| ᠲᠦᠷᠦ ᠶᠢᠨ ᠪᠣᠳᠣᠯᠭ᠎ᠠ Q&A | ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠠᠯᠪᠠᠨ ᠭᠡᠷ 4 ᠳ᠋ᠦ᠋ᠭᠡᠷ ᠰᠠᠷ᠎ᠠ ᠶᠢᠨ 25 ᠤ ᠡᠳᠦᠷ | ᠲᠥᠷᠥ ᠶᠢᠨ ᠶᠠᠪᠤᠳᠠᠯ ᠤᠨ ᠬᠤᠷᠢᠶᠠᠨ ᠤ ᠲᠥᠷᠥ ᠶᠢᠨ ᠪᠣᠳᠣᠯᠭ᠎ᠠ ᠨᠡᠶᠢᠲᠡᠯᠡᠬᠦ ᠵᠤᠷᠰᠢᠯ ᠬᠤᠷᠠᠯ ᠬᠢᠵᠦ᠂ ︽ᠬᠤᠪᠢ | ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠬᠥᠭᠵᠢᠯᠲᠡ ᠶᠢ ᠠᠬᠢᠭᠤᠯᠬᠤ ᠲᠤᠬᠠᠢ ᠲᠥᠷᠥ ᠶᠢᠨ ᠶᠠᠪᠤᠳᠠᠯ ᠤᠨ | ᠬᠤᠷᠢᠶᠠᠨ ᠤ ᠠᠯᠪᠠᠨ ᠲᠢᠩᠬᠢᠮ ᠤᠨ ᠰᠠᠨᠠᠯ︾ ᠤᠨ ᠬᠠᠮᠢᠶ᠎ᠠ ᠪᠦᠬᠦᠢ ᠪᠠᠶᠢᠳᠠᠯ ᠢ ᠲᠠᠨᠢᠯᠴᠠᠭᠤᠯᠪᠠ᠃ ᠬᠤᠪᠢ ᠬᠥᠮᠥᠨ ᠤ | ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠳᠦᠷᠢᠮ ᠢ ᠨᠡᠶᠢᠲᠡᠯᠡᠭᠰᠡᠨ ᠠᠬᠤᠢ ᠪᠠᠶᠢᠳᠠᠯ ᠨᠢ ᠶᠠᠭᠤ ᠪᠣᠢ︖ ᠶᠠᠭᠠᠬᠢᠵᠤ | ᠳᠠᠩᠰᠠ ᠪᠠᠶᠢᠭᠤᠯᠵᠤ᠂ ᠶᠠᠭᠠᠬᠢᠵᠤ ᠭᠠᠷᠭᠠᠨ ᠠᠪᠬᠤ ᠪᠤᠢ︖ ᠬᠠᠮᠲᠤ ᠪᠠᠷ ᠠᠩᠬᠠᠷᠴᠠᠭᠠᠶ᠎ᠠ ︕ | Q1 | Q᠄ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠳᠦᠷᠢᠮ ᠢ ᠨᠡᠶᠢᠲᠡᠯᠡᠭᠰᠡᠨ ᠠᠬᠤᠢ ᠪᠠᠶᠢᠳᠠᠯ | ᠨᠢ ᠶᠠᠭᠤ ᠪᠤᠶ︖ | A᠄ ᠲᠥᠪ ᠠᠴᠠ ᠲᠣᠳᠣᠷᠬᠠᠢ ᠱᠠᠭᠠᠷᠳᠠᠭᠰᠠᠨ ᠨᠢ᠂ ᠮᠠᠨ ᠤ ᠤᠯᠤᠰ ᠤᠨ ᠦᠨᠳᠦᠰᠦᠨ ᠪᠠᠶᠢᠳᠠᠯ ᠳᠤ ᠰᠠᠭᠤᠷᠢᠯᠠᠨ᠂ | ᠣᠯᠠᠨ ᠤᠯᠤᠰ ᠤᠨ ᠲᠤᠷᠰᠢᠯᠭ᠎ᠠ ᠪᠠᠷ ᠲᠣᠯᠢᠯᠠᠵᠤ ᠂ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢᠶᠠᠷ | ᠰᠠᠭᠤᠷᠢᠯᠠᠭᠰᠠᠨ ᠂ ᠠᠵᠤ ᠠᠬᠤᠶᠢᠯᠠᠯ ᠤᠨ ᠣᠨ ᠤ ᠮᠥᠩᠭᠦ ᠪᠠ ᠠᠵᠢᠯ ᠮᠡᠷᠭᠡᠵᠢᠯ ᠤᠨ ᠣᠨ ᠤ ᠮᠥᠩᠭᠦ ᠪᠠᠷ | ᠨᠥᠬᠦᠪᠦᠷᠢᠯᠡᠭᠰᠡᠨ ᠂ ᠬᠤᠪᠢ ᠬᠥᠮᠥᠨ ᠤ ᠬᠠᠳᠠᠭᠠᠯᠠᠮᠵᠢ ᠶᠢᠨ ᠴᠢᠨᠠᠷᠲᠠᠢ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠪᠠ | ᠬᠤᠳᠠᠯᠳᠤᠭᠠᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠲᠠᠢ ᠵᠣᠯᠭᠠᠭᠤᠯᠤᠭᠰᠠᠨ ︽ᠭᠤᠷᠪᠠᠨ ᠲᠤᠯᠭᠠᠭᠤᠷᠢᠲᠤ︾ | ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠲᠣᠭᠲᠠᠯᠴᠠᠭ᠎ᠠ ᠶᠢ ᠴᠢᠷᠮᠠᠶᠢᠨ ᠪᠠᠶᠢᠭᠤᠯᠬᠤ ᠬᠡᠷᠡᠭᠲᠡᠢ ᠭᠡᠵᠡᠢ᠃ | ᠨᠢᠭᠡᠳᠦᠭᠡᠷ ᠲᠤᠯᠭᠠᠭᠤᠷᠢ ᠨᠢ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠪᠠᠶᠢᠵᠤ ᠂ ᠬᠤᠳᠠ | ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠪᠠ ᠬᠤᠳᠠ ᠬᠥᠳᠡᠭᠡ ᠶᠢᠨ | ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢ ᠪᠠᠭᠲᠠᠭᠠᠨ᠎ᠠ᠃ ᠨᠢᠭᠡᠳᠦᠭᠡᠷ | ᠲᠤᠯᠭᠠᠭᠤᠷᠢ ᠨᠢ ᠭᠤᠣᠯᠳᠠᠭᠤ ᠦᠨᠳᠦᠰᠦᠨ ᠵᠦᠢᠯ ᠢ ᠪᠠᠲᠤᠯᠠᠬᠤ ᠳᠤ ᠰᠠᠭᠤᠷᠢᠯᠠᠵᠤ᠂ ᠨᠡᠶᠢᠭᠡᠮ ᠠᠴᠠ ᠨᠢᠭᠡᠳᠦᠯᠲᠡᠢ | ᠴᠤᠭᠯᠠᠭᠤᠯᠬᠤ ᠪᠠ ᠬᠤᠪᠢ ᠬᠥᠮᠥᠨ ᠤ ᠲᠠᠩᠰᠠᠨ ᠡᠷᠦᠭᠡ ᠶᠢ ᠤᠶᠠᠯᠳᠤᠭᠤᠯᠬᠤ ᠵᠠᠭᠪᠤᠷ ᠢ ᠬᠡᠷᠡᠭᠯᠡᠵᠦ ᠂ ᠭᠤᠣᠯᠳᠠᠭᠤ | ᠨᠡᠶᠢᠭᠡᠮ ᠤᠨ ᠬᠠᠷᠢᠯᠴᠠᠨ ᠲᠤᠰᠠᠯᠠᠯᠴᠠᠬᠤ ᠶᠢ ᠬᠠᠷᠠᠭᠤᠯᠤᠨ᠎ᠠ᠃ ᠣᠳᠣᠬᠠᠨ ᠳᠤ ᠡᠨᠡ ᠬᠦ ᠳᠦᠷᠢᠮ ᠤᠨ ᠬᠥᠭᠵᠢᠯᠲᠡ ᠨᠢ | ᠬᠠᠷᠢᠴᠠᠩᠭᠤᠢ ᠨᠡᠯᠢᠶᠡᠳ ᠲᠡᠭᠦᠯᠳᠡᠷᠵᠢᠵᠦ᠂ ᠬᠠᠷᠢᠴᠠᠩᠭᠤᠢ ᠪᠦᠷᠢᠨ ᠲᠥᠬᠦᠷ ᠳᠦᠷᠢᠮ ᠤᠨ ᠲᠣᠭᠲᠠᠯᠴᠠᠭ᠎ᠠ ᠶᠢ | ᠪᠦᠷᠢᠯᠳᠦᠭᠦᠯᠦᠭᠰᠡᠨ ᠪᠥᠭᠡᠳ ᠬᠠᠮᠤᠷᠬᠤ ᠬᠡᠪᠴᠢᠶ᠎ᠡ ᠨᠢ ᠴᠦ ᠦᠷᠭᠦᠯᠵᠢᠯᠡᠨ ᠥᠷᠭᠡᠵᠢᠵᠦ ᠪᠠᠶᠢᠨ᠎ᠠ ᠃ 3 ᠳ᠋ᠤᠭᠠᠷ ᠰᠠᠷ᠎ᠠ ᠶᠢᠨ | ᠡᠴᠦᠰ ᠲᠤ᠂ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠭᠰᠠᠨ ᠬᠥᠮᠥᠨ ᠤ ᠲᠤᠭ᠎ᠠ 10.3 | ᠳ᠋ᠦᠩᠰᠢᠭᠤᠷ ᠲᠤ ᠬᠥᠷᠥᠭᠰᠡᠨ ᠤ ᠬᠠᠮᠲᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠠᠭᠤᠷᠢ | ᠮᠥᠩᠭᠦ ᠶᠢᠨ ᠣᠨ ᠤ ᠣᠷᠣᠯᠭ᠎ᠠ ᠵᠠᠷᠤᠯᠭ᠎ᠠ ᠶᠢᠨ ᠬᠡᠪᠴᠢᠶ᠎ᠡ 12.6 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ | ᠨᠡᠶᠢᠲᠡ ᠦᠯᠡᠳᠡᠪᠦᠷᠢ ᠨᠢ 6 ᠲᠦᠮᠡᠨ ᠳ᠋ᠦᠩᠰᠢᠭᠤᠷ ᠲᠥᠭᠦᠷᠢᠭ ᠢ ᠳᠠᠪᠠᠵᠤ᠂ ᠰᠠᠭᠤᠷᠢ ᠮᠥᠩᠭᠦ ᠶᠢᠨ ᠠᠵᠢᠯᠯᠠᠭᠠᠨ | ᠶᠡᠷᠦᠩᠬᠡᠢ ᠳᠤ ᠪᠠᠨ ᠲᠣᠭᠲᠠᠭᠤᠨ ᠪᠠᠶᠢᠵᠤ᠂ ᠣᠯᠭᠤᠮᠵᠢ ᠶᠢ ᠴᠠᠭ ᠲᠤᠬᠠᠢ ᠳᠤ ᠨᠢ ᠲᠤᠭ᠎ᠠ ᠶᠣᠰᠣᠭᠠᠷ ᠭᠦᠢᠴᠡᠳ | ᠲᠠᠷᠬᠠᠭᠠᠭᠰᠠᠨ ᠪᠢᠯᠡ ᠃ | ᠬᠤᠶᠠᠳᠤᠭᠠᠷ ᠲᠤᠯᠭᠠᠭᠤᠷᠢ ᠨᠢ ᠠᠵᠤ ᠠᠬᠤᠶᠢᠯᠠᠯ ᠤᠨ ᠣᠨ ᠤ ᠮᠥᠩᠭᠦ ᠪᠠ ᠠᠵᠢᠯ ᠮᠡᠷᠭᠡᠵᠢᠯ ᠤᠨ ᠣᠨ ᠤ ᠮᠥᠩᠭᠦ | ᠪᠠᠶᠢᠵᠤ ᠂ ᠲᠡᠷᠡ ᠨᠢ ᠭᠤᠣᠯᠳᠠᠭᠤ ᠨᠥᠬᠦᠪᠦᠷᠢᠯᠡᠬᠦ ᠦᠢᠯᠡᠳᠦᠯ ᠢ ᠪᠠᠳᠠᠷᠠᠭᠤᠯᠵᠤ᠂ ᠬᠥᠮᠥᠨ ᠬᠡᠷᠡᠭᠯᠡᠬᠦ ᠨᠢᠭᠡᠴᠢ ᠵᠢᠴᠢ | ᠲᠡᠭᠦᠨ ᠤ ᠠᠵᠢᠯᠲᠠᠨ ᠠᠵᠢᠯᠴᠢᠨ ᠪᠠᠶᠢᠭᠤᠯᠵᠤ᠂ ᠮᠠᠰᠢ ᠰᠠᠶᠢᠨ ᠬᠥᠭᠵᠢᠯᠲᠡ ᠶᠢᠨ ᠰᠠᠭᠤᠷᠢ ᠲᠠᠢ ᠪᠣᠯᠪᠠ ᠃ 3 ᠳ᠋ᠤᠭᠠᠷ | ᠰᠠᠷ᠎ᠠ ᠶᠢᠨ ᠡᠴᠦᠰ ᠪᠣᠯᠲᠠᠯ᠎ᠠ᠂ ᠠᠵᠤ ᠠᠬᠤᠶᠢᠯᠠᠯ ᠤᠨ ᠣᠨ ᠤ ᠮᠥᠩᠭᠦ ᠪᠠ ᠠᠵᠢᠯ ᠮᠡᠷᠭᠡᠵᠢᠯ ᠤᠨ ᠣᠨ ᠤ ᠮᠥᠩᠭᠦ ᠳᠤ | ᠣᠷᠣᠯᠴᠠᠭᠰᠠᠨ ᠠᠵᠢᠯᠲᠠᠨ ᠠᠵᠢᠯᠴᠢᠨ 7200 ᠲᠦᠮᠡ ᠪᠠᠶᠢᠵᠤ᠂ 4.5 ᠲᠦᠮᠡᠨ ᠳ᠋ᠦᠩᠰᠢᠭᠤᠷ ᠲᠥᠭᠦᠷᠢᠭ ᠤᠨ ᠰᠠᠭᠤᠷᠢ | ᠮᠥᠩᠭᠦ ᠬᠤᠷᠠᠮᠳᠤᠭᠤᠯᠵᠤ᠂ ᠨᠠᠰᠤᠵᠢᠯ ᠤᠨ ᠠᠰᠠᠷᠠᠮᠵᠢ ᠶᠢ ᠨᠥᠬᠦᠪᠦᠷᠢᠯᠡᠬᠦ ᠦᠢᠯᠡᠳᠦᠯ ᠨᠢ ᠠᠩᠬ᠎ᠠ ᠠᠯᠬᠤᠮ ᠢᠯᠡᠷᠡᠪᠡ ᠃ | ᠭᠤᠷᠪᠠᠳᠤᠭᠠᠷ ᠲᠤᠯᠭᠠᠭᠤᠷᠢ ᠨᠢ ᠡᠭᠦᠨ ᠠᠴᠠ ᠡᠮᠦᠨ᠎ᠡ ᠲᠣᠬᠢᠷᠠᠯᠴᠠᠭᠰᠠᠨ ᠳᠦᠷᠢᠮ ᠤᠨ ᠲᠣᠬᠢᠷᠠᠭᠤᠯᠤᠯᠲᠠ ᠪᠠᠶᠢᠭᠰᠠᠨ | ᠦᠭᠡᠢ᠃ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠲᠦᠷᠦᠭᠦᠬᠡᠨ ᠳᠤ | ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠠᠯᠪᠠᠨ ᠶᠣᠰᠣᠭᠠᠷ ᠪᠢᠴᠢᠭ ᠮᠠᠲ᠋ᠧᠷᠢᠶᠠᠯ ᠳᠠᠷᠤᠮᠠᠯᠯᠠᠨ ᠲᠠᠷᠬᠠᠭᠠᠵᠤ | ᠂ ᠲᠣᠰ ᠲᠥᠷᠥ ᠶᠢᠨ ᠪᠣᠳᠣᠯᠭ᠎ᠠ ᠶᠢ ᠡᠬᠢᠯᠡᠵᠦ ᠬᠡᠷᠡᠭᠵᠢᠭᠦᠯᠪᠡ ᠃ ᠲᠣᠳᠣᠷᠬᠠᠶᠢᠯᠠᠬᠤ ᠴᠢᠬᠤᠯᠠᠲᠠᠢ ᠨᠢ ᠂ ᠬᠤᠪᠢ ᠬᠥᠮᠥᠨ ᠤ | ᠨᠠᠰᠤᠵᠢᠯ ᠤᠨ ᠠᠰᠠᠷᠠᠮᠵᠢ ᠶᠢᠨ ᠮᠥᠩᠭᠦ ᠪᠣᠯ ᠤᠯᠤᠰ ᠤᠨ ᠭᠤᠷᠪᠠᠳᠤᠭᠠᠷ ᠲᠤᠯᠭᠠᠭᠤᠷᠢ ᠶᠢᠨ ᠲᠤᠬᠠᠢ ᠳᠦᠷᠢᠮ ᠤᠨ ᠴᠢᠨᠠᠷᠲᠠᠢ | ᠲᠣᠬᠢᠷᠠᠭᠤᠯᠤᠯᠲᠠ ᠪᠠᠶᠢᠵᠤ᠂ ᠭᠤᠷᠪᠠᠳᠤᠭᠠᠷ ᠲᠤᠯᠭᠠᠭᠤᠷᠢ ᠳᠤ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ | ᠮᠥᠩᠭᠦ ᠠᠴᠠ ᠭᠠᠳᠠᠨ᠎ᠠ ᠪᠤᠰᠤᠳ ᠬᠤᠪᠢ ᠬᠥᠮᠥᠨ ᠤ ᠬᠤᠳᠠᠯᠳᠤᠭᠠᠨ ᠤ ᠨᠠᠰᠤᠵᠢᠯ ᠤᠨ ᠠᠰᠠᠷᠠᠮᠵᠢ ᠶᠢᠨ ᠮᠥᠩᠭᠦᠨ | ᠭᠦᠢᠯᠭᠡᠭᠡᠨ ᠤ ᠲᠤᠬᠠᠶᠢᠯᠠᠭᠰᠠᠨ ᠠᠵᠢᠯ ᠪᠠᠶᠢᠳᠠᠭ᠃ | Q2 | Q᠄ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠳᠦᠷᠢᠮ ᠨᠢ ᠦᠨᠳᠦᠰᠦᠨ ᠨᠠᠰᠤᠵᠢᠯ ᠤᠨ | ᠠᠰᠠᠷᠠᠮᠵᠢ ᠶᠢᠨ ᠳᠠᠭᠠᠳᠬᠠᠯ᠂ ᠠᠵᠤ ᠠᠬᠤᠶᠢᠯᠠᠯ ᠤᠨ ᠣᠨ ᠤ ᠮᠥᠩᠭᠦ ᠪᠠ ᠠᠵᠢᠯ ᠮᠡᠷᠭᠡᠵᠢᠯ ᠤᠨ ᠣᠨ ᠤ ᠮᠥᠩᠭᠦ ᠠᠴᠠ | ᠶᠠᠮᠠᠷ ᠢᠯᠭᠠᠭ᠎ᠠ ᠪᠠᠶᠢᠬᠤ ᠪᠤᠶ︖ | A ᠄ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠳᠦᠷᠢᠮ ᠨᠢ ᠦᠨᠳᠦᠰᠦᠨ ᠨᠠᠰᠤᠵᠢᠯ ᠤᠨ | ᠠᠰᠠᠷᠠᠮᠵᠢ ᠶᠢᠨ ᠳᠠᠭᠠᠳᠬᠠᠯ ᠠᠴᠠ ᠣᠨᠳᠣᠣ ᠪᠠᠶᠢᠳᠠᠭ᠃ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢ | ᠤᠯᠤᠰ ᠠᠴᠠ ᠠᠯᠪᠠᠳᠠᠯᠭ᠎ᠠ ᠪᠠᠷ ᠬᠡᠷᠡᠭᠵᠢᠭᠦᠯᠵᠦ᠂ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠨᠢ | ᠥᠪᠡᠷ ᠤᠨ ᠳᠤᠷ᠎ᠠ ᠠᠴᠠ ᠪᠠᠨ ᠣᠷᠣᠯᠴᠠᠳᠠᠭ᠃ ᠠᠵᠤ ᠠᠬᠤᠶᠢᠯᠠᠯ ᠤᠨ ᠣᠨ ᠤ ᠮᠥᠩᠭᠦ᠂ ᠠᠵᠢᠯ ᠮᠡᠷᠭᠡᠵᠢᠯ ᠤᠨ ᠣᠨ ᠤ | ᠮᠥᠩᠭᠦ ᠶᠢ ᠬᠥᠮᠥᠨ ᠬᠡᠷᠡᠭᠯᠡᠬᠦ ᠨᠢᠭᠡᠴᠢ ᠵᠢᠴᠢ ᠲᠡᠭᠦᠨ ᠤ ᠠᠵᠢᠯᠲᠠᠨ ᠠᠵᠢᠯᠴᠢᠨ ᠪᠠᠶᠢᠭᠤᠯᠵᠤ᠂ ᠬᠠᠮᠲᠤ ᠪᠠᠷ ᠰᠦᠢᠳᠬᠡᠯ | ᠲᠤᠰᠢᠶᠠᠬᠤ ᠠᠴᠠ ᠣᠨᠳᠣᠣ ᠪᠠᠶᠢᠵᠤ ᠂ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠵᠥᠪᠬᠡᠨ ᠬᠤᠪᠢ | ᠬᠥᠮᠥᠨ ᠲᠤᠰᠢᠶᠠᠨ᠎ᠠ᠃ | Q3 | Q ᠄ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠳᠦᠷᠢᠮ ᠳᠤ ᠣᠷᠤᠯᠴᠠᠬᠤ ᠨᠢ ᠶᠠᠮᠠᠷ ᠰᠠᠶᠢᠨ | ᠲᠠᠯ᠎ᠠ ᠪᠠᠶᠢᠬᠤ ᠪᠣᠢ︖ | A ᠄ 1. ᠬᠤᠪᠢ ᠬᠥᠮᠥᠨ ᠨᠢ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠳᠦᠷᠢᠮ ᠳᠤ | ᠣᠷᠤᠯᠴᠠᠬᠤ ᠶᠢᠨ ᠰᠢᠭᠤᠳ ᠬᠦᠷᠲᠡᠬᠦ ᠰᠠᠶᠢᠨ ᠲᠠᠯ᠎ᠠ ᠨᠢ ᠳᠠᠷᠤᠢ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠦᠷᠦ ᠶᠢᠨ | ᠪᠣᠳᠣᠯᠭ᠎ᠠ ᠶᠢ ᠬᠦᠷᠲᠡᠵᠦ ᠪᠣᠯᠣᠨ᠎ᠠ ᠃ | 2. ᠨᠢᠭᠡᠳᠦᠭᠡᠷ ᠲᠤᠯᠭᠠᠭᠤᠷᠢ ᠪᠣᠯᠬᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠨᠢ ᠦᠨᠳᠦᠰᠦᠨ | ᠠᠮᠢᠳᠤᠷᠠᠯ ᠢ ᠪᠠᠲᠤᠯᠠᠵᠤ ᠂ ᠬᠤᠶᠠᠳᠤᠭᠠᠷ ᠲᠤᠯᠭᠠᠭᠤᠷᠢ ᠪᠣᠯᠬᠤ ᠠᠵᠤ ᠠᠬᠤᠶᠢᠯᠠᠯ ᠤᠨ ᠣᠨ ᠤ ᠮᠥᠩᠭᠦ ᠪᠠ ᠠᠵᠢᠯ | ᠮᠡᠷᠭᠡᠵᠢᠯ ᠤᠨ ᠣᠨ ᠤ ᠮᠥᠩᠭᠦ ᠨᠢ ᠨᠢᠭᠡᠴᠢ ᠠᠴᠠ ᠪᠠᠶᠢᠭᠤᠯᠤᠭᠰᠠᠨ ᠪᠣᠯᠬᠤᠷ ᠨᠠᠰᠤᠵᠢᠯ ᠤᠨ ᠠᠰᠠᠷᠠᠮᠵᠢ ᠳᠤ ᠨᠥᠬᠦᠪᠦᠷᠢ | ᠦᠢᠯᠡᠳᠦᠯ ᠦᠵᠡᠭᠦᠯᠳᠡᠭ᠃ ᠣᠲᠣ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠨᠡᠮᠡᠵᠦ ᠪᠠᠶᠢᠭᠤᠯᠤᠭᠰᠠᠨ | ᠨᠢ ᠬᠤᠶᠠᠳᠤᠭᠠᠷ ᠲᠤᠯᠭᠠᠭᠤᠷᠢ ᠳᠤ ᠣᠷᠣᠯᠴᠠᠭᠰᠠᠨ ᠬᠥᠮᠥᠰ ᠲᠤ ᠨᠠᠰᠤᠵᠢᠯ ᠤᠨ ᠠᠰᠠᠷᠠᠮᠵᠢ ᠶᠢ ᠨᠥᠬᠦᠪᠦᠷᠢᠯᠡᠬᠦ ᠠᠷᠭ᠎ᠠ ᠵᠠᠮ | ᠨᠡᠮᠡᠵᠦ ᠥᠭᠭᠦᠭᠰᠡᠨ ᠢᠶᠠᠷ ᠪᠠᠷᠠᠬᠤ ᠦᠭᠡᠢ᠂ ᠬᠤᠶᠠᠳᠤᠭᠠᠷ ᠲᠤᠯᠭᠠᠭᠤᠷᠢ ᠳᠤ ᠣᠷᠣᠯᠴᠠᠭᠰᠠᠨ ᠦᠭᠡᠢ ᠬᠥᠮᠥᠰ ᠲᠤ ᠠᠪᠴᠤ | ᠬᠡᠯᠡᠪᠡᠴᠦ ᠨᠠᠰᠤᠵᠢᠯ ᠤᠨ ᠠᠰᠠᠷᠠᠮᠵᠢ ᠪᠠᠨ ᠨᠥᠬᠦᠪᠦᠷᠢᠯᠡᠬᠦ ᠠᠷᠭ᠎ᠠ ᠵᠠᠮ ᠨᠡᠮᠡᠵᠦ ᠥᠭᠪᠡ ᠃ | 3. ᠬᠤᠪᠢ ᠬᠥᠮᠥᠨ ᠢ ᠬᠠᠪᠰᠤᠷᠤᠨ ᠨᠠᠰᠤᠵᠢᠯ ᠤᠨ ᠠᠰᠠᠷᠠᠮᠵᠢ ᠶᠢᠨ ᠪᠡᠯᠡ ᠮᠥᠩᠭᠦ ᠶᠢ ᠣᠶᠤᠨᠴᠢ ᠪᠠᠷ | ᠲᠥᠯᠥᠪᠵᠢᠭᠦᠯᠵᠦ ᠪᠣᠯᠣᠨ᠎ᠠ᠃ ᠰᠦᠢᠳᠬᠡᠯ ᠲᠤᠰᠢᠶᠠᠬᠤ ᠱᠠᠲᠤᠨ ᠳᠤ ᠣᠷᠣᠭᠤᠯᠬᠤ ᠠᠴᠠ ᠪᠢᠰᠢ ᠭᠠᠷᠭᠠᠬᠤ ᠦᠭᠡᠢ᠂ | ᠬᠤᠪᠢ ᠬᠥᠮᠥᠨ ᠤ ᠲᠤᠰᠢᠶᠠᠭᠰᠠᠨ ᠰᠦᠢᠳᠬᠡᠯ ᠪᠠ ᠪᠡᠯᠡ ᠣᠷᠣᠭᠤᠯᠤᠯᠲᠠ ᠶᠢᠨ ᠠᠰᠢᠭ ᠣᠷᠣᠯᠭ᠎ᠠ ᠶᠢ ᠴᠥᠮ ᠳᠠᠩᠰᠠᠨ | ᠡᠷᠦᠬᠡ ᠳᠤ ᠬᠠᠳᠠᠭᠠᠯᠠᠵᠤ᠂ ᠨᠠᠰᠤᠵᠢᠯ ᠤᠨ ᠠᠰᠠᠷᠠᠮᠵᠢ ᠶᠢᠨ ᠦᠨᠳᠦᠰᠦᠨ ᠮᠥᠩᠭᠦ ᠪᠠᠨ ᠠᠪᠬᠤ ᠨᠠᠰᠤᠨ ᠳᠤ ᠬᠥᠷᠥᠭᠰᠡᠨ | ᠵᠡᠷᠭᠡ ᠨᠥᠬᠦᠴᠡᠯ ᠳᠤ ᠨᠡᠶᠢᠴᠡᠪᠡᠯ ᠳᠠᠷᠤᠢ ᠠᠪᠴᠤ ᠪᠣᠯᠣᠨ᠎ᠠ᠃ ᠥᠭᠡᠷ᠎ᠡ ᠪᠠᠷ ᠬᠡᠯᠡᠪᠡᠯ ᠳᠦᠷᠢᠮ ᠤᠨ ᠲᠠᠯ᠎ᠠ ᠠᠴᠠ | ᠣᠷᠣᠯᠴᠠᠭᠴᠢ ᠶᠢ ᠬᠠᠪᠰᠤᠷᠤᠨ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢ ︽ᠭᠠᠳᠠᠭᠰᠢ ᠭᠠᠷᠭᠠᠬᠤ︾ | ᠨᠢ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠪᠡᠯᠡ ᠮᠥᠩᠭᠦ ᠶᠢ ᠣᠶᠤᠨᠴᠢ ᠪᠠᠷ ᠲᠥᠯᠥᠪᠵᠢᠭᠦᠯᠵᠦ᠂ ᠪᠡᠯᠡ | ᠣᠷᠣᠭᠤᠯᠤᠯᠲᠠ ᠶᠢᠨ ᠦᠢᠯᠡᠳᠬᠦᠨ ᠪᠠ ᠪᠡᠯᠡ ᠣᠷᠣᠭᠤᠯᠤᠯᠲᠠ ᠶᠢᠨ ᠬᠤᠭᠤᠴᠠᠭ᠎ᠠ ᠶᠢ ᠵᠣᠬᠢᠰᠲᠠᠢ ᠰᠣᠩᠭᠤᠵᠤ᠂ | ᠤᠷᠢᠳᠴᠢᠯᠠᠨ ᠭᠠᠷᠭᠠᠨ ᠠᠪᠬᠤ ᠠᠴᠠ ᠵᠠᠶᠢᠯᠠᠰᠬᠢᠵᠦ᠂ ᠡᠭᠦᠨ ᠤ ᠤᠯᠠᠮ ᠠᠴᠠ ᠨᠠᠰᠤᠵᠢᠯ ᠤᠨ ᠠᠰᠠᠷᠠᠮᠵᠢ ᠶᠢᠨ ᠮᠥᠩᠭᠦ ᠶᠢ | ᠨᠥᠬᠦᠪᠦᠷᠢᠯᠡᠬᠦ ᠦᠢᠯᠡᠳᠦᠯ ᠢ ᠦᠨᠡᠨ ᠬᠦ ᠪᠠᠳᠠᠷᠠᠭᠤᠯᠬᠤ ᠳᠤ ᠠᠰᠢᠭᠲᠠᠢ ᠶᠤᠮ᠃ | Q4 | Q᠄ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠳᠦᠷᠢᠮ ᠳᠤ ᠶᠠᠮᠠᠷ ᠬᠥᠮᠥᠨ ᠣᠷᠣᠯᠴᠠᠵᠤ | ᠪᠣᠯᠬᠤ ᠪᠤᠶ︖ | A ᠄ ᠠᠵᠢᠯ ᠳᠤ ᠪᠠᠶᠢᠭ᠎ᠠ ᠬᠥᠮᠥᠰ ᠶᠠᠮᠠᠷ ᠶᠠᠩᠵᠤ ᠶᠢᠨ ᠠᠵᠢᠯ ᠣᠯᠭᠤᠯᠲᠠ ᠶᠢᠨ ᠬᠡᠯᠪᠡᠷᠢ ᠲᠠᠢ ᠪᠠᠶᠢᠭᠰᠠᠨ ᠢ | ᠬᠠᠮᠢᠶᠠᠷᠬᠤ ᠦᠭᠡᠢ᠂ ᠲᠤᠬᠠᠶᠢᠯᠠᠪᠠᠯ ᠨᠢᠭᠡᠴᠢ ᠳᠤ ᠠᠵᠢᠯᠯᠠᠭᠰᠠᠳ ᠴᠤ ᠲᠡᠷᠡ᠂ ᠠᠮᠢᠳᠤᠯᠢᠭ ᠢᠶᠠᠷ ᠠᠵᠢᠯᠯᠠᠭᠰᠠᠳ ᠴᠦ ᠲᠡᠷᠡ | ᠂ ᠠᠵᠢᠯ ᠣᠯᠣᠭᠰᠠᠨ ᠭᠠᠵᠠᠷ ᠣᠷᠣᠨ᠂ ᠡᠷᠦᠭᠡ ᠠᠮᠠ ᠶᠢᠨ ᠲᠠᠩᠰᠠ ᠶᠢᠨ ᠬᠢᠵᠠᠭᠠᠷᠯᠠᠯ ᠢ ᠬᠦᠯᠢᠶᠡᠬᠦ ᠦᠭᠡᠢ᠂ ᠬᠤᠪᠢ | ᠬᠥᠮᠥᠨ ᠰᠠᠶᠢᠨ ᠳᠤᠷ᠎ᠠ ᠠᠴᠠ ᠪᠠᠨ ᠴᠥᠮ ᠲᠣᠰ ᠳᠦᠷᠢᠮ ᠳᠤ ᠡᠷᠬᠡ ᠲᠡᠭᠰᠢ ᠪᠠᠷ ᠣᠷᠣᠯᠴᠠᠵᠤ ᠪᠣᠯᠣᠨ᠎ᠠ᠃ ᠮᠤᠵᠢ ᠣᠷᠣᠨ | ᠠᠯᠤᠰᠯᠠᠨ ᠰᠢᠯᠵᠢᠭᠦᠯᠬᠦ ᠦᠶ᠎ᠡ ᠳᠤ ᠴᠦ ᠬᠤᠪᠢ ᠬᠥᠮᠥᠨ ᠤ ᠡᠷᠬᠡ ᠠᠰᠢᠭ ᠨᠥᠯᠥᠭᠡᠯᠡᠭᠳᠡᠬᠦ ᠦᠭᠡᠢ ᠃ | Q5 | Q ᠄ ᠣᠷᠤᠯᠴᠠᠬᠤ ᠬᠡᠯᠪᠡᠷᠢ ᠨᠢ ᠶᠠᠮᠠᠷ ᠪᠣᠯ ︖ | A᠄ ᠣᠷᠣᠯᠴᠠᠭᠴᠢ ᠪᠥᠬᠦ ᠶᠠᠪᠤᠴᠠ ᠳᠤ ᠣᠷᠤᠯᠴᠠᠬᠤ ᠶᠤᠮ ᠦᠦ ᠣᠨ ᠢᠶᠠᠷ ᠣᠷᠤᠯᠴᠠᠬᠤ ᠶᠤᠮ ᠦᠦ ᠭᠡᠳᠡᠭ ᠢᠶᠠᠨ | ᠥᠪᠡᠰᠦᠪᠡᠨ ᠲᠣᠭᠲᠠᠭᠠᠨ᠎ᠠ᠃ ᠡᠬᠢᠯᠡᠯᠲᠡ ᠶᠢᠨ ᠱᠠᠲᠤᠨ ᠳᠤ 1.2 ᠲᠦᠮᠡᠨ ᠲᠥᠭᠦᠷᠢᠭ ᠤᠨ ᠣᠨ ᠤ ᠰᠦᠢᠳᠬᠡᠯ | ᠲᠤᠰᠢᠶᠠᠬᠤ ᠳᠡᠭᠡᠳᠦ ᠬᠢᠵᠠᠭᠠᠷ ᠠᠴᠠ ᠬᠡᠲᠦᠷᠡᠬᠦ ᠦᠭᠡᠢ ᠯᠡ ᠶᠤᠮ ᠪᠣᠯ᠂ ᠣᠷᠣᠯᠴᠠᠭᠴᠢ ᠬᠡᠳᠦᠢ ᠲᠤᠰᠢᠶᠠᠬᠤ ᠪᠠᠨ | ᠥᠪᠡᠰᠦᠪᠡᠨ ᠲᠣᠭᠲᠠᠭᠠᠵᠤ ᠪᠣᠯᠣᠨ᠎ᠠ᠃ ᠲᠣᠰ ᠣᠨ ᠳᠤ ᠨᠢᠭᠡ ᠯᠡ ᠤᠳᠠᠭ᠎ᠠ ᠳᠤ ᠲᠤᠰᠢᠶᠠᠵᠤ ᠪᠣᠯᠬᠤ ᠮᠥᠷᠲᠡᠭᠡᠨ ᠪᠠᠰᠠ | ᠤᠳᠠᠭ᠎ᠠ ᠬᠤᠪᠢᠶᠠᠨ ᠲᠤᠰᠢᠶᠠᠵᠤ ᠪᠣᠯᠣᠨ᠎ᠠ᠃ | Q6 | Q ᠄ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠳᠠᠩᠰᠠᠨ ᠡᠷᠦᠬᠡ ᠪᠠᠨ ᠬᠡᠷᠬᠢᠨ ᠪᠠᠶᠢᠭᠤᠯᠬᠤ | ᠪᠣᠢ︖ | A᠄ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠳᠤ ᠣᠷᠤᠯᠴᠠᠬᠤ ᠳᠤ ᠬᠤᠶᠠᠷ ᠳᠠᠩᠰᠠᠨ ᠡᠷᠦᠬᠡ | ᠭᠠᠷᠭᠠᠬᠤ ᠬᠡᠷᠡᠭᠲᠡᠢ᠄ ᠨᠢᠭᠡ ᠨᠢ ᠮᠡᠳᠡᠭᠡ ᠵᠠᠩᠭᠢ ᠶᠢᠨ ᠲᠠᠪᠴᠠᠩ ᠳᠤ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ | ᠮᠥᠩᠭᠦ ᠶᠢᠨ ᠳᠠᠩᠰᠠᠨ ᠡᠷᠦᠬᠡ ᠪᠠᠶᠢᠭᠤᠯᠵᠤ᠂ ᠮᠡᠳᠡᠭᠡ ᠵᠠᠩᠭᠢ ᠲᠡᠮᠳᠡᠭᠯᠡᠬᠦ᠂ ᠬᠠᠶᠢᠵᠤ ᠯᠠᠪᠯᠠᠬᠤ ᠪᠠ ᠦᠢᠯᠡᠴᠢᠯᠡᠬᠦ ᠵᠡᠷᠭᠡ ᠳᠤ | ᠬᠡᠷᠡᠭᠯᠡᠨ᠎ᠡ︔ ᠨᠦᠭᠦᠭᠡ ᠨᠢ ᠪᠠᠩᠬᠢ ᠳᠤ ᠪᠠᠶᠢᠭᠤᠯᠤᠭᠰᠠᠨ ᠪᠤᠶᠤ ᠲᠣᠭᠲᠠᠭᠠᠭᠰᠠᠨ ᠬᠤᠪᠢ ᠬᠥᠮᠥᠨ ᠤ ᠨᠠᠰᠤᠵᠢᠯ ᠤᠨ | ᠠᠰᠠᠷᠠᠮᠵᠢ ᠶᠢᠨ ᠮᠥᠩᠭᠦ ᠶᠢᠨ ᠪᠡᠯᠡ ᠮᠥᠩᠭᠦᠨ ᠤ ᠳᠠᠩᠰᠠᠨ ᠡᠷᠦᠬᠡ ᠪᠣᠯᠣᠨ᠎ᠠ᠃ ᠡᠭᠦᠨ ᠢ ᠰᠦᠢᠳᠬᠡᠯ ᠲᠤᠰᠢᠶᠠᠬᠤ᠂ | ᠦᠢᠯᠡᠳᠬᠦᠨ ᠬᠤᠳᠠᠯᠳᠤᠨ ᠠᠪᠬᠤ᠂ ᠠᠰᠢᠭ ᠣᠷᠣᠯᠭ᠎ᠠ ᠴᠤᠭᠯᠠᠭᠤᠯᠬᠤ ᠵᠡᠷᠭᠡ ᠳᠤ ᠬᠡᠷᠡᠭᠯᠡᠨ᠎ᠡ ᠃ ᠡᠨᠡ ᠬᠤᠶᠠᠷ ᠳᠠᠩᠰᠠᠨ | ᠡᠷᠦᠬᠡ ᠬᠤᠭᠤᠷᠣᠨᠳᠤ ᠪᠠᠨ ᠵᠣᠬᠢᠴᠠᠯᠳᠤᠵᠤ ᠂ ᠣᠷᠣᠯᠴᠠᠭᠴᠢ ᠲᠣᠰ ᠲᠣᠰ ᠤᠯᠤᠰ ᠤᠨ ᠨᠡᠶᠢᠭᠡᠮ ᠤᠨ ᠳᠠᠭᠠᠳᠬᠠᠯ ᠤᠨ | ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ᠂ ᠪᠥᠬᠦ ᠤᠯᠤᠰ ᠤᠨ ᠬᠥᠮᠥᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ᠂ ᠡᠯᠧᠺᠲᠷᠣᠨ ᠨᠡᠶᠢᠭᠡᠮ ᠤᠨ | ᠪᠠᠲᠤᠯᠠᠭ᠎ᠠ ᠶᠢᠨ ᠺᠠᠷᠲ᠂ ︽ᠠᠯᠠᠭᠠᠨ ᠳᠡᠭᠡᠷᠡᠬᠢ 12333︾᠂ ᠬᠤᠳᠠᠯᠳᠤᠭᠠᠨ ᠤ ᠪᠠᠩᠬᠢ ᠵᠡᠷᠭᠡ ᠣᠯᠠᠨ ᠠᠷᠭ᠎ᠠ ᠪᠠᠷ | ᠪᠠᠶᠢᠭᠤᠯᠵᠤ ᠪᠣᠯᠣᠨ᠎ᠠ᠃ ᠡᠭᠦᠨ ᠳᠤ ᠬᠤᠳᠠᠯᠳᠤᠭᠠᠨ ᠤ ᠪᠠᠩᠬᠢ ᠪᠠᠷ ᠡᠨᠡ ᠬᠤᠶᠠᠷ ᠲᠠᠩᠰᠠᠨ ᠡᠷᠦᠬᠡ ᠶᠢ ᠨᠢᠭᠡ ᠯᠡ | ᠤᠳᠠᠭ᠎ᠠ ᠳᠤ ᠪᠥᠬᠦᠨ ᠢ ᠪᠠᠶᠢᠭᠤᠯᠵᠤ ᠪᠣᠯᠣᠨ᠎ᠠ᠃ | Q7 | Q ᠄ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠪᠠᠷ ᠬᠡᠷᠬᠢᠨ ᠪᠡᠯᠡ ᠣᠷᠤᠭᠤᠯᠤᠯᠲᠠ ᠬᠢᠬᠦ ᠪᠣᠢ︖ | | A᠄ ᠣᠷᠣᠯᠴᠠᠭᠴᠢ ᠳᠤᠷᠠᠰᠢᠯ ᠢᠶᠠᠨ ᠦᠨᠳᠦᠰᠦᠯᠡᠵᠦ᠂ ᠪᠠᠩᠬᠢ ᠶᠢᠨ ᠡᠳ᠋ ᠤᠨ ᠶᠠᠪᠤᠳᠠᠯ ᠤᠨ ᠬᠠᠮᠢᠶᠠᠷᠤᠯᠲᠠ᠂ | ᠬᠠᠳᠠᠭᠠᠯᠠᠮᠵᠢ᠂ ᠬᠤᠳᠠᠯᠳᠤᠭᠠᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ᠂ ᠢᠯᠡ ᠪᠠᠷ ᠴᠤᠭᠯᠠᠭᠤᠯᠤᠭᠰᠠᠨ ᠰᠠᠭᠤᠷᠢ | ᠮᠥᠩᠭᠦ ᠵᠡᠷᠭᠡ ᠶᠢ ᠥᠪᠡᠰᠦᠪᠡᠨ ᠰᠣᠩᠭᠤᠵᠤ ᠪᠣᠯᠬᠤ ᠮᠥᠷᠲᠡᠭᠡᠨ ᠣᠬᠤᠷ᠂ ᠳᠤᠮᠳᠠ ᠪᠠ ᠣᠷᠳᠣ ᠬᠤᠭᠤᠴᠠᠭᠠᠨ ᠤ ᠬᠢ ᠶᠢ | ᠨᠡᠶᠢᠯᠡᠭᠦᠯᠵᠦ ᠪᠣᠯᠣᠨ᠎ᠠ᠃ ᠡᠲᠡᠭᠡᠷ ᠠᠵᠢᠯᠯᠠᠭ᠎ᠠ ᠶᠢ ᠴᠥᠮ ᠪᠡᠯᠡ ᠮᠥᠩᠭᠦᠨ ᠤ ᠲᠠᠩᠰᠠᠨ ᠡᠷᠦᠬᠡ ᠳᠤ ᠪᠡᠶᠡᠯᠡᠭᠦᠯᠵᠦ ᠪᠣᠯᠬᠤ | ᠲᠤᠯᠠ ᠣᠯᠠᠨ ᠰᠠᠯᠠᠭ᠎ᠠ ᠮᠥᠴᠢᠷ ᠪᠠ ᠪᠠᠶᠢᠭᠤᠯᠤᠮᠵᠢ ᠪᠠᠷ ᠭᠦᠶᠦᠭᠰᠡᠨ ᠤ ᠬᠡᠷᠡᠭ ᠦᠭᠡᠢ᠃ | Q8 | Q ᠄ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠬᠡᠷᠬᠢᠨ ᠭᠠᠷᠭᠠᠨ ᠠᠪᠬᠤ ᠪᠣᠢ︖ | A ᠄ ᠣᠷᠣᠯᠴᠠᠭᠴᠢ ᠭᠠᠷᠭᠠᠨ ᠠᠪᠬᠤ ᠨᠥᠬᠦᠴᠡᠯ ᠳᠤ ᠨᠡᠶᠢᠴᠡᠭᠰᠡᠨ ᠦᠶ᠎ᠡ ᠳᠤ᠂ ᠰᠠᠷ᠎ᠠ ᠪᠠᠷ ᠭᠠᠷᠭᠠᠨ ᠠᠪᠬᠤ᠂ | ᠡᠰᠡᠬᠦᠯ᠎ᠡ ᠤᠳᠠᠭ᠎ᠠ ᠬᠤᠪᠢᠶᠠᠬᠤ ᠪᠤᠶᠤ ᠭᠠᠭᠴᠠ ᠤᠳᠠᠭ᠎ᠠ ᠪᠠᠷ ᠭᠠᠷᠭᠠᠨ ᠠᠪᠴᠤ ᠪᠣᠯᠣᠨ᠎ᠠ᠃ ᠬᠤᠳᠠᠯᠳᠤᠭᠠᠨ ᠤ ᠪᠠᠩᠬᠢ | ᠬᠤᠪᠢ ᠬᠥᠮᠥᠨ ᠤ ᠰᠣᠩᠭᠤᠬᠤ ᠠᠷᠭ᠎ᠠ ᠢ ᠦᠨᠳᠦᠰᠦᠯᠡᠨ᠂ ᠬᠤᠪᠢ ᠬᠥᠮᠥᠨ ᠤ ᠲᠠᠩᠰᠠᠨ ᠡᠷᠦᠭᠡ ᠶᠢᠨ ᠪᠡᠯᠡ ᠮᠥᠩᠭᠦ ᠶᠢ | ᠣᠷᠣᠯᠴᠠᠭᠴᠢ ᠶᠢᠨ ᠬᠤᠪᠢ ᠬᠥᠮᠥᠨ ᠤ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠪᠠᠩᠬᠢ ᠶᠢᠨ ᠲᠠᠩᠰᠠᠨ ᠡᠷᠦᠭᠡ ᠳᠤ | ᠰᠢᠯᠵᠢᠭᠦᠯᠦᠨ ᠣᠷᠣᠭᠤᠯᠤᠨ᠎ᠠ ᠃ ᠣᠨᠴᠠᠭᠠᠶ ᠪᠠᠶᠢᠳᠠᠯ ᠳᠣᠣᠷ᠎ᠠ᠂ ᠵᠢᠱᠢᠶᠡᠯᠡᠪᠡᠯ ᠬᠥᠳᠡᠯᠮᠦᠷᠢᠯᠡᠬᠦ ᠴᠢᠳᠠᠪᠤᠷᠢ ᠪᠠᠨ ᠪᠦᠷᠢᠮᠦᠰᠦᠨ | ᠠᠯᠳᠠᠬᠤ᠂ ᠭᠠᠳᠠᠭᠠᠳᠤ ᠳᠤ ᠭᠠᠷᠬᠤ ᠪᠤᠶᠤ ᠬᠢᠯᠢ ᠠᠴᠠ ᠭᠠᠷᠴᠤ ᠨᠤᠲᠤᠭᠰᠢᠭᠰᠠᠨ ᠵᠡᠷᠭᠡ ᠪᠠᠶᠢᠳᠠᠯ ᠳᠤ ᠴᠤ ᠭᠠᠷᠭᠠᠨ ᠠᠪᠴᠤ | ᠪᠣᠯᠣᠨ᠎ᠠ ᠃ | ᠪᠡᠯᠡᠳᠭᠡᠭᠰᠡᠨ ᠨᠢ᠄ ᠣᠳᠣᠨᠭᠡᠷᠡᠯ | ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ | ᠰᠦᠯᠵᠢᠶ᠎ᠡ | | |