︽ᠬᠤᠸᠠᠳᠧ ᠰᠢᠶᠠᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠰᠢᠶᠠᠨ ᠤ ︽ᠡᠷᠬᠢᠨ ᠪᠠᠶᠢᠴᠠᠭᠠᠬᠤ︾ ᠠᠵᠢᠯᠯᠠᠭ᠎ᠠ ᠦᠷᠨᠢᠭᠦᠯᠬᠦ ᠠᠵᠢᠯ ᠤᠨ ᠲᠥᠰᠥᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2022/5/12
   2022 ᠣᠨ ᠤ 4 ᠰᠠᠷ᠎ᠠ ᠶᠢᠨ 26 ᠤ ᠡᠳᠦᠷ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠠᠴᠠ ︽ᠬᠤᠸᠠᠳᠧ ᠰᠢᠶᠠᠨ ᠤ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠰᠢᠶᠠᠨ ᠤ ︿ᠡᠷᠬᠢᠨ ᠪᠠᠶᠢᠴᠠᠭᠠᠬᠤ﹀ ᠠᠵᠢᠯᠯᠠᠭ᠎ᠠ ᠥᠷᠨᠢᠭᠦᠯᠬᠦ ᠠᠵᠢᠯ ᠤᠨ ᠲᠥᠰᠥᠯ︾ ᠢ ᠳᠠᠷᠤᠮᠠᠯᠯᠠᠨ ᠲᠠᠷᠬᠠᠭᠠᠵᠤ᠂ ᠳᠣᠷᠣᠭᠰᠢ ︽ᠲᠥᠰᠥᠯ︾ ᠭᠡᠵᠦ ᠲᠣᠪᠴᠢᠯᠠᠨ᠎ᠠ᠂ ᠡᠳᠦᠭᠡ ︽ᠲᠥᠰᠥᠯ ︾ ᠤᠨ ᠬᠠᠮᠢᠶ᠎ᠠ ᠪᠦᠬᠦᠢ ᠠᠭᠤᠯᠭ᠎ᠠ ᠳᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠶ᠎ᠠ᠃   ᠨᠢᠭᠡ᠂ ᠨᠣᠣᠷᠠᠭᠯᠠᠭᠰᠠᠨ ᠠᠬᠤᠢ ᠪᠠᠶᠢᠳᠠᠯ   ᠥᠪᠡᠷᠲᠡᠭᠡᠨ ᠵᠠᠰᠠᠬᠤ ᠣᠷᠣᠨ ᠤ ᠦᠨᠡᠯᠡᠨ ᠵᠢᠱᠢᠯᠲᠡ ᠳᠤ ᠬᠠᠮᠵᠢᠯᠴᠠᠬᠤ ᠶᠢᠨ ᠲᠤᠰᠠᠳᠠ‌ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠪᠦᠲᠦᠭᠡᠭᠳᠡᠬᠦᠨ ᠤ ᠠᠶᠦᠯᠭᠦᠢ ᠰᠢᠶᠠᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ‍ᠤᠨ‌ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠪᠦᠲᠦᠭᠡᠭᠳᠡᠬᠦᠨ ᠤ ᠠᠶᠦᠯᠭᠦᠢ ᠰᠢᠶᠠᠨ ᠤ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠪᠠᠬᠢᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠪᠦᠲᠦᠭᠡᠭᠳᠡᠬᠦᠨ ᠤ ᠠᠶᠦᠯᠭᠦᠢ ᠰᠢᠶᠠᠨ ᠤ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠂ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠠᠷᠢᠶᠠᠲᠤ ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠮᠠᠨ ᠤ ᠰᠢᠶᠠᠨ ᠢ ᠦᠨᠡᠨᠬᠦ ᠪᠥᠬᠦ ᠣᠷᠣᠨ ᠤ ᠬᠠᠤᠯᠢ ᠶᠣᠰᠣᠭᠠᠷ ᠬᠢᠨᠠᠨ ᠬᠠᠮᠢᠶᠠᠷᠬᠤ ᠥᠯᠢᠭᠡᠷ ᠳᠠᠭᠤᠷᠢᠶᠠᠯ ᠲᠣᠭᠤᠷᠢᠭ᠂ ᠬᠢᠨᠠᠨ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠢᠯᠡᠷᠡᠭᠦᠯᠦᠭᠰᠡᠨ ᠦᠵᠡᠭᠦᠯᠦᠯᠭᠡ ᠶᠢᠨ ᠲᠣᠭᠤᠷᠢᠭ ᠪᠠ ᠬᠢᠨᠠᠨ ᠬᠠᠮᠢᠶᠠᠷᠬᠤ ᠠᠷᠭ᠎ᠠ ᠪᠠᠷᠢᠯ ᠢ ᠬᠠᠶᠢᠨ ᠰᠦᠪᠡᠭᠴᠢᠯᠡᠬᠦ ᠤᠷᠢᠳᠠᠪᠠᠷ ᠬᠡᠷᠡᠭᠵᠢᠭᠦᠯᠬᠦ ᠲᠣᠭᠤᠷᠢᠭ ᠪᠣᠯᠭᠠᠨ ᠪᠠᠶᠢᠭᠤᠯᠵᠤ᠂ ᠮᠠᠨ ᠤ ᠰᠢᠶᠠᠨ ᠤ ᠪᠣᠳᠠᠲᠠᠢ ᠲᠠᠢ ᠪᠠᠨ ᠤᠶᠠᠯᠳᠤᠭᠤᠯᠤᠨ ᠲᠣᠰ ᠲᠥᠰᠥᠯ ᠢ ᠲᠣᠭᠲᠠᠭᠠᠪᠠ᠃   ᠬᠤᠶᠠᠷ ᠂ ᠭᠤᠣᠯᠳᠠᠯᠭ᠎ᠠ ᠲᠠᠢ ᠡᠭᠦᠷᠭᠡ   ︽ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠰᠢᠶᠠᠨ ᠢ ᠡᠭᠦᠳᠦᠨ ᠪᠠᠶᠢᠭᠤᠯᠬᠤ ᠲᠥᠰᠥᠯ︾ ᠪᠠ ︽ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠰᠢᠶᠠᠨ ᠢ ᠬᠢᠨᠠᠨ ᠰᠢᠯᠭᠠᠬᠤ ᠠᠷᠭ᠎ᠠ︾ ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠪᠠᠷ ᠯᠠᠪᠯᠠᠯᠲᠠ ᠪᠣᠯᠭᠠᠵᠤ ᠂ ᠳᠣᠣᠷᠠᠬᠢ ᠲᠠᠪᠤᠨ ᠲᠠᠯ᠎ᠠ ᠶᠢ ᠭᠤᠣᠯᠳᠠᠯᠭ᠎ᠠ ᠲᠠᠢ ᠪᠠᠷ ᠬᠢᠨᠠᠨ ᠪᠠᠶᠢᠴᠠᠭᠠᠨ᠎ᠠ ᠄ ᠨᠢᠭᠡ ᠳᠤ ᠂ ᠵᠠᠰᠠᠭ ᠤᠨ ᠣᠷᠳᠣᠨ ᠤ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ︔ ᠬᠤᠶᠠᠷ ᠲᠤ ᠂ ᠦᠨᠳᠦᠰᠦᠨ ᠱᠠᠲᠤᠨ ᠤ ᠬᠢᠨᠠᠨ ᠬᠠᠮᠢᠶᠠᠷᠬᠤ ᠴᠢᠳᠠᠪᠤᠷᠢ ᠶᠢᠨ ᠪᠠᠶᠢᠭᠤᠯᠤᠯᠲᠠ ᠶᠢᠨ ᠪᠠᠶᠢᠳᠠᠯ︔ ᠭᠤᠷᠪᠠ ᠳᠤ ᠂ ᠰᠢᠶᠠᠨ ᠤ ᠱᠠᠲᠤᠨ ᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠪᠠᠶᠢᠳᠠᠯ ᠢ ᠰᠢᠯᠭᠠᠬᠤ ᠴᠢᠳᠠᠪᠤᠷᠢ ᠶᠢᠨ ᠪᠠᠶᠢᠳᠠᠯ︔ ᠳᠥᠷᠪᠡ ᠳᠤ ᠂ ᠭᠤᠣᠯᠳᠠᠯᠭ᠎ᠠ ᠲᠠᠢ ᠠᠵᠢᠯ ᠢ ᠠᠬᠢᠭᠤᠯᠤᠭᠰᠠᠨ ᠪᠠᠶᠢᠳᠠᠯ ︔ ᠲᠠᠪᠤ ᠳᠤ ᠂ ᠶᠠᠰᠤ ᠴᠢᠨᠠᠷ ᠤᠨ ᠠᠮᠤᠷ ᠲᠦᠪᠰᠢᠨ ᠤ ᠬᠢᠷᠢ ᠲᠦᠪᠰᠢᠨ ᠤ ᠪᠠᠶᠢᠳᠠᠯ᠃   ᠭᠤᠷᠪᠠ᠂ ᠠᠵᠢᠯ ᠤᠨ ᠠᠬᠢᠴᠠ ᠶᠢᠨ ᠲᠣᠬᠢᠷᠠᠭᠤᠯᠤᠯᠲᠠ   ︵ᠨᠢᠭᠡ︶ ᠥᠪᠡᠷᠲᠡᠭᠡᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠨ᠎ᠠ ︵2022 ᠣᠨ ᠤ 5 ᠰᠠᠷ᠎ᠠ ᠶᠢᠨ 10 ᠤ ᠡᠳᠦᠷ ᠠᠴᠠ ᠡᠮᠦᠨ᠎ᠡ︶   ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ︽ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠶᠢᠨ ᠰᠢᠶᠠᠨ ᠤ ᠬᠢᠨᠠᠨ ᠰᠢᠯᠭᠠᠬᠤ ᠠᠷᠭ᠎ᠠ︾ ᠲᠠᠢ ᠬᠠᠷᠢᠴᠠᠭᠤᠯᠤᠨ ᠵᠦᠢᠯ ᠳᠠᠷᠠᠭᠠᠯᠠᠨ ᠥᠪᠡᠷ ᠢ ᠪᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ ᠂ ᠥᠪᠡᠷ ᠢ ᠪᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠮᠡᠳᠡᠭᠦᠯᠦᠯᠲᠡ ︵ᠳᠠᠭᠠᠯᠳᠤᠭᠤᠯᠤᠯ 2︶ ᠪᠢᠴᠢᠵᠦ ᠂ 5 ᠰᠠᠷ᠎ᠠ ᠶᠢᠨ 10 ᠤ ᠡᠳᠦᠷ ᠠᠴᠠ ᠡᠮᠦᠨ᠎ᠡ ᠰᠢᠶᠠᠨ ᠤ ᠢᠳᠡᠭᠡᠨ ᠤ ᠠᠶᠤᠯᠭᠦᠢ ᠶᠢᠨ ᠵᠥᠪᠯᠡᠯ ᠳᠤ ᠮᠡᠳᠡᠭᠦᠯᠦᠨ ᠬᠦᠷᠭᠡᠨ᠎ᠡ ᠃   ︵ᠬᠤᠶᠠᠷ︶ ᠲᠤᠬᠠᠢ ᠶᠢᠨ ᠲᠠᠯᠠᠪᠤᠷ ᠲᠤ ᠳᠠᠬᠢᠨ ᠬᠢᠨᠠᠨ᠎ᠠ ︵2022 ᠣᠨ ᠤ 5 ᠰᠠᠷ᠎ᠠ ᠶᠢᠨ 15 ᠤ ᠡᠳᠦᠷ ︱ 5 ᠰᠠᠷ᠎ᠠ ᠶᠢᠨ 20 ᠤ ᠡᠳᠦᠷ︶   ᠰᠢᠶᠠᠨ ᠤ ᠢᠳᠡᠭᠡᠨ ᠤ ᠠᠶᠤᠯᠭᠦᠢ ᠶᠢᠨ ᠵᠥᠪᠯᠡᠯ ᠨᠢ ᠳᠠᠬᠢᠨ ᠬᠢᠨᠠᠬᠤ ᠳᠤᠭᠤᠶᠢᠯᠠᠩ ᠪᠠᠶᠢᠭᠤᠯᠵᠤ ᠲᠤᠬᠠᠢ ᠶᠢᠨ ᠲᠠᠯᠠᠪᠠᠶ ᠳᠤ ᠳᠠᠬᠢᠨ ᠬᠢᠨᠠᠬᠤ ᠪᠠᠷ ᠪᠠᠶᠢᠨ᠎ᠠ᠃ ᠳᠠᠬᠢᠨ ᠬᠢᠨᠠᠬᠤ ᠠᠵᠢᠯ ᠢ 5 ᠰᠠᠷ᠎ᠠ ᠶᠢᠨ 15 ᠤ ᠡᠳᠦᠷ ᠠᠴᠠ ᠡᠬᠢᠯᠡᠵᠦ᠂ ᠳᠠᠬᠢᠨ ᠬᠢᠨᠠᠬᠤ ᠬᠡᠯᠪᠡᠷᠢ ᠶᠢ ᠪᠢᠴᠢᠭ ᠢᠶᠠᠷ ᠳ᠋ᠦᠩᠨᠡᠬᠦ᠂ ᠰᠦᠯᠵᠢᠶᠡᠨ ᠳᠡᠭᠡᠷ᠎ᠡ ᠲᠤᠯᠭᠠᠨ ᠠᠰᠠᠭᠤᠬᠤ ᠪᠠ ᠲᠤᠬᠠᠢ ᠶᠢᠨ ᠲᠠᠯᠠᠪᠤᠷ ᠲᠤ ᠳᠠᠬᠢᠨ ᠬᠢᠨᠠᠬᠤ ᠭᠡᠵᠦ ᠬᠤᠪᠢᠶᠠᠨ᠎ᠠ᠃ ᠳᠠᠬᠢᠨ ᠬᠢᠨᠠᠬᠤ ᠳᠤᠭᠤᠶᠢᠯᠠᠩ ᠨᠢ ᠲᠤᠬᠠᠢ ᠶᠢᠨ ᠲᠠᠯᠠᠪᠤᠷ ᠲᠤ ᠳᠠᠬᠢᠨ ᠬᠢᠨᠠᠭᠠᠳ ᠢᠯᠡᠷᠡᠭᠦᠯᠦᠭᠰᠡᠨ ᠠᠰᠠᠭᠤᠳᠠᠯ ᠲᠠᠢ ᠤᠶᠠᠯᠳᠤᠭᠤᠯᠤᠨ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠳᠤᠷᠠᠳᠴᠤ᠂ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠵᠠᠳᠠᠯᠵᠤ᠂ ᠴᠡᠭᠴᠡᠯᠡᠨ ᠰᠠᠶᠢᠵᠢᠷᠠᠭᠤᠯᠬᠤ ᠡᠬᠡ ᠲᠠᠩᠰᠠ ᠶᠢ ᠪᠠᠶᠢᠭᠤᠯᠤᠨ᠎ᠠ᠃ ᠴᠡᠭᠴᠡᠯᠡᠨ ᠥᠭᠡᠷᠡᠴᠢᠯᠡᠬᠦ ᠡᠬᠡ ᠲᠠᠩᠰᠠ ᠶᠢ 5 ᠰᠠᠷ᠎ᠠ ᠶᠢᠨ 20 ᠤ ᠡᠳᠦᠷ ᠠᠴᠠ ᠡᠮᠦᠨ᠎ᠡ ᠰᠢᠶᠠᠨ ᠤ ᠢᠳᠡᠭᠡᠨ ᠤ ᠠᠮᠤᠷ ᠲᠦᠪᠰᠢᠨ ᠤ ᠵᠥᠪᠯᠡᠯ ᠳᠤ ᠮᠡᠳᠡᠭᠦᠯᠦᠨ ᠬᠦᠷᠭᠡᠨ᠎ᠡ᠃   ︵ᠭᠤᠷᠪᠠ︶ ᠪᠥᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠤᠨ᠎ᠠ ︵2022 ᠣᠨ ᠤ 6 ᠰᠠᠷ᠎ᠠ ᠶᠢᠨ 10 ᠤ ᠡᠳᠦᠷ ᠠᠴᠠ ᠡᠮᠦᠨ᠎ᠡ︶   ᠰᠢᠶᠠᠨ ᠤ ᠢᠳᠡᠭᠡᠨ ᠤ ᠵᠦᠢᠯ ᠤᠨ ᠠᠮᠤᠷ ᠲᠦᠪᠰᠢᠨ ᠤ ᠵᠥᠪᠯᠡᠯ ᠴᠡᠭᠴᠡᠯᠡᠨ ᠰᠠᠶᠢᠵᠢᠷᠠᠭᠤᠯᠤᠭᠰᠠᠨ ᠡᠬᠡ ᠲᠠᠩᠰᠠ ᠶᠢ ᠦᠨᠳᠦᠰᠦᠯᠡᠨ ᠬᠠᠮᠢᠶ᠎ᠠ ᠪᠦᠬᠦᠢ ᠨᠢᠭᠡᠴᠡ ᠶᠢ ᠰᠢᠮᠳᠠᠭᠤᠯᠵᠤ ᠪᠠᠶᠢᠭᠠᠳ ᠱᠠᠯᠠᠪᠳᠠᠨ ᠴᠡᠭᠴᠡᠯᠡᠨ ᠰᠠᠶᠢᠵᠢᠷᠠᠭᠤᠯᠵᠤ᠂ 6 ᠰᠠᠷ᠎ᠠ ᠶᠢᠨ 10 ᠤ ᠡᠳᠦᠷ ᠠᠴᠠ ᠡᠮᠦᠨ᠎ᠡ ᠴᠡᠭᠴᠡᠯᠡᠨ ᠰᠠᠶᠢᠵᠢᠷᠠᠭᠤᠯᠤᠭᠰᠠᠨ ᠪᠥᠭᠡᠳ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠳ᠋ᠦᠩ ᠢᠶᠠᠨ ᠮᠡᠳᠡᠭᠦᠯᠦᠨ ᠬᠦᠷᠭᠡᠬᠦ ᠬᠡᠷᠡᠭᠲᠡᠢ᠃   ︵ᠳᠥᠷᠪᠡ︶ ᠥᠪᠡᠷᠲᠡᠭᠡᠨ ᠵᠠᠰᠠᠬᠤ ᠣᠷᠣᠨ ᠤ ᠬᠠᠷᠭᠤᠭᠤᠯᠤᠨ ᠪᠠᠶᠢᠴᠠᠭᠠᠬᠤ ᠶᠢ ᠬᠦᠯᠢᠶᠡᠨ᠎ᠡ ︵2022 ᠣᠨ ᠤ 6 ᠳ᠋ᠤᠭᠠᠷ ᠰᠠᠷ᠎ᠠ ︱ 9 ᠳ᠋ᠦᠭᠡᠷ ᠰᠠᠷ᠎ᠠ︶   ᠥᠪᠡᠷᠲᠡᠭᠡᠨ ᠵᠠᠰᠠᠬᠤ ᠣᠷᠣᠨ ᠤ ᠬᠠᠷᠭᠤᠭᠤᠯᠤᠨ ᠪᠠᠶᠢᠴᠠᠭᠠᠬᠤ ᠶᠢ ᠬᠦᠯᠢᠶᠡᠵᠦ᠂ ᠰᠣᠯᠪᠢᠴᠠᠭᠤᠯᠤᠨ ᠬᠠᠷᠢᠯᠴᠠᠨ ᠪᠠᠶᠢᠴᠠᠭᠠᠨ᠎ᠠ᠃ ᠴᠡᠭᠴᠡᠯᠡᠨ ᠰᠠᠶᠢᠵᠢᠷᠠᠭᠤᠯᠬᠤ ᠠᠵᠢᠯ ᠢ ᠲᠡᠭᠦᠯᠳᠡᠷᠵᠢᠭᠦᠯᠵᠦ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠬᠠᠷᠭᠤᠭᠤᠯᠤᠨ ᠪᠠᠶᠢᠴᠠᠭᠠᠯᠲᠠ ᠶᠢ ᠥᠩᠭᠡᠷᠡᠬᠦ ᠶᠢ ᠪᠠᠲᠤᠯᠠᠨ᠎ᠠ᠃        ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ        ᠣᠷᠴᠢᠭᠤᠯᠤᠭᠴᠢ᠄ ᠣᠳᠣᠨᠭᠡᠷᠡᠯᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2