| ᠯᠢ ᠺᠧ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ | ᠡᠳ᠋ ᠤᠨ ᠵᠠᠰᠠᠭ ᠵᠣᠭᠤᠰᠤᠨ ᠤ ᠲᠥᠷᠥ ᠶᠢᠨ ᠪᠣᠳᠣᠯᠭ᠎ᠠ ᠳᠤ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠷ | ᠤᠳᠤᠷᠢᠳᠤᠮᠵᠢ ᠪᠣᠯᠭᠠᠨ ᠠᠵᠤ ᠠᠬᠤᠢ ᠶᠢᠨ ᠶᠡᠭᠡ ᠪᠠᠶᠢᠳᠠᠯ ᠢ ᠲᠣᠭᠲᠠᠪᠤᠷᠢᠵᠢᠭᠤᠯᠬᠤ ᠬᠡᠷᠡᠭᠲᠡᠢ ᠭᠡᠵᠦ ᠱᠠᠭᠠᠷᠳᠠᠪᠠ | ᠦᠯᠡᠳᠡᠭᠡᠯ ᠡᠳ᠋ ᠬᠥᠷᠥᠩᠭᠡ ᠶᠢ ᠤᠯᠠᠮ ᠨᠢᠭᠡ ᠠᠯᠬᠤᠮ ᠴᠢᠯᠦᠭᠡᠲᠡᠢ ᠭᠦᠢᠯᠭᠡᠭᠡᠵᠦ ᠨᠡᠶᠢᠭᠡᠮ ᠤᠨ ᠪᠡᠯᠡ | ᠣᠷᠣᠭᠤᠯᠤᠯᠲᠠ ᠶᠢᠨ ᠠᠷᠭ᠎ᠠ ᠵᠠᠮ ᠢ ᠦᠷᠭᠡᠳᠬᠡᠨ ᠪᠦᠲᠦᠮᠵᠢᠲᠡᠶ ᠪᠡᠯᠡ ᠣᠷᠣᠭᠤᠯᠤᠯᠲᠠ ᠶᠢ ᠥᠷᠭᠡᠳᠬᠡᠬᠦ ᠲᠤᠬᠠᠢ | ᠪᠠᠶᠢᠷᠢᠯᠠᠭᠤᠯᠪᠠ | ᠠᠵᠤ ᠠᠬᠤᠢ ᠶᠢᠨ ᠲᠠᠯ᠎ᠠ ᠪᠠᠷ ᠬᠦᠴᠢᠷᠳᠡᠯ ᠲᠠᠢ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠤᠯᠤᠰ ᠤᠨ | ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠬᠦᠦ ᠮᠥᠩᠭᠦ ᠶᠢ ᠱᠠᠲᠤᠴᠢ ᠴᠢᠨᠠᠷᠲᠠᠢ ᠪᠠᠷ ᠬᠡᠯᠲᠦᠷᠢᠭᠦᠯᠬᠦ ᠶᠢᠨ ᠬᠠᠮᠲᠤ | ᠡᠬᠡ ᠮᠦᠩᠭᠦ ᠶᠢ ᠬᠤᠭᠤᠴᠠᠭ᠎ᠠ ᠬᠤᠶᠢᠰᠢᠯᠠᠭᠤᠯᠤᠨ ᠪᠤᠴᠠᠭᠠᠬᠤ ᠶᠢ ᠵᠦᠪᠰᠢᠶᠡᠷᠡᠬᠦ ᠪᠠᠷ ᠲᠣᠭᠲᠠᠪᠠ | ᠰᠢᠨᠬᠤᠸᠠ ᠬᠤᠷᠢᠶᠠᠨ ᠤ ᠪᠡᠭᠡᠵᠢᠩ ᠤᠨ 5 ᠳ᠋ᠤᠭᠠᠷ ᠰᠠᠷ᠎ᠠ ᠶᠢᠨ 11 ᠤ ᠴᠠᠬᠢᠯᠭᠠᠨ ᠮᠡᠳᠡᠭᠡ ᠲᠦᠷᠦ ᠶᠢᠨ ᠶᠠᠪᠤᠳᠠᠯ ᠤᠨ | ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 5 ᠳ᠋ᠤᠭᠠᠷ ᠰᠠᠷ᠎ᠠ ᠶᠢᠨ 11 ᠤ ᠡᠳᠦᠷ ᠲᠦᠷᠦ ᠶᠢᠨ ᠶᠠᠪᠤᠳᠠᠯ ᠤᠨ | ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠡᠳ᠋ ᠤᠨ ᠵᠠᠰᠠᠭ ᠵᠣᠭᠤᠰᠤᠨ ᠤ ᠲᠦᠷᠦ ᠶᠢᠨ | ᠪᠣᠳᠣᠯᠭ᠎ᠠ ᠳᠤ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠷ ᠤᠳᠤᠷᠢᠳᠤᠮᠵᠢ ᠪᠣᠯᠭᠠᠨ ᠠᠵᠤ ᠠᠬᠤᠢ ᠶᠢᠨ ᠶᠡᠭᠡ | ᠪᠠᠶᠢᠳᠠᠯ ᠢ ᠲᠣᠭᠲᠠᠪᠤᠷᠢᠵᠢᠭᠤᠯᠬᠤ ᠬᠡᠷᠡᠭᠲᠡᠢ ᠭᠡᠵᠦ ᠱᠠᠭᠠᠷᠳᠠᠪᠠ︔ ᠦᠯᠡᠳᠡᠭᠡᠯ ᠡᠳ᠋ ᠬᠥᠷᠥᠩᠭᠡ ᠶᠢ ᠤᠯᠠᠮ ᠨᠢᠭᠡ ᠠᠯᠬᠤᠮ | ᠴᠢᠯᠦᠭᠡᠲᠡᠢ ᠭᠦᠢᠯᠭᠡᠭᠡᠵᠦ᠂ ᠨᠡᠶᠢᠭᠡᠮ ᠤᠨ ᠪᠡᠯᠡ ᠣᠷᠣᠭᠤᠯᠤᠯᠲᠠ ᠶᠢᠨ ᠠᠷᠭ᠎ᠠ ᠵᠠᠮ ᠢ ᠥᠷᠭᠡᠳᠬᠡᠨ᠂ ᠪᠦᠲᠦᠮᠵᠢᠲᠡᠶ ᠪᠡᠯᠡ | ᠣᠷᠣᠭᠤᠯᠤᠯᠲᠠ ᠶᠢ ᠥᠷᠭᠡᠳᠬᠡᠬᠦ ᠲᠤᠬᠠᠢ ᠪᠠᠶᠢᠷᠢᠯᠠᠭᠤᠯᠪᠠ︔ ᠠᠵᠤ ᠠᠬᠤᠢ ᠶᠢᠨ ᠲᠠᠯ᠎ᠠ ᠪᠠᠷ ᠬᠦᠴᠢᠷᠳᠡᠯ ᠲᠠᠢ ᠶᠡᠭᠡ | ᠳᠡᠭᠡᠳᠦ ᠰᠤᠷᠭᠠᠭᠤᠯᠢ ᠲᠡᠭᠦᠰᠦᠭᠰᠡᠳ ᠤᠨ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠬᠦᠦ ᠮᠥᠩᠭᠦ ᠶᠢ | ᠱᠠᠲᠤᠴᠢ ᠴᠢᠨᠠᠷᠲᠠᠢ ᠪᠠᠷ ᠬᠡᠯᠲᠦᠷᠢᠭᠦᠯᠬᠦ ᠶᠢᠨ ᠬᠠᠮᠲᠤ ᠡᠬᠡ ᠮᠦᠩᠭᠦ ᠶᠢ ᠬᠤᠭᠤᠴᠠᠭ᠎ᠠ ᠬᠤᠶᠢᠰᠢᠯᠠᠭᠤᠯᠤᠨ ᠪᠤᠴᠠᠭᠠᠬᠤ ᠶᠢ | ᠵᠦᠪᠰᠢᠶᠡᠷᠡᠬᠦ ᠪᠠᠷ ᠲᠣᠭᠲᠠᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠰᠢᠨ᠎ᠡ ᠨᠢᠭᠡᠨ ᠡᠭᠡᠯᠵᠢ ᠶᠢᠨ ᠬᠢᠵᠢᠭ ᠤᠨ ᠪᠠᠶᠢᠳᠠᠯ ᠪᠠ ᠳᠡᠯᠡᠬᠡᠢ ᠶᠢᠨ | ᠪᠠᠶᠢᠳᠠᠯ ᠤᠨ ᠬᠤᠪᠢᠷᠠᠯᠲᠠ ᠶᠢᠨ ᠵᠢᠱᠢᠯᠲᠡ ᠠᠴᠠ ᠳᠠᠪᠠᠭᠰᠠᠨ ᠨᠥᠯᠥᠭᠡ ᠠᠴᠠ ᠪᠣᠯᠵᠤ᠂ 4 ᠳ᠋ᠦ᠋ᠭᠡᠷ ᠰᠠᠷ᠎ᠠ ᠳᠤ ᠠᠵᠤ | ᠠᠬᠤᠢ ᠶᠢᠨ ᠰᠢᠨ᠎ᠡ ᠪᠠᠭᠤᠷᠠᠯᠲᠠ ᠶᠢᠨ ᠳᠠᠷᠤᠯᠲᠠ ᠤᠯᠠᠮ ᠨᠢᠭᠡ ᠠᠯᠬᠤᠮ ᠨᠡᠮᠡᠭᠳᠡᠪᠡ᠃ ᠨᠠᠮ ᠤᠨ ᠲᠥᠪ ᠬᠤᠷᠢᠶ᠎ᠠ᠂ | ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠢ ᠲᠤᠭᠤᠰᠢᠯᠠᠭᠤᠯᠵᠤ᠂ ᠢᠲᠡᠭᠡᠯ ᠵᠣᠷᠢᠭ ᠢᠶᠠᠨ ᠪᠠᠲᠤᠳᠬᠠᠨ᠂ | ᠬᠦᠴᠢᠷ ᠪᠡᠷᠬᠡᠰᠢᠶᠡᠯ ᠪᠠ ᠥᠷᠢᠰᠦᠯᠳᠦᠭᠡᠨ ᠳᠤ ᠵᠥᠪ ᠢᠶᠠᠷ ᠬᠠᠨᠳᠤᠵᠤ᠂ ᠠᠵᠤ ᠠᠬᠤᠢ ᠶᠢᠨ ᠶᠡᠭᠡ ᠪᠠᠶᠢᠳᠠᠯ ᠢ ᠬᠦᠴᠦᠯᠡᠨ | ᠲᠣᠭᠲᠠᠪᠤᠷᠢᠵᠢᠭᠤᠯᠵᠤ᠂ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠬᠦ ᠳᠤ ᠰᠠᠭᠤᠷᠢ | ᠬᠠᠩᠭᠠᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ | ᠤᠭᠲᠤᠬᠤ ᠬᠡᠷᠡᠭᠲᠡᠢ᠃ ᠨᠢᠭᠡ ᠳᠤ᠂ ᠡᠳ᠋ ᠤᠨ ᠵᠠᠰᠠᠭ᠂ ᠵᠣᠭᠤᠰᠤᠨ ᠤ ᠲᠦᠷᠦ ᠶᠢᠨ ᠪᠣᠳᠣᠯᠭ᠎ᠠ ᠨᠢ ᠠᠵᠢᠯ ᠣᠯᠭᠤᠯᠲᠠ ᠶᠢ | ᠲᠡᠷᠢᠭᠦᠨ ᠳᠤ ᠲᠠᠯᠪᠢᠬᠤ ᠪᠠᠷ ᠤᠳᠤᠷᠢᠳᠤᠮᠵᠢ ᠪᠣᠯᠭᠠᠨ᠂ ᠭᠠᠶᠢᠯᠢ ᠶᠢ ᠪᠤᠴᠠᠭᠠᠬᠤ ᠪᠠ ᠭᠠᠶᠢᠯᠢ ᠶᠢ ᠪᠠᠭᠠᠰᠬᠠᠬᠤ᠂ | ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠬᠤᠶᠢᠰᠢᠯᠠᠭᠤᠯᠤᠨ ᠲᠤᠰᠢᠶᠠᠬᠤ᠂ ᠪᠡᠯᠡ ᠲᠣᠬᠢᠷᠠᠭᠤᠯᠭ᠎ᠠ ᠶᠢᠨ ᠥᠪᠡᠷ ᠤᠨ | ᠦᠷᠳᠡᠭ ᠢ ᠪᠠᠭᠤᠷᠠᠭᠤᠯᠬᠤ ᠵᠡᠷᠭᠡ ᠠᠷᠭ᠎ᠠ ᠬᠡᠮᠵᠢᠶ᠎ᠡ ᠠᠪᠴᠤ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ | ᠲᠣᠭᠲᠠᠪᠤᠷᠢᠵᠢᠭᠤᠯᠬᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠪᠠ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠳᠤ | ᠬᠦᠴᠦᠯᠡᠬᠦ ᠪᠠᠷ ᠳᠠᠮᠵᠢᠨ᠂ ᠠᠷᠠᠳ ᠤᠨ ᠦᠨᠳᠦᠰᠦᠨ ᠠᠮᠢᠳᠤᠷᠠᠯ ᠢ ᠪᠠᠲᠤᠯᠠᠵᠤ᠂ ᠨᠡᠮᠡᠭᠳᠡᠯ ᠢ ᠲᠣᠭᠲᠠᠪᠤᠷᠢᠵᠢᠭᠤᠯᠤᠨ᠂ | ᠬᠡᠷᠡᠭᠯᠡᠭᠡ ᠶᠢ ᠠᠬᠢᠭᠤᠯᠬᠤ ᠬᠡᠷᠡᠭᠲᠡᠢ᠃ ᠤᠯᠠᠨ ᠵᠦᠢᠯ ᠤᠨ ᠲᠦᠷᠦ ᠶᠢᠨ ᠪᠣᠳᠣᠯᠭ᠎ᠠ ᠶᠢᠨ ᠪᠠᠭᠠᠵᠢ ᠶᠢ ᠤᠯᠠᠮ ᠴᠢᠨᠠᠭᠰᠢᠳᠠ | ᠰᠣᠳᠤᠯᠤᠨ ᠬᠡᠷᠡᠭᠯᠡᠵᠦ᠂ ᠣᠷᠣᠨ ᠨᠤᠲᠤᠭ ᠤᠨ ᠢᠳᠡᠪᠬᠢᠵᠢᠯ ᠢ ᠳᠠᠶᠢᠴᠢᠯᠠᠬᠤ ᠶᠢᠨ ᠬᠠᠮᠲᠤ ᠬᠠᠷᠢᠭᠤᠴᠠᠯᠭ᠎ᠠ ᠶᠢ | ᠪᠣᠳᠠᠲᠠᠶᠢᠵᠢᠭᠤᠯᠵᠤ᠂ ᠠᠵᠢᠯ ᠤᠨ ᠪᠠᠶᠢᠷᠢ᠂ ᠠᠵᠢᠯ ᠣᠯᠭᠤᠯᠲᠠ ᠶᠢ ᠦᠨᠡᠨ ᠬᠦ ᠲᠣᠭᠲᠠᠪᠤᠷᠢᠵᠢᠭᠤᠯᠬᠤ ᠬᠡᠷᠡᠭᠲᠡᠢ᠃ | ᠬᠤᠶᠠᠷ ᠲᠤ᠂ ᠪᠠᠷᠠᠭᠠᠨ ᠤ ᠦᠨ᠎ᠡ ᠶᠢᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠨ᠎ᠠ᠃ ᠮᠠᠨ ᠤ ᠤᠯᠤᠰ ᠤᠨ | ᠠᠷᠠᠳ ᠤᠨ ᠠᠮᠢᠳᠤᠷᠠᠯ ᠤᠨ ᠦᠨᠳᠦᠰᠦᠨ ᠬᠡᠷᠡᠭᠴᠡᠭᠡᠨ ᠤ ᠡᠳ᠋ ᠪᠣᠳᠠᠰ ᠤᠨ ᠬᠠᠩᠭᠠᠯᠭ᠎ᠠ ᠭᠦᠢᠴᠡᠳ ᠪᠠᠶᠢᠨ᠎ᠠ᠂ ᠭᠡᠪᠡᠴᠦ | ᠡᠭᠦᠨ ᠢ ᠬᠥᠩᠭᠡᠪᠴᠢᠯᠡᠵᠦ ᠪᠣᠯᠬᠤ ᠦᠭᠡᠢ᠃ ᠠᠮᠤ ᠪᠤᠳᠠᠭᠠᠨ ᠤ ᠦᠢᠯᠡᠳᠪᠦᠷᠢᠯᠡᠯ ᠢ ᠪᠣᠳᠠᠲᠠᠢ ᠠᠳᠬᠤᠵᠤ᠂ ᠠᠮᠤ | ᠪᠤᠳᠠᠭᠠᠨ ᠤ ᠤᠨᠠᠯᠲᠠ ᠪᠣᠯᠣᠨ ᠬᠠᠩᠭᠠᠯᠭ᠎ᠠ ᠶᠢᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠨ᠂ ᠪᠠᠷᠠᠭᠠᠨ ᠤ ᠦᠨ᠎ᠡ ᠶᠢ | ᠲᠣᠭᠲᠠᠭᠤᠨ ᠪᠠᠶᠢᠯᠭᠠᠬᠤ ᠰᠠᠭᠤᠷᠢ ᠶᠢ ᠪᠠᠲᠤᠳᠬᠠᠬᠤ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ | ᠰᠠᠶᠢᠲᠤᠷ ᠬᠢᠬᠦ ᠶᠢᠨ ᠬᠠᠮᠲᠤ ᠡᠳ᠋ ᠪᠠᠷᠠᠭᠠᠨ ᠤ ᠭᠦᠢᠯᠭᠡᠭᠡ ᠢᠯᠠᠩᠭᠤᠶ᠎ᠠ ᠭᠤᠣᠯᠳᠠᠯᠭ᠎ᠠ ᠲᠠᠢ ᠭᠠᠵᠠᠷ ᠣᠷᠣᠨ ᠤ ᠡᠳ᠋ | ᠪᠠᠷᠠᠭᠠᠨ ᠤ ᠭᠦᠢᠯᠭᠡᠭᠡ ᠶᠢ ᠤᠯᠠᠮ ᠨᠢᠭᠡ ᠠᠯᠬᠤᠮ ᠰᠠᠭᠠᠳ ᠦᠭᠡᠢ ᠨᠠᠪᠲᠠᠷᠡᠭᠦᠯᠵᠦ᠂ ᠠᠵᠤ ᠦᠢᠯᠡᠰ ᠤᠨ ᠬᠡᠯᠬᠢᠶ᠎ᠡ ᠪᠠ | ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠢ ᠪᠠᠲᠤᠯᠠᠬᠤ ᠬᠡᠷᠡᠭᠲᠡᠢ᠃ ᠭᠤᠷᠪᠠ ᠳᠤ᠂ ᠡᠨᠧᠷᠭᠢ ᠶᠢᠨ ᠬᠡᠪ ᠤᠨ | ᠬᠠᠩᠭᠠᠯᠭ᠎ᠠ ᠶᠢ ᠪᠠᠲᠤᠯᠠᠨ᠎ᠠ᠃ ᠡᠮᠦᠨᠡᠬᠢ ᠬᠤᠭᠤᠴᠠᠭᠠᠨ ᠤ ᠲᠥᠪ ᠤᠨ ᠴᠠᠬᠢᠯᠭᠠᠨ ᠭᠠᠷᠭᠠᠬᠤ ᠠᠵᠤ ᠠᠬᠤᠶᠢᠯᠠᠯ ᠳᠤ | ᠡᠭᠦᠰᠦᠮᠡᠯ ᠡᠨᠧᠷᠭᠢ ᠶᠢᠨ ᠰᠤᠷᠪᠤᠯᠵᠢ ᠶᠢᠨ ᠨᠥᠬᠦᠪᠦᠷᠢ ᠶᠢ 500 ᠳ᠋ᠦᠩᠰᠢᠭᠤᠷ ᠲᠥᠭᠦᠷᠢᠭ ᠰᠠᠯᠭᠠᠨ ᠥᠭᠴᠦ᠂ ᠤᠯᠤᠰ ᠤᠨ | ᠦᠮᠴᠢᠯᠡᠯᠲᠤ ᠬᠥᠷᠥᠩᠭᠡ ᠶᠢᠨ ᠡᠵᠡᠩᠨᠡᠯᠲᠡ ᠶᠢᠨ ᠲᠥᠰᠥᠪ ᠲᠤ 200 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠤᠭᠰᠠᠨ ᠰᠠᠭᠤᠷᠢᠨ ᠳᠡᠭᠡᠷ᠎ᠡ᠂ ᠳᠠᠬᠢᠨ 500 ᠳ᠋ᠦᠩᠰᠢᠭᠤᠷ ᠲᠥᠭᠦᠷᠢᠭ ᠤᠨ ᠨᠥᠬᠦᠪᠦᠷᠢ ᠪᠡᠯᠡ ᠮᠥᠩᠭᠦ ᠶᠢ | ᠰᠠᠯᠭᠠᠨ ᠥᠭᠴᠦ᠂ 100 ᠳ᠋ᠦᠩᠰᠢᠭᠤᠷ ᠲᠥᠭᠦᠷᠢᠭ ᠤᠨ ᠪᠡᠯᠡ ᠣᠷᠤᠭᠤᠯᠤᠨ᠂ ᠨᠡᠭᠦᠷᠡᠰᠦ ᠴᠠᠬᠢᠯᠭᠠᠨ ᠤ ᠠᠵᠤ | ᠠᠬᠤᠶᠢᠯᠠᠯ ᠤᠨ ᠬᠦᠴᠢᠷᠳᠡᠯ ᠢᠶᠠᠨ ᠲᠠᠶᠢᠯᠬᠤ ᠪᠠ ᠢᠯᠡᠭᠦᠬᠡᠨ ᠴᠠᠬᠢᠯᠭᠠᠨ ᠭᠠᠷᠭᠠᠬᠤ ᠶᠢ ᠳᠡᠮᠵᠢᠨ᠎ᠡ᠃ ᠲᠦᠷᠦ ᠶᠢᠨ | ᠪᠣᠳᠣᠯᠭ᠎ᠠ ᠶᠢ ᠰᠢᠯᠢᠳᠡᠭᠵᠢᠭᠦᠯᠵᠦ᠂ ᠵᠣᠬᠢᠴᠠᠭᠤᠯᠭ᠎ᠠ ᠪᠠᠨ ᠴᠢᠩᠭᠠᠳᠬᠠᠨ᠂ ᠲᠡᠷᠢᠭᠦᠨ ᠤ ᠨᠡᠭᠦᠷᠡᠰᠦ ᠦᠢᠯᠡᠳᠪᠦᠷᠢᠯᠡᠬᠦ | ᠴᠢᠳᠠᠮᠵᠢ ᠶᠢ ᠠᠮᠤᠷ ᠲᠦᠪᠰᠢᠨ ᠡᠮᠬᠢ ᠳᠢᠭᠯᠢᠮ ᠲᠠᠢ ᠪᠠᠷ ᠪᠠᠳᠠᠷᠠᠭᠤᠯᠬᠤ ᠬᠡᠷᠡᠭᠲᠡᠢ᠃ ᠬᠠᠭᠠᠯᠲᠠ ᠶᠢ ᠬᠠᠭᠠᠵᠤ ᠴᠠᠬᠢᠯᠭᠠᠨ ᠢ | ᠬᠢᠵᠠᠭᠠᠷᠯᠠᠬᠤ ᠦᠵᠡᠭᠳᠡᠯ ᠭᠠᠷᠬᠤ ᠶᠢ ᠤᠭᠳᠤ ᠵᠥᠪᠰᠢᠶᠡᠷᠡᠬᠦ ᠦᠭᠡᠢ᠃ ᠳᠥᠷᠪᠡ ᠳᠤ᠂ ᠣᠳᠣᠬᠠᠨ ᠳᠤ ᠬᠦᠴᠢᠷᠳᠡᠯ ᠲᠠᠢ | ᠪᠠᠶᠢᠭ᠎ᠠ ᠠᠵᠤ ᠠᠬᠤᠶᠢᠯᠠᠯ ᠪᠠ ᠠᠵᠢᠯᠲᠠᠨ ᠠᠵᠢᠯᠴᠢᠨ ᠳᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ | ᠮᠥᠩᠭᠦ ᠶᠢᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠦᠨ᠎ᠡ᠃ ᠡᠨᠡ ᠵᠢᠯ ᠤᠨ ᠰᠡᠭᠦᠯᠴᠢ ᠠᠴᠠ ᠡᠮᠦᠨ᠎ᠡ ᠠᠵᠤ | ᠠᠬᠤᠶᠢᠯᠠᠯ ᠭᠤᠶᠤᠴᠢᠯᠠᠭᠰᠠᠭᠠᠷ ᠳᠠᠷᠤᠢ ᠬᠤᠶᠢᠰᠢᠯᠠᠭᠤᠯᠤᠨ ᠲᠤᠰᠢᠶᠠᠵᠤ ᠪᠣᠯᠬᠤ ᠪᠣᠯᠭᠠᠪᠠ᠃ ᠡᠨᠡ ᠨᠢ ᠠᠵᠢᠯᠲᠠᠨ | ᠠᠵᠢᠯᠴᠢᠨ ᠤ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠪᠠᠨ ᠬᠡᠪ ᠤᠨ ᠶᠣᠰᠣᠭᠠᠷ ᠭᠠᠷᠭᠠᠨ ᠠᠪᠬᠤ ᠪᠠ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠭᠤᠶᠤᠴᠢᠯᠠᠬᠤ ᠶᠢ ᠨᠦᠯᠦᠭᠡᠯᠡᠬᠦ ᠦᠭᠡᠢ ᠪᠠᠶᠢᠵᠤ᠂ ᠵᠢᠱᠢᠯᠲᠡ ᠪᠠᠷ ᠠᠵᠤ | ᠠᠬᠤᠶᠢᠯᠠᠯ ᠤᠨ ᠳᠠᠷᠤᠭᠠᠰᠤ ᠶᠢ 900 ᠭᠠᠷᠤᠢ ᠳ᠋ᠦᠩᠰᠢᠭᠤᠷ ᠲᠥᠭᠦᠷᠢᠭ ᠬᠦᠩᠭᠡᠷᠡᠭᠦᠯᠵᠦ ᠴᠢᠳᠠᠨ᠎ᠠ᠃ ᠠᠵᠢᠯᠲᠠᠨ | ᠠᠵᠢᠯᠴᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠪᠠᠨ ᠬᠡᠪ ᠤᠨ ᠶᠣᠰᠣᠭᠠᠷ ᠪᠤᠴᠠᠭᠠᠭᠰᠠᠨ ᠦᠭᠡᠢ | ᠪᠠᠶᠢᠪᠠᠯ᠂ ᠬᠤᠭᠤᠴᠠᠭ᠎ᠠ ᠠᠴᠠ ᠬᠡᠲᠦᠷᠡᠭᠰᠡᠨ ᠢᠶᠠᠷ ᠪᠣᠳᠤᠬᠤ ᠦᠭᠡᠢ᠃ ᠡᠯ᠎ᠡ ᠭᠠᠵᠠᠷ ᠤᠨ ᠬᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠶᠢᠨ ᠭᠡᠷ ᠳᠦᠷᠢᠶᠡᠰᠦᠯᠡᠬᠦ ᠳᠤ ᠭᠠᠷᠭᠠᠨ ᠠᠪᠬᠤ ᠲᠤᠭ᠎ᠠ ᠬᠡᠮᠵᠢᠶ᠎ᠡ ᠶᠢ ᠵᠦᠢ ᠵᠣᠬᠢᠰᠲᠠᠢ ᠪᠠᠷ | ᠳᠡᠭᠡᠭᠰᠢᠯᠡᠭᠦᠯᠵᠦ ᠪᠣᠯᠤᠨ᠎ᠠ᠃ ᠲᠠᠪᠤ ᠳᠤ᠂ ᠨᠠᠰᠤᠵᠢᠯ ᠤᠨ ᠳᠠᠭᠠᠳᠬᠠᠯ ᠤᠨ ᠵᠠᠷᠤᠳᠠᠯ ᠢ ᠬᠤᠶᠢᠰᠢᠯᠠᠭᠤᠯᠤᠨ ᠲᠤᠰᠢᠶᠠᠬᠤ | ᠲᠥᠷᠥ ᠶᠢᠨ ᠪᠣᠳᠣᠯᠭ᠎ᠠ ᠶᠢᠨ ᠬᠦᠷᠢᠶ᠎ᠡ ᠬᠡᠪᠴᠢᠶ᠎ᠡ ᠶᠢ ᠥᠷᠭᠡᠳᠬᠡᠬᠦ ᠪᠠ ᠬᠡᠷᠡᠭᠵᠢᠭᠦᠯᠬᠦ ᠬᠤᠭᠤᠴᠠᠭ᠎ᠠ ᠶᠢ ᠤᠷᠲᠤᠳᠬᠠᠬᠤ | ᠠᠷᠭ᠎ᠠ ᠬᠡᠮᠵᠢᠶ᠎ᠡ ᠶᠢ ᠱᠠᠯᠠᠪᠳᠠᠨ ᠰᠤᠳᠤᠯᠵᠤ᠂ ᠣᠷᠣᠨ ᠨᠤᠲᠤᠭ ᠢ ᠵᠢᠭᠠᠨ ᠵᠢᠯᠤᠭᠤᠳᠴᠤ ᠪᠠᠶᠢᠭᠠᠳ ᠳᠤᠮᠳᠠ ᠵᠢᠵᠢᠭ ᠪᠢᠴᠢᠯ | ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠤᠰᠤ ᠴᠠᠬᠢᠯᠭᠠᠨ ᠬᠡᠢ ᠵᠡᠷᠭᠡ ᠶᠢᠨ | ᠵᠠᠷᠤᠳᠠᠯ ᠳᠤ ᠨᠥᠬᠦᠪᠦᠷᠢ ᠣᠯᠭᠤᠨ᠎ᠠ ᠭᠡᠵᠡᠢ᠃ | ᠬᠤᠷᠠᠯ ᠠᠴᠠ᠂ ᠰᠠᠭᠤᠷᠢ ᠲᠥᠬᠦᠭᠡᠷᠦᠮᠵᠢ ᠵᠡᠷᠭᠡ ᠦᠯᠡᠳᠡᠭᠡᠯ ᠡᠳ᠋ ᠬᠥᠷᠥᠩᠭᠡ ᠶᠢ ᠴᠢᠯᠦᠭᠡᠲᠡᠢ ᠭᠦᠢᠯᠭᠡᠭᠡᠬᠦ ᠨᠢ | ᠨᠡᠶᠢᠭᠡᠮ ᠤᠨ ᠪᠡᠯᠡ ᠣᠷᠣᠭᠤᠯᠤᠯᠲᠠ ᠶᠢᠨ ᠠᠷᠭ᠎ᠠ ᠵᠠᠮ ᠢ ᠥᠷᠭᠡᠳᠬᠡᠬᠦ ᠪᠠ ᠪᠦᠲᠦᠮᠵᠢᠲᠡᠢ ᠪᠡᠯᠡ ᠣᠷᠣᠭᠤᠯᠤᠯᠲᠠ ᠶᠢ | ᠥᠷᠭᠡᠳᠬᠡᠵᠦ᠂ ᠵᠠᠰᠠᠭ ᠤᠨ ᠣᠷᠳᠣᠨ ᠤ ᠥᠷᠢ ᠥᠭᠴᠡᠭᠡ ᠶᠢᠨ ᠲᠦᠭᠰᠢᠭᠦᠷᠢ ᠶᠢ ᠪᠠᠭᠠᠰᠬᠠᠬᠤ ᠳᠤ ᠠᠰᠢᠭᠲᠠᠢ ᠶᠤᠮ᠃ | ᠨᠢᠭᠡ ᠳᠤ᠂ ᠥᠯᠥ ᠬᠥᠳᠡᠯᠬᠦ ᠬᠥᠷᠥᠩᠭᠡ ᠶᠢᠨ ᠪᠡᠯᠡ ᠣᠷᠣᠭᠤᠯᠤᠯᠲᠠ ᠶᠢᠨ ᠢᠲᠡᠭᠡᠮᠵᠢᠲᠦ ᠨᠠᠶᠢᠳᠠᠯᠭ᠎ᠠ ᠶᠢᠨ ᠰᠠᠭᠤᠷᠢ ᠮᠥᠩᠭᠦ | ᠵᠡᠷᠭᠡ ᠶᠢ ᠲᠠᠷᠬᠠᠭᠠᠬᠤ ᠪᠠᠷ ᠳᠠᠮᠵᠢᠭᠤᠯᠤᠨ ᠴᠢᠯᠦᠭᠡᠲᠡᠢ ᠭᠦᠢᠯᠭᠡᠭᠡᠬᠦ ᠶᠢ ᠵᠣᠷᠢᠭᠵᠢᠭᠤᠯᠤᠨ᠎ᠠ᠃ ᠣᠷᠣᠨ ᠨᠤᠲᠤᠭ ᠢ ᠵᠢᠭᠠᠨ | ᠵᠢᠯᠤᠭᠤᠳᠴᠤ ᠪᠠᠶᠢᠭᠠᠳ ᠲᠠᠲᠠᠬᠤ ᠬᠦᠴᠦᠨ ᠲᠠᠢ ᠲᠦᠷᠦᠯ ᠵᠦᠢᠯ ᠢᠶᠠᠷ ᠵᠢᠱᠢᠶ᠎ᠡ ᠦᠵᠡᠭᠦᠯᠵᠦ᠂ ᠪᠡᠯᠡ ᠣᠷᠣᠭᠤᠯᠤᠯᠲᠠ ᠳᠤ | ᠣᠷᠣᠯᠴᠠᠭᠰᠠᠨ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠪᠡᠶᠡᠴᠢ ᠴᠣᠭᠴᠠ ᠳᠤ ᠨᠢᠭᠡ ᠯᠡ ᠠᠳᠠᠯᠢ ᠪᠠᠷ ᠬᠠᠨᠳᠤᠨ᠎ᠠ᠃ | ᠬᠤᠶᠠᠷ ᠲᠤ᠂ ᠵᠠᠬ᠎ᠠ ᠳᠡᠯᠭᠡᠭᠦᠷᠴᠢᠯᠡᠭᠰᠡᠨ ᠡᠵᠡᠩᠨᠡᠯᠲᠡ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠲᠦᠷᠦᠯ ᠵᠦᠢᠯ ᠤᠨ | ᠠᠰᠢᠭ ᠣᠷᠣᠯᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠡᠭᠡᠭᠦᠯᠦᠨ ᠬᠤᠷᠢᠶᠠᠭᠰᠠᠨ ᠪᠡᠯᠡ ᠮᠥᠩᠭᠦ ᠪᠠᠷ | ᠰᠢᠨ᠎ᠡ ᠲᠥᠷᠥᠯ ᠵᠦᠢᠯ ᠳᠤ ᠪᠡᠯᠡ ᠣᠷᠤᠭᠤᠯᠵᠤ᠂ ᠲᠤᠰᠬᠠᠢ ᠵᠦᠢᠯ ᠤᠨ ᠥᠷᠢ ᠥᠭᠴᠡᠭᠡ ᠳᠤ ᠳᠡᠮᠵᠢᠯᠭᠡ ᠦᠵᠡᠭᠦᠯᠵᠦ | ᠪᠣᠯᠣᠨ᠎ᠠ᠃ ᠭᠤᠷᠪᠠ ᠳᠤ᠂ ᠵᠠᠬ᠎ᠠ ᠳᠡᠯᠭᠡᠭᠦᠷᠴᠢᠯᠡᠬᠦ ᠪᠠ ᠬᠠᠤᠯᠢ ᠪᠠᠷ ᠵᠠᠰᠠᠬᠤ ᠵᠠᠷᠴᠢᠮ ᠢ ᠪᠠᠷᠢᠮᠲᠠᠯᠠᠵᠤ᠂ ᠠᠷᠠᠯᠵᠢᠶᠠᠨ ᠤ | ᠦᠨ᠎ᠡ ᠬᠠᠩᠰᠢ ᠶᠢ ᠢᠯᠡ ᠲᠣᠳᠣ ᠲᠣᠭᠲᠠᠭᠠᠬᠤ ᠬᠡᠷᠡᠭᠲᠡᠢ᠃ ᠰᠠᠭᠤᠷᠢ ᠲᠥᠬᠦᠭᠡᠷᠦᠮᠵᠢ ᠶᠢᠨ ᠯᠠᠪᠳᠠᠭᠤᠨ ᠲᠣᠭᠲᠠᠭᠤᠨ ᠢᠶᠠᠷ | ᠠᠵᠢᠯᠯᠠᠬᠤ ᠶᠢ ᠪᠠᠲᠤᠯᠠᠵᠤ᠂ ᠤᠯᠠᠨ ᠨᠡᠶᠢᠲᠡ ᠶᠢᠨ ᠠᠰᠢᠭ ᠲᠤᠰᠠ ᠶᠢ ᠪᠠᠲᠤᠯᠠᠨ᠎ᠠ ᠭᠡᠵᠦ ᠵᠢᠭᠠᠵᠤ ᠭᠠᠷᠭᠠᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠪᠣᠯ ᠠᠮᠢᠳᠤᠷᠠᠯ ᠨᠢ | ᠬᠦᠴᠢᠷᠳᠡᠯ ᠲᠠᠢ ᠭᠡᠷ ᠪᠦᠯᠢ ᠶᠢᠨ ᠰᠤᠷᠤᠭᠴᠢᠳ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠢ ᠡᠷᠬᠡ ᠲᠡᠭᠰᠢ ᠪᠠᠷ | ᠭᠥᠷᠳᠡᠬᠦ ᠶᠢ ᠪᠠᠲᠤᠯᠠᠬᠤ ᠨᠢᠭᠡ ᠵᠦᠢᠯ ᠤᠨ ᠴᠢᠬᠤᠯᠠ ᠳᠦᠷᠢᠮ ᠮᠥᠨ ᠭᠡᠵᠡᠢ᠃ ᠡᠨᠡ ᠵᠢᠯ ᠤᠨ ᠶᠡᠭᠡ ᠳᠡᠭᠡᠳᠦ ᠰᠤᠷᠭᠠᠭᠤᠯᠢ | ᠲᠡᠭᠦᠰᠦᠭᠰᠡᠳ ᠤᠨ ᠲᠤᠭ᠎ᠠ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠴᠡᠢ᠂ ᠲᠡᠳᠡᠨ ᠤ ᠳᠠᠷᠤᠭᠠᠰᠤ ᠶᠢ ᠬᠥᠩᠭᠡᠯᠡᠬᠦ ᠪᠠ | ᠠᠵᠢᠯ ᠣᠯᠬᠤ ᠶᠢ ᠬᠠᠪᠰᠤᠷᠤᠨ ᠲᠡᠳᠬᠦᠬᠦ ᠶᠢᠨ ᠲᠤᠰᠠᠳᠠ᠂ ᠬᠤᠷᠠᠯ ᠠᠴᠠ᠂ ᠡᠨᠡ ᠵᠢᠯ ᠵᠢᠴᠢ ᠡᠮᠦᠨᠡᠬᠢ ᠵᠢᠯ ᠤᠳ ᠤᠨ | ᠲᠡᠭᠦᠰᠦᠭᠰᠡᠳ ᠤᠨ ᠡᠨᠡ ᠵᠢᠯ ᠤᠨ ᠲᠦᠯᠦᠬᠦ ᠶᠣᠰᠣᠲᠠᠢ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠬᠦᠦ | ᠮᠥᠩᠭᠦ ᠶᠢ ᠬᠡᠯᠲᠦᠷᠢᠭᠦᠯᠵᠦ᠂ ᠬᠦᠦ ᠮᠥᠩᠭᠦ ᠶᠢ ᠨᠢ ᠬᠡᠯᠲᠦᠷᠢᠭᠦᠯᠬᠦ ᠪᠡᠯᠡ ᠮᠥᠩᠭᠦ ᠶᠢ ᠤᠯᠤᠰ ᠤᠨ ᠡᠳ᠋ ᠤᠨ ᠵᠠᠰᠠᠭ ᠠᠴᠠ | ᠡᠭᠦᠷᠭᠡᠯᠡᠨ᠎ᠡ︔ ᠡᠬᠡ ᠮᠥᠩᠭᠦ ᠶᠢ ᠨᠢᠭᠡ ᠵᠢᠯ ᠬᠤᠶᠢᠰᠢᠯᠠᠭᠤᠯᠤᠨ ᠲᠥᠯᠥᠬᠦ ᠪᠠᠷ ᠭᠤᠶᠤᠴᠢᠯᠠᠵᠤ ᠪᠣᠯᠣᠨ᠎ᠠ᠂ ᠳᠠᠪᠬᠤᠷ ᠬᠦᠦ | ᠮᠥᠩᠭᠦ ᠪᠣᠳᠣᠬᠤ ᠦᠭᠡᠢ᠃ ᠲᠡᠭᠦᠰᠬᠦ ᠰᠤᠷᠤᠭᠴᠢᠳ ᠬᠢᠵᠢᠭ ᠤᠨ ᠪᠠᠶᠢᠳᠠᠯ ᠤᠨ ᠨᠥᠯᠥᠭᠡ ᠠᠴᠠ ᠪᠣᠯᠵᠤ ᠡᠨᠡ ᠵᠢᠯ | ᠵᠢᠭᠡᠯᠡᠯᠭᠡ ᠪᠠᠨ ᠴᠠᠭ ᠲᠤᠬᠠᠢ ᠳᠤ ᠨᠢ ᠪᠤᠴᠠᠭᠠᠭᠰᠠᠨ ᠦᠭᠡᠢ ᠴᠤ ᠢᠲᠡᠭᠡᠮᠵᠢ ᠶᠢ ᠨᠢ ᠨᠥᠯᠥᠭᠡᠯᠡᠬᠦ ᠦᠭᠡᠢ᠃ ᠵᠢᠱᠢᠯᠲᠡ ᠪᠠᠷ | 20 ᠭᠠᠷᠤᠢ ᠳ᠋ᠦᠩᠰᠢᠭᠤᠷ ᠲᠥᠭᠦᠷᠢᠭ ᠤᠨ ᠬᠦᠦ ᠮᠥᠩᠭᠦ ᠶᠢ ᠬᠡᠯᠲᠦᠷᠢᠭᠦᠯᠵᠦ᠂ 50 ᠭᠠᠷᠤᠢ ᠳ᠋ᠦᠩᠰᠢᠭᠤᠷ ᠲᠥᠭᠦᠷᠢᠭ | ᠡᠬᠡ ᠮᠥᠩᠭᠦ ᠶᠢᠨ ᠪᠤᠴᠠᠭᠠᠬᠤ ᠬᠤᠭᠤᠴᠠᠭ᠎ᠠ ᠶᠢ ᠤᠷᠲᠤᠳᠬᠠᠵᠤ᠂ 400 ᠭᠠᠷᠤᠢ ᠲᠦᠮᠡᠨ ᠲᠡᠭᠦᠰᠬᠦ ᠰᠤᠷᠤᠭᠴᠢᠳ ᠲᠤ | ᠠᠰᠢᠭ ᠲᠤᠰᠠ ᠬᠦᠷᠲᠡᠭᠡᠬᠦ ᠪᠣᠯᠤᠨ᠎ᠠ᠃ ᠡᠯ᠎ᠡ ᠶᠡᠭᠡ ᠳᠡᠭᠡᠳᠦ ᠰᠤᠷᠭᠠᠭᠤᠯᠢ ᠪᠣᠯᠣᠨ ᠬᠠᠮᠢᠶ᠎ᠠ ᠪᠦᠬᠦᠢ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢᠨ ᠬᠢᠨ ᠠᠵᠢᠯ ᠤᠨ ᠵᠣᠯᠭᠠᠯᠴᠠᠭ᠎ᠠ ᠪᠠᠨ ᠴᠢᠩᠭᠠᠳᠬᠠᠵᠤ᠂ ᠣᠨᠴᠠᠭᠠᠢ ᠶᠠᠪᠤᠳᠠᠯ ᠢ ᠣᠨᠴᠠᠭᠠᠢ | ᠭᠦᠢᠴᠡᠳᠬᠡᠨ ᠲᠦᠷᠦ ᠶᠢᠨ ᠪᠣᠳᠣᠯᠭ᠎ᠠ ᠶᠢᠨ ᠡᠳ᠋ᠯᠡᠪᠡᠰᠦ ᠵᠣᠬᠢᠬᠤ ᠶᠢ ᠨᠢ ᠠᠯᠢ ᠲᠦᠷᠭᠡᠨ ᠢᠶᠠᠷ ᠡᠳ᠋ᠯᠡᠭᠦᠯᠬᠦ ᠬᠡᠷᠡᠭᠲᠡᠢ ᠭᠡᠵᠡᠢ᠃ | ᠬᠤᠷᠠᠯ ᠠᠴᠠ ᠪᠤᠰᠤᠳ ᠵᠦᠢᠯ ᠢ ᠰᠤᠳᠤᠯᠪᠠ᠃ | ᠪᠡᠯᠡᠳᠭᠡᠭᠰᠡᠨ ᠨᠢ᠄ ᠣᠳᠣᠨᠭᠡᠷᠡᠯ | ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ | ᠰᠦᠯᠵᠢᠶ᠎ᠡ | |