︽ᠬᠤᠸᠠᠳᠧ ᠰᠢᠶᠠᠨ ᠤ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠰᠢᠶᠠᠨ ᠤ ︽ᠡᠷᠬᠢᠨ ᠪᠠᠶᠢᠴᠠᠭᠠᠬᠤ︾ ᠠᠵᠢᠯᠯᠠᠭ᠎ᠠ ᠦᠷᠨᠢᠭᠦᠯᠬᠦ ᠠᠵᠢᠯ ᠤᠨ ᠲᠥᠰᠥᠯ︾ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2022/5/12
          ᠬᠤᠸᠠᠳᠧ ᠵᠠᠰᠠᠭ ᠲᠠᠷᠬᠠᠭᠠᠭᠰᠠᠨ〔2022〕31 ᠳ᠋ᠤᠭᠡᠷ ᠲᠣᠭᠠᠲᠤᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠂ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠨᠢᠭᠡᠴᠡ ᠨᠦᠭᠦᠳ ᠲᠤ ᠄   ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠦᠯᠭᠦᠢ ᠰᠢᠶᠠᠨ ︵ᠳᠣᠷᠣᠭᠰᠢ ︽ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠪᠦᠲᠦᠭᠡᠭᠳᠡᠬᠦᠨ ᠤ ᠠᠶᠦᠯᠭᠦᠢ ᠰᠢᠶᠠᠨ︾ ᠭᠡᠵᠦ ᠲᠣᠪᠴᠢᠯᠠᠨ᠎ᠠ︶ ᠤ ︽ᠡᠷᠬᠢᠨ ᠪᠠᠶᠢᠴᠠᠭᠠᠬᠤ︾ ᠠᠵᠢᠯᠯᠠᠭ᠎ᠠ ᠶᠢᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠵᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠪᠦᠲᠦᠭᠡᠭᠳᠡᠬᠦᠨ ᠤ ᠠᠶᠦᠯᠭᠦᠢ ᠰᠢᠶᠠᠨ ᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠠᠴᠠ ᠡᠭᠦᠳᠦᠨ ᠪᠠᠶᠢᠭᠤᠯᠬᠤ ᠶᠢ ᠰᠢᠯᠭᠠᠨ ᠬᠢᠨᠠᠬᠤ ᠱᠠᠭᠠᠷᠳᠠᠯᠭ᠎ᠠ ᠳᠤ ᠬᠦᠷᠴᠦ ᠳᠡᠶᠢᠯᠦᠭᠰᠡᠨ ᠦᠭᠡᠢ ᠮᠥᠷᠲᠡᠭᠡᠨ ᠴᠡᠭᠴᠡᠯᠡᠨ ᠰᠠᠶᠢᠵᠢᠷᠠᠭᠤᠯᠤᠭᠰᠠᠨ ᠢᠶᠠᠷ ᠬᠦᠷᠦᠯᠴᠡᠬᠦ ᠦᠭᠡᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠪᠦᠲᠦᠭᠡᠭᠳᠡᠬᠦᠨ ᠤ ᠠᠶᠦᠯᠭᠦᠢ ᠰᠢᠶᠠᠨ ᠤ ᠴᠣᠯᠠ ᠶᠢ ᠬᠦᠴᠦᠨ ᠦᠭᠡᠢ ᠪᠣᠯᠭᠠᠨ᠎ᠠ᠃ ᠮᠠᠨ ᠤ ᠰᠢᠶᠠᠨ ᠳᠥᠷᠪᠡᠳᠦᠭᠡᠷ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠦᠯᠭᠦᠢ ᠰᠢᠶᠠᠨ ᠪᠣᠯᠤᠭᠰᠠᠨ ᠤ ᠬᠤᠪᠢ ᠳᠤ ᠂ ︽ ᠬᠤᠸᠠᠳᠧ ᠰᠢᠶᠠᠨ ᠤ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠰᠢᠶᠠᠨ ᠤ ︿ᠡᠷᠬᠢᠨ ᠪᠠᠶᠢᠴᠠᠭᠠᠬᠤ﹀ ᠠᠵᠢᠯᠯᠠᠭ᠎ᠠ ᠥᠷᠨᠢᠭᠦᠯᠬᠦ ᠠᠵᠢᠯ ᠤᠨ ᠲᠥᠰᠥᠯ ︾ ᠢ ᠰᠤᠳᠤᠯᠤᠨ ᠲᠣᠭᠲᠠᠭᠠᠪᠠ ᠃ ᠤᠳᠤ ᠳᠠᠷᠤᠮᠠᠯᠯᠠᠨ ᠲᠠᠷᠬᠠᠭᠠᠪᠠ ᠂ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠬᠦ ᠪᠣᠯᠪᠠᠤ ᠃                      ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠣᠨ                                2022 ᠣᠨ ᠤ 4 ᠰᠠᠷ᠎ᠠ ᠶᠢᠨ 26︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶   ᠬᠤᠸᠠᠳᠧ ᠰᠢᠶᠠᠨ ᠤ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠰᠢᠶᠠᠨ ᠤ ︽ᠡᠷᠬᠢᠨ ᠪᠠᠶᠢᠴᠠᠭᠠᠬᠤ︾ ᠠᠵᠢᠯᠯᠠᠭ᠎ᠠ ᠶᠢ ᠥᠷᠨᠢᠭᠦᠯᠬᠦ ᠠᠵᠢᠯ ᠤᠨ ᠲᠥᠰᠥᠯ   ᠥᠪᠡᠷᠲᠡᠭᠡᠨ ᠵᠠᠰᠠᠬᠤ ᠣᠷᠣᠨ ᠤ ᠦᠨᠡᠯᠡᠨ ᠵᠢᠱᠢᠯᠲᠡ ᠳᠤ ᠬᠠᠮᠵᠢᠯᠴᠠᠬᠤ ᠶᠢᠨ ᠲᠤᠰᠠᠳᠠ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠪᠦᠲᠦᠭᠡᠭᠳᠡᠬᠦᠨ ᠤ ᠠᠶᠦᠯᠭᠦᠢ ᠰᠢᠶᠠᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠪᠦᠲᠦᠭᠡᠭᠳᠡᠬᠦᠨ ᠤ ᠠᠶᠦᠯᠭᠦᠢ ᠰᠢᠶᠠᠨ ᠤ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠪᠠᠬᠢᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠪᠦᠲᠦᠭᠡᠭᠳᠡᠬᠦᠨ ᠤ ᠠᠶᠦᠯᠭᠦᠢ ᠰᠢᠶᠠᠨ ᠤ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠂ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠠᠷᠢᠶᠠᠲᠤ ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠮᠠᠨ ᠤ ᠰᠢᠶᠠᠨ ᠢ ᠦᠨᠡᠨᠬᠦ ᠪᠥᠬᠦ ᠣᠷᠣᠨ ᠤ ᠬᠠᠤᠯᠢ ᠶᠣᠰᠣᠭᠠᠷ ᠬᠢᠨᠠᠨ ᠬᠠᠮᠢᠶᠠᠷᠬᠤ ᠥᠯᠢᠭᠡᠷ ᠳᠠᠭᠤᠷᠢᠶᠠᠯ ᠲᠣᠭᠤᠷᠢᠭ᠂ ᠬᠢᠨᠠᠨ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠢᠯᠡᠷᠡᠭᠦᠯᠦᠭᠰᠡᠨ ᠦᠵᠡᠭᠦᠯᠦᠯᠭᠡ ᠶᠢᠨ ᠲᠣᠭᠤᠷᠢᠭ ᠪᠠ ᠬᠢᠨᠠᠨ ᠬᠠᠮᠢᠶᠠᠷᠬᠤ ᠠᠷᠭ᠎ᠠ ᠪᠠᠷᠢᠯ ᠢ ᠬᠠᠶᠢᠨ ᠰᠦᠪᠡᠭᠴᠢᠯᠡᠬᠦ ᠤᠷᠢᠳᠠᠪᠠᠷ ᠬᠡᠷᠡᠭᠵᠢᠭᠦᠯᠬᠦ ᠲᠣᠭᠤᠷᠢᠭ ᠪᠣᠯᠭᠠᠨ ᠪᠠᠶᠢᠭᠤᠯᠵᠤ᠂ ᠲᠣᠰ ᠲᠥᠰᠥᠯ ᠢ ᠲᠣᠭᠲᠠᠭᠠᠪᠠ᠃   ᠨᠢᠭᠡ᠂ ᠭᠤᠣᠯᠳᠠᠯᠭ᠎ᠠ ᠲᠠᠢ ᠡᠭᠦᠷᠭᠡ   ︽ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠰᠢᠶᠠᠨ ᠢ ᠡᠭᠦᠳᠦᠨ ᠪᠠᠶᠢᠭᠤᠯᠬᠤ ᠲᠥᠰᠥᠯ ︾ ᠪᠠ ︽ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠶᠢᠨ ᠰᠢᠶᠠᠨ ᠢ ᠬᠢᠨᠠᠨ ᠰᠢᠯᠭᠠᠬᠤ ᠠᠷᠭ᠎ᠠ︾ ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠪᠠᠷ ᠯᠠᠪᠯᠠᠯᠲᠠ ᠪᠣᠯᠭᠠᠵᠤ ᠂ ᠳᠣᠣᠷᠠᠬᠢ ᠲᠠᠪᠤᠨ ᠲᠠᠯ᠎ᠠ ᠶᠢ ᠭᠤᠣᠯᠳᠠᠯᠭ᠎ᠠ ᠲᠠᠢ ᠪᠠᠷ ᠬᠢᠨᠠᠨ ᠪᠠᠶᠢᠴᠠᠭᠠᠨ᠎ᠠ᠃   ︵ᠨᠢᠭᠡ︶ ᠵᠠᠰᠠᠭ ᠤᠨ ᠣᠷᠳᠣᠨ ᠤ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ   1. ᠢᠳᠡᠭᠡᠨ ᠤ ᠠᠮᠤᠷ ᠲᠦᠪᠰᠢᠨ ᠤ ᠨᠠᠮ ᠵᠠᠰᠠᠭ ᠤᠨ ᠠᠳᠠᠯᠢ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠃ ᠢᠳᠡᠭᠡᠨ ᠤ ᠠᠮᠤᠷ ᠲᠦᠪᠰᠢᠨ ᠤ ᠠᠵᠢᠯ ᠢ ᠨᠠᠮ ᠤᠨ ᠬᠤᠷᠢᠶᠠᠨ ᠤ ᠪᠦᠭᠦᠳᠡ ᠬᠤᠷᠠᠯ ᠳᠤ ᠮᠡᠳᠡᠭᠦᠯᠬᠦ ᠴᠢᠬᠤᠯᠠ ᠠᠭᠤᠯᠭ᠎ᠠ ᠪᠣᠯᠭᠠᠭᠰᠠᠨ ᠡᠰᠡᠬᠦ ᠶᠢ ᠬᠢᠨᠠᠨ ᠪᠠᠶᠢᠴᠠᠭᠠᠨ᠎ᠠ ︔ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠭᠡᠰᠢᠭᠦᠨ ᠤ ᠢᠳᠡᠭᠡᠨ ᠤ ᠠᠮᠤᠷ ᠲᠦᠪᠰᠢᠨ ᠤ ᠬᠠᠮᠢᠶ᠎ᠠ ᠪᠦᠬᠦᠢ ᠠᠵᠢᠯ ᠤᠨ ᠬᠠᠷᠢᠭᠤᠴᠠᠯᠭ᠎ᠠ ᠶᠢᠨ ᠨᠠᠷᠢᠨ ᠳᠠᠩᠰᠠ ᠶᠢ ᠪᠠᠶᠢᠭᠤᠯᠤᠨ ᠪᠦᠷᠢᠨᠰᠢᠬᠦᠯᠦᠭᠰᠡᠨ ᠡᠰᠡᠬᠦ ᠂ ᠢᠳᠡᠭᠡᠨ ᠤ ᠠᠮᠤᠷ ᠲᠦᠪᠰᠢᠨ ᠤ ᠠᠵᠢᠯ ᠢ ᠮᠠᠨ ᠤ ᠰᠢᠶᠠᠨ ᠤ ᠨᠠᠮ ᠵᠠᠰᠠᠭ ᠤᠨ ᠤᠳᠤᠷᠢᠳᠬᠤ ᠺᠠᠳ᠋ᠷ ᠤᠨ ᠠᠵᠢᠯ ᠤᠨ ᠪᠦᠲᠦᠮᠵᠢ ᠳᠤ ᠣᠷᠤᠭᠤᠯᠤᠭᠰᠠᠨ ᠡᠰᠡᠬᠦ᠂ ᠢᠳᠡᠭᠡᠨ ᠤ ᠠᠶᠤᠯᠭᠦᠢ ᠶᠢᠨ ᠠᠵᠢᠯ ᠤᠨ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠶᠢ ᠥᠷᠨᠢᠭᠦᠯᠦᠭᠰᠡᠨ ᠡᠰᠡᠬᠦ ᠂ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯᠳᠤᠭᠠᠨ ᠪᠤᠶᠤ ᠲᠤᠰᠬᠠᠢ ᠰᠡᠳᠦᠪᠲᠦ ᠬᠤᠷᠠᠯᠳᠤᠭᠠᠨ ᠢ ᠬᠤᠷᠠᠯᠳᠤᠭᠤᠯᠤᠭᠰᠠᠨ ᠡᠰᠡᠬᠦ᠃ ︵ᠳᠡᠭᠡᠷᠡᠬᠢ ᠠᠭᠤᠯᠭ᠎ᠠ ᠳᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠪᠠᠭᠲᠠᠨ᠎ᠠ᠃︶   2. ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠶᠢ ᠬᠢᠨᠠᠨ ᠰᠢᠯᠭᠠᠬᠤ ᠬᠤᠪᠢ ᠶᠢᠨ ᠵᠢᠩ ᠃ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢᠨ ᠰᠢᠶᠠᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠬᠢᠨᠠᠨ ᠰᠢᠯᠭᠠᠬᠤ ᠰᠢᠰᠲ᠋ᠧᠮ ᠳᠠᠬᠢ ᠡᠵᠡᠯᠡᠬᠦᠨ ᠤ ᠬᠡᠮᠵᠢᠶ᠎ᠡ ᠨᠢ 5%  ᠠᠴᠠ ᠥᠨᠳᠥᠷ ᠪᠠᠶᠢᠬᠤ ᠡᠰᠡᠬᠦ ᠶᠢ ᠲᠣᠭᠲᠠᠭᠠᠨ᠎ᠠ ︵ᠡᠭᠦᠨ ᠳᠤ ᠭᠠᠷᠤᠯᠲᠠ ᠶᠢᠨ ᠣᠷᠣᠨ ᠤ ᠣᠷᠴᠢᠨ ᠠᠬᠤᠢ ᠶᠢ ᠵᠠᠰᠠᠬᠤ ᠂ ᠪᠣᠷᠳᠤᠭ᠎ᠠ ᠪᠠᠭᠠᠰᠬᠠᠨ ᠡᠮ ᠢ ᠪᠠᠭᠠᠰᠬᠠᠬᠤ ᠂ ᠶᠠᠰᠤ ᠴᠢᠨᠠᠷ ᠤᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠂ ᠬᠢᠷᠢ ᠲᠡᠩᠴᠡᠭᠰᠡᠨ ᠨᠤᠷᠮ᠎ᠠ ᠵᠡᠷᠭᠡ ᠲᠠᠯ᠎ᠠ ᠪᠠᠭᠲᠠᠨ᠎ᠠ︶   3. ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠶᠢᠨ ᠠᠵᠢᠯ ᠢ ᠲᠥᠯᠦᠪᠵᠢᠭᠦᠯᠭᠡ ᠪᠠ ᠵᠠᠷᠤᠳᠠᠯ ᠤᠨ ᠪᠠᠲᠤᠯᠠᠭ᠎ᠠ ᠳᠤ ᠣᠷᠣᠭᠤᠯᠤᠭᠰᠠᠨ ᠪᠠᠶᠢᠳᠠᠯ ᠃ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠠᠵᠢᠯ ᠢ ᠬᠠᠮᠢᠶ᠎ᠠ ᠪᠦᠬᠦᠢ ᠲᠥᠯᠦᠪᠵᠢᠭᠦᠯᠭᠡ ᠪᠠ ᠬᠢᠨᠠᠨ ᠬᠠᠮᠢᠶᠠᠷᠬᠤ ᠪᠠᠶᠢᠴᠠᠭᠠᠨ ᠰᠢᠯᠭᠠᠬᠤ ᠵᠠᠷᠤᠳᠠᠯ ᠤᠨ ᠪᠠᠲᠤᠯᠠᠭ᠎ᠠ ᠳᠤ ᠣᠷᠣᠭᠤᠯᠤᠭᠰᠠᠨ ᠵᠡᠷᠭᠡ ᠪᠠᠶᠢᠳᠠᠯ ᠢ ᠬᠢᠨᠠᠨ ᠪᠠᠶᠢᠴᠠᠭᠠᠵᠤ᠂ ᠡᠭᠦᠨ ᠳᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠮᠠᠨ ᠤ ᠰᠢᠶᠠᠨ ᠤ ᠤᠯᠤᠰ ᠠᠷᠠᠳ ᠤᠨ ᠠᠵᠤ ᠠᠬᠤᠢ ᠶᠢᠨ ᠬᠥᠭᠵᠢᠯᠲᠡ ᠶᠢᠨ ᠲᠥᠯᠦᠪᠵᠢᠭᠦᠯᠭᠡ ᠳᠤ ᠣᠷᠣᠭᠤᠯᠤᠭᠰᠠᠨ ᠡᠰᠡᠬᠦ ᠂ ᠵᠠᠰᠠᠭ ᠤᠨ ᠣᠷᠳᠣᠨ ᠤ ᠨᠡᠷ᠎ᠡ ᠪᠠᠷ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢᠨ ᠣᠨ ᠤ ᠲᠥᠯᠥᠪᠯᠡᠭᠡ ᠶᠢ ᠲᠣᠭᠲᠠᠭᠠᠨ ᠬᠡᠷᠡᠭᠵᠢᠭᠦᠯᠦᠭᠰᠡᠨ ᠡᠰᠡᠬᠦ ᠂ ᠬᠢᠨᠠᠨ ᠪᠠᠶᠢᠴᠠᠭᠠᠵᠤ ᠬᠢᠨᠠᠨ ᠬᠠᠮᠢᠶᠠᠷᠬᠤ ᠂ ᠪᠠᠶᠢᠴᠠᠭᠠᠨ ᠬᠡᠮᠵᠢᠬᠦ ᠂ ᠬᠠᠤᠯᠢ ᠬᠡᠷᠡᠭᠵᠢᠭᠦᠯᠬᠦ ᠵᠡᠷᠭᠡ ᠠᠵᠢᠯ ᠤᠨ ᠵᠠᠷᠤᠳᠠᠯ ᠢ ᠡᠳ᠋ ᠤᠨ ᠵᠠᠰᠠᠭ ᠤᠨ ᠲᠥᠰᠥᠪ ᠲᠤ ᠣᠷᠣᠭᠤᠯᠤᠭᠰᠠᠨ ᠪᠠ ᠰᠢᠯᠵᠢᠭᠦᠯᠦᠨ ᠥᠭᠭᠦᠭᠰᠡᠨ ᠪᠠᠶᠢᠳᠠᠯ ᠃   ︵ᠬᠤᠶᠠᠷ︶ ᠦᠨᠳᠦᠰᠦᠨ ᠱᠠᠲᠤᠨ ᠤ ᠬᠢᠨᠠᠨ ᠬᠠᠮᠢᠶᠠᠷᠬᠤ ᠴᠢᠳᠠᠪᠤᠷᠢ ᠶᠢᠨ ᠪᠠᠶᠢᠭᠤᠯᠤᠯᠲᠠ ᠶᠢᠨ ᠪᠠᠶᠢᠳᠠᠯ    ᠰᠢᠶᠠᠩ ᠪᠠᠯᠭᠠᠰᠤᠨ ᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠪᠠᠶᠢᠭᠤᠯᠤᠯᠲᠠ ᠶᠢᠨ ᠠᠵᠢᠯᠯᠠᠭ᠎ᠠ ᠂ ᠨᠥᠬᠦᠴᠡᠯ ᠤᠨ ᠲᠣᠬᠢᠷᠠᠭᠤᠯᠤᠯᠲᠠ ᠪᠠ ᠬᠠᠮᠵᠢᠨ ᠬᠠᠮᠢᠶᠠᠷᠤᠭᠴᠢ ᠶᠢᠨ ᠡᠩᠨᠡᠭᠡᠨ ᠤ ᠪᠠᠶᠢᠭᠤᠯᠤᠯᠲᠠ ᠵᠡᠷᠭᠡ ᠪᠠᠶᠢᠳᠠᠯ ᠢ ᠰᠢᠨᠵᠢᠯᠡᠨ‌‍ᠰᠢᠶᠠᠩ ᠪᠠᠯᠭᠠᠰᠤᠨ ᠳᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ︵ᠲᠤᠰᠠᠭᠠᠷ ᠪᠤᠶᠤ ᠫᠠᠶᠢᠰᠠ ᠡᠯᠭᠦᠬᠦ︶ ᠪᠠᠶᠢᠬᠤ ᠡᠰᠡᠬᠦ  ᠶᠢ ᠪᠦᠬᠦ ᠲᠠᠯ᠎ᠠ  ᠪᠠᠷ ᠬᠢᠨᠠᠨ ᠪᠠᠶᠢᠴᠠᠭᠠᠵᠤ᠂ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠶᠢᠨ ᠬᠢᠨᠠᠨ ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠭ᠎ᠠ ᠨᠢᠭᠡᠴᠡ ᠪᠠᠶᠢᠬᠤ ᠡᠰᠡᠬᠦ ᠂ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠶᠢᠨ ᠬᠢᠨᠠᠨ ᠬᠠᠮᠢᠶᠠᠷᠤᠭᠴᠢ ᠶᠢᠨ ᠠᠵᠢᠯ ᠤᠨ ᠪᠠᠶᠢᠷᠢ ᠪᠠᠶᠢᠬᠤ ᠡᠰᠡᠬᠦ ᠂ ᠲᠣᠰᠬᠤᠨ ᠤ ᠱᠠᠲᠤᠨ ᠤ ᠬᠠᠮᠵᠢᠨ ᠬᠠᠮᠢᠶᠠᠷᠤᠭᠴᠢ ᠶᠢᠨ ᠡᠩᠨᠡᠭᠡ ᠂ ᠠᠵᠢᠯᠯᠠᠬᠤ ᠭᠠᠵᠠᠷ ᠂ ᠠᠵᠢᠯᠯᠠᠬᠤ ᠲᠣᠨᠣᠭᠯᠠᠯ ᠂ ᠦᠯᠢᠭᠡᠷ ᠠᠪᠴᠤ ᠪᠠᠶᠢᠴᠠᠭᠠᠨ ᠰᠢᠯᠭᠠᠬᠤ ᠲᠥᠬᠦᠭᠡᠷᠦᠮᠵᠢ ᠂ ᠬᠠᠤᠯᠢ ᠬᠡᠷᠡᠭᠵᠢᠭᠦᠯᠦᠯᠲᠡ ᠶᠢᠨ ᠬᠢᠨᠠᠨ ᠬᠠᠮᠢᠶᠠᠷᠤᠯᠲᠠ ᠶᠢᠨ ᠭᠡᠷᠡᠴᠢ ᠠᠪᠬᠤ ᠲᠣᠨᠣᠭᠯᠠᠯ ᠵᠡᠷᠭᠡ ᠶᠢ ᠪᠠᠶᠢᠭᠤᠯᠤᠭᠰᠠᠨ ᠡᠰᠡᠬᠦ ᠵᠡᠷᠭᠡ ᠨᠢ ᠬᠡᠷᠡᠭᠴᠡᠭᠡ ᠶᠢ ᠬᠠᠩᠭᠠᠵᠤ ᠪᠠᠶᠢᠬᠤ ᠡᠰᠡᠬᠦ ᠶᠢ ᠲᠣᠳᠣᠷᠬᠠᠶᠢᠯᠠᠭᠰᠠᠨ ᠡᠰᠡᠬᠦ ᠃ ᠵᠢᠯ ᠪᠦᠷᠢ ᠰᠢᠶᠠᠩ ᠪᠠᠯᠭᠠᠰᠤ ᠶᠢᠨ ᠲᠦᠷᠭᠡᠨ ᠬᠡᠮᠵᠢᠯᠲᠡ ᠪᠠ ᠬᠢᠨᠠᠨ ᠬᠠᠮᠢᠶᠠᠷᠤᠯᠲᠠ ᠶᠢᠨ ᠪᠡᠯᠡ ᠮᠥᠩᠭᠦ ᠥᠷᠨᠢᠭᠦᠯᠬᠦ ᠳᠤ ᠬᠡᠷᠡᠭᠯᠡᠬᠦ ᠪᠠᠶᠢᠳᠠᠯ ᠢ ᠲᠣᠬᠢᠷᠠᠭᠤᠯᠤᠨ᠎ᠠ ᠃   ︵ᠭᠤᠷᠪᠠ︶ ᠰᠢᠶᠠᠨ ᠤ ᠱᠠᠲᠤᠨ ᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠪᠠᠶᠢᠳᠠᠯ ᠢ ᠪᠠᠶᠢᠴᠠᠭᠠᠨ ᠰᠢᠯᠭᠠᠬᠤ   1. ᠰᠢᠶᠠᠨ ᠤ ᠱᠠᠲᠤᠨ ᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠪᠠᠶᠢᠳᠠᠯ ᠢ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠦᠷᠳᠡᠭᠡ ᠶᠢᠨ ᠪᠦᠲᠦᠭᠡᠨ ᠪᠠᠶᠢᠭᠤᠯᠤᠯᠲᠠ ᠪᠠ ᠠᠵᠢᠯᠯᠠᠭᠠᠨ ᠤ ᠪᠠᠶᠢᠳᠠᠯ ᠵᠢᠴᠢ ︽ᠬᠤᠣᠰ ᠭᠡᠷᠡᠴᠢᠯᠡᠯ︾ ᠢ ᠥᠩᠭᠡᠷᠡᠭᠡᠭᠰᠡᠨ ᠪᠠᠶᠢᠳᠠᠯ ᠃ ᠰᠢᠶᠠᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠳᠤ ᠪᠠᠶᠢᠴᠠᠭᠠᠨ ᠰᠢᠯᠭᠠᠬᠤ ᠦᠷᠳᠡᠭᠡ ᠪᠠᠶᠢᠭᠤᠯᠤᠭᠰᠠᠨ ᠡᠰᠡᠬᠦ ᠂ ︽ᠲᠠᠪᠤ ᠶᠢ ᠪᠦᠷᠢᠳᠦᠭᠦᠯᠬᠦ︾ ᠪᠠᠷᠢᠮᠵᠢᠶ᠎ᠠ ︵ᠪᠠᠶᠢᠭᠤᠯᠤᠮᠵᠢ ᠲᠠᠢ ᠂ ᠫᠠᠶᠢᠰᠠ ᠲᠠᠢ ᠂ ᠲᠥᠬᠦᠭᠡᠷᠦᠮᠵᠢ ᠲᠠᠢ ᠂ ᠡᠩᠨᠡᠭᠡ ᠲᠠᠢ ᠂ ᠪᠠᠲᠤᠯᠠᠭ᠎ᠠ ᠲᠠᠢ︶ ᠳᠤ ᠬᠦᠷᠦᠭᠰᠡᠨ ᠡᠰᠡᠬᠦ ᠂ ︽ᠬᠤᠣᠰ ᠭᠡᠷᠡᠴᠢᠯᠡᠯ︾ ᠢ ᠥᠩᠭᠡᠷᠡᠭᠡᠭᠰᠡᠨ ᠡᠰᠡᠬᠦ ᠂ ᠠᠵᠢᠯᠲᠠᠨ ᠤ ᠬᠡᠮᠵᠢᠭᠦᠷᠯᠢᠭ ᠲᠥᠬᠦᠭᠡᠷᠦᠮᠵᠢ ᠶᠢ ᠲᠣᠬᠢᠷᠠᠭᠤᠯᠤᠭᠰᠠᠨ ᠪᠠᠶᠢᠳᠠᠯ ᠂ ᠰᠢᠶᠠᠨ ᠤ ᠱᠠᠲᠤᠨ ᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠶᠢ ᠬᠢᠨᠠᠨ ᠰᠢᠯᠭᠠᠬᠤ ᠪᠠᠶᠢᠭᠤᠯᠤᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ︵ᠬᠤᠶᠠᠳᠤᠭᠠᠷ ᠲᠦᠷᠦᠯ ᠤᠨ ᠰᠢᠶᠠᠨ︶ ︵NY/T2245-2012︶ ᠳᠤ ᠨᠡᠶᠢᠴᠡᠭᠰᠡᠨ ᠡᠰᠡᠬᠦ ᠂ ᠪᠤᠰᠤᠳ ᠰᠠᠯᠠᠭ᠎ᠠ ᠮᠥᠴᠢᠷ ᠲᠤ ᠰᠢᠯᠵᠢᠭᠦᠯᠦᠨ ᠥᠭᠭᠦᠭᠰᠡᠨ ᠡᠰᠡᠬᠦ ᠶᠢ ᠬᠢᠨᠠᠨ ᠪᠠᠶᠢᠴᠠᠭᠠᠨ᠎ᠠ᠃   2. ᠬᠡᠮᠵᠢᠶ᠎ᠡ ᠲᠠᠢ ᠪᠠᠶᠢᠴᠠᠭᠠᠨ ᠰᠢᠯᠭᠠᠬᠤ ᠠᠵᠢᠯ ᠢ ᠥᠷᠨᠢᠭᠦᠯᠦᠭᠰᠡᠨ ᠵᠡᠷᠭᠡ ᠪᠠᠶᠢᠳᠠᠯ᠃ ᠭᠤᠣᠯ ᠪᠣᠯᠬᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠶᠢ ᠬᠢᠨᠠᠨ ᠬᠡᠮᠵᠢᠬᠦ ᠲᠥᠯᠥᠪᠯᠡᠭᠡ ᠶᠢ ᠲᠣᠭᠲᠠᠭᠠᠨ ᠬᠡᠷᠡᠭᠵᠢᠭᠦᠯᠦᠭᠰᠡᠨ ᠡᠰᠡᠬᠦ ᠂ ᠰᠢᠶᠠᠨ ᠤ ᠱᠠᠲᠤᠨ ᠤ ᠪᠦᠬᠦ ᠵᠢᠯ ᠤᠨ ᠲᠣᠭᠲᠠᠭᠰᠠᠨ ᠬᠡᠮᠵᠢᠶ᠎ᠡ ᠪᠠᠷ ᠰᠣᠩᠭᠤᠨ ᠪᠠᠶᠢᠴᠠᠭᠠᠭᠰᠠᠨ ᠲᠠᠷᠢᠶᠠᠯᠠᠩ ᠤᠨ ᠪᠦᠲᠦᠭᠡᠭᠳᠡᠬᠦᠨ ᠤ ᠦᠯᠢᠭᠡᠷ ᠡᠳ᠋ ᠤᠨ ᠲᠤᠭ᠎ᠠ ᠬᠡᠮᠵᠢᠶ᠎ᠡ ᠨᠢ 300 ᠠᠴᠠ ᠳᠡᠭᠡᠭᠰᠢ ᠳᠤ ᠬᠦᠷᠦᠭᠰᠡᠨ ᠡᠰᠡᠬᠦ ᠂ ᠪᠠᠶᠢᠴᠠᠭᠠᠨ ᠬᠡᠮᠵᠢᠬᠦ ᠦᠷᠳᠡᠭᠡ ᠶᠢᠨ ᠬᠡᠮᠵᠢᠭᠦᠷᠯᠢᠭ ᠲᠥᠬᠦᠭᠡᠷᠦᠮᠵᠢ ᠶᠢᠨ ᠠᠵᠢᠯᠯᠠᠭᠠᠨ ᠳᠤ ᠬᠡᠷᠡᠭᠯᠡᠭᠰᠡᠨ ᠡᠰᠡᠬᠦ ᠶᠢ ᠪᠠᠶᠢᠴᠠᠭᠠᠨ ᠬᠡᠮᠵᠢᠵᠦ ᠂ ᠵᠢᠯ ᠪᠦᠷᠢ ᠲᠣᠭᠲᠠᠭᠰᠠᠨ ᠬᠡᠮᠵᠢᠶ᠎ᠡ ᠪᠠᠷ ᠪᠠᠶᠢᠴᠠᠭᠠᠨ ᠬᠡᠮᠵᠢᠬᠦ ᠳᠤ ᠬᠡᠷᠡᠭᠯᠡᠬᠦ ᠪᠡᠯᠡ ᠮᠥᠩᠭᠦ ᠶᠢᠨ ᠪᠠᠶᠢᠳᠠᠯ ᠢ ᠲᠣᠬᠢᠷᠠᠭᠤᠯᠤᠨ ᠬᠢᠨᠠᠨ ᠪᠠᠶᠢᠴᠠᠭᠠᠨ᠎ᠠ ᠃   ︵ᠳᠥᠷᠪᠡ︶ ᠭᠤᠣᠯᠳᠠᠯᠭ᠎ᠠ ᠲᠠᠢ ᠠᠵᠢᠯ ᠢ ᠲᠦᠯᠬᠢᠨ ᠠᠬᠢᠭᠤᠯᠤᠭᠰᠠᠨ ᠪᠠᠶᠢᠳᠠᠯ   1.ᠰᠢᠶᠠᠩ ᠪᠠᠯᠭᠠᠰᠤᠨ ᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠶᠢᠨ ᠲᠤᠤᠷᠴᠢᠯᠠᠭᠰᠠᠨ ᠬᠠᠮᠢᠶᠠᠷᠤᠯᠲᠠ᠂ ᠡᠳᠦᠷ ᠲᠤᠳᠤᠮ ᠤᠨ ᠲᠣᠭᠤᠷᠢᠨ ᠪᠠᠶᠢᠴᠠᠭᠠᠵᠤ ᠪᠠᠶᠢᠴᠠᠭᠠᠭᠰᠠᠨ ᠪᠠᠶᠢᠳᠠᠯ᠃ᠬᠢᠨᠠᠨ ᠬᠠᠮᠢᠶᠠᠷᠬᠤ ᠲᠣᠣᠷ ᠢ ᠬᠤᠪᠢᠶᠠᠷᠢᠯᠠᠭᠰᠠᠨ ᠡᠰᠡᠬᠦ ᠶᠢ ᠬᠢᠨᠠᠨ ᠪᠠᠶᠢᠴᠠᠭᠠᠵᠤ᠂ ᠰᠦᠯᠵᠢᠶ᠎ᠡ ᠪᠠᠷ ᠬᠢᠨᠠᠨ ᠬᠠᠮᠢᠶᠠᠷᠤᠭᠴᠢ ᠪᠠ ᠬᠠᠮᠵᠢᠨ ᠬᠠᠮᠢᠶᠠᠷᠤᠭᠴᠢ ᠶᠢ ᠲᠣᠳᠣᠷᠬᠠᠢ ᠪᠣᠯᠭᠠᠬᠤ ᠶᠢᠨ ᠬᠠᠮᠲᠤ ᠨᠡᠶᠢᠭᠡᠮ ᠳᠤ ᠢᠯᠡ ᠨᠡᠶᠢᠲᠡᠯᠡᠭᠰᠡᠨ ᠡᠰᠡᠬᠦ᠂ ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠢ ᠲᠣᠭᠲᠠᠭᠠᠭᠰᠠᠨ ᠡᠰᠡᠬᠦ᠂ ᠦᠢᠯᠡᠳᠪᠦᠷᠢᠯᠡᠯ ᠤᠨ ᠰᠠᠭᠤᠷᠢᠨ ᠭᠠᠵᠠᠷ ᠲᠤ ᠦᠢᠯᠡᠳᠪᠦᠷᠢᠯᠡᠯ ᠤᠨ ᠭᠤᠣᠯ ᠴᠣᠭᠴᠠ ᠶᠢᠨ ᠦᠨᠳᠦᠰᠦᠨ ᠮᠡᠳᠡᠭᠡ ᠵᠠᠩᠭᠢ ᠶᠢ ᠢᠯᠡ ᠨᠡᠶᠢᠲᠡᠯᠡᠭᠰᠡᠨ ᠡᠰᠡᠬᠦ᠂ ᠲᠠᠷᠢᠶᠠᠯᠠᠩ ᠤᠨ ᠡᠮ ᠬᠡᠷᠡᠭᠯᠡᠬᠦ ᠶᠢ ᠴᠠᠭᠠᠵᠠᠯᠠᠬᠤ ᠪᠠ ᠬᠢᠵᠠᠭᠠᠷᠯᠠᠬᠤ ᠨᠡᠷᠡᠰ ᠤᠨ ᠵᠢᠭᠰᠠᠭᠠᠯᠲᠠ ᠂ ᠢᠲᠡᠭᠡᠮᠵᠢ ᠶᠢᠨ ᠲᠠᠰ ᠲᠣᠭᠲᠠᠭᠠᠭᠰᠠᠨ ᠪᠠᠶᠢᠳᠠᠯ᠂ ᠪᠦᠷᠢᠨ ᠪᠦᠲᠦᠨ ᠦᠢᠯᠡᠳᠪᠦᠷᠢᠯᠡᠯ ᠤᠨ ᠭᠤᠣᠯ ᠴᠣᠭᠴᠠ ᠶᠢᠨ ᠨᠡᠷᠡᠰ ᠤᠨ ᠵᠢᠭᠰᠠᠭᠠᠯᠲᠠ ᠪᠠ ᠭᠤᠣᠯᠳᠠᠯᠭ᠎ᠠ ᠲᠠᠢ ᠬᠢᠨᠠᠨ ᠬᠠᠮᠢᠶᠠᠷᠬᠤ ᠨᠡᠷᠡᠰ ᠤᠨ ᠵᠢᠭᠰᠠᠭᠠᠯᠲᠠ ᠪᠠᠶᠢᠬᠤ ᠡᠰᠡᠬᠦ᠂ ᠡᠳᠦᠷ ᠲᠤᠲᠤᠮ ᠤᠨ ᠲᠣᠭᠤᠷᠢᠨ ᠪᠠᠶᠢᠴᠠᠭᠠᠵᠤ ᠪᠠᠶᠢᠴᠠᠭᠠᠬᠤ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠢᠯᠡ ᠨᠡᠶᠢᠲᠡᠯᠡᠭᠰᠡᠨ ᠡᠰᠡᠬᠦ᠃   2. ᠢᠳᠡᠰᠢᠨ ᠤ ᠲᠠᠷᠢᠶᠠᠯᠠᠩ ᠤᠨ ᠪᠦᠲᠦᠭᠡᠭᠳᠡᠬᠦᠨ ᠤ ᠠᠮᠠᠯᠠᠯᠲᠠ ᠶᠢᠨ ᠪᠠᠷᠢᠮᠵᠢᠶ᠎ᠠ ᠳᠤ ᠬᠦᠷᠦᠭᠰᠡᠨ ᠬᠢᠷᠢ ᠲᠡᠩᠴᠡᠭᠰᠡᠨ ᠦᠨᠡᠮᠯᠡᠯ ᠤᠨ ᠳᠦᠷᠢᠮ ᠢ ᠬᠡᠷᠡᠭᠵᠢᠭᠦᠯᠦᠭᠰᠡᠨ ᠪᠠᠶᠢᠳᠠᠯ ᠃ ᠰᠢᠯᠭᠠᠨ ᠬᠢᠨᠠᠬᠤ ᠠᠮᠠᠯᠠᠯᠲᠠ ᠶᠢᠨ ᠪᠠᠷᠢᠮᠵᠢᠶ᠎ᠠ ᠳᠤ ᠬᠦᠷᠦᠭᠰᠡᠨ ᠬᠢᠷᠢ ᠲᠡᠩᠴᠡᠭᠰᠡᠨ ᠦᠨᠡᠮᠯᠡᠯ ᠤᠨ ᠳᠦᠷᠢᠮ ᠢ ᠳᠡᠯᠭᠡᠷᠡᠭᠦᠯᠦᠭᠰᠡᠨ ᠪᠠᠶᠢᠳᠠᠯ᠂ ᠲᠤᠷᠰᠢᠨ ᠬᠡᠷᠡᠭᠵᠢᠭᠦᠯᠬᠦ ᠬᠡᠪᠴᠢᠶᠡᠨ ᠳᠠᠬᠢ ᠦᠢᠯᠡᠳᠪᠦᠷᠢᠯᠡᠯ ᠤᠨ ᠭᠤᠣᠯ ᠴᠣᠭᠴᠠ ᠨᠢ ᠨᠡᠭᠡᠭᠡᠬᠦ ᠶᠣᠰᠣᠲᠠᠢ ᠪᠦᠬᠦᠨ ᠢ ᠨᠡᠭᠡᠭᠡᠭᠰᠡᠨ ᠡᠰᠡᠬᠦ᠂ ᠰᠢᠶᠠᠩ ᠪᠠᠯᠭᠠᠰᠤ ᠶᠢᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠨᠢ ᠠᠮᠠᠯᠠᠯᠲᠠ ᠶᠢᠨ ᠪᠠᠷᠢᠮᠵᠢᠶ᠎ᠠ ᠳᠤ ᠬᠦᠷᠦᠭᠰᠡᠨ ᠬᠢᠷᠢ ᠲᠡᠩᠴᠡᠭᠰᠡᠨ ᠦᠨᠡᠮᠯᠡᠯ ᠤᠨ ᠳᠦᠷᠢᠮ ᠢ ᠬᠡᠷᠡᠭᠵᠢᠭᠦᠯᠦᠭᠰᠡᠨ ᠡᠰᠡᠬᠦ ᠶᠢ ᠬᠢᠨᠠᠨ ᠬᠠᠮᠢᠶᠠᠷᠬᠤ ᠦᠢᠯᠡᠴᠢᠯᠡᠭᠡᠨ ᠤ ᠬᠡᠪᠴᠢᠶᠡᠨ ᠳᠤ ᠣᠷᠣᠭᠤᠯᠤᠭᠰᠠᠨ ᠡᠰᠡᠬᠦ᠂ ᠰᠢᠶᠠᠨ ᠤ ᠬᠡᠪᠴᠢᠶᠡᠨ ᠳᠠᠬᠢ ᠲᠠᠷᠢᠶᠠᠯᠠᠩ ᠤᠨ ᠪᠦᠲᠦᠭᠡᠭᠳᠡᠬᠦᠨ ᠢ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠲᠤ ᠣᠷᠣᠭᠤᠯᠬᠤ ᠦᠶ᠎ᠡ ᠳᠤ ᠬᠢᠷᠢ ᠲᠡᠩᠴᠡᠭᠰᠡᠨ ᠦᠨᠡᠮᠯᠡᠯ ᠢ ᠪᠠᠶᠢᠴᠠᠭᠠᠨ ᠰᠢᠯᠭᠠᠵᠤ ᠬᠤᠷᠢᠶᠠᠨ ᠠᠪᠤᠭᠰᠠᠨ ᠪᠠᠶᠢᠳᠠᠯ᠃   3. ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠶᠢᠨ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠭᠰᠡᠨ ᠪᠠᠶᠢᠳᠠᠯ ᠃ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠶᠢᠨ ᠬᠡᠷᠡᠭ ︵ᠨᠡᠶᠢᠳᠡ 10 ᠲᠦᠷᠦᠯ︶ ᠢ ᠪᠠᠶᠢᠴᠠᠭᠠᠨ ᠰᠢᠢᠳᠪᠦᠷᠢᠯᠡᠬᠦ ᠶᠠᠪᠤᠳᠠᠯ ᠢ ᠲᠠᠷᠢᠶᠠᠯᠠᠩ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠶᠢᠨ ᠴᠢᠬᠤᠯᠠ ᠠᠭᠤᠯᠭ᠎ᠠ ︵ᠬᠠᠷᠢᠴᠠᠯ︶ ᠪᠣᠯᠭᠠᠭᠰᠠᠨ ᠡᠰᠡᠬᠦ ᠶᠢ ᠬᠢᠨᠠᠨ ᠰᠢᠯᠭᠠᠵᠤ ᠂ ᠵᠢᠯ ᠪᠦᠷᠢ ᠶᠢᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠶᠢᠨ ᠬᠡᠷᠡᠭ ᠢ ᠪᠠᠶᠢᠴᠠᠭᠠᠨ ᠰᠢᠢᠳᠪᠦᠷᠢᠯᠡᠭᠰᠡᠨ ᠪᠠᠶᠢᠳᠠᠯ ᠂ ᠡᠷᠡᠭᠦᠦ ᠰᠢᠳᠬᠡᠯ ᠢ ᠵᠣᠯᠭᠠᠭᠤᠯᠬᠤ ᠪᠠ ᠰᠢᠯᠵᠢᠭᠦᠯᠬᠦ ᠶᠣᠰᠣᠲᠠᠢ ᠶᠢ ᠨᠢ ᠴᠥᠮ ᠰᠢᠯᠵᠢᠭᠦᠯᠦᠭᠰᠡᠨ ᠡᠰᠡᠬᠦ ᠶᠢ ᠬᠢᠨᠠᠨ ᠰᠢᠯᠭᠠᠨ᠎ᠠ ᠃   ︵ᠲᠠᠪᠤ︶ ᠶᠠᠰᠤ ᠴᠢᠨᠠᠷ ᠤᠨ ᠠᠶᠦᠯᠭᠦᠢ ᠶᠢᠨ ᠬᠢᠷᠢ ᠬᠡᠮᠵᠢᠶ᠎ᠡ ᠶᠢᠨ ᠪᠠᠶᠢᠳᠠᠯ   ᠣᠶᠢᠷ᠎ᠠ ᠶᠢᠨ ᠭᠤᠷᠪᠠᠨ ᠵᠢᠯ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠵᠤᠷᠰᠢᠯ ᠤᠨ ᠬᠢᠨᠠᠨ ᠬᠡᠮᠵᠢᠯᠲᠡ ᠶᠢᠨ ᠬᠢᠷᠢ ᠲᠡᠩᠴᠡᠭᠰᠡᠨ ᠨᠣᠷᠮ᠎ᠠ ᠪᠠ ᠲᠠᠷᠢᠶᠠᠨ ᠡᠮ ᠮᠠᠯ ᠤᠨ ᠡᠮ ᠬᠡᠷᠡᠭᠯᠡᠬᠦ ᠶᠢ ᠴᠠᠭᠠᠵᠠᠯᠠᠭᠰᠠᠨ ︵ᠵᠣᠭᠰᠣᠭᠠᠭᠰᠠᠨ︶ ᠵᠢᠴᠢ ᠬᠠᠤᠯᠢ ᠪᠤᠰᠤ ᠨᠡᠮᠡᠯᠲᠡ ᠡᠳ᠋ ᠢ ᠪᠠᠶᠢᠴᠠᠭᠠᠵᠤ ᠭᠠᠷᠭᠠᠭᠰᠠᠨ ᠵᠡᠷᠭᠡ ᠪᠠᠶᠢᠳᠠᠯ ᠢ ᠬᠢᠨᠠᠨ ᠰᠢᠯᠭᠠᠨ᠎ᠠ᠃ ᠠᠭᠤᠯᠭ᠎ᠠ ᠶᠢᠨ ᠬᠠᠮᠤᠷᠬᠤ ᠬᠢᠨᠠᠨ ᠬᠡᠮᠵᠢᠯᠲᠡ ᠳᠤ ᠬᠢᠷᠢ ᠲᠡᠩᠴᠡᠭᠰᠡᠨ ᠨᠣᠷᠮ᠎ᠠ 98% ᠳᠤ ᠬᠦᠷᠦᠭᠰᠡᠨ ᠡᠰᠡᠬᠦ᠂ ᠬᠡᠷᠡᠭᠯᠡᠬᠦ ᠶᠢ ᠴᠠᠭᠠᠵᠠᠯᠠᠭᠰᠠᠨ ᠡᠮ᠂ ᠬᠠᠤᠯᠢ ᠪᠤᠰᠤ ᠨᠡᠮᠡᠯᠲᠡ ᠡᠳ᠋ ᠢ ᠪᠠᠶᠢᠴᠠᠭᠠᠵᠤ ᠭᠠᠷᠭᠠᠭᠰᠠᠨ ᠪᠠᠶᠢᠳᠠᠯ᠃   ᠬᠤᠶᠠᠷ᠂ ᠠᠵᠢᠯ ᠤᠨ ᠠᠬᠢᠴᠠ ᠶᠢᠨ ᠲᠣᠬᠢᠷᠠᠭᠤᠯᠤᠯᠲᠠ   ︵ᠨᠢᠭᠡ︶ ᠥᠪᠡᠷᠲᠡᠭᠡᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠨ᠎ᠠ ︵2022 ᠣᠨ ᠤ 5 ᠰᠠᠷ᠎ᠠ ᠶᠢᠨ 10 ᠤ ᠡᠳᠦᠷ ᠠᠴᠠ ᠡᠮᠦᠨ᠎ᠡ︶   ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ︽ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠶᠢᠨ ᠰᠢᠶᠠᠨ ᠤ ᠬᠢᠨᠠᠨ ᠰᠢᠯᠭᠠᠬᠤ ᠠᠷᠭ᠎ᠠ︾ ᠲᠠᠢ ᠬᠠᠷᠢᠴᠠᠭᠤᠯᠤᠨ ᠵᠦᠢᠯ ᠳᠠᠷᠠᠭᠠᠯᠠᠨ ᠥᠪᠡᠷ ᠢ ᠪᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ ᠂ ᠥᠪᠡᠷ ᠢ ᠪᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠮᠡᠳᠡᠭᠦᠯᠦᠯᠲᠡ ︵ᠳᠠᠭᠠᠯᠳᠤᠭᠤᠯᠤᠯ 2︶ ᠪᠢᠴᠢᠵᠦ ᠂ 5 ᠰᠠᠷ᠎ᠠ ᠶᠢᠨ 10 ᠤ ᠡᠳᠦᠷ ᠠᠴᠠ ᠡᠮᠦᠨ᠎ᠡ ᠰᠢᠶᠠᠨ ᠤ ᠢᠳᠡᠭᠡᠨ ᠤ ᠠᠶᠤᠯᠭᠦᠢ ᠶᠢᠨ ᠵᠥᠪᠯᠡᠯ ᠳᠤ ᠮᠡᠳᠡᠭᠦᠯᠦᠨ ᠬᠦᠷᠭᠡᠨ᠎ᠡ ᠃   ︵ᠬᠤᠶᠠᠷ︶ ᠲᠤᠬᠠᠢ ᠶᠢᠨ ᠲᠠᠯᠠᠪᠤᠷ ᠲᠤ ᠳᠠᠬᠢᠨ ᠬᠢᠨᠠᠨ᠎ᠠ ︵2022 ᠣᠨ ᠤ 5 ᠰᠠᠷ᠎ᠠ ᠶᠢᠨ 15 ᠤ ᠡᠳᠦᠷ ︱ 5 ᠰᠠᠷ᠎ᠠ ᠶᠢᠨ 20 ᠤ ᠡᠳᠦᠷ︶   ᠰᠢᠶᠠᠨ ᠤ ᠢᠳᠡᠭᠡᠨ ᠤ ᠠᠶᠤᠯᠭᠦᠢ ᠶᠢᠨ ᠵᠥᠪᠯᠡᠯ ᠨᠢ ᠳᠠᠬᠢᠨ ᠬᠢᠨᠠᠬᠤ ᠳᠤᠭᠤᠶᠢᠯᠠᠩ ᠪᠠᠶᠢᠭᠤᠯᠵᠤ ᠲᠤᠬᠠᠢ ᠶᠢᠨ ᠲᠠᠯᠠᠪᠠᠶ ᠳᠤ ᠳᠠᠬᠢᠨ ᠬᠢᠨᠠᠬᠤ ᠪᠠᠷ ᠪᠠᠶᠢᠨ᠎ᠠ᠃ ᠳᠠᠬᠢᠨ ᠬᠢᠨᠠᠬᠤ ᠠᠵᠢᠯ ᠢ 5 ᠰᠠᠷ᠎ᠠ ᠶᠢᠨ 15 ᠤ ᠡᠳᠦᠷ ᠠᠴᠠ ᠡᠬᠢᠯᠡᠵᠦ᠂ ᠳᠠᠬᠢᠨ ᠬᠢᠨᠠᠬᠤ ᠬᠡᠯᠪᠡᠷᠢ ᠶᠢ ᠪᠢᠴᠢᠭ ᠢᠶᠠᠷ ᠳ᠋ᠦᠩᠨᠡᠬᠦ᠂ ᠰᠦᠯᠵᠢᠶᠡᠨ ᠳᠡᠭᠡᠷ᠎ᠡ ᠲᠤᠯᠭᠠᠨ ᠠᠰᠠᠭᠤᠬᠤ ᠪᠠ ᠲᠤᠬᠠᠢ ᠶᠢᠨ ᠲᠠᠯᠠᠪᠤᠷ ᠲᠤ ᠳᠠᠬᠢᠨ ᠬᠢᠨᠠᠬᠤ ᠭᠡᠵᠦ ᠬᠤᠪᠢᠶᠠᠨ᠎ᠠ᠃ ᠳᠠᠬᠢᠨ ᠬᠢᠨᠠᠬᠤ ᠳᠤᠭᠤᠶᠢᠯᠠᠩ ᠨᠢ ᠲᠤᠬᠠᠢ ᠶᠢᠨ ᠲᠠᠯᠠᠪᠤᠷ ᠲᠤ ᠳᠠᠬᠢᠨ ᠬᠢᠨᠠᠭᠠᠳ ᠢᠯᠡᠷᠡᠭᠦᠯᠦᠭᠰᠡᠨ ᠠᠰᠠᠭᠤᠳᠠᠯ ᠲᠠᠢ ᠤᠶᠠᠯᠳᠤᠭᠤᠯᠤᠨ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠳᠤᠷᠠᠳᠴᠤ᠂ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠵᠠᠳᠠᠯᠵᠤ᠂ ᠴᠡᠭᠴᠡᠯᠡᠨ ᠰᠠᠶᠢᠵᠢᠷᠠᠭᠤᠯᠬᠤ ᠡᠬᠡ ᠲᠠᠩᠰᠠ ᠶᠢ ᠪᠠᠶᠢᠭᠤᠯᠤᠨ᠎ᠠ᠃ ᠴᠡᠭᠴᠡᠯᠡᠨ ᠥᠭᠡᠷᠡᠴᠢᠯᠡᠬᠦ ᠡᠬᠡ ᠲᠠᠩᠰᠠ ᠶᠢ 5 ᠰᠠᠷ᠎ᠠ ᠶᠢᠨ 20 ᠤ ᠡᠳᠦᠷ ᠠᠴᠠ ᠡᠮᠦᠨ᠎ᠡ ᠰᠢᠶᠠᠨ ᠤ ᠢᠳᠡᠭᠡᠨ ᠤ ᠠᠮᠤᠷ ᠲᠦᠪᠰᠢᠨ ᠤ ᠵᠥᠪᠯᠡᠯ ᠳᠤ ᠮᠡᠳᠡᠭᠦᠯᠦᠨ ᠬᠦᠷᠭᠡᠨ᠎ᠡ᠃   ︵ᠭᠤᠷᠪᠠ︶ ᠪᠥᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠤᠨ᠎ᠠ ︵2022 ᠣᠨ ᠤ 6 ᠰᠠᠷ᠎ᠠ ᠶᠢᠨ 10 ᠤ ᠡᠳᠦᠷ ᠠᠴᠠ ᠡᠮᠦᠨ᠎ᠡ︶   ᠰᠢᠶᠠᠨ ᠤ ᠢᠳᠡᠭᠡᠨ ᠤ ᠵᠦᠢᠯ ᠤᠨ ᠠᠮᠤᠷ ᠲᠦᠪᠰᠢᠨ ᠤ ᠵᠥᠪᠯᠡᠯ ᠴᠡᠭᠴᠡᠯᠡᠨ ᠰᠠᠶᠢᠵᠢᠷᠠᠭᠤᠯᠤᠭᠰᠠᠨ ᠡᠬᠡ ᠲᠠᠩᠰᠠ ᠶᠢ ᠦᠨᠳᠦᠰᠦᠯᠡᠨ ᠬᠠᠮᠢᠶ᠎ᠠ ᠪᠦᠬᠦᠢ ᠨᠢᠭᠡᠴᠡ ᠶᠢ ᠰᠢᠮᠳᠠᠭᠤᠯᠵᠤ ᠪᠠᠶᠢᠭᠠᠳ ᠱᠠᠯᠠᠪᠳᠠᠨ ᠴᠡᠭᠴᠡᠯᠡᠨ ᠰᠠᠶᠢᠵᠢᠷᠠᠭᠤᠯᠵᠤ᠂ 6 ᠰᠠᠷ᠎ᠠ ᠶᠢᠨ 10 ᠤ ᠡᠳᠦᠷ ᠠᠴᠠ ᠡᠮᠦᠨ᠎ᠡ ᠴᠡᠭᠴᠡᠯᠡᠨ ᠰᠠᠶᠢᠵᠢᠷᠠᠭᠤᠯᠤᠭᠰᠠᠨ ᠪᠥᠭᠡᠳ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠳ᠋ᠦᠩ ᠢᠶᠠᠨ ᠮᠡᠳᠡᠭᠦᠯᠦᠨ ᠬᠦᠷᠭᠡᠬᠦ ᠬᠡᠷᠡᠭᠲᠡᠢ᠃   ︵ᠳᠥᠷᠪᠡ︶ ᠥᠪᠡᠷᠲᠡᠭᠡᠨ ᠵᠠᠰᠠᠬᠤ ᠣᠷᠣᠨ ᠤ ᠬᠠᠷᠭᠤᠭᠤᠯᠤᠨ ᠪᠠᠶᠢᠴᠠᠭᠠᠬᠤ ᠶᠢ ᠬᠦᠯᠢᠶᠡᠨ᠎ᠡ ︵2022 ᠣᠨ ᠤ 6 ᠳ᠋ᠤᠭᠠᠷ ᠰᠠᠷ᠎ᠠ ︱ 9 ᠳ᠋ᠦ᠋ᠭᠡᠷ ᠰᠠᠷ᠎ᠠ︶ᠥᠪᠡᠷᠲᠡᠭᠡᠨ ᠵᠠᠰᠠᠬᠤ ᠣᠷᠣᠨ ᠤ ᠬᠠᠷᠭᠤᠭᠤᠯᠤᠨ ᠪᠠᠶᠢᠴᠠᠭᠠᠬᠤ ᠶᠢ ᠬᠦᠯᠢᠶᠡᠵᠦ᠂ ᠰᠣᠯᠪᠢᠴᠠᠭᠤᠯᠤᠨ ᠬᠠᠷᠢᠯᠴᠠᠨ ᠪᠠᠶᠢᠴᠠᠭᠠᠨ᠎ᠠ᠃ᠴᠡᠭᠴᠡᠯᠡᠨ ᠰᠠᠶᠢᠵᠢᠷᠠᠭᠤᠯᠬᠤ ᠠᠵᠢᠯ ᠢ ᠲᠡᠭᠦᠯᠳᠡᠷᠵᠢᠭᠦᠯᠵᠦ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠬᠠᠷᠭᠤᠭᠤᠯᠤᠨ ᠪᠠᠶᠢᠴᠠᠭᠠᠬᠤ ᠶᠢ ᠪᠠᠲᠤᠯᠠᠬᠤ ᠶᠢ ᠪᠠᠲᠤᠯᠠᠨ᠎ᠠ᠃   ᠭᠤᠷᠪᠠ ᠂ ᠬᠤᠯᠪᠣᠭᠳᠠᠯ ᠪᠦᠬᠦᠢ ᠱᠠᠭᠠᠷᠳᠠᠯᠭ᠎ᠠ   ︵ᠨᠢᠭᠡ︶ ᠵᠣᠬᠢᠶᠠᠨ ᠪᠠᠶᠢᠭᠤᠯᠬᠤ ᠠᠵᠢᠯ ᠢ ᠴᠢᠩᠭᠠᠷᠠᠭᠤᠯᠤᠨ᠎ᠠ᠃ ᠲᠣᠰ ᠤᠳᠠᠭᠠᠨ ᠤ ︽ᠡᠷᠬᠢᠨ ᠪᠠᠶᠢᠴᠠᠭᠠᠬᠤ︾ ᠠᠵᠢᠯᠯᠠᠭ᠎ᠠ ᠳᠤ᠂ ᠥᠪᠡᠷᠲᠡᠭᠡᠨ ᠵᠠᠰᠠᠬᠤ ᠣᠷᠣᠨ ᠠᠴᠠ ᠡᠭᠦᠳᠦᠨ ᠪᠠᠶᠢᠭᠤᠯᠬᠤ ᠬᠢᠨᠠᠨ ᠰᠢᠯᠭᠠᠯᠲᠠ ᠶᠢᠨ ᠱᠠᠭᠠᠷᠳᠠᠯᠭ᠎ᠠ ᠳᠤ ᠬᠦᠷᠴᠦ ᠳᠡᠶᠢᠯᠦᠭᠰᠡᠨ ᠦᠭᠡᠢ ᠮᠥᠷᠲᠡᠭᠡᠨ ᠴᠡᠭᠴᠡᠯᠡᠨ ᠰᠠᠶᠢᠵᠢᠷᠠᠭᠤᠯᠤᠭᠰᠠᠨ ᠢᠶᠠᠷ ᠬᠦᠷᠦᠯᠴᠡᠬᠦ ᠦᠭᠡᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠶᠢᠨ ᠰᠢᠶᠠᠨ ᠤ ᠴᠣᠯᠠ ᠶᠢ ᠬᠦᠴᠦᠨ ᠦᠭᠡᠢ ᠪᠣᠯᠭᠠᠨ᠎ᠠ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ︽ᠡᠷᠬᠢᠨ ᠪᠠᠶᠢᠴᠠᠭᠠᠬᠤ ︾ ᠠᠵᠢᠯᠯᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ᠱᠠᠭᠠᠷᠳᠠᠯᠭ᠎ᠠ ᠶᠣᠰᠣᠭᠠᠷ᠂ ᠦᠳᠲᠡᠷ ᠲᠦᠷᠭᠡᠨ ᠬᠥᠳᠡᠯᠦᠯᠴᠡᠵᠦ᠂ ᠥᠪᠡᠰᠦᠪᠡᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠡᠯ᠎ᠡ ᠵᠦᠢᠯ ᠤᠨ ᠠᠵᠢᠯ ᠢ ᠰᠠᠶᠢᠲᠤᠷ ᠠᠳᠬᠤᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠦᠨᠡᠨ ᠠᠴᠠ ᠵᠥᠪ ᠢ ᠡᠷᠢᠵᠦ ᠨᠠᠶᠢᠳᠠᠪᠤᠷᠢᠵᠢᠭᠤᠯᠬᠤ ᠬᠡᠷᠡᠭᠲᠡᠢ᠃   ︵ᠬᠤᠶᠠᠷ︶ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠤᠨ᠎ᠠ᠃ ︽ᠡᠷᠬᠢᠨ ᠪᠠᠶᠢᠴᠠᠭᠠᠬᠤ︾ ᠠᠵᠢᠯᠯᠠᠭ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠶᠢᠨ ᠰᠢᠶᠠᠨ ᠤ ᠬᠥᠳᠡᠯᠦᠩᠭᠦᠢ ᠬᠠᠮᠢᠶᠠᠷᠤᠯᠲᠠ ᠶᠢᠨ ᠠᠵᠢᠯ ᠢᠶᠠᠷ ᠠᠵᠠ ᠲᠣᠬᠢᠶᠠᠯ ᠪᠣᠯᠭᠠᠵᠤ ᠂ ᠮᠠᠨ ᠤ ᠰᠢᠶᠠᠨ ᠤ ᠬᠢᠯᠠᠰ ᠴᠡᠭ ᠤᠨ ᠠᠵᠢᠯ ᠪᠣᠯᠣᠨ ᠲᠡᠷᠢᠭᠦᠨ ᠤ ᠲᠤᠷᠰᠢᠯᠭ᠎ᠠ ᠠᠷᠭ᠎ᠠ ᠬᠢᠳᠡᠯ ᠢ ᠡᠮᠬᠢᠯᠡᠵᠦ ᠂ ᠮᠠᠨ ᠤ ᠰᠢᠶᠠᠨ ᠤ ᠡᠭᠦᠳᠦᠨ ᠪᠠᠶᠢᠭᠤᠯᠬᠤ ᠠᠵᠢᠯ ᠤᠨ ᠦᠷ᠎ᠡ ᠪᠦᠲᠦᠮᠵᠢ ᠪᠣᠯᠣᠨ ᠬᠠᠮᠢᠶᠠᠷᠤᠯᠲᠠ ᠶᠢᠨ ᠵᠠᠭᠪᠤᠷ ᠢ ᠪᠣᠯᠪᠠᠰᠤᠷᠠᠭᠤᠯᠵᠤ ᠂ ︽ᠨᠢᠭᠡ ᠰᠢᠶᠠᠨ ᠳᠤ ᠨᠢᠭᠡ ᠬᠢᠯᠠᠰ ᠴᠡᠭ︾  ᠢ ᠡᠭᠦᠳᠴᠦ ᠂ ᠮᠠᠨ ᠤ ᠰᠢᠶᠠᠨ ᠤ ᠥᠪᠡᠷᠲᠡᠭᠡᠨ ᠵᠠᠰᠠᠬᠤ ᠣᠷᠣᠨ ᠤ  ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠶᠢᠨ ᠰᠢᠶᠠᠨ ᠤ ᠲᠦᠷᠦᠯ ᠲᠡᠮᠳᠡᠭ ᠤᠨ ᠦᠢᠯᠡᠳᠦᠯ ᠢ ᠦᠷᠭᠦᠯᠵᠢᠯᠡᠨ ᠪᠠᠲᠤᠯᠠᠬᠤ ᠶᠢ ᠲᠤᠪᠤᠶᠢᠯᠭᠠᠬᠤ ᠬᠡᠷᠡᠭᠲᠡᠢ ᠃   ︵ᠭᠤᠷᠪᠠ︶ ᠪᠣᠭᠤᠮᠲᠠ ᠶᠢ ᠴᠢᠩᠭ᠎ᠠ ᠠᠳᠬᠤᠬᠤ ᠶᠢ ᠪᠠᠷᠢᠮᠲᠠᠯᠠᠨ᠎ᠠ ᠃ ︽ᠡᠷᠭᠢᠵᠦ ᠪᠠᠶᠢᠴᠠᠭᠠᠬᠤ︾ ᠳᠤ ᠥᠨᠳᠥᠷ ᠪᠠᠷᠢᠮᠵᠢᠶ᠎ᠠ ᠂ ᠴᠢᠩᠭ᠎ᠠ ᠱᠠᠭᠠᠷᠳᠠᠯᠭ᠎ᠠ ᠶᠢ ᠪᠠᠷᠢᠮᠲᠠᠯᠠᠵᠤ ᠂ ᠬᠡᠯᠪᠡᠷᠢ ᠶᠢᠨ ᠦᠵᠡᠯ ᠢ ᠲᠡᠪᠴᠢᠵᠦ ᠂ ᠥᠪᠡᠷ ᠢ ᠪᠠᠨ ᠪᠠᠶᠢᠴᠠᠭᠠᠬᠤ ᠶᠠᠪᠤᠴᠠ ᠳᠤ ᠪᠣᠳᠠᠲᠠᠢ ᠪᠢᠰᠢ ᠨᠠᠷᠢᠨ ᠪᠢᠰᠢ ᠂ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠬᠤ ᠂ ᠠᠵᠢᠯ ᠢ ᠬᠠᠰᠢ ᠶᠠᠰᠢ ᠪᠠᠷ ᠥᠩᠭᠡᠷᠡᠭᠦᠯᠬᠦ ᠦᠵᠡᠭᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ ᠃ ᠡᠭᠦᠳᠦᠨ ᠪᠠᠶᠢᠭᠤᠯᠬᠤ ᠬᠢᠨᠠᠨ ᠰᠢᠯᠭᠠᠯᠲᠠ ᠶᠢᠨ ᠱᠠᠭᠠᠷᠳᠠᠯᠭ᠎ᠠ ᠳᠤ ᠬᠦᠷᠴᠦ ᠳᠡᠶᠢᠯᠦᠭᠰᠡᠨ ᠦᠭᠡᠢ ᠮᠥᠷᠲᠡᠭᠡᠨ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶᠢᠵᠢᠭᠤᠯᠤᠭᠰᠠᠨ ᠦᠭᠡᠢ ᠰᠠᠯᠠᠭ᠎ᠠ ᠮᠥᠴᠢᠷ ᠲᠤ ᠵᠣᠷᠢᠭᠲᠠᠢ ᠪᠠᠷ ᠬᠤᠷᠴᠠ ᠰᠡᠯᠡᠮ᠎ᠡ ᠪᠠᠨ ᠦᠵᠡᠭᠦᠯᠬᠦ ᠬᠡᠷᠡᠭᠲᠡᠢ᠃ ᠬᠢᠨᠠᠯᠲᠠ ᠬᠠᠮᠢᠶᠠᠷᠤᠯᠲᠠ ᠶᠢᠨ ᠠᠵᠢᠯ ᠢ ᠯᠠᠪᠳᠠᠭᠤᠨ ᠪᠠᠲᠤᠲᠠᠢ ᠬᠢᠵᠦ ᠂ ᠪᠣᠳᠠᠲᠠᠢ ᠬᠢᠵᠦ ᠳᠡᠶᠢᠯᠬᠦ ᠰᠠᠯᠠᠭ᠎ᠠ ᠮᠥᠴᠢᠷ ᠢ ᠲᠣᠪᠣᠶᠢᠮ᠎ᠠ ᠢᠯᠡᠷᠡᠭᠦᠯᠬᠦ ᠬᠡᠷᠡᠭᠲᠡᠢ ᠃   ︵ᠳᠥᠷᠪᠡ︶ ᠭᠤᠣᠯᠳᠠᠯᠭ᠎ᠠ ᠲᠠᠢ ᠠᠵᠢᠯ ᠲᠠᠢ ᠤᠶᠠᠯᠳᠤᠭᠤᠯᠤᠨ᠎ᠠ᠃ ᠳᠠᠬᠢᠨ ᠬᠢᠨᠠᠬᠤ ᠳᠤᠭᠤᠶᠢᠯᠠᠩ ᠨᠢ ᠬᠠᠮᠲᠤ  ᠳᠤᠨᠢ ᠮᠠᠨ ᠤ ᠰᠢᠶᠠᠨ ᠤ ᠥᠪᠡᠷᠲᠡᠭᠡᠨ ᠵᠠᠰᠠᠬᠤ ᠣᠷᠣᠨ ᠤ 2 ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠵᠢᠱᠢᠶ᠎ᠡ ᠦᠵᠡᠭᠦᠯᠬᠦ ᠰᠢᠶᠠᠩ ᠪᠠᠯᠭᠠᠰᠤ ᠶᠢᠨ ᠥᠷᠨᠢᠭᠦᠯᠦᠭᠰᠡᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠪᠠᠶᠢᠳᠠᠯ᠂ 1500 ᠪᠦᠯᠦᠭ ᠠᠴᠠ ᠳᠤᠲᠠᠭᠤ ᠦᠭᠡᠢ ᠡᠭᠦᠷᠭᠡ ᠶᠢ ᠪᠡᠶᠡᠯᠡᠭᠦᠯᠦᠭᠰᠡᠨ ᠪᠠᠶᠢᠳᠠᠯ᠂ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠬᠢᠨᠠᠨ ᠵᠢᠯᠣᠭᠤᠳᠤᠨ᠎ᠠ᠃   ︵ᠲᠠᠪᠤ︶ ᠡᠯ᠎ᠡ ᠵᠦᠢᠯ ᠤᠨ ᠰᠠᠬᠢᠯᠭ᠎ᠠ ᠪᠠᠲᠤ ᠶᠢ ᠴᠢᠩᠭ᠎ᠠ ᠰᠠᠬᠢᠬᠤ ᠬᠡᠷᠡᠭᠲᠡᠢ ᠃ ᠲᠣᠭᠤᠷᠢᠨ ᠪᠠᠶᠢᠴᠠᠭᠠᠵᠤ ᠪᠠᠶᠢᠴᠠᠭᠠᠨ ᠰᠤᠳᠤᠯᠬᠤ ᠠᠵᠢᠯ ᠳᠤ ᠲᠥᠪ ᠤᠨ ᠨᠠᠢᠮᠠᠨ ᠵᠦᠢᠯ ᠤᠨ ᠲᠣᠭᠲᠠᠭᠠᠯ ᠪᠣᠯᠣᠨ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠲᠥᠬᠦᠷ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠬᠤ ᠬᠡᠷᠡᠭᠲᠡᠢ᠃ ᠡᠭᠦᠨ ᠤ ᠵᠡᠷᠭᠡ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠯᠪᠣᠭᠳᠠᠯ ᠪᠦᠬᠦᠢ ᠲᠣᠭᠲᠠᠭᠠᠯ   ᠢ ᠨᠠᠶᠢᠳᠠᠪᠤᠷᠢᠵᠢᠭᠤᠯᠵᠤ᠂ ᠬᠥᠮᠥᠨ ᠬᠠᠷ᠎ᠠ ᠴᠤᠭᠯᠠᠷᠠᠬᠤ ᠠᠴᠠ ᠵᠠᠶᠢᠯᠠᠰᠬᠢᠵᠦ᠂ ᠰᠡᠷᠭᠡᠶᠢᠯᠡᠨ ᠬᠠᠮᠠᠭᠠᠯᠠᠬᠤ ᠦᠵᠡᠯ ᠤᠬᠠᠮᠰᠠᠷ ᠢ ᠨᠡᠮᠡᠭᠳᠡᠭᠦᠯᠬᠦ ᠬᠡᠷᠡᠭᠲᠡᠢ᠃       ᠣᠷᠴᠢᠭᠤᠯᠤᠭᠴᠢ᠄ ᠣᠳᠣᠨᠭᠡᠷᠡᠯ       ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ    
 
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2