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠪᠣᠯᠣᠨ ᠪᠡᠶ᠎ᠡ ᠮᠠᠬᠠᠪᠤᠳ ᠤᠨ

ᠡᠷᠡᠭᠦᠯ ᠮᠡᠨᠳᠤ ᠶᠢ ᠦᠨᠡᠨᠬᠦ ᠲᠡᠷᠢᠭᠦᠨ ᠪᠠᠶᠢᠷᠢᠨ ᠳᠤ ᠲᠠᠯᠪᠢᠵᠤ ᠂ ᠭᠠᠨ ᡁᠢ ᠮᠧᠢ ᠶᠢᠨ ᠵᠠᠩ ᠴᠢᠨᠠᠷ ᠢ ᠭᠦᠢᠴᠡᠳ

ᠪᠠᠳᠠᠷᠠᠭᠤᠯᠵᠤ ᠂ ᠮᠠᠨ ᠤ ᠰᠢᠶᠠᠨ ᠤ ᠡᠮᠨᠡᠯᠭᠡ ᠶᠢᠨ ᠠᠵᠢᠯᠲᠠᠳ ᠤᠨ ᠪᠦᠯᠬᠦᠮᠳᠡᠯ ᠪᠣᠯᠣᠨ ᠬᠠᠷᠢᠭᠤᠴᠠᠯᠭ᠎ᠠ ᠶᠢ

ᠢᠯᠡᠷᠡᠭᠦᠯᠵᠦ ᠂ ᠠᠷᠠᠳ ᠲᠦᠮᠡᠨ ᠤ ᠠᠮᠢ ᠨᠠᠰᠤ ᠡᠷᠡᠭᠦᠯ ᠮᠡᠨᠳᠤ ᠶᠢᠨ ᠰᠠᠢᠨ ᠰᠠᠬᠢᠨ ᠬᠠᠮᠠᠭᠠᠯᠠᠭᠴᠢ  

ᠪᠣᠯᠬᠤ ᠬᠡᠷᠡᠭᠲᠡᠢ ᠃ ᠶᠡᠭᠡ ᠲᠠᠯ᠎ᠠ ᠶᠢ ᠳᠠᠭᠠᠵᠤ ᠂ ᠵᠢᠯᠣᠭᠤᠳᠤᠯᠭ᠎ᠠ ᠶᠢ ᠳᠠᠭᠠᠵᠤ ᠂ ᠰᠠᠬᠢᠯᠭ᠎ᠠ ᠪᠠᠲᠤ ᠶᠢ

ᠰᠠᠬᠢᠵᠤ ᠂ ᠦᠳᠲᠡᠷ ᠲᠦᠷᠭᠡᠨ ᠢᠶᠠᠷ ᠠᠵᠢᠯ ᠤᠨ ᠪᠠᠶᠢᠷᠢ ᠳᠠᠭᠠᠨ ᠣᠷᠣᠵᠤ ᠂ ᠪᠠᠶᠢᠳᠠᠯ ᠳᠠᠭᠠᠨ ᠣᠷᠣᠵᠤ ᠂

ᠪᠠᠶᠢᠯᠳᠤᠭᠠᠨ ᠳᠤ ᠣᠷᠣᠯᠴᠠᠵᠤ ᠂ ᠱᠠᠩᠬᠠᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠬᠤᠷᠢᠭᠯᠠᠨ

ᠴᠣᠬᠢᠬᠤ ᠳᠠᠶᠢᠯᠠᠯᠳᠤᠭᠠᠨ ᠤ ᠢᠯᠠᠯᠲᠠ ᠶᠢ ᠣᠯᠬᠤ ᠳᠤ ᠬᠤᠸᠠᠳᠧ ᠶᠢᠨ ᠬᠦᠴᠦᠨ ᠴᠢᠳᠠᠯ ᠢᠶᠠᠨ

ᠡᠷᠭᠦᠬᠦ ᠬᠡᠷᠡᠭᠲᠡᠢ ᠭᠡᠪᠡ᠃

2.png

   ᠳ᠋ᠢᠶᠣᠣ ᠴᠦᠨ ᠬᠠᠢ ᠡᠮ ᠡᠮᠨᠡᠯᠭᠡ ᠶᠢᠨ ᠠᠩᠭᠢ ᠶᠢᠨ ᠭᠡᠰᠢᠭᠦᠳ ᠲᠤ ᠵᠠᠬᠢᠬᠤ ᠳᠠᠭᠠᠨ᠂ ᠡᠷᠬᠡᠪᠰᠢ ᠲᠤᠰ

ᠪᠡᠶ᠎ᠡ ᠶᠢᠨ ᠬᠠᠮᠠᠭᠠᠯᠠᠯᠲᠠ ᠶᠢᠨ ᠠᠵᠢᠯ ᠢᠶᠠᠨ ᠰᠠᠶᠢᠲᠤᠷ ᠬᠢᠵᠦ ᠂ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ

ᠡᠵᠡᠮᠳᠡᠬᠦ ᠶᠢ ᠪᠠᠷᠢᠮᠲᠠᠯᠠᠵᠤ ᠂ ᠠᠵᠢᠯᠯᠠᠵᠤ ᠠᠮᠠᠷᠠᠬᠤ ᠶᠢ ᠤᠶᠠᠯᠳᠤᠭᠤᠯᠬᠤ ᠶᠢ ᠠᠩᠬᠠᠷᠴᠤ ᠂ ᠰᠣᠯᠪᠢᠴᠠᠨ

ᠬᠠᠯᠳᠠᠪᠤᠷᠢᠯᠠᠬᠤ ᠶᠢ ᠴᠢᠩᠭ᠎ᠠ ᠰᠡᠷᠭᠡᠶᠢᠯᠡᠵᠦ ᠂ ᠡᠷᠬᠡᠪᠰᠢ ᠡᠷᠡᠭᠦᠯ ᠡᠩᠬᠡ ᠪᠠᠷ ᠪᠠᠶᠢᠯᠳᠤᠬᠤ ᠂ ᠠᠮᠤᠷ ᠲᠦᠪᠰᠢᠨ ᠢᠶᠠᠷ

ᠪᠠᠶᠢᠯᠳᠤᠬᠤ ᠶᠢ ᠪᠡᠶᠡᠯᠡᠭᠦᠯᠵᠦ ᠂ ᠡᠮ ᠡᠮᠨᠡᠯᠭᠡ ᠶᠢᠨ ᠲᠤᠰᠠᠯᠠᠮᠵᠢ ᠶᠢᠨ ᠡᠭᠦᠷᠭᠡ ᠪᠠᠨ ᠲᠡᠭᠦᠰ ᠠᠮᠵᠢᠯᠲᠠ ᠲᠠᠢ

ᠪᠡᠶᠡᠯᠡᠭᠦᠯᠵᠦ ᠂ ᠡᠮᠴᠢ ᠰᠤᠪᠢᠯᠠᠭᠴᠢᠳ ᠤᠨ ᠠᠮᠤᠷ ᠲᠦᠪᠰᠢᠨ ᠠᠮᠵᠢᠯᠲᠠ ᠲᠠᠢ ᠪᠠᠷ ᠪᠤᠴᠠᠵᠤ

ᠢᠷᠡᠬᠦ ᠶᠢ ᠬᠦᠰᠡᠨ‌‍ᠬᠦ᠋ᠯᠢᠶᠡᠵᠦ ᠪᠠᠶᠢᠨ᠎ᠠ ᠭᠡᠪᠡ᠃

   ᠱᠠᠩᠬᠠᠢ ᠶᠢ ᠳᠡᠮᠵᠢᠬᠦ ᠪᠠᠷ ᠮᠣᠷᠳᠠᠭᠰᠠᠨ ᠡᠮᠨᠡᠯᠭᠡ ᠶᠢᠨ ᠠᠵᠢᠯᠲᠠᠨ ᠤ ᠲᠥᠯᠥᠭᠡᠯᠡᠭᠴᠢ ᠶᠠᠷᠢᠶᠠᠨ ᠳᠠᠭᠠᠨ ᠬᠡᠯᠡᠭᠰᠡᠨ

 ᠨᠢ᠂ ᠱᠠᠩᠬᠠᠢ ᠶᠢ ᠳᠡᠮᠵᠢᠵᠦ ᠬᠢᠵᠢᠭ ᠤᠨ ᠪᠠᠶᠢᠳᠠᠯ ᠢ ᠡᠰᠡᠷᠭᠦᠴᠡᠬᠦ ᠶᠠᠪᠤᠳᠠᠯ   ᠢ ᠤᠯᠤᠰ ᠲᠥᠷᠥ ᠶᠢᠨ ᠴᠢᠬᠤᠯᠠ

ᠬᠠᠷᠢᠭᠤᠴᠠᠯᠭ᠎ᠠ ᠪᠠ ᠣᠨᠴᠠᠭᠠᠶ ᠡᠭᠦᠷᠭᠡ ᠪᠣᠯᠭᠠᠨ ᠪᠡᠶᠡᠯᠡᠭᠦᠯᠵᠦ᠂ ᠤᠭ ᠰᠠᠨᠠᠭ᠎ᠠ ᠪᠠᠨ ᠥᠯᠥ ᠮᠠᠷᠲᠠᠨ᠂ ᠬᠦᠨᠳᠦ

ᠨᠠᠶᠢᠳᠠᠯᠭ᠎ᠠ ᠶᠢ ᠥᠯᠥ ᠬᠥᠰᠡᠷᠳᠡᠭᠦᠯᠵᠦ᠂ ᠬᠢᠵᠢᠭ ᠤᠨ ᠪᠠᠶᠢᠳᠠᠯ ᠢ ᠡᠰᠡᠷᠭᠦᠴᠡᠬᠦ ᠶᠠᠪᠤᠳᠠᠯ ᠢ ᠰᠡᠷᠭᠡᠶᠢᠯᠡᠨ ᠡᠵᠡᠮᠳᠡᠬᠦ 

ᠪᠠ ᠣᠨᠣᠰᠢᠯᠠᠨ ᠵᠠᠰᠠᠬᠤ ᠡᠭᠦᠷᠭᠡ ᠪᠠᠨ ᠡᠷᠡᠰ ᠪᠡᠶᠡᠯᠡᠭᠦᠯᠦᠨ᠎ᠡ ᠭᠡᠵᠡᠢ᠃

       ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ

       ᠣᠷᠴᠢᠭᠤᠯᠤᠭᠴᠢ᠄ ᠣᠳᠣᠨᠭᠡᠷᠡᠯ

ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ

 

 

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2